︽ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠰᠢᠷᠢᠰ ᠮᠡᠳᠡᠭᠡᠯᠡᠯ ︵ᠠᠷᠪᠠᠨ ᠵᠢᠷᠭᠤᠭ᠎ᠠ︶
ᠨᠡᠶᠢᠲᠡᠯᠡᠭᠰᠡᠨ ᠴᠠᠭ᠄
2021/12/15
    ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠤᠮᠳᠠ ︽ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠠᠵᠢᠯᠯᠠᠭ᠎ᠠ ᠥᠷᠨᠢᠭᠦᠯᠬᠦ ᠲᠤᠬᠠᠶ ᠨᠠᠮ ᠤᠨ ᠲᠥᠪ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠠᠴᠠ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ᠂ ᠬᠡᠷᠡᠭᠴᠡᠭᠡ ᠱᠠᠭᠠᠷᠳᠠᠯᠭ᠎ᠠ ᠶᠢ ᠠᠷᠠᠳ ᠠᠴᠠ ᠠᠰᠠᠭᠤᠬᠤ᠂ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠬᠤ ︽ᠭᠤᠷᠪᠠ ᠶᠢ ᠠᠰᠠᠭᠤᠬᠤ︾ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠨᠡᠶᠢᠭᠡᠮ ᠤᠨ ᠡᠯ᠎ᠡ ᠡᠲᠡᠭᠡᠳ ᠪᠠ ᠥᠷᠭᠡᠨ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠠᠰᠠᠭᠤᠳᠠᠯ ᠤᠨ ᠨᠠᠷᠢᠨ ᠲᠠᠩᠰᠠ ᠶᠢ ᠬᠤᠷᠢᠶᠠᠩᠭᠤᠶᠢᠯᠠᠨ ᠡᠮᠬᠢᠯᠡᠵᠦ᠂ ᠡᠭᠦᠨ ᠤ ᠤᠯᠠᠮ ᠠᠴᠠ ᠣᠯᠠᠨ ᠲᠦᠮᠡᠨ ᠳᠤ ᠪᠣᠳᠠᠲᠠᠶ ᠶᠠᠪᠤᠳᠠᠯ ᠬᠢᠬᠦ ︽ᠭᠤᠷᠪᠠ ᠶᠢ ᠠᠰᠠᠭᠤᠬᠤ︾ ᠦᠢᠯᠡᠴᠢᠯᠡᠭᠡᠨ ᠤ ᠵᠦᠢᠯᠡᠰ ᠤᠨ ᠨᠠᠷᠢᠨ ᠲᠠᠩᠰᠠ ᠶᠢ ᠲᠣᠭᠲᠠᠭᠠᠭᠰᠠᠨ ᠪᠠᠶᠢᠨ᠎ᠠ᠃ ᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ‌‍ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠨᠡᠶᠢᠭᠡᠮ ᠲᠠᠶᠠᠭᠠᠷ ᠲᠤ ︽ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠦᠢᠯᠡᠳᠦᠯᠭᠡ ᠶᠢᠨ ᠠᠵᠢᠯᠯᠠᠭ᠎ᠠ ᠶᠢᠨ ᠦᠢᠯᠡᠴᠢᠯᠡᠭᠡᠨ ᠤ ᠵᠦᠢᠯᠡᠰ ᠤᠨ ᠨᠠᠷᠢᠨ ᠳᠠᠩᠰᠠ ᠪᠠ ᠠᠰᠠᠭᠤᠳᠠᠯ ᠢ ᠰᠢᠢᠳᠪᠦᠷᠢᠯᠡᠭᠰᠡᠨ ᠦᠷ᠎ᠡ ᠳ᠋ᠦᠩ ᠢ ᠨᠡᠶᠢᠲᠡᠯᠡᠵᠦ᠂ ᠠᠷᠠᠳ ᠣᠯᠠᠨ ᠤ ᠬᠢᠨᠠᠯᠲᠠ ᠪᠠ ᠦᠨᠡᠯᠡᠯᠲᠡ ᠶᠢ ᠤᠬᠠᠮᠰᠠᠷ ᠠᠴᠠ ᠪᠠᠨ ᠬᠦᠯᠢᠶᠡᠬᠦ ᠪᠤᠯᠤᠨ᠎ᠡ᠃     ︽ᠭᠤᠷᠪᠠ ᠶᠢ ᠠᠰᠠᠭᠤᠬᠤ︾ ᠠᠵᠢᠯᠯᠠᠭ᠎ᠠ ᠶᠢᠨ ᠠᠰᠠᠭᠤᠳᠠᠯ ᠤᠨ ᠨᠠᠷᠢᠨ ᠲᠠᠩᠰᠠ    1. ᠵᠢᠨᠢᠩ ᠲᠣᠭᠤᠷᠢᠭ ᠤᠨ ᠪᠠᠶ ᠸᠠᠩ ᠤᠷᠤᠨ ᠰᠠᠭᠤᠴᠠ ᠶᠢᠨ C ᠲᠣᠭᠤᠷᠢᠭ ᠤᠨ 13 ᠳ᠋ᠤᠭᠠᠷ ᠠᠰᠠᠷ ᠤᠨ ᠴᠠᠬᠢᠯᠭᠠᠨ ᠱᠠᠲᠤ ᠵᠤᠭᠰᠤᠭᠠᠳ ᠨᠡᠯᠢᠶᠡᠳ ᠬᠡᠳᠦᠨ ᠡᠳᠦᠷ ᠪᠤᠯᠵᠤ ᠪᠠᠶᠢᠨ᠎ᠠ᠂ ᠰᠠᠭᠤᠭᠠᠯᠢ ᠠᠷᠠᠳ ᠶᠠᠪᠤᠵᠤ ᠰᠠᠭᠤᠬᠤ ᠳᠤ ᠳᠥᠭᠦᠮ ᠦᠭᠡᠢ ᠪᠠᠶᠢᠬᠤ ᠲᠤᠯᠠ᠂ ᠬᠡᠪ ᠤᠨ ᠠᠵᠢᠯᠯᠠᠭ᠎ᠠ ᠪᠠᠨ ᠲᠦᠷᠭᠡᠬᠡᠨ ᠰᠡᠷᠭᠦᠭᠡᠬᠦ ᠶᠢ ᠬᠦᠰᠡᠵᠦ ᠪᠠᠶᠢᠨ᠎ᠠ᠃    2. ᠵᠢᠨᠢᠩ ᠲᠣᠭᠤᠷᠢᠭ ᠤᠨ ᠭᠦᠩ ᠨᠦᠩ ᠵᠠᠮ ᠤᠨ ᠴᠠᠬᠢᠯᠭᠠᠨ ᠪᠠᠭᠠᠨ᠎ᠠ ᠶᠢᠨ ᠦᠢᠯᠡᠳᠪᠦᠷᠢ ᠶᠢᠨ ᠰᠠᠭᠤᠭᠠᠯᠢ ᠲᠣᠭᠤᠷᠢᠭ ᠤᠨ ᠬᠠᠭᠤᠴᠢᠨ ᠰᠠᠭᠤᠭᠠᠯᠢ ᠲᠣᠭᠤᠷᠢᠭ ᠢ ᠵᠠᠰᠠᠵᠦ ᠥᠭᠡᠷᠡᠴᠢᠯᠡᠭᠰᠡᠨ ᠤ ᠳᠠᠷᠠᠭ᠎ᠠ᠂ ᠰᠠᠭᠤᠭᠠᠯᠢ ᠲᠣᠭᠤᠷᠢᠭ ᠤᠨ ᠶᠡᠭᠡ ᠡᠭᠦᠳᠡ ᠶᠢ ᠤᠭᠰᠠᠷᠠᠭᠰᠠᠨ ᠥᠬᠡᠶ᠂ ᠬᠤᠶᠢᠲᠤ ᠲᠠᠯ᠎ᠠ ᠶᠢᠨ ᠬᠡᠷᠡᠮ ᠢ ᠳᠠᠭᠢᠵᠤ ᠪᠠᠷᠢᠭᠰᠠᠨ ᠥᠬᠡᠶ ᠵᠡᠷᠭᠡ ᠪᠠᠶᠢᠳᠠᠯ ᠣᠷᠣᠰᠢᠵᠤ ᠪᠠᠶᠢᠨ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠲᠦᠷᠭᠡᠬᠡᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃    3. ᠵᠢᠨᠢᠩ ᠲᠣᠭᠤᠷᠢᠭ ᠤᠨ ᠰᠢᠩ ᠬᠥᠩ ᠵᠠᠮ ᠤᠨ ᠴᠠᠬᠢᠯᠭᠠᠨ ᠬᠦᠴᠦᠨ ᠤ ᠰᠠᠭᠤᠭᠠᠯᠢ ᠲᠣᠭᠤᠷᠢᠭ ᠤᠨ 1 ᠳ᠋ᠤᠭᠡᠷ ᠨᠣᠮᠧᠷᠲᠤ ᠠᠰᠠᠷ ᠤᠨ ᠣᠷᠣᠶ ᠶᠢᠨ ᠳᠠᠪᠬᠤᠷᠭ᠎ᠠ ᠶᠢᠨ ᠰᠠᠭᠤᠭᠠᠯᠢ ᠡᠷᠦᠬᠡ ᠳᠤ ᠲᠦᠬᠡᠭᠡᠯ ᠤᠰᠤ ᠭᠠᠷᠴᠦ ᠳᠡᠶᠢᠯᠬᠦ ᠦᠭᠡᠢ ᠨᠢᠭᠡᠨᠲᠡ ᠬᠠᠭᠠᠰ ᠵᠢᠯ ᠪᠤᠯᠪᠠ᠂ ᠰᠠᠭᠤᠭᠠᠯᠢ ᠠᠷᠠᠳ ᠤᠨ ᠠᠮᠢᠳᠤᠷᠠᠯ ᠬᠦᠨᠳᠦ ᠨᠣᠴᠢᠲᠠᠶ ᠨᠥᠯᠥᠭᠡᠯᠡᠭᠳᠡᠵᠦ ᠪᠤᠢ᠃    4.  ᠵᠢᠨᠢᠩ ᠲᠣᠭᠤᠷᠢᠭ ᠤᠨ ᠲᠠᠪᠤᠳᠤᠭᠠᠷ ᠬᠡᠦᠬᠡᠳ ᠤᠨ ᠴᠡᠴᠡᠷᠯᠢᠭ ᠤᠨ ᠣᠶᠢᠷ᠎ᠠ ᠬᠠᠪᠢ ᠳᠠᠬᠢ ᠪᠠᠶᠢᠰᠢᠩ ᠰᠠᠭᠤᠴᠠ ᠶᠢᠨ ᠲᠣᠭᠤᠷᠢᠭ ᠲᠤ ᠰᠠᠭᠤᠭᠠᠯᠢ ᠠᠷᠠᠳ ᠨᠡᠯᠢᠶᠡᠳ ᠤᠯᠠᠨ ᠪᠠᠶᠢᠵᠤ᠂ ᠰᠢᠨ᠎ᠡ ᠪᠠᠷᠢᠭᠰᠠᠨ ᠨᠡᠶᠢᠲᠡ ᠶᠢᠨ ᠵᠣᠷᠯᠣᠩ ᠨᠢ ᠬᠤᠯᠠ ᠲᠤᠯᠠ᠂ ᠵᠣᠷᠯᠣᠩ ᠨᠡᠮᠡᠵᠦ᠂ ᠤᠯᠠᠨ ᠲᠦᠮᠡᠨ ᠤ ᠵᠣᠷᠯᠣᠩ ᠳᠤ ᠤᠷᠤᠬᠤ ᠳᠤ ᠲᠦᠪᠡᠭᠲᠠᠢ ᠠᠰᠠᠭᠤᠳᠠᠯ ᠢ ᠰᠢᠢᠳᠪᠦᠷᠢᠯᠡᠬᠦ ᠶᠢ ᠬᠦᠰᠡᠵᠦ ᠪᠠᠶᠢᠨ᠎ᠠ᠃    5. ᠵᠢᠨᠢᠩ ᠲᠣᠭᠤᠷᠢᠭ ᠤᠨ ᠪᠢᠨ ᠬᠤ᠋ ᠳᠤᠮᠳᠠᠳᠤ ᠰᠤᠷᠭᠠᠭᠤᠯᠢ ᠶᠢᠨ ᠡᠮᠦᠨ᠎ᠡ ᠡᠭᠦᠳᠡᠨ ᠤ ᠡᠮᠦᠨᠡᠬᠢ ᠵᠠᠮ ᠳᠤ ᠵᠠᠮ ᠤᠨ ᠳ᠋ᠧᠩ ᠤᠬᠰᠠᠷᠠᠬᠰᠠᠨ ᠥᠬᠡᠶ᠂ ᠰᠤᠷᠤᠭᠴᠢᠳ ᠤᠷᠤᠢ ᠦᠳᠡᠰᠢ ᠪᠠᠷ ᠰᠤᠷᠭᠠᠭᠤᠯᠢ ᠲᠠᠷᠬᠠᠭᠰᠠᠨ ᠤ ᠳᠠᠷᠠᠭ᠎ᠠ ᠂ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠨ᠎ᠠ᠂ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠰᠢᠢᠳᠪᠦᠷᠢᠯᠡᠵᠦ ᠥᠭᠬᠦ ᠶᠢ ᠬᠦᠰᠡᠵᠦ ᠪᠠᠶᠢᠨ᠎ᠠ᠃     6. ᠹᠧᠩᠵᠧᠨ ᠬᠤᠲᠠ ᠶᠢᠨ ᠵᠢᠩ ᠳ᠋ᠢᠩ ᠵᠤᠸᠠᠩ ᠬᠦᠷᠢᠶᠡᠯᠡᠩ ᠤᠨ 15 ᠳ᠋ᠤᠭᠠᠷ ᠨᠣᠮᠧᠷᠲᠤ ᠠᠰᠠᠷ ᠨᠢᠳᠤᠨᠤᠨ ᠤ ᠢᠯᠴᠢ ᠬᠠᠩᠭᠠᠯᠭ᠎ᠠ ᠶᠢᠨ ᠬᠤᠭᠤᠴᠠᠭᠠᠨ ᠳᠤ ᠭᠡᠷ ᠤᠨ ᠳᠤᠯᠠᠭᠠᠨ ᠤ ᠬᠡᠮᠵᠢᠶ᠎ᠡ ᠥᠨᠳᠥᠷ ᠪᠢᠰᠢ᠂ ᠢᠯᠴᠢ ᠶᠢᠨ ᠬᠠᠩᠭᠠᠯᠭ᠎ᠠ ᠶᠢᠨ ᠬᠤᠭᠤᠯᠠᠶ ᠭᠤᠤᠷᠰᠤ ᠶᠢᠨ ᠡᠰᠠᠭᠤᠳᠠᠯ ᠢ ᠲᠦᠷᠭᠡᠬᠡᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃     7. ᠹᠧᠩᠵᠧᠨ ᠬᠤᠲᠠ ᠶᠢᠨ ᠭᠤᠷᠪᠠᠳᠤᠭᠠᠷ ᠬᠡᠤᠬᠡᠳ ᠤᠨ ᠴᠡᠴᠡᠷᠯᠢᠭ ᠪᠣᠯᠤᠨ ᠪᠡᠭᠡᠵᠢᠩ ᠥᠪᠥᠷ ᠮᠣᠩᠭᠤᠯ ᠤᠨ ᠬᠡᠤᠬᠡᠳ ᠤᠨ ᠴᠡᠴᠡᠷᠯᠢᠭ ᠢ ᠬᠤᠪᠢ ᠬᠥᠮᠦᠨ ᠳᠠᠭᠠᠭᠠᠴᠢᠯᠠᠵᠤ᠂ ᠰᠤᠷᠤᠯᠭ᠎ᠠ ᠶᠢᠨ ᠰᠦᠢᠳᠬᠡᠯ ᠢ ᠨᠡᠮᠡᠭᠳᠡᠭᠦᠯᠵᠡᠢ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠮᠢᠶ᠎ᠠ ᠪᠥᠬᠦᠶ ᠲᠣᠭᠲᠠᠭᠠᠯ ᠶᠣᠰᠣᠭᠠᠷ ᠬᠢᠨᠠᠨ ᠬᠠᠷᠭᠤᠭᠤᠯᠵᠤ ᠰᠢᠢᠳᠪᠦᠷᠢᠯᠡᠬᠦ ᠶᠢ ᠬᠦᠰᠡᠵᠦ ᠪᠠᠶᠢᠨ᠎ᠠ᠃     8. X576 ᠰᠢᠶᠠᠨ ᠤ ᠲᠡᠰ ᠤᠨ ᠵᠠᠰᠠᠮᠠᠯ ᠵᠠᠮ ᠤᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠷᠢᠭᠤᠯ ᠤᠨ ᠭᠠᠵᠠᠷ ᠤᠨ ᠬᠡᠰᠡᠭ ᠵᠠᠮ ᠨᠡᠯᠢᠶᠡᠳ ᠡᠩᠬᠦᠯ ᠳᠤᠩᠬᠤᠯ ᠪᠠᠶᠢᠵᠤ᠂ ᠮᠠᠰᠢᠨ ᠲᠡᠷᠭᠡ ᠶᠠᠪᠤᠬᠤ ᠳᠤ ᠬᠦᠷᠳᠦ ᠨᠢ ᠠᠮᠠᠷᠬᠠᠨ ᠳᠡᠯᠪᠡᠷᠡᠳᠡᠭ ᠪᠣᠯᠬᠤᠷ ᠠᠯᠢ ᠲᠦᠷᠭᠡᠨ ᠢᠶᠠᠷ ᠰᠡᠯᠪᠢᠨ ᠵᠠᠰᠠᠬᠤ ᠶᠢ ᠬᠦᠰᠡᠵᠦ ᠪᠠᠶᠢᠨ᠎ᠠ᠃     9. ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠡᠮᠦᠷᠲᠡᠢ ᠪᠠᠯᠭᠠᠰᠤᠨ ᠤ ᠲᠡᠮᠦᠷᠲᠡᠢ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠣᠶᠢᠷᠠᠯᠴᠠᠭ᠎ᠠ ᠪᠠᠶᠢᠰᠢᠩ ᠲᠣᠭᠤᠷᠢᠭ ᠲᠤ ᠡᠳᠦᠷ ᠪᠦᠷᠢ ᠬᠡᠳᠦᠬᠡᠨ ᠴᠠᠭ ᠤᠨ ᠤᠰᠤ ᠬᠠᠩᠭᠠᠵᠤ᠂ ᠨᠢᠭᠡᠨᠲᠡ 2 ᠵᠢᠯ ᠦᠷᠭᠦᠯᠵᠢᠯᠡᠭᠰᠡᠨ ᠠᠴᠠ ᠣᠯᠠᠨ ᠲᠦᠮᠡᠨ ᠤ ᠠᠮᠢᠳᠤᠷᠠᠯ ᠢ ᠬᠦᠨᠳᠦ ᠨᠣᠴᠢᠲᠠᠶ ᠨᠥᠯᠥᠭᠡᠯᠡᠪᠡ᠃    10. ᠱᠠᠩᠳᠤ ᠰᠢᠶᠠᠨ ᠤ 2᠂ 3᠂ 4 ᠳ᠋ᠤᠭᠡᠷ ᠵᠠᠮ ᠤᠨ ᠨᠡᠶᠢᠲᠡ ᠶᠢᠨ ᠮᠠᠰᠢᠨ ᠲᠡᠷᠬᠡ ᠨᠡᠪᠲᠡᠷᠡᠭᠡ ᠥᠬᠡᠶ ᠠᠴᠠ ᠬᠤᠲᠠ ᠲᠣᠭᠤᠷᠢᠭ ᠤᠨ ᠰᠠᠭᠤᠭᠠᠯᠢ ᠠᠷᠠᠳ ᠶᠠᠪᠤᠵᠤ ᠰᠠᠭᠤᠬᠤ ᠳᠤ ᠳᠥᠭᠦᠮ ᠦᠭᠡᠢ ᠪᠠᠶᠢᠨ᠎ᠠ᠂ ᠲᠦᠷᠭᠡᠨ ᠨᠡᠪᠲᠡᠷᠡᠭᠦᠯᠵᠦ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢ ᠬᠦᠰᠡᠵᠦ ᠪᠠᠶᠢᠨ᠎ᠠ᠃     ︽ᠭᠤᠷᠪᠠ ᠶᠢ ᠠᠰᠠᠭᠤᠬᠤ︾ ᠠᠵᠢᠯᠯᠠᠭ᠎ᠠ ᠶᠢᠨ ᠠᠰᠠᠭᠤᠳᠠᠯ ᠤᠨ ᠨᠠᠷᠢᠨ ᠲᠠᠩᠰᠠ ᠶᠢ ᠰᠢᠢᠳᠪᠦᠷᠢᠯᠡᠵᠦ ᠳᠠᠭᠤᠰᠬᠠᠭᠰᠠᠨ ᠪᠠᠶᠢᠳᠠᠯ   1. ᠵᠢᠨᠢᠩ ᠲᠣᠭᠤᠷᠢᠭ ᠤᠨ ᠪᠠᠶ ᠸᠠᠩ ᠤᠷᠤᠨ ᠰᠠᠭᠤᠴᠠ ᠶᠢᠨ C ᠲᠣᠭᠤᠷᠢᠭ ᠤᠨ 13 ᠳ᠋ᠤᠭᠠᠷ ᠠᠰᠠᠷ ᠤᠨ ᠴᠠᠬᠢᠯᠭᠠᠨ ᠱᠠᠲᠤ ᠵᠤᠭᠰᠤᠭᠠᠳ ᠨᠡᠯᠢᠶᠡᠳ ᠬᠡᠳᠦᠨ ᠡᠳᠦᠷ ᠪᠤᠯᠵᠤ ᠪᠠᠶᠢᠨ᠎ᠠ᠂ ᠰᠠᠭᠤᠭᠠᠯᠢ ᠠᠷᠠᠳ ᠶᠠᠪᠤᠵᠤ ᠰᠠᠭᠤᠬᠤ ᠳᠤ ᠳᠥᠭᠦᠮ ᠦᠭᠡᠢ ᠪᠠᠶᠢᠬᠤ ᠲᠤᠯᠠ᠂ ᠬᠡᠪ ᠤᠨ ᠠᠵᠢᠯᠯᠠᠭ᠎ᠠ ᠪᠠᠨ ᠲᠦᠷᠭᠡᠬᠡᠨ ᠰᠡᠷᠭᠦᠭᠡᠬᠦ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠣᠷᠣᠨ ᠰᠠᠭᠤᠴᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠦᠢᠯᠡᠴᠢᠯᠡᠭᠡᠨ ᠤ ᠲᠥᠪ ᠠᠴᠠ ᠨᠢᠭᠡᠨᠲᠡ ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠺᠣᠮᠫᠠᠨᠢ ᠳᠤ ᠲᠠᠭᠠᠭᠠᠯᠭᠠᠨ ᠰᠡᠯᠪᠢᠨ ᠵᠠᠰᠠᠭᠤᠯᠵᠤ᠂ ᠴᠠᠬᠢᠯᠭᠠᠨ ᠱᠠᠲᠤ ᠣᠲᠣ ᠨᠢᠭᠡᠨᠲᠡ ᠬᠡᠪ ᠤᠨ ᠠᠵᠢᠯᠯᠠᠭ᠎ᠠ ᠪᠠᠨ ᠰᠡᠷᠭᠦᠭᠡᠪᠡ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶    2. ᠵᠢᠨᠢᠩ ᠲᠣᠭᠤᠷᠢᠭ ᠤᠨ ᠭᠦᠩ ᠨᠦᠩ ᠵᠠᠮ ᠤᠨ ᠴᠠᠬᠢᠯᠭᠠᠨ ᠪᠠᠭᠠᠨ᠎ᠠ ᠶᠢᠨ ᠦᠢᠯᠡᠳᠪᠦᠷᠢ ᠶᠢᠨ ᠰᠠᠭᠤᠭᠠᠯᠢ ᠲᠣᠭᠤᠷᠢᠭ ᠤᠨ ᠬᠠᠭᠤᠴᠢᠨ ᠰᠠᠭᠤᠭᠠᠯᠢ ᠲᠣᠭᠤᠷᠢᠭ ᠢ ᠵᠠᠰᠠᠵᠦ ᠥᠭᠡᠷᠡᠴᠢᠯᠡᠭᠰᠡᠨ ᠤ ᠳᠠᠷᠠᠭ᠎ᠠ᠂ ᠰᠠᠭᠤᠭᠠᠯᠢ ᠲᠣᠭᠤᠷᠢᠭ ᠤᠨ ᠶᠡᠭᠡ ᠡᠭᠦᠳᠡ ᠶᠢ ᠤᠭᠰᠠᠷᠠᠭᠰᠠᠨ ᠥᠬᠡᠶ᠂ ᠬᠤᠶᠢᠲᠤ ᠲᠠᠯ᠎ᠠ ᠶᠢᠨ ᠬᠡᠷᠡᠮ ᠢ ᠳᠠᠭᠢᠵᠤ ᠪᠠᠷᠢᠭᠰᠠᠨ ᠥᠬᠡᠶ ᠵᠡᠷᠭᠡ ᠪᠠᠶᠢᠳᠠᠯ ᠮᠥᠨ ᠬᠦ ᠣᠷᠣᠰᠢᠵᠤ ᠪᠠᠶᠢᠨ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠲᠦᠷᠭᠡᠬᠡᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠭᠦᠸᠧ ᠷᠦᠩ ᠺᠣᠮᠫᠠᠨᠢ ᠨᠢᠭᠡᠨᠲᠡ ᠲᠣᠰ ᠰᠠᠭᠤᠭᠠᠯᠢ ᠲᠣᠭᠤᠷᠢᠭ ᠲᠤ ᠴᠠᠬᠢᠯᠭᠠᠨ ᠬᠥᠳᠡᠯᠭᠡᠭᠦᠷᠲᠦ ᠡᠭᠦᠳᠡ ᠤᠭᠰᠠᠷᠠᠵᠤ᠂ ᠵᠢᠱᠢᠯᠲᠡ ᠪᠠᠷ 10 ᠰᠠᠷ᠎ᠠ ᠶᠢᠨ ᠰᠡᠭᠦᠯᠴᠢ ᠪᠠᠷ ᠤᠭᠰᠠᠷᠠᠵᠤ ᠳᠠᠭᠤᠰᠬᠠᠨ᠎ᠠ︔ ᠬᠤᠶᠢᠲᠤ ᠲᠠᠯ᠎ᠠ ᠶᠢᠨ ᠬᠦᠷᠢᠶ᠎ᠡ ᠬᠡᠷᠡᠮ ᠨᠢ ᠰᠠᠭᠤᠭᠠᠯᠢ ᠲᠣᠭᠤᠷᠢᠭ ᠬᠢᠭᠡᠳ ᠡᠷᠬᠢᠨ ᠲᠣᠭᠤᠷᠢᠨ ᠤ ᠬᠤᠳᠠᠯᠳᠤᠭᠠᠨ ᠤ ᠡᠷᠦᠬᠡ ᠶᠢᠨ ᠬᠤᠭᠤᠷᠣᠨᠳᠣ ᠭᠠᠵᠠᠷ ᠰᠢᠷᠤᠢ ᠶᠢᠨ ᠵᠢᠭᠤᠷᠠᠭᠠᠨ ᠣᠷᠣᠰᠢᠵᠤ ᠪᠠᠶᠢᠬᠤ ᠤᠴᠢᠷ ᠠᠴᠠ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠵᠣᠬᠢᠴᠠᠭᠤᠯᠤᠨ ᠰᠢᠢᠳᠪᠦᠷᠢᠯᠡᠭᠰᠡᠨ ᠤ ᠳᠠᠷᠠᠭ᠎ᠠ ᠲᠡᠷᠡ ᠳᠠᠷᠤᠶ ᠳᠤᠨᠢ ᠪᠠᠷᠢᠵᠦ ᠪᠤᠰᠬᠠᠨ᠎ᠠ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶    3. ᠵᠢᠨᠢᠩ ᠲᠣᠭᠤᠷᠢᠭ ᠤᠨ ᠰᠢᠩ ᠬᠥᠩ ᠵᠠᠮ ᠤᠨ ᠴᠠᠬᠢᠯᠭᠠᠨ ᠬᠦᠴᠦᠨ ᠤ ᠰᠠᠭᠤᠭᠠᠯᠢ ᠲᠣᠭᠤᠷᠢᠭ ᠤᠨ 1 ᠳ᠋ᠤᠭᠡᠷ ᠨᠣᠮᠧᠷᠲᠤ ᠠᠰᠠᠷ ᠤᠨ ᠣᠷᠣᠶ ᠶᠢᠨ ᠳᠠᠪᠬᠤᠷᠭ᠎ᠠ ᠶᠢᠨ ᠰᠠᠭᠤᠭᠠᠯᠢ ᠡᠷᠦᠬᠡ ᠳᠤ ᠲᠦᠬᠡᠭᠡᠯ ᠤᠰᠤ ᠭᠠᠷᠴᠦ ᠳᠡᠶᠢᠯᠬᠦ ᠦᠭᠡᠢ ᠨᠢᠭᠡᠨᠲᠡ ᠬᠠᠭᠠᠰ ᠵᠢᠯ ᠪᠤᠯᠪᠠ᠂ ᠰᠠᠭᠤᠭᠠᠯᠢ ᠠᠷᠠᠳ ᠤᠨ ᠠᠮᠢᠳᠤᠷᠠᠯ ᠬᠦᠨᠳᠦ ᠨᠣᠴᠢᠲᠠᠶ ᠨᠥᠯᠥᠭᠡᠯᠡᠭᠳᠡᠵᠦ ᠪᠤᠢ᠃    ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠠᠴᠠ ᠨᠢᠭᠡᠨᠲᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠰ ᠰᠠᠭᠤᠭᠠᠯᠢ ᠲᠣᠭᠤᠷᠢᠭ ᠤᠨ ᠲᠦᠭᠡᠭᠡᠯ ᠤᠰᠤᠨ ᠤ ᠬᠤᠭᠤᠯᠠᠶ ᠶᠢ ᠰᠣᠯᠢᠵᠤ ᠰᠡᠯᠪᠢᠨ ᠵᠠᠰᠠᠬᠤ ᠬᠡᠷᠡᠭᠲᠡᠶ ᠭᠡᠵᠦ ᠳᠠᠭᠠᠭᠠᠯᠭᠠᠵᠤ᠂ ᠰᠠᠭᠤᠭᠠᠯᠢ ᠠᠷᠠᠳ ᠨᠢᠭᠡᠨᠲᠡ ᠬᠡᠪ ᠤᠨ ᠶᠣᠰᠣᠭᠠᠷ ᠤᠰᠤ ᠬᠡᠷᠡᠭᠯᠡᠵᠦ ᠴᠢᠳᠠᠬᠤ ᠪᠣᠯᠤᠭᠰᠠᠨ ᠪᠠᠶᠢᠨ᠎ᠠ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶    4. ᠵᠢᠨᠢᠩ ᠲᠣᠭᠤᠷᠢᠭ ᠤᠨ ᠲᠠᠪᠤᠳᠤᠭᠠᠷ ᠬᠡᠦᠬᠡᠳ ᠤᠨ ᠴᠡᠴᠡᠷᠯᠢᠭ ᠤᠨ ᠣᠶᠢᠷ᠎ᠠ ᠬᠠᠪᠢ ᠳᠠᠬᠢ ᠪᠠᠶᠢᠰᠢᠩ ᠰᠠᠭᠤᠴᠠ ᠶᠢᠨ ᠲᠣᠭᠤᠷᠢᠭ ᠲᠤ ᠰᠠᠭᠤᠭᠠᠯᠢ ᠠᠷᠠᠳ ᠨᠡᠯᠢᠶᠡᠳ ᠤᠯᠠᠨ ᠪᠠᠶᠢᠵᠤ᠂ ᠰᠢᠨ᠎ᠡ ᠪᠠᠷᠢᠭᠰᠠᠨ ᠨᠡᠶᠢᠲᠡ ᠶᠢᠨ ᠵᠣᠷᠯᠣᠩ ᠨᠢ ᠬᠤᠯᠠ ᠲᠤᠯᠠ᠂ ᠵᠣᠷᠯᠣᠩ ᠨᠡᠮᠡᠵᠦ᠂ ᠤᠯᠠᠨ ᠲᠦᠮᠡᠨ ᠤ ᠵᠣᠷᠯᠣᠩ ᠳᠤ ᠤᠷᠤᠬᠤ ᠳᠤ ᠲᠦᠪᠡᠭᠲᠠᠢ ᠠᠰᠠᠭᠤᠳᠠᠯ ᠢ ᠰᠢᠢᠳᠪᠦᠷᠢᠯᠡᠬᠦ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠴᠡᠴᠡᠷᠯᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠬᠢᠨ ᠨᠢᠭᠡᠨᠲᠡ ᠪᠠᠶᠢᠰᠢᠩ ᠰᠠᠭᠤᠴᠠ ᠶᠢᠨ ᠲᠣᠭᠤᠷᠢᠭ ᠲᠤ ᠣᠷᠴᠢᠨ ᠲᠣᠭᠤᠷᠢᠨ ᠢ ᠬᠠᠮᠠᠭᠠᠯᠠᠬᠤ ᠨᠡᠶᠢᠲᠡ ᠶᠢᠨ ᠵᠣᠷᠯᠣᠩ ᠤᠭᠰᠠᠷᠠᠵᠤ᠂ ᠤᠢᠢᠷ᠎ᠠ ᠬᠠᠪᠢ ᠶᠢᠨ ᠰᠠᠭᠤᠭᠠᠯᠢ ᠠᠷᠠᠳ ᠤᠨ ᠵᠣᠷᠯᠣᠩ ᠤᠨ ᠬᠡᠷᠡᠭᠴᠡᠭᠡ ᠶᠢ ᠬᠠᠩᠭᠠᠵᠤ ᠳᠡᠶᠢᠯᠬᠦ ᠪᠣᠯᠪᠠ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶    5. ᠵᠢᠨᠢᠩ ᠲᠣᠭᠤᠷᠢᠭ ᠤᠨ ᠪᠢᠨ ᠬᠤ᠋ ᠳᠤᠮᠳᠠᠳᠤ ᠰᠤᠷᠭᠠᠭᠤᠯᠢ ᠶᠢᠨ ᠡᠮᠦᠨ᠎ᠡ ᠲᠠᠯ᠎ᠠ ᠶᠢᠨ ᠡᠭᠦᠳᠡᠨ ᠡᠮᠦᠨᠡᠬᠢ ᠵᠠᠮ ᠳᠤ ᠵᠠᠮ ᠤᠨ ᠳ᠋ᠧᠩ ᠤᠭᠰᠠᠷᠠᠭᠰᠠᠨ ᠥᠬᠡᠶ᠂ ᠤᠷᠤᠢ ᠦᠳᠡᠰᠢ ᠰᠤᠷᠭᠠᠭᠤᠯᠢ ᠲᠠᠷᠬᠠᠭᠰᠠᠨ ᠤ ᠳᠠᠷᠠᠭ᠎ᠠ᠂ ᠰᠤᠷᠤᠭᠴᠢᠳ ᠤᠨ ᠶᠠᠪᠤᠵᠤ ᠰᠠᠭᠤᠬᠤ ᠳᠤ ᠠᠮᠤᠷ ᠲᠦᠪᠰᠢᠨ ᠤ ᠬᠡᠮ ᠰᠤᠭᠤᠭ ᠲᠠᠢ ᠪᠠᠶᠢᠨ᠎ᠠ᠂ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠰᠢᠢᠳᠪᠦᠷᠢᠯᠡᠵᠦ ᠥᠭᠬᠦ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠬᠤᠲᠠ ᠶᠢᠨ ᠪᠠᠯᠠ ᠣᠷᠣᠭᠤᠯᠤᠯᠲᠠ ᠶᠢᠨ ᠺᠣᠮᠫᠠᠨᠢ ᠨᠢᠭᠡᠨᠲᠡ ᠪᠢᠨ ᠬᠤ᠋ ᠳᠤᠮᠳᠠᠳᠤ ᠰᠤᠷᠭᠠᠭᠤᠯᠢ ᠶᠢᠨ ᠡᠷᠬᠢᠨ ᠲᠣᠭᠤᠷᠢᠨ ᠤ ᠵᠠᠮ ᠤᠨ ᠳ᠋ᠧᠩ ᠢ ᠰᠡᠯᠪᠢᠨ ᠵᠠᠰᠠᠵᠤ ᠰᠣᠯᠢᠵᠤ᠂ ᠰᠤᠷᠤᠭᠴᠢᠳ ᠤᠨ ᠤᠷᠤᠢ ᠦᠳᠡᠰᠢ ᠰᠤᠷᠭᠠᠭᠤᠯᠢ ᠲᠠᠷᠬᠠᠭᠰᠠᠨ ᠤ ᠳᠠᠷᠠᠭ᠎ᠠ ᠭᠠᠳᠠᠭᠰᠢ ᠭᠠᠷᠬᠤ ᠳᠤ ᠭᠡᠷᠡᠯᠲᠦᠭᠦᠯᠭᠡ ᠬᠠᠩᠭᠠᠭᠰᠠᠨ ᠪᠠᠶᠢᠨ᠎ᠠ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶    6. ᠹᠧᠩᠵᠧᠨ ᠬᠤᠲᠠ ᠶᠢᠨ ᠵᠢᠩ ᠳ᠋ᠢᠩ ᠵᠤᠸᠠᠩ ᠬᠦᠷᠢᠶᠡᠯᠡᠩ ᠤᠨ 15 ᠳ᠋ᠤᠭᠠᠷ ᠨᠣᠮᠧᠷᠲᠤ ᠠᠰᠠᠷ ᠨᠢᠳᠤᠨᠤᠨ ᠤ ᠳᠤᠯᠠᠭᠠᠯᠠᠭ᠎ᠠ ᠶᠢᠨ ᠬᠤᠭᠤᠴᠠᠭᠠᠨ ᠳᠤ ᠭᠡᠷ ᠤᠨ ᠳᠤᠯᠠᠭᠠᠨ ᠤ ᠬᠡᠮᠵᠢᠶ᠎ᠡ ᠥᠨᠳᠥᠷ ᠪᠢᠰᠢ᠂ ᠳᠤᠯᠠᠭᠠᠯᠠᠭ᠎ᠠ ᠶᠢᠨ ᠬᠤᠭᠤᠯᠠᠶ ᠶᠢᠨ ᠠᠰᠠᠭᠤᠳᠠᠯ ᠢ ᠲᠦᠷᠭᠡᠬᠡᠨ  ᠰᠢᠢᠳᠪᠦᠷᠢᠯᠡᠬᠦ ᠶᠢ ᠬᠦᠰᠡᠵᠦ ᠪᠠᠶᠢᠨ᠎ᠠ᠃   ᠰᠢᠢᠳᠪᠦᠷᠢᠯᠡᠭᠰᠡᠨ ᠪᠠᠶᠢᠳᠠᠯ᠄ ᠹᠧᠩᠵᠧᠨ ᠬᠤᠲᠠ ᠶᠢᠨ ᠵᠠᠰᠠᠭ ᠤᠨ ᠣᠷᠳᠣᠨ ᠨᠢᠭᠡᠨᠲᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠳᠠᠭᠠᠭᠠᠯᠭᠠᠵᠤ ᠵᠢᠩ ᠳ᠋ᠢᠩ ᠵᠤᠸᠠᠩ ᠶᠤᠸᠠᠨ ᠤ 15 ᠳ᠋ᠤᠭᠠᠷ ᠠᠰᠠᠷ ᠤᠨ ᠳᠤᠯᠠᠭᠠᠯᠠᠭ᠎ᠠ ᠶᠢᠨ ᠬᠤᠭᠤᠯᠠᠢ ᠶᠢ ᠰᠡᠯᠪᠢᠨ ᠵᠠᠰᠠᠭᠤᠯᠵᠤ ᠰᠣᠯᠢᠭᠠᠳ᠂ ᠣᠲᠣ ᠨᠢᠭᠡᠨᠲᠡ ᠵᠠᠰᠠᠵᠤ ᠳᠠᠭᠤᠰᠬᠠᠪᠠ᠃ ︵ᠲᠠᠭᠠᠭᠠᠨ ᠭᠦᠢᠴᠡᠳᠭᠡᠬᠦ ᠨᠢᠭᠡᠴᠢ᠄ ᠹᠧᠩᠵᠧᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ︶    7. ᠹᠧᠩᠵᠧᠨ ᠬᠤᠲᠠ ᠶᠢᠨ ᠭᠤᠷᠪᠠᠳᠤᠭᠠᠷ ᠬᠡᠤᠬᠡᠳ ᠤᠨ ᠴᠡᠴᠡᠷᠯᠢᠭ ᠪᠣᠯᠤᠨ ᠵᠢᠩ ᠮᠧᠩ ᠬᠡᠤᠬᠡᠳ ᠤᠨ ᠴᠡᠴᠡᠷᠯᠢᠭ ᠢ ᠬᠤᠪᠢ ᠬᠥᠮᠦᠨ ᠳᠠᠭᠠᠭᠠᠴᠢᠯᠠᠵᠤ᠂ ᠰᠤᠷᠤᠯᠭ᠎ᠠ ᠶᠢᠨ ᠰᠦᠢᠳᠬᠡᠯ ᠢ ᠨᠢ ᠨᠡᠮᠡᠭᠳᠡᠭᠦᠯᠵᠡᠢ᠂ ᠭᠤᠤᠯᠳᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠮᠢᠶ᠎ᠠ ᠪᠥᠬᠦᠶ ᠲᠣᠭᠲᠠᠭᠠᠯ ᠶᠣᠰᠣᠭᠠᠷ ᠬᠢᠨᠠᠨ ᠬᠠᠷᠭᠤᠭᠤᠯᠵᠤ ᠰᠢᠢᠳᠪᠦᠷᠢᠯᠡᠬᠦ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠹᠧᠩᠵᠧᠨ ᠬᠤᠲᠠ ᠶᠢᠨ ᠵᠠᠰᠠᠭ ᠤᠨ ᠣᠷᠳᠣᠨ ᠨᠢᠭᠡᠨᠲᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠳᠡᠭᠡᠷᠡᠬᠢ ᠬᠤᠶᠠᠷ ᠬᠡᠤᠬᠡᠳ ᠤᠨ ᠴᠡᠴᠡᠷᠯᠢᠭ ᠢ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠪᠣᠯᠭᠠᠨ ᠬᠤᠪᠢᠷᠠᠭᠤᠯᠬᠤ ᠶᠢ ᠳᠠᠭᠠᠭᠠᠯᠭᠠᠵᠤ᠂ ᠣᠲᠣ ᠶᠠᠭ ᠬᠤᠯᠪᠣᠭᠳᠠᠯ ᠪᠥᠬᠦᠶ ᠭᠠᠷ ᠭᠦᠢᠴᠡᠳᠬᠡᠯ ᠢ ᠭᠦᠢᠴᠡᠳᠬᠡᠵᠦ ᠪᠠᠶᠢᠨ᠎ᠠ᠃ ᠪᠠᠶᠢᠭᠤᠯᠤᠮᠵᠢ ᠢ ᠬᠤᠪᠢᠷᠠᠭᠤᠯᠤᠭᠰᠠᠨ ᠤ ᠳᠠᠷᠠᠭ᠎ᠠ᠂ ᠭᠤᠷᠪᠠᠳᠤᠭᠠᠷ ᠬᠡᠤᠬᠡᠳ ᠤᠨ ᠴᠡᠴᠡᠷᠯᠢᠭ ︵ᠬᠤᠲᠠ ᠶᠢᠨ ᠲᠠᠰ ᠤᠨ ᠵᠢᠱᠢᠶ᠎ᠡ ᠦᠵᠡᠭᠦᠯᠬᠦ ᠴᠡᠴᠡᠷᠯᠢᠭ︶ ᠤᠨ ᠠᠰᠠᠷᠠᠨ ᠬᠥᠮᠦᠵᠢᠭᠦᠯᠬᠦ ᠵᠠᠷᠤᠳᠠᠯ ᠢ ᠰᠠᠷ᠎ᠠ ᠪᠦᠷᠢ 450 ᠲᠥᠭᠦᠷᠢᠭ ᠢᠶᠠᠷ ᠬᠤᠷᠢᠶᠠᠵᠤ᠂ ᠵᠢᠩ ᠮᠧᠩ ᠬᠡᠤᠬᠡᠳ ᠤᠨ ᠴᠡᠴᠡᠷᠯᠢᠭ ︵ᠨᠢᠭᠡᠳᠦᠭᠡᠷ ᠲᠥᠷᠥᠯ ᠤᠨ ᠬᠥᠬᠡ ᠲᠠᠰ ᠤᠨ ᠴᠡᠴᠡᠷᠯᠢᠭ︶ ᠤᠨ ᠠᠰᠠᠷᠠᠨ ᠬᠥᠮᠦᠵᠢᠭᠦᠯᠬᠦ ᠵᠠᠷᠤᠳᠠᠯ ᠢ ᠰᠠᠷ᠎ᠠ ᠪᠦᠷᠢ 350 ᠲᠥᠭᠦᠷᠢᠭ ᠢᠶᠠᠷ ᠬᠤᠷᠢᠶᠠᠵᠤ᠂ ᠡᠭᠦᠨ ᠠᠴᠠ ᠡᠮᠦᠨ᠎ᠡ ᠢᠯᠡᠭᠦᠤ ᠬᠤᠷᠢᠶᠠᠭᠰᠠᠨ ᠵᠠᠷᠤᠳᠠᠯ ᠢ ᠬᠡᠤᠬᠡᠳ ᠤᠨ ᠬᠤᠭᠤᠯᠠᠨ ᠤ ᠵᠠᠷᠤᠳᠠᠯ ᠳᠤ ᠦᠷᠭᠦᠯᠵᠢᠯᠡᠨ ᠬᠠᠳᠠᠭᠠᠯᠠᠵᠤ᠂ ᠬᠡᠤᠬᠡᠳ ᠤᠨ ᠴᠡᠴᠡᠷᠯᠢᠭ ᠠᠴᠠ ᠨᠢᠭᠡᠳᠦᠯᠲᠡᠶ ᠲᠡᠰᠦᠯᠦᠨ ᠪᠤᠳᠤᠨ᠎ᠠ᠃ ︵ᠲᠠᠭᠠᠭᠠᠨ ᠭᠦᠢᠴᠡᠳᠭᠡᠬᠦ ᠨᠢᠭᠡᠴᠢ᠄ ᠹᠧᠩᠵᠧᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ︶    8. X576 ᠰᠢᠶᠠᠨ ᠤ ᠵᠠᠮ ᠤᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠷᠢᠭᠤᠯ ᠤᠨ ᠭᠠᠵᠠᠷ ᠤᠨ ᠬᠡᠰᠡᠭ ᠵᠠᠮ ᠨᠡᠯᠢᠶᠡᠳ ᠡᠩᠬᠦᠯ ᠳᠤᠩᠬᠤᠯ ᠪᠠᠶᠢᠵᠤ᠂ ᠮᠠᠰᠢᠨ ᠲᠡᠷᠭᠡ ᠶᠠᠪᠤᠬᠤ ᠳᠤ ᠬᠦᠷᠳᠦ ᠨᠢ ᠠᠮᠠᠷᠬᠠᠨ ᠳᠡᠯᠪᠡᠷᠡᠳᠡᠭ ᠪᠣᠯᠬᠤᠷ ᠠᠯᠢ ᠲᠦᠷᠭᠡᠨ ᠢᠶᠠᠷ ᠰᠡᠯᠪᠢᠨ ᠵᠠᠰᠠᠬᠤ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠠᠴᠠ ᠬᠤᠯᠪᠣᠭᠳᠠᠯ ᠪᠦᠭᠦᠢ ᠰᠠᠯᠠᠭ᠎ᠠ ᠮᠥᠴᠢᠷ ᠲᠤ ᠲᠠᠭᠠᠭᠠᠯᠭᠠᠨ ᠳᠣᠰ ᠵᠠᠮ ᠤᠨ ᠡᠩᠬᠦᠯ ᠲᠤᠩᠬᠤᠯ ᠢ ᠰᠡᠯᠪᠢᠨ ᠵᠠᠰᠠᠭᠤᠯᠵᠤ᠂ ᠣᠲᠤ ᠨᠢᠭᠡᠨᠲᠡ ᠰᠡᠯᠪᠢᠨ ᠵᠠᠰᠠᠵᠤ ᠳᠠᠭᠤᠰᠬᠠᠪᠠ᠃ ︵ᠲᠠᠭᠠᠭᠠᠨ ᠭᠦᠢᠴᠡᠳᠭᠡᠬᠦ ᠨᠢᠭᠡᠴᠢ᠄ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ︶    9. ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠡᠮᠦᠷᠲᠡᠢ ᠪᠠᠯᠭᠠᠰᠤᠨ ᠤ ᠲᠡᠮᠦᠷᠲᠡᠢ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠣᠶᠢᠷᠠᠯᠴᠠᠭ᠎ᠠ ᠪᠠᠶᠢᠰᠢᠩ ᠰᠠᠭᠤᠴᠠ ᠶᠢᠨ ᠲᠣᠭᠤᠷᠢᠭ ᠲᠤ ᠡᠳᠦᠷ ᠪᠦᠷᠢ ᠬᠡᠳᠦᠬᠡᠨ ᠴᠠᠭ ᠤᠨ ᠤᠰᠤ ᠬᠠᠩᠭᠠᠵᠤ᠂ ᠨᠢᠭᠡᠨᠲᠡ 2 ᠵᠢᠯ ᠦᠷᠭᠦᠯᠵᠢᠯᠡᠭᠰᠡᠨ ᠠᠴᠠ ᠣᠯᠠᠨ ᠲᠦᠮᠡᠨ ᠤ ᠠᠮᠢᠳᠤᠷᠠᠯ ᠢ ᠬᠦᠨᠳᠦ ᠨᠣᠴᠢᠲᠠᠶ ᠨᠥᠯᠥᠭᠡᠯᠡᠪᠡ᠃    ᠰᠢᠢᠳᠪᠦᠷᠢᠯᠡᠭᠰᠡᠨ ᠪᠠᠶᠢᠳᠠᠯ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠠᠴᠠ ᠬᠤᠯᠪᠣᠭᠳᠠᠯ ᠪᠦᠭᠦᠢ ᠰᠠᠯᠠᠭ᠎ᠠ ᠮᠥᠴᠢᠷ ᠢ ᠲᠤᠰ ᠣᠷᠣᠨ ᠳᠤ ᠲᠦᠭᠡᠭᠡᠯ ᠤᠰᠤ ᠨᠡᠪᠲᠡᠷᠡᠭᠦᠯᠬᠦ ᠶᠢᠨ ᠬᠠᠮᠲᠤ ᠣᠰᠣᠨ ᠤ ᠬᠡᠮᠵᠢᠭᠦᠷ ᠲᠠᠭᠠᠷᠠᠭᠤᠯᠵᠤ᠂ ᠤᠰᠤ ᠵᠣᠭᠰᠣᠬᠤ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠨ᠂ ᠣᠯᠠᠨ ᠲᠦᠮᠡᠨ ᠤ ᠬᠡᠪ ᠤᠨ ᠶᠣᠰᠣᠭᠠᠷ ᠤᠰᠤ ᠬᠡᠷᠡᠭᠯᠡᠬᠦ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠵᠠᠶ᠃ ︵ᠲᠠᠭᠠᠭᠠᠨ ᠭᠦᠢᠴᠡᠳᠭᠡᠬᠦ ᠨᠢᠭᠡᠴᠢ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ︶    10. ᠱᠠᠩᠳᠤ ᠰᠢᠶᠠᠨ ᠤ 2᠂ 3᠂ 4 ᠳ᠋ᠤᠭᠡᠷ ᠵᠠᠮ ᠤᠨ ᠨᠡᠶᠢᠲᠡ ᠶᠢᠨ ᠮᠠᠰᠢᠨ ᠲᠡᠷᠬᠡ ᠨᠡᠪᠲᠡᠷᠡᠭᠡ ᠥᠬᠡᠶ ᠠᠴᠠ ᠬᠤᠲᠠ ᠲᠣᠭᠤᠷᠢᠭ ᠤᠨ ᠰᠠᠭᠤᠭᠠᠯᠢ ᠠᠷᠠᠳ ᠶᠠᠪᠤᠵᠤ ᠰᠠᠭᠤᠬᠤ ᠳᠤ ᠳᠥᠭᠦᠮ ᠦᠭᠡᠢ ᠪᠠᠶᠢᠨ᠎ᠠ᠂ ᠲᠦᠷᠭᠡᠨ ᠨᠡᠪᠲᠡᠷᠡᠭᠦᠯᠵᠦ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠱᠠᠩᠳᠤ ᠰᠢᠶᠠᠨ ᠨᠢᠭᠡᠨᠲᠡ ᠴᠠᠬᠢᠯᠭᠠᠨ ᠬᠥᠳᠡᠯᠭᠡᠭᠦᠷᠲᠦ ᠨᠡᠶᠢᠲᠡ ᠶᠢᠨ ᠮᠠᠰᠢᠨ ᠲᠡᠷᠭᠡ 12 ᠢ ᠵᠠᠬᠢᠶᠠᠯᠠᠵᠤ᠂ ᠴᠠᠬᠢᠯᠭᠠᠨ ᠴᠡᠨᠡᠭᠯᠡᠬᠦ ᠱᠣᠩ 14 ᠤᠭᠰᠠᠷᠠᠭᠰᠠᠨ ᠪᠥᠭᠡᠳ ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ ᠢ ᠰᠢᠯᠢᠳᠡᠭᠵᠢᠭᠦᠯᠵᠦ᠂ ᠵᠢᠱᠢᠯᠲᠡ ᠪᠠᠷ 11 ᠰᠠᠷ᠎ᠠ ᠶᠢᠨ ᠰᠡᠭᠦᠯᠴᠢ ᠪᠠᠷ ᠪᠦᠬᠦᠨ ᠢ ᠠᠰᠢᠬᠯᠠᠯᠲᠠ ᠳᠤ ᠣᠷᠣᠭᠤᠯᠤᠨ᠂ ᠣᠯᠠᠨ ᠲᠦᠮᠡᠨ ᠤ ᠶᠠᠪᠤᠵᠤ ᠰᠠᠭᠤᠬᠤ ᠬᠡᠷᠡᠭᠴᠡᠭᠡ ᠶᠢ ᠬᠠᠩᠭᠠᠬᠤ ᠪᠣᠯᠤᠨ᠎ᠠ᠃ ︵ᠲᠠᠭᠠᠭᠠᠨ ᠭᠦᠢᠴᠡᠳᠭᠡᠬᠦ ᠨᠢᠭᠡᠴᠢ᠄ ᠱᠠᠩᠳᠤ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ︶
 
ᠢᠷᠡᠯᠲᠡ᠄ ᠤᠯᠠᠭᠠᠨᠴᠠᠪ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2