ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ ᠶᠢ ᠲᠤᠪᠤᠶᠢᠯᠭᠠᠵᠦ᠂ ᠬᠤᠳᠠᠯᠳᠤᠭ᠎ᠠ  ᠡᠵᠡᠩᠨᠡᠬᠦ ᠣᠷᠴᠢᠨ ᠨᠦᠬᠦᠴᠡᠯ ᠢ ᠶᠡᠬᠡᠪᠡᠷ ᠰᠠᠶᠢᠵᠢᠷᠠᠭᠤᠯᠤᠨ᠎ᠠ
ᠨᠡᠶᠢᠲᠡᠯᠡᠭᠰᠡᠨ ᠴᠠᠭ᠄
2021/12/23
ᠭᠤᠣᠯ ᠰᠡᠳᠦᠪ᠄ ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ ᠶᠢ ᠲᠤᠪᠤᠶᠢᠯᠭᠠᠵᠦ᠂ ᠬᠤᠳᠠᠯᠳᠤᠭ᠎ᠠ  ᠡᠵᠡᠩᠨᠡᠬᠦ ᠣᠷᠴᠢᠨ ᠨᠦᠬᠦᠴᠡᠯ ᠢ ᠶᠡᠬᠡᠪᠡᠷ ᠰᠠᠶᠢᠵᠢᠷᠠᠭᠤᠯᠤᠨ᠎ᠠ ᠴᠠᠭ᠄ 2021 ᠣᠨ ᠤ 12 ᠰᠠᠷ᠎ᠠ ᠶᠢᠨ 17 ᠤ ᠡᠳᠦᠷ ᠤᠨ 09 ᠴᠠᠭᠰᠤᠷᠪᠤᠯᠵᠢᠯᠠᠭ᠎ᠠ ᠬᠦᠯᠢᠶᠡᠭᠴᠢ᠄ ᠤᠯᠠᠭᠠᠨᠴᠠᠪ ᠬᠤᠲᠠ ᠶᠢᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠠᠩ ᠷᠦᠢ ᠪᠢᠨ    ᠲᠣᠪᠴᠢ ᠠᠭᠤᠯᠭ᠎ᠠ    ᠮᠠᠨ ᠤ ᠬᠤᠲᠠ ᠶᠢᠨ ᠭᠤᠣᠯᠯᠠᠬᠤ ᠠᠵᠤ ᠦᠢᠯᠡᠰ ᠲᠤ ᠰᠠᠭᠤᠷᠢᠯᠠᠵᠤ᠂ ᠢᠳᠡᠪᠬᠢᠲᠡᠢ ᠪᠠᠷ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠨ ᠬᠡᠯᠬᠢᠶ᠎ᠡ ᠶᠢ ᠴᠢᠩᠭᠠᠳᠬᠠᠵᠤ᠂ ︽ᠨᠠᠷᠢᠯᠢᠭ ᠣᠨᠣᠴᠠᠲᠠᠢ︾ ᠪᠠᠶᠢᠬᠤ ᠳᠡᠭᠡᠷ᠎ᠡ ᠬᠦᠴᠦ ᠣᠷᠣᠭᠤᠯᠵᠤ᠂ ︽ᠦᠢᠯᠡᠴᠢᠯᠡᠬᠦ︾ ᠳᠡᠭᠡᠷ᠎ᠡ ᠪᠣᠳᠠᠲᠠᠢ ᠠᠷᠭ᠎ᠠ ᠬᠡᠮᠵᠢᠶ᠎ᠡ ᠠᠪᠤᠨ᠎ᠠ᠃     ᠰᠤᠷᠪᠤᠯᠵᠢᠯᠠᠭ᠎ᠠ    ᠰᠤᠷᠪᠤᠯᠵᠢᠯᠠᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ᠂ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠳᠤ ᠠᠩᠬᠠᠷᠤᠯ ᠢᠶᠠᠨ ᠬᠠᠨᠳᠤᠭᠤᠯᠬᠤ ᠶᠢ ᠪᠠᠶᠠᠷᠯᠠᠨ ᠤᠭᠲᠤᠵᠤ ᠪᠠᠶᠢᠨ᠎ᠠ᠃ ᠲᠣᠰ ᠬᠤᠭᠤᠴᠠᠭᠠᠨ ᠤ ᠰᠤᠷᠪᠤᠯᠵᠢᠯᠠᠭ᠎ᠠ ᠳᠤ᠂ ᠪᠢᠳᠡᠨ ᠤ ᠤᠷᠢᠭᠰᠠᠨ ᠵᠣᠴᠢᠨ ᠪᠣᠯ ᠤᠯᠠᠭᠠᠨᠴᠠᠪ ᠬᠤᠲᠠ ᠶᠢᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠠᠩ ᠷᠦᠢ ᠪᠢᠨ᠂ ᠵᠠᠩ ᠲᠣᠪᠴᠢᠶᠠᠨ ᠳᠠᠷᠤᠭ᠎ᠠ ᠲᠠ ᠰᠠᠶᠢᠨ ᠤᠤ︕        ᠵᠠᠩ ᠷᠦᠢ ᠪᠢᠨ᠄ ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠰᠠᠶᠢᠨ ᠤᠤ︕ ᠤᠯᠠᠭᠠᠨᠴᠠᠪ ᠬᠤᠳᠠ ᠶᠢᠨ ᠵᠠᠰᠠᠭ ᠤᠨ ᠣᠷᠳᠣᠨ ᠤ ᠰᠦᠯᠵᠢᠶᠡᠨ ᠤ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢ ᠬᠦᠯᠢᠶᠡᠭᠰᠡᠨ ᠳᠡᠭᠡᠨ ᠮᠠᠰᠢ ᠪᠠᠶᠠᠷᠳᠠᠢ ᠪᠠᠶᠢᠨ᠎ᠠ᠃        ᠰᠤᠷᠪᠤᠯᠵᠢᠯᠠᠭᠴᠢ᠄ ᠣᠶᠢᠷ᠎ᠠ ᠶᠢᠨ ᠵᠢᠯ ᠤᠳ ᠲᠤ᠂ ᠠᠵᠤ ᠦᠢᠯᠡᠰ ᠤᠨ ᠬᠡᠯᠬᠢᠶ᠎ᠡ ᠶᠢᠨ ᠠᠷᠠᠯᠵᠢᠶᠠᠴᠢᠨ ᠤᠷᠢᠬᠤ ᠨᠢ ᠪᠥᠬᠦ ᠬᠤᠲᠠ ᠶᠢᠨ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢᠨ ᠭᠤᠤᠯ ᠭᠠᠷᠳᠠᠴᠠ ᠪᠣᠯᠤᠭᠰᠠᠨ ᠤ ᠬᠤᠪᠢ ᠳᠤ ᠴᠢᠬᠤᠯᠠ ᠦᠢᠯᠡᠳᠦᠯ ᠪᠠᠳᠠᠷᠠᠭᠤᠯᠤᠭᠰᠠᠨ ᠪᠠᠶᠢᠨ᠎ᠠ᠃ ᠵᠠᠩ ᠲᠣᠪᠴᠢᠶᠠᠨ ᠳᠠᠷᠤᠭ᠎ᠠ ᠠᠴᠠ ᠪᠢᠳᠡᠨ ᠳᠤ ᠠᠵᠤ ᠦᠢᠯᠡᠰ ᠤᠨ ᠬᠡᠯᠬᠢᠶ᠎ᠡ ᠶᠢᠨ ᠠᠷᠠᠯᠵᠢᠶᠠᠴᠢᠨ ᠤᠷᠢᠬᠤ ᠲᠠᠯ᠎ᠠ ᠪᠠᠷ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠢ ᠲᠠᠨᠢᠯᠴᠠᠭᠤᠯᠤᠭᠠᠳ ᠦᠭᠬᠦᠨ᠎ᠡ ᠤᠤ︖    ᠵᠠᠩ ᠷᠦᠢ ᠪᠢᠨ᠄ ᠬᠤᠲᠠ ᠶᠢᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭᠠᠨ ᠤ ᠶᠣᠰᠣᠭᠠᠷ᠂ ᠲᠤᠭ᠎ᠠ᠂ ᠬᠦᠢᠰᠦ᠂ ᠪᠣᠬᠢᠷᠲᠤᠯ ᠦᠭᠡᠶ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠷᠴᠢᠯ ᠪᠠ ᠣᠳᠣ ᠦᠶ᠎ᠡ ᠶᠢᠨ ᠡᠨᠧᠷᠭᠢ ᠶᠢᠨ ︽ᠲᠠᠪᠤᠨ ᠶᠡᠭᠡ ᠠᠵᠤ ᠠᠬᠤᠶ︾ ᠶᠢᠨ ᠲᠣᠭᠤᠷᠢᠨ ᠳᠤ᠂ ᠲᠣᠭᠠᠴᠢᠯᠠᠭᠰᠠᠨ ᠡᠭᠦᠯᠡᠨ ᠬᠠᠳᠠᠭᠠᠯᠠᠯᠲᠠ ᠶᠢᠨ ᠦᠢᠯᠡᠴᠢᠯᠡᠭᠡ᠂ ᠲᠣᠭᠠᠴᠢᠯᠠᠭᠰᠠᠨ ᠲᠣᠨᠣᠭᠯᠠᠯ ᠦᠢᠯᠡᠳᠬᠦ᠂ ᠤᠳᠤ ᠦᠶ᠎ᠡ ᠶᠢᠨ ᠠᠷᠠᠯᠵᠢᠶ᠎ᠠ ᠬᠤᠳᠠᠯᠳᠤᠭ᠎ᠠ᠂ ᠤᠳᠤ ᠦᠶ᠎ᠡ ᠶᠢᠨ ᠪᠠᠷᠠᠭ᠎ᠠ ᠭᠦᠢᠯᠭᠡᠭᠡ᠂ ᠤᠨᠴᠠᠯᠢᠬᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠡᠷᠡᠭᠦᠯ ᠮᠡᠨᠳᠤ ᠪᠡᠶ᠎ᠡ ᠰᠣᠪᠢᠯᠠᠯ᠂ ᠰᠠᠭᠤᠷᠢ ᠲᠦᠭᠦᠬᠡᠢ ᠮᠠᠲ᠋ᠧᠷᠢᠶᠠᠯ᠂ ᠡᠬᠢ ᠪᠠᠶᠠᠯᠢᠭ ᠤᠨ ᠣᠷᠴᠢᠯ᠂ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠪᠠ ᠭᠡᠷᠡᠯ ᠢᠶᠠᠷ ᠴᠠᠬᠢᠯᠭᠠᠨ ᠭᠠᠷᠭᠠᠬᠤ ︽ᠠᠷᠪᠠᠨ ᠠᠵᠤ ᠦᠢᠯᠡᠰ ᠤᠨ ᠬᠡᠯᠬᠢᠶ᠎ᠡ︾ ᠶᠢ ᠲᠡᠭᠦᠯᠳᠡᠷᠵᠢᠭᠦᠯᠦᠨ᠎ᠡ᠃ ᠲᠣᠭᠠᠴᠢᠯᠠᠭᠰᠠᠨ᠂ ᠠᠷᠠᠯᠵᠢᠶ᠎ᠠ ᠬᠤᠳᠠᠯᠳᠤᠭ᠎ᠠ ᠪᠠᠷᠠᠭ᠎ᠠ ᠬᠦᠢᠯᠬᠡᠬᠡ᠂ ᠢᠳᠡᠭᠡᠨ ᠤ ᠵᠦᠢᠯ ᠤᠨ ᠡᠷᠡᠭᠦᠯ ᠮᠡᠨᠳᠦ᠂ ᠡᠬᠢ ᠪᠠᠶᠠᠯᠢᠭ ᠤᠨ ᠠᠰᠢᠭᠯᠠᠯᠲᠠ ᠪᠠ ᠰᠠᠯᠬᠢ  ᠭᠡᠷᠡᠯ ᠤᠨ ᠨᠥᠭᠡᠴᠡᠯᠡᠯᠳᠡ ᠶᠢᠨ ︽ᠲᠠᠪᠤᠨ ᠶᠡᠭᠡ ᠠᠵᠤ ᠦᠢᠯᠡᠰ ᠤᠨ ᠪᠦᠯᠦᠭᠯᠡᠯ︾ ᠢ ᠪᠠᠶᠢᠭᠤᠯᠵᠤ᠂ ᠮᠠᠨ ᠤ ᠬᠤᠲᠠ ᠶᠢᠨ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠭᠤᠤᠯ ᠰᠢᠪᠲᠤᠯᠤᠯᠲᠠ ᠶᠢᠨ ᠴᠢᠭᠯᠡᠯ ᠢ ᠲᠠᠪᠤᠨ ᠶᠡᠭᠡ ᠠᠵᠤ ᠠᠬᠤᠶ ᠪᠠ ᠠᠷᠪᠠᠨ ᠠᠵᠤ ᠦᠢᠯᠡᠰ ᠤᠨ ᠬᠡᠯᠬᠢᠶ᠎ᠡ ᠳᠤ ᠲᠥᠪᠯᠡᠷᠡᠭᠦᠯᠪᠡ᠃ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠨ ᠬᠡᠯᠬᠢᠶ᠎ᠡ ᠶᠢ ᠴᠢᠩᠭᠠᠳᠬᠠᠬᠤ ᠲᠣᠭᠤᠷᠢᠨ ᠳᠤ ᠮᠠᠨ ᠤ ᠲᠣᠪᠴᠢᠶ᠎ᠠ ᠬᠤᠳᠠᠯᠳᠤᠭᠠᠴᠢᠨ ᠤᠷᠢᠵᠤ ᠲᠠᠨᠢᠯᠴᠠᠭᠤᠯᠬᠤ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠵᠤ᠂ ᠡᠯ᠎ᠡ ᠭᠠᠵᠠᠷ ᠤᠨ ᠬᠤᠳᠠᠯᠳᠤᠭᠠᠴᠢᠳ ᠤᠨ ᠡᠪᠯᠡᠯ᠂ ᠠᠵᠢᠯ ᠲᠥᠷᠥᠯ ᠤᠨ ᠨᠡᠶᠢᠭᠡᠮᠯᠢᠭ᠂ ᠵᠠᠭᠤᠨ ᠬᠦᠴᠦᠷᠬᠡᠭ ᠠᠵᠤ ᠠᠬᠤᠶᠢᠯᠠᠯ ᠢ ᠰᠤᠷᠪᠤᠯᠵᠢᠯᠠᠬᠤ ᠡᠷᠴᠢᠮ ᠢᠶᠠᠨ ᠴᠢᠩᠭᠠᠷᠠᠭᠤᠯᠵᠤ᠂ ᠤᠷᠢᠳ ᠬᠤᠵᠢᠳ ᠪᠡᠭᠡᠵᠢᠩ᠂ ᠱᠠᠩᠬᠠᠢ᠂ ᠱᠧᠨᠵᠧᠨ᠂ ᠭᠤᠸᠠᠩᠵᠧᠦ᠂ ᠲᠢᠶᠠᠨᠵᠢᠨ᠂ ᠵᠢᠶᠠᠩᠰᠦ᠂ ᠵᠧᠵᠢᠶᠠᠩ ᠵᠡᠷᠭᠡ ᠭᠠᠵᠠᠷ ᠲᠤ ᠬᠦᠷᠴᠦ ᠢᠦᠢ ᠫᠸᠢ ᠶᠢᠨ ᠤᠯᠠᠨ ᠤᠯᠤᠰ ᠤᠨ ᠬᠤᠪᠢ ᠡᠵᠡᠮᠳᠡᠯ ᠤᠨ ᠺᠤᠮᠫᠠᠨᠢ᠂ ᠼᠠᠢ ᠿᠢ ᠡᠨᠧᠷᠭᠢ᠂ ᠬᠠᠩᠵᠧᠦ ᠶᠢᠨ ᠴᠠᠬᠢᠯᠭᠠᠨ ᠤ ᠺᠠᠪᠯᠧ᠂ ᠲᠦᠸᠧ ᠿᠢ ᠰᠢᠨ᠎ᠡ ᠡᠨᠧᠷᠬᠢ᠂ ᠵᠧᠨ ᠶᠧ ᠤᠯᠠᠨ ᠤᠯᠤᠰ ᠤᠨ ᠪᠦᠯᠦᠭᠯᠡᠯ᠂ ᠱᠧᠨᠵᠧᠨ ᠤ ᠱᠠᠩ ᠷᠦᠩ ᠡᠮ ᠡᠮᠨᠡᠯᠭᠡ᠂ ᠱᠧᠨᠵᠧᠨ ᠤ ᠵᠡᠭᠦᠨ ᠬᠡᠰᠡᠭ ᠤᠨ ᠬᠤᠸᠠ ᠴᠢᠶᠤᠤ ᠴᠧᠩ᠂ ᠵᠢᠶᠠᠩᠰᠦ ᠶᠢᠨ ᠵᠦᠩ ᠴᠧ᠂ ᠥᠰᠢ ᠶᠢᠨ ᠱᠠᠩ ᠳ᠋ᠧ ᠵᠡᠷᠭᠡ 70 ᠭᠠᠷᠤᠢ ᠲᠤᠮᠤ ᠬᠡᠯᠪᠡᠷᠢ ᠶᠢᠨ ᠠᠵᠤ ᠠᠬᠤᠶᠢᠯᠠᠯ ᠢ ᠰᠢᠨᠵᠢᠯᠡᠨ ᠪᠠᠶᠢᠴᠠᠭᠠᠵᠤ᠂ ᠵᠦᠩ ᠳ᠋ᠢᠶᠠᠨ ᠪᠡᠯᠡ ᠣᠷᠣᠭᠤᠯᠤᠯᠲᠠ ᠪᠠ ᠪᠡᠯᠡ ᠴᠤᠭᠯᠠᠭᠤᠯᠭ᠎ᠠ᠂ ᠵᠦᠩ ᠴᠤᠸᠠᠨ ᠬᠦᠨᠳᠦ ᠠᠵᠤ ᠦᠢᠯᠡᠳᠪᠦᠷᠢ᠂ ᠰᠢᠶᠠᠩᠭᠠᠩ ᠤᠨ ᠰᠢᠨ ᠬᠤᠸᠠ ᠪᠦᠯᠦᠭᠯᠡᠯ᠂ ᠵᠦᠩ ᠵᠢᠶᠧ ᠨᠧᠩ᠂ ᠰᠢ ᠮᠧᠨ ᠽᠢ ᠠᠵᠤ ᠦᠢᠯᠡᠳᠪᠦᠷᠢ ᠶᠢᠨ ᠵᠥᠭᠡᠯᠡᠨ ᠲᠣᠨᠤᠭ ᠤᠨ ᠱᠠᠩᠬᠠᠶ ᠶᠢᠨ ᠬᠢᠵᠠᠭᠠᠷᠲᠤ ᠺᠣᠮᠫᠠᠨᠢ᠂ ᠮᠢᠺᠷᠤᠰᠤᠹᠲ ᠳᠤᠮᠳᠠᠳᠤ ᠤᠯᠤᠰ ᠤᠨ ᠬᠢᠵᠠᠭᠠᠷᠲᠤ ᠺᠣᠮᠫᠠᠨᠢ ᠵᠡᠷᠭᠡ 120 ᠭᠠᠷᠤᠶ ᠨᠡᠷᠡᠲᠦ ᠠᠵᠤ ᠠᠬᠤᠶᠢᠯᠠᠯ ᠢ ᠬᠦᠯᠢᠶᠡᠨ ᠠᠪᠴᠤ᠂ ᠮᠡᠷᠭᠡᠵᠢᠯ ᠨᠢ ᠪᠣᠯᠪᠠᠰᠤᠷᠠᠩᠭᠤᠶ᠂ ᠪᠣᠷᠣᠯᠠᠭᠤᠯᠭ᠎ᠠ ᠨᠢ ᠲᠣᠭᠲᠠᠪᠤᠷᠢᠲᠠᠶ ᠨᠢᠭᠡ ᠪᠦᠯᠦᠭ ᠠᠵᠢᠯ ᠲᠥᠷᠥᠯ ᠤᠨ ᠳᠠᠭᠠᠭᠤᠯᠤᠭᠴᠢ ᠶᠢ ᠣᠷᠣᠭᠤᠯᠤᠨ ᠠᠪᠴᠢᠷᠠᠵᠤ᠂ ᠲᠦᠷᠭᠡᠨ ᠭᠠᠷ ᠤᠨ ᠳ᠋ᠠᠶᠢᠲ᠋ᠠ ᠶᠢᠨ ᠲᠥᠪ᠂ ᠯᠠᠨ ᠸᠧᠶ ᠰᠧ ᠳ᠋ᠦᠨ ᠲᠥᠮᠥᠰᠥ ᠪᠣᠯᠪᠠᠰᠤᠷᠠᠭᠤᠯᠬᠤ᠂ ᠰᠠᠨ ᠰᠢᠶᠠ ᠶᠢᠨ ᠣᠲᠣ ᠦᠶ᠎ᠡ ᠶᠢᠨ ᠡᠨᠧᠷᠭᠢ ᠶᠢᠨ ᠠᠵᠤ ᠦᠢᠯᠡᠰ ᠤᠨ ᠬᠦᠷᠢᠶᠡᠯᠡᠩ ᠂ ᠱᠠᠩᠬᠠᠶ ᠶᠢᠨ ᠴᠠᠬᠢᠯᠭᠠᠨ᠂ ᠱᠢ ᠵᠢᠢ ᠬᠠᠷᠢᠯᠴᠠᠨ ᠬᠤᠯᠪᠣᠯᠳᠤᠭᠰᠠᠨ ᠳ᠋ᠠᠶᠢᠲ᠋ᠠ ᠶᠢᠨ ᠲᠥᠪ᠂ ᠵᠦᠩ ᠴᠧ ᠴᠠᠬᠢᠯᠭᠠᠨ ᠮᠠᠰᠢᠨ ᠪᠠ ᠶᠤᠸᠠᠨ ᠵᠢᠩ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠵᠡᠷᠭᠡ ᠨᠢᠭᠡ ᠪᠦᠯᠦᠭ ᠰᠠᠶᠢᠨ ᠲᠥᠷᠥᠯ ᠵᠦᠢᠯ ᠳᠤ ᠭᠠᠷ ᠤᠨ ᠥᠰᠥᠭ ᠵᠢᠷᠤᠪᠠ᠃ 10 ᠰᠠᠷ᠎ᠠ ᠶᠢᠨ ᠰᠡᠭᠦᠯᠴᠢ ᠪᠣᠯᠲᠠᠯ᠎ᠠ᠂ ᠨᠡᠶᠢᠲᠡ 70 ᠲᠥᠷᠥᠯ ᠵᠦᠢᠯ ᠤᠨ ᠭᠡᠷ᠎ᠡ ᠲᠣᠭᠲᠠᠵᠤ᠂ ᠭᠡᠷ᠎ᠡ ᠲᠣᠭᠲᠠᠭᠰᠠᠨ ᠵᠣᠭᠤᠰ ᠤᠨ ᠲᠤᠭ᠎ᠠ ᠨᠢ 1307.7 ᠳ᠋ᠦᠩᠰᠢᠭᠤᠷ ᠲᠥᠭᠦᠷᠢᠭ ᠲᠤ ᠬᠦᠷᠴᠡᠶ᠃ ᠠᠵᠤ ᠦᠢᠯᠡᠰ ᠤᠨ ᠪᠥᠭᠡᠮᠨᠡᠷᠡᠯ ᠤᠨ ᠦᠢᠯᠡᠳᠦᠯ ᠪᠠ ᠠᠵᠤ ᠦᠢᠯᠡᠰ ᠤᠨ ᠬᠡᠯᠬᠢᠶ᠎ᠡ ᠶᠢᠨ ᠳᠠᠪᠠᠭᠤᠯᠢᠭ ᠢ ᠠᠩᠬ᠎ᠠ ᠠᠯᠬᠤᠮ ᠪᠤᠢ ᠪᠣᠯᠭᠠᠵᠤ᠂ ᠣᠷᠣᠨ ᠪᠦᠰᠡ ᠶᠢᠨ ᠠᠵᠤ ᠦᠢᠯᠡᠰ ᠤᠨ ᠲᠥᠪᠯᠡᠷᠡᠭᠰᠡᠨ᠂ ᠴᠤᠭᠯᠠᠷᠠᠭᠰᠠᠨ ᠪᠠ ᠡᠷᠴᠢᠮᠯᠢᠭ ᠬᠥᠭᠵᠢᠯᠲᠡ ᠶᠢ ᠪᠡᠶᠡᠯᠡᠭᠦᠯᠪᠡ᠃    ᠰᠤᠷᠪᠤᠯᠵᠢᠯᠠᠭᠴᠢ᠄ ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ ᠪᠠᠷ ᠳᠠᠮᠵᠢᠭᠤᠯᠤᠨ ᠤᠯᠠᠭᠠᠨᠴᠠᠪ ᠶᠡᠭᠡ ᠬᠡᠮᠵᠢᠶᠡᠨ ᠤ ᠰᠢᠯᠢᠳᠡᠭ ᠠᠵᠤ ᠠᠬᠤᠶᠢᠯᠠᠯ ᠢ ᠲᠡᠳᠡᠨ ᠣᠷᠣᠭᠤᠯᠵᠣ ᠰᠠᠭᠤᠷᠢᠰᠢᠯᠠᠭᠤᠯᠤᠭᠰᠠᠨ ᠪᠠᠶᠢᠨ᠎ᠠ᠂ ᠲᠡᠭᠡᠪᠡᠯ ᠵᠠᠩ ᠳᠤᠪᠴᠢᠶᠠᠨ ᠳᠠᠷᠤᠭ᠎ᠠ ᠠᠴᠠ ᠬᠤᠳᠠᠯᠳᠤᠭ᠎ᠠ ᠡᠵᠡᠩᠨᠡᠬᠦ ᠣᠷᠴᠢᠨ  ᠨᠦᠬᠦᠴᠡᠯ ᠤᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠠ ᠲᠠᠷᠠᠭᠠᠴᠢ ᠶᠢᠨ ᠠᠯᠬᠤᠮ ᠤᠨ ᠲᠥᠯᠥᠪᠯᠡᠭᠡ ᠪᠠᠨ ᠲᠠᠨᠢᠯᠴᠠᠭᠤᠯᠤᠭᠠᠳ ᠦᠭᠬᠦᠨ᠎ᠡ ᠤᠤ︖    ᠵᠠᠩ ᠷᠦᠢ ᠪᠢᠨ᠄ ᠨᠢᠭᠡ ᠳᠤ ᠠᠷᠠᠯᠵᠢᠶᠠᠴᠢᠨ ᠤᠷᠢᠬᠤ ᠲᠥᠷᠥᠯ ᠵᠦᠢᠯ ᠤᠨ ᠰᠠᠭᠠᠳ ᠥᠬᠡᠶ ᠨᠡᠪᠲᠡᠷᠡᠬᠦ ᠵᠠᠮ ᠢ ᠰᠢᠭᠤᠳ ᠰᠢᠯᠤᠭᠤᠨ ᠨᠡᠪᠲᠡᠷᠡᠭᠦᠯᠦᠨ᠎ᠡ᠃ ᠵᠥᠪᠳᠡᠯᠴᠡᠨ ᠶᠠᠷᠢᠯᠴᠠᠵᠤ ᠵᠣᠯᠭᠠᠭᠤᠯᠤᠭᠰᠠᠨ ᠪᠠᠶᠢᠳᠠᠯ ᠢ ᠴᠠᠭ ᠲᠤᠬᠠᠶ ᠳᠤᠨᠢ ᠡᠮᠬᠢᠯᠡᠨ ᠳᠢᠭᠯᠡᠵᠦ᠂ ᠠᠷᠠᠯᠵᠢᠶᠠᠴᠢᠨ ᠤᠷᠢᠬᠤ ᠴᠢᠬᠤᠯᠠ ᠶᠡᠭᠡ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠪᠠᠲᠤᠯᠠᠬᠤ᠂ ᠳᠣᠭᠢᠷᠠᠭᠤᠯᠤᠨ ᠠᠬᠢᠭᠤᠯᠬᠤ ᠲᠣᠭᠲᠠᠴᠠ ᠶᠢ ᠪᠠᠶᠢᠭᠤᠯᠤᠨ ᠰᠢᠯᠢᠳᠡᠭᠵᠢᠭᠦᠯᠵᠦ ᠂ ︽ᠠᠰᠠᠷᠠᠭᠴᠢ ᠮᠠᠶ᠋ᠢᠭ︾ ᠤᠨ ᠪᠥᠬᠦ ᠶᠠᠪᠤᠴᠠ ᠳᠤ ᠮᠥᠷᠳᠡᠨ ᠦᠢᠯᠡᠴᠢᠯᠡᠬᠦ ᠶᠢ ᠬᠡᠷᠡᠭᠵᠢᠭᠦᠯᠦᠨ᠂ ᠭᠤᠤᠯᠳᠠᠯᠭ᠎ᠠ ᠲᠠᠢ ᠶᠠᠷᠢᠯᠴᠠᠵᠤ ᠪᠠᠶᠢᠭ᠎ᠠ ᠠᠬᠢᠭᠤᠯᠤᠯᠳᠠ ᠶᠢᠨ ᠲᠥᠷᠥᠯ ᠵᠦᠢᠯ ᠳᠤ᠂ ᠲᠤᠰᠬᠠᠶ ᠬᠥᠮᠦᠨ ᠳᠣᠭᠢᠷᠠᠭᠤᠯᠤᠨ ᠬᠠᠷᠢᠭᠤᠴᠠᠭᠤᠯᠵᠤ᠂ ᠬᠠᠨᠳᠤᠯᠭ᠎ᠠ ᠲᠠᠢ ᠪᠠᠷ ᠬᠠᠷᠢᠭᠤ ᠰᠤᠷᠪᠤᠯᠵᠢᠯᠠᠵᠤ᠂ ᠮᠥᠷᠳᠡᠨ ᠳᠠᠭᠠᠵᠤ᠂ ᠭᠡᠷ᠎ᠡ ᠲᠣᠭᠲᠠᠬᠤ ᠲᠥᠷᠥᠯ ᠵᠦᠢᠯ ᠪᠣᠯᠭᠠᠨ ᠬᠤᠪᠢᠷᠠᠭᠤᠯᠬᠤ ᠶᠢ ᠲᠦᠷᠭᠡᠳᠬᠡᠨ᠎ᠡ᠃ ᠨᠢᠭᠡᠨᠲᠡ ᠭᠡᠷ᠎ᠡ ᠲᠣᠭᠲᠠᠨ ᠬᠠᠷᠠᠬᠠᠨ ᠨᠠᠶᠢᠳᠠᠪᠤᠷᠢᠵᠢᠭᠠᠳᠤᠢ ᠲᠥᠷᠥᠯ ᠵᠦᠢᠯ ᠳᠤ᠂ ᠠᠬᠢᠴᠠ ᠶᠢᠨ ᠪᠠᠶᠢᠳᠠᠯ ᠪᠠ ᠣᠷᠣᠰᠢᠵᠤ ᠪᠠᠶᠢᠭ᠎ᠠ ᠠᠰᠠᠭᠤᠳᠠᠯ ᠢ ᠨᠢᠭᠡᠳ ᠨᠢᠭᠡ ᠪᠠᠷ ᠵᠣᠯᠭᠠᠭᠤᠯᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠬᠤᠰᠢᠭᠤ ᠰᠢᠶᠠᠨ ᠢ ᠢᠳᠡᠪᠬᠢᠲᠡᠶ ᠪᠠᠷ ᠵᠣᠬᠢᠴᠠᠭᠤᠯᠵᠤ ᠨᠠᠶᠢᠳᠠᠪᠤᠷᠢᠵᠢᠭᠤᠯᠬᠤ ᠶᠠᠪᠤᠴᠠ ᠳᠠᠬᠢ ᠬᠢᠵᠠᠭᠠᠷᠯᠠᠬᠤ ᠠᠰᠠᠭᠤᠳᠠᠯ ᠢ  ᠰᠢᠢᠳᠪᠦᠷᠢᠯᠡᠵᠤ᠂ ᠭᠡᠷ᠎ᠡ ᠲᠣᠭᠲᠠᠭᠰᠠᠨ ᠲᠥᠷᠥᠯ ᠵᠦᠢᠯ ᠢ ᠲᠦᠷᠭᠡᠬᠡᠨ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠤᠶᠠᠷ ᠲᠤ ᠠᠵᠤ ᠠᠬᠤᠶᠢᠯᠠᠯ ᠳᠤ ᠦᠢᠯᠡᠴᠢᠯᠡᠬᠦ ᠡᠷᠴᠢᠮ ᠢᠶᠠᠨ ᠴᠢᠩᠭᠠᠷᠠᠭᠤᠯᠤᠨ᠎ᠠ᠃ ᠨᠢᠭᠡ ᠲᠠᠯ᠎ᠠ ᠪᠠᠷ ᠂ ᠮᠠᠨ ᠤ ᠲᠣᠪᠴᠢᠶ᠎ᠠ ᠬᠤᠲᠠ ᠶᠢᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ ᠶᠢᠨ ᠭᠤᠤᠯᠳᠠᠯᠭ᠎ᠠ ᠲᠠᠢ ᠲᠥᠷᠥᠯ ᠵᠦᠢᠯ ᠤᠨ ᠵᠣᠬᠢᠴᠠᠭᠤᠯᠤᠨ  ᠦᠢᠯᠡᠴᠢᠯᠡᠬᠦ ᠳᠤᠭᠤᠶᠢᠯᠠᠩ ᠢ ᠪᠠᠶᠢᠭᠤᠯᠵᠤ᠂ ᠭᠤᠷᠪᠠᠨ ᠳᠤᠭᠤᠶᠢᠯᠠᠩ ᠬᠤᠪᠢᠶᠠᠨ᠂ ᠣᠲᠣ ᠶᠢᠨ ᠪᠠᠶᠢᠭ᠎ᠠ ᠭᠡᠷ᠎ᠡ ᠲᠣᠭᠲᠠᠭᠰᠠᠨ ᠲᠥᠷᠥᠯ ᠵᠦᠢᠯ ᠢ ᠲᠥᠷᠥᠯ ᠬᠤᠪᠢᠶᠠᠵᠤ᠂ ᠲᠥᠷᠥᠯ ᠵᠦᠢᠯ ᠤᠨ ᠨᠠᠶᠢᠳᠠᠪᠤᠷᠢᠵᠢᠬᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠬᠠᠪᠰᠤᠷᠤᠨ ᠰᠢᠢᠳᠪᠦᠷᠢᠯᠡᠬᠦ ᠶᠢᠨ ᠬᠠᠮᠲᠤ ᠠᠵᠤ ᠠᠬᠤᠶᠢᠯᠠᠯ ᠳᠤ ᠦᠢᠯᠡᠴᠢᠯᠡᠬᠦ ᠡᠬᠡ ᠲᠠᠩᠰᠠ ᠶᠢ ᠪᠠᠶᠢᠭᠤᠯᠵᠤ᠂ ᠣᠲᠣ ᠪᠣᠯᠲᠠᠯ᠎ᠠ ᠨᠡᠶᠢᠲᠡ 35 ᠤᠳᠠᠭ᠎ᠠ ᠠᠵᠤ ᠠᠬᠤᠶᠢᠯᠠᠯ ᠳᠤ ᠦᠢᠯᠡᠴᠢᠯᠡᠪᠡ᠃ ᠨᠥᠭᠦᠭᠡ ᠲᠠᠯ᠎ᠠ ᠪᠠᠷ᠂ 10 ᠬᠤᠰᠢᠭᠤ ᠰᠢᠶᠠᠨ ᠬᠤᠲᠠ ᠶᠢᠨ 21 ᠠᠵᠤ ᠠᠬᠤᠶᠢᠯᠠᠯ ᠳᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠠᠵᠤ ᠠᠬᠤᠶᠢᠯᠠᠯ ᠤᠨ ᠰᠠᠭᠤᠷᠢ ᠳᠦᠬᠦᠬᠡᠷᠦᠮᠵᠢ ᠶᠢᠨ ᠪᠥᠲᠥᠭᠡᠨ ᠪᠠᠶᠢᠭᠤᠯᠤᠯᠲᠠ᠂ ᠲᠥᠷᠥᠯ  ᠵᠦᠢᠯ ᠤᠨ ᠡᠵᠡᠩᠨᠡᠯᠲᠡ ᠪᠠ ᠬᠤᠶᠢᠰᠢᠳᠠ ᠶᠢᠨ ᠬᠥᠭᠵᠢᠯᠲᠡ ᠶᠢᠨ ᠴᠢᠭᠯᠡᠯ ᠵᠡᠷᠭᠡ ᠲᠠᠯ᠎ᠠ ᠶᠢᠨ ᠪᠠᠶᠢᠳᠠᠯ ᠪᠠ ᠣᠷᠣᠰᠢᠵᠤ ᠪᠠᠶᠢᠭ᠎ᠠ ᠬᠦᠴᠢᠷᠳᠡᠯ ᠢ ᠤᠶᠢᠯᠠᠭᠠᠨ᠂ ᠠᠵᠤ ᠠᠬᠤᠶᠢᠯᠠᠯ ᠤᠨ ᠡᠵᠡᠩᠨᠡᠯᠲᠡ ᠶᠢᠨ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠢ ᠬᠠᠪᠰᠤᠷᠤᠨ ᠰᠢᠢᠳᠪᠦᠷᠢᠯᠡᠨ᠎ᠡ᠃ ᠲᠠᠷᠠᠭᠠᠴᠢ ᠶᠢᠨ ᠠᠯᠬᠤᠮ ᠳᠤ᠂ ᠪᠢᠳᠡ  ᠦᠢᠯᠡᠴᠢᠯᠡᠭᠡ ᠪᠠᠨ ᠦᠷᠭᠦᠯᠵᠢᠯᠡᠨ ᠴᠢᠩᠭᠠᠳᠬᠠᠵᠤ᠂ ︽ᠬᠤᠶᠠᠷ ᠢ ᠪᠠᠳᠤᠯᠠᠬᠤ︾ ᠶᠢ ᠰᠠᠶᠢᠲᠤᠷ ᠬᠢᠨ᠎ᠠ᠃ ᠠᠵᠤ ᠠᠬᠤᠶᠢᠯᠠᠯ ᠤᠨ ᠪᠠᠲᠤᠯᠠᠭ᠎ᠠ ᠶᠢᠨ ᠲᠠᠯ᠎ᠠ ᠪᠠᠷ᠂ ᠲᠥᠷᠥᠯ ᠵᠦᠢᠯ ᠤᠨ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠬᠦ ᠶᠢ ᠠᠬᠢᠭᠤᠯᠵᠤ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠢ ᠨᠠᠶᠢᠳᠠᠪᠤᠷᠢᠵᠢᠭᠤᠯᠬᠤ᠂ ᠪᠥᠲᠥᠭᠡᠨ ᠪᠠᠶᠢᠭᠤᠯᠬᠤ᠂ ᠡᠵᠡᠩᠨᠡᠬᠦ ᠵᠡᠷᠭᠡ ᠳᠤ ᠪᠥᠬᠦ ᠶᠠᠪᠤᠴᠠ ᠶᠢᠨ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠨ᠎ᠠ᠃ ᠡᠭᠦᠨ ᠤ ᠬᠠᠮᠲᠤ᠂ ︽ᠥᠪᠥᠷ ᠮᠣᠩᠭᠤᠯ ᠤᠨ ᠴᠠᠬᠠᠷ ᠠᠵᠤ  ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠵᠢᠴᠢ ᠠᠵᠤ  ᠦᠢᠯᠡᠰ ᠤᠨ ᠬᠥᠭᠵᠢᠯᠲᠡ ᠶᠢ ᠲᠡᠳᠬᠦᠬᠦ ᠠᠷᠭ᠎ᠠ ᠬᠡᠮᠵᠢᠶ᠎ᠡ ᠨᠦᠭᠦᠳ ︵ᠲᠤᠷᠰᠢᠨ ᠬᠡᠷᠡᠭᠵᠢᠭᠦᠯᠬᠦ︶︾ ᠢ ᠦᠨᠳᠦᠰᠦᠯᠡᠨ᠂ ᠬᠤᠰᠢᠭᠤ ᠰᠢᠶᠠᠨ ᠬᠤᠲᠠ ᠲᠣᠭᠤᠷᠢᠭ ᠢ ᠵᠣᠬᠢᠴᠠᠭᠤᠯᠵᠤ ᠪᠠᠶᠢᠭᠠᠳ ᠲᠣᠰ ᠭᠠᠵᠠᠷ ᠣᠷᠣᠨ ᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠳᠤ ᠳᠣᠭᠢᠷᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠨ ᠨᠡᠶᠢᠲᠡᠯᠡᠬᠦ ᠶᠢᠨ ᠬᠠᠮᠲᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠮᠠᠯᠠᠯᠲᠠ ᠪᠠᠨ ᠴᠠᠭ ᠲᠤᠬᠠᠶ ᠳᠤᠨᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ︔ ᠡᠩᠨᠡᠭᠡᠨ ᠤ ᠪᠠᠲᠤᠯᠠᠭ᠎ᠠ ᠶᠢᠨ ᠲᠠᠯ᠎ᠠ ᠪᠠᠷ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠰᠢᠯᠢᠳᠡᠭ ᠬᠦᠴᠦᠨ ᠢᠶᠠᠨ ᠲᠠᠲᠠᠵᠤ ᠠᠷᠠᠯᠵᠢᠶᠠᠴᠢᠨ ᠤᠷᠢᠬᠤ ᠡᠩᠨᠡᠭᠡ ᠶᠢ ᠲᠡᠭᠦᠯᠳᠡᠷᠵᠢᠭᠦᠯᠵᠦ᠂ ᠨᠢᠭᠡ ᠪᠦᠯᠦᠭ ᠠᠵᠤ ᠠᠬᠤᠶ ᠶᠢ ᠮᠡᠳᠡᠬᠦ᠂ ᠠᠵᠤ  ᠦᠢᠯᠡᠰ ᠢ ᠮᠡᠳᠡᠬᠦ᠂ ᠲᠥᠷᠥ ᠶᠢᠨ ᠪᠣᠳᠣᠯᠭ᠎ᠠ ᠶᠢ ᠮᠡᠳᠡᠬᠦ᠂ ᠦᠢᠯᠡᠴᠢᠯᠡᠭᠡ ᠶᠢ ᠮᠡᠳᠡᠬᠦ ᠠᠷᠠᠯᠵᠢᠶᠠᠴᠢᠨ ᠤᠷᠢᠬᠤ ᠬᠥᠮᠦᠰ ᠢ  ᠨᠡᠶᠢᠳᠭᠡᠬᠦ ᠶᠢᠨ ᠬᠠᠮᠲᠤ᠂ ᠡᠩᠨᠡᠭᠡ ᠶᠢᠨ ᠰᠤᠷᠤᠯᠴᠠᠯᠭ᠎ᠠ ᠪᠠᠨ ᠴᠢᠩᠭᠠᠳᠬᠠᠵᠤ᠂ ᠲᠤᠰᠬᠠᠶᠢᠵᠢᠭᠰᠠᠨ᠂ ᠰᠢᠰᠲ᠋ᠧᠮᠵᠢᠭᠰᠡᠨ ᠰᠤᠷᠤᠯᠴᠠᠯᠭ᠎ᠠ ᠪᠠᠷ ᠳᠠᠮᠵᠢᠭᠤᠯᠤᠨ᠂  ᠠᠷᠠᠯᠵᠢᠶᠠᠴᠢᠨ ᠤᠷᠢᠬᠤ ᠡᠩᠨᠡᠭᠡ ᠶᠢᠨ ᠠᠷᠠᠯᠵᠢᠶᠠᠴᠢᠨ ᠤᠷᠢᠬᠤ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠵᠦ᠂ ᠠᠷᠠᠯᠵᠢᠶᠠᠴᠢᠨ ᠤᠷᠢᠬᠤ ᠺᠠᠳ᠋ᠷ ᠤᠨ ᠡᠩᠨᠡᠭᠡ ᠶᠢ ᠠᠷᠠᠯᠵᠢᠶᠠᠴᠢᠨ ᠤᠷᠢᠬᠤ ᠠᠵᠢᠯ ᠤᠨ ᠪᠠᠶᠢᠳᠠᠯ ᠤᠨ ᠬᠥᠭᠵᠢᠯᠲᠡ ᠶᠢᠨ ᠱᠠᠭᠠᠷᠳᠠᠯᠭ᠎ᠠ ᠳᠤ ᠨᠠᠩ ᠰᠠᠶᠢᠲᠤᠷ ᠵᠣᠬᠢᠴᠠᠭᠤᠯᠦᠨ᠎ᠡ᠃    ᠰᠤᠷᠪᠤᠯᠵᠢᠯᠠᠭᠴᠢ᠄ ᠵᠠ᠂ ᠵᠠᠩ ᠲᠣᠪᠴᠢᠶᠠᠨ ᠳᠠᠷᠤᠭ᠎ᠠ ᠶᠢᠨ ᠮᠠᠨ ᠤ ᠰᠤᠷᠪᠤᠯᠵᠢᠯᠠᠭ᠎ᠠ ᠶᠢ ᠬᠦᠯᠢᠶᠡᠭᠰᠡᠨ ᠳᠤ ᠲᠠᠯᠠᠷᠬᠠᠵᠤ ᠪᠠᠶᠢᠨ᠎ᠠ᠂ ᠰᠠᠶ᠋ᠢ ᠶᠢᠨ ᠵᠠᠩ ᠲᠣᠪᠴᠢᠶᠠᠨ ᠳᠠᠷᠤᠭ᠎ᠠ ᠶᠢᠨ ᠲᠠᠨᠢᠯᠴᠠᠭᠤᠯᠭ᠎ᠠ ᠪᠠᠷ ᠣᠯᠠᠨ ᠢᠶᠠᠷ ᠢᠶᠠᠨ ᠮᠠᠨ ᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠤᠨ ᠲᠤᠬᠠᠶ ᠨᠠᠩ ᠲᠣᠳᠣᠷᠬᠠᠶ ᠲᠠᠨᠢᠯᠲᠠ ᠪᠠ ᠣᠶᠢᠯᠠᠭᠠᠯᠲᠠ ᠲᠠᠢ ᠪᠤᠯᠪᠠ ᠭᠡᠵᠤ ᠪᠢ ᠪᠤᠳᠤᠵᠤ ᠪᠠᠶᠢᠨ᠎ᠠ᠃ ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠰᠦᠯᠵᠢᠶᠡᠨ ᠤ ᠠᠨᠳᠠ ᠨᠠᠷ ᠳᠠᠷᠠᠭ᠎ᠠ ᠤᠳᠠᠭ᠎ᠠ ᠳᠠᠬᠢᠨ ᠠᠭᠤᠯᠵᠠᠶ᠎ᠠ︕ ᡽
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2