ᠥᠪᠡᠷᠲᠡᠭᠡᠨ ᠵᠠᠰᠠᠬᠤ ᠣᠷᠣᠨ ᠤ 2022 ᠣᠨ ᠤ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠪᠠ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠠᠮᠤᠷ ᠲᠣᠭᠲᠠᠭᠤᠨ ᠢ ᠬᠠᠮᠠᠭᠠᠯᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠮᠠᠨ ᠤ ᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2021/12/10
    12 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ 2022 ᠣᠨ ᠤ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠪᠣᠯᠤᠨ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠠᠮᠤᠷ ᠲᠣᠭᠲᠠᠭᠤᠨ ᠢ ᠬᠠᠮᠠᠭᠠᠯᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠮᠠᠨ ᠤ ᠬᠤᠲᠠ ᠳᠤ ᠬᠤᠷᠠᠯᠳᠤᠪᠠ᠃ ᠬᠤᠷᠠᠯ ᠲᠡᠭᠡᠷ᠎ᠡ ᠾᠧᠪᠧᠢ ᠮᠤᠵᠢ ᠶᠢᠨ ᠴᠢᠭᠤᠯᠤᠯᠳᠤ ᠬᠠᠭᠠᠯᠭ᠎ᠠ ᠬᠤᠲᠠ ᠶᠢᠨ ᠲᠥᠯᠥᠭᠡᠯᠡᠭᠴᠢ ᠶᠢ ᠤᠷᠢᠨ ᠣᠷᠣᠯᠴᠠᠭᠤᠯᠵᠤ᠂ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠠᠮᠤᠷ ᠲᠣᠭᠲᠠᠭᠤᠨ ᠢ ᠬᠠᠮᠠᠭᠠᠯᠠᠬᠤ ᠠᠵᠢᠯ ᠤᠨ ︽ᠾᠧᠪᠧᠢ ᠥᠪᠥᠷ ᠮᠣᠩᠭᠤᠯ ᠤᠨ ᠮᠤᠵᠢ ᠶᠢᠨ ᠲᠡᠰ ᠤᠨ ᠬᠠᠮᠵᠢᠯᠴᠠᠭᠠᠨ ᠤ ᠲᠣᠭᠲᠠᠴᠠ︾ ᠪᠠ ︽ᠴᠢᠭᠤᠯᠤᠯᠳᠤ ᠬᠠᠭᠠᠯᠭ᠎ᠠ ᠶᠢᠨ ᠡᠷᠬᠢᠨ ᠲᠣᠭᠤᠷᠢᠨ ᠤ ᠭᠠᠵᠠᠷ ᠣᠷᠣᠨ ᠤ ᠬᠠᠮᠵᠢᠯᠴᠠᠭᠠᠨ ᠤ ᠲᠣᠭᠲᠠᠴᠠ︾ ᠶᠢ ᠪᠠᠶᠢᠭᠤᠯᠵᠤ᠂ ᠮᠠᠨ ᠤ ᠣᠷᠣᠨ ᠤ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠠᠮᠤᠷ ᠲᠣᠭᠲᠠᠭᠤᠨ ᠢ ᠬᠠᠮᠠᠭᠠᠯᠠᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃     ᠥᠪᠡᠷᠲᠡᠭᠡᠨ ᠵᠠᠰᠠᠬᠤ ᠣᠷᠣᠨ ᠨᠠᠮ ᠤᠨ ᠬᠤᠷᠢᠶ᠎ᠠ ᠶᠢᠨ ᠪᠠᠶᠢᠩᠭᠤ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠳ᠋ᠢᠩ ᠰᠢᠦ ᠹᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃     ᠳ᠋ᠢᠩ ᠰᠢᠦ ᠹᠧᠩ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠣᠭᠯᠠᠭᠠᠨ ᠤ ᠠᠮᠤᠷ ᠲᠣᠭᠲᠠᠭᠤᠨ ᠤ ︽ᠤᠨᠠᠭᠤᠯᠢ ᠭᠤᠤᠯ︾ ᠪᠣᠯᠤᠨ ︽ᠨᠢᠭᠡᠳᠦᠭᠡᠷ ᠰᠡᠷᠭᠡᠶᠢᠯᠡᠯᠲᠡ ᠶᠢᠨ ᠱᠤᠭᠤᠮ︾ ᠤᠨ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ᠂ ᠢᠳᠡᠪᠬᠢᠲᠡᠶ ᠠᠵᠢᠯᠯᠠᠵᠤ᠂ ᠬᠠᠮᠵᠢᠯᠴᠠᠬᠤ ᠲᠣᠭᠲᠠᠴᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠭᠠᠨ᠂ ᠾᠧᠪᠧᠶ ᠥᠪᠥᠷ ᠮᠣᠩᠭᠤᠯ ᠤᠨ ᠮᠤᠵᠢ ᠶᠢᠨ ᠬᠤᠭᠤᠷᠣᠨᠳᠣᠬᠢ ᠪᠠ ᠴᠢᠭᠤᠯᠤᠯᠲᠤ ᠬᠠᠭᠠᠯᠭ᠎ᠠ ᠶᠢᠨ ᠡᠷᠬᠢᠨ ᠲᠤᠭᠤᠷᠢᠨ ᠭᠠᠵᠠᠷ ᠣᠷᠣᠨ ᠤ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠠᠬᠢᠭᠤᠯᠵᠤ᠂ ᠲᠣᠭᠲᠠᠭᠰᠠᠨ ᠬᠤᠭᠤᠴᠠᠭ᠎ᠠ ᠲᠠᠢ ᠵᠥᠪᠳᠡᠯᠴᠡᠵᠦ᠂ ᠬᠠᠮᠵᠢᠯᠴᠠᠨ ᠪᠠᠶᠢᠯᠳᠤᠵᠤ᠂ ᠴᠢᠭᠤᠯᠤᠯᠲᠤ ᠬᠠᠭᠠᠯᠭ᠎ᠠ ᠬᠤᠲᠠ ᠳᠤ ᠬᠠᠮᠵᠢᠯᠴᠠᠨ ︽ᠠᠮᠤᠷ ᠠᠮᠤᠭᠤᠯᠠᠩ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ︾ ᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃ ᠵᠥᠷᠢᠴᠡᠯ ᠪᠠ ᠠᠶᠤᠯ ᠲᠥᠭᠰᠢᠭᠦᠷᠢ ᠶᠢ ᠵᠢᠭᠰᠠᠭᠠᠨ ᠪᠠᠶᠢᠴᠠᠭᠠᠵᠤ ᠠᠷᠢᠯᠭᠠᠬᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ 7 ᠵᠦᠶᠯ ᠤᠨ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠥᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ ᠡᠯ᠎ᠡ ᠵᠦᠶᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠢ ᠃ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠵᠤ᠂ ᠡᠯ᠎ᠡ ᠪᠦᠷᠢᠯᠳᠦᠬᠦᠨ ᠨᠢᠭᠡᠴᠢ ᠶᠢᠨ ᠡᠪᠦᠯ ᠤᠨ ᠤᠯᠠᠷᠢᠯ ᠤᠨ  ᠣᠯᠢᠮᠫᠢᠺ ᠤᠨ ᠲᠠᠮᠢᠷ ᠤᠨ ᠴᠤᠭᠯᠠᠭᠠᠨ ᠤ ᠠᠮᠤᠷ ᠲᠣᠭᠲᠠᠭᠤᠨ ᠶᠢ ᠬᠠᠮᠠᠭᠠᠯᠠᠬᠤ ᠠᠵᠢᠯ ᠤᠨ ᠲᠥᠰᠦᠯ ᠢ ᠴᠢᠩᠭ᠎ᠠ ᠨᠠᠶᠢᠳᠠᠪᠤᠷᠢᠵᠢᠭᠤᠯᠬᠤ ᠶᠢ ᠠᠬᠢᠭᠤᠯᠵᠤ᠂ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠦᠨᠡᠨ ᠬᠦ ᠪᠠᠬᠢᠵᠢᠭᠦᠯᠬᠦ ᠬᠡᠷᠡᠭᠲᠡᠢ ᠭᠡᠵᠦ ᠴᠢᠩᠭᠠᠳᠬᠠᠪᠠ᠃     ᠬᠤᠷᠠᠯ ᠠᠴᠠ ᠡᠮᠦᠨ᠎ᠡ᠂ ᠳ᠋ᠢᠩ ᠰᠢᠦ ᠹᠧᠩ ᠨᠡᠷ ᠪᠠᠰᠠ ᠮᠠᠨ ᠤ ᠬᠤᠲᠠ ᠶᠢᠨ G6 ᠲᠥᠷᠭᠡᠨ ᠤ ᠵᠠᠰᠠᠮᠠᠯ ᠵᠠᠮ ᠤᠨ ᠥᠪᠥᠷ ᠮᠣᠩᠭᠤᠯ ᠾᠧᠪᠧᠶ ᠶᠢᠨ ᠵᠠᠭᠠᠭ ᠤᠨ ᠪᠠᠶᠢᠴᠠᠭᠠᠬᠤ ᠥᠷᠲᠡᠭᠡ᠂ ᠵᠢᠨᠢᠩ ᠲᠣᠭᠤᠷᠢᠭ ᠤᠨ ᠴᠠᠬᠠᠷ ᠨᠡᠶᠢᠭᠡᠮ ᠲᠣᠭᠤᠷᠢᠭ ᠲᠤ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠤᠯᠠᠭᠠᠨᠴᠠᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠠᠮᠤᠷ ᠢ ᠬᠠᠮᠠᠭᠠᠯᠠᠬᠤ ᠠᠵᠢᠯ ᠤᠨ ᠵᠢᠯᠣᠭᠤᠳᠭᠤ ᠭᠠᠵᠠᠷ ᠤᠨ ᠪᠡᠭᠡᠵᠢᠩ ᠢ ᠲᠣᠭᠤᠷᠢᠭᠰᠠᠨ ᠴᠢᠭᠤᠯᠤᠯᠲᠤ ᠬᠠᠭᠠᠯᠭ᠎ᠠ ᠶᠢ ᠲᠣᠭᠤᠷᠢᠭᠰᠠᠨ ᠡᠯ᠎ᠡ ᠪᠠᠶᠢᠴᠠᠭᠠᠬᠤ ᠥᠷᠲᠡᠭᠡ ᠶᠢᠨ ᠠᠵᠢᠯᠯᠠᠭᠠᠨ ᠤ ᠪᠠᠶᠢᠳᠠᠯ ᠢ ᠸᠢᠳᠢᠤ᠋ ᠪᠠᠷ ᠲᠣᠬᠢᠷᠠᠭᠤᠯᠪᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2