︽ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠰᠢᠷᠢᠰ ᠮᠡᠳᠡᠭᠡᠯᠡᠯ ︵ᠠᠷᠪᠠᠨ ᠬᠤᠶᠠᠷ︶
ᠨᠡᠶᠢᠲᠡᠯᠡᠭᠰᠡᠨ ᠴᠠᠭ᠄
2021/12/6
    ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠤᠮᠳᠠ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ ︾ ᠠᠵᠢᠯᠯᠠᠭ᠎ᠠ ᠥᠷᠨᠢᠭᠦᠯᠬᠦ ᠲᠤᠬᠠᠶ ᠨᠠᠮ ᠤᠨ ᠲᠥᠪ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ ᠂ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠢᠨ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ᠂ ᠬᠡᠷᠡᠭᠴᠡᠭᠡ ᠱᠠᠭᠠᠷᠳᠠᠯᠭ᠎ᠠ ᠶᠢ ᠠᠷᠠᠳ ᠠᠴᠠ ᠠᠰᠠᠭᠤᠬᠤ᠂ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠬᠤ ︽ᠭᠤᠷᠪᠠ ᠶᠢ ᠠᠰᠠᠭᠤᠬᠤ︾ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠨᠡᠶᠢᠭᠡᠮ ᠤᠨ ᠡᠯ᠎ᠡ ᠡᠲᠡᠭᠡᠳ ᠪᠠ ᠥᠷᠭᠡᠨ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠠᠰᠠᠭᠤᠳᠠᠯ ᠤᠨ ᠨᠠᠷᠢᠨ ᠲᠠᠩᠰᠠ ᠶᠢ ᠬᠤᠷᠢᠶᠠᠩᠭᠤᠶᠢᠯᠠᠨ ᠡᠮᠬᠢᠯᠡᠵᠦ᠂ ᠡᠭᠦᠨ ᠤ ᠤᠯᠠᠮ ᠠᠴᠠ ᠣᠯᠠᠨ ᠲᠦᠮᠡᠨ ᠳᠤ ᠪᠣᠳᠠᠲᠠᠶ ᠶᠠᠪᠤᠳᠠᠯ ᠬᠢᠬᠦ ᠶᠢᠨ ︽ᠭᠤᠷᠪᠠ ᠶᠢ ᠠᠰᠠᠭᠤᠬᠤ ᠦᠢᠯᠡᠴᠢᠯᠡᠭᠡᠨ ᠤ ᠵᠦᠢᠯᠡᠰ ᠤᠨ ᠨᠠᠷᠢᠨ ᠲᠠᠩᠰᠠ ᠶᠢ ᠲᠣᠭᠲᠠᠭᠠᠭᠰᠠᠨ ᠪᠠᠶᠢᠨ᠎ᠠ᠃ ᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠨᠡᠶᠢᠭᠡᠮ ᠲᠠᠶᠠᠭᠠᠷ ᠲᠤ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠦᠢᠯᠡᠳᠦᠯᠭᠡ ᠶᠢᠨ ᠠᠵᠢᠯᠯᠠᠭ᠎ᠠ ᠶᠢᠨ ᠦᠢᠯᠡᠴᠢᠯᠡᠭᠡᠨ ᠤ ᠵᠦᠢᠯᠡᠰ ᠤᠨ ᠨᠠᠷᠢᠨ ᠳᠠᠩᠰᠠ ᠪᠠ ᠠᠰᠠᠭᠤᠳᠠᠯ ᠢ  ᠰᠢᠢᠳᠪᠦᠷᠢᠯᠡᠭᠰᠡᠨ ᠦᠷ᠎ᠡ ᠳ᠋ᠦᠩ ᠢ ᠨᠡᠶᠢᠲᠡᠯᠡᠵᠦ᠂ ᠠᠷᠠᠳ ᠣᠯᠠᠨ ᠤ ᠬᠢᠨᠠᠯᠲᠠ ᠪᠠ ᠦᠨᠡᠯᠡᠯᠲᠡ ᠶᠢ ᠤᠬᠠᠮᠰᠠᠷ ᠠᠴᠠ ᠪᠠᠨ ᠬᠦᠯᠢᠶᠡᠬᠦ ᠪᠤᠯᠤᠨ᠎ᠡ᠃    ︽ᠭᠤᠷᠪᠠ ᠶᠢ ᠠᠰᠠᠭᠤᠬᠤ︾ ᠠᠵᠢᠯᠯᠠᠭ᠎ᠠ ᠶᠢᠨ ᠠᠰᠠᠭᠤᠳᠠᠯ ᠤᠨ ᠨᠠᠷᠢᠨ ᠲᠠᠩᠰᠠ    1. ᠵᠢᠨᠢᠩ ᠲᠣᠭᠤᠷᠢᠭ ᠤᠨ ᠸᠠᠨ ᠳ᠋ᠠ ᠲᠠᠯᠠᠪᠠᠶ ᠶᠢᠨ ᠳᠣᠬᠢᠶᠠᠨ ᠤ ᠪᠦᠷᠬᠦᠯᠲᠡ ᠪᠠᠭᠤᠷᠠᠶ ᠪᠠᠶᠢᠨ᠎ᠠ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠰᠠᠭᠤᠷᠢ ᠥᠷᠲᠡᠭᠡ ᠶᠢ ᠨᠡᠮᠡᠨ ᠪᠠᠶᠢᠭᠤᠯᠵᠤ᠂ ᠪᠦᠷᠬᠦᠯᠲᠡ ᠶᠢᠨ ᠬᠡᠪᠴᠢᠶ᠎ᠡ ᠪᠠᠨ ᠥᠷᠭᠡᠳᠬᠡᠬᠦ ᠶᠢ ᠬᠦᠰᠡᠵᠦ ᠪᠠᠶᠢᠨ᠎ᠠ᠃     2 . ᠵᠢᠨᠢᠩ ᠲᠣᠭᠤᠷᠢᠭ ᠤᠨ ᠡᠯ ᠺᠤᠸᠠ ᠼᠦᠨ ᠲᠣᠰᠬᠤᠨ ᠤ ᠠᠷᠠᠳ ᠲᠤ ᠠᠰᠢᠭ ᠬᠦᠷᠲᠡᠭᠡᠬᠦ ᠬᠦᠷᠢᠶᠡᠯᠡᠩ ᠤᠨ ᠬᠥᠭᠡᠷᠭᠡ ᠶᠢᠨ ᠵᠠᠷᠤᠳᠠᠯ ᠨᠡᠯᠢᠶᠡᠳ ᠥᠨᠳᠥᠷ ᠪᠠᠶᠢᠵᠤ᠂ ᠢᠳᠡᠰᠢᠨ ᠨᠣᠭᠤᠭ᠎ᠠ ᠶᠢᠨ ᠲᠠᠷᠢᠶᠠᠴᠢᠳ ᠤᠨ ᠳᠠᠷᠤᠭᠠᠰᠤ ᠨᠡᠯᠢᠶᠡᠳ ᠬᠦᠨᠳᠦ ᠪᠠᠶᠢᠨ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠰᠦᠢᠳᠬᠡᠯ ᠬᠤᠷᠢᠶᠠᠬᠤ ᠪᠠᠷᠢᠮᠵᠢᠶ᠎ᠠ ᠪᠠᠨ ᠪᠠᠭᠤᠷᠠᠭᠤᠯᠬᠤ ᠶᠢ ᠬᠦᠰᠡᠵᠦ ᠪᠠᠶᠢᠨ᠎ᠠ᠃     3 . ᠵᠢᠨᠢᠩ ᠲᠣᠭᠤᠷᠢᠭ ᠤᠨ ᠴᠢᠤᠸᠠᠨ ᠱᠠᠨ ᠬᠡᠷᠡᠭ ᠡᠷᠬᠢᠯᠡᠬᠦ ᠭᠠᠵᠠᠷ ᠤᠨ ᠨᠡᠭᠦᠳᠡᠯ ᠠᠷᠠᠳ ᠤᠨ ᠨᠢᠭᠡᠳᠦᠭᠡᠷ ᠬᠤᠭᠤᠴᠠᠭ᠎ᠠ᠂ ᠪᠠᠷᠠᠭᠤᠨ ᠭᠤᠷᠪᠠᠳᠤᠭᠠᠷ ᠭᠠᠵᠠᠷ᠂ ᠵᠡᠭᠦᠨ ᠭᠤᠷᠪᠠᠳᠤᠭᠠᠷ ᠭᠠᠵᠠᠷ ᠤᠨ ᠬᠠᠭᠤᠷᠠᠶ ᠵᠣᠷᠯᠣᠩ ᠳᠤ ᠤᠰᠤ ᠰᠦᠷᠴᠢᠬᠦ ᠲᠥᠬᠦᠭᠡᠷᠦᠮᠵᠢ ᠪᠠᠶᠢᠬᠤ ᠥᠬᠡᠶ ᠠᠴᠠ ᠪᠣᠯᠵᠣ᠂ ᠡᠷᠬᠢᠨ ᠲᠣᠭᠤᠷᠢᠨ ᠤ ᠰᠠᠭᠤᠭᠠᠯᠢ ᠠᠷᠠᠳ ᠤᠨ ᠠᠮᠢᠳᠤᠷᠠᠯ ᠢ ᠨᠥᠯᠥᠭᠡᠯᠡᠵᠦ ᠪᠠᠶᠢᠨ᠎ᠠ᠂ ᠣᠲᠣ ᠪᠠᠶᠢᠭ᠎ᠠ ᠬᠠᠭᠤᠷᠠᠶ ᠵᠣᠷᠯᠣᠩ ᠢ ᠥᠭᠡᠷᠡᠴᠢᠯᠡᠬᠦ ᠶᠢ ᠪᠠᠴᠢᠮ ᠱᠠᠭᠠᠷᠳᠠᠵᠤ ᠪᠠᠶᠢᠨ᠎ᠠ᠃     4 . ᠵᠢᠨᠢᠩ ᠲᠣᠭᠤᠷᠢᠭ ᠤᠨ ᠮᠠ ᠯᠢᠶᠠᠨ ᠴᠢᠦᠶ ᠰᠢᠶᠠᠩ ᠤᠨ ᠵᠠᠶ ᠵᠢᠶᠠ ᠭᠸᠤ᠂ ᠵᠣᠣ ᠰᠢᠤ ᠭᠸᠦ ᠲᠣᠰᠬᠤᠨ ᠤ ᠬᠦᠯᠡᠮᠵᠢ ᠶᠢᠨ ᠤᠰᠤᠯᠠᠯᠲᠠ ᠶᠢᠨ ᠬᠤᠳᠳᠤᠭ ᠤᠨ ᠬᠤᠭᠤᠯᠠᠶ ᠡᠪᠳᠡᠷᠡᠭᠡᠳ ᠤᠰᠤᠯᠠᠬᠤ ᠶᠢᠨ ᠠᠷᠭ᠎ᠠ ᠦᠭᠡᠶ ᠪᠣᠯᠵᠠᠶ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠯᠢ ᠲᠦᠷᠭᠡᠨ ᠢᠶᠠᠷ ᠰᠡᠯᠪᠢᠨ ᠵᠠᠰᠠᠬᠤ ᠶᠢ ᠬᠦᠰᠡᠵᠦ ᠪᠠᠶᠢᠨ᠎ᠠ᠃      5 . ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠳ᠋ᠠ ᠯᠢᠤ ᠬᠤᠤ ᠪᠠᠯᠭᠠᠰᠤ ᠮᠥᠨᠳᠥᠷ᠂ ᠤᠰᠤᠨ ᠭᠠᠮᠰᠢᠭ ᠠᠴᠠ ᠪᠣᠯᠵᠣ ᠲᠠᠷᠢᠮᠠᠯ ᠤᠨ  ᠵᠦᠢᠯ ᠨᠢ ᠬᠤᠬᠢᠷᠠᠯ ᠳᠤ ᠤᠴᠠᠷᠠᠭᠰᠠᠨ ᠪᠠᠶᠢᠨ᠎ᠠ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠨᠥᠬᠦᠪᠥᠷᠢ ᠥᠭᠬᠦ ᠶᠢ ᠬᠦᠰᠡᠵᠦ ᠪᠠᠶᠢᠨ᠎ᠠ᠃     6 . ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠹᠦ᠋ ᠲᠠᠢ ᠵᠢᠶᠠ ᠶᠤᠸᠠᠨ ᠰᠠᠭᠤᠭᠠᠯᠢ ᠲᠣᠭᠤᠷᠢᠭ ᠤᠨ 9 ᠳ᠋ᠤᠭᠡᠷ ᠨᠣᠮᠧᠷᠲᠤ ᠠᠰᠠᠷ ᠤᠨ ᠴᠠᠬᠢᠯᠭᠠᠨ ᠱᠠᠲᠤ ᠨᠡᠪᠲᠡᠷᠡᠭᠡᠳᠦᠶ ᠪᠣᠯᠬᠤᠷ ᠰᠠᠭᠤᠭᠠᠯᠢ ᠠᠷᠠᠳ ᠤᠨ ᠠᠮᠢᠳᠤᠷᠠᠯ ᠳᠤ ᠳᠥᠭᠦᠮ ᠦᠭᠡᠢ ᠪᠠᠶᠢᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠭᠦᠨ ᠢ ᠲᠦᠷᠭᠡᠬᠡᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃     7 . ᠳᠥᠷᠪᠡᠳ ᠬᠤᠰᠢᠭᠤᠨ ᠤ ᠳ᠋ᠦᠩ ᠪᠠ ᠰᠢᠶᠠᠩ ᠤᠨ ᠳᠧᠦ ᠬᠤᠤ ᠲᠣᠰᠬᠤᠨ ᠤ ᠬᠥᠭᠦᠷᠭᠡ ᠪᠣᠷᠣᠭᠠᠨ ᠤ ᠤᠰᠤᠨ ᠳᠤ ᠲᠠᠰᠤᠯᠤᠭᠳᠠᠵᠤ᠂ ᠵᠥᠪᠬᠡᠨ ᠰᠡᠷᠡᠮᠵᠢ ᠶᠢᠨ ᠫᠠᠶᠢᠰᠠ ᠲᠠᠯᠪᠢᠵᠤ᠂ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠨ᠎ᠠ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠵᠠᠮ ᠢᠶᠠᠨ ᠲᠦᠷᠭᠡᠨ ᠵᠠᠰᠠᠬᠤ ᠶᠢ ᠬᠦᠰᠡᠵᠦ ᠪᠠᠶᠢᠨ᠎ᠠ᠃     8 . ᠳᠥᠷᠪᠡᠳ ᠬᠤᠰᠢᠭᠤᠨ ᠤ ᠬᠠᠰᠠᠷ ᠰᠢᠶᠠᠩ ᠶᠤᠸᠠᠨ ᠰᠠᠭᠤᠭᠠᠯᠢ ᠲᠣᠭᠤᠷᠢᠭ ᠲᠤ ᠲᠣᠭᠲᠠᠮᠠᠯ ᠪᠤᠰᠤ ᠴᠠᠭ ᠢᠶᠠᠷ ᠤᠰᠤ ᠵᠣᠭᠰᠣᠵᠤ᠂ ᠰᠠᠭᠤᠭᠠᠯᠢ ᠠᠷᠠᠳ ᠤᠨ ᠠᠮᠢᠳᠤᠷᠠᠯ ᠢ ᠨᠥᠯᠥᠭᠡᠯᠡᠵᠦ ᠪᠠᠶᠢᠨ᠎ᠠ᠂ ᠤᠰᠤᠨ ᠤ ᠬᠡᠪ ᠤᠨ ᠬᠠᠩᠭᠠᠯᠭ᠎ᠠ ᠶᠢ ᠲᠦᠷᠭᠡᠬᠡᠨ ᠰᠡᠷᠭᠦᠭᠡᠬᠦ ᠶᠢ ᠬᠦᠰᠡᠵᠦ ᠪᠠᠶᠢᠨ᠎ᠠ᠃     9. ᠰᠢᠩ ᠾᠧ ᠰᠢᠶᠠᠨ ᠤ ᠡᠮᠤᠨ᠎ᠡ ᠲᠤᠭᠤᠷᠢᠭᠤᠯ ᠵᠠᠮ ᠤᠨ ᠳ᠋ᠦᠩ ᠹᠠᠩ ᠪᠠᠷᠢᠯᠭ᠎ᠠ ᠶᠢᠨ ᠮᠠᠲ᠋ᠧᠷᠢᠶᠠᠯ ᠤᠨ ᠲᠠᠯᠠᠪᠠᠶ ᠬᠠᠮᠢᠶ᠎ᠠ ᠪᠥᠬᠦᠶ ᠡᠵᠡᠩᠨᠡᠯᠲᠡ ᠶᠢᠨ ᠭᠠᠷᠳᠠᠮ ᠪᠠᠶᠢᠬᠤ ᠥᠬᠡᠶ᠂ ᠲᠣᠭᠤᠰᠣ ᠰᠢᠷᠣᠶ ᠨᠢ ᠡᠷᠬᠢᠨ ᠲᠣᠭᠤᠷᠢᠨ ᠤ ᠣᠷᠴᠢᠨ ᠲᠣᠭᠤᠷᠢᠨ ᠢ ᠪᠣᠬᠢᠷᠲᠤᠭᠤᠯᠵᠤ᠂ ᠰᠠᠭᠤᠭᠠᠯᠢ ᠠᠷᠠᠳ ᠤᠨ ᠬᠡᠪ ᠤᠨ ᠠᠮᠢᠳᠤᠷᠠᠯ ᠢ ᠨᠥᠯᠥᠭᠡᠯᠡᠵᠦ ᠪᠠᠶᠢᠨ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠰᠢᠢᠳᠪᠦᠷᠢᠯᠡᠬᠦ ᠶᠢ ᠬᠦᠰᠡᠵᠦ ᠪᠠᠶᠢᠨ᠎ᠠ᠃     10. ᠰᠢᠩ ᠾᠧ ᠰᠢᠶᠠᠨ ᠤ ᠰᠢᠩ ᠾᠧ ᠶᠡᠭᠡ ᠵᠠᠮ ᠤᠨ ᠵᠠᠰᠠᠮᠠᠯ ᠵᠠᠮ ᠤᠨ ᠳᠤᠮᠳᠠ ᠨᠦᠬᠡ ︵ᠣᠷᠳᠣ ᠨᠢ 200 ᠮᠧᠲᠷ᠂ ᠭᠦᠨ ᠨᠢ 3 ᠮᠧᠲᠷ︶ ᠮᠠᠯᠲᠠᠬᠰᠠᠨ ᠮᠦᠷᠳᠡᠭᠡᠨ ᠡᠷᠬᠢᠨ ᠲᠣᠭᠤᠷᠢᠨ ᠳᠤᠨᠢ ᠬᠠᠰᠢᠯᠭ᠎ᠠ ᠪᠠ ᠰᠡᠷᠡᠮᠵᠢᠯᠡᠭᠦᠯᠬᠦ ᠲᠡᠮᠳᠡᠭ ᠲᠠᠯᠪᠢᠭᠰᠠᠨ ᠥᠬᠡᠶ᠂ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠨ᠎ᠠ᠂ ᠬᠠᠮᠢᠶ᠎ᠠ ᠪᠥᠬᠦᠶ ᠰᠠᠯᠠᠭ᠎ᠠ ᠮᠥᠴᠢᠷ ᠰᠡᠯᠪᠢᠨ ᠵᠠᠰᠠᠬᠤ ᠶᠢᠨ ᠬᠠᠮᠲᠤ ᠠᠮᠤᠷ ᠲᠦᠪᠰᠢᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠪᠠᠨ ᠰᠠᠶᠢᠲᠤᠷ ᠬᠢᠬᠦ ᠶᠢ ᠬᠦᠰᠡᠵᠦ ᠪᠠᠶᠢᠨ᠎ᠠ᠃     ︽ᠭᠤᠷᠪᠠ ᠶᠢ ᠠᠰᠠᠭᠤᠬᠤ︾ ᠠᠵᠢᠯᠯᠠᠭ᠎ᠠ ᠶᠢᠨ ᠠᠰᠠᠭᠤᠳᠠᠯ ᠤᠨ ᠨᠠᠷᠢᠨ ᠲᠠᠩᠰᠠ ᠶᠢ ᠰᠢᠢᠳᠪᠦᠷᠢᠯᠡᠵᠦ ᠳᠠᠭᠤᠰᠬᠠᠭᠰᠠᠨ ᠪᠠᠶᠢᠳᠠᠯ    1. ᠵᠢᠨᠢᠩ ᠲᠣᠭᠤᠷᠢᠭ ᠤᠨ ᠸᠠᠨ ᠳ᠋ᠠ ᠲᠠᠯᠠᠪᠠᠶ ᠶᠢᠨ ᠳᠣᠬᠢᠶᠠᠨ ᠤ ᠪᠦᠷᠬᠦᠯᠲᠡ ᠪᠠᠭᠤᠷᠠᠶ ᠪᠠᠶᠢᠨ᠎ᠠ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠰᠠᠭᠤᠷᠢ ᠥᠷᠲᠡᠭᠡ ᠶᠢ ᠨᠡᠮᠡᠨ ᠪᠠᠶᠢᠭᠤᠯᠵᠤ᠂ ᠪᠦᠷᠬᠦᠯᠲᠡ ᠶᠢᠨ ᠬᠡᠪᠴᠢᠶ᠎ᠡ ᠪᠠᠨ ᠥᠷᠭᠡᠳᠬᠡᠬᠦ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠬᠢᠨᠠᠨ ᠬᠠᠷᠭᠤᠭᠤᠯᠤᠭᠰᠠᠨ ᠢᠶᠠᠷ᠂ ᠬᠤᠲᠠ ᠶᠢᠨ ᠲᠡᠮᠦᠷ ᠰᠤᠪᠤᠷᠭ᠎ᠠ ᠺᠣᠮᠫᠠᠨᠢ ᠶᠢᠨ ᠨᠢᠭᠡᠳᠦᠯᠲᠡᠶ ᠲᠥᠯᠥᠪᠯᠡᠭᠰᠡᠨ ᠭᠤᠷᠪᠠᠨ ᠡᠵᠡᠩᠨᠡᠯᠲᠡ ᠶᠢᠨ ᠬᠤᠳᠠᠯᠳᠤᠭᠠᠴᠢᠨ ᠨᠢᠭᠡᠨᠲᠡ ᠸᠠᠨ ᠳ᠋ᠠ ᠬᠤᠳᠠᠯᠳᠤᠭᠠᠨ ᠤ ᠲᠠᠯᠠᠪᠤᠷ ᠤᠨ ᠡᠷᠬᠢᠨ ᠲᠣᠭᠤᠷᠢᠨ ᠵᠢᠴᠢ ᠠᠰᠠᠷ ᠤᠨ ᠣᠷᠣᠶ ᠳᠤ ᠰᠠᠭᠤᠷᠢ ᠥᠷᠲᠡᠭᠡ ᠨᠡᠮᠡᠨ ᠪᠠᠶᠢᠭᠤᠯᠵᠤ᠂ ᠳᠣᠬᠢᠶᠠᠨ ᠤ ᠪᠦᠷᠬᠦᠴᠡ ᠶᠢᠨ ᠬᠡᠪᠴᠢᠶ᠎ᠡ ᠶᠢ ᠥᠷᠭᠡᠳᠬᠡᠨ᠂ ᠣᠯᠠᠨ ᠲᠦᠮᠡᠨ ᠤ ᠸᠢᠴᠠᠲ ᠢᠶᠠᠷ ᠶᠠᠷᠢᠯᠴᠠᠬᠤ ᠪᠠ ᠤᠲᠠᠰᠤ ᠥᠬᠡᠶ ᠰᠦᠯᠵᠢᠶᠡᠨ ᠳᠤ ᠭᠠᠷᠬᠤ ᠬᠡᠷᠡᠭᠴᠡᠭᠡ ᠶᠢ ᠬᠠᠩᠭᠠᠵᠤ ᠪᠠᠶᠢᠨ᠎ᠠ᠃ ︵ᠲᠠᠭᠠᠭᠠᠨ ᠭᠦᠢᠴᠡᠳᠭᠡᠬᠦ ᠨᠢᠭᠡᠴᠢ ᠄ ᠳᠤᠮᠳᠠᠳᠤ ᠤᠯᠤᠰ ᠤᠨ ᠲᠡᠮᠦᠷ ᠰᠤᠪᠤᠷᠭ᠎ᠠ ᠶᠢᠨ ᠤᠯᠠᠭᠠᠨᠴᠠᠪ ᠤᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠨᠡᠭᠦᠳᠡᠯ ᠬᠤᠯᠪᠣᠭ᠎ᠠ ᠶᠢᠨ ᠤᠯᠠᠭᠠᠨᠴᠠᠪ ᠤᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠤᠯᠠᠭᠠᠨᠴᠠᠪ ᠤᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠤᠯᠪᠣᠭ᠎ᠠ ᠶᠢᠨ ᠤᠯᠠᠭᠠᠨᠴᠠᠪ ᠤᠨ ᠬᠤᠪᠢᠶᠠᠷᠢ ᠺᠣᠮᠫᠠᠨᠢ︶    2. ᠵᠢᠨᠢᠩ ᠲᠣᠭᠤᠷᠢᠭ ᠤᠨ ᠡᠯ ᠺᠤᠸᠠ ᠲᠣᠰᠬᠤᠨ ᠤ ᠠᠷᠠᠳ ᠲᠤ ᠠᠰᠢᠭ ᠬᠦᠷᠲᠡᠭᠡᠬᠦ ᠬᠦᠷᠢᠶᠡᠯᠡᠩ ᠤᠨ ᠬᠥᠭᠡᠷᠭᠡ ᠶᠢᠨ ᠵᠠᠷᠤᠳᠠᠯ ᠨᠡᠯᠢᠶᠡᠳ ᠥᠨᠳᠥᠷ ᠪᠠᠶᠢᠵᠤ᠂ ᠢᠳᠡᠰᠢᠨ ᠨᠣᠭᠤᠭ᠎ᠠ ᠶᠢᠨ ᠲᠠᠷᠢᠶᠠᠴᠢᠳ ᠤᠨ ᠳᠠᠷᠤᠭᠠᠰᠤ ᠨᠡᠯᠢᠶᠡᠳ ᠬᠦᠨᠳᠦ ᠪᠠᠶᠢᠨ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠪᠠᠭᠤᠷᠠᠭᠤᠯᠬᠤ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠨᠢᠭᠡᠨᠲᠡ ᠬᠤᠯᠪᠣᠭᠳᠠᠯ ᠪᠥᠬᠦᠶ ᠨᠢᠭᠡᠴᠢ ᠳᠤ ᠰᠦᠢᠳᠬᠡᠯ ᠬᠤᠷᠢᠶᠠᠬᠤ ᠪᠠᠷᠢᠮᠵᠢᠶ᠎ᠠ ᠶᠢ ᠪᠠᠭᠤᠷᠠᠭᠤᠯᠬᠤ ᠪᠠᠷ ᠳᠠᠭᠠᠭᠠᠯᠭᠠᠵᠤ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠤᠷᠤᠭᠰᠠᠨ ᠢᠳᠡᠰᠢᠨ ᠨᠣᠭᠤᠭ᠎ᠠ ᠶᠢᠨ ᠲᠠᠷᠢᠶᠠᠴᠢᠳ ᠠᠴᠠ ᠵᠢᠩ ᠪᠦᠷᠢ ᠳᠤ 0.06 ᠲᠥᠭᠦᠷᠢᠭ ᠤᠨ ᠪᠠᠷᠢᠮᠵᠢᠶ᠎ᠠ ᠪᠠᠷ ᠬᠤᠷᠢᠶᠠᠬᠤ ᠶᠢ ᠴᠢᠩᠭ᠎ᠠ ᠬᠡᠷᠡᠭᠵᠢᠭᠦᠯᠦᠨ᠎ᠡ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶    3 . ᠵᠢᠨᠢᠩ ᠲᠣᠭᠤᠷᠢᠭ ᠤᠨ ᠴᠢᠤᠸᠠᠨ ᠱᠠᠨ ᠬᠡᠷᠡᠭ ᠡᠷᠬᠢᠯᠡᠬᠦ ᠭᠠᠵᠠᠷ ᠤᠨ ᠨᠡᠭᠦᠳᠡᠯ ᠠᠷᠠᠳ ᠤᠨ ᠨᠢᠭᠡᠳᠦᠭᠡᠷ ᠬᠤᠭᠤᠴᠠᠭ᠎ᠠ᠂ ᠪᠠᠷᠠᠭᠤᠨ ᠭᠤᠷᠪᠠᠳᠤᠭᠠᠷ ᠬᠡᠰᠡᠭ᠂ ᠵᠡᠭᠦᠨ ᠭᠤᠷᠪᠠᠳᠤᠭᠠᠷ ᠬᠡᠰᠡᠭ ᠤᠨ ᠬᠠᠭᠤᠷᠠᠶ ᠵᠣᠷᠯᠣᠩ ᠳᠤ ᠤᠰᠤ ᠰᠦᠷᠴᠢᠬᠦ ᠲᠥᠬᠦᠭᠡᠷᠦᠮᠵᠢ ᠪᠠᠶᠢᠬᠤ ᠥᠬᠡᠶ ᠠᠴᠠ ᠪᠣᠯᠵᠣ᠂ ᠡᠷᠬᠢᠨ ᠲᠣᠭᠤᠷᠢᠨ ᠤ ᠰᠠᠭᠤᠭᠠᠯᠢ ᠠᠷᠠᠳ ᠤᠨ ᠠᠮᠢᠳᠤᠷᠠᠯ ᠢ ᠨᠥᠯᠥᠭᠡᠯᠡᠵᠦ ᠪᠠᠶᠢᠨ᠎ᠠ᠂ ᠣᠲᠣ ᠪᠠᠶᠢᠭ᠎ᠠ ᠬᠠᠭᠤᠷᠠᠶ ᠵᠣᠷᠯᠣᠩ ᠢ ᠥᠭᠡᠷᠡᠴᠢᠯᠡᠬᠦ ᠶᠢ ᠪᠠᠴᠢᠮ ᠱᠠᠭᠠᠷᠳᠠᠵᠤ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠬᠢᠨᠠᠨ ᠨᠤᠳᠠᠯᠠᠬᠤ ᠪᠠᠷ ᠳᠡᠮᠵᠢᠨ᠂ ᠵᠢᠨᠢᠩ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢᠭᠡᠨᠲᠡ 3 ᠲᠣᠰᠬᠤᠨ ᠳᠤ ᠲᠣᠰ ᠲᠣᠰ 1 ᠬᠥᠭᠡᠰᠦᠷᠬᠡᠭ ᠮᠠᠶ᠋ᠢᠭ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠨᠡᠶᠢᠲᠡ ᠶᠢᠨ ᠵᠣᠷᠯᠣᠩ ᠢ ᠳᠣᠭᠢᠷᠠᠭᠤᠯᠤᠨ ᠪᠠᠶᠢᠭᠤᠯᠵᠤ᠂ ᠡᠷᠬᠢᠨ ᠲᠣᠭᠤᠷᠢᠨ ᠤ ᠰᠠᠭᠤᠭᠠᠯᠢ ᠠᠷᠠᠳ ᠤᠨ ᠵᠣᠷᠯᠣᠩ ᠳᠤ ᠤᠷᠤᠬᠤ ᠬᠡᠷᠡᠭᠴᠡᠭᠡ ᠶᠢ ᠬᠠᠩᠭᠠᠪᠠ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶    4. ᠵᠢᠨᠢᠩ ᠲᠣᠭᠤᠷᠢᠭ ᠤᠨ ᠮᠠ ᠯᠢᠶᠠᠨ ᠴᠢᠦᠶ ᠰᠢᠶᠠᠩ ᠤᠨ ᠵᠠᠶ ᠵᠢᠶᠠ ᠭᠸᠤ᠂ ᠵᠣᠣ ᠰᠢᠤ ᠭᠸᠦ ᠲᠣᠰᠬᠤᠨ ᠤ ᠬᠦᠯᠡᠮᠵᠢ ᠶᠢᠨ ᠤᠰᠤᠯᠠᠯᠲᠠ ᠶᠢᠨ ᠬᠤᠳᠳᠤᠭ ᠤᠨ ᠬᠤᠭᠤᠯᠠᠶ ᠡᠪᠳᠡᠷᠡᠭᠡᠳ ᠤᠰᠤᠯᠠᠬᠤ ᠶᠢᠨ ᠠᠷᠭ᠎ᠠ ᠦᠭᠡᠶ ᠪᠣᠯᠵᠠᠶ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠯᠢ ᠲᠦᠷᠭᠡᠨ ᠢᠶᠠᠷ ᠰᠡᠯᠪᠢᠨ ᠵᠠᠰᠠᠬᠤ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠬᠢᠨᠠᠨ ᠨᠤᠳᠠᠯᠠᠬᠤ ᠪᠠᠷ ᠳᠡᠮᠵᠢᠨ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠲᠣᠰ ᠲᠣᠰᠬᠤᠨ ᠳᠤ ᠨᠢᠭᠡᠨᠲᠡ 17 ᠰᠠᠭᠤᠷᠢ 2 ᠢᠮᠠᠬᠤ ᠶᠢᠨ ᠬᠤᠳᠳᠤᠭ ᠤᠨ ᠬᠤᠭᠤᠯᠠᠶ ᠤᠭᠰᠠᠷᠠᠵᠤ᠂ ᠣᠲᠣ ᠰᠡᠯᠪᠢᠨ ᠵᠠᠰᠠᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶     5. ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠳ᠋ᠠ ᠯᠢᠤ ᠬᠤᠤ ᠪᠠᠯᠭᠠᠰᠤ ᠮᠥᠨᠳᠥᠷ᠂ ᠤᠰᠤᠨ ᠭᠠᠮᠰᠢᠭ ᠠᠴᠠ ᠪᠣᠯᠵᠣ ᠲᠠᠷᠢᠮᠠᠯ ᠤᠨ ᠵᠦᠢᠯ ᠬᠤᠬᠢᠷᠠᠯ ᠳᠤ ᠤᠴᠠᠷᠠᠭᠰᠠᠨ ᠪᠠᠶᠢᠨ᠎ᠠ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠨᠥᠬᠦᠪᠥᠷᠢ ᠥᠭᠬᠦ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠳᠠᠭᠠᠳᠬᠠᠯ ᠤᠨ ᠺᠣᠮᠫᠠᠨᠢ ᠶᠢ ᠵᠣᠬᠢᠴᠠᠭᠤᠯᠵᠤ᠂ ᠲᠠᠷᠢᠮᠠᠯ ᠤᠨ ᠬᠤᠬᠢᠷᠠᠯ ᠤᠨ ᠪᠠᠶᠢᠳᠠᠯ ᠢ ᠪᠠᠶᠢᠴᠠᠭᠠᠨ ᠰᠢᠨᠵᠢᠵᠦ ᠬᠤᠬᠢᠷᠠᠯ ᠤᠨ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠲᠤᠬᠠᠶ ᠶᠢᠨ ᠭᠠᠵᠠᠷ ᠤᠨ ᠲᠦᠷᠦᠭᠦᠤ ᠲᠠᠪᠤᠨ ᠵᠢᠯ ᠤᠨ ᠳᠤᠮᠳᠠᠴᠢ ᠦᠢᠯᠡᠳᠬᠦᠨ ᠤ ᠥᠷᠲᠡᠭ ᠤᠨ ᠪᠠᠷᠢᠮᠵᠢᠶ᠎ᠠ ᠪᠠᠷ ᠯᠠᠪᠯᠠᠯᠲᠠ ᠪᠣᠯᠭᠠᠵᠤ ᠭᠠᠮᠰᠢᠭ ᠤᠨ ᠳᠠᠷᠠᠭᠠᠬᠢ ᠲᠥᠯᠥᠪᠦᠷᠢ ᠶᠢ ᠥᠷᠨᠢᠭᠦᠯᠪᠡ᠃ ︵ᠲᠠᠭᠠᠭᠠᠨ ᠭᠦᠢᠴᠡᠳᠭᠡᠬᠦ ᠨᠢᠭᠡᠴᠢ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ︶    6. ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠹᠦ᠋ ᠲᠠᠢ ᠵᠢᠶᠠ ᠶᠤᠸᠠᠨ ᠰᠠᠭᠤᠭᠠᠯᠢ ᠲᠣᠭᠤᠷᠢᠭ ᠤᠨ 9 ᠳ᠋ᠤᠭᠡᠷ ᠨᠣᠮᠧᠷᠲᠤ ᠠᠰᠠᠷ ᠤᠨ ᠴᠠᠬᠢᠯᠭᠠᠨ ᠱᠠᠲᠤ ᠨᠡᠪᠲᠡᠷᠡᠭᠡᠳᠦᠶ ᠪᠣᠯᠬᠤᠷ ᠰᠠᠭᠤᠭᠠᠯᠢ ᠠᠷᠠᠳ ᠤᠨ ᠠᠮᠢᠳᠤᠷᠠᠯ ᠳᠤ ᠳᠥᠭᠦᠮ ᠦᠭᠡᠢ ᠪᠠᠶᠢᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠭᠦᠨ ᠢ ᠲᠦᠷᠭᠡᠬᠡᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠠᠴᠠ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠲᠣᠰ ᠠᠰᠠᠷ ᠤᠨ ᠴᠠᠬᠢᠯᠭᠠᠨ ᠱᠠᠲᠤ ᠤᠭᠰᠠᠷᠠᠬᠤ ᠶᠢ ᠲᠠᠭᠠᠭᠠᠯᠭᠠᠵᠦ᠂ ᠣᠳᠣᠬᠠᠨ ᠳᠤ ᠨᠢᠭᠡᠨᠲᠡ 4 ᠴᠠᠬᠢᠯᠭᠠᠨ ᠱᠠᠲᠤ ᠶᠢ ᠤᠭᠰᠠᠷᠠᠵᠤ ᠲᠤᠷᠰᠢᠨ ᠬᠡᠷᠡᠭᠯᠡᠬᠦ ᠶᠢᠨ ᠬᠠᠮᠲᠤ ᠠᠰᠢᠭᠯᠠᠯᠲᠠ ᠳᠤ ᠤᠷᠤᠭᠤᠯᠤᠨ᠂ ᠦᠯᠡᠳᠡᠭᠰᠡᠨ 4 ᠴᠠᠬᠢᠯᠭᠠᠨ ᠱᠠᠲᠤ ᠶᠢ ᠰᠠᠷ᠎ᠠ ᠶᠢᠨ ᠰᠡᠭᠦᠯᠴᠢ ᠠᠴᠠ ᠡᠮᠦᠨ᠎ᠡ ᠤᠭᠰᠠᠷᠠᠵᠤ ᠳᠠᠭᠤᠰᠬᠠᠬᠤ ᠪᠠᠷ ᠵᠢᠱᠢᠵᠦ ᠪᠣᠶ᠃ ︵ᠲᠠᠭᠠᠭᠠᠨ ᠭᠦᠢᠴᠡᠳᠭᠡᠬᠦ ᠨᠢᠭᠡᠴᠢ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ︶    7. ᠳᠥᠷᠪᠡᠳ ᠬᠤᠰᠢᠭᠤᠨ ᠤ ᠳ᠋ᠦᠩ ᠪᠠ ᠬᠤᠤ ᠰᠢᠶᠠᠩ ᠤᠨ ᠳᠧᠦ ᠬᠤᠤ ᠲᠣᠰᠬᠤᠨ ᠤ ᠬᠥᠭᠦᠷᠭᠡ ᠪᠣᠷᠣᠭᠠᠨ ᠤ ᠤᠰᠤᠨ ᠳᠤ ᠲᠠᠰᠤᠯᠤᠭᠳᠠᠵᠤ᠂ ᠵᠥᠪᠬᠡᠨ ᠰᠡᠷᠡᠮᠵᠢ ᠶᠢᠨ ᠫᠠᠶᠢᠰᠠ ᠲᠠᠯᠪᠢᠵᠤ᠂ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠨ᠎ᠠ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠵᠠᠮ ᠢᠶᠠᠨ ᠲᠦᠷᠭᠡᠨ ᠵᠠᠰᠠᠬᠤ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠳᠥᠷᠪᠡᠳ ᠬᠤᠰᠢᠭᠤᠨ ᠤ ᠵᠠᠰᠠᠭ ᠤᠨ ᠣᠷᠳᠣᠨ ᠠᠴᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠳᠠᠭᠠᠭᠠᠯᠭᠠᠵᠤ᠂ ᠡᠪᠳᠡᠭᠳᠡᠭᠰᠡᠨ ᠵᠠᠮ ᠤᠨ ᠨᠦᠭᠡ ᠶᠢ ᠪᠥᠭᠯᠡᠵᠦ᠂ ᠰᠡᠷᠡᠮᠵᠢ ᠶᠢᠨ ᠫᠠᠶᠢᠰᠠ ᠨᠡᠮᠡᠵᠦ᠂ ᠵᠢᠱᠢᠯᠲᠡ ᠪᠠᠷ 9 ᠰᠠᠷ᠎ᠠ ᠶᠢᠨ ᠡᠬᠢ ᠪᠠᠷ ᠠᠵᠢᠯ ᠡᠬᠢᠯᠡᠭᠦᠯᠦᠨ ᠵᠠᠰᠠᠵᠤ ᠰᠡᠷᠭᠦᠭᠡᠨ᠎ᠡ᠃ ︵ᠲᠠᠭᠠᠭᠠᠨ ᠭᠦᠢᠴᠡᠳᠭᠡᠬᠦ ᠨᠢᠭᠡᠴᠢ᠄ ᠳᠥᠷᠪᠡᠳ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ︶    8. ᠳᠥᠷᠪᠡᠳ ᠬᠤᠰᠢᠭᠤᠨ ᠤ ᠬᠠᠰᠠᠷ ᠰᠢᠶᠠᠩ ᠶᠤᠸᠠᠨ ᠰᠠᠭᠤᠭᠠᠯᠢ ᠲᠣᠭᠤᠷᠢᠭ ᠲᠤ ᠲᠣᠭᠲᠠᠮᠠᠯ ᠪᠤᠰᠤ ᠴᠠᠭ ᠢᠶᠠᠷ ᠤᠰᠤ ᠵᠣᠭᠰᠣᠵᠤ᠂ ᠰᠠᠭᠤᠭᠠᠯᠢ ᠠᠷᠠᠳ ᠤᠨ ᠠᠮᠢᠳᠤᠷᠠᠯ ᠢ ᠨᠥᠯᠥᠭᠡᠯᠡᠵᠦ ᠪᠠᠶᠢᠨ᠎ᠠ᠂ ᠤᠰᠤᠨ ᠤ ᠬᠡᠪ ᠤᠨ ᠬᠠᠩᠭᠠᠯᠭ᠎ᠠ ᠶᠢ ᠲᠦᠷᠭᠡᠬᠡᠨ ᠰᠡᠷᠭᠦᠭᠡᠬᠦ ᠶᠢ ᠬᠦᠰᠡᠵᠦ ᠪᠠᠶᠢᠨ᠎ᠠ᠃   ᠰᠢᠢᠳᠪᠦᠷᠢᠯᠡᠭᠰᠡᠨ ᠪᠠᠶᠢᠳᠠᠯ᠄ ᠳᠥᠷᠪᠡᠳ ᠬᠤᠰᠢᠭᠤᠨ ᠤ ᠵᠠᠰᠠᠭ ᠤᠨ ᠣᠷᠳᠣᠨ ᠠᠴᠠ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠳᠡᠷᠡᠰᠦᠨ ᠲᠠᠯ᠎ᠠ ᠶᠢᠨ ᠤᠰᠤᠨ ᠰᠤᠷᠪᠤᠯᠵᠢ ᠶᠢᠨ ᠭᠠᠵᠠᠷ ᠲᠤ ᠪᠠᠴᠢᠮ ᠪᠠᠶᠢᠳᠠᠯ ᠢ ᠠᠷᠭᠠᠴᠠᠬᠤ ᠭᠦᠨ ᠤᠰᠤᠨ ᠬᠤᠳᠳᠤᠭ ᠢ ᠰᠢᠨ᠎ᠡ ᠪᠠᠷ 4 ᠮᠠᠯᠲᠠᠵᠤ᠂ ᠭᠠᠵᠠᠷ ᠤᠨ ᠪᠠᠶᠢᠴᠠ ᠨᠡᠯᠢᠶᠡᠳ ᠥᠨᠳᠥᠷ ᠰᠠᠭᠤᠭᠠᠯᠢ ᠠᠷᠠᠳ ᠤᠨ ᠲᠣᠭᠤᠷᠢᠭ ᠲᠤ ᠤᠰᠤᠨ ᠲᠡᠷᠭᠡ ᠪᠠᠷ ᠲᠣᠭᠲᠠᠭᠰᠠᠨ ᠴᠠᠭ ᠲᠤ ᠤᠰᠤ ᠬᠠᠩᠭᠠᠬᠤ ᠶᠢ ᠱᠠᠭᠠᠷᠳᠠᠵᠤ᠂ ᠤᠰᠤ ᠬᠡᠷᠡᠭᠯᠡᠬᠦ ᠳᠤ ᠬᠦᠴᠢᠷᠲᠡᠶ ᠪᠠᠶᠢᠬᠤ ᠠᠰᠠᠭᠤᠳᠠᠯ ᠢ ᠰᠢᠢᠳᠪᠦᠷᠢᠯᠡᠵᠡᠢ᠃ ᠲᠠᠷᠠᠭᠠᠴᠢ ᠶᠢᠨ ᠠᠯᠬᠤᠮ ᠳᠤ᠂ ᠲᠥᠯᠥᠪᠵᠢᠭᠦᠯᠭᠡ ᠶᠢᠨ ᠰᠢᠨ᠎ᠡ ᠤᠰᠤᠨ ᠰᠤᠷᠪᠤᠯᠵᠢ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠵᠤ᠂ ᠤᠰᠤ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠲᠠᠭᠠᠭᠠᠨ ᠭᠦᠢᠴᠡᠳᠭᠡᠬᠦ ᠨᠢᠭᠡᠴᠢ᠄ ᠳᠥᠷᠪᠡᠳ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ︶    9. ᠰᠢᠩ ᠾᠧ ᠰᠢᠶᠠᠨ ᠤ ᠨᠠᠨ ᠬᠤᠸᠠᠨ ᠵᠠᠮ ᠤᠨ ᠳ᠋ᠦᠩ ᠹᠠᠩ ᠪᠠᠷᠢᠯᠭ᠎ᠠ ᠶᠢᠨ ᠮᠠᠲ᠋ᠧᠷᠢᠶᠠᠯ ᠤᠨ ᠲᠠᠯᠠᠪᠠᠶ ᠬᠠᠮᠢᠶ᠎ᠠ ᠪᠥᠬᠦᠶ ᠡᠵᠡᠩᠨᠡᠯᠲᠡ ᠶᠢᠨ ᠭᠠᠷᠳᠠᠮ ᠪᠠᠶᠢᠬᠤ ᠥᠬᠡᠶ᠂ ᠲᠣᠭᠤᠰᠣ ᠰᠢᠷᠣᠶ ᠨᠢ ᠡᠷᠬᠢᠨ ᠲᠣᠭᠤᠷᠢᠨ ᠤ ᠣᠷᠴᠢᠨ ᠲᠣᠭᠤᠷᠢᠨ ᠢ ᠪᠣᠬᠢᠷᠲᠤᠭᠤᠯᠵᠤ᠂ ᠰᠠᠭᠤᠭᠠᠯᠢ ᠠᠷᠠᠳ ᠤᠨ ᠬᠡᠪ ᠤᠨ ᠠᠮᠢᠳᠤᠷᠠᠯ ᠢ ᠨᠥᠯᠥᠭᠡᠯᠡᠵᠦ ᠪᠠᠶᠢᠨ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠰᠢᠢᠳᠪᠦᠷᠢᠯᠡᠬᠦ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠬᠢᠨᠠᠨ ᠨᠤᠳᠠᠯᠠᠬᠤ ᠪᠠᠷ ᠳᠡᠮᠵᠢᠨ᠂ ᠰᠢᠩ ᠾᠧ ᠰᠢᠶᠠᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠠᠴᠠ ᠲᠣᠰ ᠪᠠᠷᠢᠯᠭ᠎ᠠ ᠶᠢᠨ ᠮᠠᠲ᠋ᠧᠷᠢᠶᠠᠯ ᠤᠨ ᠲᠠᠯᠠᠪᠠᠢ ᠶᠢ ᠨᠢᠭᠡᠨᠲᠡ ᠪᠠᠶᠢᠴᠠᠭᠠᠨ ᠪᠢᠲᠡᠭᠦᠮᠵᠢᠯᠡᠵᠦ᠂ ᠣᠳᠣᠬᠠᠨ ᠳᠤ ᠲᠣᠰ ᠠᠵᠤ ᠠᠬᠤᠶᠢᠯᠠᠯ ᠤᠨ ᠦᠢᠯᠡᠳᠪᠦᠷᠢᠯᠡᠯ ᠢ ᠨᠢᠭᠡᠨᠲᠡ ᠵᠣᠭᠰᠣᠭᠠᠵᠤ᠂ ᠬᠡᠷᠡᠭ ᠢ ᠶᠠᠭ ᠤᠯᠠᠮ ᠨᠢᠭᠡ ᠠᠯᠬᠤᠮ ᠪᠠᠶᠢᠴᠠᠭᠠᠨ ᠰᠢᠢᠳᠪᠦᠷᠢᠯᠡᠵᠦ ᠪᠠᠶᠢᠨ᠎ᠠ᠃ ︵ᠲᠠᠭᠠᠭᠠᠨ ᠭᠦᠢᠴᠡᠳᠭᠡᠬᠦ ᠨᠢᠭᠡᠴᠢ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ︶    10. ᠰᠢᠩ ᠾᠧ ᠰᠢᠶᠠᠨ ᠤ ᠰᠢᠩ ᠾᠧ ᠶᠡᠭᠡ ᠵᠠᠮ ᠤᠨ ᠵᠠᠰᠠᠮᠠᠯ ᠵᠠᠮ ᠤᠨ ᠳᠤᠮᠳᠠ ᠨᠦᠬᠡ ︵ᠣᠷᠳᠣ ᠨᠢ 200 ᠮᠧᠲᠷ᠂ ᠭᠦᠨ ᠨᠢ 3 ᠮᠧᠲᠷ︶ ᠮᠠᠯᠲᠠᠬᠰᠠᠨ ᠮᠦᠷᠳᠡᠭᠡᠨ ᠡᠷᠬᠢᠨ ᠲᠣᠭᠤᠷᠢᠨ ᠳᠤᠨᠢ ᠬᠠᠰᠢᠯᠭ᠎ᠠ ᠪᠠ ᠰᠡᠷᠡᠮᠵᠢᠯᠡᠭᠦᠯᠬᠦ ᠲᠡᠮᠳᠡᠭ ᠲᠠᠯᠪᠢᠭᠰᠠᠨ ᠥᠬᠡᠶ᠂ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠨ᠎ᠠ᠂ ᠬᠠᠮᠢᠶ᠎ᠠ ᠪᠥᠬᠦᠶ ᠰᠠᠯᠠᠭ᠎ᠠ ᠮᠥᠴᠢᠷ ᠰᠡᠯᠪᠢᠨ ᠵᠠᠰᠠᠬᠤ ᠶᠢᠨ ᠬᠠᠮᠲᠤ ᠠᠮᠤᠷ ᠲᠦᠪᠰᠢᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠰᠠᠶᠢᠲᠤᠷ ᠬᠢᠬᠦ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠰᠢᠩ ᠾᠧ ᠰᠢᠶᠠᠨ ᠤ ᠵᠠᠰᠠᠭ ᠤᠨ ᠣᠷᠳᠣᠨ ᠠᠴᠠ ᠨᠢᠭᠡᠨᠲᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠳᠠᠭᠠᠭᠠᠯᠭᠠᠵᠤ᠂ ᠪᠠᠷᠢᠯᠭ᠎ᠠ ᠶᠢᠨ ᠲᠤᠬᠠᠶ ᠶᠢᠨ ᠭᠠᠵᠠᠷ ᠲᠤ ᠳᠠᠬᠢᠨ ᠰᠡᠷᠡᠮᠵᠢ ᠶᠢᠨ ᠲᠡᠮᠳᠡᠭ ᠲᠠᠯᠪᠢᠵᠤ᠂ ᠤᠤᠯ ᠤᠨ ᠪᠠᠶᠢᠭᠰᠠᠨ ᠠᠮᠤᠷ ᠲᠦᠪᠰᠢᠨ ᠤ ᠬᠦᠷᠢᠶ᠎ᠡ ᠬᠠᠰᠢᠶ᠎ᠠ ᠶᠢ ᠪᠠᠬᠢᠯᠡᠨ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠵᠤ᠂ ᠣᠯᠠᠨ ᠲᠦᠮᠡᠨ ᠳᠤ ᠠᠮᠤᠷ ᠲᠦᠪᠰᠢᠨ ᠢᠶᠠᠷ ᠶᠠᠪᠤᠵᠤ ᠰᠠᠭᠤᠬᠤ ᠣᠷᠴᠢᠨ ᠲᠣᠭᠤᠷᠢᠨ ᠢ ᠬᠠᠩᠭᠠᠬᠤ ᠬᠡᠷᠡᠭᠲᠡᠶ ᠭᠡᠵᠡᠶ᠃ ︵ᠲᠠᠭᠠᠭᠠᠨ ᠭᠦᠢᠴᠡᠳᠭᠡᠬᠦ ᠨᠢᠭᠡᠴᠢ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ︶
 
ᠢᠷᠡᠯᠲᠡ᠄ ᠤᠯᠠᠭᠠᠨᠴᠠᠪ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2