ᠴᠢ ᠹᠸᠢ ᠶᠦᠨ ᠦᠨᠳᠦᠰᠦᠨ ᠱᠠᠲᠤᠨ ᠳᠤ ᠭᠦᠨᠵᠡᠭᠡᠶᠢᠷᠡᠵᠦ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2021/12/13
   12 ᠰᠠᠷ᠎ᠠ ᠶᠢᠨ 10 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠴᠢ ᠹᠸᠢ ᠶᠦᠨ ᠳᠥᠷᠪᠡᠳ ᠬᠤᠰᠢᠭᠤᠨ ᠳᠤ ᠭᠦᠨᠵᠡᠭᠡᠶᠢᠷᠡᠵᠦ᠂ ᠥᠪᠡᠷ ᠤᠨ ᠰᠤᠷᠤᠯᠴᠠᠭᠰᠠᠨ ᠣᠶᠢᠯᠠᠭᠠᠯᠲᠠ ᠲᠠᠢ ᠪᠠᠨ ᠤᠶᠠᠯᠳᠤᠭᠤᠯᠵᠤ᠂ ᠲᠦᠭᠦᠮ ᠣᠶᠢᠯᠠᠭᠠᠮᠵᠢᠲᠠᠢ ᠦᠭᠡ ᠬᠡᠯᠡ᠂ ᠠᠮᠢᠳᠤᠯᠢᠭ ᠪᠣᠳᠠᠲᠠᠢ ᠵᠢᠱᠢᠶ᠎ᠡ ᠪᠣᠯᠤᠨ ᠪᠣᠳᠠᠲᠠᠢ ᠲᠤᠭ᠎ᠠ ᠪᠠᠷᠢᠮᠲᠠ ᠪᠠᠷ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠳᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃     ᠴᠢ ᠹᠸᠢ ᠶᠦᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠪᠣᠯ ᠮᠠᠨ ᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢᠨ ᠲᠠᠰᠢᠷᠠᠮ ᠳᠤ᠂ ᠮᠠᠨ ᠤ ᠤᠯᠤᠰ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠤᠷᠤᠬᠰᠠᠨ ᠴᠢᠬᠤᠯᠠ ᠴᠠᠭ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠯᠡᠳᠬᠡᠯ ᠳᠤ ᠥᠪᠥᠷ ᠮᠣᠩᠭᠤᠯ ᠤᠨ ᠢᠷᠡᠭᠡᠳᠦᠢ ᠶᠢᠨ ᠲᠠᠪᠤᠨ ᠵᠢᠯ ᠤᠨ ᠬᠥᠭᠵᠢᠯᠲᠡ ᠶᠢᠨ ᠰᠠᠶᠢᠨ ᠰᠠᠶᠢᠬᠠᠨ ᠵᠢᠷᠤᠭ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠵᠢᠷᠤᠭᠯᠠᠵᠤ᠂ ᠪᠦᠬᠦ ᠣᠷᠣᠨ ᠤ ᠳᠡᠭᠡᠳᠦ ᠲᠤᠤᠷᠠᠳᠤ ᠱᠠᠳᠤ ᠶᠢ ᠬᠦᠳᠦᠯᠦᠨ ᠳᠠᠭᠠᠭᠤᠯᠵᠤ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠨᠠᠶᠢᠳᠠᠪᠤᠷᠢᠵᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯᠯᠠᠭᠠᠨ ᠤ ᠵᠦᠭᠯᠡᠭᠦᠷ ᠪᠣᠯᠤᠭᠰᠠᠨ ᠪᠠᠶᠢᠨ᠎ᠠ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ ᠠᠳᠬᠤᠵᠤ᠂ ᠵᠠᠭᠤᠨ ᠵᠢᠯ ᠤᠨ ᠨᠠᠮ ᠤᠨ ᠲᠡᠦᠬᠡ ᠠᠴᠠ ᠤᠶᠤᠨ ᠤᠬᠠᠭᠠᠨ ᠪᠠ ᠬᠦᠴᠦᠨ ᠴᠢᠳᠠᠯ ᠰᠢᠩᠭᠡᠭᠡᠨ ᠠᠪᠴᠤ᠂ ︽ᠬᠤᠶᠠᠷ ᠢ ᠲᠣᠭᠲᠠᠭᠠᠬᠤ︾ ᠶᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠲᠡᠦᠬᠡ ᠶᠢᠨ ᠢᠲᠡᠭᠡᠯ ᠢᠶᠠᠨ ᠪᠠᠲᠤᠳᠬᠠᠵᠤ᠂ ᠬᠠᠷᠢᠴᠠᠯᠠᠰᠢᠭᠦᠢ ᠦᠨᠡᠨᠴᠢ ᠰᠢᠳᠤᠷᠭᠤ ᠪᠠᠨ ᠪᠠᠲᠤᠳᠬᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠪᠠᠲᠤᠳᠬᠠᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠴᠢ ᠹᠸᠢ ᠶᠦᠨ᠂ ᠬᠥᠭᠵᠢᠭᠦᠯᠦᠯᠲᠡ ᠪᠠᠷ ᠲᠡᠷᠢᠭᠦᠨ ᠴᠢᠬᠤᠯᠠ ᠡᠭᠦᠷᠭᠡ ᠪᠣᠯᠭᠠᠬᠤ ᠶᠢ ᠪᠠᠷᠢᠮᠲᠠᠯᠠᠵᠤ᠂ ᠮᠠᠨ ᠤ ᠬᠤᠳᠠ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠪᠣᠯᠤᠨ ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠲᠣᠭᠤᠷᠢᠨ ᠳᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠪᠠᠷ ᠬᠦᠴᠦᠯᠡᠵᠦ᠂ ᠠᠵᠤ ᠦᠢᠯᠡᠰ ᠤᠨ ᠰᠠᠭᠤᠷᠢᠨ ᠢ ᠪᠠᠶᠢᠭᠤᠯᠵᠤ᠂ ᠤᠮᠠᠷᠠᠰᠢ ᠨᠡᠬᠡᠬᠡᠯᠳᠡ ᠬᠢᠬᠦ ᠡᠨᠡᠬᠦ ᠲᠤᠮᠤ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠬᠤ ᠬᠡᠷᠡᠭᠲᠡᠢ᠃ ᠠᠷᠠᠳ ᠲᠦᠮᠡᠨ ᠢ ᠳᠡᠭᠡᠳᠦᠯᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠳᠠᠭ᠎ᠠ ᠶᠢᠨ ᠨᠠᠭᠤᠷ᠂ ᠴᠠᠭᠠᠨᠨᠠᠭᠤᠷ ᠤᠨ ᠶᠡᠷᠦᠩᠬᠡᠶᠢᠯᠡᠭᠰᠡᠨ ᠵᠠᠰᠠᠯᠲᠠ ᠪᠠ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢ ᠡᠷᠡᠰ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠭᠰᠠᠨ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠤᠯᠠᠨ ᠲᠦᠮᠡᠨ ᠤ ᠠᠵᠢᠯ ᠣᠯᠭᠤᠯᠲᠠ᠂ ᠡᠮ ᠡᠮᠨᠡᠯᠭᠡ᠂ ᠰᠤᠷᠭᠠᠨ ᠬᠥᠮᠦᠵᠢᠯ᠂ ᠨᠡᠶᠢᠭᠡᠮ ᠤᠨ ᠪᠠᠲᠤᠯᠠᠭ᠎ᠠ ᠵᠡᠷᠭᠡ ᠲᠠᠯ᠎ᠠ ᠪᠠᠷ ᠬᠢ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠺᠠᠳ᠋ᠷᠴᠤᠳ ᠤᠨ ︽ᠵᠣᠪᠠᠭᠤᠷᠢ ᠵᠦᠳᠡᠭᠦᠷᠢ ᠶᠢᠨ ᠵᠢᠭᠠᠯᠲᠠ ᠲᠤᠭ᠎ᠠ︾ ᠪᠠᠷ ᠤᠯᠠᠨ ᠲᠦᠮᠡᠨ ᠤ ︽ᠵᠣᠯ ᠵᠢᠷᠭᠠᠯ ᠤᠨ ᠵᠢᠭᠠᠯᠲᠠ ᠲᠤᠭ᠎ᠠ︾ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠬᠢᠲᠤᠭ᠎ᠠ ᠶᠢᠨ ᠢᠷ ᠢ ᠳᠣᠲᠣᠭᠰᠢ ᠪᠠᠨ ᠬᠠᠨᠳᠤᠭᠤᠯᠬᠤ ᠵᠣᠷᠢᠭ ᠰᠠᠨᠠᠭ᠎ᠠ ᠪᠠᠷ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠢ ᠰᠠᠶᠢᠲᠤᠷ ᠬᠢᠵᠦ᠂ ᠵᠠᠰᠠᠭ ᠤᠨ ᠣᠷᠳᠣᠨ᠂ ᠠᠵᠤ ᠠᠬᠤᠶᠢᠯᠠᠯ᠂ ᠨᠡᠶᠢᠭᠡᠮ ᠤᠨ ᠰᠠᠶᠢᠨ ᠨᠥᠬᠦᠴᠡᠯᠳᠦᠯ ᠤᠨ ᠪᠠᠶᠢᠳᠠᠯ ᠢ ᠪᠤᠢ ᠪᠣᠯᠭᠠᠵᠤ᠂ ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢᠶᠠᠷ ᠴᠢᠨᠠᠷ ᠰᠠᠶᠢᠲᠠᠶ ᠬᠥᠭᠵᠢᠯᠲᠡ ᠶᠢ ᠬᠠᠮᠠᠭᠠᠯᠠᠬᠤ ᠬᠡᠷᠡᠭᠲᠡᠶ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠵᠤ᠂ ᠨᠠᠮ ᠤᠨ ᠰᠤᠷᠲᠠᠯ ᠪᠠ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠰᠤᠷᠲᠠᠯ ᠴᠢᠬᠡᠴᠢ ᠣᠪᠣᠷ ᠲᠥᠪ ᠪᠠᠶᠢᠬᠤ ᠤᠯᠤᠰ ᠲᠦᠷᠦ ᠶᠢᠨ ᠠᠮᠢ ᠠᠬᠤᠢ ᠶᠢ ᠪᠣᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃                                                     ᠣᠷᠴᠢᠭᠤᠯᠤᠭᠴᠢ᠄ ᠭᠤᠸ᠎ᠠ                                                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2