ᠰᠦᠢ ᠸᠧᠢ ᠵᠢᠶᠦ᠋ᠨ ᠵᠢᠨᠢᠩ ᠲᠣᠭᠤᠷᠢᠭ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ ᠲᠣᠭᠲᠠᠭᠤᠨ ᠤ ᠳᠤᠮᠳᠠ ᠤᠷᠤᠭᠰᠢᠯᠠᠨ ᠳᠡᠪᠰᠢᠵᠦ ᠬᠥᠭᠵᠢᠯᠲᠡ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2021/12/15
   12 ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠵᠢᠨᠢᠩ ᠲᠣᠭᠤᠷᠢᠭ ᠲᠤ ᠭᠦᠨᠵᠡᠭᠡᠶᠢᠷᠡᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠢᠴᠢ ᠠᠵᠤ ᠠᠬᠤᠶ ᠶᠢᠨ ᠠᠵᠢᠯᠯᠠᠭᠠᠨ ᠳᠤ ᠪᠠᠶᠢᠴᠠᠭᠠᠨ ᠰᠤᠳᠤᠯᠤᠯᠲᠠ ᠬᠢᠪᠠ᠃ ᠲᠡᠷᠡ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ᠮᠠᠨ ᠤ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃    ᠶᠦᠨ ᠳ᠋ᠡ ᠬᠤᠪᠢ ᠣᠷᠣᠭᠤᠯᠤᠯᠲᠠ ᠶᠢᠨ ᠤᠮᠠᠷᠠᠲᠤ ᠶᠢᠨ ᠶᠡᠷᠦᠩᠬᠡᠢ ᠬᠡᠯᠲᠡᠰ ᠤᠨ ᠤᠶᠤᠨᠲᠤ ᠠᠵᠤ ᠦᠢᠯᠡᠰ ᠤᠨ ᠰᠠᠭᠤᠷᠢᠨ ᠪᠣᠯᠤᠨ ᠨᠠᠨ ᠳ᠋ᠠ ᠪᠢᠴᠢᠯ ᠡᠯᠧᠺᠲᠷᠣᠨ ᠤ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ᠂ ᠰᠦᠢ ᠸᠧᠢ ᠵᠢᠶᠦ᠋ᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠠᠵᠤ ᠠᠬᠤᠶᠢᠯᠠᠯ ᠤᠨ ᠦᠢᠯᠡᠳᠪᠦᠷᠢᠯᠡᠯ ᠪᠦᠳᠦᠬᠡᠨ ᠪᠠᠶᠢᠭᠤᠯᠤᠯᠲᠠ᠂ ᠡᠵᠡᠩᠨᠡᠯᠲᠡ ᠬᠠᠮᠢᠶᠠᠷᠤᠯᠲᠠ᠂ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠵᠡᠷᠭᠡ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠠᠢ᠃    ᠰᠦᠢ ᠸᠧᠢ ᠵᠢᠶᠦ᠋ᠨ᠂ ᠰᠠᠶ᠋ᠢᠬᠠᠨ ᠲᠡᠭᠦᠰᠦᠭᠰᠡᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠨᠢ ᠪᠢᠳᠡᠨ ᠤ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ ᠴᠢᠬᠤᠯᠠ ᠶᠡᠭᠡ ᠪᠥᠭᠡᠳ ᠠᠯᠤᠰ ᠬᠡᠳᠤ ᠶᠢᠨ ᠠᠴᠢ ᠬᠤᠯᠪᠣᠭᠳᠠᠯ ᠲᠠᠢ ᠶᠤᠮ᠃ ᠢᠯᠠᠩᠭᠤᠶ᠎ᠠ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠪᠢᠳᠡᠨ ᠤ ᠢᠷᠡᠬᠦ ᠵᠢᠯ ᠤᠨ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠶ ᠵᠢᠭᠠᠨ ᠥᠭᠴᠦ᠂ ᠦᠨᠳᠦᠰᠦᠨ ᠵᠢᠷᠤᠮᠯᠠᠯ ᠬᠠᠩᠭᠠᠵᠠᠶ᠃ ᠪᠢᠳᠡ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠳᠡᠭᠡᠷ᠎ᠡ ᠬᠦᠴᠦ ᠲᠠᠯᠪᠢᠵᠤ᠂ ᠳᠡᠭᠡᠳᠦ ᠳᠤᠤᠷᠠᠳᠤ ᠤᠷᠤᠰᠬᠠᠯ ᠤᠨ ᠠᠵᠤ ᠦᠢᠯᠡᠰ ᠤᠨ ᠬᠠᠮᠲᠤᠪᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠳᠡᠰ ᠳᠡᠪᠰᠢᠬᠦ ᠶᠢ ᠤᠷᠮᠠᠰᠢᠭᠤᠯᠤᠨ ᠵᠢᠯᠣᠭᠤᠳᠴᠤ᠂ ᠨᠢᠭᠲᠠ ᠪᠢᠲᠡᠭᠦᠮᠵᠢᠯᠡᠨ ᠲᠣᠭᠤᠰᠣ ᠠᠷᠢᠯᠭᠠᠬᠤ ᠴᠡᠪᠡᠷᠵᠢᠭᠦᠯᠦᠯᠲᠡ ᠶᠢᠨ ᠥᠭᠡᠷᠡᠴᠢᠯᠡᠯᠲᠡ᠂ ᠡᠬᠢ ᠪᠠᠶᠠᠯᠢᠭ ᠤᠨ ᠣᠷᠴᠢᠯ ᠠᠰᠢᠭᠯᠠᠯᠲᠠ ᠶᠢᠨ ᠥᠭᠡᠷᠡᠴᠢᠯᠡᠯᠲᠡ᠂ ᠡᠨᠧᠷᠭᠢ ᠶᠢᠨ ᠬᠤᠷᠣᠭᠳᠠᠯ ᠤᠨ ᠬᠡᠮᠵᠢᠭᠳᠡᠯ ᠤᠨ ᠬᠡᠪ ᠳᠠᠭᠤᠷᠢᠶᠠᠯ ᠤᠨ ᠥᠭᠡᠷᠡᠴᠢᠯᠡᠯᠲᠡ᠂ ᠤᠶᠤᠨᠴᠢᠯᠠᠯᠳᠠ ᠶᠢᠨ ᠥᠭᠡᠷᠡᠴᠢᠯᠡᠯᠲᠡ ᠪᠣᠯᠤᠨ ᠪᠣᠬᠢᠷᠲᠤᠯ ᠦᠭᠡᠢ ᠡᠨᠧᠷᠭᠢ ᠶᠢᠨ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠠᠵᠤ ᠠᠬᠤᠶᠢᠯᠠᠯ ᠢ ᠠᠵᠢᠯ ᠲᠦᠷᠦᠯ ᠤᠨ ᠬᠡᠪ ᠳᠠᠭᠤᠷᠢᠶᠠᠯ ᠪᠣᠯᠭᠠᠵᠤ᠂ ᠪᠣᠬᠢᠷᠲᠤᠯ ᠦᠭᠡᠢ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠴᠠᠭ ᠪᠣᠯᠤᠨ ᠠᠬᠢᠴᠠ ᠶᠢ ᠡᠵᠡᠮᠳᠡᠵᠦ᠂ ᠠᠯᠢ ᠲᠦᠷᠭᠡᠨ ᠢᠶᠠᠷ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠠᠵᠤ ᠠᠬᠤᠶᠢᠯᠠᠯ ᠳᠤ ᠦᠢᠯᠡᠴᠢᠯᠡᠬᠦ ᠤᠬᠠᠮᠰᠠᠷ᠂ ᠴᠢᠳᠠᠪᠤᠷᠢ ᠪᠠ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠲᠠᠢ ᠵᠣᠯᠭᠠᠭᠤᠯᠤᠨ ᠨᠠᠷᠢᠯᠢᠭ ᠣᠨᠣᠴᠠᠲᠠᠶ ᠪᠠᠷ ᠦᠢᠯᠡᠴᠢᠯᠡᠭᠡ ᠥᠷᠨᠢᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠬᠦᠴᠢᠷ ᠠᠰᠠᠭᠤᠳᠠᠯ᠂ ᠡᠪᠡᠷᠰᠢᠶᠡᠯ ᠲᠠᠢ ᠭᠠᠵᠠᠷ᠂ ᠲᠦᠭᠵᠢᠷᠡᠯ ᠲᠠᠢ ᠭᠠᠵᠠᠷ ᠢ ᠦᠨᠡᠨᠬᠦ ᠨᠡᠪᠲᠡᠷᠡᠭᠦᠯᠬᠦ ᠬᠡᠷᠡᠭᠲᠡᠶ᠃ ᠠᠵᠤ ᠠᠬᠤᠶᠢᠯᠠᠯ ᠤᠳ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢᠶᠠᠨ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠲᠤᠮᠤ ᠳ᠋ᠠᠶᠢᠲ᠋ᠠ ᠶᠢ ᠠᠷᠠᠳ ᠤᠨ ᠠᠮᠢᠳᠤᠷᠠᠯ ᠤᠨ ᠦᠢᠯᠡᠴᠢᠯᠡᠭᠡ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠳᠤ ᠬᠢᠷᠢ ᠵᠡᠷᠭᠡ ᠬᠡᠷᠡᠭᠯᠡᠵᠦ ᠪᠠᠶᠢᠬᠤ ᠪᠤᠢ︖ ᠰᠦᠢ ᠸᠧᠶ ᠵᠢᠶᠦ᠋ᠨ ᠲᠦᠢᠯ ᠢᠶᠠᠷ ᠬᠠᠯᠠᠮᠵᠢᠯᠠᠵᠤ ᠪᠠᠶᠢᠪᠠ᠃ ᠶᠢᠦ ᠺᠧ ᠳ᠋ᠧ ᠤᠯᠠᠭᠠᠨᠴᠠᠪ ᠤᠨ ᠳ᠋ᠠᠶᠢᠲ᠋ᠠ ᠶᠢᠨ ᠲᠥᠪ ᠲᠤ᠂ ᠰᠦᠢ ᠸᠧᠢ ᠵᠢᠶᠦ᠋ᠨ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠥᠭᠵᠢᠯᠲᠡ ᠶᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ᠂ ᠠᠵᠤ ᠦᠢᠯᠡᠰ ᠤᠨ ᠪᠠᠶᠢᠷᠢ ᠲᠣᠭᠲᠠᠭᠠᠯᠲᠠ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠪᠠ᠃ ᠲᠡᠷᠡ᠂ ᠲᠤᠮᠤ ᠳ᠋ᠠᠶᠢᠲ᠋ᠠ ᠶᠢᠨ ᠠᠵᠤ ᠦᠢᠯᠡᠰ ᠤᠨ ᠬᠥᠭᠵᠢᠯᠲᠡ ᠪᠣᠯᠤᠨ ᠬᠡᠷᠡᠭᠯᠡᠭᠡ ᠶᠢ ᠦᠷᠭᠦᠯᠵᠢᠯᠡᠨ ᠠᠬᠢᠭᠤᠯᠵᠤ᠂ ᠲᠣᠭᠠᠴᠢᠯᠠᠭᠰᠠᠨ ᠠᠵᠤ ᠠᠬᠤᠢ ᠪᠠᠷ ᠰᠢᠨ᠎ᠡ ᠶᠢ ᠡᠭᠦᠳᠬᠦ ᠬᠥᠭᠵᠢᠯᠲᠡ ᠶᠢ ᠬᠦᠳᠦᠯᠦᠨ ᠳᠠᠭᠠᠭᠤᠯᠵᠤ᠂ ᠰᠢᠨ᠎ᠡ ᠠᠵᠤ ᠦᠢᠯᠡᠰ ᠤᠨ ᠨᠡᠮᠡᠭᠳᠡᠯ ᠤᠨ ᠲᠦᠢᠯ ᠢ ᠪᠤᠶᠢᠵᠢᠭᠤᠯᠵᠤ᠂ ᠨᠡᠩ ᠪᠦᠷᠢᠨ ᠲᠡᠭᠦᠯᠳᠡᠷ ᠲᠤᠮᠤ ᠳ᠋ᠠᠶᠢᠲ᠋ᠠ ᠶᠢᠨ ᠠᠵᠤ ᠦᠢᠯᠡᠰ ᠤᠨ ᠬᠡᠯᠬᠢᠶ᠎ᠡ ᠶᠢ ᠴᠣᠭᠴᠠᠯᠠᠬᠤ ᠬᠡᠷᠡᠭᠲᠡᠢ᠃ ᠠᠵᠤ ᠦᠢᠯᠡᠰ ᠤᠨ ᠲᠣᠭᠠᠴᠢᠯᠠᠭᠰᠠᠨ ᠪᠠ ᠲᠣᠭᠠᠴᠢᠯᠠᠭᠰᠠᠨ ᠠᠵᠤ ᠦᠢᠯᠡᠰᠵᠢᠯᠲᠡ ᠶᠢᠨ ᠬᠥᠭᠵᠢᠯᠲᠡ ᠶᠢ ᠠᠬᠢᠭᠤᠯᠵᠤ᠂ ᠲᠣᠭᠠᠴᠢᠯᠠᠭᠰᠠᠨ ᠠᠵᠤ ᠠᠬᠤᠢ ᠪᠣᠯᠤᠨ ᠤᠯᠠᠮᠵᠢᠯᠠᠯᠲᠤ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ᠃ ᠣᠷᠣᠨ ᠨᠤᠲᠤᠭ ᠠᠵᠤ ᠠᠬᠤᠶᠢᠯᠠᠯ ᠤᠨ ᠭᠦᠨᠵᠡᠭᠡᠢ ᠬᠠᠮᠲᠤᠷᠠᠯᠴᠠᠭ᠎ᠠ ᠶᠢ ᠴᠢᠩᠭᠠᠳᠬᠠᠵᠤ᠂ ᠲᠤᠮᠤ ᠳ᠋ᠠᠶᠢᠲ᠋ᠠ ᠶᠢ ᠤᠶᠤᠨᠲᠤ ᠬᠤᠳᠠ ᠶᠢᠨ ᠪᠦᠳᠦᠭᠡᠨ ᠪᠠᠶᠢᠭᠤᠯᠤᠯᠲᠠ᠂ ᠨᠡᠶᠢᠭᠡᠮ ᠤᠨ ᠵᠠᠰᠠᠯᠲᠠ᠂ ᠵᠠᠰᠠᠭ ᠤᠨ ᠶᠠᠪᠤᠳᠠᠯ ᠠᠷᠠᠳ ᠤᠨ ᠠᠮᠢᠳᠤᠷᠠᠯ ᠤᠨ ᠦᠢᠯᠡᠴᠢᠯᠡᠭᠡ ᠵᠡᠷᠭᠡ ᠡᠯ᠎ᠡ ᠬᠦᠷᠢᠶᠡᠨ ᠳᠤ ᠠᠭᠤᠰᠤᠯᠴᠠᠭᠤᠯᠬᠤ ᠶᠢ ᠠᠬᠢᠭᠤᠯᠵᠤ᠂ ᠲᠤᠮᠤ ᠳ᠋ᠠᠶᠢᠲ᠋ᠠ ᠶᠢᠨ ᠠᠵᠤ ᠦᠢᠯᠡᠰ ᠢ ᠠᠵᠤ ᠠᠬᠤᠢ ᠶᠢ ᠠᠬᠢᠭᠤᠯᠬᠤ᠂ ᠨᠡᠶᠢᠭᠡᠮ ᠳᠤ ᠦᠢᠯᠡᠴᠢᠯᠡᠬᠦ᠂ ᠠᠷᠠᠳ ᠤᠨ ᠠᠮᠢᠳᠤᠷᠠᠯ ᠳᠤ ᠨᠡᠶᠢᠳᠡᠮ ᠠᠰᠢᠭ ᠬᠦᠷᠲᠡᠭᠡᠬᠦ ᠰᠢᠨ᠎ᠡ ᠠᠵᠤ ᠦᠢᠯᠡᠰ᠂ ᠰᠢᠨ᠎ᠡ ᠬᠥᠳᠡᠯᠭᠡᠭᠦᠷ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠲᠠ ᠶᠢᠨ ᠤᠳᠤᠷᠢᠳᠤᠯᠭ᠎ᠠ ᠯᠢᠦ ᠭᠦᠸᠧ ᠭᠠᠩ᠂ ᠴᠠᠢ ᠶᠤᠸᠠᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                                ᠣᠷᠴᠢᠭᠤᠯᠤᠭᠴᠢ᠄ ᠭᠤᠸ᠎ᠠ                                                ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2