︽ᠤᠯᠠᠭᠠᠨᠴᠠᠪ ᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ᠶᠢᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/11/29
    ᠨᠢᠭᠡ᠂ ᠨᠡᠶᠢᠲᠡᠯᠡᠭᠰᠡᠨ ᠠᠬᠤᠶ ᠪᠠᠶᠢᠳᠠᠯ     2015 ᠣᠨ ᠤ 1 ᠰᠠᠷ᠎ᠠ ᠶᠢᠨ 22 ᠤᠨ ᠡᠳᠦᠷ᠂ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ︽ᠤᠯᠠᠭᠠᠨᠴᠠᠪ ᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠷᠭ᠎ᠠ︾ ᠶᠢ ᠨᠡᠶᠢᠲᠡᠯᠡᠵᠦ᠂ 2018 ᠣᠨ ᠤ ᠡᠴᠦᠰ ᠪᠣᠯᠲᠠᠯ᠎ᠠ᠂ 12 ᠠᠵᠤ ᠠᠬᠤᠶᠢᠯᠠᠯ ᠭᠠᠷᠮᠠᠭᠠᠶ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠷ ᠢᠶᠠᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠦᠷᠲᠡᠪᠡ᠃ ᠳᠥᠷᠪᠡᠨ ᠬᠤᠭᠤᠴᠠᠭᠠᠨ ᠤ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠵᠢᠯ ᠢ ᠦᠷᠭᠦᠯᠵᠢᠯᠡᠨ ᠥᠷᠨᠢᠭᠦᠯᠦᠭᠰᠡᠨ ᠠᠴᠠ ᠨᠠᠰᠢ᠂ ᠡᠯ᠎ᠡ ᠠᠵᠢᠯ ᠲᠥᠷᠥᠯ ᠤᠨ ᠬᠢᠨ ᠤ ᠶᠠᠰᠤ ᠴᠢᠨᠠᠷ ᠤᠨ ᠬᠠᠮᠢᠶᠠᠷᠤᠯᠲᠠ ᠪᠠᠨ ᠲᠠᠰᠤᠷᠠᠯᠲᠠ ᠥᠬᠡᠶ ᠴᠢᠩᠭᠠᠳᠬᠠᠵᠤ᠂ ᠶᠠᠰᠤ ᠴᠢᠨᠠᠷ ᠤᠨ ᠬᠢᠷᠢ ᠲᠦᠪᠰᠢᠨ ᠢᠶᠠᠨ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠬᠥᠲᠥᠯᠦᠨ ᠵᠢᠯᠣᠭᠤᠳᠬᠤ ᠪᠠ ᠵᠣᠷᠢᠭᠵᠢᠭᠤᠯᠵᠤ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠪᠡ᠃     ᠠᠵᠤ ᠠᠬᠤᠶ ᠶᠢᠨ ᠪᠦᠲᠦᠴᠡ ᠳᠤ ᠲᠠᠰᠤᠷᠠᠯᠲᠠ ᠥᠬᠡᠶ ᠲᠣᠬᠢᠷᠠᠭᠤᠯᠤᠯᠲᠠ ᠬᠢᠬᠦ ᠪᠠ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠬᠦ ᠶᠢ ᠳᠠᠭᠠᠯᠳᠤᠨ᠂ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠣᠷᠴᠢᠨ ᠨᠥᠬᠦᠴᠡᠯ ᠳᠤ ᠨᠢᠭᠡᠨᠲᠡ ᠭᠦᠨᠵᠡᠭᠡᠶ ᠬᠤᠪᠢᠷᠠᠯᠲᠠ ᠭᠠᠷᠴᠤ᠂ ᠱᠠᠩᠨᠠᠬᠤ ᠡᠲᠡᠭᠡᠳ ᠪᠠ ᠠᠵᠢᠯᠯᠠᠬᠤ ᠵᠢᠷᠤᠮ ᠳᠤ ᠴᠥᠮ ᠬᠤᠪᠢᠷᠠᠯᠲᠠ ᠭᠠᠷᠴᠤ᠂ ᠤᠤᠯ ᠤᠨ   ︽ᠠᠷᠭ᠎ᠠ︾ ᠨᠢ ᠨᠢᠭᠡᠨᠲᠡ ᠰᠢᠨ᠎ᠡ ᠪᠠᠶᠢᠳᠠᠯ ᠤᠨ ᠬᠡᠷᠡᠭᠴᠡᠭᠡ ᠳᠤ ᠵᠣᠬᠢᠴᠠᠬᠤ ᠥᠬᠡᠶ ᠪᠣᠯᠤᠭᠰᠠᠨ ᠪᠥᠭᠡᠳ 2020 ᠣᠨ ᠤ 1 ᠰᠠᠷ᠎ᠠ ᠳᠤ ᠬᠤᠭᠤᠴᠠᠭ᠎ᠠ ᠨᠢ ᠲᠤᠯᠵᠠᠶ᠃ ᠪᠥᠬᠦ ᠬᠤᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠶᠠᠰᠤ ᠴᠢᠨᠠᠷ ᠢᠶᠠᠷ ᠬᠤᠲᠠ ᠶᠢ ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ 2021 ᠣᠨ ᠤ 4 ᠰᠠᠷ᠎ᠠ ᠶᠢᠨ 2 ᠤᠨ ᠡᠳᠦᠷ᠂ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ︽ᠤᠯᠠᠭᠠᠨᠴᠠᠪ ᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ︵ᠤᠯᠠᠭᠠᠨᠴᠠᠪ ᠵᠠᠰᠠᠭ ᠠᠯᠪᠠᠨ ᠲᠠᠷᠬᠠᠭᠠᠭᠰᠠᠨ︹ 2021 ︺15 ᠳ᠋ᠤᠭᠠᠷ ᠲᠣᠭᠠᠲᠤ︶ ᠳᠤ ᠵᠠᠰᠠᠪᠤᠷᠢ ᠣᠷᠣᠭᠤᠯᠤᠨ ᠨᠡᠶᠢᠲᠡᠯᠡᠪᠡ᠃       ᠬᠤᠶᠠᠷ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ      1. ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠢᠯᠡᠳᠬᠦᠨ ᠤ ᠶᠠᠰᠤ ᠴᠢᠨᠠᠷ ᠤᠨ ᠬᠠᠤᠯᠢ︾ ᠶᠢᠨ ᠵᠢᠷᠭᠤᠳᠤᠭᠠᠷ ᠵᠦᠢᠯ ᠳᠤ ︽ᠦᠢᠯᠡᠳᠬᠦᠨ ᠤ ᠶᠠᠰᠤ ᠴᠢᠨᠠᠷ ᠤᠨ ᠬᠠᠮᠢᠶᠠᠷᠤᠯᠲᠠ ᠨᠢ ᠲᠡᠷᠢᠭᠦᠨ ᠤ ᠪᠥᠭᠡᠳ ᠦᠢᠯᠡᠳᠬᠦᠨ ᠤ ᠶᠠᠰᠤ ᠴᠢᠨᠠᠷ ᠨᠢ ᠳᠡᠯᠡᠬᠡᠶ ᠶᠢᠨ ᠲᠡᠷᠢᠭᠦᠨ ᠤ ᠬᠢᠷᠢ ᠬᠡᠮᠵᠢᠶᠡᠨ ᠳᠤ ᠬᠦᠷᠦᠭᠰᠡᠨ᠂ ᠢᠯᠡᠳᠲᠡ ᠠᠮᠵᠢᠯᠲᠠ ᠣᠯᠤᠭᠰᠠᠨ ᠨᠢᠭᠡᠴᠢ ᠪᠠ ᠬᠤᠪᠢ ᠬᠥᠮᠦᠨ ᠢ ᠱᠠᠩᠨᠠᠨ ᠬᠥᠬᠢᠭᠦᠯᠦᠨ᠎ᠡ᠃︾      2. ︽ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠣᠭᠤᠳᠬᠤ ᠰᠠᠨᠠᠯ︾ ᠤᠨ ᠬᠤᠷᠢᠨ ᠵᠢᠷᠭᠤᠳᠤᠭᠠᠷ ᠵᠦᠢᠯ ᠳᠤ ︽ᠤᠯᠤᠰ ᠤᠨ ᠶᠠᠰᠤ ᠴᠢᠨᠠᠷ ᠢ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠤᠯᠤᠰ ᠤᠨ ᠶᠠᠰᠤ ᠴᠢᠨᠠᠷ ᠤᠨ ᠱᠠᠩᠨᠠᠯ ᠢ ᠰᠢᠯᠭᠠᠷᠠᠭᠤᠯᠤᠨ ᠬᠥᠬᠢᠭᠦᠯᠬᠦ ᠠᠵᠢᠯ ᠢ ᠦᠷᠭᠦᠯᠵᠢᠯᠡᠨ ᠥᠷᠨᠢᠭᠦᠯᠵᠦ᠂ ᠶᠠᠰᠤ ᠴᠢᠨᠠᠷ ᠤᠨ ᠬᠡᠪ ᠳᠠᠭᠤᠷᠢᠶᠠᠯ ᠢ ᠪᠣᠶ ᠪᠣᠯᠭᠠᠵᠤ᠂ ᠶᠠᠰᠤ ᠴᠢᠨᠠᠷ ᠤᠨ ᠲᠡᠷᠢᠭᠦᠨ ᠤ ᠬᠢ ᠶᠢ ᠪᠠᠳᠠᠷᠠᠭᠤᠯᠤᠨ᠎ᠠ᠃ ᠵᠠᠰᠠᠭ ᠤᠨ ᠣᠷᠳᠣᠨ ᠤ ᠶᠠᠰᠤ ᠴᠢᠨᠠᠷ ᠤᠨ ᠱᠠᠩᠨᠠᠯ ᠤᠨ ᠱᠠᠩᠨᠠᠯ ᠭᠥᠷᠳᠡᠭᠰᠡᠨ ᠠᠵᠤ ᠠᠬᠤᠶᠢᠯᠠᠯ ᠤᠨ ᠮᠥᠩᠭᠦᠨ ᠭᠦᠢᠯᠭᠡᠭᠡ᠂ ᠢᠲᠡᠭᠡᠮᠵᠢᠲᠦ ᠵᠢᠭᠡᠯᠡᠯᠭᠡ᠂ ᠲᠥᠷᠥᠯ ᠵᠦᠢᠯ ᠤᠨ ᠪᠠᠯᠠ ᠣᠷᠣᠭᠤᠯᠤᠯᠲᠠ ᠵᠡᠷᠭᠡ ᠲᠠᠯ᠎ᠠ ᠪᠠᠷ ᠬᠢ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ᠃ ᠵᠠᠰᠠᠭ ᠤᠨ ᠣᠷᠳᠣᠨ ᠤ ᠶᠠᠰᠤ ᠴᠢᠨᠠᠷ ᠤᠨ ᠱᠠᠩᠨᠠᠯ ᠤᠨ ᠱᠠᠩᠨᠠᠯ ᠣᠯᠤᠭᠰᠠᠨ ᠠᠵᠤ ᠠᠬᠤᠶᠢᠯᠠᠯ ᠪᠠ ᠬᠤᠪᠢ ᠬᠥᠮᠦᠨ ᠤ ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠲᠤᠷᠰᠢᠯᠭ᠎ᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠤᠬᠠᠭᠤᠯᠤᠨ ᠳᠡᠯᠭᠡᠷᠡᠭᠦᠯᠬᠦ ᠲᠣᠭᠲᠠᠴᠠ ᠶᠢ ᠪᠠᠶᠢᠭᠤᠯᠵᠤ᠂ ᠳᠤᠮᠳᠠᠳᠤ ᠤᠯᠤᠰ ᠤᠨ ᠣᠨᠴᠠᠯᠢᠭ ᠪᠥᠬᠦᠶ ᠶᠠᠰᠤ ᠴᠢᠨᠠᠷ ᠤᠨ ᠬᠠᠮᠢᠶᠠᠷᠤᠯᠲᠠ ᠶᠢᠨ ᠵᠠᠭᠪᠤᠷ ᠪᠠ ᠰᠢᠰᠲ᠋ᠧᠮᠵᠢ ᠢ ᠪᠦᠷᠢᠯᠳᠦᠭᠦᠯᠦᠨ᠎ᠡ᠃︾     3. ︽︿ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠬᠦ ᠶᠢᠨ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ᠤᠨ ᠬᠤᠷᠢᠨ ᠨᠠᠢᠮᠠᠳᠤᠭᠠᠷ ᠵᠦᠢᠯ ᠳᠤ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ﹀ ᠢ ᠰᠢᠯᠭᠠᠷᠠᠭᠤᠯᠵᠤ ᠬᠥᠬᠢᠭᠦᠯᠦᠨ ᠰᠠᠶᠢᠰᠢᠶᠠᠬᠤ ᠶᠢ ᠦᠷᠭᠦᠯᠵᠢᠯᠡᠨ ᠥᠷᠨᠢᠭᠦᠯᠵᠦ᠂ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ﹀ ᠤᠨ ᠱᠠᠩᠨᠠᠯ ᠣᠯᠤᠭᠰᠠᠨ ᠠᠵᠤ ᠠᠬᠤᠶᠢᠯᠠᠯ ᠤᠨ ᠮᠥᠩᠭᠦᠨ  ᠭᠦᠢᠯᠭᠡᠭᠡ᠂ ᠢᠲᠡᠭᠡᠮᠵᠢᠲᠦ ᠵᠢᠭᠡᠯᠡᠯᠭᠡ᠂ ᠲᠥᠷᠥᠯ ᠵᠦᠢᠯ ᠤᠨ ᠪᠠᠯᠠ ᠣᠷᠣᠭᠤᠯᠤᠯᠲᠠ ᠵᠡᠷᠭᠡ ᠲᠠᠯ᠎ᠠ ᠪᠠᠷ ᠬᠢ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ᠃︾     4. ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ  ᠤᠨ ᠬᠠᠮᠢᠶᠠᠷᠤᠯᠲᠠ ᠶᠢᠨ ᠠᠷᠭ᠎ᠠ︾᠃     ᠭᠤᠷᠪᠠ᠂ ᠱᠠᠩᠨᠠᠯ ᠤᠨ ᠰᠢᠨᠵᠢ ᠴᠢᠨᠠᠷ     ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠭᠤᠯᠤᠭᠰᠠᠨ ᠪᠥᠬᠦ ᠬᠤᠲᠠ ᠶᠢᠨ ᠬᠠᠮᠤᠭ ᠤᠨ ᠳᠡᠭᠡᠳᠦ ᠶᠠᠰᠤ ᠴᠢᠨᠠᠷ ᠤᠨ ᠢᠷᠠᠭᠤ ᠠᠯᠳᠠᠷ᠂ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠤᠶᠠᠷ ᠵᠢᠯ ᠳᠤ ᠨᠢᠭᠡ ᠬᠤᠭᠤᠴᠠᠭ᠎ᠠ ᠰᠢᠯᠭᠠᠷᠠᠭᠤᠯᠵᠤ᠂ ᠰᠢᠯᠭᠠᠷᠠᠭᠤᠯᠤᠯᠲᠠ ᠳᠤ ᠣᠷᠣᠯᠴᠠᠬᠤ ᠳᠤ ᠶᠠᠮᠠᠷ ᠴᠤ ᠰᠦᠢᠳᠬᠡᠯ ᠬᠤᠷᠢᠶᠠᠬᠤ ᠥᠬᠡᠶ᠃     ᠳᠥᠷᠪᠡ᠂ ᠱᠠᠩᠨᠠᠯ ᠣᠯᠭᠤᠬᠤ ᠡᠲᠡᠭᠡᠳ     ᠭᠤᠤᠯᠳᠠᠭᠤ ᠤᠯᠠᠭᠠᠨᠴᠠᠪ ᠬᠤᠲᠠ ᠶᠢᠨ ᠳᠣᠲᠣᠷᠠᠬᠢ ᠶᠠᠰᠤ ᠴᠢᠨᠠᠷ ᠪᠠ ᠨᠠᠷᠠᠲᠤ ᠲᠥᠷᠥᠯ ᠲᠡᠮᠳᠡᠭᠲᠦ ᠶᠢ ᠳᠡᠭᠡᠭᠰᠢᠯᠡᠭᠦᠯᠬᠦ ᠲᠠᠯ᠎ᠠ ᠪᠠᠷ ᠲᠣᠪᠤᠶᠢᠮ᠎ᠠ ᠠᠮᠵᠢᠯᠲᠠ ᠪᠦᠲᠦᠮᠵᠢ ᠲᠠᠢ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠭᠠᠷᠮᠠᠭᠠᠶ ᠬᠤᠪᠢ ᠨᠡᠮᠡᠷᠢ ᠦᠵᠡᠭᠦᠯᠦᠭᠰᠡᠨ᠂ ᠢᠯᠡᠳᠲᠡ ᠠᠵᠢᠯ ᠲᠥᠷᠥᠯ ᠤᠨ ᠬᠡᠪ ᠳᠠᠭᠤᠷᠢᠶᠠᠯ ᠦᠵᠡᠭᠦᠯᠦᠨ ᠳᠠᠶᠢᠴᠢᠯᠠᠬᠤ ᠦᠢᠯᠡᠳᠦᠯ ᠲᠠᠢ ᠰᠢᠯᠢᠳᠡᠭ ᠵᠣᠬᠢᠶᠠᠨ ᠪᠠᠶᠢᠭᠤᠯᠤᠯᠲᠠ ᠪᠠ ᠶᠠᠰᠤ ᠴᠢᠨᠠᠷ ᠤᠨ ᠬᠥᠭᠵᠢᠯᠲᠡ ᠶᠢ ᠠᠬᠢᠭᠤᠯᠬᠤ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠤᠪᠢ ᠬᠥᠮᠦᠨ ᠳᠤ ᠣᠯᠭᠤᠨ᠎ᠠ᠃     ᠲᠠᠪᠤ᠂ ᠱᠠᠩᠨᠠᠬᠤ ᠠᠷᠭ᠎ᠠ ᠮᠠᠶ᠋ᠢᠭ     ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠣᠯᠤᠭᠰᠠᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠳᠤ ᠢᠷᠠᠭᠤ ᠠᠯᠳᠠᠷ ᠤᠨ ᠦᠨᠡᠮᠯᠡᠯ᠂ ᠱᠠᠩᠨᠠᠯ ᠤᠨ ᠮᠧᠳᠠᠯ ᠣᠯᠭᠤᠵᠤ᠂ ᠱᠠᠩᠨᠠᠯ ᠣᠯᠤᠭᠰᠠᠨ ᠵᠣᠬᠢᠶᠠᠨ ᠪᠠᠶᠢᠭᠤᠯᠤᠯᠲᠠ ᠶᠢ ᠠᠷᠠᠳ ᠤᠨ ᠵᠣᠭᠤᠰ 50 ᠲᠦᠮᠡᠨ ᠲᠥᠭᠦᠷᠢᠭ ᠱᠠᠩᠨᠠᠨ᠎ᠠ᠃     ᠵᠢᠷᠭᠤᠭ᠎ᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ     ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠲᠣᠭᠲᠠᠭᠠᠬᠤ ᠪᠠᠶᠢᠭᠤᠯᠭ᠎ᠠ ᠪᠣᠯ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯᠤᠨ᠎ᠠ᠃ ᠬᠡᠷᠡᠭᠵᠢᠭᠦᠯᠬᠦ ᠪᠠᠶᠢᠭᠤᠯᠭ᠎ᠠ ᠨᠢ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠯᠪᠠᠨ ᠬᠡᠷ ᠪᠠᠶᠢᠵᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠪᠠᠶᠢᠷᠢᠯᠠᠭᠤᠯᠪᠠ᠃     ᠳᠣᠯᠤᠭ᠎ᠠ᠂ ᠭᠤᠶᠤᠴᠢᠯᠠᠨ ᠮᠡᠳᠡᠭᠦᠯᠬᠦ ᠨᠥᠬᠦᠴᠡᠯ    1. ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠭᠤᠶᠤᠴᠢᠯᠠᠨ ᠮᠡᠳᠡᠭᠦᠯᠬᠦ ᠵᠣᠬᠢᠶᠠᠨ ᠪᠠᠶᠢᠭᠤᠯᠤᠯᠲᠠ ᠨᠢ ᠳᠣᠣᠷᠠᠬᠢ ᠨᠥᠬᠦᠴᠡᠯ ᠤᠳ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠄    ︵ᠨᠢᠭᠡ︶ ᠤᠯᠠᠭᠠᠨᠴᠠᠪ ᠬᠤᠲᠠ ᠳᠤ ᠬᠠᠤᠯᠢ ᠶᠣᠰᠣᠭᠠᠷ ᠳᠠᠩᠰᠠᠯᠠᠭᠤᠯᠤᠨ ᠲᠡᠮᠳᠡᠭᠯᠡᠭᠦᠯᠵᠦ᠂ 3 ᠵᠢᠯ ᠠᠴᠠ ᠳᠡᠭᠡᠭᠰᠢ ᠬᠡᠪ ᠤᠨ ᠠᠵᠢᠯᠯᠠᠭ᠎ᠠ ᠲᠠᠢ  ᠪᠠᠶᠢᠬᠤ ᠶᠢᠨ ᠬᠠᠮᠲᠤ ᠴᠠᠭ ᠲᠤᠬᠠᠶ ᠳᠤᠨᠢ ᠭᠦᠢᠴᠡᠳ ᠲᠣᠭᠠᠨ ᠤ ᠭᠠᠶᠢᠯᠢ ᠲᠤᠰᠢᠶᠠᠭᠰᠠᠨ ᠪᠠᠶᠢᠬᠤ ᠬᠡᠷᠡᠭᠲᠡᠢ︔     ︵ᠬᠤᠶᠠᠷ︶ ᠪᠦᠲᠦᠮᠵᠢᠲᠡᠶ ᠠᠵᠢᠯᠯᠠᠭᠠᠨ ᠲᠠᠢ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠪᠤᠶᠤ ᠪᠤᠰᠤᠳ ᠬᠤᠯᠪᠣᠭᠳᠠᠯ ᠪᠦᠬᠦᠢ ᠠᠵᠢᠯ ᠲᠦᠷᠦᠯ ᠤᠨ ᠬᠠᠮᠢᠶᠠᠷᠤᠯᠲᠠ ᠶᠢᠨ ᠰᠢᠰᠲ᠋ᠧᠮᠵᠢ ᠢ ᠪᠠᠶᠢᠭᠤᠯᠵᠤ᠂ ᠥᠪᠡᠷ ᠢ ᠪᠠᠨ ᠲᠡᠭᠦᠯᠳᠡᠷᠵᠢᠭᠦᠯᠦᠭᠰᠡᠨ ᠶᠠᠰᠤ ᠴᠢᠨᠠᠷ ᠢ ᠰᠠᠶᠢᠵᠢᠷᠠᠭᠤᠯᠬᠤ ᠲᠣᠭᠲᠠᠴᠠ ᠶᠢ ᠪᠤᠢ ᠪᠣᠯᠭᠠᠵᠤ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠣᠷᠴᠢᠨ ᠠᠬᠤᠶ ᠶᠢ ᠬᠠᠮᠠᠭᠠᠯᠠᠬᠤ ᠲᠠᠯ᠎ᠠ ᠪᠠᠷ ᠲᠤᠪᠤᠶᠢᠮ᠎ᠠ ᠠᠮᠵᠢᠯᠲᠠ ᠪᠦᠲᠦᠮᠵᠢ ᠣᠯᠣᠭᠰᠠᠨ ᠪᠠᠶᠢᠬᠤ ᠬᠡᠷᠡᠭᠲᠡᠢ︔     ︵ᠭᠤᠷᠪᠠ︶ GB/T19580 ︽ᠭᠠᠷᠮᠠᠭᠠᠶ ᠠᠮᠵᠢᠯᠲᠠ ᠪᠦᠲᠦᠮᠵᠢ ᠶᠢ ᠦᠨᠡᠯᠡᠬᠦ ᠪᠠᠷᠢᠮᠵᠢᠶ᠎ᠠ︾ ᠶᠢᠨ ᠤᠯᠤᠰ ᠤᠨ ᠪᠠᠷᠢᠮᠵᠢᠶ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠠᠷᠭ᠎ᠠ ᠶᠢ ᠢᠳᠡᠪᠬᠢᠲᠡᠶ ᠳᠡᠯᠭᠡᠷᠡᠭᠦᠯᠵᠦ᠂ ᠶᠠᠰᠤ ᠴᠢᠨᠠᠷ ᠦᠷ᠎ᠡ ᠠᠰᠢᠭ ᠢᠶᠠᠷ ᠲᠣᠪᠤᠶᠢᠮ᠎ᠠ ᠪᠠᠶᠢᠬᠤ ᠬᠡᠷᠡᠭᠲᠡᠶ︔ ᠣᠶᠢᠷ᠎ᠠ ᠶᠢᠨ 3 ᠵᠢᠯ ᠤᠨ ᠲᠤᠷᠰᠢ ᠭᠤᠤᠯ ᠪᠣᠯᠬᠤ ᠠᠵᠤ ᠠᠬᠤᠶ ᠶᠢᠨ ᠭᠦᠢᠴᠡᠳᠬᠡᠯ ᠲᠤᠭ᠎ᠠ᠂ ᠮᠡᠷᠭᠡᠵᠢᠯ ᠤᠨ ᠭᠦᠢᠴᠡᠳᠬᠡᠯ ᠲᠤᠭ᠎ᠠ ᠪᠠ ᠶᠠᠰᠤ ᠴᠢᠨᠠᠷ ᠤᠨ ᠬᠢᠷᠢ ᠲᠦᠪᠰᠢᠨ ᠪᠥᠬᠦ ᠬᠤᠲᠠ ᠶᠢᠨ ᠠᠳᠠᠯᠢ ᠠᠵᠢᠯ ᠲᠥᠷᠥᠯ ᠤᠨ ᠡᠮᠦᠨ᠎ᠡ ᠡᠩᠨᠡᠭᠡᠨ ᠳᠤ ᠣᠷᠣᠭᠰᠠᠨ ᠪᠠᠶᠢᠬᠤ ᠬᠡᠷᠡᠭᠲᠡᠢ︔     ︵ᠳᠥᠷᠪᠡ︶ ᠶᠠᠰᠤ ᠴᠢᠨᠠᠷ ᠤᠨ ᠬᠢᠷᠢ ᠬᠡᠮᠵᠢᠶ᠎ᠡ᠂ ᠰᠢᠨ᠎ᠡ ᠶᠢ ᠡᠭᠦᠳᠬᠦ ᠴᠢᠳᠠᠪᠤᠷᠢ᠂ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠵᠢᠴᠢ ᠡᠵᠡᠩᠨᠡᠯᠲᠡ ᠶᠢᠨ ᠦᠷ᠎ᠡ ᠠᠰᠢᠭ ᠵᠡᠷᠭᠡ ᠲᠠᠯ᠎ᠠ ᠪᠠᠷ ᠲᠣᠪᠤᠶᠢᠮ᠎ᠠ ᠠᠮᠵᠢᠯᠲᠠ ᠪᠦᠲᠦᠮᠵᠢ ᠣᠯᠵᠤ᠂ ᠨᠡᠶᠢᠭᠡᠮ ᠳᠤ ᠢᠯᠡᠳᠲᠡ ᠬᠤᠪᠢ ᠨᠡᠮᠡᠷᠢ  ᠦᠵᠡᠭᠦᠯᠦᠭᠰᠡᠨ᠃ ᠦᠢᠯᠡᠳᠪᠦᠷᠢᠯᠡᠯ᠂ ᠦᠢᠯᠡᠴᠢᠯᠡᠭᠡᠨ ᠤ ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠪᠣᠯ ᠲᠡᠭᠦᠨ ᠤ ᠡᠵᠡᠩᠨᠡᠯᠲᠡ ᠶᠢᠨ ᠬᠡᠪᠴᠢᠶ᠎ᠡ᠂ ᠪᠡᠶᠡᠯᠡᠭᠦᠯᠦᠭᠰᠡᠨ ᠠᠰᠢᠭ ᠭᠠᠶᠢᠯᠢ᠂ ᠶᠡᠷᠦᠩᠬᠡᠶ ᠡᠳ᠋ ᠬᠥᠷᠥᠩᠭᠡ ᠶᠢᠨ ᠬᠤᠪᠢ ᠨᠡᠮᠡᠷᠢ ᠶᠢᠨ ᠨᠣᠷᠮ᠎ᠠ ᠨᠢ ᠮᠠᠨ ᠤ ᠬᠤᠲᠠ ᠶᠢᠨ ᠠᠳᠠᠯᠢ ᠠᠵᠢᠯ ᠲᠥᠷᠥᠯ ᠤᠨ ᠡᠮᠦᠨ᠎ᠡ ᠡᠩᠨᠡᠭᠡᠨ ᠳᠤ ᠣᠷᠣᠵᠤ᠂ ᠣᠶᠢᠷ᠎ᠠ ᠶᠢᠨ 3 ᠵᠢᠯ ᠳᠤ ᠡᠵᠡᠩᠨᠡᠯᠲᠡ ᠶᠢᠨ ᠴᠢᠨᠠᠷᠲᠠᠶ ᠬᠤᠬᠢᠷᠠᠯ ᠭᠠᠷᠤᠭᠰᠠᠨ ᠦᠭᠡᠶ ᠪᠠᠶᠢᠬᠤ ᠬᠡᠷᠡᠭᠲᠡᠢ᠃ ᠠᠰᠢᠭ ᠬᠤᠨᠵᠢᠪᠣᠷᠢ ᠶᠢᠨ ᠪᠤᠰᠤ ᠴᠢᠨᠠᠷᠲᠠᠶ ᠲᠤᠬᠠᠶᠢᠯᠠᠭᠰᠠᠨ ᠠᠵᠢᠯ ᠡᠷᠬᠢᠯᠡᠭᠰᠡᠳ ᠤᠨ ᠨᠡᠶᠢᠭᠡᠮ ᠤᠨ ᠬᠤᠪᠢ ᠨᠡᠮᠡᠷᠢ ᠨᠢ ᠮᠠᠨ ᠤ ᠬᠤᠲᠠ ᠶᠢᠨ ᠠᠳᠠᠯᠢ ᠠᠵᠢᠯ ᠲᠥᠷᠥᠯ ᠤᠨ ᠡᠮᠦᠨ᠎ᠡ ᠡᠩᠨᠡᠭᠡᠨ ᠳᠤ ᠣᠷᠣᠭᠰᠠᠨ ᠪᠠᠶᠢᠬᠤ ᠬᠡᠷᠡᠭᠲᠡᠢ︔     ︵ᠲᠠᠪᠤ︶ ᠤᠢᠢᠷ᠎ᠠ ᠶᠢᠨ 3 ᠵᠢᠯ ᠤᠨ ᠳᠣᠲᠣᠷ᠎ᠠ ᠶᠠᠰᠤ ᠴᠢᠨᠠᠷ᠂ ᠠᠮᠤᠷ ᠲᠦᠪᠰᠢᠨ᠂ ᠣᠷᠴᠢᠨ ᠲᠣᠭᠤᠷᠢᠨ ᠤ ᠪᠣᠬᠢᠷᠲᠤᠯ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠬᠦᠨᠳᠦ ᠶᠡᠭᠡ ᠡ᠊ᠨᠳᠡᠯ ᠭᠠᠷᠤᠭᠰᠠᠨ ᠥᠭᠡᠢ᠂ ᠶᠡᠭᠡ ᠬᠡᠷᠡᠭᠯᠡᠭᠴᠢ ︵ᠬᠡᠷᠡᠭᠯᠡᠭᠴᠢ︶᠂ ᠦᠢᠯᠡᠴᠢᠯᠡᠬᠦ ᠡᠲᠡᠭᠡᠳ ᠤᠨ ᠵᠠᠭᠠᠯᠳᠤᠭᠰᠠᠨ ᠬᠦᠨᠳᠦ ᠶᠡᠭᠡ ᠲᠤᠪᠤᠶᠢᠮ᠎ᠠ ᠠᠰᠠᠭᠤᠳᠠᠯ ᠥᠭᠡᠢ ᠪᠠᠶᠢᠵᠤ᠂ ᠬᠦᠨᠳᠦ ᠨᠣᠴᠢᠲᠠᠶ ᠢᠲᠡᠭᠡᠯ ᠠᠯᠳᠠᠭᠰᠠᠨ ᠥᠢᠯᠡ ᠠᠵᠢᠯᠯᠠᠭ᠎ᠠ ᠶᠢᠨ ᠲᠡᠮᠳᠡᠭᠯᠡᠯ ᠥᠭᠡᠢ ᠪᠠᠶᠢᠬᠤ ᠬᠡᠷᠡᠭᠲᠡᠢ︔     ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ ᠪᠠᠶᠢᠬᠤ ᠦᠭᠡᠢ ᠵᠡᠷᠭᠡ᠃     2. ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠭᠤᠶᠤᠴᠢᠯᠠᠨ ᠮᠡᠳᠡᠭᠦᠯᠬᠦ ᠬᠤᠪᠢ ᠬᠥᠮᠦᠨ ᠳᠣᠣᠷᠠᠬᠢ ᠨᠥᠬᠦᠴᠡᠯ ᠤᠳ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠄     ︵ᠨᠢᠭᠡ︶ ᠤᠯᠠᠭᠠᠨᠴᠠᠪ ᠬᠤᠲᠠ ᠳᠤ ᠶᠠᠰᠤ ᠴᠢᠨᠠᠷ ᠤᠨ ᠪᠤᠶᠤ ᠶᠠᠰᠤ ᠴᠢᠨᠠᠷ ᠤᠨ ᠬᠠᠮᠢᠶ᠎ᠠ ᠪᠥᠬᠦᠶ ᠠᠵᠢᠯ ᠢ 5 ᠵᠢᠯ ᠠᠴᠠ ᠳᠡᠭᠡᠭᠰᠢ ᠬᠢᠭᠰᠡᠨ ᠪᠠᠶᠢᠬᠤ ᠬᠡᠷᠡᠭᠲᠡᠢ︔     ︵ᠬᠤᠶᠠᠷ︶ ᠶᠠᠰᠤ ᠴᠢᠨᠠᠷ ᠤᠨ ᠲᠠᠯ᠎ᠠ ᠪᠠᠷ ᠰᠢᠨ᠎ᠡ ᠶᠢ ᠡᠭᠦᠳᠬᠦ ᠪᠠ ᠬᠠᠯᠠᠨ ᠰᠠᠶᠢᠵᠢᠷᠠᠭᠤᠯᠬᠤ ᠦᠵᠡᠯ ᠤᠬᠠᠮᠰᠠᠷ ᠢᠶᠠᠷ ᠴᠢᠩᠭ᠎ᠠ ᠪᠠᠶᠢᠵᠤ᠂ ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠠᠷᠭ᠎ᠠ ᠶᠢ ᠢᠳᠡᠪᠬᠢᠲᠡᠶ ᠳᠡᠯᠭᠡᠷᠡᠭᠦᠯᠬᠦ ᠪᠤᠶᠤ ᠬᠡᠷᠡᠭᠯᠡᠬᠦ᠂ ᠡᠰᠡᠬᠦᠯ᠎ᠡ ᠶᠠᠰᠤ ᠴᠢᠨᠠᠷ ᠤᠨ ᠬᠠᠮᠢᠶᠠᠷᠤᠯᠲᠠ ᠶᠢᠨ ᠳᠤᠮᠳᠠ ᠥᠪᠡᠷᠮᠢᠴᠡ ᠠᠵᠢᠯᠯᠠᠬᠤ ᠠᠷᠭ᠎ᠠ ᠪᠠ ᠲᠤᠷᠰᠢᠯᠭ᠎ᠠ ᠶᠢ ᠪᠣᠶ ᠪᠣᠯᠭᠠᠵᠤ᠂ ᠵᠣᠬᠢᠶᠠᠨ ᠪᠠᠶᠢᠭᠤᠯᠤᠯᠲᠠ ᠪᠤᠶᠤ ᠠᠵᠢᠯ ᠲᠥᠷᠥᠯ ᠤᠨ ᠶᠠᠰᠤ ᠴᠢᠨᠠᠷ ᠤᠨ ᠬᠢᠷᠢ ᠬᠡᠮᠵᠢᠶ᠎ᠡ ᠪᠠ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠠᠶᠢᠬᠤ ᠬᠡᠷᠡᠭᠲᠡᠢ︔     ︵ᠭᠤᠷᠪᠠ︶ ᠠᠵᠢᠯ ᠮᠡᠷᠭᠡᠵᠢᠯ ᠤᠨ ᠶᠣᠰᠣ ᠮᠣᠷᠠᠯ ᠪᠠ ᠨᠡᠶᠢᠭᠡᠮ ᠤᠨ ᠵᠢᠷᠤᠮᠵᠢᠯ ᠢ ᠬᠢᠴᠢᠶᠡᠩᠭᠦ᠋ᠢᠯᠡᠨ ᠰᠠᠬᠢᠵᠤ᠂ ᠥᠯᠢᠭᠡᠷ ᠳᠠᠭᠤᠷᠢᠶᠠᠯ ᠤᠨ  ᠦᠢᠯᠡᠳᠦᠯ ᠪᠠ ᠨᠡᠶᠢᠭᠡᠮ ᠤᠨ ᠨᠥᠯᠥᠭᠡᠯᠡᠬᠦ ᠬᠦᠴᠦᠨ ᠲᠠᠢ ᠪᠠᠶᠢᠵᠤ᠂ ᠬᠤᠪᠢ ᠬᠥᠮᠦᠨ ᠤ ᠢᠲᠡᠭᠡᠮᠵᠢ ᠶᠢᠨ ᠲᠡᠮᠳᠡᠭᠯᠡᠯ ᠨᠢ ᠨᠡᠯᠢᠶᠡᠳ ᠰᠠᠶᠢᠨ ᠪᠠᠶᠢᠬᠤ᠃ ᠭᠤᠶᠤᠴᠢᠯᠠᠨ ᠮᠡᠳᠡᠭᠦᠯᠦᠭᠰᠡᠨ ᠬᠤᠪᠢ ᠬᠥᠮᠦᠨ ᠬᠡᠷᠪᠡ ᠵᠣᠬᠢᠶᠠᠨ ᠪᠠᠶᠢᠭᠤᠯᠤᠯᠲᠠ ᠶᠢᠨ ᠬᠠᠮᠤᠭ ᠤᠨ ᠳᠡᠭᠡᠳᠦ ᠬᠠᠮᠢᠶᠠᠷᠤᠭᠴᠢ ᠪᠠᠶᠢᠪᠠᠯ᠂ ᠲᠡᠭᠦᠨ ᠤ ᠲᠤᠰᠢᠶᠠᠯ  ᠡᠭᠦᠷᠭᠡᠯᠡᠭᠰᠡᠨ ᠵᠣᠬᠢᠶᠠᠨ ᠪᠠᠶᠢᠭᠤᠯᠤᠯᠲᠠ ᠨᠢ ᠣᠶᠢᠷ᠎ᠠ ᠶᠢᠨ 3 ᠵᠢᠯ ᠳᠤ ᠬᠦᠨᠳᠦ ᠶᠡᠭᠡ ᠶᠠᠰᠤ ᠴᠢᠨᠠᠷ᠂ ᠠᠮᠤᠷ ᠲᠦᠪᠰᠢᠨ᠂ ᠣᠷᠴᠢᠨ ᠠᠬᠤᠶ ᠶᠢᠨ ᠪᠣᠬᠢᠷᠲᠤᠯ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠬᠠᠷᠢᠭᠤᠴᠠᠯᠭ᠎ᠠ ᠶᠢᠨ ᠠᠳᠡᠯ ᠥᠬᠡᠶ᠂ ᠨᠡᠶᠢᠭᠡᠮ ᠤᠨ ᠬᠦᠨᠳᠦ ᠶᠡᠭᠡ ᠨᠠᠵᠠᠭᠠᠶ ᠨᠥᠯᠥᠭᠡ ᠶᠢᠨ ᠵᠠᠭᠠᠯᠳᠤᠯᠭ᠎ᠠ ᠥᠬᠡᠶ᠂ ᠬᠠᠤᠯᠢ ᠲᠣᠭᠲᠠᠭᠠᠯ ᠠᠴᠠ ᠵᠥᠷᠢᠴᠡᠭᠰᠡᠨ ᠮᠠᠭᠤ ᠲᠡᠮᠳᠡᠭᠯᠡᠯ ᠥᠬᠡᠶ ᠪᠠᠶᠢᠬᠤ ᠬᠡᠷᠡᠭᠲᠡᠶ᠃     ᠨᠠᠢᠮᠠ᠂ ᠭᠤᠶᠤᠴᠢᠯᠠᠨ ᠮᠡᠳᠡᠭᠦᠯᠬᠦ ᠠᠷᠭ᠎ᠠ ᠮᠠᠶ᠋ᠢᠭ     ᠭᠤᠶᠤᠴᠢᠯᠠᠨ ᠮᠡᠳᠡᠭᠦᠯᠬᠦ ᠳᠤ ᠰᠠᠶᠢᠨ ᠳᠤᠷ᠎ᠠ ᠠᠴᠠ ᠪᠠᠨ ᠮᠡᠳᠡᠭᠦᠯᠦᠨ᠎ᠡ᠂ ᠰᠦᠯᠵᠢᠶᠡᠨ ᠳᠡᠭᠡᠷ᠎ᠡ ᠭᠤᠶᠤᠴᠢᠯᠠᠬᠤ ᠪᠠ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠤᠶᠤ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠲᠠᠨᠢᠯᠴᠠᠭᠤᠯᠬᠤ ᠶᠢ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ ᠢ ᠬᠡᠷᠡᠭᠵᠢᠭᠦᠯᠦᠨ᠎ᠡ᠃ ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠫᠤᠷᠲ᠋ᠤᠯ ᠰᠦᠯᠵᠢᠶ᠎ᠡ http://amr.wulanchabu.gov.cn/ ᠳᠡᠭᠡᠷ᠎ᠡ ᠠᠴᠠ ᠭᠤᠶᠤᠴᠢᠯᠠᠯ ᠤᠨ ᠪᠢᠴᠢᠭ ᠢ ᠪᠠᠭᠤᠯᠭᠠᠨ ᠠᠪᠴᠤ᠂ ᠬᠡᠷᠡᠭᠰᠡᠬᠦ ᠮᠠᠲ᠋ᠧᠷᠢᠶᠠᠯ ᠢ ᠬᠠᠩᠭᠠᠬᠤ ᠬᠡᠷᠡᠭᠲᠡᠢ᠃ ᠡᠭᠦᠨ ᠳᠤ᠄ ︵1︶ ︽ᠤᠯᠠᠭᠠᠨᠴᠠᠪ ᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠭᠤᠶᠤᠴᠢᠯᠠᠨ ᠮᠡᠳᠡᠭᠦᠯᠬᠦ ᠪᠢᠴᠢᠭ ︾ ︵ᠠᠯᠪᠠᠨ ᠲᠠᠮᠠᠭ᠎ᠠ ᠳᠠᠷᠤᠵᠤ ᠬᠠᠷᠢᠭᠤᠴᠠᠯᠭ᠎ᠠ ᠪᠠᠨ ᠢᠯᠡᠳᠬᠡᠨ᠎ᠡ︶︔ ︵2︶ ︽ᠥᠪᠡᠷ ᠤᠨ ᠦᠨᠡᠯᠡᠯᠲᠡ ᠶᠢᠨ ᠮᠡᠳᠡᠭᠦᠯᠦᠯᠲᠡ︾ ︵3 ᠲᠦᠮᠡᠨ ᠦᠰᠦᠭ ᠤᠨ ᠳᠣᠲᠣᠷ᠎ᠠ︶︔ ︵3︶ ᠬᠤᠯᠪᠣᠭᠳᠠᠯ ᠪᠦᠬᠦᠢ ᠭᠡᠷᠡᠴᠢᠯᠡᠬᠦ ᠴᠢᠨᠠᠷᠲᠠᠶ ᠮᠠᠲ᠋ᠧᠷᠢᠶᠠᠯ ︵ᠰᠢᠷᠪᠢᠯᠲᠡ ᠶᠢᠨ ᠮᠠᠲ᠋ᠧᠷᠢᠶᠠᠯ︶  ᠵᠡᠷᠭᠡ ᠪᠠᠭᠲᠠᠨ᠎ᠠ᠃     ᠶᠢᠰᠦ᠂ ᠦᠨᠡᠯᠡᠨ ᠲᠣᠭᠲᠠᠭᠠᠬᠤ ᠵᠢᠷᠤᠮ     ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠦᠨᠡᠯᠡᠨ ᠲᠣᠭᠲᠠᠭᠠᠬᠤ  ᠶᠠᠪᠤᠴᠠ ᠨᠢ ᠳᠣᠤᠷᠠᠬᠢ ᠮᠡᠲᠦ᠄ ᠭᠤᠶᠤᠴᠢᠯᠠᠨ ᠮᠡᠳᠡᠭᠦᠯᠬᠦ᠂ ᠬᠢᠷᠢ ᠬᠡᠮ ᠢ ᠬᠢᠨᠠᠨ ᠪᠠᠶᠢᠴᠠᠭᠠᠬᠤ᠂ ᠮᠠᠲ᠋ᠧᠷᠢᠶᠠᠯ ᠢ ᠬᠢᠨᠠᠨ ᠲᠣᠭᠲᠠᠭᠠᠬᠤ᠂ ᠲᠤᠬᠠᠶ ᠶᠢᠨ ᠲᠠᠯᠠᠪᠤᠷ ᠲᠤᠨᠢ ᠬᠢᠨᠠᠨ ᠲᠣᠭᠲᠠᠭᠠᠬᠤ᠂ ᠶᠡᠷᠦᠩᠬᠡᠶᠢᠯᠡᠨ ᠬᠢᠨᠠᠨ ᠲᠣᠭᠲᠠᠭᠠᠬᠤ᠂ ᠬᠤᠷᠠᠯ ᠬᠤᠷᠠᠯᠳᠤᠭᠤᠯᠬᠤ᠂ ᠢᠯᠡ ᠨᠡᠶᠢᠲᠡᠯᠡᠬᠦ᠂ ᠵᠥᠪᠰᠢᠶᠡᠷᠡᠬᠦ᠂ ᠬᠥᠬᠢᠭᠦᠯᠦᠨ ᠱᠠᠩᠨᠠᠬᠤ᠃     ᠠᠷᠪᠠ᠂ ᠪᠤᠰᠤᠳ ᠠᠩᠬᠠᠷᠬᠤ ᠵᠦᠢᠯ     1. ᠱᠠᠩᠨᠠᠯ ᠣᠯᠤᠭᠰᠠᠨ ᠵᠣᠬᠢᠶᠠᠨ ᠪᠠᠶᠢᠭᠤᠯᠤᠯᠲᠠ ᠭᠠᠳᠠᠭᠰᠢ ᠤᠬᠠᠭᠤᠯᠬᠤ ᠳᠤ ᠪᠠᠨ ᠱᠠᠩᠨᠠᠯ ᠣᠯᠤᠭᠰᠠᠨ ᠣᠨ ᠢᠶᠠᠨ ᠲᠣᠳᠣᠷᠬᠠᠶᠢᠯᠠᠬᠤ ᠬᠡᠷᠡᠭᠲᠡᠶ᠃     2. ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠮᠥᠩᠭᠦ ᠶᠢ ᠣᠯᠤᠭᠰᠠᠨ ᠵᠣᠬᠢᠶᠠᠨ ᠪᠠᠶᠢᠭᠤᠯᠤᠯᠲᠠ ᠨᠢ ᠱᠠᠩᠨᠠᠯ ᠣᠯᠤᠭᠰᠠᠨ ᠣᠨ ᠠᠴᠠ ᠡᠬᠢᠯᠡᠨ 3 ᠵᠢᠯ ᠤᠨ ᠲᠠᠷᠠᠭ᠎ᠠ ᠰᠠᠶ᠋ᠢ ᠲᠠᠬᠢᠨ ᠭᠤᠶᠤᠴᠢᠯᠠᠵᠤ ᠪᠣᠯᠤᠨ᠎ᠠ︔ ᠲᠤᠰ ᠱᠠᠩᠨᠠᠯ ᠢ ᠳᠠᠬᠢᠨᠲᠠ ᠣᠯᠤᠭᠰᠠᠳ ᠲᠤ ᠦᠨᠡᠮᠯᠡᠯ ᠪᠠ ᠴᠣᠯᠠ ᠣᠯᠭᠤᠨ᠎ᠠ᠂ ᠱᠠᠩᠨᠠᠯ ᠤᠨ ᠮᠥᠩᠭᠦ ᠣᠯᠭᠤᠬᠤ ᠦᠭᠡᠢ᠂ ᠲᠤᠰ ᠵᠢᠯ ᠤᠨ ᠱᠠᠩᠨᠠᠯ ᠤᠨ ᠣᠷᠣᠨ ᠲᠤᠭ᠎ᠠ ᠶᠢ ᠡᠵᠡᠯᠡᠭᠦᠯᠬᠦ ᠦᠭᠡᠢ᠃     3. ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠮᠧᠳᠠᠯ ᠪᠠ ᠦᠨᠡᠮᠯᠡᠯ ᠢ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠣᠯᠭᠤᠨ᠎ᠠ᠂ ᠶᠠᠮᠠᠷᠪᠠ ᠨᠢᠭᠡᠴᠢ ᠪᠠ ᠬᠤᠪᠢ ᠬᠥᠮᠦᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠲᠡᠮᠳᠡᠭ᠂ ᠱᠠᠩᠨᠠᠯ ᠤᠨ ᠮᠧᠳᠠᠯ ᠪᠠ ᠦᠨᠡᠮᠯᠡᠯ ᠢ ᠬᠠᠭᠤᠷᠮᠠᠭᠯᠠᠨ ᠵᠣᠬᠢᠶᠠᠵᠤ᠂ ᠬᠠᠭᠤᠷᠮᠠᠭᠯᠠᠨ ᠬᠡᠷᠡᠭᠯᠡᠵᠦ ᠪᠣᠯᠬᠤ ᠥᠬᠡᠶ᠂ ᠵᠥᠷᠢᠴᠡᠭᠰᠡᠳ ᠠᠴᠠ ᠬᠠᠤᠯᠢ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2