ᠬᠤᠳᠠ ᠶᠢᠨ ᠨᠠᠮ ‍ᠤᠨ‌ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠵᠥᠪᠯᠡᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/12/17
    — ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ              12 ᠰᠠᠷ᠎ᠠ ᠶᠢᠨ 15 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠵᠥᠪᠯᠡᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠷᠠᠯ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ᠂ ᠡᠨᠡ ᠤᠳᠠᠭ᠎ᠠ ᠶᠢᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠣᠯ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠳᠠᠷᠠᠭ᠎ᠠ ᠨᠠᠮ ᠤᠨ ᠲᠥᠪ ᠬᠤᠷᠢᠶᠠᠨ ᠠᠴᠠ ᠬᠤᠷᠠᠯᠳᠤᠭᠤᠯᠤᠭᠰᠠᠨ ᠨᠢᠭᠡ ᠤᠳᠠᠭ᠎ᠠ ᠶᠢᠨ ᠴᠢᠬᠤᠯᠠ ᠬᠤᠷᠠᠯ ᠪᠣᠯᠤᠨ᠎ᠠ᠂ ᠪᠢᠳᠡᠨ ᠤ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ᠂ ᠢᠲᠡᠭᠡᠯ ᠵᠣᠷᠢᠭ ᠢᠶᠠᠨ ᠪᠠᠲᠤᠳᠬᠠᠬᠤ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ ᠴᠢᠬᠤᠯᠠ ᠶᠡᠭᠡ ᠪᠥᠭᠡᠳ ᠠᠯᠤᠰ ᠬᠡᠳᠤ ᠶᠢᠨ ᠠᠴᠢ ᠬᠤᠯᠪᠣᠭᠳᠠᠯ ᠲᠠᠢ ᠶᠤᠮ᠃ ᠪᠥᠬᠦ ᠬᠤᠲᠠ ᠶᠢᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ᠂ ᠣᠨᠣᠪᠴᠢᠲᠠᠶ ᠤᠶᠢᠯᠠᠭᠠᠨ ᠡᠵᠡᠮᠰᠢᠵᠦ᠂ ᠤᠬᠠᠮᠰᠠᠷ ᠠᠴᠠ ᠪᠠᠨ ᠪᠠᠷᠢᠮᠵᠢᠶ᠎ᠠ ᠲᠠᠢ ᠬᠠᠷᠭᠤᠭᠤᠯᠵᠤ᠂ ᠰᠢᠨᠵᠢᠯᠡᠬᠦ ᠤᠬᠠᠭᠠᠨᠴᠢ ᠪᠠᠷ ᠠᠷᠭ᠎ᠠ ᠰᠦᠪᠡᠭᠴᠢᠯᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠯᠠᠪᠳᠠᠭᠤᠨ ᠪᠠᠲᠤᠲᠠᠶ ᠳᠥᠯᠭᠢᠨ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠤᠷᠢᠳᠠᠪᠠᠷ ᠨᠢᠭᠡ ᠠᠯᠬᠤᠮ ᠶᠠᠪᠤᠵᠤ᠂ ᠠᠵᠤ ᠠᠬᠤᠶ ᠶᠢᠨ ᠬᠥᠭᠵᠢᠯᠲᠡ ᠶᠢᠨ ᠬᠠᠨᠳᠤᠰᠢ ᠶᠢ ᠣᠨᠣᠪᠴᠢᠲᠠᠶ ᠡᠵᠡᠮᠳᠡᠨ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠬᠤ ᠶᠢ ᠪᠠᠷᠢᠮᠲᠠᠯᠠᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ᠂ ᠥᠭᠡᠷᠡᠴᠢᠯᠡᠯᠲᠡ ᠶᠢ ᠠᠬᠢᠭᠤᠯᠬᠤ ᠶᠢ ᠨᠢᠭᠡᠳᠦᠯᠲᠡᠶ ᠲᠥᠯᠥᠪᠯᠡᠨ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ︽ᠵᠢᠷᠭᠤᠭ᠎ᠠ ᠶᠢ ᠪᠠᠲᠤᠯᠠᠬᠤ︾ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠶ᠃ ᠤᠯᠠᠮ ᠨᠢᠭᠡ ᠠᠯᠬᠤᠮ ᠭᠦᠨᠵᠡᠭᠡᠶᠢᠷᠡᠵᠦ᠂ ᠬᠥᠭᠵᠢᠯᠲᠡ ᠶᠢᠨ ᠬᠡᠪᠴᠢᠶ᠎ᠡ ᠶᠢ ᠰᠦᠪᠡᠭᠴᠢᠯᠡᠵᠦ᠂ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠬᠥᠭᠵᠢᠯᠲᠡ ᠶᠢᠨ ᠠᠷᠭ᠎ᠠ ᠵᠠᠮ ᠢ ᠣᠨᠣᠪᠴᠢᠲᠠᠢ ᠡᠷᠢᠵᠦ᠂ ᠲᠠᠪᠤᠨ ᠶᠡᠭᠡ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠠᠷᠪᠠᠨ ᠠᠵᠤ ᠦᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠵᠦ᠂ ᠲᠠᠪᠤᠨ ᠶᠡᠭᠡ ᠠᠵᠤ ᠦᠢᠯᠡᠰ ᠤᠨ ᠪᠦᠯᠦᠭᠵᠢᠯ ᠢ ᠪᠠᠶᠢᠭᠤᠯᠵᠤ᠂ ᠠᠵᠤ ᠠᠬᠤᠢ ᠶᠢᠨ ᠰᠠᠭᠤᠷᠢ ᠶᠢ ᠲᠠᠰᠤᠷᠠᠯᠲᠠ ᠦᠭᠡᠢ ᠴᠢᠩᠭᠠᠳᠬᠠᠵᠤ᠂ ᠶᠡᠷᠦᠩᠬᠡᠶᠢᠯᠡᠭᠰᠡᠨ ᠪᠣᠳᠠᠲᠤ ᠬᠦᠴᠦᠨ ᠢ ᠴᠢᠩᠭᠠᠳᠬᠠᠬᠤ ᠬᠡᠷᠡᠭᠲᠡᠢ᠃ ᠤᠯᠤᠰ ᠤᠨ ᠬᠤᠷᠸ᠎ᠠ ᠠᠵᠤ ᠠᠬᠤᠶ ᠶᠢᠨ ᠲᠥᠷᠥ ᠶᠢᠨ ᠪᠣᠳᠣᠯᠭ᠎ᠠ ᠶᠢᠨ ᠬᠠᠨᠳᠤᠰᠢ ᠬᠢᠭᠡᠳ ᠤᠯᠠᠭᠠᠨᠴᠠᠪ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠤᠶᠠᠯᠳᠤᠯ ᠤᠨ ᠴᠡᠭ ᠢ ᠣᠨᠣᠪᠴᠢᠲᠠᠶ ᠡᠷᠢᠨ ᠣᠯᠵᠤ᠂ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠢ ᠡᠷᠲᠡᠬᠡᠨ ᠲᠥᠯᠥᠪᠯᠡᠵᠦ᠂ ᠰᠢᠨᠵᠢᠯᠡᠬᠦ ᠤᠬᠠᠭᠠᠨᠴᠢ ᠪᠠᠷ ᠨᠡᠭᠡᠭᠡᠨ ᠬᠥᠭᠵᠢᠭᠦᠯᠵᠦ᠂ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠤᠯᠠᠭᠠᠨᠴᠠᠪ ᠤᠨ ᠬᠥᠭᠵᠢᠯᠲᠡ ᠶᠢ ᠳᠥᠯᠭᠢᠨ ᠠᠬᠢᠭᠤᠯᠬᠤ ᠬᠥᠳᠡᠯᠭᠡᠬᠦ ᠬᠦᠴᠦᠨ ᠪᠠ ᠴᠡᠪᠡᠷ ᠠᠰᠢᠭ ᠪᠣᠯᠭᠠᠨ ᠦᠨᠡᠨ ᠬᠦ ᠬᠤᠪᠢᠷᠠᠭᠤᠯᠬᠤ ᠬᠡᠷᠡᠭᠲᠡᠶ᠃ ᠨᠠᠮ ᠤᠨ ᠠᠵᠤ ᠠᠬᠤᠢ ᠶᠢᠨ ᠠᠵᠢᠯ ᠳᠠᠬᠢ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠲᠥᠪ ᠤᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠳᠠᠩᠰᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠪᠦᠬᠦ ᠵᠢᠯ ᠤᠨ ᠬᠠᠷᠠᠯᠲᠠ ᠡᠭᠦᠷᠭᠡ ᠲᠠᠢ ᠬᠠᠷᠢᠴᠠᠭᠤᠯᠵᠤ᠂ ᠵᠥᠷᠢᠶ᠎ᠡ ᠪᠠᠨ ᠡᠷᠢᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠨᠡ ᠵᠢᠯ  ᠢᠶᠠᠨ ᠠᠮᠵᠢᠯᠲᠠ ᠲᠠᠢ ᠦᠳᠡᠵᠦ᠂ ᠢᠷᠡᠬᠦ ᠵᠢᠯ ᠢᠶᠠᠨ ᠰᠠᠶᠢᠨ ᠡᠬᠢᠯᠡᠭᠦᠯᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠯ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠪᠦᠬᠦ ᠬᠤᠳᠠ ᠶᠢᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠪᠤᠳᠤᠯ ᠢᠶᠠᠨ ᠦᠨᠡᠨᠬᠦ ᠴᠢᠩᠭᠠᠳᠬᠠᠵᠤ᠂ ᠡᠷᠡᠰ ᠵᠣᠷᠢᠭ᠂ ᠬᠦᠴᠦᠲᠡᠢ ᠠᠷᠭ᠎ᠠ ᠬᠡᠮᠵᠢᠶ᠎ᠡ᠂ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠬᠤ ᠬᠡᠷᠡᠭᠲᠡᠢ᠃ ᠭᠤᠣᠯᠳᠠᠯᠭ᠎ᠠ ᠶᠢ ᠳᠤᠪᠤᠶᠢᠯᠭᠠᠵᠤ᠂ ᠭᠤᠣᠯ ᠨᠠᠭᠤᠷ ᠤᠨ ᠤᠰᠤᠨ ᠤ ᠠᠮᠢ ᠠᠬᠤᠢ ᠳᠤ ᠠᠩᠬᠠᠷᠤᠯ ᠢᠶᠠᠨ ᠲᠥᠪᠯᠡᠷᠡᠭᠦᠯᠦᠨ ᠶᠡᠷᠦᠩᠬᠡᠶᠢᠯᠡᠨ ᠵᠠᠰᠠᠬᠤ ᠶᠢ ᠠᠳᠬᠤᠵᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠳᠤ ᠠᠩᠬᠠᠷᠤᠯ ᠢᠶᠠᠨ ᠲᠥᠪᠯᠡᠷᠡᠭᠦᠯᠦᠨ ᠠᠭᠠᠷ ᠤᠨ ᠶᠠᠰᠤ ᠴᠢᠨᠠᠷ ᠤᠨ ᠪᠠᠲᠤᠯᠠᠭ᠎ᠠ ᠶᠢ ᠠᠳᠬᠤᠵᠤ᠂ ᠠᠰᠠᠭᠤᠳᠠᠯ ᠤᠨ ᠳᠤᠲᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠠᠳᠬᠤᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃      ᠬᠤᠷᠠᠯ ᠠᠴᠠ ᠪᠠᠰᠠ 2022 ᠣᠨ ᠤ ᠪᠡᠭᠡᠵᠢᠩ ᠤᠨ ᠡᠪᠦᠯ ᠤᠨ ᠣᠯᠢᠮᠫᠢᠺ ᠤᠨ ᠴᠤᠭᠯᠠᠭᠠᠨ᠂ ᠡᠪᠦᠯ ᠤᠨ ᠵᠡᠮᠳᠡᠭᠴᠦᠳ ᠤᠨ ᠣᠯᠢᠮᠫᠢᠺ ᠤᠨ ᠴᠤᠭᠯᠠᠭᠠᠨ ᠤ ᠠᠮᠤᠷ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠪᠠ ᠲᠥᠪ ᠤᠨ ᠨᠠᠢᠮᠠᠨ ᠵᠣᠷᠪᠣᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠶ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2