| — ᠤᠯᠠᠭᠠᠨᠴᠠᠪ ᠬᠤᠲᠡ ᠶᠢᠨ ᠨᠠᠮ ᠤᠨ ᠬᠤᠷᠢᠶ᠎ᠠ ᠶᠢᠨ ᠱᠦᠵᠢ ᠰᠦᠶ ᠸᠧᠶ ᠵᠢᠶᠦ᠋ᠨ ᠢ ᠰᠤᠷᠪᠤᠯᠵᠢᠯᠠᠭᠰᠠᠨ ᠨᠢ | | | 12 ᠰᠠᠷ᠎ᠠ ᠶᠢᠨ 9 ᠤ ᠡᠳᠦᠷ᠂ ᠤᠯᠠᠭᠠᠨᠴᠠᠪ ᠬᠤᠳᠠ ᠥᠪᠡᠷᠲᠡᠭᠡᠨ ᠵᠠᠰᠠᠬᠤ ᠤᠷᠤᠨ ᠤ ᠠᠷᠪᠠᠨ ᠨᠢᠭᠡᠳᠦᠭᠡᠷ | ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠰᠤᠷᠤᠯᠴᠠᠨ | ᠲᠤᠭᠤᠰᠢᠯᠠᠭᠤᠯᠵᠤ ᠨᠠᠶᠢᠳᠠᠪᠤᠷᠢᠵᠢᠭᠤᠯᠬᠤ ᠲᠤᠬᠠᠢ ᠰᠤᠷᠪᠤᠯᠵᠢᠯᠠᠭᠴᠢ ᠤᠯᠠᠭᠠᠨᠴᠠᠪ ᠬᠤᠳᠡ ᠶᠢᠨ ᠨᠠᠮ ᠤᠨ | ᠬᠤᠷᠢᠶᠠᠨ ᠤ ᠱᠦᠵᠢ ᠰᠦᠢ ᠸᠧᠢ ᠵᠢᠶᠦ᠋ᠨ ᠢ ᠰᠤᠷᠪᠤᠯᠵᠢᠯᠠᠪᠠ᠃ | ᠰᠦᠢ ᠸᠧᠢ ᠵᠢᠶᠦ᠋ᠨ ᠬᠡᠯᠡᠬᠦ ᠳᠡᠭᠡᠨ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ | ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯ ᠮᠠᠨ ᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢᠨ | ᠲᠠᠰᠢᠷᠠᠮ ᠳᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠦᠭᠡᠳ᠂ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ | ᠵᠠᠩᠭᠢᠯᠠᠭ᠎ᠠ ᠶᠢᠨ ᠴᠠᠭ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠤᠶᠢᠯ ᠤᠨ ᠴᠢᠬᠤᠯᠠ ᠬᠤᠷᠠᠯ ᠪᠣᠯᠤᠨ᠎ᠠ᠃ | ᠶᠡᠭᠡ ᠬᠤᠷᠠᠯ ᠤᠨ ᠭᠤᠤᠯ ᠰᠡᠳᠦᠪ ᠢᠯᠡ ᠲᠣᠳᠣ᠂ ᠠᠯᠤᠰ ᠬᠡᠳᠦ ᠶᠢᠨ ᠵᠣᠷᠢᠯᠲᠡ ᠲᠠᠢ᠂ ᠦᠨᠡᠨ ᠢ ᠪᠠᠷᠢᠮᠲᠠᠯᠠᠨ | ᠰᠢᠨ᠎ᠡ ᠶᠢ ᠡᠭᠦᠳᠴᠦ᠂ ᠪᠦᠯᠬᠦᠮᠳᠡᠬᠦᠯᠦᠨ ᠲᠡᠮᠡᠴᠡᠬᠦᠯᠵᠦ᠂ ᠰᠡᠳᠭᠢᠯ ᠢ ᠨᠢᠭᠡᠳᠭᠡᠨ ᠬᠦᠴᠦ ᠶᠢ ᠬᠠᠮᠲᠤᠳᠬᠠᠵᠤ᠂ | ᠡᠷᠴᠢ ᠵᠤᠷᠢᠭ ᠢ ᠬᠥᠪᠴᠢᠯᠡᠪᠡ᠃ ᠢᠯᠠᠩᠭᠤᠶ᠎ᠠ ᠱᠢ ᠲᠠᠢ ᠹᠧᠩ ᠱᠦᠵᠢ ᠶᠢᠨ ᠥᠪᠡᠷᠲᠡᠭᠡᠨ ᠵᠠᠰᠠᠬᠤ ᠣᠷᠣᠨ ᠤ | ᠠᠷᠪᠠᠳᠤᠭᠠᠷ ᠬᠤᠭᠤᠴᠠᠭᠠᠨ ᠤ ᠨᠠᠮ ᠤᠨ ᠬᠤᠷᠢᠶ᠎ᠠ ᠶᠢ ᠲᠥᠯᠥᠭᠡᠯᠡᠨ ᠬᠢᠭᠰᠡᠨ ᠢᠯᠡᠳᠭᠡᠯ ᠨᠢ ᠤᠯᠤᠰ ᠲᠥᠷᠦ ᠶᠢᠨ | ᠵᠤᠭᠰᠤᠴᠠ ᠪᠠᠷ ᠥᠨᠳᠥᠷ᠂ ᠦᠵᠡᠯ ᠰᠠᠨᠠᠭ᠎ᠠ ᠭᠦᠨ ᠭᠦᠨᠵᠡᠭᠡᠢ᠂ ᠠᠵᠢᠯ ᠤᠨ ᠨᠠᠶᠢᠳᠠᠪᠤᠷᠢᠵᠢᠭᠤᠯᠤᠯᠲᠠ ᠪᠤᠳᠠᠳᠠᠢ᠂ | ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠪᠦᠷᠢᠮᠦᠰᠦᠨ ᠨᠡᠶᠢᠴᠡᠵᠦ᠂ ᠥᠪᠥᠷ ᠮᠣᠩᠭᠤᠯ ᠤᠨ ᠦᠨᠳᠦᠰᠦᠲᠡᠨ | ᠨᠦᠬᠦᠳ ᠤᠨ ᠤᠯᠠᠨ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠲᠠᠢ ᠪᠦᠷᠢᠮᠦᠰᠦᠨ ᠨᠡᠶᠢᠴᠡᠵᠦ ᠪᠠᠶᠢᠨ᠎ᠠ᠃ ᠬᠤᠷᠠᠯ | ᠤᠨ ᠬᠤᠭᠤᠴᠠᠭᠠᠨ ᠳᠤ᠂ ᠱᠢ ᠲᠠᠢ ᠹᠧᠩ ᠱᠦᠵᠢ ᠤᠯᠠᠭᠠᠨᠴᠠᠪ ᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ | ᠬᠢᠨᠠᠨ ᠵᠥᠪᠯᠡᠬᠦ ᠳᠤ ᠣᠷᠣᠯᠴᠠᠵᠤ᠂ ᠲᠥᠯᠥᠭᠡᠯᠡᠭᠴᠢᠳ ᠤᠨ ᠶᠠᠷᠢᠬᠤ ᠶᠢ ᠰᠣᠨᠣᠰᠤᠭᠰᠠᠨ ᠪᠥᠭᠡᠳ ︽ᠬᠠᠮᠲᠤᠪᠡᠷ | ᠪᠠᠶᠠᠵᠢᠬᠤ ᠶᠢ ᠠᠬᠢᠭᠤᠯᠬᠤ ᠲᠠᠯ᠎ᠠ ᠪᠠᠷ ᠰᠢᠨ᠎ᠡ ᠰᠢᠪᠳᠤᠯᠤᠯᠳᠠ ᠭᠠᠷᠭᠠᠬᠤ᠂ ᠪᠣᠬᠢᠷᠲᠤᠯ ᠥᠬᠡᠶ ᠬᠦᠭᠵᠢᠯᠳᠡ ᠶᠢ | ᠠᠬᠢᠭᠤᠯᠬᠤ ᠲᠠᠯ᠎ᠠ ᠪᠠᠷ ᠰᠢᠨ᠎ᠡ ᠰᠢᠪᠳᠤᠯᠤᠯᠳᠠ ᠭᠠᠷᠭᠠᠬᠤ᠂ ᠭᠠᠳᠠᠭᠠᠳᠤ ᠨᠡᠭᠡᠭᠡᠯᠲᠡ ᠶᠢ ᠠᠬᠢᠭᠤᠯᠬᠤ ᠲᠠᠯ᠎ᠠ ᠪᠠᠷ | ᠰᠢᠨ᠎ᠡ ᠰᠢᠪᠳᠤᠯᠤᠯᠳᠠ ᠭᠠᠷᠭᠠᠬᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠲᠠᠯ᠎ᠠ ᠪᠠᠷ ᠰᠢᠨ᠎ᠡ | ᠰᠢᠪᠳᠤᠯᠤᠯᠳᠠ ᠭᠠᠷᠭᠠᠬᠤ︾ ᠳᠥᠷᠪᠡᠨ ᠲᠠᠯ᠎ᠠ ᠶᠢᠨ ᠲᠣᠳᠣᠷᠬᠠᠶ ᠱᠠᠭᠠᠷᠳᠠᠯᠭ᠎ᠠ ᠳᠤᠷᠠᠳᠴᠤ᠂ ᠪᠢᠳᠠᠨ ᠤ ᠨᠠᠮ ᠤᠨ | ᠲᠦᠯᠦᠬᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠳᠤᠭᠤᠰᠢᠯᠠᠭᠤᠯᠤᠨ ᠨᠠᠶᠢᠳᠠᠪᠤᠷᠢᠵᠢᠭᠤᠯᠬᠤ | ᠳᠤ ᠦᠨᠳᠦᠰᠦᠨ ᠰᠡᠳᠭᠢᠴᠡ ᠪᠠ ᠤᠷᠤᠭᠰᠢᠯᠠᠬᠤ ᠴᠢᠭᠯᠡᠯ ᠬᠠᠩᠭᠠᠪᠠ᠃ ᠳᠠᠷᠠᠭᠠᠴᠢ ᠶᠢᠨ ᠠᠯᠬᠤᠮ ᠳᠤ᠂ | ᠤᠯᠠᠭᠠᠨᠴᠠᠪ ᠬᠤᠲᠠ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ | ᠲᠦᠯᠦᠬᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠬᠤ ᠶᠢ ᠴᠢᠬᠤᠯᠠ | ᠤᠯᠤᠰ ᠲᠥᠷᠦ ᠶᠢᠨ ᠡᠭᠦᠷᠭᠡ ᠪᠣᠯᠭᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ | ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ | ︽ᠬᠤᠶᠠᠷ ᠢ ᠳᠤᠭᠳᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ | ᠪᠡᠶᠡᠯᠡᠭᠦᠯᠵᠦ᠂ ︽ᠳᠥᠷᠪᠡᠨ ᠰᠢᠨ᠎ᠡ ᠰᠢᠪᠳᠤᠯᠤᠯᠳᠠ︾ ᠶᠢᠨ ᠱᠠᠭᠠᠷᠳᠠᠯᠭ᠎ᠠ ᠲᠠᠢ ᠬᠠᠷᠭᠤᠭᠤᠯᠵᠤ᠂ ᠦᠨᠡᠨ ᠬᠦ | ᠠᠳᠬᠤᠨ ᠪᠣᠳᠠᠲᠠᠶ ᠠᠵᠢᠯᠯᠠᠵᠤ᠂ ᠯᠠᠪᠳᠠᠭᠤᠨ ᠪᠠᠲᠤᠲᠠᠶ ᠤᠷᠤᠭᠰᠢᠯᠠᠵᠤ᠂ ᠨᠠᠮ ᠤᠨ ᠲᠦᠯᠦᠬᠡᠯᠡᠭᠴᠢᠳ ᠤᠨ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠤᠳᠠᠳᠠᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠦᠨᠡᠨ ᠬᠦ | ᠪᠠᠲᠤᠯᠠᠨ᠎ᠠ᠃ | ᠨᠢᠬᠡ ᠳᠤ᠂ ᠬᠠᠮᠲᠤᠪᠡᠷ ᠪᠠᠶᠠᠵᠢᠬᠤ ᠶᠢ ᠠᠬᠢᠭᠤᠯᠬᠤ ᠳᠡᠭᠡᠷ᠎ᠡ ᠬᠦᠴᠦ ᠲᠠᠯᠪᠢᠵᠤ᠂ ᠠᠷᠠᠳ ᠤᠨ ᠠᠮᠢᠳᠤᠷᠠᠯ ᠤᠨ | ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠦᠨ᠎ᠡ᠃ ︽ᠪᠠᠬᠢᠵᠢᠭᠦᠯᠬᠦ︾ ᠪᠠᠷ ᠭᠤᠤᠯᠳᠠᠯᠭ᠎ᠠ ᠪᠣᠯᠭᠠᠵᠤ᠂ ᠶᠠᠳᠠᠭᠤ | ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠥᠷᠭᠡᠳᠭᠡᠨ᠎ᠡ᠃ ︽ | ᠶᠠᠳᠠᠭᠤ ᠠᠴᠠ ᠠᠩᠭᠢᠵᠢᠷᠠᠭᠰᠠᠨ ᠴᠦ ᠬᠠᠷᠢᠭᠤᠴᠠᠯᠭ᠎ᠠ ᠪᠠᠨ ᠬᠠᠶᠠᠬᠤ ᠦᠭᠡᠢ᠂ ᠶᠠᠳᠠᠭᠤ ᠠᠴᠠ ᠠᠩᠭᠢᠵᠢᠷᠠᠭᠰᠠᠨ ᠴᠦ | ᠲᠦᠷᠦ ᠶᠢᠨ ᠪᠤᠳᠤᠯᠭ᠎ᠠ ᠪᠠᠨ ᠲᠠᠰᠤᠯᠳᠠᠭᠤᠯᠬᠤ ᠦᠭᠡᠢ᠂ ᠶᠠᠳᠠᠭᠤ ᠠᠴᠠ ᠠᠩᠭᠢᠵᠢᠷᠠᠭᠰᠠᠨ ᠴᠦ ᠬᠠᠪᠰᠤᠷᠤᠨ | ᠲᠡᠳᠭᠦᠬᠦ ᠪᠠᠨ ᠪᠤᠯᠢᠬᠤ ᠦᠭᠡᠢ᠂ ᠶᠠᠳᠠᠭᠤ ᠠᠴᠠ ᠠᠩᠭᠢᠵᠢᠷᠠᠭᠰᠠᠨ ᠴᠦ ᠬᠢᠨᠠᠯᠳᠠ ᠬᠠᠮᠢᠶᠠᠷᠤᠯᠳᠠ ᠪᠠᠨ ᠰᠤᠯᠠᠷᠠᠭᠤᠯᠬᠤ | ᠦᠭᠡᠢ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠪᠤᠨ ᠵᠢᠯ ᠤᠨ ᠰᠢᠯᠵᠢᠯᠳᠡ ᠶᠢᠨ ᠬᠤᠭᠤᠴᠠᠭᠠᠨ ᠤ | ᠲᠦᠷᠦ ᠶᠢᠨ ᠪᠣᠳᠣᠯᠭ᠎ᠠ ᠶᠢ ᠭᠦᠶᠴᠡᠳ ᠰᠠᠶᠢᠲᠤᠷ ᠠᠰᠢᠭᠯᠠᠵᠤ᠂ ᠬᠡᠪᠴᠢᠶᠡᠵᠢᠯ ᠤᠨ ᠴᠢᠨᠠᠷᠲᠠᠶ ᠳᠠᠬᠢᠨ ᠶᠠᠳᠠᠭᠤᠷᠠᠯ | ᠡᠭᠦᠰᠬᠦ ᠥᠬᠡᠶ ᠪᠠᠶᠢᠬᠤ ᠡᠨᠡ ᠬᠦ ᠬᠤᠷᠢᠭ᠎ᠠ ᠱᠤᠭᠤᠮ ᠢ ᠪᠠᠳᠤ ᠰᠠᠬᠢᠵᠤ᠂ ᠬᠥᠳᠡᠭᠡ ᠲᠣᠰᠬᠤᠨ ᠢ ᠬᠦᠭᠵᠢᠬᠦᠯᠦᠨ | ᠮᠠᠨᠳᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ | ᠂ ᠣᠷᠣᠨ ᠰᠠᠭᠤᠴᠠ ᠵᠡᠷᠭᠡ ᠤᠯᠠᠨ ᠲᠦᠮᠡᠨ ᠲᠠᠢ ᠨᠢᠭᠳᠠ ᠬᠤᠯᠪᠣᠭ᠎ᠠ ᠲᠠᠢ ᠭᠤᠣᠯᠳᠠᠯᠭ᠎ᠠ ᠲᠠᠢ ᠠᠷᠠᠳ ᠤᠨ | ᠠᠮᠢᠳᠤᠷᠠᠯ ᠤᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠨᠡᠶᠢᠳᠡ ᠶᠢᠨ ᠦᠨᠳᠦᠰᠦᠨ | ᠦᠢᠯᠡᠴᠢᠯᠡᠬᠡᠨ ᠤ ᠬᠦᠷᠢᠶᠡᠨ ᠤ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠢᠯᠠᠩᠭᠤᠶ᠎ᠠ ᠪᠡᠭᠡᠵᠢᠩ ᠥᠪᠥᠷ | ᠮᠣᠩᠭᠤᠯ ᠤᠨ ᠬᠠᠮᠵᠢᠯᠴᠠᠭ᠎ᠠ ᠶᠢ ᠠᠰᠢᠭᠯᠠᠨ ᠪᠡᠬᠡᠵᠢᠩ ᠤᠨ ᠡᠮ ᠡᠮᠨᠡᠯᠬᠡ ᠶᠢᠨ ᠪᠠᠶᠢᠭᠤᠯᠤᠮᠵᠢ ᠯᠤᠭ᠎ᠠ ᠶᠢᠨ | ᠬᠠᠮᠲᠤᠷᠠᠯᠴᠠᠭ᠎ᠠ ᠪᠠᠨ ᠤᠯᠠᠮ ᠴᠢᠨᠠᠭᠰᠢᠳᠡ ᠭᠦᠨᠵᠡᠭᠡᠶᠢᠷᠡᠭᠦᠯᠵᠦ᠂ ᠰᠢᠯᠢᠳᠡᠭ ᠰᠤᠷᠭᠠᠨ ᠬᠥᠮᠦᠵᠢᠯ᠂ ᠡᠮ | ᠡᠮᠨᠡᠯᠬᠡ ᠶᠢᠨ ᠡᠬᠢ ᠪᠠᠶᠠᠯᠢᠭ ᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ︽ᠨᠡᠷᠡᠳᠦ ᠡᠮᠴᠢ | ᠨᠡᠷᠡᠳᠦ ᠪᠠᠭᠰᠢ ᠲᠠᠭᠠᠭᠤᠯᠤᠨ ᠬᠥᠮᠦᠵᠢᠭᠦᠯᠬᠦ︾ ᠢᠨᠵᠧᠨᠧᠷᠢᠩ ᠢ ᠬᠡᠷᠡᠭᠵᠢᠬᠦᠯᠵᠤ᠂ ᠠᠷᠠᠳ ᠤᠯᠠᠨ ᠢ ᠨᠡᠩ ᠰᠠᠶᠢᠨ | ᠰᠤᠷᠭᠠᠨ ᠬᠥᠮᠦᠵᠢᠯ᠂ ᠨᠡᠩ ᠥᠨᠳᠥᠷ ᠲᠦᠪᠰᠢᠨ ᠪᠦᠬᠦᠢ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠲᠠᠢ | ᠪᠤᠯᠭᠠᠨ᠎ᠠ᠃ ᠬᠡᠷ ᠭᠠᠵᠠᠷ ᠤᠨ ᠬᠥᠷᠥᠩᠬᠡ ᠶᠢᠨ ᠬᠦᠷᠢᠶᠡᠨ ᠲᠠᠬᠢ ︽ᠭᠤᠷᠪᠠᠨ ᠬᠦᠴᠢᠷᠳᠡᠢ︾ ᠲᠡᠦᠬᠡᠨ ᠠᠴᠠ | ᠦᠯᠡᠳᠡᠭᠳᠡᠵᠤ ᠢᠷᠡᠭᠰᠡᠨ ᠠᠰᠠᠭᠤᠳᠠᠯ ᠢ ᠪᠥᠬᠦ ᠲᠠᠯ᠎ᠠ ᠪᠠᠷ ᠰᠢᠢᠳᠪᠦᠷᠢᠯᠡᠵᠤ᠂ ᠭᠤᠤᠯᠳᠠᠯᠭ᠎ᠠ ᠲᠠᠢ ᠬᠥᠮᠦᠰ ᠲᠤ | ᠠᠵᠢᠯ ᠣᠯᠭᠤᠬᠤ ᠶᠢ ᠰᠠᠶᠢᠲᠤᠷ ᠠᠳᠬᠤᠵᠤ᠂ ᠦᠨᠳᠦᠰᠦᠨ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ | ᠪᠠᠲᠤ ᠰᠠᠬᠢᠨ᠎ᠠ᠃ ᠵᠠᠰᠠᠯᠲᠡ ᠪᠠᠷ ᠭᠠᠷᠳᠠᠴᠠ ᠪᠣᠯᠭᠠᠵᠤ᠂ ᠬᠤᠳᠡ ᠶᠢᠨ ᠵᠠᠰᠠᠯᠲᠡ ᠶᠢᠨ ᠲᠦᠪᠰᠢᠨ ᠢ ᠲᠠᠰᠤᠷᠠᠯᠳᠠ | ᠦᠭᠡᠢ ᠳᠡᠭᠡᠭᠰᠢᠯᠡᠭᠦᠯᠦᠨ᠎ᠡ᠃ ᠠᠮᠤᠷ ᠲᠦᠪᠰᠢᠨ ᠬᠥᠭᠵᠢᠯᠳᠡ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ | ᠬᠠᠤᠯᠢᠵᠢᠯ ᠤᠨ ᠪᠠᠶᠢᠭᠤᠯᠤᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠡᠶᠢᠭᠡᠮ ᠤᠨ ᠵᠠᠰᠠᠯᠲᠡ ᠶᠢᠨ ᠰᠢᠨ᠎ᠡ ᠶᠢ | ᠡᠭᠦᠳᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠳᠤᠭᠳᠠᠭᠤᠨ ᠢ ᠬᠦᠴᠦᠯᠡᠨ | ᠬᠠᠮᠠᠭᠠᠯᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ | ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃ | ᠬᠤᠶᠠᠷ ᠲᠤ᠂ ᠪᠣᠬᠢᠷᠲᠤᠯ ᠦᠭᠡᠢ ᠬᠥᠭᠵᠢᠯᠳᠡ ᠶᠢ ᠠᠬᠢᠭᠤᠯᠬᠤ ᠳᠡᠭᠡᠷ᠎ᠡ ᠬᠦᠴᠦ ᠲᠠᠯᠪᠢᠵᠤ᠂ ᠠᠵᠤ ᠠᠬᠤᠢ | ᠶᠢᠨ ᠬᠡᠯᠪᠡᠷᠢ ᠶᠢ ᠬᠤᠪᠢᠷᠠᠭᠤᠯᠤᠨ ᠬᠥᠭᠵᠢᠬᠦᠯᠬᠦ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃ ᠪᠢᠳᠡ ︽ | ᠭᠤᠷᠪᠠ ᠶᠢ ᠬᠤᠪᠢᠷᠠᠭᠤᠯᠬᠤ︾᠂ ︽ᠬᠤᠶᠠᠷ ᠲᠠᠶᠢᠰᠢ ᠬᠤᠪᠢᠷᠠᠭᠤᠯᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ | ᠠᠵᠤ ᠦᠢᠯᠡᠰ ᠤᠨ ᠪᠦᠲᠦᠴᠡ ᠶᠢ ᠬᠦᠴᠦᠯᠡᠨ ᠬᠤᠪᠢᠷᠠᠭᠤᠯᠵᠤ᠂ ᠣᠳᠤ ᠶᠢᠨ ᠪᠠᠶᠢᠭ᠎ᠠ ᠠᠵᠤ ᠦᠢᠯᠡᠰ ᠤᠨ | ᠲᠣᠭᠤᠷᠢᠨ ᠳᠤ ᠠᠵᠤ ᠦᠢᠯᠡᠰ ᠤᠨ ᠬᠡᠯᠬᠢᠶ᠎ᠠ ᠶᠢ ᠲᠠᠰᠤᠷᠠᠯᠲᠠ ᠦᠭᠡᠢ ᠤᠷᠲᠤᠳᠬᠠᠵᠤ᠂ ᠬᠡᠯᠬᠢᠶ᠎ᠠ ᠶᠢ ᠨᠥᠬᠦᠪᠥᠷᠢᠯᠡᠨ | ᠂ ᠬᠡᠯᠬᠢᠶ᠎ᠠ ᠶᠢ ᠬᠦᠴᠦᠷᠬᠡᠭᠵᠢᠬᠦᠯᠵᠤ᠂ ︽ᠲᠠᠪᠤᠨ ᠠᠵᠤ ᠦᠢᠯᠡᠰ ᠤᠨ ᠪᠦᠯᠦᠭᠵᠢᠯ︾ ᠢ ᠪᠠᠶᠢᠭᠤᠯᠤᠨ᠎ᠠ᠃ | ᠲᠣᠭᠠᠴᠢᠯᠠᠭᠰᠠᠨ ᠠᠵᠤ ᠦᠶᠯᠡᠰ ᠤᠨ ᠪᠦᠯᠦᠭᠵᠢᠯ ᠢ ᠲᠦᠷᠭᠡᠳᠭᠡᠨ ᠪᠠᠶᠢᠭᠤᠯᠵᠤ᠂ ᠣᠲᠣ ᠶᠢᠨ ᠪᠠᠶᠢᠭ᠎ᠠ ᠳᠠᠪᠠᠭᠤᠯᠢᠭ | ᠢᠶᠠᠨ ᠭᠦᠶᠴᠡᠳ ᠪᠠᠳᠠᠷᠠᠭᠤᠯᠤᠨ᠂ ︽ᠡᠭᠦᠯᠡᠨ ᠬᠠᠳᠠᠭᠠᠯᠠᠯᠳᠠ ᠲᠤᠭᠠᠴᠢᠯᠠᠯᠲᠠ ᠪᠠᠷ ᠤᠶᠤᠨ ᠤᠬᠠᠭᠠᠨ ᠨᠡᠮᠡᠷᠢᠯᠡᠬᠦ︾ | ᠠᠵᠢᠯᠯᠠᠭ᠎ᠠ ᠶᠢ ᠭᠦᠨᠵᠡᠭᠡᠶ ᠦᠷᠨᠢᠭᠦᠯᠵᠦ᠂ ᠲᠣᠭᠠᠴᠢᠯᠠᠯᠳᠠ ᠡᠭᠦᠯᠡᠨ ᠬᠠᠳᠠᠭᠠᠯᠠᠯᠳᠡ ᠶᠢᠨ ᠦᠶᠯᠡᠴᠢᠯᠡᠭᠡᠨ ᠤ ᠠᠵᠤ | ᠦᠶᠯᠡᠰ ᠤᠨ ᠬᠡᠯᠬᠢᠶ᠎ᠠ᠂ ᠲᠣᠭᠠᠴᠢᠯᠠᠭᠰᠠᠨ ᠮᠠᠰᠢᠨ ᠲᠣᠨᠣᠭᠯᠠᠯ ᠦᠶᠯᠡᠳᠬᠦ ᠠᠵᠤ ᠦᠶᠯᠡᠰ ᠤᠨ ᠬᠡᠯᠬᠢᠶ᠎ᠠ ᠶᠢ | ᠲᠠᠰᠤᠷᠠᠯᠲᠠ ᠥᠬᠡᠶ ᠲᠡᠭᠦᠯᠳᠡᠷᠵᠢᠭᠦᠯᠦᠨ᠎ᠡ᠃ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠬᠡ ᠶᠢᠨ ᠠᠵᠤ ᠦᠢᠯᠡᠰ | ᠤᠨ ᠪᠦᠯᠦᠭᠵᠢᠯ ᠢ ᠲᠦᠷᠭᠡᠳᠭᠡᠨ ᠪᠠᠶᠢᠭᠤᠯᠵᠤ᠂ ᠬᠦᠢᠰᠦ ᠪᠠᠷᠢᠯᠭ᠎ᠠ ᠪᠠᠷ ᠪᠠᠷᠠᠭᠠᠨ ᠤ ᠬᠦᠢᠯᠬᠡᠬᠡ ᠶᠢ ᠳᠠᠶᠢᠴᠢᠯᠠᠬᠤ᠂ | ᠪᠠᠷᠠᠭᠠᠨ ᠤ ᠭᠦᠢᠯᠭᠡᠬᠡ ᠪᠠᠷ ᠠᠷᠠᠯᠵᠢᠶ᠎ᠠ ᠬᠤᠳᠠᠯᠳᠤᠭ᠎ᠠ ᠶᠢ ᠠᠬᠢᠭᠤᠯᠬᠤ᠂ ᠠᠷᠠᠯᠵᠢᠶ᠎ᠠ ᠬᠤᠳᠠᠯᠳᠤᠭ᠎ᠠ ᠪᠠᠷ ᠠᠵᠤ | ᠦᠢᠯᠡᠰ ᠢ ᠬᠦᠭᠵᠢᠬᠦᠯᠬᠦ ᠶᠢ ᠪᠠᠷᠢᠮᠲᠠᠯᠠᠵᠤ᠂ ᠤᠳᠤ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠠᠵᠤ ᠦᠢᠯᠡᠰ ᠤᠨ | ᠬᠡᠯᠬᠢᠶ᠎ᠠ᠂ ᠤᠳᠤ ᠦᠶ᠎ᠡ ᠶᠢᠨ ᠪᠠᠷᠠᠭᠠᠨ ᠤ ᠭᠦᠢᠯᠭᠡᠬᠡ ᠶᠢᠨ ᠠᠵᠤ ᠦᠢᠯᠡᠰ ᠤᠨ ᠬᠡᠯᠬᠢᠶ᠎ᠠ ᠶᠢ ᠲᠠᠰᠤᠷᠠᠯᠳᠠ ᠦᠭᠡᠢ | ᠲᠡᠭᠦᠯᠳᠡᠷᠵᠢᠭᠦᠯᠦᠨ᠎ᠡ᠃ ᠢᠳᠡᠭᠡᠨ ᠤ ᠡᠷᠡᠭᠦᠯ ᠮᠡᠨᠳᠦ ᠶᠢᠨ ᠠᠵᠤ ᠦᠶᠯᠡᠰ ᠤᠨ ᠪᠦᠯᠦᠭᠵᠢᠯ ᠢ ᠲᠦᠷᠭᠡᠳᠭᠡᠨ | ᠪᠠᠶᠢᠭᠤᠯᠵᠤ᠂ ︽ᠨᠣᠬᠠᠶ ᠶᠢᠨ ᠬᠤᠰᠢᠭᠤ ᠶᠢᠨ ᠠᠵᠤ ᠦᠶᠯᠡᠰ ᠢ ᠳᠡᠭᠡᠭᠰᠢᠯᠡᠬᠦᠯᠬᠦ᠂ ᠠᠷᠢᠯᠭᠠᠵᠦ ᠴᠡᠪᠡᠷᠯᠡᠭᠰᠡᠨ | ᠰᠢᠨ᠎ᠡ ᠰᠤᠷᠭᠤᠭ ᠢᠳᠡᠰᠢᠨ ᠨᠣᠭᠤᠭ᠎ᠠ ᠶᠢ ᠪᠡᠭᠡᠵᠢᠩ ᠳᠤ ᠣᠷᠣᠭᠤᠯᠬᠤ᠂ ᠲᠥᠮᠥᠰᠥ ᠶᠢᠨ ᠦᠶᠯᠡᠰ ᠤᠨ ᠦᠷ᠎ᠡ | ᠠᠰᠢᠭ ᠢ ᠳᠡᠭᠡᠭᠰᠢᠯᠡᠬᠦᠯᠦᠨ ᠥᠷᠲᠡᠭ ᠢ ᠨᠡᠮᠡᠭᠳᠡᠬᠦᠯᠬᠦ᠂ ᠮᠢᠬᠠᠨ ᠤ ᠦᠬᠡᠷ ᠤᠨ ᠰᠦᠷᠦᠭ ᠢ ᠥᠷᠭᠡᠳᠭᠡᠨ ᠳᠠᠬᠢᠨ | ᠢᠶᠠᠷ ᠨᠡᠮᠡᠭᠳᠡᠬᠦᠯᠬᠦ᠂ ᠮᠢᠬᠠᠨ ᠤ ᠬᠤᠨᠢᠨ ᠤ ᠡᠭᠦᠯᠳᠡᠷ ᠢ ᠰᠠᠶᠢᠵᠢᠷᠠᠭᠤᠯᠤᠨ ᠶᠠᠰᠤ ᠴᠢᠨᠠᠷ ᠢ ᠳᠡᠭᠡᠭᠰᠢᠯᠡᠬᠦᠯᠬᠦ᠂ | ᠰᠦ ᠶᠢᠨ ᠦᠶᠯᠡᠰ ᠢ ᠬᠦᠭᠵᠢᠬᠦᠯᠦᠨ ᠮᠠᠨᠳᠤᠭᠤᠯᠬᠤ︾ ᠵᠢᠷᠭᠤᠭᠠᠨ ᠶᠡᠭᠡ ᠠᠵᠤ ᠦᠶᠯᠡᠰ ᠤᠨ ᠠᠵᠢᠯᠯᠠᠭ᠎ᠠ ᠶᠢ | ᠲᠦᠷᠭᠡᠳᠭᠡᠨ ᠬᠡᠷᠡᠭᠵᠢᠬᠦᠯᠵᠤ᠂ ᠵᠢᠭᠤᠯᠴᠢᠯᠠᠯ ᠤᠨ ᠲᠦᠬᠦᠭᠡᠷᠦᠮᠵᠢ ᠶᠢ ᠤᠯᠠᠮ ᠴᠢᠨᠠᠭᠰᠢᠳᠡ ᠲᠡᠭᠦᠯᠳᠡᠷᠵᠢᠭᠦᠯᠦᠨ᠂ | ᠵᠢᠭᠤᠯᠴᠢᠯᠠᠯ ᠤᠨ ᠦᠶᠯᠡᠰ ᠤᠨ ᠡᠵᠡᠩᠨᠡᠯᠳᠡ ᠶᠢᠨ ᠬᠡᠯᠪᠡᠷᠢ ᠶᠢ ᠪᠠᠶᠠᠯᠢᠭᠵᠢᠭᠤᠯᠵᠤ᠂ ᠵᠢᠭᠤᠯᠴᠢᠯᠠᠯ ᠤᠨ ᠵᠠᠬ᠎ᠠ | ᠳᠡᠯᠭᠡᠭᠦᠷ ᠢ ᠥᠷᠭᠡᠳᠭᠡᠨ᠂ ᠤᠨᠴᠠᠯᠢᠬᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠵᠤ | ᠦᠶᠯᠡᠰ ᠤᠨ ᠬᠡᠯᠬᠢᠶ᠎ᠡ᠂ ᠰᠣᠶᠣᠯ ᠵᠢᠭᠤᠯᠴᠢᠯᠠᠯ ᠡᠷᠡᠭᠦᠯᠵᠢᠯ ᠤᠨ ᠠᠵᠤ ᠦᠶᠯᠡᠰ ᠤᠨ ᠬᠡᠯᠬᠢᠶ᠎ᠡ ᠶᠢ ᠲᠠᠰᠤᠷᠠᠯᠲᠠ | ᠥᠬᠡᠶ ᠲᠡᠭᠦᠯᠳᠡᠷᠵᠢᠭᠦᠯᠵᠦ᠂ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠡᠳ᠋ᠰᠢᠬᠦᠯᠬᠦ ᠰᠠᠭᠤᠷᠢᠨ᠂ ᠣᠷᠣᠨ ᠪᠦᠰᠡ ᠶᠢᠨ ᠴᠢᠨᠠᠷᠲᠠᠶ ᠰᠣᠶᠣᠯ ᠵᠢᠭᠤᠯᠴᠢᠯᠠᠯ ᠡᠷᠡᠭᠦᠯᠵᠢᠯ ᠰᠤᠪᠢᠯᠠᠯᠲᠠ ᠶᠢᠨ | ᠵᠤᠰᠠᠯᠠᠩ ᠤᠨ ᠦᠵᠡᠮᠵᠢ ᠶᠢᠨ ᠣᠷᠣᠨ ᠢ ᠴᠤᠭᠴᠠᠯᠠᠨ᠎ᠠ᠃ ᠡᠬᠢ ᠪᠠᠶᠠᠯᠢᠭ ᠢ ᠠᠰᠢᠭᠯᠠᠬᠤ ᠠᠵᠤ ᠦᠶᠯᠡᠰ ᠤᠨ | ᠪᠦᠯᠦᠭᠵᠢᠯ ᠢ ᠲᠦᠷᠭᠡᠳᠭᠡᠨ ᠪᠠᠶᠢᠭᠤᠯᠵᠤ᠂ ᠬᠡᠮᠵᠢᠶ᠎ᠡ ᠶᠢ ᠪᠠᠭᠠᠰᠬᠠᠬᠤ᠂ ᠳᠠᠬᠢᠨ ᠠᠰᠢᠭᠯᠠᠬᠤ᠂ ᠡᠬᠢ | ᠪᠠᠶᠠᠯᠢᠭᠵᠢᠭᠤᠯᠬᠤ ᠪᠠᠷ ᠴᠢᠭᠯᠡᠯ ᠪᠣᠯᠭᠠᠬᠤ ᠶᠢ ᠪᠠᠷᠢᠮᠲᠠᠯᠠᠵᠤ᠂ ︽ᠬᠤᠶᠠᠷ ᠶᠡᠭᠡ︾ ᠲᠥᠷᠥᠯ ᠵᠦᠶᠯ ᠢ ᠰᠣᠬᠤᠷ | ᠪᠠᠯᠠᠶ ᠪᠠᠷ ᠬᠥᠭᠵᠢᠬᠦᠯᠬᠦ ᠶᠢ ᠲᠠᠰᠤ ᠬᠤᠷᠢᠭᠯᠠᠵᠤ᠂ ᠲᠡᠮᠦᠷ ᠤᠨ ᠬᠠᠶᠢᠯᠤᠰᠢ ᠶᠢᠨ ᠠᠵᠢᠯ ᠲᠥᠷᠥᠯ ᠢ ᠴᠡᠭᠴᠡᠯᠡᠨ | ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠨᠡᠭᠦᠷᠡᠰᠦᠲᠥ᠋ᠷᠥᠭᠴᠢ ᠶᠢ ᠪᠠᠭᠠᠰᠬᠠᠵᠤ | ᠬᠤᠷᠣᠭᠳᠠᠯ ᠢ ᠪᠠᠭᠠᠰᠬᠠᠬᠤ ᠶᠢ ᠭᠦᠨᠵᠡᠭᠡᠶ ᠬᠡᠷᠡᠭᠵᠢᠬᠦᠯᠵᠤ᠂ ᠰᠠᠭᠤᠷᠢ ᠲᠦᠭᠦᠬᠡᠶ ᠮᠠᠲ᠋ᠧᠷᠢᠶᠠᠯ ᠤᠨ ᠠᠵᠤ ᠦᠶᠯᠡᠰ | ᠤᠨ ᠬᠡᠯᠬᠢᠶ᠎ᠡ᠂ ᠡᠬᠢ ᠪᠠᠶᠠᠯᠢᠭ ᠤᠨ ᠣᠷᠴᠢᠯ ᠤᠨ ᠠᠵᠤ ᠦᠶᠯᠡᠰ ᠤᠨ ᠬᠡᠯᠬᠢᠶ᠎ᠡ ᠶᠢ ᠲᠠᠰᠤᠷᠠᠯᠲᠠ ᠥᠬᠡᠶ | ᠲᠡᠭᠦᠯᠳᠡᠷᠵᠢᠭᠦᠯᠦᠨ᠎ᠡ᠃ ᠰᠠᠯᠬᠢᠨ ᠬᠦᠴᠦ ᠪᠠᠷ ᠴᠠᠬᠢᠯᠭᠠᠨ ᠭᠠᠷᠭᠠᠬᠤ᠂ ᠨᠠᠷᠠᠨ ᠤ ᠬᠡᠷᠡᠯ ᠢᠶᠠᠷ ᠴᠠᠬᠢᠯᠭᠠᠨ ᠭᠠᠷᠭᠠᠬᠤ | ᠪᠠ ᠬᠠᠳᠠᠭᠠᠯᠠᠬᠤ ᠠᠵᠤ ᠦᠶᠯᠡᠰ ᠤᠨ ᠪᠦᠯᠦᠭᠵᠢᠯ ᠢ ᠲᠦᠷᠭᠡᠳᠭᠡᠨ ᠪᠠᠶᠢᠭᠤᠯᠵᠤ᠂ ᠴᠠᠬᠢᠯᠭᠠᠨ ᠤ ᠰᠤᠷᠪᠤᠯᠵᠢ ᠲᠤᠤᠷ | ᠳᠠᠭᠠᠭᠠᠴᠠ ᠨᠥᠭᠡᠴᠡ ᠶᠢᠨ ᠵᠢᠱᠢᠶ᠎ᠡ ᠦᠵᠡᠭᠦᠯᠬᠦ ᠲᠥᠷᠥᠯ ᠵᠦᠶᠯ᠂ 600 ᠲᠦᠮᠡᠨ ᠺᠢᠯᠦᠸᠠᠲ ᠤᠨ ᠰᠠᠯᠬᠢᠨ | ᠬᠦᠴᠦ ᠪᠠᠷ ᠴᠠᠬᠢᠯᠭᠠᠨ ᠭᠠᠷᠭᠠᠬᠤ ᠰᠠᠭᠤᠷᠢᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠰᠢᠨ᠎ᠡ | ᠡᠨᠧᠷᠬᠢ ᠶᠢᠨ ᠮᠠᠰᠢᠨ ᠴᠤᠭᠴᠠᠯᠠᠪᠤᠷᠢ ᠶᠢᠨ ᠬᠡᠪᠴᠢᠶᠡᠵᠢᠯ ᠢ ᠳᠡᠭᠡᠭᠰᠢᠯᠡᠬᠦᠯᠵᠤ᠂ ᠡᠨᠧᠷᠭᠢ ᠬᠡᠷᠡᠭᠯᠡᠬᠦ ᠪᠦᠲᠦᠴᠡ ᠶᠢ | ᠦᠷᠭᠦᠯᠵᠢᠯᠡᠨ ᠰᠠᠶᠢᠵᠢᠷᠠᠭᠤᠯᠵᠤ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠳᠦ ᠣᠳᠣᠬᠢᠴᠢᠯᠠᠭᠰᠠᠨ ᠠᠵᠤ | ᠦᠶᠯᠡᠰ ᠤᠨ ᠰᠢᠰᠲ᠋ᠧᠮ ᠢ ᠬᠦᠴᠦᠯᠡᠨ ᠪᠠᠶᠢᠭᠤᠯᠤᠨ᠎ᠠ᠃ | ᠭᠤᠷᠪᠠ ᠳᠤ᠂ ᠨᠡᠭᠡᠭᠡᠯᠲᠡᠲᠦ ᠬᠥᠭᠵᠢᠯᠳᠡ ᠶᠢ ᠠᠬᠢᠭᠤᠯᠬᠤ ᠳᠡᠭᠡᠷ᠎ᠡ ᠬᠦᠴᠦ ᠲᠠᠯᠪᠢᠵᠤ᠂ ᠡᠬᠢ ᠪᠠᠶᠠᠯᠢᠭ ᠤᠨ | ᠴᠢᠬᠤᠯᠠ ᠡᠯᠧᠮᠧᠨ᠋ᠲ ᠢ ᠲᠦᠷᠭᠡᠨ ᠲᠥᠪᠯᠡᠷᠡᠭᠦᠯᠵᠦ ᠲᠠᠷᠬᠠᠭᠠᠬᠤ ᠶᠢ ᠪᠡᠶᠡᠯᠡᠭᠦᠯᠬᠦ ᠬᠡᠷᠡᠭᠳᠡᠢ᠃ ᠤᠯᠠᠭᠠᠨᠴᠠᠪ ᠤᠨ | ᠬᠠᠮᠤᠭ ᠤᠨ ᠶᠡᠭᠡ ᠳᠠᠪᠠᠭᠤᠯᠢᠭ ᠪᠣᠯ ᠣᠷᠣᠨ ᠪᠠᠶᠢᠷᠢ᠂ ᠬᠠᠮᠤᠭ ᠤᠨ ᠶᠡᠭᠡ ᠳᠠᠯᠳᠠ ᠬᠦᠴᠦᠨ ᠪᠣᠯ ᠨᠡᠭᠡᠭᠡᠯᠲᠡ ᠬᠢᠬᠦ | ᠶᠠᠪᠤᠳᠠᠯ ᠪᠣᠯᠤᠨ᠎ᠠ᠃ ᠪᠢᠳᠡ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠣᠭᠴᠠᠵᠢᠭᠤᠯᠬᠤ ᠳᠤ | ᠭᠦᠨᠵᠡᠭᠡᠶ ᠠᠭᠤᠰᠤᠯᠴᠠᠵᠤ᠂ ᠤᠯᠠᠭᠠᠨᠴᠠᠪ — ᠡᠷᠢᠶᠡᠨ ᠬᠤᠲᠡ ᠶᠢᠨ ᠤᠯᠤᠰ ᠤᠨ ᠪᠠᠷᠠᠭᠠᠨ ᠤ ᠭᠦᠶᠯᠭᠡᠭᠡ ᠶᠢᠨ | ᠬᠦᠶᠰᠦ ᠶᠢᠨ ᠪᠥᠲᠥᠭᠡᠨ ᠪᠠᠶᠢᠭᠤᠯᠤᠯᠲᠠ ᠪᠣᠯᠤᠨ ᠬᠢᠯᠢ ᠶᠢᠨ ᠪᠣᠭᠤᠮᠲᠡ ᠶᠢ ᠨᠢᠭᠡ ᠴᠤᠭᠴᠠᠵᠢᠭᠤᠯᠤᠨ ᠬᠥᠭᠵᠢᠬᠦᠯᠬᠦ | ᠶᠢ ᠭᠦᠨᠵᠡᠭᠡᠶ ᠠᠬᠢᠭᠤᠯᠤᠨ᠎ᠠ᠃ ᠣᠷᠣᠨ ᠪᠠᠶᠢᠷᠢ ᠵᠠᠮ ᠬᠠᠷᠢᠯᠴᠠᠭ᠎ᠠ ᠳᠦᠭᠦᠮ᠂ ᠮᠠᠯ ᠤᠨ ᠠᠰᠢᠭ ᠰᠢᠮ᠎ᠡ ᠲᠠᠷᠢᠶᠠᠯᠠᠩ | ᠤᠨ ᠪᠦᠲᠦᠭᠡᠭᠳᠡᠭᠦᠨ ᠴᠢᠨᠠᠷ ᠰᠠᠶᠢᠲᠠᠶ᠂ ᠬᠢᠯᠢ ᠶᠢᠨ ᠪᠣᠭᠤᠮᠲᠠ ᠳᠣᠲᠣᠷ ᠭᠠᠵᠠᠷ ᠬᠠᠷᠢᠯᠴᠠᠨ ᠵᠠᠯᠭᠠᠯᠳᠤᠭᠰᠠᠨ ᠵᠡᠷᠭᠡ | ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ | ᠠᠵᠤ ᠦᠢᠯᠡᠰ ᠤᠨ ᠬᠥᠭᠵᠢᠯᠳᠡ᠂ ᠰᠠᠭᠤᠷᠢ ᠲᠦᠬᠦᠭᠡᠷᠦᠮᠵᠢ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ | ᠵᠡᠷᠭᠡ ᠲᠠᠯ᠎ᠠ ᠪᠠᠷ ᠬᠠᠮᠵᠢᠯᠴᠠᠨ ᠵᠣᠯᠭᠠᠭᠤᠯᠬᠤ ᠶᠢ ᠴᠢᠩᠭᠠᠳᠬᠠᠵᠤ᠂ ᠴᠡᠪᠡᠷ ᠡᠨᠧᠷᠭᠢ᠂ ᠵᠢᠭᠤᠯᠴᠢᠯᠠᠯ᠂ ᠡᠷᠡᠭᠦᠯᠵᠢᠯ | ᠰᠤᠪᠢᠯᠠᠯᠲᠠ᠂ ᠰᠢᠨ᠎ᠡ ᠮᠠᠲ᠋ᠧᠷᠢᠶᠠᠯ᠂ ᠪᠣᠬᠢᠷᠲᠤᠯ ᠦᠭᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ | ᠤ ᠬᠠᠩᠭᠠᠯᠭ᠎ᠠ᠂ ᠮᠠᠰᠢᠨ ᠲᠥᠬᠦᠭᠡᠷᠦᠮᠵᠢ ᠦᠢᠯᠡᠳᠬᠦ ᠵᠡᠷᠭᠡ ᠬᠠᠷᠢᠴᠠᠩᠭᠤᠢ ᠳᠠᠪᠠᠭᠤᠯᠢᠭ ᠠᠵᠤ ᠦᠢᠯᠡᠰ ᠢ | ᠭᠤᠣᠯᠳᠠᠯᠭ᠎ᠠ ᠲᠠᠢ ᠰᠠᠶᠢᠲᠤᠷ ᠬᠥᠭᠵᠢᠬᠦᠯᠵᠤ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠳᠤᠮᠳᠠ ᠬᠠᠷᠢᠯᠴᠠᠨ | ᠠᠰᠢᠭᠳᠠᠢ ᠬᠠᠮᠲᠤ ᠪᠠᠷ ᠠᠰᠢᠭ ᠬᠦᠷᠲᠡᠬᠦ ᠶᠢ ᠪᠡᠶᠡᠯᠡᠭᠦᠯᠦᠨ᠎ᠡ᠃ ᠵᠥᠷᠢᠶ᠎ᠡ ᠪᠠᠨ ᠣᠨᠣᠪᠴᠢᠲᠠᠶ ᠡᠷᠢᠵᠦ ᠣᠯᠤᠭᠰᠠᠨ | ᠰᠠᠭᠤᠷᠢᠨ ᠳᠡᠭᠡᠷ᠎ᠡ᠂ ᠰᠤᠷᠭᠠᠨ ᠬᠥᠮᠦᠵᠢᠯ᠂ ᠡᠮ ᠡᠮᠨᠡᠯᠭᠡ᠂ ᠲᠤᠤᠷᠵᠢᠭᠰᠠᠨ ᠵᠠᠮ ᠬᠠᠷᠢᠯᠴᠠᠭ᠎ᠠ᠂ ᠤᠶᠤᠨᠲᠤ | ᠬᠤᠲᠡ ᠶᠢᠨ ᠪᠠᠶᠢᠭᠤᠯᠤᠯᠲᠠ᠂ ᠰᠠᠭᠤᠭᠠᠯᠢ ᠠᠷᠠᠳ ᠤᠨ ᠣᠷᠣᠯᠭ᠎ᠠ ᠵᠡᠷᠭᠡ ᠲᠠᠯ᠎ᠠ ᠪᠠᠷ ᠬᠢ ᠳᠤᠲᠠᠭᠤᠳᠠᠯ ᠪᠠ ᠪᠠᠭᠤᠷᠠᠶ | ᠲᠠᠯ᠎ᠠ ᠪᠠᠨ ᠲᠦᠷᠭᠡᠨ ᠨᠥᠬᠦᠪᠥᠷᠢᠯᠡᠵᠦ᠂ ᠠᠯᠬᠤᠮ ᠢᠶᠠᠨ ᠲᠠᠰᠤᠷᠠᠯᠲᠠ ᠥᠬᠡᠶ ᠲᠦᠷᠭᠡᠳᠭᠡᠨ ᠬᠥᠭᠵᠢᠬᠦᠯᠵᠤ᠂ ᠨᠢᠭᠡ | ᠴᠤᠭᠴᠠᠵᠢᠭᠰᠠᠨ ᠰᠠᠭᠤᠷᠢ ᠶᠢ ᠪᠠᠬᠢᠵᠢᠭᠦᠯᠦᠨ᠂ ᠨᠢᠬᠡ ᠴᠤᠭᠴᠠᠵᠢᠭᠰᠠᠨ ᠰᠢᠰᠲ᠋ᠧᠮ ᠢ ᠪᠦᠷᠢᠨᠰᠢᠬᠦᠯᠵᠤ᠂ ᠨᠢᠬᠡ | ᠴᠤᠭᠴᠠᠵᠢᠭᠰᠠᠨ ᠠᠭᠤᠷ ᠠᠮᠢᠰᠬᠤᠯ ᠢ ᠪᠦᠷᠢᠯᠳᠦᠭᠦᠯᠦᠨ᠎ᠡ᠃ ᠣᠷᠣᠨ ᠪᠦᠰᠡ ᠶᠢᠨ ᠬᠤᠯᠪᠣᠭᠠᠯᠠᠨ ᠬᠥᠳᠡᠯᠦᠯᠴᠡᠬᠦ᠂ | ᠪᠣᠳᠠᠲᠠᠢ ᠶᠢ ᠡᠷᠬᠢᠮᠯᠡᠬᠦ ᠬᠠᠮᠲᠤᠷᠠᠯᠴᠠᠭ᠎ᠠ ᠶᠢ ᠳᠤᠪᠤᠶᠢᠯᠭᠠᠨ᠎ᠠ᠃ ᠠᠭᠠᠷ ᠤᠨ ᠠᠶᠠᠯᠠᠯ ᠤᠨ ᠬᠢᠯᠢ ᠶᠢᠨ ᠪᠣᠭᠤᠮᠲᠠ᠂ | ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠬᠢᠯᠢ ᠶᠢᠨ | ᠪᠣᠭᠤᠮᠲᠡ ᠶᠢᠨ ᠳᠠᠶᠢᠴᠢᠯᠠᠯ᠂ ᠳᠣᠲᠣᠷ ᠭᠠᠵᠠᠷ ᠤᠨ ᠲᠤᠯᠭᠠᠭᠤᠷᠢᠯᠠᠯ᠂ ᠬᠢᠯᠢ ᠬᠢᠵᠠᠭᠠᠷ ᠤᠨ ᠬᠠᠷᠢᠯᠴᠠᠨ | ᠦᠶᠯᠡᠳᠦᠯᠴᠡᠬᠦ ᠪᠠᠶᠢᠷᠢᠰᠢᠯ ᠢ ᠲᠦᠷᠭᠡᠳᠭᠡᠨ ᠪᠠᠶᠢᠭᠤᠯᠵᠤ᠂ ︽ᠠᠵᠤ ᠠᠬᠤᠶ ᠶᠢᠨ ᠵᠠᠮ︾ ᠠᠴᠠ ︽ᠵᠠᠮ ᠤᠨ ᠠᠵᠤ | ᠠᠬᠤᠶ︾ ᠳᠠᠶᠢᠰᠢ ᠬᠤᠪᠢᠷᠠᠭᠤᠯᠬᠤ ᠶᠢ ᠠᠬᠢᠭᠤᠯᠵᠤ᠂ ︽ᠶᠠᠪᠤᠭᠤᠯ ᠠᠵᠤ ᠠᠬᠤᠶ︾ ᠠᠴᠠ ︽ᠨᠤᠲᠤᠭᠰᠢᠭᠰᠠᠨ | ᠠᠵᠤ ᠠᠬᠤᠶ︾ ᠳᠠᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ | ᠲᠦᠷᠪᠡ ᠳᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠠᠬᠢᠭᠤᠯᠬᠤ ᠳᠡᠭᠡᠷ᠎ᠡ ᠬᠦᠴᠦ ᠪᠠᠨ ᠲᠠᠯᠪᠢᠵᠦ᠂ | ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠤᠢ ᠪᠤᠯᠭᠠᠨ᠎ᠠ᠃ ︽ | ᠠᠯᠵᠠᠭᠤ ᠵᠠᠯᠬᠠᠭᠤ ᠰᠤᠯᠠ ᠵᠠᠳᠠᠭᠠᠢ᠂ ᠲᠦᠯᠬᠢᠵᠦ ᠵᠠᠶᠢᠯᠠᠭᠤᠯᠬᠤ᠂ ᠬᠤᠶᠢᠷᠭᠤᠰᠢᠬᠤ︾ ᠶᠢ ᠲᠤᠰᠬᠠᠢ ᠴᠡᠭᠴᠡᠯᠡᠨ | ᠵᠠᠰᠠᠬᠤ ᠪᠠᠷ ᠭᠠᠷᠳᠠᠴᠠ ᠪᠣᠯᠭᠠᠵᠤ᠂ ︽ᠲᠦᠷᠪᠡᠨ ᠰᠤᠷᠲᠠᠯ︾ ᠤᠨ ᠠᠰᠠᠭᠤᠳᠠᠯ ᠢ ᠪᠦᠬᠦ ᠲᠠᠯ᠎ᠠ ᠪᠠᠷ ᠵᠠᠯᠠᠷᠠᠭᠤᠯᠤᠨ᠎ᠠ | ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠬᠦᠯᠬᠦ ᠠᠴᠠ ᠡᠬᠢᠯᠡᠨ ᠠᠳᠬᠤᠵᠤ᠂ ᠤᠯᠠᠨ ᠲᠦᠮᠡᠨ | ᠤ ᠲᠤᠰᠬᠠᠯ ᠴᠢᠩᠭ᠎ᠠ ᠪᠠᠶᠢᠭ᠎ᠠ ᠶᠠᠪᠤᠳᠠᠯ ᠠᠴᠠ ᠡᠬᠢᠯᠡᠨ ᠬᠢᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠦᠨᠡᠨ | ᠬᠦ ᠴᠡᠭᠴᠡᠯᠡᠨ ᠵᠠᠰᠠᠵᠤ᠂ ᠱᠠᠮᠰᠢᠵᠤ ᠢᠯᠵᠠᠷᠠᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠠᠷᠢᠨ ᠬᠢᠨᠠᠮᠠᠭᠠᠢ | ᠬᠠᠷᠢᠭᠤᠴᠠᠬᠤ᠂ ᠵᠤᠷᠢᠭᠳᠡᠢ ᠡᠭᠦᠷᠭᠡᠯᠡᠬᠦ ᠠᠭᠤᠷ ᠠᠮᠢᠰᠬᠤᠯ ᠢ ᠪᠦᠬᠦ ᠲᠠᠯ᠎ᠠ ᠪᠠᠷ ᠪᠤᠢ ᠪᠣᠯᠭᠠᠵᠤ᠂ ᠨᠠᠮ ᠤᠨ ᠰᠤᠷᠲᠠᠯ | ᠵᠠᠰᠠᠭ ᠤᠨ ᠰᠤᠷᠲᠠᠯ ᠤᠨ ᠪᠦᠬᠦ ᠲᠠᠯ᠎ᠠ ᠪᠠᠷ ᠰᠠᠶᠢᠵᠢᠷᠠᠬᠤ ᠶᠢ ᠠᠬᠢᠭᠤᠯᠤᠨ᠎ᠠ᠃ ᠢᠯᠵᠠᠷᠠᠯ ᠢ ᠡᠰᠡᠷᠭᠦᠴᠡᠬᠦ ᠥᠨᠳᠥᠷ | ᠳᠠᠷᠤᠯᠲᠠᠲᠤ ᠪᠠᠶᠢᠳᠠᠯ ᠢ ᠪᠠᠳᠤᠯᠠᠨ᠎ᠠ᠃ ︽ᠴᠢᠩᠭ᠎ᠠ︾ ᠪᠠᠶᠢᠬᠤ ᠭᠤᠣᠯ ᠬᠦᠭ ᠠᠶᠠᠰ ᠢ ᠤᠷᠳᠤ ᠬᠤᠭᠤᠴᠠᠭ᠎ᠠ ᠪᠠᠷ | ᠪᠠᠷᠢᠮᠲᠠᠯᠠᠵᠤ᠂ ᠬᠡᠷᠡᠭ ᠢ ᠰᠢᠢᠳᠪᠦᠷᠢᠯᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠢᠯᠵᠠᠷᠠᠯ ᠤᠨ | ᠬᠡᠮᠵᠢᠶ᠎ᠠ ᠶᠢ ᠪᠠᠭᠠᠰᠬᠠᠵᠤ᠂ ᠬᠡᠮᠵᠢᠶ᠎ᠠ ᠨᠡᠮᠡᠭᠳᠡᠬᠦ ᠶᠢ ᠲᠠᠰᠤ ᠬᠤᠷᠢᠭᠯᠠᠨ᠎ᠠ᠃ ᠪᠢᠴᠢᠯ ᠢᠯᠵᠠᠷᠠᠯ ᠤᠨ ᠲᠤᠰᠬᠠᠢ ᠲᠡᠮᠡᠴᠡᠯ | ᠢ ᠭᠦᠨᠵᠡᠭᠡᠢ ᠥᠷᠨᠢᠭᠦᠯᠵᠦ᠂ ᠭᠠᠵᠠᠷ ᠰᠢᠷᠤᠢ ᠠᠭᠤᠷᠬᠠᠢ ᠶᠢᠨ ᠭᠠᠷᠤᠯᠲᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠂ ᠬᠠᠤᠯᠢ ᠬᠡᠷᠡᠭᠵᠢᠬᠦᠯᠵᠤ ᠬᠠᠤᠯᠢ ᠪᠠᠷᠢᠬᠤ᠂ ᠴᠤᠩᠬᠤᠪᠴᠢ ᠨᠢᠭᠡᠴᠢ ᠵᠡᠷᠭᠡ ᠢᠯᠵᠠᠷᠠᠯ ᠡᠭᠦᠰᠬᠦ ᠠᠶᠤᠯ ᠲᠦᠭᠰᠢᠬᠦᠷᠢ | ᠶᠡᠬᠡᠳᠠᠢ ᠬᠦᠷᠢᠶ᠎ᠡ ᠶᠢ ᠴᠢᠩᠭ᠎ᠠ ᠠᠩᠬᠠᠷᠴᠤ᠂ ᠨᠢᠬᠡ ᠶᠢ ᠣᠯᠵᠤ ᠮᠡᠳᠡᠪᠡᠯ ᠨᠢᠬᠡ ᠶᠢ ᠪᠠᠶᠢᠴᠠᠭᠠᠨ ᠰᠢᠢᠳᠪᠦᠷᠢᠯᠡᠬᠦ ᠶᠢ | ᠡᠷᠡᠰ ᠪᠡᠶᠡᠯᠡᠭᠦᠯᠦᠨ᠎ᠡ᠃ ᠬᠡᠷᠡᠭ ᠢᠶᠠᠷ ᠥᠭᠡᠷᠡᠴᠢᠯᠡᠯᠳᠡ ᠶᠢ ᠠᠬᠢᠭᠤᠯᠬᠤ ᠶᠢ ᠲᠠᠰᠤᠷᠠᠯᠲᠠ ᠦᠭᠡᠢ | ᠭᠦᠨᠵᠡᠭᠡᠶᠢᠷᠡᠭᠦᠯᠦᠨ᠎ᠡ᠃ ᠬᠡᠷᠡᠭ ᠢᠶᠠᠷ ᠥᠭᠡᠷᠡᠴᠢᠯᠡᠯᠳᠡ ᠶᠢ ᠠᠬᠢᠭᠤᠯᠬᠤ ᠶᠢ ᠤᠯᠤᠰ ᠲᠥᠷᠦ ᠶᠢᠨ ᠠᠮᠢ ᠠᠬᠤᠶ ᠶᠢ | ᠴᠡᠪᠡᠷᠰᠢᠬᠦᠯᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠭᠠᠵᠤ᠂ ᠠᠵᠢᠯ ᠲᠥᠷᠥᠯ᠂ ᠲᠣᠰ ᠭᠠᠵᠠᠷ ᠣᠷᠣᠨ ᠤ ︽ | ᠳᠡᠷᠭᠡᠳᠡᠬᠢ ᠬᠡᠷᠡᠭ︾ ᠢ ᠰᠤᠷᠭᠠᠨ ᠬᠥᠮᠦᠵᠢᠭᠦᠯᠬᠦ ᠡᠬᠢ ᠪᠠᠶᠠᠯᠢᠭ ᠪᠣᠯᠭᠠᠨ ᠬᠤᠪᠢᠷᠠᠭᠤᠯᠬᠤ ᠶᠢ ᠴᠢᠬᠤᠯᠠᠴᠢᠯᠠᠵᠤ᠂ | ᠰᠡᠷᠡᠮᠵᠢᠯᠡᠭᠦᠯᠬᠦ ᠬᠥᠮᠦᠵᠢᠯ ᠤᠨ ᠬᠠᠨᠳᠤᠯᠭᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ ᠴᠢᠩᠭᠠᠳᠬᠠᠨ᠎ᠠ ᠬᠡᠪᠡ᠃ | ᠰᠦᠢ ᠸᠧᠢ ᠵᠢᠶᠦ᠋ᠨ᠂ ᠥᠪᠡᠷᠲᠡᠭᠡᠨ ᠵᠠᠰᠠᠬᠤ ᠣᠷᠣᠨ ᠬᠤᠶᠢᠰᠢᠳᠡ ᠶᠢᠨ ᠲᠠᠪᠤᠨ ᠵᠢᠯ ᠤᠨ ᠵᠢᠷᠤᠭ ᠲᠥᠰᠦᠪ ᠢ | ᠨᠢᠭᠡᠨᠲᠡ ᠵᠢᠷᠤᠭ᠍ᠯᠠᠵᠠᠢ᠂ ᠵᠠᠩᠭᠢᠯᠠᠭ᠎ᠠ ᠨᠢ ᠨᠠᠶᠢᠳᠠᠪᠤᠷᠢᠵᠢᠭᠤᠯᠬᠤ ᠳᠤ ᠪᠠᠶᠢᠨ᠎ᠠ᠃ ᠤᠯᠠᠭᠠᠨᠴᠠᠪ ᠬᠤᠳᠠ ᠨᠠᠮ ᠤᠨ ᠪᠦᠬᠦ | ᠲᠠᠯ᠎ᠠ ᠶᠢᠨ ᠤᠳᠤᠷᠢᠳᠤᠯᠭ᠎ᠠ ᠶᠢ ᠤᠭᠳᠤᠬᠠᠨ ᠴᠦ ᠭᠤᠶᠢᠪᠢᠰᠢ ᠥᠬᠡᠶ ᠪᠠᠷᠢᠮᠲᠠᠯᠠᠨ ᠴᠢᠩᠭᠠᠳᠬᠠᠵᠤ᠂ | ᠣᠳᠣᠬᠢᠴᠢᠯᠠᠭᠰᠠᠨ ᠤᠯᠠᠭᠠᠨᠴᠠᠪ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢᠶᠠᠨ ᠴᠢᠷᠮᠠᠶᠢᠨ | ᠡᠬᠢᠯᠡᠭᠦᠯᠵᠦ᠂ ᠰᠢᠯᠢᠳᠡᠭ ᠠᠮᠵᠢᠯᠳᠡ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠡ ᠲᠠᠢ | ᠬᠤᠷᠠᠯᠳᠤᠬᠤ ᠶᠢ ᠤᠭᠳᠤᠨᠡ ᠭᠡᠵᠦ ᠬᠡᠯᠡᠪᠡ᠃ | ᠵᠤᠬᠢᠶᠠᠭᠴᠢ᠄ ᠬᠤᠸᠠᠩ ᠹᠦ᠋ ᠮᠧᠶ | |