| ᠵᠢᠨᠢᠩ ᠲᠣᠭᠤᠷᠢᠭ ᠤᠨ ᠬᠢᠨ ᠤᠯᠠᠨ ᠲᠦᠮᠡᠨ ᠤ ︽ᠪᠠᠴᠢᠮᠳᠠᠵᠤ᠂ ᠬᠦᠴᠢᠷᠳᠡᠵᠦ᠂ ᠵᠣᠪᠠᠨᠢᠵᠤ᠂ ᠬᠦᠰᠡᠵᠦ︾ | ᠪᠠᠶᠢᠭ᠎ᠠ ᠶᠠᠪᠤᠳᠠᠯ ᠢ ᠦᠨᠡᠨᠬᠦ ᠰᠢᠢᠳᠪᠦᠷᠢᠯᠡᠵᠦ᠂ ᠪᠡᠶᠡᠯᠡᠭᠦᠯᠦᠭᠰᠡᠨ ᠨᠤᠷᠮ᠎ᠠ 99.8% ᠳᠤ ᠬᠦᠷᠴᠡᠢ᠃ ︽ᠪᠢ | ᠤᠯᠠᠨ ᠲᠦᠮᠡᠨ ᠳᠤ ᠪᠣᠳᠠᠳᠣ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠦᠭᠰᠡᠨ ᠠᠴᠠ | ᠨᠠᠰᠢ᠂ ᠵᠢᠨᠢᠩ ᠲᠣᠭᠤᠷᠢᠭ ᠤᠨ ᠬᠢᠨ ᠤᠯᠠᠨ ᠲᠦᠮᠡᠨ ᠤ ︽ᠪᠠᠴᠢᠮᠳᠠᠵᠤ᠂ ᠬᠦᠴᠢᠷᠳᠡᠵᠦ᠂ ᠵᠣᠪᠠᠨᠢᠵᠤ᠂ ᠬᠦᠰᠡᠵᠦ︾ | ᠪᠠᠶᠢᠭ᠎ᠠ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠲᠤᠪᠤᠶᠢᠮ᠎ᠡ ᠠᠰᠠᠭᠤᠳᠠᠯ ᠢ | ᠤᠨᠢᠨ ᠳᠡᠭᠡᠷ᠎ᠡ ᠨᠢ ᠵᠢᠭᠰᠠᠭᠠᠨ ᠪᠠᠶᠢᠴᠠᠭᠠᠬᠤ ᠠᠴᠠ ᠭᠠᠷᠳᠠᠨ ᠬᠢᠬᠦ ᠶᠢ ᠪᠠᠷᠢᠮᠲᠠᠯᠠᠵᠤ᠂ ᠲᠣᠭᠤᠷᠢᠭ ᠤ ᠲᠦᠷᠪᠡᠨ ᠶᠡᠭᠡ | ᠤᠳᠤᠷᠢᠳᠬᠤ ᠪᠠᠭ ᠤᠨ ᠤᠳᠤᠷᠢᠳᠤᠯᠭ᠎ᠠ ᠲᠦᠷᠦᠭᠦᠯᠡᠨ ᠬᠥᠳᠡᠭᠡ ᠲᠣᠰᠬᠤᠨ ᠳᠤ ᠬᠦᠷᠴᠦ᠂ ᠠᠵᠤ ᠠᠬᠤᠶᠢᠯᠠᠯ ᠢᠶᠠᠷ | ᠶᠠᠪᠤᠵᠤ᠂ ᠲᠦᠮᠡᠨ ᠡᠷᠦᠬᠡ ᠪᠠᠷ ᠠᠶᠢᠯᠴᠢᠯᠠᠵᠤ᠂ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠣᠭᠤᠮᠢ᠂ ᠤᠯᠠᠨ | ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠲᠥᠪᠯᠡᠷᠡᠯ ᠤᠨ ᠴᠡᠭ ᠤᠨ ᠲᠣᠭᠤᠷᠢᠨ ᠳᠤ ᠨᠠᠷᠢᠨ ᠨᠢᠮᠪᠠᠢ ᠰᠡᠳᠦᠪ | ᠰᠣᠩᠭᠤᠵᠤ᠂ ᠰᠤᠷᠪᠤᠯᠵᠢᠯᠠᠨ ᠪᠠᠶᠢᠴᠠᠭᠠᠨ ᠰᠤᠳᠤᠯᠤᠯᠲᠠ ᠥᠷᠨᠢᠭᠦᠯᠵᠡᠢ᠃ ᠲᠤᠬᠠᠶ ᠶᠢᠨ ᠭᠠᠵᠠᠷ ᠲᠤ ᠨᠢ ᠪᠠᠶᠢᠴᠠᠭᠠᠨ | ᠰᠤᠳᠤᠯᠤᠯᠲᠠ ᠬᠢᠬᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢᠨ ᠣᠯᠠᠨ ᠠᠷᠭ᠎ᠠ ᠵᠠᠮ ᠢᠶᠠᠷ ᠣᠯᠠᠨ | ᠲᠦᠮᠡᠨ ᠤ ︽ᠪᠠᠴᠢᠮᠳᠠᠵᠤ᠂ ᠬᠦᠴᠢᠷᠳᠡᠵᠦ᠂ ᠵᠣᠪᠠᠨᠢᠵᠤ᠂ ᠬᠦᠰᠡᠵᠦ︾ ᠪᠠᠶᠢᠭ᠎ᠠ ᠬᠡᠷᠡᠭ ᠶᠠᠪᠤᠳᠠᠯ ᠢ ᠴᠤᠭᠯᠠᠭᠤᠯᠵᠤ᠂ | ᠶᠡᠷᠦᠩᠬᠡᠶᠢᠯᠡᠭᠰᠡᠨ ᠴᠢᠨᠠᠷᠲᠠᠶ᠂ ᠪᠦᠬᠦᠯᠢ ᠴᠣᠭᠴᠠᠲᠤ ᠴᠢᠨᠠᠷᠲᠠᠶ ᠮᠥᠷᠲᠡᠭᠡᠨ ᠪᠠᠰᠠ ᠥᠷᠭᠡᠨ ᠣᠯᠠᠨ ᠠᠷᠠᠳ | ᠲᠦᠮᠡᠨ ᠤ ᠪᠠᠴᠢᠮ ᠰᠢᠶᠳᠪᠦᠷᠢᠯᠡᠬᠦ ᠴᠢᠬᠤᠯᠠᠲᠠᠶ ᠵᠣᠪᠠᠨᠢᠯ ᠬᠦᠰᠡᠯ ᠤᠨ ᠶᠠᠪᠤᠳᠠᠯ ᠢ ᠨᠡᠶᠢᠲᠡ 5827 ᠵᠦᠢᠯ ᠡᠮᠬᠢᠯᠡᠨ | ᠭᠠᠷᠭᠠᠵᠤ᠂ ᠣᠲᠣ ᠨᠢᠭᠡᠨᠲᠡ ᠪᠥᠬᠦ ᠲᠣᠭᠠᠨ ᠤ 5814 ᠵᠦᠶᠯ ᠢ ᠪᠡᠶᠡᠯᠡᠭᠦᠯᠵᠦ᠂ ᠪᠡᠶᠡᠯᠡᠭᠦᠯᠦᠭᠰᠡᠨ ᠨᠣᠷᠮ᠎ᠠ ᠨᠢ | 99.8% ᠳᠤ ᠬᠥᠷᠪᠡ᠃ ᠡᠭᠦᠨ ᠳᠤ᠂ ᠲᠣᠭᠤᠷᠢᠭ ᠤᠨ ᠲᠠᠰ ᠤᠨ ᠤᠳᠤᠷᠢᠳᠤᠯᠭ᠎ᠠ ᠲᠦᠷᠦᠭᠦᠯᠡᠨ ᠠᠷᠠᠳ ᠤᠨ | ᠠᠮᠢᠳᠤᠷᠠᠯ ᠤᠨ 45 ᠭᠤᠤᠯᠳᠠᠯᠭ᠎ᠠ ᠲᠠᠢ ᠲᠥᠷᠥᠯ ᠵᠦᠶᠯ ᠢ ᠳᠠᠭᠠᠭᠠᠴᠢᠯᠠᠵᠤ᠂ ᠰᠠᠯᠠᠭᠠᠨ ᠲᠠᠰ ᠤᠨ ᠺᠠᠳ᠋ᠷ | ᠠᠷᠠᠳ ᠤᠨ ᠠᠮᠢᠳᠤᠷᠠᠯ ᠤᠨ 763 ᠭᠤᠤᠯᠳᠠᠯᠭ᠎ᠠ ᠲᠠᠢ ᠲᠥᠷᠥᠯ ᠵᠦᠶᠯ ᠢ ᠳᠠᠭᠠᠭᠠᠴᠢᠯᠠᠵᠤ᠂ ᠡᠩ ᠤᠨ ᠨᠠᠮ ᠤᠨ | ᠭᠡᠰᠢᠭᠦᠨ ᠠᠷᠠᠳ ᠤᠨ ᠠᠮᠢᠳᠤᠷᠠᠯ ᠤᠨ 5019 ᠲᠥᠷᠥᠯ ᠵᠦᠶᠯ ᠢ ᠳᠠᠭᠠᠭᠠᠴᠢᠯᠠᠵᠤ ᠠᠪᠴᠠᠶ᠃ |