ᠸᠠᠩ ᠯᠢ ᠰᠢᠶᠠ ᠤᠯᠠᠭᠠᠨᠴᠠᠪ ᠬᠤᠳᠠ ᠳᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2021/12/6
    12 ᠳ᠋ᠤᠭᠠᠷ ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠤᠯᠠᠭᠠᠨᠴᠠᠪ ᠲᠤ ᠢᠷᠡᠵᠦ᠂ ᠨᠠᠮ ᠤᠨ ᠭᠡᠰᠢᠭᠦᠨ ᠺᠠᠳ᠋ᠷ ᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃      ᠲᠡᠷᠡ᠂ ᠵᠠᠭᠤᠨ ᠵᠢᠯ ᠤᠨ ᠨᠠᠮ ᠤᠨ ᠲᠡᠦᠬᠡ ᠶᠢᠨ ᠰᠤᠷᠬᠤ ᠪᠢᠴᠢᠭ ᠢ ᠰᠠᠶᠢᠲᠤᠷ ᠬᠡᠷᠡᠭᠯᠡᠵᠦ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠵᠤ᠂ ᠰᠢᠨ᠎ᠡ ᠠᠶᠠᠨ ᠵᠠᠮ ᠳᠤ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠳᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃      ᠸᠠᠩ ᠯᠢ ᠰᠢᠶᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠪᠣᠯ ᠮᠠᠨ ᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢᠨ ᠴᠢᠬᠤᠯᠠ ᠲᠡᠦᠬᠡᠨ ᠴᠠᠭ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠬᠥᠰᠢᠶ᠎ᠡ  ᠳᠤᠷᠠᠰᠬᠠᠯ ᠤᠨ ᠠᠴᠢ ᠬᠤᠯᠪᠣᠭᠳᠠᠯ ᠲᠠᠢ ᠶᠡᠭᠡ ᠬᠤᠷᠠᠯ ᠪᠣᠯᠤᠨ᠎ᠠ᠂ ᠪᠦᠬᠦᠳᠡ ᠬᠤᠷᠠᠯ ᠠᠴᠠ ᠪᠠᠲᠤᠯᠠᠭᠰᠠᠨ ᠰᠢᠢᠳᠪᠦᠷᠢ ᠪᠣᠯ ᠮᠠᠷᠺᠰ ᠤᠨ ᠦᠵᠡᠯ ᠤᠨ ᠬᠥᠲᠥᠯᠪᠦᠷᠢ ᠶᠢᠨ ᠴᠢᠨᠠᠷᠲᠠᠢ ᠲᠤᠯᠭᠤᠷ ᠪᠢᠴᠢᠭ ᠪᠣᠯᠤᠨ᠎ᠠ᠃ ᠤᠯᠤᠰ ᠲᠥᠷᠥ ᠶᠢ ᠡᠷᠬᠢᠮᠯᠡᠬᠦ ᠥᠨᠳᠥᠷᠴᠡ ᠠᠴᠠ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠪᠤᠷᠢᠯᠠᠨ ᠣᠶᠢᠯᠠᠭᠠᠵᠤ᠂ ᠪᠠᠲᠤ ᠴᠢᠩᠭ᠎ᠠ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠲᠡᠦᠬᠡᠨ ᠡᠭᠦᠷᠭᠡᠲᠦ ᠰᠡᠳᠬᠢᠯᠭᠡ ᠪᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠭᠡᠭᠴᠢ ᠶᠠᠭᠤ ᠪᠣᠯᠬᠤ᠂ ᠶᠠᠭᠤ ᠬᠢᠬᠦ ᠪᠣᠢ ᠭᠡᠳᠡᠭ ᠡᠨᠡ ᠬᠦ ᠦᠨᠳᠦᠰᠦᠨ ᠠᠰᠠᠭᠤᠳᠠᠯ ᠢ ᠦᠨᠡᠨ ᠬᠦ ᠲᠣᠳᠣᠷᠬᠠᠶᠢᠯᠠᠵᠤ᠂ ᠮᠠᠨ ᠤ ᠨᠠᠮ ᠤᠨ ᠥᠩᠭᠡᠷᠡᠭᠰᠡᠨ ᠳᠤ ᠶᠠᠭᠠᠬᠢᠭᠠᠳ ᠠᠮᠵᠢᠯᠲᠠ ᠣᠯᠵᠤ ᠴᠢᠳᠠᠭᠰᠠᠨ᠂ ᠢᠷᠡᠭᠡᠳᠦᠶ ᠳᠤ ᠶᠠᠭᠠᠬᠢᠪᠠᠯ ᠰᠠᠶ᠋ᠢ ᠦᠷᠭᠦᠯᠵᠢᠯᠡᠨ ᠠᠮᠵᠢᠯᠲᠠ ᠣᠯᠵᠤ ᠴᠢᠳᠠᠬᠤ ᠶᠢᠨ ᠨᠢᠭᠤᠴᠠ ᠶᠢ ᠣᠶᠢᠯᠠᠭᠠᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠠᠴᠠ ᠤᠶᠤᠨ ᠤᠬᠠᠭᠠᠨ ᠪᠠ ᠬᠦᠴᠦᠨ ᠴᠢᠳᠠᠯ ᠰᠢᠩᠭᠡᠭᠡᠨ ᠠᠪᠴᠤ᠂ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠲᠡᠦᠬᠡ ᠶᠢᠨ ᠢᠲᠡᠭᠡᠯ ᠢᠶᠠᠨ ᠪᠠᠲᠤᠳᠬᠠᠵᠤ᠂ ᠬᠠᠷᠢᠴᠠᠯᠠᠰᠢᠭᠦᠢ ᠦᠨᠡᠨᠴᠢ ᠰᠢᠳᠤᠷᠭᠤ ᠪᠠᠨ ᠪᠠᠲᠤᠳᠬᠠᠵᠤ᠂ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠪᠠᠷᠢᠮᠲᠠᠯᠠᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠰᠢᠯᠭᠠᠯᠲᠠ ᠳᠤ ᠣᠷᠣᠯᠴᠠᠬᠤ ᠰᠢᠨ᠎ᠡ ᠵᠠᠮ ᠢᠶᠠᠷ ᠴᠢᠷᠮᠠᠶᠢᠨ ᠰᠠᠶᠢᠲᠤᠷ ᠵᠠᠮᠨᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠯᠡᠳᠬᠡᠯ ᠳᠤ ᠰᠢᠨ᠎ᠡ ᠠᠶᠠᠨ ᠵᠠᠮ ᠳᠤ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠰᠠᠶᠢᠨ ᠰᠠᠶᠢᠬᠠᠨ ᠵᠢᠷᠤᠭ ᠲᠥᠰᠦᠪ ᠢ ᠵᠢᠷᠤᠭᠯᠠᠵᠤ᠂ ᠪᠦᠬᠦ ᠣᠷᠣᠨ ᠳᠠᠶᠠᠭᠠᠷ ᠢ ᠬᠦᠳᠦᠯᠦᠨ ᠳᠠᠭᠠᠭᠤᠯᠵᠤ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠪᠣᠯᠤᠨ ᠠᠵᠢᠯᠯᠠᠭᠠᠨ ᠤ ᠬᠥᠲᠥᠯᠪᠦᠷᠢ ᠶᠢ ᠨᠠᠶᠢᠳᠠᠪᠤᠷᠢᠵᠢᠭᠤᠯᠬᠤ᠂ ᠣᠳᠣᠬᠢᠴᠢᠯᠠᠭᠰᠠᠨ ᠥᠪᠥᠷ ᠮᠣᠩᠭᠤᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠴᠢᠬᠤᠯᠠ ᠪᠢᠴᠢᠭ ᠮᠠᠲ᠋ᠧᠷᠢᠶᠠᠯ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠲᠠᠪᠰᠢᠯᠳᠠ ᠶᠢ ᠪᠡᠶᠡᠯᠡᠭᠦᠯᠵᠦ ᠴᠢᠳᠠᠭᠰᠠᠨ ᠤ ᠬᠠᠮᠤᠭ ᠤᠨ ᠦᠨᠳᠦᠰᠦᠨ ᠵᠦᠢᠯ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤ ᠪᠤᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠳᠤ ᠪᠤᠢ᠂ ᠶᠡᠷᠦᠩᠬᠡᠢ ᠱᠦᠵᠢ ᠰᠢ ᠶᠢᠨ ᠫᠢᠩ ᠪᠡᠶ᠎ᠡ ᠪᠠᠷ ᠢᠶᠠᠨ ᠥᠪᠥᠷ ᠮᠣᠩᠭᠤᠯ ᠤᠨ ᠪᠠᠶᠢᠳᠠᠯ ᠳᠤ ᠵᠠᠳᠠᠯᠤᠯᠲᠠ ᠬᠢᠵᠦ ᠴᠢᠭᠯᠡᠯ ᠢ ᠲᠣᠭᠲᠠᠭᠠᠵᠤ᠂ ᠵᠠᠮ ᠵᠢᠭᠠᠵᠤ ᠵᠠᠮᠴᠢᠯᠠᠭᠰᠠᠨ ᠳᠤ ᠪᠠᠶᠢᠨ᠎ᠠ ᠭᠡᠳᠡᠭ ᠢ ᠭᠦᠨᠵᠡᠭᠡᠢ ᠲᠠᠨᠢᠬᠤ ᠬᠡᠷᠡᠭᠲᠡᠢ᠃ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠵᠦ᠂ ᠤᠯᠤᠰ ᠲᠦᠷᠦ ᠶᠢᠨ ᠵᠦᠭᠯᠡᠭᠦᠷ ᠢᠶᠠᠷ ᠬᠥᠭᠵᠢᠯᠲᠡ ᠶᠢᠨ ᠪᠠᠶᠢᠷᠢ ᠲᠣᠭᠲᠠᠭᠠᠯᠲᠠ ᠪᠠ ᠴᠢᠭᠯᠡᠯ ᠪᠣᠯᠭᠠᠵᠤ᠂ ᠴᠢᠨᠠᠷ ᠰᠠᠶᠢᠲᠠᠢ ᠬᠥᠭᠵᠢᠯᠲᠡ᠂ ᠥᠨᠳᠥᠷ ᠲᠦᠪᠰᠢᠨ ᠤ ᠬᠠᠮᠠᠭᠠᠯᠠᠯᠲᠠ᠂ ᠥᠨᠳᠥᠷ ᠶᠠᠰᠤ ᠴᠢᠨᠠᠷ ᠲᠠᠢ ᠠᠮᠢᠳᠤᠷᠠᠯ᠂ ᠥᠨᠳᠥᠷ ᠦᠷ᠎ᠡ ᠪᠦᠲᠦᠮᠵᠢ ᠲᠠᠢ ᠵᠠᠰᠠᠯᠲᠠ ᠶᠢᠨ ᠠᠵᠢᠯᠯᠠᠭ᠎ᠠ ᠪᠣᠯᠤᠨ ᠦᠷ᠎ᠡ ᠪᠦᠲᠦᠮᠵᠢ ᠪᠠᠷ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠵᠦ᠂ ᠬᠠᠷᠢᠴᠠᠯᠠᠰᠢᠭᠦᠢ ᠦᠨᠡᠨᠴᠢ ᠰᠢᠳᠤᠷᠭᠤ ᠪᠠᠶᠢᠬᠤ ᠶᠢ ᠲᠠᠶᠢᠯᠪᠤᠷᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠸᠠᠩ ᠯᠢ ᠰᠢᠶᠠ᠂ ᠰᠢᠨ᠎ᠡ ᠴᠠᠭ ᠦᠶ᠎ᠡ ᠳᠤ ᠴᠢᠷᠮᠠᠶᠢᠨ ᠲᠡᠮᠡᠴᠡᠵᠦ᠂ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠬᠤ ᠳᠤ ᠡᠷᠬᠡᠪᠰᠢ ᠥᠪᠡᠷ ᠤᠨ ᠪᠡᠶ᠎ᠡ ᠳᠡᠭᠡᠨ ᠬᠠᠷᠢᠭᠤᠴᠠᠯᠭ᠎ᠠ ᠡᠭᠦᠷᠭᠡᠯᠡᠵᠦ᠂ ᠦᠢᠯᠡ ᠠᠵᠢᠯᠯᠠᠭ᠎ᠠ ᠳᠠᠭᠠᠨ ᠬᠠᠷᠢᠭᠤᠴᠠᠯᠭ᠎ᠠ ᠭᠦᠢᠴᠡᠳᠬᠡᠵᠦ᠂ ᠬᠠᠳᠠ ᠴᠢᠯᠠᠭᠤ ᠮᠡᠲᠦ ᠪᠠᠲᠤ ᠦᠨᠡᠨᠴᠢ ᠪᠠᠶᠢᠬᠤ ᠰᠢᠳᠤᠷᠭᠤ ᠤᠬᠠᠮᠰᠠᠷ᠂ ᠤᠷᠤᠭᠰᠢᠯᠠᠬᠤ ᠦᠭᠡᠶ ᠪᠣᠯ ᠤᠬᠤᠷᠢᠬᠤ ᠬᠥᠭᠵᠢᠯᠲᠡ ᠶᠢᠨ ᠤᠬᠠᠮᠰᠠᠷ᠂ ᠠᠷᠠᠳ ᠲᠦᠮᠡᠨ ᠢ ᠳᠡᠭᠡᠳᠦᠯᠡᠬᠦ ᠵᠣᠷᠢᠯᠲᠠ ᠶᠢᠨ ᠤᠬᠠᠮᠰᠠᠷ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠤᠬᠠᠮᠰᠠᠷ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠥᠪᠡᠷ ᠢ ᠪᠠᠨ ᠱᠠᠭᠠᠷᠳᠠᠬᠤ ᠤᠬᠠᠮᠰᠠᠷ ᠢ ᠪᠠᠲᠤ ᠪᠠᠬᠢ ᠪᠤᠶ ᠪᠣᠯᠭᠠᠵᠤ᠂ ᠴᠤᠴᠠᠯᠲᠠ ᠦᠭᠡᠢ ᠤᠷᠤᠭᠰᠢᠯᠠᠬᠤ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠴᠥᠬᠦᠷᠡᠰᠢ ᠦᠭᠡᠢ ᠲᠡᠮᠡᠴᠡᠬᠦ ᠲᠦᠷᠢ ᠪᠠᠶᠢᠳᠠᠯ ᠢᠶᠠᠷ ᠨᠠᠮ ᠪᠣᠯᠤᠨ ᠠᠷᠠᠳ ᠲᠦᠮᠡᠨ ᠤ ᠲᠥᠯᠥᠭᠡ ᠠᠵᠢᠯᠯᠠᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠳᠦᠭᠡᠨ ᠪᠠᠶᠢᠭᠤᠯᠬᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤᠪᠠᠷ ᠲᠡᠷᠭᠡᠯᠰᠢᠭᠦᠯᠬᠦ ᠦᠢᠯᠡᠳᠦᠯᠭᠡ ᠶᠢᠨ ᠳᠤᠮᠳᠠ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠤᠯᠠᠭᠠᠨᠴᠠᠪ ᠬᠤᠲᠠ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠵᠠᠶ᠃                                                          ᠣᠷᠴᠢᠭᠤᠯᠤᠭᠴᠢ᠄ ᠭᠤᠸ᠎ᠠ                                                          ᠬᠢᠨᠠᠭᠴᠢ᠄ ᠠᠷᠢᠭᠤᠨ
 
ᠢᠷᠡᠯᠲᠡ᠄ ᠥᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2