ᠠᠭᠤᠤ ᠶᠡᠭᠡ ᠠᠮᠵᠢᠯᠲᠠ ᠪᠦᠲᠦᠮᠵᠢ ᠶᠢᠨ ᠳᠤᠮᠳᠠ ᠠᠴᠠ ᠤᠷᠤᠭᠰᠢᠯᠠᠨ ᠳᠠᠪᠰᠢᠬᠤ ᠢᠲᠡᠭᠡᠯ ᠵᠣᠷᠢᠭ ᠪᠠ ᠡᠷᠡᠰ ᠵᠣᠷᠢᠭ ᠢᠶᠠᠨ ᠪᠠᠲᠤᠳᠬᠠᠪᠠ
ᠨᠡᠶᠢᠲᠡᠯᠡᠭᠰᠡᠨ ᠴᠠᠭ᠄
2021/12/23
ᠭᠤᠣᠯ ᠰᠡᠳᠦᠪ᠄ ᠠᠭᠤᠤ ᠶᠡᠭᠡ ᠠᠮᠵᠢᠯᠲᠠ ᠪᠦᠲᠦᠮᠵᠢ ᠶᠢᠨ ᠳᠤᠮᠳᠠ ᠠᠴᠠ ᠤᠷᠤᠭᠰᠢᠯᠠᠨ ᠳᠠᠪᠰᠢᠬᠤ ᠢᠲᠡᠭᠡᠯ ᠵᠣᠷᠢᠭ ᠪᠠ ᠡᠷᠡᠰ ᠵᠣᠷᠢᠭ ᠢᠶᠠᠨ ᠪᠠᠲᠤᠳᠬᠠᠪᠠ ᠴᠠᠭ᠄ 2021 ᠣᠨ ᠤ 12 ᠰᠠᠷ᠎ᠠ ᠶᠢᠨ 17 ᠤ ᠡᠳᠦᠷ ᠤᠨ 15 ᠴᠠᠭᠰᠤᠷᠪᠤᠯᠵᠢᠯᠠᠭ᠎ᠠ ᠬᠦᠯᠢᠶᠡᠭᠴᠢ᠄ ᠤᠯᠠᠭᠠᠨᠴᠠᠪ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠳᠠᠷᠤᠭ᠎ᠠ ᠭᠦᠸᠧ ᠰᠢᠶᠤᠤ ᠳ᠋ᠦᠩ    ᠲᠣᠪᠴᠢ ᠠᠭᠤᠯᠭ᠎ᠠ    ᠤᠯᠠᠭᠠᠨᠴᠠᠪ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠳᠠᠷᠤᠭ᠎ᠠ ᠭᠦᠸᠧ ᠰᠢᠶᠤᠤ ᠳ᠋ᠦᠩ ᠪᠥᠬᠦ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠰᠢᠰᠲ᠋ᠧᠮ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢ ᠬᠦᠯᠢᠶᠡᠪᠡ᠃ ᠭᠦᠸᠧ ᠰᠢᠶᠤᠤ ᠳ᠋ᠦᠩ ᠲᠣᠪᠴᠢᠶᠠᠨ ᠳᠠᠷᠤᠭ᠎ᠠ ᠢᠯᠡᠷᠬᠡᠶᠢᠯᠡᠬᠦ ᠳᠡᠭᠡᠨ᠂ ᠪᠥᠬᠦ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠰᠢᠰᠲ᠋ᠧᠮ ᠤᠨ ᠺᠠᠳ᠋ᠷ ᠠᠵᠢᠯᠲᠠᠨ ᠠᠵᠢᠯᠴᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠲᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠤᠶᠠᠯᠳᠤᠭᠤᠯᠵᠤ᠂ ︽ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ︾ ᠶᠢ ᠪᠥᠲᠥᠭᠡᠨ ᠪᠠᠶᠢᠭᠤᠯᠬᠤ ᠪᠠ ᠥᠪᠡᠷᠲᠡᠭᠡᠨ ᠵᠠᠰᠠᠬᠤ ᠣᠷᠣᠨ ᠤ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠰᠢᠨ᠎ᠡ ᠥᠨᠳᠦᠷᠯᠢᠭ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ᠂ ᠤᠯᠤᠰ ᠤᠨ ᠳᠣᠲᠣᠭᠠᠳᠤ ᠤᠯᠠᠨ ᠤᠯᠤᠰ ᠤᠨ ᠬᠤᠤᠰ ᠡᠷᠭᠢᠯᠲᠡ ᠳᠤ ᠠᠭᠤᠰᠤᠯᠴᠠᠬᠤ ᠪᠠᠷ ᠭᠤᠤᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠤᠯᠠᠭᠠᠨᠴᠠᠪ — ᠡᠷᠢᠶᠡᠨ ᠬᠤᠲᠠ ᠶᠢᠨ ᠤᠯᠤᠰ ᠤᠨ ᠪᠠᠷᠠᠭ᠎ᠠ ᠬᠦᠢᠯᠭᠡᠭᠡᠨ ᠤ ᠬᠦᠢᠰᠦ ᠶᠢᠨ ᠪᠥᠲᠥᠭᠡᠨ ᠪᠠᠶᠢᠭᠤᠯᠤᠯᠲᠠ ᠪᠠ ᠪᠣᠭᠤᠮᠲᠠ ᠶᠢᠨ ᠨᠢᠭᠡ ᠴᠤᠭᠴᠠᠵᠢᠨ ᠬᠥᠭᠵᠢᠬᠦ ᠶᠢ ᠠᠬᠢᠭᠤᠯᠵᠤ᠂ ᠵᠠᠮ ᠨᠡᠪᠳᠡᠷᠡᠬᠦᠯᠬᠡ ᠶᠢᠨ ᠤᠯᠠᠭᠠᠨᠴᠠᠪ ᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠤᠨ᠎ᠠ᠃ ︽ᠲᠠᠪᠤᠨ ᠶᠡᠭᠡ ᠠᠵᠤ ᠠᠬᠤᠶ︾ ᠶᠢᠨ ᠲᠣᠭᠤᠷᠢᠨ ᠳᠤ᠂ ᠴᠢᠨᠠᠷ ᠰᠠᠶᠢᠲᠠᠶ ᠬᠥᠭᠵᠢᠭᠰᠡᠨ ᠣᠲᠣ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠠᠵᠤ ᠦᠢᠯᠡᠰ ᠤᠨ ᠬᠡᠯᠬᠢᠶ᠎ᠡ ᠪᠠ ᠣᠲᠣ ᠦᠶ᠎ᠡ ᠶᠢᠨ ᠪᠠᠷᠠᠭ᠎ᠠ ᠬᠦᠢᠯᠭᠡᠭᠡᠨ ᠤ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠤᠨ᠎ᠡ  ᠃ ᠤᠯᠤᠰ ᠤᠨ ᠪᠠᠷᠠᠭ᠎ᠠ ᠬᠦᠢᠯᠬᠡᠬᠡᠨ ᠤ ᠬᠦᠢᠰᠦ ᠶᠢᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠤᠯᠤᠰ ᠤᠨ ᠲᠠᠰ ᠤᠨ ᠪᠠᠷᠠᠭ᠎ᠠ ᠬᠦᠢᠯᠬᠡᠬᠡ ᠶᠢ ᠰᠠᠭᠤᠷᠢᠰᠢᠯᠠᠭᠤᠯᠤᠨ ᠡᠳ᠋ᠰᠢᠬᠦᠯᠵᠤ ᠲᠥᠪᠯᠡᠷᠡᠭᠦᠯᠦᠨ ᠲᠠᠷᠬᠠᠭᠠᠬᠤ ᠭᠠᠵᠠᠷ ᠪᠤᠯᠭᠠᠨ ᠪᠠᠶᠢᠭᠤᠯᠤᠨ᠎ᠡ᠃ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠲᠠᠰᠤᠷᠠᠯᠳᠠ ᠦᠭᠡᠢ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠬᠤᠷᠠᠯᠳᠤᠬᠤ ᠶᠢ ᠤᠭᠲᠤᠨ᠎ᠠ᠃     ᠰᠤᠷᠪᠤᠯᠵᠢᠯᠠᠭ᠎ᠠ     ᠬᠥᠲᠥᠯᠥᠭᠴᠢ᠄ ᠭᠦᠸᠧ ᠲᠣᠪᠴᠢᠶᠠᠨ ᠳᠠᠷᠤᠭ᠎ᠠ ᠡ᠂ ᠶᠠᠭᠤᠨ ᠤ ᠤᠷᠢᠳ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠬᠤ ᠳᠤ ᠲᠠ ᠶᠠᠮᠠᠷ ᠣᠯᠤᠯᠲᠠ ᠲᠥᠷᠥᠭᠳᠡᠯ ᠲᠠᠢ ᠪᠠᠶᠢᠬᠤ ᠪᠠᠨ ᠶᠠᠷᠢᠭᠠᠳ ᠦᠭᠬᠦᠨ᠎ᠡ ᠤᠤ︖    ᠰᠤᠷᠪᠤᠯᠵᠢᠯᠠᠭ᠎ᠠ ᠬᠦᠯᠢᠶᠡᠭᠴᠢ᠄ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠪᠣᠯ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠲᠠᠰᠢᠷᠠᠮ ᠳᠤ᠂ ᠨᠡᠶᠢᠭᠡᠮ ᠵᠢᠷᠦᠮᠳᠦ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠵᠠᠩᠭᠢᠯᠠᠭ᠎ᠠ ᠶᠢᠨ ᠴᠠᠭ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠬᠥᠰᠢᠶ᠎ᠡ ᠳᠡᠮᠳᠡᠭ ᠤᠨ ᠠᠴᠢ ᠬᠤᠯᠪᠣᠭᠳᠠᠯ ᠲᠠᠢ ᠴᠢᠬᠤᠯᠠ ᠬᠤᠷᠠᠯ ᠪᠣᠯᠤᠨ᠎ᠠ᠃ ᠶᠡᠷᠦᠩᠬᠡᠢ ᠱᠦᠵᠢ ᠰᠢ ᠶᠢᠨ ᠫᠢᠩ ᠤ ᠴᠢᠬᠤᠯᠠ ᠶᠠᠷᠢᠶ᠎ᠠ ᠨᠢ ᠪᠦᠬᠦ ᠲᠠᠯ᠎ᠠ ᠶᠢ ᠬᠠᠮᠤᠷᠴᠦ᠂ ᠥᠨᠳᠥᠷ ᠲᠤ ᠵᠣᠭᠰᠣᠨ ᠠᠯᠤᠰ ᠢ ᠪᠠᠷᠠᠯᠠᠵᠦ᠂ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠠᠶᠠᠨ ᠢ ᠰᠠᠶᠢᠲᠤᠷ ᠠᠶᠠᠯᠠᠬᠤ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃ ᠪᠦᠬᠦᠳᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠣᠯᠤᠨ ᠲᠡᠦᠬᠡ ᠶᠢᠨ ᠲᠤᠷᠰᠢᠯᠭ᠎ᠠ ᠶᠢᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢ︾ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ᠂ ᠠᠭᠤᠤ ᠶᠡᠭᠡ ᠠᠮᠵᠢᠯᠲᠠ ᠪᠦᠲᠦᠮᠵᠢ᠂ ᠡᠷᠬᠢᠮ ᠨᠠᠨᠳᠢᠨ ᠲᠤᠷᠰᠢᠯᠭ᠎ᠠ ᠪᠣᠯᠤᠨ ᠲᠡᠦᠬᠡ ᠶᠢᠨ ᠰᠡᠩᠬᠡᠷᠡᠭᠦᠯᠦᠯ ᠢ ᠪᠦᠬᠦ ᠲᠠᠯ᠎ᠠ ᠪᠠᠷ ᠲᠣᠳᠣᠷᠬᠠᠶᠢᠯᠠᠨ ᠥᠭᠦᠯᠡᠵᠡᠢ᠂ ᠡᠨᠡ ᠪᠣᠯ ᠮᠠᠷᠺᠰ ᠤᠨ ᠦᠵᠡᠯ ᠤᠨ ᠬᠥᠲᠥᠯᠪᠦᠷᠢ ᠶᠢᠨ ᠴᠢᠨᠠᠷᠲᠠᠢ ᠲᠤᠯᠭᠤᠷ ᠪᠢᠴᠢᠭ ᠪᠣᠯᠤᠨ᠎ᠠ᠃     ᠬᠥᠲᠥᠯᠥᠭᠴᠢ᠄ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠨᠢ ᠺᠠᠳ᠋ᠷ ᠠᠵᠢᠯᠲᠠᠨ ᠠᠵᠢᠯᠴᠢᠨ ᠳᠤ ᠶᠠᠮᠠᠷ ᠲᠤᠰᠬᠠᠯ ᠲᠠᠢ ᠪᠣᠶ︖     ᠰᠤᠷᠪᠤᠯᠵᠢᠯᠠᠭ᠎ᠠ ᠬᠦᠯᠢᠶᠡᠭᠴᠢ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠰᠢᠰᠲ᠋ᠧᠮ ᠤᠨ ᠺᠠᠳ᠋ᠷ ᠠᠵᠢᠯᠲᠠᠨ ᠠᠵᠢᠯᠴᠢᠨ ᠤ ᠦᠵᠡᠬᠦ ᠪᠠᠷ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠠᠴᠠ ᠳᠤᠷᠠᠳᠤᠭᠰᠠᠨ ︽ᠠᠷᠪᠠ ᠶᠢ ᠪᠠᠷᠢᠮᠲᠠᠯᠠᠬᠤ︾ ᠨᠢ ᠵᠠᠭᠤᠨ ᠵᠢᠯ ᠤᠨ ᠲᠤᠷᠰᠢᠬᠢ ᠨᠠᠮ ᠠᠴᠠ ᠠᠷᠠᠳ ᠲᠦᠮᠡᠨ ᠢ ᠤᠳᠤᠷᠢᠳᠤᠨ ᠠᠭᠤᠤ ᠶᠡᠭᠡ ᠲᠡᠮᠡᠴᠡᠯ ᠬᠢᠭᠰᠡᠨ ᠢ ᠬᠤᠷᠠᠮᠳᠤᠭᠤᠯᠤᠭᠰᠠᠨ ᠡᠷᠬᠢᠮ ᠨᠠᠨᠳᠢᠨ ᠲᠡᠤᠬᠡᠨ ᠲᠤᠷᠰᠢᠯᠭ᠎ᠠ ᠶᠢ ᠭᠦᠨᠵᠡᠭᠡᠶ ᠳ᠋ᠦᠩᠨᠡᠵᠦ᠂ ︽ᠥᠩᠭᠡᠷᠡᠭᠰᠡᠨ ᠳᠤ ᠪᠢᠳᠡ ᠶᠠᠭᠠᠬᠢᠭᠠᠳ ᠠᠮᠵᠢᠯᠲᠠ ᠣᠯᠵᠤ ᠴᠢᠳᠠᠭᠰᠠᠨ᠂ ᠢᠷᠡᠭᠡᠳᠦᠶ ᠳᠤ ᠪᠢᠳᠡ ᠶᠠᠭᠠᠬᠢᠪᠠᠯ ᠰᠠᠶ᠋ᠢ ᠦᠷᠭᠦᠯᠵᠢᠯᠡᠨ ᠠᠮᠵᠢᠯᠲᠠ ᠣᠯᠵᠤ ᠴᠢᠳᠠᠬᠤ ᠪᠣᠶ︾ ᠭᠡᠳᠡᠭ ᠢ ᠭᠦᠨᠵᠡᠭᠡᠶ ᠢᠯᠡᠷᠡᠭᠦᠯᠵᠡᠶ᠃ ᠬᠤᠳᠠᠯᠳᠤᠭᠠᠨ ᠤ ᠶᠠᠪᠤᠳᠠᠯ ᠤᠨ ᠰᠢᠰᠲ᠋ᠧᠮ ᠤᠨ ᠺᠠᠳ᠋ᠷ ᠠᠵᠢᠯᠲᠠᠳ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠳᠤᠭᠤᠰᠢᠯᠠᠭᠤᠯᠵᠤ ᠨᠠᠶᠢᠳᠠᠪᠤᠷᠢᠵᠢᠭᠤᠯᠬᠤ ᠶᠢ ᠬᠤᠳᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠤᠶᠠᠯᠳᠤᠭᠤᠯᠵᠤ᠂ ᠥᠴᠥᠭᠡᠳᠦᠷ ᠤᠨ ᠬᠦᠴᠢᠷ ᠵᠣᠪᠠᠯᠠᠩ ᠭᠡᠷᠡᠯ ᠰᠠᠴᠤᠷᠠᠩᠭᠤᠢ ᠠᠮᠵᠢᠯᠲᠠ ᠶᠢ ᠦᠯᠦ ᠮᠠᠷᠲᠠᠵᠤ᠂ ᠥᠨᠥᠳᠦᠷ ᠤᠨ ᠡᠭᠦᠷᠭᠡ ᠬᠠᠷᠢᠭᠤᠴᠠᠯᠭ᠎ᠠ ᠳᠠᠭᠠᠨ ᠣᠰᠣᠯᠳᠠᠬᠤ ᠦᠭᠡᠢ᠂ ᠮᠠᠷᠭᠠᠰᠢ ᠶᠢᠨ ᠠᠭᠤᠤ ᠶᠡᠭᠡ ᠬᠦᠰᠡᠯ ᠵᠡᠭᠦᠳᠦ ᠳᠡᠭᠡᠨ ᠣᠰᠣᠯᠳᠠᠬᠤ ᠦᠭᠡᠢ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃    ᠬᠥᠲᠥᠯᠥᠭᠴᠢ᠄ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠠᠵᠢᠯ ᠤᠨ ᠦᠢᠯᠡᠳᠦᠯᠬᠡ ᠳᠤᠮᠳᠠ ᠪᠠᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠳᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠲᠤᠬᠠᠶ ᠶᠠᠷᠢᠭᠠᠳ ᠦᠭᠬᠦᠨ᠎ᠡ ᠤᠤ︖    ᠰᠤᠷᠪᠤᠯᠵᠢᠯᠠᠭ᠎ᠠ ᠬᠦᠯᠢᠶᠡᠭᠴᠢ᠄ ᠪᠦᠬᠦ ᠰᠢᠰᠲ᠋ᠧᠮ ᠳᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠳᠤᠭᠤᠰᠢᠯᠠᠭᠤᠯᠬᠤ ᠬᠠᠯᠠᠭᠤᠨ ᠥᠷᠨᠢᠯᠲᠡ ᠭᠠᠷᠭᠠᠵᠠᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ ᠦᠨᠡᠨ ᠬᠦ ᠴᠢᠩᠭ᠎ᠠ ᠠᠳᠬᠤᠨ ᠪᠣᠳᠠᠲᠠᠢ ᠠᠳᠬᠤᠵᠤ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠨᠡᠪᠲᠡᠷᠡᠯᠴᠡᠭᠦᠯᠬᠦ᠂ ᠮᠡᠳᠡᠬᠦ ᠢᠲᠡᠭᠡᠬᠦ ᠠᠵᠢᠯᠯᠠᠬᠤ ᠶᠢ ᠨᠢᠭᠡᠳᠬᠡᠬᠦ ᠶᠢ ᠪᠠᠷᠢᠮᠲᠠᠯᠠᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠡᠳᠬᠢᠯ ᠪᠠ ᠲᠠᠷᠢᠬᠢᠨ ᠳᠤ ᠬᠠᠳᠠᠩᠰᠢᠭᠤᠯᠵᠤ᠂ ᠠᠵᠢᠯᠯᠠᠭ᠎ᠠ ᠳᠡᠭᠡᠷ᠎ᠡ ᠪᠠᠨ ᠦᠷ᠎ᠡ ᠪᠦᠲᠦᠮᠵᠢ ᠭᠠᠷᠭᠠᠬᠤ ᠶᠢ ᠲᠦᠯᠬᠢᠨ ᠠᠬᠢᠭᠤᠯᠵᠤ᠂ ︽ᠲᠦᠷᠪᠡᠨ ᠤᠬᠠᠮᠰᠠᠷ︾ ᠢᠶᠠᠨ ᠤᠯᠠᠮ ᠨᠢᠭᠡ ᠠᠯᠬᠤᠮ ᠴᠢᠩᠭᠠᠳᠬᠠᠨ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠎ᠡ᠃ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠳᠤᠭᠤᠰᠢᠯᠠᠭᠤᠯᠵᠤ᠂ ᠡᠭᠦᠷᠭᠡᠯᠡᠨ ᠪᠣᠳᠠᠲᠠᠶ ᠪᠠᠷ ᠠᠵᠢᠯᠯᠠᠬᠤ ᠶᠢ ᠴᠢᠬᠤᠯᠠᠴᠢᠯᠠᠨ᠂ ᠬᠤᠳᠠᠯᠳᠤᠭᠠᠨ ᠤ ᠶᠠᠪᠤᠳᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠤᠨ᠎ᠠ᠃ ︽ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ︾ ᠶᠢ ᠪᠦᠲᠦᠭᠡᠨ ᠪᠠᠶᠢᠭᠤᠯᠬᠤ ᠪᠠ ᠥᠪᠡᠷᠲᠡᠭᠡᠨ ᠵᠠᠰᠠᠬᠤ ᠣᠷᠣᠨ ᠤ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠰᠢᠨ᠎ᠡ ᠥᠨᠳᠦᠷᠯᠢᠭ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠢᠰᠦ ᠪᠠᠷ ᠪᠠᠷᠠᠭ᠎ᠠ ᠬᠦᠢᠯᠬᠡᠬᠡᠨ ᠢ ᠳᠠᠶᠢᠴᠢᠯᠠᠬᠤ᠂ ᠪᠠᠷᠠᠭ᠎ᠠ ᠬᠦᠢᠯᠬᠡᠬᠡᠨ ᠢᠶᠠᠷ ᠠᠷᠠᠯᠵᠢᠶ᠎ᠠ ᠬᠤᠳᠠᠯᠳᠤᠭ᠎ᠠ ᠶᠢ ᠠᠬᠢᠭᠤᠯᠬᠤ᠂ ᠠᠷᠠᠯᠵᠢᠶ᠎ᠠ ᠬᠤᠳᠠᠯᠳᠤᠭ᠎ᠠ ᠪᠠᠷ ᠠᠵᠤ ᠦᠢᠯᠡᠰ ᠢ ᠬᠥᠭᠵᠢᠭᠦᠯᠬᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ᠂ ᠤᠯᠤᠰ ᠤᠨ ᠳᠣᠲᠣᠭᠠᠳᠤ ᠣᠯᠠᠨ ᠤᠯᠤᠰ ᠤᠨ ᠬᠤᠤᠰ ᠡᠷᠭᠢᠯᠲᠡ ᠳᠤ ᠠᠭᠤᠰᠤᠯᠴᠠᠬᠤ ᠪᠠᠷ ᠭᠤᠤᠯ ᠰᠢᠪᠲᠤᠯᠤᠯᠲᠠ ᠶᠢᠨ ᠴᠢᠭᠯᠡᠯ ᠪᠣᠯᠭᠠᠬᠤ ᠶᠢ ᠪᠠᠷᠢᠮᠲᠠᠯᠠᠵᠤ᠂ ᠤᠯᠠᠭᠠᠨᠴᠠᠪ — ᠡᠷᠢᠶᠡᠨ ᠬᠤᠲᠠ ᠶᠢᠨ ᠤᠯᠤᠰ ᠤᠨ ᠪᠠᠷᠠᠭ᠎ᠠ ᠭᠦᠢᠯᠭᠡᠭᠡᠨ ᠤ ᠬᠦᠢᠰᠦ ᠶᠢᠨ ᠪᠥᠲᠥᠭᠡᠨ ᠪᠠᠶᠢᠭᠤᠯᠤᠯᠲᠠ ᠪᠠ ᠪᠣᠭᠤᠮᠲᠠ ᠶᠢᠨ ᠨᠢᠭᠡ ᠴᠤᠭᠴᠠᠵᠢᠨ ᠬᠥᠭᠵᠢᠬᠦ ᠶᠢ ᠠᠬᠢᠭᠤᠯᠤᠨ᠂ ᠨᠡᠭᠡᠭᠡᠯᠲᠡ ᠲᠠᠢ ᠬᠥᠭᠵᠢᠯᠲᠡ ᠶᠢᠨ ᠰᠢᠨ᠎ᠡ ᠲᠣᠭᠲᠠᠴᠠ ᠶᠢ ᠢᠳᠡᠪᠬᠢᠲᠡᠶ ᠪᠠᠶᠢᠭᠤᠯᠵᠤ᠂ ᠵᠠᠮ ᠨᠡᠪᠳᠡᠷᠡᠬᠦᠯᠬᠡ ᠶᠢᠨ ᠤᠯᠠᠭᠠᠨᠴᠠᠪ ᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠤᠨ᠎ᠠ᠃ ︽ᠲᠠᠪᠤᠨ ᠶᠡᠭᠡ ᠠᠵᠤ ᠠᠬᠤᠶ︾ ᠶᠢᠨ ᠲᠣᠭᠤᠷᠢᠨ ᠳᠤ᠂ ᠬᠡᠯᠬᠢᠶᠡᠰᠦ ᠶᠢ ᠨᠥᠬᠦᠪᠥᠷᠢᠯᠡᠬᠦ᠂ ᠬᠡᠯᠬᠢᠶᠡᠰᠦ ᠶᠢ ᠤᠷᠲᠤᠳᠬᠠᠬᠤ᠂ ᠬᠡᠯᠬᠢᠶᠡᠰᠦ ᠶᠢ ᠴᠢᠩᠭᠠᠳᠬᠠᠬᠤ ᠶᠢ ᠲᠦᠷᠭᠡᠳᠬᠡᠵᠦ ᠂ ᠴᠢᠨᠠᠷ ᠰᠠᠶᠢᠲᠠᠶ ᠬᠥᠭᠵᠢᠭᠰᠡᠨ ᠣᠲᠣ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠠᠵᠤ  ᠦᠢᠯᠡᠰ ᠤᠨ ᠬᠡᠯᠬᠢᠶ᠎ᠡ ᠪᠠ ᠣᠲᠣ ᠦᠶ᠎ᠡ ᠶᠢᠨ ᠪᠠᠷᠠᠭ᠎ᠠ ᠬᠦᠢᠯᠭᠡᠭᠡᠨ ᠤ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠤᠨ᠎ᠠ᠃ ᠤᠯᠤᠰ ᠤᠨ ᠪᠠᠷᠠᠭ᠎ᠠ ᠬᠦᠢᠯᠭᠡᠭᠡᠨ ᠤ ᠬᠦᠢᠰᠦ ᠶᠢᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠰᠠᠭᠤᠷᠢᠰᠢᠯᠠᠭᠤᠯᠤᠨ ᠡᠳ᠋ᠰᠢᠭᠦᠯᠬᠦ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠮᠠᠨ ᠤ ᠬᠤᠲᠠ ᠶᠢᠨ ᠤᠷᠤᠨ ᠪᠠᠶᠢᠷᠢ᠂ ᠪᠤᠬᠢᠷᠳᠤᠯ ᠦᠬᠡᠢ ᠡᠨᠧᠷᠭᠢ ᠵᠡᠷᠭᠡ ᠳᠠᠪᠠᠭᠤᠯᠢᠭ ᠢ ᠪᠠᠳᠠᠷᠠᠭᠤᠯᠤᠨ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠶᠢ ᠮᠠᠨ ᠤ ᠬᠤᠲᠠ ᠳᠤ ᠰᠠᠭᠤᠷᠢᠰᠢᠯᠠᠭᠤᠯᠤᠨ ᠡᠳ᠋ᠰᠢᠭᠦᠯᠬᠦ ᠶᠢ ᠶᠡᠬᠡᠪᠡᠷ ᠠᠬᠢᠭᠤᠯᠵᠤ᠂ ᠤᠯᠤᠰ ᠤᠨ ᠲᠠᠰ ᠤᠨ ᠪᠠᠷᠠᠭ᠎ᠠ ᠬᠦᠢᠯᠬᠡᠬᠡᠨ ᠢ  ᠰᠠᠭᠤᠷᠢᠰᠢᠯᠠᠭᠤᠯᠤᠨ ᠡᠳ᠋ᠰᠢᠭᠦᠯᠵᠤ ᠲᠥᠪᠯᠡᠷᠡᠭᠦᠯᠦᠨ ᠲᠠᠷᠬᠠᠭᠠᠬᠤ ᠭᠠᠵᠠᠷ ᠢ ᠪᠠᠶᠢᠭᠤᠯᠤᠨ᠎ᠡ᠃ ᠳᠤᠯᠤᠳᠤᠭᠠᠷ ᠰᠤᠮᠤ ᠶᠢᠨ ᠭᠠᠶᠢᠯᠢ ᠪᠠᠲᠤᠯᠠᠬᠤ ᠪᠠᠷᠠᠭ᠎ᠠ ᠬᠦᠢᠯᠬᠡᠬᠡᠨ ᠤ ᠲᠥᠪ ︵B ᠬᠡᠯᠪᠡᠷᠢ︶ ᠢ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠪᠣᠯᠭᠠᠨ ᠲᠠᠰ ᠳᠡᠪᠰᠢᠭᠦᠯᠬᠦ ᠶᠢ ᠢᠳᠡᠪᠬᠢᠲᠡᠶ ᠪᠠᠷ ᠠᠬᠢᠭᠤᠯᠵᠤ᠂ ᠣᠷᠣᠰ ᠮᠣᠩᠭᠤᠯ ᠧᠦ᠋ᠷᠣᠫᠠ ᠳᠤ ᠬᠠᠨᠳᠤᠭᠤᠯᠤᠭᠰᠠᠨ ᠤᠯᠤᠰ ᠤᠨ ᠴᠢᠯᠥᠭᠡᠲᠦ ᠠᠷᠠᠯᠵᠢᠶᠠᠨ ᠤ ᠣᠷᠣᠨ ᠤ ᠬᠡᠰᠡᠭ ᠣᠷᠣᠨ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃ ᠦᠨᠳᠦᠰᠦᠨ ᠵᠣᠷᠢᠯᠲᠠ ᠪᠠᠨ ᠪᠠᠲᠤ ᠴᠡᠭᠡᠵᠢᠯᠡᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠠᠷᠠᠳ ᠲᠦᠮᠡᠨ ᠢ ᠢᠮᠠᠭᠲᠠ ᠰᠡᠳᠬᠢᠯ ᠵᠢᠷᠦᠬᠡᠨ ᠳᠡᠭᠡᠨ ᠪᠤᠳᠤᠵᠤ᠂ ᠬᠤᠳᠠᠯᠳᠤᠭᠠᠨ ᠤ ᠶᠠᠪᠤᠳᠠᠯ ᠤᠨ ᠡᠭᠦᠷᠭᠡ ᠴᠢᠳᠠᠪᠬᠢ ᠳᠤ ᠰᠠᠭᠤᠷᠢᠯᠠᠨ᠂ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠦᠷᠭᠦᠯᠵᠢᠯᠡᠨ ᠠᠬᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠤᠯᠠᠨ ᠲᠦᠮᠡᠨ᠂ ᠠᠵᠤ ᠠᠬᠤᠶᠢᠯᠠᠯ ᠪᠣᠯᠤᠨ ᠦᠨᠳᠦᠰᠦᠨ ᠱᠠᠲᠤᠨ ᠤ ᠪᠠᠴᠢᠮᠳᠠᠵᠤ ᠬᠦᠴᠢᠷᠳᠡᠵᠤ ᠵᠤᠪᠠᠨᠢᠵᠤ ᠬᠦᠰᠡᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠵᠦ ᠥᠭᠬᠦᠨ᠎ᠡ᠃ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢ ᠳᠠᠰᠤᠷᠠᠯᠳᠠ ᠦᠬᠡᠢ ᠳᠡᠭᠡᠭᠰᠢᠯᠡᠭᠦᠯᠵᠦ᠂ ᠨᠠᠮ ᠤᠨ ᠰᠤᠷᠳᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠬᠤᠳᠠᠯᠳᠤᠭᠠᠨ ᠤ ᠶᠠᠪᠤᠳᠠᠯ ᠤᠨ ᠺᠠᠳ᠋ᠷ ᠤᠨ ᠡᠩᠨᠡᠭᠡ ᠶᠢ ᠦᠷᠭᠦᠯᠵᠢᠯᠡᠨ ᠪᠠᠶᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠳᠦᠷᠦ ᠶᠢᠨ ᠠᠮᠢ ᠠᠬᠤᠢ ᠶᠢ ᠬᠦᠴᠦᠯᠡᠨ ᠪᠤᠢ ᠪᠣᠯᠭᠠᠵᠤ᠂ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠳᠠᠰᠤᠷᠠᠯᠳᠠ ᠦᠬᠡᠢ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠬᠤᠷᠠᠯᠳᠤᠬᠤ ᠶᠢ ᠤᠭᠲᠤᠨ᠎ᠡ᠃    
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2