ᠰᠦᠢ ᠸᠧᠢ ᠵᠢᠶᠦ᠋ᠨ ᠦᠨᠳᠦᠰᠦᠨ ᠱᠠᠲᠤᠨ ᠳᠤ ᠭᠦᠨᠵᠡᠭᠡᠶᠢᠷᠡᠵᠦ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2021/12/7
     12 ᠰᠠᠷ᠎ᠠ ᠶᠢᠨ 4 ᠤ ᠡᠳᠦᠷ᠂ ᠬᠤᠳᠠ ᠶᠢᠨ ᠨᠠᠮ ‍ᠤᠨ‌ᠬᠤᠷᠢᠶᠠᠨ ᠤ ᠱᠦᠵᠢ ᠰᠦᠢ ᠸᠧᠢ ᠵᠢᠶᠦ᠋ᠨ ᠱᠠᠩᠳᠤ ᠰᠢᠶᠠᠨ ᠳᠤ ᠭᠦᠨᠵᠡᠭᠡᠶᠢᠷᠡᠵᠦ᠂ ᠥᠪᠡᠷ ᠤᠨ ᠰᠤᠷᠤᠯᠴᠠᠭᠰᠠᠨ ᠣᠶᠢᠯᠠᠭᠠᠯᠲᠠ ᠲᠠᠢ ᠪᠠᠨ ᠤᠶᠠᠯᠳᠤᠭᠤᠯᠵᠤ᠂ ᠬᠥᠳᠡᠭᠡ ᠲᠣᠰᠬᠤᠨ ᠬᠤᠶᠠᠷ ᠱᠠᠲᠤᠨ ᠤ ᠺᠠᠳ᠋ᠷ ᠤᠯᠠᠨ ᠲᠦᠮᠡᠨ ᠳᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃      ᠰᠦᠢ ᠸᠧᠢ ᠵᠢᠶᠦ᠋ᠨ ᠱᠠᠩᠳᠤ ᠰᠢᠶᠠᠨ ᠤ ᠮᠣᠤ ᠳ᠋ᠦ᠋ ᠰᠢᠶᠠᠩ ᠤᠨ ᠱᠢ ᠡᠯ ᠴᠢᠩ ᠲᠣᠰᠬᠤᠨ᠂ ᠶᠡᠭᠡ ᠬᠦᠷᠢᠶ᠎ᠡ ᠰᠢᠶᠠᠩ ᠤᠨ ᠬᠤᠸᠠ ᠵᠢᠶᠠ ᠲᠣᠰᠬᠤᠨ᠂ ᠰᠢ ᠵᠢᠩ ᠽᠢ ᠰᠢᠶᠠᠩ ᠤᠨ ᠳ᠋ᠠ ᠨᠠᠨ ᠹᠠᠩ ᠲᠣᠰᠬᠤᠨ᠂ ᠳᠦᠨ ᠺᠧᠨ ᠳ᠋ᠦᠢ ᠪᠠᠯᠭᠠᠰᠤᠨ ᠤ ᠬᠤᠤ ᠴᠢᠶᠠᠨ ᠼᠦᠨ ᠲᠣᠰᠬᠤᠨ ᠳᠤ ᠬᠦᠷᠴᠦ᠂ ᠶᠠᠳᠠᠭᠤ ᠶᠢ ᠲᠡᠳᠬᠦᠬᠦ ᠲᠠᠩᠰᠠ ᠡᠪᠬᠡᠮᠡᠯ ᠤᠨ ᠮᠠᠲ᠋ᠧᠷᠢᠶᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠠᠰᠠᠭᠤᠨ ᠯᠠᠪᠯᠠᠬᠤ ᠶᠢᠨ ᠬᠠᠮᠲᠤ ᠲᠠᠷᠢᠶᠠᠴᠢᠨ ᠡᠷᠦᠬᠡ ᠶᠢᠨ ᠭᠡᠷ ᠲᠤ ᠬᠦᠷᠴᠦ᠂ ᠲᠡᠳᠡᠨ ᠤ ᠪᠡᠶ᠎ᠡ ᠶᠢᠨ ᠪᠠᠶᠢᠳᠠᠯ᠂ ᠭᠡᠷ ᠪᠦᠯᠢ ᠶᠢᠨ ᠣᠷᠣᠯᠭ᠎ᠠ ᠵᠡᠷᠭᠡ ᠶᠢ ᠣᠶᠢᠯᠠᠭᠠᠪᠠ᠃      ᠬᠦᠷᠦᠭᠰᠡᠨ ᠭᠠᠵᠠᠷ ᠪᠣᠯᠭᠠᠨ ᠳᠤ᠂ ᠰᠦᠢ ᠸᠧᠢ ᠵᠢᠶᠦ᠋ᠨ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠲᠠᠢ ᠨᠢᠭᠤᠷᠳᠠᠨ ᠶᠠᠷᠢᠯᠴᠠᠵᠤ ᠤᠬᠠᠭᠤᠯᠤᠨ ᠲᠠᠶᠢᠯᠪᠤᠷᠢᠯᠠᠪᠠ᠃ ᠲᠡᠷᠡ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠪᠣᠯᠤᠨ ᠰᠠᠶ᠋ᠢᠬᠠᠨ ᠲᠡᠭᠦᠰᠦᠭᠰᠡᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠪᠢᠳᠡᠨ ᠤ ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ᠤ ᠠᠵᠢᠯ ᠢ ᠴᠢᠨᠠᠭᠰᠢᠳᠠ ᠰᠠᠶᠢᠲᠤᠷ ᠬᠢᠬᠦ ᠳᠤ ᠴᠢᠭᠯᠡᠯ ᠢ ᠵᠢᠭᠠᠨ ᠥᠭᠴᠦ ᠵᠢᠷᠤᠮᠯᠠᠯ ᠬᠠᠩᠭᠠᠵᠤ᠂ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ᠤᠯᠠᠨ ᠲᠦᠮᠡᠨ ᠳᠤ ᠬᠢᠵᠦ ᠦᠵᠡᠭᠦᠯᠬᠦ ᠶᠢ ᠪᠠᠷᠢᠮᠲᠠᠯᠠᠵᠤ᠂ ᠤᠯᠠᠨ ᠲᠦᠮᠡᠨ ᠢ ᠳᠠᠭᠠᠭᠤᠯᠤᠨ ᠠᠵᠢᠯᠯᠠᠵᠤ᠂ ᠤᠯᠠᠨ ᠲᠦᠮᠡᠨ ᠢ ᠬᠠᠪᠰᠤᠷᠤᠨ ᠪᠠᠶᠠᠵᠢᠭᠤᠯᠵᠤ᠂ ᠤᠯᠠᠨ ᠲᠦᠮᠡᠨ ᠤ ᠳᠣᠲᠣᠭᠠᠳᠤ ᠶᠢᠨ ᠬᠥᠳᠡᠯᠭᠡᠬᠦ ᠬᠦᠴᠦᠨ ᠢ ᠭᠦᠢᠴᠡᠳ ᠬᠥᠭᠵᠢᠭᠡᠵᠦ᠂ ᠬᠠᠮᠲᠤ ᠪᠠᠷ ᠪᠠᠶᠠᠵᠢᠬᠤ ᠶᠢ ᠯᠠᠪᠳᠠᠭᠤᠨ ᠪᠠᠲᠤᠲᠠᠶ ᠪᠠᠷ ᠲᠦᠯᠬᠢᠨ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃     ᠰᠦᠢ ᠸᠧᠢ ᠵᠢᠶᠦ᠋ᠨ᠂ ᠪᠦᠬᠦ ᠬᠤᠳᠠ ᠶᠢᠨ ᠥᠷᠭᠡᠨ ᠤᠯᠠᠨ ᠦᠨᠳᠦᠰᠦᠨ ᠱᠠᠲᠤᠨ ᠤ ᠺᠠᠳ᠋ᠷ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠤᠢᠢᠯᠠᠭᠠᠨ ᠡᠵᠡᠮᠰᠢᠵᠦ᠂ ᠨᠠᠮ ᠪᠠᠶᠢᠭᠤᠯᠤᠭᠳᠠᠭᠰᠠᠨ ᠵᠠᠭᠤᠨ ᠵᠢᠯ ᠳᠤ ᠣᠯᠤᠭᠰᠠᠨ ᠲᠦᠷᠪᠡᠨ ᠠᠭᠤᠤ ᠶᠡᠭᠡ ᠠᠮᠵᠢᠯᠲᠠ ᠶᠢ ᠭᠦᠨᠵᠡᠭᠡᠢ ᠲᠠᠨᠢᠵᠤ᠂ ᠲᠡᠭᠦᠨ ᠤ ᠳᠤᠮᠳᠠ ᠠᠴᠠ ᠤᠶᠤᠨ ᠤᠬᠠᠭᠠᠨ ᠪᠠ ᠬᠦᠴᠦᠨ ᠴᠢᠳᠠᠯ ᠢ ᠰᠢᠩᠭᠡᠭᠡᠨ ᠠᠪᠴᠤ᠂ ᠰᠤᠷᠤᠯᠴᠠᠬᠤ ᠰᠡᠳᠬᠢᠬᠦ ᠤᠬᠠᠮᠰᠠᠷᠠᠬᠤ ᠶᠢ ᠨᠡᠪᠲᠡᠷᠡᠯᠴᠡᠭᠦᠯᠬᠦ᠂ ᠮᠡᠳᠡᠬᠦ ᠢᠲᠡᠭᠡᠬᠦ ᠠᠵᠢᠯᠯᠠᠬᠤ ᠶᠢ ᠨᠢᠭᠡᠳᠦᠯᠲᠡᠢ ᠪᠠᠶᠢᠯᠭᠠᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃     ᠰᠦᠢ ᠸᠧᠢ ᠵᠢᠶᠦ᠋ᠨ᠂ ︽ᠬᠤᠶᠠᠷ ᠢ ᠬᠠᠮᠠᠭᠠᠯᠠᠬᠤ︾ ᠶᠢ ᠡᠷᠡᠰ ᠪᠠᠲᠤ ᠪᠠᠷ ᠦᠢᠯᠡᠳᠦᠯᠭᠡᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ︽ᠶᠠᠳᠠᠭᠤ ᠠᠴᠠ ᠠᠩᠭᠢᠵᠢᠷᠠᠭᠰᠠᠨ ᠴᠤ ᠬᠠᠷᠢᠭᠤᠴᠠᠯᠭ᠎ᠠ ᠪᠠᠨ ᠬᠠᠶᠠᠬᠤ ᠦᠭᠡᠢ᠂ ᠶᠠᠳᠠᠭᠤ ᠠᠴᠠ ᠠᠩᠭᠢᠵᠢᠷᠠᠭᠰᠠᠨ ᠴᠤ ᠲᠥᠷᠥ ᠶᠢᠨ ᠪᠣᠳᠣᠯᠭ᠎ᠠ ᠪᠠᠨ ᠲᠠᠰᠤᠯᠳᠠᠭᠤᠯᠬᠤ ᠦᠭᠡᠢ᠂ ᠶᠠᠳᠠᠭᠤ ᠠᠴᠠ ᠠᠩᠭᠢᠵᠢᠷᠠᠭᠰᠠᠨ ᠴᠤ ᠬᠠᠪᠰᠤᠷᠤᠨ ᠲᠡᠳᠬᠦᠬᠦ ᠪᠠᠨ ᠪᠣᠯᠢᠬᠤ ᠦᠭᠡᠢ᠂ ᠶᠠᠳᠠᠭᠤ ᠠᠴᠠ ᠠᠩᠭᠢᠵᠢᠷᠠᠭᠰᠠᠨ ᠴᠤ ᠬᠢᠨᠠᠯᠲᠠ ᠬᠠᠮᠢᠶᠠᠷᠤᠯᠲᠠ ᠪᠠᠨ ᠰᠤᠯᠠᠷᠠᠭᠤᠯᠬᠤ ᠦᠭᠡᠢ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠵᠦ ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠵᠤ᠂ ᠯᠠᠪᠳᠠᠭᠤᠨ ᠪᠠᠲᠤᠲᠠᠢ ᠠᠵᠢᠯ ᠤᠨ ᠠᠮᠵᠢᠯᠲᠠ ᠪᠠᠷ ︽ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠳᠤ ᠲᠠᠯᠠᠷᠬᠠᠵᠤ᠂ ᠨᠠᠮ ᠢᠶᠠᠨ ᠲᠠᠭᠠᠬᠤ︾ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢᠨ ᠤᠬᠠᠮᠰᠠᠷ ᠢ ᠢᠯᠡᠷᠡᠭᠦᠯᠬᠦ ᠬᠡᠷᠡᠭᠲᠡᠢ᠃ ᠵᠠᠬ᠎ᠠ ᠳᠡᠯᠭᠡᠭᠦᠷ ᠤᠨ ᠵᠢᠮ᠎ᠡ ᠶᠣᠰᠣᠨ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠲᠠᠷᠢᠶᠠᠴᠢᠳ ᠤᠨ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠥᠪᠡᠷᠮᠢᠴᠡ ᠣᠨᠴᠠᠯᠢᠭ ᠲᠠᠢ ᠠᠷᠠᠳ ᠢ ᠪᠠᠶᠠᠵᠢᠭᠤᠯᠬᠤ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠨᠢᠭᠡ ᠦᠢᠯᠡᠰ ᠢᠶᠠᠷ ᠭᠤᠣᠯ ᠪᠣᠯᠭᠠᠵᠤ᠂ ᠤᠷᠢᠳᠠᠪᠠᠷ ᠰᠢᠪᠲᠤᠯᠤᠯᠲᠠ ᠭᠠᠷᠭᠠᠬᠤ ᠬᠡᠷᠡᠭᠲᠡᠶ᠃ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠰᠣᠶᠣᠯ ᠢᠶᠠᠷ ᠬᠦᠳᠦᠯᠦᠨ ᠳᠠᠭᠠᠭᠤᠯᠬᠤ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢ ᠲᠠᠰᠤᠷᠠᠯᠳᠡ ᠦᠭᠡᠢ ᠪᠠᠶᠢᠭᠤᠯᠤᠨ ᠬᠦᠴᠦᠷᠬᠡᠭᠵᠢᠭᠦᠯᠵᠦ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠴᠢᠨᠡᠭᠡᠯᠢᠭᠵᠢᠯ ᠤᠨ ᠲᠠᠭᠠᠭᠤᠯᠤᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠪᠦᠬᠦ ᠲᠠᠯ᠎ᠠ ᠶᠢᠨ ᠬᠥᠭᠵᠢᠯ ᠮᠠᠨᠳᠤᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠡᠷᠦᠬᠡ ᠶᠢᠨ ᠵᠣᠷᠯᠣᠩ ᠢ ᠥᠭᠡᠷᠡᠴᠢᠯᠡᠬᠦ ᠠᠵᠢᠯ ᠢ ᠡᠷᠡᠰ ᠭᠤᠶᠢᠪᠢᠰᠢ ᠥᠬᠡᠶ ᠠᠬᠢᠭᠤᠯᠵᠤ᠂ ᠲᠤᠷᠰᠢᠯᠲᠠ ᠶᠢᠨ ᠴᠢᠭ ᠤᠨ ᠵᠢᠱᠢᠶ᠎ᠡ ᠦᠵᠡᠭᠦᠯᠬᠦ ᠠᠵᠢᠯ ᠢ ᠰᠠᠶᠢᠲᠤᠷ ᠬᠢᠵᠦ᠂ ᠣᠯᠠᠨ ᠲᠦᠮᠡᠨ ᠤ ᠠᠵᠢᠯ ᠢ ᠰᠠᠶᠢᠲᠤᠷ ᠬᠢᠵᠦ᠂ ᠵᠣᠷᠯᠣᠩ ᠢ ᠥᠭᠡᠷᠡᠴᠢᠯᠡᠬᠦ ᠵᠠᠭᠪᠤᠷ ᠢ ᠰᠢᠨᠵᠢᠯᠡᠬᠦ ᠤᠬᠠᠭᠠᠨᠴᠢ ᠪᠠᠷ ᠰᠣᠩᠭᠤᠨ᠂ ᠤᠳᠠᠭᠠᠨ ᠬᠡᠷᠡᠭᠯᠡᠵᠦ ᠪᠣᠯᠬᠤ᠂ ᠰᠢᠨᠵᠢᠯᠡᠬᠦ ᠤᠬᠠᠭᠠᠨᠴᠢ ᠪᠥᠭᠡᠳ ᠪᠣᠳᠠᠲᠤ ᠬᠡᠷᠡᠭᠴᠡᠭᠡ ᠲᠠᠢ᠂ ᠠᠷᠢᠭᠤᠨ ᠴᠡᠪᠡᠷ ᠪᠥᠭᠡᠳ ᠬᠡᠷᠡᠭᠯᠡᠬᠦ ᠳᠤ ᠰᠠᠶᠢᠨ᠂ ᠦᠷᠭᠦᠯᠵᠢ ᠬᠡᠷᠡᠭᠯᠡᠬᠦ ᠳᠤ ᠲᠥᠬᠦᠮ ᠪᠣᠯᠭᠠᠬᠤ ᠶᠢ ᠦᠨᠡᠨᠬᠦ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃     ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠢᠦ ᠭᠦᠸᠧ ᠭᠠᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                               ᠣᠷᠴᠢᠭᠤᠯᠤᠭᠴᠢ᠄ ᠭᠤᠸ᠎ᠠ                                               ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2