ᠰᠦᠢ ᠸᠧᠢ ᠵᠢᠶᠦ᠋ᠨ ᠠᠵᠤ ᠠᠬᠤᠶᠢᠯᠠᠯ ᠳᠤ ᠭᠦᠨᠵᠡᠭᠡᠶᠢᠷᠡᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2021/12/9
     12 ᠰᠠᠷ᠎ᠠ ᠶᠢᠨ 8 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠹᠧᠩᠵᠧᠨ ᠬᠤᠳᠠ ᠳᠤ ᠭᠦᠨᠵᠡᠭᠡᠶᠢᠷᠡᠵᠦ᠂ ᠥᠪᠡᠷ ᠤᠨ ᠰᠤᠷᠤᠯᠴᠠᠭᠰᠠᠨ ᠣᠶᠢᠯᠠᠭᠠᠯᠲᠠ ᠲᠠᠢ ᠪᠠᠨ ᠤᠶᠠᠯᠳᠤᠭᠤᠯᠵᠤ᠂ ᠠᠵᠤ ᠠᠬᠤᠶᠢᠯᠠᠯ ᠤᠨ ᠠᠵᠢᠯᠲᠠᠳ ᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ︽ᠬᠤᠶᠠᠷ ᠶᠡᠬᠡᠲᠡᠢ︾ ᠲᠦᠷᠦᠯ ᠵᠦᠢᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠵᠠᠢ᠃      ᠰᠦᠢ ᠸᠧᠢ ᠵᠢᠶᠦ᠋ᠨ ᠥᠪᠥᠷ ᠮᠣᠩᠭᠤᠯ ᠤᠨ ᠵᠢᠩ ᠯᠸᠢ ᠠᠵᠤ ᠦᠢᠯᠡᠰ ᠤᠨ ᠬᠢᠵᠠᠭᠠᠷᠲᠤ ᠺᠣᠮᠫᠠᠨᠢ᠂ ᠵᠢᠢ ᠮᠧᠩ ᠥᠨᠳᠥᠷ ᠴᠡᠪᠡᠷᠴᠡ ᠲᠠᠢ ᠤᠲᠤᠭ᠎ᠠ ᠦᠭᠡᠢ ᠨᠡᠭᠦᠷᠡᠰᠦᠨ ᠤ ᠬᠢᠵᠠᠭᠠᠷᠲᠤ ᠺᠣᠮᠫᠠᠨᠢ᠂ ᠵᠢᠢ ᠲᠢᠶᠧ ᠲᠡᠮᠦᠷ ᠤᠨ ᠬᠠᠶᠢᠯᠤᠰᠢ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠲᠢᠶᠠᠨ ᠱᠦᠸᠧ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯᠤᠨ ᠥᠪᠥᠷ ᠮᠣᠩᠭᠤᠯ ᠤᠨ ᠰᠠᠨ ᠠᠢ ᠹᠦ᠋ ᠸᠠᠨ ᠬᠤᠤ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠳᠤ ᠬᠦᠷᠴᠦ᠂ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠠᠵᠤ ᠠᠬᠤᠶᠢᠯᠠᠯ ᠤᠨ ᠲᠦᠷᠦᠯ ᠵᠦᠢᠯ ᠤᠨ ᠮᠡᠷᠭᠡᠵᠢᠯ ᠤᠨ ᠥᠭᠡᠷᠡᠴᠢᠯᠡᠯᠲᠡ ᠶᠢ ᠲᠡᠰ ᠳᠡᠪᠰᠢᠭᠦᠯᠬᠦ᠂ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ᠂ ᠠᠶᠤᠯᠭᠦᠢ ᠦᠢᠯᠡᠳᠪᠦᠷᠢᠯᠡᠯ᠂ ᠣᠷᠴᠢᠨ ᠲᠣᠭᠤᠷᠢᠨ ᠤ ᠬᠠᠮᠠᠭᠠᠯᠠᠯᠲᠠ ᠪᠠ ᠠᠵᠤ ᠦᠢᠯᠡᠰ ᠤᠨ ᠲᠣᠭᠠᠴᠢᠯᠠᠭᠰᠠᠨ ᠬᠥᠭᠵᠢᠯᠲᠡ ᠶᠢ ᠨᠠᠷᠢᠨ ᠣᠶᠢᠯᠠᠭᠠᠵᠤ᠂ ᠲᠤᠬᠠᠢ ᠶᠢᠨ ᠲᠠᠯᠠᠪᠤᠷ ᠲᠤ ︽ᠬᠤᠶᠠᠷ ᠶᠡᠬᠡᠲᠡᠢ︾ ᠲᠦᠷᠦᠯ ᠵᠦᠢᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠪᠠᠶᠢᠳᠠᠯ ᠢ ᠪᠠᠶᠢᠴᠠᠭᠠᠨ ᠦᠵᠡᠬᠦ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃      ᠬᠦᠷᠦᠭᠰᠡᠨ ᠭᠠᠵᠠᠷ ᠪᠣᠯᠭᠠᠨ ᠳᠤ᠂ ᠰᠦᠢ ᠸᠧᠢ ᠵᠢᠶᠦ᠋ᠨ ᠴᠥᠮ ᠠᠵᠤ ᠠᠬᠤᠶᠢᠯᠠᠯ ᠤᠨ ᠠᠵᠢᠯᠲᠠᠳ ᠲᠠᠢ ᠨᠢᠭᠤᠷᠳᠠᠨ ᠰᠠᠨᠠᠯ ᠢᠶᠠᠨ ᠰᠣᠯᠢᠯᠴᠠᠵᠤ ᠤᠬᠠᠭᠤᠯᠤᠨ ᠲᠠᠶᠢᠯᠪᠤᠷᠢᠯᠠᠪᠠ᠃ ᠲᠡᠷᠡ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠪᠢᠳᠡᠨ ᠤ ᠠᠵᠢᠯ ᠢᠶᠠᠨ ᠴᠢᠨᠠᠭᠰᠢᠳᠠ ᠰᠠᠶᠢᠲᠤᠷ ᠬᠢᠬᠦ ᠳᠤ ᠴᠢᠭᠯᠡᠯ ᠢ ᠵᠢᠭᠠᠨ ᠥᠭᠴᠦ᠂ ᠵᠢᠷᠤᠮᠯᠠᠯ ᠬᠠᠩᠭᠠᠵᠠᠢ᠃ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠪᠦᠬᠦ ᠣᠷᠣᠨ᠂ ᠪᠦᠬᠦ ᠬᠤᠳᠠ ᠶᠢᠨ ᠬᠥᠭᠵᠢᠯᠲᠡ ᠶᠢᠨ ᠶᠡᠭᠡ ᠲᠠᠯ᠎ᠠ ᠳᠠᠬᠢ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠤᠬᠠᠮᠰᠠᠷ ᠢ ᠪᠤᠢ ᠪᠣᠯᠭᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃      ᠰᠦᠢ ᠸᠧᠢ ᠵᠢᠶᠦ᠋ᠨ᠂ ᠰᠢᠨ᠎ᠡ ᠶᠢ ᠡᠭᠦᠳᠬᠦ ᠪᠠᠷ ᠬᠦᠳᠦᠯᠦᠨ ᠳᠠᠭᠠᠭᠤᠯᠬᠤ ᠤᠬᠠᠮᠰᠠᠷ ᠢ ᠪᠤᠢ ᠪᠣᠯᠭᠠᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠷᠴᠢᠯ ᠠᠵᠤ ᠠᠬᠤᠢ ᠶᠢᠨ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠵᠤ᠂ ᠨᠢᠭᠡ ᠪᠦᠯᠦᠭ ᠢ ᠰᠢᠭᠰᠢᠭᠳᠡᠭᠦᠯᠵᠦ ᠭᠠᠷᠭᠠᠬᠤ᠂ ᠨᠢᠭᠡ ᠪᠦᠯᠦᠭ ᠢ ᠮᠡᠷᠭᠡᠵᠢᠯ ᠤᠨ ᠥᠭᠡᠷᠡᠴᠢᠯᠡᠯᠲᠡ ᠬᠢᠵᠦ ᠲᠡᠰ ᠳᠡᠪᠰᠢᠭᠦᠯᠬᠦ᠂ ᠨᠢᠭᠡ ᠪᠦᠯᠦᠭ ᠢ ᠤᠷᠲᠤᠳᠬᠠᠨ ᠨᠥᠬᠦᠪᠥᠷᠢᠯᠡᠬᠦ ᠪᠠᠷ ᠳᠠᠮᠵᠢᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ ︽ᠬᠤᠶᠠᠷ ᠶᠡᠬᠡᠲᠡᠢ︾ ᠠᠵᠢᠯ ᠲᠦᠷᠦᠯ ᠤᠨ ᠵᠢᠭᠰᠠᠭᠠᠨ ᠪᠠᠶᠢᠴᠠᠭᠠᠵᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠲᠥᠷᠭᠡᠳᠬᠡᠵᠦ᠂ ᠡᠨᠧᠷᠭᠢ ᠶᠢ ᠠᠷᠪᠢᠯᠠᠵᠤ ᠬᠤᠷᠣᠭᠳᠠᠯ ᠢ ᠪᠠᠭᠠᠰᠬᠠᠬᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠭᠠᠳᠠᠭᠰᠢᠯᠠᠭᠤᠯᠬᠤ ᠶᠢ ᠪᠠᠭᠠᠰᠬᠠᠬᠤ ᠮᠡᠷᠭᠡᠵᠢᠯ ᠢ ᠳᠡᠭᠡᠭᠰᠢᠯᠡᠭᠦᠯᠵᠦ᠂ ᠬᠠᠮᠤᠭ ᠤᠨ ᠲᠡᠷᠢᠭᠦᠨ ᠤ ᠣᠶᠢᠯᠠᠭᠠᠭᠳᠠᠬᠤᠨ ᠪᠣᠯᠤᠨ ᠮᠡᠷᠭᠡᠵᠢᠯ ᠢᠶᠠᠷ ᠬᠥᠭᠵᠢᠯᠲᠡ ᠶᠢ ᠬᠦᠳᠦᠯᠦᠨ ᠳᠠᠭᠠᠭᠤᠯᠬᠤ ᠬᠡᠷᠡᠭᠲᠡᠢ᠃ ᠤᠯᠠᠮᠵᠢᠯᠠᠯᠲᠤ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠴᠢᠭᠯᠡᠯ ᠢ ᠰᠤᠳᠤᠯᠵᠤ᠂ ᠲᠥᠷᠥ ᠶᠢᠨ ᠪᠣᠳᠣᠯᠭ᠎ᠠ ᠶᠢᠨ ︽ᠳᠣᠬᠢᠭᠤᠷ︾ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠠᠵᠤ ᠠᠬᠤᠶᠢᠯᠠᠯ ᠢ ᠵᠣᠷᠢᠭᠵᠢᠭᠤᠯᠤᠨ ᠬᠥᠲᠥᠯᠦᠨ ᠵᠢᠯᠣᠭᠤᠳᠴᠤ ᠪᠠᠶᠢᠭᠠᠳ ᠮᠡᠷᠭᠡᠵᠢᠯ ᠤᠨ ᠥᠭᠡᠷᠡᠴᠢᠯᠡᠯᠲᠡ ᠬᠢᠵᠦ ᠲᠠᠰ ᠳᠡᠪᠰᠢᠭᠦᠯᠬᠦ ᠶᠢ ᠢᠳᠡᠪᠬᠢᠲᠡᠶ᠂ ᠰᠠᠨᠠᠭᠠᠴᠢᠯᠠᠭ᠎ᠠ ᠲᠠᠢ᠂ ᠦᠳᠲᠡᠷ ᠲᠦᠷᠭᠡᠨ ᠬᠡᠷᠡᠭᠵᠢᠭᠦᠯᠵᠦ᠂ ᠨᠢᠭᠲᠠ ᠪᠢᠲᠡᠭᠦᠮᠵᠢᠯᠡᠨ ᠲᠣᠭᠤᠰᠣ ᠠᠷᠢᠯᠭᠠᠵᠤ ᠴᠡᠪᠡᠷᠰᠢᠭᠦᠯᠬᠦ ᠥᠭᠡᠷᠡᠴᠢᠯᠡᠯᠲᠡ᠂ ᠡᠬᠢ ᠪᠠᠶᠠᠯᠢᠭ ᠢ ᠣᠷᠴᠢᠯᠳᠤᠭᠤᠯᠤᠨ ᠠᠰᠢᠭᠯᠠᠬᠤ ᠥᠭᠡᠷᠡᠴᠢᠯᠡᠯᠲᠡ᠂ ᠡᠨᠧᠷᠭᠢ ᠶᠢᠨ ᠬᠤᠷᠣᠭᠳᠠᠯ ᠤᠨ ᠬᠡᠮᠵᠢᠭᠳᠡᠯ ᠤᠨ ᠬᠡᠪ ᠳᠠᠭᠤᠷᠢᠶᠠᠯ ᠤᠨ ᠥᠭᠡᠷᠡᠴᠢᠯᠡᠯᠲᠡ᠂ ᠤᠶᠤᠨᠴᠢᠯᠠᠭᠰᠠᠨ ᠥᠭᠡᠷᠡᠴᠢᠯᠡᠯᠲᠡ ᠪᠠ ᠪᠣᠬᠢᠷᠲᠤᠯ ᠥᠬᠡᠶ ᠡᠨᠧᠷᠭᠢ ᠶᠢᠨ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠳᠥᠯᠭᠢᠨ ᠠᠬᠢᠭᠤᠯᠬᠤ ᠬᠡᠷᠡᠭᠲᠡᠶ᠃ ᠮᠠᠨ ᠤ ᠬᠤᠲᠠ ᠶᠢᠨ ᠥᠪᠡᠷᠮᠢᠴᠡ ᠡᠬᠢ ᠪᠠᠶᠠᠯᠢᠭ ᠪᠠ ᠣᠷᠣᠨ ᠪᠠᠶᠢᠷᠢ ᠶᠢᠨ ᠳᠠᠪᠠᠭᠤᠯᠢᠭ ᠲᠤ ᠲᠦᠰᠢᠭᠯᠡᠨ᠂ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠲᠠᠯ᠎ᠠ ᠪᠠᠷ ᠰᠢᠪᠲᠤᠯᠤᠯᠲᠠ ᠭᠠᠷᠭᠠᠬᠤ ᠪᠠᠷ ᠬᠦᠴᠦᠯᠡᠨ ᠴᠢᠷᠮᠠᠶᠢᠵᠤ᠂ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠤᠨ ᠬᠠᠮᠲᠤ ᠶᠢᠨ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠶ᠃ ᠪᠣᠬᠢᠷᠲᠤᠯ ᠦᠭᠡᠢ ᠬᠦᠷᠢᠶᠡᠯᠡᠩ ᠲᠣᠭᠤᠷᠢᠭ ᠪᠣᠯᠤᠨ ᠤᠶᠤᠨᠲᠤ ᠬᠦᠷᠢᠶᠡᠯᠡᠩ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠮᠡᠷᠭᠡᠵᠢᠯ ᠢ ᠥᠭᠡᠷᠡᠴᠢᠯᠡᠨ ᠲᠡᠰ ᠳᠡᠪᠰᠢᠭᠦᠯᠬᠦ᠂ ᠡᠷᠭᠢᠯᠳᠦᠭᠦᠯᠦᠨ ᠠᠰᠢᠭᠯᠠᠬᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠬᠦ ᠶᠢᠨ ᠲᠣᠭᠤᠷᠢᠨ ᠳᠤ ᠢᠷᠡᠬᠦ ᠵᠢᠯ ᠤᠨ ᠲᠦᠷᠦᠯ ᠵᠦᠢᠯ ᠢ ᠡᠷᠲᠡᠬᠡᠨ ᠲᠥᠯᠥᠪᠵᠢᠭᠦᠯᠬᠦ ᠬᠡᠷᠡᠭᠲᠡᠢ᠃ ᠡᠯ᠎ᠡ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠳᠤ ᠦᠢᠯᠡᠴᠢᠯᠡᠬᠦ ᠦᠵᠡᠯ ᠤᠬᠠᠮᠰᠠᠷ᠂ ᠴᠢᠳᠠᠪᠤᠷᠢ ᠪᠠ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠳᠤ ᠬᠠᠮᠲᠤᠷᠠᠯᠴᠠᠨ ᠰᠣᠯᠢᠯᠴᠠᠬᠤ ᠲᠠᠪᠴᠠᠩ ᠪᠠᠶᠢᠭᠤᠯᠤᠨ ᠥᠭᠴᠦ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠤᠶᠠᠯᠳᠤᠭᠤᠯᠤᠭᠰᠠᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠦᠷᠭᠡᠳᠬᠡᠨ ᠪᠠᠶᠢᠭᠤᠯᠬᠤ ᠬᠡᠷᠡᠭᠲᠡᠶ᠃ ᠬᠢᠨᠠᠯᠲᠠ ᠲᠠᠯᠪᠢᠬᠤ᠂ ᠦᠨᠡᠯᠡᠬᠦ᠂ ᠠᠰᠠᠭᠤᠳᠠᠯ ᠢ ᠢᠯᠡᠷᠡᠭᠦᠯᠬᠦ ᠪᠠ ᠱᠠᠩᠨᠠᠵᠤ ᠲᠣᠷᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ︽ᠬᠤᠶᠠᠷ ᠶᠡᠬᠡᠲᠡᠢ︾ ᠲᠦᠷᠦᠯ ᠵᠦᠢᠯ ᠢ ᠰᠣᠬᠤᠷ ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠭᠯᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠲᠤᠯᠭᠠᠭᠤᠷᠢᠯᠠᠯ ᠪᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠩᠭᠠᠳᠬᠠᠪᠠ᠃     ᠬᠤᠲᠠ ᠶᠢᠨ ᠤᠳᠤᠷᠢᠳᠤᠯᠭ᠎ᠠ ᠶᠦᠨ ᠫᠧᠩ ᠭᠠᠩ᠂ ᠯᠢᠦ ᠭᠦᠸᠧ ᠭᠠᠩ᠂ ᠭᠦᠩ ᠵᠢᠶᠠᠨ ᠪᠠᠶᠢᠴᠠᠭᠠᠨ ᠰᠤᠳᠤᠯᠤᠯᠲᠠ ᠪᠠ ᠶᠠᠷᠢᠯᠴᠠᠬᠤ ᠬᠤᠷᠠᠯ ᠳᠤ ᠣᠷᠣᠯᠴᠠᠪᠠ᠃                                                   ᠣᠷᠴᠢᠭᠤᠯᠤᠭᠴᠢ᠄ ᠭᠤᠸ᠎ᠠ                                                   ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2