ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ  ᠲᠣᠭᠠᠴᠢᠯᠠᠭᠰᠠᠨ ᠨᠡᠶᠢᠭᠡᠮ ᠪᠠ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/12/8
    12 ᠰᠠᠷ᠎ᠠ ᠶᠢᠨ 6 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠤᠯᠠᠭᠠᠨᠴᠠᠪ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠡᠷᠡᠭᠦᠯ ᠬᠠᠮᠠᠭᠠᠯᠠᠯ ᠪᠣᠯᠣᠨ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ︽ᠤᠯᠠᠭᠠᠨᠴᠠᠪ ᠬᠤᠲᠠ ᠶᠢᠨ 3 ᠨᠠᠰᠤᠨ ᠠᠴᠠ ᠳᠣᠷᠣᠭᠰᠢᠬᠢ ᠨᠢᠯᠬ᠎ᠠ ᠬᠡᠤᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ︾ ︽ᠤᠯᠠᠭᠠᠨᠴᠠᠪ ᠬᠤᠲᠠ ᠶᠢᠨ ᠲᠣᠭᠠᠴᠢᠯᠠᠭᠰᠠᠨ ᠨᠡᠶᠢᠭᠡᠮ ᠤᠨ ᠪᠠᠶᠢᠭᠤᠯᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ᠃     ᠬᠤᠷᠠᠯ ᠠᠴᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠨᠢ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠪᠠ ᠬᠥᠭᠵᠢᠯᠲᠡ ᠶᠢᠨ ᠶᠡᠭᠡ ᠲᠠᠯ᠎ᠠ ᠲᠠᠢ ᠬᠤᠯᠪᠣᠭᠳᠠᠵᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠬᠤ ᠶᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢᠨ ᠪᠠᠶᠢᠷᠢᠨ ᠳᠤ ᠲᠠᠯᠪᠢᠵᠤ᠂ ᠳᠡᠭᠡᠳᠦ ᠲᠡᠰ ᠤᠨ ᠴᠢᠳᠠᠪᠤᠷᠢᠲᠠᠨ ᠢ ᠶᠡᠬᠡᠪᠡᠷ ᠣᠷᠣᠭᠤᠯᠤᠨ ᠠᠪᠴᠢᠷᠠᠵᠤ᠂ ᠲᠤᠰ ᠭᠠᠵᠠᠷ ᠤᠨ ᠴᠢᠳᠠᠪᠤᠷᠢᠲᠠᠨ ᠢ ᠬᠥᠮᠦᠵᠢᠭᠦᠯᠬᠦ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠦᠨᠳᠦᠰᠦᠨ ᠱᠠᠲᠤᠨ ᠤ ᠡᠮ ᠡᠮᠨᠡᠯᠭᠡ ᠶᠢᠨ ᠦᠢᠯᠡᠴᠢᠯᠡᠭᠡᠨ ᠤ ᠲᠣᠣᠷ ᠢ ᠲᠡᠭᠦᠯᠳᠡᠷᠵᠢᠭᠦᠯᠵᠦ᠂ ᠪᠦᠬᠦ ᠬᠤᠳᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠨ ᠠᠬᠢᠭᠤᠯᠬᠤ ᠬᠡᠷᠡᠭᠲᠡᠢ᠃ ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ ᠵᠠᠰᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠨ ᠰᠠᠶᠢᠲᠤᠷ ᠠᠳᠬᠤᠵᠤ᠂ ᠠᠷᠠᠳ ᠤᠯᠠᠨ ᠤ ᠠᠮᠢ ᠨᠠᠰᠤ ᠡᠷᠡᠭᠦᠯ ᠮᠡᠨᠳᠤ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ ᠬᠡᠦᠬᠡᠳ ᠠᠰᠠᠷᠠᠵᠤ ᠬᠥᠮᠦᠵᠢᠭᠦᠯᠬᠦ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠴᠢᠭᠢᠷᠠᠭ ᠲᠥᠷᠥᠭᠦᠯᠵᠦ ᠲᠣᠷᠨᠢᠭᠤᠨ ᠥᠰᠬᠡᠬᠦ ᠦᠢᠯᠡᠴᠢᠯᠡᠭᠡᠨ ᠤ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠨᠡᠶᠢᠳᠡᠮ ᠠᠰᠢᠭ ᠬᠦᠷᠲᠡᠭᠡᠬᠦ ᠬᠡᠦᠬᠡᠳ ᠠᠰᠠᠷᠠᠵᠤ ᠬᠥᠮᠦᠵᠢᠭᠦᠯᠬᠦ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠠᠷᠠᠳ ᠤᠯᠠᠨ ᠤ ᠬᠡᠦᠬᠡᠳ ᠲᠦᠷᠦᠭᠦ᠂ ᠥᠰᠬᠡᠨ ᠪᠤᠶᠢᠵᠢᠭᠤᠯᠬᠤ᠂ ᠰᠤᠷᠭᠠᠨ ᠬᠥᠮᠦᠵᠢᠭᠦᠯᠬᠦ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠨᠡᠶᠢᠭᠡᠮ ᠤᠨ ᠵᠠᠰᠠᠯᠲᠠ ᠶᠢᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠪᠠ ᠵᠠᠭᠪᠤᠷ ᠤᠨ ᠰᠢᠨ᠎ᠡ ᠶᠢ ᠡᠭᠦᠳᠬᠦ ᠶᠢ ᠢᠳᠡᠪᠬᠢᠲᠡᠢ ᠠᠬᠢᠭᠤᠯᠵᠤ᠂ ᠲᠣᠭᠠᠴᠢᠯᠠᠭᠰᠠᠨ ᠨᠡᠶᠢᠭᠡᠮ ᠤᠨ ᠪᠠᠶᠢᠭᠤᠯᠤᠯᠲᠠ᠂ ᠤᠶᠤᠨᠲᠤ ᠬᠤᠳᠠ ᠶᠢᠨ ᠪᠦᠳᠦᠬᠡᠨ ᠪᠠᠶᠢᠭᠤᠯᠤᠯᠲᠠ᠂ ︽ᠠᠮᠤᠷ ᠠᠮᠤᠭᠤᠯᠠᠩ ᠤᠯᠠᠭᠠᠨᠴᠠᠪ︾ ᠤᠨ ᠪᠦᠳᠦᠬᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠨᠡᠶᠢᠭᠡᠮ ᠤᠨ ᠵᠠᠰᠠᠯᠲᠠ ᠶᠢᠨ  ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠲᠤᠭ᠎ᠠ ᠪᠠᠷᠢᠮᠲᠠ ᠶᠢᠨ ᠠᠭᠤᠰᠤᠯᠴᠠᠯ᠂ ᠬᠠᠮᠢᠶᠠᠷᠤᠯᠲᠠ ᠶᠢᠨ ᠠᠭᠤᠰᠤᠯᠴᠠᠯ ᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ︽ᠭᠡᠭᠡᠨ ᠰᠠᠷᠠᠭᠤᠯ ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ︽ᠬᠤᠪᠢᠰᠤᠯᠲᠠ︾ ᠶᠢ ᠨᠡᠶᠢᠭᠡᠮ ᠤᠨ ᠵᠠᠰᠠᠯᠲᠠ ᠶᠢᠨ ︽ᠨᠡᠮᠡᠭᠳᠡᠯ︾ ᠪᠣᠯᠭᠠᠨ ᠬᠤᠪᠢᠷᠠᠭᠤᠯᠵᠤ᠂ ᠪᠣᠰᠤᠭ᠎ᠠ ᠴᠣᠭᠴᠠᠲᠤ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ︽ᠲᠣᠣᠷ︾ ᠢ ᠪᠠᠲᠤ ᠪᠠᠬᠢ ᠪᠠᠶᠢᠭᠤᠯᠬᠤ ᠬᠡᠷᠡᠭᠲᠡᠢ ᠭᠡᠵᠦ ᠱᠠᠭᠠᠷᠳᠠᠵᠠᠢ᠃     ᠬᠤᠷᠠᠯ ᠠᠴᠠ᠂ ᠪᠥᠬᠦ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ᠂ ᠣᠶᠢᠯᠠᠭᠠᠭᠳᠠᠬᠤᠨ ᠪᠠ ᠠᠷᠭ᠎ᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ ᠠᠬᠢᠭᠤᠯᠬᠤ ᠬᠡᠷᠡᠭᠲᠡᠶ᠃ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠠᠤᠯᠢ ᠶᠣᠰᠣᠭᠠᠷ ᠪᠦᠬᠦ ᠲᠠᠯ᠎ᠠ ᠪᠠᠷ ᠭᠦᠢᠴᠡᠳᠬᠡᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢᠵᠢᠯ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠶᠢᠨ ᠰᠢᠨᠵᠢᠯᠡᠬᠦ ᠤᠬᠠᠭᠠᠨᠴᠢᠯᠠᠯᠲᠠ᠂ ᠠᠷᠠᠳᠴᠢᠯᠠᠯᠲᠠ᠂ ᠬᠠᠤᠯᠢᠵᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠶ᠃ ᠪᠥᠬᠦ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠠᠵᠢᠯᠲᠠᠳ ᠬᠠᠤᠯᠢ ᠶᠢ ᠰᠤᠷᠴᠤ ᠬᠡᠷᠡᠭᠯᠡᠬᠦ ᠤᠬᠠᠮᠰᠠᠷ ᠪᠠ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠬᠠᠤᠯᠢ ᠶᠣᠰᠣᠭᠠᠷ ᠲᠥᠷᠥ ᠪᠠᠷᠢᠬᠤ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠥᠬᠦ ᠨᠡᠶᠢᠭᠡᠮ ᠳᠤ ᠬᠠᠤᠯᠢ ᠶᠢ ᠮᠡᠳᠡᠬᠦ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2