ᠭᠤᠤᠯ ᠰᠡᠳᠦᠪ᠄ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ ᠰᠢᠮᠳᠠᠭᠤᠯᠤᠨᠨ ᠪᠠᠶᠢᠴᠠᠭᠠᠬᠤ ᠬᠤᠷᠴᠠ | ᠰᠡᠯᠡᠮ᠎ᠡ ᠶᠢ ᠰᠠᠶᠢᠲᠤᠷ ᠬᠡᠷᠡᠭᠯᠡᠨ᠎ᠡ — ᠰᠡᠷᠭᠡᠶᠢᠯᠡᠬᠦ ᠵᠠᠯᠬᠠᠭᠠᠬᠤ ᠲᠤᠭ᠎ᠠ ᠪᠦᠷᠢᠳᠬᠡᠯ ᠤᠨ ᠬᠠᠭᠤᠷᠮᠠᠭ ᠢᠶᠠᠷ | ᠵᠣᠬᠢᠶᠠᠬᠤ ᠪᠠᠲᠤ ᠪᠠᠬᠢ ᠬᠠᠰᠢᠯᠭ᠎ᠠ ᠶᠢ ᠪᠠᠲᠤ ᠴᠣᠭᠴᠠᠯᠠᠨ᠎ᠠ | ᠴᠠᠭ᠄ 2021 ᠣᠨ ᠤ 12 ᠰᠠᠷ᠎ᠠ ᠶᠢᠨ 1 ᠤ ᠡᠳᠦᠷ ᠤᠨ 08 ᠴᠠᠭ | ᠰᠤᠷᠪᠤᠯᠵᠢᠯᠠᠭ᠎ᠠ ᠬᠦᠯᠢᠶᠡᠭᠴᠢ᠄ ᠤᠯᠠᠭᠠᠨᠴᠠᠪ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶᠠᠨ ᠤ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠸᠠᠩ ᠰᠢᠨ ᠲᠢᠶᠠᠨ | ᠲᠣᠪᠴᠢ ᠠᠭᠤᠯᠭ᠎ᠠ | 2020 ᠣᠨ ᠤ 9 ᠳ᠋ᠤᠭᠡᠷ ᠰᠠᠷ᠎ᠠ ᠶᠢᠨ 16 ᠤ ᠡᠳᠦᠷ ᠠᠴᠠ 29 ᠤ ᠡᠳᠦᠷ ᠪᠣᠯᠲᠠᠯ᠎ᠠ᠂ ᠤᠯᠤᠰ ᠤᠨ ᠲᠤᠭ᠎ᠠ | ᠪᠦᠷᠢᠳᠬᠡᠯ ᠤᠨ ᠲᠣᠪᠴᠢᠶᠠᠨ ᠤ ᠠᠷᠪᠠᠨ ᠬᠤᠶᠠᠳᠤᠭᠠᠷ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠬᠤ | ᠳᠤᠭᠤᠶᠢᠯᠠᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠭ᠎ᠠ ᠪᠦᠷᠢᠳᠬᠡᠯ ᠤᠨ ᠰᠢᠮᠳᠠᠭᠤᠯᠤᠨ | ᠪᠠᠶᠢᠴᠠᠭᠠᠯᠲᠠ ᠦᠷᠨᠢᠬᠦᠯᠪᠡ᠃ ᠳᠤᠭ᠎ᠠ ᠪᠦᠷᠢᠳᠭᠡᠯ ᠤᠨ ᠰᠢᠮᠳᠠᠭᠤᠯᠤᠨ ᠪᠠᠶᠢᠴᠠᠭᠠᠯᠳᠡ ᠶᠢᠨ ᠬᠠᠷᠢᠭᠤ ᠲᠤᠰᠬᠠᠭᠰᠠᠨ | ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠪᠣᠯ ᠡᠨᠡ ᠵᠢᠯ ᠤᠨ ᠲᠤᠭ᠎ᠠ ᠪᠦᠷᠢᠳᠬᠡᠯ ᠤᠨ | ᠠᠵᠢᠯ ᠤᠨ ᠨᠢᠬᠡᠨ ᠴᠢᠬᠤᠯᠠ ᠤᠯᠤᠰ ᠲᠥᠷᠥ ᠶᠢᠨ ᠡᠭᠦᠷᠭᠡ ᠪᠣᠯᠤᠨ᠎ᠠ᠃ ᠬᠤᠲᠠ ᠶᠢᠨ ᠨᠠᠮ ᠤᠨ ᠬᠤᠷᠢᠶ᠎ᠠ ᠪᠠ | ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠳᠣᠤᠷ᠎ᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠢᠳᠡᠪᠬᠢᠲᠡᠶ | ᠬᠠᠮᠵᠢᠯᠴᠠᠭ᠎ᠠ ᠳᠣᠤᠷ᠎ᠠ᠂ ᠡᠯ᠎ᠡ ᠱᠠᠲᠤᠨ ᠤ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠯᠲᠠ ᠶᠢᠨ ᠴᠡᠭᠴᠡᠯᠡᠨ | ᠰᠠᠶᠢᠵᠢᠷᠠᠭᠤᠯᠬᠤ ᠠᠯᠪᠠᠨ ᠬᠡᠷ ᠤᠨ ᠬᠠᠮᠲᠤ ᠶᠢᠨ ᠴᠢᠷᠮᠠᠶᠢᠯᠭ᠎ᠠ ᠢᠶᠠᠷ ᠪᠥᠬᠦ ᠬᠤᠲᠠ ᠶᠢᠨ ᠲᠤᠭ᠎ᠠ ᠪᠦᠷᠢᠳᠬᠡᠯ ᠤᠨ | ᠰᠢᠮᠳᠠᠭᠤᠯᠤᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠬᠤ ᠡᠯ᠎ᠡ ᠵᠦᠢᠯ ᠤᠨ ᠠᠵᠢᠯ ᠯᠠᠪᠳᠠᠭᠤᠨ ᠢᠶᠠᠷ ᠠᠭᠢᠵᠤ | ᠂ ᠢᠯᠡᠳᠲᠡ ᠦᠷ᠎ᠡ ᠪᠦᠲᠦᠮᠵᠢ ᠣᠯᠵᠤ᠂ ᠪᠥᠬᠦ ᠬᠤᠲᠠ ᠶᠢᠨ ᠲᠤᠭ᠎ᠠ ᠪᠦᠷᠢᠳᠬᠡᠯ ᠤᠨ ᠤᠯᠤᠰ ᠲᠥᠷᠥ ᠶᠢᠨ ᠠᠮᠢ | ᠠᠬᠤᠶ ᠶᠢᠨ ᠣᠷᠴᠢᠨ ᠳᠤᠭᠤᠷᠢᠨ ᠢᠯᠡᠳᠲᠡ ᠰᠠᠶᠢᠵᠢᠷᠠᠪᠠ᠃ | ᠰᠤᠷᠪᠤᠯᠵᠢᠯᠠᠭ᠎ᠠ | ᠰᠤᠷᠪᠤᠯᠵᠢᠯᠠᠭᠴᠢ᠄ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠠᠷᠪᠠᠨ ᠬᠤᠶᠠᠳᠤᠭᠠᠷ ᠲᠤᠭ᠎ᠠ | ᠪᠦᠷᠢᠳᠬᠡᠯ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠥᠪᠥᠷ ᠮᠣᠩᠭᠤᠯ ᠳᠤ ᠥᠷᠨᠢᠭᠦᠯᠦᠭᠰᠡᠨ ᠲᠤᠭ᠎ᠠ | ᠪᠦᠷᠢᠳᠬᠡᠯ ᠤᠨ ᠰᠢᠮᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ | ᠠᠵᠢᠯ ᠢ ᠰᠠᠶᠢᠲᠤᠷ ᠬᠢᠬᠦ ᠪᠣᠯ ᠡᠨᠡ ᠵᠢᠯ ᠤᠨ ᠲᠤᠭ᠎ᠠ ᠪᠦᠷᠢᠳᠬᠡᠯ ᠤᠨ ᠠᠵᠢᠯ ᠤᠨ ᠨᠢᠬᠡᠨ ᠴᠢᠬᠤᠯᠠ ᠤᠯᠤᠰ | ᠲᠥᠷᠥ ᠶᠢᠨ ᠡᠭᠦᠷᠭᠡ ᠪᠣᠯᠤᠨ᠎ᠠ᠃ ᠲᠣᠰ ᠤᠳᠠᠭᠠᠨ ᠤ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠯᠲᠠ ᠶᠢᠨ | ᠴᠡᠭᠴᠡᠯᠡᠨ ᠰᠠᠶᠢᠵᠢᠷᠠᠭᠤᠯᠬᠤ ᠠᠯᠪᠠᠨ ᠬᠡᠷ ᠤᠨ ᠡᠷᠬᠢᠯᠡᠭᠴᠢ ᠪᠣᠯᠤᠭᠰᠠᠨ ᠤ ᠬᠤᠪᠢ ᠳᠤ᠂ ᠲᠠ ᠮᠠᠨ ᠤ ᠬᠤᠲᠠ ᠶᠢᠨ | ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠲᠥᠬᠦᠮ | ᠳᠠᠨᠢᠯᠴᠠᠭᠤᠯᠤᠭᠠᠳ ᠦᠭᠬᠦᠨ᠎ᠡ ᠤᠤ︖ | ᠸᠠᠩ ᠰᠢᠨ ᠲᠢᠶᠠᠨ᠄ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠡᠷᠬᠡ | ᠣᠯᠭᠤᠯᠲᠠ ᠶᠢ ᠦᠨᠳᠦᠰᠦᠯᠡᠨ᠂ 2020 ᠣᠨ ᠤ 9 ᠰᠠᠷ᠎ᠠ ᠶᠢᠨ 16 ᠤ ᠡᠳᠦᠷ ᠠᠴᠠ 29 ᠤ ᠡᠳᠦᠷ ᠪᠣᠯᠲᠠᠯ᠎ᠠ᠂ | ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠠᠷᠪᠠᠨ ᠬᠤᠶᠠᠳᠤᠭᠠᠷ ᠲᠤᠭ᠎ᠠ ᠪᠦᠷᠢᠳᠬᠡᠯ ᠤᠨ ᠰᠢᠮᠳᠠᠭᠤᠯᠤᠨ | ᠪᠠᠶᠢᠴᠠᠭᠠᠬᠤ ᠳᠤᠭᠤᠶᠢᠯᠠᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠭ᠎ᠠ ᠪᠦᠷᠢᠳᠬᠡᠯ ᠤᠨ | ᠰᠢᠮᠳᠠᠭᠤᠯᠤᠨ ᠪᠠᠶᠢᠴᠠᠭᠠᠯᠳᠠ ᠦᠷᠨᠢᠬᠦᠯᠪᠡ᠃ ᠡᠨᠡ ᠵᠢᠯ ᠤᠨ 3 ᠳ᠋ᠤᠭᠠᠷ ᠰᠠᠷ᠎ᠠ ᠶᠢᠨ 25 ᠤ ᠡᠳᠦᠷ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠳᠤ ᠲᠤᠭ᠎ᠠ ᠪᠦᠷᠢᠳᠬᠡᠯ ᠤᠨ ᠰᠢᠮᠳᠠᠭᠤᠯᠤᠨ | ᠪᠠᠶᠢᠴᠠᠭᠠᠭᠰᠠᠨ ᠰᠠᠨᠠᠯ ᠢ ᠬᠠᠷᠢᠭᠤ ᠲᠤᠰᠬᠠᠵᠤ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠲᠣᠳᠣᠷᠬᠠᠶ | ᠳᠤᠷᠠᠳᠪᠠ᠃ 4 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ | ᠵᠠᠰᠠᠭ ᠤᠨ ᠣᠷᠳᠣᠨ ᠤ ︽ᠬᠤᠶᠠᠷ ᠠᠯᠪᠠᠨ ᠬᠡᠷ︾ ᠠᠴᠠ ︽ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ | ᠠᠷᠪᠠᠨ ᠬᠤᠶᠠᠳᠤᠭᠠᠷ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠥᠪᠥᠷ ᠮᠣᠩᠭᠤᠯ ᠳᠤ | ᠦᠷᠨᠢᠬᠦᠯᠦᠭᠰᠡᠨ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠤᠨ | ᠴᠡᠭᠴᠡᠯᠡᠨ ᠰᠠᠶᠢᠵᠢᠷᠠᠭᠤᠯᠬᠤ ᠲᠥᠰᠦᠯ︾ ᠢ ᠳᠠᠷᠤᠮᠠᠯᠯᠠᠨ ᠲᠠᠷᠬᠠᠭᠠᠵᠤ᠂ ᠮᠠᠨ ᠤ ᠬᠤᠲᠠ ᠥᠪᠡᠷᠲᠡᠭᠡᠨ ᠵᠠᠰᠠᠬᠤ | ᠣᠷᠣᠨ ᠤ ᠴᠡᠭᠴᠡᠯᠡᠨ ᠰᠠᠶᠢᠵᠢᠷᠠᠭᠤᠯᠬᠤ ᠲᠥᠰᠦᠯ ᠢ ᠬᠠᠷᠭᠤᠭᠤᠯᠤᠨ᠂ ︽ᠤᠯᠤᠰ ᠤᠨ ᠲᠤᠭ᠎ᠠ ᠪᠦᠷᠢᠳᠬᠡᠯ ᠤᠨ | ᠲᠣᠪᠴᠢᠶᠠᠨ ᠤ ᠠᠷᠪᠠᠨ ᠬᠤᠶᠠᠳᠤᠭᠠᠷ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠯᠲᠠ ᠶᠢᠨ ᠴᠡᠭᠴᠡᠯᠡᠨ | ᠰᠠᠶᠢᠵᠢᠷᠠᠭᠤᠯᠬᠤ ᠲᠥᠰᠦᠯ︾ ᠢ ᠲᠣᠭᠲᠠᠭᠠᠵᠤ᠂ 19 ᠴᠡᠭᠴᠡᠯᠡᠨ ᠰᠠᠶᠢᠵᠢᠷᠠᠭᠤᠯᠬᠤ ᠠᠰᠠᠭᠤᠳᠠᠯ᠂ 29 ᠴᠡᠭᠴᠡᠯᠡᠨ | ᠰᠠᠶᠢᠵᠢᠷᠠᠭᠤᠯᠬᠤ ᠡᠭᠦᠷᠭᠡ ᠶᠢ ᠲᠣᠳᠣᠷᠬᠠᠶ ᠲᠣᠭᠲᠠᠭᠠᠪᠠ᠃ ᠬᠤᠲᠠ ᠶᠢᠨ ᠨᠠᠮ ᠤᠨ ᠬᠤᠷᠢᠶ᠎ᠠ ᠪᠣᠯᠤᠨ ᠵᠠᠰᠠᠭ ᠤᠨ | ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ | ᠠᠳᠬᠤᠬᠤ ᠶᠢ ᠨᠢᠭᠡᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠭᠤᠣᠯ ᠤᠳᠤᠷᠢᠳᠤᠯᠭ᠎ᠠ | ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠲᠣᠬᠢᠷᠠᠭᠤᠯᠵᠠᠶ᠃ ᠡᠨᠡ ᠬᠤᠭᠤᠴᠠᠭᠠᠨ ᠳᠤ᠂ ᠬᠤᠲᠠ ᠶᠢᠨ | ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠠᠴᠠ ᠪᠠᠶᠢᠩᠭᠤ ᠶᠢᠨ ᠬᠤᠷᠢᠶ᠎ᠠ ᠪᠣᠯᠤᠨ ᠪᠠᠶᠢᠩᠭᠤ ᠶᠢᠨ ᠬᠤᠷᠠᠯ ᠢ | 6 ᠤᠳᠠᠭ᠎ᠠ ᠬᠤᠷᠠᠯᠳᠤᠭᠤᠯᠵᠤ᠂ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠯᠲᠠ ᠶᠢᠨ ᠴᠡᠭᠴᠡᠯᠡᠨ | ᠰᠠᠶᠢᠵᠢᠷᠠᠭᠤᠯᠬᠤ ᠠᠵᠢᠯ ᠢ ᠰᠣᠨᠣᠰᠴᠦ᠂ ᠲᠤᠰᠬᠠᠶ ᠰᠡᠳᠦᠪ ᠢᠶᠠᠷ ᠰᠤᠳᠤᠯᠤᠨ ᠪᠠᠶᠢᠷᠢᠯᠠᠭᠤᠯᠪᠡ᠃ ᠬᠤᠲᠠ ᠶᠢᠨ | ᠲᠤᠭ᠎ᠠ ᠪᠦᠷᠢᠳᠬᠡᠯ ᠤᠨ ᠲᠣᠪᠴᠢᠶ᠎ᠠ ᠨᠢ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠯᠲᠠ ᠶᠢᠨ ᠴᠡᠭᠴᠡᠯᠡᠨ | ᠰᠠᠶᠢᠵᠢᠷᠠᠭᠤᠯᠬᠤ ᠠᠯᠪᠠᠨ ᠬᠡᠷ ᠪᠣᠯᠤᠭᠰᠠᠨ ᠤ ᠬᠤᠪᠢ ᠳᠤ᠂ ᠬᠤᠲᠠ ᠶᠢᠨ ᠲᠣᠰ ᠱᠠᠲᠤᠨ ᠤ ᠪᠠ 11 ᠬᠤᠰᠢᠭᠤ | ᠰᠢᠶᠠᠨ ᠬᠤᠲᠠ ᠲᠣᠭᠤᠷᠢᠭ ᠤᠨ ᠨᠠᠮ ᠵᠠᠰᠠᠭ ᠤᠨ ᠰᠢᠰᠲ᠋ᠧᠮ ᠤᠨ ᠴᠡᠭᠴᠡᠯᠡᠨ ᠰᠠᠶᠢᠵᠢᠷᠠᠭᠤᠯᠬᠤ ᠠᠵᠢᠯ ᠢ ᠵᠣᠬᠢᠶᠠᠨ | ᠪᠠᠶᠢᠭᠤᠯᠬᠤ᠂ ᠠᠬᠢᠭᠤᠯᠬᠤ᠂ ᠵᠣᠬᠢᠴᠠᠭᠤᠯᠬᠤ ᠵᠡᠷᠭᠡ ᠡᠭᠦᠷᠭᠡ ᠶᠢ ᠡᠭᠦᠷᠭᠡᠯᠡᠨ᠎ᠡ᠃ ᠬᠤᠲᠠ ᠶᠢᠨ ᠨᠠᠮ ᠤᠨ ᠬᠤᠷᠢᠶ᠎ᠠ | ᠪᠣᠯᠤᠨ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠳᠣᠤᠷ᠎ᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ | ᠢᠳᠡᠪᠬᠢᠲᠡᠶ ᠬᠠᠮᠵᠢᠯᠴᠠᠭ᠎ᠠ ᠳᠣᠤᠷ᠎ᠠ᠂ ᠡᠯ᠎ᠡ ᠱᠠᠲᠤᠨ ᠤ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠯᠲᠠ ᠶᠢᠨ | ᠴᠡᠭᠴᠡᠯᠡᠨ ᠰᠠᠶᠢᠵᠢᠷᠠᠭᠤᠯᠬᠤ ᠠᠯᠪᠠᠨ ᠬᠡᠷ ᠤᠨ ᠬᠠᠮᠲᠤ ᠶᠢᠨ ᠴᠢᠷᠮᠠᠶᠢᠯᠭ᠎ᠠ ᠢᠶᠠᠷ ᠪᠥᠬᠦ ᠬᠤᠲᠠ ᠶᠢᠨ ᠲᠤᠭ᠎ᠠ | ᠪᠦᠷᠢᠳᠬᠡᠯ ᠤᠨ ᠰᠢᠮᠳᠠᠭᠤᠯᠤᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠬᠤ ᠡᠯ᠎ᠡ ᠵᠦᠢᠯ ᠤᠨ ᠠᠵᠢᠯ | ᠯᠠᠪᠳᠠᠭᠤᠨ ᠢᠶᠠᠷ ᠠᠭᠢᠵᠤ᠂ ᠢᠯᠡᠳᠲᠡ ᠦᠷ᠎ᠡ ᠪᠦᠲᠦᠮᠵᠢ ᠤᠯᠪᠠ᠃ 11 ᠰᠠᠷ᠎ᠠ ᠶᠢᠨ ᠰᠡᠭᠦᠯᠴᠢ ᠪᠣᠯᠲᠠᠯ᠎ᠠ᠂ 29 | ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠳᠣᠲᠣᠷ᠎ᠠ 28 ᠵᠦᠢᠯ ᠢ ᠨᠢ ᠨᠢᠭᠡᠨᠲᠡ ᠪᠡᠶᠡᠯᠡᠭᠦᠯᠵᠦ᠂ | ᠪᠡᠶᠡᠯᠡᠭᠦᠯᠦᠭᠰᠡᠨ ᠨᠣᠷᠮ᠎ᠠ ᠨᠢ 97% ᠳᠤ ᠬᠦᠷᠴᠡᠶ᠃ | ᠰᠤᠷᠪᠤᠯᠵᠢᠯᠠᠭᠴᠢ᠄ ᠲᠣᠰ ᠤᠳᠠᠭᠠᠨ ᠤ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠯᠲᠠ ᠶᠢᠨ ᠴᠡᠭᠴᠡᠯᠡᠨ | ᠰᠠᠶᠢᠵᠢᠷᠠᠭᠤᠯᠬᠤ ᠶᠢᠨ ᠵᠣᠷᠢᠯᠭ᠎ᠠ ᠨᠢ ᠶᠠᠭᠤ ᠪᠣᠶ︖ | ᠸᠠᠩ ᠰᠢᠨ ᠲᠢᠶᠠᠨ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ | ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠡ ᠲᠤᠭ᠎ᠠ ᠪᠦᠷᠢᠳᠬᠡᠯ ᠤᠨ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠲᠤᠭ᠎ᠠ ᠪᠦᠷᠢᠳᠬᠡᠯ ᠤᠨ ᠬᠤᠳᠠᠯ ᠬᠠᠭᠤᠷᠮᠠᠭ ᠢᠶᠠᠷ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ | ᠰᠢᠳᠬᠡᠬᠦ ᠲᠤᠬᠠᠢ ᠠᠯᠢ ᠤᠯᠠᠨ ᠴᠢᠬᠤᠯᠠ ᠵᠢᠭᠠᠪᠤᠷᠢ ᠴᠣᠬᠤᠯᠠᠪᠤᠷᠢ ᠪᠠ ᠰᠢᠢᠳᠪᠦᠷᠢᠲᠦ ᠪᠤᠳᠤᠯᠭ᠎ᠠ ᠶᠢᠨ | ᠪᠠᠶᠢᠷᠢᠯᠠᠭᠤᠯᠤᠯᠲᠠ ᠬᠢᠵᠦ᠂ ᠲᠡᠭᠦᠨ ᠤ ᠳᠠᠪᠲᠠᠮᠵᠢ ᠶᠢᠨ ᠨᠢᠭᠲᠠ᠂ ᠡᠷᠴᠢᠮ ᠤᠨ ᠴᠢᠩᠭ᠎ᠠ᠂ ᠪᠠᠷᠢᠮᠵᠢᠶ᠎ᠠ ᠶᠢᠨ | ᠴᠢᠩᠭ᠎ᠠ ᠨᠢ ᠤᠷᠢᠳ ᠡᠮᠦᠨ᠎ᠡ ᠪᠠᠶᠢᠭ᠎ᠠ ᠦᠭᠡᠢ ᠪᠠᠶᠢᠵᠤ᠂ ᠨᠠᠮ ᠤᠨ ᠲᠥᠪ ᠬᠤᠷᠢᠶᠠᠨ ᠤ ᠲᠤᠭ᠎ᠠ ᠪᠦᠷᠢᠳᠬᠡᠯ ᠤᠨ | ᠬᠠᠭᠤᠷᠮᠠᠭ ᠢᠶᠠᠷ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠳᠬᠡᠬᠦ ᠢᠯᠡ ᠲᠣᠳᠣ ᠣᠪᠣᠷ ᠪᠠ ᠡᠷᠡᠰ ᠪᠠᠲᠤ | ᠵᠣᠷᠢᠭ ᠢ ᠢᠯᠡᠷᠡᠭᠦᠯᠪᠡ᠃ ᠲᠤᠭ᠎ᠠ ᠪᠦᠷᠢᠳᠬᠡᠯ ᠢ ᠰᠢᠮᠳᠠᠭᠤᠯᠤᠨ ᠪᠠᠶᠢᠴᠠᠭᠠᠬᠤ ᠪᠣᠯ ᠲᠤᠭ᠎ᠠ ᠪᠦᠷᠢᠳᠬᠡᠯ ᠤᠨ | ᠬᠦᠷᠢᠶᠡᠨ ᠳᠤ ᠣᠷᠣᠰᠢᠵᠤ ᠪᠠᠶᠢᠭ᠎ᠠ ᠡᠯ᠎ᠡ ᠲᠦᠷᠦᠯ ᠤᠨ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ | ᠠᠰᠠᠭᠤᠳᠠᠯ ᠢ ᠢᠯᠡᠷᠡᠭᠦᠯᠬᠦ ᠪᠠ ᠴᠡᠭᠴᠡᠯᠡᠨ ᠵᠠᠰᠠᠬᠤ ᠪᠦᠲᠦᠮᠵᠢᠲᠡᠢ ᠠᠷᠭ᠎ᠠ ᠵᠠᠮ ᠪᠣᠯᠤᠨ᠎ᠠ᠂ ᠲᠤᠭ᠎ᠠ ᠪᠦᠷᠢᠳᠬᠡᠯ ᠤᠨ | ᠬᠤᠳᠠᠯ ᠢᠶᠠᠷ ᠵᠣᠬᠢᠶᠠᠨ ᠬᠠᠭᠤᠷᠮᠠᠭ ᠢᠶᠠᠷ ᠦᠢᠯᠡᠳᠬᠦ ᠶᠢ ᠰᠡᠷᠭᠡᠶᠢᠯᠡᠬᠦ ᠪᠠ ᠵᠠᠯᠬᠠᠭᠠᠨ ᠰᠢᠳᠬᠡᠬᠦ ᠬᠠᠷᠢᠭᠤᠴᠠᠯᠭ᠎ᠠ ᠶᠢ | ᠤᠯᠠᠮ ᠴᠢᠨᠠᠭᠰᠢᠳᠠ ᠴᠢᠩᠭ᠎ᠠ ᠪᠤᠳᠠᠳᠠᠶᠢᠵᠢᠭᠤᠯᠵᠤ᠂ ᠬᠠᠤᠯᠢ ᠶᠣᠰᠣᠭᠠᠷ ᠪᠦᠷᠢᠳᠬᠡᠬᠦ ᠬᠠᠤᠯᠢ ᠶᠣᠰᠣᠭᠠᠷ ᠨᠢᠭᠡᠳᠦᠯᠲᠡᠢ | ᠬᠠᠮᠢᠶᠠᠷᠬᠤ ᠶᠢ ᠠᠬᠢᠭᠤᠯᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠢ | ᠳᠡᠭᠡᠭᠰᠢᠯᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠲᠤᠭ᠎ᠠ ᠪᠦᠷᠢᠳᠬᠡᠯ ᠤᠨ ᠪᠠᠲᠤᠯᠠᠭ᠎ᠠ ᠬᠠᠩᠭᠠᠨ᠎ᠠ᠃ | ᠰᠤᠷᠪᠤᠯᠵᠢᠯᠠᠭᠴᠢ᠄ ᠲᠠ ᠲᠣᠰ ᠤᠳᠠᠭᠠᠨ ᠤ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠯᠲᠠ ᠶᠢᠨ | ᠴᠡᠭᠴᠡᠯᠡᠨ ᠰᠠᠶᠢᠵᠢᠷᠠᠭᠤᠯᠬᠤ ᠠᠵᠢᠯ ᠳᠤ ᠶᠠᠮᠠᠷ ᠬᠦᠰᠡᠯ ᠡᠷᠡᠮᠡᠯᠵᠡᠯ ᠲᠠᠯᠪᠢᠵᠤ ᠪᠠᠶᠢᠬᠤ ᠪᠣᠶ︖ | ᠸᠠᠩ ᠰᠢᠨ ᠲᠢᠶᠠᠨ᠄ ᠬᠡᠳᠦ᠋ᠢᠪᠡᠷ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠯᠲᠠ ᠶᠢᠨ ᠲᠥᠪᠯᠡᠷᠡᠭᠦᠯᠦᠨ | ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠨᠢᠭᠡᠨᠲᠡ ᠥᠩᠭᠡᠷᠡᠵᠦ᠂ ᠶᠡᠬᠡᠩᠬᠢ ᠲᠣᠭᠠᠨ ᠤ ᠴᠡᠭᠴᠡᠯᠡᠨ | ᠰᠠᠶᠢᠵᠢᠷᠠᠭᠤᠯᠬᠤ ᠡᠭᠦᠷᠭᠡ ᠶᠢ ᠨᠢᠭᠡᠨᠲᠡ ᠪᠡᠶᠡᠯᠡᠭᠦᠯᠦᠭᠰᠡᠨ ᠪᠣᠯᠪᠠᠴᠤ᠂ ᠣᠨᠴᠠ ᠵᠠᠷᠢᠮ ᠴᠡᠭᠴᠡᠯᠡᠨ ᠰᠠᠶᠢᠵᠢᠷᠠᠭᠤᠯᠬᠤ | ᠡᠭᠦᠷᠭᠡ ᠶᠢ ᠣᠷᠳᠣ ᠬᠤᠭᠤᠴᠠᠭ᠎ᠠ ᠪᠠᠷ ᠪᠠᠷᠢᠮᠲᠠᠯᠠᠬᠤ ᠴᠢᠬᠤᠯᠠᠲᠠᠶ ᠪᠠᠶᠢᠪᠠᠯ᠂ ᠬᠤᠯᠪᠣᠭᠳᠠᠯ ᠪᠥᠬᠦᠶ ᠨᠢᠭᠡᠴᠢ᠂ | ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠦᠷᠭᠦᠯᠵᠢᠯᠡᠨ | ᠬᠦᠴᠦᠯᠡᠵᠦ᠂ ᠣᠷᠳᠣ ᠬᠤᠭᠤᠴᠠᠭ᠎ᠠ ᠪᠠᠷ ᠴᠢᠷᠮᠠᠶᠢᠨ᠂ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠴᠢᠨᠠᠷ ᠰᠠᠶᠢᠲᠠᠶ | ᠥᠨᠳᠥᠷ ᠪᠦᠲᠦᠮᠵᠢᠲᠡᠶ ᠪᠠᠷ ᠪᠡᠶᠡᠯᠡᠭᠦᠯᠬᠦ ᠶᠢ ᠬᠦᠰᠡᠵᠦ ᠪᠠᠶᠢᠨ᠎ᠠ᠃ |