︽ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠰᠢᠷᠢᠰ ᠮᠡᠳᠡᠭᠡᠯᠡᠯ ︵ᠶᠢᠰᠦ︶
ᠨᠡᠶᠢᠲᠡᠯᠡᠭᠰᠡᠨ ᠴᠠᠭ᠄
2021/11/26
   ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠤᠮᠳᠠ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠠᠵᠢᠯᠯᠠᠭ᠎ᠠ ᠥᠷᠨᠢᠭᠦᠯᠬᠦ ᠲᠤᠬᠠᠶ ᠨᠠᠮ ᠤᠨ ᠲᠥᠪ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠢᠨ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ᠂ ᠬᠡᠷᠡᠭᠴᠡᠭᠡ ᠱᠠᠭᠠᠷᠳᠠᠯᠭ᠎ᠠ ᠶᠢ ᠠᠷᠠᠳ ᠠᠴᠠ ᠠᠰᠠᠭᠤᠬᠤ᠂ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠬᠤ ︽ᠭᠤᠷᠪᠠ ᠶᠢ ᠠᠰᠠᠭᠤᠬᠤ︾ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠨᠡᠶᠢᠭᠡᠮ ᠤᠨ ᠡᠯ᠎ᠡ ᠡᠲᠡᠭᠡᠳ ᠪᠠ ᠥᠷᠭᠡᠨ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠠᠰᠠᠭᠤᠳᠠᠯ ᠤᠨ ᠨᠠᠷᠢᠨ ᠲᠠᠩᠰᠠ ᠶᠢ ᠬᠤᠷᠢᠶᠠᠩᠭᠤᠶᠢᠯᠠᠨ ᠡᠮᠬᠢᠯᠡᠵᠦ᠂ ᠡᠭᠦᠨ ᠤ ᠤᠯᠠᠮ ᠠᠴᠠ ᠣᠯᠠᠨ ᠲᠦᠮᠡᠨ ᠳᠤ ᠪᠣᠳᠠᠲᠠᠶ ᠶᠠᠪᠤᠳᠠᠯ ᠬᠢᠬᠦ ᠶᠢᠨ ︽ᠭᠤᠷᠪᠠ ᠶᠢ ᠠᠰᠠᠭᠤᠬᠤ︾ ᠦᠢᠯᠡᠴᠢᠯᠡᠭᠡᠨ ᠤ ᠵᠦᠢᠯᠡᠰ ᠤᠨ ᠨᠠᠷᠢᠨ ᠲᠠᠩᠰᠠ ᠶᠢ ᠲᠣᠭᠲᠠᠭᠠᠭᠰᠠᠨ ᠪᠠᠶᠢᠨ᠎ᠠ᠃ ᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠣᠳᠣ ᠨᠡᠶᠢᠭᠡᠮ ᠲᠠᠶᠠᠭᠠᠷ ᠲᠤ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠦᠢᠯᠡᠳᠦᠯᠭᠡ ᠶᠢᠨ ᠠᠵᠢᠯᠯᠠᠭ᠎ᠠ ᠶᠢᠨ ᠦᠢᠯᠡᠴᠢᠯᠡᠭᠡᠨ ᠤ ᠵᠦᠢᠯᠡᠰ ᠤᠨ ᠨᠠᠷᠢᠨ ᠳᠠᠩᠰᠠ ᠪᠠ ᠠᠰᠠᠭᠤᠳᠠᠯ ᠢ  ᠰᠢᠢᠳᠪᠦᠷᠢᠯᠡᠭᠰᠡᠨ ᠦᠷ᠎ᠡ ᠳ᠋ᠦᠩ ᠢ ᠨᠡᠶᠢᠲᠡᠯᠡᠵᠦ᠂ ᠠᠷᠠᠳ ᠣᠯᠠᠨ ᠤ ᠬᠢᠨᠠᠯᠲᠠ ᠪᠠ ᠦᠨᠡᠯᠡᠯᠲᠡ ᠶᠢ ᠤᠬᠠᠮᠰᠠᠷ ᠠᠴᠠ ᠪᠠᠨ ᠬᠦᠯᠢᠶᠡᠬᠦ ᠪᠤᠯᠤᠨ᠎ᠡ᠃    ︽ᠭᠤᠷᠪᠠ ᠶᠢ ᠠᠰᠠᠭᠤᠬᠤ︾ ᠠᠵᠢᠯᠯᠠᠭ᠎ᠠ ᠶᠢᠨ ᠠᠰᠠᠭᠤᠳᠠᠯ ᠤᠨ ᠨᠠᠷᠢᠨ ᠲᠠᠩᠰᠠ    1. ᠵᠢᠨᠢᠩ ᠲᠣᠭᠤᠷᠢᠭ ᠤᠨ ᠢ ᠯᠢ ᠳ᠋ᠦᠩ ᠹᠠᠩ ᠰᠤᠷᠭᠠᠭᠤᠯᠢ ︵ᠪᠠᠭ᠎ᠠ ᠰᠤᠷᠭᠠᠭᠤᠯᠢ ᠶᠢᠨ ᠬᠡᠯᠲᠡᠰ︶ ᠶᠢᠨ ᠨᠡᠶᠢᠲᠡ ᠶᠢᠨ ᠮᠠᠰᠢᠨ ᠲᠡᠷᠭᠡᠨ ᠤ ᠰᠡᠬᠦᠯ ᠤᠨ ᠡᠭᠡᠯᠵᠢ ᠶᠢᠨ ᠮᠠᠰᠢᠨ ᠲᠡᠷᠭᠡ ᠶᠢ ᠨᠡᠯᠢᠶᠡᠳ ᠡᠷᠲᠡ ᠬᠤᠷᠢᠶᠠᠵᠤ ᠪᠠᠶᠢᠬᠤ ᠪᠤᠯᠬᠤᠷ ᠪᠠᠭᠰᠢ ᠰᠤᠷᠤᠭᠴᠢᠳ ᠨᠡᠶᠢᠲᠡ ᠶᠢᠨ ᠮᠠᠰᠢᠨ ᠲᠡᠷᠭᠡᠨ ᠳᠤ ᠵᠠᠪᠳᠤᠬᠤ ᠥᠬᠡᠶ ᠪᠠᠶᠢᠨ᠎ᠠ᠃ ᠲᠡᠷᠭᠡ ᠬᠤᠷᠢᠶᠠᠬᠤ ᠴᠠᠭ ᠢᠶᠠᠨ ᠬᠤᠶᠢᠰᠢᠯᠠᠭᠤᠯᠬᠤ ᠶᠢ ᠬᠦᠰᠡᠵᠦ ᠪᠠᠶᠢᠨ᠎ᠠ᠃    2. ᠵᠢᠨᠢᠩ ᠲᠣᠭᠤᠷᠢᠭ ᠤᠨ ᠯᠢᠶᠠᠩ ᠶᠤᠸᠠᠨ ᠵᠠᠮ ᠤᠨ ᠨᠡᠶᠢᠭᠡᠮ ᠲᠣᠭᠤᠷᠢᠭ ᠤᠨ ᠬᠠᠭᠤᠷᠠᠢ ᠵᠣᠷᠯᠣᠩ ᠢ ᠨᠤᠷᠠᠭᠠᠭᠠᠳ ᠬᠤᠶᠠᠷ ᠰᠠᠷ᠎ᠠ ᠪᠤᠯᠵᠤ ᠪᠠᠶᠢᠨ᠎ᠠ᠂ ᠣᠶᠢᠷ᠎ᠠ ᠬᠠᠪᠢ ᠳᠤ ᠨᠢ ᠣᠷᠴᠢᠨ ᠠᠬᠤᠶ ᠶᠢ ᠬᠠᠮᠠᠭᠠᠯᠠᠬᠤ ᠵᠣᠷᠯᠣᠩ ᠲᠦᠷᠭᠡᠬᠡᠨ ᠪᠠᠶᠢᠭᠤᠯᠬᠤ ᠶᠢ ᠬᠦᠰᠡᠵᠦ ᠪᠠᠶᠢᠨ᠎ᠠ᠃    3. ᠵᠢᠨᠢᠩ ᠲᠣᠭᠤᠷᠢᠭ ᠤᠨ ᠾᠧᠩ ᠷᠦᠢ ᠰᠠᠭᠤᠭᠠᠯᠢ ᠲᠣᠭᠤᠷᠢᠭ ᠤᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠳᠣᠲᠣᠭᠠᠳᠤ ᠵᠠᠮ ᠨᠢ ᠬᠦᠨᠳᠦ ᠨᠣᠴᠢᠲᠠᠶ ᠡᠪᠳᠡᠷᠡᠭᠰᠡᠨ᠂ ᠤᠰᠤ ᠲᠤᠨᠵᠤ ᠭᠠᠳᠠᠭᠰᠢᠯᠠᠬᠤ ᠶᠢᠨ ᠠᠷᠭ᠎ᠠ ᠥᠬᠡᠶ ᠵᠡᠷᠭᠡ ᠪᠠᠶᠢᠳᠠᠯ ᠮᠥᠨ ᠬᠦ ᠣᠷᠣᠰᠢᠵᠤ ᠪᠠᠶᠢᠨ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠲᠦᠷᠭᠡᠬᠡᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃    4. ᠵᠢᠨᠢᠩ ᠲᠣᠭᠤᠷᠢᠭ ᠤᠨ ᠵᠠᠷᠢᠮ ᠬᠥᠯ ᠪᠥᠮᠪᠦᠭᠡ ᠶᠢᠨ ᠲᠠᠯᠠᠪᠤᠷ ᠲᠤ ᠭᠡᠷᠡᠯᠲᠦᠭᠦᠯᠭᠡ ᠶᠢᠨ ᠲᠥᠬᠦᠭᠡᠷᠦᠮᠵᠢ ᠪᠠᠶᠢᠬᠤ ᠥᠬᠡᠶ᠂ ᠰᠥᠨᠢ ᠪᠠᠷ ᠬᠥᠳᠡᠯᠭᠡᠭᠡᠨ ᠬᠢᠬᠦ ᠶᠢᠨ ᠠᠷᠭ᠎ᠠ ᠥᠬᠡᠶ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠭᠡᠷᠡᠯᠲᠦᠭᠦᠯᠭᠡ ᠶᠢᠨ ᠳ᠋ᠧᠩ ᠵᠢᠴᠢ ᠢᠵᠢ ᠲᠥᠬᠦᠭᠡᠷᠦᠮᠵᠢ ᠤᠭᠰᠠᠷᠠᠵᠤ ᠵᠣᠨ ᠤ ᠤᠯᠠᠷᠢᠯ ᠬᠡᠷ ᠤᠨ ᠭᠠᠳᠠᠨᠠᠬᠢ ᠬᠥᠳᠡᠯᠭᠡᠭᠡᠨ ᠳᠤ ᠤᠷᠤᠯᠴᠠᠬᠤ ᠳᠤ ᠲᠥᠬᠦᠮ ᠦᠵᠡᠭᠦᠯᠬᠦ ᠶᠢ ᠬᠦᠰᠡᠵᠦ ᠪᠠᠶᠢᠨ᠎ᠠ᠃    5. ᠵᠢᠨᠢᠩ ᠲᠣᠭᠤᠷᠢᠭ ᠤᠨ ᠲᠠᠢ ᠰᠢᠶᠠᠩ ᠵᠠᠮ ᠬᠢᠭᠡᠳ ᠬᠡᠭᠡᠨ ᠪᠠᠷᠠᠭᠤᠨ ᠵᠡᠭᠡᠯᠢ ᠶᠢᠨ ᠰᠤᠯᠪᠢᠴᠠᠭᠰᠠᠨ ᠵᠠᠮ ᠤᠨ ᠠᠭᠤᠯᠵᠠᠷ ᠤᠨ ᠬᠤᠶᠠᠷ ᠲᠡᠷᠭᠡ ᠶᠠᠪᠤᠬᠤ ᠵᠠᠮ ᠨᠢ ᠢᠪᠴᠤᠷᠠᠭᠠᠳ ᠭᠠᠭᠴᠠ ᠲᠡᠷᠭᠡᠨ ᠤ ᠵᠠᠮ ᠪᠣᠯᠵᠤ᠂ ᠲᠡᠷᠭᠡ ᠨᠡᠪᠲᠡᠷᠡᠬᠦ ᠳᠤ ᠰᠠᠭᠠᠳ ᠲᠠᠢ ᠪᠤᠯᠤᠭᠰᠠᠨ ᠲᠤᠯᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠣᠬᠢᠰᠲᠠᠶ ᠪᠠᠶᠢᠷᠢᠯᠠᠭᠤᠯᠬᠤ ᠶᠢ ᠬᠦᠰᠡᠵᠦ ᠪᠠᠶᠢᠨ᠎ᠠ᠃    6. ᠵᠢᠨᠢᠩ ᠲᠣᠭᠤᠷᠢᠭ ᠤᠨ ᠯᠢ ᠵᠢᠩ ᠵᠢᠶᠠ ᠶᠤᠸᠠᠨ ᠬᠦᠷᠢᠶᠡᠯᠡᠩ ᠤᠨ ᠠᠳᠠᠯ ᠠᠬᠤᠶ ᠶᠢᠨ ᠬᠢᠨ ᠡᠮᠦᠨ᠎ᠡ ᠲᠣᠭᠤᠷᠢᠭ ᠤᠨ ᠣᠯᠠᠨ ᠨᠡᠶᠢᠲᠡ ᠶᠢᠨ ᠲᠡᠷᠭᠡ ᠵᠣᠭᠰᠤᠭᠠᠬᠤ ᠭᠠᠵᠠᠷ ᠠᠴᠠ ᠰᠦᠢᠳᠬᠡᠯ ᠬᠤᠷᠢᠶᠠᠵᠤ ᠪᠠᠶᠢᠨ᠎ᠠ᠂ ᠬᠦᠷᠢᠶᠡᠨ ᠳᠣᠲᠣᠷᠠᠬᠢ ᠲᠡᠷᠭᠡ ᠵᠣᠭᠰᠤᠭᠠᠬᠤ ᠭᠠᠵᠠᠷ ᠠᠴᠠ ᠰᠦᠢᠳᠬᠡᠯ ᠬᠤᠷᠢᠶᠠᠬᠤ ᠶᠢ ᠬᠦᠴᠦᠨ ᠥᠬᠡᠶ ᠪᠣᠯᠭᠠᠬᠤ ᠶᠢ ᠬᠦᠰᠡᠵᠦ ᠪᠠᠶᠢᠨ᠎ᠠ᠃    7. ᠯᠢᠶᠠᠩᠴᠧᠩ ᠰᠢᠶᠠᠨ ᠤ ᠼᠤᠤ ᠨᠢᠶᠠᠨ ᠤ ᠮᠠᠨᠵᠤ ᠦᠨᠳᠦᠰᠦᠲᠡᠨ ᠤ ᠰᠢᠶᠠᠩ ᠤᠨ ᠵᠣᠯ ᠵᠢᠷᠭᠠᠯᠲᠤ ᠬᠦᠷᠢᠶᠡᠯᠡᠩ ᠤᠨ ᠬᠡᠷ ᠪᠠᠶᠢᠰᠢᠩ ᠬᠠᠭᠤᠴᠢᠷᠠᠵᠤ ᠡᠪᠳᠡᠷᠡᠨ᠂ ᠲᠦᠭᠡᠭᠡᠯ ᠤᠰᠤᠨ ᠤ ᠬᠤᠭᠤᠯᠠᠶ ᠬᠠᠭᠤᠴᠢᠷᠠᠵᠤ ᠤᠰᠤ ᠭᠤᠭᠤᠵᠢᠵᠤ ᠪᠠᠶᠢᠨ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠬᠡᠷ ᠪᠠᠶᠢᠰᠢᠩ ᠢ ᠰᠢᠨᠡᠳᠬᠡᠨ ᠵᠠᠰᠠᠵᠤ ᠢᠵᠢ ᠲᠥᠬᠦᠭᠡᠷᠦᠮᠵᠢ ᠰᠣᠯᠢᠬᠤ ᠶᠢ ᠬᠦᠰᠡᠵᠦ ᠪᠠᠶᠢᠨ᠎ᠠ᠃    8. ᠯᠢᠶᠠᠩᠴᠧᠩ ᠰᠢᠶᠠᠨ ᠤ ᠲᠢᠶᠠᠨ ᠴᠧᠩ ᠰᠢᠶᠠᠩ ᠤᠨ ᠶᠦᠩ ᠰᠢᠩ ᠯᠢᠶᠠᠩ ᠬᠤᠶᠢᠲᠦ ᠭᠠᠴᠠᠭ᠎ᠠ ᠬᠢᠭᠡᠳ ᠡᠮᠦᠨ᠎ᠡ ᠭᠠᠴᠠᠭ᠎ᠠ ᠨᠢ ᠬᠠᠮᠳᠤ ᠳᠠᠭᠠᠨ ᠨᠢᠭᠡ ᠰᠠᠭᠤᠷᠢ ᠬᠦᠴᠦᠳᠡᠯ ᠥᠭᠡᠷᠡᠴᠢᠯᠡᠭᠴᠢ ᠶᠢ ᠬᠡᠷᠡᠭᠯᠡᠵᠦ᠂ ᠦᠨᠳᠦᠰᠦᠨ ᠭᠡᠷᠡᠯᠲᠦᠭᠦᠯᠭᠡ ᠶᠢ ᠯᠡ ᠬᠠᠩᠭᠠᠵᠤ ᠴᠢᠳᠠᠬᠤ ᠲᠤᠯᠠ ᠪᠤᠰᠤᠳ ᠴᠠᠬᠢᠯᠭᠠᠨ ᠬᠡᠷᠡᠭᠰᠡᠯ ᠢ ᠬᠡᠷᠡᠭᠯᠡᠬᠦ ᠶᠢᠨ ᠠᠷᠭ᠎ᠠ ᠦᠭᠡᠢ ᠪᠠᠶᠢᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠤᠰ ᠠᠰᠠᠭᠤᠳᠠᠯ ᠢ ᠰᠢᠢᠳᠪᠦᠷᠢᠯᠡᠬᠦ ᠶᠢ ᠬᠦᠰᠡᠵᠦ ᠪᠠᠶᠢᠨ᠎ᠠ᠃    9. ᠰᠢᠩ ᠾᠧ ᠰᠢᠶᠠᠨ ᠤ ᠾᠦᠢ ᠮᠢᠨ ᠰᠠᠭᠤᠭᠠᠯᠢ ᠲᠣᠭᠤᠷᠢᠭ᠂ ᠯᠢ ᠮᠢᠨ ᠰᠠᠭᠤᠭᠠᠯᠢ ᠲᠣᠭᠤᠷᠢᠭ ᠤᠨ ᠵᠠᠮ ᠡᠩᠬᠦᠯ ᠲᠤᠩᠬᠤᠯ᠂ ᠢᠵᠢ ᠲᠥᠬᠦᠭᠡᠷᠦᠮᠵᠢ ᠪᠦᠷᠢᠨ ᠪᠤᠰᠤ ᠵᠡᠷᠭᠡ ᠪᠠᠶᠢᠳᠠᠯ ᠣᠷᠣᠰᠢᠵᠤ ᠪᠠᠶᠢᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠦᠷᠭᠡᠬᠡᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃    10. ᠰᠢᠩ ᠾᠧ ᠰᠢᠶᠠᠨ ᠤ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢᠨ ᠶᠡᠷᠦᠩᠬᠡᠶ ᠨᠣᠷᠮ᠎ᠠ ᠵᠢᠯ ᠳᠠᠷᠠᠭᠠᠯᠠᠨ ᠨᠡᠮᠡᠭᠳᠡᠵᠦ ᠪᠠᠶᠢᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ︽ᠨᠢᠳᠦ ᠬᠠᠮᠠᠭᠠᠯᠠᠬᠤ ᠢᠨᠵᠧᠨᠧᠷᠢᠩ︾ ᠢ ᠶᠡᠭᠡ ᠪᠠᠷ ᠬᠡᠷᠡᠭᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠨᠢᠳᠦᠨ ᠤ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ᠃     ︽ᠭᠤᠷᠪᠠ ᠶᠢ ᠠᠰᠠᠭᠤᠬᠤ︾ ᠠᠵᠢᠯᠯᠠᠭ᠎ᠠ ᠶᠢᠨ ᠠᠰᠠᠭᠤᠳᠠᠯ ᠤᠨ ᠨᠠᠷᠢᠨ ᠲᠠᠩᠰᠠ ᠶᠢ ᠰᠢᠢᠳᠪᠦᠷᠢᠯᠡᠵᠦ ᠳᠠᠭᠤᠰᠬᠠᠭᠰᠠᠨ ᠪᠠᠶᠢᠳᠠᠯ     1 . ᠵᠢᠨᠢᠩ ᠲᠣᠭᠤᠷᠢᠭ ᠤᠨ ᠢ ᠯᠢ ᠳ᠋ᠦᠩ ᠹᠠᠩ ᠰᠤᠷᠭᠠᠭᠤᠯᠢ ︵ᠪᠠᠭ᠎ᠠ ᠰᠤᠷᠭᠠᠭᠤᠯᠢ ᠶᠢᠨ ᠬᠡᠯᠲᠡᠰ︶ ᠶᠢᠨ ᠨᠡᠶᠢᠲᠡ ᠶᠢᠨ ᠮᠠᠰᠢᠨ ᠲᠡᠷᠭᠡᠨ ᠤ ᠰᠡᠬᠦᠯᠴᠢ ᠶᠢᠨ ᠡᠭᠡᠯᠵᠢ ᠶᠢᠨ ᠮᠠᠰᠢᠨ ᠲᠡᠷᠭᠡ ᠶᠢ ᠨᠡᠯᠢᠶᠡᠳ ᠡᠷᠲᠡ ᠬᠤᠷᠢᠶᠠᠵᠤ ᠪᠠᠶᠢᠬᠤ ᠪᠤᠯᠬᠤᠷ ᠪᠠᠭᠰᠢ ᠰᠤᠷᠤᠭᠴᠢᠳ ᠨᠡᠶᠢᠲᠡ ᠶᠢᠨ ᠮᠠᠰᠢᠨ ᠲᠡᠷᠭᠡᠨ ᠳᠤ ᠵᠠᠪᠳᠤᠬᠤ ᠥᠬᠡᠶ ᠪᠠᠶᠢᠨ᠎ᠠ᠃ ᠲᠡᠷᠭᠡ ᠬᠤᠷᠢᠶᠠᠬᠤ ᠴᠠᠭ ᠢᠶᠠᠨ ᠬᠤᠶᠢᠰᠢᠯᠠᠭᠤᠯᠬᠤ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠠᠴᠠ ᠨᠡᠶᠢᠲᠡ ᠶᠢᠨ ᠮᠠᠰᠢᠨ ᠲᠡᠷᠭᠡᠨ ᠤ ᠺᠣᠮᠫᠠᠨᠢ ᠳᠤ ᠰᠡᠭᠦᠯᠴᠢ ᠶᠢᠨ ᠡᠭᠡᠯᠵᠢ ᠶᠢᠨ ᠲᠡᠷᠭᠡ ᠬᠤᠷᠢᠶᠠᠬᠤ ᠴᠠᠭ ᠢ 18:35 ᠪᠣᠯᠭᠠᠨ ᠥᠭᠡᠷᠡᠴᠢᠯᠡᠵᠦ ᠂ ᠤᠤᠯ ᠤᠨ ᠲᠡᠷᠭᠡ ᠶᠠᠪᠤᠭᠤᠯᠬᠤ ᠴᠠᠭ ᠠᠴᠠ 10 ᠮᠢᠨᠦ᠋ᠲ ᠤᠷᠲᠤᠳᠬᠠᠬᠤ ᠶᠢ ᠳᠠᠭᠠᠭᠠᠯᠭᠠᠵᠠᠶ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶      2 . ᠵᠢᠨᠢᠩ ᠲᠣᠭᠤᠷᠢᠭ ᠤᠨ ᠯᠢᠶᠠᠩ ᠶᠤᠸᠠᠨ ᠵᠠᠮ ᠤᠨ ᠨᠡᠶᠢᠭᠡᠮ ᠲᠣᠭᠤᠷᠢᠭ ᠤᠨ ᠬᠠᠭᠤᠷᠠᠢ ᠵᠣᠷᠯᠣᠩ ᠢ ᠨᠤᠷᠠᠭᠠᠭᠠᠳ ᠬᠤᠶᠠᠷ ᠰᠠᠷ᠎ᠠ ᠪᠤᠯᠵᠤ ᠪᠠᠶᠢᠨ᠎ᠠ᠂ ᠣᠶᠢᠷ᠎ᠠ ᠬᠠᠪᠢ ᠳᠤ ᠨᠢ ᠣᠷᠴᠢᠨ ᠠᠬᠤᠶ ᠶᠢ ᠬᠠᠮᠠᠭᠠᠯᠠᠬᠤ ᠵᠣᠷᠯᠣᠩ ᠲᠦᠷᠭᠡᠬᠡᠨ ᠤᠭᠰᠠᠷᠠᠬᠤ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠬᠢᠨᠠᠨ ᠬᠠᠷᠭᠤᠭᠤᠯᠤᠭᠰᠠᠨ ᠢᠶᠠᠷ᠂ ᠵᠢᠨᠢᠩ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢᠭᠡᠨᠲᠡ ᠬᠦᠭᠦᠷᠭᠡ ᠶᠢᠨ ᠪᠠᠷᠠᠭᠤᠨᠳᠡᠬᠢ ᠭᠤᠸᠠᠩ ᠬᠤᠢ ᠰᠠᠭᠤᠭᠠᠯᠢ ᠲᠣᠭᠤᠷᠢᠭ ᠤᠨ ᠣᠶᠢᠷ᠎ᠠ ᠬᠠᠪᠢ ᠳᠤ ᠣᠷᠴᠢᠨ ᠠᠬᠤᠶ ᠶᠢᠨ ᠬᠠᠮᠠᠭᠠᠯᠠᠯᠲᠠ ᠶᠢᠨ ᠨᠡᠶᠢᠲᠡ ᠶᠢᠨ ᠵᠣᠷᠯᠣᠩ ᠢ ᠨᠢᠭᠡ ᠲᠣᠬᠢᠷᠠᠭᠤᠯᠵᠤ᠂ ᠡᠷᠬᠢᠨ ᠲᠣᠭᠤᠷᠢᠨ ᠤ ᠰᠠᠭᠤᠭᠠᠯᠢ ᠠᠷᠠᠳ ᠤᠨ ᠵᠣᠷᠯᠣᠩ ᠳᠤ ᠤᠷᠤᠬᠤ ᠬᠡᠷᠡᠭᠴᠡᠭᠡ ᠶᠢ ᠬᠠᠩᠭᠠᠵᠤ ᠳᠡᠶᠢᠯᠬᠦ ᠪᠣᠯᠤᠭᠰᠠᠨ ᠪᠠᠶᠢᠨ᠎ᠠ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶      3 . ᠵᠢᠨᠢᠩ ᠲᠣᠭᠤᠷᠢᠭ ᠤᠨ ᠾᠧᠩ ᠷᠦᠢ ᠰᠠᠭᠤᠭᠠᠯᠢ ᠲᠣᠭᠤᠷᠢᠭ ᠤᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠳᠣᠲᠣᠭᠠᠳᠤ ᠵᠠᠮ ᠨᠢ ᠬᠦᠨᠳᠦ ᠨᠣᠴᠢᠲᠠᠶ ᠡᠪᠳᠡᠷᠡᠭᠰᠡᠨ᠂ ᠤᠰᠤ ᠲᠤᠨᠤᠷᠠᠵᠤ ᠭᠠᠳᠠᠭᠰᠢᠯᠠᠬᠤ ᠶᠢᠨ ᠠᠷᠭ᠎ᠠ ᠥᠬᠡᠶ ᠵᠡᠷᠭᠡ ᠪᠠᠶᠢᠳᠠᠯ ᠮᠥᠨ ᠬᠦ ᠣᠷᠣᠰᠢᠵᠤ ᠪᠠᠶᠢᠨ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠲᠦᠷᠭᠡᠬᠡᠨ‌‍ᠰᠢᠢᠳᠪᠦᠷᠢᠯᠡᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠨᠢᠭᠡᠨᠲᠡ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠲᠣᠰ ᠰᠠᠭᠤᠭᠠᠯᠢ ᠲᠣᠭᠤᠷᠢᠭ ᠤᠨ ᠣᠷᠣᠵᠤ ᠭᠠᠷᠬᠤ ᠭᠠᠵᠠᠷ ᠤᠨ ᠵᠠᠮ ᠤᠨ ᠭᠠᠳᠠᠷᠭᠤ ᠶᠢ ᠰᠡᠯᠪᠢᠨ ᠵᠠᠰᠠᠬᠤ ᠬᠡᠷᠡᠭᠲᠡᠶ ᠭᠡᠵᠦ ᠳᠠᠭᠠᠭᠠᠯᠭᠠᠵᠠᠶ᠂ ᠵᠢᠱᠢᠯᠲᠡ ᠪᠠᠷ 7 ᠰᠠᠷ᠎ᠠ ᠶᠢᠨ 23 ᠤ ᠡᠳᠦᠷ ᠰᠡᠯᠪᠢᠨ ᠵᠠᠰᠠᠵᠤ ᠳᠠᠭᠤᠰᠬᠠᠨ᠎ᠠ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ     4 . ᠵᠢᠨᠢᠩ ᠲᠣᠭᠤᠷᠢᠭ ᠤᠨ ᠵᠠᠷᠢᠮ ᠬᠥᠯ ᠪᠥᠮᠪᠦᠭᠡ ᠶᠢᠨ ᠲᠠᠯᠠᠪᠤᠷ ᠲᠤ ᠭᠡᠷᠡᠯᠲᠦᠭᠦᠯᠭᠡ ᠶᠢᠨ ᠲᠥᠬᠦᠭᠡᠷᠦᠮᠵᠢ ᠪᠠᠶᠢᠬᠤ ᠥᠬᠡᠶ᠂ ᠰᠥᠨᠢ ᠪᠠᠷ ᠬᠥᠳᠡᠯᠭᠡᠭᠡᠨ ᠬᠢᠬᠦ ᠶᠢᠨ ᠠᠷᠭ᠎ᠠ ᠥᠬᠡᠶ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠭᠡᠷᠡᠯᠲᠦᠭᠦᠯᠭᠡ ᠶᠢᠨ ᠳ᠋ᠧᠩ ᠵᠢᠴᠢ ᠢᠵᠢ ᠲᠥᠬᠦᠭᠡᠷᠦᠮᠵᠢ ᠤᠭᠰᠠᠷᠠᠵᠤ ᠵᠣᠨ ᠤ ᠤᠯᠠᠷᠢᠯ ᠬᠡᠷ ᠤᠨ ᠭᠠᠳᠠᠨᠠᠬᠢ ᠬᠥᠳᠡᠯᠭᠡᠭᠡᠨ ᠳᠤ ᠤᠷᠤᠯᠴᠠᠬᠤ ᠳᠤ ᠲᠥᠬᠦᠮ ᠦᠵᠡᠭᠦᠯᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠬᠤᠲᠠ ᠶᠢᠨ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ᠂ ᠵᠢᠨᠢᠩ ᠲᠣᠭᠤᠷᠢᠭ ᠤᠨ ᠵᠠᠰᠠᠭ ᠤᠨ ᠣᠷᠳᠣᠨ ᠨᠢᠭᠡᠨᠲᠡ 17 ᠬᠡᠷ ᠤᠨ ᠭᠠᠳᠠᠨᠠᠬᠢ ᠪᠡᠶ᠎ᠡ ᠶᠢᠨ ᠲᠠᠮᠢᠷ ᠤᠨ ᠲᠠᠯᠠᠪᠤᠷ ᠲᠤ ᠰᠥᠨᠢ ᠶᠢᠨ ᠭᠡᠷᠡᠯᠲᠦᠭᠦᠯᠭᠡ ᠶᠢᠨ ᠲᠥᠬᠦᠭᠡᠷᠦᠮᠵᠢ ᠤᠭᠰᠠᠷᠠᠵᠤ᠂ ᠣᠯᠠᠨ ᠲᠦᠮᠡᠨ ᠤ ᠤᠷᠤᠢ ᠪᠠᠷ ᠪᠡᠶ᠎ᠡ ᠶᠢᠨ ᠲᠠᠮᠢᠷ ᠤᠨ ᠬᠥᠳᠡᠯᠭᠡᠭᠡᠨ ᠬᠢᠬᠦ ᠬᠡᠷᠡᠭᠴᠡᠭᠡ ᠶᠢ ᠬᠠᠩᠭᠠᠵᠤ ᠪᠠᠶᠢᠨ᠎ᠠ᠃ ︵ᠲᠠᠭᠠᠭᠠᠨ ᠭᠦᠢᠴᠡᠳᠭᠡᠬᠦ ᠨᠢᠭᠡᠴᠢ᠄ ᠬᠤᠲᠠ ᠶᠢᠨ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ᠂ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶     5 . ᠵᠢᠨᠢᠩ ᠲᠣᠭᠤᠷᠢᠭ ᠤᠨ ᠲᠠᠢ ᠰᠢᠶᠠᠩ ᠵᠠᠮ ᠬᠢᠭᠡᠳ ᠬᠡᠭᠡᠨ ᠪᠠᠷᠠᠭᠤᠨ ᠵᠡᠭᠡᠯᠢ ᠶᠢᠨ ᠰᠤᠯᠢᠪᠴᠠᠭᠰᠠᠨ ᠵᠠᠮ ᠤᠨ ᠠᠭᠤᠯᠵᠠᠷ ᠤᠨ ᠬᠤᠶᠠᠷ ᠲᠡᠷᠭᠡ ᠶᠠᠪᠤᠬᠤ ᠵᠠᠮ ᠨᠢ ᠢᠪᠴᠤᠷᠠᠭᠠᠳ ᠭᠠᠭᠴᠠ ᠲᠡᠷᠭᠡᠨ ᠤ ᠵᠠᠮ ᠪᠣᠯᠵᠤ᠂ ᠲᠡᠷᠭᠡ ᠨᠡᠪᠲᠡᠷᠡᠬᠦ ᠳᠤ ᠰᠠᠭᠠᠳ ᠲᠠᠢ ᠪᠤᠯᠤᠭᠰᠠᠨ ᠲᠤᠯᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠣᠬᠢᠰᠲᠠᠶ ᠪᠠᠶᠢᠷᠢᠯᠠᠭᠤᠯᠬᠤ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠠᠴᠠ ᠨᠢᠭᠡᠨᠲᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠬᠡᠰᠡᠭ ᠨᠣᠭᠤᠭᠠᠷᠠᠭᠤᠯᠤᠯᠲᠠ ᠶᠢᠨ ᠪᠦᠰᠡ ᠶᠢ ᠰᠢᠯᠵᠢᠭᠦᠯᠦᠨ᠂ ᠵᠠᠮ ᠦᠷᠭᠡᠳᠬᠡᠬᠦ ᠶᠢ ᠳᠠᠭᠠᠭᠠᠯᠭᠠᠵᠤ᠂ ᠵᠢᠱᠢᠯᠲᠡ ᠪᠠᠷ 8 ᠰᠠᠷ᠎ᠠ ᠶᠢᠨ 15 ᠤ ᠡᠳᠦᠷ ᠠᠴᠠ ᠡᠮᠦᠨ᠎ᠡ ᠥᠭᠡᠷᠡᠴᠢᠯᠡᠵᠦ ᠳᠠᠭᠤᠰᠬᠠᠨ᠎ᠠ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶     6 . ᠵᠢᠨᠢᠩ ᠲᠣᠭᠤᠷᠢᠭ ᠤᠨ ᠯᠢ ᠵᠢᠩ ᠵᠢᠶᠠ ᠶᠤᠸᠠᠨ ᠬᠦᠷᠢᠶᠡᠯᠡᠩ ᠤᠨ ᠠᠳᠠᠯ ᠠᠬᠤᠶ ᠶᠢᠨ ᠬᠢᠨ ᠡᠮᠦᠨ᠎ᠡ ᠲᠣᠭᠤᠷᠢᠭ ᠤᠨ ᠣᠯᠠᠨ ᠨᠡᠶᠢᠲᠡ ᠶᠢᠨ ᠲᠡᠷᠭᠡ ᠵᠣᠭᠰᠤᠭᠠᠬᠤ ᠭᠠᠵᠠᠷ ᠠᠴᠠ ᠰᠦᠢᠳᠬᠡᠯ ᠬᠤᠷᠢᠶᠠᠵᠤ ᠪᠠᠶᠢᠨ᠎ᠠ᠂ ᠬᠦᠷᠢᠶᠡᠨ ᠳᠣᠲᠣᠷᠠᠬᠢ ᠲᠡᠷᠭᠡ ᠵᠣᠭᠰᠤᠭᠠᠬᠤ ᠭᠠᠵᠠᠷ ᠠᠴᠠ ᠰᠦᠢᠳᠬᠡᠯ ᠬᠤᠷᠢᠶᠠᠬᠤ ᠶᠢ ᠬᠦᠴᠦᠨ ᠥᠬᠡᠶ ᠪᠣᠯᠭᠠᠬᠤ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠲᠥᠪ᠂ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠭᠰᠠᠨ ᠠᠳᠠᠯ ᠠᠬᠤᠶ ᠶᠢᠨ ᠺᠣᠮᠫᠠᠨᠢ ᠶᠢ ᠨᠢᠭᠡᠨᠲᠡ ᠬᠡᠷᠡᠭᠯᠡᠬᠦ ᠦᠬᠡᠢ ᠪᠤᠴᠠᠭᠠᠭᠰᠠᠨ ᠪᠥᠭᠡᠳ ᠬᠤᠷᠢᠶᠠᠭᠰᠠᠨ ᠰᠦᠢᠳᠬᠡᠯ ᠢ ᠪᠥᠬᠦ ᠲᠤᠭ᠎ᠠ ᠪᠠᠷ ᠨᠢ ᠪᠤᠴᠠᠭᠠᠯᠭᠠᠪᠠ ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶     7 . ᠯᠢᠶᠠᠩᠴᠧᠩ ᠰᠢᠶᠠᠨ ᠤ ᠼᠤᠤ ᠨᠢᠶᠠᠨ ᠤ ᠮᠠᠨᠵᠤ ᠦᠨᠳᠦᠰᠦᠲᠡᠨ ᠤ ᠰᠢᠶᠠᠩ ᠤᠨ ᠵᠣᠯ ᠵᠢᠷᠭᠠᠯᠲᠤ ᠬᠦᠷᠢᠶᠡᠯᠡᠩ ᠤᠨ ᠬᠡᠷ ᠪᠠᠶᠢᠰᠢᠩ ᠬᠠᠭᠤᠴᠢᠷᠠᠵᠤ ᠡᠪᠳᠡᠷᠡᠨ᠂ ᠲᠦᠭᠡᠭᠡᠯ ᠤᠰᠤᠨ ᠤ ᠬᠤᠭᠤᠯᠠᠶ ᠬᠠᠭᠤᠴᠢᠷᠠᠵᠤ ᠤᠰᠤ ᠭᠤᠭᠤᠵᠢᠵᠤ ᠪᠠᠶᠢᠨ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠬᠡᠷ ᠪᠠᠶᠢᠰᠢᠩ ᠢ ᠰᠢᠨᠡᠳᠬᠡᠨ ᠵᠠᠰᠠᠵᠤ ᠢᠵᠢ ᠲᠥᠬᠦᠭᠡᠷᠦᠮᠵᠢ ᠰᠣᠯᠢᠬᠤ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠯᠢᠶᠠᠩᠴᠧᠩ ᠰᠢᠶᠠᠨ ᠤ ᠼᠤᠤ ᠨᠢᠶᠠᠨ ᠤ ᠮᠠᠨᠵᠤ ᠦᠨᠳᠦᠰᠦᠲᠡᠨ ᠤ ᠰᠢᠶᠠᠩ ᠤᠨ ᠵᠠᠰᠠᠭ ᠤᠨ ᠣᠷᠳᠣᠨ ᠨᠢᠭᠡᠨᠲᠡ ᠵᠣᠯ ᠵᠢᠷᠭᠠᠯᠳᠤ ᠬᠦᠷᠢᠶᠡᠯᠡᠩ ᠤᠨ ᠬᠡᠰᠡᠭ ᠭᠠᠳᠠᠷ ᠬᠡᠷᠡᠮ᠂ ᠬᠠᠵᠠᠭᠤ ᠶᠢᠨ ᠭᠡᠷ᠂ ᠭᠡᠷ ᠤᠨ ᠤᠷᠤᠢ ᠪᠠ ᠬᠤᠯᠠᠩ ᠢ ᠰᠡᠯᠪᠢᠨ ᠵᠠᠰᠠᠭᠰᠠᠨ ᠪᠥᠭᠡᠳ ᠲᠦᠭᠡᠭᠡᠯ ᠤᠰᠤᠨ ᠤ ᠬᠤᠭᠤᠯᠠᠶ ᠶᠢ ᠰᠣᠯᠢᠵᠠᠶ᠃ ︵ᠲᠠᠭᠠᠭᠠᠨ ᠭᠦᠢᠴᠡᠳᠭᠡᠬᠦ ᠨᠢᠭᠡᠴᠢ᠄ ᠯᠢᠶᠠᠩᠴᠧᠩ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠬᠡᠷ︶     8 . ᠯᠢᠶᠠᠩᠴᠧᠩ ᠰᠢᠶᠠᠨ ᠤ ᠲᠢᠶᠠᠨ ᠴᠧᠩ ᠰᠢᠶᠠᠩ ᠤᠨ ᠶᠦᠩ ᠰᠢᠩ ᠯᠢᠶᠠᠩ ᠬᠤᠶᠢᠲᠦ ᠲᠤᠰᠬᠤᠨ ᠬᠢᠭᠡᠳ ᠡᠮᠦᠨ᠎ᠡ ᠲᠤᠰᠬᠤᠨ ᠨᠢ ᠬᠠᠮᠳᠤ ᠳᠠᠭᠠᠨ ᠨᠢᠭᠡ ᠰᠠᠭᠤᠷᠢ ᠬᠦᠴᠦᠳᠡᠯ ᠥᠭᠡᠷᠡᠴᠢᠯᠡᠭᠴᠢ ᠶᠢ ᠬᠡᠷᠡᠭᠯᠡᠵᠦ᠂ ᠦᠨᠳᠦᠰᠦᠨ ᠭᠡᠷᠡᠯᠲᠦᠭᠦᠯᠭᠡ ᠶᠢ ᠯᠡ ᠬᠠᠩᠭᠠᠵᠤ ᠴᠢᠳᠠᠬᠤ ᠲᠤᠯᠠ ᠪᠤᠰᠤᠳ ᠴᠠᠬᠢᠯᠭᠠᠨ ᠬᠡᠷᠡᠭᠰᠡᠯ ᠢ ᠬᠡᠷᠡᠭᠯᠡᠬᠦ ᠶᠢᠨ ᠠᠷᠭ᠎ᠠ ᠦᠭᠡᠢ ᠪᠠᠶᠢᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠤᠰ ᠠᠰᠠᠭᠤᠳᠠᠯ ᠢ ᠰᠢᠢᠳᠪᠦᠷᠢᠯᠡᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠯᠢᠶᠠᠩᠴᠧᠩ ᠰᠢᠶᠠᠨ ᠤ ᠴᠠᠬᠢᠯᠭᠠᠨ ᠬᠠᠩᠭᠠᠬᠤ ᠲᠣᠪᠴᠢᠶ᠎ᠠ ᠠᠴᠠ ᠬᠤᠶᠢᠳᠤ ᠲᠣᠰᠬᠤᠨ ᠳᠤ ᠲᠤᠰᠠᠭᠠᠷ ᠨᠢᠭᠡ ᠬᠦᠴᠦᠳᠡᠯ ᠥᠭᠡᠷᠡᠴᠢᠯᠡᠭᠴᠢ ᠲᠣᠬᠢᠷᠠᠭᠤᠯᠵᠤ᠂ ᠲᠣᠰᠬᠤᠨ ᠤ ᠠᠷᠠᠳ ᠤᠨ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠬᠠᠩᠭᠠᠵᠤ ᠪᠠᠶᠢᠨ᠎ᠠ᠃ ︵ᠲᠠᠭᠠᠭᠠᠨ ᠭᠦᠢᠴᠡᠳᠭᠡᠬᠦ ᠨᠢᠭᠡᠴᠢ᠄ ᠯᠢᠶᠠᠩᠴᠧᠩ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠬᠡᠷ︶     9 . ᠰᠢᠩ ᠾᠧ ᠰᠢᠶᠠᠨ ᠤ ᠾᠦᠢ ᠮᠢᠨ ᠰᠠᠭᠤᠭᠠᠯᠢ ᠲᠣᠭᠤᠷᠢᠭ᠂ ᠯᠢ ᠮᠢᠨ ᠰᠠᠭᠤᠭᠠᠯᠢ ᠲᠣᠭᠤᠷᠢᠭ ᠤᠨ ᠵᠠᠮ ᠡᠩᠬᠦᠯ ᠲᠤᠩᠬᠤᠯ᠂ ᠢᠵᠢ ᠲᠥᠬᠦᠭᠡᠷᠦᠮᠵᠢ ᠪᠦᠷᠢᠨ ᠪᠤᠰᠤ ᠵᠡᠷᠭᠡ ᠪᠠᠶᠢᠳᠠᠯ ᠣᠷᠣᠰᠢᠵᠤ ᠪᠠᠶᠢᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠦᠷᠭᠡᠬᠡᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠰᠢᠩ ᠡᡁᠧ ᠰᠢᠶᠠᠨ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠾᠦᠢ ᠮᠢᠨ ᠰᠠᠭᠤᠭᠠᠯᠢ ᠲᠣᠭᠤᠷᠢᠭ᠂ ᠯᠢ ᠮᠢᠨ ᠰᠠᠭᠤᠭᠠᠯᠢ ᠲᠣᠭᠤᠷᠢᠭ ᠤᠨ ᠬᠦᠷᠢᠶᠡᠨ ᠳᠠᠬᠢ ᠡᠪᠳᠡᠷᠡᠭᠰᠡᠨ ᠵᠠᠮ ᠢ ᠰᠡᠯᠪᠢᠨ ᠵᠠᠰᠠᠬᠤ ᠶᠢᠨ ᠬᠠᠮᠲᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠴᠠᠬᠢᠯᠭᠠᠨ ᠴᠡᠨᠡᠭᠯᠡᠬᠦ ᠪᠠᠭᠠᠨ᠎ᠠ᠂ ᠲᠡᠷᠭᠡᠨ ᠤ ᠰᠠᠷᠠᠪᠴᠢ ᠶᠢ ᠰᠢᠨ᠎ᠡ ᠪᠠᠷ ᠪᠠᠶᠢᠭᠤᠯᠬᠤ ᠶᠢ ᠲᠠᠭᠠᠭᠠᠯᠭᠠᠵᠠᠢ᠃ ︵ᠲᠠᠭᠠᠭᠠᠨ ᠭᠦᠢᠴᠡᠳᠭᠡᠬᠦ ᠨᠢᠭᠡᠴᠢ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ︶     10 . ᠰᠢᠩ ᠾᠧ ᠰᠢᠶᠠᠨ ᠤ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢᠨ ᠶᠡᠷᠦᠩᠬᠡᠶ ᠨᠣᠷᠮ᠎ᠠ ᠵᠢᠯ ᠳᠠᠷᠠᠭᠠᠯᠠᠨ ᠨᠡᠮᠡᠭᠳᠡᠵᠦ ᠪᠠᠶᠢᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ︽ᠨᠢᠳᠦ ᠬᠠᠮᠠᠭᠠᠯᠠᠬᠤ ᠢᠨᠵᠧᠨᠧᠷᠢᠩ︾ ᠢ ᠶᠡᠭᠡ ᠪᠠᠷ ᠬᠡᠷᠡᠭᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠨᠢᠳᠦᠨ ᠤ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠰᠢᠩ ᠡᡁᠧ ᠰᠢᠶᠠᠨ ᠤ ᠵᠠᠰᠠᠭ ᠤᠨ ᠣᠷᠳᠣᠨ ᠠᠴᠠ ᠨᠢᠭᠡᠨᠲᠡ ᠡᠯ᠎ᠡ ᠳᠤᠮᠳᠠᠳᠤ ᠪᠠᠭ᠎ᠠ ᠰᠤᠷᠭᠠᠭᠤᠯᠢ ᠳᠤ ᠲᠤᠬᠢᠷᠠᠭᠤᠯᠵᠤ ᠪᠤᠯᠬᠤ ᠰᠠᠨᠳᠠᠯᠢ ᠪᠣᠯᠤᠨ ᠨᠢᠳᠦ ᠬᠠᠮᠠᠭᠠᠯᠠᠬᠤ ᠳ᠋ᠧᠩ ᠰᠣᠯᠢᠵᠤ ᠥᠭᠴᠦ᠂ ᠨᠢᠳᠦ ᠪᠠᠨ ᠵᠦᠪ ᠬᠡᠷᠡᠭᠯᠡᠬᠦ ᠡᠷᠡᠭᠦᠯ ᠮᠡᠨᠳᠦ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠦᠨ ᠤᠬᠠᠭᠤᠯᠵᠤ᠂ ᠡᠯ᠎ᠡ ᠰᠤᠷᠭᠠᠭᠤᠯᠢ ᠶᠢ ᠰᠤᠷᠤᠭᠴᠢᠳ ᠤᠨ ᠡᠳᠦᠷ ᠪᠦᠷᠢ ᠶᠢᠨ ᠭᠡᠷ ᠤᠨ ᠭᠠᠳᠠᠨᠠᠬᠢ ᠪᠣᠯᠪᠠᠰᠤᠷᠠᠯ ᠢ 1 ᠴᠠᠭ ᠲᠤ ᠬᠦᠷᠭᠡᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ︵ᠲᠠᠭᠠᠭᠠᠨ ᠭᠦᠢᠴᠡᠳᠭᠡᠬᠦ ᠨᠢᠭᠡᠴᠢ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ︶
 
ᠢᠷᠡᠯᠲᠡ᠄ ᠤᠯᠠᠭᠠᠨᠴᠠᠪ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2