ᠬᠤᠳᠠ ᠶᠢᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠤᠷᠪᠠᠳᠤᠭᠠᠷ ᠬᠤᠭᠤᠴᠠᠭᠠᠨ ᠤ ᠨᠣᠮ ᠤᠩᠰᠢᠬᠤ ᠠᠩᠬᠢ ᠵᠢᠴᠢ ᠬᠤᠳᠠ ᠶᠢᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2021 ᠣᠨ ᠤ 14 ᠳ᠋ᠦ᠋ᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/11/26
     11 ᠰᠠᠷ᠎ᠠ ᠶᠢᠨ 23 ᠤ ᠡᠳᠦᠷ ᠠᠴᠠ 25 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠭᠤᠷᠪᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠵᠢᠴᠢ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2021 ᠣᠨ ᠤ 14 ᠳ᠋ᠦ᠋ᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠪᠠ᠃ ᠬᠤᠷᠠᠯ ᠠᠴᠠ  ᠬᠠᠭᠠᠯᠲᠠ ᠲᠠᠢ ᠰᠤᠷᠤᠯᠴᠠᠯᠭ᠎ᠠ ᠶᠢᠨ ᠬᠡᠯᠪᠡᠷᠢ ᠶᠢ ᠠᠪᠴᠤ᠂ ᠬᠤᠪᠢ ᠬᠥᠮᠦᠨ ᠥᠪᠡᠷ ᠢᠶᠠᠨ ᠰᠤᠷᠤᠯᠴᠠᠬᠤ᠂ ᠲᠥᠪᠯᠡᠷᠡᠭᠦᠯᠦᠨ ᠰᠤᠷᠤᠯᠴᠠᠬᠤ᠂ ᠰᠣᠯᠢᠯᠴᠠᠵᠤ ᠰᠤᠳᠤᠯᠤᠨ ᠶᠠᠷᠢᠯᠴᠠᠬᠤ ᠬᠡᠯᠪᠡᠷᠢ ᠪᠠᠷ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠡᠳᠬᠢᠯ ᠵᠢᠷᠦᠬᠡᠨ  ᠳᠤ ᠪᠠᠨ ᠬᠠᠳᠠᠩᠰᠢᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠤᠶᠤᠨ ᠤ ᠪᠣᠯᠪᠠᠰᠤᠨ ᠤ ᠠᠯᠪᠠᠨ ᠭᠡᠷ ᠤᠨ ᠡᠷᠬᠢᠯᠡᠭᠴᠢ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠸᠠᠩ ᠰᠢᠶᠤᠤ ᠫᠢᠩ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠯᠢᠶᠠᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠶ ᠬᠤᠤ ᠵᠡᠷᠭᠡ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠪᠥᠬᠦ ᠪᠦᠷᠢᠯᠳᠦᠬᠦᠨ᠂ ᠬᠤᠲᠠ ᠶᠢᠨ ᠳᠥᠷᠪᠡᠨ ᠶᠡᠭᠡ ᠪᠠᠭ ᠤᠨ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠮᠠᠨ ᠤ ᠬᠤᠲᠠ ᠶᠢᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠬᠤ ᠲᠥᠯᠥᠭᠡᠯᠡᠭᠴᠢᠳ ᠬᠤᠷᠠᠯ ᠳᠤ ᠰᠤᠯᠠ ᠣᠷᠣᠯᠴᠠᠪᠠ᠃      23 ᠤ ᠡᠳᠦᠷ ᠤᠨ ᠦᠳᠡ ᠶᠢᠨ ᠬᠤᠶᠢᠨ᠎ᠠ᠂ 25 ᠤ ᠡᠳᠦᠷ ᠤᠨ ᠦᠳᠡ ᠶᠢᠨ ᠡᠮᠦᠨ᠎ᠡ᠂ ᠨᠣᠮ ᠤᠩᠰᠢᠬᠤ ᠠᠩᠬᠢ ᠶᠢᠨ ᠭᠡᠰᠢᠭᠦᠳ ᠬᠤᠪᠢ ᠪᠠᠷ ᠢᠶᠠᠨ ᠰᠤᠷᠤᠯᠴᠠᠵᠤ᠂ ᠰᠤᠷᠤᠯᠴᠠᠭᠰᠠᠨ ᠲᠦᠷᠦᠭᠳᠡᠯ ᠢᠶᠠᠨ ᠪᠢᠴᠢᠪᠡ᠃ 24 ᠤ ᠡᠳᠦᠷ ᠤᠨ ᠦᠳᠡ ᠶᠢᠨ ᠡᠮᠦᠨ᠎ᠡ᠂ ᠣᠯᠠᠨ ᠢᠶᠠᠷ ᠢᠶᠠᠨ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ︾ ᠭᠤᠤᠯ ᠰᠡᠳᠦᠪ ᠤᠨ ᠲᠣᠭᠤᠷᠢᠨ ᠳᠤ ᠬᠠᠮᠲᠤ ᠶᠢᠨ ᠰᠤᠷᠤᠯᠴᠠᠯᠭ᠎ᠠ ᠬᠢᠪᠠ︔ ᠦᠳᠡ ᠶᠢᠨ ᠬᠤᠶᠢᠨ᠎ᠠ᠂ ᠭᠤᠣᠯ ᠳᠤᠭᠤᠶᠢᠯᠠᠩ ᠤᠨ ᠪᠦᠷᠢᠯᠳᠦᠬᠦᠨ ᠨᠡᠷ ᠰᠤᠷᠤᠯᠴᠠᠯᠭ᠎ᠠ ᠶᠢᠨ ᠭᠤᠣᠯ ᠰᠡᠳᠦᠪ ᠤᠨ ᠲᠣᠭᠤᠷᠢᠨ ᠳᠤ ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠵᠤ᠂ ᠰᠤᠷᠤᠯᠴᠠᠭᠰᠠᠨ ᠲᠦᠷᠦᠭᠳᠡᠯ ᠪᠠ ᠣᠯᠤᠯᠲᠠ ᠪᠠᠨ ᠠᠭᠤᠵᠢᠷᠠᠲᠠᠯ᠎ᠠ ᠶᠠᠷᠢᠯᠴᠠᠵᠠᠢ᠃      ᠸᠠᠩ ᠰᠢᠶᠤᠤ ᠫᠢᠩ ᠦᠨᠡᠯᠡᠯᠲᠡ ᠳᠡᠭᠡᠨ᠂ ᠲᠣᠰ ᠤᠳᠠᠭᠠᠨ ᠤ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠲᠤᠰᠬᠠᠶ ᠰᠡᠳᠦᠪᠲᠦ ᠰᠤᠳᠤᠯᠤᠨ ᠶᠠᠷᠢᠯᠴᠠᠭ᠎ᠠ ᠨᠢ ᠭᠤᠤᠯ ᠰᠡᠳᠦᠪ ᠲᠠᠢ ᠨᠢᠭᠲᠠ ᠤᠶᠠᠯᠳᠤᠭᠤᠯᠤᠨ᠂ ᠭᠦᠢᠴᠡᠳ ᠪᠡᠯᠡᠳᠬᠡᠯ ᠬᠢᠵᠦ᠂ ᠠᠰᠠᠭᠤᠳᠠᠯ ᠢ ᠰᠢᠢᠳᠪᠦᠷᠢᠯᠡᠬᠦ᠂ ᠠᠵᠢᠯ ᠢᠶᠠᠨ ᠠᠬᠢᠭᠤᠯᠬᠤ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠶ᠂ ᠡᠨᠡ ᠪᠣᠯ ᠨᠢᠭᠡ ᠤᠳᠠᠭᠠᠨ ᠤ ᠴᠢᠨᠠᠷ ᠰᠠᠶᠢᠲᠠᠶ ᠰᠤᠷᠤᠯᠴᠠᠯᠭ᠎ᠠ ᠮᠥᠨ᠃ ᠲᠠᠷᠠᠭᠠᠴᠢ ᠶᠢᠨ ᠠᠯᠬᠤᠮ ᠳᠤ ᠦᠨᠡᠨᠬᠦ ᠰᠤᠷᠤᠯᠴᠠᠵᠤ ᠦᠨᠡᠨᠬᠦ ᠣᠶᠢᠯᠠᠭᠠᠵᠤ ᠦᠨᠡᠨᠬᠦ ᠬᠡᠷᠡᠭᠯᠡᠬᠦ ᠳᠤ ᠬᠦᠴᠦ ᠣᠷᠣᠭᠤᠯᠵᠤ᠂ ᠮᠥᠷᠳᠡᠨ ᠳᠠᠭᠠᠵᠤ ᠦᠷ᠎ᠡ ᠪᠦᠲᠦᠮᠵᠢ ᠶᠢ ᠠᠰᠠᠭᠤᠬᠤ ᠳᠤ ᠦᠨᠡᠨᠬᠦ ᠬᠦᠴᠦ ᠣᠷᠣᠭᠤᠯᠵᠤ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠲᠥᠪᠯᠡᠷᠡᠭᠦᠯᠬᠦ ᠳᠤ ᠦᠨᠡᠨᠬᠦ ᠬᠦᠴᠦ ᠣᠷᠣᠭᠤᠯᠵᠤ᠂ ᠲᠦᠷᠢᠮ ᠢ ᠬᠡᠷᠡᠭᠵᠢᠭᠦᠯᠬᠦ ᠳᠤ ᠦᠨᠡᠨᠬᠦ ᠬᠦᠴᠦ ᠣᠷᠣᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠦᠨᠡᠨᠬᠦ ᠦᠢᠯᠡᠳᠦᠯᠭᠡ ᠶᠢᠨ ᠦᠷ᠎ᠡ ᠪᠦᠲᠦᠭᠡᠯ ᠪᠣᠯᠭᠠᠨ ᠬᠤᠪᠢᠷᠠᠭᠤᠯᠵᠤ᠂ ᠤᠯᠠᠭᠠᠨᠴᠠᠪ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠯᠬᠤᠮ ᠢ ᠠᠯᠬᠤᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃     ᠰᠦᠢ ᠸᠧᠢ ᠵᠢᠶᠦ᠋ᠨ  ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠪᠣᠯ ︽ᠬᠤᠣᠰ ᠵᠠᠭᠤᠨ ᠵᠢᠯ︾ ᠤᠨ ᠠᠭᠤᠯᠵᠠᠷ᠂ ︽ᠬᠤᠶᠠᠷ ᠶᠡᠭᠡ ᠲᠠᠯ᠎ᠠ︾ ᠶᠢᠨ ᠠᠭᠤᠯᠵᠠᠷ᠂ ︽ᠬᠤᠶᠠᠷ ᠪᠦᠬᠦ ᠲᠠᠯ᠎ᠠ︾ ᠶᠢᠨ ᠠᠭᠤᠰᠤᠯᠴᠠᠯ ᠤᠨ ᠴᠢᠬᠤᠯᠠ ᠶᠡᠭᠡ ᠲᠡᠦᠬᠡ ᠶᠢᠨ ᠵᠠᠩᠭᠢᠯᠠᠭ᠎ᠠ ᠶᠢᠨ ᠴᠠᠭ ᠦᠶ᠎ᠡ ᠳᠤ ᠬᠤᠷᠠᠯᠳᠤᠭᠰᠠᠨ ᠨᠢᠭᠡ ᠤᠳᠠᠭᠠᠨ ᠤ ᠲᠦᠢᠯ ᠤᠨ ᠴᠢᠬᠤᠯᠠ ᠬᠤᠷᠠᠯ ᠪᠣᠯᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠣᠶᠢᠯᠠᠭᠠᠵᠤ᠂ ᠤᠯᠤᠰ ᠲᠥᠷᠥ ᠶᠢᠨ ᠲᠠᠯ᠎ᠠ ᠪᠠᠷ ᠬᠠᠷᠢᠴᠠᠯᠠᠰᠢᠭᠦᠶ ᠦᠨᠡᠨᠴᠢ ᠰᠢᠳᠤᠷᠭᠤ ᠶᠢ ᠪᠠᠲᠤᠳᠬᠠᠵᠤ᠂ ᠦᠵᠡᠯ ᠰᠠᠨᠠᠭᠠᠨ ᠤ ᠲᠠᠯ᠎ᠠ ᠪᠠᠷ ᠰᠢᠨᠵᠢᠯᠡᠬᠦ ᠤᠬᠠᠭᠠᠨᠴᠢ ᠵᠦᠭᠯᠡᠭᠦᠷ ᠢ ᠵᠢᠷᠤᠮᠯᠠᠵᠤ᠂ ᠦᠢᠯᠡ ᠠᠵᠢᠯᠯᠠᠭ᠎ᠠ ᠶᠢᠨ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠢᠯᠡᠷᠡᠭᠦᠯᠵᠦ᠂ ᠮᠠᠨ ᠤ ᠬᠤᠲᠠ ᠶᠢᠨ ᠡᠯ᠎ᠡ ᠵᠦᠢᠯ ᠤᠨ ᠠᠵᠢᠯ ᠢᠶᠠᠨ ᠢᠮᠠᠭᠲᠠ ᠶᠡᠷᠦᠩᠬᠡᠶ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠤᠷᠤᠭᠰᠢᠯᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠭᠦᠨᠵᠡᠭᠡᠢ ᠰᠤᠷᠤᠯᠴᠠᠬᠤ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠤᠬᠠᠮᠰᠠᠷ ᠠᠴᠠ ᠪᠠᠨ ︽ᠭᠤᠷᠪᠠᠨ ᠬᠡᠷᠡᠭᠴᠡᠭᠡ︾ ᠶᠢᠨ ᠤᠯᠤᠰ ᠲᠦᠷᠦ ᠶᠢᠨ ᠦᠨᠳᠦᠷᠴᠡ ᠳᠤ ᠵᠣᠭᠰᠣᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠩ ᠴᠤᠭ ᠪᠠᠳᠠᠷᠠᠩᠭᠤᠢ ᠲᠦᠷᠢ ᠪᠠᠶᠢᠳᠠᠯ ᠢᠶᠠᠷ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠢᠨ᠎ᠡ ᠰᠢᠯᠭᠠᠯᠲᠠ ᠳᠤ ᠣᠷᠣᠯᠴᠠᠬᠤ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠢ᠃ ᠰᠤᠷᠴᠤ ᠬᠡᠷᠡᠭᠯᠡᠬᠦ ᠶᠢᠨ ᠶᠠᠰᠤ ᠴᠢᠨᠠᠷ ᠦᠷ᠎ᠡ ᠪᠦᠲᠦᠮᠵᠢ ᠶᠢ ᠴᠢᠨᠠᠭᠰᠢᠳᠠ ᠳᠡᠭᠡᠭᠰᠢᠯᠡᠭᠦᠯᠵᠦ᠂ ᠤᠳᠤᠷᠢᠳᠬᠤ ᠺᠠᠳ᠋ᠷ ᠤᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠤᠨᠤᠯ ᠤᠨ ᠰᠤᠷᠤᠯᠴᠠᠯᠭ᠎ᠠ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠠᠵᠢᠯ ᠤᠨ ᠳᠤᠮᠳᠠ ᠪᠠᠨ ᠲᠤᠭᠤᠰᠢᠯᠠᠭᠤᠯᠬᠤ ᠬᠡᠷᠡᠭᠲᠡᠢ᠃ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠴᠢᠨᠠᠭᠰᠢᠳᠠ ᠰᠠᠶᠢᠲᠤᠷ ᠠᠳᠬᠤᠵᠤ᠂ ᠬᠤᠳᠠ ᠶᠢᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠠᠵᠢᠯᠯᠠᠭ᠎ᠠ᠂ ᠡᠪᠦᠯ ᠤᠨ ᠤᠯᠠᠷᠢᠯ ᠤᠨ ᠨᠡᠭᠦᠷᠡᠰᠦ ᠴᠠᠬᠢᠯᠭᠠᠨ ᠤ ᠬᠠᠩᠭᠠᠯᠭ᠎ᠠ ᠶᠢ ᠪᠠᠲᠤᠯᠠᠬᠤ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ ᠵᠡᠷᠭᠡ ᠠᠵᠢᠯ ᠢ ᠰᠠᠶᠢᠲᠤᠷ ᠠᠳᠬᠤᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠵᠤ᠂ ᠢᠷᠡᠬᠦ ᠵᠢᠯ ᠤᠨ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠲᠦᠰᠦᠪᠯᠡᠵᠦ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃                                                            ᠣᠷᠴᠢᠭᠤᠯᠤᠭᠴᠢ᠄ ᠭᠤᠸ᠎ᠠ                                                            ᠬᠢᠨᠠᠭᠴᠢ᠄ ᠠᠷᠢᠭᠤᠨ    
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2