︽ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠥᠭᠵᠢᠯᠲᠡ ᠶᠢᠨ ᠲᠥᠯᠥᠪᠵᠢᠭᠦᠯᠭᠡ︾ ᠨᠢ ᠲᠤᠰᠬᠠᠶ ᠮᠡᠷᠭᠡᠵᠢᠯᠲᠡᠨ ᠤ ᠬᠢᠨᠠᠨ ᠲᠤᠭᠲᠠᠭᠠᠯᠲᠠ ᠶᠢ ᠦᠩᠭᠡᠷᠡᠭᠡᠪᠡ
ᠨᠡᠶᠢᠲᠡᠯᠡᠭᠰᠡᠨ ᠴᠠᠭ᠄
2021/2/1
     1 ᠳ᠋ᠤᠭᠡᠷ ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠬᠥᠬᠡᠬᠤᠲᠠ ᠳᠤ ︽ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠥᠭᠵᠢᠯᠲᠡ ᠶᠢᠨ ᠲᠥᠯᠥᠪᠵᠢᠭᠦᠯᠭᠡ︾ ᠶᠢ ᠬᠢᠨᠠᠨ ᠲᠣᠭᠲᠠᠭᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃  ᠬᠢᠨᠡᠨ ᠲᠤᠭᠲᠠᠭᠠᠬᠤ ᠳᠤᠭᠤᠶᠢᠯᠠᠩ ᠨᠢ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ ᠠᠴᠠ ᠢᠷᠡᠭᠰᠡᠨ 8 ᠲᠤᠰᠬᠠᠶ ᠮᠡᠷᠭᠡᠵᠢᠯᠲᠡᠨ ᠪᠠᠷ ᠪᠦᠷᠢᠯᠳᠤᠵᠤ᠂ ᠤᠯᠠᠭᠠᠨᠴᠠᠪ ᠬᠤᠲᠠ ᠶᠢᠨ ᠰᠤᠶᠤᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ ᠼᠠᠢ ᠬᠦᠶ ᠹᠠᠩ  ᠬᠤᠷᠠᠯ ᠡᠷᠭᠢᠯᠡᠪᠡ᠃      ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠨᠠᠶᠢᠷᠠᠭᠤᠯᠤᠨ ᠵᠣᠬᠢᠶᠠᠬᠤ ᠨᠢᠭᠡᠴᠢ ᠶᠢᠨ ︽ᠲᠥᠯᠥᠪᠵᠢᠭᠦᠯᠭᠡ︾ ᠶᠢᠨ ᠠᠭᠤᠯᠭ᠎ᠠ ᠶᠢᠨ ᠲᠤᠬᠠᠶ ᠬᠠᠷᠢᠭᠤ ᠮᠡᠳᠡᠭᠦᠯᠦᠯᠲᠡ ᠶᠢ ᠬᠢᠨᠠᠮᠠᠭᠠᠶ ᠰᠤᠨᠤᠰᠤᠨ᠂ ᠪᠠᠰᠠ ᠲᠤᠯᠭᠠᠨ ᠯᠠᠪᠯᠠᠵᠦ᠂ ᠦᠨᠡᠯᠡᠪᠡ᠃ ᠣᠯᠠᠨ ᠢᠶᠠᠷ ᠢᠶᠠᠨ ︽ᠲᠥᠯᠥᠪᠵᠢᠭᠦᠯᠭᠡ︾ ᠨᠢ ︽ᠤᠯᠤᠰ ᠠᠷᠠᠳ ᠤᠨ ᠠᠵᠤ ᠠᠬᠤᠶ ᠪᠤᠯᠤᠨ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠰᠠᠨᠠᠭᠤᠯᠭ᠎ᠠ︾ ᠶᠢ ᠦᠨᠳᠦᠰᠦᠯᠡᠨ᠂ ᠤᠯᠠᠭᠠᠨᠴᠠᠪ ᠬᠤᠲᠠ ᠶᠢᠨ ᠨᠡᠶᠢᠭᠡᠮ ᠠᠵᠤ ᠠᠬᠤᠶ ᠶᠢᠨ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠵᠦ᠂ ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢ ᠲᠦᠯᠦᠪᠵᠢᠭᠦᠯᠵᠦ᠂ ᠪᠦᠲᠦᠴᠡ ᠪᠦᠷᠢᠨ ᠪᠦᠲᠦᠨ᠂ ᠠᠭᠤᠯᠭ᠎ᠠ ᠨᠢ ᠪᠦᠬᠦ ᠲᠠᠯ᠎ᠠ ᠶᠢᠨ᠂ ᠮᠠᠲ᠋ᠧᠷᠢᠶᠠᠯ ᠨᠢ ᠨᠠᠷᠢᠨ ᠪᠣᠳᠠᠲᠠᠶ᠂ ᠪᠠᠷᠠᠯᠠᠬᠢᠯᠠᠯ ᠤᠨ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠭᠡᠵᠦ  ᠰᠠᠨᠠᠯ ᠨᠢᠭᠡᠲᠠᠢ ᠦᠵᠡᠪᠡ᠃ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ︽ᠲᠥᠯᠥᠪᠵᠢᠭᠦᠯᠭᠡ︾ ᠬᠢᠨᠠᠨ ᠲᠣᠭᠲᠠᠭᠠᠯᠲᠠ ᠶᠢ ᠦᠩᠭᠡᠷᠡᠭᠡᠬᠦ ᠶᠢ ᠰᠠᠨᠠᠯ ᠨᠢᠭᠡᠲᠡᠶ ᠵᠥᠪᠰᠢᠶᠡᠷᠡᠪᠡ᠃ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤᠭᠤᠶᠢᠯᠠᠩ ᠠᠴᠠ ᠲᠤᠰᠬᠠᠢ ᠮᠡᠷᠭᠡᠵᠢᠯᠲᠡᠨ ᠤ ᠰᠠᠨᠠᠯ ᠰᠠᠨᠠᠭᠤᠯᠭ᠎ᠠ ᠶᠢ ᠭᠦᠢᠴᠡᠳ ᠰᠢᠩᠭᠡᠭᠡᠨ ᠠᠪᠴᠤ᠂ ᠲᠥᠯᠥᠪᠵᠢᠭᠦᠯᠭᠡ ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠨ᠎ᠡ ᠭᠡᠵᠦ ᠢᠯᠡᠷᠬᠡᠶᠢᠯᠡᠪᠡ᠃      ︽ᠲᠥᠯᠥᠪᠵᠢᠭᠦᠯᠭᠡ︾ ᠶᠢᠨ ᠨᠠᠶᠢᠷᠠᠭᠤᠯᠤᠨ ᠵᠣᠬᠢᠶᠠᠵᠤ ᠬᠢᠨᠠᠨ ᠲᠣᠭᠲᠠᠭᠠᠬᠤ ᠡᠭᠦᠷᠭᠡ ᠶᠢ ᠪᠡᠶᠡᠯᠡᠭᠦᠯᠦᠭᠰᠡᠨ ᠨᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠤᠯᠠᠭᠠᠨᠴᠠᠪ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠵᠢᠯᠣᠭᠤᠳᠬᠤ ᠳᠤ ᠰᠠᠭᠤᠷᠢ ᠲᠠᠯᠪᠢᠵᠤ ᠥᠭᠴᠡᠶ᠃                          ᠤᠷᠴᠢᠭᠤᠯᠤᠭᠴᠢ᠄ ᠡᠷᠳᠡᠨᠢᠴᠤᠭᠲᠦ                          ᠬᠢᠨᠠᠭᠴᠢ᠄ ᠭᠡᠷᠡᠯᠲᠦ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2