| ᠯᠢ ᠺᠧ ᠴᠢᠶᠠᠩ ᠬᠤᠷᠠᠯ ᠢ ᠡᠷᠬᠢᠯᠡᠵᠦ ᠯᠢ ᠵᠠᠨ ᠱᠣ᠋ ᠸᠠᠩ ᠬᠣ᠋ ᠨᠢᠩ ᠵᠤᠤ ᠯᠧ ᠵᠶᠢ ᠬᠠᠨ ᠵᠧᠩ | ᠬᠤᠷᠠᠯ ᠳᠤ ᠣᠷᠣᠯᠴᠠᠵᠤ ᠸᠠᠩ ᠶᠠᠩ ᠶᠠᠷᠢᠶ᠎ᠠ ᠲᠠᠯᠪᠢᠵᠠᠢ | ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 4 ᠤ ᠴᠠᠬᠢᠯᠭᠠᠨ ᠮᠡᠳᠡᠭᠡ ᠪᠦᠬᠦ ᠤᠯᠤᠰ ᠤᠨ | ᠱᠠᠰᠢᠨ ᠰᠤᠷᠲᠠᠬᠤᠨ ᠤ ᠠᠵᠢᠯ ᠤᠨ ᠬᠤᠷᠠᠯ 12 ᠰᠠᠷ᠎ᠠ ᠶᠢᠨ 3 ᠠᠴᠠ 4 ᠤ ᠡᠳᠦᠷ ᠪᠣᠯᠲᠠᠯ᠎ᠠ ᠪᠡᠭᠡᠵᠢᠩ ᠳᠤ | ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ | ᠲᠠᠯᠪᠢᠵᠤ᠂ ᠰᠢᠨ᠎ᠡ ᠴᠠᠭ ᠦᠶ᠎ᠡ ᠶᠢᠨ ᠨᠠᠮ ᠤᠨ ᠱᠠᠰᠢᠨ ᠰᠤᠷᠲᠠᠬᠤᠨ ᠤ ᠠᠵᠢᠯ ᠤᠨ ᠣᠨᠣᠯ ᠢ ᠪᠦᠬᠦ ᠲᠠᠯ᠎ᠠ ᠪᠠᠷ | ᠲᠤᠭᠤᠰᠢᠯᠠᠭᠤᠯᠵᠤ᠂ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ | ᠲᠤᠭᠤᠰᠢᠯᠠᠭᠤᠯᠵᠤ᠂ ᠱᠠᠰᠢᠨ ᠰᠢᠲᠦᠯᠭᠡ ᠡᠷᠬᠡ ᠴᠢᠯᠥᠭᠡᠲᠡᠢ ᠪᠠᠶᠢᠬᠤ ᠲᠤᠬᠠᠢ ᠨᠠᠮ ᠤᠨ ᠲᠦᠷᠦ ᠶᠢᠨ ᠪᠤᠳᠤᠯᠭ᠎ᠠ ᠶᠢ | ᠪᠦᠬᠦ ᠲᠠᠯ᠎ᠠ ᠪᠠᠷ ᠲᠤᠭᠤᠰᠢᠯᠠᠭᠤᠯᠵᠤ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ | ᠴᠢᠭᠯᠡᠯ ᠢ ᠪᠠᠷᠢᠮᠲᠠᠯᠠᠵᠤ᠂ ᠱᠠᠰᠢᠨ ᠰᠤᠷᠲᠠᠬᠤᠨ ᠤ ᠨᠡᠶᠢᠭᠡᠮ ᠵᠢᠷᠤᠮᠲᠤ ᠨᠡᠶᠢᠭᠡᠮ ᠯᠦᠭᠡ ᠬᠠᠷᠢᠯᠴᠠᠨ ᠵᠣᠬᠢᠴᠠᠯᠳᠤᠬᠤ ᠶᠢ | ᠢᠳᠡᠪᠬᠢᠳᠡᠢ ᠬᠦᠳᠦᠯᠦᠨ ᠵᠢᠯᠤᠭᠤᠳᠴᠤ᠂ ᠱᠠᠰᠢᠨ ᠰᠤᠷᠲᠠᠬᠤᠨ ᠤ ᠡᠲᠡᠭᠡᠳ ᠤᠨ ᠬᠢᠨ ᠤ ᠥᠪᠡᠷ ᠢ ᠪᠠᠨ ᠬᠠᠮᠢᠶᠠᠷᠬᠤ | ᠲᠦᠪᠰᠢᠨ ᠢ ᠳᠡᠭᠡᠭᠰᠢᠯᠡᠭᠦᠯᠵᠦ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠵᠠᠰᠠᠯᠲᠠ ᠶᠢᠨ ᠬᠠᠤᠯᠢᠵᠢᠯ ᠤᠨ | ᠲᠦᠪᠰᠢᠨ ᠢ ᠳᠡᠭᠡᠭᠰᠢᠯᠡᠭᠦᠯᠵᠦ᠂ ᠱᠠᠰᠢᠨ ᠰᠤᠷᠲᠠᠬᠤᠨ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ | ᠱᠠᠰᠢᠨ ᠰᠢᠲᠦᠳᠡᠭ ᠣᠯᠠᠨ ᠲᠦᠮᠡᠨ ᠢ ᠨᠠᠩ ᠰᠠᠶᠢᠳᠤᠷ ᠵᠣᠬᠢᠶᠠᠨ ᠪᠠᠶᠢᠭᠤᠯᠤᠨ ᠬᠥᠲᠥᠯᠥᠨ ᠵᠢᠯᠣᠭᠤᠳᠴᠤ ᠥᠷᠭᠡᠨ | ᠣᠯᠠᠨ ᠠᠷᠠᠳ ᠲᠦᠮᠡᠨ ᠲᠠᠢ ᠬᠠᠮᠲᠤ ᠪᠠᠷ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠥᠬᠦ | ᠲᠠᠯ᠎ᠠ ᠪᠠᠷ ᠪᠦᠳᠦᠬᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠠᠭᠤᠤ ᠶᠡᠭᠡ ᠰᠡᠷᠭᠦᠨ ᠮᠠᠨᠳᠤᠯᠲᠠ ᠶᠢᠨ | ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠪᠠ᠃ | | | | 12 ᠰᠠᠷ᠎ᠠ ᠶᠢᠨ 3 ᠠᠴᠠ 4 ᠤ ᠡᠳᠦᠷ ᠪᠣᠯᠲᠠᠯ᠎ᠠ᠂ ᠪᠦᠬᠦ ᠤᠯᠤᠰ ᠤᠨ ᠱᠠᠰᠢᠨ ᠰᠤᠷᠲᠠᠬᠤᠨ ᠤ ᠠᠵᠢᠯ ᠤᠨ | ᠬᠤᠷᠠᠯ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ | ᠣᠷᠣᠯᠴᠠᠵᠤ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠳ᠋ᠢᠩ ᠬᠠᠢ ᠲᠤᠤ ᠰᠠᠬᠦᠳᠡᠷᠯᠡᠪᠠ | ᠯᠢ ᠺᠧ ᠴᠢᠶᠠᠩ ᠬᠤᠷᠠᠯ ᠢ ᠡᠷᠬᠢᠯᠡᠪᠡ᠃ ᠯᠢ ᠵᠠᠨ ᠱᠣ᠋᠂ ᠸᠠᠩ ᠬᠣ᠋ ᠨᠢᠩ᠂ ᠵᠤᠤ ᠯᠧ ᠵᠶᠢ᠂ ᠬᠠᠨ ᠵᠧᠩ | ᠬᠤᠷᠠᠯ ᠳᠤ ᠣᠷᠣᠯᠴᠠᠪᠠ᠃ ᠸᠠᠩ ᠶᠠᠩ ᠳ᠋ᠦᠩᠨᠡᠯᠲᠡ ᠶᠢᠨ ᠶᠠᠷᠢᠶ᠎ᠠ ᠲᠠᠯᠪᠢᠪᠠ᠃ | ᠰᠢ ᠶᠢᠨ ᠫᠢᠩ ᠶᠠᠷᠢᠶᠠᠨ ᠳᠠᠭᠠᠨ᠂ ᠨᠠᠮ ᠤᠨ ᠠᠷᠪᠠᠨ ᠨᠠᠶᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ | ᠲᠥᠪ ᠬᠤᠷᠢᠶ᠎ᠠ ᠱᠠᠰᠢᠨ ᠰᠤᠷᠲᠠᠬᠤᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠪᠡ᠃ ᠡᠯ᠎ᠡ | ᠱᠠᠲᠤᠨ ᠤ ᠨᠠᠮ ᠤᠨ ᠬᠤᠷᠢᠶ᠎ᠠ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠱᠠᠰᠢᠨ ᠰᠤᠷᠲᠠᠬᠤᠨ ᠤ ᠠᠵᠢᠯ ᠢ ᠰᠢᠨ᠎ᠡ ᠶᠢ ᠡᠭᠦᠳᠦᠨ | ᠠᠬᠢᠭᠤᠯᠵᠤ᠂ ᠢᠳᠡᠪᠬᠢᠲᠡᠢ ᠦᠷ᠎ᠡ ᠪᠦᠲᠦᠮᠵᠢ ᠤᠯᠪᠠ᠃ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ | ᠴᠢᠭᠯᠡᠯᠲᠡ ᠶᠢ ᠨᠡᠩ ᠪᠦᠬᠦ ᠲᠠᠯ᠎ᠠ ᠪᠠᠷ ᠲᠤᠭᠤᠰᠢᠯᠠᠭᠤᠯᠵᠤ᠂ ᠱᠠᠰᠢᠨ ᠰᠤᠷᠲᠠᠬᠤᠨ ᠤ ᠠᠵᠢᠯ ᠤᠨ ᠪᠠᠶᠢᠭᠤᠯᠤᠮᠵᠢ | ᠲᠣᠭᠲᠠᠴᠠ ᠴᠢᠨᠠᠬᠰᠢᠳᠠ ᠲᠡᠭᠦᠯᠳᠡᠷᠵᠢᠵᠤ᠂ ᠱᠠᠰᠢᠨ ᠰᠤᠷᠲᠠᠬᠤᠨ ᠤ ᠠᠵᠢᠯ ᠤᠨ ᠬᠠᠤᠯᠢ ᠴᠠᠭᠠᠵᠠ ᠶᠢᠨ ᠰᠢᠰᠲ᠋ᠧᠮ | ᠪᠠ ᠲᠦᠷᠦ ᠶᠢᠨ ᠪᠤᠳᠤᠯᠭ᠎ᠠ ᠶᠢᠨ ᠪᠦᠲᠦᠴᠡ ᠡᠳᠦᠷ ᠢᠷᠡᠬᠦᠶ᠎ᠡ ᠪᠦᠷᠢᠨᠰᠢᠵᠦ᠂ ᠱᠠᠰᠢᠨ ᠰᠤᠷᠲᠠᠬᠤᠨ ᠤ ᠡᠲᠡᠭᠡᠳ ᠤᠨ | ᠬᠥᠮᠦᠰ ᠪᠠ ᠱᠠᠰᠢᠨ ᠰᠢᠲᠦᠳᠡᠭ ᠤᠯᠠᠨ ᠲᠦᠮᠡᠨ ᠤ ᠬᠠᠤᠯᠢ ᠶᠢ ᠬᠦᠨᠳᠦᠳᠭᠡᠬᠦ ᠬᠠᠤᠯᠢ ᠶᠢ ᠰᠤᠷᠬᠤ ᠬᠠᠤᠯᠢ ᠶᠢ | ᠰᠠᠬᠢᠬᠤ ᠬᠠᠤᠯᠢ ᠶᠢ ᠬᠡᠷᠡᠭᠯᠡᠬᠦ ᠤᠬᠠᠮᠰᠠᠷ ᠲᠠᠰᠤᠷᠠᠯᠲᠠ ᠦᠭᠡᠢ ᠴᠢᠩᠭᠠᠷᠠᠨ᠂ ᠮᠠᠨ ᠤ ᠤᠯᠤᠰ ᠤᠨ ᠱᠠᠰᠢᠨ | ᠰᠤᠷᠲᠠᠬᠤᠨ ᠤ ᠳᠤᠮᠳᠠᠳᠤ ᠤᠯᠤᠰᠴᠢᠯᠠᠬᠤ ᠠᠯᠬᠤᠮ ᠠᠯᠬᠤᠮ ᠢᠶᠠᠷ ᠭᠦᠨᠵᠡᠭᠡᠶᠢᠷᠡᠬᠦ ᠶᠢ ᠠᠬᠢᠭᠤᠯᠵᠠᠢ᠃ ᠱᠠᠰᠢᠨ | ᠰᠤᠷᠲᠠᠬᠤᠨ ᠤ ᠡᠲᠡᠭᠡᠳ ᠤᠨ ᠬᠢᠨ ᠡᠬᠡ ᠤᠯᠤᠰ ᠢᠶᠠᠨ ᠬᠠᠶᠢᠷᠠᠯᠠᠬᠤ ᠵᠤᠷᠢᠭ ᠰᠠᠨᠠᠭ᠎ᠠ ᠶᠢ ᠪᠠᠳᠠᠷᠠᠭᠤᠯᠵᠤ᠂ ᠶᠡᠭᠡ | ᠲᠠᠯ᠎ᠠ ᠶᠢ ᠡᠷᠬᠢᠮᠯᠡᠵᠦ᠂ ᠬᠠᠤᠯᠢᠵᠢᠯ ᠢ ᠡᠷᠬᠢᠮᠯᠡᠵᠦ᠂ ᠰᠢᠨᠵᠢᠯᠡᠬᠦ ᠤᠬᠠᠭᠠᠨ ᠢ ᠡᠷᠬᠢᠮᠯᠡᠵᠦ᠂ ᠬᠠᠶᠢᠷ᠎ᠠ ᠬᠠᠯᠠᠮᠵᠢ ᠶᠢ | ᠡᠷᠬᠢᠮᠯᠡᠵᠦ᠂ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ | ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠬᠠᠮᠲᠤ ᠶᠢᠨ | ᠲᠠᠨᠢᠯᠲᠠ ᠪᠠᠨ ᠲᠠᠰᠤᠷᠠᠯᠲᠠ ᠦᠭᠡᠢ ᠨᠡᠮᠡᠭᠳᠡᠭᠦᠯᠪᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠤᠨ ᠠᠷᠪᠠᠨ ᠨᠠᠶᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ | ᠬᠤᠷᠢᠶ᠎ᠠ ᠠᠴᠠ ᠱᠠᠰᠢᠨ ᠰᠤᠷᠲᠠᠬᠤᠨ ᠤ ᠠᠵᠢᠯ ᠤᠨ ᠲᠤᠬᠠᠶ ᠠᠯᠢ ᠣᠯᠠᠨ ᠰᠢᠨ᠎ᠡ ᠣᠶᠢᠯᠠᠭᠠᠭᠳᠠᠬᠤᠨ ᠰᠢᠨ᠎ᠡ ᠠᠷᠭ᠎ᠠ | ᠬᠡᠮᠵᠢᠶ᠎ᠡ ᠶᠢ ᠳᠤᠷᠠᠳᠴᠤ᠂ ᠰᠢᠨ᠎ᠡ ᠴᠠᠭ ᠦᠶ᠎ᠡ ᠳᠤ ᠱᠠᠰᠢᠨ ᠰᠤᠷᠲᠠᠬᠤᠨ ᠢ ᠬᠡᠷᠬᠢᠨ ᠲᠠᠨᠢᠬᠤ᠂ ᠱᠠᠰᠢᠨ | ᠰᠤᠷᠲᠠᠬᠤᠨ ᠤ ᠠᠰᠠᠭᠤᠳᠠᠯ ᠢ ᠬᠡᠷᠬᠢᠨ ᠰᠢᠶᠳᠪᠦᠷᠢᠯᠡᠬᠦ᠂ ᠨᠠᠮ ᠤᠨ ᠱᠠᠰᠢᠨ ᠰᠤᠷᠲᠠᠬᠤᠨ ᠤ ᠠᠵᠢᠯ ᠢ ᠬᠡᠷᠬᠢᠨ | ᠰᠠᠶᠢᠲᠤᠷ ᠬᠢᠬᠦ ᠵᠡᠷᠭᠡ ᠴᠢᠬᠤᠯᠠ ᠶᠡᠭᠡ ᠣᠨᠣᠯ ᠤᠨ ᠪᠠ ᠦᠶᠯᠡᠳᠦᠯᠭᠡ ᠶᠢᠨ ᠠᠰᠠᠭᠤᠳᠠᠯ ᠳᠤ ᠬᠠᠷᠢᠭᠤᠯᠲᠠ ᠥᠭᠴᠡᠶ᠃ | ᠡᠷᠬᠡᠪᠰᠢ ᠱᠠᠰᠢᠨ ᠰᠤᠷᠲᠠᠬᠤᠨ ᠤ ᠠᠵᠢᠯ ᠢ ᠰᠠᠶᠢᠳᠤᠷ ᠬᠢᠬᠦ ᠶᠢᠨ ᠨᠠᠮ ᠪᠠ ᠤᠯᠤᠰ ᠤᠨ ᠠᠵᠢᠯ ᠤᠨ ᠪᠦᠬᠦ | ᠲᠠᠯ᠎ᠠ ᠳᠠᠬᠢ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠡᠷᠬᠡᠪᠰᠢ ᠴᠢᠩᠭ᠎ᠠ ᠬᠦᠴᠦᠲᠡᠢ ᠤᠳᠤᠷᠢᠳᠬᠤ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠱᠠᠰᠢᠨ | ᠰᠤᠷᠲᠠᠬᠤᠨ ᠤ ᠤᠨᠤᠯ ᠢ ᠪᠠᠷᠢᠮᠲᠠᠯᠠᠨ ᠬᠥᠭᠵᠢᠭᠦᠯᠵᠦ᠂ ᠡᠷᠬᠡᠪᠰᠢ ᠨᠠᠮ ᠤᠨ ᠱᠠᠰᠢᠨ ᠰᠤᠷᠲᠠᠬᠤᠨ ᠤ ᠠᠵᠢᠯ ᠤᠨ | ᠦᠨᠳᠦᠰᠦᠨ ᠴᠢᠭᠯᠡᠯᠲᠡ ᠶᠢ ᠪᠠᠷᠢᠮᠲᠠᠯᠠᠵᠤ᠂ ᠡᠷᠬᠡᠪᠰᠢ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ | ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠡᠷᠬᠡᠪᠰᠢ ᠥᠷᠭᠡᠨ ᠤᠯᠠᠨ ᠱᠠᠰᠢᠨ ᠰᠢᠲᠦᠳᠡᠭ ᠤᠯᠠᠨ ᠲᠦᠮᠡᠨ ᠢ ᠨᠠᠮ | ᠪᠠ ᠵᠠᠰᠠᠭ ᠤᠨ ᠣᠷᠳᠣᠨ ᠤ ᠲᠣᠭᠤᠷᠢᠨ ᠳᠤ ᠪᠦᠯᠬᠦᠮᠳᠡᠭᠦᠯᠬᠦ ᠶᠢ ᠪᠠᠷᠢᠮᠲᠠᠯᠠᠵᠤ᠂ ᠡᠷᠬᠡᠪᠰᠢ ᠢᠳᠡᠪᠬᠢᠲᠡᠢ ᠪᠥᠭᠡᠳ | ᠡᠷᠡᠭᠦᠯ ᠱᠠᠰᠢᠨ ᠰᠤᠷᠲᠠᠬᠤᠨ ᠤ ᠬᠠᠷᠢᠴᠠᠭ᠎ᠠ ᠶᠢ ᠪᠠᠶᠢᠭᠤᠯᠵᠤ᠂ ᠡᠷᠬᠡᠪᠰᠢ ᠱᠠᠰᠢᠨ ᠰᠤᠷᠲᠠᠬᠤᠨ ᠤ ᠪᠦᠯᠬᠦᠮ ᠤᠨ | ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠳᠡᠮᠵᠢᠵᠦ᠂ ᠡᠷᠬᠡᠪᠰᠢ ᠱᠠᠰᠢᠨ ᠰᠤᠷᠲᠠᠬᠤᠨ ᠤ ᠠᠵᠢᠯ ᠤᠨ | ᠬᠠᠤᠯᠢᠵᠢᠯ ᠤᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠱᠠᠰᠢᠨ ᠰᠢᠲᠦᠯᠭᠡ ᠡᠷᠬᠡ ᠴᠢᠯᠥᠭᠡᠲᠡᠢ ᠪᠠᠶᠢᠬᠤ ᠲᠤᠬᠠᠢ ᠨᠠᠮ ᠤᠨ ᠲᠦᠷᠦ ᠶᠢᠨ | ᠪᠤᠳᠤᠯᠭ᠎ᠠ ᠶᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠤᠯᠠᠨ ᠲᠦᠮᠡᠨ ᠤ | ᠱᠠᠰᠢᠨ ᠰᠢᠲᠦᠯᠭᠡ ᠶᠢ ᠬᠦᠨᠳᠦᠳᠭᠡᠵᠦ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠴᠤ᠂ | ᠪᠡᠶ᠎ᠡ ᠪᠠᠨ ᠳᠠᠭᠠᠭᠠᠵᠤ ᠡᠵᠡᠨ ᠮᠡᠳᠡᠵᠦ ᠥᠪᠡᠷ ᠢᠶᠠᠨ ᠡᠷᠬᠢᠯᠡᠬᠦ ᠵᠠᠷᠴᠢᠮ ᠢ ᠪᠠᠷᠢᠮᠲᠠᠯᠠᠵᠤ᠂ ᠱᠠᠰᠢᠨ ᠰᠤᠷᠲᠠᠬᠤᠨ ᠤ | ᠨᠡᠶᠢᠭᠡᠮ ᠵᠢᠷᠤᠮᠲᠤ ᠨᠡᠶᠢᠭᠡᠮ ᠯᠦᠭᠡ ᠬᠠᠷᠢᠯᠴᠠᠨ ᠵᠣᠬᠢᠴᠠᠯᠳᠤᠬᠤ ᠶᠢ ᠢᠳᠡᠪᠬᠢᠳᠡᠢ ᠬᠦᠳᠤᠯᠤᠨ ᠵᠢᠯᠤᠭᠤᠳᠬᠤ ᠬᠡᠷᠡᠭᠲᠡᠢ | ᠃ ᠨᠠᠮ ᠤᠨ ᠱᠠᠰᠢᠨ ᠰᠤᠷᠲᠠᠬᠤᠨ ᠤ ᠠᠵᠢᠯ ᠤᠨ ᠮᠥᠨ ᠴᠢᠨᠠᠷ ᠪᠣᠯ ᠤᠯᠠᠨ ᠲᠦᠮᠡᠨ ᠤ ᠠᠵᠢᠯ ᠮᠥᠨ᠃ ᠱᠠᠰᠢᠨ | ᠰᠢᠲᠦᠳᠡᠭ ᠤᠯᠠᠨ ᠲᠦᠮᠡᠨ ᠪᠠ ᠱᠠᠰᠢᠨ ᠦᠯᠦ ᠰᠢᠲᠦᠳᠡᠭ ᠤᠯᠠᠨ ᠲᠦᠮᠡᠨ ᠤ ᠤᠯᠤᠰ ᠲᠦᠷᠦ ᠠᠵᠤ ᠠᠬᠤᠢ ᠶᠢᠨ | ᠲᠠᠯ᠎ᠠ ᠪᠠᠷ ᠬᠢ ᠦᠨᠳᠦᠰᠦᠨ ᠠᠰᠢᠭ ᠲᠤᠰᠠ ᠪᠣᠯ ᠨᠢᠭᠡᠳᠦᠯᠲᠡᠢ ᠪᠠᠶᠢᠳᠠᠭ᠂ ᠴᠥᠮ ᠨᠠᠮ ᠤᠨ ᠲᠦᠷᠦ ᠪᠠᠷᠢᠬᠤ ᠤᠯᠠᠨ | ᠲᠦᠮᠡᠨᠴᠢ ᠰᠠᠭᠤᠷᠢ ᠮᠥᠨ᠃ ᠱᠠᠰᠢᠨ ᠰᠢᠲᠦᠳᠡᠭ ᠤᠯᠠᠨ ᠲᠦᠮᠡᠨ ᠤ ᠱᠠᠰᠢᠨ ᠰᠢᠲᠦᠯᠭᠡ ᠡᠷᠬᠡ ᠴᠢᠯᠥᠭᠡᠲᠡᠢ ᠪᠠᠶᠢᠬᠤ | ᠡᠷᠬᠡ ᠶᠢ ᠬᠠᠮᠠᠭᠠᠯᠠᠵᠤ᠂ ᠱᠠᠰᠢᠨ ᠰᠢᠲᠦᠳᠡᠭ ᠤᠯᠠᠨ ᠲᠦᠮᠡᠨ ᠲᠠᠢ ᠬᠠᠮᠤᠭ ᠤᠨ ᠶᠡᠭᠡ ᠬᠡᠮᠵᠢᠶ᠎ᠡ ᠪᠠᠷ ᠪᠦᠯᠬᠦᠮᠳᠡᠬᠦ | ᠮᠥᠷᠲᠡᠭᠡᠨ ᠪᠠᠰᠠ ᠱᠠᠰᠢᠨ ᠰᠢᠲᠦᠳᠡᠭ ᠤᠯᠠᠨ ᠲᠦᠮᠡᠨ ᠤ ᠠᠵᠢᠯ ᠢ ᠬᠦᠯᠢᠴᠡᠩᠭᠦᠢ ᠨᠢᠮᠪᠠᠢ ᠬᠢᠬᠦ ᠬᠡᠷᠡᠭᠲᠡᠢ᠃ | ᠱᠠᠰᠢᠨ ᠰᠤᠷᠲᠠᠬᠤᠨ ᠤ ᠪᠦᠯᠬᠦᠮ ᠪᠣᠯ ᠨᠠᠮ ᠪᠠ ᠵᠠᠰᠠᠭ ᠤᠨ ᠣᠷᠳᠣᠨ ᠠᠴᠠ ᠱᠠᠰᠢᠨ ᠰᠤᠷᠲᠠᠬᠤᠨ ᠤ ᠡᠲᠡᠭᠡᠳ ᠤᠨ | ᠬᠢᠨ ᠪᠠ ᠥᠷᠭᠡᠨ ᠤᠯᠠᠨ ᠱᠠᠰᠢᠨ ᠰᠢᠲᠦᠳᠡᠭ ᠤᠯᠠᠨ ᠲᠦᠮᠡᠨ ᠲᠠᠢ ᠪᠦᠯᠬᠦᠮᠳᠡᠬᠦ ᠪᠠ ᠬᠠᠷᠢᠯᠴᠠᠬᠤ ᠶᠢᠨ ᠬᠥᠭᠦᠷᠭᠡ | ᠬᠤᠯᠪᠣᠭᠠᠰᠤ ᠮᠥᠨ᠂ ᠲᠡᠳᠡᠨ ᠤ ᠠᠵᠢᠯ ᠢᠶᠠᠨ ᠥᠷᠨᠢᠭᠦᠯᠬᠦ ᠳᠤ ᠴᠢᠬᠤᠯᠠ ᠪᠦᠬᠦᠢ ᠳᠡᠮᠵᠢᠯᠭᠡ ᠬᠠᠪᠰᠤᠷᠤᠯᠭ᠎ᠠ | ᠦᠵᠡᠬᠦᠯᠵᠤ᠂ ᠲᠡᠳᠡᠨ ᠤ ᠱᠠᠰᠢᠨ ᠰᠤᠷᠲᠠᠬᠤᠨ ᠤ ᠳᠣᠲᠣᠭᠠᠳᠤ ᠶᠢᠨ ᠬᠡᠷᠡᠭ ᠶᠠᠪᠤᠳᠠᠯ ᠳᠠᠬᠢ ᠦᠢᠯᠡᠳᠦᠯ ᠢ | ᠬᠦᠨᠳᠦᠳᠭᠡᠨ ᠪᠠᠳᠠᠷᠠᠭᠤᠯᠬᠤ ᠬᠡᠷᠡᠭᠲᠡᠢ ᠭᠡᠵᠦ ᠵᠢᠭᠠᠵᠦ ᠭᠠᠷᠭᠠᠵᠠᠢ᠃ | ᠰᠢ ᠶᠢᠨ ᠫᠢᠩ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠶᠢ ᠭᠦᠨᠵᠡᠭᠡᠢ | ᠠᠬᠢᠭᠤᠯᠵᠤ᠂ ᠮᠠᠨ ᠤ ᠤᠯᠤᠰ ᠤᠨ ᠱᠠᠰᠢᠨ ᠰᠤᠷᠲᠠᠬᠤᠨ ᠤ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ | ᠦᠵᠡᠯᠲᠡ ᠪᠠᠷ ᠵᠢᠯᠤᠭᠤᠳᠤᠯᠭ᠎ᠠ ᠪᠣᠯᠭᠠᠬᠤ ᠶᠢ ᠬᠦᠲᠦᠯᠦᠨ ᠵᠢᠯᠤᠭᠤᠳᠤᠨ ᠲᠡᠮᠵᠢᠵᠦ᠂ ᠱᠠᠰᠢᠨ ᠰᠤᠷᠲᠠᠬᠤᠨ ᠤ | ᠡᠲᠡᠭᠡᠳ ᠤᠨ ᠬᠢᠨ ᠪᠣᠯᠤᠨ ᠱᠠᠰᠢᠨ ᠰᠢᠲᠦᠳᠡᠭ ᠤᠯᠠᠨ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ | ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠬᠠᠮᠲᠤ ᠶᠢᠨ ᠲᠠᠨᠢᠯᠲᠠ ᠶᠢ ᠨᠡᠮᠡᠭᠳᠡᠭᠦᠯᠬᠦ ᠬᠡᠷᠡᠭᠲᠡᠢ᠃ ᠱᠠᠰᠢᠨ | ᠰᠤᠷᠲᠠᠬᠤᠨ ᠤ ᠡᠲᠡᠭᠡᠳ ᠤᠨ ᠬᠢᠨ ᠳᠤ ᠤᠯᠤᠰ ᠢᠶᠠᠨ ᠬᠠᠶᠢᠷᠠᠯᠠᠬᠤ ᠦᠵᠡᠯ᠂ ᠬᠠᠮᠲᠤᠴᠢ ᠦᠵᠡᠯ᠂ ᠨᠡᠶᠢᠭᠡᠮ | ᠵᠢᠷᠤᠮ ᠤᠨ ᠬᠥᠮᠦᠵᠢᠯ ᠢ ᠥᠷᠨᠢᠭᠦᠯᠵᠦ᠂ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ | ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ ᠶᠢᠨ ᠬᠥᠮᠦᠵᠢᠯ ᠢ | ᠬᠠᠨᠳᠤᠯᠭᠠᠲᠤ ᠴᠢᠨᠠᠷᠲᠠᠢ ᠪᠠᠷ ᠴᠢᠩᠭᠠᠳᠬᠠᠵᠤ᠂ ᠱᠠᠰᠢᠨ ᠰᠤᠷᠲᠠᠬᠤᠨ ᠤ ᠡᠲᠡᠭᠡᠳ ᠤᠨ ᠬᠥᠮᠦᠰ ᠪᠠ ᠱᠠᠰᠢᠨ | ᠰᠢᠲᠦᠳᠡᠭ ᠤᠯᠠᠨ ᠲᠦᠮᠡᠨ ᠤ ᠨᠡᠶᠢᠭᠡᠮ ᠵᠢᠷᠤᠮ ᠤᠨ ᠭᠤᠣᠯᠯᠠᠭᠴᠢ ᠦᠷᠲᠡᠭ ᠤᠨ ᠦᠵᠡᠯᠲᠡ ᠶᠢ ᠪᠣᠶᠢᠵᠢᠭᠤᠯᠤᠨ | ᠦᠢᠯᠡᠳᠦᠯᠭᠡᠵᠢᠭᠦᠯᠵᠦ᠂ ᠳᠤᠮᠳᠠᠳᠤ ᠶᠢᠨ ᠰᠣᠶᠣᠯ ᠢ ᠪᠠᠳᠠᠷᠠᠭᠤᠯᠬᠤ ᠶᠢ ᠬᠦᠲᠦᠯᠦᠨ ᠵᠢᠯᠣᠭᠤᠳᠬᠤ ᠬᠡᠷᠡᠭᠲᠡᠢ᠃ | ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠵᠤ᠂ ᠪᠡᠶ᠎ᠡ ᠪᠠᠨ ᠳᠠᠭᠠᠭᠠᠵᠤ ᠡᠵᠡᠨ ᠮᠡᠳᠡᠨ | ᠥᠪᠡᠷ ᠢᠶᠠᠨ ᠡᠷᠬᠢᠯᠡᠬᠦ ᠵᠠᠷᠴᠢᠮ ᠢ ᠪᠠᠷᠢᠮᠲᠠᠯᠠᠵᠤ᠂ ᠬᠤᠯᠪᠣᠭᠳᠠᠯ ᠪᠦᠬᠦᠢ ᠠᠵᠢᠯ ᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠬᠤ ᠬᠡᠷᠡᠭᠲᠡᠢ᠃ ᠢᠨᠲ᠋ᠧᠷ ᠰᠦᠯᠵᠢᠶᠡᠨ ᠤ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢ | ᠴᠢᠩᠭᠠᠳᠬᠠᠬᠤ ᠬᠡᠷᠡᠭᠲᠡᠢ᠃ ᠮᠠᠨ ᠤ ᠤᠯᠤᠰ ᠤᠨ ᠱᠠᠰᠢᠨ ᠰᠤᠷᠲᠠᠬᠤᠨ ᠤ ᠡᠷᠡᠭᠦᠯ ᠢᠶᠠᠷ ᠤᠯᠠᠮᠵᠢᠯᠠᠬᠤ ᠶᠢ | ᠨᠥᠯᠥᠭᠡᠯᠡᠵᠦ ᠪᠠᠶᠢᠭ᠎ᠠ ᠲᠣᠪᠣᠶᠢᠮ᠎ᠠ ᠠᠰᠠᠭᠤᠳᠠᠯ ᠢ ᠦᠨᠡᠨ ᠬᠦ ᠰᠢᠶᠳᠪᠦᠷᠢᠯᠡᠬᠦ ᠬᠡᠷᠡᠭᠲᠡᠶ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠱᠠᠰᠢᠨ ᠰᠤᠷᠲᠠᠬᠤᠨ ᠤ ᠡᠲᠡᠭᠡᠳ ᠤᠨ ᠬᠢᠨ ᠤ ᠥᠪᠡᠷ ᠢ ᠪᠠᠨ ᠬᠥᠮᠦᠵᠢᠭᠦᠯᠬᠦ᠂ | ᠥᠪᠡᠷ ᠢ ᠪᠠᠨ ᠬᠠᠮᠢᠶᠠᠷᠬᠤ᠂ ᠥᠪᠡᠷ ᠢ ᠪᠠᠨ ᠬᠢᠵᠠᠭᠠᠷᠯᠠᠬᠤ ᠶᠢ ᠳᠡᠮᠵᠢᠨ ᠬᠥᠲᠥᠯᠥᠨ ᠵᠢᠯᠣᠭᠤᠳᠴᠤ᠂ ᠱᠠᠰᠢᠨ | ᠰᠤᠷᠲᠠᠬᠤᠨ ᠢ ᠪᠥᠬᠦ ᠲᠠᠯ᠎ᠠ ᠪᠠᠷ ᠴᠢᠩᠭ᠎ᠠ ᠵᠠᠰᠠᠵᠤ᠂ ᠲᠦᠷᠦᠭᠦᠯᠡᠨ ᠬᠠᠤᠯᠢ ᠶᠢ ᠰᠠᠬᠢᠵᠤ ᠳᠦᠷᠢᠮ ᠢ ᠵᠢᠷᠤᠮᠯᠠᠵᠤ᠂ | ᠱᠠᠰᠢᠨ ᠰᠤᠷᠲᠠᠬᠤᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠬᠡᠷᠡᠭᠲᠡᠶ᠃ ᠱᠠᠰᠢᠨ ᠰᠤᠷᠲᠠᠬᠤᠨ ᠤ ᠪᠦᠯᠬᠦᠮ ᠤᠨ | ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠳᠤᠷᠢᠳᠬᠤ ᠪᠠᠭ ᠤᠨ ᠪᠦᠷᠢᠯᠳᠦᠬᠦᠨ ᠤ ᠠᠷᠠᠳᠴᠢᠯᠠᠯ ᠢᠶᠠᠷ | ᠬᠢᠨᠠᠯᠲᠠ ᠲᠠᠯᠪᠢᠬᠤ ᠲᠦᠷᠢᠮ ᠢ ᠲᠡᠭᠦᠯᠳᠡᠷᠵᠢᠭᠦᠯᠬᠦ ᠬᠡᠷᠡᠭᠲᠡᠢ᠃ ᠱᠠᠰᠢᠨ ᠰᠤᠷᠲᠠᠬᠤᠨ ᠤ ᠠᠵᠢᠯ ᠤᠨ ᠬᠠᠤᠯᠢᠵᠢᠯ ᠤᠨ | ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠭᠦᠨᠵᠡᠭᠡᠢ | ᠥᠷᠨᠢᠭᠦᠯᠬᠦ ᠬᠡᠷᠡᠭᠲᠡᠢ᠃ ᠱᠠᠰᠢᠨ ᠰᠤᠷᠲᠠᠬᠤᠨ ᠤ ᠠᠵᠢᠯᠯᠠᠭ᠎ᠠ ᠶᠢ ᠬᠠᠤᠯᠢ ᠲᠣᠭᠲᠠᠭᠠᠯ ᠳᠤ ᠲᠣᠭᠲᠠᠭᠠᠭᠰᠠᠨ | ᠬᠡᠪᠴᠢᠶᠡᠨ ᠳᠣᠲᠣᠷ᠎ᠠ ᠥᠷᠨᠢᠭᠦᠯᠬᠦ ᠬᠡᠷᠡᠭᠲᠡᠢ᠂ ᠠᠷᠠᠳ ᠢᠷᠭᠡᠨ ᠤ ᠪᠡᠶ᠎ᠡ ᠶᠢᠨ ᠡᠷᠡᠭᠦᠯ ᠮᠡᠨᠳᠤ ᠶᠢ ᠬᠤᠬᠢᠷᠠᠭᠤᠯᠵᠤ | ᠪᠣᠯᠬᠤ ᠦᠭᠡᠢ᠂ ᠨᠡᠶᠢᠲᠡ ᠶᠢᠨ ᠡᠮᠬᠢ ᠵᠢᠷᠤᠮ ᠪᠠ ᠰᠠᠶᠢᠨ ᠰᠠᠶᠢᠬᠠᠨ ᠬᠡᠪ ᠵᠠᠩᠰᠢᠯ ᠠᠴᠠ ᠵᠥᠷᠢᠴᠡᠵᠦ ᠪᠣᠯᠬᠤ ᠦᠭᠡᠢ | ᠂ ᠰᠤᠷᠭᠠᠨ ᠬᠥᠮᠦᠵᠢᠯ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠡᠭᠦᠷᠭᠡ ᠴᠢᠳᠠᠪᠬᠢ ᠪᠠ ᠨᠡᠶᠢᠭᠡᠮ ᠤᠨ | ᠠᠮᠢᠳᠤᠷᠠᠯ ᠳᠤ ᠭᠠᠷ ᠲᠦᠷᠦᠵᠦ ᠪᠣᠯᠬᠤ ᠦᠭᠡᠢ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠮᠠᠷᠺᠰ ᠤᠨ ᠦᠵᠡᠯ ᠤᠨ ᠱᠠᠰᠢᠨ ᠰᠤᠷᠲᠠᠬᠤᠨ ᠤ ᠦᠵᠡᠯᠲᠡ ᠶᠢ ᠨᠡᠪᠲᠡᠷᠡᠲᠡᠯ᠎ᠠ ᠤᠶᠢᠯᠠᠭᠠᠬᠤ | ᠂ ᠱᠠᠰᠢᠨ ᠰᠤᠷᠲᠠᠬᠤᠨ ᠤ ᠠᠵᠢᠯ ᠳᠤ ᠴᠠᠭᠠᠷᠠᠭᠰᠠᠨ᠂ ᠱᠠᠰᠢᠨ ᠰᠢᠲᠦᠳᠡᠭ ᠤᠯᠠᠨ ᠲᠦᠮᠡᠨ ᠤ ᠠᠵᠢᠯ ᠢ ᠬᠢᠬᠦ ᠳᠡᠭᠡᠨ | ᠴᠢᠳᠠᠮᠠᠭᠠᠢ ᠪᠠᠶᠢᠳᠠᠭ ᠨᠠᠮ ᠵᠠᠰᠠᠭ ᠤᠨ ᠺᠠᠳ᠋ᠷ ᠤᠨ ᠡᠩᠨᠡᠭᠡ ᠶᠢ ᠬᠥᠮᠦᠵᠢᠭᠦᠯᠵᠦ᠂ ᠲᠡᠳᠡᠨ ᠳᠤ ᠮᠠᠷᠺᠰ ᠤᠨ ᠦᠵᠡᠯ ᠤᠨ | ᠱᠠᠰᠢᠨ ᠰᠤᠷᠲᠠᠬᠤᠨ ᠤ ᠦᠵᠡᠯᠲᠡ᠂ ᠨᠠᠮ ᠤᠨ ᠱᠠᠰᠢᠨ ᠰᠤᠷᠲᠠᠬᠤᠨ ᠤ ᠠᠵᠢᠯ ᠤᠨ ᠤᠨᠤᠯ ᠪᠣᠯᠤᠨ ᠴᠢᠭᠯᠡᠯᠲᠡ | ᠲᠦᠷᠦ ᠶᠢᠨ ᠪᠤᠳᠤᠯᠭ᠎ᠠ᠂ ᠱᠠᠰᠢᠨ ᠰᠤᠷᠲᠠᠬᠤᠨ ᠤ ᠮᠡᠳᠡᠯᠭᠡ ᠶᠢ ᠭᠦᠨᠵᠡᠭᠡᠢ ᠰᠤᠷᠤᠯᠴᠠᠭᠤᠯᠵᠤ᠂ ᠵᠢᠯᠣᠭᠤᠳᠬᠤ | ᠴᠢᠳᠠᠪᠤᠷᠢ ᠶᠢ ᠨᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠤᠯᠤᠰ ᠲᠦᠷᠦ ᠶᠢᠨ ᠲᠠᠯ᠎ᠠ ᠪᠠᠷ | ᠨᠠᠶᠢᠳᠠᠪᠤᠷᠢᠲᠠᠢ᠂ ᠱᠠᠰᠢᠨ ᠰᠤᠷᠲᠠᠬᠤᠨ ᠤ ᠲᠠᠯ᠎ᠠ ᠪᠠᠷ ᠠᠮᠵᠢᠯᠲᠠ ᠲᠠᠢ᠂ ᠶᠣᠰᠣ ᠰᠤᠷᠲᠠᠬᠤᠨ ᠤ ᠲᠠᠯ᠎ᠠ ᠪᠠᠷ ᠤᠯᠠᠨ ᠢ | ᠪᠢᠰᠢᠷᠡᠭᠦᠯᠵᠦ ᠳᠡᠶᠢᠯᠬᠦ᠂ ᠵᠠᠩᠭᠢᠯᠠᠭ᠎ᠠ ᠶᠢᠨ ᠦᠶ᠎ᠡ ᠳᠤ ᠦᠢᠯᠡᠳᠦᠯ ᠦᠵᠡᠭᠦᠯᠵᠦ ᠲᠡᠶᠢᠯᠬᠦ ᠱᠠᠰᠢᠨ ᠰᠤᠷᠲᠠᠬᠤᠨ ᠤ | ᠡᠲᠡᠭᠡᠳ ᠤᠨ ᠲᠥᠯᠥᠭᠡᠯᠡᠭᠴᠢ ᠬᠥᠮᠦᠰ ᠤᠨ ᠡᠩᠨᠡᠭᠡ ᠶᠢ ᠬᠥᠮᠦᠵᠢᠭᠦᠯᠬᠦ ᠬᠡᠷᠡᠭᠲᠡᠢ᠃ ᠦᠵᠡᠯ ᠰᠠᠨᠠᠭ᠎ᠠ ᠤᠯᠤᠰ | ᠲᠦᠷᠦ ᠶᠢᠨ ᠲᠠᠯ᠎ᠠ ᠪᠠᠷ ᠡᠷᠡᠰ ᠪᠠᠲᠤ᠂ ᠮᠠᠷᠺᠰ ᠤᠨ ᠦᠵᠡᠯ ᠤᠨ ᠱᠠᠰᠢᠨ ᠰᠤᠷᠲᠠᠬᠤᠨ ᠤ ᠦᠵᠡᠯᠲᠡ ᠶᠢ | ᠪᠠᠷᠢᠮᠲᠠᠯᠠᠳᠠᠭ᠂ ᠰᠢᠯᠢᠳᠡᠭ ᠰᠠᠶᠢᠨ ᠰᠤᠷᠤᠯᠴᠠᠬᠤ ᠰᠤᠷᠲᠠᠯ ᠲᠠᠢ᠂ ᠰᠢᠨ᠎ᠡ ᠶᠢ ᠡᠭᠦᠳᠬᠦ ᠳᠡᠭᠡᠨ ᠴᠢᠳᠠᠮᠠᠭᠠᠢ ᠪᠠᠶᠢᠳᠠᠭ | ᠱᠠᠰᠢᠨ ᠰᠤᠷᠲᠠᠬᠤᠨ ᠤ ᠤᠬᠠᠭᠠᠨ ᠤ ᠰᠤᠳᠤᠯᠤᠯ ᠤᠨ ᠡᠩᠨᠡᠭᠡ ᠶᠢ ᠬᠥᠮᠦᠵᠢᠭᠦᠯᠵᠦ᠂ ᠮᠠᠷᠺᠰ ᠤᠨ ᠦᠵᠡᠯ ᠤᠨ ᠱᠠᠰᠢᠨ | ᠰᠤᠷᠲᠠᠬᠤᠨ ᠤ ᠤᠬᠠᠭᠠᠨ ᠤ ᠰᠢᠨᠵᠢᠯᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠱᠠᠰᠢᠨ ᠰᠤᠷᠲᠠᠬᠤᠨ ᠤ | ᠠᠵᠢᠯ ᠤᠨ ᠪᠠᠶᠢᠭᠤᠯᠤᠮᠵᠢ ᠲᠣᠭᠲᠠᠴᠠ ᠶᠢ ᠪᠦᠷᠢᠨᠰᠢᠬᠦᠯᠵᠤ᠂ ᠨᠠᠮ ᠤᠨ ᠬᠤᠷᠢᠶ᠎ᠠ ᠠᠴᠠ ᠤᠳᠤᠷᠢᠳᠤᠬᠰᠠᠨ᠂ | ᠵᠠᠰᠠᠭ ᠤᠨ ᠣᠷᠳᠣᠨ ᠬᠠᠮᠢᠶᠠᠷᠤᠬᠰᠠᠨ᠂ ᠨᠡᠶᠢᠭᠡᠮ ᠠᠴᠠ ᠬᠠᠮᠵᠢᠯᠴᠠᠬᠰᠠᠨ᠂ ᠱᠠᠰᠢᠨ ᠰᠤᠷᠲᠠᠬᠤᠨ ᠤ ᠬᠢᠨ | ᠥᠪᠡᠷ ᠢ ᠪᠠᠨ ᠱᠠᠭᠠᠷᠳᠠᠬᠰᠠᠨ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠵᠠᠰᠠᠯᠲᠠ ᠶᠢᠨ ᠪᠠᠶᠢᠷᠢᠰᠢᠯ ᠢ | ᠪᠠᠶᠢᠭᠤᠯᠬᠤ ᠶᠢ ᠠᠬᠢᠭᠤᠯᠬᠤ ᠬᠡᠷᠡᠭᠲᠡᠢ᠃ ᠱᠠᠰᠢᠨ ᠰᠤᠷᠲᠠᠬᠤᠨ ᠤ ᠠᠵᠢᠯ ᠳᠤ ᠬᠤᠯᠪᠣᠭᠳᠠᠬᠤ ᠴᠢᠬᠤᠯᠠ ᠶᠡᠭᠡ | ᠬᠠᠷᠢᠴᠠᠭ᠎ᠠ ᠶᠢ ᠰᠠᠶᠢᠲᠤᠷ ᠡᠵᠡᠮᠳᠡᠵᠦ᠂ ᠰᠠᠭᠤᠷᠢ ᠶᠢ ᠲᠠᠯᠪᠢᠬᠤ᠂ ᠠᠯᠤᠰ ᠬᠡᠳᠦ ᠳᠤ ᠠᠰᠢᠭᠲᠠᠢ ᠠᠵᠢᠯ ᠢ ᠢᠯᠡᠭᠦᠬᠡᠨ | ᠬᠢᠵᠦ᠂ ᠴᠥᠬᠦᠷᠡᠰᠢ ᠦᠭᠡᠢ ᠪᠠᠶᠢᠩᠭᠤ ᠠᠳᠬᠤᠵᠤ᠂ ᠤᠷᠲᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠯᠢ ᠺᠧ ᠴᠢᠶᠠᠩ ᠬᠤᠷᠠᠯ ᠢ ᠡᠷᠬᠢᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ | ᠱᠠᠰᠢᠨ ᠰᠤᠷᠲᠠᠬᠤᠨ ᠤ ᠠᠵᠢᠯ ᠤᠨ ᠠᠮᠵᠢᠯᠲᠠ ᠪᠠ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠵᠦ᠂ ᠱᠠᠰᠢᠨ | ᠰᠤᠷᠲᠠᠬᠤᠨ ᠤ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠡᠭᠦᠷᠭᠡ ᠶᠢ ᠭᠦᠨᠵᠡᠭᠡᠶ ᠵᠠᠳᠠᠯᠵᠤ᠂ ᠰᠢᠨ᠎ᠡ ᠴᠠᠭ | ᠦᠶ᠎ᠡ ᠶᠢᠨ ᠱᠠᠰᠢᠨ ᠰᠤᠷᠲᠠᠬᠤᠨ ᠤ ᠠᠵᠢᠯ ᠤᠨ ᠰᠢᠨ᠎ᠡ ᠦᠵᠡᠯ ᠰᠠᠨᠠᠭ᠎ᠠ ᠰᠢᠨ᠎ᠡ ᠣᠶᠢᠯᠠᠭᠠᠭᠳᠠᠬᠤᠨ ᠰᠢᠨ᠎ᠡ | ᠪᠠᠶᠢᠯᠳᠤᠬᠤ ᠪᠣᠳᠣᠯᠭ᠎ᠠ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠮᠠᠨ ᠤ ᠤᠯᠤᠰ ᠤᠨ ᠱᠠᠰᠢᠨ | ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠬᠤ᠂ ᠰᠢᠨ᠎ᠡ ᠴᠠᠭ ᠦᠶ᠎ᠡ ᠶᠢᠨ ᠱᠠᠰᠢᠨ | ᠰᠤᠷᠲᠠᠬᠤᠨ ᠤ ᠠᠵᠢᠯ ᠢ ᠰᠠᠶᠢᠲᠤᠷ ᠬᠢᠬᠦ ᠶᠢᠨ ᠵᠢᠯᠣᠭᠤᠳᠬᠤ ᠦᠵᠡᠯ ᠰᠠᠨᠠᠭ᠎ᠠ᠂ ᠪᠠᠶᠢᠯᠳᠤᠬᠤ ᠪᠤᠳᠤᠯᠭ᠎ᠠ ᠶᠢᠨ | ᠬᠠᠷᠠᠯᠲᠠ᠂ ᠭᠤᠤᠯᠳᠠᠯᠭ᠎ᠠ ᠲᠠᠢ ᠡᠭᠦᠷᠭᠡ ᠪᠠ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠳᠤᠷᠬᠠᠶᠢᠯᠠᠵᠤ᠂ ᠮᠠᠰᠢ | ᠴᠢᠩᠭ᠎ᠠ ᠤᠯᠤᠰ ᠲᠥᠷᠥ ᠶᠢᠨ ᠴᠢᠨᠠᠷ᠂ ᠦᠵᠡᠯ ᠰᠠᠨᠠᠭᠠᠴᠢ ᠴᠢᠨᠠᠷ᠂ ᠤᠨᠤᠯ ᠤᠨ ᠴᠢᠨᠠᠷ ᠲᠠᠢ ᠪᠠᠶᠢᠵᠤ᠂ ᠰᠢᠨ᠎ᠡ ᠴᠠᠭ | ᠦᠶ᠎ᠡ ᠶᠢᠨ ᠱᠠᠰᠢᠨ ᠰᠤᠷᠲᠠᠬᠤᠨ ᠤ ᠠᠵᠢᠯ ᠢ ᠵᠢᠯᠣᠭᠤᠳᠬᠤ ᠬᠥᠲᠥᠯᠪᠦᠷᠢ ᠶᠢᠨ ᠴᠢᠨᠠᠷᠲᠠᠶ ᠲᠤᠯᠭᠤᠷ ᠪᠢᠴᠢᠭ ᠮᠥᠨ᠂ | ᠰᠢᠨ᠎ᠡ ᠴᠠᠭ ᠦᠶ᠎ᠡ ᠶᠢᠨ ᠱᠠᠰᠢᠨ ᠰᠤᠷᠲᠠᠬᠤᠨ ᠤ ᠠᠵᠢᠯ ᠢ ᠰᠠᠶᠢᠲᠤᠷ ᠬᠢᠬᠦ ᠳᠤ ᠤᠷᠤᠭᠰᠢᠯᠠᠬᠤ ᠴᠢᠭᠯᠡᠯ ᠢ | ᠲᠣᠳᠣᠷᠬᠠᠶ ᠵᠢᠭᠠᠨ ᠦᠭᠴᠦ᠂ ᠦᠨᠳᠦᠰᠦᠨ ᠵᠢᠷᠤᠮᠯᠠᠯ ᠬᠠᠩᠭᠠᠪᠠ᠃ ᠨᠠᠷᠢᠨ ᠬᠢᠨᠠᠮᠠᠭᠠᠢ ᠰᠤᠷᠤᠯᠴᠠᠨ ᠤᠶᠢᠯᠠᠭᠠᠵᠤ᠂ | ︽ᠳᠥᠷᠪᠡᠨ ᠤᠬᠠᠮᠰᠠᠷ︾ ᠢᠶᠠᠨ ᠲᠠᠰᠤᠷᠠᠯᠲᠠ ᠥᠬᠡᠶ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠ | ᠦᠶᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠳᠡᠭᠡᠷ᠎ᠡ | ᠨᠢᠭᠡᠳᠭᠡᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ | ᠨᠠᠮ ᠤᠨ ᠱᠠᠰᠢᠨ ᠰᠤᠷᠲᠠᠬᠤᠨ ᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠴᠦ᠂ ᠨᠡᠶᠢᠭᠡᠮ | ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ ᠴᠢᠷᠮᠠᠶᠢᠨ ᠲᠡᠮᠡᠴᠡᠬᠦ ᠬᠡᠷᠡᠭᠲᠡᠶ | ᠭᠡᠵᠦ ᠵᠢᠭᠠᠵᠤ ᠭᠠᠷᠭᠠᠪᠠ᠃ | ᠸᠠᠩ ᠶᠠᠩ ᠳ᠋ᠦᠩᠨᠡᠯᠲᠡ ᠶᠢᠨ ᠶᠠᠷᠢᠶᠠᠨ ᠳᠠᠭᠠᠨ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ | ᠶᠠᠷᠢᠶ᠎ᠠ ᠨᠢ ᠶᠡᠭᠡ ᠲᠠᠯ᠎ᠠ ᠶᠢ ᠠᠵᠢᠭᠯᠠᠨ ᠶᠡᠭᠡ ᠬᠠᠨᠳᠤᠰᠢ ᠶᠢ ᠪᠣᠳᠣᠯᠬᠢᠯᠠᠵᠤ᠂ ᠴᠢᠭᠯᠡᠯ ᠢ ᠵᠢᠭᠠᠨ ᠠᠷᠭ᠎ᠠ | ᠪᠣᠳᠣᠯᠭ᠎ᠠ ᠶᠢ ᠲᠣᠳᠣᠷᠬᠠᠶᠢᠯᠠᠵᠤ᠂ ᠰᠢᠨ᠎ᠡ ᠴᠠᠭ ᠦᠶ᠎ᠡ ᠶᠢᠨ ᠱᠠᠰᠢᠨ ᠰᠤᠷᠲᠠᠬᠤᠨ ᠤ ᠠᠵᠢᠯ ᠤᠨ ᠠᠯᠢ ᠣᠯᠠᠨ | ᠴᠢᠬᠤᠯᠠ ᠶᠡᠭᠡ ᠣᠨᠣᠯ ᠤᠨ ᠪᠠ ᠦᠶᠯᠡᠳᠦᠯᠭᠡ ᠶᠢᠨ ᠠᠰᠠᠭᠤᠳᠠᠯ ᠳᠤ ᠭᠦᠨᠵᠡᠭᠡᠶ ᠬᠠᠷᠢᠭᠤᠯᠲᠠ ᠥᠭᠴᠡᠶ᠂ ᠨᠠᠮ ᠤᠨ | ᠱᠠᠰᠢᠨ ᠰᠤᠷᠲᠠᠬᠤᠨ ᠤ ᠠᠵᠢᠯ ᠤᠨ ᠦᠶᠯᠡᠳᠦᠯᠭᠡ ᠶᠢᠨ ᠬᠠᠮᠤᠭ ᠤᠨ ᠰᠢᠨ᠎ᠡ ᠳ᠋ᠦᠩᠨᠡᠯᠲᠡ ᠮᠥᠨ᠂ ᠮᠠᠷᠺᠰ ᠤᠨ | ᠦᠵᠡᠯ ᠤᠨ ᠱᠠᠰᠢᠨ ᠰᠤᠷᠲᠠᠬᠤᠨ ᠤ ᠦᠵᠡᠯᠲᠡ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ | ᠤᠶᠠᠯᠳᠤᠭᠤᠯᠤᠭᠰᠠᠨ ᠬᠠᠮᠤᠭ ᠤᠨ ᠰᠢᠨ᠎ᠡ ᠦᠷ᠎ᠡ ᠪᠦᠲᠦᠭᠡᠯ ᠮᠥᠨ᠂ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠱᠠᠰᠢᠨ ᠰᠤᠷᠲᠠᠬᠤᠨ ᠤ ᠣᠨᠣᠯ ᠤᠨ ᠬᠠᠮᠤᠭ ᠤᠨ ᠰᠢᠨ᠎ᠡ ᠬᠥᠭᠵᠢᠯᠲᠡ ᠮᠥᠨ᠂ ᠰᠢᠨ᠎ᠡ ᠴᠠᠭ | ᠦᠶ᠎ᠡ ᠶᠢᠨ ᠱᠠᠰᠢᠨ ᠰᠤᠷᠲᠠᠬᠤᠨ ᠤ ᠠᠵᠢᠯ ᠢ ᠰᠠᠶᠢᠲᠤᠷ ᠬᠢᠬᠦ ᠶᠡᠷᠦᠩᠬᠡᠶ ᠬᠥᠲᠥᠯᠪᠦᠷᠢ ᠮᠥᠨ᠃ ᠰᠢᠨ᠎ᠡ ᠴᠠᠭ | ᠦᠶ᠎ᠡ ᠶᠢᠨ ᠨᠠᠮ ᠤᠨ ᠱᠠᠰᠢᠨ ᠰᠤᠷᠲᠠᠬᠤᠨ ᠤ ᠠᠵᠢᠯ ᠤᠨ ᠤᠨᠤᠯ ᠪᠣᠯᠤᠨ ᠴᠢᠭᠯᠡᠯᠲᠡ ᠲᠦᠷᠦ ᠶᠢᠨ ᠪᠤᠳᠤᠯᠭ᠎ᠠ ᠶᠢ | ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠤᠢᠢᠯᠠᠭᠠᠨ ᠲᠤᠭᠤᠰᠢᠯᠠᠭᠤᠯᠵᠤ᠂ ᠭᠤᠣᠯᠯᠠᠬᠤ ᠴᠢᠬᠤᠯᠠ | ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ᠂ ᠪᠠᠶᠠᠯᠢᠭ ᠠᠭᠤᠯᠤᠭᠳᠠᠬᠤᠨ ᠪᠣᠯᠤᠨ ᠦᠢᠯᠡᠳᠦᠯᠭᠡ ᠶᠢᠨ | ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠰᠤᠷᠤᠯᠴᠠᠬᠤ ᠰᠡᠳᠭᠢᠬᠦ ᠬᠡᠷᠡᠭᠯᠡᠬᠦ ᠶᠢ ᠨᠡᠪᠲᠡᠷᠡᠭᠦᠯᠵᠦ᠂ ᠮᠡᠳᠡᠬᠦᠢ | ᠢᠲᠡᠭᠡᠬᠦᠢ ᠬᠢᠬᠦᠢ ᠪᠠᠨ ᠨᠢᠭᠡᠳᠭᠡᠬᠦ ᠬᠡᠷᠡᠭᠲᠡᠢ᠃ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ | ᠴᠢᠭᠯᠡᠯᠲᠡ ᠶᠢ ᠪᠠᠷᠢᠮᠲᠠᠯᠠᠨ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ | ᠪᠠᠷᠢᠮᠲᠠᠯᠠᠵᠤ᠂ ᠬᠠᠤᠯᠢᠵᠢᠯ ᠤᠨ ᠰᠡᠳᠭᠢᠬᠦᠢ ᠪᠠ ᠬᠤᠯᠢᠵᠢᠯ ᠤᠨ ᠠᠷᠭ᠎ᠠ ᠬᠡᠯᠪᠡᠷᠢ ᠶᠢ ᠴᠢᠳᠠᠮᠠᠭᠠᠢ ᠬᠡᠷᠡᠭᠯᠡᠨ ᠱᠠᠰᠢᠨ | ᠰᠤᠷᠲᠠᠬᠤᠨ ᠤ ᠬᠦᠷᠢᠶᠡᠨ ᠳᠠᠬᠢ ᠵᠥᠷᠢᠴᠡᠯ ᠪᠠ ᠠᠰᠠᠭᠤᠳᠠᠯ ᠢ ᠰᠢᠢᠳᠪᠦᠷᠢᠯᠡᠵᠦ᠂ ᠮᠠᠨ ᠤ ᠤᠯᠤᠰ ᠤᠨ ᠱᠠᠰᠢᠨ | ᠰᠤᠷᠲᠠᠬᠤᠨ ᠤ ᠡᠷᠡᠭᠦᠯ ᠢᠶᠠᠷ ᠤᠯᠠᠮᠵᠢᠯᠠᠬᠳᠠᠬᠤ ᠶᠢ ᠠᠬᠢᠭᠤᠯᠵᠤ᠂ ᠱᠠᠰᠢᠨ ᠰᠤᠷᠲᠠᠬᠤᠨ ᠤ ᠨᠡᠶᠢᠭᠡᠮ ᠵᠢᠷᠤᠮᠲᠤ | ᠨᠡᠶᠢᠭᠡᠮ ᠯᠦᠭᠡ ᠬᠠᠷᠢᠯᠴᠠᠨ ᠵᠣᠬᠢᠴᠠᠯᠳᠤᠬᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ | ᠴᠠᠭ ᠦᠶ᠎ᠡ ᠲᠠᠢ ᠵᠣᠬᠢᠴᠠᠯᠳᠤᠬᠤ ᠶᠢ ᠢᠳᠡᠪᠬᠢᠲᠡᠢ ᠬᠦᠳᠦᠯᠦᠨ ᠵᠢᠯᠣᠭᠤᠳᠬᠤ ᠬᠡᠷᠡᠭᠲᠡᠢ᠃ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠤᠨ ᠬᠢᠨ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠲᠤᠭᠤᠰᠢᠯᠠᠭᠤᠯᠬᠤ ᠶᠢ | ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠰᠤᠷᠤᠯᠴᠠᠨ ᠤᠬᠠᠭᠤᠯᠤᠨ ᠲᠠᠶᠢᠯᠪᠤᠷᠢᠯᠠᠬᠤ ᠶᠢ ᠰᠠᠶᠢᠲᠤᠷ | ᠠᠳᠬᠤᠵᠤ᠂ ᠬᠡᠷᠡᠭᠵᠢᠭᠦᠯᠬᠦ ᠰᠠᠨᠠᠯ ᠢ ᠲᠣᠭᠲᠠᠭᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ | ᠱᠦᠵᠢ ᠨᠡᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠶᠢᠨ ᠶᠠᠪᠤᠳᠠᠯ ᠤᠨ ᠭᠡᠰᠢᠭᠦᠨ᠂ | ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ | ᠪᠠᠶᠢᠴᠠᠭᠠᠬᠤ ᠳᠠᠷᠤᠭ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ | ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃ | ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠤᠨ ᠰᠢᠨᠵᠢᠶᠠᠩ ᠤᠨ | ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ | ᠨᠥᠬᠦᠳ ᠪᠣᠯᠤᠨ ᠱᠠᠰᠢᠨ ᠰᠤᠷᠲᠠᠬᠤᠨ ᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠨᠥᠬᠦᠳ᠂ | ᠳᠡᠳ᠋ ᠮᠤᠵᠢ ᠶᠢᠨ ᠲᠡᠰ ᠤᠨ ᠬᠤᠳᠠ ᠶᠢᠨ ᠨᠠᠮ ᠤᠨ ᠬᠤᠷᠢᠶ᠎ᠠ ᠶᠢᠨ ᠭᠤᠣᠯ ᠬᠠᠷᠢᠭᠤᠴᠠᠯᠭᠠᠲᠠᠨ ᠨᠥᠬᠦᠳ᠂ | ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ | ᠠᠷᠠᠳ ᠤᠨ ᠪᠦᠯᠬᠦᠮ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ᠂ ᠴᠡᠷᠢᠭ ᠠᠩᠬᠢ ᠶᠢᠨ ᠬᠤᠯᠪᠣᠭᠳᠠᠯ ᠪᠦᠬᠦᠢ ᠨᠢᠭᠡᠴᠢ᠂ | ᠬᠤᠯᠪᠣᠭᠳᠠᠯ ᠪᠦᠬᠦᠢ ᠰᠤᠳᠤᠯᠭᠠᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ | ᠬᠤᠷᠠᠯ ᠨᠢ ᠲᠧᠯᠸᠢᠰ ᠤᠲᠠᠰᠤ ᠬᠤᠷᠠᠯ ᠤᠨ ᠬᠡᠯᠪᠡᠷᠢ ᠪᠠᠷ ᠬᠤᠷᠠᠯᠳᠤᠵᠤ᠂ ᠡᠯ᠎ᠡ ᠮᠤᠵᠢ ᠣᠷᠣᠨ ᠬᠤᠳᠠ ᠪᠣᠯᠤᠨ | ᠰᠢᠨᠵᠢᠶᠠᠩ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ ᠳᠤ ᠬᠤᠪᠢᠶᠠᠷᠢ ᠬᠤᠷᠠᠯ ᠤᠨ ᠲᠠᠯᠠᠪᠠᠢ | ᠲᠤᠬᠢᠷᠠᠭᠤᠯᠪᠠ᠃ |