ᠮᠠᠨ ᠤ ᠬᠤᠲᠠ ᠶᠢᠨ 43 ᠡᠮᠴᠢ ᠰᠤᠪᠢᠯᠠᠭᠴᠢ ᠮᠠᠨᠵᠤᠤᠷ ᠢ ᠲᠤᠰᠠᠯᠠᠬᠤ ᠪᠠᠷ ᠮᠣᠷᠳᠠᠪᠠ
ᠨᠡᠶᠢᠲᠡᠯᠡᠭᠰᠡᠨ ᠴᠠᠭ᠄
2021/12/1
   11 ᠰᠠᠷ᠎ᠠ ᠶᠢᠨ 30 ᠤ ᠡᠳᠦᠷ ᠤᠨ ᠦᠳᠡ ᠶᠢᠨ ᠬᠤᠶᠢᠨ᠎ᠠ᠂ ᠤᠯᠠᠭᠠᠨᠴᠠᠪ ᠬᠤᠲᠠ ᠶᠢᠨ ᠮᠠᠨᠵᠤᠤᠷ ᠬᠤᠲᠠ ᠢ ᠲᠤᠰᠠᠯᠠᠬᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠡᠰᠡᠷᠭᠦᠴᠡᠬᠦ ᠡᠮᠴᠢᠯᠡᠭᠡᠨ ᠤ ᠠᠩᠭᠢ ᠶᠢᠨ 43 ᠠᠵᠢᠯᠲᠠᠨ ᠦᠳᠲᠡᠷ ᠲᠦᠷᠭᠡᠨ ᠢᠶᠠᠷ ᠴᠤᠭᠯᠠᠷᠠᠨ ᠮᠣᠷᠳᠠᠵᠤ᠂ ᠡᠮᠴᠢ ᠬᠦᠮᠦᠨ ᠤ ᠡᠭᠦᠷᠭᠡ ᠬᠠᠷᠢᠭᠤᠴᠠᠯᠭ᠎ᠠ᠂ ᠵᠣᠬᠢᠶᠠᠨ ᠪᠠᠶᠢᠭᠤᠯᠤᠯᠲᠠ ᠶᠢᠨ ᠬᠦᠨᠳᠦ ᠨᠠᠶᠢᠳᠠᠯᠭ᠎ᠠ ᠶᠢ ᠡᠪᠦᠷᠯᠡᠨ ᠮᠠᠨᠵᠤᠤᠷ ᠬᠤᠲᠠ ᠳᠤ ᠬᠦᠷᠴᠦ ᠰᠢᠨ᠎ᠡ ᠲᠢᠲᠢᠮᠯᠡᠭ ᠠᠭᠤᠰᠬᠢᠨ ᠦᠷᠪᠢᠰᠦᠯ ᠤᠨ ᠡᠮᠴᠢᠯᠡᠭᠡᠨ ᠤ ᠠᠪᠤᠷᠠᠨ ᠵᠠᠰᠠᠬᠤ ᠠᠵᠢᠯ ᠳᠤ ᠣᠷᠣᠯᠴᠠᠬᠤ ᠪᠣᠯᠣᠨ᠎ᠠ᠃     ᠬᠤᠲᠠ ᠶᠢᠨ ᠳᠡᠳ᠋ ᠳᠠᠷᠤᠭ᠎ᠠ ᠹᠠᠩ ᠽᠧ ᠶᠣᠰᠣᠯᠠᠯ ᠳᠤ ᠣᠷᠣᠯᠴᠠᠪᠠ᠃     ᠹᠠᠩ ᠽᠧ ᠶᠠᠷᠢᠶᠠᠨ ᠳᠠᠭᠠᠨ᠂ ᠬᠢᠵᠢᠭ ᠤᠨ ᠪᠠᠶᠢᠳᠠᠯ ᠪᠣᠯ ᠳᠠᠷᠤᠶ ᠵᠠᠷᠯᠢᠭ ᠮᠥᠨ᠂ ᠰᠡᠷᠭᠡᠶᠢᠯᠡᠨ ᠡᠵᠡᠮᠳᠡᠬᠦ ᠪᠣᠯ ᠳᠠᠷᠤᠶ ᠬᠠᠷᠢᠭᠤᠴᠠᠯᠭ᠎ᠠ ᠮᠥᠨ ᠭᠡᠵᠦ ᠴᠢᠩ ᠰᠡᠳᠬᠢᠯ ᠠᠴᠠ ᠪᠠᠨ ᠨᠠᠶᠢᠳᠠᠭᠰᠠᠨ ᠪᠠᠶᠢᠨ᠎ᠠ᠃ ᠮᠠᠨᠵᠤᠤᠷ ᠢ ᠲᠤᠰᠠᠯᠠᠬᠤ ᠪᠠᠷ ᠮᠣᠷᠳᠠᠬᠤ ᠡᠮᠴᠢ ᠰᠤᠪᠢᠯᠠᠭᠴᠢᠳ ᠮᠠᠨᠵᠤᠤᠷ ᠤᠨ ᠡᠯ᠎ᠡ ᠹᠷᠣᠨᠲ ᠤᠨ ᠨᠥᠬᠦᠳ ᠲᠠᠢ ᠨᠢᠭᠲᠠ ᠬᠠᠮᠵᠢᠯᠴᠠᠵᠤ᠂ ᠵᠢᠯᠤᠭᠤᠳᠤᠯᠭ᠎ᠠ ᠶᠢ ᠳᠠᠭᠠᠵᠤ᠂ ᠶᠡᠭᠡ ᠲᠠᠯ᠎ᠠ ᠶᠢ ᠳᠠᠭᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠡᠨᠡᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠨ ᠴᠣᠬᠢᠬᠤ ᠳᠠᠶᠢᠯᠠᠯᠳᠤᠭᠠᠨ ᠤ ᠢᠯᠠᠯᠲᠠ ᠶᠢ ᠤᠯᠬᠤ ᠶᠢᠨ ᠬᠠᠮᠲᠤ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ ᠪᠠᠨ ᠰᠠᠶᠢᠲᠤᠷ ᠬᠢᠵᠦ᠂ ᠤᠨᠢᠨ ᠳᠡᠭᠡᠷ᠎ᠡ ᠨᠢ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠪᠠᠷ ᠠᠪᠤᠷᠠᠵᠤ᠂ ᠡᠷᠲᠡᠬᠡᠨ ᠠᠮᠤᠷ ᠠᠮᠤᠭᠤᠯᠠᠩ ᠢᠯᠠᠯᠲᠠ ᠲᠠᠢ ᠪᠠᠷ ᠪᠤᠴᠠᠵᠤ ᠢᠷᠡᠬᠦ ᠶᠢ ᠬᠦᠰᠡᠵᠦ ᠪᠠᠶᠢᠨ᠎ᠠ ᠭᠡᠵᠡᠢ᠃     ᠣᠶᠢᠯᠠᠭᠠᠭᠰᠠᠨ ᠢᠶᠠᠷ᠂ ᠲᠣᠰ ᠤᠳᠠᠭᠠᠨ ᠤ ᠡᠮᠴᠢᠯᠡᠭᠡᠨ ᠤ ᠠᠩᠭᠢ ᠶᠢᠨ ᠡᠮᠴᠢ ᠰᠤᠪᠢᠯᠠᠭᠴᠢᠳ ᠪᠣᠯ ᠬᠤᠲᠠ ᠶᠢᠨ ᠲᠥᠪ ᠡᠮᠨᠡᠯᠭᠡ ᠶᠢᠨ ᠬᠤᠷᠢᠶᠠᠨ ᠤ ᠨᠠᠰᠤᠲᠠᠶᠢᠴᠤᠳ ᠤᠨ ᠵᠢᠷᠦᠬᠡ ᠴᠢᠰᠤᠨ ᠰᠤᠳᠠᠯ ᠤᠨ ᠰᠠᠯᠠᠭ᠎ᠠ᠂ ᠶᠡᠷᠦᠩᠬᠡᠶ ᠰᠠᠯᠠᠭᠠᠨ ᠤ ᠠᠨᠠᠭᠠᠬᠤ ᠤᠬᠠᠭᠠᠨ ᠤ ᠰᠠᠯᠠᠭ᠎ᠠ᠂ ᠠᠮᠢᠰᠬᠤᠯ ᠤᠨ ᠳᠣᠲᠣᠷ ᠰᠠᠯᠠᠭ᠎ᠠ᠂ ICU ︵ᠬᠦᠨᠳᠦ ᠡᠪᠡᠳᠴᠢᠲᠡᠨ ᠤ ᠰᠤᠪᠢᠯᠠᠯᠲᠠ ᠶᠢ ᠴᠢᠩᠭᠠᠳᠬᠠᠬᠤ ᠡᠪᠡᠳᠴᠢᠲᠡᠨ ᠤ ᠥᠷᠥᠭᠡ︶᠂ ᠲᠦᠷᠭᠡᠨ ᠡᠮᠨᠡᠬᠦ ᠰᠠᠯᠠᠭ᠎ᠠ ᠵᠡᠷᠭᠡ ᠰᠠᠯᠠᠭ᠎ᠠ ᠲᠠᠰᠤᠭ ᠤᠨ ᠬᠢᠨ ᠪᠣᠯᠣᠨ᠎ᠠ᠂ ᠡᠭᠦᠨ ᠳᠤ 13 ᠡᠮᠴᠢ᠂ 25ᠰᠤᠪᠢᠯᠠᠭᠴᠢ᠂ 3 ᠴᠡᠪᠡᠷᠯᠡᠭᠴᠢ᠂ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠬᠤ ᠶᠢ ᠰᠡᠷᠭᠡᠶᠢᠯᠡᠭᠴᠢ 1 ᠬᠦᠮᠦᠨ᠂ 1 ᠬᠤᠯᠪᠣᠭᠠᠴᠢᠨ ᠪᠣᠶ᠃ ᠡᠭᠦᠷᠭᠡ ᠶᠢ ᠬᠦᠯᠢᠶᠡᠨ ᠠᠪᠤᠭᠰᠠᠨ ᠤ ᠳᠠᠷᠠᠭ᠎ᠠ᠂ ᠭᠡᠰᠢᠭᠦᠨ ᠨᠢᠭᠡᠪᠦᠷᠢ ᠴᠥᠮ ᠲᠡᠷᠡ ᠳᠠᠷᠤᠢ ᠳᠤᠨᠢ ᠢᠳᠡᠪᠬᠢᠲᠡᠢ ᠴᠤᠤᠷᠢᠶᠠᠲᠤᠨ ᠳᠠᠭᠠᠵᠤ᠂ ᠬᠠᠮᠤᠭ ᠤᠨ ᠲᠦᠷᠭᠡᠨ ᠬᠤᠷᠳᠤᠴᠠ ᠪᠠᠷ ᠴᠤᠭᠯᠠᠷᠠᠨ᠂ ᠮᠠᠨᠵᠤᠤᠷ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠴᠢᠩᠭ᠎ᠠ ᠬᠦᠴᠦᠲᠡᠢ ᠲᠤᠰᠠᠯᠠᠮᠵᠢ ᠪᠠ ᠳᠡᠮᠵᠢᠯᠭᠡ ᠬᠠᠩᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠬᠦ ᠳᠤ ᠤᠯᠠᠭᠠᠨᠴᠠᠪ ᠤᠨ ᠬᠦᠴᠦᠨ ᠴᠢᠳᠠᠯ ᠢᠶᠠᠨ ᠡᠷᠭᠦᠬᠦ ᠪᠣᠯᠣᠨ᠎ᠠ᠃     ︽ᠥᠪᠡᠷ ᠪᠡᠶ᠎ᠡ ᠶᠢᠨ ᠬᠠᠮᠠᠭᠠᠯᠠᠯᠲᠠ ᠶᠢ ᠰᠠᠶᠢᠲᠤᠷ ᠬᠢᠭᠡᠷᠡᠢ᠃︾ ︽ᠪᠣᠭᠤᠳᠠᠯ ᠳᠣᠲᠣᠷ᠎ᠠ ᠴᠢᠨᠢ ᠬᠠᠯᠠᠭᠤᠨ ᠨᠠᠭᠠᠯᠲᠠ ᠪᠤᠢ᠂ ᠪᠡᠶ᠎ᠡ ᠪᠠᠨ ᠰᠠᠢᠲᠤᠷ ᠬᠠᠷᠠᠭᠠᠯᠵᠠᠭᠠᠷᠠᠶ᠃︾ ︽ᠠᠮᠤᠷ ᠮᠡᠨᠳᠦ ᠪᠤᠴᠠᠵᠤ ᠢᠷᠡᠭᠡᠷᠡᠢ᠃︾ ᠁ ᠁ ᠬᠤᠳᠠ ᠶᠢᠨ ᠲᠥᠪ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠠᠰᠠᠷ ᠤᠨ ᠡᠮᠦᠨ᠎ᠡ᠂ ᠭᠡᠷ ᠤᠨ ᠬᠥᠮᠦᠰ ᠪᠠ ᠬᠠᠮᠲᠤ ᠠᠵᠢᠯᠯᠠᠭᠰᠠᠳ ᠨᠢ ᠡᠮᠴᠢᠯᠡᠭᠡᠨ ᠤ ᠠᠩᠬᠢ ᠶᠢᠨ ᠭᠡᠰᠢᠭᠦᠳ ᠢ ᠦᠳᠡᠨ ᠮᠣᠷᠳᠠᠭᠤᠯᠵᠠᠢ᠃  ︽ᠬᠢᠵᠢᠭ ᠤᠨ ᠪᠠᠶᠢᠳᠠᠯ ᠤᠨ ᠡᠮᠦᠨ᠎ᠡ ᠪᠢᠳᠡ ᠶᠠᠭᠠᠬᠢᠭᠰᠠᠨ ᠴᠤ ᠤᠬᠤᠷᠢᠵᠤ ᠪᠣᠯᠬᠤ ᠦᠭᠡᠶ᠂ ᠡᠷᠬᠡᠪᠰᠢ ᠵᠣᠷᠢᠭᠲᠠᠶ ᠪᠠᠷ  ᠡᠷᠡᠯᠬᠡᠭᠯᠡᠨ ᠲᠡᠮᠡᠴᠡᠬᠦ ᠬᠡᠷᠡᠭᠲᠡᠶ︾᠃ ᠡᠮᠴᠢᠯᠡᠭᠡᠨ ᠤ ᠠᠩᠭᠢ ᠶᠢᠨ ᠭᠡᠰᠢᠭᠦᠳ ᠢᠯᠡᠷᠬᠡᠶᠢᠯᠡᠬᠦ ᠳᠡᠭᠡᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠥᠬᠡᠶ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠪᠤᠷᠠᠨ ᠵᠠᠰᠠᠬᠤ ᠠᠵᠢᠯ ᠳᠤ ᠢᠳᠡᠪᠬᠢᠲᠡᠶ ᠣᠷᠣᠯᠴᠠᠵᠤ᠂ ᠲᠤᠰᠬᠠᠶ ᠮᠡᠷᠭᠡᠵᠢᠯ ᠤᠨ ᠬᠢᠷᠢ ᠬᠡᠮᠵᠢᠶ᠎ᠡ ᠪᠠᠨ ᠭᠦᠢᠴᠡᠳ ᠪᠠᠳᠠᠷᠠᠭᠤᠯᠤᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠢᠷᠠᠭᠤ ᠠᠯᠳᠠᠷᠲᠤ ᠡᠭᠦᠷᠭᠡ ᠶᠢ ᠦᠨᠡᠨ ᠰᠡᠳᠬᠢᠯ ᠠᠴᠠ ᠪᠠᠨ ᠬᠦᠴᠦᠯᠡᠨ ᠪᠡᠶᠡᠯᠡᠭᠦᠯᠵᠦ᠂ ᠤᠯᠠᠭᠠᠨᠴᠠᠪ ᠤᠨ ᠬᠦᠮᠦᠨ ᠤ ᠬᠠᠷᠢᠭᠤᠴᠠᠯᠭ᠎ᠠ ᠡᠭᠦᠷᠭᠡᠯᠡᠯ ᠪᠠ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠦᠨ᠎ᠡ ᠭᠡᠵᠡᠶ᠃                                                  ᠣᠷᠴᠢᠭᠤᠯᠤᠭᠴᠢ᠄ ᠭᠤᠸ᠎ᠠ                                                  ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2