ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2021/12/3
    12 ᠰᠠᠷ᠎ᠠ ᠶᠢᠨ 2 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ︽2030 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ ᠠᠵᠢᠯᠯᠠᠭ᠎ᠠ ᠶᠢᠨ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯ ᠮᠠᠨ ᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢᠨ ᠲᠠᠰᠢᠷᠠᠮ ᠳᠤ᠂ ᠮᠠᠨ ᠤ ᠤᠯᠤᠰ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠤᠷᠤᠬᠰᠠᠨ ᠴᠢᠬᠤᠯᠠ ᠴᠠᠭ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠪᠣᠯᠤᠨ᠎ᠠ᠃ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠡᠭᠦᠷᠭᠡ ᠪᠣᠯᠤᠨ᠎ᠠ᠃ ᠪᠥᠬᠦ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠬᠢᠨ ᠤᠯᠤᠰ ᠲᠥᠷᠥ ᠶᠢ ᠡᠷᠬᠢᠮᠯᠡᠬᠦ ᠳᠡᠭᠡᠳᠦ ᠬᠡᠮᠵᠢᠶᠡᠨ ᠠᠴᠠ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠶᠢ ᠰᠠᠶᠢᠲᠤᠷ ᠠᠳᠬᠤᠵᠤ᠂ ᠦᠵᠡᠯ ᠰᠠᠨᠠᠭᠠᠨ ᠤ ᠲᠠᠯ᠎ᠠ ᠪᠠᠷ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠦᠢᠯᠡ ᠠᠵᠢᠯᠯᠠᠭᠠᠨ ᠤ ᠲᠠᠯ᠎ᠠ ᠪᠠᠷ ᠨᠡᠶᠢᠯᠡᠮᠡᠯ ᠬᠦᠴᠦᠨ ᠢ ᠪᠦᠷᠢᠯᠳᠦᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠨᠢᠭᠲᠠ ᠤᠶᠠᠯᠳᠤᠭᠤᠯᠵᠤ᠂ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠤᠮᠠᠷᠠᠰᠢ ᠨᠡᠭᠡᠭᠡᠯᠳᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢᠨ ᠪᠦᠳᠦᠭᠡᠨ ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠵᠤ᠂ ᠠᠮᠢ ᠠᠬᠤᠶ ᠶᠢ ᠤᠷᠢᠳᠠᠪᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ᠃ ᠪᠥᠬᠦ ᠲᠠᠯ᠎ᠠ ᠪᠠᠷ ᠪᠠᠷᠢᠮᠵᠢᠶ᠎ᠠ ᠲᠠᠢ ᠬᠠᠷᠭᠤᠭᠤᠯᠵᠤ᠂ ᠣᠳᠣᠬᠠᠨ ᠤ ᠪᠠ ᠬᠤᠶᠢᠰᠢᠳᠠ ᠶᠢᠨ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠢ ᠨᠠᠷᠢᠨ ᠬᠢᠨᠠᠮᠠᠭᠠᠶ ᠲᠥᠯᠥᠪᠯᠡᠨ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠰᠠᠭᠤᠳᠠᠯ ᠲᠠᠢ ᠡᠷᠦᠬᠡ ᠶᠢᠨ ᠵᠣᠷᠯᠣᠩ ᠢ ᠴᠡᠭᠴᠡᠯᠡᠨ ᠰᠠᠶᠢᠵᠢᠷᠠᠭᠤᠯᠬᠤ ᠪᠠ ᠳᠠᠭ᠎ᠠ ᠶᠢᠨ ᠨᠠᠭᠤᠷ᠂ ᠴᠠᠭᠠᠨᠨᠠᠭᠤᠷ ᠤᠨ ᠠᠮᠢ ᠠᠬᠤᠶ ᠶᠢ ᠶᠡᠷᠦᠩᠬᠡᠶᠢᠯᠡᠨ ᠵᠠᠰᠠᠬᠤ ᠵᠡᠷᠭᠡ ᠡᠯ᠎ᠡ ᠵᠦᠢᠯ ᠤᠨ ᠠᠵᠢᠯ ᠢ ᠣᠶᠤᠨ ᠴᠢᠳᠠᠯ ᠢᠶᠠᠨ ᠲᠥᠪᠯᠡᠷᠡᠭᠦᠯᠦᠨ ᠰᠠᠶᠢᠲᠤᠷ ᠠᠳᠬᠤᠵᠤ᠂ ᠪᠥᠬᠦ ᠵᠢᠯ ᠤᠨ ᠬᠠᠷᠠᠯᠲᠠ ᠡᠭᠦᠷᠭᠡ ᠪᠠᠨ ᠪᠥᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠶ᠃ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠦᠨᠡᠨᠬᠦ ᠰᠠᠶᠢᠲᠤᠷ ᠰᠢᠢᠳᠪᠦᠷᠢᠯᠡᠵᠦ᠂ ᠦᠢᠯᠡᠰ ᠪᠤᠰᠬᠠᠵᠤ ᠠᠵᠢᠯ ᠣᠯᠭᠤᠬᠤ᠂ ᠰᠤᠷᠭᠠᠨ ᠬᠥᠮᠦᠵᠢᠯ ᠡᠮ ᠡᠮᠨᠡᠯᠭᠡ᠂ ᠠᠶᠤᠯᠭᠦᠢ ᠦᠢᠯᠡᠳᠪᠦᠷᠢᠯᠡᠯ᠂ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠬᠤ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ ᠵᠡᠷᠭᠡ ᠡᠯ᠎ᠡ ᠵᠦᠢᠯ ᠤᠨ ᠠᠷᠠᠳ ᠤᠨ ᠠᠮᠢᠳᠤᠷᠠᠯ ᠤᠨ ᠠᠵᠢᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠠᠳᠬᠤᠬᠤ ᠬᠡᠷᠡᠭᠲᠡᠢ᠃ ᠪᠣᠳᠠᠲᠠᠢ ᠠᠵᠢᠯᠯᠠᠬᠤ ᠪᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠣᠳᠣᠬᠠᠨ ᠤ ᠪᠠᠶᠢᠳᠠᠯ ᠳᠠᠭᠠᠨ ᠰᠠᠭᠤᠷᠢᠯᠠᠵᠤ᠂ ᠠᠯᠤᠰ ᠬᠡᠳᠦ ᠶᠢ ᠪᠣᠳᠣᠯᠬᠢᠯᠠᠵᠤ᠂ ᠪᠦᠬᠦ ᠬᠦᠴᠦᠨ ᠢᠶᠠᠷ ᠢᠶᠠᠨ ᠡᠯ᠎ᠡ ᠵᠦᠢᠯ ᠤᠨ ᠠᠵᠢᠯ ᠤᠨ ᠤᠷᠢᠳᠠᠭᠤᠷ ᠣᠷᠣᠬᠤ ᠪᠠᠷ ᠴᠢᠷᠮᠠᠶᠢᠬᠤ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ᠠᠤᠭ᠎ᠠ ᠶᠡᠭᠡ ᠬᠠᠷᠠᠯᠲᠠ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠳᠡᠭᠡᠳᠦ ᠱᠠᠲᠤᠨ ᠤ ᠲᠦᠷᠦ ᠶᠢᠨ ᠪᠤᠳᠤᠯᠭ᠎ᠠ ᠶᠢ ᠨᠡᠪᠲᠡᠷᠬᠡᠢ ᠡᠵᠡᠮᠰᠢᠵᠦ᠂ ᠤᠯᠤᠰ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠤᠯᠲᠠ ᠶᠢ ᠤᠷᠬᠢᠯ ᠳᠤ ᠬᠦᠷᠭᠡᠬᠦ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠠᠵᠠ ᠲᠣᠬᠢᠶᠠᠯ ᠢ ᠠᠮᠵᠢᠵᠤ᠂ ᠮᠠᠨ ᠤ ᠬᠤᠲᠠ ᠶᠢᠨ ᠦᠩᠭᠡ ᠦᠵᠡᠮᠵᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠤᠨ ᠨᠡᠪᠲᠡᠷᠡᠯᠴᠡᠵᠦ᠂ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ ᠪᠠᠷ ᠢᠳᠡᠪᠬᠢᠲᠡᠢ ᠴᠢᠷᠮᠠᠶᠢᠵᠤ᠂ ᠠᠷᠢᠭᠤᠨ ᠴᠡᠪᠡᠷ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠨᠧᠷᠭᠢ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠡᠷᠬᠡ ᠲᠡᠭᠰᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠭᠠᠭᠴᠠᠭᠠᠷ ᠡᠵᠡᠮᠰᠢᠯ ᠢ ᠡᠰᠡᠷᠭᠦᠴᠡᠬᠦ ᠪᠠ ᠡᠷᠬᠡ ᠲᠡᠭᠰᠢ ᠥᠷᠢᠰᠥᠯᠳᠦᠭᠡᠨ ᠤ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠡᠷᠬᠡ ᠲᠡᠭᠰᠢ ᠡᠮᠬᠢ ᠵᠢᠷᠤᠮ ᠲᠠᠢ ᠥᠷᠢᠰᠥᠯᠳᠦᠭᠡᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠦᠷᠭᠦᠯᠵᠢᠯᠡᠨ ᠬᠠᠮᠠᠭᠠᠯᠠᠵᠤ᠂ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠣᠷᠴᠢᠨ  ᠨᠦᠬᠦᠴᠡᠯ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                                          ᠣᠷᠴᠢᠭᠤᠯᠤᠭᠴᠢ᠄ ᠭᠤᠸ᠎ᠠ                                                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2