︽ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠰᠢᠷᠢᠰ ᠮᠡᠳᠡᠭᠡᠯᠡᠯ ︵ᠠᠷᠪᠠᠨ ᠨᠢᠭᠡ︶
ᠨᠡᠶᠢᠲᠡᠯᠡᠭᠰᠡᠨ ᠴᠠᠭ᠄
2021/12/3
  ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠤᠮᠳᠠ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠠᠵᠢᠯᠯᠠᠭ᠎ᠠ ᠥᠷᠨᠢᠭᠦᠯᠬᠦ ᠲᠤᠬᠠᠶ ᠨᠠᠮ ᠤᠨ ᠲᠥᠪ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠢᠨ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ᠂ ᠬᠡᠷᠡᠭᠴᠡᠭᠡ ᠱᠠᠭᠠᠷᠳᠠᠯᠭ᠎ᠠ ᠶᠢ ᠠᠷᠠᠳ ᠠᠴᠠ ᠠᠰᠠᠭᠤᠬᠤ᠂ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠬᠤ ︽ᠭᠤᠷᠪᠠ ᠶᠢ ᠠᠰᠠᠭᠤᠬᠤ︾ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠨᠡᠶᠢᠭᠡᠮ ᠤᠨ ᠡᠯ᠎ᠡ ᠡᠲᠡᠭᠡᠳ ᠪᠠ ᠥᠷᠭᠡᠨ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠠᠰᠠᠭᠤᠳᠠᠯ ᠤᠨ ᠨᠠᠷᠢᠨ ᠲᠠᠩᠰᠠ ᠶᠢ ᠬᠤᠷᠢᠶᠠᠩᠭᠤᠶᠢᠯᠠᠨ ᠡᠮᠬᠢᠯᠡᠵᠦ᠂ ᠡᠭᠦᠨ ᠤ ᠤᠯᠠᠮ ᠠᠴᠠ ᠣᠯᠠᠨ ᠲᠦᠮᠡᠨ ᠳᠤ ᠪᠣᠳᠠᠲᠠᠶ ᠶᠠᠪᠤᠳᠠᠯ ᠬᠢᠬᠦ ᠶᠢᠨ ︽ᠭᠤᠷᠪᠠ ᠶᠢ ᠠᠰᠠᠭᠤᠬᠤ︾ ᠦᠢᠯᠡᠴᠢᠯᠡᠭᠡᠨ ᠤ ᠵᠦᠢᠯᠡᠰ ᠤᠨ ᠨᠠᠷᠢᠨ ᠲᠠᠩᠰᠠ ᠶᠢ ᠲᠣᠭᠲᠠᠭᠠᠭᠰᠠᠨ ᠪᠠᠶᠢᠨ᠎ᠠ᠃ ᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠨᠡᠶᠢᠭᠡᠮ ᠲᠠᠶᠠᠭᠠᠷ ᠲᠤ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠦᠢᠯᠡᠳᠦᠯᠭᠡ ᠶᠢᠨ ᠠᠵᠢᠯᠯᠠᠭ᠎ᠠ ᠶᠢᠨ ᠦᠢᠯᠡᠴᠢᠯᠡᠭᠡᠨ ᠤ ᠵᠦᠢᠯᠡᠰ ᠤᠨ ᠨᠠᠷᠢᠨ ᠳᠠᠩᠰᠠ ᠪᠠ ᠠᠰᠠᠭᠤᠳᠠᠯ ᠢ ᠰᠢᠢᠳᠪᠦᠷᠢᠯᠡᠭᠰᠡᠨ ᠦᠷ᠎ᠡ ᠳ᠋ᠦᠩ ᠢ ᠨᠡᠶᠢᠲᠡᠯᠡᠵᠦ᠂ ᠠᠷᠠᠳ ᠣᠯᠠᠨ ᠤ ᠬᠢᠨᠠᠯᠲᠠ ᠪᠠ ᠦᠨᠡᠯᠡᠯᠲᠡ ᠶᠢ ᠤᠬᠠᠮᠰᠠᠷ ᠠᠴᠠ ᠪᠠᠨ ᠬᠦᠯᠢᠶᠡᠬᠦ ᠪᠤᠯᠤᠨ᠎ᠡ᠃      ︽ᠭᠤᠷᠪᠠ ᠶᠢ ᠠᠰᠠᠭᠤᠬᠤ︾ ᠠᠵᠢᠯᠯᠠᠭ᠎ᠠ ᠶᠢᠨ ᠠᠰᠠᠭᠤᠳᠠᠯ ᠤᠨ ᠨᠠᠷᠢᠨ ᠲᠠᠩᠰᠠ     1. ᠵᠢᠨᠢᠩ ᠲᠣᠭᠤᠷᠢᠭ ᠤᠨ ᠴᠠᠬᠢᠯᠭᠠᠨ ᠦᠢᠯᠡᠰ ᠤᠨ ᠨᠡᠶᠢᠭᠡᠮ ᠲᠣᠭᠤᠷᠢᠭ ᠤᠨ ᠠᠮᠤᠷ ᠲᠦᠪᠰᠢᠨ ᠤ ᠲᠣᠪᠴᠢᠶ᠎ᠠ ᠶᠢᠨ ᠶᠡᠭᠡ ᠬᠦᠷᠢᠶᠡᠨ ᠳᠤ ᠲᠡᠷᠭᠡ ᠬᠥᠰᠬᠡ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ ᠵᠢᠴᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠪᠤᠵᠠᠷ ᠪᠥᠭᠡᠳ ᠡᠷᠦᠶ ᠬᠤᠷᠤᠶ ᠥᠬᠡᠶ ᠪᠠᠶᠢᠬᠤ ᠵᠡᠷᠭᠡ ᠠᠰᠠᠭᠤᠳᠠᠯ ᠤᠷᠤᠰᠢᠵᠦ ᠪᠠᠶᠢᠨ᠎ᠠ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠠᠳᠠᠯ ᠠᠬᠤᠶ ᠶᠢᠨ ᠺᠣᠮᠫᠠᠨᠢ ᠶᠢ ᠡᠯᠰᠡᠨ ᠬᠡᠷᠡᠭᠯᠡᠵᠦ᠂ ᠰᠠᠭᠤᠭᠠᠯᠢ ᠠᠷᠠᠳ ᠤᠨ ᠵᠣᠯ ᠵᠢᠷᠭᠠᠯ ᠤᠨ ᠲᠥᠷᠥᠭᠳᠡᠯ ᠢ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ᠃     2. ᠵᠢᠨᠢᠩ ᠲᠣᠭᠤᠷᠢᠭ ᠤᠨ ᠬᠦ ᠱᠠᠨ ᠵᠡᠭᠡᠯᠢ ᠭᠤᠳᠤᠮᠵᠢ ᠶᠢᠨ ᠨᠠᠷᠠᠰᠤᠨ ᠬᠡᠷ ᠪᠦᠯᠢ ᠶᠢᠨ ᠠᠰᠠᠷ ᠤᠨ ᠰᠠᠭᠤᠭᠠᠯᠢ ᠲᠣᠭᠤᠷᠢᠭ ᠤᠨ ᠬᠦᠷᠢᠶᠡᠨ ᠳᠤ ᠰᠠᠨᠳᠠᠯᠢ ᠪᠠᠶᠢᠬᠤ ᠥᠬᠡᠶ᠂ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠰᠢᠢᠳᠪᠦᠷᠢᠯᠡᠵᠦ ᠥᠭᠬᠦ ᠶᠢ ᠬᠦᠰᠡᠵᠦ ᠪᠠᠶᠢᠨ᠎ᠠ᠃     3. ᠵᠢᠨᠢᠩ ᠲᠣᠭᠤᠷᠢᠭ ᠤᠨ ᠤᠯᠠᠭᠠᠨᠴᠠᠪ ᠵᠣᠴᠢᠳ ᠤᠨ ᠪᠠᠭᠤᠳᠠᠯ ᠤᠨ ᠪᠠᠷᠠᠭᠤᠨ ᠭᠤᠳᠤᠮᠵᠢ ᠳᠤ ᠰᠥᠨᠢ ᠶᠢᠨ ᠬᠡᠷᠡᠯ ᠪᠦᠳᠡᠭᠢ᠂ ᠣᠯᠠᠨ ᠲᠦᠮᠡᠨ ᠶᠠᠪᠤᠵᠤ ᠰᠠᠭᠤᠬᠤ ᠳᠤ ᠳᠥᠭᠦᠮ ᠦᠭᠡᠢ ᠪᠠᠶᠢᠨ᠎ᠠ᠂ ᠲᠦᠷᠭᠡᠬᠡᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃     4. ᠵᠢᠨᠢᠩ ᠲᠣᠭᠤᠷᠢᠭ ᠤᠨ ᠬᠦᠭᠦᠷᠭᠡ ᠶᠢᠨ ᠵᠡᠭᠦᠨᠳᠡᠬᠢ ᠵᠡᠭᠡᠯᠢ ᠭᠤᠳᠤᠮᠵᠢ ᠶᠢᠨ ᠤᠰᠤᠨ ᠠᠰᠢᠭᠯᠠᠯᠲᠠ ᠶᠢᠨ ᠭᠡᠷ ᠪᠦᠯᠢ ᠶᠢᠨ ᠬᠦᠷᠢᠶᠡᠨ ᠤ ᠠᠰᠠᠷ ᠤᠨ ᠡᠮᠦᠨ᠎ᠡ ᠶᠡᠭᠡ ᠬᠡᠮᠵᠢᠶᠡᠨ ᠤ ᠭᠤᠣᠯ ᠤᠨ ᠭᠤᠯᠳᠤᠷᠢᠯ ᠤᠨ ᠪᠣᠬᠢᠷ ᠤᠰᠤ ᠬᠤᠷᠠᠵᠤ ᠪᠠᠶᠢᠨ᠎ᠠ᠂ ᠲᠦᠷᠭᠡᠬᠡᠨ ᠨᠡᠪᠲᠡᠷᠡᠭᠦᠯᠬᠦ ᠶᠢ ᠬᠦᠰᠡᠵᠦ ᠪᠠᠶᠢᠨ᠎ᠠ᠃     5. ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ 110 ᠤᠯᠤᠰ ᠤᠨ ᠵᠠᠮ ᠤᠨ ᠰᠠᠨ ᠴᠠ ᠺᠧᠤ ᠰᠢᠶᠠᠩ ᠤᠨ ᠵᠠᠮ ᠤᠨ ᠠᠭᠤᠯᠵᠠᠷ ᠲᠠᠬᠢ ᠨᠣᠭᠤᠭᠠᠷᠠᠭᠤᠯᠤᠯᠲᠠ ᠶᠢᠨ ᠮᠣᠳᠣ ᠨᠡᠯᠢᠶᠡᠳ ᠥᠨᠳᠥᠷ ᠪᠠᠶᠢᠵᠤ᠂ ᠬᠠᠷᠠᠭ᠎ᠠ ᠶᠢ ᠬᠠᠯᠬᠠᠯᠠᠨ᠂ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠨ᠎ᠠ᠂ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠰᠢᠢᠳᠪᠦᠷᠢᠯᠡᠬᠦ ᠶᠢ ᠬᠦᠰᠡᠵᠦ ᠪᠠᠶᠢᠨ᠎ᠠ᠃     6. ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠫᠢᠩ ᠳ᠋ᠢ ᠴᠢᠤᠸᠠᠨ ᠪᠠᠯᠭᠠᠰᠤᠨ ᠤ ᠱᠢ ᠳ᠋ᠠᠢ ᠠᠭᠤᠳᠠᠮ ᠲᠠᠯᠠᠪᠠᠶ ᠰᠠᠭᠤᠭᠠᠯᠢ ᠲᠣᠭᠤᠷᠢᠭ ᠤᠨ ᠵᠡᠭᠦᠨ ᠡᠭᠦᠳᠡᠨ ᠳᠤ ᠪᠣᠷᠣᠭᠠᠨ ᠤ ᠤᠰᠤ ᠶᠡᠭᠡ ᠪᠠᠷ ᠬᠤᠷᠠᠵᠤ᠂ ᠣᠯᠠᠨ ᠲᠦᠮᠡᠨ ᠶᠠᠪᠤᠵᠤ ᠰᠠᠭᠤᠬᠤ ᠳᠤ ᠳᠥᠭᠦᠮ ᠦᠭᠡᠢ ᠪᠠᠶᠢᠨ᠎ᠠ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠲᠦᠷᠭᠡᠬᠡᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃     7. ᠵᠦᠸᠧᠽᠢ ᠰᠢᠶᠠᠨ ᠤ ᠵᠦᠸᠧᠽᠢ ᠱᠠᠨ ᠪᠠᠯᠭᠠᠰᠤᠨ ᠤ ᠾᠦᠢ ᠯᠢᠨ ᠰᠠᠭᠤᠭᠠᠯᠢ ᠲᠣᠭᠤᠷᠢᠭ ᠤᠨ ᠲᠦᠭᠡᠭᠡᠯ ᠤᠰᠤᠨ ᠤ ᠬᠤᠭᠤᠯᠠᠶ ᠬᠠᠭᠠᠷᠠᠭᠰᠠᠨ ᠠᠴᠠ ᠪᠣᠯᠵᠣ ᠭᠠᠵᠠᠷ ᠴᠥᠮᠥᠷᠡᠭᠰᠡᠨ ᠪᠠᠶᠢᠨ᠎ᠠ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠲᠦᠷᠭᠡᠨ ᠵᠠᠰᠠᠵᠤ ᠰᠡᠷᠭᠦᠭᠡᠬᠦ ᠶᠢ ᠬᠦᠰᠡᠵᠦ ᠪᠠᠶᠢᠨ᠎ᠠ᠃     8. ᠵᠦᠸᠧᠽᠢ ᠰᠢᠶᠠᠨ ᠤ ᠭᠡᠭᠡᠨᠰᠦ᠋ᠮ᠎ᠡ ᠶᠢᠨ ᠵᠢᠤ ᠯᠦᠩ ᠸᠠᠨ ᠤ ᠦᠵᠡᠮᠵᠢ ᠶᠢᠨ ᠣᠷᠣᠨ ᠳᠤ ᠠᠶᠠᠨᠴᠢᠳ ᠢ ᠲᠣᠰᠴᠤ ᠬᠦᠷᠭᠡᠬᠦ ᠲᠡᠷᠭᠡ ᠨᠡᠯᠢᠶᠡᠳ ᠴᠥᠭᠡᠨ᠂ ᠮᠥᠷᠯᠡᠵᠦ ᠪᠠᠶᠢᠭ᠎ᠠ ᠬᠥᠮᠦᠨ ᠤ ᠲᠤᠭ᠎ᠠ ᠨᠡᠯᠢᠶᠡᠳ ᠣᠯᠠᠨ ᠪᠠᠶᠢᠨ᠎ᠠ᠃ ᠲᠣᠰᠴᠤ ᠬᠦᠷᠭᠡᠬᠦ ᠲᠡᠷᠭᠡ ᠶᠢ ᠨᠡᠮᠡᠭᠳᠡᠭᠦᠯᠵᠦ᠂ ᠮᠥᠷᠯᠡᠵᠦ ᠬᠦᠯᠢᠶᠡᠬᠦ ᠴᠠᠭ ᠢ ᠪᠠᠭᠠᠰᠬᠠᠬᠤ ᠶᠢ ᠬᠦᠰᠡᠵᠦ ᠪᠠᠶᠢᠨ᠎ᠠ᠃      9. ᠱᠠᠩᠳᠤ ᠰᠢᠶᠠᠨ ᠤ ᠴᠠᠩ ᠱᠧᠩ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠷᠢᠶ᠎ᠠ ᠲᠤᠭᠤᠷᠢᠭ᠂ ᠸᠠᠩ ᠶᠣᠣ ᠭᠸᠤ ᠶᠢᠨ ᠰᠦᠢᠳᠬᠡᠯ ᠬᠤᠷᠢᠶᠠᠬᠤ ᠦᠷᠳᠡᠭᠡ ᠶᠢᠨ ᠤᠢᠢᠷ᠎ᠠ ᠬᠠᠪᠢ ᠳᠤ ᠭᠠᠷ ᠤᠲᠠᠰᠤᠨ ᠤ ᠳᠤᠬᠢᠶ᠎ᠠ ᠮᠠᠭᠤ ᠪᠠᠶᠢᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠠᠭᠤᠷᠢ ᠦᠷᠳᠡᠭᠡ ᠨᠡᠮᠡᠵᠦ ᠪᠠᠶᠢᠭᠤᠯᠤᠨ᠂ ᠪᠦᠷᠬᠦᠴᠡ ᠶᠢᠨ ᠬᠡᠪᠴᠢᠶ᠎ᠡ ᠪᠠᠨ ᠥᠷᠭᠡᠳᠬᠡᠬᠦ ᠶᠢ ᠬᠦᠰᠡᠵᠦ ᠪᠠᠶᠢᠨ᠎ᠠ᠃     10. ᠬᠤᠸᠠᠳᠧ ᠰᠢᠶᠠᠨ ᠤ ᠶᠠᠪᠠᠭᠠᠨ ᠵᠡᠭᠡᠯᠢ ᠶᠢᠨ ᠴᠠᠬᠢᠯᠭᠠᠨ ᠬᠠᠩᠭᠠᠬᠤ ᠭᠠᠵᠠᠷ ᠤᠨ ᠣᠶᠢᠷ᠎ᠠ ᠬᠠᠪᠢ ᠶᠢᠨ ᠵᠡᠭᠡᠯᠢ ᠭᠤᠳᠤᠮᠵᠢ ᠶᠢᠨ ᠬᠤᠲᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠤᠷ ᠢ ᠥᠭᠡᠷᠡᠴᠢᠯᠡᠬᠦ ᠢᠨᠵᠧᠨᠧᠷᠢᠩ ᠠᠴᠠ ᠪᠣᠯᠵᠣ ᠵᠠᠮ ᠡᠪᠳᠡᠷᠡᠵᠦ᠂ ᠣᠯᠠᠨ ᠲᠦᠮᠡᠨ ᠶᠠᠪᠤᠵᠤ ᠰᠠᠭᠤᠬᠤ ᠳᠤ ᠳᠥᠭᠦᠮ ᠦᠭᠡᠢ ᠪᠠᠶᠢᠨ᠎ᠠ᠃ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠲᠦᠷᠭᠡᠨ ᠰᠡᠯᠪᠢᠨ ᠵᠠᠰᠠᠬᠤ ᠶᠢ ᠬᠦᠰᠡᠵᠦ ᠪᠠᠶᠢᠨ᠎ᠠ᠃     ︽ᠭᠤᠷᠪᠠ ᠶᠢ ᠠᠰᠠᠭᠤᠬᠤ︾ ᠠᠵᠢᠯᠯᠠᠭ᠎ᠠ ᠶᠢᠨ ᠠᠰᠠᠭᠤᠳᠠᠯ ᠤᠨ ᠨᠠᠷᠢᠨ ᠲᠠᠩᠰᠠ ᠶᠢ ᠰᠢᠢᠳᠪᠦᠷᠢᠯᠡᠵᠦ ᠳᠠᠭᠤᠰᠬᠠᠭᠰᠠᠨ ᠪᠠᠶᠢᠳᠠᠯ     1 . ᠵᠢᠨᠢᠩ ᠲᠣᠭᠤᠷᠢᠭ ᠤᠨ ᠴᠠᠬᠢᠯᠭᠠᠨ ᠦᠢᠯᠡᠰ ᠤᠨ ᠨᠡᠶᠢᠭᠡᠮ ᠲᠣᠭᠤᠷᠢᠭ ᠤᠨ ᠠᠮᠤᠷ ᠲᠦᠪᠰᠢᠨ ᠤ ᠲᠣᠪᠴᠢᠶ᠎ᠠ ᠶᠢᠨ ᠶᠡᠭᠡ ᠬᠦᠷᠢᠶᠡᠨ ᠳᠤ ᠲᠡᠷᠭᠡ ᠬᠥᠰᠬᠡ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ ᠵᠢᠴᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠪᠤᠵᠠᠷ ᠪᠥᠭᠡᠳ ᠡᠷᠦᠶ ᠬᠤᠷᠤᠶ ᠥᠬᠡᠶ ᠪᠠᠶᠢᠬᠤ ᠵᠡᠷᠭᠡ ᠠᠰᠠᠭᠤᠳᠠᠯ ᠤᠷᠤᠰᠢᠵᠦ ᠪᠠᠶᠢᠨ᠎ᠠ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠠᠳᠠᠯ ᠠᠬᠤᠶ ᠶᠢᠨ ᠺᠣᠮᠫᠠᠨᠢ ᠶᠢ ᠡᠯᠰᠡᠨ ᠬᠡᠷᠡᠭᠯᠡᠵᠦ᠂ ᠰᠠᠭᠤᠭᠠᠯᠢ ᠠᠷᠠᠳ ᠤᠨ ᠵᠣᠯ ᠵᠢᠷᠭᠠᠯ ᠤᠨ ᠲᠥᠷᠥᠭᠳᠡᠯ ᠢ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠬᠢᠨᠠᠨ ᠬᠠᠷᠭᠤᠭᠤᠯᠤᠭᠰᠠᠨ ᠢᠶᠠᠷ᠂ ᠵᠢᠨᠢᠩ ᠲᠣᠭᠤᠷᠢᠭ ᠤᠨ ᠬᠦᠭᠦᠷᠭᠡ ᠶᠢᠨ ᠵᠡᠭᠦᠨᠳᠡᠬᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢᠭᠡᠨᠲᠡ ᠲᠣᠰ ᠰᠠᠭᠤᠭᠠᠯᠢ ᠲᠣᠭᠤᠷᠢᠭ ᠲᠤ ᠠᠳᠠᠯ ᠠᠬᠤᠶ ᠶᠢᠨ ᠺᠣᠮᠫᠠᠨᠢ ᠡᠯᠰᠡᠨ ᠠᠪᠴᠢᠷᠠᠵᠤ᠂ ᠲᠡᠷᠭᠡ ᠬᠥᠰᠬᠡ ᠵᠣᠭᠰᠣᠭᠠᠬᠤ ᠶᠢ ᠵᠢᠷᠤᠮᠵᠢᠭᠤᠯᠤᠨ᠂ ᠲᠤᠰᠬᠠᠶ ᠬᠥᠮᠦᠨ ᠲᠣᠬᠢᠷᠠᠭᠤᠯᠤᠨ ᠴᠡᠪᠡᠷᠯᠡᠭᠡ ᠬᠢᠯᠭᠡᠵᠦ᠂ ᠣᠯᠠᠨ ᠲᠦᠮᠡᠨ ᠤ ᠵᠣᠯ ᠵᠢᠷᠭᠠᠯ ᠤᠨ ᠲᠦᠷᠦᠭᠳᠡᠯ ᠢ ᠳᠡᠭᠡᠭᠰᠢᠯᠡᠭᠦᠯᠦᠭᠰᠡᠨ ᠪᠠᠶᠢᠨ᠎ᠠ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶     2 . ᠵᠢᠨᠢᠩ ᠲᠣᠭᠤᠷᠢᠭ ᠤᠨ ᠬᠦ ᠱᠠᠨ ᠵᠡᠭᠡᠯᠢ ᠭᠤᠳᠤᠮᠵᠢ ᠶᠢᠨ ᠨᠠᠷᠠᠰᠤᠨ ᠬᠡᠷ ᠪᠦᠯᠢ ᠶᠢᠨ ᠠᠰᠠᠷ ᠤᠨ ᠰᠠᠭᠤᠭᠠᠯᠢ ᠲᠣᠭᠤᠷᠢᠭ ᠤᠨ ᠬᠦᠷᠢᠶᠡᠨ ᠳᠤ ᠰᠠᠨᠳᠠᠯᠢ ᠪᠠᠶᠢᠬᠤ ᠥᠬᠡᠶ᠂ ᠬᠠᠮᠢᠶ᠎ᠠ ᠪᠥᠬᠦᠶ ᠰᠠᠯᠠᠭ᠎ᠠ ᠮᠥᠴᠢᠷ ᠡᠴᠠ‌‍ᠰᠢᠢᠳᠪᠦᠷᠢᠯᠡᠵᠦ ᠥᠭᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠠᠴᠠ ᠨᠢᠭᠡᠨᠲᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠳᠠᠭᠠᠭᠠᠯᠭᠠᠵᠤ᠂ ᠨᠠᠷᠠᠰᠤᠨ ᠭᠡᠷ ᠪᠦᠯᠢ ᠶᠢᠨ ᠠᠰᠠᠷ ᠲᠤ 6 ᠢᠵᠢ ᠰᠠᠨᠳᠠᠯᠢ ᠵᠢᠴᠢ 1 ᠢᠵᠢ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠲᠣᠬᠢᠷᠠᠭᠤᠯᠵᠤ᠂ ᠣᠳᠣ ᠨᠢᠭᠡᠨᠲᠡ ᠤᠭᠰᠠᠷᠠᠵᠤ ᠳᠠᠭᠤᠰᠬᠠᠪᠠ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶     3 . ᠵᠢᠨᠢᠩ ᠲᠣᠭᠤᠷᠢᠭ ᠤᠨ ᠤᠯᠠᠭᠠᠨᠴᠠᠪ ᠵᠣᠴᠢᠳ ᠤᠨ ᠪᠠᠭᠤᠳᠠᠯ ᠤᠨ ᠪᠠᠷᠠᠭᠤᠨ ᠭᠤᠳᠤᠮᠵᠢ ᠳᠤ ᠰᠥᠨᠢ ᠶᠢᠨ ᠬᠡᠷᠡᠯ ᠪᠦᠳᠡᠭᠢ᠂ ᠣᠯᠠᠨ ᠲᠦᠮᠡᠨ ᠶᠠᠪᠤᠵᠤ ᠰᠠᠭᠤᠬᠤ ᠳᠤ ᠳᠥᠭᠦᠮ ᠦᠭᠡᠢ ᠪᠠᠶᠢᠨ᠎ᠠ᠂ ᠲᠦᠷᠭᠡᠬᠡᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠬᠢᠨᠠᠨ ᠬᠠᠷᠭᠤᠭᠤᠯᠤᠭᠰᠠᠨ ᠢᠶᠠᠷ᠂ ᠵᠢᠨᠢᠩ ᠲᠣᠭᠤᠷᠢᠭ ᠤᠨ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠠᠵᠢᠯ ᠦᠢᠯᠡᠰ ᠤᠨ ᠦᠢᠯᠡᠴᠢᠯᠡᠭᠡᠨ ᠤ ᠲᠥᠪ ᠨᠢᠭᠡᠨᠲᠡ ᠲᠣᠰ ᠬᠡᠰᠡᠭ ᠲᠤ 8 ᠰᠠᠭᠤᠷᠢ ᠨᠡᠷᠡᠨ ᠡᠨᠧᠷᠭᠢ ᠶᠢᠨ ᠵᠠᠮ ᠤᠨ ᠳ᠋ᠧᠩ ᠤᠭᠰᠠᠷᠠᠵᠤ᠂ ᠣᠯᠠᠨ ᠲᠦᠮᠡᠨ ᠤ ᠰᠥᠨᠢ ᠪᠠᠷ ᠶᠠᠪᠤᠵᠤ ᠰᠠᠭᠤᠬᠤ ᠳᠤ ᠳᠥᠭᠦᠮ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠵᠡᠢ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶     4 . ᠵᠢᠨᠢᠩ ᠲᠣᠭᠤᠷᠢᠭ ᠤᠨ ᠬᠦᠭᠦᠷᠭᠡ ᠶᠢᠨ ᠵᠡᠭᠦᠨᠳᠡᠬᠢ ᠵᠡᠭᠡᠯᠢ ᠭᠤᠳᠤᠮᠵᠢ ᠶᠢᠨ ᠤᠰᠤᠨ ᠠᠰᠢᠭᠯᠠᠯᠲᠠ ᠶᠢᠨ ᠭᠡᠷ ᠪᠦᠯᠢ ᠶᠢᠨ ᠬᠦᠷᠢᠶᠡᠨ ᠤ ᠠᠰᠠᠷ ᠤᠨ ᠡᠮᠦᠨ᠎ᠡ ᠶᠡᠭᠡ ᠬᠡᠮᠵᠢᠶᠡᠨ ᠤ ᠭᠤᠣᠯ ᠤᠨ ᠭᠤᠯᠳᠤᠷᠢᠯ ᠤᠨ ᠪᠣᠬᠢᠷ ᠤᠰᠤ ᠬᠤᠷᠠᠵᠤ ᠪᠠᠶᠢᠨ᠎ᠠ᠂ ᠲᠦᠷᠭᠡᠬᠡᠨ ᠨᠡᠪᠲᠡᠷᠡᠭᠦᠯᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠠᠴᠠ ᠨᠢᠭᠡᠨᠲᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠳᠠᠭᠠᠭᠠᠯᠭᠠᠵᠤ ᠨᠡᠪᠲᠡᠷᠡᠭᠦᠯᠬᠦ ᠶᠢᠨ ᠬᠠᠮᠲᠤ ᠬᠦ ᠱᠠᠨ ᠴᠢᠶᠣᠤ ᠬᠥᠭᠦᠷᠭᠡ ᠠᠴᠠ ᠰᠢᠨ᠎ᠡ ᠲᠡᠯᠡᠬᠡᠢ ᠬᠥᠭᠦᠷᠭᠡ ᠬᠦᠷᠬᠦ ᠬᠡᠰᠡᠭ ᠲᠤ ᠪᠣᠷᠣᠭᠠᠨ ᠪᠠ ᠪᠣᠬᠢᠷ ᠤᠰᠤ ᠭᠠᠳᠠᠭᠰᠢᠯᠠᠭᠤᠯᠬᠤ ᠭᠤᠤᠷᠰᠤ ᠬᠤᠭᠤᠯᠠᠶ ᠲᠠᠲᠠᠵᠤ᠂ ᠵᠢᠱᠢᠯᠲᠡ ᠪᠠᠷ 9 ᠰᠠᠷ᠎ᠠ ᠶᠢᠨ ᠳᠤᠮᠳᠠᠴᠢ ᠪᠠᠷ ᠠᠵᠢᠯ ᠢᠶᠠᠨ ᠳᠠᠭᠤᠰᠬᠠᠵᠤ᠂ ᠲᠤᠬᠠᠶ ᠶᠢᠨ ᠦᠶ᠎ᠡ ᠳᠤ ᠡᠶᠢᠮᠦᠷᠬᠦ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠬᠦ ᠪᠣᠯᠤᠨ᠎ᠠ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶    5. ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ 110 ᠤᠯᠤᠰ ᠤᠨ ᠵᠠᠮ ᠤᠨ ᠰᠠᠨ ᠴᠠ ᠺᠧᠤ ᠰᠢᠶᠠᠩ ᠤᠨ ᠵᠠᠮ ᠤᠨ ᠠᠭᠤᠯᠵᠠᠷ ᠲᠠᠬᠢ ᠨᠣᠭᠤᠭᠠᠷᠠᠭᠤᠯᠤᠯᠲᠠ ᠶᠢᠨ ᠮᠣᠳᠣ ᠨᠡᠯᠢᠶᠡᠳ ᠥᠨᠳᠥᠷ ᠪᠠᠶᠢᠵᠤ᠂ ᠬᠠᠷᠠᠭ᠎ᠠ ᠶᠢ ᠬᠠᠯᠬᠠᠯᠠᠨ᠂ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠨ᠎ᠠ᠂ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠰᠢᠢᠳᠪᠦᠷᠢᠯᠡᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠠᠴᠠ ᠬᠤᠯᠪᠣᠭᠳᠠᠯ ᠪᠦᠭᠦᠢ ᠰᠠᠯᠠᠭ᠎ᠠ ᠮᠥᠴᠢᠷ ᠢ ᠱᠠᠭᠠᠷᠳᠠᠵᠤ᠂ 110 ᠤᠯᠤᠰ ᠤᠨ ᠵᠠᠮ ᠤᠨ ᠰᠠᠨ ᠴᠠ ᠺᠧᠤ ᠰᠢᠶᠠᠩ ᠤᠨ ᠵᠠᠮ ᠤᠨ ᠠᠭᠤᠯᠵᠠᠷ ᠤᠨ ᠬᠠᠷᠠᠭ᠎ᠠ ᠶᠢ ᠬᠠᠯᠬᠠᠯᠠᠭᠰᠠᠨ ᠮᠣᠳᠣ ᠶᠢ ᠬᠠᠶᠢᠴᠢᠯᠠᠨ ᠵᠠᠰᠠᠵᠤ᠂ ᠠᠮᠤᠷ ᠲᠦᠪᠰᠢᠨ ᠤ ᠬᠡᠮ ᠰᠣᠭᠤᠭ ᠢ ᠠᠷᠢᠯᠭᠠᠨ᠂ ᠣᠯᠠᠨ ᠲᠦᠮᠡᠨ ᠳᠤ ᠠᠮᠤᠷ ᠲᠦᠪᠰᠢᠨ ᠢᠶᠠᠷ ᠶᠠᠪᠤᠵᠤ ᠰᠠᠭᠤᠬᠤ ᠣᠷᠴᠢᠨ ᠲᠣᠭᠤᠷᠢᠨ ᠢ ᠬᠠᠩᠭᠠᠵᠡᠶ᠃ ︵ᠲᠠᠭᠠᠭᠠᠨ ᠭᠦᠢᠴᠡᠳᠭᠡᠬᠦ ᠨᠢᠭᠡᠴᠢ᠄ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ︶     6 . ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠫᠢᠩ ᠳ᠋ᠢ ᠴᠢᠤᠸᠠᠨ ᠪᠠᠯᠭᠠᠰᠤᠨ ᠤ ᠱᠢ ᠳ᠋ᠠᠢ ᠠᠭᠤᠳᠠᠮ ᠲᠠᠯᠠᠪᠠᠶ ᠰᠠᠭᠤᠭᠠᠯᠢ ᠲᠣᠭᠤᠷᠢᠭ ᠤᠨ ᠵᠡᠭᠦᠨ ᠡᠭᠦᠳᠡᠨ ᠳᠤ ᠪᠣᠷᠣᠭᠠᠨ ᠤ ᠤᠰᠤ ᠶᠡᠭᠡ ᠪᠠᠷ ᠬᠤᠷᠠᠵᠤ᠂ ᠣᠯᠠᠨ ᠲᠦᠮᠡᠨ ᠶᠠᠪᠤᠵᠤ ᠰᠠᠭᠤᠬᠤ ᠳᠤ ᠳᠥᠭᠦᠮ ᠦᠭᠡᠢ ᠪᠠᠶᠢᠨ᠎ᠠ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠲᠦᠷᠭᠡᠬᠡᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠠᠴᠠ ᠬᠤᠯᠪᠣᠭᠳᠠᠯ ᠪᠦᠭᠦᠢ ᠰᠠᠯᠠᠭ᠎ᠠ ᠮᠥᠴᠢᠷ ᠲᠤ ᠳᠣᠰ ᠰᠠᠭᠤᠭᠠᠯᠢ ᠲᠣᠭᠤᠷᠢᠭ ᠤᠨ ᠵᠡᠭᠦᠨ ᠡᠭᠦᠳᠡᠨ ᠤ ᠵᠠᠮ ᠤᠨ ᠭᠠᠳᠠᠷᠭᠤ ᠶᠢ ᠬᠠᠲᠠᠭᠤᠷᠠᠭᠤᠯᠵᠤ᠂ ᠪᠤᠵᠠᠷ ᠤᠰᠤᠨ ᠤ ᠬᠤᠭᠤᠯᠠᠶ ᠲᠠᠲᠠᠬᠤ ᠶᠢ ᠱᠠᠭᠠᠷᠳᠠᠵᠠᠶ᠂ ᠵᠢᠱᠢᠯᠲᠡ ᠪᠠᠷ ᠰᠠᠷ᠎ᠠ ᠶᠢᠨ ᠰᠡᠭᠦᠯᠴᠢ ᠪᠠᠷ ᠠᠵᠢᠯ ᠢᠶᠠᠨ ᠳᠠᠭᠤᠰᠬᠠᠨ᠎ᠠ᠃ ︵ᠳᠠᠭᠠᠭᠠᠨ ᠭᠦᠢᠴᠡᠳᠭᠡᠬᠦ ᠨᠢᠭᠡᠴᠢ᠄ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ︶     7 . ᠵᠦᠸᠧᠽᠢ ᠰᠢᠶᠠᠨ ᠤ ᠵᠦᠸᠧᠽᠢ ᠱᠠᠨ ᠪᠠᠯᠭᠠᠰᠤᠨ ᠤ ᠾᠦᠢ ᠯᠢᠨ ᠰᠠᠭᠤᠭᠠᠯᠢ ᠲᠣᠭᠤᠷᠢᠭ ᠤᠨ ᠲᠦᠭᠡᠭᠡᠯ ᠤᠰᠤᠨ ᠤ ᠬᠤᠭᠤᠯᠠᠶ ᠬᠠᠭᠠᠷᠠᠭᠰᠠᠨ ᠠᠴᠠ ᠪᠣᠯᠵᠣ ᠭᠠᠵᠠᠷ ᠨᠢ ᠴᠥᠮᠥᠷᠡᠭᠰᠡᠨ ᠪᠠᠶᠢᠨ᠎ᠠ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠲᠦᠷᠭᠡᠨ ᠵᠠᠰᠠᠵᠤ ᠰᠡᠷᠭᠦᠭᠡᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠬᠢᠨᠠᠨ ᠬᠠᠷᠭᠤᠭᠤᠯᠤᠭᠰᠠᠨ ᠢᠶᠠᠷ᠂ ᠵᠦᠸᠧᠽᠢ ᠰᠢᠶᠠᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠡᠪᠳᠡᠷᠡᠵᠦ ᠰᠦᠢᠳᠦᠭᠰᠡᠨ ᠬᠤᠭᠤᠯᠠᠶ ᠶᠢ ᠵᠠᠰᠠᠵᠤ ᠰᠡᠯᠪᠢᠭᠰᠡᠨ ᠪᠥᠭᠡᠳ ᠴᠥᠮᠥᠷᠡᠭᠰᠡᠨ ᠭᠠᠵᠠᠷ ᠤᠨ ᠭᠠᠳᠠᠷᠭᠤ ᠶᠢ ᠤᠤᠯ ᠮᠠᠶ᠋ᠢᠭ ᠢᠶᠠᠷ ᠰᠡᠷᠭᠦᠭᠡᠵᠡᠶ᠃ ︵ᠲᠠᠭᠠᠭᠠᠨ ᠭᠦᠢᠴᠡᠳᠭᠡᠬᠦ ᠨᠢᠭᠡᠴᠢ᠄ ᠵᠦᠸᠧᠽᠢ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ︶     8. ᠵᠦᠸᠧᠽᠢ ᠰᠢᠶᠠᠨ ᠤ ᠭᠡᠭᠡᠨᠰᠦ᠋ᠮ᠎ᠡ ᠶᠢᠨ ᠵᠢᠤ ᠯᠦᠩ ᠸᠠᠨ ᠤ ᠦᠵᠡᠮᠵᠢ ᠶᠢᠨ ᠣᠷᠣᠨ ᠳᠤ ᠠᠶᠠᠨᠴᠢᠳ ᠢ ᠲᠣᠰᠴᠤ ᠬᠦᠷᠭᠡᠬᠦ ᠲᠡᠷᠭᠡ ᠨᠡᠯᠢᠶᠡᠳ ᠴᠥᠭᠡᠨ᠂ ᠮᠥᠷᠯᠡᠵᠦ ᠪᠠᠶᠢᠭ᠎ᠠ ᠬᠥᠮᠦᠨ ᠤ ᠲᠤᠭ᠎ᠠ ᠨᠡᠯᠢᠶᠡᠳ ᠣᠯᠠᠨ ᠪᠠᠶᠢᠨ᠎ᠠ᠃ ᠲᠣᠰᠴᠤ ᠬᠦᠷᠭᠡᠬᠦ ᠲᠡᠷᠭᠡ ᠶᠢ ᠨᠡᠮᠡᠭᠳᠡᠭᠦᠯᠵᠦ᠂ ᠮᠥᠷᠯᠡᠵᠦ ᠬᠦᠯᠢᠶᠡᠬᠦ ᠴᠠᠭ ᠢ ᠪᠠᠭᠠᠰᠬᠠᠬᠤ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠬᠢᠨᠠᠨ ᠬᠠᠷᠭᠤᠭᠤᠯᠤᠭᠰᠠᠨ ᠢᠶᠠᠷ᠂ ᠭᠡᠭᠡᠨᠰᠦ᠋ᠮ᠎ᠡ ᠶᠢᠨ ᠵᠢᠦ ᠯᠦᠩ ᠸᠠᠨ ᠤ ᠦᠵᠡᠮᠵᠢ ᠶᠢᠨ ᠣᠷᠣᠨ ᠳᠤ ᠤᠤᠯ ᠤᠨ ᠪᠠᠶᠢᠭᠰᠠᠨ ᠲᠡᠷᠭᠡᠨ ᠤ ᠰᠠᠭᠤᠷᠢᠨ ᠳᠡᠭᠡᠷ᠎ᠡ 3 ᠬᠡᠭᠡᠷᠡᠯᠡᠨ ᠠᠶᠠᠯᠠᠬᠤ ᠲᠡᠷᠭᠡ ᠨᠡᠮᠡᠵᠦ ᠠᠶᠠᠨᠴᠢᠳ ᠢ ᠠᠭᠤᠯᠠᠨ ᠠᠴᠠ ᠲᠤᠰᠴᠤ ᠬᠦᠷᠭᠡᠨ᠂ ᠠᠶᠠᠨᠴᠢᠳ ᠤᠨ ᠮᠥᠷᠯᠡᠵᠦ ᠬᠦᠯᠢᠶᠡᠬᠦ ᠴᠠᠭ ᠢ ᠪᠠᠭᠠᠰᠬᠠᠪᠠ᠃ ︵ᠲᠠᠭᠠᠭᠠᠨ ᠭᠦᠢᠴᠡᠳᠭᠡᠬᠦ ᠨᠢᠭᠡᠴᠢ᠄ ᠵᠦᠸᠧᠽᠢ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ︶     9. ᠱᠠᠩᠳᠤ ᠰᠢᠶᠠᠨ ᠤ ᠴᠠᠩ ᠱᠧᠩ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠷᠢᠶ᠎ᠠ ᠬᠡᠰᠡᠭ᠂ ᠸᠠᠩ ᠶᠣᠣ ᠭᠸᠤ ᠶᠢᠨ ᠰᠦᠢᠳᠬᠡᠯ ᠬᠤᠷᠢᠶᠠᠬᠤ ᠦᠷᠳᠡᠭᠡ ᠶᠢᠨ ᠤᠢᠢᠷ᠎ᠠ ᠬᠠᠪᠢ ᠳᠤ ᠭᠠᠷ ᠤᠲᠠᠰᠤᠨ ᠤ ᠳᠤᠬᠢᠶ᠎ᠠ ᠮᠠᠭᠤ ᠪᠠᠶᠢᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠠᠭᠤᠷᠢ ᠦᠷᠳᠡᠭᠡ ᠨᠡᠮᠡᠵᠦ ᠪᠠᠶᠢᠭᠤᠯᠤᠨ᠂ ᠪᠦᠷᠬᠦᠴᠡ ᠶᠢᠨ ᠬᠡᠪᠴᠢᠶ᠎ᠡ ᠪᠠᠨ ᠥᠷᠭᠡᠳᠬᠡᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠬᠢᠨᠠᠨ ᠬᠠᠷᠭᠤᠭᠤᠯᠤᠭᠰᠠᠨ ᠢᠶᠠᠷ᠂ ᠬᠤᠲᠠ ᠶᠢᠨ ᠰᠢᠯᠵᠢᠮᠡᠯ ᠬᠤᠯᠪᠣᠭ᠎ᠠ᠂ ᠬᠤᠲᠠ ᠶᠢᠨ ᠲᠡᠮᠦᠷ ᠰᠤᠪᠤᠷᠭ᠎ᠠ ᠶᠢᠨ ᠺᠣᠮᠫᠠᠨᠢ ᠵᠡᠷᠭᠡ ᠰᠠᠯᠠᠭ᠎ᠠ ᠮᠥᠴᠢᠷ ᠤᠨ ᠬᠢᠨ ᠴᠠᠩ ᠱᠧᠩ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠰᠠᠭᠤᠷᠢ ᠥᠷᠲᠡᠭᠡ ᠨᠡᠮᠡᠵᠦ ᠪᠠᠶᠢᠭᠤᠯᠤᠭᠰᠠᠨ ᠪᠥᠭᠡᠳ ᠸᠠᠩ ᠶᠣᠣ ᠭᠸᠤ ᠶᠢᠨ ᠰᠦᠢᠳᠬᠡᠯ ᠬᠤᠷᠢᠶᠠᠬᠤ ᠥᠷᠲᠡᠭᠡ ᠶᠢᠨ ᠣᠶᠢᠷ᠎ᠠ ᠬᠠᠪᠢ ᠶᠢᠨ ᠳᠣᠬᠢᠶ᠎ᠠ ᠶᠢ ᠴᠢᠩᠭᠠᠳᠬᠠᠵᠤ᠂ ᠣᠯᠠᠨ ᠲᠦᠮᠡᠨ ᠤ ᠸᠢᠴᠠᠲ ᠢᠶᠠᠷ ᠶᠠᠷᠢᠯᠴᠠᠬᠤ ᠪᠠ ᠤᠲᠠᠰᠤ ᠥᠬᠡᠶ ᠰᠦᠯᠵᠢᠶᠡᠨ ᠳᠤ ᠭᠠᠷᠬᠤ ᠬᠡᠷᠡᠭᠴᠡᠭᠡ ᠶᠢ ᠰᠢᠢᠳᠪᠦᠷᠢᠯᠡᠭᠰᠡᠨ ᠪᠠᠶᠢᠨ᠎ᠠ᠃ ︵ᠲᠠᠭᠠᠭᠠᠨ ᠭᠦᠢᠴᠡᠳᠭᠡᠬᠦ ᠨᠢᠭᠡᠴᠢ᠄ ᠳᠤᠮᠳᠠᠳᠤ ᠤᠯᠤᠰ ᠤᠨ ᠨᠡᠭᠦᠳᠡᠯ ᠬᠤᠯᠪᠣᠭ᠎ᠠ ᠶᠢᠨ ᠤᠯᠠᠭᠠᠨᠴᠠᠪ ᠤᠨ ᠬᠤᠪᠢᠶᠠᠷᠢ ᠺᠣᠮᠫᠠᠨᠢ ᠳᠤᠮᠳᠠᠳᠤ ᠤᠯᠤᠰ ᠤᠨ ᠲᠡᠮᠦᠷ ᠰᠤᠪᠤᠷᠭ᠎ᠠ ᠶᠢᠨ ᠤᠯᠠᠭᠠᠨᠴᠠᠪ ᠤᠨ ᠬᠤᠪᠢᠶᠠᠷᠢ ᠺᠣᠮᠫᠠᠨᠢ︶     10. ᠬᠤᠸᠠᠳᠧ ᠰᠢᠶᠠᠨ ᠤ ᠶᠠᠪᠠᠭᠠᠨ ᠵᠡᠭᠡᠯᠢ ᠶᠢᠨ ᠴᠠᠬᠢᠯᠭᠠᠨ ᠬᠠᠩᠭᠠᠬᠤ ᠭᠠᠵᠠᠷ ᠤᠨ ᠣᠶᠢᠷ᠎ᠠ ᠬᠠᠪᠢ ᠶᠢᠨ ᠵᠡᠭᠡᠯᠢ ᠭᠤᠳᠤᠮᠵᠢ ᠶᠢᠨ ᠬᠤᠲᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠤᠷ ᠢ ᠥᠭᠡᠷᠡᠴᠢᠯᠡᠬᠦ ᠢᠨᠵᠧᠨᠧᠷᠢᠩ ᠠᠴᠠ ᠪᠣᠯᠵᠣ ᠵᠠᠮ ᠡᠪᠳᠡᠷᠡᠵᠦ᠂ ᠣᠯᠠᠨ ᠲᠦᠮᠡᠨ ᠶᠠᠪᠤᠵᠤ ᠰᠠᠭᠤᠬᠤ ᠳᠤ ᠳᠥᠭᠦᠮ ᠦᠭᠡᠢ ᠪᠠᠶᠢᠨ᠎ᠠ᠃ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠲᠦᠷᠭᠡᠨ ᠰᠡᠯᠪᠢᠨ ᠵᠠᠰᠠᠬᠤ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠬᠤᠸᠠᠳᠧ ᠰᠢᠶᠠᠨ ᠤ ᠵᠠᠰᠠᠭ ᠤᠨ ᠣᠷᠳᠣᠨ ᠠᠴᠠ ᠨᠢᠭᠡᠨᠲᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠳᠠᠭᠠᠭᠠᠯᠭᠠᠵᠤ ᠡᠪᠳᠡᠭᠳᠡᠭᠰᠡᠨ ᠵᠠᠮ ᠤᠨ ᠭᠠᠳᠠᠷᠭᠤ ᠶᠢ ᠰᠡᠯᠪᠢᠨ ᠵᠠᠰᠠᠵᠤ᠂ ᠵᠢᠱᠢᠯᠲᠡ ᠪᠠᠷ 8 ᠰᠠᠷ᠎ᠠ ᠶᠢᠨ ᠰᠡᠭᠦᠯᠴᠢ ᠪᠠᠷ ᠵᠠᠮ ᠨᠡᠪᠲᠡᠷᠡᠯᠭᠡ ᠶᠢ ᠰᠡᠷᠭᠦᠭᠡᠨ᠎ᠡ᠃ ︵ᠲᠠᠭᠠᠭᠠᠨ ᠭᠦᠢᠴᠡᠳᠭᠡᠬᠦ ᠨᠢᠭᠡᠴᠢ᠄ ᠬᠤᠸᠠᠳᠧ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ︶
 
ᠢᠷᠡᠯᠲᠡ᠄ ᠤᠯᠠᠭᠠᠨᠴᠠᠪ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2