ᠰᠢᠩ ᠾᠧ ᠰᠢᠶᠠᠨ ᠤ 8 ᠬᠠᠤᠯᠢ ᠴᠠᠭᠠᠵᠠ ᠶᠢᠨ ᠭᠠᠵᠠᠷ ᠪᠦᠷ ᠪᠠᠷᠢᠮᠵᠢᠶᠠᠵᠢᠭᠰᠠᠨ ᠬᠠᠣᠯᠢ ᠴᠠᠭᠠᠵᠠ ᠶᠢᠨ ᠭᠠᠵᠠᠷ ᠪᠤᠯᠵᠠᠢ
ᠨᠡᠶᠢᠲᠡᠯᠡᠭᠰᠡᠨ ᠴᠠᠭ᠄
2021/2/1
     ᠤᠯᠠᠭᠠᠨᠴᠠᠪ ᠬᠤᠲᠠ ᠶᠢᠨ ᠰᠢᠩ ᠾᠧ ᠰᠢᠶᠠᠨ ᠬᠠᠤᠯᠢ ᠴᠠᠭᠠᠵᠠ ᠶᠢᠨ ᠭᠠᠵᠠᠷ ᠢ ᠪᠠᠷᠢᠮᠵᠢᠶᠠᠵᠢᠭᠤᠯᠬᠤ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠣᠳᠣᠬᠠᠨ ᠪᠣᠯᠲᠠᠯ᠎ᠠ ᠰᠢᠩ ᠾᠧ ᠰᠢᠶᠠᠨ ᠤ 8 ᠬᠠᠤᠯᠢ ᠴᠠᠭᠠᠵᠠ ᠶᠢᠨ ᠭᠠᠵᠠᠷ ᠪᠦᠬᠦᠨ ᠢᠶᠠᠷ ᠢᠶᠠᠨ ᠪᠠᠷᠢᠮᠵᠢᠶᠠᠵᠢᠭᠤᠯᠬᠤ ᠪᠠᠶᠢᠭᠤᠯᠤᠯᠳᠠ ᠶᠢᠨ ᠡᠭᠦᠷᠭᠡ ᠶᠢ ᠪᠡᠶᠡᠯᠡᠭᠦᠯᠵᠦ᠂ ᠴᠦᠮ ᠪᠠᠷᠢᠮᠵᠢᠶᠠᠵᠢᠭᠰᠠᠨ ᠬᠠᠣᠯᠢ ᠴᠠᠭᠠᠵᠠ ᠶᠢᠨ ᠭᠠᠵᠠᠷ ᠪᠣᠯᠪᠠ᠃      ᠰᠢᠩ ᠾᠧ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠡᠯ᠎ᠡ ᠬᠠᠤᠯᠢ ᠴᠠᠭᠠᠵᠠ ᠶᠢᠨ ᠭᠠᠵᠠᠷ ᠦᠪᠡᠷᠳᠡᠭᠡᠨ ᠵᠠᠰᠬᠠᠤ ᠤᠷᠤᠨ ᠤ ᠬᠠᠤᠯᠢ ᠴᠠᠭᠠᠵᠠ ᠶᠢᠨ ᠲᠢᠩᠬᠢᠮ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠵᠦ᠂ ᠫᠠᠶᠢᠰᠠ ᠢᠯᠡᠷᠭᠡᠶᠢᠯᠡᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠮᠣᠩᠭᠤᠯ ᠬᠢᠲᠠᠳ ᠬᠤᠤᠰ ᠬᠡᠯᠡᠨ ᠤ ᠫᠠᠶᠢᠰᠠ ᠢᠯᠡᠷᠬᠡᠶᠢᠯᠡᠯ ᠢ ᠨᠢᠭᠡᠳᠬᠡᠪᠡ︔ ᠬᠠᠤᠯᠢ ᠴᠠᠭᠠᠵᠠ ᠶᠢᠨ ᠭᠠᠵᠠᠷ ᠤᠨ ᠠᠵᠢᠯ ᠤᠨ ᠲᠦᠷᠢᠮ ᠢᠶᠠᠨ ᠲᠡᠭᠦᠯᠳᠡᠷᠵᠢᠭᠦᠯᠵᠦ᠂ ᠠᠵᠢᠯ ᠤᠨ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠢᠯᠡ ᠨᠡᠶᠢᠲᠡᠯᠡᠨ ᠵᠠᠷᠯᠠᠬᠤ᠂ ᠲᠠᠩᠰᠠ ᠡᠪᠬᠡᠮᠡᠯ ᠤᠨ ᠬᠠᠮᠢᠶᠠᠷᠤᠯᠲᠠ᠂ ᠬᠢᠨᠠᠨ ᠦᠨᠡᠯᠡᠵᠦ ᠱᠠᠩᠨᠠᠨ ᠲᠣᠷᠭᠠᠬᠤ ᠵᠡᠷᠭᠡ ᠬᠠᠮᠢᠶᠠᠷᠤᠯᠲᠠ ᠶᠢᠨ ᠲᠦᠷᠢᠮ ᠪᠠ ᠬᠠᠤᠯᠢᠵᠢᠯ ᠤᠨ ᠤᠬᠠᠭᠤᠯᠭ᠎ᠠ᠂ ᠨᠡᠶᠢᠭᠡᠮ ᠲᠣᠭᠤᠷᠢᠭ ᠲᠤ ᠵᠠᠰᠠᠨ ᠵᠠᠯᠠᠷᠠᠭᠤᠯᠬᠤ᠂ ᠲᠥᠪᠬᠢᠨᠡᠭᠦᠯᠵᠦ ᠬᠠᠪᠰᠤᠷᠤᠨ ᠬᠦᠮᠦᠵᠢᠭᠦᠯᠬᠦ ᠵᠡᠷᠭᠡ ᠠᠵᠢᠯ ᠤᠨ ᠲᠦᠷᠢᠮ ᠢᠶᠠᠨ ᠲᠡᠭᠦᠯᠳᠡᠷᠵᠢᠭᠦᠯᠪᠡ᠃ ᠡᠭᠦᠨ ᠠᠴᠠ ᠭᠠᠳᠠᠨ᠎ᠠ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠦᠨᠳᠦᠰᠦᠨ ᠱᠠᠲᠤᠨ ᠤ ᠨᠡᠶᠢᠭᠡᠮ ᠤᠨ ᠦᠢᠯᠡᠴᠢᠯᠡᠭᠡᠨ ᠤ ᠰᠢᠨ᠎ᠡ ᠰᠢᠰᠲ᠋ᠧᠮ ᠢ ᠢᠳᠡᠪᠬᠢᠲᠡᠢ ᠰᠦᠪᠡᠭᠴᠢᠯᠡᠨ ᠪᠠᠶᠢᠭᠤᠯᠵᠤ᠂ ᠦᠶᠯᠡᠴᠢᠯᠡᠭᠡᠨ ᠤ ᠴᠢᠳᠠᠪᠬᠢ ᠪᠠᠨ ᠦᠷᠭᠡᠳᠭᠡᠵᠦ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠦᠷᠬᠦᠴᠡ ᠪᠣᠯᠤᠨ ᠦᠶᠯᠡᠴᠢᠯᠡᠭᠡᠨ ᠤ ᠬᠡᠪᠴᠢᠶ᠎ᠡ ᠶᠢ ᠥᠷᠭᠡᠳᠬᠡᠵᠡᠶ᠃ ᠣᠳᠣᠬᠠᠨ ᠪᠣᠯᠲᠠᠯ᠎ᠠ᠂ ᠡᠯ᠎ᠡ ᠰᠢᠶᠠᠩ ᠪᠠᠯᠭᠠᠰᠤ ᠨᠢ ᠴᠥᠮ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠶᠯᠡᠴᠢᠯᠡᠭᠡᠨ ᠤ ᠠᠵᠢᠯ ᠤᠨ ᠦᠷᠳᠡᠭᠡ ᠪᠠᠶᠢᠭᠤᠯᠪᠠ᠃ ᠬᠠᠤᠯᠢ ᠴᠠᠭᠠᠵᠠ ᠶᠢᠨ ᠭᠠᠵᠠᠷ ᠤᠨ ᠪᠠᠷᠢᠮᠵᠢᠶᠠᠵᠢᠬᠤ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠶᠯᠡᠴᠢᠯᠡᠭᠡᠨ ᠤ ᠪᠠᠶᠢᠭᠤᠯᠤᠯᠲᠠ ᠶᠢᠨ ᠨᠡᠷ᠎ᠠ ᠶᠢ ︽ᠰᠢᠩ ᠾᠧ ᠰᠢᠶᠠᠨ ᠤ x x ᠰᠢᠶᠠᠩ ︵ᠪᠠᠯᠭᠠᠰᠤ︶ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠶᠯᠡᠴᠢᠯᠡᠭᠡᠨ ᠤ ᠠᠵᠢᠯ ᠤᠨ ᠥᠷᠲᠡᠭᠡ︾ ᠭᠡᠵᠦ ᠨᠢᠭᠡᠳᠬᠡᠵᠦ᠂ ᠭᠤᠤᠯᠳᠠᠭᠤ ᠵᠥᠷᠢᠴᠡᠯ ᠵᠠᠭᠤᠷᠠᠭᠠᠨ ᠢ ᠨᠠᠮᠳᠠᠭᠤᠯᠬᠤ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ᠂ ᠬᠠᠤᠯᠢ ᠴᠠᠭᠠᠵᠠ ᠶᠢᠨ ᠵᠥᠪᠯᠡᠯᠭᠡ ᠥᠭᠬᠦ ᠵᠡᠷᠭᠡ ᠦᠢᠯᠡᠴᠢᠯᠡᠭᠡ ᠬᠠᠨᠭ᠍ᠭᠠᠵᠦ ᠪᠠᠶᠢᠨ᠎ᠠ᠃                        ᠨᠠᠶᠢᠷᠠᠭᠤᠯᠤᠭᠴᠢ᠄ ᠡᠷᠳᠡᠨᠢᠴᠤᠭᠲᠦ
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2