ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠤᠶ᠎ᠡ
ᠨᠡᠶᠢᠲᠡᠯᠡᠭᠰᠡᠨ ᠴᠠᠭ᠄
2021/12/9
ᠭᠤᠣᠯ ᠰᠡᠳᠦᠪ᠄ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠤᠶ᠎ᠡᠴᠠᠭ᠄ 2021 ᠣᠨ ᠤ 12 ᠰᠠᠷ᠎ᠠ ᠶᠢᠨ 8 ᠤ ᠡᠳᠦᠷ ᠤᠨ 08 ᠴᠠᠭᠰᠤᠷᠪᠤᠯᠵᠢᠯᠠᠭ᠎ᠠ ᠬᠦᠯᠢᠶᠡᠭᠴᠢ᠄ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠠᠩ ᠹᠦ᠋ ᠴᠢᠶᠠᠩ    ᠲᠣᠪᠴᠢ ᠠᠭᠤᠯᠭ᠎ᠠ    ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠪᠦᠬᠦ ᠲᠠᠯ᠎ᠠ ᠶᠢᠨ ᠢᠯᠠᠯᠲᠠ ᠣᠯᠤᠭᠰᠠᠨ ᠤ ᠳᠠᠷᠠᠭ᠎ᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠤᠯᠠᠮ ᠴᠢᠨᠠᠭᠰᠢᠳᠠ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃      ᠰᠤᠷᠪᠤᠯᠵᠢᠯᠠᠭ᠎ᠠ    ᠰᠤᠷᠪᠤᠯᠵᠢᠯᠠᠭᠴᠢ᠄ ᠮᠠᠨ ᠤ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠨᠢᠭᠡᠨᠲᠡ ᠪᠥᠬᠦ ᠲᠠᠯ᠎ᠠ ᠶᠢᠨ ᠢᠯᠠᠯᠲᠠ ᠣᠯᠵᠤ᠂ ᠲᠦᠢᠯ ᠤᠨ ᠶᠠᠳᠠᠭᠤ ᠬᠦᠴᠢᠷᠳᠡᠯ ᠢ ᠲᠡᠤᠬᠡᠲᠦ ᠴᠢᠨᠠᠷᠲᠠᠶ ᠪᠠᠷ  ᠰᠢᠢᠳᠪᠦᠷᠢᠯᠡᠭᠰᠡᠨ ᠪᠣᠯᠪᠠᠴᠤ ᠬᠠᠷᠢᠴᠠᠩᠭᠤᠶ ᠶᠠᠳᠠᠭᠤ ᠬᠦᠴᠢᠷᠳᠡᠯ ᠮᠥᠨ ᠯᠡ ᠣᠷᠣᠰᠢᠭᠰᠠᠭᠠᠷ ᠪᠠᠶᠢᠨ᠎ᠠ᠂ ᠲᠠ ᠮᠠᠨ ᠤ ᠬᠤᠲᠠ ᠶᠢᠨ ᠪᠣᠳᠠᠲᠠᠶ ᠲᠠᠢ ᠤᠶᠠᠯᠳᠤᠭᠤᠯᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠦᠷ᠎ᠡ ᠪᠦᠲᠦᠭᠡᠯ ᠢ ᠬᠡᠷᠬᠢᠨ ᠤᠯᠠᠮ ᠨᠢᠭᠡ ᠠᠯᠬᠤᠮ ᠪᠠᠬᠢᠵᠢᠭᠦᠯᠬᠦ ᠲᠤᠬᠠᠶ ᠶᠠᠷᠢᠭᠠᠳ ᠦᠭᠬᠦᠨ᠎ᠡ ᠤᠤ︖        ᠵᠠᠩ ᠹᠦ᠋ ᠴᠢᠶᠠᠩ᠄ ᠨᠢᠭᠡ ᠳᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠶᠠᠳᠠᠭᠤ ᠶᠢ ᠲᠡᠳᠬᠦᠬᠦ ᠬᠥᠲᠥᠴᠢ ᠠᠵᠤ ᠠᠬᠤᠶᠢᠯᠠᠯ᠂ ᠬᠤᠷᠰᠢᠶ᠎ᠠ ᠶᠢ ᠪᠤᠶᠢᠵᠢᠭᠤᠯᠤᠨ ᠬᠥᠭᠵᠢᠭᠦᠯᠦᠨ ᠪᠤᠵᠠᠭᠠᠶᠢᠷᠠᠭᠤᠯᠵᠤ᠂ ᠠᠵᠤ ᠦᠢᠯᠡᠰ ᠤᠨ ᠬᠡᠯᠬᠢᠶᠡᠰᠦ ᠶᠢ ᠤᠷᠲᠤᠳᠬᠠᠨ᠂ ᠶᠠᠳᠠᠭᠤ ᠶᠢ ᠴᠥᠭᠡᠳᠬᠡᠵᠦ ᠶᠠᠳᠠᠭᠤ ᠶᠢ ᠳᠠᠶᠢᠴᠢᠯᠠᠬᠤ ᠴᠢᠳᠠᠪᠤᠷᠢ ᠶᠢ ᠨᠡᠮᠡᠭᠳᠡᠭᠦᠯᠦᠨ᠎ᠡ᠃ ᠠᠵᠢᠯ ᠣᠯᠭᠤᠬᠤ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠠᠵᠢᠯ ᠢ ᠴᠢᠩᠭᠠᠳᠬᠠᠵᠤ᠂ ᠬᠥᠳᠡᠯᠮᠦᠷᠢ ᠦᠢᠯᠡᠴᠢᠯᠡᠭᠡᠨ ᠤ ᠣᠷᠣᠯᠭ᠎ᠠ ᠶᠢ ᠨᠡᠮᠡᠭᠳᠡᠭᠦᠯᠦᠨ᠎ᠡ᠃ ᠠᠵᠤ ᠦᠢᠯᠡᠰ ᠢᠶᠠᠷ ᠬᠠᠪᠰᠤᠷᠤᠨ ᠲᠡᠳᠬᠦᠬᠦ᠂ ᠠᠵᠢᠯ ᠣᠯᠭᠤᠬᠤ ᠦᠢᠯᠡᠴᠢᠯᠡᠭᠡ ᠪᠠᠷ ᠳᠠᠮᠵᠢᠭᠤᠯᠤᠨ᠂ ᠠᠵᠤ ᠦᠢᠯᠡᠰ ᠬᠢᠭᠡᠳ ᠠᠵᠢᠯ ᠣᠯᠭᠤᠯᠲᠠ ᠶᠢᠨ ᠬᠠᠷᠢᠯᠴᠠᠨ ᠨᠥᠬᠦᠪᠥᠷᠢᠯᠡᠬᠦ᠂ ᠤᠬᠤᠷ ᠦᠶᠡᠯᠡᠯ᠂ ᠡᠩ ᠤᠨ ᠦᠨ᠎ᠡ᠂ ᠦᠷ᠎ᠡ ᠠᠰᠢᠭ ᠲᠦᠷᠭᠡᠨ ᠲᠦᠷᠦᠯ ᠵᠦᠢᠯ ᠬᠢᠭᠡᠳ ᠣᠷᠳᠣ ᠬᠤᠭᠤᠴᠠᠭᠠᠨ ᠤ ᠠᠵᠤ ᠦᠢᠯᠡᠰ ᠤᠨ ᠬᠠᠷᠢᠯᠴᠠᠨ ᠨᠥᠬᠦᠪᠥᠷᠢᠯᠡᠬᠦ ᠂ ᠬᠤᠲᠠ ᠶᠢᠨ ᠭᠠᠳᠠᠨ᠎ᠠ ᠠᠵᠢᠯ ᠬᠥᠳᠡᠯᠮᠦᠷᠢ ᠬᠢᠬᠦ ᠬᠢᠭᠡᠳ ᠲᠤᠬᠠᠶ ᠶᠢᠨ ᠭᠠᠵᠠᠷ ᠣᠶᠢᠷ᠎ᠠ ᠬᠠᠪᠢ ᠶᠢᠨ ᠠᠵᠢᠯ ᠣᠯᠭᠤᠯᠲᠠ ᠶᠢᠨ ᠬᠠᠷᠢᠯᠴᠠᠨ ᠨᠥᠬᠦᠪᠥᠷᠢᠯᠡᠬᠦ ᠶᠢ ᠦᠨᠡᠨᠬᠦ ᠪᠠᠲᠤᠯᠠᠵᠤ᠂ ᠣᠯᠠᠨ ᠲᠦᠮᠡᠨ ᠢ ᠲᠣᠭᠲᠠᠭᠤᠨ ᠪᠥᠭᠡᠳ ᠦᠷᠭᠦᠯᠵᠢᠯᠡᠨ ᠤᠷᠤᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠲᠠᠢ ᠪᠣᠯᠭᠠᠨ᠎ᠠ᠃    ᠬᠤᠶᠠᠷ ᠲᠤ᠂ ᠬᠥᠳᠡᠯᠦᠩᠭᠦᠶ ᠪᠠᠷ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠪᠢᠳᠡ ᠨᠢᠭᠡᠨᠲᠡ ︽ᠤᠯᠠᠭᠠᠨᠴᠠᠪ ᠬᠤᠲᠠ ᠶᠢᠨ ᠳᠠᠬᠢᠨ ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠬᠤ ᠬᠥᠳᠡᠯᠦᠩᠭᠦᠶ ᠪᠠᠷ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠬᠦ ᠠᠵᠢᠯ ᠤᠨ ᠲᠥᠰᠦᠯ︾ ᠢ ᠲᠣᠭᠲᠠᠭᠠᠨ ᠨᠡᠶᠢᠲᠡᠯᠡᠵᠦ᠂ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠭᠤᠤᠯ ᠬᠦᠢᠴᠡᠳᠬᠡᠯ ᠲᠤᠭ᠎ᠠ ᠶᠢᠨ ᠲᠣᠭᠤᠷᠢᠨ ᠳᠤ᠂ ᠶᠠᠳᠠᠭᠤ ᠠᠴᠠ ᠳᠤᠭᠳᠠᠭᠤᠨ ᠢᠶᠠᠷ ᠠᠩᠬᠢᠵᠢᠷᠠᠭᠠᠳᠤᠢ ᠬᠥᠮᠦᠨ ᠠᠮᠠ ᠪᠠ ᠵᠠᠬ᠎ᠠ ᠬᠢᠵᠠᠭᠠᠷ ᠤᠨ ᠠᠮᠠᠷᠬᠠᠨ ᠶᠠᠳᠠᠭᠤᠷᠠᠬᠤ ᠬᠥᠮᠦᠨ ᠠᠮᠠ ᠶᠢ ᠨᠢᠭᠲᠠ ᠮᠥᠷᠳᠡᠵᠦ᠂ ᠴᠠᠭ ᠲᠤᠬᠠᠶ ᠳᠤᠨᠢ ᠢᠯᠡᠷᠡᠭᠦᠯᠵᠦ᠂ ᠴᠠᠭ ᠲᠤᠬᠠᠶ ᠳᠤᠨᠢ ᠤᠷᠢᠳᠴᠢᠯᠠᠨ ᠰᠡᠷᠡᠮᠵᠢᠯᠡᠭᠦᠯᠵᠦ᠂ ᠴᠠᠭ ᠲᠤᠬᠠᠶ ᠳᠤᠨᠢ ᠬᠠᠪᠰᠤᠷᠤᠨ ᠲᠡᠳᠬᠦᠬᠦ ᠶᠢ ᠪᠡᠶᠡᠯᠡᠭᠦᠯᠪᠡ᠃        ᠭᠤᠷᠪᠠ ᠳᠤ ᠶᠠᠳᠠᠭᠤ ᠶᠢ ᠲᠡᠳᠬᠦᠬᠦ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠦᠷ᠎ᠡ ᠠᠰᠢᠭ ᠢ ᠦᠷᠭᠦᠯᠵᠢᠯᠡᠨ ᠪᠠᠳᠠᠷᠠᠭᠤᠯᠬᠤ ᠶᠢ ᠦᠨᠡᠨ ᠬᠦ ᠪᠠᠲᠤᠯᠠᠨ᠎ᠠ᠃        ᠰᠤᠷᠪᠤᠯᠵᠢᠯᠠᠭᠴᠢ᠄ ᠮᠠᠨ ᠤ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠪᠥᠬᠦ ᠲᠠᠯ᠎ᠠ ᠶᠢᠨ ᠢᠯᠠᠯᠲᠠ ᠤᠯᠪᠠ᠂ ᠲᠠᠷᠠᠭᠠᠴᠢ ᠶᠢᠨ ᠠᠵᠢᠯ ᠤᠨ ᠭᠤᠤᠯᠳᠠᠯᠭ᠎ᠠ ᠨᠢ ᠶᠠᠭᠤ ᠪᠣᠶ︖        ᠵᠠᠩ ᠹᠦ᠋ ᠴᠢᠶᠠᠩ᠄ ᠵᠠᠯᠭᠠᠭᠠᠳ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃        ᠨᠢᠭᠡ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠳᠤ ᠭᠤᠷᠪᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠵᠤᠯᠭᠠᠯᠳᠤᠯ ᠢ ᠠᠬᠢᠭᠤᠯᠦᠨ᠎ᠡ︔ ᠠᠵᠤ ᠦᠢᠯᠡᠰ ᠤᠨ ᠲᠦᠷᠦᠯ ᠵᠦᠢᠯ ᠢ ᠵᠣᠯᠭᠠᠭᠤᠯᠬᠤ ᠶᠢ ᠠᠬᠢᠭᠤᠯᠤᠨ᠎ᠡ︔ ᠪᠠᠶᠢᠭᠤᠯᠤᠯ ᠲᠣᠭᠲᠠᠴᠠ ᠶᠢᠨ ᠵᠣᠯᠭᠠᠯᠳᠤᠯ ᠢ ᠠᠬᠢᠭᠤᠯᠤᠨ᠎ᠠ᠃        ᠬᠤᠶᠠᠷ ᠲᠤ ᠬᠠᠷᠢᠴᠠᠩᠭᠤᠶ ᠶᠠᠳᠠᠭᠤ ᠬᠦᠴᠢᠷᠳᠡᠯ ᠢ ᠰᠢᠢᠳᠪᠦᠷᠢᠯᠡᠬᠦ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ ᠬᠥᠳᠡᠯᠦᠩᠭᠦᠶ ᠪᠠᠷ ᠬᠢᠨᠠᠨ ᠬᠡᠮᠵᠢᠬᠦ ᠪᠠᠷ ᠳᠡᠮᠵᠢᠨ᠂ ᠠᠮᠠᠷᠬᠠᠨ ᠶᠠᠳᠠᠭᠤᠷᠠᠬᠤ᠂ ᠳᠠᠬᠢᠨ ᠶᠠᠳᠠᠭᠤᠷᠠᠬᠤ ᠡᠲᠡᠭᠡᠳ᠂ ᠶᠠᠳᠠᠭᠤ ᠠᠴᠠ ᠠᠩᠭᠢᠵᠢᠷᠠᠬᠰᠠᠨ ᠳᠤ ᠲᠣᠭᠲᠠᠭᠤᠨ ᠪᠤᠰᠤ ᠡᠷᠦᠬᠡ᠂ ᠵᠠᠬ᠎ᠠ ᠬᠢᠵᠠᠭᠠᠷ ᠤᠨ ᠠᠮᠠᠷᠬᠠᠨ ᠶᠠᠳᠠᠭᠤᠷᠠᠬᠤ ᠡᠷᠦᠬᠡ ᠪᠠ ᠭᠡᠨᠡᠳᠲᠡ ᠡᠭᠦᠰᠬᠦ ᠬᠦᠨᠳᠦ ᠨᠣᠴᠢᠲᠠᠶ ᠬᠦᠴᠢᠷᠳᠡᠯ ᠲᠠᠢ ᠡᠷᠦᠬᠡ ᠶᠢ ᠨᠠᠩ ᠣᠨᠣᠪᠴᠢᠲᠠᠶ ᠢᠯᠭᠠᠨ ᠲᠠᠨᠢᠵᠤ᠂ ᠴᠠᠭ ᠲᠤᠬᠠᠶ ᠳᠤᠨᠢ ᠬᠠᠨᠳᠤᠯᠭᠠᠲᠤ ᠴᠢᠨᠠᠷᠲᠠᠶ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠠᠪᠴᠤ᠂ ᠲᠡᠳᠡᠨ ᠢ ᠨᠠᠩ ᠰᠠᠶᠢᠨ ᠬᠠᠪᠰᠤᠷᠤᠨ ᠲᠡᠳᠬᠦᠨ᠎ᠡ᠃ ᠢᠯᠭᠠᠨ ᠲᠠᠨᠢᠬᠤ ᠶᠠᠪᠤᠴᠠ ᠳᠤ ᠪᠣᠳᠠᠲᠠᠶ ᠪᠠᠶᠢᠳᠠᠯ ᠳᠤ ᠨᠠᠩ ᠢᠯᠡᠭᠦᠤ ᠨᠡᠶᠢᠴᠡᠬᠦ ᠣᠯᠠᠨ ᠬᠡᠮᠵᠢᠯᠳᠦ ᠢᠯᠭᠠᠨ ᠲᠠᠨᠢᠬᠤ ᠬᠦᠢᠴᠡᠳᠭᠡᠯ ᠲᠣᠭᠠᠨ ᠤ ᠰᠢᠰᠲ᠋ᠧᠮ ᠢ ᠨᠢᠭᠡᠳᠦᠯᠲᠡᠶ ᠲᠥᠯᠥᠪᠯᠡᠨ ᠪᠣᠳᠣᠯᠬᠢᠯᠠᠨ᠎ᠡ᠂ ᠥᠭᠡᠷ᠎ᠡ ᠪᠠᠷ ᠬᠡᠯᠡᠪᠡᠯ ᠣᠷᠣᠯᠭ᠎ᠠ ᠠᠴᠠ ᠭᠠᠳᠠᠨ᠎ᠠ ᠂ ᠰᠤᠷᠭᠠᠨ ᠬᠥᠮᠦᠵᠢᠯ᠂ ᠡᠷᠡᠭᠦᠯ ᠮᠡᠨᠳᠦ᠂ ᠣᠷᠣᠨ ᠰᠠᠭᠤᠴᠠ ᠶᠢᠨ ᠣᠷᠴᠢᠨ ᠲᠣᠭᠤᠷᠢᠨ᠂ ᠰᠠᠭᠤᠭ᠎ᠠ ᠨᠡᠶᠢᠭᠡᠮ ᠲᠣᠭᠤᠷᠢᠭ ᠪᠤᠶᠤ ᠭᠠᠴᠠᠭ᠎ᠠ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠬᠡᠮᠵᠢᠶ᠎ᠡ ᠵᠡᠷᠭᠡ ᠠᠮᠢᠳᠤᠷᠠᠯ ᠤᠨ ᠬᠢᠷᠢ ᠬᠡᠮᠵᠢᠶ᠎ᠡ ᠲᠠᠢ ᠬᠤᠯᠪᠣᠭᠳᠠᠬᠤ ᠪᠤᠰᠤᠳ ᠬᠡᠮᠵᠢᠶ᠎ᠡ ᠨᠦᠭᠦᠳ ᠪᠣᠯᠤᠨ᠎ᠠ᠃        ᠰᠤᠷᠪᠤᠯᠵᠢᠯᠠᠭᠴᠢ᠄ ᠲᠠ ᠰᠠᠶ᠋ᠢᠬᠠᠨ ᠬᠥᠳᠡᠯᠦᠩᠭᠦᠶ ᠬᠢᠨᠠᠨ ᠬᠡᠮᠵᠢᠯᠲᠡ ᠶᠢ ᠬᠤᠶᠠᠷ ᠤᠳᠠᠭ᠎ᠠ ᠳᠤᠷᠠᠳᠤᠭᠰᠠᠨ ᠶᠤᠮ ᠂ ᠪᠥᠬᠦ ᠬᠤᠲᠠ ᠶᠢᠨ ᠶᠠᠳᠠᠭᠤ ᠠᠴᠠ ᠠᠩᠭᠢᠵᠢᠷᠠᠭᠰᠠᠨ ᠲᠣᠭᠲᠠᠭᠤᠨ ᠪᠤᠰᠤ ᠬᠥᠮᠦᠨ ᠠᠮᠠ ᠪᠠ ᠵᠠᠬ᠎ᠠ ᠬᠢᠵᠠᠭᠠᠷ ᠤᠨ ᠠᠮᠠᠷᠬᠠᠨ ᠶᠠᠳᠠᠭᠤᠷᠠᠬᠤ ᠬᠥᠮᠦᠨ ᠠᠮᠠ ᠳᠤ ᠬᠠᠨᠳᠤᠬᠤ ᠳᠠᠭᠠᠨ ᠪᠢᠳᠡ ᠶᠠᠮᠠᠷ ᠶᠠᠩᠵᠤ ᠶᠢᠨ ᠬᠢᠨᠠᠨ ᠬᠡᠮᠵᠢᠯᠲᠡ ᠶᠢᠨ ᠠᠷᠭ᠎ᠠ ᠮᠠᠶ᠋ᠢᠭ ᠢ ᠠᠪᠤᠪᠠᠯ ᠰᠠᠶ᠋ᠢ ᠴᠠᠭ ᠲᠤᠬᠠᠶ ᠳᠤᠨᠢ ᠢᠯᠡᠷᠡᠭᠦᠯᠵᠦ᠂ ᠴᠠᠭ ᠲᠤᠬᠠᠶ ᠳᠤᠨᠢ ᠤᠷᠢᠳᠴᠢᠯᠠᠨ ᠰᠡᠷᠡᠮᠵᠢᠯᠡᠭᠦᠯᠵᠦ᠂ ᠴᠠᠭ ᠲᠤᠬᠠᠶ ᠳᠤᠨᠢ ᠬᠠᠪᠰᠤᠷᠤᠨ ᠲᠡᠳᠬᠦᠵᠦ ᠴᠢᠳᠠᠬᠤ ᠪᠣᠶ︖        ᠵᠠᠩ ᠹᠦ᠋ ᠴᠢᠶᠠᠩ᠄ ᠲᠠᠷᠠᠭᠠᠴᠢ ᠶᠢᠨ ᠠᠯᠬᠤᠮ ᠳᠤ᠂ ᠪᠢᠳᠡ ᠲᠣᠭᠲᠠᠮᠠᠯ ᠬᠤᠭᠤᠴᠠᠭ᠎ᠠ ᠲᠠᠢ ᠪᠠᠷ ᠠᠮᠠᠷᠬᠠᠨ ᠶᠠᠳᠠᠭᠤᠷᠠᠬᠤ ᠪᠠ ᠳᠠᠬᠢᠨ ᠶᠠᠳᠠᠭᠤᠷᠠᠬᠤ ᠬᠥᠮᠦᠨ ᠠᠮᠠ ᠳᠤ ᠪᠠᠶᠢᠩᠭᠤ ᠶᠢᠨ ᠬᠥᠳᠡᠯᠦᠩᠭᠦᠶ ᠬᠢᠨᠠᠨ ᠬᠡᠮᠵᠢᠯᠲᠡ ᠬᠢᠵᠦ᠂ ᠡᠷᠦᠬᠡ ᠪᠠ ᠬᠥᠮᠦᠨ ᠤ ᠪᠠᠶᠢᠳᠠᠯ ᠳᠤᠨᠢ ᠲᠣᠬᠢᠷᠠᠭᠤᠯᠤᠨ ᠨᠠᠷᠢᠯᠢᠭ ᠣᠨᠣᠴᠠᠲᠠᠶ ᠪᠠᠷ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠨᠠᠶᠢᠳᠠᠪᠤᠷᠢᠵᠢᠭᠤᠯᠤᠨ᠂ ᠬᠥᠳᠡᠯᠦᠩᠭᠦᠶ ᠪᠠᠷ ᠲᠡᠭ ᠪᠣᠯᠭᠠᠬᠤ ᠶᠢ ᠪᠡᠶᠡᠯᠡᠭᠦᠯᠦᠨ᠎ᠡ᠃ ᠡᠨᠡ ᠠᠵᠢᠯ ᠢ ᠰᠠᠶᠢᠳᠤᠷ ᠬᠢᠬᠦ ᠳᠤ ᠪᠢᠳᠡ ᠲᠦᠷᠪᠡᠨ ᠠᠰᠠᠭᠤᠳᠠᠯ ᠢ ᠭᠤᠣᠯᠳᠠᠯᠭ᠎ᠠ ᠲᠠᠢ ᠪᠠᠷ ᠰᠢᠢᠳᠪᠦᠷᠢᠯᠡᠬᠦ ᠬᠡᠷᠡᠭᠲᠡᠶ᠄        ᠨᠢᠭᠡ ᠳᠤ᠂ ᠬᠢᠨᠠᠨ ᠰᠢᠯᠭᠠᠬᠤ ᠡᠲᠡᠭᠡᠳ ᠤᠨ ᠪᠠᠷᠢᠮᠵᠢᠶ᠎ᠠ ᠲᠡᠰ ᠳᠠᠷᠠᠭᠠᠯᠠᠯ ᠢ ᠪᠠᠷᠢᠮᠲᠠᠯᠠᠵᠤ᠂ ︽ᠬᠡᠨ ᠢ ᠬᠢᠨᠠᠨ ᠰᠢᠯᠭᠠᠬᠤ︾ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠤᠯᠤᠰ ᠤᠨ ᠨᠢᠭᠡᠳᠦᠯᠲᠡᠶ ᠬᠢᠨᠠᠨ ᠰᠢᠯᠭᠠᠬᠤ ᠡᠲᠡᠭᠡᠳ ᠢ ᠢᠯᠭᠠᠨ ᠲᠠᠨᠢᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠶᠠᠳᠠᠭᠤ ᠠᠴᠠ ᠠᠩᠬᠢᠵᠢᠷᠠᠭᠰᠠᠨ ᠲᠣᠭᠲᠠᠭᠤᠨ ᠪᠤᠰᠤ ᠡᠷᠦᠬᠡ᠂ ᠵᠠᠬ᠎ᠠ ᠬᠢᠵᠠᠭᠠᠷ ᠤᠨ ᠠᠮᠠᠷᠬᠠᠨ ᠶᠠᠳᠠᠭᠤᠷᠠᠬᠤ ᠡᠷᠦᠬᠡ᠂ ᠵᠢᠴᠢ ᠡᠪᠡᠳᠴᠢᠨ ᠤ ᠰᠢᠯᠲᠠᠭᠠᠨ᠂ ᠭᠠᠮᠰᠢᠭ ᠤᠨ ᠰᠢᠯᠲᠠᠭᠠᠨ ᠠᠴᠠ ᠪᠤᠯᠵᠤ ᠰᠠᠨᠠᠭᠠᠨ ᠳᠤ ᠦᠭᠡᠢ ᠡ᠊ᠨᠳᠡᠯ ᠭᠠᠷᠬᠤ ᠵᠡᠷᠭᠡ ᠵᠠᠶᠢᠯᠠᠰᠢ ᠦᠭᠡᠢ ᠵᠠᠷᠤᠯᠭ᠎ᠠ ᠨᠡᠯᠢᠶᠡᠳ ᠶᠡᠭᠡ ᠪᠤᠶᠤ ᠣᠷᠣᠯᠭ᠎ᠠ ᠶᠡᠭᠡ ᠪᠠᠷ ᠬᠠᠰᠤᠭᠳᠠᠭᠰᠠᠨ ᠠᠴᠠ ᠪᠤᠯᠵᠤ ᠦᠨᠳᠦᠰᠦᠨ ᠠᠮᠢᠳᠤᠷᠠᠯ ᠳᠤᠨᠢ ᠬᠦᠨᠳᠦ ᠨᠣᠴᠢᠲᠠᠶ ᠬᠦᠴᠢᠷᠳᠡᠯ ᠭᠠᠷᠤᠭᠰᠠᠨ ᠡᠷᠦᠬᠡ ᠶᠢᠨ ᠣᠷᠣᠯᠭ᠎ᠠ ᠵᠠᠷᠤᠯᠭ᠎ᠠ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠵᠢᠴᠢ ᠤᠤᠭᠤᠬᠤ ᠤᠰᠤᠨ ᠤ ᠠᠮᠤᠷ ᠲᠦᠪᠰᠢᠨ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠷ ᠬᠢᠨᠠᠨ ᠬᠡᠮᠵᠢᠨ᠎ᠡ᠃ ᠤᠯᠤᠰ ᠤᠨ ᠲᠣᠭᠲᠠᠭᠠᠭᠰᠠᠨ ᠢᠯᠭᠠᠨ ᠲᠠᠨᠢᠬᠤ ᠲᠠᠰ ᠳᠠᠷᠠᠭᠠᠯᠠᠯ ᠢ ᠴᠢᠩᠭ᠎ᠠ ᠵᠢᠷᠤᠮᠯᠠᠨ᠂ ᠬᠢᠨᠠᠨ ᠰᠢᠯᠭᠠᠬᠤ ᠡᠲᠡᠭᠡᠳ ᠲᠤ ᠬᠥᠳᠡᠯᠦᠩᠭᠦᠶ ᠲᠣᠬᠢᠷᠠᠭᠤᠯᠤᠯᠲᠠ ᠬᠢᠬᠦ ᠶᠢ ᠦᠨᠡᠨ ᠢ ᠪᠠᠷᠢᠮᠲᠠᠯᠠᠨ ᠥᠷᠨᠢᠭᠦᠯᠵᠦ᠂ ᠬᠢᠨᠠᠨ ᠰᠢᠯᠭᠠᠬᠤ ᠡᠲᠡᠭᠡᠳ ᠢ ᠴᠠᠭ ᠲᠤᠬᠠᠶ ᠳᠤᠨᠢ ᠨᠠᠷᠢᠯᠢᠭ ᠣᠨᠣᠴᠠᠲᠠᠶ ᠪᠠᠷ ᠲᠣᠭᠲᠠᠭᠠᠵᠤ᠂ ᠤᠷᠤᠭᠤᠯᠪᠠᠰᠤ ᠵᠣᠬᠢᠬᠤ ᠶᠢ ᠨᠢ ᠪᠦᠬᠦᠨ ᠢ ᠣᠷᠣᠭᠤᠯᠵᠤ᠂ ᠲᠡᠳᠬᠦᠪᠡᠰᠦ ᠵᠣᠬᠢᠬᠤ ᠶᠢ ᠨᠢ ᠪᠦᠬᠦᠨ ᠢ ᠲᠡᠳᠬᠦᠬᠦ ᠶᠢ ᠦᠨᠡᠨᠬᠦ ᠪᠠᠲᠤᠯᠠᠬᠤ ᠬᠡᠷᠡᠭᠲᠡᠶ᠃        ᠬᠤᠶᠠᠷ ᠲᠤ ᠬᠢᠨᠠᠨ ᠰᠢᠯᠭᠠᠬᠤ ᠡᠲᠡᠭᠡᠳ ᠤᠨ ᠬᠢᠨᠠᠨ ᠰᠢᠯᠭᠠᠬᠤ ᠭᠤᠤᠯ ᠴᠣᠭᠴᠠ ᠶᠢ ᠲᠣᠳᠣᠷᠬᠠᠶᠢᠯᠠᠵᠤ᠂ ︽ᠬᠡᠨ ᠬᠢᠨᠠᠨ ᠬᠡᠮᠵᠢᠬᠦ︾ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠶᠠᠳᠠᠭᠤ ᠬᠦᠴᠢᠷᠳᠡᠯᠲᠡᠶ ᠬᠥᠮᠦᠨ ᠠᠮᠠ ᠲᠠᠢ ᠭᠠᠴᠠᠭ᠎ᠠ ᠲᠣᠰᠬᠤᠨ ᠳᠤ ᠴᠥᠮ ᠲᠣᠰᠬᠤᠨ ᠳᠤ ᠰᠠᠭᠤᠬᠤ ᠠᠵᠢᠯᠯᠠᠬᠤ ᠠᠩᠭᠢ ᠪᠠ ᠨᠢᠭᠡᠳᠦᠭᠡᠷ ᠱᠦᠵᠢ ᠶᠢ ᠲᠣᠮᠢᠯᠠᠨ ᠰᠠᠭᠤᠯᠭᠠᠵᠤ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠬᠢᠨ ᠭᠠᠴᠠᠭ᠎ᠠ ᠲᠣᠰᠬᠤᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠬᠤ ᠨᠢᠭᠡᠳᠦᠭᠡᠷ ᠱᠦᠵᠢ᠂ ᠲᠣᠰᠬᠤᠨ ᠳᠤ ᠰᠠᠭᠤᠬᠤ ᠠᠵᠢᠯᠯᠠᠬᠤ ᠠᠩᠭᠢ᠂ ᠰᠦᠯᠵᠢᠶᠡᠨ ᠤ ᠠᠵᠢᠯᠲᠠᠨ᠂ ᠶᠠᠳᠠᠭᠤ ᠶᠢ ᠲᠡᠳᠬᠦᠬᠦ ᠮᠡᠳᠡᠭᠡ ᠵᠠᠩᠭᠢᠴᠢ ᠶᠢ ᠵᠠᠬ᠎ᠠ ᠬᠢᠵᠠᠭᠠᠷ ᠤᠨ ᠠᠮᠠᠷᠬᠠᠨ ᠡᠭᠦᠰᠬᠦ ᠶᠠᠳᠠᠭᠤ ᠡᠷᠦᠬᠡ ᠶᠢᠨ ᠬᠢᠨᠠᠨ ᠬᠡᠮᠵᠢᠬᠦ ᠬᠠᠷᠢᠭᠤᠴᠠᠯᠭᠠᠲᠠᠨ ᠢᠶᠠᠷ ᠲᠣᠭᠲᠠᠭᠠᠵᠤ᠂ ᠶᠠᠳᠠᠭᠤ ᠠᠴᠠ ᠠᠩᠭᠢᠵᠢᠷᠠᠭᠰᠠᠨ ᠲᠣᠭᠲᠠᠭᠤᠨ ᠪᠤᠰᠤ ᠡᠷᠦᠬᠡ ᠶᠢ ᠲᠡᠳᠡᠨ ᠤ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠢᠶᠠᠷ ᠬᠢᠨᠠᠨ ᠬᠡᠮᠵᠢᠬᠦ ᠬᠠᠷᠢᠭᠤᠴᠠᠯᠭᠠᠲᠠᠨ ᠪᠣᠯᠭᠠᠨ᠎ᠠ᠃ ᠬᠢᠨᠠᠨ ᠬᠡᠮᠵᠢᠬᠦ ᠠᠵᠢᠯᠲᠠᠳ ᠲᠣᠭᠲᠠᠮᠠᠯ ᠬᠤᠭᠤᠴᠠᠭ᠎ᠠ ᠲᠠᠢ ᠪᠠᠷ ᠰᠤᠷᠪᠤᠯᠵᠢᠯᠠᠨ ᠪᠠᠶᠢᠴᠠᠭᠠᠵᠤ᠂ ᠬᠢᠨᠠᠨ ᠬᠡᠮᠵᠢᠭᠳᠡᠬᠦ ᠡᠲᠡᠭᠡᠳ ᠢ ᠢᠯᠭᠠᠨ ᠲᠠᠨᠢᠬᠤ ᠪᠠᠷᠢᠮᠵᠢᠶ᠎ᠠ ᠶᠢᠨ ᠲᠠᠰ ᠳᠠᠷᠠᠭᠠᠯᠠᠯ ᠢ ᠴᠢᠩᠳᠠᠯᠠᠵᠤ᠂ ᠬᠢᠨᠠᠨ ᠬᠡᠮᠵᠢᠭᠳᠡᠬᠦ ᠡᠲᠡᠭᠡᠳ ᠢ ᠢᠯᠭᠠᠨ ᠲᠠᠨᠢᠬᠤ ᠨᠥᠬᠦᠴᠡᠯ ᠪᠠ ᠬᠠᠮᠢᠶ᠎ᠠ ᠪᠥᠬᠦᠶ ᠲᠡᠳᠬᠦᠬᠦ ᠲᠥᠷᠥ ᠶᠢᠨ ᠪᠣᠳᠣᠯᠭ᠎ᠠ ᠶᠢ ᠤᠬᠠᠭᠤᠯᠬᠤ ᠡᠷᠴᠢᠮ ᠢ ᠴᠢᠩᠭᠠᠷᠠᠭᠤᠯᠤᠨ᠂ ᠬᠢᠨᠠᠨ ᠬᠡᠮᠵᠢᠭᠳᠡᠬᠦ ᠡᠲᠡᠭᠡᠳ ᠤᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠶᠢᠴᠠᠭᠠᠨ ᠬᠠᠷᠭᠤᠭᠤᠯᠬᠤ ᠠᠵᠢᠯ ᠢ ᠦᠨᠡᠨᠬᠦ ᠰᠠᠶᠢᠲᠤᠷ ᠬᠢᠵᠦ᠂ ᠬᠢᠨᠠᠨ ᠬᠡᠮᠵᠢᠭᠰᠡᠨ ᠦᠷ᠎ᠡ ᠳ᠋ᠦᠩ ᠢ ᠴᠠᠭ ᠲᠤᠬᠠᠶ ᠳᠤᠨᠢ ᠲᠤᠰᠬᠠᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠵᠣᠬᠢᠴᠠᠭᠤᠯᠤᠨ ᠰᠢᠮᠳᠠᠭᠤᠯᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠠᠵᠢᠯ ᠤᠨ ᠨᠡᠶᠢᠯᠡᠮᠡᠯ ᠬᠦᠴᠦᠨ ᠢ ᠪᠦᠲᠦᠮᠵᠢᠲᠡᠶ ᠪᠦᠷᠢᠯᠳᠦᠭᠦᠯᠦᠨ᠎ᠡ᠃        ᠭᠤᠷᠪᠠ ᠳᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠵᠡᠷᠭᠡᠪᠡᠷ ᠬᠢᠨᠠᠨ ᠬᠡᠮᠵᠢᠬᠦ ᠶᠢ ᠪᠠᠷᠢᠮᠲᠠᠯᠠᠵᠤ ᠂ ︽ᠬᠡᠷᠬᠢᠨ ᠬᠢᠨᠠᠨ ᠬᠡᠮᠵᠢᠬᠦ︾ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠲᠠᠷᠢᠶᠠᠴᠢᠨ ᠡᠷᠦᠬᠡ ᠶᠢᠨ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠬᠦ᠂ ᠦᠨᠳᠦᠰᠦᠨ ᠱᠠᠲᠤᠨ ᠤ ᠺᠠᠳ᠋ᠷ ᠵᠢᠭᠰᠠᠭᠠᠨ ᠪᠠᠶᠢᠴᠠᠭᠠᠬᠤ᠂ ᠰᠠᠯᠠᠭ᠎ᠠ ᠮᠥᠴᠢᠷ ᠤᠨ ᠰᠢᠭᠰᠢᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠬᠦ ᠭᠤᠷᠪᠠᠨ ᠵᠦᠢᠯ ᠤᠨ ᠬᠢᠨᠠᠨ ᠬᠡᠮᠵᠢᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠷᠢᠯᠴᠠᠨ ᠨᠥᠬᠦᠪᠥᠷᠢᠯᠡᠵᠦ᠂ ᠬᠠᠷᠢᠯᠴᠠᠨ ᠬᠠᠮᠵᠢᠯᠴᠠᠵᠤ᠂ ᠬᠢᠨᠠᠨ ᠬᠡᠮᠵᠢᠭᠳᠡᠬᠦ ᠡᠲᠡᠭᠡᠳ ᠢ ᠲᠦᠷᠭᠡᠨ ᠢᠯᠡᠷᠡᠭᠦᠯᠬᠦ ᠪᠠ ᠴᠤᠤᠷᠢᠶᠠᠳᠤᠨ ᠳᠠᠭᠠᠬᠤ ᠲᠣᠭᠲᠠᠴᠠ ᠶᠢ ᠪᠦᠷᠢᠨᠰᠢᠬᠦᠯᠦᠨ᠎ᠡ᠃ ᠬᠢᠨᠠᠨ ᠬᠡᠮᠵᠢᠭᠳᠡᠬᠦ ᠡᠲᠡᠭᠡᠳ ᠤᠨ ᠬᠥᠳᠡᠯᠦᠩᠭᠦᠶ ᠬᠠᠮᠢᠶᠠᠷᠤᠯᠲᠠ ᠶᠢᠨ ᠠᠵᠢᠯ ᠢ ᠤᠯᠠᠷᠢᠯ ᠢᠶᠠᠷ ᠥᠷᠨᠢᠭᠦᠯᠵᠦ᠂ ᠬᠢᠨᠠᠨ ᠬᠡᠮᠵᠢᠭᠳᠡᠬᠦ ᠡᠲᠡᠭᠡᠳ ᠢ ᠢᠯᠭᠠᠨ ᠲᠠᠨᠢᠬᠤ ᠪᠠᠷᠢᠮᠵᠢᠶ᠎ᠠ ᠳᠤ ᠨᠡᠶᠢᠴᠡᠬᠦ ᠮᠠᠯᠵᠢᠬᠤ ᠲᠠᠷᠢᠶᠠᠯᠠᠬᠤ ᠡᠷᠦᠬᠡ ᠶᠢᠨ ᠤᠷᠤᠭᠤᠯᠪᠠᠰᠤ ᠵᠣᠬᠢᠬᠤ ᠶᠢ ᠨᠢ ᠪᠦᠬᠦᠨ ᠢ ᠤᠷᠤᠭᠤᠯᠵᠤ᠂ ᠲᠥᠷᠥᠯ ᠬᠤᠪᠢᠶᠠᠨ ᠬᠠᠮᠢᠶᠠᠷᠴᠤ᠂ ᠲᠥᠷᠥᠯ ᠬᠤᠪᠢᠶᠠᠨ ᠲᠡᠳᠬᠦᠨ᠎ᠡ᠃ ᠡᠭᠦᠨ ᠤ ᠬᠠᠮᠲᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠮᠡᠳᠡᠭᠡ ᠵᠠᠩᠭᠢ ᠶᠢᠨ ᠰᠢᠰᠲ᠋ᠧᠮ ᠤᠨ ᠲᠤᠭ᠎ᠠ ᠪᠠᠷᠢᠮᠲᠠ ᠶᠢᠨ ᠬᠢᠨᠠᠨ ᠰᠢᠨᠵᠢᠬᠦ ᠴᠢᠳᠠᠮᠵᠢ ᠪᠠ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢᠨ ᠬᠠᠷᠢᠴᠠᠭᠤᠯᠤᠭᠰᠠᠨ ᠦᠷ᠎ᠡ ᠳ᠋ᠦᠩ ᠢ ᠢᠳᠡᠪᠬᠢᠲᠡᠶ ᠪᠠᠷ ᠬᠡᠷᠡᠭᠯᠡᠨ᠎ᠡ᠃ ᠤᠯᠠᠷᠢᠯ ᠢᠶᠠᠷ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠡᠮ ᠡᠮᠨᠡᠯᠭᠡ ᠶᠢᠨ ᠪᠠᠳᠤᠯᠠᠭ᠎ᠠ ᠶᠢᠨ ᠳᠠᠭᠠᠳᠬᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠲᠤᠭ᠎ᠠ ᠪᠠᠷᠢᠮᠲᠠ ᠶᠢ ᠬᠠᠷᠢᠴᠠᠭᠤᠯᠬᠤ ᠠᠵᠢᠯ ᠢ ᠥᠷᠨᠢᠭᠦᠯᠬᠦ ᠶᠢᠨ ᠬᠠᠮᠲᠤ ᠲᠤᠭ᠎ᠠ ᠪᠠᠷᠢᠮᠲᠠ ᠶᠢ ᠬᠠᠷᠢᠴᠠᠭᠤᠯᠤᠭᠰᠠᠨ ᠦᠷ᠎ᠡ ᠳ᠋ᠦᠩ ᠢ ᠦᠨᠳᠦᠰᠦᠯᠡᠨ᠂ ᠬᠠᠮᠢᠶ᠎ᠠ ᠪᠥᠬᠦᠶ ᠠᠰᠠᠭᠤᠳᠠᠯ ᠢ ᠵᠠᠳᠠᠯᠤᠨ ᠡᠷᠢᠵᠦ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠲᠤ ᠲᠦᠭᠰᠢᠭᠦᠷᠢ ᠶᠢ ᠰᠡᠷᠡᠮᠵᠢᠯᠡᠭᠦᠯᠬᠦ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠪᠠᠭᠤᠯᠭᠠᠵᠤ᠂ ᠲᠤᠭ᠎ᠠ ᠪᠠᠷᠢᠮᠲᠠ ᠶᠢ ᠬᠠᠷᠢᠴᠠᠭᠤᠯᠬᠤ᠂ ᠵᠠᠳᠠᠯᠬᠤ᠂ ᠬᠠᠮᠲᠤᠪᠠᠷ ᠬᠦᠷᠳᠡᠬᠦ ᠵᠡᠷᠭᠡ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠳᠤ ᠰᠦᠯᠵᠢᠶᠡᠨ ᠳᠡᠭᠡᠷᠡᠬᠢ ᠤᠷᠢᠳᠴᠢᠯᠠᠨ ᠰᠡᠷᠡᠮᠵᠢᠯᠡᠭᠦᠯᠬᠦ ᠦᠢᠯᠡᠳᠦᠯ ᠢ ᠪᠦᠲᠦᠮᠵᠢᠲᠡᠶ ᠪᠠᠳᠠᠷᠠᠭᠤᠯᠤᠨ᠎ᠠ᠃        ᠳᠥᠷᠪᠡ ᠳᠤ ᠬᠢᠨᠠᠨ ᠬᠡᠮᠵᠢᠬᠦ ᠡᠲᠡᠭᠡᠳ ᠢ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠲᠣᠳᠣᠷᠬᠠᠶ ᠲᠣᠭᠲᠠᠭᠠᠵᠤ᠂ ︽ᠬᠡᠷᠬᠢᠨ ᠬᠠᠪᠰᠤᠷᠬᠤ︾ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠶ᠃ ︽ᠶᠠᠳᠠᠭᠤ ᠠᠴᠠ ᠠᠩᠬᠢᠵᠢᠷᠠᠭᠰᠠᠨ ᠴᠦ ᠬᠠᠷᠢᠭᠤᠴᠠᠯᠭ᠎ᠠ ᠪᠠᠨ ᠬᠠᠶᠠᠬᠤ ᠦᠬᠡᠢ᠂ ᠶᠠᠳᠠᠭᠤ ᠠᠴᠠ ᠠᠩᠬᠢᠵᠢᠷᠠᠭᠰᠠᠨ ᠴᠦ ᠲᠦᠷᠦ ᠶᠢᠨ ᠪᠤᠳᠤᠯᠭ᠎ᠠ ᠪᠠᠨ ᠳᠠᠰᠤᠯᠳᠠᠭᠤᠯᠬᠤ ᠦᠬᠡᠢ᠂ ᠶᠠᠳᠠᠭᠤ ᠠᠴᠠ ᠠᠩᠬᠢᠵᠢᠷᠠᠭᠰᠠᠨ ᠴᠦ ᠬᠠᠪᠰᠤᠷᠤᠨ ᠳᠡᠳᠬᠦᠬᠦ ᠪᠠᠨ ᠪᠤᠯᠢᠬᠤ ᠦᠬᠡᠢ᠂ ᠶᠠᠳᠠᠭᠤ ᠠᠴᠠ ᠠᠩᠬᠢᠵᠢᠷᠠᠭᠰᠠᠨ ᠴᠦ ᠬᠢᠨᠠᠯᠳᠠ ᠬᠠᠮᠢᠶᠠᠷᠤᠯᠳᠠ ᠪᠠᠨ ᠰᠤᠯᠠᠷᠠᠭᠤᠯᠬᠤ ᠦᠬᠡᠢ︾ ᠪᠠᠶᠢᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠶᠠᠳᠠᠭᠤᠷᠠᠬᠤ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ ᠲᠡᠭᠦᠯᠳᠡᠷᠵᠢᠭᠦᠯᠵᠦ᠂ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠠᠵᠢᠯ ᠲᠥᠷᠥᠯ ᠤᠨ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ᠠᠴᠠ ᠬᠥᠮᠦᠨ ᠪᠠ ᠡᠷᠦᠬᠡ ᠶᠢᠨ ᠪᠠᠶᠢᠳᠠᠯ ᠢ ᠦᠨᠳᠦᠰᠦᠯᠡᠨ ᠨᠠᠷᠢᠨ ᠣᠨᠣᠴᠠᠲᠠᠶ ᠪᠠᠷ ᠲᠥᠷᠥᠯ ᠬᠤᠪᠢᠶᠠᠨ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠠᠵᠤ ᠦᠢᠯᠡᠰ᠂ ᠠᠵᠢᠯ ᠣᠯᠭᠤᠯᠲᠠ᠂ ᠶᠡᠷᠦᠩᠬᠡᠶᠢᠯᠡᠭᠰᠡᠨ ᠪᠠᠲᠤᠯᠠᠭ᠎ᠠ᠂ ᠶᠠᠳᠠᠭᠤ ᠶᠢ ᠳᠡᠳᠬᠦᠬᠦ ᠤᠶᠤᠨ ᠰᠠᠨᠠᠭᠠᠨ ᠤ ᠳᠠᠯ᠎ᠠ ᠪᠠᠷ ᠲᠡᠳᠬᠦᠬᠦ ᠵᠡᠷᠭᠡ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠬᠤ ᠶᠢ ᠰᠡᠷᠭᠡᠶᠢᠯᠡᠬᠦ ᠳᠠᠭᠠᠳᠬᠠᠯ᠂ ᠶᠠᠳᠠᠭᠤ ᠠᠴᠠ ᠠᠩᠭᠢᠵᠢᠷᠠᠬᠤ ᠶᠢ ᠰᠡᠷᠭᠡᠶᠢᠯᠡᠬᠦ ᠰᠠᠭᠤᠷᠢ ᠮᠥᠩᠭᠦ ᠵᠡᠷᠭᠡ ᠶᠢ  ᠳᠡᠯᠬᠡᠷᠡᠬᠦᠯᠵᠤ᠂ ᠲᠠᠬᠢᠨ ᠶᠠᠳᠠᠭᠤᠷᠠᠬᠤ ᠲᠦᠭᠰᠢᠭᠦᠷᠢ ᠶᠢ ᠡᠵᠡᠮᠳᠡᠬᠦ ᠪᠣᠭᠤᠮᠲᠠ ᠶᠢ ᠦᠨᠡᠨᠬᠦ ᠤᠷᠢᠳᠴᠢᠯᠠᠭᠤᠯᠵᠤ᠂ ᠴᠠᠭ ᠲᠤᠬᠠᠢ ᠳᠤᠨᠢ ᠢᠯᠡᠷᠡᠭᠦᠯᠵᠦ᠂ ᠲᠦᠷᠭᠡᠨ ᠴᠤᠤᠷᠢᠶᠠᠲᠤᠨ ᠳᠠᠭᠠᠵᠤ᠂ ᠬᠥᠳᠡᠯᠦᠩᠭᠦᠢ ᠪᠠᠷ ᠬᠠᠮᠢᠶᠠᠷᠴᠤ᠂ ᠬᠥᠳᠡᠯᠦᠩᠭᠦᠢ ᠪᠠᠷ ᠴᠡᠪᠡᠷᠯᠡᠵᠦ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠲᠠᠬᠢᠨ ᠶᠠᠳᠠᠭᠤᠷᠠᠬᠤ᠂ ᠵᠠᠬ᠎ᠠ ᠬᠢᠵᠠᠭᠠᠷ ᠤᠨ ᠬᠥᠮᠦᠨ ᠠᠮᠠ ᠶᠢᠨ ᠶᠠᠳᠠᠭᠤᠷᠠᠬᠤ ᠶᠢ ᠪᠦᠲᠦᠮᠵᠢᠲᠡᠢ ᠰᠡᠷᠭᠡᠶᠢᠯᠡᠨ᠎ᠡ᠃
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2