ᠤᠯᠠᠭᠠᠨᠴᠠᠪ ᠵᠠᠰᠠᠭ ᠠᠯᠪᠠᠨ ᠥᠰᠥᠭ 2021﹇65﹈ ᠳ᠋ᠤᠭᠠᠷ ᠲᠣᠭᠠᠲᠤ | | ︽ᠤᠯᠠᠭᠠᠨᠴᠠᠪ ᠬᠤᠲᠠ ᠶᠢᠨ 2021 ᠣᠨ ᠤ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ | ᠠᠵᠢᠯ ᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠤᠯᠠᠭᠠᠨᠴᠠᠪ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ | ᠬᠠᠷᠢᠶ᠎ᠠ ᠬᠤᠯᠪᠣᠭᠳᠠᠯ ᠪᠥᠬᠦᠶ ᠨᠢᠭᠡᠴᠢ ᠳᠤ᠄ | ᠬᠤᠲᠠ ᠶᠢᠨ ᠵᠠᠰᠠᠭ ᠤᠨ ᠣᠷᠳᠣᠨ ᠤ 2021ᠣᠨ ᠤ 14 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠢᠶᠠᠷ | ᠬᠢᠨᠠᠨ ᠵᠥᠪᠯᠡᠵᠦ ᠪᠠᠲᠤᠯᠠᠭᠠᠳ᠂ ᠡᠳᠦᠭᠡ ︽ᠤᠯᠠᠭᠠᠨᠴᠠᠪ ᠬᠤᠲᠠ ᠶᠢᠨ 2021 ᠣᠨ ᠤ ᠬᠤᠲᠠ ᠶᠢᠨ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃ | | 2021 ᠣᠨ ᠤ 10 ᠰᠠᠷ᠎ᠠ ᠶᠢᠨ 25 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶᠃ | | ᠤᠯᠠᠭᠠᠨᠴᠠᠪ ᠬᠤᠲᠠ ᠶᠢᠨ 2021 ᠣᠨ ᠤ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ | ᠠᠵᠢᠯ ᠤᠨ ᠬᠡᠷᠡᠭᠵᠢᠭᠦᠯᠬᠦ ᠲᠥᠰᠦᠯ | | ᠤᠯᠠᠭᠠᠨᠴᠠᠪ ᠬᠤᠲᠠ ᠶᠢᠨ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠥᠬᠦ | ᠲᠠᠯ᠎ᠠ ᠪᠠᠷ ᠳᠡᠭᠡᠭᠰᠢᠯᠡᠭᠦᠯᠵᠦ᠂ ᠳᠤᠲᠠᠭᠤᠳᠠᠯ ᠢ ᠨᠥᠬᠦᠪᠥᠷᠢᠯᠡᠬᠦ ᠶᠢᠨ ᠲᠤᠰᠠᠳᠠ᠂ ︽︿2021 ᠣᠨ ᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ | ᠭᠤᠤᠯᠳᠠᠯᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ | ᠠᠯᠪᠠᠨ ᠬᠡᠷ ᠤᠨ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠣᠨᠴᠠᠭᠠᠶᠢᠯᠠᠨ ᠲᠣᠰ ᠬᠡᠷᠡᠭᠵᠢᠭᠦᠯᠬᠦ | ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | 2021ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢᠨ ᠵᠢᠯ ᠪᠣᠯᠤᠨ᠎ᠠ᠂ ᠪᠠᠰᠠ | ᠴᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ | ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠠᠩᠬᠠᠨ ᠤ ᠵᠢᠯ | ᠪᠣᠯᠤᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ | ᠶᠢᠰᠦᠳᠦᠭᠡᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ᠂ ᠳᠥᠷᠪᠡᠳᠦᠭᠡᠷ | ᠪᠦᠭᠦᠳᠡ ᠬᠤᠷᠠᠯ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠦ᠂ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠷᠠᠳ | ᠲᠦᠮᠡᠨ ᠤ ᠬᠤᠲᠠ ᠶᠢ ᠠᠷᠠᠳ ᠲᠦᠮᠡᠨ ᠪᠠᠶᠢᠭᠤᠯᠬᠤ ᠂ ᠠᠷᠠᠳ ᠲᠦᠮᠡᠨ ᠤ ᠬᠤᠲᠠ ᠨᠢ ᠠᠷᠠᠳ ᠲᠦᠮᠡᠨ ᠤ | ᠲᠥᠯᠥᠭᠡ ᠭᠡᠬᠦ ᠣᠶᠢᠯᠠᠭᠠᠭᠳᠠᠬᠤᠨ ᠢ ᠪᠠᠲᠤ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠪᠠᠶᠢᠭᠤᠯᠵᠦ᠂ ᠬᠤᠲᠠ ᠶᠢᠨ ᠠᠰᠠᠭᠤᠳᠠᠯ ᠪᠠ ᠬᠤᠲᠠ ᠶᠢᠨ ᠡᠪᠡᠳᠴᠢᠨ ᠳᠤ ᠠᠩᠬᠠᠷᠤᠯ ᠢᠶᠠᠨ ᠲᠥᠪᠯᠡᠷᠡᠭᠦᠯᠦᠨ᠂ | ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠮᠡᠷᠭᠡᠵᠢᠯ ᠪᠠ ᠲᠤᠮᠤ ᠳ᠋ᠠᠶᠢᠲ᠋ᠠ ᠶᠢᠨ ᠬᠤᠳᠠ ᠶᠢᠨ ᠬᠠᠮᠢᠶᠠᠷᠤᠯᠲᠠ ᠳᠠᠬᠢ | ᠬᠡᠷᠡᠭᠯᠡᠯᠲᠡ ᠶᠢ ᠨᠡᠮᠡᠭᠳᠡᠭᠦᠯᠵᠦ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ | ᠦᠷᠭᠦᠯᠵᠢᠯᠡᠨ ᠳᠡᠭᠡᠭᠰᠢᠯᠡᠭᠦᠯᠦᠨ᠂ ᠬᠤᠲᠠ ᠶᠢᠨ ᠬᠠᠮᠢᠶᠠᠷᠤᠯᠲᠠ ᠶᠢᠨ ᠬᠦᠷᠢᠶᠡᠨ ᠳᠠᠬᠢ ᠵᠠᠰᠠᠯᠲᠠ ᠶᠢᠨ ᠰᠢᠰᠲ᠋ᠧᠮ ᠪᠠ | ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠂ ︽ᠠᠷᠢᠭᠤᠨ ᠴᠡᠪᠡᠷ᠂ ᠳᠡᠷᠢ ᠲᠡᠭᠰᠢ᠂ ᠡᠮᠬᠢ | ᠵᠢᠷᠤᠮ ᠲᠠᠢ᠂ ᠠᠮᠤᠷ ᠲᠦᠪᠰᠢᠨ᠂ ᠣᠯᠠᠨ ᠲᠦᠮᠡᠨ ᠬᠠᠨᠤᠮᠵᠢᠲᠠᠶ︾ ᠪᠠᠶᠢᠬᠤ ᠬᠠᠷᠠᠯᠲᠠ ᠶᠢ ᠪᠡᠶᠡᠯᠡᠭᠦᠯᠦᠨ᠎ᠡ᠃ | ᠬᠤᠶᠠᠷ᠂ ᠬᠡᠷᠡᠭᠵᠢᠭᠦᠯᠬᠦ ᠬᠡᠪᠴᠢᠶ᠎ᠡ | ︽︿2021 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠶᠢᠨ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠭᠤᠤᠯᠳᠠᠯᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ | ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠠᠯᠪᠠᠨ ᠬᠡᠷ ᠤᠨ ᠮᠡᠳᠡᠭᠳᠡᠯ︾ ᠤᠨ ᠱᠠᠭᠠᠷᠳᠠᠯᠭ᠎ᠠ ᠶᠢ | ᠦᠨᠳᠦᠰᠦᠯᠡᠨ᠂ ᠵᠢᠨᠢᠩ ᠲᠣᠭᠤᠷᠢᠭ᠂ ᠹᠧᠩᠵᠧᠨ ᠬᠤᠲᠠ᠂ ᠳᠥᠷᠪᠡᠳ ᠬᠤᠰᠢᠭᠤ ᠶᠢ ᠲᠤᠷᠰᠢᠯᠲᠠ ᠶᠢᠨ ᠭᠠᠵᠠᠷ | ᠣᠷᠣᠨ ᠪᠣᠯᠭᠠᠬᠤ ᠪᠠᠷ ᠲᠣᠭᠲᠠᠭᠠᠵᠤ᠂ ᠪᠤᠰᠤᠳ ᠬᠤᠰᠢᠭᠤ ᠰᠢᠶᠠᠨ ᠬᠤᠲᠠ ᠲᠣᠭᠤᠷᠢᠭ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠯᠠᠪᠯᠠᠯᠲᠠ ᠪᠣᠯᠭᠠᠨ ᠬᠡᠷᠡᠭᠵᠢᠭᠦᠯᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠡᠭᠦᠷᠭᠡ ᠶᠢ | ᠦᠨᠳᠦᠰᠦᠯᠡᠨ ᠴᠠᠭ ᠲᠤᠬᠠᠶ ᠳᠤ ᠨᠢ ᠲᠣᠬᠢᠷᠠᠭᠤᠯᠤᠯᠲᠠ ᠬᠢᠨ᠎ᠠ᠃ | ᠭᠤᠷᠪᠠ᠂ ᠭᠤᠣᠯᠳᠠᠯᠭ᠎ᠠ ᠲᠠᠢ ᠠᠵᠢᠯ | ︵ᠨᠢᠭᠡ︶ ᠲᠣᠭᠲᠠᠴᠠ ᠪᠠᠶᠢᠭᠤᠯᠤᠯ ᠢ ᠰᠢᠯᠤᠭᠤᠳᠬᠠᠨ᠎ᠠ | ᠮᠠᠨ ᠤ ᠬᠤᠲᠠ ᠶᠢᠨ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢ ᠤᠯᠠᠮ ᠨᠢᠭᠡ | ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ | ᠪᠦᠬᠦ ᠬᠤᠲᠠ ᠶᠢᠨ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠤᠳᠤᠷᠢᠳᠬᠤ | ᠳᠤᠭᠤᠶᠢᠯᠠᠩ ᠤᠨ ᠪᠠᠶᠢᠭᠤᠯᠤᠮᠵᠢ ᠶᠢ ᠪᠠᠶᠢᠭᠤᠯᠤᠨ ᠪᠦᠷᠢᠨᠰᠢᠭᠦᠯᠬᠦ ᠶᠢᠨ ᠬᠠᠮᠲᠤ ᠬᠤᠲᠠ ᠶᠢᠨ ᠬᠠᠮᠢᠶᠠᠷᠤᠯᠲᠠ ᠶᠢᠨ | ᠬᠡᠷᠡᠭ ᠵᠥᠪᠯᠡᠵᠦ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠤᠳᠤᠷᠢᠳᠬᠤ ᠳᠤᠭᠤᠶᠢᠯᠠᠩ ᠤᠨ ᠳᠤᠤᠷ᠎ᠠ ᠠᠯᠪᠠᠨ | ᠬᠡᠷ ᠭᠠᠷᠭᠠᠵᠤ᠂ ᠠᠯᠪᠠᠨ ᠬᠡᠷ ᠢ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠲᠣᠪᠴᠢᠶ᠎ᠠ ᠳᠤ ᠲᠣᠬᠢᠷᠠᠭᠤᠯᠤᠨ᠎ᠠ᠃ ᠭᠤᠤᠯᠳᠠᠭᠤ ᠪᠥᠬᠦ ᠬᠤᠲᠠ ᠶᠢᠨ ᠬᠤᠲᠠ ᠶᠢᠨ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠬᠦ᠂ ᠲᠤᠷᠰᠢᠯᠲᠠ ᠶᠢᠨ ᠬᠤᠰᠢᠭᠤ | ᠰᠢᠶᠠᠨ ᠬᠤᠲᠠ ᠲᠣᠭᠤᠷᠢᠭ ᠤᠨ ᠬᠠᠮᠢᠶ᠎ᠠ ᠪᠥᠬᠦᠶ ᠠᠵᠢᠯ ᠢ ᠬᠢᠨᠠᠨ ᠵᠢᠯᠣᠭᠤᠳᠬᠤ᠂ ᠬᠢᠨᠠᠨ ᠰᠢᠯᠭᠠᠵᠤ ᠦᠨᠡᠯᠡᠬᠦ ᠶᠢ | ᠬᠠᠷᠢᠭᠤᠴᠠᠵᠤ᠂ ᠡᠯ᠎ᠡ ᠰᠠᠯᠠᠭ᠎ᠠ ᠮᠥᠴᠢᠷ ᠤᠨ ᠬᠤᠭᠤᠷᠣᠨᠳᠣᠬᠢ ᠠᠵᠢᠯ ᠢ ᠵᠣᠯᠭᠠᠭᠤᠯᠬᠤ ᠪᠠ ᠵᠣᠬᠢᠴᠠᠭᠤᠯᠤᠨ | ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠨᠢ ᠲᠣᠳᠣᠷᠬᠠᠶ ᠥᠬᠡᠶ᠂ | ᠬᠠᠮᠵᠢᠯᠴᠠᠭ᠎ᠠ ᠨᠢ ᠮᠠᠭᠤ᠂ ᠪᠠᠲᠤᠯᠠᠭ᠎ᠠ ᠨᠢ ᠬᠦᠴᠦᠨ ᠥᠬᠡᠶ ᠪᠠᠶᠢᠬᠤ ᠠᠰᠠᠭᠤᠳᠠᠯ ᠢ ᠡᠬᠢ ᠡᠭᠦᠰᠦᠯ ᠠᠴᠠ ᠨᠢ | ᠰᠢᠶᠳᠪᠦᠷᠢᠯᠡᠵᠦ᠂ ᠠᠵᠢᠯᠯᠠᠭᠠᠨ ᠨᠢ ᠥᠨᠳᠥᠷ ᠪᠦᠲᠦᠮᠵᠢᠲᠡᠶ᠂ ᠬᠠᠮᠵᠢᠯᠴᠠᠭ᠎ᠠ ᠨᠢᠭᠲᠠ ᠪᠠᠶᠢᠬᠤ ᠬᠤᠲᠠ ᠶᠢᠨ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠦᠷᠢᠯᠳᠦᠭᠦᠯᠦᠨ᠎ᠡ᠃ ᠵᠢᠨᠢᠩ | ᠲᠣᠭᠤᠷᠢᠭ᠂ ᠹᠧᠩᠵᠧᠨ ᠬᠤᠲᠠ᠂ ᠳᠥᠷᠪᠡᠳ ᠬᠤᠰᠢᠭᠤ ᠨᠢ ᠬᠡᠷᠡᠭᠵᠢᠭᠦᠯᠬᠦ ᠭᠤᠤᠯ ᠴᠣᠭᠴᠠ ᠪᠠ | ᠬᠠᠷᠢᠭᠤᠴᠠᠯᠭ᠎ᠠ ᠶᠢᠨ ᠭᠤᠤᠯ ᠴᠣᠭᠴᠠ ᠪᠣᠯᠤᠭᠰᠠᠨ ᠤ ᠬᠤᠪᠢ ᠳᠤ᠂ ᠬᠠᠷᠠᠭᠠᠯᠵᠠᠭᠰᠠᠨ ᠠᠵᠢᠯ ᠢ ᠠᠬᠢᠭᠤᠯᠬᠤ | ᠪᠠᠶᠢᠭᠤᠯᠤᠮᠵᠢ ᠶᠢ ᠪᠠᠶᠢᠭᠤᠯᠵᠤ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠪᠠᠷᠢᠮᠵᠢᠶ᠎ᠠ ᠶᠢᠨ | ᠱᠠᠭᠠᠷᠳᠠᠯᠭ᠎ᠠ ᠲᠠᠢ ᠬᠠᠷᠢᠴᠠᠭᠤᠯᠤᠨ᠂ ᠬᠡᠷᠡᠭᠵᠢᠭᠦᠯᠬᠦ ᠲᠥᠰᠦᠯ ᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠪᠥᠬᠦ | ᠲᠠᠯ᠎ᠠ ᠪᠠᠷ ᠲᠣᠬᠢᠷᠠᠭᠤᠯᠤᠨ ᠪᠠᠶᠢᠷᠢᠯᠠᠭᠤᠯᠵᠤ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ | ᠡᠮᠬᠢ ᠵᠢᠷᠤᠮ ᠲᠠᠢ ᠪᠠᠷ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠵᠢᠨᠢᠩ ᠲᠣᠭᠤᠷᠢᠭ᠂ ᠹᠧᠩᠵᠧᠨ ᠬᠤᠲᠠ᠂ | ᠳᠥᠷᠪᠡᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠢᠨᠠᠨ ᠵᠢᠯᠣᠭᠤᠳᠬᠤ ᠰᠠᠯᠠᠭ᠎ᠠ ᠮᠥᠴᠢᠷ᠄ | ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶ᠎ᠠ︶ | ︵ᠬᠤᠶᠠᠷ︶ ᠲᠦᠷᠢᠮ ᠤᠨ ᠪᠠᠷᠢᠮᠵᠢᠶ᠎ᠠ ᠶᠢ ᠪᠦᠷᠢᠨᠰᠢᠭᠦᠯᠦᠨ᠎ᠡ | ᠬᠤᠲᠠ ᠶᠢᠨ ᠬᠠᠮᠢᠶᠠᠷᠤᠯᠲᠠ ᠶᠢᠨ ᠳᠦᠷᠢᠮ ᠤᠨ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠰᠢᠰᠲ᠋ᠧᠮᠵᠢᠭᠰᠡᠨ | ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ᠂ ᠬᠤᠲᠠ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠬᠦᠷᠢᠶ᠎ᠡ | ᠴᠠᠷᠠᠭ᠎ᠠ ᠶᠢᠨ ᠬᠠᠤᠯᠢ ᠲᠣᠭᠲᠠᠭᠠᠬᠤ ᠠᠵᠢᠯ ᠢ ᠠᠬᠢᠭᠤᠯᠵᠤ᠂ ᠳᠦᠷᠢᠮᠵᠢᠭᠦᠯᠬᠦ᠂ ᠪᠠᠷᠢᠮᠵᠢᠶᠠᠵᠢᠭᠤᠯᠬᠤ᠂ | ᠬᠠᠤᠯᠢᠵᠢᠭᠤᠯᠬᠤ ᠶᠢ ᠳᠡᠭᠡᠭᠰᠢᠯᠡᠭᠦᠯᠦᠨ᠎ᠡ᠃ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠪᠠᠷᠢᠮᠵᠢᠶ᠎ᠠ ᠶᠢᠨ | ᠭᠠᠷ ᠤᠨ ᠠᠪᠤᠯᠭ᠎ᠠ ᠶᠢ ᠰᠤᠳᠤᠯᠤᠨ ᠲᠣᠭᠲᠠᠭᠠᠵᠤ᠂ ᠠᠭᠤᠯᠭ᠎ᠠ ᠶᠢᠨ ᠡᠮᠬᠢᠳᠬᠡᠯ᠂ ᠳᠦᠷᠢᠮ ᠤᠨ ᠪᠠᠶᠢᠭᠤᠯᠤᠯᠲᠠ᠂ | ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯᠲᠠ᠂ ᠡᠭᠦᠷᠭᠡ ᠴᠢᠳᠠᠪᠤᠷᠢ ᠶᠢᠨ ᠳᠣᠷᠣᠭᠰᠢ ᠪᠠᠭᠤᠯᠭᠠᠯ᠂ ᠬᠦᠴᠦᠨ ᠢ | ᠡᠮᠬᠢᠯᠡᠨ ᠨᠡᠶᠢᠯᠡᠭᠦᠯᠬᠦ ᠵᠡᠷᠭᠡ ᠲᠠᠯ᠎ᠠ ᠠᠴᠠ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ | ᠶᠠᠪᠤᠭᠳᠠᠭᠤᠯᠵᠤ᠂ ᠬᠤᠲᠠ ᠶᠢᠨ ᠬᠠᠮᠢᠶᠠᠷᠤᠯᠲᠠ ᠶᠢᠨ ᠠᠭᠤᠯᠭ᠎ᠠ ᠶᠢ ᠨᠠᠷᠢᠯᠢᠬᠵᠢᠭᠤᠯᠤᠭᠰᠠᠨ᠂ ᠬᠠᠷᠢᠭᠤᠴᠠᠯᠭ᠎ᠠ ᠶᠢ | ᠲᠣᠳᠣᠷᠬᠠᠶᠢᠯᠠᠭᠰᠠᠨ᠂ ᠪᠠᠷᠢᠮᠵᠢᠶ᠎ᠠ ᠶᠢ ᠪᠣᠳᠠᠲᠠᠶᠢᠵᠢᠭᠤᠯᠤᠭᠰᠠᠨ᠂ ᠲᠣᠭᠲᠠᠴᠠ ᠶᠢ ᠰᠢᠨᠡᠴᠢᠯᠡᠭᠰᠡᠨ᠂ ᠰᠢᠯᠭᠠᠨ | ᠦᠨᠡᠯᠡᠬᠦ ᠶᠢ ᠳᠦᠷᠢᠮᠵᠢᠭᠦᠯᠦᠭᠰᠡᠨ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠵᠠᠭᠪᠤᠷ ᠢ ᠪᠤᠶ ᠪᠣᠯᠭᠠᠨ᠎ᠠ | ᠃ ︵ᠬᠠᠷᠢᠭᠤᠴᠠᠯᠭᠠᠲᠤ ᠨᠢᠭᠡᠴᠢ᠄ ᠵᠢᠨᠢᠩ ᠲᠣᠭᠤᠷᠢᠭ᠂ ᠹᠧᠩᠵᠧᠨ ᠬᠤᠲᠠ᠂ ᠳᠥᠷᠪᠡᠳ ᠬᠤᠰᠢᠭᠤᠨ ᠤ | ᠠᠷᠠᠳ ᠤᠨ ᠵᠠᠰᠠᠭ ᠤᠨ ᠣᠷᠳᠣᠨ᠂ ᠬᠢᠨᠠᠨ ᠵᠢᠯᠣᠭᠤᠳᠬᠤ ᠰᠠᠯᠠᠭ᠎ᠠ ᠮᠥᠴᠢᠷ᠄ ᠬᠤᠲᠠ ᠶᠢᠨ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠣᠷᠣᠨ ᠰᠠᠭᠤᠴᠠ | ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ︶ | ︵ᠭᠤᠷᠪᠠ︶ ᠲᠤᠤᠷᠴᠢᠯᠠᠭᠰᠠᠨ ᠬᠠᠮᠢᠶᠠᠷᠤᠯᠲᠠ ᠶᠢ ᠲᠡᠭᠦᠯᠳᠡᠷᠵᠢᠭᠦᠯᠦᠨ᠎ᠡ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠣᠷᠵᠢᠭᠤᠯᠤᠭᠰᠠᠨ ᠬᠠᠮᠢᠶᠠᠷᠤᠯᠲᠠ ᠶᠢᠨ ᠲᠤᠷᠰᠢᠯᠭ᠎ᠠ ᠪᠠᠷ | ᠲᠣᠯᠢ ᠪᠣᠯᠭᠠᠵᠦ᠂ ᠬᠤᠲᠠ ᠶᠢᠨ ᠲᠤᠤᠷᠴᠢᠯᠠᠭᠰᠠᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠬᠤᠲᠠ ᠶᠢᠨ | ᠲᠤᠤᠷᠴᠢᠯᠠᠭᠰᠠᠨ ᠬᠠᠮᠢᠶᠠᠷᠤᠯᠲᠠ ᠶᠢ ᠨᠡᠶᠢᠭᠡᠮ ᠤᠨ ᠶᠡᠷᠦᠩᠬᠡᠶᠢᠯᠡᠨ ᠵᠠᠰᠠᠬᠤ ᠵᠡᠷᠭᠡ ᠲᠤᠤᠷᠴᠢᠯᠠᠯ ᠳᠤ ᠣᠷᠣᠭᠤᠯᠤᠨ᠂ | ︽ᠣᠯᠠᠨ ᠰᠦᠯᠵᠢᠶᠡᠨ ᠤ ᠠᠭᠤᠰᠤᠯᠴᠠᠯ︾ ᠢ ᠭᠦᠨᠵᠡᠭᠡᠶᠢᠷᠡᠭᠦᠯᠦᠨ᠂ ᠦᠨᠳᠦᠰᠦᠨ ᠱᠠᠲᠤᠨ ᠤ ᠬᠥᠮᠦᠨ ᠤ | ᠬᠦᠴᠦᠨ ᠤ ᠡᠬᠢ ᠪᠠᠶᠠᠯᠢᠭ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠬᠤᠲᠠ ᠶᠢᠨ ᠬᠠᠮᠢᠶᠠᠷᠤᠯᠲᠠ ᠶᠢ | ᠨᠡᠶᠢᠭᠡᠮ ᠲᠣᠭᠤᠷᠢᠭ ᠲᠤ ᠣᠷᠣᠭᠤᠯᠬᠤ ᠶᠢ ᠲᠦᠯᠬᠢᠨ ᠠᠬᠢᠭᠤᠯᠵᠤ᠂ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ | ᠂ ︽ᠵᠡᠭᠡᠯᠢ ᠶᠢᠨ ᠳᠠᠷᠤᠭ᠎ᠠ ᠶᠢᠨ ᠳᠦᠷᠢᠮ︾᠂ ︽ᠵᠠᠮ ᠤᠨ ᠳᠠᠷᠤᠭ᠎ᠠ ᠶᠢᠨ ᠳᠦᠷᠢᠮ︾ ᠤᠨ ᠬᠠᠮᠢᠶᠠᠷᠤᠯᠲᠠ ᠶᠢᠨ | ᠵᠠᠭᠪᠤᠷ ᠢ ᠳᠡᠯᠭᠡᠷᠡᠭᠦᠯᠥᠨ᠂ ᠵᠡᠭᠡᠯᠢ ᠭᠤᠳᠤᠮᠵᠢ᠂ ᠰᠠᠯᠠᠭ᠎ᠠ ᠮᠥᠴᠢᠷ ᠤᠨ ᠬᠤᠯᠪᠣᠭᠠᠯᠠᠭᠰᠠᠨ ᠦᠢᠯᠡᠴᠢᠯᠡᠭᠡ | ᠬᠠᠮᠲᠤᠷᠠᠭᠰᠠᠨ ᠠᠵᠢᠯᠯᠠᠭ᠎ᠠ ᠶᠢ ᠴᠢᠩᠭᠠᠳᠬᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠨᠡᠶᠢᠭᠡᠮ ᠲᠣᠭᠤᠷᠢᠭ ᠤᠨ ᠲᠣᠣᠷᠵᠢᠯ ᠪᠠ ᠲᠣᠣᠷᠵᠢᠯ ᠶᠢᠨ ᠬᠠᠮᠢᠶᠠᠷᠤᠭᠴᠢ ᠬᠢᠭᠡᠳ ᠨᠡᠶᠢᠭᠡᠮ ᠲᠣᠭᠤᠷᠢᠭ ᠤᠨ ᠨᠠᠮ ᠤᠨ | ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠥᠮᠴᠢᠲᠡᠨ ᠤ ᠺᠣᠮᠢᠰ᠂ ᠠᠳᠠᠯ ᠠᠬᠤᠶ ᠶᠢᠨ | ᠦᠢᠯᠡᠴᠢᠯᠡᠭᠡᠨ ᠤ ᠠᠵᠤ ᠠᠬᠤᠶᠢᠯᠠᠯ᠂ ᠰᠠᠭᠤᠭᠠᠯᠢ ᠠᠷᠠᠳ ᠵᠡᠷᠭᠡ ᠶᠢ ᠵᠣᠯᠭᠠᠭᠤᠯᠬᠤ ᠠᠵᠢᠯ ᠤᠨ ᠲᠣᠭᠲᠠᠴᠠ ᠶᠢ | ᠵᠣᠬᠢᠶᠠᠨ ᠪᠠᠶᠢᠭᠤᠯᠵᠤ᠂ ᠬᠤᠲᠠ ᠶᠢᠨ ᠬᠠᠮᠢᠶᠠᠷᠤᠯᠲᠠ ᠶᠢᠨ ᠦᠶᠯᠡᠴᠢᠯᠡᠭᠡᠨ ᠤ ᠬᠠᠮᠤᠷᠤᠭᠳᠠᠬᠤ ᠦᠭᠡᠢ ᠭᠠᠵᠠᠷ ᠢ | ᠦᠨᠳᠦᠰᠦᠨ ᠠᠴᠠ ᠨᠢ ᠵᠠᠰᠠᠵᠤ᠂ ᠬᠤᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︵ | ᠬᠠᠷᠢᠭᠤᠴᠠᠯᠭᠠᠲᠤ ᠨᠢᠭᠡᠴᠢ᠄ ᠵᠢᠨᠢᠩ ᠲᠣᠭᠤᠷᠢᠭ᠂ ᠹᠧᠩᠵᠧᠨ ᠬᠤᠲᠠ᠂ ᠳᠥᠷᠪᠡᠳ ᠬᠤᠰᠢᠭᠤᠨ ᠤ ᠠᠷᠠᠳ ᠤᠨ | ᠵᠠᠰᠠᠭ ᠤᠨ ᠣᠷᠳᠣᠨ᠂ ᠬᠢᠨᠠᠨ ᠵᠢᠯᠣᠭᠤᠳᠬᠤ ᠰᠠᠯᠠᠭ᠎ᠠ ᠮᠥᠴᠢᠷ᠄ ᠬᠤᠲᠠ ᠶᠢᠨ ᠨᠠᠮ ᠤᠨ ᠬᠤᠷᠢᠶᠠᠨ ᠤ ᠤᠯᠤᠰ | ᠲᠥᠷᠥ ᠬᠠᠤᠯᠢ ᠴᠠᠭᠠᠵᠠ ᠶᠢᠨ ᠵᠥᠪᠯᠡᠯ᠂ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠷᠠᠳ ᠤᠨ ᠶᠠᠪᠤᠳᠠᠯ ᠤᠨ | ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ︵ᠳᠥᠷᠪᠡ︶ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢ ᠥᠷᠨᠢᠭᠦᠯᠦᠨ᠎ᠡ | ᠪᠦᠬᠦ ᠣᠷᠣᠨ ᠤ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠤᠷᠢᠳᠠᠪᠠᠷ ᠥᠷᠨᠢᠭᠦᠯᠦᠭᠰᠡᠨ ᠠᠶᠢᠮᠠᠭ | ᠬᠤᠲᠠ ᠶᠢᠨ ᠲᠤᠷᠰᠢᠯᠭ᠎ᠠ ᠪᠠᠷ ᠲᠣᠯᠢ ᠪᠣᠯᠭᠠᠵᠤ᠂ ᠲᠤᠬᠠᠶ ᠶᠢᠨ ᠭᠠᠵᠠᠷ ᠤᠨ ᠪᠣᠳᠠᠲᠠᠶ ᠲᠠᠢ ᠪᠠᠨ ᠤᠶᠠᠯᠳᠤᠭᠤᠯᠤᠨ᠂ | ︽ᠨᠢᠭᠡ ᠵᠢᠯ ᠳᠤ ᠨᠢᠭᠡ ᠪᠠᠶᠢᠴᠠᠭᠠᠬᠤ᠂ ᠲᠠᠪᠤᠨ ᠵᠢᠯ ᠳᠤ ᠨᠢᠭᠡ ᠦᠨᠡᠯᠡᠨ ᠵᠢᠱᠢᠬᠦ︾ ᠬᠤᠲᠠ ᠶᠢᠨ ᠪᠡᠶ᠎ᠡ ᠶᠢᠨ | ᠪᠠᠶᠢᠴᠠᠭᠠᠯᠲᠠ ᠶᠢᠨ ᠠᠵᠢᠯ ᠤᠨ ᠳᠦᠷᠢᠮ ᠢ ᠰᠦᠪᠡᠭᠴᠢᠯᠡᠨ ᠪᠠᠶᠢᠭᠤᠯᠵᠤ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠱᠠᠭᠠᠷᠳᠠᠭᠰᠠᠨ ᠠᠮᠢ ᠠᠬᠤᠶ ᠶᠢᠨ ᠰᠠᠭᠤᠷᠢᠰᠢᠬᠤ ᠳᠤ | ᠲᠣᠬᠢᠷᠠᠮᠵᠢᠲᠠᠶ᠂ ᠡᠷᠡᠭᠦᠯ ᠴᠢᠭᠢᠷᠠᠭ ᠪᠥᠭᠡᠳ ᠲᠠᠭᠠᠯᠠᠮᠵᠢᠲᠠᠶ᠂ ᠠᠶᠤᠯᠭᠦᠢ ᠤᠶᠠᠨ ᠬᠠᠳᠠᠨ ᠴᠢᠨᠠᠷᠲᠠᠢ᠂ ᠵᠠᠮ | ᠬᠠᠷᠢᠯᠴᠠᠭ᠎ᠠ ᠳᠥᠭᠦᠮ ᠳᠥᠲᠡ᠂ ᠳᠦᠷᠰᠦ ᠪᠠᠶᠢᠳᠠᠯ ᠥᠪᠡᠷᠮᠢᠴᠡ ᠣᠨᠴᠠᠯᠢᠭ ᠲᠠᠢ᠂ ᠠᠷᠢᠭᠤᠨ ᠴᠡᠪᠡᠷ ᠡᠮᠬᠢ | ᠵᠢᠷᠤᠮ ᠲᠠᠢ᠂ ᠣᠯᠠᠨ ᠡᠰᠢᠵᠢᠭᠰᠡᠨ ᠪᠠᠭᠲᠠᠭᠠᠮᠵᠢᠲᠠᠶ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠲᠠᠢ ᠵᠡᠷᠭᠡ 8 | ᠲᠠᠯ᠎ᠠ ᠪᠠᠷ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠤᠲᠠ ᠶᠢᠨ ᠪᠡᠶ᠎ᠡ ᠶᠢᠨ | ᠪᠠᠶᠢᠴᠠᠭᠠᠯᠲᠠ ᠶᠢ ᠥᠷᠨᠢᠭᠦᠯᠵᠦ᠂ ᠬᠤᠲᠠ ᠶᠢᠨ ᠠᠰᠠᠭᠤᠳᠠᠯ ᠪᠠ ᠬᠤᠲᠠ ᠶᠢᠨ ᠡᠪᠡᠳᠴᠢᠨ ᠢ ᠡᠮᠬᠢᠯᠡᠨ᠎ᠡ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠭᠡᠳᠡᠷᠭᠦ ᠰᠢᠬᠠᠮᠳᠠᠭᠤᠯᠵᠤ᠂ | ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠵᠢᠨᠢᠩ ᠲᠣᠭᠤᠷᠢᠭ᠂ | ᠹᠧᠩᠵᠧᠨ ᠬᠤᠲᠠ᠂ ᠳᠥᠷᠪᠡᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠢᠨᠠᠨ ᠵᠢᠯᠣᠭᠤᠳᠬᠤ ᠰᠠᠯᠠᠭ᠎ᠠ | ᠮᠥᠴᠢᠷ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ︶ | ︵ᠲᠠᠪᠤ︶ ᠬᠤᠲᠠ ᠶᠢᠨ ᠰᠢᠨᠡᠴᠢᠯᠡᠯᠲᠡ ᠶᠢ ᠬᠡᠷᠡᠭᠵᠢᠭᠦᠯᠦᠨ᠎ᠡ | ᠬᠥᠬᠡᠬᠤᠲᠠ᠂ ᠪᠤᠭᠤᠲᠤ ᠬᠤᠲᠠ ᠵᠡᠷᠭᠡ ᠬᠤᠲᠠ ᠶᠢᠨ ᠰᠢᠨᠡᠴᠢᠯᠡᠯᠲᠡ ᠶᠢᠨ ᠬᠤᠰᠢᠭᠤᠴᠢ ᠣᠷᠣᠨ ᠤ | ᠲᠤᠷᠰᠢᠯᠭ᠎ᠠ ᠪᠠᠷ ᠲᠣᠯᠢ ᠪᠣᠯᠭᠠᠵᠤ᠂ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ᠢ | ᠲᠣᠭᠲᠠᠭᠠᠵᠤ᠂ ᠬᠤᠲᠠ ᠶᠢᠨ ᠠᠮᠢ ᠠᠬᠤᠶ ᠶᠢ ᠵᠠᠰᠠᠨ ᠰᠡᠷᠭᠦᠭᠡᠬᠦ ᠴᠢᠳᠠᠮᠵᠢ ᠶᠢ ᠲᠡᠭᠦᠯᠳᠡᠷᠵᠢᠭᠦᠯᠬᠦ ᠢᠨᠵᠧᠨᠧᠷᠢᠩ ᠢ | ᠬᠡᠷᠡᠭᠵᠢᠭᠦᠯᠦᠨ᠂ ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠬᠤᠲᠠ ᠶᠢᠨ | ᠶᠠᠪᠤᠳᠠᠯ ᠤᠨ ᠰᠠᠭᠤᠷᠢ ᠪᠡᠯᠡᠳᠬᠡᠮᠵᠢ ᠪᠠ ᠣᠯᠠᠨ ᠨᠡᠶᠢᠲᠡ ᠶᠢᠨ ᠦᠶᠯᠡᠴᠢᠯᠡᠭᠡᠨ ᠤ ᠪᠡᠯᠡᠳᠬᠡᠮᠵᠢ ᠶᠢᠨ ᠳᠤᠲᠠᠭᠤᠳᠠᠯ ᠢ | ᠲᠦᠷᠭᠡᠳᠬᠡᠨ ᠨᠥᠬᠦᠪᠥᠷᠢᠯᠡᠵᠦ᠂ ᠬᠤᠲᠠ ᠶᠢᠨ ᠭᠠᠵᠠᠷ ᠳᠤᠤᠷᠠᠬᠢ ᠬᠤᠲᠠ ᠶᠢᠨ ᠶᠠᠪᠤᠳᠠᠯ ᠤᠨ ᠪᠡᠯᠡᠳᠬᠡᠮᠵᠢ ᠶᠢᠨ | ᠨᠡᠶᠢᠳᠡᠮ ᠪᠠᠶᠢᠴᠠᠭᠠᠯᠲᠠ ᠶᠢ ᠥᠷᠨᠢᠭᠦᠯᠦᠨ᠂ ᠭᠠᠵᠠᠷ ᠳᠤᠤᠷᠠᠬᠢ ᠬᠤᠭᠤᠯᠠᠶ ᠭᠤᠤᠷᠰᠤ ᠶᠢᠨ ᠲᠤᠤᠷ ᠤᠨ ᠰᠠᠭᠤᠷᠢ | ᠮᠡᠳᠡᠭᠡ ᠵᠠᠩᠭᠢ ᠶᠢᠨ ᠲᠠᠩᠰᠠ ᠡᠪᠬᠡᠮᠡᠯ ᠢ ᠲᠡᠭᠦᠯᠳᠡᠷᠵᠢᠭᠦᠯᠵᠦ᠂ ᠭᠠᠵᠠᠷ ᠳᠤᠤᠷᠠᠬᠢ ᠬᠤᠭᠤᠯᠠᠶ ᠭᠤᠤᠷᠰᠤ ᠶᠢᠨ | ᠲᠤᠤᠷ ᠤᠨ ᠠᠶᠤᠯᠭᠦᠢ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢᠨ ᠲᠠᠪᠴᠠᠩ ᠪᠠ ᠭᠠᠵᠠᠷ ᠳᠤᠤᠷᠠᠬᠢ ᠣᠷᠣᠨ | ᠵᠠᠶ ᠶᠢᠨ ᠠᠰᠢᠭᠯᠠᠯᠲᠠ ᠵᠢᠴᠢ ᠰᠠᠭᠤᠷᠢ ᠪᠡᠯᠡᠳᠬᠡᠮᠵᠢ ᠶᠢᠨ ᠰᠢᠰᠲ᠋ᠧᠮᠵᠢᠭᠰᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠬᠤᠲᠠ ᠶᠢᠨ ᠭᠠᠵᠠᠷ ᠳᠤᠤᠷᠠᠬᠢ ᠬᠤᠭᠤᠯᠠᠶ ᠭᠤᠤᠷᠰᠤ ᠶᠢᠨ ᠲᠤᠤᠷ ᠵᠢᠴᠢ ᠰᠠᠭᠤᠷᠢ ᠪᠡᠯᠡᠳᠬᠡᠮᠵᠢ ᠶᠢᠨ | ᠲᠤᠰᠬᠠᠶ ᠲᠥᠯᠥᠪᠵᠢᠭᠦᠯᠭᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠬᠤᠲᠠ ᠶᠢᠨ ᠰᠠᠭᠠᠳ ᠥᠬᠡᠶ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠬᠤᠲᠠ ᠶᠢᠨ ᠰᠢᠨ᠎ᠡ ᠮᠠᠶ᠋ᠢᠭ ᠤᠨ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠢᠭ ᠤᠨ ᠠᠵᠢᠯ ᠢ ᠭᠦᠨᠵᠡᠭᠡᠶ ᠥᠷᠨᠢᠭᠦᠯᠵᠦ᠂ | ᠬᠤᠲᠠ ᠶᠢᠨ ᠣᠷᠣᠨ ᠵᠠᠶ ᠶᠢᠨ ᠪᠠᠶᠢᠷᠢᠰᠢᠭᠤᠯᠤᠯ ᠢ ᠲᠡᠭᠦᠯᠳᠡᠷᠵᠢᠭᠦᠯᠦᠨ᠂ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠵᠦ | ᠂ ᠬᠠᠭᠤᠯᠪᠤᠷᠢᠯᠠᠵᠤ ᠪᠣᠯᠬᠤ ᠪᠥᠭᠡᠳ ᠳᠡᠯᠭᠡᠷᠡᠭᠦᠯᠵᠦ ᠪᠣᠯᠬᠤ ᠲᠣᠭᠲᠠᠴᠠ ᠶᠢ ᠰᠦᠪᠡᠭᠴᠢᠯᠡᠨ ᠪᠤᠶ ᠪᠣᠯᠭᠠᠨ᠎ᠠ᠃ ︵ | ᠬᠠᠷᠢᠭᠤᠴᠠᠯᠭᠠᠲᠤ ᠨᠢᠭᠡᠴᠢ᠄ ᠵᠢᠨᠢᠩ ᠲᠣᠭᠤᠷᠢᠭ᠂ ᠹᠧᠩᠵᠧᠨ ᠬᠤᠲᠠ᠂ ᠳᠥᠷᠪᠡᠳ ᠬᠤᠰᠢᠭᠤᠨ ᠤ ᠠᠷᠠᠳ ᠤᠨ | ᠵᠠᠰᠠᠭ ᠤᠨ ᠣᠷᠳᠣᠨ᠂ ᠬᠢᠨᠠᠨ ᠵᠢᠯᠣᠭᠤᠳᠬᠤ ᠰᠠᠯᠠᠭ᠎ᠠ ᠮᠥᠴᠢᠷ᠄ ᠬᠤᠲᠠ ᠶᠢᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ︶ | ︵ᠵᠢᠷᠭᠤᠭ᠎ᠠ︶ ᠲᠡᠦᠬᠡ ᠰᠣᠶᠣᠯ ᠤᠨ ᠬᠠᠮᠠᠭᠠᠯᠠᠯᠲᠠ ᠶᠢ ᠴᠢᠩᠭᠠᠷᠠᠭᠤᠯᠤᠨ᠎ᠠ | ᠲᠡᠦᠬᠡ ᠰᠣᠶᠣᠯ ᠤᠨ ᠵᠡᠭᠡᠯᠢ ᠲᠣᠭᠤᠷᠢᠭ ᠤᠨ ᠲᠡᠦᠬᠡ ᠶᠢᠨ ᠪᠠᠷᠢᠯᠭ᠎ᠠ ᠶᠢ ᠨᠡᠶᠢᠳᠡᠮ ᠪᠠᠶᠢᠴᠠᠭᠠᠬᠤ᠂ ᠨᠤᠲᠠᠯᠠᠬᠤ | ︵ᠲᠣᠭᠲᠠᠭᠠᠬᠤ︶᠂ ᠨᠡᠶᠢᠲᠡᠯᠡᠬᠦ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠬᠡᠷᠡᠭᠵᠢᠭᠦᠯᠬᠦ᠂ ᠲᠥᠰᠦᠯ ᠢ | ᠨᠠᠶᠢᠷᠠᠭᠤᠯᠤᠨ ᠵᠣᠬᠢᠶᠠᠬᠤ ᠨᠤᠲᠠᠯᠠᠯᠲᠠ ᠶᠢ ᠵᠠᠰᠠᠨ ᠰᠠᠶᠢᠵᠢᠷᠠᠭᠤᠯᠬᠤ᠂ ᠠᠮᠵᠢᠯᠲᠠ ᠪᠦᠲᠦᠮᠵᠢ ᠶᠢ ᠦᠨᠡᠯᠡᠨ ᠵᠢᠱᠢᠬᠦ᠂ | ᠰᠡᠷᠡᠮᠵᠢᠯᠡᠭᠦᠯᠦᠨ ᠭᠠᠷᠭᠠᠬᠤ ᠵᠡᠷᠭᠡ ᠪᠦᠬᠦ ᠶᠠᠪᠤᠴᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠡᠦᠬᠡ ᠰᠣᠶᠣᠯ ᠤᠨ | ᠥᠪ ᠢ ᠨᠡᠶᠢᠳᠡᠮ ᠪᠠᠶᠢᠴᠠᠭᠠᠵᠤ ᠨᠤᠲᠠᠯᠠᠨ ᠲᠣᠭᠲᠠᠭᠠᠵᠤ ᠨᠡᠶᠢᠲᠡᠯᠡᠬᠦ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ᠎ᠠ | ᠃ ︽ᠬᠤᠲᠠ ᠶᠢ ᠰᠢᠨᠡᠳᠬᠡᠨ ᠥᠭᠡᠷᠡᠴᠢᠯᠡᠬᠦ ᠳᠤᠮᠳᠠ ᠲᠡᠦᠬᠡ ᠰᠣᠶᠣᠯ ᠤᠨ ᠬᠠᠮᠠᠭᠠᠯᠠᠯᠲᠠ ᠶᠢ ᠦᠨᠡᠨᠬᠦ ᠴᠢᠩᠭᠠᠳᠬᠠᠨ | ᠡᠪᠳᠡᠬᠦ ᠦᠶᠯᠡ ᠠᠵᠢᠯᠯᠠᠭ᠎ᠠ ᠶᠢ ᠡᠷᠡᠰ ᠬᠤᠷᠢᠭᠯᠠᠨ ᠵᠣᠭᠰᠣᠭᠠᠬᠤ ᠲᠤᠬᠠᠶ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ᠢ ᠴᠢᠩᠭ᠎ᠠ | ᠨᠠᠶᠢᠳᠠᠪᠤᠷᠢᠵᠢᠭᠤᠯᠵᠤ᠂ ᠨᠡᠶᠢᠳᠡᠮ ᠪᠠᠶᠢᠴᠠᠭᠠᠯᠲᠠ ᠶᠢᠨ ᠨᠤᠲᠠᠯᠠᠨ ᠲᠣᠭᠲᠠᠭᠠᠬᠤ ᠶᠢ ᠤᠯᠠᠮ ᠨᠢᠭᠡ ᠠᠯᠬᠤᠮ | ᠴᠢᠩᠭᠠᠳᠬᠠᠨ᠂ ᠦᠯᠡᠳᠡᠭᠡᠬᠦ ᠶᠣᠰᠣᠲᠠᠶ ᠶᠢ ᠨᠢ ᠪᠦᠬᠦᠨ ᠢ ᠦᠯᠡᠳᠡᠭᠡᠵᠦ᠂ ᠬᠠᠮᠠᠭᠠᠯᠠᠬᠤ ᠶᠣᠰᠣᠲᠠᠶ ᠶᠢ ᠨᠢ ᠪᠦᠬᠦᠨ ᠢ | ᠬᠠᠮᠠᠭᠠᠯᠠᠬᠤ ᠶᠢ ᠦᠨᠡᠨᠬᠦ ᠪᠠᠲᠤᠯᠠᠨ᠎ᠠ᠃ ᠲᠡᠦᠬᠡ ᠰᠣᠶᠣᠯ ᠤᠨ ᠬᠠᠮᠠᠭᠠᠯᠠᠯᠲᠠ ᠶᠢᠨ ᠪᠠᠶᠢᠳᠠᠯ ᠳᠤ ᠲᠣᠭᠲᠠᠮᠠᠯ | ᠬᠤᠭᠤᠴᠠᠭᠠᠲᠤ ᠦᠨᠡᠯᠡᠨ ᠵᠢᠱᠢᠯᠲᠡ᠂ ᠬᠥᠳᠡᠯᠦᠩᠭᠦᠶ ᠬᠢᠨᠠᠨ ᠰᠢᠨᠵᠢᠯᠲᠡ ᠶᠢ ᠥᠷᠨᠢᠭᠦᠯᠦᠨ᠎ᠡ᠃ | ᠠᠮᠢᠳᠤᠯᠢᠭᠵᠢᠭᠤᠯᠤᠨ ᠠᠰᠢᠭᠯᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠲᠡᠦᠬᠡ ᠰᠣᠶᠣᠯ ᠤᠨ ᠵᠡᠭᠡᠯᠢ | ᠲᠣᠭᠤᠷᠢᠭ᠂ ᠲᠡᠦᠬᠡ ᠶᠢᠨ ᠳᠤᠷᠠᠰᠬᠠᠯᠲᠤ ᠵᠦᠶᠯᠡᠰ ᠤᠨ ᠪᠠᠷᠢᠯᠭ᠎ᠠ᠂ ᠲᠡᠦᠬᠡ ᠶᠢᠨ ᠪᠠᠷᠢᠯᠭ᠎ᠠ ᠪᠠ ᠤᠯᠠᠮᠵᠢᠯᠠᠯᠲᠤ | ᠥᠩᠭᠡ ᠲᠥᠷᠬᠦ ᠶᠢᠨ ᠪᠠᠷᠢᠯᠭ᠎ᠠ ᠶᠢ ᠬᠠᠮᠠᠭᠠᠯᠠᠨ ᠠᠰᠢᠭᠯᠠᠬᠤ ᠶᠢ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠬᠥᠭᠵᠢᠯᠲᠡ ᠶᠢᠨ ᠶᠡᠭᠡ ᠲᠠᠯ᠎ᠠ ᠳᠤ ᠠᠭᠤᠰᠤᠯᠴᠠᠭᠤᠯᠤᠨ᠂ ᠰᠣᠶᠣᠯ ᠤᠨ ᠠᠭᠤᠯᠤᠭᠳᠠᠬᠤᠨ ᠢ | ᠴᠢᠩᠭᠠᠷᠠᠭᠤᠯᠵᠤ᠂ ᠲᠡᠦᠬᠡ ᠰᠣᠶᠣᠯ ᠢ ᠬᠠᠮᠠᠭᠠᠯᠠᠨ ᠤᠯᠠᠮᠵᠢᠯᠠᠨ᠎ᠠ᠃ 2021 ᠣᠨ ᠤ ᠡᠴᠦᠰ ᠠᠴᠠ ᠡᠮᠦᠨ᠎ᠡ | ᠣᠲᠣ ᠶᠢᠨ ᠲᠡᠦᠬᠡ ᠶᠢᠨ ᠰᠣᠶᠣᠯ ᠤᠨ ᠵᠡᠭᠡᠯᠢ ᠲᠣᠭᠤᠷᠢᠭ ᠪᠠ ᠲᠡᠦᠬᠡ ᠶᠢᠨ ᠪᠠᠷᠢᠯᠭ᠎ᠠ ᠶᠢ ᠨᠡᠶᠢᠳᠡᠮ ᠪᠠᠶᠢᠴᠠᠭᠠᠵᠤ | ᠨᠤᠲᠠᠯᠠᠨ ᠲᠣᠭᠲᠠᠭᠠᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠵᠦ᠂ ᠨᠢᠭᠡᠨᠲᠡ ᠨᠡᠶᠢᠲᠡᠯᠡᠭᠰᠡᠨ ᠵᠡᠭᠡᠯᠢ ᠲᠣᠭᠤᠷᠢᠭ᠂ | ᠲᠡᠦᠬᠡ ᠶᠢᠨ ᠪᠠᠷᠢᠯᠭ᠎ᠠ ᠶᠢᠨ ᠲᠡᠮᠳᠡᠭ ᠫᠠᠶᠢᠰᠠ ᠪᠠᠶᠢᠭᠤᠯᠬᠤ ᠪᠠ ᠲᠡᠦᠬᠡ ᠶᠢᠨ ᠪᠠᠷᠢᠯᠭ᠎ᠠ ᠶᠢ ᠬᠡᠮᠵᠢᠨ ᠵᠢᠷᠤᠵᠤ ᠲᠠᠩᠰᠠ | ᠡᠪᠬᠡᠮᠡᠯ ᠪᠠᠶᠢᠭᠤᠯᠬᠤ ᠠᠵᠢᠯ ᠢ ᠪᠡᠶᠡᠯᠡᠭᠦᠯᠦᠨ᠎ᠡ᠃ ᠬᠠᠮᠠᠭᠠᠯᠠᠯᠲᠠ ᠶᠢᠨ ᠨᠡᠷᠡᠰ ᠤᠨ ᠬᠥᠮᠥᠷᠭᠡ ᠶᠢ ᠪᠠᠶᠢᠭᠤᠯᠤᠨ | ᠲᠡᠭᠦᠯᠳᠡᠷᠵᠢᠭᠦᠯᠬᠦ ᠶᠢᠨ ᠬᠠᠮᠲᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠲᠣᠭᠲᠠᠮᠠᠯ | ᠬᠤᠭᠤᠴᠠᠭ᠎ᠠ ᠲᠠᠢ ᠪᠠᠷ ᠳᠠᠬᠢᠨ ᠬᠢᠨᠠᠵᠤ ᠰᠢᠨᠡᠳᠬᠡᠨ᠂ ᠬᠠᠮᠠᠭᠠᠯᠠᠵᠤ ᠠᠰᠢᠭᠯᠠᠬᠤ ᠶᠢ ᠴᠢᠩᠭᠠᠳᠬᠠᠨ᠎ᠠ᠃ ︵ | ᠬᠠᠷᠢᠭᠤᠴᠠᠯᠭᠠᠲᠤ ᠨᠢᠭᠡᠴᠢ᠄ ᠵᠢᠨᠢᠩ ᠲᠣᠭᠤᠷᠢᠭ᠂ ᠹᠧᠩᠵᠧᠨ ᠬᠤᠲᠠ᠂ ᠳᠥᠷᠪᠡᠳ ᠬᠤᠰᠢᠭᠤᠨ ᠤ ᠠᠷᠠᠳ ᠤᠨ | ᠵᠠᠰᠠᠭ ᠤᠨ ᠣᠷᠳᠣᠨ᠂ ᠬᠢᠨᠠᠨ ᠵᠢᠯᠣᠭᠤᠳᠬᠤ ᠰᠠᠯᠠᠭ᠎ᠠ ᠮᠥᠴᠢᠷ᠄ ᠬᠤᠲᠠ ᠶᠢᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ | ᠲᠣᠪᠴᠢᠶ᠎ᠠ︶ | ︵ᠳᠣᠯᠤᠭ᠎ᠠ︶ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠶᠢ ᠠᠬᠢᠭᠤᠯᠤᠨ᠎ᠠ | 2020 ᠣᠨ ᠳᠤ ᠨᠢᠭᠡᠨᠲᠡ ᠠᠵᠢᠯ ᠡᠬᠢᠯᠡᠭᠦᠯᠦᠭᠰᠡᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ | ᠰᠢᠨᠡᠳᠬᠡᠬᠦ ᠲᠥᠷᠥᠯ ᠵᠦᠶᠯ ᠢ ᠪᠦᠬᠦᠨ ᠢ ᠳᠠᠭᠤᠰᠬᠠᠬᠤ ᠶᠢ ᠪᠠᠲᠤᠯᠠᠵᠤ᠂ 2021 ᠣᠨ ᠳᠤ ᠨᠢᠭᠡᠨᠲᠡ | ᠲᠣᠭᠲᠠᠭᠠᠭᠰᠠᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠲᠥᠷᠥᠯ ᠵᠦᠶᠯ ᠢ ᠬᠤᠭᠤᠴᠠᠭ᠎ᠠ | ᠶᠣᠰᠣᠭᠠᠷ ᠡᠬᠢᠯᠡᠭᠦᠯᠵᠦ᠂ ᠲᠤᠬᠠᠶ ᠶᠢᠨ ᠵᠢᠯ ᠳᠤ ᠳᠠᠭᠤᠰᠬᠠᠬᠤ ᠪᠠᠷ ᠴᠢᠷᠮᠠᠶᠢᠨ᠎ᠠ᠃ ᠲᠡᠭᠦᠯᠳᠡᠷᠵᠢᠭᠦᠯᠬᠦ | ᠳᠡᠭᠡᠭᠰᠢᠯᠡᠭᠦᠯᠬᠦ ᠲᠥᠷᠥᠯ ᠤᠨ ᠥᠭᠡᠷᠡᠴᠢᠯᠡᠵᠦ ᠵᠢᠱᠢᠶ᠎ᠡ ᠦᠵᠡᠭᠦᠯᠬᠦ ᠠᠵᠢᠯ ᠢ ᠦᠷᠭᠦᠯᠵᠢᠯᠡᠨ ᠥᠷᠨᠢᠭᠦᠯᠦᠨ᠎ᠡ᠃ | ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠲᠠᠢ ᠤᠶᠠᠯᠳᠤᠭᠤᠯᠤᠨ᠂ ᠪᠣᠬᠢᠷᠲᠤᠯ ᠥᠬᠡᠶ ᠨᠡᠶᠢᠭᠡᠮ | ᠲᠣᠭᠤᠷᠢᠭ ᠤᠨ ᠪᠠᠶᠢᠭᠤᠯᠤᠯᠲᠠ᠂ ᠣᠶᠤᠨᠴᠢᠯᠠᠭᠰᠠᠨ ᠠᠮᠤᠷ ᠲᠦᠪᠰᠢᠨ ᠤ ᠰᠡᠷᠭᠡᠶᠢᠯᠡᠯᠲᠡ ᠶᠢᠨ ᠰᠢᠰᠲ᠋ᠧᠮ ᠤᠨ | ᠪᠠᠶᠢᠭᠤᠯᠤᠯᠲᠠ᠂ ᠬᠤᠲᠠ ᠶᠢᠨ ᠣᠷᠣᠨ ᠰᠠᠭᠤᠴᠠ ᠶᠢᠨ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢᠨ | ᠳᠤᠲᠠᠭᠤᠳᠠᠯ ᠢ ᠨᠥᠬᠦᠪᠥᠷᠢᠯᠡᠬᠦ ᠠᠵᠢᠯᠯᠠᠭ᠎ᠠ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠵᠢᠨᠢᠩ ᠲᠣᠭᠤᠷᠢᠭ | ᠂ ᠹᠧᠩᠵᠧᠨ ᠬᠤᠲᠠ᠂ ᠳᠥᠷᠪᠡᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠢᠨᠠᠨ ᠵᠢᠯᠣᠭᠤᠳᠬᠤ | ᠰᠠᠯᠠᠭ᠎ᠠ ᠮᠥᠴᠢᠷ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠴᠠᠬᠢᠯᠭᠠᠨ ᠦᠶᠯᠡᠰ ᠤᠨ ᠲᠣᠪᠴᠢᠶ᠎ᠠ᠂ ᠴᠢᠮᠡᠭᠡ | ᠬᠤᠯᠪᠣᠭᠠᠨ ᠤ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠬᠡᠷ︶ | ︵ᠨᠠᠢᠮᠠ︶ ᠠᠳᠠᠯ ᠠᠬᠤᠶ ᠶᠢᠨ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠶᠢ ᠠᠬᠢᠭᠤᠯᠤᠨ᠎ᠠ | ᠠᠳᠠᠯ ᠠᠬᠤᠶ ᠶᠢᠨ ᠬᠠᠮᠢᠶᠠᠷᠤᠯᠲᠠ ᠶᠢ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠰᠲ᠋ᠧᠮᠵᠢ ᠳᠤ | ᠠᠭᠤᠰᠤᠯᠴᠠᠭᠤᠯᠵᠤ᠂ ᠨᠠᠮ ᠤᠨ ᠪᠠᠶᠢᠭᠤᠯᠤᠯᠲᠠ ᠪᠠᠷ ᠬᠥᠲᠥᠯᠦᠨ ᠳᠠᠭᠠᠭᠤᠯᠤᠭᠰᠠᠨ ᠨᠡᠶᠢᠭᠡᠮ ᠲᠣᠭᠤᠷᠢᠭ ᠤᠨ | ᠵᠠᠰᠠᠯᠲᠠ ᠶᠢᠨ ᠪᠣᠷᠣ ᠲᠥᠯᠥᠪ ᠳᠣᠲᠣᠷᠠᠬᠢ ᠠᠳᠠᠯ ᠠᠬᠤᠶ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠬᠤ ᠶᠢ | ᠠᠬᠢᠭᠤᠯᠤᠨ᠎ᠠ᠃ ᠥᠮᠴᠢᠲᠡᠨ ᠤ ᠺᠣᠮᠢᠰ᠂ ᠠᠳᠠᠯ ᠠᠬᠤᠶ ᠶᠢᠨ ᠠᠵᠤ ᠠᠬᠤᠶᠢᠯᠠᠯ ᠤᠨ ᠨᠠᠮ ᠤᠨ ᠵᠣᠬᠢᠶᠠᠨ | ᠪᠠᠶᠢᠭᠤᠯᠤᠯᠲᠠ ᠪᠠᠶᠢᠭᠤᠯᠬᠤ ᠶᠢ ᠠᠬᠢᠭᠤᠯᠵᠤ᠂ ᠰᠠᠭᠤᠭᠠᠯᠢ ᠠᠷᠠᠳ ᠤᠨ ᠵᠥᠪᠯᠡᠯ ᠯᠦᠭᠡ ᠰᠣᠯᠪᠢᠴᠠᠨ ᠲᠤᠰᠢᠶᠠᠯ | ᠡᠭᠦᠷᠭᠡᠯᠡᠬᠦ ᠶᠢ ᠵᠣᠷᠢᠭᠵᠢᠭᠤᠯᠤᠨ᠎ᠠ᠃ ᠠᠳᠠᠯ ᠠᠬᠤᠶ ᠶᠢᠨ ᠬᠠᠷᠢᠶ᠎ᠠ ᠭᠠᠵᠠᠷ ᠤᠨ ᠬᠠᠮᠢᠶᠠᠷᠤᠯᠲᠠ ᠢᠯᠠᠩᠭᠤᠶ᠎ᠠ ᠵᠡᠭᠡᠯᠢ | ᠭᠤᠳᠤᠮᠵᠢ ᠶᠢᠨ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠵᠢᠨᠢᠩ | ᠲᠣᠭᠤᠷᠢᠭ᠂ ᠹᠧᠩᠵᠧᠨ ᠬᠤᠲᠠ᠂ ᠳᠥᠷᠪᠡᠳ ᠬᠤᠰᠢᠭᠤ ᠪᠠᠷ ᠭᠤᠤᠯ ᠴᠣᠭᠴᠠ ᠪᠣᠯᠭᠠᠨ ᠵᠢᠷᠤᠮᠵᠢᠭᠰᠠᠨ ᠣᠷᠣᠨ | ᠰᠠᠭᠤᠴᠠ ᠶᠢᠨ ᠠᠳᠠᠯ ᠠᠬᠤᠶ ᠶᠢᠨ ᠬᠠᠮᠢᠶᠠᠷᠤᠯᠲᠠ ᠶᠢᠨ ᠲᠤᠷᠰᠢᠯᠲᠠ ᠶᠢᠨ ᠴᠡᠭ ᠶᠢ ᠢᠳᠡᠪᠬᠢᠲᠡᠶ ᠥᠷᠨᠢᠭᠦᠯᠵᠦ᠂ | ᠰᠡᠯᠪᠢᠨ ᠵᠠᠰᠠᠬᠤ ᠪᠠᠯᠠ ᠮᠥᠩᠭᠦ ᠶᠢᠨ ᠬᠡᠷᠡᠭᠯᠡᠯᠲᠡ ᠪᠠ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠦᠨ᠎ᠡ᠃ | ᠠᠳᠠᠯ ᠠᠬᠤᠶ ᠶᠢᠨ ᠦᠶᠯᠡᠴᠢᠯᠡᠭᠡᠨ ᠤ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠵᠤ᠂ | ᠰᠦᠯᠵᠢᠶᠡᠨ ᠤ ᠪᠠ ᠰᠦᠯᠵᠢᠶᠡᠨ ᠤ ᠪᠣᠰᠤ ᠠᠮᠢᠳᠤᠷᠠᠯ ᠤᠨ ᠦᠶᠯᠡᠴᠢᠯᠡᠭᠡ ᠶᠢ ᠶᠡᠬᠡᠪᠡᠷ ᠠᠬᠢᠭᠤᠯᠤᠨ᠂ ᠬᠡᠷ ᠲᠡᠭᠡᠨ | ᠰᠠᠭᠤᠬᠤ ᠨᠡᠶᠢᠭᠡᠮ ᠲᠣᠭᠤᠷᠢᠭ ᠤᠨ ᠨᠠᠰᠤᠵᠢᠯ ᠤᠨ ᠦᠶᠯᠡᠴᠢᠯᠡᠭᠡᠨ ᠢ ᠬᠥᠭᠵᠢᠭᠦᠯᠦᠨ᠎ᠡ᠃ ︵ᠬᠠᠷᠢᠭᠤᠴᠠᠯᠭᠠᠲᠤ | ᠨᠢᠭᠡᠴᠢ᠄ ᠵᠢᠨᠢᠩ ᠲᠣᠭᠤᠷᠢᠭ᠂ ᠹᠧᠩᠵᠧᠨ ᠬᠤᠲᠠ᠂ ᠳᠥᠷᠪᠡᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ | ᠬᠢᠨᠠᠨ ᠵᠢᠯᠣᠭᠤᠳᠬᠤ ᠰᠠᠯᠠᠭ᠎ᠠ ᠮᠥᠴᠢᠷ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ︶ | ︵ᠶᠢᠰᠦ︶ ᠬᠤᠲᠠ ᠶᠢᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠰᠠᠶᠢᠲᠤᠷ ᠬᠢᠨ᠎ᠠ | 1 . ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠮᠢᠶᠠᠷᠬᠤ ᠶᠢ ᠠᠬᠢᠭᠤᠯᠤᠨ᠎ᠠ᠃ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠢᠩᠬᠢᠮ ᠵᠡᠷᠭᠡ ᠰᠠᠯᠠᠭ᠎ᠠ ᠮᠥᠴᠢᠷ ᠤᠨ ︿ᠠᠮᠢᠳᠤᠷᠠᠯ ᠤᠨ ᠬᠤᠭ ᠨᠣᠪᠰᠢ ᠶᠢ ᠲᠥᠷᠥᠯ | ᠬᠤᠪᠢᠶᠠᠬᠤ ᠠᠵᠢᠯ ᠢ ᠤᠯᠠᠮ ᠨᠢᠭᠡ ᠠᠯᠬᠤᠮ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ﹀ ᠢ ᠳᠠᠷᠤᠮᠠᠯᠯᠠᠨ | ᠶᠠᠪᠤᠭᠤᠯᠬᠤ ᠮᠡᠳᠡᠭᠳᠡᠯ︾ ︵ᠥᠪᠥᠷ ᠪᠠᠶᠢᠭᠤᠯᠤᠯᠲᠠ ᠬᠠᠮᠢᠶᠠᠷᠤᠯᠲᠠ 2021 ﹇122﹈ ᠳ᠋ᠤᠭᠠᠷ ᠲᠣᠭᠠᠲᠤ︶ ᠤᠨ | ᠱᠠᠭᠠᠷᠳᠠᠯᠭ᠎ᠠ ᠶᠣᠰᠣᠭᠠᠷ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠢᠳᠡᠪᠬᠢᠲᠡᠶ | ᠥᠷᠨᠢᠭᠦᠯᠵᠦ᠂ ᠵᠢᠨᠢᠩ ᠲᠣᠭᠤᠷᠢᠭ᠂ ᠹᠧᠩᠵᠧᠨ ᠬᠤᠲᠠ ᠨᠢ ᠠᠮᠢᠳᠤᠷᠠᠯ ᠤᠨ ᠬᠤᠭ ᠨᠣᠪᠰᠢ ᠶᠢ ᠲᠥᠷᠥᠯ | ᠬᠤᠪᠢᠶᠠᠬᠤ ᠠᠵᠢᠯ ᠤᠨ ᠲᠦᠷᠢᠮ ᠢ ᠲᠦᠷᠭᠡᠳᠬᠡᠨ ᠲᠡᠭᠦᠯᠳᠡᠷᠵᠢᠭᠦᠯᠵᠦ᠂ ᠳᠥᠷᠪᠡᠳ ᠬᠤᠰᠢᠭᠤ ᠬᠡᠷᠡᠭᠵᠢᠭᠦᠯᠬᠦ | ᠲᠥᠰᠦᠯ ᠢᠶᠠᠨ ᠲᠦᠷᠭᠡᠳᠬᠡᠨ ᠲᠣᠭᠲᠠᠭᠠᠬᠤ ᠬᠡᠷᠡᠭᠲᠡᠢ᠃ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ | ᠲᠠᠯᠪᠢᠬᠤ᠂ ᠲᠥᠷᠥᠯ ᠬᠤᠪᠢᠶᠠᠨ ᠴᠤᠭᠯᠠᠭᠤᠯᠬᠤ᠂ ᠲᠥᠷᠥᠯ ᠬᠤᠪᠢᠶᠠᠨ ᠲᠡᠭᠡᠭᠡᠪᠦᠷᠢᠯᠡᠬᠦ᠂ ᠲᠥᠷᠥᠯ ᠬᠤᠪᠢᠶᠠᠨ | ᠰᠢᠶᠳᠪᠦᠷᠢᠯᠡᠬᠦ ᠯᠦᠭᠡ ᠬᠠᠷᠢᠯᠴᠠᠨ ᠳᠣᠭᠢᠷᠠᠯᠴᠠᠭᠰᠠᠨ ᠬᠤᠭ ᠨᠣᠪᠰᠢ ᠰᠢᠶᠳᠪᠦᠷᠢᠯᠡᠬᠦ ᠰᠢᠰᠲ᠋ᠧᠮ ᠢ ᠲᠦᠷᠭᠡᠳᠬᠡᠨ | ᠪᠠᠶᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠶᠳᠪᠦᠷᠢᠯᠡᠬᠦ ᠲᠤᠷᠰᠢᠯᠲᠠ ᠶᠢᠨ ᠴᠡᠭ ᠢ | ᠥᠷᠨᠢᠭᠦᠯᠦᠨ᠂ ᠤᠷᠮᠠᠰᠢᠭᠤᠯᠬᠤ ᠪᠠ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ | ᠨᠡᠶᠢᠲᠡᠯᠢᠭ ᠵᠢᠱᠢᠶ᠎ᠡ ᠪᠠᠷ ᠬᠥᠲᠥᠯᠦᠨ ᠳᠠᠭᠠᠭᠤᠯᠬᠤ ᠶᠢ ᠴᠢᠬᠤᠯᠠᠴᠢᠯᠠᠨ᠂ ᠤᠬᠠᠭᠤᠯᠭ᠎ᠠ ᠬᠥᠮᠦᠵᠢᠯ ᠤᠨ ᠡᠷᠴᠢᠮ ᠢᠶᠠᠨ | ᠴᠢᠩᠭᠠᠷᠠᠭᠤᠯᠵᠤ᠂ ᠬᠤᠭ ᠨᠣᠪᠰᠢ ᠶᠢ ᠲᠥᠷᠥᠯ ᠬᠤᠪᠢᠶᠠᠨ ᠵᠢᠱᠢᠶ᠎ᠡ ᠦᠵᠡᠭᠦᠯᠬᠦ ᠲᠣᠭᠤᠷᠢᠭ ᠪᠣᠯᠤᠨ ᠤᠬᠠᠭᠤᠯᠭ᠎ᠠ | ᠬᠥᠮᠦᠵᠢᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ 2021 ᠣᠨ ᠤ ᠡᠴᠦᠰ | ᠪᠣᠯᠬᠤ ᠳᠤ᠂ ᠵᠢᠨᠢᠩ ᠲᠣᠭᠤᠷᠢᠭ ᠤᠨ ᠬᠠᠭᠠᠰ ᠠᠴᠠ ᠳᠡᠭᠡᠭᠰᠢᠬᠢ ᠵᠡᠭᠡᠯᠢ ᠭᠤᠳᠤᠮᠵᠢ ᠳᠤ ᠬᠤᠭ ᠨᠣᠪᠰᠢ ᠶᠢ ᠲᠥᠷᠥᠯ | ᠬᠤᠪᠢᠶᠠᠨ ᠵᠢᠱᠢᠶ᠎ᠡ ᠦᠵᠡᠭᠦᠯᠬᠦ ᠲᠣᠭᠤᠷᠢᠭ ᠢ ᠦᠨᠳᠦᠰᠦᠨ ᠳᠡᠭᠡᠨ ᠪᠠᠶᠢᠭᠤᠯᠵᠤ᠂ ᠣᠯᠠᠨ ᠨᠡᠶᠢᠲᠡ ᠶᠢᠨ | ᠪᠠᠶᠢᠭᠤᠯᠤᠮᠵᠢ ᠶᠢᠨ ᠣᠨᠣᠪᠴᠢᠲᠠᠶ ᠪᠠᠷ ᠲᠥᠷᠥᠯ ᠬᠤᠪᠢᠶᠠᠨ ᠲᠠᠯᠪᠢᠬᠤ ᠨᠣᠷᠮ᠎ᠠ ᠶᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠹᠧᠩᠵᠧᠨ ᠬᠤᠲᠠ᠂ ᠳᠥᠷᠪᠡᠳ ᠬᠤᠰᠢᠭᠤᠨ ᠳᠤ ᠬᠠᠮᠢᠶ᠎ᠠ ᠪᠥᠬᠦᠶ ᠠᠵᠢᠯ ᠢ ᠡᠮᠬᠢ ᠵᠢᠷᠤᠮ ᠲᠠᠢ | ᠥᠷᠨᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠵᠢᠨᠢᠩ ᠲᠣᠭᠤᠷᠢᠭ᠂ ᠹᠧᠩᠵᠧᠨ ᠬᠤᠲᠠ᠂ ᠳᠥᠷᠪᠡᠳ | ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠢᠨᠠᠨ ᠵᠢᠯᠣᠭᠤᠳᠬᠤ ᠰᠠᠯᠠᠭ᠎ᠠ ᠮᠥᠴᠢᠷ᠄ ᠬᠤᠲᠠ ᠶᠢᠨ ᠨᠠᠮ ᠤᠨ | ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ︶ | 2 . ᠬᠤᠭ ᠨᠣᠪᠰᠢ ᠰᠢᠶᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠤᠨ᠎ᠠ᠃ ᠬᠤᠭ ᠨᠣᠪᠰᠢ ᠰᠢᠢᠳᠪᠦᠷᠢᠯᠡᠬᠦ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢᠨ ᠲᠤᠰᠬᠠᠢ | ᠵᠦᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠣᠷᠣᠨ ᠪᠦᠰᠡ ᠶᠢᠨ ᠨᠢᠭᠡᠳᠦᠯᠲᠡᠢ ᠲᠥᠯᠥᠪᠯᠡᠬᠦ ᠶᠢ | ᠴᠢᠩᠭᠠᠳᠬᠠᠨ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠪᠡᠯᠡᠳᠬᠡᠮᠵᠢ ᠶᠢᠨ ᠪᠥᠳᠥᠭᠡᠨ | ᠪᠠᠶᠢᠭᠤᠯᠤᠯᠲᠠ ᠶᠢ ᠵᠦᠢ ᠵᠣᠬᠢᠰᠲᠠᠢ ᠪᠠᠶᠢᠷᠢᠯᠠᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ | ᠰᠢᠢᠳᠪᠦᠷᠢᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠲᠤᠰ ᠭᠠᠵᠠᠷ ᠣᠷᠣᠨ ᠤ ᠠᠮᠢᠳᠤᠷᠠᠯ ᠤᠨ ᠬᠤᠭ | ᠨᠣᠪᠰᠢ ᠶᠢᠨ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠵᠦ᠂ ᠵᠣᠬᠢᠬᠤ ᠬᠡᠮᠵᠢᠶ᠎ᠡ ᠪᠠᠷ | ᠤᠷᠢᠳᠴᠢᠯᠠᠭᠤᠯᠬᠤ ᠵᠠᠷᠴᠢᠮ ᠶᠣᠰᠣᠭᠠᠷ᠂ ᠠᠮᠢᠳᠤᠷᠠᠯ ᠤᠨ ᠬᠤᠭ ᠨᠣᠪᠰᠢ ᠰᠢᠲᠠᠭᠠᠬᠤ ᠦᠢᠯᠡᠳᠪᠦᠷᠢ᠂ ᠲᠣᠭᠤᠭᠠᠨ | ᠭᠡᠷ ᠤᠨ ᠬᠤᠭ ᠨᠣᠪᠰᠢ ᠶᠢ ᠰᠢᠶᠳᠪᠦᠷᠢᠯᠡᠬᠦ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠪᠠᠷᠢᠮᠵᠢᠶ᠎ᠠ ᠳᠤ ᠦᠯᠦ ᠬᠦᠷᠦᠭᠰᠡᠨ ᠰᠢᠶᠳᠪᠦᠷᠢᠯᠡᠬᠦ ᠪᠡᠯᠡᠳᠬᠡᠮᠵᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ | ᠥᠭᠡᠷᠡᠴᠢᠯᠡᠵᠦ᠂ ᠰᠢᠶᠳᠪᠦᠷᠢᠯᠡᠬᠦ ᠪᠡᠯᠡᠳᠬᠡᠮᠵᠢ ᠶᠢᠨ ᠳᠤᠲᠠᠭᠤᠳᠠᠯ ᠢ ᠲᠦᠷᠭᠡᠳᠬᠡᠨ ᠨᠥᠬᠦᠪᠥᠷᠢᠯᠡᠨ᠎ᠡ᠃ 2021 | ᠣᠨ ᠤ ᠡᠴᠦᠰ ᠪᠣᠯᠬᠤ ᠳᠤ᠂ ᠵᠢᠨᠢᠩ ᠲᠣᠭᠤᠷᠢᠭ ᠵᠢᠴᠢ ᠡᠷᠬᠢᠨ ᠲᠣᠭᠤᠷᠢᠨ ᠤ ᠭᠠᠵᠠᠷ ᠣᠷᠣᠨ ᠳᠤ ᠠᠮᠢᠳᠤᠷᠠᠯ ᠤᠨ | ᠬᠤᠭ ᠨᠣᠪᠰᠢ ᠶᠢ ᠲᠥᠪᠯᠡᠷᠡᠭᠦᠯᠦᠨ ᠰᠢᠲᠠᠭᠠᠵᠤ ᠰᠢᠶᠳᠪᠦᠷᠢᠯᠡᠬᠦ ᠶᠢ ᠪᠡᠶᠡᠯᠡᠭᠦᠯᠵᠦ᠂ ᠵᠢᠨᠢᠩ ᠲᠣᠭᠤᠷᠢᠭ ᠤᠨ | ᠠᠮᠢᠳᠤᠷᠠᠯ ᠤᠨ ᠬᠤᠭ ᠨᠣᠪᠰᠢ ᠶᠢ ᠰᠢᠶᠳᠪᠦᠷᠢᠯᠡᠬᠦ ᠨᠣᠷᠮ᠎ᠠ ᠶᠢ ᠢᠯᠡᠳᠲᠡ ᠳᠡᠭᠡᠭᠰᠢᠯᠡᠭᠦᠯᠦᠨ᠎ᠡ᠃ ᠹᠧᠩᠵᠧᠨ ᠬᠤᠲᠠ᠂ | ᠳᠥᠷᠪᠡᠳ ᠬᠤᠰᠢᠭᠤ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠲᠣᠨᠤᠭ | ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠬᠦ ᠠᠵᠢᠯ ᠢ ᠡᠮᠬᠢ ᠵᠢᠷᠤᠮ ᠲᠠᠢ ᠥᠷᠨᠢᠭᠦᠯᠦᠨ᠎ᠡ᠃ ︵ | ᠬᠠᠷᠢᠭᠤᠴᠠᠯᠭᠠᠲᠤ ᠨᠢᠭᠡᠴᠢ᠄ ᠵᠢᠨᠢᠩ ᠲᠣᠭᠤᠷᠢᠭ᠂ ᠹᠧᠩᠵᠧᠨ ᠬᠤᠲᠠ᠂ ᠳᠥᠷᠪᠡᠳ ᠬᠤᠰᠢᠭᠤᠨ ᠤ ᠠᠷᠠᠳ ᠤᠨ | ᠵᠠᠰᠠᠭ ᠤᠨ ᠣᠷᠳᠣᠨ᠂ ᠬᠢᠨᠠᠨ ᠵᠢᠯᠣᠭᠤᠳᠬᠤ ᠰᠠᠯᠠᠭ᠎ᠠ ᠮᠥᠴᠢᠷ᠄ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ︶ | 3 . ᠪᠠᠷᠢᠯᠭ᠎ᠠ ᠶᠢᠨ ᠬᠤᠭ ᠨᠣᠪᠰᠢ ᠶᠢ ᠠᠷᠢᠯᠭᠠᠵᠤ ᠰᠢᠶᠳᠪᠦᠷᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ | ᠲᠦᠯᠬᠢᠨ ᠠᠬᠢᠭᠤᠯᠤᠨ᠎ᠠ᠃ ᠪᠠᠷᠢᠯᠭ᠎ᠠ ᠶᠢᠨ ᠬᠤᠭ ᠨᠣᠪᠰᠢ ᠶᠢ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠠᠷᠢᠯᠭ᠎ᠠ ᠶᠢᠨ ᠬᠤᠭ ᠨᠣᠪᠰᠢ ᠶᠢ ᠳᠤᠷ᠎ᠠ ᠪᠠᠷ ᠬᠠᠶᠠᠬᠤ ᠦᠵᠡᠭᠳᠡᠯ ᠢ | ᠪᠠᠭᠠᠰᠬᠠᠨ᠎ᠠ︔ ᠪᠠᠷᠢᠯᠭ᠎ᠠ ᠶᠢᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠮᠡᠷᠭᠡᠵᠢᠯ ᠢ ᠳᠡᠯᠭᠡᠷᠡᠭᠦᠯᠵᠦ᠂ | ᠠᠵᠤ ᠠᠬᠤᠶᠢᠯᠠᠯ ᠤᠨ ᠪᠠᠷᠢᠯᠭ᠎ᠠ ᠶᠢᠨ ᠬᠤᠭ ᠨᠣᠪᠰᠢ ᠶᠢ ᠳᠠᠬᠢᠨ ᠠᠰᠢᠭᠯᠠᠬᠤ ᠠᠵᠢᠯ ᠥᠷᠨᠢᠭᠦᠯᠬᠦ ᠶᠢ | ᠵᠣᠷᠢᠭᠵᠢᠭᠤᠯᠤᠨ᠎ᠠ᠃ ᠪᠠᠷᠢᠯᠭ᠎ᠠ ᠶᠢᠨ ᠬᠤᠭ ᠨᠣᠪᠰᠢ ᠠᠷᠢᠯᠭᠠᠵᠤ ᠰᠢᠩᠭᠡᠭᠡᠬᠦ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠳᠠᠮᠵᠢᠭᠤᠯᠤᠨ ᠲᠡᠭᠡᠭᠡᠪᠦᠷᠢᠯᠡᠵᠦ ᠲᠣᠬᠢᠷᠠᠭᠤᠯᠬᠤ᠂ ᠠᠷᠢᠯᠭᠠᠵᠤ | ᠰᠢᠶᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠭᠠᠵᠠᠷ ᠢ ᠵᠦᠢ ᠵᠣᠬᠢᠰᠲᠠᠶ ᠪᠠᠶᠢᠷᠢᠯᠠᠭᠤᠯᠵᠤ᠂ ᠬᠤᠲᠠ ᠶᠢᠨ | ᠬᠥᠭᠵᠢᠯᠲᠡ ᠯᠦᠭᠡ ᠬᠠᠷᠢᠯᠴᠠᠨ ᠲᠣᠬᠢᠷᠠᠯᠴᠠᠭᠰᠠᠨ ᠪᠠᠷᠢᠯᠭ᠎ᠠ ᠶᠢᠨ ᠬᠤᠭ ᠨᠣᠪᠰᠢ ᠠᠷᠢᠯᠭᠠᠵᠤ ᠰᠢᠶᠳᠪᠦᠷᠢᠯᠡᠬᠦ | ᠰᠢᠰᠲ᠋ᠧᠮᠵᠢ ᠶᠢ ᠪᠣᠶ ᠪᠣᠯᠭᠠᠨ᠎ᠠ᠃ 2021 ᠣᠨ ᠤ ᠡᠴᠦᠰ ᠪᠣᠯᠬᠤ ᠳᠤ᠂ ᠵᠢᠨᠢᠩ ᠲᠣᠭᠤᠷᠢᠭ᠂ ᠹᠧᠩᠵᠧᠨ ᠬᠤᠲᠠ | ᠂ ᠳᠥᠷᠪᠡᠳ ᠬᠤᠰᠢᠭᠤ ᠪᠠᠷᠢᠯᠭ᠎ᠠ ᠶᠢᠨ ᠬᠤᠭ ᠨᠣᠪᠰᠢ ᠠᠷᠢᠯᠭᠠᠬᠤ ᠲᠠᠯᠠᠪᠤᠷ ᠤᠨ ᠭᠠᠵᠠᠷ ᠰᠣᠩᠭᠤᠬᠤ ᠵᠢᠷᠤᠭ | ᠲᠥᠯᠥᠪᠯᠡᠭᠡ ᠶᠢᠨ ᠠᠵᠢᠯ ᠢ ᠦᠨᠳᠦᠰᠦᠨ ᠳᠡᠭᠡᠨ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠵᠢᠨᠢᠩ | ᠲᠣᠭᠤᠷᠢᠭ᠂ ᠹᠧᠩᠵᠧᠨ ᠬᠤᠲᠠ᠂ ᠳᠥᠷᠪᠡᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠢᠨᠠᠨ | ᠵᠢᠯᠣᠭᠤᠳᠬᠤ ᠰᠠᠯᠠᠭ᠎ᠠ ᠮᠥᠴᠢᠷ᠄ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ︶ | ︵ᠠᠷᠪᠠ︶ ᠤᠰᠤᠨ ᠤ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠨ᠎ᠠ | ᠬᠤᠲᠠ ᠶᠢᠨ ᠤᠰᠤᠲᠤᠯ ᠢ ᠵᠠᠰᠠᠬᠤ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠬᠤᠲᠠ ᠪᠠᠯᠭᠠᠰᠤᠨ ᠤ ᠪᠣᠬᠢᠷ | ᠤᠰᠤᠨ ᠤ ᠬᠤᠭᠤᠯᠠᠢ ᠭᠤᠤᠷᠰᠤ ᠶᠢᠨ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ | ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠂ | ᠬᠤᠲᠠ ᠶᠢᠨ ᠪᠣᠬᠢᠷ ᠦᠮᠡᠬᠡᠢ ᠤᠰᠤᠨ ᠴᠣᠭᠴᠠ ᠶᠢ ᠵᠠᠰᠠᠬᠤ ᠦᠷ᠎ᠡ ᠪᠦᠲᠦᠮᠵᠢ ᠶᠢ ᠪᠠᠬᠢᠵᠢᠭᠦᠯᠦᠨ᠎ᠡ᠃ ᠬᠤᠷ᠎ᠠ | ᠤᠰᠤ ᠶᠢ ᠪᠦᠲᠦᠮᠵᠢᠲᠡᠢ ᠠᠰᠢᠭᠯᠠᠬᠤ ᠬᠤᠳᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠬᠤᠷ᠎ᠠ ᠤᠰᠤ ᠶᠢ | ᠪᠦᠲᠦᠮᠵᠢᠲᠡᠢ ᠠᠰᠢᠭᠯᠠᠬᠤ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠣᠶᠢᠯᠠᠭᠠᠭᠳᠠᠬᠤᠨ ᠢ ᠬᠤᠳᠠ ᠶᠢᠨ | ᠲᠥᠯᠥᠪᠵᠢᠭᠦᠯᠭᠡ᠂ ᠪᠦᠳᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠪᠦᠬᠦ ᠶᠠᠪᠤᠴᠠ ᠳᠤ ᠨᠠᠶᠢᠳᠠᠪᠤᠷᠢᠵᠢᠭᠤᠯᠤᠨ᠎ᠠ᠃ | ︵ᠬᠠᠷᠢᠭᠤᠴᠠᠯᠭᠠᠲᠤ ᠨᠢᠭᠡᠴᠢ᠄ ᠵᠢᠨᠢᠩ ᠲᠣᠭᠤᠷᠢᠭ᠂ ᠹᠧᠩᠵᠧᠨ ᠬᠤᠲᠠ᠂ ᠳᠥᠷᠪᠡᠳ ᠬᠤᠰᠢᠭᠤᠨ ᠤ ᠠᠷᠠᠳ ᠤᠨ | ᠵᠠᠰᠠᠭ ᠤᠨ ᠣᠷᠳᠣᠨ᠂ ᠬᠢᠨᠠᠨ ᠵᠢᠯᠣᠭᠤᠳᠬᠤ ᠰᠠᠯᠠᠭ᠎ᠠ ᠮᠥᠴᠢᠷ᠄ ᠬᠤᠲᠠ ᠶᠢᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ | ᠤᠰᠤᠨ ᠠᠰᠢᠭᠯᠠᠯᠲᠠ ᠶᠢᠨ ᠲᠣᠪᠴᠢᠶ᠎ᠠ︶ | ︵ᠠᠷᠪᠠᠨ ᠨᠢᠭᠡ︶ ᠵᠠᠮ ᠬᠠᠷᠢᠯᠴᠠᠭᠠᠨ ᠤ ᠲᠦᠭᠵᠢᠷᠡᠯ ᠢ ᠵᠠᠰᠠᠨ᠎ᠠ | 1 . ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠬᠥᠭᠵᠢᠭᠦᠯᠦᠨ᠎ᠡ᠃ ᠡᠯ᠎ᠡ ᠲᠦᠷᠦᠯ ᠤᠨ ᠤᠯᠠᠨ | ᠨᠡᠶᠢᠲᠡ ᠶᠢᠨ ᠵᠠᠮ ᠬᠠᠷᠢᠯᠴᠠᠭᠠᠨ ᠤ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢ | ᠰᠢᠯᠢᠳᠡᠭᠵᠢᠭᠦᠯᠵᠦ᠂ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠱᠤᠭᠤᠮ ᠤᠨ ᠲᠣᠣᠷ ᠢ ᠲᠤᠬᠢᠷᠠᠭᠤᠯᠤᠨ | ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠡᠭᠡᠯᠵᠢ ᠤᠳᠠᠭ᠎ᠠ ᠶᠢ ᠰᠢᠨᠵᠢᠯᠡᠬᠦ ᠤᠬᠠᠭᠠᠨᠴᠢ ᠪᠠᠷ | ᠨᠡᠮᠡᠭᠳᠡᠭᠦᠯᠵᠦ᠂ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠶᠠᠪᠤᠵᠤ ᠰᠠᠭᠤᠬᠤ ᠬᠠᠷᠢᠴᠠᠯ ᠢ ᠳᠡᠭᠡᠭᠰᠢᠯᠡᠭᠦᠯᠦᠨ᠎ᠡ᠃ | ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡᠨ ᠤ ᠲᠠᠪᠴᠠᠩ ᠪᠣᠯᠤᠨ ᠤᠶᠤᠨᠲᠤ ᠬᠡᠷᠡᠭᠯᠡᠭᠡᠨ ᠤ ᠳᠡᠰ | ᠳᠠᠷᠠᠭᠠᠯᠠᠯ ᠢ ᠪᠠᠶᠢᠭᠤᠯᠤᠨ ᠲᠡᠭᠦᠯᠳᠡᠷᠵᠢᠭᠦᠯᠵᠦ᠂ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ | ᠦᠢᠯᠡᠴᠢᠯᠡᠭᠡᠨ ᠤ ᠴᠢᠳᠠᠪᠤᠷᠢ ᠪᠣᠯᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ 2021 ᠣᠨ ᠤ ᠡᠴᠦᠰ | ᠪᠣᠯᠬᠤ ᠳᠤ᠂ ᠵᠢᠨᠢᠩ ᠲᠣᠭᠤᠷᠢᠭ᠂ ᠹᠧᠩᠵᠧᠨ ᠬᠤᠲᠠ᠂ ᠳᠥᠷᠪᠡᠳ ᠬᠤᠰᠢᠭᠤᠨ ᠤ ᠪᠣᠬᠢᠷᠲᠤᠯ ᠥᠬᠡᠶ ᠶᠠᠪᠤᠵᠤ | ᠰᠠᠭᠤᠬᠤ ᠶᠢ ᠬᠤᠪᠢᠶᠠᠨ ᠡᠭᠦᠷᠭᠡᠯᠡᠬᠦ ᠨᠣᠷᠮ᠎ᠠ ᠶᠢ 20 % ᠠᠴᠠ ᠳᠡᠭᠡᠭᠰᠢ ᠳᠤ ᠬᠦᠷᠦᠭᠦᠯᠦᠨ᠎ᠡ᠃ ︵ | ᠬᠠᠷᠢᠭᠤᠴᠠᠯᠭᠠᠲᠤ ᠨᠢᠭᠡᠴᠢ᠄ ᠵᠢᠨᠢᠩ ᠲᠣᠭᠤᠷᠢᠭ᠂ ᠹᠧᠩᠵᠧᠨ ᠬᠤᠲᠠ᠂ ᠳᠥᠷᠪᠡᠳ ᠬᠤᠰᠢᠭᠤᠨ ᠤ ᠠᠷᠠᠳ ᠤᠨ | ᠵᠠᠰᠠᠭ ᠤᠨ ᠣᠷᠳᠣᠨ᠂ ᠬᠢᠨᠠᠨ ᠵᠢᠯᠣᠭᠤᠳᠬᠤ ᠰᠠᠯᠠᠭ᠎ᠠ ᠮᠥᠴᠢᠷ᠄ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ︶ | 2 . ᠤᠳᠠᠭᠠᠨ ᠶᠠᠪᠤᠬᠤ ᠰᠢᠰᠲ᠋ᠧᠮ ᠢ ᠪᠠᠶᠢᠭᠤᠯᠤᠨ᠎ᠠ᠃ ᠮᠠᠰᠢᠨᠲᠤ ᠪᠤᠰᠤ ᠲᠡᠷᠭᠡᠨ ᠤ ᠵᠠᠮ᠂ ᠶᠠᠪᠠᠭᠠᠨ | ᠬᠥᠮᠦᠨ ᠤ ᠵᠠᠮ᠂ ᠨᠡᠶᠢᠲᠡ ᠶᠢᠨ ᠮᠠᠰᠢᠨ ᠲᠡᠷᠭᠡᠨ ᠤ ᠵᠠᠮ᠂ ᠵᠡᠮᠳᠡᠭ ᠬᠥᠮᠦᠰ ᠤᠨ ᠵᠠᠮ ᠵᠡᠷᠭᠡ ᠬᠤᠲᠠ ᠶᠢᠨ ᠤᠳᠠᠭᠠᠨ | ᠶᠠᠪᠤᠬᠤ ᠵᠠᠮ ᠤᠨ ᠲᠤᠤᠷ ᠢ ᠲᠡᠭᠦᠯᠳᠡᠷᠵᠢᠭᠦᠯᠵᠦ᠂ ᠲᠦᠷᠭᠡᠨ ᠤᠳᠠᠭᠠᠨ ᠶᠠᠪᠤᠬᠤ ᠵᠠᠮ ᠬᠠᠷᠢᠯᠴᠠᠭᠠᠨ ᠤ | ᠮᠥᠷᠭᠦᠯᠳᠦᠭᠡᠨ᠂ ᠤᠳᠠᠭᠠᠨ ᠶᠠᠪᠤᠬᠤ ᠭᠤᠤᠯ ᠴᠣᠭᠴᠠ ᠶᠢᠨ ᠶᠠᠪᠤᠵᠤ ᠰᠠᠭᠤᠬᠤ ᠳᠤ ᠬᠦᠴᠢᠷᠲᠡᠶ ᠪᠠᠶᠢᠬᠤ ᠵᠡᠷᠭᠡ | ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠨ᠎ᠡ᠃ ᠣᠯᠠᠨ ᠨᠡᠶᠢᠲᠡ ᠶᠢᠨ ᠳᠤᠭᠤᠶ ᠲᠡᠷᠭᠡ᠂ ᠴᠠᠬᠢᠯᠭᠠᠨ | ᠬᠥᠳᠡᠯᠭᠡᠭᠦᠷᠲᠦ ᠲᠡᠷᠭᠡ ᠶᠢ ᠵᠣᠭᠰᠣᠭᠠᠬᠤ ᠬᠠᠮᠢᠶᠠᠷᠤᠯᠲᠠ ᠶᠢ ᠴᠢᠩᠭᠠᠳᠬᠠᠵᠤ᠂ ᠬᠠᠮᠲᠤ ᠳᠤ ᠪᠠᠨ ᠡᠳ᠋ᠯᠡᠬᠦ ᠳᠤᠭᠤᠶ | ᠲᠡᠷᠭᠡ ᠲᠦᠷᠢᠶᠡᠰᠦᠯᠡᠭᠦᠯᠬᠦ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ | ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠣᠷᠣᠭᠤᠯᠬᠤ ᠲᠤᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠵᠦᠶ | ᠵᠣᠬᠢᠰᠲᠠᠶ ᠬᠠᠮᠢᠶᠠᠷᠤᠨ ᠡᠵᠡᠮᠳᠡᠨ᠎ᠡ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ | ᠬᠤᠲᠠ ᠶᠢᠨ ᠨᠣᠭᠤᠭᠠᠨ ᠬᠤᠩᠬᠢᠯ ᠤᠨ ᠨᠣᠭᠤᠭᠠᠨ ᠵᠠᠮ᠂ ᠬᠤᠲᠠ ᠲᠣᠭᠤᠷᠢᠭᠰᠠᠨ ᠣᠶ ᠶᠢᠨ ᠪᠦᠰᠡ ᠵᠡᠷᠭᠡ ᠠᠮᠢ | ᠠᠬᠤᠶ ᠶᠢᠨ ᠣᠷᠣᠨ ᠵᠠᠶ ᠶᠢ ᠪᠦᠲᠦᠭᠡᠨ ᠪᠠᠶᠢᠭᠤᠯᠵᠤ᠂ ᠬᠤᠲᠠ ᠶᠢᠨ ᠤᠳᠠᠭᠠᠨ ᠶᠠᠪᠤᠬᠤ ᠪᠠ ᠰᠡᠯᠡᠭᠦᠴᠡᠨ ᠠᠮᠠᠷᠠᠬᠤ | ᠰᠢᠰᠲ᠋ᠧᠮᠵᠢ ᠶᠢ ᠲᠡᠭᠦᠯᠳᠡᠷᠵᠢᠭᠦᠯᠦᠨ᠂ ᠭᠤᠣᠯ ᠪᠠ ᠳᠡᠳ᠋ ᠭᠤᠣᠯ ᠵᠠᠮ ᠤᠨ ᠣᠶ ᠶᠢᠨ ᠰᠡᠭᠦᠳᠡᠷᠲᠦ ᠵᠠᠮ ᠤᠨ | ᠪᠦᠷᠬᠦᠴᠡ ᠶᠢᠨ ᠲᠠᠯᠠᠪᠠᠶ ᠶᠢ ᠠᠯᠬᠤᠮ ᠠᠯᠬᠤᠮ ᠢᠶᠠᠷ ᠥᠷᠭᠡᠳᠬᠡᠨ᠎ᠡ᠃ ︵ᠬᠠᠷᠢᠭᠤᠴᠠᠯᠭᠠᠲᠤ ᠨᠢᠭᠡᠴᠢ᠄ ᠵᠢᠨᠢᠩ | ᠲᠣᠭᠤᠷᠢᠭ᠂ ᠹᠧᠩᠵᠧᠨ ᠬᠤᠲᠠ᠂ ᠳᠥᠷᠪᠡᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠢᠨᠠᠨ | ᠵᠢᠯᠣᠭᠤᠳᠬᠤ ᠰᠠᠯᠠᠭ᠎ᠠ ᠮᠥᠴᠢᠷ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ︶ | 3 . ᠵᠠᠮ ᠬᠠᠷᠢᠯᠴᠠᠭᠠᠨ ᠤ ᠪᠡᠯᠡᠳᠬᠡᠮᠵᠢ ᠶᠢ ᠰᠢᠯᠢᠳᠡᠭᠵᠢᠭᠦᠯᠦᠨ᠎ᠡ᠃ ᠵᠠᠮ ᠬᠠᠷᠢᠯᠴᠠᠭᠠᠨ ᠤ ᠲᠡᠮᠳᠡᠭ᠂ | ᠵᠢᠷᠤᠭᠠᠰᠤ᠂ ᠲᠤᠰᠠᠭᠠᠷᠯᠠᠬᠤ ᠪᠡᠯᠡᠳᠬᠡᠮᠵᠢ ᠶᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ ᠲᠣᠬᠢᠷᠠᠭᠤᠯᠵᠤ᠂ ᠵᠠᠮ | ᠬᠠᠷᠢᠯᠴᠠᠭᠠᠨ ᠤ ᠳᠣᠬᠢᠶᠠᠨ ᠤ ᠴᠠᠭ ᠤᠨ ᠲᠣᠬᠢᠷᠠᠭᠤᠯᠤᠯᠲᠠ ᠪᠠ ᠵᠠᠮ ᠬᠠᠷᠢᠯᠴᠠᠭᠠᠨ ᠤ ᠵᠣᠬᠢᠶᠠᠨ ᠪᠠᠶᠢᠭᠤᠯᠬᠤ | ᠲᠥᠰᠦᠯ ᠢ ᠰᠢᠯᠢᠳᠡᠭᠵᠢᠭᠦᠯᠦᠨ᠂ ᠤᠶᠤᠨᠲᠤ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ | ᠲᠦᠯᠬᠢᠨ ᠠᠬᠢᠭᠤᠯᠵᠤ᠂ ᠰᠦᠯᠵᠢᠶᠡᠵᠢᠭᠦᠯᠦᠨ ᠬᠤᠯᠪᠣᠭᠠᠯᠠᠨ ᠡᠵᠡᠮᠳᠡᠬᠦ ᠵᠠᠮ ᠬᠠᠷᠢᠯᠴᠠᠭᠠᠨ ᠤ ᠳᠣᠬᠢᠶᠠᠨ ᠤ | ᠰᠢᠰᠲ᠋ᠧᠮ ᠢ ᠳᠡᠯᠭᠡᠷᠡᠭᠦᠯᠦᠨ᠎ᠡ᠃ ᠲᠡᠷᠭᠡ ᠵᠣᠭᠰᠣᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢ ᠴᠢᠩᠭᠠᠳᠬᠠᠨ᠎ᠠ᠃ ︵ᠬᠠᠷᠢᠭᠤᠴᠠᠯᠭᠠᠲᠤ ᠨᠢᠭᠡᠴᠢ᠄ ᠵᠢᠨᠢᠩ ᠲᠣᠭᠤᠷᠢᠭ᠂ ᠹᠧᠩᠵᠧᠨ ᠬᠤᠲᠠ᠂ | ᠳᠥᠷᠪᠡᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠢᠨᠠᠨ ᠵᠢᠯᠣᠭᠤᠳᠬᠤ ᠰᠠᠯᠠᠭ᠎ᠠ ᠮᠥᠴᠢᠷ᠄ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ︶ | ︵ᠠᠷᠪᠠᠨ ᠬᠤᠶᠠᠷ︶ ᠬᠤᠲᠠ ᠶᠢᠨ ᠳᠦᠷᠢ ᠲᠥᠷᠬᠦ ᠶᠢᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ | ᠳᠡᠭᠡᠭᠰᠢᠯᠡᠭᠦᠯᠦᠨ᠎ᠡ | 1 . ᠬᠤᠲᠠ ᠶᠢᠨ ᠳᠦᠷᠢ ᠲᠥᠷᠬᠦ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠨᠢᠭᠡ ᠳᠤ ︽ᠵᠢᠷᠭᠤᠭᠠᠨ | ᠡᠮᠬᠢ ᠵᠠᠮᠪᠠᠷᠠᠭ᠎ᠠ ᠦᠭᠡᠢ︾ ᠶᠢ ᠲᠤᠰᠬᠠᠶᠢᠯᠠᠨ ᠵᠠᠰᠠᠬᠤ ᠠᠵᠢᠯ ᠢ ᠬᠦᠴᠦᠯᠡᠨ ᠰᠠᠶᠢᠲᠤᠷ ᠬᠢᠵᠦ᠂ ᠴᠠᠭᠠᠵᠠᠯᠠᠬᠤ᠂ | ᠵᠠᠯᠠᠵᠤ ᠵᠢᠯᠣᠭᠤᠳᠬᠤ᠂ ᠵᠢᠷᠤᠮᠵᠢᠭᠤᠯᠬᠤ ᠭᠤᠷᠪᠠᠨ ᠵᠦᠶᠯ ᠤᠨ ᠠᠷᠭ᠎ᠠ ᠵᠠᠮ ᠢᠶᠠᠷ᠂ ᠠᠷᠠᠳ ᠲᠤ ᠳᠥᠭᠦᠮ | ᠦᠵᠡᠭᠦᠯᠬᠦ ᠵᠠᠬ᠎ᠠ ᠳᠡᠯᠭᠡᠭᠦᠷ᠂ ᠳᠡᠯᠭᠡᠭᠡ ᠠᠷᠠᠯᠵᠢᠶ᠎ᠠ ᠪᠠ ᠤᠯᠠᠷᠢᠯ ᠤᠨ ᠴᠢᠨᠠᠷᠲᠠᠶ ᠵᠠᠬ᠎ᠠ ᠳᠡᠯᠭᠡᠭᠦᠷ ᠢ ᠰᠢᠨᠵᠢᠯᠡᠬᠦ | ᠤᠬᠠᠭᠠᠨᠴᠢ ᠪᠥᠭᠡᠳ ᠵᠦᠶ ᠵᠣᠬᠢᠰᠲᠠᠶ ᠪᠠᠶᠢᠷᠢᠯᠠᠭᠤᠯᠵᠤ᠂ ᠭᠤᠤᠯ ᠵᠠᠮ᠂ ᠬᠥᠭᠵᠢᠶᠡᠨᠲᠦ ᠬᠤᠳᠠᠯᠳᠤᠭᠠᠨ ᠤ ᠲᠣᠭᠤᠷᠢᠭ | ᠂ ᠰᠤᠷᠭᠠᠭᠤᠯᠢ ᠶᠢᠨ ᠬᠦᠷᠢᠶ᠎ᠡ᠂ ᠡᠮᠨᠡᠯᠭᠡ ᠶᠢᠨ ᠬᠤᠷᠢᠶ᠎ᠠ᠂ ᠭᠠᠯᠲᠤ ᠲᠡᠷᠭᠡᠨ ᠥᠷᠲᠡᠭᠡ᠂ ᠠᠶᠠᠨᠴᠢᠳ ᠤᠨ | ᠲᠡᠭᠡᠭᠡᠪᠦᠷᠢ ᠶᠢᠨ ᠥᠷᠲᠡᠭᠡ ᠶᠢᠨ ᠡᠷᠭᠢᠨ ᠲᠣᠭᠤᠷᠢᠨ ᠪᠠ ᠵᠡᠭᠡᠯᠢ ᠳᠠᠭᠠᠤ ᠵᠢᠵᠢᠭ ᠭᠤᠳᠤᠮᠵᠢ᠂ ᠬᠤᠲᠠ ᠬᠥᠳᠡᠭᠡ ᠶᠢᠨ | ᠠᠭᠤᠯᠵᠠᠷ ᠬᠡᠰᠡᠭ ᠤᠨ ᠵᠠᠮ ᠡᠵᠡᠯᠡᠨ ᠡᠵᠡᠩᠨᠡᠬᠦ᠂ ᠳᠡᠯᠭᠡᠭᠦᠷ ᠤᠨ ᠭᠠᠳᠠᠨ᠎ᠠ ᠳᠡᠯᠭᠡᠭᠡ ᠮᠠᠶᠢᠮᠠᠶ ᠭᠠᠷᠭᠠᠬᠤ᠂ ᠵᠠᠰᠠᠮᠠᠯ | ᠵᠠᠮ ᠤᠨ ᠵᠠᠬ᠎ᠠ ᠳᠡᠯᠭᠡᠭᠦᠷ᠂ ᠭᠤᠷᠪᠠᠨ ᠡᠮᠬᠢ ᠵᠠᠮᠪᠠᠷᠠᠭ᠎ᠠ ᠦᠭᠡᠢ ᠵᠢᠵᠢᠭ ᠵᠠᠷ ᠮᠡᠳᠡᠭᠡ᠂ ᠵᠠᠮ ᠡᠵᠡᠯᠡᠨ ᠲᠡᠷᠭᠡ | ᠤᠬᠢᠶᠠᠬᠤ᠂ ᠵᠠᠮ ᠡᠵᠡᠯᠡᠨ ᠠᠵᠢᠯᠯᠠᠬᠤ᠂ ᠵᠠᠮ ᠡᠵᠡᠯᠡᠬᠦ ᠰᠠᠷᠠᠪᠴᠢᠲᠤ ᠫᠧᠩ᠂ ᠬᠤᠭ ᠨᠣᠪᠰᠢ ᠪᠣᠬᠢᠷ ᠤᠰᠤ ᠪᠠᠨ | ᠳᠤᠷ᠎ᠠ ᠪᠠᠷ ᠢᠶᠠᠨ ᠬᠠᠶᠠᠬᠤ᠂ ᠭᠠᠵᠠᠷ ᠪᠣᠯᠭᠠᠨ ᠳᠤ ᠪᠡᠶ᠎ᠡ ᠵᠠᠰᠠᠬᠤ ᠵᠡᠷᠭᠡ ᠠᠵᠢᠯᠯᠠᠭ᠎ᠠ ᠶᠢ ᠭᠤᠣᠯᠴᠢᠯᠠᠨ ᠴᠡᠭᠴᠡᠯᠡᠨ | ᠵᠠᠰᠠᠵᠤ᠂ ᠪᠠᠶᠢᠩᠭᠤᠵᠢᠭᠰᠠᠨ ᠬᠠᠮᠢᠶᠠᠷᠤᠯᠲᠠ ᠶᠢ ᠪᠡᠶᠡᠯᠡᠭᠦᠯᠦᠨ᠎ᠡ᠃ ︽ᠡᠭᠦᠳᠡᠨ ᠡᠮᠦᠨᠡᠬᠢ ᠲᠠᠪᠤ ᠶᠢ ᠳᠠᠭᠠᠭᠠᠴᠢᠯᠠᠬᠤ︾ | ᠬᠠᠷᠢᠭᠤᠴᠠᠯᠭ᠎ᠠ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠪᠦᠬᠦ | ᠴᠠᠷᠠᠭᠠᠨ ᠤ ᠵᠠᠰᠠᠭ ᠵᠠᠬᠢᠷᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠤᠨ ᠵᠡᠭᠡᠯᠢ ᠳᠠᠭᠠᠤ ᠶᠢᠨ | ᠬᠤᠳᠠᠯᠳᠤᠭᠠᠴᠢᠨ ᠡᠷᠦᠬᠡ ᠶᠢᠨ ᠭᠡᠷ᠎ᠡ ᠲᠣᠭᠲᠠᠭᠰᠠᠨ ᠨᠣᠷᠮ᠎ᠠ ᠪᠣᠯᠤᠨ ᠭᠡᠷ᠎ᠡ ᠪᠠᠨ ᠭᠦᠢᠴᠡᠳᠬᠡᠭᠰᠡᠨ ᠨᠣᠷᠮ᠎ᠠ ᠶᠢ | 100 % ᠳᠤ ᠬᠦᠷᠦᠭᠦᠯᠵᠦ᠂ ᠲᠣᠭᠤᠷᠢᠨ ᠪᠠᠶᠢᠴᠠᠭᠠᠬᠤ᠂ ᠬᠢᠨᠠᠯᠲᠠ ᠲᠠᠯᠪᠢᠬᠤ᠂ ᠱᠠᠩᠨᠠᠵᠤ ᠲᠣᠷᠭᠠᠬᠤ᠂ ᠰᠢᠯᠭᠠᠨ | ᠦᠨᠡᠯᠡᠬᠦ ᠪᠠ ᠢᠲᠡᠭᠡᠮᠵᠢ ᠵᠡᠷᠭᠡ ᠲᠣᠭᠲᠠᠴᠠ ᠪᠠᠷ ᠳᠠᠮᠵᠢᠭᠤᠯᠤᠨ ᠬᠠᠮᠢᠶᠠᠷᠤᠯᠲᠠ ᠶᠢᠨ ᠪᠦᠬᠦᠨ ᠢ ᠬᠠᠮᠤᠷᠬᠤ ᠶᠢ | ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠵᠢᠨᠢᠩ ᠲᠣᠭᠤᠷᠢᠭ᠂ ᠹᠧᠩᠵᠧᠨ ᠬᠤᠲᠠ᠂ ᠳᠥᠷᠪᠡᠳ | ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠢᠨᠡᠨ ᠵᠢᠯᠣᠭᠤᠳᠬᠤ ᠰᠠᠯᠠᠭ᠎ᠠ ᠮᠥᠴᠢᠷ᠄ ᠬᠤᠲᠠ ᠶᠢᠨ | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ︶ | ᠬᠤᠶᠠᠷ ᠲᠤ ᠵᠡᠭᠡᠯᠢ ᠳᠠᠭᠠᠤ ᠶᠢᠨ ᠪᠠᠷᠢᠯᠭ᠎ᠠ ᠶᠢᠨ ᠠᠰᠠᠷ ᠤᠨ ᠭᠠᠳᠠᠷ ᠲᠠᠯ᠎ᠠ ᠶᠢᠨ ᠴᠡᠭᠴᠡᠯᠡᠨ ᠵᠠᠰᠠᠯᠲᠠ ᠪᠠ ᠠᠮᠤᠷ | ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠵᠡᠭᠡᠯᠢ ᠭᠤᠳᠤᠮᠵᠢ ᠶᠢᠨ ᠠᠰᠠᠷ ᠢ | ᠭᠡᠷᠡᠯᠲᠦᠭᠦᠯᠬᠦ ᠪᠠ ᠬᠡᠷ ᠤᠨ ᠭᠠᠳᠠᠨᠠᠬᠢ ᠵᠠᠷ ᠮᠡᠳᠡᠭᠡ ᠶᠢᠨ ᠫᠠᠶᠢᠰᠠ ᠢᠯᠡᠷᠬᠡᠶᠢᠯᠡᠯ ᠪᠠᠶᠢᠷᠢᠯᠠᠭᠤᠯᠬᠤ ᠶᠢ | ᠵᠢᠷᠤᠮᠵᠢᠭᠤᠯᠤᠨ᠎ᠠ᠃ ᠤᠷᠠᠨ᠂ ᠰᠣᠳᠣᠨ᠂ ᠨᠠᠷᠢᠯᠢᠭ ᠬᠠᠮᠢᠶᠠᠷᠤᠯᠲᠠ ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ | ᠨᠠᠶᠢᠳᠠᠪᠤᠷᠢᠵᠢᠭᠤᠯᠵᠦ᠂ ᠭᠠᠵᠠᠷ ᠣᠷᠣᠨ ᠤ ᠣᠨᠴᠠᠯᠢᠭ᠂ ᠰᠣᠶᠣᠯ ᠤᠨ ᠠᠭᠤᠯᠤᠭᠳᠠᠬᠤᠨ ᠪᠠ ᠴᠠᠭ ᠦᠶ᠎ᠡ ᠶᠢᠨ | ᠳᠦᠷᠰᠦ ᠪᠠᠶᠢᠳᠠᠯ ᠢ ᠢᠯᠡᠷᠡᠭᠦᠯᠵᠦ᠂ ᠬᠤᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ | ᠨᠢᠭᠡᠴᠢ᠄ ᠵᠢᠨᠢᠩ ᠲᠣᠭᠤᠷᠢᠭ᠂ ᠹᠧᠩᠵᠧᠨ ᠬᠤᠲᠠ᠂ ᠳᠥᠷᠪᠡᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ | ᠬᠢᠨᠠᠨ ᠵᠢᠯᠣᠭᠤᠳᠬᠤ ᠰᠠᠯᠠᠭ᠎ᠠ ᠮᠥᠴᠢᠷ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠲᠣᠪᠴᠢᠶ᠎ᠠ︶ ᠭᠤᠷᠪᠠ ᠳᠤ ᠬᠤᠲᠠ ᠶᠢᠨ ᠦᠵᠡᠮᠵᠢ ᠶᠢᠨ ᠭᠡᠷᠡᠯᠲᠦᠭᠦᠯᠭᠡ ᠶᠢ ᠬᠠᠮᠢᠶᠠᠷᠤᠨ | ᠡᠵᠡᠮᠳᠡᠬᠦ ᠶᠢ ᠴᠢᠩᠭᠠᠳᠬᠠᠨ᠎ᠠ᠃ ᠬᠤᠲᠠ ᠶᠢᠨ ᠦᠵᠡᠮᠵᠢ ᠶᠢᠨ ᠭᠡᠷᠡᠯᠲᠦᠭᠦᠯᠭᠡ ᠶᠢᠨ ᠪᠣᠷᠣ ᠲᠥᠯᠥᠪ ᠤᠨ | ᠰᠢᠰᠲ᠋ᠧᠮᠵᠢ ᠶᠢ ᠪᠠᠶᠢᠭᠤᠯᠵᠤ᠂ ᠵᠡᠭᠡᠯᠢ ᠭᠤᠳᠤᠮᠵᠢ ᠶᠢᠨ ᠠᠰᠠᠷ ᠤᠨ ᠭᠡᠷᠡᠯᠲᠦᠭᠦᠯᠭᠡ ᠶᠢ ᠵᠢᠷᠤᠮᠵᠢᠭᠤᠯᠤᠨ᠂ ᠬᠢᠮᠳᠠ | ᠪᠥᠭᠡᠳ ᠲᠣᠬᠢᠯᠢᠭ᠂ ᠡᠨᠧᠷᠭᠢ ᠠᠷᠪᠢᠯᠠᠨ ᠣᠷᠴᠢᠨ ᠲᠣᠭᠤᠷᠢᠨ ᠢ ᠬᠠᠮᠠᠭᠠᠯᠠᠬᠤ ᠶᠢ ᠳᠣᠪᠤᠶᠢᠯᠭᠠᠵᠤ᠂ ᠬᠡᠲᠦ | ᠭᠡᠷᠡᠯᠲᠦᠭᠦᠯᠬᠦ ᠶᠢ ᠬᠤᠷᠢᠭᠯᠠᠨ᠂ ᠬᠡᠷ ᠤᠨ ᠭᠠᠳᠠᠨᠠᠬᠢ ᠵᠠᠷ ᠮᠡᠳᠡᠭᠡ ᠶᠢᠨ ᠲᠣᠮᠣ ᠳᠡᠯᠭᠡᠴᠡ ᠶᠢ ᠴᠢᠩᠭ᠎ᠠ ᠬᠠᠮᠢᠶᠠᠷᠴᠤ᠂ | ᠬᠡᠷᠡᠯ ᠤᠨ ᠪᠣᠬᠢᠷᠲᠤᠯ ᠠᠴᠠ ᠵᠠᠶᠢᠯᠠᠰᠬᠢᠨ᠂ ᠬᠤᠲᠠ ᠶᠢᠨ ᠭᠡᠷᠡᠯᠲᠦᠭᠦᠯᠭᠡ ᠶᠢᠨ ᠴᠢᠨᠠᠷ ᠲᠠᠰ ᠢ ᠳᠡᠭᠡᠭᠰᠢᠯᠡᠭᠦᠯᠦᠨ᠎ᠡ᠃ | 2021 ᠣᠨ ᠤ ᠡᠴᠦᠰ ᠪᠣᠯᠬᠤ ᠳᠤ᠂ ᠵᠢᠨᠢᠩ ᠲᠣᠭᠤᠷᠢᠭ᠂ ᠹᠧᠩᠵᠧᠨ ᠬᠤᠲᠠ᠂ ᠳᠥᠷᠪᠡᠳ ᠬᠤᠰᠢᠭᠤᠨ ᠤ | ᠵᠡᠭᠡᠯᠢ ᠭᠤᠳᠤᠮᠵᠢ᠂ ᠠᠰᠠᠷ ᠲᠠᠭᠲᠤ ᠶᠢᠨ ᠡᠨᠧᠷᠭᠢ ᠠᠷᠪᠢᠯᠠᠬᠤ ᠭᠡᠷᠡᠯᠲᠦᠭᠦᠯᠭᠡ ᠪᠠᠷ ᠣᠷᠣᠯᠠᠭᠤᠯᠬᠤ ᠶᠢ | ᠦᠨᠳᠦᠰᠦᠨ ᠳᠡᠭᠡᠨ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠵᠢᠨᠢᠩ ᠲᠣᠭᠤᠷᠢᠭ᠂ ᠹᠧᠩᠵᠧᠨ ᠬᠤᠲᠠ᠂ | ᠳᠥᠷᠪᠡᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠢᠨᠠᠨ ᠵᠢᠯᠣᠭᠤᠳᠬᠤ ᠰᠠᠯᠠᠭ᠎ᠠ ᠮᠥᠴᠢᠷ᠄ | ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ | ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ︶ | 2. ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠶᠢ ᠴᠢᠩᠭᠠᠷᠠᠭᠤᠯᠤᠨ᠎ᠠ᠃ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠤᠨ ᠲᠤᠰᠬᠠᠶ ᠴᠡᠭᠴᠡᠯᠡᠨ ᠵᠠᠰᠠᠯᠲᠠ ᠶᠢ ᠥᠷᠨᠢᠭᠦᠯᠵᠦ᠂ ᠵᠡᠭᠡᠯᠢ ᠳᠠᠭᠠᠤ ᠵᠢᠵᠢᠭ | ᠭᠤᠳᠤᠮᠵᠢ᠂ ᠬᠠᠭᠤᠴᠢᠨ ᠰᠠᠭᠤᠭᠠᠯᠢ ᠲᠣᠭᠤᠷᠢᠭ᠂ ︽ᠬᠤᠲᠠᠨ ᠳᠠᠬᠢ ᠲᠣᠰᠬᠤᠨ︾᠂ ᠪᠠᠷᠢᠯᠭ᠎ᠠ ᠶᠢᠨ ᠭᠠᠵᠠᠷ ᠵᠢᠴᠢ | ᠭᠤᠣᠯ ᠤᠨ ᠭᠤᠯᠲᠤᠷᠠᠯ᠂ ᠬᠤᠲᠠ ᠬᠥᠳᠡᠭᠡ ᠶᠢᠨ ᠠᠭᠤᠯᠵᠠᠷ ᠬᠡᠰᠡᠭ᠂ ᠬᠤᠲᠠ ᠳᠤ ᠣᠷᠣᠵᠤ ᠭᠠᠷᠬᠤ ᠭᠠᠵᠠᠷ ᠵᠡᠷᠭᠡ | ᠣᠷᠣᠨ ᠪᠦᠰᠡ ᠶᠢ ᠭᠤᠣᠯᠳᠠᠯᠭ᠎ᠠ ᠲᠠᠢ ᠴᠡᠭᠴᠡᠯᠡᠨ ᠵᠠᠰᠠᠨ᠎ᠠ᠃ ᠣᠷᠴᠢᠨ ᠲᠣᠭᠤᠷᠢᠨ ᠤ ᠠᠷᠢᠭᠤᠨ ᠴᠡᠪᠡᠷ ᠤᠨ | ᠪᠡᠯᠡᠳᠬᠡᠮᠵᠢ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠵᠠᠮ ᠢ ᠮᠠᠰᠢᠨᠴᠢᠯᠠᠨ ᠴᠡᠪᠡᠷᠯᠡᠬᠦ ᠨᠣᠷᠮ᠎ᠠ ᠶᠢ | ᠳᠡᠭᠡᠭᠰᠢᠯᠡᠭᠦᠯᠦᠨ᠎ᠡ᠃ 2021 ᠣᠨ ᠤ ᠡᠴᠦᠰ ᠪᠣᠯᠬᠤ ᠳᠤ᠂ ᠵᠢᠨᠢᠩ ᠲᠣᠭᠤᠷᠢᠭ ᠤᠨ ᠵᠠᠮ ᠤᠨ ᠮᠠᠰᠢᠨᠴᠢᠯᠠᠯᠲᠠ ᠶᠢᠨ | ᠨᠣᠷᠮ᠎ᠠ ᠶᠢ 90 % ᠠᠴᠠ ᠳᠤᠤᠷ᠎ᠠ ᠪᠠᠶᠢᠯᠭᠠᠬᠤ ᠥᠬᠡᠶ᠂ ᠹᠧᠩᠵᠧᠨ ᠬᠤᠲᠠ ᠶᠢ 65 % ᠠᠴᠠ ᠳᠤᠤᠷ᠎ᠠ | ᠪᠠᠶᠢᠯᠭᠠᠬᠤ ᠥᠬᠡᠶ᠂ ᠳᠥᠷᠪᠡᠳ ᠬᠤᠰᠢᠭᠤ ᠶᠢ 60 % ᠠᠴᠠ ᠳᠤᠤᠷ᠎ᠠ ᠪᠠᠶᠢᠯᠭᠠᠬᠤ ᠥᠬᠡᠶ᠂ ᠵᠠᠮ ᠤᠨ ᠴᠡᠪᠡᠷ | ᠲᠡᠭᠰᠢ ᠪᠠᠶᠢᠬᠤ ᠨᠣᠷᠮ᠎ᠠ ᠶᠢ 90 % ᠠᠴᠠ ᠳᠤᠤᠷ᠎ᠠ ᠪᠠᠶᠢᠯᠭᠠᠬᠤ ᠥᠬᠡᠶ ᠪᠠᠶᠢᠵᠤ᠂ ︽ᠴᠡᠪᠡᠷ᠂ ᠴᠡᠭᠴᠡ᠂ ᠡᠮᠬᠢ | ᠵᠢᠷᠤᠮ ᠲᠠᠢ᠂ ᠠᠮᠤᠷ ᠲᠦᠪᠰᠢᠨ︾ ᠪᠠᠶᠢᠬᠤ ᠬᠠᠷᠠᠯᠲᠠ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠵᠢᠨᠢᠩ | ᠲᠣᠭᠤᠷᠢᠭ᠂ ᠹᠧᠩᠵᠧᠨ ᠬᠤᠲᠠ᠂ ᠳᠥᠷᠪᠡᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠢᠨᠠᠨ | ᠵᠢᠯᠣᠭᠤᠳᠬᠤ ᠰᠠᠯᠠᠭ᠎ᠠ ᠮᠥᠴᠢᠷ᠄ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ︶ | 3. ᠴᠡᠴᠡᠷᠯᠢᠭ ᠤᠨ ᠨᠣᠭᠤᠭᠠᠷᠠᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠴᠡᠴᠡᠷᠯᠢᠭ ᠤᠨ | ᠵᠦᠯᠭᠡ ᠭᠠᠵᠠᠷ ᠤᠨ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠦᠨ᠂ ᠴᠡᠴᠡᠷᠯᠢᠭ ᠤᠨ ᠵᠦᠯᠭᠡ ᠭᠠᠵᠠᠷ ᠤᠨ | ᠦᠢᠯᠡᠴᠢᠯᠡᠭᠡᠨ ᠤ ᠷᠠᠳᠢᠦ᠋ᠰ ᠤᠨ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ ᠬᠤᠲᠠ ᠶᠢᠨ ᠡᠷᠲᠡᠨ ᠤ ᠮᠣᠳᠣ | ᠂ ᠨᠡᠷᠡᠳᠦ ᠮᠣᠳᠣ ᠶᠢ ᠬᠠᠮᠠᠭᠠᠯᠠᠬᠤ ᠡᠷᠴᠢᠮ ᠢ ᠨᠡᠮᠡᠭᠳᠡᠭᠦᠯᠵᠦ᠂ ᠡᠷᠲᠡᠨ ᠤ ᠮᠣᠳᠣ ᠨᠡᠷᠡᠳᠦ ᠮᠣᠳᠣᠨ ᠤ ᠮᠡᠳᠡᠭᠡ | ᠵᠠᠩᠭᠢ ᠶᠢᠨ ᠳᠠᠩᠰᠠ ᠡᠪᠬᠡᠮᠡᠯ ᠢ ᠪᠠᠶᠢᠭᠤᠯᠤᠨ᠎ᠠ᠃ ᠮᠡᠳᠡᠭᠡ ᠵᠠᠩᠭᠢᠵᠢᠯᠠᠭᠰᠠᠨ᠂ ᠣᠶᠤᠨᠴᠢᠯᠠᠭᠰᠠᠨ ᠴᠡᠴᠡᠷᠯᠢᠭ ᠤᠨ | ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠴᠡᠴᠡᠷᠯᠢᠭ ᠤᠨ ᠨᠠᠷᠢᠯᠢᠭᠵᠢᠭᠰᠠᠨ᠂ | ᠬᠥᠮᠦᠯᠢᠭ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠵᠢᠨᠢᠩ | ᠲᠣᠭᠤᠷᠢᠭ᠂ ᠹᠧᠩᠵᠧᠨ ᠬᠤᠲᠠ᠂ ᠳᠥᠷᠪᠡᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠢᠨᠠᠨ | ᠵᠢᠯᠣᠭᠤᠳᠬᠤ ᠰᠠᠯᠠᠭ᠎ᠠ ᠮᠥᠴᠢᠷ᠄ ᠬᠤᠲᠠ ᠶᠢᠨ ᠴᠡᠴᠡᠷᠯᠢᠭ ᠤᠨ ᠦᠶᠯᠡᠴᠢᠯᠡᠭᠡᠨ ᠤ ᠲᠥᠪ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ | ᠲᠣᠪᠴᠢᠶ᠎ᠠ︶ | ︵ᠠᠷᠪᠠᠨ ᠭᠤᠷᠪᠠ︶ ᠣᠶᠤᠨᠴᠢᠯᠠᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ | 1 . ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠤᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠤᠯᠠᠭᠠᠨᠴᠠᠪ ᠬᠤᠲᠠ ᠶᠢᠨ ᠬᠤᠲᠠ ᠶᠢᠨ ᠶᠡᠷᠦᠩᠬᠡᠶᠢᠯᠡᠭᠰᠡᠨ | ᠬᠠᠮᠢᠶᠠᠷᠤᠯᠲᠠ ᠶᠢᠨ ᠦᠶᠯᠡᠴᠢᠯᠡᠭᠡᠨ ᠤ ᠲᠠᠪᠴᠠᠩ ᠢ ᠪᠠᠶᠢᠭᠤᠯᠵᠤ᠂ ᠭᠤᠯᠳᠤ ᠪᠠᠷ ᠤᠯᠤᠰ ᠤᠨ ᠲᠡᠰ ᠤᠨ ᠲᠠᠪᠴᠠᠩ᠂ | ᠮᠤᠵᠢ ᠶᠢᠨ ᠲᠡᠰ ᠤᠨ ᠲᠠᠪᠴᠠᠩ ᠲᠠᠢ ᠵᠣᠯᠭᠠᠭᠤᠯᠵᠤ᠂ ᠬᠤᠰᠢᠭᠤ ᠰᠢᠶᠠᠨ ᠬᠤᠲᠠ ᠲᠣᠭᠤᠷᠢᠭ ᠤᠨ ᠲᠠᠪᠴᠠᠩ ᠲᠠᠢ | ᠵᠠᠯᠭᠠᠯᠳᠤᠭᠤᠯᠵᠤ᠂ ᠬᠤᠲᠠ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢᠨ | ᠡᠬᠢ ᠪᠠᠶᠠᠯᠢᠭ ᠢ ᠬᠥᠨᠳᠡᠯᠡᠨ ᠢᠶᠠᠷ ᠡᠮᠬᠢᠯᠡᠨ ᠨᠡᠶᠢᠯᠡᠭᠦᠯᠬᠦ ᠪᠤᠶᠤ ᠬᠠᠮᠲᠤᠪᠠᠷ ᠡᠳ᠋ᠯᠡᠵᠦ᠂ ᠪᠥᠬᠦ ᠬᠤᠲᠠ ᠶᠢᠨ | ᠬᠤᠲᠠ ᠶᠢᠨ ᠬᠠᠮᠢᠶᠠᠷᠤᠯᠲᠠ ᠶᠢᠨ ᠠᠵᠢᠯ ᠤᠨ ᠳ᠋ᠠᠶᠢᠲ᠋ᠠ ᠶᠢ ᠨᠢᠭᠡᠳᠦᠯᠲᠡᠶ ᠲᠥᠯᠥᠪᠯᠡᠨ᠂ ᠬᠢᠨᠠᠯᠲᠠ ᠲᠠᠯᠪᠢᠵᠤ | ᠵᠢᠯᠣᠭᠤᠳᠬᠤ᠂ ᠰᠢᠯᠭᠠᠨ ᠬᠢᠨᠠᠵᠤ ᠦᠨᠡᠯᠡᠬᠦ ᠠᠵᠢᠯ ᠢ ᠰᠠᠶᠢᠲᠤᠷ ᠬᠢᠨ᠎ᠡ᠃ ᠵᠢᠨᠢᠩ ᠲᠣᠭᠤᠷᠢᠭ᠂ ᠹᠧᠩᠵᠧᠨ | ᠬᠤᠲᠠ ᠨᠢ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠦᠶᠯᠡᠴᠢᠯᠡᠭᠡᠨ ᠤ ᠲᠠᠪᠴᠠᠩ ᠤᠨ ᠦᠶᠯᠡᠳᠦᠯ ᠢ | ᠭᠦᠶᠴᠡᠳ ᠪᠠᠳᠠᠷᠠᠭᠤᠯᠵᠤ᠂ ᠲᠠᠪᠴᠠᠩ ᠳᠤ ᠲᠦᠰᠢᠭᠯᠡᠨ ᠬᠤᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠵᠦ᠂ ᠳᠥᠷᠪᠡᠳ ᠬᠤᠰᠢᠭᠤ ᠨᠢ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠦᠶᠯᠡᠴᠢᠯᠡᠭᠡᠨ ᠤ | ᠲᠠᠪᠴᠠᠩ ᠤᠨ ᠪᠠᠶᠢᠭᠤᠯᠤᠯᠲᠠ ᠶᠢᠨ ᠠᠵᠢᠯ ᠢ ᠲᠦᠷᠭᠡᠳᠬᠡᠨ ᠠᠬᠢᠭᠤᠯᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠢ | ᠄ ᠵᠢᠨᠢᠩ ᠲᠣᠭᠤᠷᠢᠭ᠂ ᠹᠧᠩᠵᠧᠨ ᠬᠤᠲᠠ᠂ ᠳᠥᠷᠪᠡᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠢᠨᠠᠨ | ᠵᠢᠯᠣᠭᠤᠳᠬᠤ ᠰᠠᠯᠠᠭ᠎ᠠ ᠮᠥᠴᠢᠷ᠄ ᠬᠤᠲᠠ ᠶᠢᠨ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ | ᠵᠠᠩᠭᠢ ᠶᠢᠨ ᠠᠯᠪᠠᠨ ᠬᠡᠷ᠂ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠲᠣᠪᠴᠢᠶ᠎ᠠ︶ | 2 . ᠬᠤᠲᠠ ᠶᠢᠨ ᠪᠡᠯᠡᠳᠬᠡᠮᠵᠢ ᠶᠢᠨ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠤᠰᠤ᠂ ᠴᠠᠬᠢᠯᠭᠠᠨ᠂ ᠰᠢᠲᠠᠮᠠᠬᠠᠶ ᠬᠡᠶ᠂ ᠳᠤᠯᠠᠭᠠᠯᠠᠭ᠎ᠠ ᠵᠡᠷᠭᠡ ᠠᠵᠢᠯ ᠲᠥᠷᠥᠯ ᠤᠨ ᠬᠢᠨᠠᠯᠲᠠ | ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠠᠭᠤᠷᠢ ᠮᠡᠳᠡᠭᠡ ᠵᠠᠩᠭᠢ ᠶᠢᠨ | ᠳ᠋ᠠᠶᠢᠲ᠋ᠠ ᠬᠥᠮᠥᠷᠭᠡ ᠶᠢ ᠲᠡᠭᠦᠯᠳᠡᠷᠵᠢᠭᠦᠯᠦᠨ᠂ ᠬᠤᠲᠠ ᠶᠢᠨ ᠣᠯᠠᠨ ᠨᠡᠶᠢᠲᠡ ᠶᠢᠨ ᠦᠶᠯᠡᠴᠢᠯᠡᠭᠡᠨ ᠤ ᠮᠡᠳᠡᠭᠡ ᠵᠠᠩᠭᠢ | ᠪᠠ ᠬᠠᠮᠢᠶ᠎ᠠ ᠪᠥᠬᠦᠶ ᠳ᠋ᠠᠶᠢᠲ᠋ᠠ ᠶᠢ ᠡᠮᠬᠢᠯᠡᠨ ᠨᠡᠶᠢᠯᠡᠭᠦᠯᠵᠦ᠂ ᠲᠣᠭᠠᠴᠢᠯᠠᠭᠰᠠᠨ ᠬᠡᠷᠡᠭᠯᠡᠯᠲᠡ ᠶᠢ ᠠᠬᠢᠭᠤᠯᠤᠨ᠂ ᠠᠵᠢᠯ | ᠲᠥᠷᠥᠯ ᠤᠨ ᠠᠶᠤᠯᠭᠦᠢ ᠠᠵᠢᠯᠯᠠᠭᠠᠨ ᠤ ᠦᠶᠯᠡᠴᠢᠯᠡᠭᠡᠨ ᠤ ᠣᠶᠣᠨᠴᠢᠯᠠᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠪᠠᠷ ᠲᠣᠯᠢ ᠪᠣᠯᠭᠠᠵᠤ᠂ ᠬᠤᠲᠠ ᠶᠢᠨ ᠮᠡᠳᠡᠭᠡ ᠵᠠᠩᠭᠢ ᠶᠢᠨ ᠵᠠᠭᠪᠤᠷ ︵ | CIM︶ ᠤᠨ ᠰᠠᠭᠤᠷᠢ ᠲᠠᠪᠴᠠᠩ ᠤᠨ ᠪᠠᠶᠢᠭᠤᠯᠤᠯᠲᠠ ᠶᠢ ᠬᠠᠶᠢᠨ ᠰᠦᠪᠡᠭᠴᠢᠯᠡᠨ᠎ᠡ᠃ 2021 ᠣᠨ ᠤ ᠡᠴᠦᠰ | ᠪᠣᠯᠬᠤ ᠳᠤ᠂ ᠢᠯᠴᠢ ᠬᠠᠩᠭᠠᠬᠤ᠂ ᠰᠢᠲᠠᠮᠠᠬᠠᠶ ᠬᠡᠶ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠠᠩᠬ᠎ᠠ ᠠᠯᠬᠤᠮ | ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠵᠢᠨᠢᠩ ᠲᠣᠭᠤᠷᠢᠭ᠂ ᠹᠧᠩᠵᠧᠨ ᠬᠤᠲᠠ᠂ ᠳᠥᠷᠪᠡᠳ | ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠢᠨᠠᠨ ᠵᠢᠯᠣᠭᠤᠳᠬᠤ ᠰᠠᠯᠠᠭ᠎ᠠ ᠮᠥᠴᠢᠷ᠄ ᠬᠤᠲᠠ ᠶᠢᠨ ᠨᠠᠮ ᠤᠨ | ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ᠂ ᠬᠤᠲᠠ ᠶᠢᠨ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠵᠤ ᠦᠶᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ︶ | ︵ᠠᠷᠪᠠᠨ ᠳᠥᠷᠪᠡ︶ ᠬᠤᠲᠠ ᠶᠢᠨ ᠠᠮᠤᠷ ᠲᠦᠪᠰᠢᠨ ᠤ ᠤᠶᠠᠨ ᠬᠠᠳᠠᠨ ᠴᠢᠨᠠᠷ ᠢ ᠳᠡᠭᠡᠭᠰᠢᠯᠡᠭᠦᠯᠦᠨ᠎ᠡ᠃ | ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠮᠤᠷ ᠲᠦᠪᠰᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ | ᠠᠵᠢᠯᠯᠠᠭ᠎ᠠ ᠶᠢ ᠬᠡᠷᠡᠭᠵᠢᠭᠦᠯᠵᠦ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠪᠠ ᠭᠠᠮᠰᠢᠭ ᠢ ᠰᠡᠷᠭᠡᠶᠢᠯᠡᠬᠦ | ᠶᠡᠷᠦᠩᠬᠡᠶᠢᠯᠡᠭᠰᠡᠨ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠩᠬᠠᠳᠤᠭᠠᠷ ᠤᠳᠠᠭᠠᠨ ᠤ ᠪᠦᠬᠦ | ᠤᠯᠤᠰ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢ ᠨᠡᠶᠢᠳᠡᠮ ᠪᠠᠶᠢᠴᠠᠭᠠᠬᠤ ᠠᠵᠢᠯ ᠢ | ᠰᠠᠶᠢᠲᠤᠷ ᠬᠢᠵᠦ᠂ ᠭᠠᠵᠠᠷ ᠬᠥᠳᠡᠯᠦᠯᠲᠡ ᠠᠮᠠᠷᠬᠠᠨ ᠡᠭᠦᠰᠬᠦ ᠣᠷᠣᠨ ᠤ ᠬᠤᠲᠠ ᠪᠠᠯᠭᠠᠰᠤ ᠶᠢᠨ ᠭᠡᠷ ᠪᠠᠶᠢᠰᠢᠩ ᠤᠨ | ᠪᠠᠷᠢᠯᠭ᠎ᠠ ᠪᠠ ᠬᠤᠲᠠ ᠶᠢᠨ ᠶᠠᠪᠤᠳᠠᠯ ᠤᠨ ᠪᠡᠯᠡᠳᠬᠡᠮᠵᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠪᠠ | ᠪᠠᠬᠢᠵᠢᠭᠦᠯᠬᠦ ᠠᠵᠢᠯ ᠢ ᠥᠷᠨᠢᠭᠦᠯᠦᠨ᠎ᠡ᠃ ᠵᠠᠮ᠂ ᠬᠥᠭᠦᠷᠭᠡ᠂ ᠨᠦᠬᠡᠨ ᠵᠠᠮ᠂ ᠴᠡᠴᠡᠷᠯᠢᠭ᠂ ᠭᠠᠵᠠᠷ ᠳᠣᠣᠷᠠᠬᠢ | ᠬᠤᠭᠤᠯᠠᠶ ᠭᠤᠤᠷᠰᠤ ᠶᠢᠨ ᠲᠣᠣᠷ᠂ ᠴᠠᠬᠢᠯᠭᠠᠨ ᠱᠠᠲᠤ᠂ ᠰᠣᠬᠤᠷ ᠬᠤᠳᠳᠤᠭ ᠵᠡᠷᠭᠡ ᠶᠢᠨ ᠠᠶᠤᠯᠭᠦᠢ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠂ ᠲᠣᠭᠤᠷᠢᠨ ᠪᠠᠶᠢᠴᠠᠭᠠᠵᠤ ᠬᠠᠮᠠᠭᠠᠯᠠᠬᠤ ᠪᠠ ᠪᠠᠴᠢᠮ ᠪᠠᠶᠢᠳᠠᠯ ᠢ ᠠᠷᠭᠠᠴᠠᠵᠤ | ᠠᠶᠤᠯ ᠠᠴᠠ ᠠᠪᠤᠷᠠᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠠᠶᠤᠯ ᠠᠴᠠ ᠠᠪᠤᠷᠠᠬᠤ ᠠᠵᠢᠯᠲᠠᠨ ᠤ | ᠲᠤᠬᠠᠶᠢᠯᠠᠭᠰᠠᠨ ᠠᠵᠢᠯ ᠪᠣᠯᠤᠨ ᠠᠶᠤᠯᠭᠦᠢ ᠶᠢᠨ ᠪᠣᠯᠪᠠᠰᠤᠷᠠᠭᠤᠯᠤᠯ ᠢ ᠨᠡᠮᠡᠭᠳᠡᠭᠦᠯᠦᠨ᠎ᠡ᠃ ︵ᠬᠠᠷᠢᠭᠤᠴᠠᠯᠭᠠᠲᠤ | ᠨᠢᠭᠡᠴᠢ᠄ ᠵᠢᠨᠢᠩ ᠲᠣᠭᠤᠷᠢᠭ᠂ ᠹᠧᠩᠵᠧᠨ ᠬᠤᠲᠠ᠂ ᠳᠥᠷᠪᠡᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ | ᠬᠢᠨᠠᠨ ᠵᠢᠯᠣᠭᠤᠳᠬᠤ ᠰᠠᠯᠠᠭ᠎ᠠ ᠮᠥᠴᠢᠷ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠴᠢᠮᠡᠭᠡ ᠬᠤᠯᠪᠣᠭᠠᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ | ᠠᠯᠪᠠᠨ ᠬᠡᠷ᠂ ᠴᠠᠬᠢᠯᠭᠠᠨ ᠦᠶᠯᠡᠰ ᠤᠨ ᠲᠣᠪᠴᠢᠶ᠎ᠠ︶ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠡ᠃ ᠬᠤᠲᠠ ᠶᠢᠨ ᠬᠤᠲᠠ ᠶᠢᠨ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠦᠶᠯᠡᠳᠦᠯ ᠢ ᠭᠦᠶᠴᠡᠳ | ᠪᠠᠳᠠᠷᠠᠭᠤᠯᠵᠤ᠂ ᠬᠤᠲᠠ ᠶᠢᠨ ᠬᠠᠮᠢᠶᠠᠷᠤᠯᠲᠠ ᠶᠢᠨ ᠬᠡᠷᠡᠭ ᠵᠥᠪᠯᠡᠵᠦ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ | ᠬᠤᠲᠠ ᠶᠢᠨ ᠬᠠᠮᠢᠶᠠᠷᠤᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ | ᠰᠣᠨᠣᠰᠴᠤ᠂ ᠬᠤᠲᠠ ᠶᠢᠨ ᠬᠠᠮᠢᠶᠠᠷᠤᠯᠲᠠ ᠶᠢᠨ ᠠᠵᠢᠯ ᠳᠤ ᠢᠯᠡᠷᠡᠭᠰᠡᠨ ᠬᠦᠴᠢᠷ ᠠᠰᠠᠭᠤᠳᠠᠯ᠂ ᠰᠡᠵᠢᠭ ᠲᠠᠢ | ᠠᠰᠠᠭᠤᠳᠠᠯ ᠢ ᠴᠠᠭ ᠲᠤᠬᠠᠶ ᠳᠤ ᠨᠢ ᠰᠤᠳᠤᠯᠤᠨ ᠰᠢᠶᠳᠪᠦᠷᠢᠯᠡᠨ᠎ᠡ᠃ ᠪᠦᠷᠢᠯᠳᠦᠬᠦᠨ ᠨᠢᠭᠡᠴᠢ ᠨᠦᠭᠦᠳ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠠᠵᠢᠯ ᠲᠥᠷᠥᠯ ᠤᠨ ᠵᠢᠯᠣᠭᠤᠳᠣᠯᠭ᠎ᠠ ᠪᠠᠨ | ᠴᠢᠩᠭᠠᠳᠬᠠᠵᠤ᠂ ᠲᠥᠬᠦᠷᠵᠢᠭᠦᠯᠬᠦ ᠠᠷᠭ᠎ᠠ ᠬᠡᠮᠵᠢᠶ᠎ᠡ ᠶᠢ ᠲᠣᠭᠲᠠᠭᠠᠨ᠂ ᠱᠠᠭᠠᠷᠳᠠᠯᠭ᠎ᠠ ᠪᠠᠨ ᠲᠣᠳᠣᠷᠬᠠᠶᠢᠯᠠᠵᠤ᠂ | ᠠᠵᠢᠯ ᠢᠶᠠᠨ ᠯᠠᠪᠳᠠᠭᠤᠨ ᠪᠠᠲᠤᠲᠠᠶ ᠥᠷᠨᠢᠭᠦᠯᠦᠨ᠂ ︽ᠱᠠᠲᠤ ᠱᠠᠲᠤ ᠪᠠᠷ ᠠᠳᠬᠤᠬᠤ ᠬᠥᠮᠥᠨ ᠲᠠᠢ᠂ ᠠᠵᠢᠯ | ᠪᠣᠯᠭᠠᠨ ᠢ ᠬᠠᠮᠢᠶᠠᠷᠬᠤ ᠬᠥᠮᠦᠨ ᠲᠠᠢ᠂ ᠠᠵᠢᠯ ᠤᠨ ᠪᠠᠷᠢᠮᠵᠢᠶ᠎ᠠ ᠲᠠᠢ᠂ ᠴᠠᠭ ᠬᠢᠵᠠᠭᠠᠷᠯᠠᠨ ᠵᠠᠪᠠᠯ ᠪᠠᠷᠢᠮᠵᠢᠶ᠎ᠠ ᠳᠤ | ᠬᠦᠷᠦᠭᠦᠯᠬᠦ︾ ᠠᠵᠢᠯ ᠤᠨ ᠪᠠᠶᠢᠷᠢᠰᠢᠯ ᠢ ᠪᠣᠶ ᠪᠣᠯᠭᠠᠨ᠎ᠠ᠃ ᠡᠯ᠎ᠡ ᠲᠤᠷᠰᠢᠯᠲᠠ ᠶᠢᠨ ᠴᠡᠭ ᠤᠨ ᠭᠠᠵᠠᠷ ᠣᠷᠣᠨ ᠨᠢ | ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠢᠶᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠬᠤᠲᠠ ᠶᠢᠨ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢ ᠪᠠᠶᠢᠭᠤᠯᠵᠤ᠂ | ᠠᠵᠢᠯ ᠤᠨ ᠲᠥᠰᠦᠯ ᠢ ᠲᠣᠭᠲᠠᠭᠠᠨ᠂ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠠᠷᠢᠯᠢᠬᠵᠢᠭᠤᠯᠵᠤ᠂ | ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠦᠷᠢᠨᠰᠢᠭᠦᠯᠦᠨ᠂ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ | ᠭᠦᠶᠴᠡᠳᠬᠡᠵᠦ᠂ ᠬᠠᠷᠠᠯᠲᠠᠲᠤ ᠡᠭᠦᠷᠭᠡ ᠪᠠᠨ ᠪᠡᠶᠡᠯᠡᠭᠦᠯᠦᠨ᠂ ᠬᠤᠲᠠ ᠶᠢᠨ ᠨᠠᠷᠢᠯᠢᠬᠵᠢᠭᠤᠯᠤᠭᠰᠠᠨ | ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠠᠬᠢᠭᠤᠯᠤᠨ᠎ᠠ᠃ | ︵ᠬᠤᠶᠠᠷ︶ ᠮᠡᠳᠡᠭᠡ ᠵᠠᠩᠭᠢ ᠶᠢᠨ ᠮᠡᠷᠭᠡᠵᠢᠯ ᠤᠨ ᠳᠡᠮᠵᠢᠯᠭᠡ ᠶᠢ ᠴᠢᠩᠭᠠᠷᠠᠭᠤᠯᠤᠨ᠎ᠠ᠃ ᠵᠢᠨᠢᠩ ᠲᠣᠭᠤᠷᠢᠭ᠂ | ᠹᠧᠩᠵᠧᠨ ᠬᠤᠲᠠ ᠶᠢᠨ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠦᠶᠯᠡᠴᠢᠯᠡᠭᠡᠨ ᠤ ᠲᠠᠪᠴᠠᠩ ᠤᠨ | ᠦᠶᠯᠡᠳᠦᠯ ᠢ ᠭᠦᠶᠴᠡᠳ ᠪᠠᠳᠠᠷᠠᠭᠤᠯᠬᠤ ᠶᠢᠨ ᠬᠠᠮᠲᠤ ᠬᠤᠲᠠ ᠶᠢᠨ ᠬᠠᠮᠢᠶᠠᠷᠤᠯᠲᠠ ᠶᠢᠨ ᠬᠠᠮᠢᠶ᠎ᠠ ᠪᠥᠬᠦᠶ ᠰᠠᠯᠠᠭ᠎ᠠ | ᠮᠥᠴᠢᠷ ᠤᠨ ᠳ᠋ᠠᠶᠢᠲ᠋ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠤᠶᠤ ᠬᠠᠮᠲᠤ ᠪᠠᠷ ᠭᠥᠷᠳᠡᠬᠦ ᠡᠷᠴᠢᠮ ᠢᠶᠠᠨ | ᠴᠢᠩᠭᠠᠷᠠᠭᠤᠯᠵᠤ᠂ ᠬᠤᠲᠠ ᠶᠢᠨ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ᠂ ᠤᠶᠤᠨᠴᠢᠯᠠᠯᠲᠠ ᠶᠢᠨ ᠬᠢᠷᠢ | ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃ ᠳᠥᠷᠪᠡᠳ ᠬᠤᠰᠢᠭᠤᠨ ᠤ ᠬᠤᠲᠠ ᠶᠢᠨ ᠶᠡᠷᠦᠩᠬᠡᠶᠢᠯᠡᠭᠰᠡᠨ | ᠬᠠᠮᠢᠶᠠᠷᠤᠯᠲᠠ ᠶᠢᠨ ᠦᠶᠯᠡᠴᠢᠯᠡᠭᠡᠨ ᠤ ᠲᠠᠪᠴᠠᠩ ᠢ ᠲᠦᠷᠭᠡᠬᠡᠨ ᠪᠠᠶᠢᠭᠤᠯᠵᠤ᠂ ᠮᠡᠳᠡᠭᠡ ᠵᠠᠩᠭᠢ ᠶᠢᠨ ᠬᠠᠷᠢᠯᠴᠠᠨ | ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠦᠨ᠎ᠡ᠃ ᠲᠤᠰᠬᠠᠶ ᠠᠵᠢᠯ ᠤᠨ ᠪᠠᠶᠢᠭᠤᠯᠤᠮᠵᠢ ᠶᠢ ᠵᠣᠬᠢᠶᠠᠨ | ᠪᠠᠶᠢᠭᠤᠯᠵᠤ ᠠᠵᠢᠯ ᠲᠥᠷᠥᠯ ᠬᠤᠪᠢᠶᠠᠨ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠮᠡᠷᠭᠡᠵᠢᠯ ᠤᠨ | ᠵᠢᠯᠣᠭᠤᠳᠬᠤ ᠲᠦᠷᠢᠮ ᠢ ᠨᠠᠶᠢᠷᠠᠭᠤᠯᠤᠨ ᠵᠣᠬᠢᠶᠠᠵᠤ᠂ ᠲᠤᠬᠠᠶ ᠶᠢᠨ ᠭᠠᠵᠠᠷ ᠲᠤ ᠳᠣᠭᠢᠷᠠᠬᠤ ᠬᠤᠲᠠ ᠶᠢᠨ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠪᠠᠷᠢᠮᠵᠢᠶ᠎ᠠ ᠶᠢᠨ ᠰᠢᠰᠲ᠋ᠧᠮᠵᠢ ᠶᠢ ᠪᠠᠶᠢᠭᠤᠯᠤᠨ᠎ᠠ᠃ | ︵ᠭᠤᠷᠪᠠ︶ ᠪᠡᠯᠡ ᠮᠥᠩᠭᠦ ᠶᠢᠨ ᠣᠷᠣᠭᠤᠯᠤᠯᠲᠠ ᠶᠢᠨ ᠡᠷᠴᠢᠮ ᠢᠶᠠᠨ ᠨᠡᠮᠡᠭᠳᠡᠭᠦᠯᠵᠦ᠂ ᠵᠠᠬ᠎ᠠ | ᠳᠡᠯᠭᠡᠭᠦᠷᠴᠢᠯᠡᠬᠦ ᠥᠭᠡᠷᠡᠴᠢᠯᠡᠯᠲᠡ ᠶᠢ ᠲᠦᠷᠭᠡᠳᠬᠡᠨ᠂ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠦᠢᠯᠡᠴᠢᠯᠡᠭᠡ | ᠬᠤᠳᠠᠯᠳᠤᠨ ᠠᠪᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠨᠡᠩ ᠣᠯᠠᠨ ᠠᠵᠤ ᠠᠬᠤᠶᠢᠯᠠᠯ ᠪᠣᠯᠤᠨ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠵᠣᠷᠢᠭᠵᠢᠭᠤᠯᠤᠨ ᠬᠥᠲᠥᠯᠥᠨ ᠵᠢᠯᠣᠭᠤᠳᠴᠤ ᠪᠠᠶᠢᠭᠠᠳ ᠬᠤᠲᠠ ᠶᠢᠨ | ᠬᠠᠮᠠᠭᠠᠯᠠᠯᠲᠠ ᠬᠠᠮᠢᠶᠠᠷᠤᠯᠲᠠ ᠳᠤ ᠣᠷᠣᠯᠴᠠᠭᠤᠯᠵᠤ᠂ ᠣᠯᠠᠨ ᠠᠷᠭ᠎ᠠ ᠵᠠᠮ ᠢᠶᠠᠷ ᠪᠦᠲᠦᠭᠡᠨ ᠪᠠᠶᠢᠭᠤᠯᠤᠯᠲᠠ ᠶᠢᠨ | ᠪᠡᠯᠡ ᠮᠥᠩᠭᠦ ᠴᠤᠭᠯᠠᠭᠤᠯᠵᠤ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠡᠯ᠎ᠡ ᠵᠦᠢᠯ ᠤᠨ | ᠭᠤᠣᠯᠳᠠᠯᠭ᠎ᠠ ᠲᠠᠢ ᠡᠭᠦᠷᠭᠡ ᠶᠢᠨ ᠤᠷᠤᠭᠰᠢᠲᠠᠶ ᠬᠡᠷᠡᠭᠵᠢᠭᠦᠯᠦᠭᠳᠡᠬᠦ ᠶᠢ ᠪᠠᠲᠤᠯᠠᠨ᠎ᠠ᠃ ᠶᠡᠭᠡ ᠪᠠᠷ ᠨᠤᠷᠠᠭᠠᠵᠤ | ᠶᠡᠭᠡ ᠪᠠᠷ ᠪᠥᠲᠥᠭᠡᠨ ᠪᠠᠶᠢᠭᠤᠯᠬᠤ᠂ ᠰᠣᠬᠤᠷ ᠪᠠᠯᠠᠶ ᠪᠠᠷ ᠪᠠᠯᠠ ᠣᠷᠣᠭᠤᠯᠬᠤ ᠠᠴᠠ ᠵᠠᠶᠢᠯᠠᠰᠬᠢᠵᠦ᠂ ᠵᠠᠰᠠᠭ ᠤᠨ | ᠣᠷᠳᠣᠨ ᠠᠴᠠ ᠬᠤᠲᠠ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠬᠠᠭᠤᠴᠢᠨ ᠰᠠᠭᠤᠭᠠᠯᠢ | ᠲᠣᠭᠤᠷᠢᠭ ᠤᠨ ᠥᠭᠡᠷᠡᠴᠢᠯᠡᠯᠲᠡ᠂ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ᠂ | ᠵᠣᠷᠯᠣᠩ ᠤᠨ ᠬᠤᠪᠢᠰᠬᠠᠯ᠂ ᠬᠤᠭ ᠨᠣᠪᠰᠢ ᠪᠣᠬᠢᠷ ᠤᠰᠤ ᠶᠢ ᠵᠠᠰᠠᠬᠤ ᠵᠡᠷᠭᠡ ᠲᠠᠯ᠎ᠠ ᠪᠠᠷ ᠲᠥᠷᠥ ᠶᠢᠨ ᠪᠣᠳᠣᠯᠭ᠎ᠠ ᠪᠠ | ᠪᠠᠯᠠ ᠮᠥᠩᠭᠦ ᠶᠢᠨ ᠬᠠᠷᠠᠭᠠᠯᠵᠠᠯ ᠦᠵᠡᠭᠦᠯᠦᠨ᠎ᠡ᠃ | ︵ᠳᠥᠷᠪᠡ︶ ᠪᠠᠶᠢᠴᠠᠭᠠᠵᠤ ᠰᠢᠯᠭᠠᠨ ᠦᠨᠡᠯᠡᠬᠦ ᠡᠷᠴᠢᠮ ᠢ ᠴᠢᠩᠭᠠᠷᠠᠭᠤᠯᠤᠨ᠎ᠠ᠃ ᠰᠢᠯᠭᠠᠨ ᠬᠢᠨᠠᠵᠤ ᠦᠨᠡᠯᠡᠬᠦ | ᠲᠣᠭᠲᠠᠴᠠ ᠶᠢ ᠪᠠᠶᠢᠭᠤᠯᠤᠨ᠂ ᠬᠤᠲᠠ ᠶᠢᠨ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ | ᠤᠳᠤᠷᠢᠳᠬᠤ ᠳᠤᠭᠤᠶᠢᠯᠠᠩ ᠠᠴᠠ ᠵᠢᠨᠢᠩ ᠲᠣᠭᠤᠷᠢᠭ᠂ ᠹᠧᠩᠵᠧᠨ ᠬᠤᠲᠠ᠂ ᠳᠥᠷᠪᠡᠳ ᠬᠤᠰᠢᠭᠤᠨ ᠤ ᠵᠠᠰᠠᠭ ᠤᠨ | ᠣᠷᠳᠣᠨ ᠵᠢᠴᠢ ᠬᠠᠮᠢᠶ᠎ᠠ ᠪᠥᠬᠦᠶ ᠡᠯ᠎ᠡ ᠰᠠᠯᠠᠭ᠎ᠠ ᠮᠥᠴᠢᠷ ᠤᠨ ᠬᠡᠷᠡᠭᠵᠢᠭᠦᠯᠦᠭᠰᠡᠨ ᠪᠠᠶᠢᠳᠠᠯ ᠳᠤ ᠲᠣᠭᠲᠠᠮᠠᠯ | ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠵᠦ ᠰᠢᠯᠭᠠᠨ ᠦᠨᠡᠯᠡᠵᠦ᠂ ᠨᠡᠷᠡᠰ ᠤᠨ ᠵᠢᠭᠰᠠᠭᠠᠯᠲᠠ ᠶᠢ ᠵᠠᠷᠯᠠᠨ | ᠨᠡᠶᠢᠲᠡᠯᠡᠨ᠎ᠡ᠃ ᠤᠳᠤᠷᠢᠳᠤᠯᠭ᠎ᠠ ᠶᠢᠨ ᠴᠢᠬᠤᠯᠠᠴᠢᠯᠠᠭᠰᠠᠨ᠂ ᠠᠵᠢᠯᠯᠠᠭ᠎ᠠ ᠨᠢ ᠬᠦᠴᠦᠲᠡᠶ᠂ ᠦᠷ᠎ᠡ ᠪᠦᠲᠦᠮᠵᠢ ᠪᠠᠷ | ᠢᠯᠡᠷᠬᠡᠶ ᠶᠢ ᠨᠢ ᠰᠠᠶᠢᠰᠢᠶᠠᠨ ᠨᠡᠶᠢᠲᠡᠯᠡᠵᠦ᠂ ᠴᠢᠬᠤᠯᠠᠴᠢᠯᠠᠭᠰᠠᠨ ᠢᠶᠠᠷ ᠬᠦᠷᠦᠯᠴᠡᠬᠦ ᠦᠭᠡᠶ᠂ ᠠᠷᠭ᠎ᠠ ᠬᠡᠮᠵᠢᠶ᠎ᠡ ᠨᠢ | ᠬᠦᠴᠦᠨ ᠦᠭᠡᠶ᠂ ᠠᠬᠢᠴᠠ ᠨᠢ ᠤᠳᠠᠭᠠᠨ ᠪᠠᠶᠢᠭ᠎ᠠ ᠶᠢ ᠨᠢ ᠰᠢᠭᠦᠮᠵᠢᠯᠡᠨ ᠨᠡᠶᠢᠲᠡᠯᠡᠵᠦ᠂ ᠪᠣᠯᠵᠣᠨ ᠶᠠᠷᠢᠯᠴᠠᠬᠤ ᠪᠠ | ᠬᠠᠷᠢᠭᠤᠴᠠᠯᠭ᠎ᠠ ᠨᠡᠬᠡᠮᠵᠢᠯᠡᠨ᠎ᠡ᠃ | ᠳᠠᠭᠠᠯᠳᠤᠭᠤᠯᠤᠯ᠄ | 1 . ᠤᠯᠠᠭᠠᠨᠴᠠᠪ ᠬᠤᠲᠠ ᠶᠢᠨ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ | ᠤᠳᠤᠷᠢᠳᠬᠤ ᠳᠤᠭᠤᠶᠢᠯᠠᠩ | 2 . ᠤᠯᠠᠭᠠᠨᠴᠠᠪ ᠬᠤᠲᠠ ᠶᠢᠨ 2021 ᠣᠨ ᠤ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ | ᠭᠤᠤᠯᠳᠠᠯᠭ᠎ᠠ ᠲᠠᠢ ᠠᠵᠢᠯ ᠤᠨ ᠡᠭᠦᠷᠭᠡ ᠶᠢᠨ ᠵᠠᠳᠠᠯᠤᠯᠲᠠ ᠶᠢᠨ ᠬᠦᠰᠦᠨᠦᠭᠲᠦ | ᠳᠠᠭᠠᠯᠳᠤᠭᠤᠯᠤᠯ 1᠄ ᠤᠯᠠᠭᠠᠨᠴᠠᠪ ᠬᠤᠲᠠ ᠶᠢᠨ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ | ᠠᠵᠢᠯ ᠤᠨ ᠤᠳᠤᠷᠢᠳᠬᠤ ᠳᠤᠭᠤᠶᠢᠯᠠᠩ | ᠳᠤᠭᠤᠶᠢᠯᠠᠩ ᠤᠨ ᠳᠠᠷᠤᠭ᠎ᠠ᠄ | ᠴᠢ ᠹᠸᠢ ᠶᠦᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ | ᠭᠦᠩ ᠵᠢᠶᠠᠨ ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠪᠦᠷᠢᠯᠳᠦᠬᠦᠨ᠄ | ᠦ᠋ ᠵᠦᠩ ᠽᠧ ᠬᠤᠲᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ | ᠸᠠᠩ ᠶᠦᠩ ᠱᠧᠩ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ | ᠣᠶᠤᠨ ᠤ ᠪᠣᠯᠪᠠᠰᠤᠨ ᠤ ᠠᠯᠪᠠᠨ ᠭᠡᠷ ᠤᠨ ᠡᠷᠬᠢᠯᠡᠭᠴᠢ | ᠵᠠᠩ ᠮᠧᠶ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ | ᠳᠡᠳ᠋ ᠱᠦᠵᠢ | ᠲᠦᠩ ᠰᠢᠶᠤᠤ ᠯᠢᠨ ᠬᠤᠲᠠ ᠶᠢᠨ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ | ᠵᠠᠩᠭᠢ ᠶᠢᠨ ᠠᠯᠪᠠᠨ ᠬᠡᠷ ︵ᠲᠣᠮᠣ ᠳ᠋ᠠᠶᠢᠲ᠋ᠠ ᠶᠢᠨ ᠲᠣᠪᠴᠢᠶ᠎ᠠ︶ ᠤᠨ ᠡᠷᠬᠢᠯᠡᠭᠴᠢ | ᠼᠤᠤ ᠶᠠᠨ ᠯᠢᠨ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ | ᠰᠢᠤᠸᠠᠢ ᠹᠧᠩ ᠴᠢᠩ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ | ᠳᠠᠷᠤᠭ᠎ᠠ | ᠮᠧᠩ ᡁᠢ ᠵᠢᠶᠦ᠋ᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠬᠤᠶᠠᠳᠤᠭᠠᠷ | ᠳᠡᠰ ᠤᠨ ᠳᠡᠭᠡᠳᠦ ᠵᠡᠷᠭᠡ ᠶᠢᠨ ᠴᠠᠭᠳᠠᠭᠠᠨ ᠳᠠᠷᠤᠭ᠎ᠠ | ᠨᠠᠰᠤᠨᠪᠠᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ | ᠬᠤᠤ ᠰᠢᠶᠤᠤ ᠲᠢᠩ ᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ | ᠶᠤᠸᠠᠨ ᠷᠦᠢ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠡᠳ᠋ ᠳᠠᠷᠤᠭ᠎ᠠ | ︵ᠠᠵᠢᠯ ᠢ ᠨᠢ ᠡᠷᠬᠢᠯᠡᠵᠦ ᠪᠠᠶᠢᠨ᠎ᠠ︶ | ᠵᠤᠤ ᠬᠠᠢ ᠯᠦᠩ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶᠠᠨ ᠤ ᠳᠠᠷᠤᠭ᠎ᠠ | ᠮᠧᠩ ᠵᠠᠨ ᠹᠦ᠋ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ | ᠵᠧᠦ ᠵᠢᠶᠠᠨ ᠯᠢᠶᠠᠩ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶᠠᠨ ᠤ ᠳᠠᠷᠤᠭ᠎ᠠ | ᠯᠢᠦ ᠹᠦ᠋ ᠴᠢᠤᠸᠠᠨ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶᠠᠨ ᠤ ᠳᠠᠷᠤᠭ᠎ᠠ | ᠸᠧᠨ ᠪᠢᠶᠣᠤ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶᠠᠨ ᠤ | ᠳᠠᠷᠤᠭ᠎ᠠ | ᠵᠠᠩ ᠸᠧᠨ ᠭᠤᠸᠠᠩ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ | ᠳᠠᠷᠤᠭ᠎ᠠ | ᠵᠤᠤ ᠰᠢ ᠸᠧᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ | ᠳᠠᠷᠤᠭ᠎ᠠ | ᠭᠦᠸᠧ ᠰᠢᠶᠤᠤ ᠳ᠋ᠦᠩ ᠬᠤᠲᠠ ᠶᠢᠨ ᠭᠠᠳᠠᠭᠠᠳᠤ ᠶᠠᠪᠤᠳᠠᠯ ᠤᠨ ᠠᠯᠪᠠᠨ ᠬᠡᠷ ︵ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ︶ ᠤᠨ ᠡᠷᠬᠢᠯᠡᠭᠴᠢ | ᠶᠣᠣ ᡁᠢ ᠷᠦᠩ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶᠠᠨ ᠤ ᠳᠠᠷᠤᠭ᠎ᠠ | ᠵᠠᠩ ᠵᠢᠶᠠᠨ ᠭᠦᠩ ᠬᠤᠲᠠ ᠶᠢᠨ ᠴᠡᠴᠡᠷᠯᠢᠭ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ | ᠵᠢᠶᠠ ᠰᠢᠨ ᠮᠢᠨ ᠬᠤᠲᠠ ᠶᠢᠨ ᠴᠠᠬᠢᠯᠭᠠᠨ ᠦᠢᠯᠡᠰ ᠤᠨ ᠲᠣᠪᠴᠢᠶᠠᠨ ᠤ ᠳᠠᠷᠤᠭ᠎ᠠ | ᠺᠠᠩ ᠬᠠᠢ ᠷᠦᠢ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ | ᠣᠷᠣᠯᠠᠭᠴᠢ ᠳᠠᠷᠤᠭ᠎ᠠ | ᠯᠢ ᠢᠩ ᠹᠧᠩᠵᠧᠨ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ | ᠣᠷᠣᠯᠠᠭᠴᠢ ᠳᠠᠷᠤᠭ᠎ᠠ | ᠰᠦᠯᠳᠡ ᠳᠥᠷᠪᠡᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠬᠤᠰᠢᠭᠤᠨ ᠤ ᠣᠷᠣᠯᠠᠭᠴᠢ ᠳᠠᠷᠤᠭ᠎ᠠ | ᠤᠯᠠᠭᠠᠨᠴᠠᠪ ᠬᠤᠲᠠ ᠶᠢᠨ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ | ᠤᠳᠤᠷᠢᠳᠬᠤ ᠳᠤᠭᠤᠶᠢᠯᠠᠩ ᠤᠨ ᠳᠤᠤᠷ᠎ᠠ ᠠᠯᠪᠠᠨ ᠬᠡᠷ ᠭᠠᠷᠭᠠᠵᠤ᠂ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠳᠤ ᠠᠯᠪᠠᠨ ᠭᠡᠷ ᠲᠣᠬᠢᠷᠠᠭᠤᠯᠤᠨ᠂ | ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶᠠᠨ ᠤ ᠳᠠᠷᠤᠭ᠎ᠠ ᠶᠣᠣ ᡁᠢ ᠷᠦᠩ ᠨᠥᠬᠦᠷ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠨ ᠡᠭᠦᠷᠭᠡᠯᠡᠨ᠎ᠡ᠃ | ᠬᠠᠭᠤᠯᠤᠨ ᠬᠦᠷᠭᠡᠬᠦ ᠄ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂ ᠤᠯᠤᠰ ᠲᠥᠷᠥ ᠶᠢᠨ | ᠵᠥᠪᠯᠡᠯᠭᠡᠨ ᠤ ᠠᠯᠪᠠᠨ ᠭᠡᠷ᠃ | |