︽ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠰᠢᠷᠢᠰ ᠮᠡᠳᠡᠭᠡᠯᠡᠯ ︵ᠠᠷᠪᠠᠨ ᠳᠥᠷᠪᠡ︶
ᠨᠡᠶᠢᠲᠡᠯᠡᠭᠰᠡᠨ ᠴᠠᠭ᠄
2021/12/10
     ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠤᠮᠳᠠ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠠᠵᠢᠯᠯᠠᠭ᠎ᠠ ᠥᠷᠨᠢᠭᠦᠯᠬᠦ ᠲᠤᠬᠠᠶ ᠨᠠᠮ ᠤᠨ ᠲᠥᠪ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠢᠨ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ᠂ ᠬᠡᠷᠡᠭᠴᠡᠭᠡ ᠱᠠᠭᠠᠷᠳᠠᠯᠭ᠎ᠠ ᠶᠢ ᠠᠷᠠᠳ ᠠᠴᠠ ᠠᠰᠠᠭᠤᠬᠤ᠂ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠬᠤ ︽ᠭᠤᠷᠪᠠ ᠶᠢ ᠠᠰᠠᠭᠤᠬᠤ︾ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠨᠡᠶᠢᠭᠡᠮ ᠤᠨ ᠡᠯ᠎ᠡ ᠡᠲᠡᠭᠡᠳ ᠪᠠ ᠥᠷᠭᠡᠨ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠠᠰᠠᠭᠤᠳᠠᠯ ᠤᠨ ᠨᠠᠷᠢᠨ ᠲᠠᠩᠰᠠ ᠶᠢ ᠬᠤᠷᠢᠶᠠᠩᠭᠤᠶᠢᠯᠠᠨ ᠡᠮᠬᠢᠯᠡᠵᠦ᠂ ᠡᠭᠦᠨ ᠤ ᠤᠯᠠᠮ ᠠᠴᠠ ᠣᠯᠠᠨ ᠲᠦᠮᠡᠨ ᠳᠤ ᠪᠣᠳᠠᠲᠠᠶ ᠶᠠᠪᠤᠳᠠᠯ ᠬᠢᠬᠦ ᠶᠢᠨ ︽ᠭᠤᠷᠪᠠ ᠶᠢ ᠠᠰᠠᠭᠤᠬᠤ︾ ᠦᠢᠯᠡᠴᠢᠯᠡᠭᠡᠨ ᠤ ᠵᠦᠢᠯᠡᠰ ᠤᠨ ᠨᠠᠷᠢᠨ ᠲᠠᠩᠰᠠ ᠶᠢ ᠲᠣᠭᠲᠠᠭᠠᠭᠰᠠᠨ ᠪᠠᠶᠢᠨ᠎ᠠ᠃ ᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠨᠡᠶᠢᠭᠡᠮ ᠲᠠᠶᠠᠭᠠᠷ ᠲᠤ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠦᠢᠯᠡᠳᠦᠯᠭᠡ ᠶᠢᠨ ᠠᠵᠢᠯᠯᠠᠭ᠎ᠠ ᠶᠢᠨ ᠦᠢᠯᠡᠴᠢᠯᠡᠭᠡᠨ ᠤ ᠵᠦᠢᠯᠡᠰ ᠤᠨ ᠨᠠᠷᠢᠨ ᠳᠠᠩᠰᠠ ᠪᠠ ᠠᠰᠠᠭᠤᠳᠠᠯ ᠢ ᠰᠢᠢᠳᠪᠦᠷᠢᠯᠡᠭᠰᠡᠨ ᠦᠷ᠎ᠡ ᠳ᠋ᠦᠩ ᠢ ᠨᠡᠶᠢᠲᠡᠯᠡᠵᠦ᠂ ᠠᠷᠠᠳ ᠣᠯᠠᠨ ᠤ ᠬᠢᠨᠠᠯᠲᠠ ᠪᠠ ᠦᠨᠡᠯᠡᠯᠲᠡ ᠶᠢ ᠤᠬᠠᠮᠰᠠᠷ ᠠᠴᠠ ᠪᠠᠨ ᠬᠦᠯᠢᠶᠡᠬᠦ ᠪᠤᠯᠤᠨ᠎ᠡ᠃           ︽ᠭᠤᠷᠪᠠ ᠶᠢ ᠠᠰᠠᠭᠤᠬᠤ︾ ᠠᠵᠢᠯᠯᠠᠭ᠎ᠠ ᠶᠢᠨ ᠠᠰᠠᠭᠤᠳᠠᠯ ᠤᠨ ᠨᠠᠷᠢᠨ ᠲᠠᠩᠰᠠ     1. ᠵᠢᠨᠢᠩ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ ᠰᠠᠭᠤᠭᠠᠯᠢ ᠲᠣᠭᠤᠷᠢᠭ ᠤᠨ ᠣᠶᠢᠷ᠎ᠠ ᠬᠠᠪᠢ ᠳᠤ ᠰᠢᠨ᠎ᠡ ᠪᠠᠷ ᠵᠠᠰᠠᠭᠰᠠᠨ ᠵᠠᠮ ᠪᠣᠯᠤᠨ ᠬᠠᠭᠤᠴᠢᠨ ᠵᠠᠮ ᠤᠨ ᠥᠨᠳᠥᠷ ᠪᠣᠭᠤᠨᠢ ᠶᠢᠨ ᠵᠥᠷᠢᠶ᠎ᠡ ᠨᠢ ᠨᠡᠯᠢᠶᠡᠳ ᠶᠡᠭᠡ ᠤᠴᠢᠷ ᠠᠴᠠ᠂ ᠵᠠᠮ ᠳᠠᠬᠢ ᠪᠣᠷᠣᠭᠠᠨ ᠤ ᠤᠰᠤ ᠭᠡᠳᠡᠷᠭᠦ ᠪᠠᠨ ᠰᠠᠭᠤᠭᠠᠯᠢ ᠲᠣᠭᠤᠷᠢᠭ ᠤᠷᠤᠭᠤ ᠤᠷᠤᠰᠴᠤ ᠪᠠᠶᠢᠨ᠎ᠠ᠂ ᠤᠰᠤ ᠭᠠᠳᠠᠭᠰᠢᠯᠠᠭᠤᠯᠬᠤ ᠠᠮᠠᠰᠠᠷ ᠨᠡᠮᠡᠵᠦ ᠭᠠᠷᠭᠠᠬᠤ ᠶᠢ ᠬᠦᠰᠡᠵᠦ ᠪᠠᠶᠢᠨ᠎ᠠ᠃     2. ᠵᠢᠨᠢᠩ ᠲᠣᠭᠤᠷᠢᠭ ᠤᠨ ᠱᠦᠨ ᠳ᠋ᠡ ᠵᠡᠭᠡᠯᠢ ᠶᠢᠨ ᠰᠢᠶᠤᠤ ᠰᠢ ᠱᠠᠨ ᠵᠠᠮ ᠤᠨ ᠪᠠᠷᠠᠭᠤᠨ ᠲᠠᠯ᠎ᠠ ᠳᠤ ᠵᠠᠮ ᠤᠨ ᠳ᠋ᠧᠩ ᠪᠠᠶᠢᠬᠤ ᠦᠭᠡᠢ᠂ ᠤᠯᠠᠨ ᠲᠦᠮᠡᠨ ᠰᠥᠨᠢ ᠪᠠᠷ ᠶᠠᠪᠤᠵᠤ ᠰᠠᠭᠤᠬᠤ ᠳᠤ ᠳᠥᠭᠦᠮ ᠦᠭᠡᠢ ᠪᠠᠶᠢᠨ᠎ᠠ᠂ ᠲᠦᠷᠭᠡᠬᠡᠨ ᠤᠭᠰᠠᠷᠠᠬᠤ ᠶᠢ ᠬᠦᠰᠡᠵᠦ ᠪᠠᠶᠢᠨ᠎ᠠ᠃     3. ᠵᠢᠨᠢᠩ ᠤᠨ ᠳᠠᠶᠢᠯᠠᠯᠳᠤᠭᠠᠨ ᠤ ᠳᠤᠷᠠᠰᠬᠠᠯ ᠤᠨ ᠣᠷᠳᠣᠨ ᠳᠤ ᠲᠣᠭᠤᠷᠢᠨ ᠦᠵᠡᠬᠦ ᠬᠥᠮᠦᠰ ᠡᠳᠦᠷ ᠢᠷᠡᠬᠦᠶ᠎ᠡ ᠣᠯᠠᠰᠢᠷᠠᠵᠤ᠂ ᠵᠣᠷᠯᠣᠩ ᠳᠤ ᠤᠷᠤᠬᠤ ᠳᠤ ᠬᠦᠴᠢᠷ ᠪᠠᠶᠢᠭ᠎ᠠ ᠠᠰᠠᠭᠤᠳᠠᠯ ᠤᠯᠠᠮ ᠢᠶᠠᠷ ᠲᠤᠪᠤᠶᠢᠮ᠎ᠠ ᠪᠤᠯᠵᠠᠢ᠃ ᠨᠡᠶᠢᠲᠡ ᠶᠢᠨ ᠵᠣᠷᠯᠣᠩ ᠢ ᠨᠡᠭᠡᠭᠡᠵᠦ᠂ ᠤᠯᠠᠨ ᠲᠦᠮᠡᠨ ᠤ ᠵᠣᠷᠯᠣᠩ ᠳᠤ ᠤᠷᠤᠬᠤ ᠠᠰᠠᠭᠤᠳᠠᠯ ᠢ ᠰᠢᠢᠳᠪᠦᠷᠢᠯᠡᠬᠦ ᠶᠢ ᠬᠦᠰᠡᠵᠦ ᠪᠠᠶᠢᠨ᠎ᠠ᠃     4. ᠵᠢᠨᠢᠩ ᠲᠣᠭᠤᠷᠢᠭ ᠤᠨ ᠴᠠᠬᠠᠷ ᠪᠠᠷᠠᠭᠤᠨ ᠵᠡᠭᠡᠯᠢ ᠬᠢᠭᠡᠳ ᠶᠦᠩ ᠠᠨ ᠵᠠᠮ ᠤᠨ ᠲᠣᠨᠣᠯᠵᠢᠨ ᠵᠠᠮ ᠤᠨ ᠠᠭᠤᠯᠵᠠᠷ ᠲᠤ ᠠᠵᠢᠯ ᠳᠤ ᠭᠠᠷᠴᠦ ᠪᠠᠭᠤᠬᠤ ᠬᠤᠭᠤᠴᠠᠭᠠᠨ ᠳᠤ ᠲᠡᠷᠭᠡᠨ ᠤᠷᠤᠰᠬᠠᠯ ᠶᠡᠬᠡᠰᠴᠦ᠂ ᠵᠠᠮ ᠲᠦᠭᠵᠢᠷᠡᠵᠦ ᠪᠠᠶᠢᠨ᠎ᠠ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠵᠠᠮ ᠤᠨ ᠳᠣᠬᠢᠶᠠᠨ ᠳ᠋ᠧᠩ ᠤᠨ ᠴᠠᠭ ᠢ ᠵᠣᠬᠢᠰᠲᠠᠶ ᠲᠣᠬᠢᠷᠠᠭᠤᠯᠬᠤ ᠶᠢ ᠬᠦᠰᠡᠵᠦ ᠪᠠᠶᠢᠨ᠎ᠠ᠃     5. ᠵᠢᠨᠢᠩ ᠲᠣᠭᠤᠷᠢᠭ ᠤᠨ ᠨᠢᠩ ᠴᠧᠩ ᠬᠤᠸᠠ ᠹᠦ᠋ ᠰᠠᠭᠤᠭᠠᠯᠢ ᠲᠣᠭᠤᠷᠢᠭ ᠤᠨ ᠵᠡᠭᠦᠨ ᠡᠭᠦᠳᠡᠨ ᠤ ᠣᠶᠢᠷᠠᠯᠴᠠᠭ᠎ᠠ ᠬᠢ ᠵᠠᠮ ᠪᠣᠷᠣᠭᠠᠨ ᠤᠷᠤᠭᠰᠠᠨ ᠠᠴᠠ ᠪᠣᠯᠵᠣ ᠴᠥᠮᠥᠷᠡᠵᠦ᠂ 1 ᠮᠧᠲᠷ ᠤᠨ ᠠᠮᠠᠰᠠᠷ ᠲᠠᠢ ᠭᠦᠨ ᠨᠦᠬᠡ ᠭᠠᠷᠴᠠᠶ᠂ ᠡᠭᠦᠨ ᠢ ᠲᠦᠷᠭᠡᠬᠡᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃     6. ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠸᠠᠨ ᠾᠧ B ᠲᠣᠭᠤᠷᠢᠭ ᠤᠨ ᠬᠢᠨ ᠲᠣᠭᠲᠠᠭᠰᠠᠨ ᠴᠠᠭ ᠦᠭᠡᠢ ᠪᠠᠷ ᠤᠰᠤ ᠵᠣᠭᠰᠣᠵᠤ᠂ ᠰᠠᠭᠤᠭᠠᠯᠢ ᠠᠷᠠᠳ ᠤᠨ ᠠᠮᠢᠳᠤᠷᠠᠯ ᠢ ᠨᠥᠯᠥᠭᠡᠯᠡᠵᠦ ᠪᠠᠶᠢᠨ᠎ᠠ᠂ ᠬᠡᠪ ᠤᠨ ᠤᠰᠤᠨ ᠤ ᠬᠠᠩᠭᠠᠯᠭ᠎ᠠ ᠶᠢ ᠲᠦᠷᠭᠡᠨ ᠰᠡᠷᠭᠦᠭᠡᠬᠦ ᠶᠢ ᠬᠦᠰᠡᠵᠦ ᠪᠠᠶᠢᠨ᠎ᠠ᠃     7. ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠤᠭ ᠤᠨ ᠠᠭᠤᠯᠠ ᠪᠠᠯᠭᠠᠰᠤᠨ ᠤ ᠰᠢᠶᠠᠩ ᠶᠠᠩ ᠨᠡᠶᠢᠭᠡᠮ ᠲᠣᠭᠤᠷᠢᠭ ᠤᠨ ᠬᠤᠩ ᠹᠦ᠋ ᠭᠤᠳᠤᠮᠵᠢ ᠶᠢᠨ ᠬᠡᠰᠡᠭ ᠲᠤ ᠲᠦᠭᠡᠭᠡᠯ ᠤᠰᠤᠨ ᠤ ᠬᠤᠭᠤᠯᠠᠶ ᠰᠡᠯᠪᠢᠨ ᠵᠠᠰᠠᠭᠰᠠᠨ ᠠᠴᠠ᠂ ᠵᠠᠮ ᠳᠡᠭᠡᠷ᠎ᠡ ᠰᠢᠪᠠᠷ ᠰᠢᠷᠣᠶ ᠣᠪᠣᠭᠠᠷᠠᠵᠤ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠳᠥᠭᠦᠮ ᠦᠭᠡᠢ ᠪᠠᠶᠢᠨ᠎ᠠ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠵᠤᠬᠢᠴᠠᠭᠤᠯᠵᠤ ᠪᠠᠶᠢᠭᠠᠳ ᠳᠠᠷᠦ᠋ᠢᠬᠠᠨ ᠴᠡᠪᠡᠷᠯᠡᠬᠦ ᠶᠢ ᠬᠦᠰᠡᠵᠦ ᠪᠠᠶᠢᠨ᠎ᠠ᠃     8. ᠰᠢᠩ ᠡᠾᠧ ᠰᠢᠶᠠᠨ ᠤ ᠬᠢᠨ ᠵᠥᠪᠬᠡᠨ ᠳ᠋ᠠ ᠵᠦᠩ ᠰᠠᠩᠲ᠋ᠠᠨᠠ ᠪᠠᠷ ᠲᠦᠷᠢᠶᠡᠰᠦᠨ ᠮᠠᠰᠢᠨ ᠲᠡᠷᠭᠡ ᠪᠣᠯᠭᠠᠬᠤ ᠶᠢ ᠵᠥᠪᠰᠢᠶᠡᠷᠡᠳᠡᠭ᠂ ᠲᠡᠷᠭᠡᠨ ᠤ ᠦᠨ᠎ᠡ ᠨᠢ ᠨᠡᠯᠢᠶᠡᠳ ᠥᠨᠳᠥᠷ ᠪᠣᠯᠬᠤᠷ ᠬᠡᠰᠡᠭ ᠵᠢᠯᠣᠭᠤᠴᠢ ᠡᠭᠦᠷᠭᠡᠯᠡᠵᠦ ᠳᠡᠶᠢᠯᠬᠦ ᠦᠭᠡᠶ ᠪᠠᠶᠢᠨ᠎ᠠ᠃ ᠪᠤᠰᠤᠳ ᠲᠦᠷᠦᠯ ᠤᠨ ᠲᠡᠷᠭᠡ ᠨᠡᠮᠡᠬᠦ ᠶᠢ ᠬᠦᠰᠡᠵᠦ ᠪᠠᠶᠢᠨ᠎ᠠ᠃     9. ᠱᠠᠩᠳᠤ ᠰᠢᠶᠠᠨ ᠤ ᠰᠠᠨ ᠳ᠋ᠠ ᠴᠢᠩ ᠰᠢᠶᠠᠩ ᠤᠨ ᠭᠤᠸᠠᠩ ᠷᠦᠢ ᠺᠦᠢ ᠲᠣᠰᠬᠤᠨ ᠤ ᠲᠣᠰᠬᠤᠨ ᠳᠤ ᠣᠷᠣᠬᠤ ᠵᠠᠰᠠᠮᠠᠯ ᠵᠠᠮ ᠬᠦᠨᠳᠦ ᠨᠣᠴᠢᠲᠠᠢ ᠡᠪᠳᠡᠭᠳᠡᠵᠦ᠂ ᠲᠣᠰᠬᠤᠨ ᠤ ᠠᠷᠠᠳ ᠶᠠᠪᠤᠵᠤ ᠰᠠᠭᠤᠬᠤ ᠳᠤ ᠬᠦᠴᠢᠷᠲᠡᠢ ᠪᠠᠶᠢᠨ᠎ᠠ᠂ ᠲᠦᠷᠭᠡᠨ ᠵᠠᠰᠠᠬᠤ ᠶᠢ ᠬᠦᠰᠡᠵᠦ ᠪᠠᠶᠢᠨ᠎ᠠ᠃     10. ᠬᠤᠸᠠᠳᠧ ᠰᠢᠶᠠᠨ ᠤ ᠴᠠᠩ ᠱᠦᠨ ᠪᠠᠯᠭᠠᠰᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠱᠧᠩ ᠳ᠋ᠦᠩ ᠠᠮᠢᠳᠤ ᠪᠣᠳᠠᠰ ᠤᠨ ᠺᠣᠮᠫᠠᠨᠢ ᠶᠢᠨ ᠭᠠᠳᠠᠭᠰᠢᠯᠠᠭᠤᠯᠤᠭᠰᠠᠨ ᠬᠡᠢ ᠪᠡᠶᠡᠲᠦ ᠬᠠᠴᠢᠨ ᠰᠣᠨᠢᠨ ᠦᠨᠦᠷ ᠲᠠᠢ ᠪᠠᠶᠢᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠢᠨᠠᠨ ᠪᠠᠶᠢᠴᠠᠭᠠᠵᠤ ᠰᠢᠢᠳᠪᠦᠷᠢᠯᠡᠬᠦ ᠶᠢ ᠬᠦᠰᠡᠵᠦ ᠪᠠᠶᠢᠨ᠎ᠠ᠃     ︽ᠭᠤᠷᠪᠠ ᠶᠢ ᠠᠰᠠᠭᠤᠬᠤ︾ ᠠᠵᠢᠯᠯᠠᠭᠠᠨ ᠤ ᠠᠰᠠᠭᠤᠳᠠᠯ ᠤᠨ ᠨᠠᠷᠢᠨ ᠲᠠᠩᠰᠠ ᠶᠢ ᠰᠢᠢᠳᠪᠦᠷᠢᠯᠡᠵᠦ ᠳᠠᠭᠤᠰᠬᠠᠭᠰᠠᠨ ᠪᠠᠶᠢᠳᠠᠯ     1. ᠵᠢᠨᠢᠩ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ ᠰᠠᠭᠤᠭᠠᠯᠢ ᠲᠣᠭᠤᠷᠢᠭ ᠤᠨ ᠣᠶᠢᠷ᠎ᠠ ᠬᠠᠪᠢ ᠳᠤ ᠰᠢᠨ᠎ᠡ ᠪᠠᠷ ᠵᠠᠰᠠᠭᠰᠠᠨ ᠵᠠᠮ ᠪᠣᠯᠤᠨ ᠬᠠᠭᠤᠴᠢᠨ ᠵᠠᠮ ᠤᠨ ᠥᠨᠳᠥᠷ ᠪᠣᠭᠤᠨᠢ ᠶᠢᠨ ᠵᠥᠷᠢᠶ᠎ᠡ ᠨᠢ ᠨᠡᠯᠢᠶᠡᠳ ᠶᠡᠭᠡ ᠤᠴᠢᠷ ᠠᠴᠠ᠂ ᠵᠠᠮ ᠳᠡᠭᠡᠷᠡᠬᠢ ᠪᠣᠷᠣᠭᠠᠨ ᠤ ᠤᠰᠤ ᠭᠡᠳᠡᠷᠭᠦ ᠪᠠᠨ ᠰᠠᠭᠤᠭᠠᠯᠢ ᠲᠣᠭᠤᠷᠢᠭ ᠤᠷᠤᠭᠤ ᠤᠷᠤᠰᠴᠤ ᠪᠠᠶᠢᠨ᠎ᠠ᠂ ᠤᠰᠤ ᠭᠠᠳᠠᠭᠰᠢᠯᠠᠭᠤᠯᠬᠤ ᠠᠮᠠᠰᠠᠷ ᠨᠡᠮᠡᠵᠦ ᠭᠠᠷᠭᠠᠬᠤ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠨᠢᠭᠡᠨᠲᠡ ᠲᠤᠰ ᠰᠠᠭᠤᠭᠠᠯᠢ ᠲᠤᠭᠤᠷᠢᠭ ᠤᠨ ᠡᠮᠦᠨ᠎ᠡ ᠡᠭᠦᠳᠡᠨ ᠳᠤ ᠪᠣᠷᠣᠭᠠᠨ ᠤ ᠤᠰᠤ ᠶᠢ ᠭᠠᠳᠠᠭᠰᠢᠯᠠᠭᠤᠯᠬᠤ ᠬᠤᠳᠳᠤᠭ ᠤᠨ ᠠᠮᠠᠰᠠᠷ ᠲᠠᠭᠠᠷᠠᠭᠤᠯᠵᠤ᠂ ᠪᠣᠷᠣᠭᠠᠨ ᠤ ᠤᠰᠤ ᠭᠡᠳᠡᠷᠭᠦ ᠤᠷᠤᠰᠬᠤ ᠠᠰᠠᠭᠤᠳᠠᠯ ᠢ ᠰᠢᠢᠳᠪᠦᠷᠢᠯᠡᠵᠡᠢ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶     2. ᠵᠢᠨᠢᠩ ᠲᠣᠭᠤᠷᠢᠭ ᠤᠨ ᠱᠦᠨ ᠳ᠋ᠡ ᠵᠡᠭᠡᠯᠢ ᠶᠢᠨ ᠰᠢᠶᠤᠤ ᠰᠢ ᠱᠠᠨ ᠵᠠᠮ ᠤᠨ ᠪᠠᠷᠠᠭᠤᠨ ᠲᠠᠯ᠎ᠠ ᠳᠤ ᠵᠠᠮ ᠤᠨ ᠳ᠋ᠧᠩ ᠪᠠᠶᠢᠬᠤ ᠦᠭᠡᠢ᠂ ᠤᠯᠠᠨ ᠲᠦᠮᠡᠨ ᠤ ᠤᠷᠤᠢ ᠰᠥᠨᠢ ᠶᠠᠪᠤᠵᠤ ᠰᠠᠭᠤᠬᠤ ᠳᠤ ᠳᠥᠭᠦᠮ ᠦᠭᠡᠢ ᠪᠠᠶᠢᠨ᠎ᠠ᠂ ᠲᠦᠷᠭᠡᠬᠡᠨ ᠤᠭᠰᠠᠷᠠᠬᠤ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ  ᠦᠢᠯᠡᠴᠢᠯᠡᠭᠡᠨ ᠤ ᠲᠥᠪ ᠨᠢᠭᠡᠨᠲᠡ ᠲᠣᠰ ᠵᠠᠮ ᠤᠨ ᠬᠡᠰᠡᠭ ᠲᠤ 7 ᠵᠠᠮ ᠤᠨ ᠳ᠋ᠧᠩ ᠤᠭᠰᠠᠷᠠᠵᠤ᠂ ᠣᠯᠠᠨ ᠲᠦᠮᠡᠨ ᠤ ᠤᠷᠤᠢ ᠰᠥᠨᠢ ᠪᠠᠷ ᠢᠷᠡᠵᠦ ᠶᠠᠪᠤᠬᠤ ᠳᠤ ᠲᠥᠬᠦᠮ ᠦᠵᠡᠭᠦᠯᠪᠡ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶     3. ᠵᠢᠨᠢᠩ ᠤᠨ ᠳᠠᠶᠢᠯᠠᠯᠳᠤᠭᠠᠨ ᠤ ᠳᠤᠷᠠᠰᠬᠠᠯ ᠤᠨ ᠣᠷᠳᠣᠨ ᠳᠤ ᠲᠣᠭᠤᠷᠢᠨ ᠦᠵᠡᠬᠦ ᠬᠥᠮᠦᠰ ᠡᠳᠦᠷ ᠢᠷᠡᠬᠦᠶ᠎ᠡ ᠣᠯᠠᠰᠢᠷᠠᠵᠤ᠂ ᠵᠣᠷᠯᠣᠩ ᠳᠤ ᠤᠷᠤᠬᠤ ᠳᠤ ᠬᠦᠴᠢᠷ ᠪᠠᠶᠢᠭ᠎ᠠ ᠠᠰᠠᠭᠤᠳᠠᠯ ᠤᠯᠠᠮ ᠢᠶᠠᠷ ᠲᠤᠪᠤᠶᠢᠮ᠎ᠠ ᠪᠤᠯᠵᠠᠢ᠃ ᠨᠡᠶᠢᠲᠡ ᠶᠢᠨ ᠵᠣᠷᠯᠣᠩ ᠢ ᠨᠡᠭᠡᠭᠡᠵᠦ᠂ ᠤᠯᠠᠨ ᠲᠦᠮᠡᠨ ᠤ ᠵᠣᠷᠯᠣᠩ ᠳᠤ ᠤᠷᠤᠬᠤ ᠠᠰᠠᠭᠤᠳᠠᠯ ᠢ ᠰᠢᠢᠳᠪᠦᠷᠢᠯᠡᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠵᠢᠨᠢᠩ ᠤᠨ ᠳᠠᠶᠢᠯᠠᠯᠳᠤᠭᠠᠨ ᠤ ᠳᠤᠷᠠᠰᠬᠠᠯ ᠤᠨ ᠣᠷᠳᠣᠨ ᠳᠤ ᠨᠢᠭᠡᠨᠲᠡ 5 ᠰᠠᠭᠤᠷᠢ ᠨᠡᠭᠦᠯᠭᠡᠵᠦ ᠪᠣᠯᠬᠤ ᠨᠡᠶᠢᠲᠡ ᠶᠢᠨ ᠵᠣᠷᠯᠣᠩ ᠤᠭᠰᠠᠷᠠᠭᠰᠠᠨ ᠪᠥᠭᠡᠳ ᠬᠡᠷᠡᠭᠯᠡᠯᠲᠡ ᠳᠤ ᠤᠷᠤᠭᠤᠯᠵᠤ᠂ ᠣᠷᠳᠣᠨ ᠤ ᠳᠣᠲᠣᠷᠠᠬᠢ ᠨᠡᠶᠢᠲᠡ ᠶᠢᠨ ᠵᠣᠷᠯᠣᠩ ᠢ ᠴᠤ ᠵᠠᠰᠠᠵᠦ ᠥᠭᠡᠷᠡᠴᠢᠯᠡᠨ᠂ ᠣᠯᠠᠨ ᠲᠦᠮᠡᠨ ᠤ ᠵᠣᠷᠯᠣᠩ ᠤᠨ ᠬᠡᠷᠡᠭᠴᠡᠭᠡ ᠱᠠᠭᠠᠷᠳᠠᠯᠭ᠎ᠠ ᠶᠢ ᠦᠨᠡᠨ ᠬᠦ ᠬᠠᠩᠭᠠᠭᠰᠠᠨ ᠪᠠᠶᠢᠨ᠎ᠠ᠃ ︵ᠲᠠᠭᠠᠭᠠᠨ ᠭᠦᠢᠴᠡᠳᠭᠡᠬᠦ  ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶     4. ᠵᠢᠨᠢᠩ ᠲᠣᠭᠤᠷᠢᠭ ᠤᠨ ᠴᠠᠬᠠᠷ ᠪᠠᠷᠠᠭᠤᠨ ᠵᠡᠭᠡᠯᠢ ᠬᠢᠭᠡᠳ ᠶᠦᠩ ᠠᠨ ᠵᠠᠮ ᠤᠨ ᠲᠣᠨᠣᠯᠵᠢᠨ ᠵᠠᠮ ᠤᠨ ᠠᠭᠤᠯᠵᠠᠷ ᠲᠤ ᠠᠵᠢᠯ ᠳᠤ ᠭᠠᠷᠴᠤ ᠪᠠᠭᠤᠬᠤ ᠬᠤᠭᠤᠴᠠᠭᠠᠨ ᠳᠤ ᠲᠡᠷᠭᠡᠨ ᠤᠷᠤᠰᠬᠠᠯ ᠶᠡᠬᠡᠰᠴᠦ᠂ ᠵᠠᠮ‌‍ᠲ᠋ᠦ᠋ᠭᠵᠢᠷᠡᠵᠦ ᠪᠠᠶᠢᠨ᠎ᠠ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠵᠠᠮ ᠤᠨ ᠳᠣᠬᠢᠶᠠᠨ ᠳ᠋ᠧᠩ ᠤᠨ ᠴᠠᠭ ᠢ ᠵᠣᠬᠢᠰᠲᠠᠶ ᠲᠣᠬᠢᠷᠠᠭᠤᠯᠬᠤ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠨᠢᠭᠡᠨᠲᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠲᠣᠰ ᠵᠠᠮ ᠤᠨ ᠠᠭᠤᠯᠵᠠᠷ ᠤᠨ ᠳᠣᠬᠢᠶᠠᠨ ᠳ᠋ᠧᠩ ᠤᠨ ᠴᠠᠭ ᠤᠨ ᠲᠣᠬᠢᠷᠠᠭᠤᠯᠤᠯᠲᠠ ᠳᠤ ᠵᠤᠬᠢᠴᠠᠭᠤᠯᠭ᠎ᠠ ᠬᠢᠬᠦ ᠶᠢ ᠳᠠᠭᠠᠭᠠᠯᠭᠠᠭᠰᠠᠨ ᠪᠥᠭᠡᠳ ᠥᠷᠯᠥᠭᠡ᠂ ᠦᠳᠡ᠂ ᠣᠷᠣᠶ ᠶᠢᠨ ᠣᠷᠭᠢᠯ ᠤᠨ ᠦᠶ᠎ᠡ ᠳᠤ ᠵᠠᠮ ᠬᠠᠷᠢᠯᠴᠠᠭᠠᠨ ᠤ ᠴᠠᠭᠳᠠᠭ᠎ᠠ ᠳᠣᠭᠢᠷᠠᠭᠤᠯᠤᠨ ᠵᠠᠮ ᠬᠠᠷᠢᠯᠴᠠᠭ᠎ᠠ ᠶᠢ ᠨᠡᠪᠲᠡᠷᠡᠭᠦᠯᠵᠦ᠂ ᠲᠦᠭᠵᠢᠷᠡᠯ ᠭᠠᠷᠬᠤ ᠥᠬᠡᠶ ᠪᠠᠶᠢᠬᠤ ᠶᠢ ᠦᠨᠡᠨ ᠬᠦ ᠪᠠᠲᠤᠯᠠᠪᠠ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ     5. ᠵᠢᠨᠢᠩ ᠲᠣᠭᠤᠷᠢᠭ ᠤᠨ ᠨᠢᠩ ᠴᠧᠩ ᠬᠤᠸᠠ ᠹᠦ᠋ ᠰᠠᠭᠤᠭᠠᠯᠢ ᠲᠣᠭᠤᠷᠢᠭ ᠤᠨ ᠵᠡᠭᠦᠨ ᠡᠭᠦᠳᠡᠨ ᠤ ᠣᠶᠢᠷᠠᠯᠴᠠᠭ᠎ᠠ ᠬᠢ ᠵᠠᠮ ᠪᠣᠷᠣᠭᠠᠨ ᠤᠷᠤᠭᠰᠠᠨ ᠠᠴᠠ ᠪᠣᠯᠵᠣ ᠴᠥᠮᠥᠷᠡᠵᠦ᠂ 1 ᠮᠧᠲᠷ ᠤᠨ ᠠᠮᠠᠰᠠᠷ ᠲᠠᠢ ᠭᠦᠨ ᠨᠦᠬᠡ ᠭᠠᠷᠴᠠᠶ᠂ ᠡᠭᠦᠨ ᠢ ᠲᠦᠷᠭᠡᠬᠡᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠠᠴᠠ ᠬᠤᠯᠪᠣᠭᠳᠠᠯ ᠪᠥᠬᠦᠶ ᠨᠢᠭᠡᠴᠢ ᠳᠤ ᠳᠠᠭᠠᠭᠠᠯᠭᠠᠵᠤ ᠡᠪᠳᠡᠭᠳᠡᠭᠰᠡᠨ ᠵᠠᠮ ᠢ ᠰᠡᠯᠪᠢᠨ ᠵᠠᠰᠠᠵᠤ᠂ ᠣᠲᠣ ᠨᠢᠭᠡᠨᠲᠡ ᠪᠠᠷᠢᠯᠭ᠎ᠠ ᠶᠢᠨ ᠠᠵᠢᠯ ᠢ ᠳᠠᠭᠤᠰᠬᠠᠪᠠ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ     6. ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠸᠠᠨ ᠾᠧ B ᠲᠣᠭᠤᠷᠢᠭ ᠲᠤ ᠲᠣᠭᠲᠠᠭᠰᠠᠨ ᠴᠠᠭ ᠦᠭᠡᠢ ᠪᠠᠷ ᠤᠰᠤ ᠵᠣᠭᠰᠣᠵᠤ᠂ ᠰᠠᠭᠤᠭᠠᠯᠢ ᠠᠷᠠᠳ ᠤᠨ ᠠᠮᠢᠳᠤᠷᠠᠯ ᠢ ᠨᠥᠯᠥᠭᠡᠯᠡᠵᠦ ᠪᠠᠶᠢᠨ᠎ᠠ᠂ ᠬᠡᠪ ᠤᠨ ᠤᠰᠤᠨ ᠤ ᠬᠠᠩᠭᠠᠯᠭ᠎ᠠ ᠶᠢ ᠲᠦᠷᠭᠡᠨ ᠰᠡᠷᠭᠦᠭᠡᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠠᠴᠠ ᠬᠠᠮᠢᠶ᠎ᠠ ᠪᠥᠬᠦᠶ ᠨᠢᠭᠡᠴᠢ ᠳᠤ ᠲᠣᠰ ᠰᠠᠭᠤᠭᠠᠯᠢ ᠲᠣᠭᠤᠷᠢᠭ ᠤᠨ ᠤᠰᠤ ᠬᠠᠩᠭᠠᠯᠭ᠎ᠠ ᠶᠢᠨ ᠲᠣᠤᠷᠵᠢᠯ ᠬᠤᠭᠤᠯᠠᠶ ᠶᠢ ᠰᠣᠯᠢᠭᠤᠯᠬᠤ ᠪᠠᠷ ᠳᠠᠭᠠᠭᠠᠯᠭᠠᠵᠤ᠂ ᠣᠲᠣ ᠨᠢᠭᠡᠨᠲᠡ ᠤᠰᠤᠨ ᠤ ᠬᠠᠩᠭᠠᠯᠭ᠎ᠠ ᠶᠢ ᠰᠡᠷᠭᠦᠭᠡᠪᠡ᠃ ︵ᠳᠠᠭᠠᠭᠠᠨ ᠭᠦᠢᠴᠡᠳᠬᠡᠬᠦ ᠨᠢᠭᠡᠴᠢ᠄ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ︶     7. ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠤᠭ ᠤᠨ ᠠᠭᠤᠯᠠ ᠪᠠᠯᠭᠠᠰᠤᠨ ᠤ ᠰᠢᠶᠠᠩ ᠶᠠᠩ ᠨᠡᠶᠢᠭᠡᠮ ᠲᠣᠭᠤᠷᠢᠭ ᠤᠨ ᠬᠤᠩ ᠹᠦ᠋ ᠭᠤᠳᠤᠮᠵᠢ ᠶᠢᠨ ᠬᠡᠰᠡᠭ ᠲᠤ ᠲᠦᠭᠡᠭᠡᠯ ᠤᠰᠤᠨ ᠤ ᠬᠤᠭᠤᠯᠠᠶ ᠰᠡᠯᠪᠢᠨ ᠵᠠᠰᠠᠭᠰᠠᠨ ᠠᠴᠠ᠂ ᠵᠠᠮ ᠳᠡᠭᠡᠷ᠎ᠡ ᠰᠢᠪᠠᠷ ᠰᠢᠷᠣᠶ ᠣᠪᠣᠭᠠᠷᠠᠵᠤ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠳᠥᠭᠦᠮ ᠦᠭᠡᠢ ᠪᠠᠶᠢᠨ᠎ᠠ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠵᠤᠬᠢᠴᠠᠭᠤᠯᠵᠤ ᠪᠠᠶᠢᠭᠠᠳ ᠳᠠᠷᠦ᠋ᠢᠬᠠᠨ ᠴᠡᠪᠡᠷᠯᠡᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠠᠴᠠ ᠬᠤᠯᠪᠣᠭᠳᠠᠯ ᠪᠥᠬᠦᠶ  ᠨᠢᠭᠡᠴᠢ ᠶᠢ ᠱᠠᠭᠠᠷᠳᠠᠨ ᠨᠢᠭᠡᠨᠲᠡ ᠲᠣᠰ ᠬᠡᠰᠡᠭ ᠵᠠᠮ ᠳᠤ ᠣᠪᠣᠭᠠᠯᠠᠭᠰᠠᠨ ᠰᠢᠪᠠᠷ ᠰᠢᠷᠣᠶ ᠶᠢ ᠴᠡᠪᠡᠷᠯᠡᠵᠦ ᠳᠠᠭᠤᠰᠬᠠᠭᠰᠠᠨ ᠤ ᠬᠠᠮᠲᠤ ᠵᠠᠮ ᠢ ᠬᠠᠲᠠᠭᠤᠷᠠᠭᠤᠯᠪᠠ᠃ ︵ᠲᠠᠭᠠᠭᠠᠨ ᠭᠦᠢᠴᠡᠳᠭᠡᠬᠦ ᠨᠢᠭᠡᠴᠢ᠄ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ︶     8. ᠰᠢᠩ ᠡᠾᠧ ᠰᠢᠶᠠᠨ ᠳᠤ ᠵᠥᠪᠬᠡᠨ ᠳ᠋ᠠ ᠵᠦᠩ ᠰᠠᠩᠲ᠋ᠠᠨᠠ ᠪᠠᠷ ᠲᠦᠷᠢᠶᠡᠰᠦᠨ ᠮᠠᠰᠢᠨ ᠲᠡᠷᠭᠡ ᠪᠣᠯᠭᠠᠬᠤ ᠶᠢ ᠵᠥᠪᠰᠢᠶᠡᠷᠡᠳᠡᠭ᠂ ᠲᠡᠷᠭᠡᠨ ᠤ ᠦᠨ᠎ᠡ ᠨᠢ ᠨᠡᠯᠢᠶᠡᠳ ᠥᠨᠳᠥᠷ ᠪᠣᠯᠬᠤᠷ ᠬᠡᠰᠡᠭ ᠵᠢᠯᠣᠭᠤᠴᠢ ᠡᠭᠦᠷᠭᠡᠯᠡᠵᠦ ᠳᠡᠶᠢᠯᠬᠦ ᠦᠭᠡᠶ ᠪᠠᠶᠢᠨ᠎ᠠ᠃ ᠪᠤᠰᠤᠳ ᠲᠦᠷᠦᠯ ᠤᠨ ᠲᠡᠷᠭᠡ ᠨᠡᠮᠡᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠬᠢᠨᠠᠨ ᠨᠤᠳᠠᠯᠠᠭᠰᠠᠨ ᠤ ᠲᠠᠷᠠᠭ᠎ᠠ᠂ ᠰᠢᠩ ᠾᠧ ᠰᠢᠶᠠᠨ ᠤ ᠵᠠᠰᠠᠭ ᠤᠨ ᠣᠷᠳᠣᠨ ᠨᠢᠭᠡᠨᠲᠡ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠵᠤ᠂ ᠶᠡᠬᠡᠨᠭᠬᠢ ᠲᠦᠷᠢᠶᠡᠰᠦᠨ ᠮᠠᠰᠢᠨ ᠲᠡᠷᠭᠡ ᠡᠵᠡᠩᠨᠡᠭᠴᠢ ᠶᠢᠨ ᠰᠠᠨᠠᠯ ᠬᠦᠰᠡᠯ ᠢ ᠤᠢᠢᠯᠠᠭᠠᠨ᠂ ᠪᠢᠶᠠᠳᠢ F3᠂ ᠳ᠋ᠠ ᠵᠦᠩ ᠰᠠᠩᠲ᠋ᠠᠨᠠ᠂ ᠳ᠋ᠠ ᠵᠦᠩ ᠵᠢᠶᠧ ᠳ᠋ᠡ ᠵᠡᠷᠭᠡ 3 ᠵᠦᠢᠯ ᠤᠨ ᠲᠡᠷᠭᠡᠨ ᠤ ᠬᠡᠯᠪᠡᠷᠢ ᠶᠢ ᠲᠦᠷᠢᠶᠡᠰᠦᠨ ᠮᠠᠰᠢᠨ ᠲᠡᠷᠭᠡᠨ ᠤ ᠰᠢᠨᠡᠴᠢᠯᠡᠯᠲᠡ ᠶᠢᠨ ᠪᠡᠯᠡᠳᠬᠡᠯ ᠲᠡᠷᠭᠡᠨ ᠤ ᠬᠡᠯᠪᠡᠷᠢ ᠪᠠᠷ ᠲᠣᠭᠲᠠᠭᠠᠵᠤ᠂ ᠡᠵᠡᠩᠨᠡᠭᠴᠢ ᠶᠢᠨ ᠴᠢᠯᠥᠭᠡᠲᠡᠶ ᠰᠣᠩᠭᠤᠬᠤ ᠳᠤ ᠵᠣᠷᠢᠭᠤᠯᠪᠠ᠃ ︵ᠲᠠᠭᠠᠭᠠᠨ ᠭᠦᠢᠴᠡᠳᠭᠡᠬᠦ ᠨᠢᠭᠡᠴᠢ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ︶      9. ᠱᠠᠩᠳᠤ ᠰᠢᠶᠠᠨ ᠤ ᠰᠠᠨ ᠳ᠋ᠠ ᠴᠢᠩ ᠰᠢᠶᠠᠩ ᠤᠨ ᠭᠤᠸᠠᠩ ᠷᠦᠢ ᠺᠦᠢ ᠲᠣᠰᠬᠤᠨ ᠤ ᠲᠣᠰᠬᠤᠨ ᠳᠤ ᠣᠷᠣᠬᠤ ᠵᠠᠰᠠᠮᠠᠯ ᠵᠠᠮ ᠬᠦᠨᠳᠦ ᠨᠣᠴᠢᠲᠠᠢ ᠡᠪᠳᠡᠭᠳᠡᠵᠦ᠂ ᠲᠣᠰᠬᠤᠨ ᠤ ᠠᠷᠠᠳ ᠶᠠᠪᠤᠵᠤ ᠰᠠᠭᠤᠬᠤ ᠳᠤ ᠬᠦᠴᠢᠷᠲᠡᠢ ᠪᠠᠶᠢᠨ᠎ᠠ᠃ ᠲᠦᠷᠭᠡᠨ ᠵᠠᠰᠠᠬᠤ ᠶᠢ ᠬᠦᠰᠡᠵᠦ ᠪᠠᠶᠢᠨ᠎ᠠ᠃      ᠰᠢᠢᠳᠪᠦᠷᠢᠯᠡᠭᠰᠡᠨ ᠪᠠᠶᠢᠳᠠᠯ᠄ ᠬᠢᠨᠠᠨ ᠨᠤᠳᠠᠯᠠᠭᠰᠠᠨ ᠢᠶᠠᠷ᠂ ᠲᠣᠰ ᠵᠠᠮ ᠨᠢ ᠲᠦᠭᠡᠭᠡᠯ ᠤᠰᠤᠨ ᠤ ᠬᠤᠭᠤᠯᠠᠶ ᠶᠢ ᠰᠡᠯᠪᠢᠨ ᠵᠠᠰᠠᠭᠰᠠᠨ ᠠᠴᠠ ᠪᠣᠯᠵᠣ ᠡᠪᠳᠡᠷᠡᠵᠡᠢ᠂ ᠵᠢᠱᠢᠯᠲᠡ ᠪᠠᠷ 9 ᠰᠠᠷ᠎ᠠ ᠶᠢᠨ ᠰᠡᠭᠦᠯᠴᠢ ᠪᠠᠷ ᠵᠠᠮ ᠢ ᠰᠡᠯᠪᠢᠨ ᠵᠠᠰᠠᠵᠤ ᠳᠠᠭᠤᠰᠬᠠᠨ᠎ᠠ᠃ ︵ᠲᠠᠭᠠᠭᠠᠨ ᠭᠦᠢᠴᠡᠳᠭᠡᠬᠦ  ᠨᠢᠭᠡᠴᠢ᠄ ᠵᠦᠸᠧᠽᠢ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ︶     10. ᠬᠤᠸᠠᠳᠧ ᠰᠢᠶᠠᠨ ᠤ ᠴᠠᠩ ᠱᠦᠨ ᠪᠠᠯᠭᠠᠰᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠱᠧᠩ ᠳ᠋ᠦᠩ ᠠᠮᠢᠳᠤ ᠪᠣᠳᠠᠰ ᠤᠨ ᠺᠣᠮᠫᠠᠨᠢ ᠶᠢᠨ ᠭᠠᠳᠠᠭᠰᠢᠯᠠᠭᠤᠯᠤᠭᠰᠠᠨ ᠬᠡᠢ ᠪᠡᠶᠡᠲᠦ ᠬᠠᠴᠢᠨ ᠰᠣᠨᠢᠨ ᠦᠨᠦᠷ ᠲᠠᠢ ᠪᠠᠶᠢᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠢᠨᠠᠨ ᠪᠠᠶᠢᠴᠠᠭᠠᠵᠤ ᠰᠢᠢᠳᠪᠦᠷᠢᠯᠡᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠬᠤᠸᠠᠳᠧ ᠰᠢᠶᠠᠨ ᠤ ᠠᠮᠢ ᠠᠬᠤᠶ ᠶᠢᠨ ᠣᠷᠴᠢᠨ ᠲᠤᠭᠤᠷᠢᠨ ᠤ ᠬᠤᠪᠢᠶᠠᠷᠢ ᠲᠣᠪᠴᠢᠶ᠎ᠠ ᠠᠴᠠ ᠲᠣᠰ ᠺᠣᠮᠫᠠᠨᠢ ᠶᠢᠨ ᠦᠢᠯᠡᠳᠪᠦᠷᠢᠯᠡᠯ ᠢ ᠵᠣᠭᠰᠣᠭᠠᠵᠤ ᠴᠡᠭᠴᠡᠯᠡᠨ ᠰᠠᠶᠢᠵᠢᠷᠠᠭᠤᠯᠬᠤ ᠪᠠᠷ ᠵᠠᠷᠯᠢᠭᠳᠠᠪᠠ᠂ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠠᠴᠠ ᠭᠠᠳᠠᠭᠰᠢᠯᠠᠭᠤᠯᠤᠭᠰᠠᠨ ᠬᠡᠶ ᠪᠡᠶᠡᠲᠦ ᠶᠢ ᠪᠠᠶᠢᠴᠠᠭᠠᠨ ᠰᠢᠯᠭᠠᠵᠤ ᠬᠢᠷᠢ ᠲᠡᠩᠴᠡᠭᠰᠡᠨ ᠤ ᠳᠠᠷᠠᠭ᠎ᠠ ᠰᠠᠶ᠋ᠢ ᠦᠢᠯᠡᠳᠪᠦᠷᠢᠯᠡᠯ ᠰᠡᠷᠭᠦᠭᠡᠵᠦ ᠪᠣᠯᠤᠨ᠎ᠠ᠃ ︵ᠲᠠᠭᠠᠭᠠᠨ ᠭᠦᠢᠴᠡᠳᠭᠡᠬᠦ ᠨᠢᠭᠡᠴᠢ᠄ ᠬᠤᠸᠠᠳᠧ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ︶
 
ᠢᠷᠡᠯᠲᠡ᠄ ᠤᠯᠠᠭᠠᠨᠴᠠᠪ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2