︽ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠰᠢᠷᠢᠰ ᠮᠡᠳᠡᠭᠡᠯᠡᠯ ︵ᠠᠷᠪᠠᠨ ᠲᠠᠪᠤ︶
ᠨᠡᠶᠢᠲᠡᠯᠡᠭᠰᠡᠨ ᠴᠠᠭ᠄
2021/12/13
     ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠤᠮᠳᠠ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠠᠵᠢᠯᠯᠠᠭ᠎ᠠ ᠥᠷᠨᠢᠭᠦᠯᠬᠦ ᠲᠤᠬᠠᠶ ᠨᠠᠮ ᠤᠨ ᠲᠥᠪ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠢᠨ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ᠂ ᠬᠡᠷᠡᠭᠴᠡᠭᠡ ᠱᠠᠭᠠᠷᠳᠠᠯᠭ᠎ᠠ ᠶᠢ ᠠᠷᠠᠳ ᠠᠴᠠ ᠠᠰᠠᠭᠤᠬᠤ᠂ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠬᠤ ︽ᠭᠤᠷᠪᠠ ᠶᠢ ᠠᠰᠠᠭᠤᠬᠤ︾ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠨᠡᠶᠢᠭᠡᠮ ᠤᠨ ᠡᠯ᠎ᠡ ᠡᠲᠡᠭᠡᠳ ᠪᠠ ᠥᠷᠭᠡᠨ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠠᠰᠠᠭᠤᠳᠠᠯ ᠤᠨ ᠨᠠᠷᠢᠨ ᠲᠠᠩᠰᠠ ᠶᠢ ᠬᠤᠷᠢᠶᠠᠩᠭᠤᠶᠢᠯᠠᠨ ᠡᠮᠬᠢᠯᠡᠵᠦ᠂ ᠡᠭᠦᠨ ᠤ ᠤᠯᠠᠮ ᠠᠴᠠ ᠣᠯᠠᠨ ᠲᠦᠮᠡᠨ ᠳᠤ ᠪᠣᠳᠠᠲᠠᠶ ᠶᠠᠪᠤᠳᠠᠯ ᠬᠢᠬᠦ ᠶᠢᠨ ︽ᠭᠤᠷᠪᠠ ᠶᠢ ᠠᠰᠠᠭᠤᠬᠤ︾ ᠦᠢᠯᠡᠴᠢᠯᠡᠭᠡᠨ ᠤ ᠵᠦᠢᠯᠡᠰ ᠤᠨ ᠨᠠᠷᠢᠨ ᠲᠠᠩᠰᠠ ᠶᠢ ᠲᠣᠭᠲᠠᠭᠠᠭᠰᠠᠨ ᠪᠠᠶᠢᠨ᠎ᠠ᠃ ᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠨᠡᠶᠢᠭᠡᠮ ᠲᠠᠶᠠᠭᠠᠷ ᠲᠤ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠦᠢᠯᠡᠳᠦᠯᠭᠡ ᠶᠢᠨ ᠠᠵᠢᠯᠯᠠᠭ᠎ᠠ ᠶᠢᠨ ᠦᠢᠯᠡᠴᠢᠯᠡᠭᠡᠨ ᠤ ᠵᠦᠢᠯᠡᠰ ᠤᠨ ᠨᠠᠷᠢᠨ ᠳᠠᠩᠰᠠ ᠪᠠ ᠠᠰᠠᠭᠤᠳᠠᠯ ᠢ ᠰᠢᠢᠳᠪᠦᠷᠢᠯᠡᠭᠰᠡᠨ ᠦᠷ᠎ᠡ ᠳ᠋ᠦᠩ ᠢ ᠨᠡᠶᠢᠲᠡᠯᠡᠵᠦ᠂ ᠠᠷᠠᠳ ᠣᠯᠠᠨ ᠤ ᠬᠢᠨᠠᠯᠲᠠ ᠪᠠ ᠦᠨᠡᠯᠡᠯᠲᠡ ᠶᠢ ᠤᠬᠠᠮᠰᠠᠷ ᠠᠴᠠ ᠪᠠᠨ ᠬᠦᠯᠢᠶᠡᠬᠦ ᠪᠤᠯᠤᠨ᠎ᠡ᠃         ︽ᠭᠤᠷᠪᠠ ᠶᠢ ᠠᠰᠠᠭᠤᠬᠤ︾ ᠠᠵᠢᠯᠯᠠᠭᠠᠨ ᠤ ᠠᠰᠠᠭᠤᠳᠠᠯ ᠤᠨ ᠨᠠᠷᠢᠨ ᠲᠠᠩᠰᠠ      1. G208 ᠤᠯᠤᠰ ᠤᠨ ᠵᠠᠮ ᠤᠨ ᠵᠢᠨᠢᠩ ᠲᠣᠭᠤᠷᠢᠭ ᠤᠨ ᠾᠧ ᠢ ᠶᠦᠩ ᠲᠣᠰᠬᠤᠨ ᠤ ᠵᠡᠭᠦᠨ ᠬᠡᠰᠡᠭ ᠤᠨ ᠵᠠᠮ ᠤᠨ ᠬᠥᠭᠦᠷᠭᠡ ᠡᠩᠬᠦᠯ ᠳᠤᠩᠬᠤᠯ ᠶᠡᠭᠡ ᠲᠠᠢ ᠪᠠᠶᠢᠵᠤ᠂ ᠲᠡᠷᠭᠡ ᠤᠨᠤᠭᠠᠨ ᠤ ᠬᠦᠷᠳᠦ ᠠᠮᠠᠷᠬᠠᠨ ᠳᠡᠯᠪᠡᠷᠡᠵᠤ ᠪᠠᠶᠢᠨ᠎ᠠ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠲᠦᠷᠭᠡᠨ ᠵᠠᠰᠠᠬᠤ ᠶᠢ ᠬᠦᠰᠡᠵᠦ ᠪᠠᠶᠢᠨ᠎ᠠ᠃      2. ᠵᠢᠨᠢᠩ ᠲᠣᠭᠤᠷᠢᠭ ᠤᠨ ᠬᠤᠩ ᠱᠠᠨ ᠵᠢᠶᠦ᠋ᠨ ᠰᠠᠭᠤᠭᠠᠯᠢ ᠲᠣᠭᠤᠷᠢᠭ ᠤᠨ ᠬᠢᠨ ᠳᠤᠯᠠᠭᠠᠯᠠᠭ᠎ᠠ ᠶᠢᠨ ᠰᠦᠢᠳᠬᠡᠯ ᠢᠶᠠᠨ ᠪᠦᠬᠦᠨ ᠢ ᠲᠤᠰᠢᠶᠠᠬᠤ ᠦᠭᠡᠢ ᠪᠤᠯ ᠭᠡᠷ ᠵᠠᠰᠠᠬᠤ ᠦᠶ᠎ᠡ ᠳᠤ ᠬᠡᠷᠡᠭᠯᠡᠬᠦ ᠲᠦᠯᠬᠢᠭᠦᠷ ᠢ ᠦᠭᠬᠦ ᠦᠭᠡᠢ ᠪᠠᠶᠢᠨ᠎ᠠ᠂ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠢᠨᠠᠨ ᠬᠠᠷᠭᠤᠭᠤᠯᠵᠤ ᠰᠢᠢᠳᠪᠦᠷᠢᠯᠡᠬᠦ ᠶᠢ ᠬᠦᠰᠡᠵᠦ ᠪᠠᠶᠢᠨ᠎ᠠ᠃      3. ᠵᠢᠨᠢᠩ ᠲᠣᠭᠤᠷᠢᠭ ᠤᠨ ᠵᠠᠩ ᠭᠠᠶ ᠶᠢᠩ ᠤᠨ ᠳ᠋ᠦᠩ ᠶᠤᠸᠠᠨ ᠰᠠᠭᠤᠭᠠᠯᠢ ᠲᠣᠭᠤᠷᠢᠭ ᠲᠤ ᠵᠠᠮ ᠤᠨ ᠳ᠋ᠧᠩ ᠲᠠᠭᠠᠷᠠᠭᠤᠯᠤᠭᠰᠠᠨ ᠥᠬᠡᠶ᠂ ᠮᠥᠨ ᠯᠡ ᠲᠦᠷ ᠴᠠᠭ ᠤᠨ ᠴᠠᠬᠢᠯᠭᠠᠨ ᠬᠡᠷᠡᠭᠯᠡᠵᠦ ᠪᠠᠶᠢᠨ᠎ᠠ᠂ ᠲᠦᠷᠭᠡᠬᠡᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃      4. ᠵᠢᠨᠢᠩ ᠲᠣᠭᠤᠷᠢᠭ ᠤᠨ ᠲᠠᠢ ᠾᠧ ᠵᠠᠮ ᠬᠢᠭᠡᠳ ᠮᠠᠨᠳᠠ ᠵᠡᠭᠡᠯᠢ ᠶᠢᠨ ᠲᠤᠨᠤᠯᠵᠢᠨ ᠵᠠᠮ ᠤᠨ ᠠᠭᠤᠯᠵᠠᠷ᠂ ᠭᠦᠩ ᠨᠦᠩ ᠯᠦ ᠵᠠᠮ ᠤᠨ ᠬᠡᠰᠡᠭ ᠵᠠᠮ ᠤᠨ ᠠᠭᠤᠯᠵᠠᠷ ᠤᠨ ᠳᠤᠬᠢᠶᠠᠨ ᠳ᠋ᠧᠩ ᠭᠡᠷᠡᠯ ᠮᠠᠭᠤᠲᠠᠢ ᠪᠠᠶᠢᠵᠤ᠂ ᠢᠯᠭᠠᠨ ᠲᠠᠨᠢᠬᠤ ᠳᠤ ᠬᠦᠴᠢᠷ ᠪᠠᠶᠢᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠦᠷᠭᠡᠬᠡᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃      5. ᠵᠢᠨᠢᠩ ᠲᠣᠭᠤᠷᠢᠭ ᠤᠨ ᠸᠧᠶ ᠪᠠᠩ ᠬᠤᠳᠠᠯᠳᠤᠭᠠᠨ ᠤ ᠲᠠᠯᠠᠪᠠᠶ ᠶᠢᠨ ᠨᠡᠶᠢᠲᠡ ᠶᠢᠨ ᠲᠡᠷᠭᠡᠨ ᠵᠣᠭᠰᠣᠭᠠᠯ ᠤᠨ ᠵᠠᠮ ᠬᠦᠨᠳᠦ ᠨᠣᠴᠢᠲᠠᠶ ᠡᠪᠳᠡᠭᠳᠡᠵᠦ᠂ ᠣᠯᠠᠨ ᠲᠦᠮᠡᠨ ᠶᠠᠪᠤᠵᠤ ᠰᠠᠭᠤᠬᠤ ᠳᠤ ᠳᠥᠭᠦᠮ ᠦᠭᠡᠢ ᠪᠠᠶᠢᠨ᠎ᠠ᠂ ᠲᠦᠷᠭᠡᠬᠡᠨ ᠰᠡᠯᠪᠢᠨ ᠵᠠᠰᠠᠬᠤ ᠶᠢ ᠬᠦᠰᠡᠵᠦ ᠪᠠᠶᠢᠨ᠎ᠠ᠃      6. ᠹᠧᠩᠵᠧᠨ ᠬᠤᠲᠠ ᠶᠢᠨ ᠯᠦᠩ ᠱᠧᠩ ᠵᠤᠸᠠᠩ ᠪᠠᠯᠭᠠᠰᠤᠨ ᠤ ᠬᠥᠯᠳᠡᠭᠡᠭᠰᠡᠨ ᠮᠢᠬᠠᠨ ᠤ ᠵᠦᠢᠯ ᠤᠨ ᠪᠥᠭᠡᠮ ᠢᠶᠠᠷ ᠬᠤᠳᠠᠯᠳᠤᠬᠤ ᠳᠡᠯᠭᠡᠭᠦᠷ ᠨᠢ ᠴᠠᠬᠢᠯᠭᠠᠨ ᠬᠦᠴᠦᠨ ᠤ ᠱᠤᠭᠤᠮ ᠤᠨ ᠡᠪᠳᠡᠷᠡᠭᠰᠡᠨ ᠠᠴᠠ ᠪᠣᠯᠵᠣ ᠬᠥᠯᠳᠡᠭᠡᠭᠦᠷ ᠤᠨ ᠴᠠᠬᠢᠯᠭᠠᠨ ᠲᠠᠰᠤᠷᠠᠵᠤ᠂ ᠶᠡᠭᠡ ᠬᠡᠮᠵᠢᠶᠡᠨ ᠤ ᠮᠢᠬᠠᠨ ᠤ ᠵᠦᠢᠯ ᠭᠡᠰᠦᠭᠡᠳ ᠡᠪᠳᠡᠷᠡᠵᠦ ᠪᠠᠶᠢᠨ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ ᠬᠢᠨᠠᠨ ᠬᠠᠷᠭᠤᠭᠤᠯᠵᠤ ᠰᠢᠢᠳᠪᠦᠷᠢᠯᠡᠬᠦ ᠶᠢ ᠬᠦᠰᠡᠵᠦ ᠪᠠᠶᠢᠨ᠎ᠠ᠃      7. ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠸᠧᠨ ᠵᠢᠩ ᠱᠠᠩ ᠶᠤᠸᠠᠨ ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠺᠣᠮᠫᠠᠨᠢ ᠨᠢ ᠵᠥᠪᠬᠡᠨ ᠰᠢᠯᠵᠢᠮᠡᠯ ᠺᠣᠮᠫᠠᠨᠢ ᠶᠢᠨ ᠰᠦᠯᠵᠢᠶ᠎ᠡ ᠤᠭᠰᠠᠷᠠᠬᠤ ᠶᠢ ᠵᠥᠪᠰᠢᠶᠡᠷᠡᠵᠦ᠂ ᠭᠡᠷ ᠤᠨ ᠡᠵᠡᠳ ᠤᠨ ᠪᠤᠰᠤᠳ ᠺᠣᠮᠫᠠᠨᠢ ᠶᠢᠨ ᠰᠦᠯᠵᠢᠶ᠎ᠡ ᠤᠭᠰᠠᠷᠠᠬᠤ ᠶᠢ ᠴᠠᠭᠠᠵᠠᠯᠠᠵᠦ ᠪᠠᠶᠢᠨ᠎ᠠ᠃      8. ᠳᠥᠷᠪᠡᠳ ᠬᠤᠰᠢᠭᠤᠨ ᠤ ᠹᠦ᠋ ᠺᠠᠩ ᠰᠠᠭᠤᠭᠠᠯᠢ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠭᠡᠷ ᠬᠦᠷᠦᠩᠭᠡ ᠶᠢᠨ ᠡᠭᠦᠳᠡᠨ ᠺᠠᠷᠲ ᠠᠪᠬᠤ ᠳᠤ ᠡᠷᠬᠡᠪᠰᠢ 2022 ᠣᠨ ᠤ ᠠᠳᠠᠯ ᠠᠬᠤᠶ ᠶᠢᠨ ᠵᠠᠷᠤᠳᠠᠯ ᠢ ᠤᠷᠢᠳᠴᠢᠯᠠᠨ ᠲᠤᠰᠢᠶᠠᠬᠤ ᠶᠢ ᠱᠠᠭᠠᠷᠳᠠᠵᠤ ᠪᠠᠶᠢᠨ᠎ᠠ᠂ ᠡᠷᠭᠢᠯᠡᠨ ᠬᠠᠮᠢᠶᠠᠷᠴᠤ ᠪᠤᠢ ᠰᠠᠯᠠᠭ᠎ᠠ ᠮᠥᠴᠢᠷ ᠠᠴᠠ ᠬᠠᠮᠢᠶ᠎ᠠ ᠪᠥᠬᠦᠶ ᠲᠣᠭᠲᠠᠭᠠᠯ ᠶᠣᠰᠣᠭᠠᠷ ᠬᠢᠨᠠᠨ ᠬᠠᠷᠭᠤᠭᠤᠯᠵᠤ ᠰᠢᠢᠳᠪᠦᠷᠢᠯᠡᠬᠦ ᠶᠢ ᠬᠦᠰᠡᠵᠦ ᠪᠠᠶᠢᠨ᠎ᠠ᠃      9. ᠯᠢᠶᠠᠩᠴᠧᠩ ᠰᠢᠶᠠᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶᠠᠨ ᠤ ᠠᠯᠪᠠᠨ ᠠᠰᠠᠷ ᠲᠤ ᠭᠠᠳᠠᠷ ᠡᠯᠭᠦᠮᠡᠯ ᠴᠠᠬᠢᠯᠭᠠᠨ ᠱᠠᠲᠤ ᠨᠡᠮᠡᠵᠦ ᠤᠭᠰᠠᠷᠠᠬᠤ ᠶᠠᠪᠤᠳᠠᠯ ᠠᠴᠠ ᠪᠤᠯᠵᠤ᠂ ᠣᠶᠢᠷ᠎ᠠ ᠬᠠᠪᠢ ᠶᠢᠨ ᠰᠠᠭᠤᠭᠠᠯᠢ ᠠᠷᠠᠳ ᠤᠨ ᠠᠰᠠᠷ ᠬᠡᠷᠡᠯ ᠬᠠᠯᠠᠬᠠᠯᠠᠭᠳᠠᠬᠤ ᠠᠰᠠᠭᠤᠳᠠᠯ ᠤᠷᠤᠰᠢᠵᠤ ᠪᠠᠶᠢᠨ᠎ᠠ᠂ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠬᠠᠪᠰᠤᠷᠤᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃     10. ᠬᠤᠸᠠᠳᠧ ᠰᠢᠶᠠᠨ ᠤ ᠰᠢᠤᠸᠠᠢ ᠹᠦ᠋ ᠰᠠᠭᠤᠭᠠᠯᠢ ᠲᠣᠭᠤᠷᠢᠭ ᠤᠨ ᠰᠠᠭᠤᠭᠠᠯᠢ ᠠᠷᠠᠳ ᠨᠢᠭᠡᠨᠲᠡ ᠵᠠᠰᠠᠵᠤ ᠴᠢᠮᠡᠭᠯᠡᠭᠰᠡᠨ ᠪᠣᠯᠪᠠᠴᠤ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠨᠢ ᠪᠦᠷᠢᠨ ᠲᠡᠭᠦᠯᠳᠡᠷ ᠪᠣᠯᠤᠭᠠᠳᠤᠶ ᠤᠴᠢᠷ ᠠᠴᠠ ᠣᠷᠣᠵᠤ ᠰᠠᠭᠤᠬᠤ ᠶᠢᠨ ᠠᠷᠭ᠎ᠠ ᠦᠭᠡᠶ ᠪᠠᠶᠢᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠦᠷᠭᠡᠬᠡᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃     ︽ᠭᠤᠷᠪᠠ ᠶᠢ ᠠᠰᠠᠭᠤᠬᠤ︾ ᠠᠵᠢᠯᠯᠠᠭ᠎ᠠ ᠶᠢᠨ ᠠᠰᠠᠭᠤᠳᠠᠯ ᠤᠨ ᠨᠠᠷᠢᠨ ᠲᠠᠩᠰᠠ ᠶᠢ ᠰᠢᠢᠳᠪᠦᠷᠢᠯᠡᠵᠦ ᠳᠠᠭᠤᠰᠬᠠᠭᠰᠠᠨ ᠪᠠᠶᠢᠳᠠᠯ     1. G208 ᠤᠯᠤᠰ ᠤᠨ ᠲᠡᠰ ᠤᠨ ᠵᠠᠰᠠᠮᠠᠯ ᠵᠠᠮ ᠤᠨ ᠵᠢᠨᠢᠩ ᠲᠣᠭᠤᠷᠢᠭ ᠤᠨ ᠾᠧ ᠢ ᠶᠦᠩ ᠲᠣᠰᠬᠤᠨ ᠤ ᠵᠡᠭᠦᠨ ᠬᠡᠰᠡᠭ ᠤᠨ ᠵᠠᠮ ᠤᠨ ᠬᠥᠭᠦᠷᠭᠡ ᠡᠩᠬᠦᠯ ᠳᠤᠩᠬᠤᠯ ᠨᠢ ᠶᠡᠭᠡ ᠪᠠᠶᠢᠵᠤ᠂ ᠲᠡᠷᠭᠡ ᠤᠨᠤᠭᠠᠨ ᠤ ᠬᠦᠷᠳᠦ ᠠᠮᠠᠷᠬᠠᠨ ᠳᠡᠯᠪᠡᠷᠡᠵᠤ ᠪᠠᠶᠢᠨ᠎ᠠ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠲᠦᠷᠭᠡᠨ ᠵᠠᠰᠠᠬᠤ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠬᠢᠨᠠᠨ ᠨᠤᠲᠠᠯᠠᠬᠤ ᠪᠠᠷ ᠳᠠᠮᠵᠢᠨ᠂ G208 ᠤᠯᠤᠰ ᠤᠨ ᠲᠡᠰ ᠤᠨ ᠵᠠᠰᠠᠮᠠᠯ ᠵᠠᠮ ᠤᠨ ᠵᠢᠨᠢᠩ ᠲᠣᠭᠤᠷᠢᠭ ᠤᠨ ᠾᠧ ᠢ ᠶᠦᠩ ᠲᠣᠰᠬᠤᠨ ᠤ ᠵᠡᠭᠦᠨ ᠬᠡᠰᠡᠭ ᠤᠨ ᠵᠠᠮ ᠤᠨ ᠬᠥᠭᠦᠷᠭᠡ ᠶᠢ ᠨᠢᠭᠡᠨᠲᠡ ᠵᠠᠰᠠᠵᠤ ᠳᠠᠭᠤᠰᠬᠠᠪᠠ᠃ ︵ᠬᠠᠷᠢᠭᠤᠴᠠᠨ ᠭᠦᠢᠴᠡᠳᠭᠡᠭᠰᠡᠨ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶     2. ᠵᠢᠨᠢᠩ ᠲᠣᠭᠤᠷᠢᠭ ᠤᠨ ᠬᠤᠩ ᠱᠠᠨ ᠵᠢᠶᠦ᠋ᠨ ᠰᠠᠭᠤᠭᠠᠯᠢ ᠲᠣᠭᠤᠷᠢᠭ ᠤᠨ ᠬᠢᠨ ᠳᠤᠯᠠᠭᠠᠯᠠᠭ᠎ᠠ ᠶᠢᠨ ᠰᠦᠢᠳᠬᠡᠯ ᠢᠶᠠᠨ ᠪᠦᠬᠦᠨ ᠢ ᠲᠤᠰᠢᠶᠠᠬᠤ ᠦᠭᠡᠢ ᠪᠤᠯ ᠭᠡᠷ ᠵᠠᠰᠠᠬᠤ ᠦᠶ᠎ᠡ ᠳᠤ ᠬᠡᠷᠡᠭᠯᠡᠬᠦ ᠲᠦᠯᠬᠢᠭᠦᠷ ᠢ ᠨᠢ ᠦᠭᠬᠦ ᠦᠭᠡᠢ ᠪᠠᠶᠢᠨ᠎ᠠ᠂ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠢᠨᠠᠨ ᠬᠠᠷᠭᠤᠭᠤᠯᠵᠤ ᠰᠢᠢᠳᠪᠦᠷᠢᠯᠡᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠨᠢᠭᠡᠨᠲᠡ ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠺᠣᠮᠫᠠᠨᠢ ᠶᠢᠨ ᠶᠤᠰᠤ ᠪᠤᠰᠤ ᠪᠠᠷ ᠰᠦᠢᠳᠬᠡᠯ ᠬᠤᠷᠢᠶᠠᠬᠤ ᠪᠠᠨ ᠵᠤᠭᠰᠤᠭᠠᠬᠤ ᠶᠢ ᠱᠠᠭᠠᠷᠳᠠᠵᠠᠢ᠃ ︵ᠬᠠᠷᠢᠭᠤᠴᠠᠨ ᠭᠦᠢᠴᠡᠳᠭᠡᠭᠰᠡᠨ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶     3. ᠵᠢᠨᠢᠩ ᠲᠣᠭᠤᠷᠢᠭ ᠤᠨ ᠵᠠᠩᠬᠢ ᠶᠢᠨ ᠠᠶᠢᠯ ᠤᠨ ᠳ᠋ᠦᠩ ᠶᠤᠸᠠᠨ ᠰᠠᠭᠤᠭᠠᠯᠢ ᠲᠣᠭᠤᠷᠢᠭ ᠲᠤ ᠵᠠᠮ ᠤᠨ ᠳ᠋ᠧᠩ ᠤᠬᠰᠠᠷᠠᠬᠰᠠᠨ ᠥᠬᠡᠶ᠂ ᠮᠥᠨ ᠯᠡ ᠲᠦᠷ ᠴᠠᠭ ᠤᠨ ᠴᠠᠬᠢᠯᠭᠠᠨ ᠬᠡᠷᠡᠭᠯᠡᠵᠦ ᠪᠠᠶᠢᠨ᠎ᠠ᠂ ᠲᠦᠷᠭᠡᠬᠡᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠬᠤᠲᠠ ᠶᠢᠨ ᠪᠠᠯᠠ ᠣᠷᠣᠭᠤᠯᠤᠯᠲᠠ ᠶᠢᠨ ᠺᠣᠮᠫᠠᠨᠢ ᠨᠢᠭᠡᠨᠲᠡ ᠲᠣᠰ ᠰᠠᠭᠤᠭᠠᠯᠢ ᠲᠣᠭᠤᠷᠢᠭ ᠤᠨ ᠳᠣᠲᠣᠷᠠᠬᠢ ᠴᠠᠬᠢᠯᠭᠠᠨ ᠬᠡᠷᠡᠭᠯᠡᠬᠦ ᠱᠤᠭᠤᠮ ᠵᠢᠴᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠵᠠᠮ ᠤᠨ ᠳ᠋ᠧᠩ ᠤᠨ ᠲᠥᠬᠦᠭᠡᠷᠦᠮᠵᠢ ᠶᠢ ᠨᠢᠭᠡᠨᠲᠡ ᠤᠭᠰᠠᠷᠠᠵᠤ ᠳᠠᠭᠤᠰᠬᠠᠭᠠᠳ᠂ ᠴᠠᠬᠢᠯᠭᠠᠨ ᠬᠠᠩᠭᠠᠬᠤ ᠢᠵᠢ ᠪᠥᠷᠢᠳᠦᠭᠦᠯᠬᠦ ᠲᠥᠬᠦᠭᠡᠷᠦᠮᠵᠢ ᠨᠢ ᠴᠠᠬᠢᠯᠭᠠᠨ ᠬᠡᠷᠡᠭᠯᠡᠬᠦ ᠨᠥᠬᠦᠴᠡᠯ ᠳᠤ ᠨᠡᠶᠢᠴᠡᠭᠰᠡᠨ ᠤ ᠳᠠᠷᠠᠭ᠎ᠠ ᠳᠠᠷᠤᠶ ᠬᠡᠷᠡᠭᠯᠡᠵᠦ ᠪᠣᠯᠤᠨ᠎ᠠ᠃ ︵ᠬᠠᠷᠢᠭᠤᠴᠠᠨ ᠭᠦᠢᠴᠡᠳᠭᠡᠭᠰᠡᠨ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶     4. ᠵᠢᠨᠢᠩ ᠲᠣᠭᠤᠷᠢᠭ ᠤᠨ ᠲᠠᠢ ᠾᠧ ᠵᠠᠮ ᠬᠢᠭᠡᠳ ᠮᠠᠨᠳᠠ ᠵᠡᠭᠡᠯᠢ ᠶᠢᠨ ᠲᠤᠨᠤᠯᠵᠢᠨ ᠵᠠᠮ ᠤᠨ ᠠᠭᠤᠯᠵᠠᠷ᠂ ᠭᠦᠩ ᠨᠦᠩ ᠯᠦ ᠵᠠᠮ ᠤᠨ ᠬᠡᠰᠡᠭ ᠵᠠᠮ ᠤᠨ ᠠᠭᠤᠯᠵᠠᠷ ᠤᠨ ᠳᠤᠬᠢᠶᠠᠨ ᠳ᠋ᠧᠩ ᠤᠨ ᠭᠡᠷᠡᠯ ᠨᠢ ᠮᠠᠭᠤ ᠪᠠᠶᠢᠵᠤ᠂ ᠢᠯᠭᠠᠨ ᠲᠠᠨᠢᠬᠤ ᠳᠤ ᠬᠦᠴᠢᠷ ᠪᠠᠶᠢᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠦᠷᠭᠡᠬᠡᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃      ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠨᠢ ᠲᠠᠢ ᠾᠧ ᠵᠠᠮ ᠪᠣᠯᠤᠨ ᠮᠠᠨᠳᠠ ᠶᠡᠭᠡ ᠵᠡᠭᠡᠯᠢ ᠶᠢᠨ ᠠᠭᠤᠯᠵᠠᠷ᠂ ᠭᠦᠩ ᠨᠦᠩ ᠡᠮᠦᠨ᠎ᠡ ᠵᠠᠮ ᠪᠣᠯᠤᠨ ᠭᠡᠭᠡᠨ ᠵᠡᠭᠡᠯᠢ ᠶᠢᠨ ᠠᠭᠤᠯᠵᠠᠷ᠂ ᠭᠦᠩ ᠨᠦᠩ ᠡᠮᠦᠨ᠎ᠡ ᠵᠠᠮ ᠪᠣᠯᠤᠨ ᠳᠦᠷᠪᠡᠳ ᠶᠡᠭᠡ ᠵᠡᠭᠡᠯᠢ ᠶᠢᠨ ᠠᠭᠤᠯᠵᠠᠷ᠂ ᠭᠦᠩ ᠨᠦᠩ ᠡᠮᠦᠨ᠎ᠡ ᠵᠠᠮ ᠪᠣᠯᠤᠨ ᠮᠠᠨᠳᠠ ᠶᠡᠭᠡ ᠵᠡᠭᠡᠯᠢ ᠶᠢᠨ ᠠᠭᠤᠯᠵᠠᠷ ᠤᠨ ᠳ᠋ᠧᠩ ᠤᠨ ᠤᠯᠠᠨ ᠵᠤᠷᠪᠤᠰ ᠵᠠᠮ ᠤᠨ ᠳᠤᠬᠢᠶᠠᠨ ᠳ᠋ᠧᠩ ᠢ ᠰᠢᠨ᠎ᠡ ᠪᠠᠷ ᠲᠤᠷᠰᠢᠨ ᠲᠣᠬᠢᠷᠠᠭᠤᠯᠵᠤ᠂ ᠭᠡᠷᠡᠯᠲᠦᠴᠡ ᠶᠢ ᠨᠡᠮᠡᠭᠳᠡᠭᠦᠯᠪᠡ᠃ ︵ᠬᠠᠷᠢᠭᠤᠴᠠᠨ ᠭᠦᠢᠴᠡᠳᠭᠡᠭᠰᠡᠨ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶      5. ᠵᠢᠨᠢᠩ ᠲᠣᠭᠤᠷᠢᠭ ᠤᠨ ᠸᠧᠶ ᠪᠠᠩ ᠬᠤᠳᠠᠯᠳᠤᠭᠠᠨ ᠤ ᠲᠠᠯᠠᠪᠠᠶ ᠶᠢᠨ ᠨᠡᠶᠢᠲᠡ ᠶᠢᠨ ᠲᠡᠷᠭᠡᠨ ᠵᠣᠭᠰᠣᠭᠠᠯ ᠬᠦᠨᠳᠦ ᠨᠣᠴᠢᠲᠠᠶ ᠡᠪᠳᠡᠭᠳᠡᠵᠦ᠂ ᠣᠯᠠᠨ ᠲᠦᠮᠡᠨ ᠶᠠᠪᠤᠵᠤ ᠰᠠᠭᠤᠬᠤ ᠳᠤ ᠳᠥᠭᠦᠮ ᠦᠭᠡᠢ ᠪᠠᠶᠢᠨ᠎ᠠ᠂ ᠲᠦᠷᠭᠡᠬᠡᠨ ᠰᠡᠯᠪᠢᠨ ᠵᠠᠰᠠᠬᠤ ᠶᠢ ᠬᠦᠰᠡᠵᠦ ᠪᠠᠶᠢᠨ᠎ᠠ᠃      ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠠᠴᠠ ᠨᠢᠭᠡᠨᠲᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠸᠧᠢ ᠪᠠᠩ ᠬᠤᠳᠠᠯᠳᠤᠭᠠᠨ ᠤ ᠲᠠᠯᠠᠪᠠᠶ ᠶᠢᠨ ᠣᠯᠠᠨ ᠨᠡᠶᠢᠲᠡ ᠶᠢᠨ ᠲᠡᠷᠭᠡᠨ ᠵᠣᠭᠰᠣᠭᠠᠯ ᠢ ᠵᠠᠰᠠᠬᠤ ᠶᠢ ᠳᠠᠭᠠᠭᠠᠯᠭᠠᠵᠤ᠂ ᠪᠦᠬᠦᠨ ᠢ ᠰᠡᠯᠪᠢᠨ ᠵᠠᠰᠠᠵᠤ ᠪᠠᠷᠠᠪᠠ᠃ ︵ᠬᠠᠷᠢᠭᠤᠴᠠᠨ ᠭᠦᠢᠴᠡᠳᠭᠡᠭᠰᠡᠨ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶      6. ᠹᠧᠩᠵᠧᠨ ᠬᠤᠲᠠ ᠶᠢᠨ ᠯᠦᠩ ᠱᠧᠩ ᠵᠤᠸᠠᠩ ᠪᠠᠯᠭᠠᠰᠤᠨ ᠤ ᠬᠥᠯᠳᠡᠭᠡᠭᠰᠡᠨ ᠮᠢᠬᠠᠨ ᠤ ᠵᠦᠢᠯ ᠢ ᠪᠥᠭᠡᠮ ᠢᠶᠠᠷ ᠬᠤᠳᠠᠯᠳᠤᠬᠤ ᠳᠡᠯᠭᠡᠭᠦᠷ ᠨᠢ ᠴᠠᠬᠢᠯᠭᠠᠨ ᠬᠦᠴᠦᠨ ᠤ ᠱᠤᠭᠤᠮ ᠤᠨ ᠡᠪᠳᠡᠷᠡᠭᠰᠡᠨ ᠠᠴᠠ ᠪᠣᠯᠵᠣ ᠬᠥᠯᠳᠡᠭᠡᠭᠦᠷ ᠤᠨ ᠴᠠᠬᠢᠯᠭᠠᠨ ᠲᠠᠰᠤᠷᠠᠵᠤ᠂ ᠶᠡᠭᠡ ᠬᠡᠮᠵᠢᠶᠡᠨ ᠤ ᠮᠢᠬᠠᠨ ᠤ ᠵᠦᠢᠯ ᠭᠡᠰᠦᠭᠡᠳ ᠡᠪᠳᠡᠷᠡᠵᠦ ᠴᠢᠨᠡᠷ ᠨᠢ ᠬᠤᠪᠢᠷᠠᠪᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ ᠬᠢᠨᠠᠨ ᠬᠠᠷᠭᠤᠭᠤᠯᠵᠤ ᠰᠢᠢᠳᠪᠦᠷᠢᠯᠡᠬᠦ ᠶᠢ ᠬᠦᠰᠡᠵᠦ ᠪᠠᠶᠢᠨ᠎ᠠ᠃      ᠰᠢᠢᠳᠪᠦᠷᠢᠯᠡᠭᠰᠡᠨ ᠪᠠᠶᠢᠳᠠᠯ᠄ ᠹᠧᠩᠵᠧᠨ ᠬᠤᠲᠠ ᠶᠢᠨ ᠵᠠᠰᠠᠭ ᠤᠨ ᠣᠷᠳᠣᠨ ᠨᠢᠭᠡᠨᠲᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠳᠠᠭᠠᠭᠠᠯᠭᠠᠵᠤ ᠯᠦᠩ ᠱᠧᠩ ᠵᠤᠸᠠᠩ ᠪᠠᠯᠭᠠᠰᠤᠨ ᠤ ᠴᠠᠬᠢᠯᠭᠠᠨ ᠬᠦᠴᠦᠨ ᠤ ᠱᠤᠭᠤᠮ ᠤᠨ ᠴᠠᠬᠢᠯᠭᠠᠨ ᠢ ᠲᠠᠰᠤᠯᠬᠤ ᠶᠢᠨ ᠬᠠᠮᠲᠤ ᠡᠪᠳᠡᠷᠡᠵᠦ ᠰᠦᠢᠳᠦᠭᠰᠡᠨ ᠴᠠᠬᠢᠯᠭᠠᠨ ᠬᠡᠷᠡᠭᠰᠡᠯ ᠢ ᠵᠠᠰᠠᠵᠤ ᠰᠡᠯᠪᠢᠵᠡᠶ᠃ ︵ᠬᠠᠷᠢᠭᠤᠴᠠᠨ ᠭᠦᠢᠴᠡᠳᠭᠡᠭᠰᠡᠨ ᠨᠢᠭᠡᠴᠢ᠄ ᠹᠧᠩᠵᠧᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ︶     7. ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠸᠧᠨ ᠵᠢᠩ ᠱᠠᠩ ᠶᠤᠸᠠᠨ ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠺᠣᠮᠫᠠᠨᠢ ᠨᠢ ᠵᠥᠪᠬᠡᠨ ᠰᠢᠯᠵᠢᠮᠡᠯ ᠺᠣᠮᠫᠠᠨᠢ ᠶᠢᠨ ᠰᠦᠯᠵᠢᠶ᠎ᠡ ᠤᠭᠰᠠᠷᠠᠬᠤ ᠶᠢ ᠵᠥᠪᠰᠢᠶᠡᠷᠡᠵᠦ᠂ ᠭᠡᠷ ᠤᠨ ᠡᠵᠡᠳ ᠤᠨ ᠪᠤᠰᠤᠳ ᠺᠣᠮᠫᠠᠨᠢ ᠶᠢᠨ ᠰᠦᠯᠵᠢᠶ᠎ᠡ ᠤᠭᠰᠠᠷᠠᠬᠤ ᠶᠢ ᠴᠠᠭᠠᠵᠠᠯᠠᠵᠦ ᠪᠠᠶᠢᠨ᠎ᠠ᠃      ᠰᠢᠢᠳᠪᠦᠷᠢᠯᠡᠭᠰᠡᠨ ᠪᠠᠶᠢᠳᠠᠯ᠄ ᠬᠢᠨᠠᠨ ᠨᠤᠲᠠᠯᠠᠭᠰᠠᠨ ᠤ ᠳ᠋ᠦᠩ ᠳᠤ᠂ ᠲᠣᠰ ᠰᠠᠭᠤᠭᠠᠯᠢ ᠲᠣᠭᠤᠷᠢᠭ ᠤᠨ ᠬᠤᠶᠠᠳᠤᠭᠠᠷ ᠬᠤᠭᠤᠴᠠᠭ᠎ᠠ ᠨᠢ ᠠᠰᠢᠬᠯᠠᠯᠳᠠ ᠳᠤ ᠤᠷᠤᠭ᠎ᠠ ᠥᠬᠡᠶ᠂ ᠪᠤᠰᠤᠳ ᠡᠵᠡᠩᠨᠡᠭᠴᠢ ᠤᠭᠰᠠᠷᠠᠬᠤ ᠥᠪᠡᠷ ᠤᠨ ᠥᠷᠲᠡᠭ ᠨᠢ ᠨᠡᠯᠢᠶᠡᠳ ᠥᠨᠳᠥᠷ ᠤᠴᠢᠷ ᠠᠴᠠ ᠤᠷᠤᠯᠴᠠᠬᠤ ᠳᠤᠷ᠎ᠠ ᠥᠬᠡᠶ᠂ ᠬᠤᠶᠠᠳᠤᠭᠠᠷ ᠬᠤᠭᠤᠴᠠᠭ᠎ᠠ ᠶᠢ ᠠᠰᠢᠬᠯᠠᠯᠳᠠ ᠳᠤ ᠤᠷᠤᠭᠤᠯᠤᠬᠰᠠᠨ ᠤ ᠳᠠᠷᠠᠭ᠎ᠠ ᠤᠭᠰᠠᠷᠠᠵᠤ ᠪᠣᠯᠤᠨ᠎ᠠ᠃ ︵ᠬᠠᠷᠢᠭᠤᠴᠠᠨ ᠭᠦᠢᠴᠡᠳᠭᠡᠭᠰᠡᠨ ᠨᠢᠭᠡᠴᠢ ᠄ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ︶      8. ᠳᠥᠷᠪᠡᠳ ᠬᠤᠰᠢᠭᠤᠨ ᠤ ᠹᠦ᠋ ᠺᠠᠩ ᠰᠠᠭᠤᠭᠠᠯᠢ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠡᠭᠦᠳᠡᠨ ᠺᠠᠷᠲ ᠢᠶᠠᠨ ᠠᠪᠬᠤ ᠳᠤ ᠡᠷᠬᠡᠪᠰᠢ 2022 ᠣᠨ ᠤ ᠠᠳᠠᠯ ᠠᠬᠤᠶ ᠶᠢᠨ ᠵᠠᠷᠤᠳᠠᠯ ᠢ ᠤᠷᠢᠳᠴᠢᠯᠠᠨ ᠲᠤᠰᠢᠶᠠᠬᠤ ᠶᠢ ᠱᠠᠭᠠᠷᠳᠠᠵᠤ ᠪᠠᠶᠢᠨ᠎ᠠ᠂ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠮᠢᠶ᠎ᠠ ᠪᠥᠬᠦᠶ ᠲᠣᠭᠲᠠᠭᠠᠯ ᠶᠣᠰᠣᠭᠠᠷ ᠬᠢᠨᠠᠨ ᠬᠠᠷᠭᠤᠭᠤᠯᠵᠤ ᠰᠢᠢᠳᠪᠦᠷᠢᠯᠡᠬᠦ ᠶᠢ ᠬᠦᠰᠡᠵᠦ ᠪᠠᠶᠢᠨ᠎ᠠ᠃      ᠰᠢᠢᠳᠪᠦᠷᠢᠯᠡᠭᠰᠡᠨ ᠪᠠᠶᠢᠳᠠᠯ᠄ ᠳᠥᠷᠪᠡᠳ ᠬᠤᠰᠢᠭᠤᠨ ᠤ ᠣᠷᠣᠨ ᠰᠠᠭᠤᠴᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠠᠴᠠ ᠨᠢᠭᠡᠨᠲᠡ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠰᠠᠭᠤᠭᠠᠯᠢ ᠲᠣᠭᠤᠷᠢᠭ ᠤᠨ ᠠᠳᠠᠯ ᠠᠬᠤᠶ ᠶᠢ ᠵᠠᠷᠯᠢᠭᠳᠠᠵᠤ᠂ ᠡᠭᠦᠳᠡᠨ ᠺᠠᠷᠲ ᠦᠭᠬᠦ ᠪᠠᠷ ᠰᠢᠯᠲᠠᠭ ᠪᠣᠯᠭᠠᠵᠤ ᠠᠳᠠᠯ ᠠᠬᠤᠶ ᠶᠢᠨ ᠰᠦᠢᠳᠬᠡᠯ ᠢ ᠤᠷᠢᠳᠴᠢᠯᠠᠵᠤ ᠨᠡᠶᠢᠯᠡᠭᠦᠯᠦᠨ ᠬᠤᠷᠢᠶᠠᠬᠤ ᠶᠢ ᠬᠦᠴᠦᠨ ᠥᠬᠡᠶ ᠪᠣᠯᠭᠠᠪᠠ᠃ ︵ᠬᠠᠷᠢᠭᠤᠴᠠᠨ ᠭᠦᠢᠴᠡᠳᠭᠡᠭᠰᠡᠨ ᠨᠢᠭᠡᠴᠢ᠄ ᠳᠥᠷᠪᠡᠳ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ︶      9. ᠯᠢᠶᠠᠩᠴᠧᠩ ᠰᠢᠶᠠᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠠᠯᠪᠠᠨ ᠠᠰᠠᠷ ᠲᠤ ᠭᠠᠳᠠᠷ ᠡᠯᠭᠦᠮᠡᠯ ᠴᠠᠬᠢᠯᠭᠠᠨ ᠱᠠᠲᠤ ᠨᠡᠮᠡᠵᠦ ᠤᠭᠰᠠᠷᠠᠬᠤ ᠪᠠᠷ ᠪᠡᠯᠡᠳᠬᠡᠵᠦ᠂ ᠣᠶᠢᠷ᠎ᠠ ᠬᠠᠪᠢ ᠶᠢᠨ ᠰᠠᠭᠤᠭᠠᠯᠢ ᠠᠷᠠᠳ ᠤᠨ ᠠᠰᠠᠷ ᠤᠨ ᠬᠡᠷᠡᠯ ᠲᠤᠰᠬᠤ ᠶᠢ ᠨᠥᠯᠥᠭᠡᠯᠡᠵᠦ ᠪᠠᠶᠢᠨ᠎ᠠ᠂ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠬᠠᠪᠰᠤᠷᠤᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠵᠣᠬᠢᠴᠠᠭᠤᠯᠬᠤ ᠪᠠᠷ ᠳᠡᠮᠵᠢᠨ᠂ ᠯᠢᠶᠠᠩᠴᠧᠩ ᠰᠢᠶᠠᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ ᠬᠢᠨ ᠣᠶᠢᠷ᠎ᠠ ᠬᠠᠪᠢ ᠶᠢᠨ ᠰᠠᠭᠤᠭᠠᠯᠢ ᠡᠷᠦᠬᠡ ᠶᠢᠨ ᠰᠠᠨᠠᠯ ᠢᠶᠠᠷ ᠭᠠᠳᠠᠷ ᠡᠯᠭᠦᠮᠡᠯ ᠴᠠᠬᠢᠯᠭᠠᠨ ᠱᠠᠲᠤ ᠶᠢᠨ ᠣᠷᠣᠨ ᠪᠠᠶᠢᠷᠢ ᠪᠠᠨ ᠰᠤᠯᠢᠬᠰᠠᠨ ᠪᠠᠶᠢᠨ᠎ᠠ᠃ ︵ᠬᠠᠷᠢᠭᠤᠴᠠᠨ ᠭᠦᠢᠴᠡᠳᠭᠡᠭᠰᠡᠨ ᠨᠢᠭᠡᠴᠢ᠄ ᠯᠢᠶᠠᠩᠴᠧᠩ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ︶     10. ᠬᠤᠸᠠᠳᠧ ᠰᠢᠶᠠᠨ ᠤ ᠰᠢᠤᠸᠠᠢ ᠹᠦ᠋ ᠰᠠᠭᠤᠭᠠᠯᠢ ᠲᠣᠭᠤᠷᠢᠭ ᠤᠨ ᠰᠠᠭᠤᠭᠠᠯᠢ ᠠᠷᠠᠳ ᠨᠢᠭᠡᠨᠲᠡ ᠵᠠᠰᠠᠵᠤ ᠴᠢᠮᠡᠭᠯᠡᠭᠰᠡᠨ ᠪᠣᠯᠪᠠᠴᠤ ᠢᠵᠢ ᠪᠦᠷᠢᠳᠦᠭᠰᠡᠨ ᠰᠠᠭᠤᠷᠢ ᠲᠥᠬᠦᠭᠡᠷᠦᠮᠵᠢ ᠨᠢ ᠪᠦᠷᠢᠨ ᠲᠡᠭᠦᠯᠳᠡᠷ ᠪᠣᠯᠤᠭᠠᠳᠤᠶ ᠤᠴᠢᠷ ᠠᠴᠠ ᠣᠷᠣᠵᠤ ᠰᠠᠭᠤᠬᠤ ᠶᠢᠨ ᠠᠷᠭ᠎ᠠ ᠦᠭᠡᠶ ᠪᠠᠶᠢᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠦᠷᠭᠡᠬᠡᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃      ᠰᠢᠢᠳᠪᠦᠷᠢᠯᠡᠭᠰᠡᠨ ᠪᠠᠶᠢᠳᠠᠯ᠄ ᠬᠤᠸᠠᠳᠧ ᠰᠢᠶᠠᠨ ᠤ ᠵᠠᠰᠠᠭ ᠤᠨ ᠣᠷᠳᠣᠨ ᠠᠴᠠ ᠨᠢᠭᠡᠨᠲᠡ ᠬᠤᠯᠪᠣᠭᠳᠠᠯ ᠪᠥᠬᠦᠶ ᠨᠢᠭᠡᠴᠢ ᠳᠤ ᠲᠣᠰ ᠰᠠᠭᠤᠭᠠᠯᠢ ᠲᠣᠭᠤᠷᠢᠭ ᠤᠨ ᠢᠵᠢ ᠪᠥᠷᠢᠳᠦᠭᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠬᠦ ᠬᠡᠷᠡᠭᠲᠡᠶ ᠭᠡᠵᠦ ᠳᠠᠭᠠᠭᠠᠯᠭᠠᠵᠠᠶ᠂ ᠣᠳᠣᠬᠠᠨ ᠳᠤ ᠤᠰᠤ᠂ ᠴᠠᠬᠢᠯᠭᠠᠨ ᠪᠠ ᠪᠣᠬᠢᠷ ᠤᠰᠤᠨ ᠤ ᠬᠤᠭᠤᠯᠠᠶ ᠶᠢ ᠨᠢᠭᠡᠨᠲᠡ ᠨᠡᠪᠲᠡᠷᠡᠭᠦᠯᠵᠦ᠂ ᠢᠯᠴᠢ ᠬᠠᠩᠭᠠᠬᠤ ᠬᠤᠭᠤᠯᠠᠶ ᠶᠢ ᠶᠠᠭ ᠵᠠᠯᠭᠠᠵᠤ ᠪᠠᠶᠢᠨ᠎ᠠ᠂ ᠵᠢᠱᠢᠯᠲᠡ ᠪᠠᠷ 10 ᠰᠠᠷ᠎ᠠ ᠶᠢᠨ ᠳᠤᠮᠳᠠᠴᠢ ᠪᠠᠷ ᠣᠷᠣᠵᠤ ᠰᠠᠭᠤᠬᠤ ᠨᠥᠬᠦᠴᠡᠯ ᠳᠤ ᠬᠥᠷᠬᠦ ᠪᠣᠯᠤᠨ᠎ᠠ᠃ ︵ᠬᠠᠷᠢᠭᠤᠴᠠᠨ ᠭᠦᠢᠴᠡᠳᠭᠡᠭᠰᠡᠨ ᠨᠢᠭᠡᠴᠢ᠄ ᠬᠤᠸᠠᠳᠧ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ︶
 
ᠢᠷᠡᠯᠲᠡ᠄ ᠤᠯᠠᠭᠠᠨᠴᠠᠪ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2