ᠤᠯᠠᠭᠠᠨᠴᠠᠪ ᠵᠠᠰᠠᠭ ᠠᠯᠪᠠᠨ ᠥᠰᠥᠭ 2021﹇64﹈ ᠳ᠋ᠦ᠋ᠭᠡᠷ ᠲᠣᠭᠠᠲᠤ | | ︽ᠤᠯᠠᠭᠠᠨᠴᠠᠪ ᠬᠤᠲᠠ ᠶᠢᠨ 2021-2022 ᠣᠨ ᠤ ᠨᠠᠮᠤᠷ ᠡᠪᠦᠯ ᠤᠨ ᠤᠯᠠᠷᠢᠯ ᠤᠨ ᠠᠭᠠᠷ ᠮᠠᠨᠳᠠᠯ ᠤᠨ | ᠪᠣᠬᠢᠷᠲᠤᠯ ᠢ ᠶᠡᠷᠦᠩᠬᠡᠶᠢᠯᠡᠨ ᠵᠠᠰᠠᠬᠤ ᠰᠢᠪᠲᠤᠯᠤᠯᠲᠠ ᠶᠢᠨ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ | ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ | ᠬᠠᠷᠢᠶ᠎ᠠ ᠬᠤᠯᠪᠣᠭᠳᠠᠯ ᠪᠦᠬᠦᠢ ᠨᠢᠭᠡᠴᠢ᠄ | ︽ᠤᠯᠠᠭᠠᠨᠴᠠᠪ ᠬᠤᠲᠠ ᠶᠢᠨ 2021-2022 ᠣᠨ ᠤ ᠨᠠᠮᠤᠷ ᠡᠪᠦᠯ ᠤᠨ ᠤᠯᠠᠷᠢᠯ ᠤᠨ ᠠᠭᠠᠷ ᠮᠠᠨᠳᠠᠯ ᠤᠨ | ᠪᠣᠬᠢᠷᠲᠤᠯ ᠢ ᠶᠡᠷᠦᠩᠬᠡᠶᠢᠯᠡᠨ ᠵᠠᠰᠠᠬᠤ ᠰᠢᠪᠲᠤᠯᠤᠯᠲᠠ ᠶᠢᠨ ᠲᠥᠰᠦᠯ︾ ᠢ ᠬᠤᠲᠠ ᠶᠢᠨ ᠵᠠᠰᠠᠭ ᠤᠨ ᠣᠷᠳᠣᠨ ᠤ | 2021 ᠣᠨ ᠤ 23 ᠳ᠋ᠤᠭᠠᠷ ᠤᠳᠠᠭ᠎ᠠ ᠶᠢᠨ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢᠶᠠᠷ ᠬᠢᠨᠠᠨ | ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠶᠢᠳᠠᠪᠤᠷᠢᠵᠢᠭᠤᠯᠤᠯᠲᠠ ᠶᠢ ᠬᠢᠨᠠᠮᠠᠭᠠᠶ | ᠰᠠᠶᠢᠲᠤᠷ ᠠᠳᠬᠤᠬᠤ ᠪᠣᠯᠪᠠᠤ᠃ | | 2021 ᠣᠨ ᠤ 10 ᠰᠠᠷ᠎ᠠ ᠶᠢᠨ 25 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | | ᠤᠯᠠᠭᠠᠨᠴᠠᠪ ᠬᠤᠲᠠ ᠶᠢᠨ 2021 - 2022 ᠣᠨ ᠤ ᠨᠠᠮᠤᠷ ᠡᠪᠦᠯ ᠤᠨ ᠤᠯᠠᠷᠢᠯ ᠤᠨ ᠠᠭᠠᠷ ᠮᠠᠨᠳᠠᠯ ᠤᠨ | ᠪᠣᠬᠢᠷᠲᠤᠯ ᠢ ᠶᠡᠷᠦᠩᠬᠡᠶᠢᠯᠡᠨ ᠵᠠᠰᠠᠬᠤ ᠰᠢᠪᠲᠤᠯᠤᠯᠲᠠ ᠶᠢᠨ ᠲᠥᠰᠦᠯ | | ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ | ᠪᠣᠯᠤᠨ᠎ᠠ᠂ ︽ᠡᠨᠡ ᠡᠪᠦᠯ ᠢᠷᠡᠬᠦ ᠬᠠᠪᠤᠷ︾ ᠪᠣᠯ ᠮᠠᠨ ᠤ ᠬᠤᠲᠠ ᠶᠢᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ | ᠵᠠᠰᠠᠬᠤ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ 2021 - 2022 ᠣᠨ ᠤ ᠨᠠᠮᠤᠷ ᠡᠪᠦᠯ ᠤᠨ ᠤᠯᠠᠷᠢᠯ ᠤᠨ | ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠠᠵᠢᠯ ᠢ ᠦᠨᠡᠨ ᠬᠦ ᠰᠠᠶᠢᠲᠤᠷ ᠬᠢᠵᠦ᠂ ᠤᠯᠤᠰ ᠪᠠ | ᠥᠪᠡᠷᠲᠡᠭᠡᠨ ᠵᠠᠰᠠᠬᠤ ᠣᠷᠣᠨ ᠠᠴᠠ ᠲᠤᠰᠢᠶᠠᠭᠰᠠᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ | ᠲᠣᠭᠲᠠᠭᠰᠠᠨ ᠬᠠᠷᠠᠯᠲᠠ ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠪᠠᠲᠤᠯᠠᠵᠤ᠂ ᠪᠥᠬᠦ ᠬᠤᠲᠠ ᠳᠤ | ᠨᠠᠮᠤᠷ ᠡᠪᠦᠯ ᠤᠨ ᠤᠯᠠᠷᠢᠯ ᠤᠨ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠰᠢᠪᠲᠤᠯᠤᠯᠲᠠ ᠶᠢᠨ | ᠠᠵᠢᠯᠯᠠᠭ᠎ᠠ ᠥᠷᠨᠢᠭᠦᠯᠬᠦ ᠶᠢᠨ ᠲᠤᠰᠠᠳᠠ᠂ ᠲᠣᠰ ᠲᠥᠰᠦᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ᠂ ᠳᠥᠷᠪᠡᠳᠦᠭᠡᠷ ᠪᠦᠭᠦᠳᠡ ᠬᠤᠷᠠᠯ᠂ | ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠠᠭᠠᠰᠬᠠᠬᠤ ᠶᠡᠷᠦᠩᠬᠡᠢ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠬᠦᠨᠳᠦ ᠪᠣᠬᠢᠷᠲᠤᠯ ᠲᠠᠢ ᠴᠠᠭ ᠠᠭᠤᠷ ᠢ ᠠᠷᠢᠯᠭᠠᠬᠤ ᠪᠠ PM 2 . 5 ᠶᠢᠨ | ᠥᠳᠬᠡᠴᠡ ᠶᠢ ᠪᠠᠭᠤᠷᠠᠭᠤᠯᠬᠤ ᠪᠠᠷ ᠭᠤᠤᠯ ᠬᠠᠷᠠᠯᠲᠠ ᠪᠣᠯᠭᠠᠵᠤ᠂ ᠵᠥᠪ ᠣᠨᠣᠪᠴᠢᠲᠠᠶ ᠪᠣᠬᠢᠷᠲᠤᠯ ᠢ ᠵᠠᠰᠠᠬᠤ᠂ | ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ ᠵᠠᠰᠠᠬᠤ᠂ ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ ᠳᠣᠪᠤᠶᠢᠯᠭᠠᠵᠤ᠂ | ᠴᠢᠭᠯᠡᠯ ᠢ ᠬᠤᠪᠢᠷᠠᠭᠤᠯᠬᠤ ᠦᠭᠡᠢ᠂ ᠬᠦᠴᠦᠯᠡᠴᠡ ᠶᠢ ᠪᠠᠭᠤᠷᠠᠭᠤᠯᠬᠤ ᠦᠭᠡᠢ ᠪᠠᠶᠢᠬᠤ ᠶᠢ ᠪᠠᠷᠢᠮᠲᠠᠯᠠᠵᠤ᠂ ᠠᠵᠤ | ᠦᠢᠯᠡᠰ᠂ ᠡᠨᠧᠷᠭᠢ᠂ ᠲᠡᠭᠡᠭᠡᠪᠦᠷᠢ ᠶᠢᠨ ᠪᠦᠲᠦᠴᠡ ᠶᠢᠨ ᠲᠣᠬᠢᠷᠠᠭᠤᠯᠤᠯᠲᠠ ᠶᠢᠨ ᠭᠤᠷᠪᠠᠨ ᠵᠠᠩᠭᠢᠯᠠᠭ᠎ᠠ ᠶᠢᠨ | ᠭᠤᠭᠴᠤᠭ᠎ᠠ ᠢ ᠠᠳᠬᠤᠵᠤ᠂ ᠬᠤᠴᠣᠷᠤᠩᠭᠤᠶ ᠶᠢ ᠰᠢᠭᠰᠢᠭᠳᠡᠭᠦᠯᠬᠦ ᠪᠠ ᠦᠯᠡᠭᠦᠦ ᠦᠢᠯᠡᠳᠪᠦᠷᠢᠯᠡᠬᠦ ᠴᠢᠳᠠᠪᠤᠷᠢ ᠶᠢ | ᠰᠢᠢᠳᠪᠦᠷᠢᠯᠡᠬᠦ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠠᠷᠢᠭᠤᠨ ᠴᠡᠪᠡᠷ ᠳᠤᠯᠠᠭᠠᠯᠠᠭ᠎ᠠ ᠶᠢᠨ | ᠥᠭᠡᠷᠡᠴᠢᠯᠡᠯᠲᠡ ᠶᠢ ᠲᠦᠷᠭᠡᠳᠬᠡᠨ ᠬᠡᠷᠡᠭᠵᠢᠭᠦᠯᠦᠨ᠂ ︽ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠦᠭᠡᠢ᠂ | ᠪᠣᠬᠢᠷᠲᠤᠯ ᠲᠠᠢ︾ ᠂ ᠭᠦᠸᠧᠯᠦ ᠨᠦᠬᠡᠨ ᠵᠤᠤᠬ᠎ᠠ᠂ ᠳᠡᠭᠳᠡᠮᠡᠬᠡᠶ ᠣᠷᠭᠠᠨᠢᠭ ᠪᠣᠳᠠᠰ ︵VOCs︶᠂ ᠡᠰᠢ ᠰᠦᠷᠡᠯ | ᠰᠢᠲᠠᠭᠠᠬᠤ᠂ ᠲᠣᠭᠤᠰᠣ ᠳᠡᠭᠳᠡᠬᠦ᠂ ᠴᠠᠶᠢᠶ᠋ᠢᠦ ᠲᠣᠰᠣᠨ ᠤ ᠠᠴᠢᠶᠠᠨ ᠤ ᠲᠡᠷᠭᠡ᠂ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠠᠭᠠᠷ ᠮᠠᠨᠳᠠᠯ ᠤᠨ ᠪᠣᠬᠢᠷᠲᠤᠯ ᠵᠡᠷᠭᠡ ᠶᠢ ᠲᠤᠰᠬᠠᠶᠢᠯᠠᠨ ᠵᠠᠰᠠᠬᠤ ᠶᠢ ᠭᠦᠨᠵᠡᠭᠡᠶ ᠥᠷᠨᠢᠭᠦᠯᠦᠨ᠎ᠡ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠢᠨᠠᠯᠲᠠ ᠲᠠᠯᠪᠢᠬᠤ ᠪᠠ ᠬᠠᠪᠰᠤᠷᠤᠨ ᠲᠡᠳᠬᠦᠬᠦ | ᠡᠷᠴᠢᠮ ᠢᠶᠠᠨ ᠴᠢᠩᠭᠠᠷᠠᠭᠤᠯᠵᠤ᠂ ᠬᠢᠨᠠᠨ ᠰᠢᠯᠭᠠᠬᠤ ᠪᠠ ᠰᠠᠬᠢᠯᠭ᠎ᠠ ᠪᠠᠲᠤ ᠬᠡᠷᠡᠭᠵᠢᠭᠦᠯᠦᠨ ᠬᠠᠷᠢᠭᠤᠴᠠᠯᠭ᠎ᠠ | ᠨᠡᠬᠡᠮᠵᠢᠯᠡᠬᠦ ᠶᠢ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠦᠨᠡᠨ ᠬᠦ ᠪᠣᠳᠠᠲᠠᠶᠢᠵᠢᠭᠤᠯᠤᠨ᠎ᠠ᠃ | ᠬᠤᠶᠠᠷ᠂ ᠰᠢᠪᠲᠤᠯᠤᠯᠲᠠ ᠶᠢᠨ ᠬᠠᠷᠠᠯᠲᠠ | ᠬᠦᠴᠦᠲᠡᠶ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ᠂ ᠣᠷᠣᠨ ᠪᠦᠰᠡ ᠶᠢᠨ ᠬᠠᠮᠲᠤᠷᠠᠨ | ᠬᠥᠳᠡᠯᠦᠯᠴᠡᠬᠦ ᠶᠢ ᠴᠢᠩᠭᠠᠳᠬᠠᠵᠤ᠂ ᠡᠯᠡᠰᠦᠨ ᠰᠢᠭᠤᠷᠭ᠎ᠠ ᠲᠠᠢ ᠴᠠᠭ ᠠᠭᠤᠷ ᠤᠨ ᠨᠥᠯᠥᠭᠡ ᠶᠢ ᠭᠠᠷᠭᠠᠪᠠᠯ᠂ | ᠤᠯᠠᠭᠠᠨᠴᠠᠪ ᠬᠤᠲᠠ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠨᠠᠮᠤᠷ ᠡᠪᠦᠯ ᠤᠨ ᠤᠯᠠᠷᠢᠯ ᠤᠨ PM 2 | . 5 ᠶᠢᠨ ᠳᠤᠮᠳᠠᠴᠢ ᠥᠳᠬᠡᠴᠡ ᠪᠠ ᠪᠣᠬᠢᠷᠲᠤᠯ ᠲᠠᠢ ᠴᠠᠭ ᠠᠭᠤᠷ ᠢ ᠡᠵᠡᠮᠳᠡᠬᠦ ᠬᠠᠷᠠᠯᠲᠠ ᠪᠠᠨ ᠬᠤᠭᠤᠴᠠᠭ᠎ᠠ | ᠶᠣᠰᠣᠭᠠᠷ ᠪᠡᠶᠡᠯᠡᠭᠦᠯᠪᠡ᠃ | ᠭᠤᠷᠪᠠ᠂ ᠰᠢᠪᠲᠤᠯᠤᠯᠲᠠ ᠶᠢᠨ ᠠᠷᠭ᠎ᠠ ᠬᠡᠮᠵᠢᠶ᠎ᠡ | ︵ᠨᠢᠭᠡ︶ ᠬᠤᠴᠣᠷᠤᠩᠭᠤᠶ ᠦᠶᠯᠡᠳᠪᠦᠷᠢᠯᠡᠯ ᠤᠨ ᠴᠢᠳᠠᠪᠤᠷᠢ ᠶᠢ ᠰᠢᠭᠰᠢᠭᠳᠡᠭᠦᠯᠬᠦ ᠪᠠ ᠦᠯᠡᠭᠦᠦ | ᠦᠢᠯᠡᠳᠪᠦᠷᠢᠯᠡᠬᠦ ᠴᠢᠳᠠᠪᠤᠷᠢ ᠶᠢ ᠰᠢᠢᠳᠪᠦᠷᠢᠯᠡᠬᠦ ᠶᠢ ᠠᠬᠢᠭᠤᠯᠤᠨ᠎ᠠ᠃ | ᠤᠯᠤᠰ ᠤᠨ ᠠᠵᠤ ᠦᠶᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠵᠢᠯᠣᠭᠤᠳᠬᠤ ᠭᠠᠷᠴᠠᠭ ᠢ ᠴᠢᠩᠭ᠎ᠠ | ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ | ᠦᠶᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ ᠶᠢᠨ ︽︿ᠠᠷᠪᠠᠨ | ᠳᠥᠷᠪᠡᠳᠦᠭᠡᠷ ᠲᠠᠪᠤᠨ ᠵᠢᠯ﹀ ᠤᠨ ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠤᠨ ᠬᠠᠷᠠᠯᠲᠠ ᠶᠢ | ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠤᠯᠪᠣᠭᠳᠠᠯ ᠪᠦᠬᠦᠢ ᠪᠠᠲᠤᠯᠠᠭ᠎ᠠ ᠶᠢᠨ ᠠᠷᠭ᠎ᠠ ᠬᠡᠮᠵᠢᠶᠡᠨ ᠤ ᠲᠤᠬᠠᠶ ᠮᠡᠳᠡᠭᠳᠡᠯ | ︾ ︵ᠥᠪᠥᠷ ᠬᠥᠭᠵᠢᠭᠦᠯᠦᠯᠲᠡ ᠥᠭᠡᠷᠡᠴᠢᠯᠡᠯᠲᠡ ᠣᠷᠴᠢᠨ ᠲᠣᠭᠤᠷᠢᠨ ᠡᠬᠢ ᠪᠠᠶᠠᠯᠢᠭ ᠥᠰᠥᠭ ﹇2021﹈ 209 | ᠳ᠋ᠦ᠋ᠭᠡᠷ ᠲᠣᠭᠠᠲᠤ︶ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠪᠥᠬᠦ | ᠬᠤᠲᠠ ᠶᠢᠨ ︽ᠬᠤᠶᠠᠷ ᠶᠡᠬᠡᠲᠡᠢ︾ ᠲᠥᠷᠥᠯ ᠵᠦᠶᠯ ᠢ ᠲᠤᠰᠬᠠᠶᠢᠯᠠᠨ ᠬᠠᠷᠭᠤᠭᠤᠯᠤᠨ ᠪᠠᠶᠢᠴᠠᠭᠠᠵᠤ ᠴᠡᠭᠴᠡᠯᠡᠨ | ᠵᠠᠰᠠᠬᠤ ᠲᠠᠢ ᠤᠶᠠᠯᠳᠤᠭᠤᠯᠤᠨ᠂ ᠨᠢᠭᠡᠨᠲᠡ ᠪᠠᠶᠢᠭᠤᠯᠤᠭᠰᠠᠨ᠂ ᠪᠠᠶᠢᠭᠤᠯᠵᠤ ᠪᠠᠶᠢᠭ᠎ᠠ ᠲᠥᠷᠥᠯ ᠵᠦᠶᠯ ᠢᠶᠠᠷ ᠲᠥᠷᠥᠯ | ᠬᠤᠪᠢᠶᠠᠨ ᠵᠢᠭᠰᠠᠭᠠᠨ ᠪᠠᠶᠢᠴᠠᠭᠠᠵᠤ᠂ ᠵᠥᠪᠰᠢᠶᠡᠷᠡᠨ ᠣᠷᠣᠭᠤᠯᠬᠤ ᠲᠣᠭᠲᠠᠭᠠᠯ ᠢ ᠴᠢᠩᠭ᠎ᠠ ᠬᠡᠷᠡᠭᠵᠢᠭᠦᠯᠦᠨ᠎ᠡ ︵ | ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠵᠦ᠂ ᠬᠤᠲᠠ ᠶᠢᠨ ᠠᠵᠤ | ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ ᠬᠠᠮᠵᠢᠯᠴᠠᠨ᠎ᠠ︔ | ᠬᠠᠷᠢᠭᠤᠴᠠᠯᠭᠠᠲᠤ ᠨᠢᠭᠡᠴᠢ ᠨᠢ ᠴᠥᠮ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠪᠣᠯᠤᠨ᠎ᠠ᠂ ᠳᠣᠷᠣᠭᠰᠢ ᠳᠠᠭᠢᠵᠤ ᠵᠢᠭᠰᠠᠭᠠᠬᠤ ᠥᠬᠡᠶ᠂ ᠬᠡᠷᠪᠡ ᠬᠡᠰᠡᠭ ᠪᠠᠶᠢᠭᠤᠯᠤᠮᠵᠢ ᠶᠢᠨ ᠡᠭᠦᠷᠭᠡ | ᠴᠢᠳᠠᠪᠤᠷᠢ ᠵᠢᠴᠢ ᠠᠵᠢᠯ ᠤᠨ ᠡᠭᠦᠷᠭᠡ ᠬᠠᠷᠢᠭᠤᠴᠠᠯᠭ᠎ᠠ ᠳᠤ ᠵᠣᠬᠢᠬᠤ ᠲᠣᠬᠢᠷᠠᠭᠤᠯᠤᠯᠲᠠ ᠬᠢᠬᠦ ᠳᠤ ᠭᠦᠷᠪᠡᠯ᠂ ᠰᠢᠨ᠎ᠡ | ᠲᠣᠬᠢᠷᠠᠭᠤᠯᠤᠯᠲᠠ ᠶᠢ ᠦᠨᠳᠦᠰᠦᠯᠡᠨ ᠵᠣᠬᠢᠬᠤ ᠠᠵᠢᠯ ᠢ ᠵᠣᠯᠭᠠᠭᠤᠯᠵᠤ᠂ ᠳᠠᠭᠢᠵᠤ ᠠᠰ ᠲᠤ ᠨᠢ ᠠᠵᠢᠯ | ᠬᠤᠪᠢᠶᠠᠷᠢᠯᠠᠬᠤ ᠥᠬᠡᠶ︶᠃ ᠠᠵᠤ ᠦᠶᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠬᠦ ᠥᠬᠡᠶ ᠦᠶᠯᠡᠳᠪᠦᠷᠢ | ᠠᠭᠤᠷᠬᠠᠶ ᠶᠢᠨ ᠠᠵᠤ ᠠᠬᠤᠶᠢᠯᠠᠯ ᠢ ᠰᠢᠭᠰᠢᠭᠳᠡᠭᠦᠯᠬᠦ ᠡᠷᠴᠢᠮ ᠢᠶᠠᠨ ᠴᠢᠩᠭᠠᠷᠠᠭᠤᠯᠵᠤ᠂ ᠬᠠᠮᠢᠶ᠎ᠠ ᠪᠥᠬᠦᠶ ᠠᠵᠢᠯ | ᠲᠥᠷᠥᠯ ᠤᠨ ᠰᠢᠨ᠎ᠡ ᠪᠠᠷ ᠨᠡᠮᠡᠭᠳᠡᠬᠦ ᠦᠶᠯᠡᠳᠪᠦᠷᠢᠯᠡᠯ ᠤᠨ ᠴᠢᠳᠠᠪᠤᠷᠢ ᠶᠢ ᠴᠢᠩᠭ᠎ᠠ ᠬᠢᠵᠠᠭᠠᠷᠯᠠᠨ᠎ᠠ ︵ᠬᠤᠲᠠ ᠶᠢᠨ | ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ | ᠡᠨᠧᠷᠭᠢ ᠶᠢᠨ ᠲᠣᠪᠴᠢᠶ᠎ᠠ ᠲᠦᠷᠦᠭᠦᠯᠡᠵᠦ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ | ᠬᠠᠮᠵᠢᠯᠴᠠᠨ᠎ᠠ︶᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠨᠢ ᠥᠪᠡᠷᠲᠡᠭᠡᠨ ᠵᠠᠰᠠᠬᠤ ᠣᠷᠣᠨ ᠤ ᠠᠵᠤ | ᠦᠢᠯᠡᠳᠪᠦᠷᠢ ᠪᠣᠯᠤᠨ ᠮᠡᠳᠡᠭᠡ ᠵᠠᠩᠭᠢᠵᠢᠭᠤᠯᠤᠯᠲᠠ ᠶᠢᠨ ᠲᠢᠩᠬᠢᠮ ᠤᠨ ︽ᠬᠤᠴᠣᠷᠤᠩᠭᠤᠶ ᠦᠶᠯᠡᠳᠪᠦᠷᠢᠯᠡᠯ ᠤᠨ | ᠴᠢᠳᠠᠪᠤᠷᠢ ᠶᠢ ᠰᠢᠭᠰᠢᠭᠳᠡᠭᠦᠯᠵᠦ ᠦᠯᠡᠭᠦᠦ ᠦᠢᠯᠡᠳᠪᠦᠷᠢᠯᠡᠬᠦ ᠴᠢᠳᠠᠪᠤᠷᠢ ᠶᠢ ᠰᠢᠢᠳᠪᠦᠷᠢᠯᠡᠬᠦ ᠲᠥᠯᠥᠪᠯᠡᠭᠡ ᠶᠢ | ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠠᠵᠤ ᠦᠢᠯᠡᠳᠪᠦᠷᠢ ᠮᠡᠳᠡᠭᠡ ᠲᠡᠮᠦᠷᠯᠢᠭ | ᠪᠣᠯᠪᠠᠰᠤᠷᠠᠭᠤᠯᠬᠤ ᠪᠠᠷᠢᠯᠭ᠎ᠠ ᠬᠢᠮᠢ ᠶᠢᠨ ᠠᠵᠤ ᠦᠢᠯᠡᠪᠦᠷᠢ ᠦᠰᠦᠭ ﹇2021﹈ 85 ᠳ᠋ᠤᠭᠠᠷ ᠲᠣᠭᠠᠲᠤ︶ ᠳᠤ | ᠣᠷᠣᠭᠤᠯᠤᠭᠰᠠᠨ ᠡᠮᠬᠢᠯᠡᠨ ᠨᠡᠶᠢᠯᠡᠭᠦᠯᠵᠦ᠂ ᠪᠤᠴᠠᠭᠠᠨ ᠭᠠᠷᠭᠠᠬᠤ ᠪᠠᠷ ᠲᠥᠯᠥᠪᠯᠡᠵᠦ ᠪᠠᠶᠢᠭ᠎ᠠ ᠦᠢᠯᠡᠳᠪᠦᠷᠢᠯᠡᠬᠦ | ᠴᠢᠳᠠᠪᠤᠷᠢ ᠶᠢ ᠲᠥᠯᠥᠪᠯᠡᠭᠡ ᠶᠣᠰᠣᠭᠠᠷ ᠵᠢᠯ ᠤᠨ ᠦᠢᠯᠡᠳᠪᠦᠷᠢᠯᠡᠬᠦ ᠴᠢᠳᠠᠪᠤᠷᠢ ᠶᠢᠨ ᠪᠤᠴᠠᠨ ᠭᠠᠷᠬᠤ ᠡᠭᠦᠷᠭᠡ ᠶᠢ | ᠪᠡᠶᠡᠯᠡᠭᠦᠯᠬᠦ ᠬᠡᠷᠡᠭᠲᠡᠶ᠃ ᠱᠦᠢᠨᠢ ᠶᠢᠨ ᠡᠳ᠋ᠰᠢᠭᠦᠯᠦᠭᠰᠡᠨ ᠮᠠᠲ᠋ᠧᠷᠢᠶᠠᠯ ᠦᠢᠯᠡᠳᠪᠦᠷᠢᠯᠡᠬᠦ ᠠᠵᠤ ᠠᠬᠤᠶᠢᠯᠠᠯ ᠤᠨ ᠨᠠᠮᠤᠷ | ᠡᠪᠦᠯ ᠤᠨ ᠤᠯᠠᠷᠢᠯ ᠤᠨ ᠣᠷᠭᠢᠯ ᠤᠨ ᠬᠤᠭᠤᠴᠠᠭ᠎ᠠ ᠶᠢ ᠵᠥᠷᠢᠭᠦᠯᠦᠨ ᠦᠢᠯᠡᠳᠪᠦᠷᠢᠯᠡᠬᠦ ᠶᠢ ᠦᠷᠭᠦᠯᠵᠢᠯᠡᠨ | ᠬᠡᠷᠡᠭᠵᠢᠭᠦᠯᠦᠨ᠎ᠡ ︵ᠬᠤᠲᠠ ᠶᠢᠨ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠲᠦᠷᠦᠭᠦᠯᠡᠵᠦ᠂ | ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠬᠠᠮᠵᠢᠯᠴᠠᠨ᠎ᠠ︶᠃ | ︵ᠬᠤᠶᠠᠷ︶ ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠶ︾ ᠠᠵᠤ | ᠦᠶᠯᠡᠳᠪᠦᠷᠢ ᠶᠢᠨ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠶᠢ ᠭᠦᠨᠵᠡᠭᠡᠶ ᠥᠷᠨᠢᠭᠦᠯᠦᠨ᠎ᠡ᠃ | ︽ᠲᠠᠰ ᠳᠡᠪᠰᠢᠭᠦᠯᠦᠨ ᠥᠭᠡᠷᠡᠴᠢᠯᠡᠬᠦ᠂ ᠡᠮᠬᠢᠯᠡᠨ ᠨᠡᠶᠢᠯᠡᠭᠦᠯᠵᠦ ᠨᠡᠭᠦᠯᠭᠡᠬᠦ᠂ ᠬᠠᠭᠠᠵᠤ ᠵᠣᠭᠰᠣᠭᠠᠵᠤ | ᠬᠦᠴᠦᠨ ᠥᠬᠡᠶ ᠪᠣᠯᠭᠠᠬᠤ︾ ᠶᠣᠰᠣᠭᠠᠷ ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠶ︾ | ᠠᠵᠤ ᠦᠶᠯᠡᠳᠪᠦᠷᠢ ᠶᠢᠨ ᠠᠵᠤ ᠠᠬᠤᠶᠢᠯᠠᠯ ᠢ ᠦᠷᠭᠦᠯᠵᠢᠯᠡᠨ ᠲᠥᠷᠥᠯ ᠬᠤᠪᠢᠶᠠᠨ ᠴᠡᠭᠴᠡᠯᠡᠨ ᠵᠠᠰᠠᠨ᠎ᠠ᠃ ᠨᠢᠭᠡᠨᠲᠡ | ᠵᠠᠰᠠᠵᠤ ᠳᠠᠭᠤᠰᠬᠠᠭᠰᠠᠨ ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠶ︾ ᠠᠵᠤ | ᠦᠶᠯᠡᠳᠪᠦᠷᠢ ᠶᠢᠨ ᠠᠵᠤ ᠠᠬᠤᠶᠢᠯᠠᠯ ᠤᠨ ᠳᠠᠬᠢᠨ ᠰᠡᠷᠭᠦᠬᠦ᠂ ᠤᠨᠳᠤᠤ ᠭᠠᠵᠠᠷ ᠲᠤ ᠰᠢᠯᠵᠢᠬᠦ ᠶᠢ ᠴᠢᠩᠭ᠎ᠠ | ᠰᠡᠷᠭᠡᠶᠢᠯᠡᠵᠦ᠂ ᠰᠢᠨ᠎ᠡ ᠪᠠᠷ ᠢᠯᠡᠷᠡᠭᠰᠡᠨ ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠶ︾ | ᠠᠵᠤ ᠦᠶᠯᠡᠳᠪᠦᠷᠢ ᠶᠢᠨ ᠠᠵᠤ ᠠᠬᠤᠶᠢᠯᠠᠯ ᠢ ᠲᠠᠩᠰᠠ ᠡᠪᠬᠡᠮᠡᠯ ᠪᠠᠶᠢᠭᠤᠯᠤᠨ ᠳᠡᠩᠰᠡᠯᠡᠵᠦ᠂ ᠴᠠᠭ ᠲᠤᠬᠠᠶ ᠳᠤ ᠨᠢ | ᠬᠠᠮᠢᠶᠠᠷᠤᠯᠲᠠ ᠶᠢᠨ ᠡᠬᠡ ᠲᠠᠩᠰᠠᠨ ᠳᠤ ᠣᠷᠣᠭᠤᠯᠤᠨ᠎ᠠ᠃ ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠥᠬᠡᠶ | ᠪᠣᠬᠢᠷᠲᠤᠯ ᠶᠡᠬᠡᠲᠡᠶ︾ ᠶᠢ ᠴᠡᠭᠴᠡᠯᠡᠨ ᠵᠠᠰᠠᠬᠤ ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠦᠨ᠎ᠡ᠃ ︵ | ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ ᠲᠦᠷᠦᠭᠦᠯᠡᠵᠦ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ | ᠵᠡᠷᠭᠡ ᠰᠠᠯᠠᠭ᠎ᠠ ᠮᠥᠴᠢᠷ ᠬᠠᠮᠵᠢᠯᠴᠠᠨ᠎ᠠ︶᠃ | ︵ᠭᠤᠷᠪᠠ︶ ᠲᠠᠷᠠᠬᠠᠶ ᠨᠡᠭᠦᠷᠡᠰᠦᠨ ᠬᠡᠷᠡᠭᠯᠡᠯᠲᠡ ᠶᠢ ᠵᠠᠰᠠᠬᠤ ᠠᠬᠢᠴᠠ ᠶᠢ ᠲᠦᠷᠭᠡᠳᠬᠡᠨ᠎ᠡ᠃ | ᠮᠠᠨ ᠤ ᠬᠤᠲᠠ ᠶᠢᠨ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠭᠠᠷ ᠤᠨ ᠶᠠᠰᠤ ᠴᠢᠨᠠᠷ ᠤᠨ | ᠣᠳᠣᠬᠢ ᠪᠠᠶᠢᠳᠠᠯ ᠲᠠᠢ ᠤᠶᠠᠯᠳᠤᠭᠤᠯᠤᠨ᠂ 11 ᠬᠤᠰᠢᠭᠤ ᠰᠢᠶᠠᠨ ᠬᠤᠲᠠ ᠲᠣᠭᠤᠷᠢᠭ ᠢ ᠭᠤᠷᠪᠠᠨ ᠬᠦᠷᠢᠶ᠎ᠡ | ᠳᠠᠪᠬᠤᠷᠭ᠎ᠠ ᠬᠤᠪᠢᠶᠠᠵᠤ ᠲᠥᠷᠥᠯ ᠬᠤᠪᠢᠶᠠᠨ ᠵᠠᠰᠠᠬᠤ ᠠᠵᠢᠯ ᠢ ᠥᠷᠨᠢᠭᠦᠯᠦᠨ᠎ᠡ᠃ ᠨᠢᠭᠡᠳᠦᠭᠡᠷ ᠳᠠᠪᠬᠤᠷᠭ᠎ᠠ ᠳᠤ᠂ | ᠵᠢᠨᠢᠩ ᠲᠣᠭᠤᠷᠢᠭ ᠤᠨ ᠬᠢᠨ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠲᠠᠷᠠᠬᠠᠶ ᠨᠡᠭᠦᠷᠡᠰᠦᠨ ᠬᠡᠷᠡᠭᠯᠡᠯᠲᠡ ᠶᠢ | ᠴᠡᠭᠴᠡᠯᠡᠨ ᠵᠠᠰᠠᠬᠤ ᠡᠯ᠎ᠡ ᠵᠦᠢᠯ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ | ᠨᠠᠶᠢᠳᠠᠪᠤᠷᠢᠵᠢᠭᠤᠯᠵᠤ᠂ ᠪᠣᠬᠢᠷᠲᠤᠯ ᠶᠡᠬᠡᠲᠡᠶ ᠰᠢᠲᠠᠭᠠᠯᠭ᠎ᠠ ᠶᠢᠨ ᠰᠢᠲᠠᠬᠤ ᠶᠢ ᠴᠠᠭᠠᠵᠠᠯᠠᠬᠤ ᠣᠷᠣᠨ ᠤ ᠳᠣᠲᠣᠷᠠᠬᠢ | ᠲᠠᠷᠠᠬᠠᠶ ᠨᠡᠭᠦᠷᠡᠰᠦᠨ ᠬᠡᠷᠡᠭᠯᠡᠯᠲᠡ ᠶᠢᠨ ᠰᠠᠭᠤᠷᠢ ᠲᠤᠭ᠎ᠠ ᠶᠢ ᠦᠨᠡᠨᠬᠦ ᠲᠣᠳᠣᠷᠬᠠᠶ ᠣᠶᠢᠯᠠᠭᠠᠵᠤ᠂ ᠳᠥᠭᠦᠮ | ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ᠂ ᠲᠥᠪᠯᠡᠷᠡᠭᠦᠯᠦᠨ ᠢᠯᠴᠢ ᠬᠠᠩᠭᠠᠬᠤ᠂ ︽ | ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾᠂ ︽ᠨᠡᠭᠦᠷᠡᠰᠦ ᠶᠢ ᠰᠢᠲᠠᠮᠠᠭᠠᠢ ᠬᠡᠢ ᠪᠣᠯᠭᠠᠨ ᠥᠭᠡᠷᠡᠴᠢᠯᠡᠬᠦ︾ | ᠵᠡᠷᠭᠡ ᠡᠪᠡᠳᠴᠢᠨ ᠳᠤ ᠨᠢ ᠲᠣᠬᠢᠷᠠᠭᠤᠯᠤᠨ ᠡᠮ ᠥᠭᠬᠦ ᠠᠷᠭ᠎ᠠ ᠬᠡᠮᠵᠢᠶ᠎ᠡ ᠠᠪᠴᠤ᠂ 2021 ᠣᠨ ᠤ ᠨᠠᠮᠤᠷ | ᠡᠪᠦᠯ ᠤᠨ ᠤᠯᠠᠷᠢᠯ ᠤᠨ ᠪᠣᠬᠢᠷᠲᠤᠯ ᠶᠡᠬᠡᠲᠡᠶ ᠰᠢᠲᠠᠭᠠᠯᠭ᠎ᠠ ᠶᠢᠨ ᠰᠢᠲᠠᠭᠠᠯᠭ᠎ᠠ ᠶᠢ ᠴᠠᠭᠠᠵᠠᠯᠠᠬᠤ ᠣᠷᠣᠨ ᠤ ᠳᠣᠲᠣᠷᠠᠬᠢ | ᠲᠠᠷᠠᠬᠠᠶ ᠨᠡᠭᠦᠷᠡᠰᠦᠨ ᠬᠡᠷᠡᠭᠯᠡᠯᠲᠡ ᠶᠢ ︽ᠲᠡᠭ ᠪᠣᠯᠭᠠᠬᠤ︾ ᠶᠢ ᠴᠢᠷᠮᠠᠶᠢᠨ ᠪᠡᠶᠡᠯᠡᠭᠦᠯᠵᠦ᠂ ᠰᠢᠲᠠᠭᠠᠯᠭ᠎ᠠ ᠶᠢ | ᠴᠠᠭᠠᠵᠠᠯᠠᠬᠤ ᠣᠷᠣᠨ ᠤ ᠭᠠᠳᠠᠨ᠎ᠠ ᠪᠠᠰᠠ ᠴᠡᠪᠡᠷ ᠨᠡᠭᠦᠷᠡᠰᠦ ᠪᠠᠷ ᠣᠷᠣᠯᠠᠭᠤᠯᠬᠤ ᠠᠵᠢᠯ ᠢ ᠢᠳᠡᠪᠬᠢᠲᠡᠶ ᠳᠥᠯᠭᠢᠨ | ᠠᠬᠢᠭᠤᠯᠬᠤ ᠬᠡᠷᠡᠭᠲᠡᠶ ︵ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠲᠦᠷᠦᠭᠦᠯᠡᠵᠦ᠂ ᠬᠤᠲᠠ ᠶᠢᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ ᠬᠠᠮᠵᠢᠯᠴᠠᠨ᠂ ᠬᠠᠷᠢᠭᠤᠴᠠᠯᠭ᠎ᠠ ᠶᠢᠨ ᠭᠤᠤᠯ ᠴᠣᠭᠴᠠ᠄ ᠵᠢᠨᠢᠩ ᠲᠣᠭᠤᠷᠢᠭ ᠤᠨ ᠵᠠᠰᠠᠭ ᠤᠨ | ᠣᠷᠳᠣᠨ︶︔ ᠨᠡᠭᠦᠷᠡᠰᠦᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠤᠳᠠ ᠶᠢᠨ ᠭᠤᠣᠯ | ᠲᠣᠭᠤᠷᠢᠭ ᠤᠨ ᠰᠢᠲᠠᠭᠠᠯᠭ᠎ᠠ ᠶᠢ ᠴᠠᠭᠠᠵᠠᠯᠠᠬᠤ ᠣᠷᠣᠨ ᠪᠦᠰᠡ ᠶᠢᠨ ᠳᠣᠲᠣᠷᠠᠬᠢ ᠰᠤᠯᠠ ᠨᠡᠭᠦᠷᠡᠰᠦ ᠪᠣᠷᠣᠯᠠᠭᠤᠯᠬᠤ | ᠰᠦᠯᠵᠢᠶᠡᠨ ᠴᠡᠭ ᠤᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠰᠤᠯᠠ ᠨᠡᠭᠦᠷᠡᠰᠦ ᠪᠣᠷᠣᠯᠠᠭᠤᠯᠬᠤ | ᠰᠦᠯᠵᠢᠶᠡᠨ ᠴᠡᠭ ᠢ ᠬᠦᠴᠦᠨ ᠥᠭᠡᠢ ᠪᠣᠯᠭᠠᠵᠤ᠂ ᠰᠤᠯᠠ ᠨᠡᠭᠦᠷᠡᠰᠦ ᠣᠷᠣᠭᠤᠯᠬᠤ ᠶᠢ ᠴᠢᠩᠭ᠎ᠠ ᠴᠠᠭᠠᠵᠠᠯᠠᠨ᠎ᠠ ︵ | ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠨ᠂ ᠬᠤᠳᠠ ᠶᠢᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠬᠠᠮᠵᠢᠯᠴᠠᠨ᠎ᠠ᠂ ᠬᠠᠷᠢᠭᠤᠴᠠᠯᠭ᠎ᠠ ᠶᠢᠨ ᠭᠤᠣᠯ ᠴᠣᠭᠴᠠ᠄ ᠵᠢᠨᠢᠩ | ᠲᠣᠭᠤᠷᠢᠭ ᠤᠨ ᠵᠠᠰᠠᠭ ᠤᠨ ᠣᠷᠳᠣᠨ︶᠃ ᠬᠤᠶᠠᠳᠤᠭᠠᠷ ᠳᠠᠪᠬᠤᠷᠭ᠎ᠠ ᠳᠤ ᠹᠧᠩᠵᠧᠨ ᠬᠤᠲᠠ᠂ ᠴᠠᠬᠠᠷ ᠪᠠᠷᠠᠭᠤᠨ | ᠭᠠᠷᠤᠨ ᠡᠮᠦᠨᠡᠲᠦ ᠬᠤᠰᠢᠭᠤ᠂ ᠰᠢᠩ ᠾᠧ ᠰᠢᠶᠠᠨ᠂ ᠱᠠᠩᠳᠤ ᠰᠢᠶᠠᠨ᠂ ᠬᠤᠸᠠᠳᠧ ᠰᠢᠶᠠᠨ ᠵᠡᠷᠭᠡ 5 ᠬᠤᠰᠢᠭᠤ | ᠰᠢᠶᠠᠨ ᠬᠤᠲᠠ᠂ ᠪᠦᠲᠦᠭᠡᠨ ᠪᠠᠶᠢᠭᠤᠯᠤᠯᠲᠠ ᠶᠢᠨ ᠲᠣᠭᠤᠷᠢᠭ ᠢ ᠴᠢᠩᠭ᠎ᠠ ᠠᠳᠬᠤᠨ᠂ ᠲᠤᠬᠠᠶ ᠶᠢᠨ ᠭᠠᠵᠠᠷ | ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ | ᠥᠭᠡᠷᠡᠴᠢᠯᠡᠬᠦ᠂ ︽ᠨᠡᠭᠦᠷᠡᠰᠦ ᠶᠢ ᠰᠢᠲᠠᠮᠠᠬᠠᠶ ᠬᠡᠢ ᠪᠣᠯᠭᠠᠨ ᠥᠭᠡᠷᠡᠴᠢᠯᠡᠬᠦ︾᠂ ︽ᠨᠡᠭᠦᠷᠡᠰᠦ ᠶᠢ ᠴᠠᠬᠢᠯᠭᠠᠨ ᠪᠣᠯᠭᠠᠨ | ᠥᠭᠡᠷᠡᠴᠢᠯᠡᠬᠦ︾᠂ ᠲᠥᠪᠯᠡᠷᠡᠭᠦᠯᠦᠨ ᠢᠯᠴᠢ ᠬᠠᠩᠭᠠᠬᠤ ᠵᠡᠷᠭᠡ ᠠᠷᠭ᠎ᠠ ᠮᠠᠶ᠋ᠢᠭ ᠢᠶᠠᠷ ᠠᠷᠢᠭᠤᠨ ᠴᠡᠪᠡᠷ ᠡᠨᠧᠷᠭᠢ ᠶᠢᠨ | ᠣᠷᠣᠯᠠᠭᠤᠯᠤᠯᠲᠠ ᠶᠢ ᠠᠬᠢᠭᠤᠯᠵᠤ᠂ ᠰᠤᠯᠠ ᠨᠡᠭᠦᠷᠡᠰᠦ ᠪᠠᠷ ᠣᠷᠣᠯᠠᠭᠤᠯᠬᠤ ᠳᠤ ᠬᠦᠴᠢᠷᠲᠡᠶ ᠪᠠᠶᠢᠭᠰᠠᠨ ᠴᠤ᠂ ᠴᠡᠪᠡᠷ | ᠨᠡᠭᠦᠷᠡᠰᠦ ᠵᠡᠷᠭᠡ ᠪᠠᠷ ᠣᠷᠣᠯᠠᠭᠤᠯᠬᠤ ᠠᠵᠢᠯ ᠢ ᠬᠡᠷᠡᠭᠵᠢᠭᠦᠯᠬᠦ ᠶᠢ ᠳᠥᠯᠭᠢᠨ ᠠᠬᠢᠭᠤᠯᠬᠤ ᠬᠡᠷᠡᠭᠲᠡᠶ᠂ ᠭᠡᠬᠦ ᠳᠡᠭᠡᠨ | ᠣᠷᠣᠯᠠᠭᠤᠯᠤᠭᠰᠠᠨ ᠨᠡᠭᠦᠷᠡᠰᠦ ᠨᠢ ᠡᠷᠬᠡᠪᠰᠢ ︽ᠲᠠᠸᠠᠷ ᠤᠨ ᠨᠡᠭᠦᠷᠡᠰᠦᠨ ᠤ ᠶᠠᠰᠤ ᠴᠢᠨᠠᠷ — ᠠᠷᠠᠳ ᠤᠨ | ᠬᠡᠷᠡᠭᠯᠡᠭᠡᠨ ᠤ ᠬᠡᠯᠪᠡᠷᠢ ᠶᠢᠨ ᠨᠡᠭᠦᠷᠡᠰᠦ︾ ︵GB34170 - 2017︶ ᠶᠢᠨ ᠪᠠᠷᠢᠮᠵᠢᠶ᠎ᠠ ᠶᠢᠨ ᠱᠠᠭᠠᠷᠳᠠᠯᠭ᠎ᠠ ᠳᠤ | ᠨᠡᠶᠢᠴᠡᠭᠰᠡᠨ ᠪᠠᠶᠢᠬᠤ ᠬᠡᠷᠡᠭᠲᠡᠶ ︵ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠲᠦᠷᠦᠭᠦᠯᠡᠵᠦ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | ᠂ ᠡᠳ᠋ ᠤᠨ ᠵᠠᠰᠠᠭ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠬᠠᠮᠵᠢᠯᠴᠠᠨ᠎ᠠ᠂ ᠬᠠᠷᠢᠭᠤᠴᠠᠯᠭ᠎ᠠ ᠶᠢᠨ ᠭᠤᠤᠯ ᠴᠣᠭᠴᠠ᠄ ᠹᠧᠩᠵᠧᠨ | ᠬᠤᠲᠠ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠰᠢᠩ ᠾᠧ ᠰᠢᠶᠠᠨ᠂ ᠱᠠᠩᠳᠤ ᠰᠢᠶᠠᠨ᠂ ᠬᠤᠸᠠᠳᠧ | ᠰᠢᠶᠠᠨ ᠤ ᠵᠠᠰᠠᠭ ᠤᠨ ᠣᠷᠳᠣᠨ︶᠃ ᠭᠤᠷᠪᠠᠳᠤᠭᠠᠷ ᠳᠠᠪᠬᠤᠷᠭ᠎ᠠ ᠳᠤ ᠯᠢᠶᠠᠩᠴᠧᠩ ᠰᠢᠶᠠᠨ᠂ ᠵᠦᠸᠧᠽᠢ ᠰᠢᠶᠠᠨ᠂ | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ ᠳᠥᠷᠪᠡᠳ | ᠬᠤᠰᠢᠭᠤ᠂ ᠬᠠᠷᠠᠯᠲᠠ ᠶᠢᠨ ᠤᠳᠤᠷᠢᠳᠤᠮᠵᠢ ᠶᠢ ᠪᠠᠷᠢᠮᠲᠠᠯᠠᠵᠤ᠂ ᠲᠤᠰ ᠲᠤᠰ ᠤᠨ ᠠᠭᠠᠷ ᠤᠨ ᠶᠠᠰᠤ ᠴᠢᠨᠠᠷ ᠤᠨ | ᠪᠠᠶᠢᠳᠠᠯ ᠢᠶᠠᠨ ᠦᠨᠳᠦᠰᠦᠯᠡᠨ᠂ ᠪᠦᠲᠦᠭᠡᠨ ᠪᠠᠶᠢᠭᠤᠯᠤᠯᠲᠠ ᠶᠢᠨ ᠲᠣᠭᠤᠷᠢᠭ ᠲᠤ ᠲᠠᠷᠠᠬᠠᠢ ᠨᠡᠭᠦᠷᠡᠰᠦᠨ | ᠬᠡᠷᠡᠭᠯᠡᠯᠲᠡ ᠶᠢ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠠᠪᠴᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ | ᠳᠣᠭᠢᠷᠠᠭᠤᠯᠤᠨ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ᠂ ︽ᠨᠡᠭᠦᠷᠡᠰᠦ ᠶᠢ | ᠰᠢᠲᠠᠮᠠᠬᠠᠶ ᠬᠡᠶ ᠪᠣᠯᠭᠠᠨ ᠥᠭᠡᠷᠡᠴᠢᠯᠡᠬᠦ︾᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾᠂ | ᠲᠥᠪᠯᠡᠷᠡᠭᠦᠯᠦᠨ ᠢᠯᠴᠢ ᠬᠠᠩᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠴᠡᠪᠡᠷ ᠡᠨᠧᠷᠭᠢ ᠶᠢᠨ | ᠣᠷᠣᠯᠠᠭᠤᠯᠤᠯᠲᠠ ᠶᠢ ᠳᠥᠯᠭᠢᠨ ᠠᠬᠢᠭᠤᠯᠵᠤ ᠪᠣᠯᠤᠨ᠎ᠠ᠂ ᠰᠤᠯᠠ ᠨᠡᠭᠦᠷᠡᠰᠦ ᠪᠠᠷ ᠣᠷᠣᠯᠠᠭᠤᠯᠬᠤ ᠳᠤ ᠬᠦᠴᠢᠷᠲᠡᠶ | ᠪᠠᠶᠢᠭᠰᠠᠨ ᠴᠤ᠂ ᠴᠡᠪᠡᠷ ᠨᠡᠭᠦᠷᠡᠰᠦ ᠵᠡᠷᠭᠡ ᠪᠠᠷ ᠣᠷᠣᠯᠠᠭᠤᠯᠬᠤ ᠶᠢ ᠬᠡᠷᠡᠭᠵᠢᠭᠦᠯᠬᠦ ᠶᠢ ᠳᠥᠯᠭᠢᠨ ᠠᠬᠢᠭᠤᠯᠬᠤ ᠬᠡᠷᠡᠭᠲᠡᠶ | ᠂ ᠭᠡᠬᠦ ᠳᠡᠭᠡᠨ ᠣᠷᠣᠯᠠᠭᠤᠯᠤᠭᠰᠠᠨ ᠨᠡᠭᠦᠷᠡᠰᠦ ᠨᠢ ᠡᠷᠬᠡᠪᠰᠢ ︽ᠲᠠᠸᠠᠷ ᠤᠨ ᠨᠡᠭᠦᠷᠡᠰᠦᠨ ᠤ ᠶᠠᠰᠤ ᠴᠢᠨᠠᠷ — | ᠠᠷᠠᠳ ᠤᠨ ᠬᠡᠷᠡᠭᠯᠡᠭᠡᠨ ᠤ ᠬᠡᠯᠪᠡᠷᠢ ᠶᠢᠨ ᠨᠡᠭᠦᠷᠡᠰᠦ︾ ︵GB34170-2017︶ ᠶᠢᠨ ᠪᠠᠷᠢᠮᠵᠢᠶ᠎ᠠ ᠶᠢᠨ | ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ ︵ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠲᠦᠷᠦᠭᠦᠯᠡᠵᠦ᠂ ᠬᠤᠲᠠ ᠶᠢᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠬᠠᠮᠵᠢᠯᠴᠠᠨ᠎ᠠ᠂ ᠬᠠᠷᠢᠭᠤᠴᠠᠯᠭ᠎ᠠ ᠶᠢᠨ | ᠭᠤᠤᠯ ᠴᠣᠭᠴᠠ᠄ ᠯᠢᠶᠠᠩᠴᠧᠩ ᠰᠢᠶᠠᠨ᠂ ᠵᠦᠸᠧᠽᠢ ᠰᠢᠶᠠᠨ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ ᠳᠥᠷᠪᠡᠳ ᠬᠤᠰᠢᠭᠤᠨ ᠤ ᠵᠠᠰᠠᠭ ᠤᠨ ᠣᠷᠳᠣᠨ︶᠃ | ︵ᠳᠥᠷᠪᠡ︶ ᠨᠡᠭᠦᠷᠡᠰᠦ ᠰᠢᠲᠠᠭᠠᠬᠤ ᠪᠡᠯᠡᠳᠬᠡᠮᠵᠢ ᠶᠢ ᠴᠡᠪᠡᠷ ᠡᠨᠧᠷᠭᠢ ᠪᠠᠷ ᠣᠷᠣᠯᠠᠭᠤᠯᠬᠤ ᠶᠢ | ᠲᠦᠷᠭᠡᠳᠬᠡᠨ᠎ᠡ᠃ | ᠠᠮᠢᠳᠤᠷᠠᠯ ᠤᠨ ᠢᠷᠡᠯᠲᠡ ᠪᠠᠷ ᠭᠤᠣᠯ ᠪᠣᠯᠭᠠᠭᠰᠠᠨ ᠨᠡᠭᠦᠷᠡᠰᠦ ᠰᠢᠲᠠᠭᠠᠬᠤ ᠵᠤᠤᠬ᠎ᠠ ᠳᠤ ᠴᠢᠭᠯᠡᠭᠦᠯᠦᠨ᠂ ᠡᠯ᠎ᠡ | ᠬᠤᠰᠢᠭᠤ ᠰᠢᠶᠠᠨ ᠬᠤᠲᠠ ᠲᠣᠭᠤᠷᠢᠭ ᠨᠢ ᠪᠦᠲᠦᠭᠡᠨ ᠪᠠᠶᠢᠭᠤᠯᠤᠯᠲᠠ ᠶᠢᠨ ᠲᠣᠭᠤᠷᠢᠭ ᠤᠨ 35 ᠲᠣᠨ | ᠠᠭᠤᠷᠰᠢᠭᠤᠯᠬᠤ / ᠴᠠᠭ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠭᠦᠸᠧᠯᠦ ᠶᠢᠨ ᠰᠠᠭᠤᠷᠢ ᠲᠤᠭ᠎ᠠ ᠶᠢ ᠪᠥᠬᠦ | ᠲᠠᠯ᠎ᠠ ᠪᠠᠷ ᠣᠶᠢᠯᠠᠭᠠᠵᠤ᠂ ᠨᠢᠭᠡ ᠨᠢᠭᠡ ᠪᠠᠷ ᠰᠤᠳᠤᠯᠤᠨ ᠲᠣᠭᠲᠠᠭᠠᠵᠤ ᠰᠢᠭᠰᠢᠭᠳᠡᠭᠦᠯᠬᠦ ᠲᠥᠯᠥᠪᠯᠡᠭᠡ ᠶᠢ ᠵᠢᠭᠰᠠᠭᠠᠨ | ᠭᠠᠷᠭᠠᠵᠤ᠂ 2021 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠲᠥᠪ ᠬᠤᠲᠠ ᠶᠢᠨ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢᠨ ᠲᠣᠭᠤᠷᠢᠭ ᠲᠤ 35 ᠲᠣᠨ ᠠᠭᠤᠷᠰᠢᠭᠤᠯᠬᠤ / ᠴᠠᠭ ᠠᠴᠠ ᠳᠣᠷᠣᠭᠰᠢᠬᠢ ᠨᠡᠭᠦᠷᠡᠰᠦ | ᠰᠢᠲᠠᠭᠠᠬᠤ ᠵᠤᠤᠬ᠎ᠠ ᠶᠢ ᠪᠦᠬᠦᠨ ᠢ ᠰᠢᠭᠰᠢᠭᠳᠡᠭᠦᠯᠵᠦ᠂ ᠬᠤᠰᠢᠭᠤ ᠰᠢᠶᠠᠨ ᠤ ᠵᠠᠰᠠᠭ ᠤᠨ ᠣᠷᠳᠣᠨ ᠤ ᠪᠠᠶᠢᠭ᠎ᠠ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠣᠭᠤᠷᠢᠭ ᠨᠢ 35 ᠲᠣᠨ ᠠᠭᠤᠷᠰᠢᠭᠤᠯᠬᠤ / ᠴᠠᠭ ᠠᠴᠠ | ᠳᠣᠷᠣᠭᠰᠢᠬᠢ ᠨᠡᠭᠦᠷᠡᠰᠦ ᠰᠢᠲᠠᠭᠠᠬᠤ ᠵᠤᠤᠬ᠎ᠠ ᠶᠢ ᠦᠨᠳᠦᠰᠦᠨ ᠳᠡᠭᠡᠨ ᠰᠢᠭᠰᠢᠭᠳᠡᠭᠦᠯᠵᠦ᠂ ᠪᠤᠰᠤᠳ ᠣᠷᠣᠨ | ᠲᠣᠭᠤᠷᠢᠭ ᠨᠢ ᠰᠢᠭᠰᠢᠭᠳᠡᠭᠦᠯᠵᠦ ᠪᠣᠯᠬᠤ ᠶᠢ ᠪᠦᠬᠦᠨ ᠢ ᠰᠢᠭᠰᠢᠭᠳᠡᠭᠦᠯᠦᠨ᠎ᠡ᠃ ︵ᠬᠤᠲᠠ ᠶᠢᠨ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ | ᠲᠣᠪᠴᠢᠶ᠎ᠠ ᠲᠦᠷᠦᠭᠦᠯᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠵᠢᠯᠴᠠᠨ᠎ᠠ︶᠃ | ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠭᠤᠭᠴᠤᠭ᠎ᠠ ᠲᠠᠢ ᠬᠤᠯᠪᠣᠭ᠎ᠠ ᠲᠠᠢ ᠨᠡᠭᠦᠷᠡᠰᠦ | ᠰᠢᠲᠠᠭᠠᠬᠤ ᠵᠤᠤᠬ᠎ᠠ ᠳᠤ ᠴᠢᠭᠯᠡᠭᠦᠯᠦᠨ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠨᠢ ᠬᠠᠮᠢᠶ᠎ᠠ ᠪᠥᠬᠦᠶ ᠰᠠᠯᠠᠭ᠎ᠠ | ᠮᠥᠴᠢᠷ ᠢ ᠵᠣᠬᠢᠶᠠᠨ ᠪᠠᠶᠢᠭᠤᠯᠤᠨ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠪᠠᠶᠢᠳᠠᠯ ᠢ ᠤᠶᠢᠯᠠᠭᠠᠨ᠂ ᠠᠵᠢᠯ ᠤᠨ | ᠲᠠᠩᠰᠠ ᠶᠢ ᠪᠠᠶᠢᠭᠤᠯᠵᠤ᠂ ᠲᠥᠷᠥᠯ ᠬᠤᠪᠢᠶᠠᠨ ᠴᠡᠭᠴᠡᠯᠡᠨ ᠵᠠᠰᠠᠬᠤ ᠶᠢ ᠠᠬᠢᠭᠤᠯᠵᠤ᠂ 2021 ᠣᠨ ᠤ | ᠰᠡᠭᠦᠯᠴᠢ ᠠᠴᠠ ᠡᠮᠦᠨ᠎ᠡ ᠨᠡᠭᠦᠷᠡᠰᠦ ᠰᠢᠲᠠᠭᠠᠬᠤ ᠬᠠᠯᠠᠭᠠᠯᠲᠠ ᠶᠢᠨ ᠵᠤᠤᠬ᠎ᠠ ᠶᠢ ᠬᠦᠴᠦᠨ ᠥᠬᠡᠶ ᠪᠣᠯᠭᠠᠵᠤ᠂ | ᠨᠡᠭᠦᠷᠡᠰᠦ ᠪᠠᠷ ᠲᠦᠯᠡᠰᠢ ᠪᠣᠯᠭᠠᠭᠰᠠᠨ ᠬᠠᠯᠠᠭᠠᠯᠲᠠ ᠶᠢᠨ ᠵᠤᠤᠬ᠎ᠠ᠂ ᠢᠯᠴᠢ ᠪᠠᠷ ᠰᠢᠶᠳᠪᠦᠷᠢᠯᠡᠬᠦ ᠵᠤᠤᠬ᠎ᠠ᠂ | ᠬᠠᠳᠠᠭᠠᠬᠤ ᠵᠤᠤᠬ᠎ᠠ ᠶᠢ ᠠᠵᠤ ᠦᠶᠯᠡᠳᠪᠦᠷᠢ ᠶᠢᠨ ᠦᠯᠡᠳᠡᠪᠦᠷᠢ ᠢᠯᠴᠢ ᠪᠤᠶᠤ ᠴᠠᠬᠢᠯᠭᠠᠨ ᠡᠨᠧᠷᠭᠢ ᠬᠡᠷᠡᠭᠯᠡᠬᠦ ᠪᠣᠯᠭᠠᠨ | ᠥᠭᠡᠷᠡᠴᠢᠯᠡᠵᠦ᠂ ᠴᠢᠳᠬᠤᠨ ᠦᠶᠯᠡᠳᠬᠦ ︵10 ᠲᠣᠨ / ᠴᠠᠭ ᠠᠴᠠ ᠳᠣᠷᠣᠭᠰᠢ︶᠂ ᠬᠠᠲᠠᠨ ᠬᠥᠪᠥᠩ ᠵᠡᠷᠭᠡ | ᠠᠵᠢᠯ ᠲᠥᠷᠥᠯ ᠤᠨ ᠲᠩᠷᠢ ᠲᠤᠯᠤᠮ᠎ᠠ ᠵᠤᠤᠬ᠎ᠠ ᠶᠢ ᠴᠠᠬᠢᠯᠭᠠᠨ ᠵᠤᠤᠬ᠎ᠠ ᠪᠣᠯᠭᠠᠨ ᠥᠭᠡᠷᠡᠴᠢᠯᠡᠬᠦ ᠶᠢ ᠦᠨᠡᠨᠬᠦ | ᠪᠠᠲᠤᠯᠠᠨ᠎ᠠ᠃ ︵ᠬᠤᠲᠠ ᠶᠢᠨ ᠠᠵᠤ ᠦᠶᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠲᠦᠷᠦᠭᠦᠯᠡᠵᠦ᠂ | ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ ᠬᠠᠮᠵᠢᠯᠴᠠᠨ᠎ᠠ︶᠃ | ︵ᠲᠠᠪᠤ︶ ᠨᠡᠭᠦᠷᠡᠰᠦ ᠰᠢᠲᠠᠭᠠᠵᠤ ᠲᠥᠪᠯᠡᠷᠡᠭᠦᠯᠦᠨ ᠢᠯᠴᠢ ᠬᠠᠩᠭᠠᠬᠤ ᠵᠤᠤᠬ᠎ᠠ ᠶᠢᠨ ᠶᠡᠷᠦᠩᠬᠡᠶᠢᠯᠡᠨ | ᠴᠡᠭᠴᠡᠯᠡᠨ ᠵᠠᠰᠠᠯᠲᠠ ᠶᠢ ᠥᠷᠨᠢᠭᠦᠯᠦᠨ᠎ᠡ᠃ | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ ᠨᠢ ᠬᠠᠷᠢᠶ᠎ᠠ ᠣᠷᠣᠨ ᠤ ᠪᠣᠶ ᠪᠥᠬᠦᠶ | ᠨᠡᠭᠦᠷᠡᠰᠦ ᠰᠢᠲᠠᠭᠠᠵᠤ ᠲᠥᠪᠯᠡᠷᠡᠭᠦᠯᠦᠨ ᠢᠯᠴᠢ ᠬᠠᠩᠭᠠᠬᠤ ᠠᠵᠤ ᠠᠬᠤᠶᠢᠯᠠᠯ ᠤᠨ ᠬᠠᠶᠠᠭᠳᠠᠮᠠᠯ ᠬᠡᠢ ᠳᠤ | ᠬᠤᠯᠪᠣᠭᠳᠠᠬᠤ ᠣᠷᠴᠢᠨ ᠲᠣᠭᠤᠷᠢᠨ ᠤ ᠠᠰᠠᠭᠤᠳᠠᠯ ᠢ ᠪᠥᠬᠦ ᠲᠠᠯ᠎ᠠ ᠪᠠᠷ ᠤᠶᠢᠯᠠᠭᠠᠨ ᠵᠢᠭᠰᠠᠭᠠᠨ ᠪᠠᠶᠢᠴᠠᠭᠠᠯᠲᠠ ᠬᠢᠵᠦ | ᠂ ᠪᠣᠳᠠᠰ ᠤᠨ ᠮᠠᠲ᠋ᠧᠷᠢᠶᠠᠯ ᠢ ᠬᠠᠳᠠᠭᠠᠯᠠᠵᠤ ᠲᠡᠭᠡᠭᠡᠪᠦᠷᠢᠯᠡᠬᠦ ᠵᠢᠷᠤᠮᠵᠢᠯ ᠥᠬᠡᠶ᠂ ᠲᠣᠭᠤᠰᠣ ᠠᠷᠢᠯᠭᠠᠵᠤ ᠬᠦᠬᠦᠷ | ᠥᠬᠡᠶᠢᠳᠡᠭᠦᠯᠬᠦ ᠬᠡᠪ ᠤᠨ ᠪᠤᠰᠤ ᠤᠨ ᠠᠵᠢᠯᠯᠠᠭ᠎ᠠ᠂ ᠰᠦᠯᠵᠢᠶ᠎ᠡ ᠪᠠᠷ ᠬᠢᠨᠠᠨ ᠡᠵᠡᠮᠳᠡᠬᠦ ᠲᠤᠭ᠎ᠠ ᠪᠠᠷᠢᠮᠲᠠ ᠶᠢ | ᠬᠠᠭᠤᠷᠮᠠᠭ ᠢᠶᠠᠷ ᠵᠣᠬᠢᠶᠠᠬᠤ ᠵᠡᠷᠭᠡ ᠲᠣᠪᠤᠶᠢᠮ᠎ᠠ ᠠᠰᠠᠭᠤᠳᠠᠯ ᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ | ᠠᠰᠠᠭᠤᠳᠠᠯ ᠢ ᠵᠢᠭᠰᠠᠭᠠᠨ ᠪᠠᠶᠢᠴᠠᠭᠠᠬᠤ ᠡᠬᠡ ᠲᠠᠩᠰᠠ ᠪᠠᠶᠢᠭᠤᠯᠵᠤ᠂ ᠲᠥᠷᠥᠯ ᠬᠤᠪᠢᠶᠠᠨ ᠲᠥᠪᠯᠡᠷᠡᠭᠦᠯᠦᠨ | ᠴᠡᠭᠴᠡᠯᠡᠨ ᠵᠠᠰᠠᠯᠲᠠ ᠶᠢ ᠥᠷᠨᠢᠭᠦᠯᠬᠦ ᠬᠡᠷᠡᠭᠲᠡᠶ᠃ ᠲᠣᠭᠤᠰᠣ ᠠᠷᠢᠯᠭᠠᠵᠤ ᠬᠦᠬᠦᠷ ᠥᠬᠡᠶᠢᠳᠡᠭᠦᠯᠬᠦ ᠪᠡᠯᠡᠳᠬᠡᠮᠵᠢ ᠶᠢ | ᠪᠦᠬᠦᠨ ᠢ ᠪᠠᠶᠢᠭᠤᠯᠵᠤ ᠳᠠᠭᠤᠰᠬᠠᠭᠠᠳᠤᠶ ᠪᠠᠶᠢᠪᠠᠯ᠂ 2021 ᠣᠨ ᠤ 10 ᠳ᠋ᠤᠭᠠᠷ ᠰᠠᠷ᠎ᠠ ᠶᠢᠨ ᠰᠡᠭᠦᠯᠴᠢ ᠠᠴᠠ | ᠡᠮᠦᠨ᠎ᠡ ᠪᠦᠬᠦᠨ ᠢ ᠪᠠᠶᠢᠭᠤᠯᠵᠤ ᠳᠠᠭᠤᠰᠬᠠᠨ᠎ᠠ︔ ᠬᠦᠬᠦᠷ ᠥᠬᠡᠶᠢᠳᠡᠭᠦᠯᠦᠨ ᠲᠣᠭᠤᠰᠣ ᠠᠷᠢᠯᠭᠠᠬᠤ ᠶᠢ ᠨᠢᠭᠡ | ᠴᠤᠭᠴᠠᠵᠢᠭᠤᠯᠬᠤ᠂ ᠬᠦᠬᠦᠷ ᠥᠬᠡᠶᠢᠳᠡᠭᠦᠯᠦᠨ ᠱᠡᠤ ᠥᠬᠡᠶᠢᠳᠡᠭᠦᠯᠬᠦ ᠶᠢ ᠨᠢᠭᠡ ᠴᠤᠭᠴᠠᠵᠢᠭᠤᠯᠬᠤ ᠵᠡᠷᠭᠡ ᠦᠷ᠎ᠡ | ᠠᠰᠢᠭ ᠢᠶᠠᠷ ᠳᠣᠤᠷ᠎ᠠ ᠵᠠᠰᠠᠬᠤ ᠤᠷ᠎ᠠ ᠮᠡᠷᠭᠡᠵᠢᠯ ᠢ ᠬᠡᠷᠡᠭᠯᠡᠨ᠂ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠶᠢ | ᠲᠣᠭᠲᠠᠪᠤᠷᠢᠵᠢᠭᠤᠯᠵᠤ ᠳᠡᠶᠢᠯᠬᠦ ᠥᠬᠡᠶ ᠶᠢ ᠨᠢ ᠲᠠᠰ ᠳᠡᠪᠰᠢᠭᠦᠯᠦᠨ ᠥᠭᠡᠷᠡᠴᠢᠯᠡᠨ ᠵᠠᠰᠠᠬᠤ ᠬᠡᠷᠡᠭᠲᠡᠶ︔ | ᠬᠡᠪᠴᠢᠶ᠎ᠡ ᠪᠠᠷ ᠪᠠᠭ᠎ᠠ᠂ ᠴᠡᠭᠴᠡᠯᠡᠨ ᠰᠠᠶᠢᠵᠢᠷᠠᠭᠤᠯᠬᠤ ᠪᠣᠯᠣᠮᠵᠢ ᠥᠬᠡᠶ ᠶᠢ ᠨᠢ ᠡᠷᠡᠰ ᠢᠶᠠᠷ ᠰᠢᠭᠰᠢᠭᠳᠡᠭᠦᠯᠦᠨ | ᠬᠦᠴᠦᠨ ᠥᠬᠡᠶ ᠪᠣᠯᠭᠠᠵᠤ᠂ ᠨᠡᠭᠦᠷᠡᠰᠦ ᠰᠢᠲᠠᠭᠠᠵᠤ ᠲᠥᠪᠯᠡᠷᠡᠭᠦᠯᠦᠨ ᠢᠯᠴᠢ ᠬᠠᠩᠭᠠᠬᠤ ᠵᠤᠤᠬ᠎ᠠ ᠶᠢᠨ | ᠭᠠᠳᠠᠭᠰᠢᠯᠠᠭᠤᠯᠤᠯᠲᠠ ᠶᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ ︵ᠬᠤᠲᠠ ᠶᠢᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠶ ᠣᠷᠴᠢᠨ | ᠲᠣᠭᠤᠷᠢᠨ ᠤ ᠲᠣᠪᠴᠢᠶ᠎ᠠ ᠲᠦᠷᠦᠭᠦᠯᠡᠨ᠎ᠡ︶᠃ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠠᠴᠠ | ᠲᠥᠪᠯᠡᠷᠡᠭᠦᠯᠦᠨ ᠢᠯᠴᠢ ᠬᠠᠩᠭᠠᠬᠤ ᠠᠵᠤ ᠠᠬᠤᠶᠢᠯᠠᠯ ᠤᠨ ᠣᠷᠴᠢᠨ ᠲᠣᠭᠤᠷᠢᠨ ᠤ ᠠᠰᠠᠭᠤᠳᠠᠯ ᠤᠨ ᠲᠤᠬᠠᠶ | ᠲᠤᠰᠬᠠᠶ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠴᠡᠭᠴᠡᠯᠡᠨ ᠰᠠᠶᠢᠵᠢᠷᠠᠭᠤᠯᠬᠤ | ᠣᠪᠣᠷ ᠨᠢ ᠲᠥᠪ ᠪᠤᠰᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠥᠬᠡᠶ᠂ | ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠪᠡᠶᠡᠯᠡᠭᠦᠯᠵᠦ ᠳᠡᠶᠢᠯᠦᠭᠰᠡᠨ ᠥᠬᠡᠶ᠂ ᠠᠭᠠᠷ ᠤᠨ ᠶᠠᠰᠤ ᠴᠢᠨᠠᠷ ᠢ | ᠨᠥᠯᠥᠭᠡᠯᠡᠭᠰᠡᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠶᠳᠪᠦᠷᠢᠯᠡᠨ᠎ᠡ ︵ᠬᠤᠲᠠ ᠶᠢᠨ ᠠᠮᠢ | ᠠᠬᠤᠶ ᠣᠷᠴᠢᠨ ᠲᠣᠭᠤᠷᠢᠨ ᠤ ᠲᠣᠪᠴᠢᠶ᠎ᠠ ᠲᠦᠷᠦᠭᠦᠯᠡᠨ᠎ᠡ︶᠃ | ︵ᠵᠢᠷᠭᠤᠭ᠎ᠠ︶ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠭᠠᠷ ᠮᠠᠨᠳᠠᠯ ᠤᠨ ᠪᠣᠬᠢᠷᠲᠤᠯ ᠢ | ᠵᠠᠰᠠᠬᠤ ᠶᠢ ᠴᠢᠩᠭᠠᠳᠬᠠᠨ᠎ᠠ᠃ | ᠦᠷᠭᠦᠯᠵᠢᠯᠡᠨ ᠥᠷᠨᠢᠭᠦᠯᠵᠦ ᠪᠠᠶᠢᠭ᠎ᠠ ᠪᠦᠬᠦ ᠬᠤᠲᠠ ᠶᠢᠨ ᠣᠷᠴᠢᠨ ᠲᠣᠭᠤᠷᠢᠨ ᠤ ᠶᠠᠰᠤ ᠴᠢᠨᠠᠷ ᠢ | ᠰᠠᠶᠢᠵᠢᠷᠠᠭᠤᠯᠤᠨ ᠳᠡᠭᠡᠭᠰᠢᠯᠡᠭᠦᠯᠬᠦ ︽ᠭᠤᠷᠪᠠᠨ ᠶᠡᠭᠡ ᠬᠠᠤᠯᠢ ᠬᠡᠷᠡᠭᠵᠢᠭᠦᠯᠬᠦ ᠣᠨ︾ ᠤ ᠠᠵᠢᠯᠯᠠᠭ᠎ᠠ ᠪᠠ ᠶᠠᠭ | ᠥᠷᠨᠢᠭᠦᠯᠵᠦ ᠪᠠᠶᠢᠭ᠎ᠠ ᠪᠦᠬᠦ ᠬᠤᠲᠠ ᠶᠢᠨ ︽ᠬᠤᠶᠠᠷ ᠶᠡᠬᠡᠲᠡᠢ︾ ᠲᠥᠷᠥᠯ ᠵᠦᠢᠯ ᠢ ᠲᠤᠰᠬᠠᠶ ᠵᠦᠢᠯ ᠢᠶᠠᠷ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠤᠶᠠᠯᠳᠤᠭᠤᠯᠤᠨ᠂ ᠡᠯ᠎ᠡ ᠬᠤᠰᠢᠭᠤ ᠰᠢᠶᠠᠨ ᠬᠤᠲᠠ | ᠲᠣᠭᠤᠷᠢᠭ ᠤᠨ ᠵᠠᠰᠠᠭ ᠤᠨ ᠣᠷᠳᠣᠨ ᠢ ᠵᠣᠬᠢᠶᠠᠨ ᠪᠠᠶᠢᠭᠤᠯᠤᠨ ᠪᠥᠬᠦ ᠬᠤᠲᠠ ᠶᠢᠨ ᠪᠠᠷᠢᠯᠭ᠎ᠠ ᠶᠢᠨ ᠮᠠᠲ᠋ᠧᠷᠢᠶᠠᠯ᠂ | ᠴᠠᠬᠢᠯᠠᠭᠤᠷ ᠴᠢᠯᠠᠭᠤ᠂ ᠲᠡᠮᠦᠷ ᠤᠨ ᠬᠠᠶᠢᠯᠤᠰᠢ᠂ ᠡᠮ ᠦᠶᠯᠡᠳᠬᠦ᠂ ᠲᠠᠷᠢᠶᠠᠨ ᠡᠮ᠂ ᠨᠡᠭᠦᠷᠡᠰᠦᠨ ᠡᠳ᠋᠂ | ᠠᠮᠢᠳᠤᠷᠠᠯ ᠤᠨ ᠬᠤᠭ ᠨᠣᠪᠰᠢ ᠪᠠ ᠠᠶᠤᠯᠲᠠᠶ ᠬᠠᠶᠠᠭᠳᠠᠮᠠᠯ ᠪᠣᠳᠠᠰ ᠢ ᠰᠢᠲᠠᠭᠠᠬᠤ ᠵᠡᠷᠭᠡ ᠠᠵᠤ ᠦᠶᠯᠡᠳᠪᠦᠷᠢ ᠶᠢᠨ | ᠠᠵᠤ ᠠᠬᠤᠶᠢᠯᠠᠯ ᠤᠨ ᠲᠦᠭᠦᠬᠡᠶ ᠮᠠᠲ᠋ᠧᠷᠢᠶᠠᠯ ᠢ ᠬᠠᠳᠠᠭᠠᠯᠠᠬᠤ᠂ ᠮᠠᠲ᠋ᠧᠷᠢᠶᠠᠯ ᠣᠷᠣᠭᠤᠯᠬᠤ ᠭᠤᠭᠴᠤᠭ᠎ᠠ᠂ | ᠡᠳ᠋ᠰᠢᠭᠦᠯᠬᠦ ᠠᠵᠢᠯ ᠤᠨ ᠳᠠᠷᠠᠭᠠᠯᠠᠯ᠂ ᠮᠠᠲ᠋ᠧᠷᠢᠶᠠᠯ ᠭᠠᠷᠭᠠᠬᠤ ᠭᠤᠭᠴᠤᠭ᠎ᠠ᠂ ᠬᠠᠶᠠᠭᠳᠠᠮᠠᠯ ᠰᠢᠭᠠᠷᠤ ᠶᠢ | ᠰᠢᠶᠳᠪᠦᠷᠢᠯᠡᠬᠦ ᠵᠡᠷᠭᠡ ᠪᠥᠬᠦ ᠶᠠᠪᠤᠴᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠥᠷᠨᠢᠭᠦᠯᠦᠨ᠎ᠡ᠃ ︽ | ᠨᠢᠭᠡ ᠰᠢᠶᠠᠨ ᠳᠤ ᠨᠢᠭᠡ ᠲᠥᠰᠦᠯ᠂ ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ︾ ᠶᠢᠨ | ᠱᠠᠭᠠᠷᠳᠠᠯᠭ᠎ᠠ ᠶᠣᠰᠣᠭᠠᠷ᠂ ᠴᠡᠭᠴᠡᠯᠡᠨ ᠥᠭᠡᠷᠡᠴᠢᠯᠡᠬᠦ ᠴᠡᠭᠴᠡᠯᠡᠨ ᠵᠠᠰᠠᠬᠤ ᠡᠬᠡ ᠲᠠᠩᠰᠠ ᠶᠢ ᠵᠢᠭᠰᠠᠭᠠᠵᠤ᠂ ᠠᠵᠤ | ᠠᠬᠤᠶᠢᠯᠠᠯ ᠤᠨ ᠪᠣᠬᠢᠷᠲᠤᠯ ᠢ ᠵᠠᠰᠠᠬᠤ ᠪᠡᠯᠡᠳᠬᠡᠮᠵᠢ ᠶᠢᠨ ᠪᠦᠷᠢᠨ ᠲᠡᠭᠦᠯᠳᠡᠷ ᠪᠥᠭᠡᠳ ᠬᠡᠪ ᠤᠨ ᠶᠣᠰᠣᠭᠠᠷ | ᠠᠵᠢᠯᠯᠠᠬᠤ᠂ ᠪᠣᠬᠢᠷᠲᠤᠯ ᠪᠣᠳᠠᠰ ᠢ ᠪᠠᠷᠢᠮᠵᠢᠶ᠎ᠠ ᠪᠠᠷ ᠭᠠᠳᠠᠭᠰᠢᠯᠠᠭᠤᠯᠬᠤ ᠶᠢ ᠦᠨᠡᠨᠬᠦ ᠪᠠᠲᠤᠯᠠᠨ᠎ᠠ᠃ ︵ᠬᠤᠲᠠ ᠶᠢᠨ | ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠲᠦᠷᠦᠭᠦᠯᠡᠵᠦ᠂ ᠬᠤᠲᠠ ᠶᠢᠨ ᠠᠵᠤ ᠦᠶᠯᠡᠳᠪᠦᠷᠢ ᠮᠡᠳᠡᠭᠡ | ᠵᠠᠩᠭᠢᠵᠢᠯᠲᠠ ᠶᠢᠨ ᠲᠣᠪᠴᠢᠶ᠎ᠠ ᠬᠠᠮᠵᠢᠯᠴᠠᠨ᠎ᠠ︶᠃ ᠰᠢᠲᠠᠮᠠᠬᠠᠶ ᠬᠡᠶ ᠶᠢᠨ ᠵᠤᠤᠬ᠎ᠠ ᠶᠢᠨ ᠳᠣᠤᠷ᠎ᠠ ᠠᠽᠣᠲ ᠤᠨ | ᠰᠢᠲᠠᠯᠲᠠ ᠶᠢᠨ ᠤᠷ᠎ᠠ ᠮᠡᠷᠭᠡᠵᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠳᠣᠤᠷ᠎ᠠ ᠠᠽᠣᠲ ᠤᠨ | ᠰᠢᠲᠠᠭᠠᠭᠤᠷ᠂ ᠤᠲᠤᠭ᠎ᠠ ᠶᠢᠨ ᠳᠠᠬᠢᠨ ᠡᠷᠭᠢᠯᠲᠡ ᠶᠢᠨ ᠰᠢᠰᠲ᠋ᠧᠮ᠂ ᠲᠠᠰ ᠬᠤᠪᠢᠶᠠᠨ ᠰᠢᠲᠠᠭᠠᠬᠤ ᠰᠢᠰᠲ᠋ᠧᠮ᠂ | ᠲᠦᠯᠡᠰᠢ ᠵᠢᠴᠢ ᠰᠠᠯᠬᠢᠨ ᠤ ᠬᠡᠮᠵᠢᠶ᠎ᠡ ᠶᠢ ᠳᠣᠭᠢᠷᠠᠭᠤᠯᠬᠤ ᠰᠢᠰᠲ᠋ᠧᠮ ᠵᠡᠷᠭᠡ ᠳᠣᠤᠷ᠎ᠠ ᠠᠽᠣᠲ ᠤᠨ ᠰᠢᠲᠠᠯᠲᠠ ᠶᠢᠨ | ᠦᠷ᠎ᠡ ᠪᠦᠲᠦᠮᠵᠢ ᠶᠢ ᠨᠥᠯᠥᠭᠡᠯᠡᠬᠦ ᠵᠠᠩᠭᠢᠯᠠᠭ᠎ᠠ ᠶᠢᠨ ᠲᠣᠨᠣᠭᠯᠠᠭᠠᠰᠤ ᠶᠢ ᠭᠤᠤᠯᠳᠠᠯᠭ᠎ᠠ ᠲᠠᠢ ᠪᠠᠶᠢᠴᠠᠭᠠᠨ᠎ᠠ︔ ᠵᠠᠷᠴᠢᠮ | ᠳᠡᠭᠡᠷ᠎ᠡ ᠪᠠᠨ ᠤᠲᠤᠭ᠎ᠠ ᠶᠢᠨ ᠳᠠᠬᠢᠨ ᠡᠷᠭᠢᠯᠳᠦᠭᠦᠯᠬᠦ ᠰᠢᠰᠲ᠋ᠧᠮ ᠤᠨ ᠭᠠᠷ ᠢᠶᠠᠷ ᠬᠥᠳᠡᠯᠭᠡᠬᠦ ᠨᠡᠭᠡᠭᠡᠯᠭᠡ ᠶᠢ | ᠲᠣᠬᠢᠷᠠᠭᠤᠯᠵᠤ ᠪᠣᠯᠬᠤ ᠦᠭᠡᠢ᠂ ᠦᠨᠡᠨᠬᠦ ᠪᠠᠶᠢᠷᠢᠯᠠᠭᠤᠯᠬᠤ ᠴᠢᠬᠤᠯᠠ ᠲᠠᠢ ᠪᠣᠯ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠵᠤ᠂ ᠬᠡᠪ ᠤᠨ ᠠᠵᠢᠯᠯᠠᠭᠠᠨ ᠢ ᠦᠨᠡᠨᠬᠦ ᠪᠠᠲᠤᠯᠠᠵᠤ᠂ ᠠᠽᠣᠲ ᠤᠨ ᠳᠣᠣᠷ᠎ᠠ ᠰᠢᠲᠠᠯᠲᠠ ᠶᠢᠨ ᠦᠷ᠎ᠡ | ᠪᠦᠲᠦᠮᠵᠢ ᠳᠤ ᠲᠣᠭᠲᠠᠭᠤᠨ ᠢᠶᠠᠷ ᠬᠦᠷᠭᠡᠵᠦ᠂ ᠪᠠᠷᠢᠮᠵᠢᠶ᠎ᠠ ᠪᠠᠷ ᠭᠠᠳᠠᠭᠰᠢᠯᠠᠭᠤᠯᠵᠤ ᠳᠡᠶᠢᠯᠬᠦ ᠦᠭᠡᠢ ᠪᠣᠯ ᠳᠡᠰ | ᠳᠡᠪᠰᠢᠭᠦᠯᠦᠨ ᠥᠭᠡᠷᠡᠴᠢᠯᠡᠬᠦ ᠶᠢ ᠬᠡᠷᠡᠭᠵᠢᠭᠦᠯᠦᠨ᠎ᠡ ︵ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ | ᠲᠦᠷᠦᠭᠦᠯᠡᠵᠦ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠣᠷᠣᠨ ᠰᠠᠭᠤᠴᠠ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠬᠠᠮᠵᠢᠯᠴᠠᠨ᠎ᠠ︶᠃ ᠠᠮᠢᠳᠤ ᠪᠣᠳᠠᠰ ᠤᠨ | ᠮᠠᠰᠳᠤ ᠵᠤᠤᠬ᠎ᠠ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠲᠣᠭᠤᠰᠣ ᠠᠷᠢᠯᠭᠠᠬᠤ ᠪᠠ ᠱᠡᠤ | ᠥᠬᠡᠶᠢᠳᠡᠭᠦᠯᠬᠦ ᠤᠷ᠎ᠠ ᠮᠡᠷᠭᠡᠵᠢᠯ ᠢ ᠭᠤᠤᠯᠳᠠᠯᠭ᠎ᠠ ᠲᠠᠢ ᠪᠠᠶᠢᠴᠠᠭᠠᠵᠤ᠂ ᠥᠨᠳᠥᠷ ᠦᠷ᠎ᠡ ᠪᠦᠲᠦᠮᠵᠢᠲᠡᠶ ᠲᠣᠭᠤᠰᠣ | ᠠᠷᠢᠯᠭᠠᠬᠤ ᠪᠠ ᠱᠡᠤ ᠥᠬᠡᠶᠢᠳᠡᠭᠦᠯᠬᠦ ᠪᠡᠯᠡᠳᠬᠡᠮᠵᠢ ᠶᠢ ᠢᠵᠢ ᠪᠥᠷᠢᠳᠦᠭᠦᠯᠦᠭᠡᠳᠦᠶ ᠪᠠᠶᠢᠪᠠᠯ ᠳᠠᠷᠦ᠋ᠢᠬᠠᠨ ᠴᠡᠭᠴᠡᠯᠡᠨ | ᠰᠠᠶᠢᠵᠢᠷᠠᠭᠤᠯᠬᠤ ᠪᠠᠷ ᠱᠠᠭᠠᠷᠳᠠᠵᠤ᠂᠂ ᠪᠠᠷᠢᠮᠵᠢᠶ᠎ᠠ ᠪᠠᠷ ᠭᠠᠳᠠᠭᠰᠢᠯᠠᠭᠤᠯᠬᠤ ᠶᠢ ᠦᠨᠡᠨᠬᠦ ᠪᠠᠲᠤᠯᠠᠨ᠎ᠠ ︵ᠬᠤᠲᠠ ᠶᠢᠨ | ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠲᠦᠷᠦᠭᠦᠯᠡᠵᠦ᠂ ᠬᠤᠲᠠ ᠶᠢᠨ ᠠᠵᠤ ᠦᠶᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ ᠬᠠᠮᠵᠢᠯᠴᠠᠨ᠎ᠠ︶᠃ | ︵ᠲᠤᠯᠤᠭ᠎ᠠ︶ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠤᠨ ᠵᠠᠰᠠᠯᠲᠠ ᠶᠢ ᠴᠢᠩᠭᠠᠳᠬᠠᠨ᠎ᠠ᠃ | ᠬᠢᠮᠢ ᠶᠢᠨ ᠠᠵᠤ ᠦᠶᠯᠡᠳᠪᠦᠷᠢ ᠶᠢᠨ ᠠᠵᠢᠯ ᠲᠥᠷᠥᠯ ᠢᠶᠠᠷ ᠭᠤᠤᠯᠳᠠᠯᠭ᠎ᠠ ᠪᠣᠯᠭᠠᠨ᠂ ᠳᠡᠭᠳᠡᠮᠡᠬᠡᠶ ᠴᠢᠨᠠᠷᠲᠠᠶ | ᠣᠷᠭᠠᠨᠢᠭ ᠪᠣᠳᠠᠰ ᠤᠨ ᠵᠠᠰᠠᠯᠲᠠ ᠶᠢᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠲᠥᠬᠦᠭᠡᠷᠦᠮᠵᠢ | ᠬᠢᠭᠡᠳ ᠬᠤᠭᠤᠯᠠᠶ ᠱᠤᠭᠤᠮ ᠤᠨ ᠰᠡᠯᠪᠢᠭ ᠲᠣᠨᠤᠭ᠂ ᠬᠠᠳᠠᠭᠠᠯᠠᠬᠤ ᠰᠠᠪᠠ᠂ ᠣᠷᠭᠠᠨᠢᠭ ᠰᠢᠩᠭᠡᠨ ᠪᠡᠶᠡᠲᠦ ᠶᠢ | ᠠᠴᠢᠶᠠᠯᠠᠬᠤ᠂ ᠵᠠᠳᠠᠭᠠᠶ ᠰᠢᠩᠭᠡᠨ ᠤ ᠭᠠᠳᠠᠷᠭᠤ᠂ ᠬᠡᠪ ᠤᠨ ᠪᠤᠰᠤ ᠠᠵᠢᠯᠯᠠᠭᠠᠨ ᠤ ᠪᠠᠶᠢᠳᠠᠯ᠂ ᠬᠠᠶᠠᠭᠳᠠᠮᠠᠯ ᠬᠡᠶ | ᠭᠠᠳᠠᠭᠰᠢᠯᠠᠭᠤᠯᠬᠤ ᠬᠠᠵᠠᠭᠤ ᠵᠠᠮ ᠵᠡᠷᠭᠡ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠢ ᠴᠡᠭᠴᠡᠯᠡᠨ ᠵᠠᠰᠠᠬᠤ ᠶᠢ | ᠭᠤᠤᠯᠳᠠᠯᠭ᠎ᠠ ᠲᠠᠢ ᠴᠢᠩᠭᠠᠳᠬᠠᠵᠤ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠬᠠᠶᠠᠭᠳᠠᠮᠠᠯ ᠬᠡᠶ ᠶᠢ ᠬᠤᠷᠢᠶᠠᠨ | ᠴᠤᠭᠯᠠᠭᠤᠯᠬᠤ ᠨᠣᠷᠮ᠎ᠠ᠂ ᠵᠠᠰᠠᠯᠲᠠ ᠶᠢᠨ ᠪᠡᠯᠡᠳᠬᠡᠮᠵᠢ ᠶᠢᠨ ᠵᠡᠷᠭᠡ ᠪᠠᠷ ᠠᠵᠢᠯᠯᠠᠬᠤ ᠨᠣᠷᠮ᠎ᠠ ᠪᠠ ᠠᠷᠢᠯᠭᠠᠬᠤ | ᠨᠣᠷᠮ᠎ᠠ ᠶᠢ ᠳᠡᠭᠡᠭᠰᠢᠯᠡᠭᠦᠯᠦᠨ᠎ᠡ᠃ ᠵᠠᠷᠴᠢᠮ ᠳᠡᠭᠡᠷ᠎ᠡ ᠪᠠᠨ ᠤᠳᠤᠭ᠎ᠠ ᠶᠢᠨ ᠬᠤᠯᠠᠩ ᠢᠶᠠᠷ ᠠᠭᠠᠷ ᠮᠠᠨᠳᠠᠯ ᠳᠤ ᠰᠢᠭᠤᠳ | ᠨᠡᠪᠲᠡᠷᠡᠬᠦ ᠵᠠᠮ ᠭᠠᠷᠭᠠᠵᠤ ᠪᠣᠯᠬᠤ ᠦᠭᠡᠢ᠂ ᠠᠶᠤᠯᠬᠦᠢ ᠦᠢᠯᠡᠳᠪᠦᠷᠢᠯᠡᠯ ᠵᠡᠷᠭᠡ ᠰᠢᠯᠲᠠᠭᠠᠨ ᠠᠴᠠ ᠪᠤᠯᠵᠤ ᠦᠨᠡᠨᠬᠦ | ᠪᠠᠶᠢᠷᠢᠯᠠᠭᠤᠯᠬᠤ ᠴᠢᠬᠤᠯᠠᠲᠠᠢ ᠪᠠᠶᠢᠪᠠᠯ᠂ ᠠᠦ᠋ᠲ᠋ᠣ᠋ ᠬᠢᠨᠠᠨ ᠬᠡᠮᠵᠢᠬᠦ ᠪᠡᠯᠡᠳᠬᠡᠮᠵᠢ᠂ ᠸᠢᠳᠢᠤ᠋ ᠪᠠᠷ ᠬᠢᠨᠠᠨ ᠡᠵᠡᠮᠳᠡᠬᠦ | ᠲᠥᠬᠦᠭᠡᠷᠦᠮᠵᠢ ᠵᠡᠷᠭᠡ ᠶᠢ ᠨᠡᠮᠡᠵᠦ ᠤᠭᠰᠠᠷᠠᠬᠤ ᠬᠡᠷᠡᠭᠲᠡᠢ᠃ ᠥᠪᠥᠷ ᠮᠣᠩᠭᠤᠯ ᠤᠨ ᠮᠧᠩ ᠸᠧᠶ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠶᠦᠩ ᠾᠧ ᠹᠯᠣᠷ ᠤᠨ ᠬᠢᠮᠢ ᠶᠢᠨ ᠠᠵᠤ | ᠦᠶᠯᠡᠳᠪᠦᠷᠢ ᠶᠢᠨ ᠬᠢᠵᠠᠭᠠᠷᠲᠤ ᠺᠣᠮᠫᠠᠨᠢ ᠵᠡᠷᠭᠡ ᠬᠢᠮᠢ ᠶᠢᠨ ᠠᠵᠤ ᠦᠶᠯᠡᠳᠪᠦᠷᠢ ᠶᠢᠨ ᠭᠤᠤᠯᠳᠠᠯᠭ᠎ᠠ ᠲᠠᠢ ᠠᠵᠤ | ᠠᠬᠤᠶᠢᠯᠠᠯ ᠤᠨ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠢ ᠵᠠᠰᠠᠬᠤ ᠶᠢ ᠪᠡᠶᠡᠯᠡᠭᠦᠯᠬᠦ ᠶᠢ ᠲᠦᠷᠭᠡᠬᠡᠨ ᠰᠢᠮᠳᠠᠭᠤᠯᠤᠨ | ᠠᠬᠢᠭᠤᠯᠤᠨ᠎ᠠ ︵ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠲᠦᠷᠦᠭᠦᠯᠡᠵᠦ᠂ ᠬᠤᠲᠠ ᠶᠢᠨ | ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠬᠠᠮᠵᠢᠯᠴᠠᠨ᠎ᠠ︶ ᠃ ᠲᠣᠰᠣ ᠨᠡᠮᠡᠬᠦ ᠥᠷᠲᠡᠭᠡ᠂ ᠲᠣᠰᠣ ᠬᠠᠳᠠᠭᠠᠯᠠᠬᠤ ᠬᠥᠮᠥᠷᠭᠡ ᠶᠢᠨ | ᠲᠣᠰᠣ ᠬᠡᠶ ᠶᠢ ᠡᠭᠡᠭᠦᠯᠦᠨ ᠬᠤᠷᠢᠶᠠᠬᠤ ᠶᠢᠨ ᠵᠠᠰᠠᠯᠲᠠ ᠶᠢ ᠭᠦᠨᠵᠡᠭᠡᠶᠢᠷᠡᠭᠦᠯᠵᠦ᠂ ᠵᠠᠰᠠᠬᠤ ᠪᠡᠯᠡᠳᠬᠡᠮᠵᠢ ᠶᠢᠨ | ᠲᠣᠭᠲᠠᠭᠤᠨ ᠢᠶᠠᠷ ᠠᠵᠢᠯᠯᠠᠬᠤ ᠶᠢ ᠦᠨᠡᠨᠬᠦ ᠪᠠᠲᠤᠯᠠᠨ᠎ᠠ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ | ᠲᠦᠷᠦᠭᠦᠯᠡᠨ᠎ᠡ︶᠃ ᠵᠢᠨᠢᠩ ᠲᠣᠭᠤᠷᠢᠭ ᠤᠨ ᠵᠠᠰᠠᠭ ᠤᠨ ᠣᠷᠳᠣᠨ ᠨᠢ ᠲᠥᠪ ᠬᠤᠲᠠ ᠶᠢᠨ ᠲᠣᠭᠤᠷᠢᠭ ᠤᠨ ᠮᠠᠰᠢᠨ | ᠰᠡᠯᠪᠢᠨ ᠵᠠᠰᠠᠬᠤ ᠰᠢᠷ ᠰᠦᠷᠴᠢᠬᠦ ᠠᠵᠢᠯ ᠲᠥᠷᠥᠯ ᠤᠨ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠢ ᠵᠠᠰᠠᠬᠤ ᠶᠢ | ᠭᠤᠤᠯᠳᠠᠯᠭ᠎ᠠ ᠲᠠᠢ ᠠᠬᠢᠭᠤᠯᠵᠤ᠂ ᠨᠢᠭᠡ ᠪᠦᠯᠦᠭ ᠵᠠᠳᠠᠭᠠᠶ ᠪᠤᠶᠤ ᠱᠠᠭᠠᠷᠳᠠᠯᠭ᠎ᠠ ᠶᠣᠰᠣᠭᠠᠷ ᠪᠢᠲᠡᠭᠦᠮᠵᠢᠯᠡᠨ | ᠠᠵᠢᠯᠯᠠᠭᠰᠠᠨ ᠥᠬᠡᠶ᠂ ᠪᠣᠬᠢᠷᠲᠤᠯ ᠢ ᠵᠠᠰᠠᠬᠤ ᠪᠡᠯᠡᠳᠬᠡᠮᠵᠢ ᠪᠦᠷᠢᠨ ᠪᠤᠰᠤ ᠵᠡᠷᠭᠡ ᠣᠯᠠᠨ ᠲᠦᠮᠡᠨ ᠤ ᠲᠤᠰᠬᠠᠯ | ᠴᠢᠩᠭ᠎ᠠ ᠪᠠᠶᠢᠭ᠎ᠠ ᠰᠢᠷ ᠰᠦᠷᠴᠢᠬᠦ ᠠᠵᠢᠯ ᠤᠨ ᠲᠠᠯᠠᠪᠤᠷ ᠭᠠᠵᠠᠷ ᠢ ᠰᠢᠭᠰᠢᠭᠳᠡᠭᠦᠯᠵᠦ ᠬᠦᠴᠦᠨ ᠥᠬᠡᠶ ᠪᠣᠯᠭᠠᠬᠤ | ᠬᠡᠷᠡᠭᠲᠡᠶ ︵ᠬᠠᠷᠢᠭᠤᠴᠠᠯᠭᠠᠲᠤ ᠭᠤᠤᠯ ᠴᠣᠭᠴᠠ᠄ ᠵᠢᠨᠢᠩ ᠲᠣᠭᠤᠷᠢᠭ ᠤᠨ ᠵᠠᠰᠠᠭ ᠤᠨ ᠣᠷᠳᠣᠨ︶᠃ ᠡᠯ᠎ᠡ | ᠬᠤᠰᠢᠭᠤ ᠰᠢᠶᠠᠨ ᠬᠤᠲᠠ ᠲᠣᠭᠤᠷᠢᠭ ᠨᠢ ᠬᠤᠲᠠ ᠶᠢᠨ ᠲᠣᠭᠤᠷᠢᠭ ᠤᠨ ᠵᠠᠳᠠᠭᠠᠶ ᠰᠢᠷᠠᠮᠠᠯ ᠤᠨ ᠳᠡᠯᠭᠡᠭᠦᠷ ᠶᠢ | ᠴᠢᠩᠭ᠎ᠠ ᠴᠠᠭᠠᠵᠠᠯᠠᠵᠤ᠂ ᠲᠣᠰᠣᠨ ᠣᠲᠤᠭ᠎ᠠ ᠭᠠᠷᠭᠠᠳᠠᠭ ᠪᠣᠶ ᠪᠥᠬᠦᠶ ᠠᠵᠢᠯ ᠲᠥᠷᠥᠯ ᠤᠨ ᠢᠶᠠᠨ ᠲᠣᠰᠣᠨ ᠣᠲᠤᠭ᠎ᠠ | ᠴᠡᠪᠡᠷᠰᠢᠭᠦᠯᠬᠦ ᠪᠡᠯᠡᠳᠬᠡᠮᠵᠢ ᠪᠠᠨ ᠲᠣᠭᠲᠠᠮᠠᠯ ᠬᠤᠭᠤᠴᠠᠭ᠎ᠠ ᠲᠠᠢ ᠪᠠᠷ ᠬᠠᠮᠠᠭᠠᠯᠠᠨ ᠠᠷᠠᠴᠢᠯᠠᠬᠤ ᠬᠡᠷᠡᠭᠲᠡᠢ᠂ 2022 | ᠣᠨ ᠤ 1 ᠰᠠᠷ᠎ᠠ ᠳᠤ ᠨᠢᠭᠡ ᠤᠳᠠᠭ᠎ᠠ ᠤᠬᠢᠶᠠᠨ ᠴᠡᠪᠡᠷᠯᠡᠵᠦ ᠬᠠᠮᠠᠭᠠᠯᠠᠬᠤ ᠠᠵᠢᠯᠯᠠᠭ᠎ᠠ ᠶᠢ ᠪᠥᠬᠦ ᠲᠠᠯ᠎ᠠ ᠪᠠᠷ | ᠥᠷᠨᠢᠭᠦᠯᠵᠦ᠂ ᠲᠣᠰᠣᠨ ᠣᠲᠤᠭ᠎ᠠ ᠴᠡᠪᠡᠷᠰᠢᠭᠦᠯᠬᠦ ᠪᠡᠯᠡᠳᠬᠡᠮᠵᠢ ᠶᠢ ᠤᠭᠰᠠᠷᠠᠭᠰᠠᠨ ᠥᠬᠡᠶ᠂ ᠬᠡᠷᠡᠭᠯᠡᠬᠦ ᠪᠠᠨ | ᠵᠣᠭᠰᠣᠭᠰᠠᠨ᠂ ᠰᠢᠶᠳᠪᠦᠷᠢᠯᠡᠭᠰᠡᠨ ᠨᠢ ᠪᠠᠷᠢᠮᠵᠢᠶ᠎ᠠ ᠳᠤ ᠬᠦᠷᠦᠭᠰᠡᠨ ᠥᠬᠡᠶ ᠨᠢᠭᠡᠴᠢ ᠶᠢ ᠳᠠᠷᠦ᠋ᠢᠬᠠᠨ ᠴᠡᠭᠴᠡᠯᠡᠨ | ᠰᠠᠶᠢᠵᠢᠷᠠᠭᠤᠯᠬᠤ ᠪᠠᠷ ᠱᠠᠭᠠᠷᠳᠠᠬᠤ ᠬᠡᠷᠡᠭᠲᠡᠶ ︵ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ | ᠲᠦᠷᠦᠭᠦᠯᠡᠨ᠎ᠡ︶᠃ | ︵ᠨᠠᠢᠮᠠ︶ ᠬᠤᠳᠠ ᠶᠢᠨ ᠲᠣᠭᠤᠰᠣ ᠳᠡᠭᠳᠡᠬᠦ ᠤᠯᠠᠨ ᠡᠬᠢᠳᠤ ᠭᠠᠳᠠᠭᠰᠢᠯᠠᠭᠤᠯᠤᠯᠲᠠ ᠶᠢ ᠬᠠᠮᠢᠶᠠᠷᠤᠨ | ᠡᠵᠡᠮᠳᠡᠬᠦ ᠶᠢ ᠴᠢᠩᠭᠠᠳᠬᠠᠨ᠎ᠠ᠃ | ᠡᠯ᠎ᠡ ᠬᠤᠰᠢᠭᠤ ᠰᠢᠶᠠᠨ ᠬᠤᠲᠠ ᠲᠣᠭᠤᠷᠢᠭ ᠨᠢ ᠬᠠᠷᠢᠶ᠎ᠠ ᠭᠠᠵᠠᠷ ᠤᠨ ᠢᠶᠠᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠳᠡᠭᠳᠡᠮᠡᠯ ᠲᠣᠭᠤᠰᠣᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠪᠥᠬᠦ ᠲᠠᠯ᠎ᠠ ᠪᠠᠷ | ᠴᠢᠩᠭᠠᠷᠠᠭᠤᠯᠤᠨ᠂ ᠭᠤᠤᠯᠳᠠᠯᠭ᠎ᠠ ᠲᠠᠢ ᠵᠠᠮ ᠤᠨ ᠬᠡᠰᠡᠭ ᠪᠠ ᠬᠤᠲᠠ ᠬᠥᠳᠡᠭᠡ ᠶᠢᠨ ᠠᠭᠤᠯᠵᠠᠷ ᠬᠡᠰᠡᠭ ᠲᠤ ᠵᠠᠮ ᠤᠨ | ᠳᠡᠭᠳᠡᠮᠡᠯ ᠲᠣᠭᠤᠰᠣᠨ ᠤ ᠪᠣᠬᠢᠷᠲᠤᠯ ᠢ ᠬᠢᠨᠠᠨ ᠡᠵᠡᠮᠰᠢᠬᠦ ᠸᠢᠳᠢᠤ᠋ ᠤᠭᠰᠠᠷᠠᠵᠤ᠂ ᠬᠤᠲᠠ ᠶᠢᠨ ᠵᠠᠮ ᠤᠨ | ᠮᠠᠰᠢᠨᠴᠢᠯᠠᠯᠲᠠ ᠪᠠᠷ ᠴᠡᠪᠡᠷᠯᠡᠬᠦ ᠪᠠ ᠠᠷᠢᠭᠤᠨ ᠴᠡᠪᠡᠷ ᠢ ᠬᠠᠮᠠᠭᠠᠯᠠᠬᠤ ᠤᠳᠠᠭ᠎ᠠ ᠪᠠᠨ ᠨᠡᠮᠡᠭᠳᠡᠭᠦᠯᠦᠨ᠎ᠡ ︵ᠬᠤᠲᠠ ᠶᠢᠨ | ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠨ᠎ᠡ︶᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠨᠢ | ᠬᠤᠭ ᠰᠢᠷᠣᠶ ᠲᠡᠭᠡᠭᠡᠪᠦᠷᠢᠯᠡᠬᠦ ᠲᠡᠷᠭᠡ ᠬᠥᠰᠬᠡ ᠶᠢ ᠪᠦᠷᠬᠦᠭᠦᠯᠬᠦ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠬᠤᠭ | ᠰᠢᠷᠣᠶ ᠲᠡᠭᠡᠭᠡᠪᠦᠷᠢᠯᠡᠬᠦ ᠲᠡᠷᠭᠡ ᠬᠥᠰᠬᠡ ᠪᠦᠬᠦᠨ ᠳᠤ ᠪᠢᠲᠡᠭᠦᠮᠵᠢᠯᠡᠬᠦ ᠲᠥᠬᠦᠭᠡᠷᠦᠮᠵᠢ ᠤᠭᠰᠠᠷᠠᠬᠤ ᠶᠢᠨ ᠬᠠᠮᠲᠤ | ᠬᠡᠪ ᠤᠨ ᠶᠣᠰᠣᠭᠠᠷ ᠬᠡᠷᠡᠭᠯᠡᠬᠦ ᠶᠢ ᠦᠨᠡᠨᠬᠦ ᠪᠠᠲᠤᠯᠠᠵᠤ᠂ ᠱᠠᠭᠠᠷᠳᠠᠯᠭ᠎ᠠ ᠳᠤ ᠨᠡᠶᠢᠴᠡᠬᠦ ᠥᠬᠡᠶ ᠪᠠᠷ ᠵᠠᠮ ᠳᠤ | ᠭᠠᠷᠤᠭᠰᠠᠨ ᠪᠠᠶᠢᠪᠠᠯ᠂ ᠪᠠᠶᠢᠴᠠᠭᠠᠨ ᠰᠢᠶᠳᠪᠦᠷᠢᠯᠡᠭᠰᠡᠨ ᠤ ᠳᠠᠷᠠᠭ᠎ᠠ ᠡᠵᠡᠩᠨᠡᠯᠲᠡ ᠶᠢᠨ ᠬᠢᠷᠢ ᠬᠡᠮ ᠢ ᠨᠢ ᠬᠦᠴᠦᠨ | ᠥᠬᠡᠶ ᠪᠣᠯᠭᠠᠨ᠎ᠠ ︵ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ | ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠨᠢ ᠪᠠᠷᠢᠯᠭ᠎ᠠ ᠶᠢᠨ ᠲᠣᠭᠤᠰᠣ | ᠰᠢᠷᠣᠶ ᠶᠢ ᠬᠠᠮᠢᠶᠠᠷᠤᠨ ᠡᠵᠡᠮᠳᠡᠬᠦ ᠶᠢ ᠦᠨᠡᠨᠬᠦ ᠴᠢᠩᠭᠠᠳᠬᠠᠵᠤ᠂ ᠪᠠᠷᠢᠯᠭ᠎ᠠ ᠶᠢᠨ ᠭᠠᠵᠠᠷ ᠪᠣᠯᠤᠨ ᠨᠤᠷᠠᠭᠠᠵᠤ ᠨᠡᠭᠦᠯᠭᠡᠬᠦ | ᠪᠠᠷᠢᠯᠭ᠎ᠠ ᠶᠢᠨ ᠭᠠᠵᠠᠷ ᠨᠢ ︽ᠵᠢᠷᠭᠤᠭᠠᠨ ᠵᠠᠭᠤᠨ ᠤ ᠵᠠᠭᠤ︾ ᠶᠢᠨ ᠪᠣᠬᠢᠷᠲᠤᠯ ᠢ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ ︵ᠬᠤᠲᠠ ᠶᠢᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ | ᠲᠦᠷᠦᠭᠦᠯᠡᠵᠦ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠬᠠᠮᠵᠢᠯᠴᠠᠨ᠎ᠠ︶᠃ ᠡᠯ᠎ᠡ ᠬᠤᠰᠢᠭᠤ | ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ ᠨᠢ ᠬᠠᠷᠢᠶ᠎ᠠ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠲᠣᠭᠤᠷᠢᠭ ᠤᠨ ᠣᠷᠳᠣ ᠬᠤᠭᠤᠴᠠᠭ᠎ᠠ ᠪᠠᠷ ᠨᠡᠭᠡᠭᠡᠨ ᠬᠥᠭᠵᠢᠭᠦᠯᠦᠭᠡᠳᠦᠶ ᠪᠥᠲᠥᠭᠡᠨ ᠪᠠᠶᠢᠭᠤᠯᠤᠯᠲᠠ ᠶᠢᠨ ᠬᠠᠯᠴᠠᠭᠠᠢ | ᠭᠠᠵᠠᠷ ᠢ ᠵᠢᠭᠰᠠᠭᠠᠨ ᠪᠠᠶᠢᠴᠠᠭᠠᠵᠤ ᠲᠠᠩᠰᠠ ᠡᠪᠬᠡᠮᠡᠯ ᠪᠠᠶᠢᠭᠤᠯᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠨᠢ | ᠳᠣᠭᠢᠷᠠᠭᠤᠯᠤᠨ ᠨᠣᠭᠤᠭᠠᠷᠠᠭᠤᠯᠬᠤ᠂ ᠬᠠᠲᠠᠭᠤᠷᠠᠭᠤᠯᠬᠤ ᠵᠡᠷᠭᠡ ᠬᠠᠮᠢᠶ᠎ᠠ ᠪᠥᠬᠦᠶ ᠠᠷᠭ᠎ᠠ ᠬᠡᠮᠵᠢᠶ᠎ᠡ ᠶᠢ ᠠᠪᠬᠤ | ᠬᠡᠷᠡᠭᠲᠡᠶ ︵ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︶ | ᠃ | ︵ᠶᠢᠰᠦ︶ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠴᠢᠩᠭ᠎ᠠ ᠬᠠᠮᠢᠶᠠᠷᠤᠨ ᠡᠵᠡᠮᠳᠡᠨ᠎ᠡ᠃ | 2021 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠨᠢ | ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠨᠠᠮᠤᠷ ᠤᠨ ᠬᠤᠷᠢᠶᠠᠯᠲᠠ ᠶᠢᠨ ᠡᠰᠢ ᠰᠦᠷᠡᠯ ᠢ ︽ | ᠲᠠᠪᠤᠨ ᠲᠠᠯ᠎ᠠ ᠪᠠᠷ ᠠᠰᠢᠭᠯᠠᠬᠤ︾ ᠶᠢ ᠥᠷᠨᠢᠭᠦᠯᠵᠦ᠂ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠲᠠᠰᠤᠷᠠᠯᠲᠠ ᠥᠬᠡᠶ | ᠳᠡᠭᠡᠭᠰᠢᠯᠡᠭᠦᠯᠦᠨ᠎ᠡ ︵ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠴᠠ ᠲᠦᠷᠦᠭᠦᠯᠡᠨ᠎ᠡ︶᠃ | ᠲᠣᠣᠷᠵᠢᠭᠤᠯᠤᠭᠰᠠᠨ ᠲᠣᠭᠤᠷᠢᠨ ᠪᠠᠶᠢᠴᠠᠭᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ + ᠮᠡᠷᠭᠡᠵᠢᠯ ᠤᠨ | ᠰᠡᠷᠭᠡᠶᠢᠯᠡᠯᠲᠡ ᠵᠡᠷᠭᠡ ᠠᠷᠭ᠎ᠠ ᠬᠡᠮᠵᠢᠶ᠎ᠡ ᠶᠢ ᠠᠪᠴᠤ᠂ ᠡᠰᠢ ᠰᠦᠷᠡᠯ ᠢ ᠵᠠᠳᠠᠭᠠᠶ ᠰᠢᠲᠠᠭᠠᠬᠤ ᠶᠢ ᠴᠢᠩᠭ᠎ᠠ ᠬᠠᠮᠢᠶᠠᠷᠤᠨ | ᠡᠵᠡᠮᠳᠡᠵᠦ᠂ ᠡᠰᠢ ᠰᠦᠷᠡᠯ ᠢ ᠵᠠᠳᠠᠭᠠᠶ ᠰᠢᠲᠠᠭᠠᠬᠤ ᠠᠴᠠ ᠡᠭᠦᠰᠦᠭᠰᠡᠨ ᠪᠣᠬᠢᠷᠲᠤᠯ ᠶᠢ ᠡᠷᠡᠰ ᠬᠤᠷᠢᠭᠯᠠᠨ᠎ᠠ ︵ | ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠲᠦᠷᠦᠭᠦᠯᠡᠵᠦ᠂ ᠬᠤᠲᠠ ᠶᠢᠨ ᠠᠮᠢ ᠠᠬᠤᠶ ᠣᠷᠴᠢᠨ | ᠲᠣᠭᠤᠷᠢᠨ ᠤ ᠲᠣᠪᠴᠢᠶ᠎ᠠ ᠬᠠᠮᠵᠢᠯᠴᠠᠨ᠎ᠠ︶᠃ | ︵ᠠᠷᠪᠠ︶ ᠰᠢᠯᠵᠢᠮᠡᠯ ᠡᠬᠢ ᠰᠤᠷᠪᠤᠯᠵᠢ ᠶᠢᠨ ᠣᠷᠴᠢᠨ ᠲᠣᠭᠤᠷᠢᠨ ᠤ ᠬᠠᠮᠢᠶᠠᠷᠤᠯᠲᠠ ᠶᠢ ᠴᠢᠩᠭᠠᠷᠠᠭᠤᠯᠤᠨ᠎ᠠ᠃ | | ᠬᠠᠭᠤᠴᠢᠷᠬᠠᠰᠠᠨ ᠲᠡᠷᠭᠡ ᠬᠥᠰᠬᠡ ᠪᠣᠯᠤᠨ ᠪᠣᠬᠢᠷᠲᠤᠯ ᠶᠡᠬᠡᠲᠡᠶ ᠪᠤᠰᠤᠳ ᠥᠨᠳᠥᠷ ᠭᠠᠳᠠᠭᠰᠢᠯᠠᠭᠤᠯᠤᠯᠲᠠ | ᠲᠠᠢ ᠲᠡᠷᠭᠡ ᠬᠥᠰᠬᠡ ᠶᠢ ᠲᠦᠷᠭᠡᠳᠬᠡᠨ ᠰᠢᠭᠰᠢᠭᠳᠡᠭᠦᠯᠦᠨ᠎ᠡ ︵ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | ᠂ ᠵᠠᠮ ᠬᠠᠷᠢᠯᠴᠠᠭᠠᠨ ᠤ ᠲᠣᠪᠴᠢᠶ᠎ᠠ ᠲᠦᠷᠦᠭᠦᠯᠡᠵᠦ᠂ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ | ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠬᠠᠮᠵᠢᠯᠴᠠᠨ᠎ᠠ︶᠃ ᠨᠢᠰᠬᠡᠯ ᠤᠨ ᠪᠠᠭᠤᠳᠠᠯ᠂ ᠳᠡᠮᠤᠷ | ᠵᠠᠮ ᠤᠨ ᠪᠠᠷᠠᠭᠠᠨ ᠤ ᠲᠠᠯᠠᠪᠠᠢ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠲᠤ ᠭᠠᠳᠠᠭᠰᠢᠯᠠᠭᠤᠯᠤᠯᠲᠠ | ᠶᠡᠬᠡᠲᠡᠶ ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠤ ᠬᠡᠷᠡᠭᠯᠡᠭᠡᠨ ᠢ ᠴᠠᠭᠠᠵᠠᠯᠠᠨ᠎ᠠ ︵ᠬᠤᠳᠠ ᠶᠢᠨ ᠠᠮᠢ ᠠᠬᠤᠶ | ᠣᠷᠴᠢᠨ ᠲᠣᠭᠤᠷᠢᠨ ᠤ ᠲᠣᠪᠴᠢᠶ᠎ᠠ ᠲᠦᠷᠦᠭᠦᠯᠡᠵᠦ᠂ ᠬᠤᠳᠠ ᠶᠢᠨ ᠵᠠᠮ ᠬᠠᠷᠢᠯᠴᠠᠭᠠᠨ ᠤ ᠲᠣᠪᠴᠢᠶ᠎ᠠ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠠᠮᠵᠢᠯᠴᠠᠨ᠎ᠠ︶᠃ ᠣᠲᠣ ᠶᠢᠨ ᠪᠠᠶᠢᠭ᠎ᠠ ᠵᠠᠮ ᠤᠨ ᠡᠬᠢ ᠪᠠᠶᠠᠯᠢᠭ ᠢ | ᠭᠦᠶᠴᠡᠳ ᠠᠰᠢᠭᠯᠠᠨ᠂ ᠮᠠᠨ ᠤ ᠬᠤᠲᠠ ᠶᠢᠨ ᠣᠷᠭᠢᠯ ᠦᠶ᠎ᠡ ᠶᠢ ᠵᠥᠷᠢᠭᠦᠯᠦᠨ ᠲᠡᠭᠡᠭᠡᠪᠦᠷᠢᠯᠡᠬᠦ᠂ ᠶᠠᠪᠤᠬᠤ ᠶᠢ | ᠬᠢᠵᠠᠭᠠᠷᠯᠠᠬᠤ᠂ ᠲᠣᠭᠤᠷᠢᠵᠤ ᠶᠠᠪᠤᠬᠤ᠂ ᠪᠣᠬᠢᠷᠲᠤᠯ ᠦᠭᠡᠢ ᠪᠠᠷ ᠣᠷᠣᠯᠠᠭᠤᠯᠬᠤ ᠵᠡᠷᠭᠡ ᠠᠷᠭ᠎ᠠ ᠬᠡᠮᠵᠢᠶ᠎ᠡ ᠶᠢ | ᠰᠤᠳᠤᠯᠤᠨ ᠲᠣᠭᠲᠠᠭᠠᠵᠤ᠂ ᠮᠠᠰᠢᠨᠲᠤ ᠲᠡᠷᠭᠡᠨ ᠤ ᠪᠠᠴᠢᠮ ᠪᠠᠶᠢᠳᠠᠯ ᠢ ᠠᠷᠭᠠᠴᠠᠨ ᠬᠠᠮᠢᠶᠠᠷᠤᠨ ᠡᠵᠡᠮᠳᠡᠵᠦ | ᠶᠠᠪᠤᠬᠤ ᠶᠢ ᠬᠢᠵᠠᠭᠠᠷᠯᠠᠬᠤ ᠲᠥᠰᠦᠯ ᠢ ᠲᠥᠯᠥᠪᠵᠢᠭᠦᠯᠦᠨ᠎ᠡ ︵ᠬᠤᠲᠠ ᠶᠢᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠲᠦᠷᠦᠭᠦᠯᠡᠵᠦ᠂ ᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ | ᠲᠣᠪᠴᠢᠶ᠎ᠠ ᠬᠠᠮᠵᠢᠯᠴᠠᠨ᠎ᠠ︶᠃ ᠡᠯ᠎ᠡ ᠭᠠᠵᠠᠷ ᠨᠢ ᠬᠠᠮᠢᠶ᠎ᠠ ᠪᠥᠬᠦᠶ ᠠᠵᠤ ᠠᠬᠤᠶᠢᠯᠠᠯ ᠢ ᠵᠢᠯᠣᠭᠤᠳᠴᠤ ᠪᠠᠶᠢᠭᠠᠳ | ᠪᠣᠳᠠᠰ ᠤᠨ ᠮᠠᠲ᠋ᠧᠷᠢᠶᠠᠯ ᠤᠨ ᠨᠥᠭᠡᠴᠡᠯᠡᠯᠲᠡ ᠶᠢ ᠰᠠᠶᠢᠲᠤᠷ ᠬᠢᠵᠦ᠂ ᠨᠡᠭᠦᠷᠡᠰᠦ ᠰᠢᠲᠠᠭᠠᠬᠤ ᠴᠠᠬᠢᠯᠭᠠᠨ ᠤ | ᠦᠶᠯᠡᠳᠪᠦᠷᠢ᠂ ᠨᠡᠭᠦᠷᠡᠰᠦ ᠰᠢᠲᠠᠭᠠᠵᠤ ᠳᠤᠯᠠᠭᠠᠯᠠᠭ᠎ᠠ ᠬᠠᠩᠭᠠᠬᠤ ᠠᠵᠤ ᠠᠬᠤᠶᠢᠯᠠᠯ ᠨᠢ ᠭᠦᠶᠴᠡᠳ ᠬᠡᠮᠵᠢᠶᠡᠨ ᠤ | ᠨᠡᠭᠦᠷᠡᠰᠦ ᠶᠢ ᠤᠷᠢᠳᠴᠢᠯᠠᠨ ᠨᠥᠭᠡᠴᠡᠯᠡᠬᠦ ᠬᠡᠷᠡᠭᠲᠡᠶ ︵ᠬᠤᠲᠠ ᠶᠢᠨ ᠠᠵᠤ ᠦᠶᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ ᠲᠦᠷᠦᠭᠦᠯᠡᠵᠦ᠂ ᠬᠤᠲᠠ ᠶᠢᠨ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ | ᠲᠣᠪᠴᠢᠶ᠎ᠠ ᠬᠠᠮᠵᠢᠯᠴᠠᠨ᠎ᠠ︶᠃ | ︵ᠠᠷᠪᠠᠨ ᠨᠢᠭᠡ︶ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠣᠬᠢᠷᠠᠭᠤᠯᠤᠨ | ᠡᠵᠡᠮᠳᠡᠬᠦ ᠠᠷᠭ᠎ᠠ ᠬᠡᠮᠵᠢᠶ᠎ᠡ ᠶᠢ ᠲᠣᠭᠲᠠᠭᠠᠨ᠎ᠠ᠃ | ᠠᠵᠤ ᠠᠬᠤᠶᠢᠯᠠᠯ ᠢ ᠵᠣᠷᠢᠭᠵᠢᠭᠤᠯᠤᠨ ᠬᠥᠲᠥᠯᠦᠨ ᠵᠢᠯᠣᠭᠤᠳᠴᠤ ᠪᠠᠶᠢᠭᠠᠳ ᠵᠦᠶ ᠵᠣᠬᠢᠰᠲᠠᠶ ᠳᠣᠭᠢᠷᠠᠭᠤᠯᠤᠨ | ᠠᠮᠠᠷᠠᠭᠤᠯᠵᠤ᠂ ᠬᠠᠷᠢᠶ᠎ᠠ ᠣᠷᠣᠨ ᠤ ᠳᠣᠲᠣᠷᠠᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠢ ᠵᠣᠬᠢᠶᠠᠨ | ᠪᠠᠶᠢᠭᠤᠯᠤᠨ ᠵᠢᠯ ᠤᠨ ᠪᠠᠶᠢᠴᠠᠭᠠᠨ ᠵᠠᠰᠠᠬᠤ ᠲᠥᠯᠥᠪᠯᠡᠭᠡ ᠳᠤ ᠲᠣᠬᠢᠷᠠᠭᠤᠯᠤᠯᠲᠠ ᠬᠢᠵᠦ᠂ ᠪᠠᠶᠢᠴᠠᠭᠠᠨ ᠵᠠᠰᠠᠬᠤ | ᠴᠠᠭ ᠢ ᠵᠦᠶ ᠵᠣᠬᠢᠰᠲᠠᠶ ᠳᠣᠭᠢᠷᠠᠭᠤᠯᠤᠨ᠂ ᠪᠠᠶᠢᠴᠠᠭᠠᠨ ᠵᠠᠰᠠᠵᠤ ᠳᠡᠶᠢᠯᠬᠦ ᠥᠬᠡᠶ ᠳᠤ ᠨᠢ ᠦᠶᠯᠡᠳᠪᠦᠷᠢᠯᠡᠯ ᠤᠨ | ᠲᠣᠬᠢᠷᠠᠭᠤᠯᠤᠯ ᠡᠵᠡᠮᠳᠡᠯ ᠬᠢᠵᠦ᠂ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠤᠷᠠᠭᠤᠯᠤᠨ᠎ᠠ ︵ | ᠬᠤᠲᠠ ᠶᠢᠨ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠲᠦᠷᠦᠭᠦᠯᠡᠵᠦ᠂ ᠬᠤᠲᠠ ᠶᠢᠨ ᠠᠮᠢ | ᠠᠬᠤᠶ ᠣᠷᠴᠢᠨ ᠲᠣᠭᠤᠷᠢᠨ ᠤ ᠲᠣᠪᠴᠢᠶ᠎ᠠ ᠬᠠᠮᠵᠢᠯᠴᠠᠨ᠎ᠠ︶᠃ | ︵ᠠᠷᠪᠠᠨ ᠬᠤᠶᠠᠷ︶ ᠫᠤᠤᠵᠢᠩ ᠲᠠᠯᠪᠢᠬᠤ ᠶᠢ ᠴᠠᠭᠠᠵᠠᠯᠠᠬᠤ ᠶᠢ ᠬᠡᠷᠡᠭᠵᠢᠭᠦᠯᠦᠨ᠎ᠡ᠃ | ᠡᠯ᠎ᠡ ᠭᠠᠵᠠᠷ ᠤᠨ ᠬᠢᠨ ᠪᠣᠷᠣᠯᠠᠭᠤᠯᠭ᠎ᠠ ᠪᠠ ᠭᠦᠢᠯᠭᠡᠭᠡᠨ ᠤ ᠲᠠᠯ᠎ᠠ ᠠᠴᠠ ᠪᠦᠬᠦ ᠣᠷᠣᠨ ᠪᠦᠰᠡ ᠶᠢᠨ ᠪᠦᠬᠦ | ᠬᠤᠭᠤᠴᠠᠭᠠᠨ ᠳᠤ ᠫᠤᠤᠵᠢᠩ ᠪᠣᠷᠣᠯᠠᠭᠤᠯᠬᠤ ᠶᠢ ᠴᠠᠭᠠᠵᠠᠯᠠᠬᠤ᠂ ᠲᠡᠭᠡᠭᠡᠪᠦᠷᠢᠯᠡᠬᠦ ᠶᠢ ᠴᠠᠭᠠᠵᠠᠯᠠᠬᠤ ᠠᠷᠭ᠎ᠠ | ᠬᠡᠮᠵᠢᠶ᠎ᠡ ᠶᠢ ᠲᠣᠭᠲᠠᠭᠠᠬᠤ ᠬᠡᠷᠡᠭᠲᠡᠢ᠃ ᠫᠤᠤᠵᠢᠩ ᠲᠠᠯᠪᠢᠬᠤ ᠶᠢ ᠴᠠᠭᠠᠵᠠᠯᠠᠬᠤ ᠤᠬᠠᠭᠤᠯᠭ᠎ᠠ ᠬᠥᠮᠦᠵᠢᠯ ᠢ | ᠥᠷᠭᠡᠨ ᠢᠶᠠᠷ ᠥᠷᠨᠢᠭᠦᠯᠵᠦ᠂ ᠫᠤᠤᠵᠢᠩ ᠲᠠᠯᠪᠢᠬᠤ ᠶᠢ ᠬᠠᠤᠯᠢ ᠶᠣᠰᠣᠭᠠᠷ ᠴᠢᠩᠭ᠎ᠠ ᠬᠠᠮᠢᠶᠠᠷᠤᠨ ᠡᠵᠡᠮᠳᠡᠵᠦ᠂ | ᠪᠣᠷᠣᠯᠠᠭᠤᠯᠬᠤ᠂ ᠲᠠᠯᠪᠢᠬᠤ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠂ ᠬᠠᠮᠢᠶᠠᠷᠤᠨ | ᠡᠵᠡᠮᠳᠡᠬᠦ ᠶᠢ ᠪᠦᠲᠦᠮᠵᠢᠲᠡᠶ ᠪᠣᠯᠭᠠᠬᠤ ᠪᠥᠭᠡᠳ ᠪᠣᠳᠠᠲᠠᠶᠢᠵᠢᠭᠤᠯᠤᠨ᠎ᠠ ︵ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠬᠤᠳᠠ ᠶᠢᠨ ᠬᠠᠮᠢᠶᠠᠷᠤᠯᠲᠠ ᠶᠢᠨ ᠲᠣᠪᠴᠢᠶ᠎ᠠ᠂ | ᠷᠠᠳᠢᠣ᠋ ᠨᠡᠪᠲᠡᠷᠡᠭᠦᠯᠭᠡ ᠲᠧᠯᠸᠢᠰ ᠬᠤᠷᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︔ ᠬᠠᠷᠢᠭᠤᠴᠠᠯᠭ᠎ᠠ ᠶᠢᠨ ᠭᠤᠣᠯ ᠴᠣᠭᠴᠠ᠄ ᠡᠯ᠎ᠡ ᠬᠤᠰᠢᠭᠤ ᠰᠢᠶᠠᠨ ᠬᠤᠳᠠ ᠲᠣᠭᠤᠷᠢᠭ ᠤᠨ | ᠵᠠᠰᠠᠭ ᠤᠨ ᠣᠷᠳᠣᠨ︶᠃ ᠬᠠᠤᠯᠢ ᠠᠴᠠ ᠵᠥᠷᠢᠴᠡᠨ ᠫᠤᠤᠵᠢᠩ ᠬᠠᠳᠠᠭᠠᠯᠠᠬᠤ᠂ ᠲᠡᠭᠡᠭᠡᠪᠦᠷᠢᠯᠡᠬᠦ᠂ ᠪᠣᠷᠣᠯᠠᠭᠤᠯᠬᠤ᠂ | ᠫᠤᠤᠵᠢᠩ ᠲᠠᠯᠪᠢᠬᠤ ᠥᠢᠯᠡ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠭᠦᠨ᠎ᠡ ︵ᠬᠤᠳᠠ ᠶᠢᠨ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ | ᠬᠠᠷᠢᠭᠤᠴᠠᠯᠭ᠎ᠠ ᠶᠢᠨ ᠭᠤᠣᠯ ᠴᠣᠭᠴᠠ᠄ ᠡᠯ᠎ᠡ ᠬᠤᠰᠢᠭᠤ ᠰᠢᠶᠠᠨ ᠬᠤᠳᠠ ᠲᠣᠭᠤᠷᠢᠭ ᠤᠨ ᠵᠠᠰᠠᠭ ᠤᠨ ᠣᠷᠳᠣᠨ︶᠃ | ᠬᠠᠮᠢᠶ᠎ᠠ ᠪᠥᠬᠦᠶ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠢ ᠴᠠᠭ ᠲᠤ ᠨᠢ ᠳᠣᠭᠢᠷᠠᠭᠤᠯᠤᠨ ᠵᠣᠬᠢᠶᠠᠨ ᠪᠠᠶᠢᠭᠤᠯᠵᠤ᠂ | ᠬᠠᠤᠯᠢ ᠠᠴᠠ ᠵᠥᠷᠢᠴᠡᠨ ᠫᠤᠤᠵᠢᠩ ᠲᠠᠯᠪᠢᠬᠤ ᠦᠶᠯᠡ ᠠᠵᠢᠯᠯᠠᠭ᠎ᠠ ᠶᠢ ᠲᠤᠰᠬᠠᠶᠢᠯᠠᠨ ᠴᠡᠭᠴᠡᠯᠡᠨ ᠵᠠᠰᠠᠬᠤ | ᠠᠵᠢᠯᠯᠠᠭ᠎ᠠ ᠶᠢ ᠬᠠᠮᠲᠤᠷᠠᠨ ᠥᠷᠨᠢᠭᠦᠯᠦᠨ᠎ᠡ ︵ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ | ᠲᠦᠷᠦᠭᠦᠯᠡᠵᠦ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ | ᠲᠣᠪᠴᠢᠶ᠎ᠠ ᠬᠠᠮᠵᠢᠯᠴᠠᠨ᠎ᠠ︔ ᠬᠠᠷᠢᠭᠤᠴᠠᠯᠭ᠎ᠠ ᠶᠢᠨ ᠭᠤᠤᠯ ᠴᠣᠭᠴᠠ᠄ ᠡᠯ᠎ᠡ ᠬᠤᠰᠢᠭᠤ ᠰᠢᠶᠠᠨ ᠬᠤᠲᠠ | ᠲᠣᠭᠤᠷᠢᠭ ᠤᠨ ᠵᠠᠰᠠᠭ ᠤᠨ ᠣᠷᠳᠣᠨ︶᠃ | ︵ᠠᠷᠪᠠᠨ ᠭᠤᠷᠪᠠ︶ ᠭᠤᠤᠯᠳᠠᠯᠭ᠎ᠠ ᠲᠠᠢ ᠬᠦᠷᠢᠶᠡᠨ ᠳᠠᠬᠢ ᠲᠤᠰᠬᠠᠶ ᠬᠠᠤᠯᠢ ᠬᠡᠷᠡᠭᠵᠢᠭᠦᠯᠬᠦ ᠠᠵᠢᠯᠯᠠᠭ᠎ᠠ ᠶᠢ | ᠥᠷᠨᠢᠭᠦᠯᠦᠨ᠎ᠡ᠃ | ᠲᠤᠰᠬᠠᠢ ᠵᠦᠢᠯ ᠤᠨ ᠬᠠᠤᠯᠢ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠪᠣᠬᠢᠷᠲᠤᠯ ᠭᠠᠳᠠᠭᠰᠢᠯᠠᠭᠤᠯᠬᠤ | ᠵᠥᠪᠰᠢᠶᠡᠷᠡᠯ ᠤᠨ ᠲᠤᠭ᠎ᠠ ᠪᠠᠷᠢᠮᠲᠠ ᠶᠢᠨ ᠬᠥᠮᠥᠷᠭᠡ᠂ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ | ᠬᠡᠮᠵᠢᠶ᠎ᠡ ᠶᠢ ᠪᠠᠭᠤᠷᠠᠭᠤᠯᠬᠤ ᠪᠠ ᠪᠣᠬᠢᠷᠲᠤᠯ ᠤᠨ ᠡᠬᠢ ᠰᠤᠷᠪᠤᠯᠵᠢ ᠶᠢᠨ ᠳᠠᠩᠰᠠ ᠲᠠᠢ ᠤᠶᠠᠯᠳᠤᠭᠤᠯᠤᠨ᠂ ᠠᠵᠤ | ᠠᠬᠤᠶᠢᠯᠠᠯ ᠥᠪᠡᠷ ᠢᠶᠠᠨ ᠪᠠᠶᠢᠴᠠᠭᠠᠬᠤ᠂ ᠬᠠᠷᠢᠶ᠎ᠠ ᠭᠠᠵᠠᠷ ᠲᠤᠨᠢ ᠵᠢᠭᠰᠠᠭᠠᠨ ᠪᠠᠶᠢᠴᠠᠭᠠᠬᠤ᠂ ᠬᠤᠲᠠ ᠶᠢᠨ ᠳᠡᠰ ᠤᠨ | ᠰᠤᠭᠤᠴᠢᠨ ᠪᠠᠶᠢᠴᠠᠭᠠᠬᠤ ᠠᠷᠭ᠎ᠠ ᠮᠠᠶ᠋ᠢᠭ ᠢ ᠠᠪᠴᠤ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠢ ᠵᠣᠬᠢᠶᠠᠨ | ᠪᠠᠶᠢᠭᠤᠯᠤᠨ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠠᠷᠢᠮᠵᠢᠶᠠᠲᠤ | ᠭᠠᠳᠠᠭᠰᠢᠯᠠᠭᠤᠯᠤᠯᠲᠠ ᠶᠢᠨ ᠪᠠᠶᠢᠳᠠᠯ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠠᠵᠤ ᠠᠬᠤᠶᠢᠯᠠᠯ ᠤᠨ | ᠪᠣᠬᠢᠷᠲᠤᠯ ᠢ ᠵᠠᠰᠠᠬᠤ ᠪᠡᠯᠡᠳᠬᠡᠮᠵᠢ ᠶᠢᠨ ᠲᠥᠬᠦᠮ ᠪᠥᠭᠡᠳ ᠦᠷ᠎ᠡ ᠠᠰᠢᠭ ᠢᠶᠠᠷ ᠳᠣᠤᠷ᠎ᠠ᠂ ᠰᠦᠯᠵᠢᠶᠡᠨ ᠳᠡᠭᠡᠷᠡᠬᠢ | ᠬᠢᠨᠠᠨ ᠡᠵᠡᠮᠳᠡᠬᠦ ᠲᠤᠭ᠎ᠠ ᠪᠠᠷᠢᠮᠲᠠ ᠶᠢ ᠬᠠᠭᠤᠷᠮᠠᠭ ᠢᠶᠠᠷ ᠵᠣᠬᠢᠶᠠᠬᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠠᠮᠠᠰᠠᠷ | ᠨᠢ ᠵᠢᠷᠤᠮᠵᠢᠯ ᠥᠬᠡᠶ᠂ ᠳᠤᠷ᠎ᠠ ᠪᠠᠷ ᠢᠶᠠᠨ ᠬᠤᠯᠠᠩ ᠢᠶᠠᠷ ᠠᠭᠠᠷ ᠮᠠᠨᠳᠠᠯ ᠳᠤ ᠰᠢᠭᠤᠳ ᠨᠡᠪᠲᠡᠷᠡᠬᠦ ᠵᠠᠮ ᠭᠠᠷᠭᠠᠭᠰᠠᠨ | ᠵᠡᠷᠭᠡ ᠲᠣᠪᠤᠶᠢᠮ᠎ᠠ ᠠᠰᠠᠭᠤᠳᠠᠯ ᠢ ᠭᠤᠤᠯᠳᠠᠯᠭ᠎ᠠ ᠲᠠᠢ ᠰᠢᠶᠳᠪᠦᠷᠢᠯᠡᠵᠦ᠂ ᠴᠠᠬᠢᠯᠭᠠᠨ ᠬᠡᠷᠡᠭᠯᠡᠬᠦ ᠬᠡᠮᠵᠢᠶ᠎ᠡ ᠶᠢ ᠬᠢᠨᠠᠨ | ᠬᠠᠮᠢᠶᠠᠷᠬᠤ᠂ ᠪᠣᠳᠠᠰ ᠤᠨ ᠮᠠᠲ᠋ᠧᠷᠢᠶᠠᠯ ᠢ ᠲᠡᠩᠴᠡᠭᠦᠯᠦᠨ ᠪᠤᠳᠤᠬᠤ᠂ ᠬᠢᠨᠠᠨ ᠬᠡᠮᠵᠢᠵᠦ ᠠᠳᠠᠯᠢᠳᠬᠠᠬᠤ ᠵᠡᠷᠭᠡ | ᠠᠷᠭ᠎ᠠ ᠶᠢ ᠠᠰᠢᠭᠯᠠᠨ ᠠᠵᠢᠯ ᠲᠥᠷᠥᠯ ᠬᠤᠪᠢᠶᠠᠨ ᠠᠵᠤ ᠠᠬᠤᠶᠢᠯᠠᠯ ᠳᠠᠷᠠᠭᠠᠯᠠᠨ ᠪᠥᠬᠦ ᠲᠠᠯ᠎ᠠ ᠪᠠᠷ ᠵᠢᠭᠰᠠᠭᠠᠨ | ᠪᠠᠶᠢᠴᠠᠭᠠᠵᠤ᠂ ᠠᠵᠤ ᠠᠬᠤᠶᠢᠯᠠᠯ ᠤᠨ ᠪᠣᠬᠢᠷᠲᠤᠯ ᠢ ᠵᠠᠰᠠᠬᠤ ᠪᠡᠯᠡᠳᠬᠡᠮᠵᠢ ᠶᠢᠨ ᠬᠡᠪ ᠤᠨ ᠪᠤᠰᠤ ᠪᠠᠷ ᠠᠵᠢᠯᠯᠠᠬᠤ᠂ | ᠪᠠᠷᠢᠮᠵᠢᠶ᠎ᠠ ᠠᠴᠠ ᠬᠡᠲᠦᠷᠡᠭᠦᠯᠦᠨ ᠭᠠᠳᠠᠭᠰᠢᠯᠠᠭᠤᠯᠬᠤ᠂ ᠳᠠᠯᠳᠠᠭᠤᠷ ᠭᠠᠳᠠᠭᠰᠢᠯᠠᠭᠤᠯᠬᠤ ᠪᠠ ᠳᠠᠯᠳᠠᠭᠤᠷ ᠲᠠᠯᠪᠢᠬᠤ | ᠵᠡᠷᠭᠡ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠠᠰᠠᠭᠤᠳᠠᠯ ᠢ ᠬᠠᠤᠯᠢ ᠶᠣᠰᠣᠭᠠᠷ ᠪᠠᠶᠢᠴᠠᠭᠠᠨ | ᠰᠢᠶᠳᠪᠦᠷᠢᠯᠡᠨ᠎ᠡ᠃ ᠡᠯ᠎ᠡ ᠭᠠᠵᠠᠷ ᠤᠨ ᠬᠢᠨ ᠪᠣᠶ ᠪᠥᠬᠦᠶ ᠭᠤᠤᠯᠳᠠᠯᠭ᠎ᠠ ᠲᠠᠢ ᠠᠵᠤ ᠠᠬᠤᠶᠢᠯᠠᠯ ᠢ ᠪᠥᠬᠦ ᠲᠠᠯ᠎ᠠ ᠪᠠᠷ | ᠵᠢᠭᠰᠠᠭᠠᠨ ᠪᠠᠶᠢᠴᠠᠭᠠᠵᠤ᠂ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠠᠰᠠᠭᠤᠳᠠᠯ ᠤᠨ ᠨᠠᠷᠢᠨ ᠬᠠᠭᠤᠳᠠᠰᠤ | ︵ᠳᠣᠷᠣᠭᠰᠢ ᠠᠰᠠᠭᠤᠳᠠᠯ ᠤᠨ ᠨᠠᠷᠢᠨ ᠬᠠᠭᠤᠳᠠᠰᠤ ᠭᠡᠵᠦ ᠲᠣᠪᠴᠢᠯᠠᠨ᠎ᠠ︶ ᠶᠢ ᠪᠠᠶᠢᠭᠤᠯᠤᠨ᠂ ᠢᠯᠡᠷᠡᠭᠦᠯᠦᠭᠰᠡᠨ | ᠠᠰᠠᠭᠤᠳᠠᠯ ᠵᠢᠴᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠢᠨᠠᠯᠲᠠ ᠲᠠᠯᠪᠢᠵᠤ ᠬᠠᠪᠰᠤᠷᠤᠨ ᠲᠡᠳᠬᠦᠬᠦ | ᠳᠤᠭᠤᠶᠢᠯᠠᠩ ᠤᠨ ᠲᠤᠰᠢᠶᠠᠨ ᠥᠭᠴᠦ ᠰᠢᠶᠳᠪᠦᠷᠢᠯᠡᠭᠦᠯᠦᠭᠰᠡᠨ ᠠᠰᠠᠭᠤᠳᠠᠯ ᠢ ᠠᠰᠠᠭᠤᠳᠠᠯ ᠤᠨ ᠨᠠᠷᠢᠨ | ᠬᠠᠭᠤᠳᠠᠰᠤᠨ ᠳᠤ ᠣᠷᠣᠭᠤᠯᠵᠤ᠂ ᠬᠢᠨᠠᠯᠲᠠ ᠲᠠᠯᠪᠢᠵᠤ ᠬᠠᠪᠰᠤᠷᠤᠨ ᠲᠡᠳᠬᠦᠬᠦ ᠶᠢᠨ ︽ᠲᠤᠰᠢᠶᠠᠨ ᠰᠢᠶᠳᠪᠦᠷᠢᠯᠡᠭᠦᠯᠬᠦ | ᠂ ᠰᠢᠮᠳᠠᠭᠤᠯᠤᠨ ᠰᠢᠶᠳᠪᠦᠷᠢᠯᠡᠭᠦᠯᠬᠦ᠂ ᠡᠷᠬᠢᠨ ᠬᠠᠷᠠᠬᠤ︾ ᠠᠵᠢᠯ ᠤᠨ ᠴᠤᠪᠤᠷᠠᠯ ᠤᠨ ᠶᠣᠰᠣᠭᠠᠷ ᠦᠷᠭᠦᠯᠵᠢᠯᠡᠨ | ᠬᠡᠷᠡᠭᠵᠢᠭᠦᠯᠵᠦ᠂ 11 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠴᠡᠭᠴᠡᠯᠡᠨ ᠰᠠᠶᠢᠵᠢᠷᠠᠭᠤᠯᠬᠤ ᠶᠢ | ᠪᠣᠳᠠᠲᠠᠶᠢᠵᠢᠭᠤᠯᠬᠤ ᠶᠢ ᠱᠠᠭᠠᠷᠳᠠᠨ᠎ᠠ︔ 10 — 11 ᠰᠠᠷ᠎ᠠ ᠳᠤ᠂ ᠠᠰᠠᠭᠤᠳᠠᠯ ᠤᠨ ᠨᠠᠷᠢᠨ ᠲᠠᠩᠰᠠ ᠲᠠᠢ | ᠬᠠᠷᠢᠴᠠᠭᠤᠯᠤᠨ ᠵᠤᠷᠪᠤᠰ ᠳᠠᠷᠠᠭᠠᠯᠠᠨ ᠬᠠᠰᠤᠵᠤ᠂ ᠠᠵᠤ ᠠᠬᠤᠶᠢᠯᠠᠯ ᠳᠠᠷᠠᠭᠠᠯᠠᠨ ᠴᠡᠭᠴᠡᠯᠡᠨ ᠰᠠᠶᠢᠵᠢᠷᠠᠭᠤᠯᠬᠤ ᠶᠢ | ᠰᠢᠪᠠᠳᠠᠨ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤ ᠬᠦᠷᠦᠭᠰᠡᠨ ᠰᠢᠯᠵᠢᠭᠦᠯᠦᠨ | ᠭᠠᠷᠭᠠᠭᠰᠠᠨ ᠠᠰᠠᠭᠤᠳᠠᠯ ᠤᠨ ᠨᠠᠷᠢᠨ ᠲᠠᠩᠰᠠ ᠶᠢ ᠲᠣᠭᠲᠠᠭᠤᠨ ᠢᠶᠠᠷ ᠪᠠᠷᠢᠮᠵᠢᠶ᠎ᠠ ᠪᠠᠷ ᠭᠠᠳᠠᠭᠰᠢᠯᠠᠭᠤᠯᠬᠤ ᠶᠢ ᠦᠨᠡᠨ | ᠬᠦ ᠪᠠᠲᠤᠯᠠᠨ᠎ᠠ︔ 12 ᠰᠠᠷ᠎ᠠ ᠳᠤ᠂ ᠪᠣᠶ ᠪᠥᠬᠦᠶ ᠠᠰᠠᠭᠤᠳᠠᠯ ᠤᠨ ᠨᠠᠷᠢᠨ ᠲᠠᠩᠰᠠ ᠶᠢᠨ ᠠᠵᠤ ᠠᠬᠤᠶᠢᠯᠠᠯ ᠳᠤ | ᠳᠠᠬᠢᠨ ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠥᠬᠡᠶ ᠪᠠᠶᠢᠬᠤ ᠶᠢ | ᠣᠯᠵᠤ ᠮᠡᠳᠡᠪᠡᠯ᠂ ᠬᠠᠤᠯᠢ ᠶᠣᠰᠣᠭᠠᠷ ᠦᠶᠯᠡᠳᠪᠦᠷᠢᠯᠡᠯ ᠢ ᠨᠢ ᠵᠣᠭᠰᠣᠭᠠᠵᠤ ᠴᠡᠭᠴᠡᠯᠡᠨ ᠵᠠᠰᠠᠨ᠎ᠠ᠃ ᠡᠭᠦᠨ ᠤ ᠬᠠᠮᠲᠤ | ᠂ ᠡᠮᠦᠨᠡᠬᠢ ᠬᠤᠭᠤᠴᠠᠭᠠᠨ ᠳᠤ ᠠᠰᠠᠭᠤᠳᠠᠯ ᠢᠯᠡᠷᠡᠭᠰᠡᠨ ᠥᠬᠡᠶ ᠠᠵᠤ ᠠᠬᠤᠶᠢᠯᠠᠯ ᠳᠤ ︽ᠬᠤᠶᠠᠷ ᠢ | ᠲᠣᠬᠢᠶᠠᠯᠳᠤᠯ ᠢᠶᠠᠷ ᠬᠢᠵᠦ ᠨᠢᠭᠡ ᠶᠢ ᠢᠯᠡ ᠪᠣᠯᠭᠠᠬᠤ︾ ᠶᠣᠰᠣᠭᠠᠷ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠎ᠠ᠃ 2022 ᠣᠨ ᠤ 1 ᠰᠠᠷ᠎ᠠ ᠶᠢᠨ ᠳᠤᠮᠳᠠᠴᠢ ᠪᠠᠷ᠂ ᠬᠠᠮᠢᠶᠠᠷᠴᠤ ᠡᠵᠡᠮᠳᠡᠬᠦ | ᠨᠠᠷᠢᠨ ᠳᠠᠩᠰᠠ ᠳᠤ ᠪᠠᠰᠠ ᠨᠢᠭᠡ ᠡᠭᠡᠯᠵᠢ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠨ᠎ᠡ ︵ᠬᠤᠲᠠ ᠶᠢᠨ | ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠲᠦᠷᠦᠭᠦᠯᠡᠨ᠎ᠡ︶᠃ | 10 ᠰᠠᠷ᠎ᠠ ᠶᠢᠨ ᠰᠡᠭᠦᠯᠴᠢ ᠠᠴᠠ ᠡᠮᠦᠨ᠎ᠡ᠂ ᠡᠯ᠎ᠡ ᠭᠠᠵᠠᠷ ᠤᠨ ᠬᠢᠨ ᠪᠠᠷᠢᠮᠵᠢᠶ᠎ᠠ ᠪᠤᠰᠤ ᠲᠣᠰᠣᠨ ᠤ ᠲᠤᠰᠬᠠᠶ | ᠵᠦᠶᠯ ᠤᠨ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠴᠢᠨᠠᠷ ᠮᠠᠭᠤᠲᠠᠶ ᠲᠣᠰᠣᠨ ᠤ ᠵᠦᠶᠯ ᠢ ᠬᠠᠳᠠᠭᠠᠯᠠᠵᠤ ᠪᠣᠷᠣᠯᠠᠭᠤᠯᠬᠤ ᠲᠥᠪᠯᠡᠷᠡᠭᠦᠯᠦᠨ ᠲᠠᠷᠬᠠᠭᠠᠬᠤ ᠭᠠᠵᠠᠷ ᠪᠠ | ᠦᠶᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ ᠳᠤ ᠲᠥᠪᠯᠡᠷᠡᠭᠦᠯᠦᠨ ᠴᠣᠬᠢᠯᠲᠠ ᠥᠭᠴᠦ᠂ ᠬᠦᠨᠳᠦ ᠴᠢᠨᠠᠷ ᠤᠨ | ᠪᠠᠷᠤᠭᠰᠢᠨ᠂ ᠬᠢᠮᠢ ᠶᠢᠨ ᠨᠠᠶᠢᠷᠠᠯᠭ᠎ᠠ ᠶᠢᠨ ᠨᠡᠷ᠎ᠡ ᠪᠠᠷ ᠪᠣᠯᠪᠠᠰᠤᠷᠠᠭᠤᠯᠤᠭᠰᠠᠨ ᠲᠣᠰᠣ ᠶᠢ ᠦᠶᠯᠡᠳᠪᠦᠷᠢᠯᠡᠬᠦ᠂ | ᠪᠣᠷᠣᠯᠠᠭᠤᠯᠬᠤ ᠪᠠ ᠪᠣᠯᠪᠠᠰᠤᠷᠠᠭᠤᠯᠤᠭᠰᠠᠨ ᠲᠣᠰᠣ ᠶᠢ ᠬᠠᠤᠯᠢ ᠪᠤᠰᠤ ᠪᠠᠷ ᠵᠣᠬᠢᠴᠠᠭᠤᠯᠬᠤ ᠵᠡᠷᠭᠡ ᠬᠠᠤᠯᠢ ᠠᠴᠠ | ᠵᠥᠷᠢᠴᠡᠭᠰᠡᠨ ᠦᠶᠯᠡ ᠠᠵᠢᠯᠯᠠᠭ᠎ᠠ ᠶᠢ ᠭᠤᠤᠯᠳᠠᠯᠭ᠎ᠠ ᠲᠠᠢ ᠪᠠᠶᠢᠴᠠᠭᠠᠨ ᠰᠢᠶᠳᠪᠦᠷᠢᠯᠡᠨ᠎ᠡ ︵ᠬᠤᠲᠠ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠵᠦ᠂ ᠬᠤᠲᠠ ᠶᠢᠨ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠬᠠᠮᠵᠢᠯᠴᠠᠨ᠎ᠠ︶ | ︔ ᠪᠠᠷᠠᠭᠠᠨ ᠤ ᠭᠦᠶᠯᠭᠡᠭᠡᠨ ᠤ ᠰᠠᠭᠤᠷᠢᠨ ᠭᠠᠵᠠᠷ᠂ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ ᠲᠡᠷᠭᠡᠨ | ᠵᠣᠭᠰᠣᠭᠠᠯ ᠪᠣᠯᠤᠨ ᠠᠮᠠᠷᠠᠯᠲᠠ ᠶᠢᠨ ᠲᠣᠭᠤᠷᠢᠭ᠂ ᠲᠣᠰᠣᠨ ᠤ ᠵᠦᠶᠯ ᠤᠨ ᠲᠡᠭᠡᠭᠡᠪᠦᠷᠢ ᠶᠢᠨ ᠲᠡᠷᠭᠡ᠂ ᠪᠠᠷᠢᠯᠭ᠎ᠠ ᠶᠢᠨ | ᠭᠠᠵᠠᠷ ᠵᠡᠷᠭᠡ ᠪᠠᠷ ᠭᠤᠤᠯᠳᠠᠯᠭ᠎ᠠ ᠪᠣᠯᠭᠠᠵᠤ᠂ ᠬᠠᠷ᠎ᠠ ᠲᠣᠰᠣ ᠨᠡᠮᠡᠬᠦ ᠥᠷᠲᠡᠭᠡ᠂ ᠨᠡᠭᠦᠳᠡᠯ ᠲᠣᠰᠣ ᠨᠡᠮᠡᠬᠦ ᠲᠡᠷᠭᠡ ᠳᠤ | ᠦᠷᠭᠦᠯᠵᠢᠯᠡᠨ ᠲᠥᠪᠯᠡᠷᠡᠭᠦᠯᠦᠨ ᠴᠣᠬᠢᠯᠲᠠ ᠥᠭᠬᠦ ᠪᠠ ᠴᠡᠪᠡᠷᠯᠡᠨ ᠬᠦᠴᠦᠨ ᠥᠬᠡᠶ ᠪᠣᠯᠭᠠᠨ᠎ᠠ ︵ᠬᠤᠲᠠ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠵᠦ᠂ ᠬᠤᠲᠠ ᠶᠢᠨ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠬᠠᠮᠵᠢᠯᠴᠠᠨ᠎ᠠ︶᠃ | ᠰᠢᠯᠵᠢᠮᠡᠯ ᠡᠬᠢ ᠰᠤᠷᠪᠤᠯᠵᠢ ᠶᠢᠨ ᠪᠣᠬᠢᠷᠲᠤᠯ ᠪᠣᠳᠠᠰ ᠲᠤ ᠬᠢᠨᠠᠯᠲᠠ ᠲᠠᠯᠪᠢᠵᠤ ᠰᠤᠭᠤᠴᠢᠨ ᠬᠡᠮᠵᠢᠬᠦ ᠵᠡᠷᠭᠡ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ ︵ᠬᠤᠲᠠ ᠶᠢᠨ ᠠᠮᠢ ᠠᠬᠤᠶ | ᠣᠷᠴᠢᠨ ᠲᠣᠭᠤᠷᠢᠨ ᠤ ᠲᠣᠪᠴᠢᠶ᠎ᠠ ᠲᠦᠷᠦᠭᠦᠯᠡᠵᠦ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ | ᠬᠠᠷᠢᠯᠴᠠᠭᠠᠨ ᠤ ᠲᠣᠪᠴᠢᠶ᠎ᠠ ᠬᠠᠮᠵᠢᠯᠴᠠᠨ᠎ᠠ︶᠃ ᠳᠤᠯᠠᠭᠠᠯᠠᠭ᠎ᠠ ᠶᠢᠨ ᠬᠤᠭᠤᠴᠠᠭᠠᠨ ᠳᠤ ᠨᠡᠭᠦᠷᠡᠰᠦᠨ ᠤ ᠴᠢᠨᠠᠷ ᠵᠢᠴᠢ | ᠲᠠᠷᠠᠬᠠᠶ ᠨᠡᠭᠦᠷᠡᠰᠦ ᠶᠢ ᠳᠠᠬᠢᠨ ᠰᠢᠲᠠᠭᠠᠬᠤ ᠲᠤᠰᠬᠠᠶ ᠵᠦᠶᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ | ᠥᠷᠨᠢᠭᠦᠯᠦᠨ᠎ᠡ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠵᠦ᠂ | ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ | ᠠᠬᠤᠶ ᠣᠷᠴᠢᠨ ᠨᠥᠬᠦᠴᠡᠯ ᠤᠨ ᠲᠣᠪᠴᠢᠶ᠎ᠠ ᠬᠠᠮᠵᠢᠯᠴᠠᠨ᠎ᠠ︶᠃ | 12 ᠰᠠᠷ᠎ᠠ ᠶᠢᠨ ᠰᠡᠭᠦᠯᠴᠢ ᠠᠴᠠ ᠡᠮᠦᠨ᠎ᠡ᠂ ᠡᠯ᠎ᠡ ᠭᠠᠵᠠᠷ ᠣᠷᠣᠨ ᠨᠤᠭᠤᠳ ᠢᠯᠴᠢ ᠶᠢᠨ ᠴᠠᠬᠢᠯᠭᠠᠨ᠂ | ᠪᠠᠷᠢᠯᠭ᠎ᠠ ᠶᠢᠨ ᠮᠠᠲ᠋ᠧᠷᠢᠶᠠᠯ᠂ ᠬᠢᠮᠢ ᠶᠢᠨ ᠠᠵᠤ ᠦᠶᠯᠡᠳᠪᠦᠷᠢ ᠵᠡᠷᠭᠡ ᠥᠨᠳᠥᠷ ᠬᠤᠯᠠᠩ ᠤᠨ ᠶᠢᠨ ᠡᠬᠢ | ᠰᠤᠷᠪᠤᠯᠵᠢ ᠶᠢᠨ ᠬᠠᠤᠯᠢ ᠬᠡᠷᠡᠭᠵᠢᠭᠦᠯᠦᠯᠲᠡ ᠶᠢᠨ ᠲᠤᠰᠬᠠᠶ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠲᠣᠭᠲᠠᠭᠤᠨ ᠢᠶᠠᠷ ᠪᠠᠷᠢᠮᠵᠢᠶ᠎ᠠ ᠪᠠᠷ ᠭᠠᠳᠠᠭᠰᠢᠯᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ︵ᠬᠤᠲᠠ ᠶᠢᠨ ᠠᠮᠢ ᠠᠬᠤᠶ | ᠣᠷᠴᠢᠨ ᠲᠣᠭᠤᠷᠢᠨ ᠤ ᠲᠣᠪᠴᠢᠶ᠎ᠠ ᠲᠦᠷᠦᠭᠦᠯᠡᠨ᠎ᠡ︶ ᠃ | ᠡᠯ᠎ᠡ ᠭᠠᠵᠠᠷ ᠤᠨ ᠬᠢᠨ ᠭᠤᠤᠯᠳᠠᠯᠭ᠎ᠠ ᠲᠠᠢ ᠠᠵᠤ ᠦᠶᠯᠡᠳᠪᠦᠷᠢ ᠶᠢᠨ ᠠᠵᠤ ᠠᠬᠤᠶᠢᠯᠠᠯ᠂ ᠴᠠᠶᠢᠶ᠋ᠢᠦ | ᠲᠣᠰᠣᠨ ᠤ ᠪᠠᠷᠠᠭᠠᠨ ᠤ ᠲᠡᠷᠭᠡ᠂ ᠲᠠᠷᠠᠬᠠᠶ ᠨᠡᠭᠦᠷᠡᠰᠦ᠂ ᠡᠰᠢ ᠰᠦᠷᠡᠯ᠂ ᠫᠤᠤᠵᠢᠩ ᠵᠡᠷᠭᠡ ᠬᠦᠷᠢᠶᠡᠨ ᠳᠠᠬᠢ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ | ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠶ ︵ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ | ᠠᠵᠤ ᠦᠶᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶︔ ᠭᠤᠤᠯᠳᠠᠯᠭ᠎ᠠ ᠲᠠᠢ ᠪᠣᠬᠢᠷᠲᠤᠯ ᠤᠨ ᠡᠬᠢ | ᠰᠤᠷᠪᠤᠯᠵᠢ ᠶᠢ ᠴᠡᠭ ᠲᠤ ᠰᠠᠭᠤᠵᠤ ᠬᠢᠨᠠᠨ ᠬᠠᠮᠢᠶᠠᠷᠴᠤ᠂ ᠨᠥᠬᠦᠴᠡᠯ ᠪᠦᠷᠢᠳᠦᠭᠦᠯᠦᠭᠰᠡᠨ ᠪᠠᠶᠢᠪᠠᠯ ᠳᠦᠷᠰᠦ | ᠰᠢᠩᠭᠡᠭᠡᠯᠲᠡ ᠪᠠᠷ ᠬᠢᠨᠠᠨ ᠡᠵᠡᠮᠳᠡᠵᠦ᠂ ᠳᠠᠯᠳᠠᠭᠤᠷ ᠭᠠᠳᠠᠭᠰᠢᠯᠠᠭᠤᠯᠬᠤ᠂ ᠪᠠᠷᠢᠮᠵᠢᠶ᠎ᠠ ᠠᠴᠠ ᠬᠡᠲᠦᠷᠡᠭᠦᠯᠦᠨ | ᠭᠠᠳᠠᠭᠰᠢᠯᠠᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠠᠰᠤ ᠴᠠᠭᠠᠵᠠᠯᠠᠨ᠎ᠠ ︵ᠬᠤᠲᠠ ᠶᠢᠨ | ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠲᠦᠷᠦᠭᠦᠯᠡᠨ᠎ᠡ︶᠃ ᠣᠯᠵᠤ ᠮᠡᠳᠡᠭᠰᠡᠨ ᠣᠷᠴᠢᠨ ᠲᠣᠭᠤᠷᠢᠨ ᠤ | ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠳᠬᠡᠵᠦ᠂ ᠳᠠᠷᠦ᠋ᠢᠬᠠᠨ | ᠬᠡᠷᠡᠭᠵᠢᠭᠦᠯᠵᠦ ᠳᠠᠷᠦ᠋ᠢᠬᠠᠨ ᠬᠠᠯᠠᠨ ᠰᠠᠶᠢᠵᠢᠷᠠᠭᠤᠯᠤᠨ᠎ᠠ᠂ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠶᠢᠨ ᠠᠷᠭ᠎ᠠ | ᠥᠬᠡᠶ ᠶᠢ ᠨᠢ ᠦᠶᠯᠡᠳᠪᠦᠷᠢᠯᠡᠯ ᠢ ᠨᠢ ᠵᠣᠭᠰᠣᠭᠠᠨ ᠴᠡᠭᠴᠡᠯᠡᠨ ᠵᠠᠰᠠᠬᠤ ᠶᠢ ᠬᠡᠷᠡᠭᠵᠢᠭᠦᠯᠦᠨ᠎ᠡ ︵ᠬᠤᠲᠠ ᠶᠢᠨ ᠠᠮᠢ | ᠠᠬᠤᠶ ᠣᠷᠴᠢᠨ ᠲᠣᠭᠤᠷᠢᠨ ᠤ ᠲᠣᠪᠴᠢᠶ᠎ᠠ ᠠᠴᠠ ᠲᠦᠷᠦᠭᠦᠯᠡᠨ᠎ᠡ︶︔ ᠣᠷᠴᠢᠨ ᠲᠣᠭᠤᠷᠢᠨ ᠤ ᠶᠠᠯ᠎ᠠ ᠬᠢᠭᠰᠡᠨ ᠢᠶᠠᠷ | ᠰᠡᠵᠢᠭᠯᠡᠭᠳᠡᠭᠰᠡᠨ ᠪᠠᠶᠢᠪᠠᠯ᠂ ᠴᠠᠭ ᠲᠤᠬᠠᠶ ᠳᠤ ᠨᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ | ᠲᠤᠰᠢᠶᠠᠬᠤ ᠬᠡᠷᠡᠭᠲᠡᠶ ︵ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠲᠦᠷᠦᠭᠦᠯᠡᠨ᠎ᠡ︶ ᠃ ᠬᠡᠷᠪᠡ | ᠪᠣᠬᠢᠷᠲᠤᠯ ᠲᠠᠢ ᠴᠠᠭ ᠠᠭᠤᠷ ᠤᠨ ᠰᠡᠷᠡᠮᠵᠢ ᠶᠢᠨ ᠳᠣᠬᠢᠶ᠎ᠠ ᠶᠢ ᠨᠡᠶᠢᠲᠡᠯᠡᠭᠰᠡᠨ ᠪᠠᠶᠢᠪᠠᠯ᠂ ᠡᠯ᠎ᠡ ᠵᠦᠢᠯ ᠤᠨ ᠪᠠᠴᠢᠮ | ᠪᠠᠶᠢᠳᠠᠯ ᠢ ᠠᠷᠭᠠᠴᠠᠨ ᠴᠢᠩᠭᠠᠷᠠᠭᠤᠯᠬᠤ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠪᠠᠶᠢᠳᠠᠯ ᠢ ᠭᠤᠣᠯᠳᠠᠯᠭ᠎ᠠ ᠲᠠᠢ | ᠵᠢᠭᠰᠠᠭᠠᠨ ᠪᠠᠶᠢᠴᠠᠭᠠᠨ᠎ᠠ ︵ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠠᠵᠤ ᠦᠶᠯᠡᠳᠪᠦᠷᠢ | ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶᠃ | ︵ᠠᠷᠪᠠᠨ ᠳᠥᠷᠪᠡ︶ ᠠᠭᠠᠷ ᠤᠨ ᠶᠠᠰᠤ ᠴᠢᠨᠠᠷ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ | ᠥᠪᠡᠷᠲᠡᠭᠡᠨ ᠵᠠᠰᠠᠬᠤ ᠣᠷᠣᠨ ᠲᠠᠢ ᠬᠠᠮᠵᠢᠯᠴᠠᠨ ᠠᠭᠠᠷ ᠤᠨ ᠶᠠᠰᠤ ᠴᠢᠨᠠᠷ ᠢ ᠬᠢᠨᠠᠨ ᠬᠡᠮᠵᠢᠬᠦ᠂ ᠠᠭᠠᠷ | ᠮᠠᠨᠳᠠᠯ ᠤᠨ ᠪᠦᠷᠢᠯᠳᠦᠬᠦᠨ ᠢ ᠬᠢᠨᠠᠨ ᠬᠡᠮᠵᠢᠬᠦ᠂ ᠴᠠᠭ ᠠᠭᠤᠷ ᠢ ᠠᠵᠢᠭᠯᠠᠨ ᠬᠡᠮᠵᠢᠬᠦ᠂ ᠳᠠᠭᠠᠭᠤᠯᠢ ᠣᠳᠣᠨ ᠤ ᠠᠯᠤᠰ | ᠰᠡᠷᠡᠯ᠂ ᠠᠶᠠᠯᠠᠯ ᠤᠨ ᠶᠠᠪᠤᠴᠠ ᠶᠢ ᠠᠵᠢᠭᠯᠠᠨ ᠬᠡᠮᠵᠢᠬᠦ᠂ ᠪᠣᠬᠢᠷᠲᠤᠯ ᠤᠨ ᠡᠬᠢ ᠶᠢ ᠬᠢᠨᠠᠨ ᠡᠵᠡᠮᠳᠡᠬᠦ ᠵᠡᠷᠭᠡ ᠡᠯ᠎ᠡ | ᠲᠥᠷᠥᠯ ᠤᠨ ᠲᠤᠭ᠎ᠠ ᠪᠠᠷᠢᠮᠲᠠ ᠶᠢ ᠠᠭᠠᠷ ᠤᠨ ᠶᠠᠰᠤ ᠴᠢᠨᠠᠷ ᠤᠨ ᠲᠣᠮᠣ ᠳ᠋ᠠᠶᠢᠲ᠋ᠠ ᠶᠢᠨ ᠲᠠᠪᠴᠠᠩ ᠳᠤ ᠵᠠᠯᠭᠠᠨ | ᠣᠷᠣᠭᠤᠯᠵᠤ᠂ ᠦᠨᠡᠯᠡᠨ ᠵᠢᠱᠢᠵᠦ ᠵᠥᠪᠳᠡᠯᠴᠡᠬᠦ ᠵᠡᠷᠭᠡ ᠡᠯ᠎ᠡ ᠲᠥᠷᠥᠯ ᠤᠨ ᠠᠵᠢᠯ ᠳᠤ ᠪᠠᠲᠤᠯᠠᠭ᠎ᠠ ᠬᠠᠩᠭᠠᠨ᠎ᠠ ︵ | ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠲᠦᠷᠦᠭᠦᠯᠡᠵᠦ᠂ ᠬᠤᠲᠠ ᠶᠢᠨ ᠴᠠᠭ ᠠᠭᠤᠷ ᠤᠨ | ᠲᠣᠪᠴᠢᠶ᠎ᠠ ᠬᠠᠮᠵᠢᠯᠴᠠᠨ᠎ᠠ︶᠃ 10 ᠰᠠᠷ᠎ᠠ ᠶᠢᠨ ᠰᠡᠭᠦᠯᠴᠢ ᠠᠴᠠ ᠡᠮᠦᠨ᠎ᠡ ᠬᠢᠨᠠᠨ ᠬᠡᠮᠵᠢᠵᠦ ᠤᠷᠢᠳᠴᠢᠯᠠᠨ | ᠮᠡᠳᠡᠭᠡᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠮᠵᠢᠭᠦᠷᠯᠢᠭ ᠲᠥᠬᠦᠭᠡᠷᠦᠮᠵᠢ ᠶᠢ ᠳᠣᠭᠢᠷᠠᠭᠤᠯᠬᠤ ᠶᠢᠨ ᠬᠠᠮᠲᠤ | ᠲᠣᠭᠲᠠᠮᠠᠯ ᠬᠤᠭᠤᠴᠠᠭ᠎ᠠ ᠲᠠᠢ ᠪᠠᠷ ᠬᠠᠮᠠᠭᠠᠯᠠᠬᠤ ᠪᠠ ᠶᠠᠰᠤ ᠴᠢᠨᠠᠷ ᠤᠨ ᠡᠵᠡᠮᠳᠡᠯ ᠢ ᠥᠷᠨᠢᠭᠦᠯᠦᠨ᠎ᠡ︔ ᠱᠠᠭᠠᠷᠳᠠᠯᠭ᠎ᠠ | ᠶᠣᠰᠣᠭᠠᠷ ᠠᠭᠠᠷ ᠤᠨ ᠶᠠᠰᠤ ᠴᠢᠨᠠᠷ ᠤᠨ ᠪᠦᠷᠢᠯᠳᠦᠬᠦᠨ ᠢ ᠬᠢᠨᠠᠨ ᠬᠡᠮᠵᠢᠬᠦ ᠶᠢᠨ ᠬᠠᠮᠲᠤ ᠰᠦᠯᠵᠢᠶᠡᠨ ᠳᠤ | ᠬᠤᠯᠪᠣᠬᠤ ᠶᠢ ᠪᠡᠶᠡᠯᠡᠭᠦᠯᠦᠨ᠎ᠡ ︵ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠠᠴᠠ | ᠲᠦᠷᠦᠭᠦᠯᠡᠨ᠎ᠡ︶᠃ 11ᠰᠠᠷ᠎ᠠ ᠶᠢᠨ ᠰᠡᠭᠦᠯᠴᠢ ᠠᠴᠠ ᠡᠮᠦᠨ᠎ᠡ ᠭᠤᠤᠯᠳᠠᠯᠭ᠎ᠠ ᠲᠠᠢ ᠪᠣᠬᠢᠷᠲᠤᠯ ᠤᠨ ᠡᠬᠢ ᠶᠢᠨ ᠠᠦ᠋ᠲ᠋ᠣ᠋ | ᠬᠢᠨᠠᠨ ᠡᠵᠡᠮᠳᠡᠬᠦ ᠰᠢᠰᠲ᠋ᠧᠮ ᠤᠨ ᠲᠠᠰ ᠳᠡᠪᠰᠢᠬᠦ ᠶᠢ ᠪᠡᠶᠡᠯᠡᠭᠦᠯᠵᠦ᠂ ᠢᠯᠴᠢ ᠶᠢᠨ ᠴᠠᠬᠢᠯᠭᠠᠨ᠂ ᠱᠦᠶᠨᠢ ᠵᠡᠷᠭᠡ | ᠭᠤᠤᠯᠳᠠᠯᠭ᠎ᠠ ᠲᠠᠢ ᠠᠵᠢᠯ ᠲᠥᠷᠥᠯ ᠤᠨ ᠵᠠᠰᠠᠯᠲᠠ ᠶᠢᠨ ᠪᠡᠯᠡᠳᠬᠡᠮᠵᠢ ᠶᠢᠨ ᠠᠵᠢᠯᠯᠠᠭᠠᠨ ᠤ ᠪᠠᠶᠢᠳᠠᠯ᠂ ᠴᠠᠬᠢᠯᠭᠠᠨ | ᠬᠡᠷᠡᠭᠯᠡᠭᠰᠡᠨ ᠪᠠᠶᠢᠳᠠᠯ ᠵᠡᠷᠭᠡ ᠵᠠᠩᠭᠢᠯᠠᠭ᠎ᠠ ᠶᠢᠨ ᠠᠵᠢᠯ ᠤᠨ ᠪᠠᠶᠢᠳᠠᠯ ᠤᠨ ᠪᠣᠯᠵᠣᠯᠲᠤ ᠲᠤᠭ᠎ᠠ ᠶᠢ ᠤᠯᠤᠰ ᠤᠨ | ᠪᠣᠬᠢᠷᠲᠤᠯ ᠤᠨ ᠡᠬᠢ ᠶᠢᠨ ᠠᠦ᠋ᠲ᠋ᠣ᠋ ᠬᠢᠨᠠᠨ ᠡᠵᠡᠮᠳᠡᠬᠦ ᠲᠠᠪᠴᠠᠩ ᠳᠤ ᠵᠠᠯᠭᠠᠨ ᠣᠷᠣᠭᠤᠯᠵᠤ᠂ ᠲᠤᠭ᠎ᠠ ᠪᠠᠷᠢᠮᠲᠠ ᠶᠢ | ᠴᠠᠭ ᠲᠤᠬᠠᠶ ᠳᠤ ᠨᠢ ᠰᠢᠨᠡᠳᠬᠡᠬᠦ ᠶᠢ ᠪᠡᠶᠡᠯᠡᠭᠦᠯᠦᠨ᠎ᠡ ︵ᠬᠤᠲᠠ ᠶᠢᠨ ᠠᠮᠢ ᠠᠬᠤᠶ ᠣᠷᠴᠢᠨ ᠲᠣᠭᠤᠷᠢᠨ ᠤ | ᠲᠣᠪᠴᠢᠶ᠎ᠠ ᠲᠦᠷᠦᠭᠦᠯᠡᠵᠦ᠂ ᠬᠤᠲᠠ ᠶᠢᠨ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠡᠨᠧᠷᠭᠢ ᠶᠢᠨ ᠲᠣᠪᠴᠢᠶ᠎ᠠ ᠬᠠᠮᠵᠢᠯᠴᠠᠨ᠎ᠠ︶᠃ ᠪᠣᠬᠢᠷᠲᠤᠯ ᠤᠨ ᠡᠬᠢ ᠶᠢ ᠠᠦ᠋ᠲ᠋ᠣ᠋ ᠬᠢᠨᠠᠨ ᠬᠡᠮᠵᠢᠬᠦ ᠲᠥᠬᠦᠭᠡᠷᠦᠮᠵᠢ ᠶᠢᠨ | ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢᠨ ᠵᠥᠪ | ᠣᠨᠣᠪᠴᠢᠲᠠᠶ ᠪᠠᠶᠢᠬᠤ ᠶᠢ ᠪᠠᠲᠤᠯᠠᠬᠤ ᠶᠢᠨ ᠬᠠᠮᠲᠤ ᠠᠮᠢ ᠠᠬᠤᠶ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠲᠤ | ᠴᠠᠭ ᠲᠤᠬᠠᠶ ᠳᠤᠨᠢ᠂ ᠪᠦᠷᠢᠨ ᠪᠦᠲᠦᠨ ᠢᠶᠠᠷ ᠳᠠᠮᠵᠢᠭᠤᠯᠵᠤ ᠥᠭᠭᠦᠨ᠎ᠡ ︵ᠬᠤᠲᠠ ᠶᠢᠨ ᠠᠮᠢ ᠠᠬᠤᠶ ᠣᠷᠴᠢᠨ | ᠲᠣᠭᠤᠷᠢᠨ ᠤ ᠲᠣᠪᠴᠢᠶ᠎ᠠ ᠲᠦᠷᠦᠭᠦᠯᠡᠨ᠎ᠡ︶᠃ ᠹᠧᠩᠵᠧᠨ ᠬᠤᠲᠠ᠂ ᠯᠢᠶᠠᠩᠴᠧᠩ ᠰᠢᠶᠠᠨ ᠤ ᠵᠠᠰᠠᠭ ᠤᠨ ᠣᠷᠳᠣᠨ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠠᠭᠠᠷ ᠤᠨ ᠶᠠᠰᠤ ᠴᠢᠨᠠᠷ ᠤᠨ ᠲᠤᠭ᠎ᠠ ᠪᠠᠷᠢᠮᠲᠠ ᠶᠢᠨ | ᠵᠠᠳᠠᠯᠤᠯᠲᠠ ᠶᠢ ᠴᠢᠩᠭᠠᠳᠬᠠᠵᠤ᠂ 10 ᠰᠠᠷ᠎ᠠ ᠶᠢᠨ ᠰᠡᠭᠦᠯᠴᠢ ᠪᠠᠷ ᠠᠭᠠᠷ ᠤᠨ ᠶᠠᠰᠤ ᠴᠢᠨᠠᠷ ᠤᠨ ᠠᠦ᠋ᠲ᠋ᠣ᠋ ᠬᠢᠨᠠᠨ | ᠬᠡᠮᠵᠢᠯᠲᠡ ᠶᠢᠨ ᠥᠷᠲᠡᠭᠡ ᠴᠡᠭ ᠲᠤ ᠲᠣᠬᠢᠷᠠᠭᠤᠯᠤᠯᠲᠠ ᠬᠢᠬᠦ ᠠᠵᠢᠯ ᠢ ᠡᠷᠬᠡᠪᠰᠢ ᠪᠡᠶᠡᠯᠡᠭᠦᠯᠬᠦ ᠬᠡᠷᠡᠭᠲᠡᠶ ︵ | ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠲᠦᠷᠦᠭᠦᠯᠡᠨ᠎ᠡ ︔ ᠬᠠᠷᠢᠭᠤᠴᠠᠯᠭ᠎ᠠ ᠶᠢᠨ ᠭᠤᠤᠯ | ᠴᠣᠭᠴᠠ᠄ ᠹᠧᠩᠵᠧᠨ ᠬᠤᠲᠠ᠂ ᠯᠢᠶᠠᠩᠴᠧᠩ ᠰᠢᠶᠠᠨ ᠤ ᠵᠠᠰᠠᠭ ᠤᠨ ᠣᠷᠳᠣᠨ︶᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠭᠠᠵᠠᠷ ᠤᠨ ᠬᠢᠨ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠵᠤ᠂ ᠨᠠᠮᠤᠷ ᠡᠪᠦᠯ ᠤᠨ ᠤᠯᠠᠷᠢᠯ ᠤᠨ | ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠰᠢᠪᠲᠤᠯᠤᠯᠲᠠ ᠶᠢᠨ ᠠᠵᠢᠯᠯᠠᠭ᠎ᠠ ᠶᠢ ᠠᠷᠪᠠᠨ ᠳᠥᠷᠪᠡᠳᠦᠭᠡᠷ | ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠬᠦᠬᠡ ᠣᠭᠲᠠᠷᠭᠤᠶ ᠶᠢ ᠬᠠᠮᠠᠭᠠᠯᠠᠬᠤ ᠳᠠᠶᠢᠨ ᠢ | ᠭᠦᠨᠵᠡᠭᠡᠶ ᠰᠠᠶᠢᠲᠤᠷ ᠬᠢᠬᠦ ᠶᠢᠨ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠭᠠᠬᠤ ᠬᠡᠷᠡᠭᠲᠡᠶ᠃ ᠨᠠᠮᠤᠷ ᠡᠪᠦᠯ ᠤᠨ | ᠤᠯᠠᠷᠢᠯ ᠤᠨ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠰᠢᠪᠲᠤᠯᠤᠯᠲᠠ ᠶᠢᠨ ᠠᠵᠢᠯᠯᠠᠭ᠎ᠠ ᠶᠢᠨ | ᠲᠥᠰᠦᠯ ᠤᠨ ᠡᠭᠦᠷᠭᠡ ᠶᠢ ᠱᠠᠲᠤ ᠳᠠᠷᠠᠭᠠᠯᠠᠨ ᠨᠠᠷᠢᠯᠢᠬᠵᠢᠭᠤᠯᠵᠤ᠂ ᠡᠯ᠎ᠡ ᠬᠤᠰᠢᠭᠤ ᠰᠢᠶᠠᠨ ᠬᠤᠲᠠ ᠲᠣᠭᠤᠷᠢᠭ᠂ | ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠬᠤᠪᠢᠶᠠᠷᠢᠯᠠᠨ᠂ ᠴᠠᠭ ᠤᠨ ᠬᠦᠰᠦᠨᠦᠭᠲᠦ ᠪᠠ | ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠭᠤᠤᠯᠳᠠᠯᠭ᠎ᠠ ᠲᠠᠢ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢ ᠲᠣᠭᠲᠠᠮᠠᠯ | ᠬᠤᠭᠤᠴᠠᠭ᠎ᠠ ᠲᠠᠢ ᠪᠠᠷ ᠳᠣᠭᠢᠷᠠᠭᠤᠯᠬᠤ ᠲᠣᠭᠲᠠᠴᠠ ᠶᠢ ᠪᠠᠶᠢᠭᠤᠯᠤᠨ᠎ᠠ᠃ | ︵ᠬᠤᠶᠠᠷ︶ ᠰᠢᠮᠳᠠᠭᠤᠯᠤᠨ ᠪᠠᠶᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠷᠠᠭᠤᠯᠤᠨ᠎ᠠ᠃ ᠨᠠᠮᠤᠷ | ᠡᠪᠦᠯ ᠤᠨ ᠤᠯᠠᠷᠢᠯ ᠤᠨ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠠᠵᠢᠯ ᠤᠨ ᠰᠢᠮᠳᠠᠭᠤᠯᠤᠨ | ᠪᠠᠶᠢᠴᠠᠭᠠᠬᠤ ᠠᠵᠢᠯ ᠢ ᠴᠢᠩᠭᠠᠷᠠᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠡᠯ᠎ᠡ ᠬᠤᠰᠢᠭᠤ ᠰᠢᠶᠠᠨ ᠬᠤᠲᠠ | ᠲᠣᠭᠤᠷᠢᠭ ᠤᠨ ᠵᠠᠰᠠᠭ ᠤᠨ ᠣᠷᠳᠣᠨ ᠤ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ | ᠡᠯ᠎ᠡ ᠭᠠᠵᠠᠷ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠵᠢᠴᠢ ᠠᠭᠠᠷ ᠮᠠᠨᠳᠠᠯ ᠤᠨ ᠪᠣᠬᠢᠷᠲᠤᠯ ᠢ | ᠰᠡᠷᠭᠡᠶᠢᠯᠡᠨ ᠵᠠᠰᠠᠬᠤ ᠠᠵᠢᠯ ᠢ ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠎ᠠ︔ ᠡᠯ᠎ᠡ ᠭᠠᠵᠠᠷ ᠤᠨ | ᠵᠠᠰᠠᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠬᠤ ᠶᠢ | ᠴᠢᠩᠭᠠᠳᠬᠠᠨ᠎ᠠ︔ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠭᠰᠠᠨ ᠦᠭᠡᠢ᠂ ᠬᠠᠷᠢᠶ᠎ᠠ ᠣᠷᠣᠨ ᠳᠤ | ᠳᠠᠯᠳᠠᠭᠤᠷ ᠭᠠᠳᠠᠭᠰᠢᠯᠠᠭᠤᠯᠵᠤ ᠳᠠᠯᠳᠠᠭᠤᠷ ᠲᠠᠯᠪᠢᠭᠰᠠᠨ ᠪᠠᠶᠢᠳᠠᠯ ᠢᠯᠡᠷᠡᠭᠰᠡᠨ᠂ ᠲᠤᠭ᠎ᠠ ᠪᠠᠷᠢᠮᠲᠠ ᠶᠢ | ᠬᠠᠭᠤᠷᠮᠠᠭ ᠢᠶᠠᠷ ᠵᠣᠬᠢᠶᠠᠭᠰᠠᠨ᠂ ᠪᠠᠷᠢᠮᠵᠢᠶ᠎ᠠ ᠠᠴᠠ ᠬᠡᠲᠦᠷᠡᠭᠦᠯᠦᠨ ᠭᠠᠳᠠᠭᠰᠢᠯᠠᠭᠤᠯᠤᠭᠰᠠᠨ ᠵᠡᠷᠭᠡ ᠣᠷᠴᠢᠨ | ᠠᠬᠤᠶ ᠶᠢᠨ ᠳᠣᠪᠣᠶᠢᠮ᠎ᠠ ᠠᠰᠠᠭᠤᠳᠠᠯ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ ᠳᠣᠪᠣᠶᠢᠮ᠎ᠠ ᠠᠰᠠᠭᠤᠳᠠᠯ ᠳᠤ | ᠴᠢᠭᠯᠡᠭᠦᠯᠦᠨ᠂ ᠪᠠᠶᠢᠳᠠᠯ ᠢ ᠨᠢ ᠦᠵᠡᠵᠦ ᠪᠠᠶᠢᠭᠠᠳ ᠪᠡᠯᠴᠢᠷ ᠮᠠᠶ᠋ᠢᠭ ᠤᠨ ᠰᠢᠪᠠᠳᠠᠨ ᠪᠠᠶᠢᠴᠠᠭᠠᠯᠲᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠢᠯᠡᠷᠡᠭᠦᠯᠦᠭᠰᠡᠨ ᠠᠰᠠᠭᠤᠳᠠᠯ ᠵᠢᠴᠢ ᠲᠤᠰᠢᠶᠠᠯ ᠳᠠᠭᠠᠨ ᠣᠰᠣᠯᠳᠠᠵᠤ | ᠬᠠᠷᠢᠭᠤᠴᠠᠯᠭ᠎ᠠ ᠪᠠᠨ ᠠᠯᠳᠠᠭᠰᠠᠨ ᠪᠠᠶᠢᠳᠠᠯ ᠢ ᠬᠤᠯᠪᠣᠭᠳᠠᠯ ᠪᠦᠬᠦᠢ ᠡᠷᠬᠡ ᠶᠢᠨ ᠬᠡᠪᠴᠢᠶ᠎ᠡ᠂ ᠵᠢᠷᠤᠮ ᠪᠠ | ᠱᠠᠭᠠᠷᠳᠠᠯᠭ᠎ᠠ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠪᠠᠷ ᠰᠢᠯᠵᠢᠭᠦᠯᠦᠨ ᠲᠤᠰᠢᠶᠠᠨ᠎ᠠ ︵ᠬᠤᠲᠠ ᠶᠢᠨ ᠵᠠᠰᠠᠭ ᠤᠨ | ᠣᠷᠳᠣᠨ ᠤ ᠠᠯᠪᠠᠨ ᠬᠡᠷ᠂ ᠬᠤᠲᠠ ᠶᠢᠨ ᠬᠢᠨᠠᠨ ᠪᠠᠶᠢᠴᠠᠭᠠᠬᠤ ᠵᠥᠪᠯᠡᠯ ᠲᠦᠷᠦᠭᠦᠯᠡᠵᠦ᠂ ᠬᠠᠮᠢᠶ᠎ᠠ ᠪᠥᠬᠦᠶ ᠨᠢᠭᠡᠴᠢ | ᠬᠠᠮᠵᠢᠯᠴᠠᠨ᠎ᠠ︶᠃ | ︵ᠭᠤᠷᠪᠠ︶ ᠪᠠᠯᠠ ᠮᠥᠩᠭᠦ ᠶᠢᠨ ᠣᠷᠣᠭᠤᠯᠤᠯᠲᠠ ᠶᠢ ᠨᠡᠮᠡᠭᠳᠡᠭᠦᠯᠦᠨ᠎ᠡ᠃ ᠡᠳ᠋ ᠤᠨ ᠵᠠᠰᠠᠭ ᠤᠨ ᠪᠠᠯᠠ | ᠮᠥᠩᠭᠦ ᠶᠢᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠠᠷᠢᠭᠤᠨ ᠴᠡᠪᠡᠷ ᠳᠤᠯᠠᠭᠠᠯᠠᠭ᠎ᠠ ᠶᠢᠨ | ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠲᠦᠭᠦᠬᠡᠶ ᠨᠡᠭᠦᠷᠡᠰᠦ ᠲᠠᠷᠠᠬᠠᠢ ᠨᠡᠭᠦᠷᠡᠰᠦᠨ ᠤ ᠪᠣᠬᠢᠷᠲᠤᠯ ᠢ | ᠦᠨᠡᠨᠬᠦ ᠪᠠᠭᠠᠰᠬᠠᠨ᠎ᠠ︔ ᠣᠷᠴᠢᠨ ᠲᠣᠭᠤᠷᠢᠨ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠴᠢᠳᠠᠪᠤᠷᠢ ᠶᠢᠨ | ᠪᠠᠶᠢᠭᠤᠯᠤᠯᠲᠠ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠲᠤᠰᠬᠠᠶ ᠵᠦᠶᠯ ᠤᠨ ᠪᠠᠯᠠ ᠮᠥᠩᠭᠦ ᠳᠣᠭᠢᠷᠠᠭᠤᠯᠤᠨ᠂ | ᠨᠠᠮᠤᠷ ᠡᠪᠦᠯ ᠤᠨ ᠤᠯᠠᠷᠢᠯ ᠤᠨ ᠠᠭᠠᠷ ᠮᠠᠨᠳᠠᠯ ᠤᠨ ᠪᠦᠷᠢᠯᠳᠦᠬᠦᠨ ᠢ ᠬᠢᠨᠠᠨ ᠬᠡᠮᠵᠢᠬᠦ᠂ ᠵᠠᠮᠨᠠᠨ ᠬᠡᠮᠵᠢᠬᠦ᠂ ᠪᠠᠴᠢᠮ | ᠪᠠᠶᠢᠳᠠᠯ ᠢ ᠠᠷᠭᠠᠴᠠᠬᠤ ᠶᠢ ᠬᠢᠨᠠᠨ ᠬᠡᠮᠵᠢᠬᠦ ᠪᠠ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠶᠢ ᠪᠠᠲᠤᠯᠠᠵᠤ᠂ ᠡᠯ᠎ᠡ | ᠵᠦᠶᠯ ᠤᠨ ᠠᠵᠢᠯ ᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ ︵ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ | ᠲᠦᠷᠦᠭᠦᠯᠡᠵᠦ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠬᠠᠮᠵᠢᠯᠴᠠᠨ᠎ᠠ︶᠃ | ︵ᠳᠥᠷᠪᠡ︶ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠳᠬᠠᠨ᠎ᠠ᠃ ᠡᠯ᠎ᠡ ᠭᠠᠵᠠᠷ ᠤᠨ ᠬᠢᠨ ᠨᠠᠮᠤᠷ | ᠡᠪᠦᠯ ᠤᠨ ᠤᠯᠠᠷᠢᠯ ᠤᠨ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠤᠬᠠᠭᠤᠯᠭ᠎ᠠ ᠶᠢᠨ ᠡᠷᠴᠢᠮ ᠢᠶᠠᠨ | ᠴᠢᠩᠭᠠᠷᠠᠭᠤᠯᠵᠤ᠂ ᠨᠡᠶᠢᠭᠡᠮ ᠤᠨ ᠠᠵᠢᠯ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠳᠤ ᠣᠷᠣᠯᠴᠠᠬᠤ | ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠫᠣᠷᠲ᠋ᠧᠯ ᠰᠦᠯᠵᠢᠶ᠎ᠡ᠂ ᠸᠢᠴᠠᠲ ᠲᠠᠪᠴᠠᠩ᠂ ᠪᠢᠴᠢᠯ ᠪᠦᠷᠭᠡ ᠵᠡᠷᠭᠡ | ᠰᠢᠨ᠎ᠡ ᠵᠠᠭᠤᠴᠢᠯᠠᠭᠤᠷ ᠤᠨ ᠦᠶᠯᠡᠳᠦᠯ ᠢ ᠭᠦᠶᠴᠡᠳ ᠪᠠᠳᠠᠷᠠᠭᠤᠯᠵᠤ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠰᠠᠶᠢᠨ | ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ︵ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ | ᠬᠡᠯᠲᠡᠰ ᠲᠦᠷᠦᠭᠦᠯᠡᠵᠦ᠂ ᠬᠤᠲᠠ ᠶᠢᠨ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ | ᠵᠠᠩᠭᠢᠵᠢᠯᠲᠠ ᠶᠢᠨ ᠵᠥᠪᠯᠡᠯ ᠤᠨ ᠠᠯᠪᠠᠨ ᠬᠡᠷ᠂ ᠷᠠᠳᠢᠣ᠋ ᠲᠧᠯᠸᠢᠰ ᠬᠤᠷᠢᠶ᠎ᠠ᠂ ᠵᠠᠬᠢᠳᠠᠯ ᠰᠤᠷᠪᠤᠯᠵᠢᠯᠠᠭ᠎ᠠ ᠶᠢᠨ | ᠲᠣᠪᠴᠢᠶ᠎ᠠ ᠬᠠᠮᠵᠢᠯᠴᠠᠨ᠎ᠠ︶᠃ | |