︽ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠰᠢᠷᠢᠰ ᠮᠡᠳᠡᠭᠡᠯᠡᠯ ︵ᠠᠷᠪᠠᠨ ᠳᠤᠯᠤᠭ᠎ᠠ︶
ᠨᠡᠶᠢᠲᠡᠯᠡᠭᠰᠡᠨ ᠴᠠᠭ᠄
2021/12/17
    ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠤᠮᠳᠠ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ ︾ ᠠᠵᠢᠯᠯᠠᠭ᠎ᠠ ᠥᠷᠨᠢᠭᠦᠯᠬᠦ ᠲᠤᠬᠠᠶ ᠨᠠᠮ ᠤᠨ ᠲᠥᠪ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ ᠂ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠢᠨ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ᠂ ᠬᠡᠷᠡᠭᠴᠡᠭᠡ ᠱᠠᠭᠠᠷᠳᠠᠯᠭ᠎ᠠ ᠶᠢ ᠠᠷᠠᠳ ᠠᠴᠠ ᠠᠰᠠᠭᠤᠬᠤ᠂ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠬᠤ ︽ᠭᠤᠷᠪᠠ ᠶᠢ ᠠᠰᠠᠭᠤᠬᠤ︾ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠨᠡᠶᠢᠭᠡᠮ ᠤᠨ ᠡᠯ᠎ᠡ ᠡᠲᠡᠭᠡᠳ ᠪᠠ ᠥᠷᠭᠡᠨ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠠᠰᠠᠭᠤᠳᠠᠯ ᠤᠨ ᠨᠠᠷᠢᠨ ᠲᠠᠩᠰᠠ ᠶᠢ ᠬᠤᠷᠢᠶᠠᠩᠭᠤᠶᠢᠯᠠᠨ ᠡᠮᠬᠢᠯᠡᠵᠦ᠂ ᠡᠭᠦᠨ ᠤ ᠤᠯᠠᠮ ᠠᠴᠠ ᠣᠯᠠᠨ ᠲᠦᠮᠡᠨ ᠳᠤ ᠪᠣᠳᠠᠲᠠᠶ ᠶᠠᠪᠤᠳᠠᠯ ᠬᠢᠬᠦ ᠶᠢᠨ ︽ᠭᠤᠷᠪᠠ ᠶᠢ ᠠᠰᠠᠭᠤᠬᠤ︾ ᠦᠢᠯᠡᠴᠢᠯᠡᠭᠡᠨ ᠤ ᠵᠦᠢᠯᠡᠰ ᠤᠨ ᠨᠠᠷᠢᠨ ᠲᠠᠩᠰᠠ ᠶᠢ ᠲᠣᠭᠲᠠᠭᠠᠭᠰᠠᠨ ᠪᠠᠶᠢᠨ᠎ᠠ᠃ ᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠨᠡᠶᠢᠭᠡᠮ ᠲᠠᠶᠠᠭᠠᠷ ᠲᠤ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠦᠢᠯᠡᠳᠦᠯᠭᠡ ᠶᠢᠨ ᠠᠵᠢᠯᠯᠠᠭᠠᠨ ᠤ ᠦᠢᠯᠡᠴᠢᠯᠡᠭᠡᠨ ᠤ ᠵᠦᠢᠯᠡᠰ ᠤᠨ ᠨᠠᠷᠢᠨ ᠳᠠᠩᠰᠠ ᠪᠠ ᠠᠰᠠᠭᠤᠳᠠᠯ ᠢ ᠰᠢᠢᠳᠪᠦᠷᠢᠯᠡᠭᠰᠡᠨ ᠦᠷ᠎ᠡ ᠳ᠋ᠦᠩ ᠢ ᠨᠡᠶᠢᠲᠡᠯᠡᠵᠦ᠂ ᠠᠷᠠᠳ ᠣᠯᠠᠨ ᠤ ᠬᠢᠨᠠᠯᠲᠠ ᠪᠠ ᠦᠨᠡᠯᠡᠯᠲᠡ ᠶᠢ ᠤᠬᠠᠮᠰᠠᠷ ᠠᠴᠠ ᠪᠠᠨ ᠬᠦᠯᠢᠶᠡᠬᠦ ᠪᠤᠯᠤᠨ᠎ᠡ᠃     ︽ᠭᠤᠷᠪᠠ ᠶᠢ ᠠᠰᠠᠭᠤᠬᠤ︾ ᠠᠵᠢᠯᠯᠠᠭ᠎ᠠ ᠶᠢᠨ ᠠᠰᠠᠭᠤᠳᠠᠯ ᠤᠨ ᠨᠠᠷᠢᠨ ᠲᠠᠩᠰᠠ    1. ᠵᠢᠨᠢᠩ ᠲᠣᠭᠤᠷᠢᠭ ᠤᠨ ᠸᠠᠨ ᠳ᠋ᠠ ᠶᠢᠨ ᠵᠢᠶᠧ ᠵᠡᠭᠡᠯᠢ ᠶᠢᠨ ᠬᠤᠳᠠᠯᠳᠤᠭᠠᠨ ᠤ ᠫᠦᠰᠡ ᠶᠢᠨ ᠳᠤᠯᠠᠭᠠᠯᠠᠭ᠎ᠠ ᠶᠢᠨ ᠲᠥᠬᠦᠭᠡᠷᠦᠮᠵᠢ ᠨᠢ ᠲᠡᠭᠦᠯᠳᠡᠷ ᠪᠤᠰᠤ ᠠᠴᠠ ᠪᠣᠯᠵᠣ᠂ ᠬᠡᠪ ᠤᠨ ᠪᠠᠶᠢᠳᠠᠯ ᠢᠶᠠᠷ ᠳᠤᠯᠠᠭᠠᠯᠠᠭ᠎ᠠ ᠬᠠᠩᠭᠠᠵᠤ ᠳᠡᠶᠢᠯᠬᠦ ᠥᠬᠡᠶ ᠪᠠᠶᠢᠨ᠎ᠠ᠃ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠲᠦᠷᠭᠡᠬᠡᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃    2. ᠵᠢᠨᠢᠩ ᠲᠣᠭᠤᠷᠢᠭ ᠤᠨ ᠮᠠᠨᠳᠠ ᠵᠡᠭᠦᠨ ᠵᠡᠭᠡᠯᠢ ᠪᠣᠯᠤᠨ ᠶᠢᠩ ᠪᠢᠨ ᠶᠡᠭᠡ ᠵᠠᠮ ᠤᠨ ᠠᠭᠤᠯᠵᠠᠷ ᠲᠤ ᠵᠠᠮ ᠬᠠᠷᠢᠯᠴᠠᠭᠠᠨ ᠤ ᠳᠣᠬᠢᠶᠠᠨ ᠳ᠋ᠧᠩ ᠪᠠᠶᠢᠬᠤ ᠥᠬᠡᠶ᠂ ᠲᠡᠷᠭᠡ ᠥᠩᠭᠡᠷᠡᠬᠦ ᠦᠶ᠎ᠡ ᠳᠤ ᠠᠮᠤᠷ ᠲᠦᠪᠰᠢᠨ ᠤ ᠬᠡᠮ ᠰᠤᠭᠤᠭ ᠣᠷᠣᠰᠢᠵᠤ ᠪᠠᠶᠢᠨ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠲᠦᠷᠭᠡᠬᠡᠨ ᠪᠠᠶᠢᠷᠢᠯᠠᠭᠤᠯᠬᠤ ᠶᠢ ᠬᠦᠰᠡᠵᠦ ᠪᠠᠶᠢᠨ᠎ᠠ᠃    3. ᠵᠢᠨᠢᠩ ᠲᠣᠭᠤᠷᠢᠭ ᠤᠨ ᠴᠠᠬᠠᠷ ᠪᠠᠷᠠᠭᠤᠨ ᠵᠡᠭᠡᠯᠢ ᠶᠢᠨ ᠵᠢᠩ ᠮᠤᠤ ᠷᠦᠩ ᠴᠧᠩ ᠰᠠᠭᠤᠭᠠᠯᠢ ᠲᠣᠭᠤᠷᠢᠭ ᠤᠨ ᠤᠢᠢᠷ᠎ᠠ ᠬᠠᠪᠢ ᠶᠢᠨ ᠬᠤᠭ ᠨᠣᠪᠰᠢ ᠪᠤᠯᠠᠬᠤ ᠭᠠᠵᠠᠷ ᠲᠤ ᠢᠯᠵᠢᠷᠡᠨ ᠦᠮᠡᠬᠡᠶᠢᠷᠡᠭᠰᠡᠨ ᠦᠨᠦᠷ ᠬᠠᠩᠬᠤᠯᠵᠤ᠂ ᠰᠠᠭᠤᠭᠠᠯᠢ ᠠᠷᠠᠳ ᠤᠨ ᠬᠡᠪ ᠤᠨ ᠠᠮᠢᠳᠤᠷᠠᠯ ᠢ ᠨᠥᠯᠥᠭᠡᠯᠡᠵᠦ ᠪᠠᠶᠢᠨ᠎ᠠ᠂ ᠡᠭᠦᠨ ᠢ ᠰᠢᠢᠳᠪᠦᠷᠢᠯᠡᠬᠦ ᠶᠢ ᠬᠦᠰᠡᠵᠦ ᠪᠠᠶᠢᠨ᠎ᠠ᠃    4. ᠵᠢᠨᠢᠩ ᠲᠣᠭᠤᠷᠢᠭ ᠤᠨ ᠲᠤᠸᠠᠨ ᠵᠢᠶᠧ ᠵᠠᠮ ᠤᠨ ᠰᠢᠤᠳᠠᠨ ᠤ ᠰᠠᠭᠤᠭᠠᠯᠢ ᠲᠣᠭᠤᠷᠢᠭ ᠤᠨ ᠪᠤᠵᠠᠷ ᠤᠰᠤᠨ ᠤ ᠬᠤᠳᠳᠤᠭ ᠨᠢ ᠤᠳᠠᠭᠠᠨ ᠵᠢᠯ ᠪᠥᠭᠯᠡᠷᠡᠵᠦ᠂ ᠪᠣᠵᠠᠷ ᠤᠰᠤ ᠨᠡᠪᠲᠡᠷᠡᠬᠦ ᠥᠬᠡᠶ ᠪᠢᠯᠬᠠᠭᠠᠳ᠂ ᠰᠠᠭᠤᠭᠠᠯᠢ ᠠᠷᠠᠳ ᠤᠨ ᠬᠡᠪ ᠤᠨ ᠠᠮᠢᠳᠤᠷᠠᠯ ᠢ ᠨᠥᠯᠥᠭᠡᠯᠡᠵᠦ ᠪᠠᠶᠢᠨ᠎ᠠ᠃    5. ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠥᠸᠧ ᠵᠢᠶᠤᠸᠠᠢ ᠬᠤᠸᠠ ᠶᠤᠸᠠᠨ ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠭᠠᠵᠠᠷ ᠰᠠᠭᠤᠭᠠᠯᠢ ᠠᠷᠠᠳ ᠤᠨ ᠴᠠᠬᠢᠯᠭᠠᠨ ᠤ ᠰᠦᠢᠳᠬᠡᠯ ᠢ ᠬᠤᠷᠢᠶᠠᠭᠰᠠᠨ ᠤ ᠳᠠᠷᠠᠭ᠎ᠠ ᠴᠠᠬᠢᠯᠭᠠᠨ ᠤ ᠦᠢᠯᠡᠰ ᠤᠨ ᠲᠣᠪᠴᠢᠶ᠎ᠠ ᠳᠤ ᠲᠤᠰᠢᠶᠠᠭᠰᠠᠨ ᠥᠬᠡᠶ ᠠᠴᠠ ᠪᠣᠯᠵᠣ᠂ ᠰᠠᠭᠤᠭᠠᠯᠢ ᠲᠣᠭᠤᠷᠢᠭ ᠤᠨ ᠬᠢᠨ ᠦᠷᠭᠦᠯᠵᠢ ᠴᠠᠬᠢᠯᠭᠠᠨ ᠲᠠᠰᠤᠷᠠᠵᠤ ᠪᠠᠶᠢᠨ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠤ ᠴᠠᠬᠢᠯᠭᠠᠨ ᠬᠡᠷᠡᠭᠯᠡᠬᠦ ᠠᠰᠠᠭᠤᠳᠠᠯ ᠢ ᠱᠠᠯᠠᠪᠳᠠᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃    6. ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠯᠦ ᠢᠦᠶ ᠵᠠᠮ ᠬᠠᠷᠢᠯᠴᠠᠭᠠᠨ ᠤ ᠲᠥᠬᠦᠭᠡᠷᠦᠮᠵᠢ ᠶᠢᠨ ᠬᠢᠵᠠᠭᠠᠷᠲᠤ ᠺᠣᠮᠫᠠᠨᠢ ᠣᠷᠳᠣ ᠬᠤᠭᠤᠴᠠᠭ᠎ᠠ ᠪᠠᠷ ᠠᠵᠢᠯᠲᠠᠨ ᠠᠵᠢᠯᠴᠢᠨ ᠲᠠᠢ ᠪᠠᠨ ᠦᠰᠦᠭ ᠪᠢᠴᠢᠭ ᠤᠨ ᠬᠥᠳᠡᠯᠮᠦᠷᠢ ᠶᠢᠨ ᠭᠡᠷ᠎ᠡ ᠲᠣᠭᠲᠠᠬᠤ ᠥᠬᠡᠶ ᠪᠠᠶᠢᠨ᠎ᠠ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠣᠷᠣᠯᠴᠠᠵᠤ ᠲᠦᠷᠭᠡᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃    7. ᠵᠦᠸᠧᠽᠢ ᠰᠢᠶᠠᠨ ᠤ ᠴᠢ ᠰᠢᠶᠠ ᠶᠢᠩ ᠳᠤᠮᠳᠠᠳᠤ ᠰᠤᠷᠭᠠᠭᠤᠯᠢ ᠶᠢᠨ ᠬᠤᠭᠤᠯᠠᠨ ᠭᠡᠷ ᠤᠨ ᠬᠤᠭᠤᠯᠠ ᠪᠤᠳᠠᠭᠠᠨ ᠤ ᠶᠠᠰᠤ ᠴᠢᠨᠠᠷ ᠪᠠᠷᠤᠭᠲᠠᠶ᠂ ᠦᠨ᠎ᠡ ᠬᠠᠩᠰᠢ ᠥᠨᠳᠥᠷ᠂ ᠰᠢᠮ᠎ᠡ ᠲᠡᠵᠢᠭᠡᠯ ᠤᠨ ᠲᠣᠬᠢᠷᠠᠭᠤᠯᠤᠯᠲᠠ ᠲᠡᠩᠴᠡᠭᠦᠷᠢ ᠦᠭᠡᠶ ᠪᠠᠶᠢᠨ᠎ᠠ᠂ ᠡᠭᠦᠨ ᠢ ᠭᠤᠤᠯᠳᠠᠨ ᠬᠠᠮᠢᠶᠠᠷᠬᠤ ᠰᠠᠯᠠᠭ᠎ᠠ ᠮᠥᠴᠢᠷ ᠠᠴᠠ ᠲᠦᠷᠭᠡᠬᠡᠨ ᠰᠢᠢᠳᠪᠦᠷᠢᠯᠡᠵᠦ᠂ ᠰᠤᠷᠤᠭᠴᠢᠳ ᠤᠨ ᠰᠢᠮ᠎ᠡ ᠲᠡᠵᠢᠭᠡᠯ ᠤᠨ ᠬᠡᠷᠡᠭᠴᠡᠭᠡ ᠶᠢ ᠪᠠᠲᠤᠯᠠᠬᠤ ᠶᠢ ᠬᠦᠰᠡᠵᠦ ᠪᠠᠶᠢᠨ᠎ᠠ᠃    8. ᠯᠢᠶᠠᠩᠴᠧᠩ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠣᠶᠢᠷ᠎ᠠ ᠬᠠᠪᠢ ᠶᠢᠨ ᠣᠯᠠᠩᠬᠢ ᠨᠡᠶᠢᠲᠡ ᠶᠢᠨ ᠬᠡᠷᠡᠭᠯᠡᠭᠡᠨ ᠤ ᠲᠡᠷᠭᠡ ᠵᠤᠭᠰᠤᠭᠠᠯ ᠢ ᠭᠠᠷ ᠳᠠᠮᠵᠢᠯᠭ᠎ᠠ ᠶᠢᠨ ᠲᠡᠷᠭᠡᠨ ᠬᠤᠳᠠᠯᠳᠤᠭᠠᠴᠢᠨ ᠡᠵᠡᠯᠡᠨ ᠬᠡᠷᠡᠭᠯᠡᠵᠦ᠂ ᠡᠷᠭᠢᠨ ᠲᠣᠭᠤᠷᠢᠨ ᠤ ᠰᠠᠭᠤᠭᠠᠯᠢ ᠠᠷᠠᠳ ᠲᠡᠷᠭᠡ ᠵᠣᠭᠰᠣᠭᠠᠬᠤ ᠳᠤ ᠬᠦᠴᠢᠷᠲᠡᠶ ᠪᠠᠶᠢᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠦᠷᠭᠡᠬᠡᠨ ᠴᠡᠭᠴᠡᠯᠡᠨ ᠵᠠᠰᠠᠬᠤ ᠶᠢ ᠬᠦᠰᠡᠵᠦ ᠪᠠᠶᠢᠨ᠎ᠠ᠃    9. ᠰᠢᠩ ᠾᠧ ᠰᠢᠶᠠᠨ ᠤ ᠢᠦᠶ ᠹᠦ᠋ ᠵᠢᠩ ᠫᠢᠨ ᠰᠠᠭᠤᠭᠠᠯᠢ ᠲᠣᠭᠤᠷᠢᠭ ᠤᠨ ᠰᠠᠭᠤᠭᠠᠯᠢ ᠡᠷᠦᠬᠡ ᠠᠳᠠᠯ ᠠᠬᠤᠶ ᠭᠠᠵᠠᠷ ᠲᠤ ᠢᠯᠴᠢ ᠬᠠᠩᠭᠠᠬᠤ ᠰᠦᠢᠳᠬᠡᠯ ᠲᠤᠰᠢᠶᠠᠬᠤ ᠦᠶ᠎ᠡ ᠳᠤ᠂ ᠠᠳᠠᠯ ᠠᠬᠤᠶ ᠶᠢᠨ ᠬᠢᠨ ᠠᠯᠪᠠᠳᠠᠯᠭ᠎ᠠ ᠪᠠᠷ ᠬᠤᠶᠠᠳᠠᠬᠢ ᠵᠢᠯ ᠤᠨ ᠠᠳᠠᠯ ᠠᠬᠤᠶ ᠶᠢᠨ  ᠰᠦᠢᠳᠬᠡᠯ ᠢ ᠨᠡᠶᠢᠯᠡᠭᠦᠯᠦᠨ ᠬᠤᠷᠢᠶᠠᠵᠤ ᠪᠠᠶᠢᠨ᠎ᠠ᠂ ᠭᠤᠤᠯᠳᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠮᠢᠶ᠎ᠠ ᠪᠥᠬᠦᠶ ᠲᠣᠭᠲᠠᠭᠠᠯ ᠶᠣᠰᠣᠭᠠᠷ ᠬᠢᠨᠠᠨ ᠬᠠᠷᠭᠤᠭᠤᠯᠵᠤ ᠰᠢᠢᠳᠪᠦᠷᠢᠯᠡᠬᠦ ᠶᠢ ᠬᠦᠰᠡᠵᠦ ᠪᠠᠶᠢᠨ᠎ᠠ᠃    10. ᠬᠤᠸᠠᠳᠧ ᠰᠢᠶᠠᠨ ᠤ ᠰᠢᠩ ᠱᠧᠨ ᠢᠯᠴᠢ ᠶᠢᠨ ᠬᠦᠴᠦᠨ ᠤ ᠺᠣᠮᠫᠠᠨᠢ ᠬᠡᠷᠡᠭᠯᠡᠭᠴᠢ ᠲᠠᠢ ᠢᠯᠴᠢ ᠬᠡᠷᠡᠭᠯᠡᠬᠦ ᠬᠡᠯᠡᠯᠴᠡᠭᠡᠷ ᠲᠣᠭᠲᠠᠬᠤ ᠳᠤ ᠵᠦᠶ ᠵᠣᠬᠢᠰ ᠥᠬᠡᠶ ᠵᠦᠢᠯ ᠵᠤᠷᠪᠤᠰ ︵ᠡᠨᠡ ᠡᠪᠦᠯ ᠤᠨ ᠭᠡᠷ ᠳᠤᠳᠤᠷᠡᠬᠢ ᠳᠤᠯᠠᠭᠠᠨ ᠤ ᠬᠡᠮᠵᠢᠶ᠎ᠡ ᠶᠢ ᠵᠥᠪᠬᠡᠨ 16 — 18 ᠭᠷᠠᠳᠦ᠋ᠰ ᠲᠤ ᠬᠦᠷᠬᠦ ᠠᠯᠪᠠᠳᠠᠯᠭ᠎ᠠ ᠶᠢᠨ ᠭᠡᠷ᠎ᠡ ᠲᠤᠭᠲᠠᠬᠤ︶ ᠣᠷᠣᠰᠢᠵᠤ ᠪᠠᠶᠢᠨ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠬᠢᠨᠠᠨ ᠬᠠᠷᠭᠤᠭᠤᠯᠵᠤ  ᠰᠢᠢᠳᠪᠦᠷᠢᠯᠡᠬᠦ ᠶᠢ ᠬᠦᠰᠡᠵᠦ ᠪᠠᠶᠢᠨ᠎ᠠ᠃     ︽ᠭᠤᠷᠪᠠ ᠶᠢ ᠠᠰᠠᠭᠤᠬᠤ︾ ᠠᠵᠢᠯᠯᠠᠭ᠎ᠠ ᠶᠢᠨ ᠠᠰᠠᠭᠤᠳᠠᠯ ᠤᠨ ᠨᠠᠷᠢᠨ ᠳᠠᠩᠰᠠ ᠶᠢ ᠰᠢᠢᠳᠪᠦᠷᠢᠯᠡᠭᠰᠡᠨ ᠪᠠᠶᠢᠳᠠᠯ    1. ᠵᠢᠨᠢᠩ ᠲᠣᠭᠤᠷᠢᠭ ᠤᠨ ᠸᠠᠨ ᠳ᠋ᠠ ᠶᠢᠨ ᠵᠢᠶᠧ ᠵᠡᠭᠡᠯᠢ ᠶᠢᠨ ᠬᠤᠳᠠᠯᠳᠤᠭᠠᠨ ᠤ ᠫᠦᠰᠡ ᠶᠢᠨ ᠳᠤᠯᠠᠭᠠᠯᠠᠭ᠎ᠠ ᠶᠢᠨ ᠲᠥᠬᠦᠭᠡᠷᠦᠮᠵᠢ ᠨᠢ ᠲᠡᠭᠦᠯᠳᠡᠷ ᠪᠤᠰᠤ ᠠᠴᠠ ᠪᠣᠯᠵᠣ᠂ ᠬᠡᠪ ᠤᠨ ᠪᠠᠶᠢᠳᠠᠯ ᠢᠶᠠᠷ ᠳᠤᠯᠠᠭᠠᠯᠠᠭ᠎ᠠ ᠬᠠᠩᠭᠠᠵᠤ ᠳᠡᠶᠢᠯᠬᠦ ᠥᠬᠡᠶ ᠪᠠᠶᠢᠨ᠎ᠠ᠃ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠲᠦᠷᠭᠡᠬᠡᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ  ᠦᠢᠯᠡᠴᠢᠯᠡᠭᠡᠨ ᠤ ᠲᠥᠪ ᠠᠴᠠ ᠢᠯᠴᠢ ᠬᠠᠩᠭᠠᠬᠤ ᠲᠥᠬᠦᠭᠡᠷᠦᠮᠵᠢ ᠶᠢ ᠲᠤᠷᠰᠢᠨ ᠰᠡᠯᠪᠢᠵᠦ᠂ ᠲᠣᠰ ᠣᠷᠣᠨ ᠲᠣᠭᠤᠷᠢᠭ ᠤᠨ ᠬᠤᠳᠠᠯᠳᠤᠭᠠᠨ ᠤ ᠳᠡᠯᠭᠡᠭᠦᠷ ᠲᠤ ᠣᠲᠣᠬᠠᠨ ᠳᠤ ᠨᠢᠭᠡᠨᠲᠡ ᠬᠡᠪ ᠤᠨ ᠪᠠᠶᠢᠳᠠᠯ ᠢᠶᠠᠷ ᠳᠤᠯᠠᠭᠠᠯᠠᠭ᠎ᠠ ᠬᠠᠩᠭᠠᠵᠤ ᠪᠠᠶᠢᠨ᠎ᠠ᠃ ︵ᠳᠠᠭᠠᠭᠠᠨ ᠭᠦᠢᠴᠡᠳᠬᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶     2. ᠵᠢᠨᠢᠩ ᠲᠣᠭᠤᠷᠢᠭ ᠤᠨ ᠮᠠᠨᠳᠠ ᠵᠡᠭᠦᠨ ᠵᠡᠭᠡᠯᠢ ᠪᠣᠯᠤᠨ ᠶᠢᠩ ᠪᠢᠨ ᠶᠡᠭᠡ ᠵᠠᠮ ᠤᠨ ᠠᠭᠤᠯᠵᠠᠷ ᠲᠤ ᠵᠠᠮ ᠬᠠᠷᠢᠯᠴᠠᠭᠠᠨ ᠤ ᠳᠣᠬᠢᠶᠠᠨ ᠳ᠋ᠧᠩ ᠪᠠᠶᠢᠬᠤ ᠥᠬᠡᠶ᠂ ᠲᠡᠷᠭᠡ ᠥᠩᠭᠡᠷᠡᠬᠦ ᠦᠶ᠎ᠡ ᠳᠤ ᠠᠮᠤᠷ ᠲᠦᠪᠰᠢᠨ ᠤ ᠭᠡᠮ ᠰᠤᠭᠤᠬ ᠣᠷᠣᠰᠢᠵᠤ ᠪᠠᠶᠢᠨ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠲᠦᠷᠭᠡᠬᠡᠨ ᠪᠠᠶᠢᠷᠢᠯᠠᠭᠤᠯᠬᠤ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠠᠴᠠ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠪᠣᠳᠠᠲᠠᠶ ᠭᠠᠵᠠᠷ ᠲᠤᠨᠢ ᠬᠠᠶᠢᠨ ᠪᠠᠶᠢᠴᠠᠭᠠᠯᠲᠠ ᠬᠢᠬᠦ ᠶᠢ ᠳᠠᠭᠠᠭᠠᠯᠭᠠᠭᠰᠠᠨ ᠪᠠᠶᠢᠨ᠎ᠠ᠂ ᠲᠤᠰ ᠵᠠᠮ ᠤᠨ ᠠᠭᠤᠯᠵᠠᠷ ᠤᠨ ᠲᠤᠭᠤᠷᠢᠯ ᠵᠠᠮ ᠤᠨ ᠲᠠᠯᠠᠪᠠᠶ ᠨᠢ ᠨᠡᠯᠢᠶᠡᠳ ᠶᠡᠭᠡ ᠪᠣᠯᠬᠤᠷ ᠵᠠᠮ ᠤᠨ ᠠᠭᠤᠯᠵᠠᠷ ᠪᠣᠯᠭᠠᠨ ᠳᠤ ᠳᠣᠬᠢᠶᠠᠨ ᠳ᠋ᠧᠩ ᠲᠠᠭᠠᠷᠠᠭᠤᠯᠬᠤ ᠴᠢᠬᠤᠯᠠᠳᠠᠢ᠂ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠣᠳᠣ ᠶᠠᠭ ᠭᠦᠢᠴᠡᠳᠬᠡᠵᠦ ᠪᠠᠶᠢᠨ᠎ᠠ᠂ ᠵᠢᠱᠢᠯᠲᠡ ᠪᠠᠷ 2021 ᠣᠨ ᠤ 12 ᠰᠠᠷ᠎ᠠ ᠶᠢᠨ ᠰᠡᠭᠦᠯᠴᠢ ᠪᠠᠷ ᠠᠵᠢᠯ ᠳᠠᠭᠤᠰᠬᠠᠨ᠎ᠠ᠃ ︵ᠳᠠᠭᠠᠭᠠᠨ ᠭᠦᠢᠴᠡᠳᠬᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶     3. ᠵᠢᠨᠢᠩ ᠲᠣᠭᠤᠷᠢᠭ ᠤᠨ ᠴᠠᠬᠠᠷ ᠤᠨ ᠪᠠᠷᠠᠭᠤᠨ ᠵᠡᠭᠡᠯᠢ ᠶᠢᠨ ᠵᠢᠩ ᠮᠤᠤ ᠷᠦᠩ ᠴᠧᠩ ᠰᠠᠭᠤᠭᠠᠯᠢ ᠲᠣᠭᠤᠷᠢᠭ ᠤᠨ ᠤᠢᠢᠷ᠎ᠠ ᠬᠠᠪᠢ ᠶᠢᠨ ᠬᠤᠭ ᠨᠣᠪᠰᠢ ᠪᠤᠯᠠᠬᠤ ᠭᠠᠵᠠᠷ ᠲᠤ ᠢᠯᠵᠢᠷᠡᠨ ᠦᠮᠡᠬᠡᠶᠢᠷᠡᠭᠰᠡᠨ ᠦᠨᠦᠷ ᠬᠠᠩᠬᠤᠯᠵᠤ᠂ ᠰᠠᠭᠤᠭᠠᠯᠢ ᠠᠷᠠᠳ ᠤᠨ ᠬᠡᠪ ᠤᠨ ᠠᠮᠢᠳᠤᠷᠠᠯ ᠢ ᠨᠥᠯᠥᠭᠡᠯᠡᠵᠦ ᠪᠠᠶᠢᠨ᠎ᠠ᠂ ᠡᠭᠦᠨ ᠢ ᠰᠢᠢᠳᠪᠦᠷᠢᠯᠡᠬᠦ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ᠨᠢᠭᠡᠨᠲᠡ ᠲᠣᠰ ᠭᠠᠵᠠᠷ ᠢ ᠰᠢᠷᠣᠶ ᠪᠠᠷ ᠪᠤᠯᠠᠬᠤ᠂ ᠳᠠᠷᠤᠰᠢᠭᠤᠯᠬᠤ᠂ ᠠᠷᠢᠭᠤᠳᠬᠠᠬᠤ ᠪᠠᠷ ᠲᠠᠮᠵᠢᠨ᠂ ᠦᠮᠡᠬᠡᠶ ᠦᠨᠦᠷ ᠢ ᠨᠢᠭᠡᠨᠲᠡ ᠠᠷᠢᠯᠭᠠᠵᠤ᠂ ᠰᠠᠭᠤᠭᠠᠯᠢ ᠲᠣᠭᠤᠷᠢᠭ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠪᠦᠲᠦᠮᠵᠢᠲᠡᠶ ᠰᠠᠶᠢᠵᠢᠷᠠᠭᠤᠯᠤᠭᠰᠠᠨ ᠪᠠᠶᠢᠨ᠎ᠠ᠃ ︵ᠳᠠᠭᠠᠭᠠᠨ ᠭᠦᠢᠴᠡᠳᠬᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶    4. ᠵᠢᠨᠢᠩ ᠲᠣᠭᠤᠷᠢᠭ ᠤᠨ ᠲᠤᠸᠠᠨ ᠵᠢᠶᠧ ᠵᠠᠮ ᠤᠨ ᠰᠢᠤᠳᠠᠨ ᠤ ᠰᠠᠭᠤᠭᠠᠯᠢ ᠲᠣᠭᠤᠷᠢᠭ ᠤᠨ ᠪᠣᠵᠠᠷ ᠤᠰᠤᠨ ᠤ ᠬᠤᠳᠳᠤᠭ ᠨᠢ ᠤᠳᠠᠭᠠᠨ ᠵᠢᠯ ᠪᠥᠭᠯᠡᠷᠡᠵᠦ᠂ ᠪᠣᠵᠠᠷ ᠤᠰᠤ ᠨᠡᠪᠲᠡᠷᠡᠬᠦ ᠥᠬᠡᠶ ᠪᠢᠯᠬᠠᠭᠠᠳ᠂ ᠰᠠᠭᠤᠭᠠᠯᠢ ᠠᠷᠠᠳ ᠤᠨ ᠬᠡᠪ ᠤᠨ ᠠᠮᠢᠳᠤᠷᠠᠯ ᠢ ᠨᠥᠯᠥᠭᠡᠯᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠨᠢᠭᠡᠨᠲᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠲᠣᠰ ᠰᠠᠭᠤᠭᠠᠯᠢ ᠲᠣᠭᠤᠷᠢᠭ ᠤᠨ ᠪᠣᠵᠠᠷ ᠤᠰᠤᠨ ᠤ ᠬᠤᠳᠳᠤᠭ ᠢ ᠨᠡᠪᠲᠡᠷᠡᠭᠦᠯᠬᠦ ᠶᠢ ᠳᠠᠭᠠᠭᠠᠯᠭᠠᠵᠤ᠂ ᠪᠣᠵᠠᠷ ᠤᠰᠤ ᠪᠢᠯᠬᠠᠷᠠᠨ ᠭᠠᠷᠬᠤ ᠠᠰᠠᠭᠤᠳᠠᠯ ᠢ ᠨᠢᠭᠡᠨᠲᠡ ᠰᠢᠢᠳᠪᠦᠷᠢᠯᠡᠪᠡ᠃ ︵ᠳᠠᠭᠠᠭᠠᠨ ᠭᠦᠢᠴᠡᠳᠬᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶    5. ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠥᠸᠧ ᠵᠢᠶᠦᠸᠡᠢ ᠬᠤᠸᠠ ᠶᠤᠸᠠᠨ ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠭᠠᠵᠠᠷ ᠰᠠᠭᠤᠭᠠᠯᠢ ᠠᠷᠠᠳ ᠤᠨ ᠴᠠᠬᠢᠯᠭᠠᠨ ᠤ ᠰᠦᠢᠳᠬᠡᠯ ᠢ ᠬᠤᠷᠢᠶᠠᠭᠰᠠᠨ ᠤ ᠳᠠᠷᠠᠭ᠎ᠠ ᠴᠠᠬᠢᠯᠭᠠᠨ ᠤ ᠦᠢᠯᠡᠰ ᠤᠨ ᠲᠣᠪᠴᠢᠶ᠎ᠠ ᠳᠤ ᠲᠤᠰᠢᠶᠠᠭᠰᠠᠨ ᠥᠬᠡᠶ ᠠᠴᠠ ᠪᠣᠯᠵᠣ᠂ ᠰᠠᠭᠤᠭᠠᠯᠢ ᠲᠣᠭᠤᠷᠢᠭ ᠲᠤ ᠦᠷᠭᠦᠯᠵᠢ ᠴᠠᠬᠢᠯᠭᠠᠨ ᠲᠠᠰᠤᠷᠠᠵᠤ ᠪᠠᠶᠢᠨ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠴᠠᠬᠢᠯᠭᠠᠨ ᠬᠡᠷᠡᠭᠯᠡᠬᠦ ᠠᠰᠠᠭᠤᠳᠠᠯ ᠢ ᠱᠠᠯᠠᠪᠳᠠᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠠᠴᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠲᠣᠰ ᠰᠠᠭᠤᠭᠠᠯᠢ ᠲᠣᠭᠤᠷᠢᠭ ᠤᠨ ᠴᠠᠬᠢᠯᠭᠠᠨ ᠬᠡᠮᠵᠢᠭᠦᠷ ᠢ ᠰᠣᠯᠢᠵᠤ ᠤᠭᠰᠠᠷᠠᠬᠤ ᠡᠭᠦᠷᠬᠡ ᠶᠢ ᠳᠠᠭᠠᠭᠠᠯᠭᠠᠵᠤ᠂ ᠵᠢᠱᠢᠯᠲᠡ ᠪᠠᠷ ᠰᠠᠷ᠎ᠠ ᠶᠢᠨ ᠰᠡᠭᠦᠯᠴᠢ ᠪᠠᠷ ᠰᠣᠯᠢᠵᠤ ᠳᠠᠭᠤᠰᠬᠠᠨ᠎ᠠ᠃ ︵ᠳᠠᠭᠠᠭᠠᠨ ᠭᠦᠢᠴᠡᠳᠬᠡᠬᠦ ᠨᠢᠭᠡᠴᠢ᠄ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ︶    6. ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠯᠦ ᠢᠦᠶ ᠵᠠᠮ ᠬᠠᠷᠢᠯᠴᠠᠭᠠᠨ ᠤ ᠲᠥᠬᠦᠭᠡᠷᠦᠮᠵᠢ ᠶᠢᠨ ᠬᠢᠵᠠᠭᠠᠷᠲᠤ ᠺᠣᠮᠫᠠᠨᠢ ᠣᠷᠳᠣ ᠬᠤᠭᠤᠴᠠᠭ᠎ᠠ ᠪᠠᠷ ᠠᠵᠢᠯᠲᠠᠨ ᠠᠵᠢᠯᠴᠢᠨ ᠲᠠᠢ ᠪᠠᠨ ᠦᠰᠦᠭ ᠪᠢᠴᠢᠭ ᠤᠨ ᠬᠥᠳᠡᠯᠮᠦᠷᠢ ᠶᠢᠨ ᠭᠡᠷ᠎ᠡ ᠲᠣᠭᠲᠠᠬᠤ ᠥᠬᠡᠶ ᠪᠠᠶᠢᠨ᠎ᠠ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠣᠷᠣᠯᠴᠠᠵᠤ ᠲᠦᠷᠭᠡᠬᠡᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠲᠣᠰ ᠺᠣᠮᠫᠠᠨᠢ ᠶᠢ ᠪᠥᠬᠦ ᠠᠵᠢᠯᠲᠠᠨ ᠠᠵᠢᠯᠴᠢᠨ ᠲᠠᠢ ᠪᠠᠨ ᠵᠢᠩᠬᠢᠨᠢ ᠬᠥᠳᠡᠯᠮᠦᠷᠢ ᠦᠢᠯᠡᠴᠢᠯᠡᠭᠡᠨ ᠤ ᠭᠡᠷ᠎ᠡ ᠲᠣᠭᠲᠠᠭᠠᠬᠤ ᠶᠢ ᠵᠠᠷᠯᠢᠭᠳᠠᠪᠠ᠃ ︵ᠳᠠᠭᠠᠭᠠᠨ ᠭᠦᠢᠴᠡᠳᠬᠡᠬᠦ ᠨᠢᠭᠡᠴᠢ᠄ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ︶    7. ᠵᠦᠸᠧᠽᠢ ᠰᠢᠶᠠᠨ ᠤ ᠴᠢ ᠰᠢᠶᠠ ᠶᠢᠩ ᠳᠤᠮᠳᠠᠳᠤ ᠰᠤᠷᠭᠠᠭᠤᠯᠢ ᠶᠢᠨ ᠬᠤᠭᠤᠯᠠᠨ ᠭᠡᠷ ᠤᠨ ᠬᠤᠭᠤᠯᠠ ᠪᠤᠳᠠᠭᠠᠨ ᠤ ᠶᠠᠰᠤ ᠴᠢᠨᠠᠷ ᠪᠠᠷᠤᠭᠲᠠᠶ᠂ ᠦᠨ᠎ᠡ ᠬᠠᠩᠰᠢ ᠥᠨᠳᠥᠷ᠂ ᠰᠢᠮ᠎ᠡ ᠲᠡᠵᠢᠭᠡᠯ ᠤᠨ ᠲᠣᠬᠢᠷᠠᠭᠤᠯᠤᠯᠲᠠ ᠲᠡᠩᠴᠡᠭᠦᠷᠢ ᠦᠭᠡᠶ ᠪᠠᠶᠢᠨ᠎ᠠ᠂ ᠡᠭᠦᠨ ᠢ ᠭᠤᠤᠯᠳᠠᠨ ᠬᠠᠮᠢᠶᠠᠷᠬᠤ ᠰᠠᠯᠠᠭ᠎ᠠ ᠮᠥᠴᠢᠷ ᠠᠴᠠ ᠲᠦᠷᠭᠡᠬᠡᠨ ᠰᠢᠢᠳᠪᠦᠷᠢᠯᠡᠵᠦ᠂ ᠰᠤᠷᠤᠭᠴᠢᠳ ᠤᠨ ᠰᠢᠮ᠎ᠡ ᠲᠡᠵᠢᠭᠡᠯ ᠤᠨ ᠬᠡᠷᠡᠭᠴᠡᠭᠡ ᠶᠢ ᠪᠠᠲᠤᠯᠠᠬᠤ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠵᠦᠸᠧᠽᠢ ᠰᠢᠶᠠᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ ᠠᠴᠠ ᠨᠢᠭᠡᠨᠲᠡ ᠴᠢ ᠰᠢᠶᠠ ᠶᠢᠩ ᠳᠤᠮᠳᠠᠳᠤ ᠰᠤᠷᠭᠠᠭᠤᠯᠢ ᠶᠢᠨ ᠬᠤᠭᠤᠯᠠᠨ ᠬᠡᠷ ᠢ ᠴᠡᠭᠴᠡᠯᠡᠨ ᠵᠠᠰᠠᠵᠤ᠂ ᠬᠤᠭᠤᠯᠠ ᠪᠤᠳᠠᠭ᠎ᠠ ᠶᠢ ᠤᠯᠠᠨ ᠶᠠᠩᠵᠤᠳᠠᠢ ᠪᠠᠶᠢᠯᠭᠠᠬᠤ ᠪᠠᠷ ᠴᠢᠷᠮᠠᠶᠢᠵᠤ᠂ ᠬᠤᠭᠤᠯᠠ ᠬᠦᠨᠡᠰᠦ ᠶᠢ ᠵᠣᠬᠢᠰᠲᠠᠶ ᠲᠣᠬᠢᠷᠠᠭᠤᠯᠵᠤ᠂ ᠰᠤᠷᠤᠭᠴᠢᠳ ᠤᠨ ᠰᠢᠮ᠎ᠡ ᠲᠡᠵᠢᠭᠡᠯ ᠤᠨ ᠲᠡᠩᠴᠡᠭᠦᠷᠢ ᠶᠢ ᠪᠠᠲᠤᠯᠠᠬᠤ ᠶᠢ ᠱᠠᠭᠠᠷᠳᠠᠪᠠ᠃ ︵ᠳᠠᠭᠠᠭᠠᠨ ᠭᠦᠢᠴᠡᠳᠬᠡᠬᠦ ᠨᠢᠭᠡᠴᠢ᠄ ᠵᠦᠸᠧᠽᠢ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ︶     8. ᠯᠢᠶᠠᠩᠴᠧᠩ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠣᠶᠢᠷ᠎ᠠ ᠬᠠᠪᠢ ᠶᠢᠨ ᠣᠯᠠᠩᠬᠢ ᠨᠡᠶᠢᠲᠡ ᠶᠢᠨ ᠬᠡᠷᠡᠭᠯᠡᠭᠡᠨ ᠤ ᠲᠡᠷᠭᠡᠨ ᠵᠣᠭᠰᠣᠭᠠᠯ ᠢ ᠭᠠᠷ ᠳᠠᠮᠵᠢᠯᠭ᠎ᠠ ᠶᠢᠨ ᠮᠠᠰᠢᠨ ᠲᠡᠷᠭᠡᠨ ᠤ ᠬᠤᠳᠠᠯᠳᠤᠭᠠᠴᠢᠨ ᠡᠵᠡᠯᠡᠨ ᠬᠡᠷᠡᠭᠯᠡᠵᠦ᠂ ᠡᠷᠭᠢᠨ ᠲᠣᠭᠤᠷᠢᠨ ᠤ ᠰᠠᠭᠤᠭᠠᠯᠢ ᠠᠷᠠᠳ ᠲᠡᠷᠭᠡ ᠵᠣᠭᠰᠣᠭᠠᠬᠤ ᠳᠤ ᠬᠦᠴᠢᠷᠲᠡᠶ ᠪᠠᠶᠢᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠦᠷᠭᠡᠬᠡᠨ ᠴᠡᠭᠴᠡᠯᠡᠨ ᠵᠠᠰᠠᠬᠤ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠯᠢᠶᠠᠩᠴᠧᠩ ᠰᠢᠶᠠᠨ ᠤ ᠵᠠᠰᠠᠭ ᠤᠨ ᠣᠷᠳᠣᠨ ᠠᠴᠠ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠪᠠ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠲᠠᠢ ᠬᠠᠮᠲᠤᠷᠠᠨ᠂ ᠲᠣᠰ ᠭᠡᠰᠡᠭ ᠤᠨ ᠲᠡᠷᠭᠡᠨ ᠵᠣᠭᠰᠣᠭᠠᠯ ᠤᠨ ᠪᠠᠶᠢᠷᠢ ᠶᠢ ᠪᠥᠬᠦ ᠲᠠᠯ᠎ᠠ ᠪᠠᠷ ᠪᠠᠶᠢᠴᠠᠭᠠᠵᠤ᠂ ᠨᠡᠶᠢᠲᠡ ᠶᠢᠨ ᠬᠡᠷᠡᠭᠯᠡᠭᠡᠨ ᠤ ᠲᠡᠷᠭᠡ ᠵᠣᠭᠰᠣᠬᠤ ᠪᠠᠶᠢᠷᠢ ᠶᠢ ᠣᠷᠳᠣ ᠬᠤᠭᠤᠴᠠᠭ᠎ᠠ ᠪᠠᠷ ᠡᠵᠡᠯᠡᠨ ᠬᠡᠷᠡᠭᠯᠡᠭᠰᠡᠨ ᠲᠡᠷᠭᠡ ᠬᠥᠰᠬᠡ ᠶᠢ ᠪᠦᠬᠦᠨ ᠢ ᠴᠡᠪᠡᠷᠯᠡᠪᠡ᠃ ︵ᠲᠠᠭᠠᠭᠠᠨ ᠭᠦᠢᠴᠡᠳᠬᠡᠬᠦ ᠨᠢᠭᠡᠴᠢ᠄ ᠯᠢᠶᠠᠩᠴᠧᠩ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ︶    9. ᠰᠢᠩ ᠾᠧ ᠰᠢᠶᠠᠨ ᠤ ᠢᠦᠶ ᠹᠦ᠋ ᠵᠢᠩ ᠫᠢᠨ ᠰᠠᠭᠤᠭᠠᠯᠢ ᠲᠣᠭᠤᠷᠢᠭ ᠤᠨ ᠰᠠᠭᠤᠭᠠᠯᠢ ᠡᠷᠦᠬᠡ ᠠᠳᠠᠯ ᠠᠬᠤᠶ ᠶᠢᠨ ᠭᠠᠵᠠᠷ ᠲᠤ ᠢᠯᠴᠢ ᠬᠠᠩᠭᠠᠬᠤ ᠰᠦᠢᠳᠬᠡᠯ ᠲᠤᠰᠢᠶᠠᠬᠤ ᠦᠶ᠎ᠡ ᠳᠤ᠂ ᠠᠳᠠᠯ ᠠᠬᠤᠶ ᠶᠢᠨ ᠬᠢᠨ ᠠᠯᠪᠠᠳᠠᠯᠭ᠎ᠠ ᠪᠠᠷ ᠬᠤᠶᠠᠳᠠᠬᠢ ᠵᠢᠯ ᠤᠨ ᠠᠳᠠᠯ ᠠᠬᠤᠶ ᠶᠢᠨ  ᠰᠦᠢᠳᠬᠡᠯ ᠢ ᠨᠡᠶᠢᠯᠡᠭᠦᠯᠦᠨ ᠬᠤᠷᠢᠶᠠᠬᠰᠠᠨ ᠪᠠᠶᠢᠨ᠎ᠠ᠂ ᠭᠤᠤᠯᠳᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠮᠢᠶ᠎ᠠ ᠪᠥᠬᠦᠶ ᠲᠣᠭᠲᠠᠭᠠᠯ ᠶᠣᠰᠣᠭᠠᠷ ᠬᠢᠨᠠᠨ ᠬᠠᠷᠭᠤᠭᠤᠯᠵᠤ ᠰᠢᠢᠳᠪᠦᠷᠢᠯᠡᠬᠦ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠰᠢᠩ ᠾᠧ ᠰᠢᠶᠠᠨ ᠤ ᠣᠷᠣᠨ ᠰᠠᠭᠤᠴᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠠᠴᠠ ᠲᠣᠰ ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠭᠠᠵᠠᠷ ᠠᠴᠠ ︽ᠨᠡᠶᠢᠯᠡᠭᠦᠯᠦᠨ ᠬᠤᠷᠢᠶᠠᠬᠤ︾ ᠶᠢ ᠬᠦᠴᠦᠨ ᠥᠬᠡᠶ ᠪᠣᠯᠭᠠᠬᠤ ᠪᠠᠷ ᠵᠠᠷᠯᠢᠭᠳᠠᠪᠠ᠃ ︵ᠲᠠᠭᠠᠭᠠᠨ ᠭᠦᠢᠴᠡᠳᠬᠡᠭᠰᠡᠨ ᠨᠢᠭᠡᠴᠢ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ︶    10. ᠬᠤᠸᠠᠳᠧ ᠰᠢᠶᠠᠨ ᠤ ᠰᠢᠩ ᠱᠧᠨ ᠢᠯᠴᠢ ᠶᠢᠨ ᠬᠦᠴᠦᠨ ᠤ ᠺᠣᠮᠫᠠᠨᠢ ᠬᠡᠷᠡᠭᠯᠡᠭᠴᠢ ᠲᠠᠢ ᠢᠯᠴᠢ ᠬᠡᠷᠡᠭᠯᠡᠬᠦ ᠬᠡᠯᠡᠯᠴᠡᠭᠡᠷ ᠲᠣᠭᠲᠠᠬᠤ ᠳᠤ ᠵᠦᠶ ᠵᠣᠬᠢᠰ ᠥᠬᠡᠶ ᠵᠦᠢᠯ ᠵᠤᠷᠪᠤᠰ ︵ᠡᠨᠡ ᠡᠪᠦᠯ ᠤᠨ ᠳᠤᠯᠠᠭᠠᠯᠠᠭ᠎ᠠ ᠶᠢᠨ ᠳᠤᠯᠠᠭᠠᠨ ᠤ ᠬᠡᠮᠵᠢᠶ᠎ᠡ ᠶᠢ ᠵᠥᠪᠬᠡᠨ 16 — 18 ᠭᠷᠠᠳᠦ᠋ᠰ ᠲᠤ ᠬᠦᠷᠭᠡᠬᠦ ᠶᠢ ᠪᠠᠳᠤᠯᠠᠨ᠎ᠠ ᠭᠡᠵᠦ ᠠᠯᠪᠠᠳᠠᠯᠭ᠎ᠠ ᠶᠢᠨ ᠭᠡᠷ᠎ᠡ ᠲᠤᠬᠳᠠᠬᠤ︶ ᠣᠷᠣᠰᠢᠵᠤ ᠪᠠᠶᠢᠨ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ‌ᠡᠴᠠ ᠬᠢᠨᠠᠨ ᠬᠠᠷᠭᠤᠭᠤᠯᠵᠤ ᠰᠢᠢᠳᠪᠦᠷᠢᠯᠡᠬᠦ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠬᠤᠸᠠᠳᠧ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠰᠢᠩ ᠱᠧᠨ ᠢᠯᠴᠢ ᠶᠢᠨ ᠬᠦᠴᠦᠨ ᠤ ᠺᠣᠮᠫᠠᠨᠢ ᠶᠢ ᠵᠠᠷᠯᠢᠭᠳᠠᠨ ᠴᠡᠭᠴᠡᠯᠡᠯᠲᠡ ᠬᠢᠯᠭᠡᠵᠦ᠂ ᠢᠯᠴᠢ ᠬᠠᠩᠭᠠᠬᠤ ᠭᠡᠷ᠎ᠡ ᠳᠠᠬᠢ ᠵᠦᠶ ᠵᠣᠬᠢᠰ ᠥᠬᠡᠶ ᠵᠦᠢᠯ ᠵᠤᠷᠪᠤᠰ ᠢ ᠨᠢᠭᠡᠨᠲᠡ ᠪᠦᠬᠦᠨ ᠢ ᠬᠠᠰᠤᠪᠠ᠃ ︵ᠲᠠᠭᠠᠭᠠᠨ ᠭᠦᠢᠴᠡᠳᠬᠡᠭᠰᠡᠨ ᠨᠢᠭᠡᠴᠢ᠄ ᠬᠤᠸᠠᠳᠧ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ︶
 
ᠢᠷᠡᠯᠲᠡ᠄ ᠤᠯᠠᠭᠠᠨᠴᠠᠪ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2