2021 ᠣᠨ ᠤ 3 ᠰᠠᠷ᠎ᠠ ᠶᠢᠨ 12 ᠤᠨ ᠡᠳᠦᠷ᠂ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ | ᠠᠯᠪᠠᠨ ᠬᠡᠷ ᠠᠴᠠ ︽ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ | ᠲᠥᠰᠦᠯ︾ ︵ᠤᠯᠠᠭᠠᠨᠴᠠᠪ ᠵᠠᠰᠠᠭ ᠠᠯᠪᠠᠨ ᠲᠠᠷᠬᠠᠭᠠᠭᠰᠠᠨ ﹇2021﹈ 10 ᠳ᠋ᠤᠭᠠᠷ ᠲᠣᠭᠠᠲᠤ᠂ ᠳᠣᠷᠣᠭᠰᠢ ︽ | ᠬᠡᠷᠡᠭᠵᠢᠭᠦᠯᠬᠦ ᠲᠥᠰᠦᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠂ ︽ᠬᠡᠷᠡᠭᠵᠢᠭᠦᠯᠬᠦ ᠲᠥᠰᠦᠯ︾ | ᠪᠣᠯ ᠮᠠᠨ ᠤ ᠬᠤᠲᠠ ᠶᠢᠨ ᠭᠡᠷᠡᠴᠢᠯᠡᠬᠦ ᠵᠦᠢᠯᠡᠰ ᠢ ᠮᠡᠳᠡᠭᠳᠡᠵᠦ ᠠᠮᠠᠯᠠᠭᠤᠯᠬᠤ ᠲᠦᠷᠢᠮ ᠢ ᠪᠥᠬᠦ ᠲᠠᠯ᠎ᠠ ᠪᠠᠷ | ᠬᠡᠷᠡᠭᠵᠢᠭᠦᠯᠵᠦ᠂ ︽ᠦᠨᠡᠮᠯᠡᠯ ᠢ ᠴᠥᠬᠡᠳᠬᠡᠨ ᠠᠷᠠᠳ ᠲᠤ ᠲᠥᠬᠦᠮ ᠦᠵᠡᠭᠦᠯᠬᠦ︾ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠳᠥᠯᠭᠢᠨ ᠠᠬᠢᠭᠤᠯᠬᠤ | ᠨᠢᠭᠡᠨ ᠴᠢᠬᠤᠯᠠ ᠵᠢᠯᠣᠭᠤᠳᠬᠤ ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ᠃ ᠤᠳᠤ ᠳᠣᠣᠷᠠᠬᠢ ᠮᠡᠲᠦ | ᠲᠣᠳᠣᠷᠬᠠᠶᠢᠯᠠᠯᠲᠠ ᠬᠢᠶ᠎ᠡ᠄ | ᠨᠢᠭᠡ᠂ ︽ᠬᠡᠷᠡᠭᠵᠢᠭᠦᠯᠬᠦ ᠲᠥᠰᠦᠯ︾ ᠢ ᠶᠠᠮᠠᠷ ᠠᠬᠤᠶ ᠪᠠᠶᠢᠳᠠᠯ ᠤᠨ ᠳᠣᠤᠷ᠎ᠠ ᠨᠡᠶᠢᠲᠡᠯᠡᠭᠰᠡᠨ ᠪᠣᠶ︖ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠨᠠᠮ ᠤᠨ ᠲᠥᠪ ᠬᠤᠷᠢᠶ᠎ᠠ᠂ ᠲᠦᠷᠦ ᠶᠢᠨ | ᠶᠠᠪᠤᠳᠠᠯ ᠤᠨ ᠬᠤᠷᠢᠶ᠎ᠠ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ᠂ ︽ᠲᠠᠯᠪᠢᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠪᠠ᠃ ᠶᠡᠷᠦᠩᠬᠡᠶ ᠱᠦᠵᠢ ᠰᠢ ᠶᠢᠨ ᠫᠢᠩ ᠵᠢᠭᠠᠵᠤ | ᠭᠠᠷᠭᠠᠭᠰᠠᠨ ᠨᠢ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠲᠦᠷᠭᠡᠪᠴᠢᠯᠡᠨ ᠬᠤᠪᠢᠷᠠᠭᠤᠯᠵᠤ᠂ ᠵᠠᠰᠠᠭ ᠢ | ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠠᠵᠢᠯ ᠢ ᠦᠷᠭᠦᠯᠵᠢᠯᠡᠨ ᠶᠡᠬᠡᠪᠡᠷ ᠬᠢᠵᠦ᠂ ︽ᠦᠨᠡᠮᠯᠡᠯ ᠢ | ᠴᠥᠬᠡᠳᠬᠡᠨ ᠠᠷᠠᠳ ᠲᠤ ᠳᠥᠭᠦᠮ ᠦᠵᠡᠭᠦᠯᠬᠦ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠬᠦ ᠬᠡᠷᠡᠭᠲᠡᠶ᠃ | ᠶᠡᠷᠦᠩᠬᠡᠶ ᠰᠠᠶᠢᠳᠯᠢ ᠺᠧ ᠴᠢᠶᠠᠩ ᠴᠢᠬᠤᠯᠠᠴᠢᠯᠠᠭᠰᠠᠨ ᠨᠢ᠂ ᠡᠯ᠎ᠡ ᠵᠦᠢᠯ ᠤᠨ ᠬᠡᠷᠡᠭ ᠦᠭᠡᠶ ᠭᠡᠷᠡᠴᠢᠯᠡᠯ ᠪᠠ ᠶᠠᠷᠰᠢᠭ | ᠲᠦᠪᠡᠭᠲᠡᠶ ᠭᠠᠷ ᠭᠦᠢᠴᠡᠳᠬᠡᠯ ᠢ ᠬᠦᠴᠦᠨ ᠦᠭᠡᠶ ᠪᠣᠯᠭᠠᠵᠤ᠂ ᠦᠢᠯᠡᠳᠪᠦᠷᠢᠯᠡᠯ ᠤᠨ ᠵᠥᠪᠰᠢᠶᠡᠷᠡᠯ᠂ ᠲᠥᠷᠥᠯ | ᠵᠦᠢᠯ ᠤᠨ ᠪᠡᠯᠡ ᠣᠷᠣᠭᠤᠯᠤᠯᠲᠠ ᠶᠢ ᠬᠢᠨᠠᠨ ᠵᠥᠪᠰᠢᠶᠡᠷᠡᠬᠦ᠂ ᠭᠡᠷᠡᠴᠢᠯᠡᠬᠦ ᠵᠦᠢᠯᠡᠰ ᠵᠡᠷᠭᠡ ᠬᠦᠷᠢᠶᠡᠨ ᠳᠤ | ᠠᠮᠠᠯᠠᠯᠲᠠ ᠶᠢᠨ ᠳᠦᠷᠢᠮ ᠢ ᠥᠷᠭᠡᠨ ᠢᠶᠠᠷ ᠬᠡᠷᠡᠭᠵᠢᠭᠦᠯᠬᠦ ᠬᠡᠷᠡᠭᠲᠡᠶ᠃ 2020 ᠣᠨ ᠤ 10 ᠰᠠᠷ᠎ᠠ ᠶᠢᠨ 21 ᠤ | ᠡᠳᠦᠷ᠂ ᠶᠡᠷᠦᠩᠬᠡᠶ ᠰᠠᠶᠢᠳ ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ | ᠬᠤᠷᠠᠯᠳᠤᠭᠠᠨ ᠢ ᠡᠷᠭᠢᠯᠡᠨ ᠬᠤᠷᠠᠯᠳᠤᠭᠤᠯᠵᠤ᠂ ᠲᠤᠷᠰᠢᠯᠲᠠ ᠶᠢᠨ ᠠᠵᠢᠯ ᠤᠨ ᠲᠤᠷᠰᠢᠯᠭ᠎ᠠ ᠶᠢ ᠳ᠋ᠦᠩᠨᠡᠵᠦ᠂ | ᠥᠷᠭᠡᠨ ᠢᠶᠠᠷ ᠰᠠᠨᠠᠯ ᠬᠤᠷᠢᠶᠠᠭᠰᠠᠨ ᠰᠠᠭᠤᠷᠢᠨ ᠳᠡᠭᠡᠷ᠎ᠡ᠂ ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ | ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠪᠠᠷ ᠲᠣᠭᠲᠠᠪᠠ᠃ 10 ᠰᠠᠷ᠎ᠠ ᠶᠢᠨ 27 ᠤ ᠡᠳᠦᠷ᠂ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠵᠢᠯᠣᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠵᠤ᠂ ᠡᠯ᠎ᠡ ᠮᠤᠵᠢ | ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ | ᠲᠥᠷᠥ ᠶᠢᠨ ᠶᠠᠪᠤᠳᠠᠯ ᠤᠨ ᠬᠤᠷᠢᠶᠠᠨ ᠤ ᠡᠯ᠎ᠡ ᠰᠠᠯᠠᠭ᠎ᠠ ᠮᠥᠴᠢᠷ ᠲᠤ ᠭᠡᠷᠡᠴᠢᠯᠡᠬᠦ ᠵᠦᠢᠯᠡᠰ ᠢ ᠮᠡᠳᠡᠭᠳᠡᠬᠦ | ᠠᠮᠠᠯᠠᠯᠲᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠶ ᠭᠡᠵᠦ ᠱᠠᠭᠠᠷᠳᠠᠪᠠ᠃ 2020 ᠣᠨ ᠤ 12 | ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠱᠠᠭᠠᠷᠳᠠᠯᠭ᠎ᠠ ᠶᠣᠰᠣᠭᠠᠷ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠭᠡᠷᠡᠴᠢᠯᠡᠬᠦ | ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠢ ᠬᠡᠷᠡᠭᠵᠢᠭᠦᠯᠬᠦ ᠲᠥᠰᠦᠯ ᠢ | ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ 51ᠳ᠋ᠦ᠋ᠭᠡᠷ | ᠲᠣᠭᠠᠲᠤ︶ ᠤᠨ ᠪᠢᠴᠢᠭ ᠮᠠᠲ᠋ᠧᠷᠢᠶᠠᠯ ᠢ ᠪᠠᠭᠤᠯᠭᠠᠵᠤ᠂ ᠪᠥᠬᠦ ᠣᠷᠣᠨ ᠳᠤ ᠭᠡᠷᠡᠴᠢᠯᠡᠬᠦ ᠵᠦᠢᠯᠡᠰ ᠢ ᠮᠡᠳᠡᠭᠳᠡᠬᠦ | ᠠᠮᠠᠯᠠᠯᠲᠠ ᠶᠢᠨ ᠲᠦᠷᠢᠮ ᠢ ᠬᠡᠷᠡᠭᠵᠢᠭᠦᠯᠪᠡ᠃ ᠡᠶᠢᠮᠦᠷᠬᠦ ᠠᠬᠤᠶ ᠪᠠᠶᠢᠳᠠᠯ ᠤᠨ ᠳᠣᠤᠷ᠎ᠠ᠂ ᠤᠯᠠᠭᠠᠨᠴᠠᠪ | ᠬᠤᠲᠠ ᠶᠢᠨ ᠬᠢᠨ ︽ᠬᠡᠷᠡᠭᠵᠢᠭᠦᠯᠬᠦ ᠲᠥᠰᠦᠯ︾ ᠢ ᠨᠠᠶᠢᠷᠠᠭᠤᠯᠤᠨ ᠲᠣᠭᠲᠠᠭᠠᠵᠤ ᠨᠡᠶᠢᠲᠡᠯᠡᠭᠰᠡᠨ ᠪᠠᠶᠢᠨ᠎ᠠ᠃ | ᠬᠤᠶᠠᠷ᠂ ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠶᠢᠨ | ᠬᠠᠷᠠᠯᠲᠠ ᠨᠢ ᠶᠠᠭᠤ ᠪᠤᠢ︖ | ᠪᠦᠬᠦ ᠬᠤᠲᠠ ᠶᠢᠨ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠠ ᠬᠠᠤᠯᠢ ᠴᠠᠭᠠᠵᠠ ᠬᠠᠤᠯᠢ | ᠲᠣᠭᠲᠠᠭᠠᠯ ᠠᠴᠠ ᠡᠷᠬᠡ ᠣᠯᠭᠤᠭᠰᠠᠨ ᠣᠯᠠᠨ ᠨᠡᠶᠢᠲᠡ ᠶᠢᠨ ᠬᠡᠷᠡᠭ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ | ᠪᠦᠬᠦᠢ ᠵᠣᠬᠢᠶᠠᠨ ᠪᠠᠶᠢᠭᠤᠯᠤᠯᠲᠠ ᠠᠴᠠ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠨᠤᠲᠠᠯᠠᠯᠲᠠ᠂ | ᠵᠠᠰᠠᠭ ᠵᠠᠬᠢᠷᠭᠠᠨ ᠤ ᠥᠭᠭᠦᠯᠲᠡ ᠵᠡᠷᠭᠡ ᠭᠤᠶᠤᠴᠢᠯᠠᠭᠰᠠᠨ ᠵᠠᠰᠠᠭ ᠵᠠᠬᠢᠷᠭᠠᠨ ᠤ ᠬᠡᠷᠡᠭ ᠶᠠᠪᠤᠳᠠᠯ ᠢ ᠭᠦᠢᠴᠡᠳᠬᠡᠬᠦ | ᠦᠶ᠎ᠡ ᠳᠤ ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ | ᠪᠠᠷᠢᠮᠵᠢᠶ᠎ᠠ ᠶᠢ ᠢᠯᠡ ᠪᠣᠯᠭᠠᠬᠤ᠂ ᠲᠦᠷᠢᠮ ᠢ ᠭᠤᠣᠯᠴᠢ ᠪᠠᠶᠢᠯᠭᠠᠬᠤ᠂ ᠵᠢᠱᠢᠯᠲᠡ ᠶᠢ ᠲᠣᠳᠣᠷᠬᠠᠶ ᠪᠠᠶᠢᠯᠭᠠᠬᠤ᠂ ᠲᠤᠰ | ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠰᠢᠨ᠎ᠡ | ᠵᠠᠰᠠᠯᠲᠠ ᠶᠢᠨ ᠵᠠᠭᠪᠤᠷ ᠢ ᠪᠤᠢ ᠪᠣᠯᠭᠠᠬᠤ ᠶᠢ ᠲᠦᠯᠬᠢᠨ ᠠᠬᠢᠭᠤᠯᠵᠤ᠂ ᠲᠦᠷᠢᠮ ᠤᠨ ᠴᠢᠨᠠᠷᠲᠠᠶ ᠠᠷᠠᠯᠵᠢᠶᠠᠨ ᠤ | ᠥᠪᠡᠷ ᠤᠨ ᠦᠷᠳᠡᠭ ᠢ ᠪᠠᠭᠤᠷᠠᠭᠤᠯᠤᠨ᠂ ᠠᠵᠤ ᠠᠬᠤᠶᠢᠯᠠᠯ ᠪᠠ ᠤᠯᠠᠨ ᠲᠦᠮᠡᠨ ᠤ ᠳᠠᠷᠤᠭᠠᠰᠤ ᠶᠢ ᠬᠥᠩᠭᠡᠷᠡᠭᠦᠯᠵᠦ᠂ | ᠠᠵᠤ ᠠᠬᠤᠶᠢᠯᠠᠯ ᠪᠠ ᠤᠯᠠᠨ ᠲᠦᠮᠡᠨ ᠤ ᠭᠦᠢᠴᠡᠳᠬᠡᠬᠦ ᠦᠨᠡᠮᠯᠡᠯ ᠤᠯᠠᠨ᠂ ᠦᠨᠡᠮᠯᠡᠯ ᠭᠦᠢᠴᠡᠳᠬᠡᠬᠦ ᠳᠤ | ᠬᠦᠴᠢᠷᠲᠡᠶ ᠪᠠᠶᠢᠬᠤ ᠵᠡᠷᠭᠡ ᠠᠰᠠᠭᠤᠳᠠᠯ ᠢ ᠰᠢᠢᠳᠪᠦᠷᠢᠯᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠬᠥᠭᠵᠢᠯᠲᠡ ᠶᠢᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠤᠯᠠᠮ ᠨᠢᠭᠡ ᠠᠯᠬᠤᠮ | ᠬᠥᠭᠵᠢᠭᠡᠨ᠎ᠡ᠃ | ᠭᠤᠷᠪᠠ᠂ ᠶᠠᠮᠠᠷ ᠶᠠᠮᠠᠷ ᠭᠡᠷᠡᠴᠢᠯᠡᠬᠦ ᠵᠦᠢᠯᠡᠰ ᠲᠤ ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠪᠤᠢ︖ | ᠭᠡᠷᠡᠴᠢᠯᠡᠬᠦ ᠭᠡᠳᠡᠭ ᠨᠢ ᠠᠷᠠᠳ ᠢᠷᠭᠡᠨ᠂ ᠬᠠᠤᠯᠢ ᠶᠢᠨ ᠡᠲᠡᠭᠡᠳ ᠪᠠ ᠪᠤᠰᠤᠳ ᠵᠣᠬᠢᠶᠠᠨ ᠪᠠᠶᠢᠭᠤᠯᠤᠯᠲᠠ | ᠬᠠᠤᠯᠢ ᠶᠣᠰᠣᠭᠠᠷ ᠵᠠᠰᠠᠭ ᠵᠠᠬᠢᠷᠭᠠᠨ ᠤ ᠪᠠᠶᠢᠭᠤᠯᠭ᠎ᠠ ᠳᠤ ᠬᠠᠤᠯᠢ ᠶᠤᠰᠤᠭᠠᠷ ᠵᠠᠰᠠᠭ ᠵᠠᠬᠢᠷᠭᠠᠨ ᠤ ᠵᠥᠪᠰᠢᠶᠡᠷᠡᠯ᠂ | ᠵᠠᠰᠠᠭ ᠵᠠᠬᠢᠷᠭᠠᠨ ᠤ ᠨᠤᠲᠠᠯᠠᠯᠲᠠ᠂ ᠵᠠᠰᠠᠭ ᠵᠠᠬᠢᠷᠭᠠᠨ ᠤ ᠥᠭᠭᠦᠯᠲᠡ ᠵᠡᠷᠭᠡ ᠵᠠᠰᠠᠭ ᠵᠠᠬᠢᠷᠭᠠᠨ ᠤ ᠵᠦᠢᠯᠡᠰ ᠢ | ᠭᠦᠢᠴᠡᠳᠬᠡᠭᠦᠯᠬᠦ ᠪᠠᠷ ᠭᠤᠶᠤᠴᠢᠯᠠᠬᠤ ᠦᠶ᠎ᠡ ᠳᠤ ᠬᠠᠩᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠪᠤᠰᠤᠳ | ᠪᠠᠶᠢᠭᠤᠯᠤᠮᠵᠢ ᠠᠴᠠ ᠭᠠᠷᠭᠠᠵᠤ ᠥᠭᠬᠦ ᠴᠢᠬᠤᠯᠠᠲᠠᠶ ᠪᠠᠶᠢᠵᠤ᠂ ᠪᠤᠰᠤᠳᠴᠢ ᠪᠣᠳᠠᠲᠤ ᠶᠠᠪᠤᠳᠠᠯ ᠢ ᠳᠦᠷᠰᠦᠯᠡᠬᠦ ᠪᠤᠶᠤ | ᠣᠨᠴᠠᠭᠠᠶ ᠨᠥᠬᠦᠴᠡᠯ ᠳᠤ ᠨᠡᠶᠢᠴᠡᠬᠦ ᠶᠢ ᠲᠣᠳᠣᠷᠬᠠᠶᠢᠯᠠᠬᠤ ᠳᠤ ᠬᠡᠷᠡᠭᠯᠡᠬᠦ ᠮᠠᠲ᠋ᠧᠷᠢᠶᠠᠯ ᠢ ᠵᠢᠭᠠᠵᠤ ᠪᠠᠶᠢᠨ᠎ᠠ᠃ | ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠤᠨ ᠠᠵᠢᠯ ᠢ ᠪᠥᠬᠦ ᠬᠤᠲᠠ ᠶᠢᠨ ᠬᠡᠪᠴᠢᠶᠡᠨ ᠳᠤ | ᠠᠯᠬᠤᠮ ᠳᠠᠷᠠᠭ᠎ᠠ ᠲᠠᠢ ᠪᠠᠷ ᠪᠦᠬᠦᠨ ᠢ ᠬᠠᠮᠤᠷᠤᠨ ᠥᠷᠨᠢᠭᠦᠯᠵᠦ᠂ ᠬᠡᠷᠡᠭᠵᠢᠭᠦᠯᠬᠦ ᠪᠠᠶᠢᠭᠤᠯᠭ᠎ᠠ ᠳᠤ ᠬᠤᠲᠠ᠂ | ᠬᠤᠰᠢᠭᠤ ᠰᠢᠶᠠᠨ ᠬᠤᠲᠠ ᠲᠣᠭᠤᠷᠢᠭ᠂ ᠰᠤᠮᠤ ᠰᠢᠶᠠᠩ ᠪᠠᠯᠭᠠᠰᠤ ᠶᠢᠨ ᠡᠯ᠎ᠡ ᠱᠠᠲᠤᠨ ᠤ ᠵᠠᠰᠠᠭ ᠵᠠᠬᠢᠷᠭᠠᠨ ᠤ | ᠪᠠᠶᠢᠭᠤᠯᠭ᠎ᠠ ᠶᠢ ᠪᠠᠭᠲᠠᠭᠠᠨ᠎ᠠ᠃ ᠬᠤᠲᠠ᠂ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠵᠠᠬᠢᠷᠭᠠᠨ ᠤ | ᠪᠠᠶᠢᠭᠤᠯᠭ᠎ᠠ ᠨᠤᠭᠤᠳ ᠠᠷᠠᠳ ᠲᠤ ᠬᠠᠮᠤᠭ ᠤᠨ ᠶᠡᠭᠡ ᠬᠡᠮᠵᠢᠶ᠎ᠡ ᠪᠠᠷ ᠠᠰᠢᠭ ᠬᠦᠷᠲᠡᠭᠡᠵᠦ ᠠᠷᠠᠳ ᠲᠤ ᠲᠥᠬᠦᠮ | ᠦᠵᠡᠭᠦᠯᠬᠦ ᠵᠠᠷᠴᠢᠮ ᠶᠣᠰᠣᠭᠠᠷ᠂ ᠲᠥᠷᠥ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠠᠴᠠ ᠮᠡᠳᠡᠭᠳᠡᠬᠦ | ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠪᠠᠷ ᠲᠣᠭᠲᠠᠭᠠᠭᠰᠠᠨ ᠭᠡᠷᠡᠴᠢᠯᠡᠬᠦ ᠵᠦᠢᠯᠡᠰ ᠤᠨ ᠰᠠᠭᠤᠷᠢᠨ ᠳᠡᠭᠡᠷ᠎ᠡ᠂ | ᠤᠯᠠᠭᠠᠨᠴᠠᠪ ᠬᠤᠲᠠ ᠶᠢᠨ ᠪᠣᠳᠠᠲᠠᠶ ᠲᠠᠢ ᠤᠶᠠᠯᠳᠤᠭᠤᠯᠤᠨ᠂ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ ᠤᠨ | ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠦᠭᠰᠡᠨ ᠭᠡᠷᠡᠴᠢᠯᠡᠬᠦ ᠵᠦᠢᠯᠡᠰ ᠤᠨ ᠨᠠᠷᠢᠨ ᠬᠠᠭᠤᠳᠠᠰᠤ ᠶᠢ | ᠰᠤᠳᠤᠯᠤᠨ ᠳᠤᠷᠠᠳᠴᠤ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ | ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠬᠦ ᠶᠢᠨ ᠬᠠᠮᠲᠤ ᠨᠡᠶᠢᠭᠡᠮ ᠳᠤ ᠨᠡᠶᠢᠲᠡᠯᠡᠨ᠎ᠡ᠃ | ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠳᠦᠷᠢᠮ ᠤᠨ ᠭᠠᠷᠴᠠᠭ ᠤᠨ ᠨᠠᠷᠢᠨ ᠳᠠᠩᠰᠠ ᠶᠢ | ᠨᠠᠶᠢᠷᠠᠭᠤᠯᠤᠨ ᠵᠣᠬᠢᠶᠠᠵᠤ᠂ ᠬᠠᠮᠤᠭ ᠤᠨ ᠶᠡᠭᠡ ᠬᠡᠮᠵᠢᠶ᠎ᠡ ᠪᠠᠷ ᠠᠷᠠᠳ ᠲᠤ ᠠᠰᠢᠭ ᠬᠦᠷᠲᠡᠭᠡᠵᠦ ᠠᠷᠠᠳ ᠲᠤ ᠳᠥᠭᠦᠮ | ᠦᠵᠡᠭᠦᠯᠬᠦ ᠵᠠᠷᠴᠢᠮ ᠶᠣᠰᠣᠭᠠᠷ᠂ ᠠᠵᠤ ᠠᠬᠤᠶᠢᠯᠠᠯ ᠪᠠ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠲᠠᠢ | ᠨᠢᠭᠲᠠ ᠬᠤᠯᠪᠣᠭᠠᠲᠠᠢ᠂ ᠬᠡᠷᠡᠭᠯᠡᠬᠦ ᠤᠳᠠᠭ᠎ᠠ ᠨᠢ ᠨᠡᠯᠢᠶᠡᠳ ᠥᠨᠳᠥᠷ ᠪᠤᠶᠤ ᠤᠯᠬᠤ ᠳᠤ ᠨᠡᠯᠢᠶᠡᠳ ᠬᠦᠴᠢᠷᠲᠡᠶ | ᠭᠡᠷᠡᠴᠢᠯᠡᠬᠦ ᠵᠦᠢᠯᠡᠰ ᠢ ᠬᠠᠨᠳᠤᠯᠭᠠᠲᠤ ᠴᠢᠨᠠᠷᠲᠠᠶ ᠪᠠᠷ ᠰᠣᠩᠭᠤᠨ ᠠᠪᠬᠤ ᠳᠤ ᠮᠡᠳᠡᠭᠳᠡᠬᠦ ᠠᠮᠠᠯᠠᠯᠲᠠ ᠶᠢᠨ ᠲᠦᠷᠢᠮ ᠢ | ᠬᠡᠷᠡᠭᠵᠢᠭᠦᠯᠵᠦ᠂ ᠢᠯᠠᠩᠭᠤᠶ᠎ᠠ ᠡᠷᠦᠭᠡ ᠠᠮᠠ ᠶᠢᠨ ᠲᠠᠩᠰᠠ ᠶᠢᠨ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠡᠵᠡᠩᠨᠡᠯᠲᠡ ᠶᠢ ᠵᠥᠪᠰᠢᠶᠡᠷᠡᠬᠦ᠂ ᠬᠢᠷᠢ ᠬᠡᠮ ᠤᠨ ᠰᠢᠯᠭᠠᠯᠲᠠ᠂ ᠨᠡᠶᠢᠭᠡᠮ ᠤᠨ ᠳᠠᠭᠠᠳᠬᠠᠯ᠂ | ᠨᠡᠶᠢᠭᠡᠮ ᠤᠨ ᠠᠪᠤᠷᠠᠨ ᠲᠤᠰᠠᠯᠠᠯᠲᠠ᠂ ᠡᠷᠡᠭᠦᠯ ᠮᠡᠨᠳᠤ ᠪᠡᠶ᠎ᠡ ᠶᠢᠨ ᠪᠠᠶᠢᠴᠠᠭᠠᠯᠲᠠ᠂ ᠬᠠᠤᠯᠢ ᠴᠠᠭᠠᠵᠠ ᠶᠢᠨ | ᠦᠢᠯᠡᠴᠢᠯᠡᠭᠡ ᠵᠡᠷᠭᠡ ᠲᠠᠯ᠎ᠠ ᠪᠠᠷ ᠱᠠᠯᠠᠪᠳᠠᠨ ᠬᠡᠷᠡᠭᠵᠢᠭᠦᠯᠵᠦ᠂ ᠠᠯᠢ ᠲᠦᠷᠭᠡᠨ ᠢᠶᠠᠷ ᠨᠠᠶᠢᠳᠠᠪᠤᠷᠢᠵᠢᠭᠤᠯᠬᠤ ᠬᠡᠷᠡᠭᠲᠡᠶ᠃ | ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠵᠦ ᠪᠠᠶᠢᠭ᠎ᠠ ᠠᠵᠤ ᠠᠬᠤᠶᠢᠯᠠᠯ ᠤᠨ ᠡᠵᠡᠩᠨᠡᠯᠲᠡ ᠳᠤ | ᠬᠤᠯᠪᠣᠭᠳᠠᠬᠤ ᠵᠥᠪᠰᠢᠶᠡᠷᠡᠯ ᠤᠨ ᠵᠦᠢᠯᠡᠰ ᠤᠨ ᠬᠡᠪᠴᠢᠶ᠎ᠡ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠠᠴᠠ ᠠᠰ ᠲᠤᠨᠢ ᠲᠣᠭᠲᠠᠭᠠᠨ᠎ᠠ᠃ ᠡᠯ᠎ᠡ ᠬᠤᠰᠢᠭᠤ ᠰᠢᠶᠠᠨ ᠬᠤᠲᠠ ᠲᠣᠭᠤᠷᠢᠭ᠂ | ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠨᠢᠭᠡᠴᠢ ᠨᠢ ᠬᠤᠯᠪᠣᠭᠳᠠᠯ ᠪᠥᠬᠦᠶ ᠬᠠᠤᠯᠢ ᠴᠠᠭᠠᠵᠠ | ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠤᠭᠰᠠᠨ᠂ ᠬᠦᠴᠦᠨ ᠥᠬᠡᠶ ᠪᠣᠯᠭᠠᠭᠰᠠᠨ ᠵᠡᠷᠭᠡ ᠪᠠᠶᠢᠳᠠᠯ ᠢ | ᠦᠨᠳᠦᠰᠦᠯᠡᠨ᠂ ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠭᠡᠷᠡᠴᠢᠯᠡᠬᠦ ᠵᠦᠢᠯᠡᠰ ᠤᠨ ᠭᠠᠷᠴᠠᠭ ᠲᠤ | ᠬᠥᠳᠡᠯᠦᠩᠭᠦᠶ ᠳᠣᠭᠢᠷᠠᠭᠤᠯᠬᠤ ᠲᠣᠭᠲᠠᠴᠠ ᠶᠢ ᠪᠠᠶᠢᠭᠤᠯᠤᠨ᠎ᠠ᠃ | ᠲᠦᠷᠪᠡ᠂ ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠤᠨ ᠭᠦᠢᠴᠡᠳᠬᠡᠬᠦ ᠶᠠᠪᠤᠴᠠ ᠨᠢ ᠶᠠᠮᠠᠷ | ᠪᠠᠶᠢᠳᠠᠭ ᠪᠤᠢ︖ | ᠠᠷᠠᠳ ᠢᠷᠭᠡᠨ᠂ ᠬᠠᠤᠯᠢ ᠶᠢᠨ ᠡᠲᠡᠭᠡᠳ ᠪᠠ ᠪᠤᠰᠤᠳ ᠵᠣᠬᠢᠶᠠᠨ ᠪᠠᠶᠢᠭᠤᠯᠤᠯᠲᠠ ᠵᠠᠰᠠᠭ ᠵᠠᠬᠢᠷᠭᠠᠨ ᠤ | ᠪᠠᠶᠢᠭᠤᠯᠭ᠎ᠠ ᠳᠤ ᠵᠠᠰᠠᠭ ᠵᠠᠬᠢᠷᠭᠠᠨ ᠤ ᠬᠡᠷᠡᠭ ᠶᠠᠪᠤᠳᠠᠯ ᠢ ᠰᠢᠢᠳᠪᠦᠷᠢᠯᠡᠬᠦ ᠪᠠᠷ ᠭᠤᠶᠤᠴᠢᠯᠠᠬᠤ ᠦᠶ᠎ᠡ ᠳᠤ᠂ ᠵᠠᠰᠠᠭ | ᠵᠠᠬᠢᠷᠭᠠᠨ ᠤ ᠪᠠᠶᠢᠭᠤᠯᠭ᠎ᠠ ᠪᠢᠴᠢᠭ ᠤᠨ ᠬᠡᠯᠪᠡᠷᠢ ᠪᠠᠷ ᠭᠡᠷᠡᠴᠢᠯᠡᠬᠦ ᠡᠭᠦᠷᠭᠡ᠂ ᠭᠡᠷᠡᠴᠢᠯᠡᠬᠦ ᠠᠭᠤᠯᠭ᠎ᠠ ᠵᠢᠴᠢ ᠦᠨᠡᠨ | ᠪᠣᠳᠠᠲᠠᠶ ᠪᠤᠰᠤ ᠠᠮᠠᠯᠠᠯᠲᠠ ᠶᠢᠨ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠭᠤᠶᠤᠴᠢᠯᠠᠭᠴᠢ ᠳᠤ ᠨᠢᠭᠡ ᠯᠡ ᠤᠳᠠᠭ᠎ᠠ | ᠳᠡᠭᠡᠷ᠎ᠡ ᠬᠡᠯᠡᠵᠦ ᠦᠭᠭᠦᠨ᠎ᠡ᠃ ᠭᠤᠶᠤᠴᠢᠯᠠᠭᠴᠢ ᠶᠢᠨ ᠪᠢᠴᠢᠭ ᠤᠨ ᠠᠮᠠᠯᠠᠯᠲᠠ ᠨᠢ ᠨᠢᠭᠡᠨᠲᠡ ᠮᠡᠳᠡᠭᠳᠡᠬᠦ ᠬᠤᠯᠪᠣᠭᠳᠠᠯ | ᠪᠦᠬᠦᠢ ᠱᠠᠭᠠᠷᠳᠠᠯᠭ᠎ᠠ ᠳᠤ ᠨᠡᠶᠢᠴᠡᠭᠰᠡᠨ ᠪᠥᠭᠡᠳ ᠦᠨᠡᠨ ᠪᠣᠳᠠᠲᠠᠶ ᠪᠤᠰᠤ ᠠᠮᠠᠯᠠᠯᠲᠠ ᠶᠢᠨ ᠬᠠᠤᠯᠢ ᠶᠢᠨ | ᠬᠠᠷᠢᠭᠤᠴᠠᠯᠭ᠎ᠠ ᠶᠢ ᠳᠤᠷᠠᠲᠠᠶ᠎ᠠ ᠡᠭᠦᠷᠭᠡᠯᠡᠬᠦ ᠭᠡᠪᠡᠯ᠂ ᠵᠠᠰᠠᠭ ᠵᠠᠬᠢᠷᠭᠠᠨ ᠤ ᠪᠠᠶᠢᠭᠤᠯᠭ᠎ᠠ ᠬᠤᠯᠪᠣᠭᠳᠠᠯ ᠪᠦᠬᠦᠢ | ᠭᠡᠷᠡᠴᠢᠯᠡᠯ ᠢ ᠳᠠᠬᠢᠵᠤ ᠨᠡᠬᠡᠨ ᠠᠪᠬᠤ ᠦᠭᠡᠢ ᠪᠥᠭᠡᠳ ᠪᠢᠴᠢᠭ ᠤᠨ ᠠᠮᠠᠯᠠᠯᠲᠠ ᠶᠢ ᠦᠨᠳᠦᠰᠦᠯᠡᠨ ᠬᠤᠯᠪᠣᠭᠳᠠᠯ | ᠪᠦᠬᠦᠢ ᠵᠠᠰᠠᠭ ᠵᠠᠬᠢᠷᠭᠠᠨ ᠤ ᠵᠦᠢᠯᠡᠰ ᠢ ᠭᠦᠢᠴᠡᠳᠬᠡᠨ᠎ᠡ᠃ ᠡᠯ᠎ᠡ ᠵᠠᠰᠠᠭ ᠵᠠᠬᠢᠷᠭᠠᠨ ᠤ ᠪᠠᠶᠢᠭᠤᠯᠭ᠎ᠠ ᠨᠢ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠢᠯᠡ ᠨᠡᠶᠢᠲᠡᠯᠡᠬᠦ ᠲᠦᠷᠢᠮ᠂ ᠬᠠᠤᠯᠢ ᠬᠡᠷᠡᠭᠵᠢᠭᠦᠯᠦᠯᠲᠡ ᠶᠢᠨ ᠪᠥᠬᠦ | ᠶᠠᠪᠤᠴᠠ ᠶᠢ ᠲᠡᠮᠳᠡᠭᠯᠡᠬᠦ ᠲᠦᠷᠢᠮ᠂ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ ᠲᠦᠷᠢᠮ ᠤᠨ | ᠬᠢᠨᠠᠨ ᠬᠠᠷᠭᠤᠭᠤᠯᠬᠤ ᠲᠦᠷᠢᠮ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠭᠡᠷᠡᠴᠢᠯᠡᠬᠦ ᠵᠦᠢᠯᠡᠰ ᠢ | ᠮᠡᠳᠡᠭᠳᠡᠬᠦ ᠠᠮᠠᠯᠠᠯᠲᠠ ᠶᠢᠨ ᠲᠦᠷᠢᠮ ᠤᠨ ᠠᠵᠢᠯ ᠤᠨ ᠲᠦᠷᠢᠮ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ | ᠵᠣᠬᠢᠶᠠᠵᠤ᠂ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠲᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ | ᠬᠡᠯᠪᠡᠷᠢᠵᠢᠭᠰᠡᠨ ᠲᠺᠧᠰᠲ ᠵᠣᠬᠢᠶᠠᠬᠤ ᠶᠢᠨ ᠬᠠᠮᠲᠤ ᠨᠡᠶᠢᠭᠡᠮ ᠳᠤ ᠵᠠᠷᠯᠠᠨ ᠨᠡᠶᠢᠲᠡᠯᠡᠨ᠎ᠡ᠃ ᠮᠡᠳᠡᠭᠳᠡᠬᠦ ᠠᠮᠠᠯᠠᠯᠲᠠ ᠶᠢᠨ | ᠲᠦᠷᠢᠮ ᠤᠨ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ᠂ ᠮᠡᠳᠡᠭᠳᠡᠬᠦ ᠠᠮᠠᠯᠠᠯᠲᠠ ᠶᠢᠨ ᠪᠢᠴᠢᠭ ᠤᠨ ᠬᠡᠯᠪᠡᠷᠢᠵᠢᠭᠰᠡᠨ | ᠲᠧᠺᠰᠲ ᠢ ᠬᠠᠮᠢᠶ᠎ᠠ ᠪᠥᠬᠦᠶ ᠦᠢᠯᠡᠴᠢᠯᠡᠭᠡᠨ ᠤ ᠲᠠᠯᠠᠪᠤᠷ ᠭᠠᠵᠠᠷ᠂ ᠰᠦᠯᠵᠢᠶᠡᠨ ᠥᠷᠲᠡᠭᠡ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠠᠪᠴᠠᠩ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠨᠡᠶᠢᠲᠡᠯᠡᠵᠦ᠂ | ᠭᠤᠶᠤᠴᠢᠯᠠᠭᠴᠢ ᠶᠢᠨ ᠪᠠᠶᠢᠴᠠᠭᠠᠨ ᠦᠵᠡᠬᠦ ᠪᠤᠶᠤ ᠪᠠᠭᠤᠯᠭᠠᠨ ᠠᠪᠬᠤ ᠳᠤ ᠲᠥᠬᠦᠮ ᠦᠵᠡᠭᠦᠯᠦᠨ᠎ᠡ᠃ | ᠮᠡᠳᠡᠭᠳᠡᠬᠦ ᠠᠮᠠᠯᠠᠯᠲᠠ ᠶᠢᠨ ᠲᠦᠷᠢᠮ ᠢ ᠣᠲᠣ ᠶᠢᠨ ᠬᠡᠷᠡᠭᠵᠢᠭᠦᠯᠵᠦ ᠪᠠᠶᠢᠭ᠎ᠠ ᠬᠠᠮᠢᠶᠠᠷᠤᠯᠲᠠ ᠶᠢᠨ | ᠲᠦᠷᠢᠮ ᠯᠦᠭᠡ ᠵᠡᠷᠭᠡᠪᠡᠷ ᠬᠡᠷᠡᠭᠵᠢᠭᠦᠯᠵᠦ᠂ ᠨᠠᠷᠢᠨ ᠬᠠᠭᠤᠳᠠᠰᠤ ᠳᠤ ᠣᠷᠣᠭᠤᠯᠤᠭᠰᠠᠨ ᠭᠡᠷᠡᠴᠢᠯᠡᠬᠦ ᠵᠦᠢᠯᠡᠰ ᠢ | ᠭᠤᠶᠤᠴᠢᠯᠠᠭᠴᠢ ᠮᠡᠳᠡᠭᠳᠡᠬᠦ ᠠᠮᠠᠯᠠᠯᠲᠠ ᠶᠢᠨ ᠲᠦᠷᠢᠮ ᠤᠨ ᠠᠷᠭ᠎ᠠ ᠮᠠᠶ᠋ᠢᠭ ᠢ ᠬᠡᠷᠡᠭᠯᠡᠬᠦ ᠡᠰᠡᠬᠦ ᠪᠠᠨ ᠡᠵᠡᠨ ᠮᠡᠳᠡᠵᠦ | ᠰᠣᠩᠭᠤᠵᠤ ᠭᠦᠢᠴᠡᠳᠬᠡᠨ᠎ᠡ᠃ ᠭᠤᠶᠤᠴᠢᠯᠠᠭᠴᠢ ᠶᠢᠨ ᠠᠮᠠᠯᠠᠯᠲᠠ ᠶᠢᠨ ᠲᠦᠷᠢᠮ ᠤᠨ ᠭᠦᠢᠴᠡᠳᠬᠡᠬᠦ ᠠᠷᠭ᠎ᠠ ᠮᠠᠶ᠋ᠢᠭ ᠢ | ᠰᠣᠩᠭᠤᠬᠤ ᠶᠢ ᠵᠣᠷᠢᠭᠵᠢᠭᠤᠯᠤᠨ᠎ᠠ᠃ ᠭᠤᠶᠤᠴᠢᠯᠠᠭᠴᠢ ᠨᠢ ᠮᠡᠳᠡᠭᠳᠡᠬᠦ ᠠᠮᠠᠯᠠᠯᠲᠠ ᠪᠠᠷ ᠭᠡᠷᠡᠴᠢᠯᠡᠬᠦ ᠮᠠᠲ᠋ᠧᠷᠢᠶᠠᠯ | ᠲᠤᠰᠢᠶᠠᠬᠤ ᠶᠢ ᠣᠷᠣᠯᠠᠭᠤᠯᠬᠤ ᠶᠢ ᠰᠣᠩᠭᠤᠭᠰᠠᠨ ᠪᠠᠶᠢᠪᠠᠯ᠂ ᠪᠢᠴᠢᠭ ᠤᠨ ᠠᠮᠠᠯᠠᠯᠲᠠ ᠬᠢᠬᠦ ᠶᠢᠨ ᠬᠠᠮᠲᠤ ᠭᠠᠷ ᠤᠨ | ᠦᠰᠦᠭ ᠵᠢᠷᠤᠬᠤ ᠪᠤᠶᠤ ᠲᠠᠮᠠᠭ᠎ᠠ ᠳᠠᠷᠤᠵᠤ ᠨᠤᠲᠠᠯᠠᠭᠰᠠᠨ ᠤ ᠲᠠᠷᠠᠭ᠎ᠠ᠂ ᠭᠤᠶᠤᠴᠢᠯᠠᠭᠴᠢ ᠠᠴᠠ ᠨᠢᠭᠡᠨᠲᠡ ᠵᠠᠰᠠᠭ | ᠵᠠᠬᠢᠷᠭᠠᠨ ᠤ ᠪᠠᠶᠢᠭᠤᠯᠭ᠎ᠠ ᠳᠤ ᠬᠤᠯᠪᠣᠭᠳᠠᠯ ᠪᠦᠬᠦᠢ ᠭᠡᠷᠡᠴᠢᠯᠡᠬᠦ ᠮᠠᠲ᠋ᠧᠷᠢᠶᠠᠯ ᠢ ᠬᠠᠩᠭᠠᠭᠰᠠᠨ ᠢᠶᠠᠷ ᠦᠵᠡᠨ᠎ᠡ᠃ | ᠭᠤᠶᠤᠴᠢᠯᠠᠭᠴᠢ ᠠᠮᠠᠯᠠᠬᠤ ᠳᠤᠷ᠎ᠠ ᠦᠭᠡᠢ ᠪᠤᠶᠤ ᠠᠮᠠᠯᠠᠬᠤ ᠶᠢᠨ ᠠᠷᠭ᠎ᠠ ᠦᠭᠡᠢ ᠪᠠᠶᠢᠪᠠᠯ᠂ ᠬᠠᠤᠯᠢ ᠴᠠᠭᠠᠵᠠ᠂ | ᠬᠠᠤᠯᠢ ᠲᠣᠭᠲᠠᠭᠠᠯ ᠪᠤᠶᠤ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠳᠤ ᠱᠠᠭᠠᠷᠳᠠᠭᠰᠠᠨ ᠭᠡᠷᠡᠴᠢ ᠶᠢ | ᠲᠤᠰᠢᠶᠠᠬᠤ ᠬᠡᠷᠡᠭᠲᠡᠢ᠃ | ᠲᠠᠪᠤ᠂ ᠠᠮᠠᠯᠠᠯᠲᠠ ᠶᠢᠨ ᠬᠠᠷᠭᠤᠭᠤᠯᠤᠨ ᠪᠠᠶᠢᠴᠠᠭᠠᠯᠲᠠ ᠶᠢ ᠴᠢᠩᠭᠠᠳᠬᠠᠬᠤ ᠳᠤ ᠶᠠᠮᠠᠷ ᠲᠦᠷᠢᠮ ᠤᠨ ᠵᠢᠷᠤᠭ | ᠲᠥᠯᠥᠪᠯᠡᠭᠡ ᠪᠠᠶᠢᠬᠤ ᠪᠤᠢ︖ | ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠠᠷᠭᠤᠭᠤᠯᠤᠨ ᠪᠠᠶᠢᠴᠠᠭᠠᠬᠤ | ᠲᠦᠷᠢᠮ ᠢ ᠪᠠᠶᠢᠭᠤᠯᠵᠤ᠂ ᠭᠡᠷᠡᠴᠢᠯᠡᠬᠦ ᠵᠦᠢᠯᠡᠰ ᠤᠨ ᠣᠨᠴᠠᠯᠢᠭ᠂ ᠲᠦᠭᠰᠢᠭᠦᠷᠢ ᠶᠢᠨ ᠲᠠᠰ ᠪᠠ ᠮᠡᠳᠡᠭᠡ | ᠵᠠᠩᠭᠢᠵᠢᠯᠲᠠ ᠶᠢᠨ ᠪᠠᠶᠢᠭᠤᠯᠤᠯᠲᠠ ᠶᠢᠨ ᠪᠠᠶᠢᠳᠠᠯ ᠵᠡᠷᠭᠡ ᠬᠦᠴᠦᠨ ᠵᠦᠢᠯ ᠳᠤ ᠴᠢᠭᠯᠡᠭᠦᠯᠦᠨ ᠬᠠᠷᠭᠤᠭᠤᠯᠤᠨ | ᠪᠠᠶᠢᠴᠠᠭᠠᠬᠤ ᠠᠷᠭ᠎ᠠ ᠶᠢ ᠲᠥᠷᠥᠯ ᠬᠤᠪᠢᠶᠠᠨ ᠲᠣᠭᠲᠠᠭᠠᠵᠤ᠂ ᠠᠮᠠᠯᠠᠭᠴᠢ ᠶᠢᠨ ᠢᠲᠡᠭᠡᠮᠵᠢ ᠶᠢᠨ ᠪᠠᠶᠢᠳᠠᠯ ᠢ | ᠬᠠᠷᠭᠤᠭᠤᠯᠤᠨ ᠪᠠᠶᠢᠴᠠᠭᠠᠬᠤ ᠠᠷᠭ᠎ᠠ ᠶᠢ ᠲᠣᠭᠲᠠᠭᠠᠬᠤ ᠴᠢᠬᠤᠯᠠ ᠬᠦᠴᠦᠨ ᠵᠦᠢᠯ ᠪᠣᠯᠭᠠᠵᠤ᠂ ᠬᠠᠷᠭᠤᠭᠤᠯᠤᠨ | ᠪᠠᠶᠢᠴᠠᠭᠠᠬᠤ ᠴᠠᠭ᠂ ᠪᠠᠷᠢᠮᠵᠢᠶ᠎ᠠ᠂ ᠠᠷᠭ᠎ᠠ ᠮᠠᠶ᠋ᠢᠭ ᠵᠢᠴᠢ ᠬᠠᠷᠭᠤᠭᠤᠯᠤᠨ ᠪᠠᠶᠢᠴᠠᠭᠠᠬᠤ ᠠᠴᠠ ᠭᠡᠯᠳᠦᠷᠢᠭᠦᠯᠬᠦ | ᠡᠰᠡᠬᠦ ᠶᠢ ᠲᠣᠳᠣᠷᠬᠠᠶᠢᠯᠠᠨ᠎ᠠ᠃ ᠬᠠᠷᠭᠤᠭᠤᠯᠤᠨ ᠪᠠᠶᠢᠴᠠᠭᠠᠬᠤ ᠠᠴᠠ ᠬᠡᠯᠲᠦᠷᠢᠭᠦᠯᠬᠦ ᠵᠦᠢᠯᠡᠰ ᠲᠤ᠂ ︽ᠬᠤᠶᠠᠷ ᠢ | ᠰᠤᠭᠤᠴᠢᠵᠤ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ᠂ ᠭᠤᠤᠯᠳᠠᠯᠭ᠎ᠠ ᠲᠠᠢ ᠬᠢᠨᠠᠯᠲᠠ | ᠬᠠᠮᠢᠶᠠᠷᠤᠯᠲᠠ᠂ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾᠂ ᠤᠬᠠᠭᠠᠯᠢᠭ ᠬᠢᠨᠠᠯᠲᠠ ᠬᠠᠮᠢᠶᠠᠷᠤᠯᠲᠠ | ᠵᠡᠷᠭᠡ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ | ᠂ ᠮᠡᠳᠡᠭᠳᠡᠬᠦ ᠠᠮᠠᠯᠠᠯᠲᠠ ᠶᠢᠨ ᠲᠦᠷᠢᠮ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠭᠦᠢᠴᠡᠳᠬᠡᠭᠰᠡᠨ ᠠᠵᠤ ᠠᠬᠤᠶᠢᠯᠠᠯ | ᠪᠠ ᠣᠯᠠᠨ ᠲᠦᠮᠡᠨ ᠳᠤ ᠭᠠᠳᠠᠭᠤᠷᠴᠢᠯᠠᠯ ᠤᠨ ᠴᠢᠨᠠᠷᠲᠠᠶ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠠᠪᠴᠤ | ᠪᠣᠯᠬᠤ ᠥᠬᠡᠶ᠃ ᠬᠠᠷᠭᠤᠭᠤᠯᠤᠨ ᠪᠠᠶᠢᠴᠠᠭᠠᠬᠤ ᠴᠢᠬᠤᠯᠠ ᠲᠠᠢ ᠵᠦᠢᠯᠡᠰ ᠢ ᠵᠠᠰᠠᠭ ᠵᠠᠬᠢᠷᠭᠠᠨ ᠤ ᠪᠠᠶᠢᠭᠤᠯᠭ᠎ᠠ ᠨᠢ | ᠲᠣᠭᠲᠠᠭᠠᠭᠰᠠᠨ ᠬᠠᠷᠭᠤᠭᠤᠯᠤᠨ ᠪᠠᠶᠢᠴᠠᠭᠠᠬᠤ ᠠᠷᠭ᠎ᠠ ᠮᠠᠶ᠋ᠢᠭ ᠤᠨ ᠶᠣᠰᠣᠭᠠᠷ᠂ ᠲᠣᠭᠲᠠᠭᠠᠭᠰᠠᠨ ᠴᠠᠭ | ᠬᠤᠭᠤᠴᠠᠭᠠᠨ ᠤ ᠳᠣᠲᠣᠷ᠎ᠠ ᠬᠠᠷᠭᠤᠭᠤᠯᠤᠨ ᠪᠠᠶᠢᠴᠠᠭᠠᠵᠤ᠂ ᠦᠨᠡᠨ ᠪᠣᠳᠠᠲᠠᠶ ᠪᠤᠰᠤ ᠠᠮᠠᠯᠠᠯᠲᠠ ᠶᠢ ᠵᠢᠭᠰᠠᠭᠠᠨ | ᠪᠠᠶᠢᠴᠠᠭᠠᠵᠤ ᠡᠯ᠎ᠡ ᠵᠦᠢᠯ ᠤᠨ ᠳᠠᠯᠳᠠ ᠬᠡᠮ ᠢ ᠠᠷᠢᠯᠭᠠᠨ᠎ᠠ᠃ | ᠵᠠᠰᠠᠭ ᠵᠠᠬᠢᠷᠭᠠᠨ ᠤ ᠪᠠᠶᠢᠭᠤᠯᠭ᠎ᠠ ᠨᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ | ᠲᠠᠪᠴᠠᠩ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠯᠵᠢᠮᠡᠯ ᠬᠡᠷᠡᠭᠯᠡᠭᠴᠢ ᠶᠢᠨ ᠦᠵᠦᠭᠦᠷ᠂ ᠲᠠᠷᠬᠠᠮᠠᠯ | ᠳᠠᠩᠰᠠ ᠳᠡᠪᠲᠡᠷ ᠤᠨ ᠮᠡᠷᠭᠡᠵᠢᠯ ᠵᠡᠷᠭᠡ ᠶᠢ ᠠᠰᠢᠭᠯᠠᠨ ᠬᠠᠮᠢᠶ᠎ᠠ ᠪᠥᠬᠦᠶ ᠲᠤᠭ᠎ᠠ ᠪᠠᠷᠢᠮᠲᠠ ᠶᠢ ᠴᠤᠭᠯᠠᠭᠤᠯᠵᠤ᠂ | ᠬᠠᠷᠢᠴᠠᠭᠤᠯᠤᠨ ᠬᠠᠷᠭᠤᠭᠤᠯᠵᠤ᠂ ᠰᠦᠯᠵᠢᠶᠡᠨ ᠳᠡᠭᠡᠷ᠎ᠡ ᠬᠠᠷᠭᠤᠭᠤᠯᠤᠨ ᠪᠠᠶᠢᠴᠠᠭᠠᠬᠤ ᠶᠢ ᠬᠡᠷᠡᠭᠵᠢᠭᠦᠯᠦᠨ᠎ᠡ᠂ ᠪᠠᠰᠠ | ᠪᠠᠶᠢᠴᠠᠭᠠᠬᠤ᠂ ᠬᠠᠶᠢᠨ ᠰᠢᠯᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠤᠬᠠᠶ ᠶᠢᠨ ᠲᠠᠯᠠᠪᠤᠷ ᠲᠤᠨᠢ | ᠬᠠᠷᠭᠤᠭᠤᠯᠤᠨ ᠪᠠᠶᠢᠴᠠᠭᠠᠬᠤ ᠶᠢ ᠥᠷᠨᠢᠭᠦᠯᠵᠦ ᠪᠣᠯᠤᠨ᠎ᠠ᠃ ᠲᠤᠬᠠᠶ ᠶᠢᠨ ᠲᠠᠯᠠᠪᠤᠷ ᠲᠤ ᠦᠨᠡᠨ ᠬᠦ ᠬᠠᠷᠭᠤᠭᠤᠯᠤᠨ | ᠪᠠᠶᠢᠴᠠᠭᠠᠬᠤ ᠴᠢᠬᠤᠯᠠᠲᠠᠶ ᠪᠠᠶᠢᠪᠠᠯ᠂ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠲᠠᠪᠴᠠᠩ ᠪᠠ | ᠬᠡᠷᠡᠭᠯᠡᠭᠡᠨ ᠤ ᠫᠷᠤᠭ᠍ᠷᠠᠮ ᠵᠡᠷᠭᠡ ᠳᠤ ᠲᠦᠰᠢᠭᠯᠡᠨ᠂ ᠠᠮᠠᠯᠠᠯᠲᠠ ᠶᠢᠨ ᠪᠠᠶᠢᠳᠠᠯ ᠢᠶᠠᠨ ᠬᠤᠯᠪᠣᠭᠳᠠᠯ ᠪᠥᠬᠦᠶ ᠬᠢᠨᠠᠨ | ᠬᠠᠮᠢᠶᠠᠷᠬᠤ ᠠᠵᠢᠯᠲᠠᠨ ᠳᠤ ᠴᠠᠭ ᠲᠤᠬᠠᠶ ᠳᠤᠨᠢ ᠣᠨᠣᠪᠴᠢᠲᠠᠶ ᠬᠦᠷᠭᠡᠨ ᠥᠭᠴᠦ᠂ ᠨᠢᠭᠡᠳᠦᠭᠡᠷ ᠹᠷᠣᠨᠲ ᠤᠨ ᠬᠢᠨᠠᠨ | ᠬᠠᠮᠢᠶᠠᠷᠴᠤ ᠬᠠᠤᠯᠢ ᠬᠡᠷᠡᠭᠵᠢᠭᠦᠯᠬᠦ ᠳᠤ ᠮᠡᠳᠡᠭᠡ ᠵᠠᠩᠭᠢ ᠶᠢᠨ ᠲᠤᠯᠭᠠᠭᠤᠷᠢᠯᠠᠯ ᠬᠠᠩᠭᠠᠬᠤ ᠶᠢᠨ ᠬᠠᠮᠲᠤ ᠠᠵᠢᠯ ᠤᠨ | ᠲᠠᠰ ᠳᠠᠷᠠᠭᠠᠯᠠᠯ ᠢᠶᠠᠨ ᠰᠢᠯᠢᠳᠡᠭᠵᠢᠭᠦᠯᠵᠦ᠂ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠪᠠᠨ ᠴᠢᠩᠭᠠᠳᠬᠠᠨ᠂ ᠠᠵᠤ | ᠠᠬᠤᠶᠢᠯᠠᠯ ᠢ ᠵᠣᠪᠠᠭᠠᠵᠤ ᠠᠷᠠᠳ ᠢ ᠦᠢᠮᠡᠭᠦᠯᠬᠦ ᠠᠴᠠ ᠵᠠᠶᠢᠯᠠᠰᠬᠢᠨ᠎ᠠ᠃ ᠬᠤᠯᠪᠣᠭᠳᠠᠯ ᠪᠦᠬᠦᠢ ᠲᠤᠭ᠎ᠠ ᠪᠠᠷᠢᠮᠲᠠ ᠶᠢ | ᠰᠦᠯᠵᠢᠶ᠎ᠡ ᠪᠠᠷ ᠬᠠᠮᠲᠤᠪᠠᠷ ᠡᠳ᠋ᠯᠡᠬᠦ ᠶᠢ ᠬᠠᠷᠠᠬᠠᠨ ᠪᠡᠶᠡᠯᠡᠭᠦᠯᠦᠭᠡᠳᠦᠶ᠂ ᠳᠡᠭᠡᠷ᠎ᠡ ᠳᠤᠷᠠᠳᠤᠭᠰᠠᠨ ᠠᠷᠭ᠎ᠠ ᠮᠠᠶ᠋ᠢᠭ ᠢᠶᠠᠷ | ᠬᠠᠷᠭᠤᠭᠤᠯᠤᠨ ᠪᠠᠶᠢᠴᠠᠭᠠᠬᠤ ᠳᠤ ᠪᠡᠷᠬᠡᠲᠡᠶ ᠪᠠᠶᠢᠪᠠᠯ᠂ ᠪᠤᠰᠤᠳ ᠵᠠᠰᠠᠭ ᠵᠠᠬᠢᠷᠭᠠᠨ ᠤ ᠪᠠᠶᠢᠭᠤᠯᠭ᠎ᠠ ᠪᠠᠷ | ᠬᠠᠪᠰᠤᠷᠤᠭᠤᠯᠤᠨ ᠬᠠᠷᠭᠤᠭᠤᠯᠤᠨ ᠪᠠᠶᠢᠴᠠᠭᠠᠯᠭᠠᠬᠤ ᠪᠠᠷ ᠭᠤᠶᠤᠴᠢᠯᠠᠵᠤ ᠪᠣᠯᠤᠨ᠎ᠠ᠂ ᠬᠠᠪᠰᠤᠷᠤᠭᠤᠯᠬᠤ ᠪᠠᠷ | ᠭᠤᠶᠤᠴᠢᠯᠠᠭᠳᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠬᠠᠮᠵᠢᠯᠴᠠᠬᠤ ᠡᠭᠦᠷᠭᠡ ᠪᠠᠨ ᠴᠠᠭ ᠲᠤᠬᠠᠶ ᠳᠤᠨᠢ | ᠭᠦᠢᠴᠡᠳᠬᠡᠬᠦ ᠬᠡᠷᠡᠭᠲᠡᠶ᠂ ᠲᠦᠯᠬᠢᠯᠴᠡᠬᠦ ᠪᠤᠶᠤ ᠲᠡᠪᠴᠢᠵᠦ ᠪᠣᠯᠬᠤ ᠦᠭᠡᠢ︔ ᠦᠨᠡᠬᠡᠷ ᠰᠢᠯᠲᠠᠭᠠᠨ ᠲᠠᠢ ᠠᠴᠠ | ᠪᠤᠯᠵᠤ ᠬᠠᠪᠰᠤᠷᠴᠤ ᠳᠡᠶᠢᠯᠬᠦ ᠦᠭᠡᠢ ᠪᠠᠶᠢᠪᠠᠯ᠂ ᠬᠠᠪᠰᠤᠷᠤᠭᠤᠯᠬᠤ ᠪᠠᠷ ᠭᠤᠶᠤᠴᠢᠯᠠᠭᠰᠠᠨ ᠵᠠᠰᠠᠭ ᠵᠠᠬᠢᠷᠭᠠᠨ ᠤ | ᠪᠠᠶᠢᠭᠤᠯᠭ᠎ᠠ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃ | ᠵᠢᠷᠭᠤᠭ᠎ᠠ᠂ ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠠᠴᠠ ᠪᠣᠯᠤᠭᠰᠠᠨ ᠬᠢᠨᠠᠯᠲᠠ | ᠬᠠᠮᠢᠶᠠᠷᠤᠯᠲᠠ ᠶᠢᠨ ᠠᠶᠤᠯ ᠲᠦᠭᠰᠢᠭᠦᠷᠢ ᠶᠢ ᠬᠡᠷᠬᠢᠨ ᠰᠡᠷᠭᠡᠶᠢᠯᠡᠬᠦ ᠪᠤᠢ︖ | ᠪᠥᠬᠦ ᠶᠠᠪᠤᠴᠠ ᠶᠢᠨ ᠡᠯ᠎ᠡ ᠭᠤᠭᠴᠤᠭ᠎ᠠ ᠶᠢᠨ ᠲᠦᠭᠰᠢᠭᠦᠷᠢ ᠶᠢᠨ ᠴᠢᠬ ᠢ ᠰᠡᠷᠭᠡᠶᠢᠯᠡᠬᠦ ᠲᠣᠭᠲᠠᠴᠠ ᠶᠢ | ᠪᠠᠶᠢᠭᠤᠯᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠣᠭᠲᠠᠭᠠᠨ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ | ᠭᠤᠶᠤᠴᠢᠯᠠᠭᠴᠢ ᠶᠢᠨ ᠬᠤᠳᠠᠯ ᠬᠠᠭᠤᠷᠮᠠᠭ ᠠᠮᠠᠯᠠᠯᠲᠠ ᠶᠢ ᠦᠨᠳᠦᠰᠦᠯᠡᠨ ᠭᠦᠢᠴᠡᠳᠬᠡᠭᠰᠡᠨ ᠵᠦᠢᠯᠡᠰ ᠨᠢ ᠭᠤᠷᠪᠠᠳᠠᠬᠢ | ᠡᠲᠡᠭᠡᠳ ᠤᠨ ᠬᠠᠤᠯᠢ ᠶᠣᠰᠣᠨ ᠤ ᠡᠷᠬᠡ ᠠᠰᠢᠭ ᠪᠠ ᠨᠡᠶᠢᠭᠡᠮ ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠬᠤ ᠶᠢ | ᠰᠡᠷᠭᠡᠶᠢᠯᠡᠨ᠎ᠡ᠃ ᠭᠡᠷᠡᠴᠢᠯᠡᠬᠦ ᠵᠦᠢᠯᠡᠰ ᠢ ᠲᠣᠭᠲᠠᠭᠠᠬᠤ ᠲᠠᠯ᠎ᠠ ᠪᠠᠷ᠂ ᠤᠯᠤᠰ ᠤᠨ ᠠᠮᠤᠷ ᠲᠦᠪᠰᠢᠨ᠂ ᠤᠯᠤᠰ ᠤᠨ | ᠨᠢᠭᠤᠴᠠ᠂ ᠤᠯᠠᠨ ᠨᠡᠶᠢᠲᠡ ᠶᠢᠨ ᠠᠮᠤᠷ ᠲᠦᠪᠰᠢᠨ᠂ ᠮᠥᠩᠭᠦᠨ ᠭᠦᠢᠯᠭᠡᠭᠡᠨ ᠤ ᠦᠢᠯᠡᠰ ᠤᠨ ᠠᠶᠣᠯ | ᠲᠥᠭᠰᠢᠭᠦᠷᠢ ᠶᠢᠨ ᠬᠢᠨᠠᠨ ᠬᠠᠮᠢᠶᠠᠷᠤᠯᠲᠠ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠰᠢᠭᠤᠳ | ᠬᠤᠯᠪᠣᠭᠳᠠᠬᠤ᠂ ᠬᠥᠮᠦᠨ ᠤ ᠪᠡᠶ᠎ᠡ ᠶᠢᠨ ᠡᠷᠡᠭᠦᠯ ᠮᠡᠨᠳᠤ᠂ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠳᠤ | ᠰᠢᠭᠤᠳ ᠬᠤᠯᠪᠣᠭᠳᠠᠬᠤ ᠵᠢᠴᠢ ᠭᠠᠳᠠᠭᠠᠳᠤ ᠳᠤ ᠬᠤᠯᠪᠣᠭᠳᠠᠬᠤ ᠵᠡᠷᠭᠡ ᠠᠶᠤᠯ ᠲᠦᠭᠰᠢᠭᠦᠷᠢ ᠨᠡᠯᠢᠶᠡᠳ ᠶᠡᠭᠡ᠂ | ᠪᠤᠷᠤᠭᠤ ᠶᠢ ᠵᠠᠯᠠᠷᠠᠭᠤᠯᠬᠤ ᠥᠪᠡᠷ ᠤᠨ ᠦᠷᠳᠡᠭ ᠨᠡᠯᠢᠶᠡᠳ ᠥᠨᠳᠥᠷ᠂ ᠬᠤᠬᠢᠷᠠᠯ ᠢ ᠡᠭᠡᠭᠦᠯᠦᠨ ᠠᠪᠴᠢᠷᠠᠬᠤ ᠳᠤ | ᠪᠡᠷᠬᠡᠲᠡᠶ ᠭᠡᠷᠡᠴᠢᠯᠡᠬᠦ ᠵᠦᠢᠯᠡᠰ ᠲᠤ ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠯᠡᠬᠦ ᠦᠭᠡᠢ᠃ ᠬᠡᠷᠡᠭᠯᠡᠬᠦ | ᠡᠲᠡᠭᠡᠳ ᠤᠨ ᠲᠠᠯ᠎ᠠ ᠪᠠᠷ᠂ ᠭᠤᠶᠤᠴᠢᠯᠠᠭᠴᠢ ᠨᠢ ᠨᠡᠯᠢᠶᠡᠳ ᠬᠦᠨᠳᠦ ᠨᠣᠴᠢᠲᠠᠶ ᠢᠲᠡᠭᠡᠮᠵᠢ ᠮᠠᠭᠤᠲᠠᠢ ᠲᠡᠮᠳᠡᠭᠯᠡᠯ ᠲᠠᠢ | ᠪᠤᠶᠤ ᠬᠤᠳᠠᠯ ᠠᠮᠠᠯᠠᠯᠲᠠ ᠬᠢᠵᠦ ᠥᠩᠭᠡᠷᠡᠭᠰᠡᠨ ᠵᠡᠷᠭᠡ ᠪᠠᠶᠢᠳᠠᠯ ᠲᠠᠢ ᠪᠠᠶᠢᠪᠠᠯ᠂ ᠢᠲᠡᠭᠡᠯ ᠢᠶᠠᠨ ᠠᠯᠳᠠᠭᠰᠠᠨ ᠮᠡᠳᠡᠭᠡ | ᠵᠠᠩᠭᠢ ᠶᠢᠨ ᠬᠦᠴᠦᠨ ᠲᠠᠢ ᠬᠤᠭᠤᠴᠠᠭ᠎ᠠ ᠳᠦᠭᠦᠷᠬᠦ ᠠᠴᠠ ᠡᠮᠦᠨ᠎ᠡ ᠪᠤᠶᠤ ᠢᠲᠡᠭᠡᠮᠵᠢ ᠶᠢ ᠰᠡᠷᠭᠦᠭᠡᠬᠦ ᠠᠴᠠ ᠡᠮᠦᠨ᠎ᠡ | ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠯᠡᠬᠦ ᠨᠢ ᠲᠣᠬᠢᠷᠠᠬᠤ ᠥᠬᠡᠶ᠃ ᠣᠷᠣᠯᠠᠭᠴᠢ ᠨᠢ ᠣᠷᠣᠯᠠᠨ ᠠᠮᠠᠯᠠᠭᠰᠠᠨ | ᠪᠠᠶᠢᠪᠠᠯ᠂ ᠭᠤᠶᠤᠴᠢᠯᠠᠭᠴᠢ ᠶᠢᠨ ᠣᠨᠴᠠᠭᠠᠶ ᠡᠷᠬᠡ ᠣᠯᠭᠤᠯᠲᠠ ᠶᠢᠨ ᠵᠥᠪᠰᠢᠶᠡᠷᠡᠯ ᠢ ᠣᠯᠣᠭᠰᠠᠨ ᠪᠠᠶᠢᠬᠤ ᠬᠡᠷᠡᠭᠲᠡᠢ᠂ | ᠭᠡᠪᠡᠴᠦ ᠬᠠᠤᠯᠢ ᠶᠣᠰᠣᠭᠠᠷ ᠭᠤᠶᠤᠴᠢᠯᠠᠭᠴᠢ ᠲᠤᠰ ᠬᠥᠮᠦᠨ ᠨᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠵᠢᠯᠯᠠᠬᠤ | ᠲᠠᠯᠠᠪᠤᠷ ᠲᠤ ᠣᠴᠢᠵᠤ ᠭᠤᠶᠤᠴᠢᠯᠠᠬᠤ ᠶᠣᠰᠣᠲᠠᠶ ᠪᠠᠶᠢᠪᠠᠯ ᠡᠭᠦᠨ ᠳᠤ ᠪᠠᠭᠲᠠᠬᠤ ᠦᠭᠡᠢ᠃ ᠠᠮᠠᠯᠠᠯᠲᠠ ᠶᠢᠨ | ᠬᠠᠷᠭᠤᠭᠤᠯᠤᠨ ᠪᠠᠶᠢᠴᠠᠭᠠᠬᠤ ᠲᠠᠯ᠎ᠠ ᠪᠠᠷ᠂ ᠨᠡᠶᠢᠭᠡᠮ ᠨᠡᠶᠢᠲᠡ ᠶᠢᠨ ᠠᠰᠢᠭ ᠲᠤᠰᠠ᠂ ᠭᠤᠷᠪᠠᠳᠠᠬᠢ ᠬᠥᠮᠦᠨ ᠤ ᠠᠰᠢᠭ | ᠲᠤᠰᠠ ᠳᠤ ᠬᠤᠯᠪᠣᠭᠳᠠᠬᠤ ᠪᠤᠶᠤ ᠬᠠᠷᠭᠤᠭᠤᠯᠤᠨ ᠪᠠᠶᠢᠴᠠᠭᠠᠬᠤ ᠳᠤ ᠨᠡᠯᠢᠶᠡᠳ ᠬᠦᠴᠢᠷᠲᠡᠶ ᠭᠡᠷᠡᠴᠢᠯᠡᠬᠦ ᠵᠦᠢᠯᠡᠰ ᠢ | ᠵᠠᠰᠠᠭ ᠵᠠᠬᠢᠷᠭᠠᠨ ᠤ ᠪᠠᠶᠢᠭᠤᠯᠭ᠎ᠠ ᠨᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠡᠷᠭᠡ ᠲᠣᠭᠲᠠᠭᠠᠯ | ᠶᠣᠰᠣᠭᠠᠷ᠂ ᠪᠥᠬᠦ ᠤᠯᠤᠰ ᠤᠨ ᠨᠢᠭᠡ ᠴᠤᠭᠴᠠᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ᠂ | ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠠᠪᠴᠠᠩ᠂ ᠰᠠᠯᠠᠭ᠎ᠠ ᠮᠥᠴᠢᠷ ᠤᠨ | ᠰᠦᠯᠵᠢᠶ᠎ᠡ ᠪᠤᠶᠤ ᠣᠷᠣᠨ ᠨᠤᠲᠤᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠠᠵᠢᠯ ᠶᠠᠪᠤᠳᠠᠯ | ᠭᠦᠢᠴᠡᠳᠬᠡᠬᠦ ᠲᠢᠩᠬᠢᠮ᠂ ᠰᠢᠶᠠᠩ ᠪᠠᠯᠭᠠᠰᠤ ᠰᠤᠮᠤ ︵ᠵᠡᠭᠡᠯᠢ ᠭᠤᠳᠤᠮᠵᠢ︶ ᠶᠢᠨ ᠢᠯᠡ ᠨᠡᠶᠢᠲᠡᠯᠡᠬᠦ ᠪᠤᠯᠤᠩ ᠵᠡᠷᠭᠡ | ᠦᠢᠯᠡᠴᠢᠯᠡᠭᠡᠨ ᠤ ᠲᠠᠯᠠᠪᠤᠷ ᠭᠠᠵᠠᠷ ᠲᠤ ᠠᠮᠠᠯᠠᠯᠲᠠ ᠶᠢᠨ ᠪᠢᠴᠢᠭ ᠢᠶᠠᠨ ᠨᠡᠶᠢᠭᠡᠮ ᠨᠡᠶᠢᠲᠡ ᠳᠤ ᠢᠯᠡ ᠨᠡᠶᠢᠲᠡᠯᠡᠵᠦ᠂ | ᠨᠡᠶᠢᠭᠡᠮ ᠤᠨ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠶ᠃ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ | ᠲᠠᠯ᠎ᠠ ᠪᠠᠷ᠂ ᠨᠥᠬᠦᠴᠡᠯ ᠪᠦᠷᠢᠳᠦᠭᠰᠡᠨ ᠭᠠᠵᠠᠷ ᠣᠷᠣᠨ ᠪᠠ ᠰᠠᠯᠠᠭ᠎ᠠ ᠮᠥᠴᠢᠷ ᠨᠢ ᠬᠡᠷᠡᠭ ᠠᠴᠠ ᠡᠮᠦᠨᠡᠬᠢ | ᠢᠲᠡᠭᠡᠮᠵᠢ ᠶᠢᠨ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠣᠷᠣᠭᠤᠯᠤᠨ ᠠᠪᠴᠢᠷᠠᠬᠤ ᠶᠢ ᠰᠦᠪᠡᠭᠴᠢᠯᠡᠵᠦ᠂ | ᠭᠤᠶᠤᠴᠢᠯᠠᠭᠴᠢ ᠳᠤ ᠢᠲᠡᠭᠡᠮᠵᠢ ᠶᠢᠨ ᠦᠨᠡᠯᠡᠨ ᠵᠢᠱᠢᠯᠲᠡ ᠬᠢᠵᠦ᠂ ᠬᠡᠷᠡᠭ ᠠᠴᠠ ᠡᠮᠦᠨᠡᠬᠢ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ ᠪᠣᠯᠤᠨ᠎ᠠ᠃ | ᠳᠣᠯᠤᠭ᠎ᠠ᠂ ᠭᠤᠶᠤᠴᠢᠯᠠᠭᠴᠢ ᠬᠤᠳᠠᠯ ᠠᠮᠠᠯᠠᠯᠲᠠ ᠭᠠᠷᠭᠠᠪᠠᠯ ᠶᠠᠮᠠᠷ ᠬᠠᠷᠢᠭᠤᠴᠠᠯᠭ᠎ᠠ ᠡᠭᠦᠷᠭᠡᠯᠡᠬᠦ ᠪᠣᠶ︖ | ᠬᠠᠷᠭᠤᠭᠤᠯᠤᠨ ᠪᠠᠶᠢᠴᠠᠭᠠᠬᠤ ᠪᠤᠶᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠳᠤᠮᠳᠠ | ᠭᠤᠶᠤᠴᠢᠯᠠᠭᠴᠢ ᠶᠢᠨ ᠵᠣᠷᠢᠭᠤᠳᠠ ᠦᠨᠡᠨ ᠪᠠᠶᠢᠳᠠᠯ ᠢᠶᠠᠨ ᠨᠢᠭᠤᠨ ᠳᠠᠯᠳᠠᠯᠠᠵᠤ᠂ ᠬᠤᠳᠠᠯ ᠬᠠᠭᠤᠷᠮᠠᠭ ᠠᠮᠠᠯᠠᠯᠲᠠ | ᠬᠠᠩᠭᠠᠭᠰᠠᠨ ᠢ ᠣᠯᠵᠤ ᠮᠡᠳᠡᠪᠡᠯ᠂ ᠬᠠᠤᠯᠢ ᠶᠣᠰᠣᠭᠠᠷ ᠭᠦᠢᠴᠡᠳᠬᠡᠬᠦ ᠶᠢ ᠨᠢ ᠵᠣᠭᠰᠣᠭᠠᠵᠤ᠂ ᠵᠠᠷᠯᠢᠭᠳᠠᠵᠤ ᠪᠠᠶᠢᠭᠠᠳ | ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠵᠠᠰᠠᠭ ᠵᠠᠬᠢᠷᠭᠠᠨ ᠤ ᠲᠣᠭᠲᠠᠭᠠᠯ ᠢ ᠬᠦᠴᠦᠨ ᠥᠬᠡᠶ | ᠪᠣᠯᠭᠠᠬᠤ ᠪᠤᠶᠤ ᠵᠠᠰᠠᠭ ᠵᠠᠬᠢᠷᠭᠠᠨ ᠤ ᠰᠢᠢᠳᠬᠡᠯ ᠥᠭᠬᠦ ᠶᠢᠨ ᠬᠠᠮᠲᠤ ᠢᠲᠡᠭᠡᠮᠵᠢ ᠶᠢᠨ ᠲᠡᠮᠳᠡᠭᠯᠡᠯ ᠳᠤ ᠣᠷᠣᠭᠤᠯᠤᠨ᠎ᠠ᠃ | ᠶᠠᠯ᠎ᠠ ᠬᠢᠭᠰᠡᠨ ᠰᠡᠵᠢᠭᠯᠡᠯᠲᠡᠶ ᠪᠠᠶᠢᠪᠠᠯ᠂ ᠬᠠᠤᠯᠢ ᠶᠣᠰᠣᠭᠠᠷ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ | ᠬᠦᠷᠭᠡᠨ᠎ᠡ᠃ | ᠨᠠᠢᠮᠠ᠂ ︽ᠬᠡᠷᠡᠭᠵᠢᠭᠦᠯᠬᠦ ᠲᠥᠰᠦᠯ︾ ᠳᠤ ᠲᠣᠭᠲᠠᠭᠠᠭᠰᠠᠨ ᠠᠵᠢᠯ ᠢ ᠲᠦᠯᠬᠢᠨ ᠠᠬᠢᠭᠤᠯᠬᠤ ᠠᠯᠬᠤᠮ | ᠲᠠᠷᠠᠭ᠎ᠠ ᠨᠢ ᠶᠠᠮᠠᠷ ᠪᠤᠢ︖ | 1. ᠠᠵᠢᠯ ᠤᠨ ᠲᠥᠰᠦᠯ ᠢᠶᠠᠨ ᠲᠣᠭᠲᠠᠭᠠᠨ᠎ᠠ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ | ᠣᠷᠳᠣᠨ ᠪᠠ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠭᠡᠷᠡᠴᠢᠯᠡᠬᠦ ᠵᠦᠢᠯᠡᠰ ᠢ | ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ | ᠬᠡᠷᠡᠭᠵᠢᠭᠦᠯᠬᠦ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ | ᠠᠵᠢᠯ ᠤᠨ ᠲᠥᠰᠦᠯ ︵ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠭᠡᠷᠡᠴᠢᠯᠡᠬᠦ ᠵᠦᠢᠯᠡᠰ ᠤᠨ ᠭᠠᠷᠴᠠᠭ ᠢ | ᠳᠠᠭᠠᠯᠳᠤᠭᠤᠯᠤᠨ᠎ᠠ︶ ᠢ ᠲᠣᠭᠲᠠᠭᠠᠬᠤ ᠶᠢᠨ ᠬᠠᠮᠲᠤ ᠲᠣᠰ ᠱᠠᠲᠤᠨ ᠤ ᠬᠠᠤᠯᠢ ᠴᠠᠭᠠᠵᠠ ᠶᠢᠨ ᠲᠣᠪᠴᠢᠶ᠎ᠠ ᠳᠤ | ᠮᠡᠳᠡᠭᠦᠯᠦᠨ ᠳᠠᠩᠰᠠᠯᠠᠭᠤᠯᠵᠤ᠂ 2021 ᠣᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ᠃ | 2. ᠭᠠᠷᠴᠠᠭ ᠤᠨ ᠲᠣᠳᠣᠷᠬᠠᠶ ᠬᠠᠭᠤᠳᠠᠰᠤ ᠪᠠ ᠮᠡᠳᠡᠭᠳᠡᠬᠦ ᠠᠮᠠᠯᠠᠯᠲᠠ ᠶᠢᠨ ᠪᠢᠴᠢᠭ ᠤᠨ ᠬᠡᠯᠪᠡᠷᠢᠵᠢᠭᠰᠡᠨ | ᠲᠧᠺᠰᠲ ᠢ ᠨᠡᠶᠢᠲᠡᠯᠡᠨ᠎ᠡ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ ᠪᠣᠯᠤᠨ | ᠬᠤᠲᠠ ᠶᠢᠨ ᠰᠢᠭᠤᠳ ᠬᠠᠷᠢᠶ᠎ᠠ ᠡᠯ᠎ᠡ ᠨᠢᠭᠡᠴᠢ ᠨᠦᠭᠦᠳ ᠲᠣᠰ ᠲᠣᠰ ᠤᠨ ᠫᠣᠷᠲ᠋ᠧᠯ ᠰᠦᠯᠵᠢᠶ᠎ᠡ ᠪᠤᠶᠤ ᠵᠠᠰᠠᠭ ᠤᠨ | ᠶᠠᠪᠤᠳᠠᠯ ᠤᠨ ᠠᠵᠢᠯ ᠶᠠᠪᠤᠳᠠᠯ ᠭᠦᠢᠴᠡᠳᠬᠡᠬᠦ ᠲᠢᠩᠬᠢᠮ ᠳᠤ ᠲᠣᠰ ᠭᠠᠵᠠᠷ ᠣᠷᠣᠨ᠂ ᠲᠣᠰ ᠰᠢᠰᠲ᠋ᠧᠮ ᠤᠨ ᠢᠶᠠᠨ | ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠭᠡᠷᠡᠴᠢᠯᠡᠬᠦ ᠵᠦᠢᠯᠡᠰ ᠤᠨ ᠭᠠᠷᠴᠠᠭ ᠢ ᠨᠢᠭᠡᠳᠦᠯᠲᠡᠶ | ᠨᠡᠶᠢᠲᠡᠯᠡᠬᠦ ᠶᠢᠨ ᠬᠠᠮᠲᠤ ᠬᠥᠳᠡᠯᠦᠩᠭᠦᠶ ᠳᠣᠭᠢᠷᠠᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠶ᠃ ᠮᠡᠳᠡᠭᠳᠡᠬᠦ | ᠠᠮᠠᠯᠠᠯᠲᠠ ᠶᠢᠨ ᠪᠢᠴᠢᠭ ᠤᠨ ᠬᠡᠯᠪᠡᠷᠢᠵᠢᠭᠰᠡᠨ ᠲᠧᠺᠰᠲ ᠢ ᠵᠣᠬᠢᠶᠠᠵᠤ ᠲᠠᠷᠬᠠᠭᠠᠨ᠂ ᠠᠵᠢᠯ ᠶᠠᠪᠤᠳᠠᠯ ᠭᠦᠢᠴᠡᠳᠬᠡᠬᠦ | ᠵᠦᠭᠯᠡᠭᠦᠷ ᠲᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠨ᠎ᠡ᠃ ᠮᠡᠳᠡᠭᠳᠡᠬᠦ ᠠᠮᠠᠯᠠᠯᠲᠠ ᠶᠢᠨ ᠲᠦᠷᠢᠮ ᠤᠨ ᠠᠵᠢᠯ | ᠶᠠᠪᠤᠳᠠᠯ ᠭᠦᠢᠴᠡᠳᠬᠡᠬᠦ ᠵᠦᠭᠯᠡᠭᠦᠷ᠂ ᠮᠡᠳᠡᠭᠳᠡᠬᠦ ᠠᠮᠠᠯᠠᠯᠲᠠ ᠶᠢᠨ ᠪᠢᠴᠢᠭ ᠬᠡᠯᠪᠡᠷᠢᠵᠢᠭᠰᠡᠨ ᠲᠧᠺᠰᠲ ᠢ ᠬᠤᠯᠪᠣᠭᠳᠠᠯ | ᠪᠥᠬᠦᠶ ᠦᠢᠯᠡᠴᠢᠯᠡᠭᠡᠨ ᠤ ᠲᠠᠯᠠᠪᠤᠷ᠂ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠵᠡᠷᠭᠡ | ᠠᠷᠭ᠎ᠠ ᠵᠠᠮ ᠢᠶᠠᠷ ᠳᠠᠮᠵᠢᠭᠤᠯᠤᠨ ᠨᠡᠶᠢᠲᠡᠯᠡᠵᠦ᠂ ᠭᠤᠶᠤᠴᠢᠯᠠᠭᠴᠢ ᠶᠢᠨ ᠪᠠᠶᠢᠴᠠᠭᠠᠨ ᠦᠵᠡᠬᠦ᠂ ᠠᠪᠬᠤ ᠪᠤᠶᠤ | ᠪᠠᠭᠤᠯᠭᠠᠬᠤ ᠳᠤ ᠲᠥᠬᠦᠮ ᠦᠵᠡᠭᠦᠯᠵᠦ᠂ 2021 ᠣᠨ ᠤ 4 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ | ᠪᠡᠶᠡᠯᠡᠭᠦᠯᠦᠨ᠎ᠡ᠃ | 3. ᠪᠦᠬᠦ ᠲᠠᠯ᠎ᠠ ᠪᠠᠷ ᠬᠡᠷᠡᠭᠵᠢᠭᠦᠯᠬᠦ ᠱᠠᠲᠤ᠃ 2021ᠣᠨ ᠤ 5 ᠰᠠᠷ᠎ᠠ ᠶᠢᠨ ᠰᠡᠭᠦᠯᠴᠢ ᠠᠴᠠ ᠡᠮᠦᠨ᠎ᠡ᠂ | ᠡᠯ᠎ᠡ ᠬᠤᠰᠢᠭᠤ ᠰᠢᠶᠠᠨ ᠬᠤᠲᠠ ᠲᠣᠭᠤᠷᠢᠭ ᠵᠢᠴᠢ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ | ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠨᠲᠡ ᠨᠡᠶᠢᠲᠡᠯᠡᠭᠰᠡᠨ ᠮᠡᠳᠡᠭᠳᠡᠬᠦ ᠠᠮᠠᠯᠠᠯᠲᠠ ᠶᠢᠨ ᠳᠦᠷᠢᠮ ᠢ | ᠬᠡᠷᠡᠭᠵᠢᠭᠦᠯᠦᠭᠰᠡᠨ ᠭᠡᠷᠡᠴᠢᠯᠡᠬᠦ ᠵᠦᠢᠯᠡᠰ ᠤᠨ ᠭᠠᠷᠴᠠᠭ ᠢ ᠦᠨᠳᠦᠰᠦᠯᠡᠵᠦ᠂ ᠪᠥᠬᠦ ᠲᠠᠯ᠎ᠠ ᠪᠠᠷ ᠣᠨᠣᠪᠴᠢᠲᠠᠶ᠂ ᠡᠷᠬᠡ | ᠬᠠᠷᠢᠭᠤᠴᠠᠯᠭ᠎ᠠ ᠨᠢ ᠲᠣᠳᠣᠷᠬᠠᠶ᠂ ᠲᠥᠬᠦᠮ ᠣᠶᠢᠯᠠᠭᠠᠮᠵᠢᠲᠠᠶ ᠪᠠᠶᠢᠬᠤ ᠱᠠᠭᠠᠷᠳᠠᠯᠭ᠎ᠠ ᠶᠣᠰᠣᠭᠠᠷ᠂ ᠭᠡᠷᠡᠴᠢᠯᠡᠬᠦ | ᠵᠦᠢᠯᠡᠰ ᠢ ᠮᠡᠳᠡᠭᠳᠡᠬᠦ ᠠᠮᠠᠯᠠᠯᠲᠠ ᠶᠢᠨ ᠠᠵᠢᠯ ᠤᠨ ᠲᠦᠷᠢᠮ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ | ᠂ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠲᠠᠪᠴᠠᠩ ᠤᠨ ᠰᠢᠰᠲ᠋ᠧᠮ ᠢ ᠬᠠᠮᠵᠢᠨ ᠲᠡᠭᠦᠯᠳᠡᠷᠵᠢᠭᠦᠯᠵᠦ᠂ | ᠮᠡᠳᠡᠭᠳᠡᠬᠦ ᠠᠮᠠᠯᠠᠯᠲᠠ ᠶᠢᠨ ᠲᠦᠷᠢᠮ ᠤᠨ ᠬᠡᠰᠡᠭ ᠢ ᠨᠡᠮᠡᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ | ᠭᠦᠢᠴᠡᠳᠬᠡᠬᠦ ᠶᠠᠪᠤᠴᠠ ᠶᠢ ᠬᠠᠮᠵᠢᠯᠴᠠᠨ ᠠᠬᠢᠭᠤᠯᠵᠤ᠂ ᠮᠡᠳᠡᠭᠳᠡᠬᠦ ᠠᠮᠠᠯᠠᠯᠲᠠ ᠶᠢᠨ ᠲᠦᠷᠢᠮ ᠢ ᠪᠥᠬᠦ ᠲᠠᠯ᠎ᠠ ᠪᠠᠷ | ᠬᠡᠷᠡᠭᠵᠢᠭᠦᠯᠦᠨ᠎ᠡ᠃ | ᠶᠢᠰᠦ᠂ ︽ᠬᠡᠷᠡᠭᠵᠢᠭᠦᠯᠬᠦ ᠲᠥᠰᠦᠯ︾ ᠢ ᠪᠣᠳᠠᠲᠠᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠳᠤ ᠶᠠᠮᠠᠷ | ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠶᠢᠬᠤ ᠪᠣᠶ︖ | ᠲᠠᠷᠠᠭᠠᠴᠢ ᠶᠢᠨ ᠠᠯᠬᠤᠮ ᠳᠤ᠂ ᠤᠯᠠᠭᠠᠨᠴᠠᠪ ᠬᠤᠲᠠ ︽ᠬᠡᠷᠡᠭᠵᠢᠭᠦᠯᠬᠦ ᠲᠥᠰᠦᠯ︾ ᠢ | ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠳᠣᠤᠷᠠᠬᠢ ᠳᠥᠷᠪᠡᠨ ᠵᠦᠢᠯ ᠤᠨ ᠠᠵᠢᠯ ᠢ ᠭᠤᠤᠯᠳᠠᠯᠭ᠎ᠠ ᠲᠠᠢ | ᠰᠠᠶᠢᠲᠤᠷ ᠠᠳᠬᠤᠨ᠎ᠠ᠄ | 1. ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠲᠣᠰ ᠭᠠᠵᠠᠷ ᠣᠷᠣᠨ᠂ ᠲᠣᠰ | ᠨᠢᠭᠡᠴᠢ ᠶᠢᠨ ᠭᠡᠷᠡᠴᠢᠯᠡᠬᠦ ᠵᠦᠢᠯᠡᠰ ᠤᠨ ᠮᠡᠳᠡᠭᠳᠡᠬᠦ ᠠᠮᠠᠯᠠᠯᠲᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ | ᠠᠵᠢᠯ ᠤᠨ ᠤᠳᠤᠷᠢᠳᠤᠯᠭ᠎ᠠ ᠶᠢ ᠦᠨᠡᠨᠬᠦ ᠴᠢᠩᠭᠠᠳᠬᠠᠵᠤ᠂ ᠬᠢᠨᠠᠮᠠᠭᠠᠶ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ | ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ ᠤᠨ ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠢ | ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ | ᠬᠤᠯᠪᠣᠭᠳᠠᠯ ᠪᠥᠬᠦᠶ ᠠᠵᠢᠯ ᠤᠨ ᠪᠠᠶᠢᠳᠠᠯ ᠢ ᠴᠠᠭ ᠲᠤᠬᠠᠶ ᠳᠤᠨᠢ ᠤᠶᠢᠯᠠᠭᠠᠨ ᠡᠵᠡᠮᠰᠢᠵᠦ᠂ ᠠᠵᠢᠯ ᠤᠨ ᠳᠤᠮᠳᠠᠬᠢ | ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠠᠵᠢᠯ ᠤᠨ ᠲᠥᠰᠦᠯ ᠲᠠᠢ᠂ ᠪᠠᠶᠢᠷᠢᠯᠠᠭᠤᠯᠤᠯᠲᠠ | ᠠᠬᠢᠴᠠ ᠲᠠᠢ᠂ ᠠᠬᠢᠭᠤᠯᠬᠤ ᠠᠷᠭ᠎ᠠ ᠬᠡᠮᠵᠢᠶ᠎ᠡ ᠲᠠᠢ᠂ ᠦᠷ᠎ᠡ ᠳ᠋ᠦᠩ ᠳᠤ ᠬᠢᠨᠠᠨ ᠰᠢᠯᠭᠠᠯᠲᠠ ᠲᠠᠢ ᠪᠠᠶᠢᠬᠤ ᠶᠢ ᠦᠨᠡᠨᠬᠦ | ᠪᠠᠲᠤᠯᠠᠬᠤ ᠬᠡᠷᠡᠭᠲᠡᠶ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ ᠬᠠᠤᠯᠢ | ᠴᠠᠭᠠᠵᠠ ᠪᠠᠷ ᠵᠠᠰᠠᠭ ᠶᠠᠪᠤᠭᠤᠯᠬᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠮᠡᠳᠡᠭᠡ ᠵᠠᠩᠭᠢ ᠶᠢ ᠢᠯᠡ ᠪᠣᠯᠭᠠᠬᠤ᠂ | ᠡᠯᠧᠺᠲᠷᠣᠨ ᠵᠠᠰᠠᠭ ᠤᠨ ᠶᠠᠪᠤᠳᠠᠯ᠂ ᠬᠥᠭᠵᠢᠭᠦᠯᠦᠯᠲᠡ ᠥᠭᠡᠷᠡᠴᠢᠯᠡᠯᠲᠡ᠂ ᠳᠣᠲᠣᠭᠠᠳᠤ ᠶᠢ ᠬᠠᠮᠠᠭᠠᠯᠠᠬᠤ᠂ ᠡᠳ᠋ ᠤᠨ | ᠵᠠᠰᠠᠭ᠂ ᠭᠠᠶᠢᠯᠢ ᠶᠢᠨ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠨᠢᠭᠡᠴᠢ ᠶᠢᠨ | ᠣᠷᠣᠯᠴᠠᠭᠰᠠᠨ ᠮᠡᠳᠡᠭᠳᠡᠬᠦ ᠠᠮᠠᠯᠠᠯᠲᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠵᠣᠬᠢᠴᠠᠭᠤᠯᠬᠤ | ᠲᠣᠭᠲᠠᠴᠠ ᠶᠢ ᠪᠠᠶᠢᠭᠤᠯᠵᠤ᠂ ᠲᠦᠷᠦᠭᠦᠯᠡᠬᠦ ᠨᠢᠭᠡᠴᠢ ᠶᠢ ᠲᠣᠳᠣᠷᠬᠠᠶᠢᠯᠠᠨ᠂ ᠠᠵᠢᠯ ᠢ ᠠᠬᠢᠭᠤᠯᠤᠭᠰᠠᠨ ᠪᠠᠶᠢᠳᠠᠯ ᠢ | ᠵᠢᠯᠣᠭᠤᠳᠤᠨ ᠵᠣᠬᠢᠴᠠᠭᠤᠯᠵᠤ ᠱᠠᠯᠠᠪᠳᠠᠭᠤᠯᠤᠨ ᠪᠠᠶᠢᠴᠠᠭᠠᠨ᠎ᠠ᠃ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ | ᠪᠥᠬᠦᠶ ᠰᠠᠯᠠᠭ᠎ᠠ ᠮᠥᠴᠢᠷ ᠲᠦᠷᠦᠭᠦᠯᠦᠨ ᠶᠠᠪᠤᠭᠳᠠᠭᠤᠯᠵᠤ᠂ ᠳᠡᠭᠡᠷ᠎ᠡ ᠱᠠᠲᠤ ᠨᠢ ᠳᠣᠣᠷ᠎ᠠ ᠱᠠᠲᠤ ᠪᠠᠨ | ᠳᠠᠭᠠᠭᠤᠯᠬᠤ ᠶᠢ ᠦᠨᠡᠨᠬᠦ ᠪᠡᠶᠡᠯᠡᠭᠦᠯᠵᠦ᠂ ᠲᠣᠰ ᠰᠢᠰᠲ᠋ᠧᠮ ᠤᠨ ᠢᠶᠠᠨ ᠮᠡᠳᠡᠭᠳᠡᠬᠦ ᠠᠮᠠᠯᠠᠯᠲᠠ ᠶᠢᠨ ᠲᠦᠷᠢᠮ ᠢ ᠪᠥᠬᠦ | ᠲᠠᠯ᠎ᠠ ᠪᠠᠷ ᠬᠡᠷᠡᠭᠵᠢᠭᠦᠯᠬᠦ ᠠᠵᠢᠯ ᠢ ᠰᠢᠮᠳᠠᠭᠤᠯᠤᠨ ᠵᠢᠯᠣᠭᠤᠳᠬᠤ ᠪᠠᠨ ᠴᠢᠩᠭᠠᠳᠬᠠᠨ᠂ ᠲᠣᠰ ᠰᠠᠯᠠᠭ᠎ᠠ ᠮᠥᠴᠢᠷ᠂ | ᠲᠣᠰ ᠰᠢᠰᠲ᠋ᠧᠮ ᠤᠨ ᠢᠶᠠᠨ ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠶᠠᠪᠤᠴᠠ ᠳᠤ ᠲᠤᠯᠭᠠᠷᠠᠭᠰᠠᠨ | ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠵᠦ᠂ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠢ ᠴᠠᠭ | ᠲᠤᠬᠠᠶ ᠳᠤᠨᠢ ᠳ᠋ᠦᠩᠨᠡᠨ ᠲᠦᠭᠡᠮᠡᠯᠵᠢᠭᠦᠯᠬᠦ ᠬᠡᠷᠡᠭᠲᠡᠶ᠃ | 2. ᠪᠣᠯᠪᠠᠰᠤᠷᠠᠭᠤᠯᠤᠯ ᠤᠬᠠᠭᠤᠯᠭ᠎ᠠ ᠶᠢ ᠥᠷᠨᠢᠭᠦᠯᠦᠨ᠎ᠡ᠃ ᠮᠡᠳᠡᠭᠳᠡᠬᠦ ᠠᠮᠠᠯᠠᠯᠲᠠ ᠶᠢᠨ ᠲᠦᠷᠢᠮ ᠤᠨ | ᠰᠤᠷᠤᠯᠴᠠᠯᠭ᠎ᠠ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠲᠤᠬᠠᠶᠢᠯᠠᠭᠰᠠᠨ ᠠᠵᠢᠯ ᠤᠨ | ᠰᠣᠯᠢᠯᠴᠠᠭ᠎ᠠ ᠶᠢ ᠴᠢᠩᠭᠠᠳᠬᠠᠬᠤ ᠬᠡᠷᠡᠭᠲᠡᠶ᠃ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ᠂ | ᠰᠦᠯᠵᠢᠶᠡᠨ ᠤ ᠰᠢᠨ᠎ᠡ ᠵᠠᠭᠤᠴᠢᠯᠠᠭᠤᠷ ᠵᠡᠷᠭᠡ ᠲᠠᠪᠴᠠᠩ ᠢ ᠭᠦᠢᠴᠡᠳ ᠠᠰᠢᠭᠯᠠᠨ᠂ ᠭᠡᠷᠡᠴᠢᠯᠡᠬᠦ ᠵᠦᠢᠯᠡᠰ ᠢ ᠮᠡᠳᠡᠭᠳᠡᠬᠦ | ᠠᠮᠠᠯᠠᠯᠲᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠤᠬᠠᠭᠤᠯᠭ᠎ᠠ᠂ ᠲᠠᠶᠢᠯᠤᠮᠵᠢ ᠬᠢᠬᠦ ᠶᠢ ᠣᠯᠠᠨ | ᠬᠡᠯᠪᠡᠷᠢ ᠮᠠᠶ᠋ᠢᠭ᠂ ᠣᠯᠠᠨ ᠠᠷᠭ᠎ᠠ ᠵᠠᠮ ᠢᠶᠠᠷ ᠴᠢᠩᠭᠠᠳᠬᠠᠵᠤ᠂ ᠣᠯᠠᠨ ᠨᠡᠶᠢᠲᠡ ᠶᠢᠨ ᠣᠶᠢᠯᠠᠭᠠᠬᠤ ᠬᠡᠮᠵᠢᠶ᠎ᠡ ᠪᠠ | ᠨᠡᠶᠢᠭᠡᠮ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠂ ᠨᠡᠶᠢᠭᠡᠮ ᠤᠨ ᠠᠩᠬᠠᠷᠤᠯ ᠳᠤ ᠴᠠᠭ ᠲᠤᠬᠠᠶ ᠳᠤᠨᠢ | ᠬᠠᠷᠢᠭᠤ ᠦᠭᠭᠦᠨ᠎ᠡ᠃ ᠠᠵᠢᠯ ᠤᠨ ᠳᠤᠮᠳᠠᠬᠢ ᠰᠠᠶᠢᠨ ᠠᠷᠭ᠎ᠠ ᠬᠢᠳᠡᠯ᠂ ᠰᠠᠶᠢᠨ ᠲᠤᠷᠰᠢᠯᠭ᠎ᠠ ᠶᠢ ᠢᠯᠡᠷᠡᠭᠦᠯᠬᠦ᠂ | ᠳ᠋ᠦᠩᠨᠡᠬᠦ᠂ ᠤᠬᠠᠭᠤᠯᠵᠤ ᠲᠠᠨᠢᠯᠴᠠᠭᠤᠯᠬᠤ ᠳᠠᠭᠠᠨ ᠴᠢᠳᠠᠮᠠᠭᠠᠶ ᠪᠠᠶᠢᠵᠤ᠂ ᠨᠡᠶᠢᠲᠡᠯᠢᠭ ᠵᠢᠱᠢᠶ᠎ᠡ ᠶᠢ ᠶᠡᠬᠡᠪᠡᠷ | ᠬᠦᠮᠦᠵᠢᠭᠦᠯᠦᠨ ᠪᠣᠶ ᠪᠣᠯᠭᠠᠨ᠂ ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠤᠨ ᠠᠵᠢᠯ ᠢ ᠪᠦᠬᠦ | ᠨᠡᠶᠢᠭᠡᠮ ᠢᠶᠠᠷ ᠢᠶᠠᠨ ᠬᠠᠯᠠᠮᠵᠢᠯᠠᠭᠰᠠᠨ᠂ ᠳᠡᠮᠵᠢᠭᠰᠡᠨ᠂ ᠣᠷᠣᠯᠴᠠᠭᠰᠠᠨ ᠰᠠᠶᠢᠨ ᠰᠠᠶᠢᠬᠠᠨ ᠪᠠᠶᠢᠳᠠᠯ ᠢ ᠴᠢᠷᠮᠠᠶᠢᠨ ᠪᠣᠶ | ᠪᠣᠯᠭᠠᠬᠤ ᠬᠡᠷᠡᠭᠲᠡᠶ᠃ | 3.ᠱᠠᠯᠠᠪᠳᠠᠭᠤᠯᠤᠨ ᠪᠠᠶᠢᠴᠠᠭᠠᠬᠤ ᠶᠢ ᠴᠢᠩᠭᠠᠳᠬᠠᠨ᠎ᠠ᠃ ᠮᠡᠳᠡᠭᠳᠡᠬᠦ ᠠᠮᠠᠯᠠᠯᠲᠠ ᠶᠢᠨ ᠲᠦᠷᠢᠮ ᠢ ᠪᠥᠬᠦ | ᠲᠠᠯ᠎ᠠ ᠪᠠᠷ ᠬᠡᠷᠡᠭᠵᠢᠭᠦᠯᠬᠦ ᠠᠵᠢᠯ ᠢ ᠳᠥᠯᠭᠢᠨ ᠠᠬᠢᠭᠤᠯᠤᠭᠰᠠᠨ ᠪᠠᠶᠢᠳᠠᠯ ᠢ ᠬᠠᠤᠯᠢ ᠪᠠᠷ ᠬᠤᠲᠠ ᠶᠢ ᠵᠠᠰᠠᠬᠤ ᠶᠢᠨ | ᠰᠢᠯᠭᠠᠨ ᠦᠨᠡᠯᠡᠬᠦ ᠭᠦᠢᠴᠡᠳᠬᠡᠯ ᠲᠤᠭ᠎ᠠ ᠶᠢᠨ ᠰᠢᠰᠲ᠋ᠧᠮᠵᠢ ᠳᠤ ᠣᠷᠣᠭᠤᠯᠵᠤ᠂ ᠡᠯ᠎ᠡ ᠲᠠᠯ᠎ᠠ ᠶᠢᠨ ᠬᠢᠨ ᠤ | ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠬᠤ ᠬᠡᠷᠡᠭᠲᠡᠶ᠃ ᠠᠵᠢᠯ ᠤᠨ ᠳᠤᠮᠳᠠ ᠢᠯᠡᠷᠡᠯ ᠢᠶᠠᠷ | ᠲᠣᠪᠤᠶᠢᠮ᠎ᠠ᠂ ᠠᠵᠤ ᠠᠬᠤᠶᠢᠯᠠᠯ ᠪᠠ ᠣᠯᠠᠨ ᠲᠦᠮᠡᠨ ᠤ ᠦᠨᠡᠯᠡᠯᠲᠡ ᠶᠢᠨ ᠬᠠᠨᠤᠮᠵᠢ ᠶᠢᠨ ᠬᠡᠮᠵᠢᠶ᠎ᠡ ᠪᠠᠷ ᠥᠨᠳᠥᠷ | ᠨᠢᠭᠡᠴᠢ ᠵᠢᠴᠢ ᠠᠵᠢᠯᠲᠠᠨ ᠢ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠰᠠᠶᠢᠰᠢᠶᠠᠨ ᠬᠥᠬᠢᠭᠦᠯᠬᠦ ᠪᠠ | ᠱᠠᠩᠨᠠᠨ᠎ᠠ᠃ ᠱᠠᠯᠠᠪᠳᠠᠭᠤᠯᠤᠨ ᠪᠠᠶᠢᠴᠠᠭᠠᠭᠰᠠᠨ ᠪᠠᠶᠢᠳᠠᠯ ᠢ ᠮᠡᠳᠡᠭᠡᠯᠡᠬᠦ ᠲᠦᠷᠢᠮ ᠢ ᠪᠠᠶᠢᠭᠤᠯᠵᠤ᠂ ᠠᠵᠢᠯ ᠤᠨ | ᠳᠤᠮᠳᠠᠬᠢ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠨᠢᠭᠡᠴᠢ ᠵᠢᠴᠢ ᠠᠵᠢᠯᠳᠠᠨ ᠠᠴᠠ ᠰᠠᠬᠢᠯᠭ᠎ᠠ ᠪᠠᠲᠤ | ᠬᠠᠤᠯᠢ ᠴᠠᠭᠠᠵᠠ ᠶᠢᠨ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ︽ᠡᠷᠬᠡ ᠬᠠᠷᠢᠭᠤᠴᠠᠯᠭ᠎ᠠ ᠶᠢ | ᠨᠢᠭᠡᠳᠦᠯᠲᠡᠶ ᠪᠠᠶᠢᠯᠭᠠᠬᠤ᠂ ᠲᠤᠰᠢᠶᠠᠯ ᠢᠶᠠᠨ ᠭᠦᠢᠴᠡᠳᠬᠡᠭᠰᠡᠨ ᠢ ᠨᠢ ᠬᠡᠯᠲᠦᠷᠢᠭᠦᠯᠬᠦ᠂ ᠬᠠᠷᠢᠭᠤᠴᠠᠯᠭ᠎ᠠ ᠪᠠᠨ | ᠠᠯᠳᠠᠭᠰᠠᠨ ᠢ ᠨᠢ ᠨᠡᠬᠡᠮᠵᠢᠯᠡᠬᠦ︾ ᠵᠠᠷᠴᠢᠮ ᠶᠣᠰᠣᠭᠠᠷ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ | ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠵᠦᠶ ᠵᠣᠬᠢᠰᠲᠠᠶ ᠠᠭᠤᠴᠢᠯᠠᠨ ᠪᠠᠭᠲᠠᠭᠠᠬᠤ ᠪᠠᠶᠢᠳᠠᠯ ᠳᠤ | ᠬᠠᠷᠢᠶᠠᠯᠠᠭᠳᠠᠪᠠᠯ᠂ ᠬᠠᠮᠢᠶ᠎ᠠ ᠪᠥᠬᠦᠶ ᠨᠢᠭᠡᠴᠢ ᠵᠢᠴᠢ ᠠᠵᠢᠯᠲᠠᠨ ᠤ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ | ᠬᠠᠮᠢᠶ᠎ᠠ ᠪᠥᠬᠦᠶ ᠬᠠᠷᠢᠭᠤᠴᠠᠯᠭ᠎ᠠ ᠶᠢ ᠭᠡᠯᠳᠦᠷᠢᠭᠦᠯᠬᠦ ᠪᠤᠶᠤ ᠬᠥᠩᠭᠡᠷᠡᠭᠦᠯᠦᠨ᠂ ᠬᠥᠩᠭᠡᠨ ᠢᠶᠠᠷ ᠰᠢᠢᠳᠪᠦᠷᠢᠯᠡᠨ᠎ᠡ᠃ | | | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |