ᠬᠤᠳᠠ ᠶᠢᠨ ᠳᠠᠷᠤᠭ᠎ᠠ ᠳᠤ ᠳᠡᠪᠰᠢᠭᠦᠯᠬᠦ ᠦᠭᠡ - 2022 ᠣᠨ ᠤ ᠤᠯᠠᠭᠠᠨᠴᠠᠪ ᠬᠤᠲᠠ ᠶᠢᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠡᠯᠰᠡᠬᠦ ᠠᠵᠢᠯᠯᠠᠭ᠎ᠠ
ᠨᠡᠶᠢᠲᠡᠯᠡᠭᠰᠡᠨ ᠴᠠᠭ᠄
2021/12/7
    ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠨ ᠰᠠᠨᠠᠯ ᠢ ᠨᠡᠩ ᠰᠠᠶᠢᠲᠤᠷ ᠰᠣᠨᠣᠰᠴᠤ᠂ ᠠᠷᠠᠳ ᠤᠨ ᠤᠶᠤᠨ ᠤᠬᠠᠭᠠᠨ ᠢ ᠨᠢᠭᠲᠠᠷᠠᠭᠤᠯᠵᠤ᠂ ᠠᠷᠠᠳ ᠤᠨ ᠰᠠᠨᠠᠭ᠎ᠠ ᠶᠢ ᠡᠵᠡᠮᠳᠡᠵᠦ᠂ ᠪᠦᠬᠦ ᠬᠤᠳᠠ ᠶᠢᠨ ᠡᠯ᠎ᠡ ᠵᠦᠢᠯ ᠤᠨ ᠦᠢᠯᠡᠰ ᠲᠤ ᠣᠯᠠᠨ ᠨᠡᠶᠢᠲᠡ ᠶᠢᠨ ᠣᠷᠣᠯᠴᠠᠴᠠ ᠶᠢ ᠨᠡᠮᠡᠭᠳᠡᠭᠦᠯᠬᠦ ᠶᠢᠨ ᠲᠥᠯᠥᠭᠡ᠂ ᠬᠤᠳᠠ ᠶᠢᠨ ᠵᠠᠰᠠᠭ ᠤᠨ ᠣᠷᠳᠣᠨ ᠠᠴᠠ ᠪᠦᠬᠦ ᠬᠤᠳᠠ ᠳᠤ ︽ᠬᠤᠳᠠ ᠶᠢᠨ ᠳᠠᠷᠤᠭ᠎ᠠ ᠳᠤ ᠳᠡᠪᠰᠢᠭᠦᠯᠬᠦ ᠦᠭᠡ︾ ᠠᠵᠢᠯᠯᠠᠭ᠎ᠠ ᠥᠷᠨᠢᠭᠦᠯᠵᠦ᠂ 2022 ᠣᠨ ᠳᠤ ᠥᠷᠭᠡᠨ ᠤᠯᠠᠨ ᠲᠦᠮᠡᠨ᠂ ᠨᠡᠶᠢᠭᠡᠮ ᠨᠡᠶᠢᠲᠡ ᠪᠠᠷ ᠢᠶᠠᠨ ᠬᠠᠮᠤᠭ ᠠᠴᠠ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠢᠯᠡ ᠪᠠᠷ ᠡᠯᠰᠡᠨ ᠴᠤᠭᠯᠠᠭᠤᠯᠬᠤ ᠪᠠᠷ ᠲᠣᠭᠲᠠᠪᠠ᠃     ᠡᠯᠰᠡᠬᠦ ᠴᠠᠭ     2021 ᠣᠨ ᠤ 12 ᠰᠠᠷ᠎ᠠ ᠶᠢᠨ 3 ᠤ ᠡᠳᠦᠷ — 12 ᠰᠠᠷ᠎ᠠ ᠶᠢᠨ17 ᠤ ᠡᠳᠦᠷ     ᠡᠯᠰᠡᠬᠦ ᠠᠭᠤᠯᠭ᠎ᠠ     ᠡᠯᠰᠡᠬᠦ ᠵᠦᠢᠯᠡᠰ ᠨᠢ ᠭᠤᠣᠯᠳᠠᠭᠤ ᠠᠵᠤ ᠦᠢᠯᠡᠰ ᠤᠨ ᠬᠥᠭᠵᠢᠯᠲᠡ᠂ ᠨᠡᠶᠢᠭᠡᠮ ᠤᠨ ᠪᠠᠲᠤᠯᠠᠭ᠎ᠠ᠂ ᠠᠵᠢᠯ ᠣᠯᠭᠤᠯᠲᠠ ᠦᠢᠯᠡᠰ ᠪᠤᠰᠬᠠᠬᠤ᠂ ᠰᠤᠷᠭᠠᠨ ᠬᠥᠮᠦᠵᠢᠯ ᠡᠮ ᠡᠮᠨᠡᠯᠭᠡ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ᠂ ᠣᠷᠣᠨ ᠰᠠᠭᠤᠴᠠ ᠶᠢᠨ ᠪᠠᠲᠤᠯᠠᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ᠂ ᠵᠠᠮ ᠬᠠᠷᠢᠯᠴᠠᠭ᠎ᠠ ᠶᠠᠪᠤᠵᠤ ᠰᠠᠭᠤᠬᠤ᠂ ᠨᠡᠶᠢᠭᠡᠮ ᠤᠨ ᠵᠠᠰᠠᠯᠲᠠ᠂ ᠤᠯᠠᠨ ᠨᠡᠶᠢᠲᠡ ᠶᠢᠨ ᠠᠮᠤᠷ ᠲᠦᠪᠰᠢᠨ ᠵᠡᠷᠭᠡ ᠲᠠᠯ᠎ᠠ ᠶᠢᠨ ᠠᠭᠤᠯᠭ᠎ᠠ ᠳᠤ ᠲᠥᠪᠯᠡᠷᠡᠨ᠎ᠡ᠃         ᠡᠯᠰᠡᠬᠦ ᠵᠠᠷᠴᠢᠮ    ︽ᠬᠥᠮᠦᠨ ᠢᠶᠠᠷ ᠦᠨᠳᠦᠰᠦ ᠪᠣᠯᠭᠠᠬᠤ᠂ ᠨᠡᠶᠢᠳᠡᠮ ᠠᠰᠢᠭ ᠬᠦᠷᠲᠡᠭᠡᠬᠦ᠂ ᠴᠢᠳᠠᠯ ᠤᠨ ᠢᠶᠠᠨ ᠬᠢᠷᠢ ᠪᠠᠷ ᠬᠢᠬᠦ᠂ ᠴᠢᠳᠠᠯ ᠤᠨ ᠢᠶᠠᠨ ᠬᠢᠷᠢ ᠪᠠᠷ ᠴᠢᠷᠮᠠᠶᠢᠬᠤ︾ ᠵᠠᠷᠴᠢᠮ ᠶᠣᠰᠣᠭᠠᠷ᠂ ᠬᠦᠨᠳᠦ ᠬᠥᠩᠭᠡᠨ ᠠᠯᠭᠤᠷ ᠪᠠᠴᠢᠮ ᠢ ᠦᠨᠳᠦᠰᠦᠯᠡᠨ᠂ ᠠᠷᠠᠳ ᠣᠯᠠᠨ ᠤ ᠬᠠᠮᠤᠭ ᠤᠨ ᠴᠢᠩᠭ᠎ᠠ ᠲᠤᠰᠬᠠᠯ ᠲᠠᠢ᠂ ᠬᠠᠮᠤᠭ ᠤᠨ ᠲᠤᠯᠭᠠᠮ᠎ᠠ ᠰᠢᠢᠳᠪᠦᠷᠢᠯᠡᠬᠦ ᠴᠢᠬᠤᠯᠠᠲᠠᠶ ᠵᠦᠢᠯᠡᠰ ᠢ ᠭᠤᠤᠯᠳᠠᠯᠭ᠎ᠠ ᠲᠠᠢ ᠰᠣᠩᠭᠤᠨ ᠠᠪᠴᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃         ᠣᠷᠣᠯᠴᠠᠬᠤ ᠠᠷᠭ᠎ᠠ ᠮᠠᠶ᠋ᠢᠭ     ᠭᠤᠣᠯᠳᠠᠭᠤ ᠵᠠᠬᠢᠳᠠᠯ᠂ ᠢᠮᠧᠯ ᠵᠡᠷᠭᠡ ᠠᠷᠭ᠎ᠠ ᠮᠠᠶ᠋ᠢᠭ ᠢᠶᠠᠷ ᠢᠯᠡᠭᠡᠨ᠎ᠡ᠃ ᠳᠤᠷᠠᠳᠤᠭᠰᠠᠨ ᠵᠦᠢᠯᠡᠰ ᠲᠤ ᠪᠣᠳᠠᠲᠠᠢ ᠬᠠᠷᠠᠯᠲᠠ ᠪᠠ ᠠᠭᠤᠯᠭ᠎ᠠ ᠶᠢ ᠵᠢᠭᠰᠠᠭᠠᠵᠤ᠂ ᠲᠣᠪᠴᠢ ᠲᠣᠳᠣᠷᠬᠠᠢ ᠢᠯᠡᠳᠬᠡᠨ᠎ᠡ᠃ ᠬᠠᠷᠢᠯᠴᠠᠬᠤ ᠪᠠ ᠤᠯᠠᠮ ᠨᠢᠭᠡ ᠠᠯᠬᠤᠮ ᠰᠠᠨᠠᠯ ᠬᠤᠷᠢᠶᠠᠬᠤ ᠳᠤ ᠲᠦᠭᠦᠮ ᠪᠣᠯᠭᠠᠬᠤ ᠶᠢᠨ ᠲᠥᠯᠥᠭᠡ᠂ ᠬᠠᠷᠢᠯᠴᠠᠬᠤ ᠠᠷᠭ᠎ᠠ ᠮᠠᠶ᠋ᠢᠭ ᠢᠶᠠᠨ ᠲᠣᠳᠣᠷᠬᠠᠶᠢᠯᠠᠬᠤ ᠪᠣᠯᠪᠠᠤ᠃     ︵ᠨᠢᠭᠡ︶ ᠵᠠᠬᠢᠳᠠᠯ ᠢᠶᠠᠷ ᠡᠯᠰᠡᠬᠦ     ᠬᠠᠶ᠋ᠢᠭ᠄ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠴᠠᠬᠠᠷ ᠶᠡᠭᠡ ᠵᠡᠭᠡᠯᠢ ᠶᠢᠨ ᠨᠠᠮ ᠵᠠᠰᠠᠭ ᠤᠨ ᠲᠣᠮᠣ ᠠᠰᠠᠷ ᠤᠨ 629 ᠲᠠᠰᠤᠭ      ᠰᠢᠤᠳᠠᠨ ᠳ᠋ᠤᠭᠠᠷ᠄ 012000     ︵ᠬᠤᠶᠠᠷ︶ ᠢᠮᠧᠯ ᠢᠶᠠᠷ ᠡᠯᠰᠡᠬᠦ     ᠢᠮᠧᠯ᠄ szfb627@126.com     ᠥᠷᠭᠡᠨ ᠤᠯᠠᠨ ᠬᠤᠳᠠ ᠶᠢᠨ ᠠᠷᠠᠳ ᠤᠨ ᠢᠳᠡᠪᠬᠢᠲᠡᠢ ᠪᠠᠷ ᠣᠷᠣᠯᠴᠠᠵᠤ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠤᠯᠠᠭᠠᠨᠴᠠᠪ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠬᠠᠮᠲᠤᠪᠠᠷ ᠡᠭᠦᠳᠬᠦ ᠶᠢ ᠬᠦᠰᠡᠵᠦ ᠪᠠᠶᠢᠨ᠎ᠠ᠃                                                                    ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ                                    2021 ᠣᠨ ᠤ 12 ᠰᠠᠷ᠎ᠠ ᠶᠢᠨ 2 ᠤᠨ ᠡᠳᠦᠷ
 
ᠢᠷᠡᠯᠲᠡ᠄ ᠣᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2