ᠮᠠᠨ ᠤ ᠣᠷᠣᠨ ᠤ 6 ᠬᠥᠮᠦᠨ ︽ᠬᠠᠮᠤᠭ ᠤᠨ ᠭᠤᠶᠣ ᠣᠶ ᠰᠢᠭᠤᠶ ᠨᠤᠳᠤᠭ ᠪᠡᠯᠴᠢᠭᠡᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠭᠡᠮᠡᠯᠵᠢᠬᠦᠯᠦᠭᠴᠢ︾ ᠪᠠᠷ ᠰᠣᠩᠭᠤᠭᠳᠠᠪᠠ
ᠨᠡᠶᠢᠲᠡᠯᠡᠭᠰᠡᠨ ᠴᠠᠭ᠄
2021/2/1
     ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠬᠡᠷ ᠤᠨ ᠲᠤᠪᠴᠢᠶ᠎ᠠ ᠠᠴᠠ ᠤᠶᠢᠢᠯᠠᠭᠠᠭᠰᠠᠨ ᠢᠶᠠᠷ᠂ ᠣᠶᠢᠷ᠎ᠠ ᠳᠤ᠂ ᠤᠯᠤᠰ ᠤᠨ ᠣᠶ ᠰᠢᠭᠤᠶ ᠪᠠ ᠲᠠᠯ᠎ᠠ ᠨᠤᠳᠤᠭ ᠤᠨ ᠲᠣᠪᠴᠢᠶ᠎ᠠ ᠨᠢᠭᠡᠳᠤᠭᠡᠷ ᠪᠦᠯᠦᠭ ︽ᠬᠠᠮᠤᠭ ᠤᠨ ᠭᠤᠶᠣ ᠣᠶ ᠰᠢᠭᠤᠶ ᠨᠤᠳᠤᠭ ᠪᠡᠯᠴᠢᠭᠡᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠭᠡᠮᠡᠯᠵᠢᠬᠦᠯᠦᠭᠴᠢ︾ ᠶᠢ ᠨᠡᠶᠢᠲᠡᠯᠡᠪᠡ᠂ ᠡᠬᠦᠨ ᠳᠤ᠂ ᠮᠠᠨ ᠤ ᠤᠷᠤᠨ ᠤ 6 ᠬᠦᠮᠦᠨ ᠰᠤᠩᠭᠤᠭᠳᠠᠵᠠᠢ᠃      ᠣᠶ ᠰᠢᠭᠤᠶ ᠨᠤᠳᠤᠭ ᠪᠡᠯᠴᠢᠭᠡᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠦᠭᠡᠮᠡᠯᠵᠢᠬᠦᠯᠬᠦ ᠠᠵᠢᠯᠲᠠᠨ ᠤ ᠢᠳᠡᠪᠬᠢᠳᠤ ᠴᠢᠨᠠᠷ᠂ ᠰᠠᠨᠠᠭᠠᠴᠢᠯᠠᠭᠠᠲᠤ ᠴᠢᠨᠠᠷ ᠪᠤᠯᠤᠨ ᠪᠦᠲᠦᠭᠡᠯᠴᠢ ᠴᠢᠨᠠᠷ ᠢ ᠬᠥᠭᠵᠢᠭᠡᠵᠦ᠂ ᠣᠶ ᠰᠢᠭᠤᠶ ᠨᠤᠳᠤᠭ ᠪᠡᠯᠴᠢᠬᠡᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠶᠢ ᠲᠦᠷᠭᠡᠳᠬᠡᠨ ᠠᠬᠢᠭᠤᠯᠬᠤ ᠶᠢᠨ ᠲᠦᠯᠦᠭᠡ᠂ ᠤᠯᠤᠰ ᠤᠨ ᠤᠢ ᠰᠢᠭᠤᠢ ᠪᠠ ᠨᠤᠳᠤᠭ ᠪᠡᠯᠴᠢᠬᠡᠷ ᠤᠨ ᠲᠤᠪᠴᠢᠶ᠎ᠠ ᠠᠴᠠ ︽ᠬᠠᠮᠤᠭ ᠤᠨ ᠭᠤᠶᠣ ᠣᠶ ᠰᠢᠭᠤᠶ ᠨᠤᠳᠤᠭ ᠪᠡᠯᠴᠢᠭᠡᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠭᠡᠮᠡᠯᠵᠢᠬᠦᠯᠦᠭᠴᠢ︾ ᠶᠢ ᠡᠷᠢᠬᠦ ᠠᠵᠢᠯᠯᠠᠭ᠎ᠠ ᠶᠢ ᠡᠬᠢᠯᠡᠭᠦᠯᠵᠦ᠂ ᠨᠢᠭᠡᠳᠦᠭᠡᠷ ᠪᠦᠯᠦᠭ ︽ᠬᠠᠮᠤᠭ ᠤᠨ ᠭᠤᠶᠣ ᠣᠶ ᠰᠢᠭᠤᠶ ᠨᠤᠳᠤᠭ ᠪᠡᠯᠴᠢᠬᠡᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠦᠭᠡᠮᠡᠯᠵᠢᠬᠦᠯᠦᠭᠴᠢ ︾ ᠶᠢ ᠰᠢᠯᠢᠨ ᠰᠣᠩᠭᠤᠵᠤ ᠨᠡᠶᠢᠳᠡᠯᠡᠭᠰᠡᠨ ᠪᠠᠶᠢᠨ᠎ᠠ᠃      ᠡᠬᠦᠨ ᠤ ᠬᠠᠮᠳᠤ᠂ ᠥᠷᠭᠡᠨ ᠣᠯᠠᠨ ᠣᠶ ᠰᠢᠭᠤᠶ ᠨᠤᠳᠤᠭ ᠪᠡᠯᠴᠢᠭᠡᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠦᠭᠡᠮᠡᠯᠵᠢᠬᠦᠯᠬᠦ ᠠᠵᠢᠯᠲᠠᠨ ᠨᠠᠷ ᠤᠨ ︽ᠬᠠᠮᠤᠭ ᠤᠨ ᠭᠤᠶᠣ ᠣᠶ ᠰᠢᠭᠤᠶ ᠡᠪᠡᠰᠦ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ ᠢ ᠳᠡᠯᠭᠡᠷᠡᠭᠦᠯᠦᠭᠴᠢ︾ ᠪᠠᠷ ᠳᠠᠭᠤᠷᠢᠶᠠᠯ ᠪᠣᠯᠭᠠᠵᠤ᠂ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠰᠢᠨ᠎ᠡ ᠶᠢ ᠡᠭᠦᠳᠴᠦ᠂ ᠣᠶ ᠰᠢᠭᠤᠶ ᠨᠤᠳᠤᠭ ᠪᠡᠯᠴᠢᠭᠡᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠦᠭᠡᠮᠡᠯᠵᠢᠬᠦᠯᠬᠦ ᠦᠶᠯᠡᠰ ᠲᠤ ᠢᠳᠡᠪᠬᠢᠲᠡᠶ ᠣᠷᠣᠯᠴᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠤᠯᠤᠨ ᠣᠶ ᠰᠢᠭᠤᠶ ᠨᠤᠳᠤᠭ ᠪᠡᠯᠴᠢᠭᠡᠷ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠬᠦᠯᠬᠦ ᠶᠢ ᠰᠠᠨᠠᠭᠠᠴᠢᠯᠠᠵᠡᠢ᠃                          ᠨᠠᠶᠢᠷᠠᠭᠤᠯᠤᠭᠴᠢ᠄ ᠡᠷᠳᠡᠨᠢᠴᠤᠭᠲᠦ
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2