︽ᠭᠠᠯ ᠤᠨᠲᠠᠷᠠᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠲᠤᠬᠠᠶ ᠰᠠᠨᠠᠯ ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/11/8
   2021 ᠣᠨ ᠤ 7 ᠰᠠᠷ᠎ᠠ ᠶᠢᠨ 2 ᠤᠨ ᠡᠳᠦᠷ᠂ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ︽ᠭᠠᠯ ᠤᠨᠲᠠᠷᠠᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠲᠤᠬᠠᠶ ᠰᠠᠨᠠᠯ︾ ︵ᠳᠣᠷᠣᠭᠰᠢ ︽ᠰᠠᠨᠠᠯ︾ ᠭᠡᠵᠦ ᠳᠥᠭᠦᠮᠴᠢᠯᠡᠨ᠎ᠡ︶ ᠢ ᠳᠠᠷᠤᠮᠠᠯᠯᠠᠨ ᠶᠠᠪᠤᠭᠤᠯᠪᠠ᠃ ︽ᠰᠠᠨᠠᠯ︾ ᠨᠢ ᠭᠠᠯ ᠤᠨᠲᠠᠷᠠᠭᠠᠬᠤ ᠬᠠᠷᠢᠭᠤᠴᠠᠯᠭ᠎ᠠ ᠶᠢᠨ ᠰᠦᠯᠵᠢᠶ᠎ᠡ ᠶᠢ ᠨᠢᠭᠲᠠ ᠪᠠᠶᠢᠭᠤᠯᠬᠤ᠂ ᠭᠠᠯ ᠤᠨ ᠭᠠᠮᠰᠢᠭ ᠤᠨ ᠭᠡᠮ ᠰᠣᠭᠤᠭ ᠢ ᠵᠠᠰᠠᠬᠤ ᠠᠵᠢᠯ ᠢ ᠭᠦᠨᠵᠡᠭᠡᠶᠢᠷᠡᠭᠦᠯᠬᠦ᠂ ᠶᠡᠷᠦᠩᠬᠡᠶᠢᠯᠡᠭᠰᠡᠨ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠬᠦ᠂ ᠨᠡᠶᠢᠲᠡ ᠶᠢᠨ ᠭᠠᠯ ᠤᠨᠲᠠᠷᠠᠭᠠᠬᠤ ᠳᠥᠬᠦᠭᠡᠷᠥᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠭᠡᠭᠰᠢᠯᠡᠭᠦᠯᠬᠦ ᠵᠡᠷᠭᠡ 10 ᠲᠠᠯ᠎ᠠ ᠠᠴᠠ ᠰᠢᠰᠲ᠋ᠧᠮ ᠲᠠᠢ ᠲᠥᠯᠥᠪᠯᠡᠭᠡ ᠬᠢᠵᠦ᠂  ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠪᠦᠬᠦ ᠬᠤᠲᠠ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯ ᠢ ᠵᠢᠯᠣᠭᠤᠳᠬᠤ ᠬᠥᠲᠥᠯᠪᠦᠷᠢ ᠶᠢᠨ ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ᠃    ᠭᠠᠯ ᠤᠨᠲᠠᠷᠠᠭᠠᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠢ᠃    ᠡᠯ᠎ᠡ ᠱᠠᠲᠤᠨ ᠤ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠪᠣᠯ ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ᠂ ᠪᠠᠶᠢᠩᠭᠤ ᠶᠢᠨ ᠳᠡᠳ᠋ ᠲᠤᠰᠢᠶᠠᠯ ᠤᠨ ᠤᠳᠤᠷᠢᠳᠤᠯᠭ᠎ᠠ ᠪᠣᠯ ᠭᠤᠣᠯ ᠬᠠᠷᠢᠭᠤᠴᠠᠯᠭ᠎ᠠ ᠡᠭᠦᠷᠭᠡᠯᠡᠭᠴᠢ ᠪᠣᠯᠬᠤ ᠪᠥᠭᠡᠳ ᠭᠠᠯ ᠤᠨᠲᠠᠷᠠᠭᠠᠬᠤ ᠠᠵᠢᠯ ᠢ ᠪᠣᠳᠠᠲᠠᠶ ᠬᠤᠪᠢᠳᠠᠨ ᠬᠠᠮᠢᠶᠠᠷᠤᠭᠤᠯᠬᠤ ᠢ ᠲᠣᠳᠣᠷᠬᠠᠶᠢᠯᠠᠨ᠎ᠠ᠃    ᠡᠯ᠎ᠡ ᠱᠠᠲᠤᠨ ᠤ ᠵᠠᠰᠠᠭ ᠤᠨ ᠣᠷᠳᠤᠨ ᠭᠠᠯ ᠤᠨᠲᠠᠷᠠᠭᠠᠬᠤ ᠠᠵᠢᠯ ᠤᠨ ᠬᠤᠷᠠᠯᠳᠤᠭᠠᠨ ᠢ ᠵᠢᠯ ᠪᠦᠷᠢ ᠬᠤᠷᠠᠯᠳᠤᠭᠤᠯᠵᠤ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠬᠠᠭᠠᠰ ᠵᠢᠯ ᠪᠦᠷᠢ ᠬᠤᠷᠠᠯᠳᠤᠭᠤᠯᠵᠤ᠂ ᠭᠠᠯ ᠤᠨᠲᠠᠷᠠᠭᠠᠬᠤ ᠠᠵᠢᠯ ᠢ ᠰᠤᠳᠤᠯᠤᠨ  ᠪᠠᠶᠢᠷᠢᠯᠠᠭᠤᠯᠤᠨ᠎ᠠ᠃    ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠬᠠᠭᠠᠰ ᠵᠢᠯ ᠪᠦᠷᠢ ᠨᠢᠭᠡ ᠤᠳᠠᠭ᠎ᠠ᠂ ᠬᠤᠪᠢᠳᠠᠨ ᠬᠠᠮᠢᠶᠠᠷᠴᠤ ᠪᠥᠬᠦᠢ ᠬᠠᠷᠢᠭᠤᠴᠠᠯᠭᠠᠲᠠᠨ ᠤᠯᠠᠷᠢᠯ ᠪᠦᠷᠢ ᠨᠢᠭᠡ ᠤᠳᠠᠭ᠎ᠠ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠠᠵᠢᠯ ᠤᠨ ᠪᠠᠶᠢᠴᠠᠭᠠᠯᠲᠠ ᠥᠷᠨᠢᠭᠦᠯᠦᠨ᠎ᠡ᠃    ᠠᠵᠢᠯ ᠲᠥᠷᠥᠯ ᠤᠨ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢᠨ ᠰᠦᠯᠵᠢᠶ᠎ᠡ ᠶᠢ ᠨᠢᠭᠲᠠ ᠵᠣᠬᠢᠶᠠᠨ ᠪᠠᠶᠢᠭᠤᠯᠬᠤ ᠬᠡᠷᠡᠭᠲᠡᠢ᠃    ᠭᠤᠤᠯ ᠤᠳᠤᠷᠢᠳᠤᠯᠭ᠎ᠠ ᠶᠡᠷᠦᠩᠬᠡᠶ ᠬᠠᠷᠢᠭᠤᠴᠠᠯᠭ᠎ᠠ ᠡᠭᠦᠷᠭᠡᠯᠡᠵᠦ᠂ ᠨᠢᠭᠡᠳᠦᠭᠡᠷ ᠲᠤᠰᠢᠶᠠᠯ ᠤᠨ ᠤᠳᠤᠷᠢᠳᠤᠯᠭ᠎ᠠ ᠭᠠᠯ ᠤᠨᠲᠠᠷᠠᠭᠠᠬᠤ ᠠᠵᠢᠯ ᠢ ᠬᠤᠪᠢᠳᠠᠨ ᠬᠠᠮᠢᠶᠠᠷᠴᠤ᠂ 2 — 3 ᠨᠡᠷᠡᠰ ᠭᠠᠯ ᠤᠨᠲᠠᠷᠠᠭᠠᠬᠤ ᠲᠤᠰᠬᠠᠶ ᠲᠤᠰᠢᠶᠠᠯᠲᠠᠨ ᠲᠣᠭᠲᠠᠭᠠᠵᠤ᠂ ᠲᠣᠰ ᠠᠵᠢᠯ ᠲᠥᠷᠥᠯ᠂ ᠲᠣᠰ ᠰᠢᠰᠲ᠋ᠧᠮ ᠤᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠰᠠᠶᠢᠲᠤᠷ ᠬᠢᠨ᠎ᠡ᠃    ᠭᠠᠯ ᠤᠨ ᠠᠶᠤᠯ ᠠᠴᠠ ᠰᠡᠷᠭᠡᠶᠢᠯᠡᠬᠦ  ᠶᠢ ᠠᠵᠢᠯ ᠲᠥᠷᠥᠯ ᠤᠨ ᠠᠶᠤᠯ ᠦᠭᠡᠶ ᠦᠢᠯᠡᠳᠪᠦᠷᠢᠯᠡᠯ ᠤᠨ ᠲᠥᠷᠥ ᠶᠢᠨ ᠪᠣᠳᠣᠯᠭ᠎ᠠ ᠶᠢᠨ ᠲᠣᠭᠲᠠᠭᠠᠯ᠂ ᠲᠥᠯᠥᠪᠵᠢᠭᠦᠯᠭᠡ ᠶᠢᠨ ᠲᠥᠯᠥᠪᠯᠡᠭᠡ ᠵᠢᠴᠢ ᠡᠳᠦᠷ ᠲᠤᠲᠤᠮ ᠤᠨ ᠬᠠᠮᠢᠶᠠᠷᠤᠯᠲᠠ᠂ ᠲᠤᠬᠠᠶᠢᠯᠠᠭᠰᠠᠨ ᠠᠵᠢᠯ ᠤᠨ ᠪᠠᠶᠢᠴᠠᠭᠠᠯᠲᠠ᠂ ᠬᠢᠨᠠᠨ ᠰᠢᠯᠭᠠᠵᠤ ᠠᠳᠠᠯᠢᠳᠬᠠᠨ ᠰᠢᠯᠭᠠᠷᠠᠭᠤᠯᠬᠤ ᠵᠡᠷᠭᠡ ᠠᠵᠢᠯ ᠳᠤ ᠣᠷᠣᠭᠤᠯᠵᠤ᠂ ᠭᠠᠯ ᠤᠨ ᠠᠶᠤᠯ ᠠᠴᠠ ᠰᠡᠷᠭᠡᠶᠢᠯᠡᠬᠦ ᠪᠠᠶᠢᠴᠠᠭᠠᠯᠲᠠ ᠵᠠᠰᠠᠯᠲᠠ ᠶᠢ ᠴᠢᠭᠯᠡᠭᠦᠯᠬᠦ ᠴᠢᠨᠠᠷᠲᠠᠶ ᠪᠠᠷ ᠥᠷᠨᠢᠭᠦᠯᠦᠨ᠎ᠡ᠃    ᠲᠤᠰ ᠠᠵᠢᠯ ᠲᠥᠷᠥᠯ ᠤᠨ ᠰᠢᠰᠲ᠋ᠧᠮ ᠳᠡᠭᠡᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢ ᠪᠦᠬᠦ ᠲᠠᠯ᠎ᠠ ᠪᠠᠷ ᠶᠠᠪᠤᠭᠤᠯᠬᠤ ᠬᠡᠷᠡᠭᠲᠡᠶ᠃    ᠦᠨᠳᠦᠰᠦᠨ ᠱᠠᠲᠤᠨ ᠤ ᠡᠴᠦᠰ ᠤᠨ ᠵᠠᠰᠠᠯᠲᠠ ᠶᠢᠨ ᠲᠤᠰᠢᠶᠠᠯ ᠬᠠᠷᠢᠭᠤᠴᠠᠯᠭ᠎ᠠ ᠶᠢ ᠨᠠᠷᠢᠯᠢᠬᠵᠢᠭᠤᠯᠬᠤ ᠬᠡᠷᠡᠭᠲᠡᠢ    ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠭᠤᠤᠯ ᠬᠠᠷᠢᠭᠤᠴᠠᠯᠭᠠᠲᠠᠨ ᠨᠢ ᠭᠠᠯ ᠰᠡᠷᠭᠡᠶᠢᠯᠡᠯᠲᠡ ᠶᠢᠨ ᠠᠵᠢᠯ ᠤᠨ ᠭᠤᠤᠯ ᠬᠠᠷᠢᠭᠤᠴᠠᠯᠭᠠᠲᠠᠨ ᠪᠣᠯᠬᠤ ᠶᠢ ᠲᠣᠳᠣᠷᠬᠠᠶᠢᠯᠠᠵᠤ᠂ ᠨᠢᠭᠡᠳᠦᠭᠡᠷ ᠳᠡᠳ᠋ ᠲᠤᠰᠢᠶᠠᠯ ᠤᠨ ᠤᠳᠤᠷᠢᠳᠤᠯᠭ᠎ᠠ ᠨᠢ ᠭᠠᠯ ᠰᠡᠷᠭᠡᠶᠢᠯᠡᠯᠲᠡ ᠶᠢᠨ ᠠᠵᠢᠯ ᠢ ᠬᠤᠪᠢᠳᠠᠨ ᠬᠠᠮᠢᠶᠠᠷᠴᠤ᠂ 2 — 3 ᠨᠡᠷᠡᠰ ᠭᠠᠯ ᠰᠡᠷᠭᠡᠶᠢᠯᠡᠯᠲᠡ ᠶᠢᠨ ᠵᠠᠰᠠᠭᠴᠢ ᠶᠢ ᠲᠣᠭᠲᠠᠭᠠᠨ᠂ ᠲᠣᠰ ᠭᠠᠵᠠᠷ ᠣᠷᠣᠨ ᠤ ᠭᠠᠯ ᠤᠨ ᠠᠶᠤᠯ ᠠᠴᠠ ᠰᠡᠷᠭᠡᠶᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃    ᠭᠠᠯ ᠤᠨᠲᠠᠷᠠᠭᠠᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠤᠨ᠂ ᠭᠠᠯ ᠤᠨ ᠠᠶᠤᠯ ᠠᠴᠠ ᠰᠡᠷᠭᠡᠶᠢᠯᠡᠬᠦ ᠶᠢ ᠶᠡᠷᠦᠩᠬᠡᠶᠢᠯᠡᠭᠰᠡᠨ ᠲᠤᠤᠷᠴᠢᠯᠠᠭᠰᠠᠨ ᠬᠠᠮᠢᠶᠠᠷᠤᠯᠲᠠ ᠳᠤ ᠣᠷᠣᠭᠤᠯᠤᠨ᠎ᠠ᠃    ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ︵ᠨᠡᠶᠢᠭᠡᠮ ᠲᠣᠭᠤᠷᠢᠭ︶ ᠨᠢ 2 — 3 ᠭᠠᠯ ᠤᠨ ᠠᠶᠤᠯ ᠠᠴᠠ ᠰᠡᠷᠭᠡᠶᠢᠯᠡᠬᠦ ᠬᠠᠮᠢᠶᠠᠷᠤᠭᠴᠢ ᠶᠢ ᠲᠣᠭᠲᠠᠭᠠᠨ᠂ ᠰᠠᠭᠤᠭᠠᠯᠢ ᠠᠷᠠᠳ ᠤᠨ ︽ᠭᠠᠯ  ᠤᠨ ᠠᠶᠤᠯ ᠠᠴᠠ ᠰᠡᠷᠭᠡᠶᠢᠯᠡᠬᠦ ᠨᠡᠶᠢᠲᠡ ᠶᠢᠨ ᠭᠡᠷ᠎ᠡ︾ ᠶᠢ ᠵᠢᠷᠤᠮᠯᠠᠬᠤ ᠶᠢ ᠰᠢᠮᠳᠠᠭᠤᠯᠵᠤ᠂ ᠣᠯᠠᠨ ᠲᠦᠮᠡᠨᠴᠢ ᠴᠢᠨᠠᠷᠲᠠᠶ ᠭᠠᠯ ᠤᠨᠲᠠᠷᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠨᠢ ᠭᠠᠯ ᠤᠨᠲᠠᠷᠠᠭᠠᠬᠤ ᠬᠢᠨᠠᠯᠲᠠ ᠪᠠᠶᠢᠴᠠᠭᠠᠯᠲᠠ ᠪᠣᠯᠤᠨ ᠤᠬᠠᠭᠤᠯᠭ᠎ᠠ ᠬᠥᠮᠦᠵᠢᠯ ᠢ ᠬᠠᠤᠯᠢ ᠶᠣᠰᠣᠭᠠᠷ ᠶᠠᠪᠤᠭᠳᠠᠭᠤᠯᠬᠤ ᠬᠡᠷᠡᠭᠲᠡᠶ᠃   ᠬᠦᠨᠳᠦ ᠨᠣᠴᠢᠲᠠᠢ ᠭᠠᠯ ᠤᠨ ᠠᠶᠤᠯ ᠠᠴᠠ ᠰᠡᠷᠭᠡᠶᠢᠯᠡᠬᠦ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠡᠷᠡᠭᠲᠡᠢ᠃    ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠯ ᠪᠦᠷᠢ ᠲᠤᠰ ᠭᠠᠵᠠᠷ ᠣᠷᠣᠨ ᠤ ᠪᠠᠨ ᠭᠠᠯ ᠤᠨ ᠠᠶᠤᠯ ᠠᠴᠠ ᠰᠡᠷᠭᠡᠶᠢᠯᠡᠬᠦ  ᠪᠠᠶᠢᠳᠠᠯ ᠳᠤ ᠨᠢᠭᠡ ᠤᠳᠠᠭ᠎ᠠ ᠵᠠᠳᠠᠯᠤᠯᠲᠠ ᠦᠨᠡᠯᠡᠯᠲᠡ ᠬᠢᠵᠦ᠂ ᠬᠦᠨᠳᠦ ᠨᠣᠴᠢᠲᠠᠢ ᠲᠦᠭᠰᠢᠭᠦᠷᠢ ᠪᠣᠯᠤᠨ ᠳᠣᠪᠤᠶᠢᠮ᠎ᠠ ᠠᠰᠠᠭᠤᠳᠠᠯ ᠢ ᠣᠨᠣᠪᠴᠢᠲᠠᠶ ᠡᠷᠢᠨ ᠣᠯᠵᠤ᠂ ᠴᠢᠭᠯᠡᠭᠦᠯᠬᠦ ᠴᠢᠨᠠᠷᠲᠠᠶ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠪᠠᠨ ᠲᠣᠭᠲᠠᠭᠠᠨ ᠨᠠᠶᠢᠳᠠᠪᠤᠷᠢᠵᠢᠭᠤᠯᠤᠨ᠎ᠠ᠃    ᠭᠠᠯ ᠤᠨᠲᠠᠷᠠᠭᠠᠬᠤ ᠠᠮᠢ ᠨᠠᠰᠤᠨ ᠤ ᠨᠡᠪᠲᠡᠷᠡᠬᠦ ᠵᠠᠮ ᠢ ᠨᠡᠪᠲᠡᠷᠡᠭᠦᠯᠬᠦ ᠠᠵᠢᠯ ᠢ ᠦᠷᠭᠦᠯᠵᠢᠯᠡᠨ ᠠᠬᠢᠭᠤᠯᠵᠤ᠂ ᠭᠤᠷᠪᠠᠨ ᠵᠢᠯ ᠤᠨ ᠲᠤᠰᠬᠠᠶ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠦᠨ᠎ᠡ᠃    ᠭᠠᠯ ᠤᠨᠲᠠᠷᠠᠭᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠬᠠᠭᠤᠴᠢᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠶᠡᠷᠦᠩᠬᠡᠶ ᠲᠥᠯᠥᠪᠵᠢᠭᠦᠯᠭᠡ ᠳᠤ ᠣᠷᠣᠭᠤᠯᠤᠨ ᠵᠡᠷᠭᠡ ᠳᠤ ᠨᠢ ᠬᠡᠷᠡᠭᠵᠢᠭᠦᠯᠬᠦ ᠬᠡᠷᠡᠭᠲᠡᠶ᠃    ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠭᠠᠯ ᠤᠨ ᠠᠶᠤᠯ ᠠᠴᠠ ᠰᠡᠷᠭᠡᠶᠢᠯᠡᠬᠦ ᠶᠡᠷᠦᠩᠬᠡᠶᠢᠯᠡᠭᠰᠡᠨ ᠵᠠᠰᠠᠯᠲᠠ ᠶᠢ ᠬᠦᠴᠦ ᠪᠠᠨ ᠬᠠᠮᠲᠤᠳᠬᠠᠨ ᠲᠦᠯᠬᠢᠨ ᠠᠬᠢᠭᠤᠯᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠲᠥᠪᠯᠡᠷᠡᠭᠦᠯᠦᠨ ᠵᠣᠭᠰᠣᠭᠠᠬᠤ᠂ ᠴᠡᠨᠡᠭᠯᠡᠬᠦ ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠤᠨ᠂ ︽ᠪᠠᠭ᠎ᠠ ᠭᠠᠯ ᠳᠤ ᠬᠥᠮᠦᠨ ᠦᠬᠦᠬᠦ︾ ᠠᠳᠡᠯ ᠢ ᠪᠦᠬᠦ ᠬᠦᠴᠦᠨ ᠢᠶᠠᠷ ᠢᠶᠠᠨ ᠬᠤᠷᠢᠭᠯᠠᠬᠤ ᠬᠡᠷᠡᠭᠲᠡᠶ᠃    ᠲᠠᠷᠢᠶᠠᠯᠠᠬᠤ ᠮᠠᠯᠵᠢᠬᠤ ᠣᠷᠣᠨ ᠤ ᠭᠠᠯ ᠤᠨᠲᠠᠷᠠᠭᠠᠬᠤ ᠠᠵᠢᠯ ᠢ ᠴᠢᠩᠭᠠᠳᠬᠠᠬᠤ ᠬᠡᠷᠡᠭᠲᠡᠶ᠃    ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ︾ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠮᠠᠯᠵᠢᠬᠤ ᠲᠠᠷᠢᠶᠠᠯᠠᠬᠤ ᠣᠷᠣᠨ ᠤ ᠭᠠᠯ ᠰᠡᠷᠭᠡᠶᠢᠯᠡᠬᠦ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠪᠠ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢᠨ ᠠᠭᠤᠯᠭ᠎ᠠ ᠳᠤ ᠣᠷᠣᠭᠤᠯᠵᠤ᠂ ᠨᠢᠭᠡ ᠴᠣᠭᠴᠠᠵᠢᠭᠤᠯᠤᠨ ᠪᠠᠶᠢᠷᠢᠯᠠᠭᠤᠯᠵᠤ᠂ ᠨᠢᠭᠡ ᠴᠣᠭᠴᠠᠵᠢᠭᠤᠯᠤᠨ ᠰᠢᠯᠭᠠᠨ ᠬᠢᠨᠠᠨ᠎ᠠ᠃    ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠭᠠᠯ ᠤᠨᠲᠠᠷᠠᠭᠠᠬᠤ ᠲᠤᠰᠬᠠᠶ ᠵᠦᠢᠯ ᠤᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠭᠠᠯ ᠤᠨᠲᠠᠷᠠᠭᠠᠬᠤ ᠰᠠᠭᠤᠷᠢ ᠪᠦᠲᠦᠭᠡᠨ ᠪᠠᠶᠢᠭᠤᠯᠤᠯᠲᠠ ᠪᠣᠯᠤᠨ ᠬᠠᠮᠠᠭᠠᠯᠠᠯᠲᠠ ᠬᠠᠮᠢᠶᠠᠷᠤᠯᠲᠠ ᠶᠢ ᠲᠦᠯᠬᠢᠨ ᠠᠬᠢᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠭᠠᠯ ᠤᠨ ᠠᠶᠤᠯ ᠢ ᠪᠦᠬᠦᠯᠢ ᠴᠣᠭᠴᠠ ᠪᠠᠷ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃    ᠪᠠᠶᠢᠩᠭᠤ ᠰᠠᠭᠤᠭ᠎ᠠ ᠬᠥᠮᠦᠨ ᠠᠮᠠ ᠨᠢ ᠲᠦᠮᠡᠨ ᠬᠥᠮᠦᠨ ᠠᠴᠠ ᠳᠡᠭᠡᠭᠰᠢᠬᠢ ᠰᠢᠶᠠᠩ ᠪᠠᠯᠭᠠᠰᠤ ᠪᠣᠯᠤᠨ ᠨᠥᠬᠦᠴᠡᠯ ᠲᠠᠢ ᠭᠠᠴᠠᠭ᠎ᠠ ᠲᠣᠰᠬᠤᠨ ᠨᠤᠭᠤᠳ ᠲᠤᠰᠬᠠᠶ ᠲᠤᠰᠢᠶᠠᠯ ᠤᠨ ᠪᠤᠶᠤ ᠰᠠᠶᠢᠨ ᠳᠤᠷ᠎ᠠ ᠶᠢᠨ ᠭᠠᠯ ᠤᠨᠲᠠᠷᠠᠭᠠᠬᠤ ᠠᠩᠭᠢ ᠪᠠᠶᠢᠭᠤᠯᠵᠤ᠂ ᠡᠭᠦᠷᠭᠡ ᠭᠦᠢᠴᠡᠳᠬᠡᠵᠦ ᠳᠠᠶᠢᠨ ᠳᠤ ᠪᠡᠯᠡᠳᠬᠡᠬᠦ ᠲᠠᠯᠠᠪᠤᠷ ᠭᠠᠵᠠᠷ ᠢ ᠲᠣᠭᠲᠠᠭᠠᠨ᠂ ᠪᠠᠷᠢᠮᠵᠢᠶ᠎ᠠ ᠶᠣᠰᠣᠭᠠᠷ ᠲᠡᠷᠭᠡ ᠬᠥᠰᠬᠡ ᠲᠣᠨᠤᠭ ᠲᠥᠬᠦᠭᠡᠷᠦᠮᠵᠢ ᠲᠣᠬᠢᠷᠠᠭᠤᠯᠬᠤ ᠬᠡᠷᠡᠭᠲᠡᠶ᠃    ᠭᠠᠴᠠᠭ᠎ᠠ ᠲᠣᠰᠬᠤᠨ ᠨᠤᠭᠤᠳ ︽ᠨᠢᠭᠡ ᠲᠣᠰᠬᠤᠨ ᠨᠢᠭᠡ ᠠᠩᠭᠢ ᠨᠢᠭᠡ ᠲᠡᠷᠭᠡ ᠨᠢᠭᠡ ᠭᠤᠯᠳᠤᠩ ᠨᠢᠭᠡ ᠬᠥᠭᠡᠷᠭᠡ ᠨᠢᠭᠡ ᠫᠠᠶᠢᠰᠠ︾ ᠶᠢᠨ ᠱᠠᠭᠠᠷᠳᠠᠯᠭ᠎ᠠ ᠶᠣᠰᠣᠭᠠᠷ᠂ ᠲᠣᠨᠤᠭ ᠲᠥᠬᠦᠭᠡᠷᠦᠮᠵᠢ ᠪᠠᠭᠠᠵᠢ ᠬᠡᠷᠡᠭᠰᠡᠯ ᠲᠣᠬᠢᠷᠠᠭᠤᠯᠤᠨ᠂ ᠪᠣᠯᠪᠠᠰᠤᠷᠠᠭᠤᠯᠤᠯ ᠪᠠ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠥᠷᠨᠢᠭᠦᠯᠵᠦ᠂ ᠭᠠᠯ ᠤᠨᠲᠠᠷᠠᠭᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃     ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃    ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡᠨ ᠤ ᠮᠡᠳᠡᠭᠡ ᠵᠠᠩᠭᠢᠴᠢᠯᠠᠭᠰᠠᠨ ᠪᠣᠳᠠᠲᠤ ᠳᠠᠶᠢᠨ ᠤ ᠵᠢᠯᠣᠭᠤᠳᠬᠤ ᠲᠠᠪᠴᠠᠩ ᠳᠤ ᠲᠦᠰᠢᠭᠯᠡᠨ᠂ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢᠨ ᠵᠢᠯᠣᠭᠤᠳᠤᠨ ᠲᠣᠬᠢᠷᠠᠭᠤᠯᠬᠤ ᠰᠢᠰᠲ᠋ᠧᠮ ᠶᠢ ᠪᠠᠶᠢᠭᠤᠯᠬᠤ ᠬᠡᠷᠡᠭᠲᠡᠶ᠃    ᠣᠯᠠᠨ ᠰᠠᠯᠠᠭ᠎ᠠ ᠮᠥᠴᠢᠷ ᠤᠨ ᠶᠡᠷᠦᠩᠬᠡᠶᠢᠯᠡᠭᠰᠡᠨ ᠠᠪᠤᠷᠠᠨ ᠲᠤᠰᠠᠯᠠᠵᠤ ᠬᠠᠮᠵᠢᠯᠴᠠᠬᠤ ᠲᠣᠭᠲᠠᠴᠠ ᠶᠢ ᠪᠠᠶᠢᠭᠤᠯᠤᠨ᠂ ᠶᠡᠷᠦᠩᠬᠡᠶᠢᠯᠡᠭᠰᠡᠨ ᠠᠪᠤᠷᠠᠨ ᠲᠤᠰᠠᠯᠠᠬᠤ ᠪᠣᠳᠠᠲᠤ ᠪᠠᠶᠢᠯᠳᠤᠭᠠᠨ ᠤ ᠰᠣᠷᠢᠯᠲᠠ ᠶᠢ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠵᠣᠬᠢᠶᠠᠨ ᠪᠠᠶᠢᠭᠤᠯᠵᠤ ᠥᠷᠨᠢᠭᠦᠯᠦᠨ᠎ᠡ᠃    ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡᠨ ᠤ ᠪᠠᠶᠢᠭᠤᠯᠤᠯᠲᠠ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠠᠷᠠᠭ᠎ᠠ ᠲᠣᠨᠤᠭ ᠲᠥᠬᠦᠭᠡᠷᠦᠮᠵᠢ ᠨᠥᠭᠡᠴᠡᠯᠡᠬᠦ ᠬᠥᠮᠥᠷᠭᠡ ᠳᠤ ᠲᠦᠰᠢᠭᠯᠡᠨ᠂ ᠣᠨᠴᠠ ᠲᠥᠷᠥᠯ ᠤᠨ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ᠂ ᠭᠠᠯ ᠤᠨᠲᠠᠷᠠᠭᠠᠬᠤ ᠡᠮ ᠵᠡᠷᠭᠡ ᠶᠢᠨ ᠪᠠᠷᠠᠭ᠎ᠠ ᠶᠢ ᠭᠤᠣᠯᠳᠠᠯᠭ᠎ᠠ ᠲᠠᠢ ᠨᠥᠭᠡᠴᠡᠯᠡᠨ᠎ᠡ᠃    ᠥᠨᠳᠥᠷ ᠪᠠᠷᠢᠯᠭ᠎ᠠ᠂ ᠭᠠᠵᠠᠷ ᠳᠣᠣᠷᠠᠬᠢ ᠪᠠᠷᠢᠯᠭ᠎ᠠ᠂ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠵᠡᠷᠭᠡ ᠭᠠᠯ ᠤᠨ ᠠᠶᠤᠯ ᠠᠴᠠ ᠠᠪᠤᠷᠠᠬᠤ ᠪᠠ ᠭᠠᠵᠠᠷ ᠬᠥᠳᠡᠯᠦᠯᠲᠡ᠂ ᠠᠭᠤᠯᠠ ᠬᠠᠶᠢᠷᠬᠠᠨ᠂ ᠤᠰᠤᠨ ᠣᠷᠣᠨ᠂ ᠮᠥᠰᠥ ᠴᠠᠰᠤ᠂ ᠵᠠᠮ ᠬᠠᠷᠢᠯᠴᠠᠭ᠎ᠠ ᠵᠡᠷᠭᠡ ᠲᠤᠰᠬᠠᠶ ᠠᠪᠤᠷᠠᠨ ᠲᠤᠰᠠᠯᠠᠬᠤ ᠡᠩᠨᠡᠭᠡ ᠶᠢ ᠵᠣᠬᠢᠶᠠᠨ ᠪᠠᠶᠢᠭᠤᠯᠤᠨ᠎ᠠ᠃    ᠵᠠᠰᠠᠭ ᠤᠨ ᠣᠷᠳᠣᠨ ᠤ ᠲᠤᠰᠬᠠᠢ ᠲᠤᠰᠢᠶᠠᠯᠳᠤ ᠭᠡᠰᠢᠭᠦᠨ ᠡᠯᠰᠡᠬᠦ ᠡᠷᠴᠢᠮ ᠢ ᠨᠡᠮᠡᠭᠳᠡᠭᠦᠯᠬᠦ ᠶᠢᠨ ᠳᠠᠭᠠᠤ ᠪᠠᠶᠢᠭᠤᠯᠬᠤ᠂ ᠬᠠᠮᠢᠶᠠᠷᠬᠤ᠂ ᠪᠣᠯᠪᠠᠰᠤᠷᠠᠭᠤᠯᠬᠤ᠂ ᠬᠡᠷᠡᠭᠯᠡᠬᠦ ᠵᠡᠷᠭᠡ ᠶᠢ ᠨᠢᠭᠡ ᠴᠤᠭᠴᠠᠵᠢᠭᠤᠯᠤᠭᠰᠠᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃    ︽ᠬᠥᠩᠭᠡᠨ ᠮᠣᠷᠢᠲᠤ ᠴᠡᠷᠢᠭ︾ ᠤᠨ ᠡᠮᠦᠨᠡᠬᠢ ᠭᠠᠪᠰᠢᠭᠠᠶ ᠪᠠᠭ᠎ᠠ ᠠᠩᠭᠢ ᠪᠣᠯᠤᠨ ᠰᠠᠶᠢᠨ ᠳᠤᠷ᠎ᠠ ᠶᠢᠨ ᠭᠠᠯ ᠤᠨᠲᠠᠷᠠᠭᠠᠬᠤ ᠲᠦᠷᠭᠡᠨ ᠮᠡᠳᠡᠭᠦᠯᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠶᠡᠭᠡ ᠭᠠᠵᠠᠷ ᠬᠥᠳᠡᠯᠦᠯᠲᠡ ᠶᠡᠭᠡ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠨ᠎ᠡ᠃     ᠣᠯᠠᠨ ᠨᠡᠶᠢᠲᠡ ᠶᠢᠨ ᠭᠠᠯ ᠤᠨ ᠠᠶᠤᠯ ᠠᠴᠠ ᠰᠡᠷᠭᠡᠶᠢᠯᠡᠬᠦ ᠬᠡᠪ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃    ᠭᠠᠯ ᠤᠨ ᠠᠶᠤᠯ ᠠᠴᠠ ᠰᠡᠷᠭᠡᠶᠢᠯᠡᠬᠦ ᠬᠥᠮᠦᠵᠢᠯ ᠢ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠬᠠᠤᠯᠢ ᠲᠦᠭᠡᠮᠡᠯᠵᠢᠭᠦᠯᠬᠦ ᠬᠥᠮᠦᠵᠢᠯ᠂ ᠠᠷᠠᠳ ᠢᠷᠭᠡᠳ ᠤᠨ ᠬᠡᠪ ᠴᠢᠨᠠᠷ ᠤᠨ ᠬᠥᠮᠦᠵᠢᠯ᠂ ᠬᠤᠲᠠ ᠬᠥᠳᠡᠭᠡ ᠶᠢᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠬᠥᠮᠦᠵᠢᠯ ᠤᠨ ᠬᠡᠪᠴᠢᠶᠡᠨ ᠳᠤ ᠣᠷᠣᠭᠤᠯᠤᠨ᠎ᠠ᠃    ᠬᠤᠲᠠ ᠶᠢᠨ ᠱᠠᠲᠤ ᠨᠢ ᠭᠠᠯ ᠤᠨᠲᠠᠷᠠᠭᠠᠬᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠬᠥᠮᠦᠵᠢᠯ ᠤᠨ ᠰᠠᠭᠤᠷᠢᠨ ᠭᠠᠵᠠᠷ ᠪᠠᠶᠢᠭᠤᠯᠵᠤ᠂ ᠬᠤᠰᠢᠭᠤ ᠰᠢᠶᠠᠨ ᠤ ᠱᠠᠲᠤ ᠨᠢ ᠭᠠᠯ ᠤᠨᠲᠠᠷᠠᠭᠠᠬᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠬᠥᠮᠦᠵᠢᠯ ᠤᠨ ᠣᠷᠳᠣᠨ ᠪᠠᠶᠢᠭᠤᠯᠤᠨ᠎ᠠ᠃    ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠲᠥᠪ ᠲᠤ ᠲᠦᠰᠢᠭᠯᠡᠨ᠂ ᠭᠠᠯ ᠰᠡᠷᠭᠡᠶᠢᠯᠡᠯᠲᠡ ᠶᠢᠨ ᠰᠠᠶᠢᠨ ᠳᠤᠷᠠᠴᠤᠳ ᠤᠨ ᠡᠩᠨᠡᠭᠡ ᠶᠢ ᠵᠣᠬᠢᠶᠠᠨ ᠪᠠᠶᠢᠭᠤᠯᠵᠤ᠂ ᠭᠠᠯ ᠤᠨ ᠭᠠᠮᠰᠢᠭ ᠤᠨ ᠳᠠᠯᠳᠠ ᠬᠡᠮ ᠢ ᠲᠣᠭᠤᠷᠢᠨ ᠪᠠᠶᠢᠴᠠᠭᠠᠬᠤ ᠪᠠ ᠤᠬᠠᠭᠤᠯᠤᠨ ᠪᠣᠯᠪᠠᠰᠤᠷᠠᠭᠤᠯᠬᠤ ᠬᠥᠮᠦᠵᠢᠯ ᠢ ᠪᠠᠶᠢᠩᠭᠤ ᠥᠷᠨᠢᠭᠦᠯᠦᠨ᠎ᠡ᠃     ᠭᠠᠯ ᠤᠨᠲᠠᠷᠠᠭᠠᠬᠤ ᠵᠠᠷᠤᠳᠠᠯ ᠤᠨ ᠣᠷᠣᠭᠤᠯᠤᠯᠲᠠ ᠶᠢᠨ ᠡᠷᠴᠢᠮ ᠢᠶᠠᠨ ᠨᠡᠮᠡᠭᠳᠡᠭᠦᠯᠬᠦ ᠬᠡᠷᠡᠭᠲᠡᠢ᠃    ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠯᠦᠭᠡ ᠬᠠᠷᠢᠯᠴᠠᠨ ᠲᠣᠬᠢᠷᠠᠯᠴᠠᠭᠰᠠᠨ ᠭᠠᠯ ᠤᠨᠲᠠᠷᠠᠭᠠᠬᠤ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠭᠠᠯ ᠤᠨᠲᠠᠷᠠᠭᠠᠬᠤ ᠵᠠᠷᠤᠳᠠᠯ ᠢ ᠲᠤᠰ ᠱᠠᠲᠤᠨ ᠤ ᠡᠳ᠋ ᠤᠨ ᠵᠠᠰᠠᠭ ᠤᠨ ᠲᠥᠰᠦᠪ ᠲᠡᠭᠡᠨ ᠣᠷᠣᠭᠤᠯᠵᠤ ᠭᠦᠢᠴᠡᠳ ᠲᠤᠭ᠎ᠠ ᠪᠠᠷ ᠪᠠᠲᠤᠯᠠᠨ᠎ᠠ᠃    ᠡᠯ᠎ᠡ ᠰᠠᠯᠠᠭ᠎ᠠ ᠮᠥᠴᠢᠷ ᠭᠠᠯ ᠤᠨ ᠠᠶᠤᠯ ᠠᠴᠠ ᠰᠡᠷᠭᠡᠶᠢᠯᠡᠬᠦ  ᠪᠠᠶᠢᠭᠤᠯᠤᠯᠲᠠ ᠶᠢ ᠵᠢᠯ ᠤᠨ ᠠᠵᠢᠯ ᠤᠨ ᠡᠭᠦᠷᠭᠡ ᠪᠠᠨ ᠨᠢᠭᠡ ᠴᠣᠭᠴᠠᠵᠢᠭᠤᠯᠬᠤ ᠲᠣᠬᠢᠷᠠᠭᠤᠯᠤᠯᠲᠠ ᠳᠠᠭᠠᠨ ᠣᠷᠣᠭᠤᠯᠤᠨ᠎ᠠ᠃    ᠡᠯ᠎ᠡ ᠭᠠᠵᠠᠷ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠡᠯ᠎ᠡ ᠱᠠᠲᠤᠨ ᠤ ᠲᠣᠬᠢᠷᠠᠭᠤᠯᠤᠭᠰᠠᠨ ᠭᠠᠯ ᠤᠨᠲᠠᠷᠠᠭᠠᠬᠤ ᠲᠤᠰᠬᠠᠶ ᠵᠦᠶᠯ ᠤᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠦ᠂ ᠲᠤᠰᠬᠠᠶ ᠵᠣᠭᠤᠰ ᠢ ᠲᠤᠰᠬᠠᠶ ᠵᠦᠶᠯ ᠳᠤ ᠨᠢ ᠬᠡᠷᠡᠭᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃    ᠭᠠᠯ ᠤᠨᠲᠠᠷᠠᠭᠠᠬᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠬᠤ ᠬᠡᠷᠡᠭᠲᠡᠢ᠃    ᠭᠠᠯ ᠤᠨᠲᠠᠷᠠᠭᠠᠬᠤ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠥᠷᠢᠮ ᠲᠤ ᠥᠭᠡᠷᠡᠴᠢᠯᠡᠯᠲᠡ ᠬᠢᠵᠦ᠂ ᠭᠠᠯ ᠤᠨᠲᠠᠷᠠᠭᠠᠬᠤ ᠪᠡᠯᠡᠳᠬᠡᠮᠵᠢ ᠶᠢ ᠬᠠᠮᠠᠭᠠᠯᠠᠵᠦ᠂ ᠠᠷᠠᠴᠢᠯᠠᠬᠤ᠂ ᠪᠠᠶᠢᠴᠠᠭᠠᠨ ᠬᠡᠮᠵᠢᠬᠦ᠂ ᠭᠠᠯ ᠤᠨ ᠠᠶᠤᠯ ᠠᠴᠠ ᠰᠡᠷᠭᠡᠶᠢᠯᠡᠬᠦ ᠶᠢ ᠦᠨᠡᠯᠡᠨ ᠵᠢᠱᠢᠬᠦ  ᠪᠠᠶᠢᠭᠤᠯᠤᠮᠵᠢ ᠶᠢᠨ ᠬᠢᠷᠢ ᠬᠡᠮ ᠤᠨ ᠵᠥᠪᠰᠢᠶᠡᠷᠡᠯ ᠢ ᠬᠦᠴᠦᠨ ᠥᠭᠡᠢ ᠪᠣᠯᠭᠠᠨ᠎ᠠ᠃    ᠭᠠᠯ ᠤᠨᠲᠠᠷᠠᠭᠠᠬᠤ ᠦᠢᠯᠡᠳᠬᠦᠨ ᠤ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠠᠭᠤᠵᠢᠭᠤ ᠲᠠᠯᠪᠢᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠨᠡᠶᠢᠭᠡᠮ ᠤᠨ ᠬᠦᠴᠦᠨ ᠤ ᠭᠠᠯ ᠤᠨᠲᠠᠷᠠᠭᠠᠬᠤ ᠦᠢᠯᠡᠳᠬᠦᠨ ᠢ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠ ᠭᠡᠷᠡᠴᠢᠯᠡᠬᠦ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠣᠷᠢᠭᠵᠢᠭᠤᠯᠤᠨ ᠳᠡᠮᠵᠢᠨ᠎ᠡ    ᠣᠯᠠᠨ ᠨᠡᠶᠢᠲᠡ ᠶᠢᠨ ᠴᠤᠭᠯᠠᠷᠠᠬᠤ ᠲᠠᠯᠠᠪᠤᠷ ᠢ ᠠᠰᠢᠭᠯᠠᠯᠲᠠ ᠳᠤ ᠣᠷᠣᠭᠤᠯᠤᠨ ᠬᠡᠷᠡᠭᠯᠡᠬᠦ ᠠᠴᠠ ᠡᠮᠦᠨ᠎ᠡ ᠭᠠᠯ  ᠤᠨ ᠠᠶᠤᠯ ᠠᠴᠠ ᠰᠡᠷᠭᠡᠶᠢᠯᠡᠬᠦ ᠪᠠᠶᠢᠴᠠᠭᠠᠯᠲᠠ ᠶᠢ ᠮᠡᠳᠡᠭᠳᠡᠬᠦ ᠠᠮᠠᠯᠠᠯᠲᠠ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃    ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠭᠠᠯ ᠤᠨᠲᠠᠷᠠᠭᠠᠬᠤ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠦᠨ᠂ ᠭᠠᠯ ᠤᠨ ᠠᠶᠤᠯ ᠠᠴᠠ ᠰᠡᠷᠭᠡᠶᠢᠯᠡᠬᠦ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠬᠠᠮᠲᠤᠷᠠᠨ ᠤᠷᠮᠠᠰᠢᠭᠤᠯᠬᠤ ᠪᠠ ᠵᠠᠯᠬᠠᠭᠠᠨ ᠴᠡᠭᠡᠷᠯᠡᠭᠦᠯᠬᠦ ᠶᠢ ᠬᠠᠤᠯᠢ ᠶᠣᠰᠣᠭᠠᠷ ᠬᠡᠷᠡᠭᠵᠢᠭᠦᠯᠦᠨ᠎ᠡ᠃     ᠭᠠᠯ ᠤᠨᠲᠠᠷᠠᠭᠠᠬᠤ ᠠᠵᠢᠯ ᠤᠨ ᠬᠢᠨᠠᠨ ᠵᠢᠯᠣᠭᠤᠳᠴᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠬᠤ ᠬᠡᠷᠡᠭᠲᠡᠢ᠃    ︽ᠰᠠᠨᠠᠯ︾ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠡᠳᠦᠷ ᠲᠤᠲᠤᠮ ᠤᠨ ᠪᠠᠶᠢᠴᠠᠭᠠᠯᠲᠠ᠂ ᠵᠠᠰᠠᠭ ᠤᠨ ᠶᠠᠪᠤᠳᠠᠯ ᠤᠨ ᠰᠢᠮᠳᠠᠭᠤᠯᠤᠨ ᠪᠠᠶᠢᠴᠠᠭᠠᠬᠤ ᠪᠠ ᠤᠳᠤᠷᠢᠳᠬᠤ ᠪᠠᠭ᠂ ᠺᠠᠳ᠋ᠷ ᠤᠨ ᠠᠵᠢᠯ ᠤᠨ ᠪᠣᠳᠠᠲᠤ ᠠᠮᠵᠢᠯᠲᠠ ᠶᠢ ᠰᠢᠯᠭᠠᠨ ᠬᠢᠨᠠᠬᠤ ᠴᠢᠬᠤᠯᠠ ᠠᠭᠤᠯᠭ᠎ᠠ ᠳᠤ ᠣᠷᠣᠭᠤᠯᠵᠤ᠂ ᠰᠢᠯᠭᠠᠨ ᠬᠢᠨᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠨ᠎ᠠ᠃    ᠤᠴᠢᠷ ᠶᠠᠪᠤᠳᠠᠯ ᠰᠢᠢᠳᠪᠦᠷᠢᠯᠡᠬᠦ ᠴᠢᠳᠠᠪᠤᠷᠢ ᠪᠠᠷ ᠪᠠᠭᠤᠷᠠᠢ᠂ ᠬᠠᠷᠢᠭᠤᠴᠠᠯᠭ᠎ᠠ ᠦᠭᠡᠢ ᠬᠠᠨᠳᠤᠭᠰᠠᠨ᠂ ᠲᠤᠰᠢᠶᠠᠯ ᠢᠶᠠᠨ ᠭᠤᠲᠤᠭᠠᠭᠰᠠᠨ ᠠᠴᠠ ᠪᠣᠯᠵᠤ ᠨᠡᠯᠢᠶᠡᠳ ᠶᠡᠭᠡ ᠬᠡᠮᠵᠢᠶᠡᠨ ᠠᠴᠠ ᠳᠡᠭᠡᠭᠰᠢᠬᠢ ᠭᠠᠯ ᠤᠨ ᠠᠶᠤᠯ ᠤᠨ ᠠᠳᠡᠯ ᠭᠠᠷᠭᠠᠭᠰᠠᠨ ᠪᠠᠶᠢᠪᠠᠯ᠂ ᠭᠤᠣᠯ ᠬᠠᠷᠢᠭᠤᠴᠠᠯᠭᠠᠲᠠᠨ ᠬᠢᠭᠡᠳ ᠬᠠᠮᠢᠶ᠎ᠠ ᠪᠦᠬᠦᠢ ᠬᠥᠮᠦᠰ ᠤᠨ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2