︽ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠰᠢᠷᠢᠰ ᠮᠡᠳᠡᠭᠡᠯᠡᠯ ︵ᠠᠷᠪᠠ︶
ᠨᠡᠶᠢᠲᠡᠯᠡᠭᠰᠡᠨ ᠴᠠᠭ᠄
2021/12/1
     ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠤᠮᠳᠠ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠠᠵᠢᠯᠯᠠᠭ᠎ᠠ ᠥᠷᠨᠢᠭᠦᠯᠬᠦ ᠲᠤᠬᠠᠶ ᠨᠠᠮ ᠤᠨ ᠲᠥᠪ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠢᠨ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ᠂ ᠬᠡᠷᠡᠭᠴᠡᠭᠡ ᠱᠠᠭᠠᠷᠳᠠᠯᠭ᠎ᠠ ᠶᠢ ᠠᠷᠠᠳ ᠠᠴᠠ ᠠᠰᠠᠭᠤᠬᠤ᠂ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠬᠤ ︽ᠭᠤᠷᠪᠠ ᠶᠢ ᠠᠰᠠᠭᠤᠬᠤ︾ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠨᠡᠶᠢᠭᠡᠮ ᠤᠨ ᠡᠯ᠎ᠡ ᠡᠲᠡᠭᠡᠳ ᠪᠠ ᠥᠷᠭᠡᠨ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠠᠰᠠᠭᠤᠳᠠᠯ ᠤᠨ ᠨᠠᠷᠢᠨ ᠲᠠᠩᠰᠠ ᠶᠢ ᠬᠤᠷᠢᠶᠠᠩᠭᠤᠶᠢᠯᠠᠨ ᠡᠮᠬᠢᠯᠡᠵᠦ᠂ ᠡᠭᠦᠨ ᠤ ᠤᠯᠠᠮ ᠠᠴᠠ ᠣᠯᠠᠨ ᠲᠦᠮᠡᠨ ᠳᠤ ᠪᠣᠳᠠᠲᠠᠶ ᠶᠠᠪᠤᠳᠠᠯ ᠬᠢᠬᠦ ᠶᠢᠨ ︽ᠭᠤᠷᠪᠠ ᠶᠢ ᠠᠰᠠᠭᠤᠬᠤ︾ ᠦᠢᠯᠡᠴᠢᠯᠡᠭᠡᠨ ᠤ ᠵᠦᠢᠯᠡᠰ ᠤᠨ ᠨᠠᠷᠢᠨ ᠲᠠᠩᠰᠠ ᠶᠢ ᠲᠣᠭᠲᠠᠭᠠᠭᠰᠠᠨ ᠪᠠᠶᠢᠨ᠎ᠠ᠃ ᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠣᠳᠣ ᠨᠡᠶᠢᠭᠡᠮ ᠲᠠᠶᠠᠭᠠᠷ ᠲᠤ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠦᠢᠯᠡᠳᠦᠯᠭᠡ ᠶᠢᠨ ᠠᠵᠢᠯᠯᠠᠭ᠎ᠠ ᠶᠢᠨ ᠦᠢᠯᠡᠴᠢᠯᠡᠭᠡᠨ ᠤ ᠵᠦᠢᠯᠡᠰ ᠤᠨ ᠨᠠᠷᠢᠨ ᠳᠠᠩᠰᠠ ᠪᠠ ᠠᠰᠠᠭᠤᠳᠠᠯ ᠢ ᠰᠢᠢᠳᠪᠦᠷᠢᠯᠡᠭᠰᠡᠨ ᠦᠷ᠎ᠡ ᠳ᠋ᠦᠩ ᠢ ᠨᠡᠶᠢᠲᠡᠯᠡᠵᠦ᠂ ᠠᠷᠠᠳ ᠣᠯᠠᠨ ᠤ ᠬᠢᠨᠠᠯᠲᠠ ᠪᠠ ᠦᠨᠡᠯᠡᠯᠲᠡ ᠶᠢ ᠤᠬᠠᠮᠰᠠᠷ ᠠᠴᠠ ᠪᠠᠨ ᠬᠦᠯᠢᠶᠡᠬᠦ ᠪᠤᠯᠤᠨ᠎ᠡ᠃     ︽ᠭᠤᠷᠪᠠ ᠶᠢ ᠠᠰᠠᠭᠤᠬᠤ︾ ᠠᠵᠢᠯᠯᠠᠭ᠎ᠠ ᠶᠢᠨ ᠠᠰᠠᠭᠤᠳᠠᠯ ᠤᠨ ᠨᠠᠷᠢᠨ ᠲᠠᠩᠰᠠ     1 . ᠵᠢᠨᠢᠩ ᠲᠣᠭᠤᠷᠢᠭ ᠤᠨ ᠪᠠᠶ ᠸᠠᠩ ᠷᠦᠩ ᠴᠧᠩ — E ᠲᠣᠭᠤᠷᠢᠭ ᠤᠨ ᠣᠶᠢᠷ᠎ᠠ ᠬᠠᠪᠢ ᠳᠤ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠪᠠᠶᠢᠬᠤ ᠥᠬᠡᠶ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠪᠠᠭᠠᠵᠢ ᠬᠡᠷᠡᠭᠰᠡᠯ ᠤᠭᠰᠠᠷᠠᠵᠤ᠂ ᠣᠯᠠᠨ ᠲᠦᠮᠡᠨ ᠤ ᠪᠡᠶ᠎ᠡ ᠮᠠᠬᠠᠪᠣᠳ ᠢᠶᠠᠨ ᠪᠣᠯᠪᠠᠰᠤᠷᠠᠭᠤᠯᠬᠤ ᠳᠤ ᠲᠥᠬᠦᠮ ᠦᠵᠡᠭᠦᠯᠬᠦ ᠶᠢ ᠬᠦᠰᠡᠵᠦ ᠪᠠᠶᠢᠨ᠎ᠠ᠃     2 . ᠵᠢᠨᠢᠩ ᠲᠣᠭᠤᠷᠢᠭ ᠤᠨ ᠵᠢᠤᠸᠠᠢ ᠱᠢ ᠵᠢᠶᠦ᠋ᠨ ᠰᠠᠭᠤᠭᠠᠯᠢ ᠲᠣᠭᠤᠷᠢᠭ ᠲᠤ ᠪᠠᠶᠢᠭᠠᠯᠢ ᠶᠢᠨ ᠰᠢᠲᠠᠮᠠᠬᠠᠶ ᠬᠡᠢ ᠨᠡᠪᠲᠡᠷᠡᠭᠡᠳᠦᠶ᠂ ᠮᠥᠨ ᠯᠡ ᠲᠦᠷ ᠴᠠᠭ ᠤᠨ ᠴᠠᠬᠢᠯᠭᠠᠨ ᠬᠡᠷᠡᠭᠯᠡᠵᠦ ᠪᠠᠶᠢᠬᠤ᠂ 12 ᠳ᠋ᠤᠭᠠᠷ ᠨᠣᠮᠧᠷᠲᠤ ᠠᠰᠠᠷ ᠤᠨ ᠭᠠᠵᠠᠷ ᠤᠨ ᠬᠥᠮᠥᠷᠭᠡ ᠳᠤ ᠤᠰᠤ ᠭᠤᠭᠤᠵᠢᠵᠤ ᠪᠠᠶᠢᠭ᠎ᠠ᠂ ᠠᠰᠠᠷ ᠤᠨ ᠭᠤᠳᠤᠮᠵᠢ ᠶᠢᠨ ᠡᠭᠦᠳᠡᠨ ᠳᠤ ᠴᠤᠤᠵᠢ ᠦᠭᠡᠢ ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃     3 . ᠵᠢᠨᠢᠩ ᠲᠣᠭᠤᠷᠢᠭ ᠤᠨ ᠶᠦᠩ ᠨᠢᠩ ᠵᠠᠮ ᠪᠣᠯᠤᠨ ᠴᠠᠬᠠᠷ ᠪᠠᠷᠠᠭᠤᠨ ᠵᠡᠭᠡᠯᠢ ᠶᠢᠨ ᠠᠭᠤᠯᠵᠠᠷ᠂ ᠹᠠᠩ ᠵᠧᠩ ᠺᠠᠩ ᠴᠧᠩ ᠤᠨ A ᠲᠣᠭᠤᠷᠢᠭ ᠤᠨ ᠪᠠᠷᠠᠭᠤᠨ ᠡᠭᠦᠳᠡᠨ ᠤ ᠵᠠᠮ ᠡᠪᠳᠡᠷᠡᠭᠡᠳ ᠪᠠᠶᠢᠨ᠎ᠠ᠃ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠲᠦᠷᠭᠡᠨ ᠵᠠᠰᠠᠵᠤ ᠰᠡᠷᠭᠦᠭᠡᠬᠦ ᠶᠢ ᠬᠦᠰᠡᠵᠦ ᠪᠠᠶᠢᠨ᠎ᠠ᠃     4 . ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠡᠭᠦᠳᠡᠨ ᠳᠠᠬᠢ ᠪᠣᠬᠢᠷ ᠤᠰᠤᠨ ᠤ ᠬᠤᠳᠳᠤᠭ ᠪᠥᠭᠯᠡᠷᠡᠵᠦ᠂ ᠪᠣᠬᠢᠷ ᠤᠰᠤ ᠪᠢᠯᠬᠠᠷᠠᠵᠤ ᠪᠠᠶᠢᠨ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠲᠦᠷᠭᠡᠬᠡᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃     5 . ᠵᠢᠨᠢᠩ ᠲᠣᠭᠤᠷᠢᠭ ᠤᠨ ᠪᠠᠶ ᠬᠠᠶ ᠽᠢ ᠪᠠᠯᠭᠠᠰᠤᠨ ᠤ ᠪᠠᠶ ᠬᠠᠶ ᠽᠢ ᠲᠣᠰᠬᠤᠨ ᠤ ᠲᠦᠭᠡᠭᠡᠯ ᠤᠰᠤᠨ ᠤ ᠬᠥᠭᠡᠷᠭᠡ ᠡᠪᠳᠡᠭᠳᠡᠵᠦ᠂ ᠲᠣᠰᠬᠤᠨ ᠤ ᠠᠷᠠᠳ ᠤᠰᠤ ᠬᠡᠷᠡᠭᠯᠡᠬᠦ ᠳᠤ ᠳᠥᠭᠦᠮ ᠦᠭᠡᠢ ᠪᠠᠶᠢᠨ᠎ᠠ᠃ ᠲᠦᠷᠭᠡᠨ ᠵᠠᠰᠠᠬᠤ ᠶᠢ ᠬᠦᠰᠡᠵᠦ ᠪᠠᠶᠢᠨ᠎ᠠ᠃     6 . ᠹᠧᠩᠵᠧᠨ ᠬᠤᠲᠠ ᠶᠢᠨ ᠬᠤᠸᠠ ᠹᠧᠩ ᠯᠢ ᠳ᠋ᠦ᠋ ᠰᠠᠭᠤᠭᠠᠯᠢ ᠲᠣᠭᠤᠷᠢᠭ ᠤᠨ ᠴᠠᠬᠢᠯᠭᠠᠨ ᠱᠠᠲᠤ ᠵᠤᠭᠰᠤᠭᠠᠳ ᠣᠯᠠᠨ ᠡᠳᠦᠷ ᠪᠤᠯᠵᠤ᠂ ᠰᠠᠭᠤᠭᠠᠯᠢ ᠠᠷᠠᠳ ᠤᠨ ᠠᠮᠢᠳᠤᠷᠠᠯ ᠳᠤ ᠳᠥᠭᠦᠮ ᠦᠭᠡᠢ ᠪᠤᠯᠤᠭᠰᠠᠨ ᠪᠠᠶᠢᠨ᠎ᠠ ᠃ ᠬᠡᠪ ᠤᠨ ᠠᠵᠢᠯᠯᠠᠭ᠎ᠠ ᠪᠠᠨ ᠲᠦᠷᠭᠡᠬᠡᠨ ᠰᠡᠷᠭᠦᠭᠡᠬᠦ ᠶᠢ ᠬᠦᠰᠡᠵᠦ ᠪᠠᠶᠢᠨ᠎ᠠ᠃     7 . ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠤᠨ ᠦᠢᠯᠡᠴᠢᠯᠡᠭᠡᠨ ᠤ ᠴᠣᠩᠬᠤᠨ ᠤ ᠠᠵᠢᠯᠲᠠᠨ ᠴᠥᠭᠡᠨ ᠪᠠᠶᠢᠵᠦ᠂ ᠣᠯᠠᠨ ᠲᠦᠮᠡᠨ ᠬᠡᠷ ᠪᠠᠶᠢᠰᠢᠩ ᠤᠨ ᠦᠮᠴᠢᠯᠡᠯ ᠤᠨ ᠦᠨᠡᠮᠯᠡᠯ ᠤᠨ ᠭᠠᠷ ᠭᠦᠢᠴᠡᠳᠬᠡᠯ ᠬᠢᠬᠦ ᠳᠤ ᠶᠡᠭᠡ ᠴᠠᠭ ᠵᠠᠷᠤᠴᠠᠭᠤᠯᠵᠤ ᠪᠠᠶᠢᠨ᠎ᠠ᠃ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ᠃     8 . ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ X581 ᠰᠢᠶᠠᠨ ᠤ ᠵᠠᠮ ᠤᠨ ᠬᠡᠰᠡᠭ ᠲᠤ ᠮᠠᠰᠢ ᠣᠯᠠᠨ ᠨᠦᠬᠡ ᠲᠠᠢ᠂ ᠮᠠᠰᠢᠨ ᠲᠡᠷᠭᠡ ᠶᠠᠪᠤᠬᠤ ᠳᠤ ᠠᠮᠠᠷᠬᠠᠨ ᠬᠦᠷᠳᠦ ᠳᠡᠯᠪᠡᠷᠡᠳᠡᠭ ᠪᠣᠯᠬᠤᠷ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠵᠠᠮ ᠤᠨ ᠭᠠᠳᠠᠷᠭᠤ ᠶᠢ ᠲᠦᠷᠭᠡᠨ ᠵᠠᠰᠠᠬᠤ ᠶᠢ ᠬᠦᠰᠡᠵᠦ ᠪᠠᠶᠢᠨ᠎ᠠ᠃     9 . ᠱᠠᠩᠳᠤ ᠰᠢᠶᠠᠨ ᠤ ᠴᠢ ᠲᠠᠢ ᠪᠠᠯᠭᠠᠰᠤᠨ ᠤ ᠪᠠᠷᠢᠯᠭ᠎ᠠ ᠶᠢᠨ ᠮᠠᠲ᠋ᠧᠷᠢᠶᠠᠯ ᠤᠨ ᠬᠤᠲᠠ ᠶᠢᠨ ᠳᠤᠯᠠᠭᠠᠯᠠᠭ᠎ᠠ ᠶᠢᠨ ᠬᠤᠭᠤᠯᠠᠶ ᠶᠢᠨ ᠡᠷᠭᠢᠨ ᠲᠣᠭᠤᠷᠢᠨ ᠤ ᠪᠧᠲ᠋ᠤᠨ ᠨᠤᠷᠠᠭᠰᠠᠨ ᠪᠠᠶᠢᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠦᠷᠭᠡᠬᠡᠨ ᠵᠠᠰᠠᠵᠤ ᠰᠡᠷᠭᠦᠭᠡᠬᠦ ᠶᠢ ᠬᠦᠰᠡᠵᠦ ᠪᠠᠶᠢᠨ᠎ᠠ᠃    10 . ᠱᠠᠩᠳᠤ ᠰᠢᠶᠠᠨ ᠤ ᠵᠢᠤ ᠹᠦ᠋ ᠴᠧᠩ ᠶᠡᠭᠡ ᠪᠠᠭᠤᠳᠠᠯ ᠤᠨ ᠵᠡᠭᠦᠨ ᠲᠠᠯ᠎ᠠ ᠠᠴᠠ ᠨᠠᠨ ᠬᠦ ᠨᠠᠭᠤᠷ ᠤᠨ ᠠᠮᠢ ᠠᠬᠤᠶ ᠶᠢᠨ ᠴᠡᠴᠡᠷᠯᠢᠭ᠂ ᠨᠠᠨ ᠬᠦ ᠨᠠᠭᠤᠷ ᠤᠨ ᠴᠡᠴᠡᠷᠯᠢᠭ ᠤᠨ ᠬᠡᠳᠦ ᠳᠡᠯᠭᠡᠭᠦᠷ ᠤᠨ ᠡᠮᠦᠨ᠎ᠡ ᠲᠠᠯ᠎ᠠ ᠶᠢᠨ ᠲᠣᠨᠣᠯᠵᠢᠨ ᠵᠠᠮ ᠤᠨ ᠵᠡᠭᠦᠨ ᠬᠡᠰᠡᠭ ᠬᠦᠷᠳᠡᠯ᠎ᠡ ᠵᠠᠮ ᠤᠨ ᠳ᠋ᠧᠩ ᠨᠣᠴᠣᠬᠤ ᠦᠭᠡᠶ᠂ ᠣᠯᠠᠨ ᠲᠦᠮᠡᠨ ᠰᠥᠨᠢ ᠪᠠᠷ ᠶᠠᠪᠤᠵᠤ ᠰᠠᠭᠤᠬᠤ ᠳᠤ ᠳᠥᠭᠦᠮ ᠦᠭᠡᠢ ᠪᠠᠶᠢᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠦᠷᠭᠡᠬᠡᠨ ᠵᠠᠰᠠᠵᠤ ᠰᠡᠯᠪᠢᠬᠦ ᠶᠢ ᠬᠦᠰᠡᠵᠦ ᠪᠠᠶᠢᠨ᠎ᠠ᠃     ︽ᠭᠤᠷᠪᠠ ᠶᠢ ᠠᠰᠠᠭᠤᠬᠤ︾ ᠠᠵᠢᠯᠯᠠᠭ᠎ᠠ ᠶᠢᠨ ᠠᠰᠠᠭᠤᠳᠠᠯ ᠤᠨ ᠨᠠᠷᠢᠨ ᠲᠠᠩᠰᠠ ᠶᠢ ᠰᠢᠢᠳᠪᠦᠷᠢᠯᠡᠵᠦ ᠳᠠᠭᠤᠰᠬᠠᠭᠰᠠᠨ ᠪᠠᠶᠢᠳᠠᠯ     1. ᠵᠢᠨᠢᠩ ᠲᠣᠭᠤᠷᠢᠭ ᠤᠨ ᠪᠠᠶ ᠸᠠᠩ ᠷᠦᠩ ᠴᠧᠩ — E ᠲᠣᠭᠤᠷᠢᠭ ᠤᠨ ᠣᠶᠢᠷ᠎ᠠ ᠬᠠᠪᠢ ᠳᠤ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠪᠠᠶᠢᠬᠤ ᠥᠬᠡᠶ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠪᠠᠭᠠᠵᠢ ᠬᠡᠷᠡᠭᠰᠡᠯ ᠤᠭᠰᠠᠷᠠᠵᠤ᠂ ᠣᠯᠠᠨ ᠲᠦᠮᠡᠨ ᠤ ᠪᠡᠶ᠎ᠡ ᠮᠠᠬᠠᠪᠣᠳ ᠢᠶᠠᠨ ᠪᠣᠯᠪᠠᠰᠤᠷᠠᠭᠤᠯᠬᠤ ᠳᠤ ᠲᠥᠬᠦᠮ ᠦᠵᠡᠭᠦᠯᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠬᠢᠨᠠᠨ ᠪᠠᠶᠢᠴᠠᠭᠠᠭᠰᠠᠨ ᠢᠶᠠᠷ᠂ ᠲᠣᠰ ᠰᠠᠭᠤᠭᠠᠯᠢ ᠲᠣᠭᠤᠷᠢᠭ ᠤᠨ ᠠᠭᠤᠳᠠᠮ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢ ᠵᠢᠱᠢᠯᠲᠡ ᠪᠠᠷ 8 ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠵᠤ᠂ ᠲᠡᠷᠡ ᠦᠶ᠎ᠡ ᠳᠤ ᠬᠠᠮᠢᠶ᠎ᠠ ᠪᠥᠬᠦᠶ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠢ ᠢᠵᠢ ᠪᠥᠷᠢᠳᠦᠭᠦᠯᠬᠦ ᠪᠣᠯᠤᠨ᠎ᠠ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶      2. ᠵᠢᠨᠢᠩ ᠲᠣᠭᠤᠷᠢᠭ ᠤᠨ ᠵᠢᠤᠸᠠᠢ ᠱᠢ ᠵᠢᠶᠦ᠋ᠨ ᠰᠠᠭᠤᠭᠠᠯᠢ ᠲᠣᠭᠤᠷᠢᠭ ᠲᠤ ᠪᠠᠶᠢᠭᠠᠯᠢ ᠶᠢᠨ ᠰᠢᠲᠠᠮᠠᠬᠠᠶ ᠬᠡᠢ ᠨᠡᠪᠲᠡᠷᠡᠭᠡᠳᠦᠶ᠂ ᠮᠥᠨ ᠯᠡ ᠲᠦᠷ ᠴᠠᠭ ᠤᠨ ᠴᠠᠬᠢᠯᠭᠠᠨ ᠬᠡᠷᠡᠭᠯᠡᠵᠦ ᠪᠠᠶᠢᠬᠤ᠂ 12 ᠳ᠋ᠤᠭᠠᠷ ᠨᠣᠮᠧᠷᠲᠤ ᠠᠰᠠᠷ ᠤᠨ ᠭᠠᠵᠠᠷ ᠲᠤᠤᠷᠠᠬᠢ ᠬᠥᠮᠥᠷᠭᠡ ᠳᠤ ᠤᠰᠤ ᠨᠡᠪᠴᠢᠵᠤ ᠪᠠᠶᠢᠭ᠎ᠠ᠂ ᠠᠰᠠᠷ ᠤᠨ ᠭᠤᠳᠤᠮᠵᠢ ᠶᠢᠨ ᠡᠭᠦᠳᠡᠨ ᠳᠤ ᠴᠤᠤᠵᠢ ᠦᠭᠡᠢ ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠲᠣᠰ ᠰᠠᠭᠤᠭᠠᠯᠢ ᠲᠣᠭᠤᠷᠢᠭ ᠤᠨ ᠪᠠᠶᠢᠭᠠᠯᠢ ᠶᠢᠨ ᠰᠢᠲᠠᠮᠠᠬᠠᠶ ᠬᠡᠶ ᠶᠢ ᠨᠢᠭᠡᠨᠲᠡ ᠭᠤᠤᠷᠰᠤ ᠬᠤᠭᠤᠯᠠᠢ ᠶᠢᠨ ᠲᠥᠯᠥᠪᠯᠡᠭᠡ ᠳᠤ ᠣᠷᠣᠭᠤᠯᠵᠠᠢ᠃ ᠭᠡᠪᠡᠴᠦ ᠨᠡᠭᠡᠭᠡᠨ ᠬᠥᠭᠵᠢᠭᠦᠯᠬᠦ ᠬᠤᠳᠠᠯᠳᠤᠭᠠᠴᠢᠨ ᠪᠠᠶᠢᠭᠠᠯᠢ ᠶᠢᠨ ᠰᠢᠲᠠᠮᠠᠬᠠᠶ ᠬᠡᠶ ᠶᠢᠨ ᠢᠵᠢ ᠪᠥᠷᠢᠳᠦᠭᠦᠯᠬᠦ ᠪᠥᠲᠥᠭᠡᠨ ᠪᠠᠶᠢᠭᠤᠯᠤᠯᠲᠠ ᠶᠢᠨ ᠰᠦᠢᠳᠬᠡᠯ ᠢ ᠦᠭᠬᠦ ᠥᠬᠡᠶ ᠠᠴᠠ ᠪᠣᠯᠵᠣ ᠪᠥᠲᠥᠭᠡᠨ ᠪᠠᠶᠢᠭᠤᠯᠤᠯᠲᠠ ᠬᠢᠬᠦ ᠶᠢᠨ ᠠᠷᠭ᠎ᠠ ᠥᠬᠡᠶ ᠪᠠᠶᠢᠨ᠎ᠠ᠂ ᠵᠢᠨᠢᠩ ᠲᠣᠭᠤᠷᠢᠭ ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠᠶᠢᠭᠠᠯᠢ ᠶᠢᠨ ᠰᠢᠲᠠᠮᠠᠬᠠᠶ ᠬᠡᠶ ᠶᠢᠨ ᠠᠰᠠᠭᠤᠳᠠᠯ ᠢ ᠰᠢᠢᠳᠪᠦᠷᠢᠯᠡᠬᠦ ᠳᠤ ᠢᠳᠡᠪᠬᠢᠲᠡᠶ ᠣᠷᠣᠯᠴᠠᠪᠠ︔ ᠵᠢᠱᠢᠯᠲᠡ ᠪᠠᠷ 8 ᠰᠠᠷ᠎ᠠ ᠶᠢᠨ ᠰᠡᠭᠦᠯᠴᠢ ᠪᠠᠷ ᠰᠠᠭᠤᠭᠠᠯᠢ ᠠᠷᠠᠳ ᠤᠨ ᠲᠣᠭᠤᠷᠢᠭ ᠤᠨ ᠴᠠᠬᠢᠯᠭᠠᠨ ᠬᠡᠮᠵᠢᠭᠦᠷ ᠢ ᠤᠭᠰᠠᠷᠠᠵᠤ ᠳᠠᠭᠤᠰᠬᠠᠭᠠᠳ᠂ ᠰᠠᠭᠤᠭᠠᠯᠢ ᠠᠷᠠᠳ ᠤᠨ ᠴᠠᠬᠢᠯᠭᠠᠨ ᠬᠡᠷᠡᠭᠯᠡᠬᠦ ᠠᠰᠠᠭᠤᠳᠠᠯ ᠢ ᠰᠢᠢᠳᠪᠦᠷᠢᠯᠡᠨ᠎ᠡ︔ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠰᠠᠭᠤᠭᠠᠯᠢ ᠲᠣᠭᠤᠷᠢᠭ ᠤᠨ ᠭᠠᠵᠠᠷ ᠲᠤᠤᠷᠠᠬᠢ ᠬᠥᠮᠥᠷᠭᠡ ᠶᠢ ᠰᠡᠯᠪᠢᠨ ᠵᠠᠰᠠᠵᠤ᠂ ᠤᠰᠤ ᠨᠡᠪᠴᠢᠬᠦ ᠠᠰᠠᠭᠤᠳᠠᠯ ᠢ ᠨᠢᠭᠡᠨᠲᠡ  ᠰᠢᠢᠳᠪᠦᠷᠢᠯᠡᠪᠡ︔ ᠡᠭᠦᠳᠡᠨ ᠴᠤᠤᠵᠢ ᠶᠢᠨ ᠰᠢᠰᠲ᠋ᠧᠮ ᠢ ᠣᠳᠣ ᠨᠢᠭᠡᠨᠲᠡ ᠡᠬᠢᠯᠡᠨ ᠪᠡᠯᠡᠳᠬᠡᠵᠦ᠂ ᠵᠢᠱᠢᠯᠲᠡ ᠪᠠᠷ 8 ᠰᠠᠷ᠎ᠠ ᠶᠢᠨ ᠰᠡᠭᠦᠯᠴᠢ ᠪᠠᠷ ᠪᠡᠯᠡᠳᠬᠡᠵᠦ ᠳᠠᠭᠤᠰᠬᠠᠨ᠎ᠠ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︶     3. ᠵᠢᠨᠢᠩ ᠲᠣᠭᠤᠷᠢᠭ ᠤᠨ ᠶᠦᠩ ᠨᠢᠩ ᠵᠠᠮ ᠪᠣᠯᠤᠨ ᠴᠠᠬᠠᠷ ᠪᠠᠷᠠᠭᠤᠨ ᠵᠡᠭᠡᠯᠢ ᠶᠢᠨ ᠠᠭᠤᠯᠵᠠᠷ᠂ ᠹᠠᠩ ᠵᠧᠩ ᠺᠠᠩ ᠴᠧᠩ ᠤᠨ A ᠲᠣᠭᠤᠷᠢᠭ ᠤᠨ ᠪᠠᠷᠠᠭᠤᠨ ᠡᠭᠦᠳᠡᠨ ᠤ ᠵᠠᠮ ᠡᠪᠳᠡᠷᠡᠭᠡᠳ ᠪᠠᠶᠢᠨ᠎ᠠ᠃ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠲᠦᠷᠭᠡᠨ ᠵᠠᠰᠠᠵᠤ ᠰᠡᠷᠭᠦᠭᠡᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠬᠢᠨᠠᠨ ᠪᠠᠶᠢᠴᠠᠭᠠᠭᠰᠠᠨ ᠢᠶᠠᠷ᠂ ᠵᠢᠨᠢᠩ ᠲᠣᠭᠤᠷᠢᠭ ᠤᠨ ᠶᠦᠩ ᠨᠢᠩ ᠵᠠᠮ ᠪᠣᠯᠤᠨ ᠴᠠᠬᠠᠷ ᠪᠠᠷᠠᠭᠤᠨ ᠵᠡᠭᠡᠯᠢ ᠶᠢᠨ ᠵᠠᠮ ᠤᠨ ᠠᠭᠤᠯᠵᠠᠷ ᠢ ᠨᠢᠭᠡᠨᠲᠡ ᠵᠠᠰᠠᠵᠤ ᠳᠠᠭᠤᠰᠬᠠᠪᠠ︔ ᠹᠠᠩ ᠵᠧᠩ ᠺᠠᠩ ᠴᠧᠩ ᠬᠤᠲᠠ ᠶᠢᠨ A ᠲᠣᠭᠤᠷᠢᠭ ᠤᠨ ᠪᠠᠷᠠᠭᠤᠨ ᠡᠭᠦᠳᠡ ᠶᠢ ᠨᠢᠭᠡᠨᠲᠡ ᠨᠤᠷᠠᠭᠠᠵᠤ ᠨᠡᠭᠦᠯᠭᠡᠬᠦ ᠬᠡᠪᠴᠢᠶᠡᠨ ᠳᠤ ᠣᠷᠣᠭᠤᠯᠵᠠᠢ᠂ ᠲᠠᠲᠠᠪᠤᠷᠢᠯᠠᠵᠤ ᠪᠠᠷᠠᠭᠰᠠᠨ ᠤ ᠳᠠᠷᠠᠭ᠎ᠠ ᠲᠣᠰ ᠣᠷᠣᠨ ᠪᠦᠰᠡ ᠶᠢᠨ ᠵᠠᠮ ᠤᠨ ᠭᠠᠳᠠᠷᠭᠤ ᠶᠢ ᠵᠠᠰᠠᠵᠤ ᠰᠡᠷᠭᠦᠭᠡᠨ᠎ᠡ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶     4. ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠡᠭᠦᠳᠡᠨ ᠳᠠᠬᠢ ᠪᠣᠬᠢᠷ ᠤᠰᠤᠨ ᠤ ᠬᠤᠳᠳᠤᠭ ᠪᠥᠭᠯᠡᠷᠡᠵᠦ᠂ ᠪᠣᠬᠢᠷ ᠤᠰᠤ ᠪᠢᠯᠬᠠᠵᠤ ᠪᠠᠶᠢᠨ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠲᠦᠷᠭᠡᠬᠡᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃      ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠠᠴᠠ ᠨᠢᠭᠡᠨᠲᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠲᠤᠰ ᠣᠷᠣᠨ ᠤ ᠭᠠᠳᠠᠭᠰᠢ ᠪᠢᠯᠬᠠᠭᠰᠠᠨ ᠪᠣᠬᠢᠷ ᠤᠰᠤ ᠶᠢ ᠰᠢᠢᠳᠪᠦᠷᠢᠯᠡᠬᠦ ᠬᠡᠷᠡᠭᠲᠡᠢ ᠭᠡᠵᠦ ᠳᠠᠭᠠᠭᠠᠯᠭᠠᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠪᠣᠬᠢᠷ ᠤᠰᠤ ᠰᠣᠷᠣᠬᠤ ᠲᠡᠷᠭᠡ ᠪᠠᠷ ᠪᠣᠬᠢᠷ ᠤᠰᠤ ᠶᠢ ᠲᠠᠲᠠᠵᠤ ᠠᠪᠤᠭᠤᠯᠬᠤ ᠪᠠᠷ ᠲᠤᠬᠢᠷᠠᠭᠤᠯᠵᠠᠢ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶     5. ᠵᠢᠨᠢᠩ ᠲᠣᠭᠤᠷᠢᠭ ᠤᠨ ᠪᠠᠶ ᠬᠠᠶ ᠽᠢ ᠪᠠᠯᠭᠠᠰᠤᠨ ᠤ ᠪᠠᠶ ᠬᠠᠶ ᠽᠢ ᠲᠣᠰᠬᠤᠨ ᠤ ᠲᠦᠭᠡᠭᠡᠯ ᠤᠰᠤᠨ ᠤ ᠬᠥᠭᠡᠷᠭᠡ ᠡᠪᠳᠡᠭᠳᠡᠵᠦ᠂ ᠲᠣᠰᠬᠤᠨ ᠤ ᠠᠷᠠᠳ ᠤᠰᠤ ᠬᠡᠷᠡᠭᠯᠡᠬᠦ ᠳᠤ ᠳᠥᠭᠦᠮ ᠦᠭᠡᠢ ᠪᠠᠶᠢᠨ᠎ᠠ᠃ ᠲᠦᠷᠭᠡᠨ ᠵᠠᠰᠠᠬᠤ ᠶᠢ ᠬᠦᠰᠡᠵᠦ ᠪᠠᠶᠢᠨ᠎ᠠ᠃      ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠪᠠᠢ ᠬᠠᠢ ᠽᠢ ᠲᠣᠰᠬᠤᠨ ᠳᠤ ᠲᠦᠭᠡᠭᠡᠯ ᠤᠰᠤᠨ ᠤ ᠭᠤᠤᠷᠰᠤ ᠬᠤᠭᠤᠯᠠᠢ ᠵᠠᠯᠭᠠᠵᠦ ᠦᠭᠬᠦ ᠶᠢ ᠲᠠᠭᠠᠭᠠᠯᠭᠠᠵᠤ᠂ ᠲᠤᠰ ᠲᠣᠰᠬᠤᠨ ᠤ ᠤᠰᠤ ᠬᠡᠷᠡᠭᠯᠡᠬᠦ ᠠᠰᠠᠭᠤᠳᠠᠯ ᠢ ᠲᠦᠢᠯᠪᠤᠷᠢᠲᠠᠢ ᠰᠢᠢᠳᠪᠦᠷᠢᠯᠡᠪᠠ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶     6. ᠹᠧᠩᠵᠧᠨ ᠬᠤᠲᠠ ᠶᠢᠨ ᠬᠤᠸᠠ ᠹᠧᠩ ᠯᠢ ᠳ᠋ᠦ᠋ ᠰᠠᠭᠤᠭᠠᠯᠢ ᠲᠣᠭᠤᠷᠢᠭ ᠤᠨ ᠴᠠᠬᠢᠯᠭᠠᠨ ᠱᠠᠲᠤ ᠵᠤᠭᠰᠤᠭᠠᠳ ᠣᠯᠠᠨ ᠡᠳᠦᠷ ᠪᠤᠯᠵᠤ᠂ ᠰᠠᠭᠤᠭᠠᠯᠢ ᠠᠷᠠᠳ ᠤᠨ ᠠᠮᠢᠳᠤᠷᠠᠯ ᠳᠤ ᠳᠥᠭᠦᠮ ᠦᠭᠡᠢ ᠪᠤᠯᠤᠭᠰᠠᠨ ᠪᠠᠶᠢᠨ᠎ᠠ ᠃ ᠬᠡᠪ ᠤᠨ ᠠᠵᠢᠯᠯᠠᠭ᠎ᠠ ᠪᠠᠨ ᠲᠦᠷᠭᠡᠬᠡᠨ ᠰᠡᠷᠭᠦᠭᠡᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠬᠢᠨᠠᠨ ᠪᠠᠶᠢᠴᠠᠭᠠᠭᠰᠠᠨ ᠢᠶᠠᠷ᠂ ᠴᠠᠬᠢᠯᠭᠠᠨ ᠱᠠᠲᠤ ᠶᠢᠨ ᠣᠨ ᠤ ᠪᠠᠶᠢᠴᠠᠭᠠᠯᠲᠠ ᠠᠴᠠ ᠪᠣᠯᠵᠣ ᠬᠡᠷᠡᠭᠯᠡᠬᠦ ᠶᠢ ᠵᠣᠭᠰᠣᠭᠠᠵᠤ ᠪᠠᠶᠢᠴᠠᠭᠠᠨ ᠵᠠᠰᠠᠵᠠᠢ᠂ ᠣᠲᠣ ᠰᠠᠭᠤᠭᠠᠯᠢ ᠲᠣᠭᠤᠷᠢᠭ ᠤᠨ ᠴᠠᠬᠢᠯᠭᠠᠨ ᠱᠠᠲᠤ ᠨᠢᠭᠡᠨᠲᠡ ᠬᠡᠪ ᠤᠨ ᠠᠵᠢᠯᠯᠠᠭ᠎ᠠ ᠪᠠᠨ ᠰᠡᠷᠭᠦᠭᠡᠪᠡ᠃    ︵ᠳᠠᠭᠠᠭᠠᠨ ᠭᠦᠢᠴᠡᠳᠬᠡᠬᠦ ᠨᠢᠭᠡᠴᠢ᠄ ᠹᠧᠩᠵᠧᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ︶     7. ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠤᠨ ᠦᠢᠯᠡᠴᠢᠯᠡᠭᠡᠨ ᠤ ᠴᠣᠩᠬᠤᠨ ᠤ ᠠᠵᠢᠯᠲᠠᠨ ᠴᠥᠭᠡᠨ ᠪᠠᠶᠢᠵᠦ᠂ ᠣᠯᠠᠨ ᠲᠦᠮᠡᠨ ᠬᠡᠷ ᠪᠠᠶᠢᠰᠢᠩ ᠤᠨ ᠦᠮᠴᠢᠯᠡᠯ ᠤᠨ ᠦᠨᠡᠮᠯᠡᠯ ᠤᠨ ᠭᠠᠷ ᠭᠦᠢᠴᠡᠳᠬᠡᠯ ᠬᠢᠬᠦ ᠳᠤ ᠶᠡᠭᠡ ᠴᠠᠭ ᠵᠠᠷᠤᠴᠠᠭᠤᠯᠵᠤ ᠪᠠᠶᠢᠨ᠎ᠠ᠃ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠥᠯᠥ ᠬᠥᠳᠡᠯᠬᠦ ᠬᠥᠷᠥᠩᠭᠡ ᠶᠢᠨ ᠲᠥᠪ ᠲᠤ ᠨᠢᠭᠡᠨᠲᠡ ᠦᠨᠡᠮᠯᠡᠯ ᠭᠦᠢᠴᠡᠳᠬᠡᠬᠦ ᠴᠣᠩᠬᠤ 2 ᠰᠢᠨ᠎ᠡ ᠪᠠᠷ ᠨᠡᠮᠡᠵᠦ᠂ ᠫᠢᠩ ᠳ᠋ᠢ ᠴᠢᠤᠸᠠᠨ ᠪᠠᠯᠭᠠᠰᠤᠨ ᠳᠤ ᠦᠨᠡᠮᠯᠡᠯ ᠭᠦᠢᠴᠡᠳᠬᠡᠬᠦ ᠶᠡᠭᠡ ᠲᠢᠩᠬᠢᠮ ᠢ ᠨᠡᠮᠡᠵᠦ ᠪᠠᠶᠢᠭᠤᠯᠤᠭᠰᠠᠨ ᠪᠥᠭᠡᠳ ᠭᠦᠢᠴᠡᠳᠭᠡᠬᠦ ᠴᠠᠭ ᠤᠨ ᠬᠢᠵᠠᠭᠠᠷ ᠢ 5 ᠠᠵᠢᠯᠯᠠᠬᠤ ᠡᠳᠦᠷ ᠠᠴᠠ 3 ᠠᠵᠢᠯᠯᠠᠬᠤ ᠡᠳᠦᠷ ᠤᠨ ᠳᠣᠲᠣᠷ᠎ᠠ ᠪᠣᠯᠭᠠᠨ ᠪᠠᠭᠠᠰᠬᠠᠵᠤ᠂ ᠣᠯᠠᠨ ᠲᠦᠮᠡᠨ ᠢ ᠳᠤᠲᠠᠭᠤ ᠭᠦᠶᠦᠯᠭᠡᠵᠦ᠂ ᠦᠨᠡᠮᠯᠡᠯ ᠢ ᠨᠢ ᠡᠷᠲᠡᠬᠡᠨ ᠠᠪᠤᠭᠤᠯᠬᠤ ᠪᠠᠷ ᠪᠣᠯᠪᠠ᠃ ︵ᠲᠠᠭᠠᠭᠠᠨ ᠭᠦᠢᠴᠡᠳᠭᠡᠬᠦ ᠨᠢᠭᠡᠴᠢ᠄ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ︶     8. ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ X581 ᠰᠢᠶᠠᠨ ᠤ ᠵᠠᠮ ᠤᠨ ᠬᠡᠰᠡᠭ ᠲᠤ ᠮᠠᠰᠢ ᠣᠯᠠᠨ ᠨᠦᠬᠡ ᠲᠠᠢ᠂ ᠮᠠᠰᠢᠨ ᠲᠡᠷᠭᠡ ᠶᠠᠪᠤᠬᠤ ᠳᠤ ᠠᠮᠠᠷᠬᠠᠨ ᠬᠦᠷᠳᠦ ᠳᠡᠯᠪᠡᠷᠡᠳᠡᠭ ᠪᠣᠯᠬᠤᠷ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠵᠠᠮ ᠤᠨ ᠭᠠᠳᠠᠷᠭᠤ ᠶᠢ ᠲᠦᠷᠭᠡᠨ ᠵᠠᠰᠠᠬᠤ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠮ ᠬᠠᠷᠢᠯᠴᠠᠭᠠᠨ ᠤ ᠲᠣᠪᠴᠢᠶ᠎ᠠ᠂ ᠫᠢᠩ ᠳ᠋ᠢ ᠴᠢᠤᠸᠠᠨ ᠪᠠᠯᠭᠠᠰᠤ ᠠᠴᠠ ᠲᠤᠭ ᠤᠨ ᠠᠭᠤᠯᠠ ᠪᠠᠯᠭᠠᠰᠤᠨ ᠤ ᠵᠡᠭᠦᠨ ᠭᠠᠷᠤᠴᠠ ᠬᠦᠷᠳᠡᠯᠡᠬᠢ ᠵᠠᠮ ᠪᠠ ᠲᠢᠶᠠᠨ ᠫᠢ ᠱᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠠᠴᠠ ᠹᠧᠩᠵᠧᠨ ᠬᠤᠲᠠ ᠬᠦᠷᠬᠦ ᠠᠭᠤᠯᠵᠠᠷ ᠤᠨ ᠵᠠᠮ ᠤᠨ ᠨᠦᠬᠡ ᠬᠤᠩᠭᠢᠯ ᠢ ᠨᠢᠭᠡᠨᠲᠡ ᠪᠦᠬᠦᠨ ᠢ ᠰᠡᠯᠪᠢᠨ ᠵᠠᠰᠠᠪᠠ᠃ ︵ᠲᠠᠭᠠᠭᠠᠨ ᠭᠦᠢᠴᠡᠳᠭᠡᠬᠦ ᠨᠢᠭᠡᠴᠢ᠄ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ︶     9. ᠱᠠᠩᠳᠤ ᠰᠢᠶᠠᠨ ᠤ ᠴᠢ ᠲᠠᠢ ᠪᠠᠯᠭᠠᠰᠤᠨ ᠤ ᠪᠠᠷᠢᠯᠭ᠎ᠠ ᠶᠢᠨ ᠮᠠᠲ᠋ᠧᠷᠢᠶᠠᠯ ᠤᠨ ᠬᠤᠲᠠ ᠶᠢᠨ ᠳᠤᠯᠠᠭᠠᠯᠠᠭ᠎ᠠ ᠶᠢᠨ ᠬᠤᠭᠤᠯᠠᠶ ᠶᠢᠨ ᠡᠷᠭᠢᠨ ᠲᠣᠭᠤᠷᠢᠨ ᠤ ᠪᠧᠲ᠋ᠤᠨ ᠨᠤᠷᠠᠭᠰᠠᠨ ᠪᠠᠶᠢᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠦᠷᠭᠡᠬᠡᠨ ᠵᠠᠰᠠᠵᠤ ᠰᠡᠷᠭᠦᠭᠡᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠱᠠᠩᠳᠤ ᠰᠢᠶᠠᠨ ᠤ ᠵᠠᠰᠠᠭ ᠤᠨ ᠣᠷᠳᠣᠨ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠨᠤᠷᠠᠭᠰᠠᠨ ᠪᠧᠲ᠋ᠤᠨ ᠢ ᠰᠡᠯᠪᠢᠨ ᠵᠠᠰᠠᠬᠤ ᠶᠢᠨ ᠬᠠᠮᠲᠤ ᠡᠪᠳᠡᠷᠡᠵᠦ ᠰᠦᠢᠳᠦᠭᠰᠡᠨ ᠵᠠᠮ ᠢ ᠰᠡᠯᠪᠢᠨ ᠵᠠᠰᠠᠬᠤ ᠶᠢ ᠳᠠᠭᠠᠭᠠᠯᠭᠠᠪᠠ᠃ ︵ᠲᠠᠭᠠᠭᠠᠨ ᠭᠦᠢᠴᠡᠳᠭᠡᠬᠦ ᠨᠢᠭᠡᠴᠢ᠄ ᠱᠠᠩᠳᠤ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ︶     10. ᠱᠠᠩᠳᠤ ᠰᠢᠶᠠᠨ ᠤ ᠵᠢᠤ ᠹᠦ᠋ ᠴᠧᠩ ᠶᠡᠭᠡ ᠪᠠᠭᠤᠳᠠᠯ ᠤᠨ ᠵᠡᠭᠦᠨ ᠲᠠᠯ᠎ᠠ ᠠᠴᠠ ᠨᠠᠨ ᠬᠦ ᠨᠠᠭᠤᠷ ᠤᠨ ᠠᠮᠢ ᠠᠬᠤᠶ ᠶᠢᠨ ᠴᠡᠴᠡᠷᠯᠢᠭ᠂ ᠨᠠᠨ ᠬᠦ ᠨᠠᠭᠤᠷ ᠤᠨ ᠴᠡᠴᠡᠷᠯᠢᠭ ᠤᠨ ᠬᠡᠳᠦ ᠳᠡᠯᠭᠡᠭᠦᠷ ᠤᠨ ᠡᠮᠦᠨ᠎ᠡ ᠲᠠᠯ᠎ᠠ ᠶᠢᠨ ᠲᠣᠨᠣᠯᠵᠢᠨ ᠵᠠᠮ ᠤᠨ ᠵᠡᠭᠦᠨ ᠬᠡᠰᠡᠭ ᠬᠦᠷᠳᠡᠯ᠎ᠡ ᠵᠠᠮ ᠤᠨ ᠳ᠋ᠧᠩ ᠨᠣᠴᠣᠬᠤ ᠦᠭᠡᠶ᠂ ᠣᠯᠠᠨ ᠲᠦᠮᠡᠨ ᠰᠥᠨᠢ ᠪᠠᠷ ᠶᠠᠪᠤᠵᠤ ᠰᠠᠭᠤᠬᠤ ᠳᠤ ᠳᠥᠭᠦᠮ ᠦᠭᠡᠢ ᠪᠠᠶᠢᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠦᠷᠭᠡᠬᠡᠨ ᠵᠠᠰᠠᠵᠤ ᠰᠡᠯᠪᠢᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠱᠠᠩᠳᠤ ᠰᠢᠶᠠᠨ ᠤ ᠵᠠᠰᠠᠭ ᠤᠨ ᠣᠷᠳᠣᠨ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠳᠠᠭᠠᠭᠠᠯᠭᠠᠨ ᠡᠪᠳᠡᠷᠡᠭᠰᠡᠨ ᠵᠠᠮ ᠤᠨ ᠳ᠋ᠧᠩ ᠢ ᠰᠡᠯᠪᠢᠨ ᠵᠠᠰᠠᠭᠤᠯᠵᠤ᠂ ᠣᠳᠣ ᠨᠢᠭᠡᠨᠲᠡ ᠬᠡᠪ ᠤᠨ ᠭᠡᠷᠡᠯᠲᠦᠭᠦᠯᠭᠡ ᠪᠠᠨ ᠰᠡᠷᠭᠦᠭᠡᠵᠡᠶ᠃ ︵ᠲᠠᠭᠠᠭᠠᠨ ᠭᠦᠢᠴᠡᠳᠭᠡᠬᠦ ᠨᠢᠭᠡᠴᠢ᠄ ᠱᠠᠩᠳᠤ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ︶
 
ᠢᠷᠡᠯᠲᠡ᠄ ᠤᠯᠠᠭᠠᠨᠴᠠᠪ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2