︽ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠰᠢᠷᠢᠰ ᠮᠡᠳᠡᠭᠡᠯᠡᠯ ︵ᠠᠷᠪᠠᠨ ᠭᠤᠷᠪᠠ︶
ᠨᠡᠶᠢᠲᠡᠯᠡᠭᠰᠡᠨ ᠴᠠᠭ᠄
2021/12/8
    ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠤᠮᠳᠠ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ ︾ ᠠᠵᠢᠯᠯᠠᠭ᠎ᠠ ᠥᠷᠨᠢᠭᠦᠯᠬᠦ ᠲᠤᠬᠠᠶ ᠨᠠᠮ ᠤᠨ ᠲᠥᠪ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ ᠂ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠢᠨ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ᠂ ᠬᠡᠷᠡᠭᠴᠡᠭᠡ ᠱᠠᠭᠠᠷᠳᠠᠯᠭ᠎ᠠ ᠶᠢ ᠠᠷᠠᠳ ᠠᠴᠠ ᠠᠰᠠᠭᠤᠬᠤ᠂ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠬᠤ ︽ᠭᠤᠷᠪᠠ ᠶᠢ ᠠᠰᠠᠭᠤᠬᠤ︾ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠨᠡᠶᠢᠭᠡᠮ ᠤᠨ ᠡᠯ᠎ᠡ ᠡᠲᠡᠭᠡᠳ ᠪᠠ ᠥᠷᠭᠡᠨ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠠᠰᠠᠭᠤᠳᠠᠯ ᠤᠨ ᠨᠠᠷᠢᠨ ᠲᠠᠩᠰᠠ ᠶᠢ ᠬᠤᠷᠢᠶᠠᠩᠭᠤᠶᠢᠯᠠᠨ ᠡᠮᠬᠢᠯᠡᠵᠦ᠂ ᠡᠭᠦᠨ ᠤ ᠤᠯᠠᠮ ᠠᠴᠠ ᠣᠯᠠᠨ ᠲᠦᠮᠡᠨ ᠳᠤ ᠪᠣᠳᠠᠲᠠᠶ ᠶᠠᠪᠤᠳᠠᠯ ᠬᠢᠬᠦ ᠶᠢᠨ ︽ᠭᠤᠷᠪᠠ ᠶᠢ ᠠᠰᠠᠭᠤᠬᠤ︾ ᠦᠢᠯᠡᠴᠢᠯᠡᠭᠡᠨ ᠤ ᠵᠦᠢᠯᠡᠰ ᠤᠨ ᠨᠠᠷᠢᠨ ᠲᠠᠩᠰᠠ ᠶᠢ ᠲᠣᠭᠲᠠᠭᠠᠭᠰᠠᠨ ᠪᠠᠶᠢᠨ᠎ᠠ᠃ ᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠨᠡᠶᠢᠭᠡᠮ ᠲᠠᠶᠠᠭᠠᠷ ᠲᠤ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠦᠢᠯᠡᠳᠦᠯᠭᠡ ᠶᠢᠨ ᠠᠵᠢᠯᠯᠠᠭ᠎ᠠ ᠶᠢᠨ ᠦᠢᠯᠡᠴᠢᠯᠡᠭᠡᠨ ᠤ ᠵᠦᠢᠯᠡᠰ ᠤᠨ ᠨᠠᠷᠢᠨ ᠳᠠᠩᠰᠠ ᠪᠠ ᠠᠰᠠᠭᠤᠳᠠᠯ ᠢ ᠰᠢᠢᠳᠪᠦᠷᠢᠯᠡᠭᠰᠡᠨ ᠦᠷ᠎ᠡ ᠳ᠋ᠦᠩ ᠢ ᠨᠡᠶᠢᠲᠡᠯᠡᠵᠦ᠂ ᠠᠷᠠᠳ ᠣᠯᠠᠨ ᠤ ᠬᠢᠨᠠᠯᠲᠠ ᠪᠠ ᠦᠨᠡᠯᠡᠯᠲᠡ ᠶᠢ ᠤᠬᠠᠮᠰᠠᠷ ᠠᠴᠠ ᠪᠠᠨ ᠬᠦᠯᠢᠶᠡᠬᠦ ᠪᠤᠯᠤᠨ᠎ᠡ᠃      ︽ᠭᠤᠷᠪᠠ ᠶᠢ ᠠᠰᠠᠭᠤᠬᠤ︾ ᠠᠵᠢᠯᠯᠠᠭ᠎ᠠ ᠶᠢᠨ ᠠᠰᠠᠭᠤᠳᠠᠯ ᠤᠨ ᠨᠠᠷᠢᠨ ᠲᠠᠩᠰᠠ     1 . ᠵᠢᠨᠢᠩ ᠲᠣᠭᠤᠷᠢᠭ ᠤᠨ ᠬᠤᠲᠠ ᠶᠢᠨ ᠶᠠᠪᠤᠳᠠᠯ ᠤᠨ ᠰᠠᠭᠤᠭᠠᠯᠢ ᠲᠣᠭᠤᠷᠢᠭ ᠲᠤ ᠲᠤᠰᠠᠭᠠᠷ ᠤᠰᠤᠨ ᠤ ᠬᠡᠮᠵᠢᠭᠦᠷ ᠪᠠᠶᠢᠬᠤ ᠥᠬᠡᠶ ᠵᠢᠴᠢ ᠡᠪᠦᠯ ᠤᠨ ᠤᠯᠠᠷᠢᠯ ᠳᠤ ᠳᠤᠯᠠᠭᠠᠯᠠᠭ᠎ᠠ ᠬᠠᠩᠭᠠᠯᠭ᠎ᠠ ᠨᠢ ᠠᠨᠠᠢ ᠵᠡᠷᠭᠡ ᠠᠰᠠᠭᠤᠳᠠᠯ ᠣᠷᠣᠰᠢᠵᠤ ᠪᠠᠶᠢᠨ᠎ᠠ᠃     2 . ᠵᠢᠨᠢᠩ ᠲᠣᠭᠤᠷᠢᠭ ᠤᠨ ᠬᠤᠩ ᠯᠧᠦ ᠰᠢᠨ ᠶᠤᠸᠠᠨ ᠤ ᠬᠠᠪᠢ ᠳᠤ ᠰᠢᠲᠠᠮᠠᠬᠠᠶ ᠭᠡᠢ ᠶᠢᠨ ᠬᠤᠭᠤᠯᠠᠶ ᠤᠭᠰᠠᠷᠠᠭᠰᠠᠨ ᠠᠴᠠ ᠪᠤᠯᠵᠤ ᠵᠠᠮ ᠤᠨ ᠭᠠᠳᠠᠷᠭᠤ ᠡᠪᠳᠡᠭᠳᠡᠵᠡᠶ᠂ ᠲᠦᠷᠭᠡᠬᠡᠨ ᠰᠡᠯᠪᠢᠨ ᠵᠠᠰᠠᠬᠤ ᠶᠢ ᠬᠦᠰᠡᠵᠦ ᠪᠠᠶᠢᠨ᠎ᠠ     3 . ᠵᠢᠨᠢᠩ ᠲᠣᠭᠤᠷᠢᠭ ᠤᠨ ᠶᠠᠳᠠᠭᠤ ᠶᠢ ᠲᠡᠳᠬᠦᠬᠦ ᠠᠯᠪᠠᠨ ᠬᠡᠷ ᠤᠨ ᠬᠡᠷ ᠪᠦᠯᠢ ᠶᠢᠨ ᠠᠰᠠᠷ ᠲᠤ ᠤᠰᠤ ᠵᠤᠭᠰᠤᠭᠠᠳ ᠨᠢᠭᠡᠨᠲᠡ ᠣᠯᠠᠨ ᠡᠳᠦᠷ ᠪᠤᠯᠵᠦ᠂ ᠰᠠᠭᠤᠭᠠᠯᠢ ᠠᠷᠠᠳ ᠤᠨ ᠬᠡᠪ ᠤᠨ ᠠᠮᠢᠳᠤᠷᠠᠯ ᠢ ᠨᠥᠯᠥᠭᠡᠯᠡᠵᠦ ᠪᠠᠶᠢᠨ᠎ᠠ᠂ ᠤᠰᠤᠨ ᠤ ᠬᠠᠩᠭᠠᠯᠭ᠎ᠠ ᠶᠢ ᠲᠦᠷᠭᠡᠬᠡᠨ ᠰᠡᠷᠭᠦᠭᠡᠬᠦ ᠶᠢ ᠬᠦᠰᠡᠵᠦ ᠪᠠᠶᠢᠨ᠎ᠠ᠃     4 . ᠵᠢᠨᠢᠩ ᠲᠣᠭᠤᠷᠢᠭ ᠤᠨ ᠶᠠ ᠵᠢᠶᠠᠩ ᠰᠠᠭᠤᠭᠠᠯᠢ ᠲᠣᠭᠤᠷᠢᠭ᠂ ᠪᠢᠨ ᠬᠤ᠋ ᠰᠠᠭᠤᠭᠠᠯᠢ ᠲᠣᠭᠤᠷᠢᠭ ᠤᠨ ᠤᠷᠴᠢᠨ ᠳᠤ ᠰᠢᠷᠠᠯᠵᠢ ᠡᠪᠡᠰᠦ ᠭᠠᠵᠠᠷ ᠰᠠᠢ ᠦᠭᠡᠢ ᠳᠦᠭᠦᠷᠴᠦ᠂ ᠤᠢᠢᠷ᠎ᠠ ᠬᠠᠪᠢ ᠶᠢᠨ ᠰᠠᠭᠤᠭᠠᠯᠢ ᠠᠷᠠᠳ ᠤᠨ ᠬᠠᠷᠰᠢᠯᠳᠤᠯ ᠬᠦᠨᠳᠦ ᠨᠣᠴᠢᠲᠠᠢ ᠪᠠᠶᠢᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠢᠷᠠᠯᠵᠢ ᠡᠪᠡᠰᠦ ᠶᠢ ᠴᠡᠪᠡᠷᠯᠡᠨ ᠠᠷᠢᠯᠭᠠᠬᠤ ᠶᠢ ᠬᠦᠰᠡᠵᠦ ᠪᠠᠶᠢᠨ᠎ᠠ᠃     5 . ᠵᠢᠨᠢᠩ ᠲᠣᠭᠤᠷᠢᠭ ᠤᠨ ᠱᠢ ᠶᠤᠸᠠᠨ ᠰᠠᠭᠤᠭᠠᠯᠢ ᠲᠣᠭᠤᠷᠢᠭ ᠤᠨ ᠬᠤᠶᠢᠲᠤ ᠡᠭᠦᠳᠡᠨ ᠤ ᠣᠶᠢᠷᠠᠯᠴᠠᠭ᠎ᠠ ᠪᠠᠶᠢᠭ᠎ᠠ ᠣᠯᠠᠩᠬᠢ ᠨᠡᠶᠢᠲᠡ ᠶᠢᠨ ᠬᠡᠷᠡᠭᠯᠡᠭᠡᠨ ᠤ ᠲᠡᠷᠭᠡ ᠵᠣᠭᠰᠤᠭᠠᠬᠤ ᠭᠠᠵᠠᠷ ᠨᠢ ᠭᠠᠷ ᠳᠠᠮᠵᠢᠭᠰᠠᠨ ᠮᠠᠰᠢᠨ ᠲᠡᠷᠭᠡᠨ ᠤ ᠬᠤᠳᠠᠯᠳᠤᠭᠠᠴᠢᠨ ᠳᠤ ᠡᠵᠡᠯᠡᠭᠳᠡᠵᠡᠶ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠲᠦᠷᠭᠡᠬᠡᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃      6 . ᠵᠢᠨᠢᠩ ᠲᠣᠭᠤᠷᠢᠭ ᠤᠨ ᠮᠠ ᠯᠢᠶᠠᠨ ᠴᠢᠦᠶ ᠰᠢᠶᠠᠩ ᠤᠨ ᠯᠦ ᠵᠢᠶᠠ ᠪᠠ ᠲᠣᠰᠬᠤᠨ ᠳᠤ ᠪᠠᠶᠢᠨ ᠳᠠᠬᠢᠨ ᠤᠰᠤ ᠵᠣᠭᠰᠣᠵᠤ᠂ ᠲᠣᠰᠬᠤᠨ ᠤ ᠠᠷᠠᠳ ᠤᠰᠤ ᠬᠡᠷᠡᠭᠯᠡᠬᠦ ᠳᠤ ᠬᠦᠴᠢᠷᠳᠡᠵᠦ ᠪᠠᠶᠢᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠰᠤ ᠬᠡᠷᠡᠭᠯᠡᠬᠦ ᠠᠰᠠᠭᠤᠳᠠᠯ ᠢ ᠲᠦᠷᠭᠡᠬᠡᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃      7 . ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠬᠢᠷᠢ ᠶᠢᠨ ᠨᠠᠭᠤᠷ ᠪᠠᠯᠭᠠᠰᠤᠨ ᠤ ᠽᠠᠨ ᠳ᠋ᠠ ᠶᠢᠩ ᠲᠣᠰᠬᠤᠨ ᠤ ᠪᠠᠶᠢᠰᠢᠩ ᠭᠡᠷ ᠤᠨ ᠲᠣᠭᠤᠷᠢᠭ ᠲᠤ ᠨᠠᠷᠠᠰᠤᠨ ᠭᠤᠤᠯ ᠤᠨ ᠪᠠᠷᠢᠯᠭ᠎ᠠ ᠶᠢᠨ ᠠᠵᠢᠯ ᠬᠢᠭᠰᠡᠨ ᠠᠴᠠ ᠪᠣᠯᠵᠣ ᠡᠭᠦᠳᠡᠨ ᠡᠮᠦᠨ᠎ᠡ ᠨᠢ ᠶᠡᠭᠡ ᠬᠡᠮᠵᠢᠶᠡᠨ ᠤ ᠰᠢᠪᠠᠷ ᠰᠢᠷᠣᠶ ᠣᠪᠣᠭᠠᠷᠠᠵᠠᠶ᠂ ᠳᠠᠷᠤᠶ ᠲᠦᠷᠭᠡᠨ ᠰᠢᠢᠳᠪᠦᠷᠢᠯᠡᠵᠦ᠂ ᠣᠯᠠᠨ ᠲᠦᠮᠡᠨ ᠤ ᠶᠠᠪᠤᠵᠤ ᠰᠠᠭᠤᠬᠤ ᠳᠤ ᠲᠥᠬᠦᠮ ᠦᠵᠡᠭᠦᠯᠬᠦ ᠶᠢ ᠬᠦᠰᠡᠵᠦ ᠪᠠᠶᠢᠨ᠎ᠠ᠃      8 . ᠵᠦᠸᠧᠽᠢ ᠰᠢᠶᠠᠨ ᠤ ᠤᠯᠠᠭᠠᠨ ᠡᠷᠭᠢ ᠰᠦᠮ᠎ᠡ ᠵᠢᠭᠤᠯᠴᠢᠯᠠᠯ ᠤᠨ ᠣᠷᠣᠨ ᠤ ᠣᠶᠢᠷ᠎ᠠ ᠬᠠᠪᠢ ᠶᠢᠨ ᠰᠢᠶᠠᠩ ᠤᠨ ᠵᠠᠮ ᠳᠤ ᠲᠦᠷ ᠴᠠᠭ ᠤᠨ ᠥᠨᠳᠥᠷ ᠤᠨ ᠬᠢᠵᠠᠭᠠᠷᠯᠠᠯ ᠤᠨ ᠵᠢᠶᠠᠰᠠ ᠲᠠᠯᠪᠢᠵᠤ᠂ ᠡᠷᠬᠢᠨ ᠲᠣᠭᠤᠷᠢᠨ ᠤ ᠲᠣᠰᠬᠤᠨ ᠤ ᠠᠷᠠᠳ ᠤᠨ ᠲᠡᠷᠭᠡ ᠬᠥᠰᠬᠡ ᠬᠡᠪ ᠤᠨ ᠶᠣᠰᠣᠭᠠᠷ ᠨᠡᠪᠲᠡᠷᠡᠬᠦ ᠶᠢᠨ ᠠᠷᠭ᠎ᠠ ᠥᠬᠡᠶ ᠪᠣᠯᠵᠠᠶ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠥᠨᠳᠥᠷ ᠤᠨ ᠬᠢᠵᠠᠭᠠᠷᠯᠠᠯ ᠤᠨ ᠵᠢᠶᠠᠰᠠ ᠶᠢ ᠠᠪᠴᠤ ᠬᠠᠶᠠᠨ ᠣᠯᠠᠨ ᠲᠦᠮᠡᠨ ᠤ ᠶᠠᠪᠤᠵᠤ ᠰᠠᠭᠤᠬᠤ ᠳᠤ ᠲᠥᠬᠦᠮ ᠦᠵᠡᠭᠦᠯᠬᠦ ᠶᠢ ᠬᠦᠰᠡᠵᠦ ᠪᠠᠶᠢᠨ᠎ᠠ᠃      9 . ᠵᠦᠸᠧᠽᠢ ᠰᠢᠶᠠᠨ ᠤ ᠶᠢᠩ ᠪᠢᠨ ᠶᠡᠭᠡ ᠵᠡᠭᠡᠯᠢ ᠶᠢᠨ ᠵᠢᠦ ᠴᠢᠦᠶ ᠱᠠᠨ ᠵᠤᠸᠠᠩ ᠪᠠᠷᠢᠯᠭ᠎ᠠ ᠶᠢᠨ ᠠᠵᠢᠯ ᠤᠨ ᠬᠤᠶᠠᠳᠡᠬᠢ ᠬᠤᠭᠤᠴᠠᠭᠠᠨ ᠤ ᠡᠭᠡᠯᠵᠢ ᠨᠢ ᠰᠦᠨᠢ ᠪᠠᠷ ᠠᠵᠢᠯᠯᠠᠵᠦ ᠣᠶᠢᠷ᠎ᠠ ᠬᠠᠪᠢ ᠶᠢᠨ ᠰᠠᠭᠤᠭᠠᠯᠢ ᠠᠷᠠᠳ ᠤᠨ ᠠᠮᠠᠷᠠᠬᠤ ᠶᠢ ᠨᠥᠯᠥᠭᠡᠯᠡᠵᠦ ᠪᠠᠶᠢᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠦᠷᠭᠡᠬᠡᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃      10 . ᠬᠤᠸᠠᠳᠧ ᠰᠢᠶᠠᠨ ᠤ ᠴᠠᠩ ᠴᠢᠩ ᠵᠢᠶᠠ ᠶᠤᠸᠠᠨ ᠤ 9 ᠳ᠋ᠤᠭᠡᠷ ᠠᠰᠠᠷ ᠤᠨ ᠪᠤᠶ ᠪᠦᠬᠦᠢ ᠡᠭᠦᠳᠡᠨ ᠭᠡᠷ ᠨᠢ ᠲᠤᠯᠠᠭᠠᠯᠭ᠎ᠠ ᠶᠢᠨ ᠬᠤᠭᠤᠯᠠᠶ ᠤᠭᠰᠠᠷᠠᠬᠤ ᠠᠰᠠᠭᠤᠳᠠᠯ ᠠᠴᠠ ᠪᠣᠯᠵᠤ ᠬᠡᠪ ᠤᠨ ᠪᠠᠶᠢᠳᠠᠯ ᠢᠶᠠᠷ ᠲᠤᠯᠠᠭᠠᠯᠭ᠎ᠠ ᠬᠠᠨᠭ᠍ᠭᠠᠵᠦ ᠴᠢᠳᠠᠬᠤ ᠦᠭᠡᠶ ᠪᠠᠶᠢᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠯᠢ ᠲᠦᠷᠭᠡᠨ ᠢᠶᠠᠷ ᠰᠡᠯᠪᠢᠨ ᠵᠠᠰᠠᠬᠤ ᠶᠢ ᠬᠦᠰᠡᠵᠦ ᠪᠠᠶᠢᠨ᠎ᠠ᠃       ︽ᠭᠤᠷᠪᠠ ᠶᠢ ᠠᠰᠠᠭᠤᠬᠤ︾ ᠠᠵᠢᠯᠯᠠᠭ᠎ᠠ ᠶᠢᠨ ᠠᠰᠠᠭᠤᠳᠠᠯ ᠤᠨ ᠨᠠᠷᠢᠨ ᠲᠠᠩᠰᠠ ᠶᠢ ᠰᠢᠢᠳᠪᠦᠷᠢᠯᠡᠵᠦ ᠳᠠᠭᠤᠰᠬᠠᠭᠰᠠᠨ ᠪᠠᠶᠢᠳᠠᠯ      1. ᠵᠢᠨᠢᠩ ᠲᠣᠭᠤᠷᠢᠭ ᠤᠨ ᠬᠤᠲᠠ ᠶᠢᠨ ᠶᠠᠪᠤᠳᠠᠯ ᠤᠨ ᠰᠠᠭᠤᠭᠠᠯᠢ ᠲᠣᠭᠤᠷᠢᠭ ᠲᠤ ᠲᠤᠰᠠᠭᠠᠷ ᠤᠰᠤᠨ ᠤ ᠬᠡᠮᠵᠢᠭᠦᠷ ᠪᠠᠶᠢᠬᠤ ᠥᠬᠡᠶ ᠵᠢᠴᠢ ᠡᠪᠦᠯ ᠤᠨ ᠤᠯᠠᠷᠢᠯ ᠳᠤ ᠳᠤᠯᠠᠭᠠᠯᠠᠭ᠎ᠠ ᠬᠠᠩᠭᠠᠬᠤ ᠨᠢ ᠮᠠᠭᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃      ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠲᠦᠭᠡᠭᠡᠯ ᠤᠰᠤᠨ ᠤ ᠺᠣᠮᠫᠠᠨᠢ ᠨᠢᠭᠡᠨᠲᠡ ᠲᠣᠰ ᠰᠠᠭᠤᠭᠠᠯᠢ ᠲᠣᠭᠤᠷᠢᠭ ᠲᠤ ᠲᠤᠰᠠᠭᠠᠷ ᠤᠰᠤᠨ ᠤ ᠬᠡᠮᠵᠢᠭᠦᠷ ᠢ ᠤᠭᠰᠠᠷᠠᠵᠤ᠂ ᠣᠲᠣ ᠨᠢᠭᠡᠨᠲᠡ 10 ᠡᠷᠦᠬᠡ ᠳᠤ ᠤᠭᠰᠠᠷᠠᠵᠤ ᠳᠠᠭᠤᠰᠬᠠᠪᠠ᠂ ᠪᠤᠰᠤᠳ ᠨᠢ ᠬᠡᠷ ᠳᠣᠲᠣᠷᠠᠬᠢ ᠭᠤᠤᠷᠰᠤ ᠬᠤᠭᠤᠯᠠᠶ ᠶᠢᠨ ᠥᠭᠡᠷᠡᠴᠢᠯᠡᠯᠲᠡ ᠠᠴᠠ ᠪᠣᠯᠵᠣ ᠵᠥᠷᠢᠴᠡᠯᠳᠦᠭᠡᠨ ᠲᠠᠢ ᠪᠠᠶᠢᠵᠤ᠂ ᠵᠢᠱᠢᠯᠲᠡ ᠪᠠᠷ 12 ᠰᠠᠷ᠎ᠠ ᠳᠤ ᠥᠭᠡᠷᠡᠴᠢᠯᠡᠵᠦ ᠳᠠᠭᠤᠰᠬᠠᠨ᠎ᠠ︔ ᠵᠢᠨᠢᠩ ᠲᠣᠭᠤᠷᠢᠭ ᠤᠨ ᠭᠦᠸᠧ ᠷᠦᠩ ᠺᠣᠮᠫᠠᠨᠢ ᠨᠢᠭᠡᠨᠲᠡ ᠰᠠᠭᠤᠭᠠᠯᠢ ᠲᠣᠭᠤᠷᠢᠭ ᠤᠨ ᠢᠯᠴᠢ ᠬᠠᠩᠭᠠᠬᠤ ᠬᠤᠭᠤᠯᠠᠶ ᠶᠢ ᠰᠣᠯᠢᠵᠤ ᠳᠠᠭᠤᠰᠬᠠᠪᠠ᠃ ︵ᠲᠠᠭᠠᠭᠠᠴᠢᠯᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶      2. ᠵᠢᠨᠢᠩ ᠲᠣᠭᠤᠷᠢᠭ ᠤᠨ ᠬᠤᠩ ᠯᠧᠦ ᠰᠢᠨ ᠶᠤᠸᠠᠨ ᠤ ᠬᠠᠪᠢ ᠳᠤ ᠰᠢᠲᠠᠮᠠᠬᠠᠶ ᠭᠡᠢ ᠶᠢᠨ ᠬᠤᠭᠤᠯᠠᠶ ᠤᠭᠰᠠᠷᠠᠭᠰᠠᠨ ᠠᠴᠠ ᠪᠤᠯᠵᠤ ᠵᠠᠮ ᠤᠨ ᠭᠠᠳᠠᠷᠭᠤ ᠡᠪᠳᠡᠭᠳᠡᠵᠡᠶ᠂ ᠲᠦᠷᠭᠡᠬᠡᠨ ᠰᠡᠯᠪᠢᠨ ᠵᠠᠰᠠᠬᠤ ᠶᠢ ᠬᠦᠰᠡᠵᠦ ᠪᠠᠶᠢᠨ᠎ᠠ      ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠠᠴᠠ ᠨᠢᠭᠡᠨᠲᠡ ᠬᠤᠯᠪᠣᠭᠳᠠᠯ ᠪᠦᠬᠦᠢ ᠨᠢᠭᠡᠴᠢ ᠳᠤ ᠡᠪᠳᠡᠭᠳᠡᠭᠰᠡᠨ ᠵᠠᠮ ᠢ ᠰᠡᠯᠪᠢᠨ ᠵᠠᠰᠠᠬᠤ ᠬᠡᠷᠡᠭᠲᠡᠶ ᠭᠡᠵᠦ ᠵᠢᠭᠠᠪᠦᠷᠢᠯᠠᠪᠠ᠂ ᠵᠢᠱᠢᠯᠲᠡ ᠪᠠᠷ 9 ᠰᠠᠷ᠎ᠠ ᠶᠢᠨ ᠳᠤᠮᠳᠠᠴᠢ ᠪᠠᠷ ᠪᠠᠷᠢᠵᠤ ᠳᠠᠭᠤᠰᠬᠠᠨ᠎ᠠ᠃ ︵ᠲᠠᠭᠠᠭᠠᠴᠢᠯᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶      3. ᠵᠢᠨᠢᠩ ᠲᠣᠭᠤᠷᠢᠭ ᠤᠨ ᠶᠠᠳᠠᠭᠤ ᠶᠢ ᠲᠡᠳᠬᠦᠬᠦ ᠠᠯᠪᠠᠨ ᠬᠡᠷ ᠤᠨ ᠬᠡᠷ ᠪᠦᠯᠢ ᠶᠢᠨ ᠠᠰᠠᠷ ᠲᠤ ᠤᠰᠤ ᠵᠤᠭᠰᠤᠭᠠᠳ ᠨᠢᠭᠡᠨᠲᠡ ᠣᠯᠠᠨ ᠡᠳᠦᠷ ᠪᠤᠯᠵᠦ᠂ ᠰᠠᠭᠤᠭᠠᠯᠢ ᠠᠷᠠᠳ ᠤᠨ ᠬᠡᠪ ᠤᠨ ᠠᠮᠢᠳᠤᠷᠠᠯ ᠢ ᠨᠥᠯᠥᠭᠡᠯᠡᠵᠦ ᠪᠠᠶᠢᠨ᠎ᠠ᠂ ᠤᠰᠤ ᠬᠠᠩᠭᠠᠯᠭ᠎ᠠ ᠶᠢ ᠲᠦᠷᠭᠡᠬᠡᠨ ᠰᠡᠷᠭᠦᠭᠡᠬᠦ ᠶᠢ ᠬᠦᠰᠡᠵᠦ ᠪᠠᠶᠢᠨ᠎ᠠ᠃      ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠲᠦᠭᠡᠭᠡᠯ ᠤᠰᠤᠨ ᠤ ᠺᠣᠮᠫᠠᠨᠢ ᠨᠢᠭᠡᠨᠲᠡ ᠳᠠᠮᠵᠢᠭᠤᠯᠬᠤ ᠬᠤᠭᠤᠯᠠᠶ ᠶᠢ ᠰᠡᠯᠪᠢᠨ ᠵᠠᠰᠠᠵᠤ ᠳᠠᠭᠤᠰᠬᠠᠭᠰᠠᠨ ᠤ ᠬᠠᠮᠲᠤ ᠬᠤᠶᠠᠳᠡᠬᠢ ᠤᠳᠠᠭᠠᠨ ᠤ ᠳᠠᠷᠤᠯᠲᠠ ᠨᠡᠮᠡᠬᠦ ᠲᠥᠬᠦᠭᠡᠷᠦᠮᠵᠢ ᠶᠢ ᠲᠣᠬᠢᠷᠠᠭᠤᠯᠵᠤ᠂ ᠣᠲᠣ ᠶᠠᠭ ᠰᠠᠭᠤᠭᠠᠯᠢ ᠠᠷᠠᠳ ᠤᠨ ᠡᠯᠧᠺᠲᠷᠤᠨ ᠬᠡᠮᠵᠢᠭᠦᠷ ᠤᠭᠰᠠᠷᠠᠭᠤᠯᠬᠤ ᠪᠠᠷ ᠮᠡᠳᠡᠭᠦᠯᠵᠤ ᠭᠤᠶᠤᠴᠢᠯᠠᠬᠤ ᠶᠢ ᠢᠳᠡᠪᠬᠢᠲᠡᠶ ᠵᠣᠬᠢᠴᠠᠭᠤᠯᠵᠤ ᠪᠠᠶᠢᠨ᠎ᠠ᠂ ᠴᠠᠬᠢᠯᠭᠠᠨ ᠨᠡᠪᠲᠡᠷᠡᠭᠰᠡᠨ ᠤ ᠳᠠᠷᠠᠭ᠎ᠠ᠂ ᠳᠠᠮᠵᠢᠭᠤᠯᠬᠤ ᠬᠤᠭᠤᠯᠠᠶ ᠶᠢ ᠰᠢᠨ᠎ᠡ ᠪᠠᠷ ᠰᠡᠯᠪᠢᠪᠡᠯ ᠳᠠᠷᠤᠶ ᠬᠡᠪ ᠤᠨ ᠪᠠᠶᠢᠳᠠᠯ ᠢᠶᠠᠷ ᠤᠰᠤ ᠬᠠᠩᠭᠠᠵᠤ ᠪᠣᠯᠤᠨ᠎ᠠ᠃ ︵ᠲᠠᠭᠠᠭᠠᠴᠢᠯᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶      4. ᠵᠢᠨᠢᠩ ᠲᠣᠭᠤᠷᠢᠭ ᠤᠨ ᠶᠠ ᠵᠢᠶᠠᠩ ᠰᠠᠭᠤᠭᠠᠯᠢ ᠲᠣᠭᠤᠷᠢᠭ᠂ ᠪᠢᠨ ᠬᠤ᠋ ᠰᠠᠭᠤᠭᠠᠯᠢ ᠲᠣᠭᠤᠷᠢᠭ ᠤᠨ ᠤᠷᠴᠢᠨ ᠳᠤ ᠰᠢᠷᠠᠯᠵᠢ ᠡᠪᠡᠰᠦ ᠭᠠᠵᠠᠷ ᠰᠠᠢ ᠦᠭᠡᠢ ᠳᠦᠭᠦᠷᠴᠦ᠂ ᠤᠢᠢᠷ᠎ᠠ ᠬᠠᠪᠢ ᠶᠢᠨ ᠰᠠᠭᠤᠭᠠᠯᠢ ᠠᠷᠠᠳ ᠤᠨ ᠬᠠᠷᠰᠢᠯᠳᠤᠯ ᠬᠦᠨᠳᠦ ᠨᠣᠴᠢᠲᠠᠢ ᠪᠠᠶᠢᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠢᠷᠠᠯᠵᠢ ᠡᠪᠡᠰᠦ ᠶᠢ ᠴᠡᠪᠡᠷᠯᠡᠨ ᠠᠷᠢᠯᠭᠠᠬᠤ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠬᠢᠨᠠᠨ ᠨᠤᠲᠠᠯᠠᠬᠤ ᠪᠠᠷ ᠲᠠᠮᠵᠢᠨ᠂ ᠵᠢᠨᠢᠩ ᠲᠣᠭᠤᠷᠢᠭ ᠤᠨ ᠬᠢᠨ ᠨᠢᠭᠡᠨᠲᠡ ᠶᠠ ᠵᠢᠶᠠᠩ ᠰᠠᠭᠤᠭᠠᠯᠢ ᠲᠣᠭᠤᠷᠢᠭ᠂ ᠪᠢᠨ ᠬᠤ᠋ ᠰᠠᠭᠤᠭᠠᠯᠢ ᠲᠣᠭᠤᠷᠢᠭ ᠵᠡᠷᠭᠡ ᠭᠠᠵᠠᠷ ᠤᠨ ᠡᠷᠬᠢᠨ ᠲᠣᠭᠤᠷᠢᠨ ᠤ 240 ᠲᠦᠮᠡᠨ ᠲᠡᠭᠰᠢ ᠳᠥᠷᠪᠡᠯᠵᠢᠨ ᠮᠧᠲᠷ ᠤᠨ ᠰᠢᠷᠠᠯᠵᠢ ᠡᠪᠡᠰᠦ ᠶᠢ ᠪᠦᠬᠦᠨ ᠢ ᠴᠡᠪᠡᠷᠯᠡᠭᠰᠡᠨ ᠪᠠᠶᠢᠨ᠎ᠠ᠃ ︵ᠲᠠᠭᠠᠭᠠᠴᠢᠯᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶      5. ᠵᠢᠨᠢᠩ ᠲᠣᠭᠤᠷᠢᠭ ᠤᠨ ᠱᠢ ᠶᠤᠸᠠᠨ ᠰᠠᠭᠤᠭᠠᠯᠢ ᠲᠣᠭᠤᠷᠢᠭ ᠤᠨ ᠬᠤᠶᠢᠲᠤ ᠡᠭᠦᠳᠡᠨ ᠤ ᠣᠶᠢᠷᠠᠯᠴᠠᠭ᠎ᠠ ᠣᠯᠠᠩᠬᠢ ᠨᠡᠶᠢᠲᠡ ᠶᠢᠨ ᠬᠡᠷᠡᠭᠯᠡᠭᠡᠨ ᠤ ᠲᠡᠷᠭᠡ ᠵᠣᠭᠰᠤᠭᠠᠬᠤ ᠭᠠᠵᠠᠷ᠂ ᠭᠠᠷ ᠳᠠᠮᠵᠢᠭᠰᠠᠨ ᠮᠠᠰᠢᠨ ᠲᠡᠷᠭᠡᠨ ᠤ ᠬᠤᠳᠠᠯᠳᠤᠭᠠᠴᠢᠨ ᠳᠤ ᠡᠵᠡᠯᠡᠭᠳᠡᠵᠡᠶ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠲᠦᠷᠭᠡᠬᠡᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠨᠢᠭᠡᠨᠲᠡ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠳᠤᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠬᠠᠤᠯᠢ ᠬᠡᠷᠡᠭᠵᠢᠭᠦᠯᠬᠦ ᠡᠭᠦᠷᠭᠡ ᠲᠤᠰᠢᠶᠠᠵᠤ᠂ ᠲᠣᠰ ᠣᠷᠣᠨ ᠪᠦᠰᠡ ᠶᠢᠨ ᠲᠡᠷᠭᠡ ᠵᠤᠭᠰᠤᠭᠠᠬᠤ ᠭᠠᠵᠠᠷ ᠢ ᠪᠥᠬᠦ ᠲᠠᠯ᠎ᠠ ᠪᠠᠷ ᠳᠠᠷᠠᠭᠠᠯᠠᠨ ᠪᠠᠶᠢᠴᠠᠭᠠᠵᠤ᠂ ᠨᠡᠶᠢᠲᠡ ᠶᠢᠨ ᠬᠡᠷᠡᠭᠯᠡᠭᠡᠨ ᠤ ᠳᠡᠷᠭᠡ ᠵᠤᠭᠰᠤᠭᠠᠬᠤ ᠭᠠᠵᠠᠷ ᠢ ᠣᠷᠳᠣ ᠬᠤᠭᠤᠴᠠᠭ᠎ᠠ ᠪᠠᠷ ᠡᠵᠡᠯᠡᠨ ᠬᠡᠷᠡᠭᠯᠡᠭᠰᠡᠨ ᠲᠡᠷᠭᠡ ᠬᠥᠰᠬᠡ ᠶᠢ ᠪᠦᠬᠦᠨ ᠢ ᠶᠠᠪᠤᠭᠤᠯᠪᠠ᠃ ︵ᠲᠠᠭᠠᠭᠠᠴᠢᠯᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶     6. ᠵᠢᠨᠢᠩ ᠲᠣᠭᠤᠷᠢᠭ ᠤᠨ ᠮᠠ ᠯᠢᠶᠠᠨ ᠴᠢᠦᠶ ᠰᠢᠶᠠᠩ ᠤᠨ ᠯᠦ ᠵᠢᠶᠠ ᠪᠠ ᠲᠣᠰᠬᠤᠨ ᠳᠤ ᠪᠠᠶᠢᠨ ᠳᠠᠬᠢᠨ ᠤᠰᠤ ᠵᠣᠭᠰᠣᠵᠤ᠂ ᠲᠣᠰᠬᠤᠨ ᠤ ᠠᠷᠠᠳ ᠤᠰᠤ ᠬᠡᠷᠡᠭᠯᠡᠬᠦ ᠳᠤ ᠬᠦᠴᠢᠷᠳᠡᠵᠦ ᠪᠠᠶᠢᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠰᠤ ᠬᠠᠩᠭᠠᠯᠭ᠎ᠠ ᠶᠢᠨ ᠠᠰᠠᠭᠤᠳᠠᠯ ᠢ ᠲᠦᠷᠭᠡᠬᠡᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠨᠢᠭᠡᠨᠲᠡ ᠲᠦᠷ ᠴᠠᠭ ᠤᠨ ᠤᠰᠤ ᠬᠠᠩᠭᠠᠬᠤ ᠴᠡᠭ ᠭᠠᠷᠭᠠᠵᠤ ᠲᠣᠭᠲᠠᠭᠰᠠᠨ ᠴᠠᠭ ᠲᠤ ᠲᠣᠰᠬᠤᠨ ᠤ ᠠᠷᠠᠳ ᠲᠤ ᠤᠰᠤ ᠬᠠᠩᠭᠠᠵᠤ᠂ ᠲᠣᠰᠬᠤᠨ ᠤ ᠠᠷᠠᠳ ᠤᠨ ᠠᠮᠢᠳᠤᠷᠠᠯ ᠤᠨ ᠤᠰᠤᠨ ᠤ ᠬᠡᠷᠡᠭᠯᠡᠭᠡ ᠶᠢ ᠪᠠᠲᠤᠯᠠᠪᠠ᠃ ︵ᠳᠠᠭᠠᠭᠠᠴᠢᠯᠠᠨ ᠭᠦᠢᠴᠡᠳᠬᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶    7. ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠬᠢᠷᠢ ᠶᠢᠨ ᠨᠠᠭᠤᠷ ᠪᠠᠯᠭᠠᠰᠤᠨ ᠤ ᠽᠠᠨ ᠳ᠋ᠠ ᠶᠢᠩ ᠲᠣᠰᠬᠤᠨ ᠤ ᠪᠠᠶᠢᠰᠢᠩ ᠰᠠᠭᠤᠴᠠ ᠶᠢᠨ ᠲᠣᠭᠤᠷᠢᠭ ᠲᠤ ᠨᠠᠷᠠᠰᠤᠨ ᠭᠤᠤᠯ ᠤᠨ ᠪᠠᠷᠢᠯᠭ᠎ᠠ ᠶᠢᠨ ᠠᠵᠢᠯ ᠠᠴᠠ ᠪᠣᠯᠵᠣ ᠡᠭᠦᠳᠡᠨ ᠡᠮᠦᠨ᠎ᠡ ᠨᠢ ᠶᠡᠭᠡ ᠬᠡᠮᠵᠢᠶᠡᠨ ᠤ ᠰᠢᠪᠠᠷ ᠰᠢᠷᠣᠶ ᠣᠪᠣᠭᠠᠷᠠᠵᠠᠶ᠂ ᠳᠠᠷᠤᠶ ᠲᠦᠷᠭᠡᠨ ᠰᠢᠢᠳᠪᠦᠷᠢᠯᠡᠵᠦ᠂ ᠣᠯᠠᠨ ᠲᠦᠮᠡᠨ ᠤ ᠶᠠᠪᠤᠵᠤ ᠰᠠᠭᠤᠬᠤ ᠳᠤ ᠲᠥᠬᠦᠮ ᠦᠵᠡᠭᠦᠯᠬᠦ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠰᠣᠠ ᠠᠰᠢᠬᠯᠠᠯᠲᠠ ᠶᠢᠨ ᠲᠣᠪᠴᠢᠶ᠎ᠠ ᠳᠣᠰ ᠭᠠᠵᠠᠷ ᠣᠷᠣᠨ ᠳᠤ ᠤᠰᠤ ᠨᠡᠪᠴᠢᠭᠦᠯᠬᠦ ᠬᠤᠳᠳᠤᠭ ᠰᠢᠨ᠎ᠡ ᠪᠠᠷ ᠮᠠᠯᠲᠠᠵᠤ᠂ ᠪᠣᠬᠢᠷ ᠣᠰᠣᠠ ᠤ ᠲᠠᠲᠠᠬᠤ ᠮᠠᠰᠢᠨ ᠨᠢᠭᠡ ᠶᠢ ᠤᠭᠰᠠᠷᠠᠬᠤ ᠶᠢᠨ ᠬᠠᠮᠲᠤ ᠣᠪᠣᠭᠠᠷᠠᠭᠰᠠᠨ ᠰᠢᠪᠠᠷ ᠰᠢᠷᠣᠶ ᠶᠢ ᠴᠡᠪᠡᠷᠯᠡᠨ ᠠᠷᠢᠯᠭᠠᠵᠤ᠂ ᠣᠯᠠᠨ ᠲᠦᠮᠡᠨ ᠳᠤ ᠠᠮᠤᠷ ᠲᠦᠪᠰᠢᠨ ᠶᠠᠪᠤᠵᠤ ᠰᠠᠭᠤᠬᠤ ᠣᠷᠴᠢᠨ ᠬᠠᠨᠭ᠍ᠭᠠᠵᠠᠢ᠃ ︵ᠲᠠᠭᠠᠭᠠᠴᠢᠯᠠᠨ ᠭᠦᠢᠴᠡᠳᠭᠡᠬᠦ ᠨᠢᠭᠡᠴᠢ᠄ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ︶     8. ᠵᠦᠸᠧᠽᠢ ᠰᠢᠶᠠᠨ ᠤ ᠤᠯᠠᠭᠠᠨ ᠡᠷᠭᠢ ᠰᠦᠮ᠎ᠡ ᠵᠢᠭᠤᠯᠴᠢᠯᠠᠯ ᠤᠨ ᠣᠷᠣᠨ ᠤ ᠣᠶᠢᠷ᠎ᠠ ᠬᠠᠪᠢ ᠶᠢᠨ ᠰᠢᠶᠠᠩ ᠤᠨ ᠵᠠᠰᠠᠮᠠᠯ ᠵᠠᠮ ᠳᠤ ᠲᠦᠷ ᠴᠠᠭ ᠥᠨᠳᠥᠷ ᠢ ᠬᠢᠵᠠᠭᠠᠷᠯᠠᠬᠤ ᠵᠢᠶᠠᠰᠠ ᠲᠠᠯᠪᠢᠵᠤ᠂ ᠡᠷᠬᠢᠨ ᠲᠣᠭᠤᠷᠢᠨ ᠤ ᠲᠣᠰᠬᠤᠨ ᠤ ᠠᠷᠠᠳ ᠤᠨ ᠲᠡᠷᠭᠡ ᠬᠥᠰᠬᠡ ᠶᠡᠷᠦᠳᠡ ᠶᠢᠨ ᠶᠣᠰᠣᠭᠠᠷ ᠨᠡᠪᠲᠡᠷᠡᠬᠦ ᠶᠢᠨ ᠠᠷᠭ᠎ᠠ ᠥᠬᠡᠶ ᠪᠣᠯᠵᠠᠶ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠥᠨᠳᠥᠷ ᠢ ᠬᠢᠵᠠᠭᠠᠷᠯᠠᠬᠤ ᠵᠢᠶᠠᠰᠠ ᠶᠢ ᠠᠪᠴᠤ ᠬᠠᠶᠠᠨ ᠣᠯᠠᠨ ᠲᠦᠮᠡᠨ ᠤ ᠶᠠᠪᠤᠵᠤ ᠰᠠᠭᠤᠬᠤ ᠳᠤ ᠲᠥᠬᠦᠮ ᠦᠵᠡᠭᠦᠯᠬᠦ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠵᠦᠸᠧᠽᠢ ᠰᠢᠶᠠᠨ ᠤ ᠵᠠᠰᠠᠭ ᠤᠨ ᠣᠷᠳᠣᠨ ᠠᠴᠠ ᠨᠢᠭᠡᠨᠲᠡ ᠪᠠᠷᠢᠯᠭ᠎ᠠ ᠶᠢᠨ ᠨᠢᠭᠡᠴᠢ ᠳᠤ ᠲᠤᠰ ᠵᠠᠮ ᠤᠨ ᠬᠡᠰᠡᠭ ᠤᠨ ᠥᠨᠳᠥᠷ ᠢ ᠬᠢᠵᠠᠭᠠᠷᠯᠠᠬᠤ ᠵᠢᠶᠠᠰᠠ ᠶᠢ ᠨᠤᠷᠠᠭᠠᠵᠤ᠂ ᠡᠷᠬᠢᠨ ᠲᠣᠭᠤᠷᠢᠨ ᠤ ᠲᠣᠰᠬᠤᠨ ᠤ ᠠᠷᠠᠳ ᠤᠨ ᠬᠡᠪ ᠤᠨ ᠶᠠᠪᠤᠵᠤ ᠰᠠᠭᠤᠬᠤ ᠶᠢ ᠪᠠᠲᠤᠯᠠᠬᠤ ᠬᠡᠷᠡᠭᠲᠡᠢ ᠭᠡᠵᠦ ᠳᠠᠭᠠᠭᠠᠯᠭᠠᠪᠠ᠃ ︵ᠲᠠᠭᠠᠭᠠᠴᠢᠯᠠᠨ ᠭᠦᠢᠴᠡᠳᠭᠡᠬᠦ ᠨᠢᠭᠡᠴᠢ᠄ ᠵᠦᠸᠧᠽᠢ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ︶    9. ᠵᠦᠸᠧᠽᠢ ᠰᠢᠶᠠᠨ ᠤ ᠶᠢᠩ ᠪᠢᠨ ᠶᠡᠭᠡ ᠵᠡᠭᠡᠯᠢ ᠶᠢᠨ ᠵᠢᠦ ᠴᠢᠦᠶ ᠱᠠᠨ ᠵᠤᠸᠠᠩ ᠲᠣᠰᠬᠤᠨ ᠳᠤ ᠪᠠᠷᠢᠯᠭ᠎ᠠ ᠶᠢᠨ ᠠᠵᠢᠯ ᠤᠨ ᠬᠤᠶᠠᠳᠡᠬᠢ ᠡᠭᠡᠯᠵᠢ ᠨᠢ ᠰᠦᠨᠢ ᠪᠠᠷ ᠠᠵᠢᠯᠯᠠᠵᠦ ᠣᠶᠢᠷ᠎ᠠ ᠬᠠᠪᠢ ᠶᠢᠨ ᠰᠠᠭᠤᠭᠠᠯᠢ ᠠᠷᠠᠳ ᠤᠨ ᠠᠮᠠᠷᠠᠬᠤ ᠶᠢ ᠨᠥᠯᠥᠭᠡᠯᠡᠵᠦ ᠪᠠᠶᠢᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠦᠷᠭᠡᠬᠡᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠵᠦᠸᠧᠽᠢ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠨᠢᠭᠡᠨᠲᠡ ᠲᠣᠰ ᠪᠠᠷᠢᠯᠭ᠎ᠠ ᠶᠢᠨ ᠭᠠᠵᠠᠷ ᠲᠤ ᠴᠡᠭᠴᠡᠯᠡᠨ ᠵᠠᠰᠠᠬᠤ ᠮᠡᠳᠡᠭᠳᠡᠯ ᠤᠨ ᠪᠢᠴᠢᠭ ᠪᠠᠭᠤᠯᠭᠠᠭᠰᠠᠨ ᠪᠥᠭᠡᠳ ᠪᠠᠷᠢᠯᠭ᠎ᠠ ᠶᠢᠨ ᠲᠠᠯ᠎ᠠ ᠶᠢᠨ ᠬᠢᠨ ᠢ ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ ᠵᠢᠷᠤᠮᠯᠠᠨ ᠪᠣᠯᠪᠠᠰᠤᠨ ᠢᠶᠠᠷ ᠪᠠᠷᠢᠯᠭ᠎ᠠ ᠶᠢᠨ ᠠᠵᠢᠯ ᠢᠶᠠᠨ ᠶᠠᠪᠤᠭᠳᠠᠭᠤᠯᠬᠤ ᠬᠡᠷᠡᠭᠲᠡᠶ᠂ ᠡᠷᠬᠢᠨ ᠲᠣᠭᠤᠷᠢᠨ ᠤ ᠰᠠᠭᠤᠭᠠᠯᠢ ᠠᠷᠠᠳ ᠤᠨ ᠠᠮᠠᠷᠠᠬᠤ ᠶᠢ ᠨᠥᠯᠥᠭᠡᠯᠡᠵᠦ ᠪᠣᠯᠬᠤ ᠥᠬᠡᠶ ᠭᠡᠵᠦ ᠱᠠᠭᠠᠷᠳᠠᠪᠠ᠃ ︵ᠲᠠᠭᠠᠭᠠᠴᠢᠯᠠᠨ ᠭᠦᠢᠴᠡᠳᠭᠡᠬᠦ ᠨᠢᠭᠡᠴᠢ᠄ ᠵᠦᠸᠧᠽᠢ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ︶     10. ᠬᠤᠸᠠᠳᠧ ᠰᠢᠶᠠᠨ ᠤ ᠴᠠᠩ ᠴᠢᠩ ᠵᠢᠶᠠ ᠶᠤᠸᠠᠨ ᠤ 9 ᠳ᠋ᠤᠭᠡᠷ ᠠᠰᠠᠷ ᠤᠨ ᠪᠤᠶ ᠪᠦᠬᠦᠢ ᠡᠭᠦᠳᠡᠨ ᠭᠡᠷ ᠨᠢ ᠳᠤᠯᠠᠭᠠᠯᠠᠭ᠎ᠠ ᠶᠢᠨ ᠬᠤᠭᠤᠯᠠᠶ ᠤᠭᠰᠠᠷᠠᠬᠤ ᠠᠰᠠᠭᠤᠳᠠᠯ ᠠᠴᠠ ᠪᠣᠯᠵᠤ ᠬᠡᠪ ᠤᠨ ᠪᠠᠶᠢᠳᠠᠯ ᠢᠶᠠᠷ ᠲᠤᠯᠠᠭᠠᠯᠠᠭ᠎ᠠ ᠬᠠᠨᠭ᠍ᠭᠠᠵᠦ ᠴᠢᠳᠠᠬᠤ ᠦᠭᠡᠶ ᠪᠠᠶᠢᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠯᠢ ᠲᠦᠷᠭᠡᠨ ᠢᠶᠠᠷ ᠰᠡᠯᠪᠢᠨ ᠵᠠᠰᠠᠬᠤ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠬᠤᠸᠠᠳᠧ ᠰᠢᠶᠠᠨ ᠤ ᠵᠠᠰᠠᠭ ᠤᠨ ᠣᠷᠳᠣᠨ ᠠᠴᠠ ᠨᠢᠭᠡᠨᠲᠡ ᠬᠤᠯᠪᠣᠭᠳᠠᠯ ᠪᠥᠬᠦᠶ ᠨᠢᠭᠡᠴᠢ ᠳᠤ ᠲᠣᠰ ᠬᠡᠰᠡᠭ ᠤᠨ ᠳᠤᠯᠠᠭᠠᠯᠠᠭ᠎ᠠ ᠬᠠᠩᠭᠠᠬᠤ ᠬᠤᠭᠤᠯᠠᠶ ᠲᠣᠤᠷ ᠢ ᠪᠠᠶᠢᠴᠠᠭᠠᠵᠤ ᠰᠡᠯᠪᠢᠨ ᠵᠠᠰᠠᠬᠤ ᠶᠢ ᠳᠠᠭᠠᠭᠠᠯᠭᠠᠵᠤ᠂ ᠵᠢᠱᠢᠯᠲᠡ ᠪᠠᠷ 9 ᠰᠠᠷ᠎ᠠ ᠶᠢᠨ ᠰᠡᠭᠦᠯᠴᠢ ᠪᠠᠷ ᠪᠠᠶᠢᠴᠠᠭᠠᠨ ᠰᠡᠯᠪᠢᠵᠦ ᠳᠠᠭᠤᠰᠬᠠᠨ᠎ᠠ᠃ ︵ᠲᠠᠭᠠᠭᠠᠴᠢᠯᠠᠨ ᠭᠦᠢᠴᠡᠳᠭᠡᠬᠦ ᠨᠢᠭᠡᠴᠢ᠄ ᠬᠤᠸᠠᠳᠧ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ︶
 
ᠢᠷᠡᠯᠲᠡ᠄ ᠤᠯᠠᠭᠠᠨᠴᠠᠪ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2