ᠥᠪᠥᠷ ᠮᠣᠩᠭᠤᠯ ᠪᠠᠩᠬᠢ ᠶᠢᠨ ᠮᠥᠩᠭᠦᠨ ᠭᠦᠢᠯᠭᠡᠭᠡᠨ ᠤ ᠢᠲᠡᠭᠡᠮᠵᠢᠲᠦ ᠵᠢᠭᠡᠯᠡᠯᠭᠡ ᠪᠠᠷ ᠲᠥᠮᠥᠰᠥ ᠶᠢᠨ ᠠᠵᠤ ᠦᠢᠯᠡᠰ ᠢ ᠳᠡᠮᠵᠢᠵᠦ 5 ᠳ᠋ᠦᠩᠰᠢᠭᠤᠷ ᠲᠥᠭᠦᠷᠢᠭ ᠢ ᠳᠠᠪᠠᠪᠠ
ᠨᠡᠶᠢᠲᠡᠯᠡᠭᠰᠡᠨ ᠴᠠᠭ᠄
2021/11/30
    ᠤᠢᠢᠷ᠎ᠠ ᠶᠢᠨ ᠵᠢᠯ ᠠᠴᠠ᠂ ᠥᠪᠥᠷ ᠮᠣᠩᠭᠤᠯ ᠪᠠᠩᠬᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠥᠮᠥᠰᠥ ᠶᠢᠨ ᠠᠵᠤ ᠦᠢᠯᠡᠰ ᠢᠶᠠᠷ ᠤᠯᠠᠭᠠᠨᠴᠠᠪ ᠣᠷᠣᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠭᠤᠣᠯᠳᠠᠯᠭ᠎ᠠ ᠲᠠᠢ ᠳᠡᠮᠵᠢᠬᠦ ᠠᠵᠤ ᠦᠢᠯᠡᠰ ᠪᠣᠯᠭᠠᠵᠤ᠂ ᠤᠯᠤᠰ ᠤᠨ ᠲᠥᠮᠥᠰᠥ ᠶᠢ ᠭᠤᠣᠯ ᠠᠮᠤ ᠪᠤᠳᠠᠭ᠎ᠠ ᠪᠣᠯᠭᠠᠬᠤ ᠶᠢ ᠳᠡᠮᠵᠢᠬᠦ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠯᠠᠩ ᠢ ᠬᠥᠭᠵᠢᠭᠦᠯᠬᠦ ᠲᠦᠷᠦ ᠶᠢᠨ ᠪᠤᠳᠤᠯᠭ᠎ᠠ ᠶᠢ ᠭᠦᠢᠴᠡᠳ ᠠᠰᠢᠭᠯᠠᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠬᠦᠴᠦᠷᠬᠡᠭ ᠶᠡᠭᠡ ᠮᠥᠩᠭᠦᠨ ᠭᠦᠢᠯᠭᠡᠭᠡᠨ ᠤ ᠲᠤᠯᠭᠠᠭᠤᠷᠢᠯᠠᠯ ᠬᠠᠩᠭᠠᠪᠠ᠃     ᠥᠪᠥᠷ ᠮᠣᠩᠭᠤᠯ ᠪᠠᠩᠬᠢ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠵᠦᠸᠧᠽᠢ ᠰᠢᠶᠠᠨ ᠵᠡᠷᠭᠡ ᠲᠥᠮᠥᠰᠥ ᠶᠢᠨ ᠭᠠᠷᠤᠯᠲᠠ ᠶᠢᠨ ᠣᠷᠣᠨ ᠳᠤ ᠰᠢᠶᠠᠨ ᠤ ᠬᠡᠪᠴᠢᠶᠡᠨ ᠤ ᠰᠠᠯᠪᠤᠷᠢ ᠪᠠᠩᠬᠢ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠴᠢᠯᠡᠭᠡᠨ ᠤ ᠦᠷᠳᠡᠭᠡ ᠪᠠᠶᠢᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠯᠤᠭ᠎ᠠ ᠮᠥᠩᠭᠦᠨ ᠭᠦᠢᠯᠭᠡᠭᠡᠨ ᠤ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠶᠡᠷᠦᠩᠬᠡᠶᠢᠯᠡᠭᠰᠡᠨ ᠲᠥᠰᠦᠯ ᠢ ᠲᠣᠭᠲᠠᠭᠠᠨ ᠬᠡᠷᠡᠭᠵᠢᠭᠦᠯᠵᠦ᠂ ᠲᠥᠮᠥᠰᠥ ᠶᠢᠨ ᠣᠷᠣᠨ ᠨᠤᠲᠤᠭ ᠤᠨ ᠤᠨᠴᠠᠯᠢᠭᠳᠤ ᠠᠵᠤ ᠦᠢᠯᠡᠰ ᠢ ᠭᠤᠣᠯᠳᠠᠯᠭ᠎ᠠ ᠲᠠᠢ ᠳᠡᠮᠵᠢᠪᠡ᠃ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠥᠮᠥᠰᠥ ᠶᠢᠨ ᠤᠯᠤᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠲᠣᠭᠤᠷᠢᠨ ᠳᠤ᠂ ᠣᠷᠣᠨ ᠨᠤᠲᠤᠭ ᠤᠨ ᠵᠠᠰᠠᠭ ᠤᠨ ᠣᠷᠳᠣᠨ ᠪᠠ ᠬᠦᠷᠢᠶᠡᠯᠡᠩ ᠲᠣᠭᠤᠷᠢᠭ ᠤᠨ ᠬᠥᠲᠥᠴᠢ ᠠᠵᠤ ᠠᠬᠤᠶᠢᠯᠠᠯ ᠯᠤᠭ᠎ᠠ ᠭᠦᠨᠵᠡᠭᠡᠶ ᠬᠠᠮᠲᠤᠷᠠᠯᠴᠠᠬᠤ ᠬᠠᠷᠢᠴᠠᠭ᠎ᠠ ᠶᠢ ᠪᠠᠶᠢᠭᠤᠯᠵᠤ᠂ ᠲᠥᠮᠥᠰᠥ ᠶᠢᠨ ᠠᠵᠤ ᠦᠢᠯᠡᠰ ᠤᠨ ᠬᠦᠷᠢᠶᠡᠯᠡᠩ ᠤᠨ ᠠᠵᠤ ᠠᠬᠤᠶ ᠶᠢᠨ ᠣᠨᠴᠠᠯᠢᠭ ᠲᠤ ᠨᠡᠶᠢᠴᠡᠬᠦ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠵᠠᠭᠪᠤᠷ ᠪᠠ ᠦᠢᠯᠡᠳᠬᠦᠨ ᠤ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠪᠦᠬᠦ᠋ᠢᠯᠡ ᠬᠦᠷᠢᠶᠡᠯᠡᠩ ᠲᠣᠭᠤᠷᠢᠭ ᠤᠨ ᠲᠥᠮᠥᠰᠥ ᠶᠢᠨ ᠪᠥᠬᠦ ᠠᠵᠤ ᠦᠢᠯᠡᠰ ᠤᠨ ᠬᠡᠯᠬᠢᠶᠡᠵᠢᠯ ᠳᠠᠬᠢ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠲᠥᠮᠥᠰᠥ ᠶᠢᠨ ᠣᠶᠤᠨᠴᠢ ᠠᠵᠤ ᠦᠢᠯᠡᠰ ᠤᠨ ᠬᠦᠷᠢᠶᠡᠯᠡᠩ ᠢ ︽ᠠᠷᠠᠯᠵᠢᠶ᠎ᠠ ᠠᠵᠤ ᠦᠢᠯᠡᠳᠪᠦᠷᠢ ᠲᠠᠷᠢᠶᠠᠯᠠᠩ︾ ᠢ ᠨᠢᠭᠡ ᠴᠤᠭᠴᠠᠵᠢᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠣᠷᠣᠨ ᠪᠣᠯᠭᠠᠨ ᠪᠥᠲᠥᠭᠡᠨ ᠪᠠᠶᠢᠭᠤᠯᠤᠨ᠎ᠠ᠃ ᠣᠳᠣ ᠪᠣᠯᠲᠠᠯ᠎ᠠ᠂ ᠥᠪᠥᠷ ᠮᠣᠩᠭᠤᠯ ᠪᠠᠩᠬᠢ ᠪᠣᠯᠤᠨ ᠱᠤ᠋ ᠳ᠋ᠦ᠋ ᠺᠠᠢ ᠳ᠋ᠠ᠂ ᠵᠦᠩ ᠵᠢᠶᠠ᠂ ᠮᠢᠨ ᠹᠧᠩ ᠵᠡᠷᠭᠡ ᠲᠥᠮᠥᠰᠥᠨ ᠤ ᠬᠦᠲᠦᠴᠢ ᠠᠵᠤ ᠠᠬᠤᠶᠢᠯᠠᠯ ᠲᠠᠢ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠢ ᠭᠦᠨᠵᠡᠭᠡᠶ ᠬᠠᠮᠲᠤᠷᠠᠯᠴᠠᠭ᠎ᠠ ᠶᠢ ᠪᠠᠶᠢᠭᠤᠯᠵᠤ᠂ ᠮᠥᠩᠭᠦᠨ ᠭᠦᠢᠯᠭᠡᠭᠡᠨ ᠢᠶᠠᠷ ᠣᠷᠣᠨ ᠨᠤᠲᠤᠭ ᠤᠨ ᠤᠨᠴᠠᠯᠢᠬᠳᠤ ᠲᠠᠷᠢᠶᠠᠯᠠᠩ ᠤᠨ ᠬᠦᠲᠦᠴᠢ ᠠᠵᠤ ᠠᠬᠤᠶᠢᠯᠠᠯ ᠳᠤ ᠦᠢᠯᠡᠴᠢᠯᠡᠬᠦ ᠶᠢᠨ ᠵᠡᠷᠭᠡᠪᠡᠷ ︽ᠪᠠᠩᠬᠢ + ᠭᠤᠣᠯᠯᠠᠭᠴᠢ ᠠᠵᠤ ᠠᠬᠤᠶᠢᠯᠠᠯ + ᠳᠠᠭᠠᠭᠠᠯᠲᠠ ᠶᠢᠨ ᠺᠣᠮᠫᠠᠨᠢ + ᠲᠠᠷᠢᠶᠠᠴᠢᠨ ᠡᠷᠦᠬᠡ︾ ᠶᠢᠨ ᠲᠤᠬᠠᠶᠢᠯᠠᠭᠰᠠᠨ ᠠᠵᠢᠯ ᠤᠨ ᠵᠠᠭᠪᠤᠷ ᠢ ᠬᠡᠷᠡᠭᠯᠡᠵᠦ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠤᠤᠷᠠᠳᠤ ᠬᠡᠯᠬᠢᠶ᠎ᠡ ᠶᠢᠨ ᠠᠵᠤ ᠠᠬᠤᠶᠢᠯᠠᠯ᠂ ᠬᠤᠷᠰᠢᠶ᠎ᠠ᠂ ᠲᠠᠷᠢᠶᠠᠴᠢᠨ ᠡᠷᠦᠬᠡ ᠳᠤ ᠶᠡᠷᠦᠩᠬᠡᠶᠢᠯᠡᠭᠰᠡᠨ ᠴᠢᠨᠠᠷᠲᠠᠢ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠵᠤ᠂ ᠪᠦᠬᠦ᠋ᠢᠯᠡ ᠲᠥᠮᠥᠰᠥ ᠶᠢᠨ ᠠᠵᠤ ᠦᠢᠯᠡᠰ ᠢ ᠪᠤᠵᠠᠭᠠᠶᠢᠷᠠᠭᠤᠯᠵᠤ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠤᠯᠭᠠᠭᠤᠷᠢᠯᠠᠨ᠎ᠠ᠃ ᠣᠶᠢᠷ᠎ᠠ ᠶᠢᠨ ᠬᠤᠶᠠᠷ ᠵᠢᠯ ᠳᠤ᠂ ᠤᠯᠠᠭᠠᠨᠴᠠᠪ ᠤᠨ ᠲᠥᠮᠥᠰᠥ ᠶᠢᠨ ᠭᠤᠤᠯ ᠭᠠᠷᠤᠯᠲᠠ ᠶᠢᠨ ᠣᠷᠣᠨ ᠳᠤ ᠲᠠᠯᠪᠢᠭᠰᠠᠨ ᠢᠲᠡᠭᠡᠮᠵᠢᠲᠦ ᠵᠢᠭᠡᠯᠡᠯᠭᠡ 5 ᠳ᠋ᠦᠩᠰᠢᠭᠤᠷ ᠲᠥᠭᠦᠷᠢᠭ ᠢ ᠳᠠᠪᠠᠵᠤ᠂ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠵᠢᠭᠡᠯᠡᠯᠭᠡ ᠶᠢᠨ 50% ᠰᠢᠬᠠᠮ ᠢ ᠡᠵᠡᠯᠡᠨ᠂ ᠲᠥᠮᠥᠰᠥ ᠶᠢᠨ ᠠᠵᠤ ᠠᠬᠤᠶᠢᠯᠠᠯ ᠵᠢᠴᠢ ᠳᠡᠭᠡᠳᠦ ᠳᠣᠤᠷᠠᠳᠤ ᠬᠡᠯᠬᠢᠶ᠎ᠡ ᠶᠢᠨ 40 ᠭᠠᠷᠤᠶ ᠠᠵᠤ ᠠᠬᠤᠶᠢᠯᠠᠯ ᠢ ᠳᠡᠮᠵᠢᠵᠦ᠂ 35000 ᠭᠠᠷᠤᠶ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠪᠡ᠃                                                      ᠣᠷᠴᠢᠭᠤᠯᠤᠭᠴᠢ᠄ ᠭᠤᠸ᠎ᠠ                                                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2