ᠬᠤᠲᠠ ᠶᠢᠨ ᠨᠠᠮ ᠵᠠᠰᠠᠭ ᠤᠨ ᠰᠢᠨᠵᠢᠯᠡᠨ ᠪᠠᠶᠢᠴᠠᠭᠠᠬᠤ ᠪᠦᠯᠬᠦᠮ ᠬᠥᠬᠡᠬᠤᠲᠠ ᠳᠤ ᠬᠦᠷᠴᠦ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2021/12/14
                                — ᠰᠦᠢ ᠸᠧᠶ ᠵᠢᠶᠦ᠋ᠨ ᠴᠢ ᠹᠸᠢ ᠶᠦᠨ ᠪᠦᠯᠬᠦᠮ ᠳᠠᠭᠠᠭᠤᠯᠪᠠ          ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 12 ᠰᠠᠷ᠎ᠠ ᠶᠢᠨ 13 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠴᠢ ᠹᠸᠢ ᠶᠦᠨ ᠬᠤᠳᠠ ᠶᠢᠨ ᠨᠠᠮ ᠵᠠᠰᠠᠭ ᠤᠨ ᠰᠢᠨᠵᠢᠯᠡᠨ ᠪᠠᠶᠢᠴᠠᠭᠠᠬᠤ ᠪᠦᠯᠬᠦᠮ ᠢ ᠳᠠᠭᠠᠭᠤᠯᠤᠨ ᠬᠥᠬᠡᠬᠤᠲᠠ ᠳᠤ ᠰᠢᠨᠵᠢᠯᠡᠨ ᠪᠠᠶᠢᠴᠠᠭᠠᠵᠤ ᠰᠤᠷᠤᠯᠴᠠᠵᠤ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠤᠨ ᠨᠡᠪᠲᠡᠷᠡᠯᠴᠡᠵᠦ᠂ ᠬᠥᠬᠡᠬᠤᠲᠠ ᠪᠤᠭᠤᠲᠤ ᠤᠷᠳᠤᠰ ᠤᠯᠠᠭᠠᠨᠴᠠᠪ ᠤᠨ ᠨᠢᠭᠡ ᠴᠤᠬᠴᠠᠵᠢᠭᠤᠯᠤᠨ ᠬᠥᠭᠵᠢᠭᠦᠯᠬᠦ ᠶᠢ ᠴᠢᠨᠠᠭᠰᠢᠳᠠ ᠠᠬᠢᠭᠤᠯᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠠᠨ ᠤ ᠱᠦᠵᠢ ᠪᠣᠣ ᠭᠠᠩ᠂ ᠬᠥᠬᠡᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠶ ᠳ᠋ᠦᠩ ᠵᠢᠴᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠢᠦ ᠵᠢᠶ ᠶᠢᠩ ᠰᠢᠨᠵᠢᠯᠡᠨ ᠪᠠᠶᠢᠴᠠᠭᠠᠬᠤ ᠠᠵᠢᠯᠯᠠᠭ᠎ᠠ ᠳᠤ ᠣᠷᠣᠯᠴᠠᠪᠠ᠃      ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠡᠩ ᠲᠡᠷᠢᠭᠦᠨ ᠳᠤ ᠬᠥᠬᠡᠬᠤᠲᠠ ᠶᠢᠨ ᠤᠶᠤᠨᠲᠤ ᠬᠤᠲᠠ ᠶᠢᠨ ᠵᠢᠯᠣᠭᠤᠳᠬᠤ ᠲᠥᠪ ᠲᠤ ᠬᠦᠷᠴᠦ᠂ ︽ᠤᠶᠤᠨᠲᠤ ᠬᠤᠲᠠ ᠲᠣᠭᠠᠴᠢᠯᠠᠨ ᠪᠠᠶᠢᠭᠤᠯᠤᠭᠰᠠᠨ ᠢᠷᠡᠭᠡᠳᠦᠢ︾ ᠭᠡᠬᠦ ᠤᠬᠠᠭᠤᠯᠭ᠎ᠠ ᠶᠢᠨ ᠹᠢᠯᠢᠮ ᠢ ᠦᠵᠡᠵᠦ᠂ ᠤᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠶᠠᠪᠤᠴᠠ᠂ ᠠᠵᠢᠯᠯᠠᠭᠠᠨ ᠤ ᠲᠣᠭᠲᠠᠴᠠ᠂ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠣᠯᠭ᠎ᠠ ᠵᠡᠷᠭᠡ ᠲᠠᠯ᠎ᠠ ᠠᠴᠠ ᠬᠥᠬᠡᠬᠤᠲᠠ ᠶᠢᠨ ᠤᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠪᠠᠶᠢᠳᠠᠯ ᠢ ᠰᠣᠨᠣᠰᠴᠤ᠂ ᠤᠶᠤᠨᠲᠤ ᠶᠡᠷᠦᠩᠬᠡᠶᠢᠯᠡᠭᠰᠡᠨ ᠵᠠᠰᠠᠯᠲᠠ᠂ ᠤᠶᠤᠨᠲᠤ  ᠲᠡᠷᠭᠡᠨ ᠵᠣᠭᠰᠣᠭᠠᠯ᠂ ᠤᠶᠤᠨᠲᠤ ᠰᠣᠶᠣᠯ ᠵᠢᠭᠤᠯᠴᠢᠯᠠᠯ᠂ ᠤᠶᠤᠨᠲᠤ ᠪᠠᠴᠢᠮ ᠪᠠᠶᠢᠳᠠᠯ ᠢ ᠠᠷᠭᠠᠴᠠᠬᠤ᠂ ᠤᠶᠤᠨᠲᠤ ᠤᠢ ᠰᠢᠭᠤᠢ ᠨᠤᠲᠤᠭ ᠪᠡᠯᠴᠢᠭᠡᠷ ᠵᠡᠷᠭᠡ ᠤᠶᠤᠨᠲᠤ ᠦᠵᠡᠭᠳᠡᠯ ᠢ ᠨᠠᠷᠢᠨ ᠬᠢᠨᠠᠮᠠᠭᠠᠢ ᠤᠢᠢᠯᠠᠭᠠᠭᠰᠠᠨ ᠪᠥᠭᠡᠳ ᠨᠡᠶᠢᠭᠡᠮ ᠤᠨ ᠶᠡᠷᠦᠩᠬᠡᠶᠢᠯᠡᠭᠰᠡᠨ ᠵᠠᠰᠠᠯᠲᠠ ᠶᠢᠨ ᠠᠵᠢᠯ ᠤᠨ ᠲᠣᠭᠲᠠᠴᠠ᠂ ᠬᠠᠮᠵᠢᠯᠴᠠᠬᠤ ᠶᠠᠪᠤᠴᠠ᠂ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠵᠡᠷᠭᠡ ᠶᠢᠨ ᠲᠣᠭᠤᠷᠢᠨ ᠳᠤ ᠬᠥᠬᠡᠬᠤᠲᠠ ᠶᠢᠨ ᠤᠳᠤᠷᠢᠳᠤᠯᠭ᠎ᠠ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠠᠢ᠃      ᠰᠦᠢ ᠸᠧᠢ ᠵᠢᠶᠦ᠋ᠨ᠂ ᠲᠣᠭᠠᠴᠢᠯᠠᠭᠰᠠᠨ ᠵᠢᠯᠣᠭᠤᠳᠬᠤ ᠬᠠᠮᠢᠶᠠᠷᠤᠯᠲᠠ ᠶᠢᠨ ᠲᠠᠪᠴᠠᠩ ᠪᠣᠯ ᠬᠤᠳᠠ ᠶᠢᠨ ︽ᠶᠡᠭᠡ ᠲᠠᠷᠢᠬᠢ︾ ᠪᠣᠯᠤᠨ᠎ᠠ᠂ ᠬᠤᠳᠠ ᠶᠢᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠪᠣᠯᠤᠨ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠴᠢᠬᠤᠯᠠ ᠲᠠᠪᠴᠠᠩ ᠪᠣᠯᠤᠨ᠎ᠠ ᠃ ᠭᠠᠭᠴᠠᠬᠦ ᠥᠪᠡᠷ ᠢᠶᠠᠨ ᠲᠣᠭᠠᠴᠢᠯᠠᠯᠲᠠ ᠶᠢ ᠨᠡᠩ ᠰᠠᠶᠢᠨ ᠬᠡᠷᠡᠭᠯᠡᠬᠦ ᠶᠢ ᠪᠡᠶᠡᠯᠡᠭᠦᠯᠪᠡᠯ ᠰᠠᠶ᠋ᠢ ᠬᠥᠬᠡᠬᠤᠲᠠ ᠪᠤᠭᠤᠲᠤ ᠤᠷᠳᠤᠰ ᠲᠠᠢ ᠪᠦᠲᠦᠮᠵᠢᠲᠡᠢ ᠪᠠᠷ ᠬᠤᠯᠪᠣᠯᠳᠤᠵᠤ᠂ ᠨᠢᠭᠡ ᠴᠤᠬᠴᠠᠵᠢᠭᠤᠯᠤᠬᠰᠠᠨ ᠬᠥᠭᠵᠢᠯᠲᠡ ᠳᠤ ᠭᠦᠨᠵᠡᠭᠡᠢ ᠠᠭᠤᠰᠤᠯᠴᠠᠵᠤ ᠴᠢᠳᠠᠨ᠎ᠠ᠃ ᠬᠥᠬᠡᠬᠤᠲᠠ ᠶᠢᠨ ᠤᠶᠤᠨᠲᠤ ᠬᠤᠲᠠ ᠶᠢᠨ ᠵᠢᠯᠣᠭᠤᠳᠬᠤ ᠲᠥᠪ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠰᠢᠨ᠎ᠡ ᠶᠢ ᠡᠭᠦᠳᠦᠭᠰᠡᠨ ᠲᠤᠷᠰᠢᠯᠭ᠎ᠠ ᠠᠷᠭ᠎ᠠ ᠬᠢᠳᠡᠯ ᠢ ᠬᠢᠨᠠᠮᠠᠭᠠᠶ ᠰᠤᠷᠤᠯᠴᠠᠨ ᠲᠣᠯᠢ ᠪᠣᠯᠭᠠᠵᠤ᠂ ᠤᠯᠠᠭᠠᠨᠴᠠᠪ ᠬᠤᠲᠠ ᠶᠢᠨ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠪᠠ ︽12345︾ ᠵᠠᠰᠠᠭ ᠤᠨ ᠣᠷᠳᠣᠨ ᠤ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠲᠠᠪᠴᠠᠩ ᠤᠨ ᠪᠥᠲᠥᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠠᠬᠢᠭᠤᠯᠵᠤ᠂ ᠡᠯ᠎ᠡ ᠲᠠᠯ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠠᠯᠢ ᠲᠦᠷᠭᠡᠨ ᠢᠶᠠᠷ ᠠᠯᠳᠠᠭᠳᠠᠯ ᠢ ᠪᠠᠶᠢᠴᠠᠭᠠᠨ ᠨᠥᠬᠦᠪᠥᠷᠢᠯᠡᠵᠦ᠂ ᠰᠢᠰᠲ᠋ᠧᠮ ᠤᠨ ᠴᠢᠳᠠᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠬᠤᠶᠠᠷ ᠲᠠᠪᠴᠠᠩ ᠤᠨ ᠠᠯᠢ ᠲᠦᠷᠭᠡᠨ ᠢᠶᠠᠷ ᠦᠢᠯᠡᠳᠦᠯ ᠢᠶᠠᠨ ᠪᠠᠳᠠᠷᠠᠭᠤᠯᠬᠤ ᠶᠢ ᠪᠠᠲᠤᠯᠠᠵᠤ᠂ ᠮᠠᠨ ᠤ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠨᠠᠷᠢᠯᠢᠬᠵᠢᠭᠤᠯᠬᠤ ᠬᠢᠷᠢ ᠲᠦᠪᠰᠢᠨ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠦᠨᠡᠨᠬᠦ  ᠳᠡᠭᠡᠭᠰᠢᠯᠡᠭᠦᠯᠬᠦ ᠬᠡᠷᠡᠭᠲᠡᠢ᠃ ︽12345︾ ᠵᠠᠰᠠᠭ ᠤᠨ ᠣᠷᠳᠣᠨ ᠤ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠲᠠᠪᠴᠠᠩ ᠤᠨ ᠲᠦᠷᠢᠮ ᠤᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠭᠥᠯᠢᠶᠡᠨ ᠠᠪᠴᠤ ᠰᠢᠢᠳᠪᠦᠷᠢᠯᠡᠬᠦ᠂ ᠲᠤᠰᠢᠶᠠᠨ ᠰᠢᠢᠳᠪᠦᠷᠢᠯᠡᠭᠦᠯᠬᠦ᠂ ᠰᠢᠮᠳᠠᠭᠤᠯᠤᠨ ᠰᠢᠢᠳᠪᠦᠷᠢᠯᠡᠭᠦᠯᠬᠦ᠂ ᠬᠠᠷᠢᠭᠤ ᠲᠤᠰᠬᠠᠬᠤ᠂ ᠰᠢᠯᠭᠠᠨ ᠬᠢᠨᠠᠬᠤ᠂ ᠬᠠᠷᠢᠭᠤ ᠰᠤᠷᠪᠤᠯᠵᠢᠯᠠᠬᠤ︾ ᠠᠵᠢᠯ ᠤᠨ ᠪᠢᠲᠡᠭᠦᠦ ᠴᠠᠭᠠᠷᠢᠭ ᠢ ᠲᠡᠭᠦᠯᠳᠡᠷᠵᠢᠭᠦᠯᠦᠨ᠂ ᠮᠥᠷᠳᠡᠨ ᠳᠠᠭᠠᠵᠤ ᠦᠷ᠎ᠡ ᠪᠦᠲᠦᠮᠵᠢ ᠶᠢ ᠠᠰᠠᠭᠤᠬᠤ ᠪᠠ ᠰᠢᠮᠳᠠᠭᠤᠯᠤᠨ ᠰᠢᠢᠳᠪᠦᠷᠢᠯᠡᠭᠦᠯᠵᠦ ᠰᠢᠯᠭᠠᠨ ᠬᠢᠨᠠᠬᠤ ᠶᠢ ᠴᠢᠩᠭᠠᠷᠠᠭᠤᠯᠵᠤ᠂ ᠰᠢᠨᠵᠢᠯᠡᠬᠦ ᠤᠬᠠᠭᠠᠨᠴᠢ᠂ ᠥᠨᠳᠥᠷ ᠦᠷ᠎ᠡ ᠪᠦᠲᠦᠮᠵᠢᠲᠡᠶ᠂ ᠬᠡᠷᠡᠭᠴᠡᠭᠡᠲᠡᠢ ᠪᠠᠶᠢᠩᠭᠤᠵᠢᠭᠰᠠᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠠᠵᠢᠯ ᠤᠨ ᠰᠤᠷᠲᠠᠯ ᠢᠶᠠᠨ ᠲᠠᠰᠤᠷᠠᠯᠲᠠ ᠥᠬᠡᠶ ᠰᠠᠶᠢᠵᠢᠷᠠᠭᠤᠯᠵᠤ᠂ ᠦᠢᠯᠡᠴᠢᠯᠡᠭᠡᠨ ᠤ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃      ᠬᠥᠬᠡᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠵᠠᠭᠠᠯᠳᠤᠯᠭ᠎ᠠ ᠶᠢ ᠬᠦᠯᠢᠶᠡᠨ ᠠᠪᠤᠮᠠᠭᠴᠠ ᠵᠢᠯᠣᠭᠤᠳᠤᠨ ᠲᠤᠬᠢᠷᠠᠭᠤᠯᠬᠤ ᠲᠥᠪ ᠲᠤ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠬᠤᠳᠠᠯᠳᠤᠭ᠎ᠠ ᠡᠵᠡᠩᠨᠡᠬᠦ ᠣᠷᠴᠢᠨ  ᠨᠦᠬᠦᠴᠡᠯ ᠢ ᠰᠢᠯᠢᠳᠡᠭᠵᠢᠭᠦᠯᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠪᠠᠶᠢᠷᠢᠯᠠᠭᠤᠯᠤᠯᠲᠠ ᠪᠠ ᠴᠢᠳᠠᠪᠬᠢ ᠶᠢᠨ ᠬᠤᠪᠢᠶᠠᠷᠢ ᠲᠣᠭᠤᠷᠢᠭ ᠵᠢᠴᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ︽ᠨᠢᠭᠡ ᠯᠡ ᠤᠳᠠᠭ᠎ᠠ ᠳᠤ ᠭᠦᠢᠴᠡᠳᠬᠡᠬᠦ︾ ᠥᠭᠡᠷᠡᠴᠢᠯᠡᠯᠲᠡ ᠶᠢᠨ ᠳᠤᠮᠳᠠᠬᠢ ᠰᠢᠨ᠎ᠡ ᠶᠢ ᠡᠭᠦᠳᠦᠭᠰᠡᠨ ᠠᠷᠭ᠎ᠠ ᠬᠢᠳᠡᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠪᠡ᠃ ᠰᠦᠶ ᠸᠧᠶ ᠵᠢᠶᠦ᠋ᠨ ᠂ ᠬᠤᠶᠠᠷ ᠲᠠᠯ᠎ᠠ ᠪᠠᠷ ᠢᠶᠠᠨ ᠨᠡᠪᠲᠡᠷᠡᠯᠴᠡᠭᠡ ᠪᠠ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠴᠢᠳᠠᠪᠤᠷᠢ ᠪᠠ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠶ᠎ᠡ ᠭᠡᠵᠦ ᠢᠯᠡᠷᠬᠡᠶᠢᠯᠡᠪᠡ᠃      ᠬᠤᠲᠠ ᠶᠢᠨ ᠤᠳᠤᠷᠢᠳᠤᠯᠭ᠎ᠠ ᠶᠦᠨ ᠫᠧᠩ ᠭᠠᠩ᠂ ᠯᠢ ᠶᠦᠩ᠂ ᠴᠢ᠊ · ᠳᠠᠯᠠᠨᠲᠠᠢ᠂ ᠯᠢᠦ ᠭᠦᠸᠧ ᠭᠠᠩ᠂ ᠴᠠᠢ ᠶᠤᠸᠠᠢ ᠨᠠᠷ ᠰᠢᠨᠵᠢᠯᠡᠨ ᠪᠠᠶᠢᠴᠠᠭᠠᠬᠤ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2