ᠮᠠᠨ ᠤ ᠤᠯᠤᠰ ᠲᠤᠭᠠᠴᠢᠯᠠᠬᠰᠠᠨ ᠮᠡᠷᠭᠡᠵᠢᠯ ᠤᠨ ᠭᠡᠷᠡᠭᠯᠡᠭᠡ ᠶᠢ ᠲᠦᠷᠭᠡᠳᠭᠡᠬᠦ ᠪᠠᠷ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠠᠬᠢᠭᠤᠯᠵᠦ ᠪᠤᠢ
ᠨᠡᠶᠢᠲᠡᠯᠡᠭᠰᠡᠨ ᠴᠠᠭ᠄
2021/2/1
     ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠦᠳᠡᠭᠡ ᠠᠵᠤ ᠠᠬᠤᠢ ᠪᠤᠯᠤᠨ ᠬᠦᠳᠡᠭᠡ ᠲᠤᠰᠬᠤᠨ ᠤ ᠵᠦᠪᠯᠡᠯ ᠤᠨ ᠳᠡᠳ᠋ ᠡᠷᠬᠢᠯᠡᠭᠴᠢ ᠭᠡᠰᠢᠬᠦᠨ ᠯᠢ ᠴᠦᠨ ᠱᠧᠩ ᠤᠶᠢᠢᠷ᠎ᠠ ᠳᠤ᠂ ᠲᠤᠭᠠᠴᠢᠯᠠᠬᠰᠠᠨ ᠮᠡᠷᠭᠡᠵᠢᠯ ᠪᠤᠯ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢᠨ ᠬᠤᠰᠢᠭᠤᠴᠢ ᠴᠡᠷᠢᠭ ᠪᠠ ᠬᠦᠳᠡᠯᠭᠡᠬᠦ ᠬᠦᠴᠦᠨ ᠤ ᠡᠬᠢ ᠰᠤᠷᠪᠤᠯᠵᠢ ᠮᠦᠨ᠂ ᠬᠦᠳᠡᠭᠡ ᠠᠵᠤ ᠠᠬᠤᠢ᠂ ᠬᠦᠳᠡᠭᠡ ᠲᠤᠰᠬᠤᠨ ᠤ ᠬᠦᠷᠢᠶᠡᠨ ᠳᠠᠬᠢ ᠲᠦᠷᠭᠡᠨ ᠬᠦᠭᠵᠢᠯᠳᠠ ᠪᠠ ᠶᠡᠭᠡ ᠭᠡᠮᠵᠢᠶᠡᠨ ᠤ ᠭᠡᠷᠡᠭᠯᠡᠯᠳᠠ ᠨᠢ ᠰᠢᠨ᠎ᠠ ᠡᠵᠡᠩᠨᠡᠯᠳᠠ ᠶᠢᠨ ᠭᠡᠯᠪᠡᠷᠢ ᠰᠢᠨ᠎ᠠ ᠬᠡᠪ ᠵᠠᠬᠪᠤᠷ ᠢ ᠪᠤᠢ ᠪᠤᠯᠭᠠᠵᠦ᠂ ᠬᠦᠳᠡᠭᠡ ᠠᠵᠤ ᠠᠬᠤᠢ ᠶᠢᠨ ᠤᠳᠤᠬᠢᠴᠢᠯᠠᠯᠲᠠ ᠶᠢᠨ ᠬᠦᠭᠵᠢᠯᠳᠠ ᠶᠢ ᠬᠢᠵᠠᠭᠠᠷᠯᠠᠵᠦ ᠪᠠᠶᠢᠭ᠎ᠠ ᠨᠡᠩ ᠤᠯᠠᠨ ᠬᠦᠴᠢᠷ ᠠᠰᠠᠭᠤᠳᠠᠯ ᠢ ᠰᠢᠢᠳᠪᠤᠷᠢᠯᠡᠵᠡᠢ ᠭᠡᠵᠦ ᠢᠯᠡᠳᠭᠡᠪᠡ᠃      ᠯᠢ ᠴᠦᠨ ᠱᠧᠩ ᠲᠦᠷᠦᠬᠦᠭᠡᠨ ᠳᠤᠮᠳᠠᠳᠤ ᠤᠯᠤᠰ ᠤᠨ ᠴᠢᠨᠡᠭᠡᠯᠢᠭᠵᠢᠯ ᠤᠨ ᠪᠦᠳᠦᠭᠡᠨ ᠪᠠᠶᠢᠭᠤᠯᠤᠯᠳᠠ ᠶᠢᠨ ᠰᠤᠳᠤᠯᠭᠠᠨ ᠤ ᠬᠤᠷᠠᠯ ᠠᠴᠠ ᠭᠤᠤᠯᠯᠠᠨ ᠡᠷᠬᠢᠯᠡᠭᠰᠡᠨ ︽ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠰᠢᠯᠢᠳᠡᠭ ᠵᠢᠱᠢᠶ᠎ᠠ ᠶᠢᠨ ᠲᠤᠰᠬᠠᠢ ᠮᠡᠷᠭᠡᠵᠢᠯᠳᠠᠨ ᠤ ᠬᠢᠨᠡᠨ ᠦᠨᠡᠯᠡᠬᠦ ᠰᠤᠳᠤᠯᠤᠨ ᠶᠠᠷᠢᠯᠴᠠᠬᠤ ᠬᠤᠷᠠᠯ︾ ᠳᠡᠭᠡᠷ᠎ᠠ ᠢᠩᠬᠢᠵᠦ ᠢᠯᠡᠳᠭᠡᠵᠡᠢ᠃ ᠯᠢ ᠴᠦᠨ ᠱᠧᠩ᠂ ᠪᠤᠬᠢᠷᠳᠤᠯ ᠦᠭᠡᠢ ᠬᠦᠭᠵᠢᠬᠦᠯᠬᠦ᠂ ᠶᠠᠰᠤ ᠴᠢᠨᠠᠷ ᠢᠶᠠᠷ ᠬᠦᠳᠡᠭᠡ ᠠᠵᠤ ᠠᠬᠤᠢ ᠶᠢ ᠮᠠᠨᠳᠤᠭᠤᠯᠬᠤ᠂ ᠲᠦᠷᠦᠯ ᠳᠡᠮᠳᠡᠭ ᠢᠶᠠᠷ ᠬᠦᠳᠡᠭᠡ ᠠᠵᠤ ᠠᠬᠤᠢ ᠶᠢ ᠬᠦᠴᠦᠷᠭᠡᠭᠵᠢᠬᠦᠯᠬᠦ ᠶᠢ ᠪᠠᠷᠢᠮᠳᠠᠯᠠᠬᠤ ᠳᠤ᠂ ᠵᠠᠩᠬᠢᠯᠠᠭ᠎ᠠ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠠ ᠶᠢ ᠡᠬᠦᠳᠬᠦ ᠶᠢ ᠪᠡᠶᠡᠯᠡᠬᠦᠯᠬᠦ ᠳᠤ ᠪᠤᠢ᠂ ᠡᠨᠡ ᠪᠤᠯ ᠬᠦᠳᠡᠭᠡ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠠ ᠶᠢ ᠪᠡᠶᠡᠯᠡᠬᠦᠯᠬᠦ ᠶᠢᠨ ᠵᠠᠩᠬᠢᠯᠠᠭ᠎ᠠ ᠮᠦᠨ᠃ ᠤᠳᠤ ᠲᠤᠭᠠᠴᠢᠯᠠᠬᠰᠠᠨ ᠮᠡᠷᠭᠡᠵᠢᠯ ᠨᠢ ᠬᠦᠳᠡᠭᠡ ᠠᠵᠤ ᠠᠬᠤᠢ ᠶᠢᠨ ᠦᠢᠯᠡᠳᠪᠤᠷᠢᠯᠡᠯ᠂ ᠡᠵᠡᠩᠨᠡᠯᠳᠠ ᠬᠠᠮᠢᠶᠠᠷᠤᠯᠳᠠ ᠵᠡᠷᠭᠡ ᠤᠯᠠᠨ ᠬᠦᠷᠢᠶ᠎ᠠ ᠲᠡᠶᠢᠰᠢ ᠲᠠᠰᠤᠷᠠᠯᠳᠠ ᠦᠭᠡᠢ ᠦᠷᠭᠡᠵᠢᠵᠦ᠂ ᠲᠠᠷᠢᠶᠠᠯᠠᠩ ᠤᠨ ᠪᠦᠳᠦᠭᠡᠭᠳᠡᠬᠦᠨ ᠤ ᠡᠬᠢ ᠰᠤᠷᠪᠤᠯᠵᠢ᠂ ᠬᠦᠢᠯᠭᠡᠭᠡ ᠵᠡᠷᠭᠡ ᠤᠤᠯ ᠤᠨ ᠠᠯᠢ ᠤᠯᠠᠨ ᠬᠦᠴᠢᠷ ᠠᠰᠠᠭᠤᠳᠠᠯ ᠢ ᠰᠢᠢᠳᠪᠤᠷᠢᠯᠡᠨ᠂ ᠢᠷᠡᠭᠡᠳᠦᠢ ᠳᠤ ᠪᠠᠰᠠ ᠲᠤᠮᠤ ᠳ᠋ᠠᠶᠢᠲ᠋ᠠ ᠪᠠᠷ ᠳᠠᠮᠵᠢᠭᠤᠯᠤᠨ ᠲᠠᠷᠢᠶᠠᠴᠢᠨ ᠤ ᠪᠡᠯᠡ ᠮᠦᠩᠬᠦ ᠴᠤᠬᠯᠠᠭᠤᠯᠬᠤ ᠳᠤ ᠪᠠᠷᠢᠴᠠᠭᠠᠨ ᠤ ᠡᠳ᠋ ᠪᠠᠶᠢᠬᠤ ᠦᠭᠡᠢ ᠵᠡᠷᠭᠡ ᠠᠰᠠᠭᠤᠳᠠᠯ ᠢ ᠴᠦ ᠰᠢᠢᠳᠪᠤᠷᠢᠯᠡᠬᠦ ᠪᠤᠯᠤᠨ᠎ᠠ ᠭᠡᠵᠦ ᠢᠯᠡᠳᠭᠡᠪᠡ᠃      ᠲᠤᠰ ᠤᠳᠠᠭᠠᠨ ᠤ ᠰᠤᠳᠤᠯᠤᠨ ᠶᠠᠷᠢᠯᠴᠠᠬᠤ ᠬᠤᠷᠠᠯ ᠳᠡᠭᠡᠷ᠎ᠠ᠂ ᠲᠤᠰᠬᠠᠢ ᠮᠡᠷᠭᠡᠵᠢᠯᠳᠠᠨ ᠠᠴᠠ ᠤᠳᠤᠬᠠᠨ ᠤ ᠳᠤᠮᠳᠠᠳᠤ ᠤᠯᠤᠰ ᠤᠨ ᠴᠠᠬᠢᠯᠭᠠᠨ ᠮᠡᠳᠡᠭᠡ ᠶᠢᠨ ᠲᠤᠭᠠᠴᠢᠯᠠᠬᠰᠠᠨ ᠮᠡᠷᠭᠡᠵᠢᠯ ᠢᠶᠠᠷ ᠳᠠᠮᠵᠢᠭᠤᠯᠤᠨ ᠬᠦᠳᠡᠭᠡ ᠲᠤᠰᠬᠤᠨ ᠤ ᠨᠡᠶᠢᠭᠡᠮ ᠤᠨ ᠵᠠᠰᠠᠯᠳᠠ ᠪᠠ ᠦᠢᠯᠡᠴᠢᠯᠡᠭᠡᠨ ᠤ ᠭᠤᠤᠯᠳᠠᠯᠭ᠎ᠠ ᠶᠢ ᠦᠨᠳᠦᠰᠦᠨ ᠱᠠᠳᠤ ᠲᠡᠶᠢᠰᠢ ᠰᠢᠯᠵᠢᠬᠦᠯᠬᠦ ᠶᠢ ᠠᠬᠢᠭᠤᠯᠤᠭᠰᠠᠨ ᠰᠦᠪᠡᠭᠴᠢᠯᠡᠯᠳᠠ᠂ ᠪᠡᠭᠡᠵᠢᠩ ᠤᠨ ᠨᠢᠭᠡ ᠮᠦ ᠲᠠᠷᠢᠶ᠎ᠠ ᠰᠢᠨ᠎ᠠ ᠬᠦᠳᠡᠭᠡ ᠠᠵᠤ ᠠᠬᠤᠢ ᠶᠢᠨ ᠰᠦᠯᠵᠢᠶᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠳᠦ ᠺᠤᠮᠫᠠᠨᠢ ᠶᠢᠨ ᠲᠤᠭᠠᠴᠢᠯᠠᠬᠰᠠᠨ ᠮᠡᠷᠭᠡᠵᠢᠯ ᠢᠶᠠᠷ ᠳᠠᠮᠵᠢᠭᠤᠯᠤᠨ ᠲᠠᠷᠢᠶᠠᠯᠠᠩ ᠤᠨ ᠪᠦᠳᠦᠭᠡᠭᠳᠡᠬᠦᠨ ᠤ ᠬᠦᠢᠯᠭᠡᠭᠡ ᠪᠤᠷᠤᠯᠠᠭᠤᠯᠭ᠎ᠠ ᠶᠢ ᠠᠬᠢᠭᠤᠯᠤᠭᠰᠠᠨ ᠰᠦᠪᠡᠭᠴᠢᠯᠡᠯᠳᠠ ᠵᠡᠷᠭᠡ ᠰᠢᠯᠢᠳᠡᠭ ᠵᠢᠱᠢᠶ᠎ᠠ ᠶᠢ ᠲᠠᠨᠢᠯᠴᠠᠭᠤᠯᠵᠠᠢ᠃      ︽ᠤᠳᠤᠬᠠᠨ ᠳᠤ ᠮᠠᠨ ᠤ ᠤᠯᠤᠰ ᠬᠦᠳᠡᠭᠡ ᠲᠤᠰᠬᠤᠨ ᠳᠤ ᠲᠤᠭᠠᠴᠢᠯᠠᠬᠰᠠᠨ ᠮᠡᠷᠭᠡᠵᠢᠯ ᠢ ᠲᠦᠷᠭᠡᠨ ᠠᠬᠢᠭᠤᠯᠬᠤ ᠰᠠᠭᠤᠷᠢ ᠶᠢ ᠪᠦᠷᠢᠯᠳᠦᠬᠦᠯᠵᠡᠢ᠂ ᠲᠤᠭᠠᠴᠢᠯᠠᠬᠰᠠᠨ ᠮᠡᠷᠭᠡᠵᠢᠯ ᠢ ᠪᠦᠳᠦᠮᠵᠢᠳᠠᠢ ᠠᠰᠢᠬᠯᠠᠬᠤ ᠨᠢ ᠬᠦᠳᠡᠭᠡ ᠠᠵᠤ ᠠᠬᠤᠢ ᠶᠢᠨ ᠦᠢᠯᠡᠳᠪᠤᠷᠢᠯᠡᠯ ᠬᠦᠢᠯᠭᠡᠭᠡ ᠶᠢᠨ ᠦᠪᠡᠷ ᠤᠨ ᠦᠷᠳᠡᠭ ᠢ ᠪᠠᠭᠤᠷᠠᠭᠤᠯᠬᠤ ᠳᠤ ᠴᠢᠬᠤᠯᠠ ᠠᠴᠢ ᠬᠤᠯᠪᠤᠭᠳᠠᠯ ᠲᠠᠢ ᠶᠤᠮ᠂ ᠬᠦᠳᠡᠭᠡ ᠠᠵᠤ ᠠᠬᠤᠢ ᠶᠢᠨ ᠲᠠᠪᠠᠯᠳᠠᠳᠦ ᠮᠠᠶᠢᠭ ᠤᠨ ᠬᠦᠭᠵᠢᠯᠳᠠ ᠪᠠ ᠦᠨᠳᠦᠷ ᠪᠦᠳᠦᠮᠵᠢᠳᠠᠢ ᠵᠠᠰᠠᠯᠳᠠ ᠶᠢ ᠠᠬᠢᠭᠤᠯᠵᠦ ᠪᠤᠯᠤᠨ᠎ᠠ︾ ᠭᠡᠵᠦ ᠬᠦᠳᠡᠭᠡ ᠠᠵᠤ ᠠᠬᠤᠢ ᠬᠦᠳᠡᠭᠡ ᠲᠤᠰᠬᠤᠨ ᠤ ᠶᠠᠮᠤᠨ ᠤ ᠬᠦᠳᠡᠭᠡ ᠲᠤᠰᠬᠤᠨ ᠤ ᠬᠠᠮᠳᠤᠷᠠᠯᠴᠠᠭᠠᠨ ᠤ ᠠᠵᠤ ᠠᠬᠤᠢ ᠶᠢᠨ ᠵᠢᠯᠤᠭᠤᠳᠬᠤ ᠵᠤᠷᠭᠠᠨ ᠤ ᠳᠠᠷᠤᠭ᠎ᠠ ᠵᠠᠩ ᠲᠢᠶᠠᠨ ᠽᠦᠸᠧ ᠭᠡᠯᠡᠯ᠎ᠠ᠃                                   ᠨᠠᠶᠢᠷᠠᠭᠤᠯᠤᠭᠴᠢ᠄ ᠡᠷᠳᠡᠨᠢᠴᠤᠭᠲᠦ
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2