ᠭᠤᠣᠯ ᠰᠡᠳᠦᠪ᠄ ᠬᠠᠤᠯᠢ ᠬᠡᠷᠡᠭᠵᠢᠭᠦᠯᠦᠯᠳᠡ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ ᠠᠷᠠᠳ ᠲᠤ ᠠᠰᠢᠭ ᠬᠦᠷᠲᠡᠭᠡᠬᠦ | ᠪᠣᠳᠠᠲᠤ ᠶᠠᠪᠤᠳᠠᠯ ᠢ ᠰᠠᠶᠢᠲᠤᠷ ᠬᠢᠬᠦ ᠬᠡᠷᠡᠭᠲᠡᠶ | ᠴᠠᠭ᠄ 2021 ᠤᠨ ᠤ 4 ᠰᠠᠷ᠎ᠡ ᠶᠢᠨ 2 ᠤᠨ ᠡᠳᠦᠷ ᠤᠨ 9 ᠴᠠᠭ | ᠰᠤᠷᠪᠤᠯᠵᠢᠯᠠᠭ᠎ᠠ ᠬᠦᠯᠢᠶᠡᠭᠴᠢ᠄ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶᠠᠨ ᠤ ᠤᠯᠠᠭᠠᠨᠴᠠᠪ | ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠸᠠᠩ | ᠰᠢᠶᠠᠩ ᠶᠠᠩ | ᠲᠣᠪᠴᠢ ᠠᠭᠤᠯᠭ᠎ᠠ | ᠣᠶᠢᠷ᠎ᠠ ᠶᠢᠨ ᠵᠢᠯ ᠳᠤ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠤᠯᠠᠭᠠᠨᠴᠠᠪ ᠬᠤᠲᠠ ᠶᠢᠨ | ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ︽ᠪᠠᠭᠤᠯᠭᠠᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠬᠤᠳᠠᠯᠳᠤᠭ᠎ᠠ ᠡᠵᠡᠩᠨᠡᠬᠦ ᠣᠷᠴᠢᠨ ᠳᠤᠭᠤᠷᠢᠨ ᠢ | ᠰᠢᠯᠢᠳᠡᠭᠵᠢᠭᠦᠯᠬᠦ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠭᠠᠶᠢᠯᠢ ᠲᠤᠰᠢᠶᠠᠭᠴᠢ ᠰᠦᠢᠳᠭᠡᠯ | ᠲᠤᠰᠢᠶᠠᠭᠴᠢ ᠶᠢᠨ ᠪᠣᠳᠠᠲᠠᠶ ᠬᠡᠷᠡᠭᠴᠡᠭᠡ ᠱᠠᠭᠠᠷᠳᠠᠯᠭ᠎ᠠ ᠳᠤ ᠨᠠᠷᠢᠯᠢᠭ ᠣᠨᠣᠴᠠᠲᠠᠶ ᠪᠠᠷ ᠠᠩᠬᠠᠷᠤᠯ ᠢᠶᠠᠨ ᠲᠥᠪᠯᠡᠷᠡᠭᠦᠯᠵᠦ᠂ | ᠭᠠᠶᠢᠯᠢ ᠲᠤᠰᠢᠶᠠᠬᠤ ᠦᠢᠯᠡᠴᠢᠯᠡᠬᠡᠨ ᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ | ᠭᠠᠶᠢᠯᠢ ᠲᠠᠲᠠᠪᠤᠷᠢ ᠬᠤᠳᠠᠯᠳᠤᠭ᠎ᠠ ᠡᠵᠡᠩᠨᠡᠬᠦ ᠣᠷᠴᠢᠨ ᠳᠤᠭᠤᠷᠢᠨ ᠢ ᠰᠢᠯᠢᠳᠡᠭᠵᠢᠭᠦᠯᠵᠦ᠂ ᠠᠷᠠᠳ ᠲᠤ ᠲᠥᠬᠦᠮ | ᠦᠵᠡᠭᠦᠯᠵᠦ ᠠᠷᠠᠳ ᠲᠤ ᠠᠰᠢᠭ ᠬᠦᠷᠲᠡᠭᠡᠬᠦ ᠰᠢᠷᠢᠰ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠭᠠᠶᠢᠯᠢ | ᠲᠤᠰᠢᠶᠠᠭᠴᠢ ᠰᠦᠢᠳᠬᠡᠯ ᠲᠤᠰᠢᠶᠠᠭᠴᠢ ᠶᠢᠨ ᠭᠠᠶᠢᠯᠢ ᠲᠤᠰᠢᠶᠠᠬᠤ ᠰᠦᠢᠳᠭᠡᠯ ᠲᠤᠰᠢᠶᠠᠬᠤ ᠶᠠᠪᠤᠴᠠ ᠳᠤ ᠲᠤᠯᠭᠠᠷᠠᠭᠰᠠᠨ | ᠲᠦᠭᠵᠢᠷᠡᠯ᠂ ᠬᠦᠴᠢᠷ ᠠᠰᠠᠭᠤᠳᠠᠯ᠂ ᠡᠪᠡᠷᠰᠢᠶᠡᠯ ᠲᠠᠢ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠤ᠂ ᠭᠠᠶᠢᠯᠢ | ᠲᠤᠰᠢᠶᠠᠭᠴᠢ ᠰᠦᠢᠳᠬᠡᠯ ᠲᠤᠰᠢᠶᠠᠭᠴᠢ ᠶᠢᠨ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯ ᠤᠨ ᠲᠥᠷᠥᠭᠳᠡᠯ ᠢ | ᠲᠠᠰᠤᠷᠠᠯᠲᠠ ᠥᠬᠡᠶ ᠳᠡᠭᠡᠭᠰᠢᠯᠡᠭᠦᠯᠪᠡ᠃ | ᠰᠤᠷᠪᠤᠯᠵᠢᠯᠠᠭ᠎ᠠ ᠶᠢᠨ ᠡᠷᠭᠢᠴᠡᠭᠦᠯᠦᠯ | ᠰᠤᠷᠪᠤᠯᠵᠢᠯᠠᠭᠴᠢ᠄ ᠡᠨᠡ ᠵᠢᠯ ᠤᠨ 4 ᠳ᠋ᠣᠭᠡᠷ ᠰᠠᠷ᠎ᠠ ᠪᠣᠯ ᠪᠦᠬᠦ ᠤᠯᠤᠰ ᠤᠨ 30 ᠳ᠋ᠤᠭᠠᠷ ᠤᠳᠠᠭᠠᠨ ᠤ ᠭᠠᠶᠢᠯᠢ | ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠪᠣᠯᠤᠨ᠎ᠠ᠂ ᠡᠨᠡ ᠵᠢᠯ ᠤᠨ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠳᠤ | ᠶᠠᠮᠠᠷ ᠶᠠᠮᠠᠷ ᠭᠤᠣᠯ ᠠᠭᠤᠯᠭ᠎ᠠ ᠪᠠᠶᠢᠬᠤ ᠪᠤᠶ︖ | ᠸᠠᠩ ᠰᠢᠶᠠᠩ ᠶᠠᠩ᠄ ᠡᠨᠡ ᠵᠢᠯ ᠤᠨ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠳᠤ᠂ ᠭᠠᠶᠢᠯᠢ ᠶᠢᠨ | ᠶᠠᠪᠤᠳᠠᠯ ᠤᠨ ᠰᠠᠯᠠᠭ᠎ᠠ ᠮᠥᠴᠢᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ ᠰᠢᠨ᠎ᠡ ᠬᠥᠭᠵᠢᠯᠲᠡ ᠶᠢᠨ ᠱᠠᠳᠤ ᠦᠶ᠎ᠡ ᠶᠢ | ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠳᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠪᠠᠶᠢᠭᠤᠯᠬᠤ ᠳᠤ ᠦᠢᠯᠡᠴᠢᠯᠡᠵᠦ᠂ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢᠨ ᠭᠤᠣᠯ | ᠰᠡᠳᠦᠪ ᠤᠨ ᠲᠣᠭᠤᠷᠢᠨ ᠳᠤ ᠪᠠᠶᠠᠯᠢᠭ ᠰᠠᠶᠢᠬᠠᠨ ᠠᠵᠢᠯᠯᠠᠭ᠎ᠠ ᠥᠷᠨᠢᠭᠦᠯᠵᠦ᠂ ᠭᠠᠶᠢᠯᠢ ᠶᠢᠨ ᠶᠠᠪᠤᠳᠠᠯ ᠤᠨ ᠰᠠᠯᠠᠭ᠎ᠠ | ᠮᠥᠴᠢᠷ ᠤᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ᠂ | ᠭᠠᠶᠢᠯᠢ ᠲᠠᠲᠠᠪᠤᠷᠢ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠠᠷᠠᠳ ᠲᠤ ᠲᠦᠭᠦᠮ | ᠦᠵᠡᠭᠦᠯᠬᠦ ᠭᠠᠶᠢᠯᠢ ᠳᠤᠰᠢᠶᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ᠂ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢ | ᠰᠠᠶᠢᠲᠤᠷ ᠬᠢᠬᠦ ᠢᠳᠡᠪᠬᠢᠲᠡᠢ ᠰᠦᠪᠡᠭᠴᠢᠯᠡᠯᠳᠡ ᠵᠢᠴᠢ ᠦᠷ᠎ᠡ ᠪᠦᠲᠦᠮᠵᠢ ᠶᠢ ᠥᠷᠭᠡᠨ ᠢᠶᠠᠷ ᠤᠬᠠᠭᠤᠯᠤᠨ᠎ᠡ︔ ᠭᠠᠶᠢᠯᠢ ᠶᠢᠨ | ᠶᠠᠪᠤᠳᠠᠯ ᠤᠨ ᠰᠠᠯᠠᠭ᠎ᠠ ᠮᠥᠴᠢᠷ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠪᠠ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠲᠣᠪᠴᠢ ᠶᠢᠨ ᠭᠠᠶᠢᠯᠢ ᠳᠤ ᠬᠤᠯᠪᠣᠭᠳᠠᠬᠤ ᠡᠭᠦᠷᠭᠡ ᠶᠢ ᠨᠠᠶᠢᠳᠠᠪᠤᠷᠢᠵᠢᠭᠤᠯᠵᠤ᠂ | ᠤᠯᠤᠰ ᠤᠨ ᠴᠢᠬᠤᠯᠠ ᠶᠡᠭᠡ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠳᠤ ᠦᠢᠯᠡᠴᠢᠯᠡᠬᠦ ᠠᠷᠭ᠎ᠠ ᠬᠡᠮᠵᠢᠶ᠎ᠡ ᠶᠢ ᠥᠷᠭᠡᠨ ᠢᠶᠠᠷ | ᠤᠬᠠᠭᠤᠯᠤᠨ᠎ᠠ︔ ᠭᠠᠶᠢᠯᠢ ᠶᠢᠨ ᠶᠠᠪᠤᠳᠠᠯ ᠤᠨ ᠺᠠᠳ᠋ᠷ ᠤᠨ ᠤᠭ ᠰᠠᠨᠠᠭ᠎ᠠ ᠪᠠᠨ ᠦᠯᠦ ᠮᠠᠷᠲᠠᠬᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ᠂ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠭᠦᠯᠬᠦ ᠳᠤ ᠬᠦᠴᠦᠨ ᠨᠡᠮᠡᠷᠢᠯᠡᠵᠤ ᠬᠠᠷᠢᠭᠤᠴᠠᠯᠭ᠎ᠠ ᠡᠭᠦᠷᠭᠡᠯᠡᠨ ᠬᠠᠷᠠᠮ ᠦᠭᠡᠢ ᠵᠣᠷᠢᠭᠤᠯᠬᠤ ᠵᠣᠷᠢᠭ | ᠰᠠᠨᠠᠭ᠎ᠠ ᠶᠢ ᠥᠷᠭᠡᠨ ᠢᠶᠠᠷ ᠤᠬᠠᠭᠤᠯᠤᠨ᠎ᠡ︔ ᠭᠠᠶᠢᠯᠢ ᠲᠠᠲᠠᠪᠤᠷᠢ ᠶᠢᠨ 30 ᠵᠢᠯ ᠤᠨ ᠤᠬᠠᠭᠤᠯᠭ᠎ᠠ ᠶᠢᠨ ᠰᠠᠷ᠎ᠠ ᠠᠴᠠ | ᠭᠠᠶᠢᠯᠢ ᠲᠠᠲᠠᠪᠤᠷᠢ ᠶᠢᠨ ᠥᠭᠡᠷᠡᠴᠢᠯᠡᠯᠲᠡ ᠶᠢᠨ ᠶᠠᠪᠤᠴᠠ ᠪᠠ ᠤᠯᠤᠰ ᠤᠨ ᠬᠥᠭᠵᠢᠯᠲᠡ ᠬᠤᠪᠢᠷᠠᠯᠲᠠ ᠶᠢ ᠤᠯᠵᠤ ᠦᠵᠡᠬᠦ | ᠲᠤᠬᠠᠶ ᠥᠷᠭᠡᠨ ᠢᠶᠠᠷ ᠤᠬᠠᠭᠤᠯᠤᠨ᠎ᠡ︔ ᠭᠠᠶᠢᠯᠢ ᠲᠠᠲᠠᠪᠤᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠠ ᠭᠠᠶᠢᠯᠢ | ᠰᠦᠢᠳᠬᠡᠯ ᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠦᠷᠭᠡᠨ ᠢᠶᠠᠷ ᠤᠬᠠᠭᠤᠯᠤᠨ᠎ᠡ︔ ᠭᠠᠶᠢᠯᠢ ᠶᠢᠨ ᠶᠠᠪᠤᠳᠠᠯ ᠤᠨ | ᠰᠠᠯᠠᠭ᠎ᠠ ᠮᠥᠴᠢᠷ ᠤᠨ ︽ᠨᠢᠭᠡ ᠪᠦᠰᠡ ᠨᠢᠭᠡ ᠵᠠᠮ︾ ᠤᠨ ᠪᠥᠲᠥᠭᠡᠨ ᠪᠠᠶᠢᠭᠤᠯᠤᠯᠲᠠ ᠳᠤ ᠦᠢᠯᠡᠴᠢᠯᠡᠬᠦ ᠵᠡᠷᠭᠡ ᠲᠠᠯ᠎ᠠ ᠶᠢᠨ | ᠠᠷᠭ᠎ᠠ ᠬᠢᠳᠡᠯ ᠢ ᠥᠷᠭᠡᠨ ᠢᠶᠠᠷ ᠤᠬᠠᠭᠤᠯᠤᠨ᠎ᠠ᠃ | ᠰᠤᠷᠪᠤᠯᠵᠢᠯᠠᠭᠴᠢ᠄ ᠡᠨᠡ ᠵᠢᠯ ᠪᠣᠯ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ 8 ᠵᠢᠯ ᠳᠠᠷᠠᠭᠠᠯᠠᠨ ︽ᠠᠷᠠᠳ ᠲᠤ | ᠳᠥᠭᠦᠮ ᠦᠵᠡᠭᠦᠯᠬᠦ ᠭᠠᠶᠢᠯᠢ ᠳᠤᠰᠢᠶᠠᠬᠤ ᠬᠠᠪᠤᠷ ᠤᠨ ᠤᠷᠢᠬᠠᠨ ᠰᠠᠯᠬᠢᠨ ᠤ ᠠᠵᠢᠯᠯᠠᠭ᠎ᠠ︾ ᠶᠢ ᠥᠷᠨᠢᠭᠦᠯᠵᠤ ᠪᠠᠶᠢᠭ᠎ᠠ ᠵᠢᠯ | ᠪᠤᠯᠤᠨ᠎ᠡ᠃ ᠡᠨᠡ ᠵᠢᠯ ᠤᠨ ᠠᠷᠠᠳ ᠲᠤ ᠳᠥᠭᠦᠮ ᠦᠵᠡᠭᠦᠯᠬᠦ ᠭᠠᠶᠢᠯᠢ ᠳᠤᠰᠢᠶᠠᠬᠤ ᠬᠠᠪᠤᠷ ᠤᠨ ᠤᠷᠢᠬᠠᠨ ᠰᠠᠯᠬᠢᠨ ᠤ | ᠠᠵᠢᠯᠯᠠᠭ᠎ᠠ ᠨᠢ ᠶᠠᠮᠠᠷ ᠶᠠᠮᠠᠷ ᠣᠨᠴᠠᠯᠢᠭ ᠲᠠᠢ ᠪᠣᠶ︖ | ᠸᠠᠩ ᠰᠢᠶᠠᠩ ᠶᠠᠩ᠄ 2021 ᠣᠨ ᠪᠣᠯ ᠨᠢᠭᠡᠨ ᠣᠨᠴᠠᠭᠠᠶ ᠵᠢᠯ ᠪᠣᠯᠤᠨ᠎ᠠ᠂ ᠥᠩᠭᠡᠷᠡᠭᠰᠡᠨ ᠵᠢᠯ ᠤᠳ ᠲᠠᠢ | ᠬᠠᠷᠢᠴᠠᠭᠤᠯᠪᠠᠯ᠂ ᠡᠨᠡ ᠵᠢᠯ ᠤᠨ ︽ᠬᠠᠪᠤᠷ ᠤᠨ ᠤᠷᠢᠬᠠᠨ ᠰᠠᠯᠬᠢᠨ ᠤ ᠠᠵᠢᠯᠯᠠᠭ᠎ᠠ︾ ᠨᠢ ᠳᠣᠤᠷᠠᠬᠢ ᠮᠡᠲᠦ ᠬᠡᠳᠦᠨ ᠢᠯᠡ | ᠲᠣᠳᠣ ᠣᠨᠴᠠᠯᠢᠭ ᠲᠠᠢ ᠶᠤᠮ᠃ | ᠨᠢᠭᠡ ᠳᠤ ᠡᠨᠡ ᠵᠢᠯ ᠪᠣᠯ ᠨᠠᠮ ᠪᠠᠶᠢᠭᠤᠯᠤᠭᠳᠠᠭᠰᠠᠨ 100 ᠵᠢᠯ ᠤᠨ ᠤᠢ ᠮᠥᠨ᠂ ᠲᠥᠪ ᠬᠤᠷᠢᠶ᠎ᠠ ᠠᠴᠠ ︽ᠪᠢ | ᠤᠯᠠᠨ ᠲᠦᠮᠡᠨ ᠳᠤ ᠪᠣᠳᠠᠲᠠᠶ ᠠᠵᠢᠯ ᠬᠢᠵᠤ ᠦᠭᠬᠦ︾ ᠦᠢᠯᠡᠳᠦᠯᠭᠡ ᠶᠢᠨ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠪᠡ᠃ | ︽ᠬᠠᠪᠤᠷ ᠤᠨ ᠤᠷᠢᠬᠠᠨ ᠰᠠᠯᠬᠢᠨ ᠤ ᠠᠵᠢᠯᠯᠠᠭ᠎ᠠ︾ ᠪᠣᠯ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ | ᠵᠣᠷᠢᠯᠲᠠ ᠶᠢ ᠦᠢᠯᠡᠳᠦᠯᠭᠡᠵᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠡᠨᠡ ᠵᠢᠯ ᠤᠨ ︽ᠬᠠᠪᠤᠷ ᠤᠨ ᠤᠷᠢᠬᠠᠨ | ᠰᠠᠯᠬᠢᠨ ᠤ ᠠᠵᠢᠯᠯᠠᠭ᠎ᠠ︾ ᠶᠢᠨ ᠭᠤᠤᠯ ᠰᠡᠳᠦᠪ ᠪᠠ ᠭᠠᠷᠴᠠᠭ ᠲᠤ ︽ᠪᠢ ᠭᠠᠶᠢᠯᠢ ᠲᠤᠰᠢᠶᠠᠭᠴᠢ ᠰᠦᠢᠳᠭᠡᠯ | ᠲᠤᠰᠢᠶᠠᠭᠴᠢ ᠳᠤ ᠪᠣᠳᠠᠲᠠᠶ ᠠᠵᠢᠯ ᠬᠢᠵᠤ ᠦᠭᠬᠦ︾ ᠭᠡᠬᠦ ᠠᠭᠤᠯᠭ᠎ᠠ ᠶᠢ ᠳᠣᠪᠤᠶᠢᠯᠭᠠᠵᠤ᠂ ᠭᠠᠶᠢᠯᠢ ᠲᠤᠰᠢᠶᠠᠭᠴᠢ ᠰᠦᠢᠳᠭᠡᠯ | ᠲᠤᠰᠢᠶᠠᠭᠴᠢ ᠪᠠᠷ ᠭᠤᠤᠯ ᠪᠣᠯᠭᠠᠬᠤ ᠶᠢ ᠪᠠᠷᠢᠮᠲᠠᠯᠠᠵᠤ᠂ ᠭᠠᠶᠢᠯᠢ ᠲᠤᠰᠢᠶᠠᠭᠴᠢ ᠰᠦᠢᠳᠭᠡᠯ ᠲᠤᠰᠢᠶᠠᠭᠴᠢ ᠶᠢᠨ ᠲᠦᠭᠵᠢᠷᠡᠯ᠂ | ᠬᠦᠴᠢᠷ ᠠᠰᠠᠭᠤᠳᠠᠯ᠂ ᠡᠪᠡᠷᠰᠢᠶᠡᠯ ᠲᠠᠢ ᠠᠰᠠᠭᠤᠳᠠᠯ ᠢ ᠬᠦᠴᠦᠯᠡᠨ ᠰᠢᠢᠳᠪᠦᠷᠢᠯᠡᠵᠤ᠂ ᠠᠷᠠᠳ ᠲᠤ ᠠᠰᠢᠭ ᠬᠦᠷᠲᠡᠭᠡᠬᠦ | ᠪᠣᠳᠠᠲᠠᠶ ᠠᠵᠢᠯ ᠢ ᠰᠠᠶᠢᠲᠤᠷ ᠬᠢᠬᠦ ᠶᠠᠪᠤᠳᠠᠯ ᠪᠣᠯᠤᠨ᠎ᠠ᠃ | ᠬᠤᠶᠠᠷ ᠲᠤ ᠠᠷᠠᠳ ᠲᠤ ᠲᠥᠬᠦᠮ ᠦᠵᠡᠭᠦᠯᠬᠦ ᠬᠠᠪᠤᠷ ᠤᠨ ᠤᠷᠢᠬᠠᠨ ᠰᠠᠯᠬᠢᠨ ᠤ ᠠᠵᠢᠯᠯᠠᠭ᠎ᠠ ᠪᠣᠯ ᠭᠠᠶᠢᠯᠢ ᠶᠢᠨ | ᠶᠠᠪᠤᠳᠠᠯ ᠤᠨ ᠰᠠᠯᠠᠭ᠎ᠠ ᠮᠥᠴᠢᠷ ᠤᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ ︽ᠪᠢ ᠣᠯᠠᠨ | ᠲᠦᠮᠡᠨ ᠳᠤ ᠪᠣᠳᠠᠲᠠᠶ ᠠᠵᠢᠯ ᠬᠢᠵᠤ ᠦᠭᠬᠦ︾ ᠦᠢᠯᠡᠳᠦᠯᠭᠡ ᠶᠢᠨ ᠠᠵᠢᠯᠯᠠᠭ᠎ᠠ ᠶᠢ ᠰᠠᠶᠢᠲᠤᠷ ᠠᠳᠬᠤᠬᠤ ᠴᠢᠬᠤᠯᠠ ᠠᠷᠭ᠎ᠠ | ᠬᠡᠮᠵᠢᠶ᠎ᠡ ᠮᠥᠨ᠃ ᠪᠢᠳᠡ ᠨᠠᠮ ᠤᠨ ᠲᠡᠤᠬᠡ ᠶᠢ ᠰᠤᠷᠤᠯᠴᠠᠬᠤ ᠶᠢ ᠲᠤᠷᠰᠢᠯᠭ᠎ᠠ ᠪᠠᠨ ᠳ᠋ᠦᠩᠨᠡᠬᠦ᠂ ᠪᠣᠳᠠᠲᠤ ᠪᠠᠶᠢᠳᠠᠯ ᠢ | ᠠᠵᠢᠭᠯᠠᠬᠤ᠂ ᠠᠵᠢᠯ ᠢᠶᠠᠨ ᠠᠬᠢᠭᠤᠯᠬᠤ ᠲᠠᠢ ᠤᠶᠠᠯᠳᠤᠭᠤᠯᠵᠤ᠂ ᠭᠠᠶᠢᠯᠢ ᠲᠤᠰᠢᠶᠠᠭᠴᠢ ᠰᠦᠢᠳᠭᠡᠯ ᠲᠤᠰᠢᠶᠠᠭᠴᠢ ᠶᠢᠨ | ᠲᠦᠭᠵᠢᠷᠡᠯ᠂ ᠬᠦᠴᠢᠷ ᠠᠰᠠᠭᠤᠳᠠᠯ᠂ ᠡᠪᠡᠷᠰᠢᠶᠡᠯ ᠲᠠᠢ ᠠᠰᠠᠭᠤᠳᠠᠯ ᠢ ᠬᠦᠴᠦᠯᠡᠨ ᠰᠢᠢᠳᠪᠦᠷᠢᠯᠡᠵᠤ᠂ ᠠᠷᠠᠳ ᠲᠤ ᠠᠰᠢᠭ | ᠬᠦᠷᠲᠡᠭᠡᠬᠦ ᠪᠣᠳᠠᠲᠤ ᠶᠠᠪᠤᠳᠠᠯ ᠢ ᠰᠠᠶᠢᠲᠤᠷ ᠬᠢᠨ᠎ᠠ᠃ | ᠭᠤᠷᠪᠠ ᠳᠤ ᠣᠶᠢᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠭᠠᠶᠢᠯᠢ ᠲᠠᠲᠠᠪᠤᠷᠢ ᠶᠢᠨ ᠲᠠᠲᠠᠪᠤᠷᠢᠯᠠᠨ ᠬᠠᠮᠢᠶᠠᠷᠬᠤ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠪᠠ᠂ ︽ᠬᠠᠪᠤᠷ | ᠤᠨ ᠤᠷᠢᠬᠠᠨ ᠰᠠᠯᠬᠢᠨ ᠤ ᠠᠵᠢᠯᠯᠠᠭ᠎ᠠ︾ ᠨᠢ ᠮᠥᠨ ᠴᠦ ︽ᠰᠠᠨᠠᠯ︾ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ | ᠨᠠᠷᠢᠨ ᠣᠨᠣᠪᠴᠢᠲᠠᠶ ᠬᠠᠤᠯᠢ ᠬᠡᠷᠡᠭᠵᠢᠭᠦᠯᠬᠦ᠂ ᠨᠠᠷᠢᠯᠢᠭ ᠦᠢᠯᠡᠴᠢᠯᠡᠬᠦ᠂ ᠨᠠᠷᠢᠯᠢᠭ ᠣᠨᠣᠴᠠᠲᠠᠶ ᠪᠠᠷ ᠬᠢᠨᠠᠨ ᠬᠠᠮᠢᠶᠠᠷᠬᠤ᠂ | ᠦᠨᠡᠨᠴᠢ ᠰᠢᠳᠤᠷᠭᠤ ᠪᠠᠷ ᠬᠠᠮᠲᠤ ᠪᠠᠷ ᠵᠠᠰᠠᠬᠤ ᠶᠢ ᠭᠦᠨᠵᠡᠭᠡᠶ ᠳᠥᠯᠭᠢᠨ ᠠᠬᠢᠭᠤᠯᠵᠤ᠂ ᠭᠠᠶᠢᠯᠢ ᠶᠢᠨ ᠬᠠᠤᠯᠢ ᠶᠢ ᠵᠢᠷᠤᠮᠯᠠᠬᠤ | ᠬᠡᠮᠵᠢᠶ᠎ᠡ ᠪᠠ ᠨᠡᠶᠢᠭᠡᠮ ᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠶᠢᠨ ᠴᠢᠬᠤᠯᠠ ᠠᠭᠤᠯᠭ᠎ᠠ ᠪᠣᠯᠤᠨ᠎ᠠ᠃ | ᠡᠨᠡ ᠵᠢᠯ ᠤᠨ ︽ᠬᠠᠪᠤᠷ ᠤᠨ ᠤᠷᠢᠬᠠᠨ ᠰᠠᠯᠬᠢᠨ ᠤ ᠠᠵᠢᠯᠯᠠᠭ᠎ᠠ︾ ᠳᠤ ᠪᠠᠰᠠ ᠨᠢᠭᠡ ᠲᠣᠪᠤᠶᠢᠮ᠎ᠠ ᠣᠨᠴᠠᠯᠢᠭ ᠲᠠᠢ | ᠪᠠᠶᠢᠳᠠᠭ᠂ ᠡᠨᠡ ᠨᠢ ᠳᠠᠷᠤᠶ ᠭᠠᠶᠢᠯᠢ ᠲᠤᠰᠢᠶᠠᠭᠴᠢ ᠰᠦᠢᠳᠭᠡᠯ ᠲᠤᠰᠢᠶᠠᠭᠴᠢ ᠶᠢᠨ ᠪᠣᠳᠠᠲᠠᠶ ᠬᠡᠷᠡᠭᠴᠡᠭᠡ ᠱᠠᠭᠠᠷᠳᠠᠯᠭ᠎ᠠ ᠳᠤ | ᠠᠩᠬᠠᠷᠤᠯ ᠢᠶᠠᠨ ᠲᠥᠪᠯᠡᠷᠡᠭᠦᠯᠦᠨ ᠰᠢᠷᠢᠰ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠠᠪᠤᠳᠠᠯ ᠪᠣᠯᠤᠨ᠎ᠠ᠃ ᠭᠠᠶᠢᠯᠢ ᠶᠢᠨ | ᠶᠠᠪᠤᠳᠠᠯ ᠤᠨ ᠶᠡᠷᠦᠩᠬᠡᠶ ᠲᠣᠪᠴᠢᠶ᠎ᠠ ︽ᠬᠠᠪᠤᠷ ᠤᠨ ᠤᠷᠢᠬᠠᠨ ᠰᠠᠯᠬᠢᠨ ᠤ ᠠᠵᠢᠯᠯᠠᠭ᠎ᠠ︾ ᠶᠢᠨ ᠳᠤᠮᠳᠠ ᠬᠠᠨᠳᠤᠯᠭᠠᠲᠤ | ᠴᠢᠨᠠᠷᠲᠠᠶ ᠪᠠᠷ 10 ᠶᠡᠭᠡ ᠲᠥᠷᠥᠯ 30 ᠵᠦᠢᠯ 100 ᠵᠤᠷᠪᠤᠰ ᠤᠨ ᠪᠣᠳᠠᠲᠠᠶ ᠠᠷᠭ᠎ᠠ ᠬᠡᠮᠵᠢᠶ᠎ᠡ ᠶᠢ ᠨᠡᠶᠢᠲᠡᠯᠡᠵᠦ᠂ ᠭᠠᠶᠢᠯᠢ | ᠲᠤᠰᠢᠶᠠᠭᠴᠢ ᠰᠦᠢᠳᠭᠡᠯ ᠲᠤᠰᠢᠶᠠᠭᠴᠢ ᠶᠢᠨ ᠬᠠᠯᠠᠮᠵᠢᠯ ᠳᠤ ᠬᠦᠢᠴᠡᠳ ᠬᠠᠷᠢᠭᠤᠯᠲᠠ ᠥᠭᠴᠡᠶ᠃ | ᠰᠤᠷᠪᠤᠯᠵᠢᠯᠠᠭᠴᠢ᠄ ᠲᠠ ᠡᠨᠡ ᠵᠢᠯ ᠤᠨ ︽ᠠᠷᠠᠳ ᠲᠤ ᠳᠥᠭᠦᠮ ᠦᠵᠡᠭᠦᠯᠬᠦ ᠭᠠᠶᠢᠯᠢ ᠳᠤᠰᠢᠶᠠᠬᠤ ᠬᠠᠪᠤᠷ ᠤᠨ | ᠤᠷᠢᠬᠠᠨ ᠰᠠᠯᠬᠢᠨ ᠤ ᠠᠵᠢᠯᠯᠠᠭ᠎ᠠ︾ ᠳᠤ ᠪᠣᠳᠠᠲᠠᠶ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠢ ᠲᠠᠨᠢᠯᠴᠠᠭᠤᠯᠤᠭᠠᠳ | ᠥᠭᠭᠦᠨ᠎ᠡ ᠤᠤ︖ | ᠸᠠᠩ ᠰᠢᠶᠠᠩ ᠶᠠᠩ᠄ ᠡᠨᠡ ᠵᠢᠯ ᠤᠨ ︽ᠬᠠᠪᠤᠷ ᠤᠨ ᠤᠷᠢᠬᠠᠨ ᠰᠠᠯᠬᠢᠨ ᠤ ᠠᠵᠢᠯᠯᠠᠭ᠎ᠠ︾᠂ ︽ᠬᠠᠤᠯᠢ | ᠬᠡᠷᠡᠭᠵᠢᠭᠦᠯᠤᠯᠳᠡ ᠶᠢᠨ ᠦᠢᠯᠡᠴᠢᠯᠡᠭᠡ ᠶᠢ ᠰᠢᠯᠢᠳᠡᠭᠵᠢᠭᠦᠯᠬᠦ · ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢ | ᠰᠠᠶᠢᠲᠤᠷ ᠬᠢᠬᠦ︾ ᠭᠤᠣᠯ ᠰᠡᠳᠦᠪ ᠤᠨ ᠲᠣᠭᠤᠷᠢᠨ ᠳᠤ᠂ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠡ ᠠᠴᠠ ᠤᠯᠠᠨ | ᠲᠦᠮᠡᠨ ᠤ ᠬᠦᠰᠡᠯ ᠱᠠᠭᠠᠷᠳᠠᠯᠭ᠎ᠠ ᠪᠠᠨ ᠲᠦᠷᠭᠡᠨ ᠳᠤᠰᠬᠠᠬᠤ᠂ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠰᠢᠭᠤᠳ | ᠬᠦᠷᠳᠡᠬᠦ᠂ ᠳᠥᠭᠦᠮ ᠳᠥᠲᠡ ᠰᠢᠢᠳᠪᠦᠷᠢᠯᠡᠬᠦ ᠳᠤ ᠰᠠᠶᠢᠬᠠᠨ ᠪᠡᠶᠡᠴᠢᠯᠡᠨ ᠣᠶᠢᠯᠠᠭᠠᠬᠤ᠂ ᠲᠦᠷᠦᠯ ᠬᠤᠪᠢᠶᠠᠨ ᠦᠢᠯᠡᠴᠢᠯᠡᠵᠦ | ᠬᠦᠴᠢᠷ ᠠᠰᠠᠭᠤᠳᠠᠯ ᠢ ᠰᠢᠢᠳᠪᠦᠷᠢᠯᠡᠬᠦ᠂ ᠬᠠᠤᠯᠢ ᠬᠡᠷᠡᠭᠵᠢᠭᠦᠯᠵᠦ ᠡᠷᠬᠡ ᠪᠠᠨ ᠬᠠᠮᠠᠭᠠᠯᠠᠬᠤ ᠳᠤ ᠢᠯᠴᠢ ᠶᠢ ᠨᠢ ᠢᠯᠡᠷᠡᠭᠦᠯᠬᠦ᠂ | ᠬᠠᠤᠯᠢ ᠬᠡᠷᠡᠭᠵᠢᠭᠦᠯᠤᠯᠳᠡ ᠶᠢ ᠵᠢᠷᠤᠮᠵᠢᠭᠤᠯᠵᠤ ᠶᠠᠰᠤ ᠴᠢᠨᠠᠷ ᠢ ᠳᠡᠭᠡᠭᠰᠢᠯᠡᠭᠦᠯᠬᠦ᠂ ᠮᠡᠳᠡᠭᠡ ᠵᠠᠩᠭᠢ ᠬᠠᠷᠢᠯᠴᠠᠨ | ᠨᠡᠪᠲᠡᠷᠡᠯᠴᠡᠬᠦᠯᠵᠤ ᠮᠠᠲ᠋ᠧᠷᠢᠶᠠᠯ ᠢ ᠪᠠᠭᠠᠰᠬᠠᠬᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠪᠠᠷ ᠬᠠᠮᠲᠤᠷᠠᠨ ᠭᠦᠢᠴᠡᠳᠬᠡᠬᠦ ᠶᠢ | ᠠᠬᠢᠭᠤᠯᠬᠤ᠂ ᠤᠯᠠᠨ ᠤᠯᠤᠰ ᠤᠨ ᠬᠠᠮᠲᠤᠷᠠᠯᠴᠠᠭ᠎ᠠ ᠪᠠᠷ ᠬᠠᠮᠲᠤ ᠪᠠᠷ ᠠᠰᠢᠭ ᠬᠦᠷᠳᠡᠬᠦ᠂ ᠦᠨᠡᠨᠴᠢ ᠢᠲᠡᠭᠡᠮᠵᠢᠲᠡᠢ ᠪᠠᠷ | ᠭᠠᠶᠢᠯᠢ ᠲᠤᠰᠢᠶᠠᠬᠤ ᠶᠢ ᠤᠷᠮᠠᠰᠢᠭᠤᠯᠤᠨ ᠵᠣᠷᠢᠭᠵᠢᠭᠤᠯᠬᠤ ᠵᠡᠷᠭᠡ 10 ᠶᠡᠭᠡ ᠲᠦᠷᠦᠯ 30 ᠵᠦᠢᠯ 100 ᠵᠤᠷᠪᠤᠰ | ᠠᠷᠠᠳ ᠲᠤ ᠲᠦᠭᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠨᠡᠶᠢᠲᠡᠯᠡᠪᠡ᠃ | ᠵᠢᠱᠢᠶᠡᠯᠡᠪᠡᠯ ᠳᠦᠬᠦᠮ ᠲᠦᠳᠡ ᠰᠢᠢᠳᠪᠦᠷᠢᠯᠡᠬᠦ ᠶᠢ ᠪᠡᠶᠡᠴᠢᠯᠡᠨ ᠣᠶᠢᠯᠠᠭᠠᠬᠤ ᠲᠠᠯ᠎ᠠ ᠪᠠᠷ ᠭᠠᠷᠭᠠᠭᠰᠠᠨ ᠭᠠᠶᠢᠯᠢ | ᠰᠦᠢᠳᠬᠡᠯ ᠤᠨ ᠮᠡᠳᠡᠭᠦᠯᠦᠯᠲᠡ ᠶᠢ ᠳᠥᠭᠦᠮᠴᠢᠯᠡᠨ ᠨᠡᠶᠢᠯᠡᠭᠦᠯᠬᠦ ᠠᠷᠭ᠎ᠠ ᠬᠡᠮᠵᠢᠶ᠎ᠡ᠂ ᠥᠷᠲᠡᠭ ᠤᠨ ᠨᠡᠮᠡᠭᠳᠡᠯ ᠤᠨ ᠭᠠᠶᠢᠯᠢ᠂ | ᠬᠡᠷᠡᠭᠯᠡᠭᠡᠨ ᠤ ᠭᠠᠶᠢᠯᠢ ᠵᠢᠴᠢ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠭᠠᠶᠢᠯᠢ᠂ ᠰᠤᠷᠭᠠᠨ ᠬᠥᠮᠦᠵᠢᠯ ᠤᠨ ᠵᠠᠷᠤᠳᠠᠯ | ᠤᠨ ᠨᠡᠮᠡᠯᠲᠡ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠵᠡᠷᠭᠡ ᠭᠤᠤᠯ ᠭᠠᠶᠢᠯᠢ ᠶᠢᠨ ᠨᠡᠮᠡᠯᠲᠡ ᠭᠠᠶᠢᠯᠢ | ᠰᠦᠢᠳᠭᠡᠯ ᠤᠨ ᠮᠡᠳᠡᠭᠦᠯᠦᠯᠲᠡ ᠶᠢᠨ ᠬᠦᠰᠦᠨᠦᠭᠲᠦ ᠶᠢ ᠨᠡᠶᠢᠳᠬᠡᠵᠤ᠂ ᠭᠠᠶᠢᠯᠢ ᠲᠤᠰᠢᠶᠠᠭᠴᠢ ᠪᠠᠷ ᠭᠤᠤᠯ ᠭᠠᠶᠢᠯᠢ ᠶᠢᠨ | ᠨᠡᠮᠡᠯᠲᠡ ᠭᠠᠶᠢᠯᠢ ᠰᠦᠢᠳᠭᠡᠯ ᠤᠨ ᠮᠡᠳᠡᠭᠦᠯᠦᠯᠲᠡ ᠶᠢ ᠨᠢᠭᠡ ᠯᠡ ᠤᠳᠠᠭ᠎ᠠ ᠳᠤ ᠪᠡᠶᠡᠯᠡᠭᠦᠯᠦᠨ᠎ᠡ᠃ ᠨᠡᠶᠢᠲᠡᠯᠡᠨ | ᠬᠡᠷᠡᠭᠵᠢᠭᠦᠯᠦᠭᠰᠡᠨ ᠭᠡᠷᠡᠴᠢ ᠮᠠᠲ᠋ᠧᠷᠢᠶᠠᠯ ᠢ ᠴᠣᠮᠬᠠᠳᠬᠠᠬᠤ ᠦᠢᠯᠡᠴᠢᠯᠡᠭᠡ ᠨᠢ ᠣᠲᠣ ᠶᠢᠨ ᠰᠠᠭᠤᠷᠢᠨ ᠳᠡᠭᠡᠷ᠎ᠡ ᠭᠠᠶᠢᠯᠢ | ᠲᠤᠰᠢᠶᠠᠭᠴᠢ ᠰᠦᠢᠳᠬᠡᠯ ᠳᠤᠰᠢᠶᠠᠭᠴᠢ ᠶᠢᠨ ᠬᠠᠩᠭᠠᠭᠰᠠᠨ ᠭᠡᠷᠡᠴᠢ ᠮᠠᠲ᠋ᠧᠷᠢᠶᠠᠯ ᠢ ᠤᠯᠠᠮ ᠨᠢᠭᠡ ᠠᠯᠬᠤᠮ ᠪᠠᠭᠠᠰᠬᠠᠪᠠ᠃ | ᠢᠲᠡᠭᠡᠮᠵᠢ ᠶᠢᠨ ᠠᠮᠠᠯᠠᠯᠲᠠ ᠶᠢᠨ ︽ᠳᠤᠲᠠᠮᠠᠭ ᠢ ᠵᠦᠪᠰᠢᠶᠡᠷᠡᠨ ᠬᠦᠢᠴᠡᠳᠬᠡᠬᠦ︾ ᠶᠢ ᠬᠡᠷᠡᠭᠵᠢᠬᠦᠯᠵᠤ᠂ ᠨᠥᠬᠦᠴᠡᠯ ᠳᠤ | ᠨᠡᠶᠢᠴᠡᠬᠦ ᠭᠠᠶᠢᠯᠢ ᠲᠤᠰᠢᠶᠠᠭᠴᠢ ᠶᠢᠨ ︽ᠭᠡᠯᠳᠦᠷᠢᠭᠦᠯᠤᠨ ᠬᠦᠢᠴᠡᠳᠬᠡᠬᠦ︾ ︽ᠪᠠᠷᠢᠨ ᠬᠦᠢᠴᠡᠳᠬᠡᠬᠦ︾ ᠶᠢ ᠴᠢᠩᠭᠠᠳᠬᠠᠵᠤ᠂ | ︽ᠣᠯᠠᠨ ᠳᠡᠶᠢᠰᠢ ᠭᠦᠶᠦᠬᠦ︾ ᠶᠢ ᠪᠠᠭᠠᠰᠬᠠᠪᠠ᠃ | ᠪᠠᠰᠠ ᠵᠢᠱᠢᠶᠡᠯᠡᠪᠡᠯ᠂ ᠣᠨᠴᠠᠭᠠᠶ ᠬᠥᠮᠦᠰ ᠢ ᠠᠩᠬᠠᠷᠬᠤ ᠲᠠᠯ᠎ᠠ ᠪᠠᠷ᠂ ᠤᠯᠠᠮᠵᠢᠯᠠᠯᠲᠤ ᠦᠢᠯᠡᠴᠢᠯᠡᠭᠡ ᠪᠠ ᠣᠶᠤᠨᠴᠢ | ᠰᠢᠨ᠎ᠡ ᠶᠢ ᠡᠭᠦᠳᠬᠦ ︽ᠬᠤᠶᠠᠷ ᠬᠥᠯ︾ ᠢᠶᠠᠷ ᠶᠠᠪᠤᠬᠤ ᠶᠢ ᠪᠠᠷᠢᠮᠲᠠᠯᠠᠵᠤ᠂ ᠨᠡᠶᠢᠭᠡᠮ ᠲᠣᠭᠤᠷᠢᠭ ᠤᠨ ᠦᠢᠯᠡᠳᠦᠯ ᠢ | ᠭᠦᠶ᠋ᠴᠡᠳ ᠪᠠᠳᠠᠷᠠᠭᠤᠯᠤᠨ᠂ ᠨᠡᠶᠢᠭᠡᠮ ᠲᠣᠭᠤᠷᠢᠭ ᠲᠠᠢ ᠬᠠᠮᠲᠤᠷᠠᠨ ᠨᠡᠶᠢᠭᠡᠮ ᠲᠣᠭᠤᠷᠢᠭ ᠤᠨ ᠣᠷᠣᠯᠠᠨ ᠬᠦᠢᠴᠡᠳᠬᠡᠬᠦ | ᠬᠠᠪᠰᠤᠷᠤᠨ ᠬᠦᠢᠴᠡᠳᠬᠡᠬᠦ ᠦᠢᠯᠡᠴᠢᠯᠡᠬᠡᠨ ᠤ ᠴᠡᠭ ᠪᠠᠶᠢᠭᠤᠯᠵᠤ ᠬᠠᠮᠢᠶ᠎ᠠ ᠪᠥᠬᠦᠶ ᠦᠢᠯᠡᠴᠢᠯᠡᠭᠡ ᠶᠢ ᠥᠷᠨᠢᠭᠦᠯᠵᠦ᠂ | ᠨᠠᠰᠤᠲᠠᠶᠢᠴᠤᠳ᠂ ᠵᠡᠮᠳᠡᠭᠴᠦᠳ ᠵᠡᠷᠭᠡ ᠣᠨᠴᠠᠭᠠᠶ ᠬᠥᠮᠦᠰ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠰᠦᠢᠳᠬᠡᠯ | ᠲᠤᠰᠢᠶᠠᠬᠤ ᠶᠢ ᠰᠠᠭᠠᠳ ᠥᠬᠡᠶ ᠪᠥᠭᠡᠳ ᠳᠥᠭᠦᠮ ᠳᠥᠲᠡ ᠪᠠᠶᠢᠯᠭᠠᠬᠤ ᠶᠢ ᠪᠠᠲᠤᠯᠠᠵᠡᠢ᠃ | ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠪᠠᠰᠠ ᠭᠠᠶᠢᠯᠢ ᠶᠢᠨ ᠶᠠᠪᠤᠳᠠᠯ ᠤᠨ | ᠶᠡᠷᠦᠩᠬᠡᠶ ᠲᠣᠪᠴᠢᠶ᠎ᠠ ᠶᠢᠨ ᠠᠷᠭ᠎ᠠ ᠬᠡᠮᠵᠢᠶ᠎ᠡ ᠶᠢᠨ ᠰᠠᠭᠤᠷᠢᠨ ᠳᠡᠭᠡᠷ᠎ᠡ᠂ ᠥᠪᠥᠷ ᠮᠣᠩᠭᠤᠯ ᠳᠤ ᠣᠨᠴᠠ ᠪᠠᠶᠢᠳᠠᠭ 1 | ᠲᠥᠷᠥᠯ 5 ᠵᠦᠢᠯ 11 ᠵᠤᠷᠪᠤᠰ ᠤᠨ ᠪᠣᠳᠠᠲᠠᠶ ᠠᠷᠭ᠎ᠠ ᠬᠡᠮᠵᠢᠶ᠎ᠡ ᠶᠢ ᠰᠢᠨ᠎ᠡ ᠪᠠᠷ ᠨᠡᠮᠡᠵᠦ᠂ ᠨᠠᠩ ᠶᠡᠭᠡ ᠡᠷᠴᠢᠮᠳᠡᠢ᠂ ᠨᠠᠩ | ᠲᠦᠷᠭᠡᠨ᠂ ᠨᠠᠩ ᠰᠢᠯᠢᠳᠡᠭ ᠦᠷ᠎ᠡ ᠪᠦᠲᠦᠮᠵᠢ ᠪᠠᠷ ︽ᠪᠢ ᠭᠠᠶᠢᠯᠢ ᠲᠤᠰᠢᠶᠠᠭᠴᠢ ᠰᠦᠢᠳᠬᠡᠯ ᠲᠤᠰᠢᠶᠠᠭᠴᠢ ᠳᠤ ᠪᠣᠳᠠᠲᠠᠶ | ᠠᠵᠢᠯ ᠬᠢᠵᠤ ᠦᠭᠬᠦ︾ ᠠᠵᠢᠯ ᠢ ᠯᠠᠪᠳᠠᠭᠤᠨ ᠪᠠᠲᠤᠲᠠᠶ ᠳᠥᠯᠭᠢᠨ ᠠᠬᠢᠭᠤᠯᠵᠡᠢ᠃ ᠵᠢᠱᠢᠶᠡᠯᠡᠪᠡᠯ ᠭᠤᠷᠪᠠᠨ ᠺᠢᠯᠣᠮᠧᠲᠷ ᠢᠶᠠᠷ | ᠷᠠᠳᠢᠤᠰ ᠪᠣᠯᠭᠠᠵᠤ᠂ ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠠ ᠲᠣᠮᠣ ᠳ᠋ᠠᠶᠢᠲ᠋ᠠ ᠵᠡᠷᠭᠡ ᠮᠡᠳᠡᠭᠡ | ᠵᠠᠩᠭᠢᠵᠢᠯᠲᠠ ᠶᠢᠨ ᠪᠥᠲᠥᠭᠡᠨ ᠪᠠᠶᠢᠭᠤᠯᠤᠯᠲᠠ ᠶᠢᠨ ᠲᠤᠯᠭᠠᠭᠤᠷᠢᠯᠠᠯ ᠳᠣᠤᠷ᠎ᠠ᠂ ᠡᠯ᠎ᠡ ᠱᠠᠲᠤ ᠲᠠᠰ᠂ ᠡᠯ᠎ᠡ ᠣᠷᠣᠨ ᠪᠦᠰᠡ᠂ | ᠡᠯ᠎ᠡ ᠳᠤᠭᠳᠠᠭᠰᠠᠨ ᠴᠠᠭ᠂ ᠡᠯ᠎ᠡ ᠬᠡᠯᠪᠡᠷᠢ ᠪᠠᠶᠢᠳᠠᠯ᠂ ᠡᠯ᠎ᠡ ᠲᠤᠬᠠᠶᠢᠯᠠᠭᠰᠠᠨ ᠠᠵᠢᠯ ᠢᠶᠠᠷ ᠢᠶᠠᠨ ᠬᠠᠷᠢᠯᠴᠠᠨ ᠳᠡᠮᠵᠢᠵᠦ᠂ | ᠬᠠᠷᠢᠯᠴᠠᠨ ᠠᠬᠢᠭᠤᠯᠵᠤ᠂ ᠰᠠᠶᠢᠨ ᠨᠥᠬᠦᠴᠡᠯᠳᠦᠭᠰᠡᠨ ᠦᠢᠯᠡᠴᠢᠯᠡᠬᠡᠨ ᠤ ᠠᠮᠢ ᠠᠬᠤᠶ ᠶᠢᠨ ᠴᠠᠭᠠᠷᠢᠭ ᠢ ᠪᠣᠶ ᠪᠣᠯᠭᠠᠵᠤ᠂ | ᠭᠠᠶᠢᠯᠢ ᠲᠤᠰᠢᠶᠠᠭᠴᠢ ᠰᠦᠢᠳᠬᠡᠯ ᠲᠤᠰᠢᠶᠠᠭᠴᠢ ᠶᠢᠨ ᠶᠠᠮᠠᠷ ᠵᠦᠢᠯ ᠤᠨ ᠵᠠᠮ ᠬᠠᠷᠢᠯᠴᠠᠭᠠᠨ ᠤ ᠠᠷᠭ᠎ᠠ ᠮᠠᠶ᠋ᠢᠭ ᠢ ᠬᠡᠷᠡᠭᠯᠡᠭᠰᠡᠨ | ᠴᠦ 15 — 30 ᠮᠢᠨᠦ᠋ᠲ ᠤᠨ ᠳᠣᠲᠣᠷ᠎ᠠ ᠴᠥᠮ ᠭᠠᠶᠢᠯᠢ ᠲᠤᠰᠢᠶᠠᠬᠤ ᠰᠦᠢᠳᠬᠡᠯ ᠲᠤᠰᠢᠶᠠᠬᠤ ᠦᠢᠯᠡᠴᠢᠯᠡᠬᠡᠨ ᠤ | ᠲᠠᠯᠠᠪᠤᠷ ᠭᠠᠵᠠᠷ ᠢ ᠨᠠᠭᠠᠳᠤ ᠵᠠᠬ᠎ᠠ ᠳᠠᠭᠠᠨ ᠨᠢᠭᠡ ᠣᠯᠵᠤ ᠳᠡᠶᠢᠯᠬᠦ ᠶᠢ ᠪᠠᠲᠤᠯᠠᠵᠡᠢ᠃ | ᠪᠢᠳᠡ ᠪᠠᠰᠠ ᠭᠠᠶᠢᠯᠢ ᠰᠦᠢᠳᠬᠡᠯ ᠢ ᠲᠠᠲᠠᠪᠤᠷᠢᠯᠠᠨ ᠬᠠᠮᠢᠶᠠᠷᠬᠤ ᠠᠰᠠᠭᠤᠳᠠᠯ ᠢ ᠬᠠᠮᠵᠢᠯᠴᠠᠨ ᠰᠢᠢᠳᠪᠦᠷᠢᠯᠡᠬᠦ | ᠲᠣᠭᠲᠠᠴᠠ ᠶᠢ ᠪᠠᠶᠢᠭᠤᠯᠵᠤ᠂ ᠠᠰᠠᠭᠤᠳᠠᠯ ᠢ ᠰᠢᠢᠳᠪᠦᠷᠢᠯᠡᠬᠦ ᠲᠥᠪ ᠢ ᠪᠠᠶᠢᠭᠤᠯᠵᠤ᠂ ᠠᠰᠠᠭᠤᠳᠠᠯ ᠢ ᠰᠢᠢᠳᠪᠦᠷᠢᠯᠡᠬᠦ | ᠲᠥᠪ ᠢᠶᠠᠷ ᠬᠦᠢᠰᠦ ᠪᠣᠯᠭᠠᠵᠤ᠂ ᠭᠠᠶᠢᠯᠢ ᠰᠦᠢᠳᠬᠡᠯ ᠢ ᠲᠠᠲᠠᠪᠤᠷᠢᠯᠠᠨ ᠬᠠᠮᠢᠶᠠᠷᠬᠤ ᠠᠰᠠᠭᠤᠳᠠᠯ ᠢ ᠦᠳᠲᠡᠷ ᠲᠦᠷᠭᠡᠨ ᠢᠶᠠᠷ | ᠪᠦᠬᠦ ᠲᠠᠯ᠎ᠠ ᠪᠠᠷ ᠡᠮᠬᠢᠳᠭᠡᠨ ᠴᠤᠭᠯᠠᠭᠤᠯᠪᠠ᠃ ᠭᠠᠶᠢᠯᠢ ᠰᠦᠢᠳᠬᠡᠯ ᠤᠨ ᠬᠠᠮᠵᠢᠯᠴᠠᠨ ᠠᠵᠢᠯᠯᠠᠬᠤ ᠪᠦᠯᠬᠦᠮ ᠶᠢ ᠪᠠᠶᠢᠭᠤᠯᠵᠤ | ᠂ ᠬᠠᠮᠵᠢᠯᠴᠠᠨ ᠠᠵᠢᠯᠯᠠᠬᠤ ᠳᠠᠪᠠᠭᠤᠯᠢᠭ ᠢᠶᠠᠨ ᠬᠦᠢᠴᠡᠳ ᠪᠠᠳᠠᠷᠠᠭᠤᠯᠤᠨ᠂ ︽ᠲᠦᠷᠭᠡᠨ ᠴᠤᠤᠷᠢᠶᠠᠳᠣᠨ ᠳᠠᠭᠠᠵᠤ᠂ | ᠨᠢᠭᠡᠳᠦᠭᠡᠷ ᠹᠷᠣᠨᠲ ᠲᠤ ᠰᠢᠢᠳᠪᠦᠷᠢᠯᠡᠬᠦ︾ ᠶᠢ ᠪᠡᠶᠡᠯᠡᠭᠦᠯᠵᠦ᠂ ᠡᠯ᠎ᠡ ᠲᠥᠷᠥᠯ ᠤᠨ ᠠᠰᠠᠭᠤᠳᠠᠯ ᠢ ᠠᠯᠢ ᠴᠢᠳᠠᠬᠤ ᠪᠠᠷ | ᠨᠢᠭᠡᠳᠦᠭᠡᠷ ᠲᠤᠬᠠᠶ ᠶᠢᠨ ᠲᠠᠯᠠᠪᠤᠷ ᠲᠤ ᠰᠢᠢᠳᠪᠦᠷᠢᠯᠡᠵᠤ᠂ ︽ ᠵᠢᠵᠢᠭ ᠪᠠᠭ᠎ᠠ ᠠᠰᠠᠭᠤᠳᠠᠯ ᠢ ᠥᠷᠭᠡᠳᠬᠡᠬᠦ᠂ ᠬᠦᠴᠢᠷ | ᠲᠦᠪᠡᠭᠲᠡᠶ ᠠᠰᠠᠭᠤᠳᠠᠯ ᠢ ᠵᠣᠭᠰᠣᠭᠠᠬᠤ︾ ᠠᠴᠠ ᠪᠦᠲᠦᠮᠵᠢᠲᠡᠶ ᠵᠠᠶᠢᠯᠠᠰᠬᠢᠭᠰᠠᠨ ᠪᠠᠶᠢᠨ᠎ᠠ᠃ | ᠳᠡᠭᠡᠷ᠎ᠡ ᠳᠤᠷᠠᠳᠤᠭᠰᠠᠨ ᠠᠷᠭ᠎ᠠ ᠬᠡᠮᠵᠢᠶ᠎ᠡ ᠶᠢ ᠴᠥᠮ ᠭᠠᠶᠢᠯᠢ ᠲᠤᠰᠢᠶᠠᠭᠴᠢ ᠰᠦᠢᠳᠬᠡᠯ ᠲᠤᠰᠢᠶᠠᠭᠴᠢ ᠶᠢᠨ ᠬᠠᠷᠠᠭᠠᠨ | ᠤ ᠦᠨᠴᠤᠭ᠌ ᠲᠤ ᠰᠠᠭᠤᠷᠢᠯᠠᠵᠤ᠂ ᠭᠠᠶᠢᠯᠢ ᠲᠤᠰᠢᠶᠠᠭᠴᠢ ᠰᠦᠢᠳᠬᠡᠯ ᠲᠤᠰᠢᠶᠠᠭᠴᠢ ᠶᠢᠨ ᠬᠦᠴᠢᠷ ᠠᠰᠠᠭᠤᠳᠠᠯ ᠢ | ᠰᠢᠢᠳᠪᠦᠷᠢᠯᠡᠬᠦ ᠶᠢᠨ ᠲᠥᠯᠥᠭᠡ ᠬᠡᠷᠡᠭᠵᠢᠭᠦᠯᠦᠭᠰᠡᠨ ᠭᠡᠵᠦ ᠬᠡᠯᠡᠵᠦ ᠪᠣᠯᠤᠨ᠎ᠠ᠃ ᠭᠠᠶᠢᠯᠢ ᠲᠤᠰᠢᠶᠠᠬᠤ ᠦᠢᠯᠡᠴᠢᠯᠡᠭᠡ ᠬᠢᠵᠠᠭᠠᠷ | ᠥᠬᠡᠶ᠂ ᠦᠷᠭᠦᠯᠵᠢᠯᠡᠨ ᠠᠬᠢᠭᠤᠯᠬᠤ ᠶᠠᠪᠤᠴᠠ ᠳᠤ᠂ ᠪᠢᠳᠡ ᠪᠠᠰᠠ ᠦᠷᠭᠦᠯᠵᠢᠯᠡᠨ ᠨᠠᠩ ᠣᠯᠠᠨ ᠪᠣᠳᠠᠲᠠᠶ ᠠᠷᠭ᠎ᠠ ᠬᠡᠮᠵᠢᠶ᠎ᠡ | ᠲᠣᠭᠲᠠᠭᠠᠵᠤ᠂ ᠭᠠᠶᠢᠯᠢ ᠲᠤᠰᠢᠶᠠᠭᠴᠢ ᠰᠦᠢᠳᠬᠡᠯ ᠲᠤᠰᠢᠶᠠᠭᠴᠢ ᠶᠢᠨ ᠬᠠᠯᠠᠮᠵᠢᠯ ᠳᠤ ᠬᠦᠢᠴᠡᠳ ᠬᠠᠷᠢᠭᠤᠯᠲᠠ ᠥᠭᠴᠦ᠂ | ᠳᠥᠷᠪᠡᠨ ᠤᠯᠠᠷᠢᠯ ᠳᠤ ᠠᠷᠠᠳ ᠲᠤ ᠲᠥᠬᠦᠮ ᠦᠵᠡᠭᠦᠯᠬᠦ ᠰᠠᠯᠬᠢ ᠰᠠᠯᠬᠢᠯᠠᠬᠤ ᠶᠢ ᠪᠡᠶᠡᠯᠡᠭᠦᠯᠦᠨ᠎ᠡ᠃ | ᠰᠤᠷᠪᠤᠯᠵᠢᠯᠠᠭᠴᠢ᠄ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠭᠠᠷᠭᠠᠭᠰᠠᠨ ︽ᠥᠯᠥ ᠬᠦᠷᠦᠯᠴᠡᠬᠦ ᠬᠡᠯᠪᠡᠷᠢ︾ | ᠶᠢᠨ ᠭᠠᠶᠢᠯᠢ ᠲᠤᠰᠢᠶᠠᠬᠤ ᠦᠢᠯᠡᠴᠢᠯᠡᠭᠡ ᠨᠢ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠲᠦᠢᠯ ᠤᠨ ᠴᠢᠬᠤᠯᠠ | ᠦᠢᠯᠡᠳᠦᠯ ᠦᠵᠡᠭᠦᠯᠵᠦ᠂ ᠥᠷᠭᠡᠨ ᠣᠯᠠᠨ ᠭᠠᠶᠢᠯᠢ ᠲᠤᠰᠢᠶᠠᠭᠴᠢ ᠰᠦᠢᠳᠬᠡᠯ ᠲᠤᠰᠢᠶᠠᠭᠴᠢ ᠶᠢᠨ ᠬᠦᠷᠢᠶᠡᠯᠡᠯ ᠢ ᠣᠯᠤᠭᠰᠠᠨ | ᠪᠠᠶᠢᠨ᠎ᠠ᠃ ︽ᠥᠯᠥ ᠬᠦᠷᠦᠯᠴᠡᠬᠦ ᠬᠡᠯᠪᠡᠷᠢ︾ ᠶᠢ ᠠᠪᠴᠦ ᠭᠠᠶᠢᠯᠢ ᠲᠤᠰᠢᠶᠠᠬᠤ ᠲᠠᠯ᠎ᠠ ᠪᠠᠷ ᠭᠠᠶᠢᠯᠢ ᠶᠢᠨ ᠶᠠᠪᠤᠳᠠᠯ ᠤᠨ | ᠰᠠᠯᠠᠭ᠎ᠠ ᠮᠥᠴᠢᠷ ᠪᠠᠰᠠ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠠᠪᠬᠤ ᠪᠤᠶ︖ | ᠸᠠᠩ ᠰᠢᠶᠠᠩ ᠶᠠᠩ᠄ ᠨᠢᠳᠤᠨᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠶᠡᠷᠦᠩᠬᠡᠶ ᠲᠣᠪᠴᠢᠶᠠᠨ ᠤ | ᠲᠣᠪᠴᠢᠶᠠᠨ ᠳᠠᠷᠤᠭ᠎ᠠ ᠸᠠᠩ ᠵᠢᠶᠦ᠋ᠨ ︽ᠥᠯᠥ ᠬᠦᠷᠦᠯᠴᠡᠬᠦ ᠬᠡᠯᠪᠡᠷᠢ︾ ᠶᠢᠨ ᠭᠠᠶᠢᠯᠢ ᠲᠤᠰᠢᠶᠠᠬᠤ ᠳᠤ ᠨᠡᠮᠡᠷᠢᠯᠡᠬᠦ | ᠱᠠᠭᠠᠷᠳᠠᠯᠭ᠎ᠠ ᠶᠣᠰᠣᠭᠠᠷ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ︽ᠥᠯᠥ ᠬᠦᠷᠦᠯᠴᠡᠬᠦ ᠬᠡᠯᠪᠡᠷᠢ︾ ᠶᠢᠨ ᠭᠠᠶᠢᠯᠢ | ᠲᠤᠰᠢᠶᠠᠬᠤ ᠦᠢᠯᠡᠴᠢᠯᠡᠭᠡ ᠶᠢ ᠢᠳᠡᠪᠬᠢᠲᠡᠶ ᠬᠡᠷᠡᠭᠵᠢᠭᠦᠯᠪᠡ᠃ ᠡᠨᠡ ᠵᠢᠯ᠂ ᠪᠢᠳᠡ ︽ᠥᠯᠥ ᠬᠦᠷᠦᠯᠴᠡᠬᠦ ᠬᠡᠯᠪᠡᠷᠢ︾ ᠶᠢᠨ | ᠭᠠᠶᠢᠯᠢ ᠲᠤᠰᠢᠶᠠᠬᠤ ᠬᠦᠷᠢᠶ᠎ᠡ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠰᠦᠯᠵᠢᠶᠡᠨ ᠳᠡᠭᠡᠷ᠎ᠡ ᠭᠠᠶᠢᠯᠢ ᠲᠤᠰᠢᠶᠠᠬᠤ | ᠠᠷᠭ᠎ᠠ ᠵᠠᠮ ᠢ ᠥᠷᠭᠡᠳᠬᠡᠨ᠂ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ ᠵᠢᠯ ᠤᠨ ᠡᠴᠦᠰ ᠠᠴᠠ ᠡᠮᠦᠨ᠎ᠡ ᠠᠵᠤ | ᠠᠬᠤᠶᠢᠯᠠᠯ ᠤᠨ ᠭᠠᠶᠢᠯᠢ ᠰᠦᠢᠳᠬᠡᠯ ᠤᠨ ᠵᠦᠢᠯᠡᠰ ᠢ ᠰᠦᠯᠵᠢᠶᠡᠨ ᠳᠡᠭᠡᠷ᠎ᠡ ᠰᠢᠢᠳᠪᠦᠷᠢᠯᠡᠵᠤ ᠳᠡᠶᠢᠯᠬᠦ᠂ ᠬᠤᠪᠢ ᠬᠥᠮᠦᠨ ᠤ | ᠭᠠᠶᠢᠯᠢ ᠰᠦᠢᠳᠬᠡᠯ ᠤᠨ ᠵᠦᠢᠯᠡᠰ ᠢ ᠭᠠᠷ ᠤᠳᠠᠰᠤᠨ ᠳᠡᠬᠡᠷ᠎ᠡ ᠰᠢᠢᠳᠪᠦᠷᠢᠯᠡᠵᠤ ᠳᠡᠶᠢᠯᠬᠦ ᠶᠠᠪᠤᠳᠠᠯ ᠢ ᠦᠨᠳᠦᠰᠦᠨ ᠳᠡᠭᠡᠨ | ᠪᠡᠶᠡᠯᠡᠭᠦᠯᠬᠦ ᠪᠠᠷ ᠴᠢᠷᠮᠠᠶᠢᠨ᠎ᠠ᠃ ᠪᠢᠳᠡ ᠪᠠᠰᠠ ᠰᠦᠯᠵᠢᠶᠡᠨ ᠳᠡᠭᠡᠷᠡᠬᠢ ᠠᠷᠭ᠎ᠠ ᠮᠠᠶ᠋ᠢᠭ ᠢᠶᠠᠷ ᠭᠠᠶᠢᠯᠢ ᠬᠦᠢᠴᠡᠳᠬᠡᠬᠦ ᠶᠢ | ᠬᠠᠪᠰᠤᠷᠤᠨ ᠰᠢᠢᠳᠪᠦᠷᠢᠯᠡᠬᠦ ᠶᠢ ᠥᠷᠨᠢᠭᠦᠯᠵᠦ᠂ ᠠᠯᠤᠰ ᠠᠴᠠ ᠬᠠᠪᠰᠤᠷᠤᠨ ᠬᠦᠢᠴᠡᠳᠬᠡᠬᠦ᠂ ᠠᠰᠠᠭᠤᠬᠤ ᠪᠠ ᠰᠢᠢᠳᠪᠦᠷᠢᠯᠡᠬᠦ | ᠶᠢ ᠤᠶᠠᠯᠳᠤᠭᠤᠯᠬᠤ ᠶᠢ ᠪᠡᠶᠡᠯᠡᠭᠦᠯᠵᠦ᠂ ᠭᠠᠶᠢᠯᠢ ᠲᠤᠰᠢᠶᠠᠭᠴᠢ ᠰᠦᠢᠳᠬᠡᠯ ᠳᠤᠰᠢᠶᠠᠭᠴᠢ ᠶᠢᠨ ᠲᠤᠬᠠᠶᠢᠯᠠᠭᠰᠠᠨ ᠠᠵᠢᠯ ᠢ | ᠬᠦᠢᠴᠡᠳᠬᠡᠬᠦ ᠶᠠᠪᠤᠴᠠ ᠳᠤ ᠲᠣᠬᠢᠶᠠᠯᠳᠤᠭᠰᠠᠨ ᠮᠡᠳᠡᠭᠡ ᠵᠠᠩᠭᠢ ᠶᠢᠨ ᠰᠢᠰᠲ᠋ᠧᠮ᠂ ᠲᠤᠬᠠᠶᠢᠯᠠᠭᠰᠠᠨ ᠠᠵᠢᠯ ᠤᠨ ᠠᠵᠢᠯᠯᠠᠭ᠎ᠠ | ᠵᠡᠷᠭᠡ ᠠᠰᠠᠭᠤᠳᠠᠯ ᠢ ᠰᠢᠢᠳᠪᠦᠷᠢᠯᠡᠨ᠎ᠡ᠃ ᠭᠤᠷᠪᠠᠳᠠᠬᠢ ᠡᠲᠡᠭᠡᠳ ᠠᠴᠠ ᠰᠦᠢᠳᠬᠡᠯ ᠳᠤᠰᠢᠶᠠᠬᠤ ᠵᠡᠷᠭᠡ ᠤᠯᠠᠨ | ᠡᠰᠢᠴᠢᠯᠡᠭᠰᠡᠨ ᠭᠠᠶᠢᠯᠢ ᠶᠢᠨ ᠰᠦᠢᠳᠬᠡᠯ ᠲᠤᠰᠢᠶᠠᠬᠤ ᠠᠷᠭ᠎ᠠ ᠮᠠᠶ᠋ᠢᠭ ᠢ ᠳᠡᠯᠭᠡᠷᠡᠭᠦᠯᠵᠦ᠂ ᠰᠢᠯᠵᠢᠮᠡᠯ ᠬᠤᠯᠪᠣᠭᠠᠨ ᠤ | ᠦᠵᠦᠭᠦᠷ ᠵᠦᠬᠡᠯᠡᠨ ᠳᠤᠨᠤᠭ ᠭᠠᠶᠢᠯᠢ ᠰᠦᠢᠳᠬᠡᠯ ᠢ ᠳᠥᠭᠦᠮ ᠳᠥᠲᠡ ᠪᠠᠷ ᠲᠤᠰᠢᠶᠠᠬᠤ ᠶᠢ ᠪᠡᠶᠡᠯᠡᠭᠦᠯᠵᠦ᠂ ᠰᠦᠢᠳᠬᠡᠯ | ᠲᠤᠰᠢᠶᠠᠭᠴᠢ ᠶᠢᠨ ᠶᠠᠪᠤᠳᠠᠯ ᠤᠴᠢᠷ ᠰᠢᠢᠳᠪᠦᠷᠢᠯᠡᠬᠦ ᠪᠡᠶᠡᠴᠢ ᠤᠶᠢᠯᠠᠭᠠᠯᠳᠠ ᠶᠢ ᠳᠡᠭᠡᠭᠰᠢᠯᠡᠭᠦᠯᠦᠨ᠎ᠡ᠃ | ᠡᠨᠡ ᠲᠠᠯ᠎ᠠ ᠪᠠᠷ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠᠰᠠ ᠮᠠᠰᠢ ᠣᠯᠠᠨ ᠪᠠᠶᠢᠨ᠎ᠠ᠂ ᠡᠨᠡ ᠵᠢᠯ ᠯᠠᠪᠲᠠᠶ ᠥᠷᠭᠡᠨ | ᠣᠯᠠᠨ ᠭᠠᠶᠢᠯᠢ ᠲᠤᠰᠢᠶᠠᠭᠴᠢ ᠰᠦᠢᠳᠬᠡᠯ ᠲᠤᠰᠢᠶᠠᠭᠴᠢ ᠳᠤ ᠪᠠᠭ᠎ᠠ ᠪᠤᠰᠤ ᠰᠢᠨ᠎ᠡ ᠣᠶᠢᠯᠠᠭᠠᠯᠲᠠ᠂ ᠰᠢᠨ᠎ᠡ ᠲᠥᠷᠥᠭᠳᠡᠯ ᠢ | ᠠᠪᠴᠢᠷᠠᠵᠤ ᠥᠭᠭᠦᠨ᠎ᠡ ᠭᠡᠳᠡᠭ ᠢ ᠢᠲᠡᠭᠡᠵᠦ ᠪᠠᠶᠢᠨ᠎ᠠ᠃ | ᠰᠤᠷᠪᠤᠯᠵᠢᠯᠠᠭᠴᠢ᠄ ᠡᠨᠡ ᠵᠢᠯ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠭᠠᠶᠢᠯᠢ ᠲᠤᠰᠢᠶᠠᠬᠤ ᠶᠠᠪᠤᠴᠠ ᠶᠢ | ᠰᠢᠯᠢᠳᠡᠭᠵᠢᠭᠦᠯᠬᠦ᠂ ᠮᠠᠲ᠋ᠧᠷᠢᠶᠠᠯ ᠢ ᠴᠣᠮᠬᠠᠳᠬᠠᠬᠤ ᠵᠡᠷᠭᠡ ᠲᠠᠯ᠎ᠠ ᠪᠠᠷ ᠪᠠᠰᠠ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠬᠤ | ᠪᠣᠶ︖ | ᠸᠠᠩ ᠰᠢᠶᠠᠩ ᠶᠠᠩ᠄ ᠪᠢᠳᠡ ᠭᠠᠶᠢᠯᠢ ᠲᠤᠰᠢᠶᠠᠭᠴᠢ ᠰᠦᠢᠳᠬᠡᠯ ᠲᠤᠰᠢᠶᠠᠭᠴᠢ ᠶᠢᠨ ᠬᠠᠮᠤᠭ ᠤᠨ ᠰᠢᠭᠤᠳ ᠪᠡᠶᠡᠴᠢ | ᠤᠶᠢᠯᠠᠭᠠᠯᠳᠠ ᠠᠴᠠ ᠡᠭᠦᠰᠴᠦ᠂ ᠮᠡᠳᠡᠭᠦᠯᠦᠨ ᠬᠦᠷᠭᠡᠬᠦ ᠮᠠᠲ᠋ᠧᠷᠢᠶᠠᠯ ᠤᠨ ᠲᠤᠭ᠎ᠠ ᠬᠡᠮᠵᠢᠶ᠎ᠡ ᠶᠢ ᠴᠣᠮᠬᠠᠳᠬᠠᠨ᠂ ᠭᠠᠶᠢᠯᠢ | ᠬᠦᠢᠴᠡᠳᠬᠡᠬᠦ ᠴᠠᠭ ᠢ ᠤᠯᠠᠮ ᠨᠢᠭᠡ ᠠᠯᠬᠤᠮ ᠪᠠᠭᠠᠰᠬᠠᠵᠤ᠂ ᠪᠠᠷᠢᠨ ᠬᠦᠢᠴᠡᠳᠬᠡᠬᠦ ᠲᠥᠷᠥᠯ ᠤᠨ ᠭᠠᠶᠢᠯᠢ ᠳᠤ ᠬᠤᠯᠪᠣᠭᠳᠠᠬᠤ | ᠵᠦᠢᠯᠡᠰ ᠢ ᠲᠤᠬᠠᠶ ᠶᠢᠨ ᠲᠠᠯᠠᠪᠤᠷ ᠲᠤᠨᠢ ᠰᠢᠢᠳᠪᠦᠷᠢᠯᠡᠵᠤ᠂ ᠪᠠᠷᠢᠨ ᠬᠦᠢᠴᠡᠳᠬᠡᠬᠦ ᠪᠤᠰᠤ ᠲᠥᠷᠥᠯ ᠤᠨ ᠵᠦᠢᠯᠡᠰ ᠢ | ᠬᠦᠢᠴᠡᠳᠭᠡᠬᠦ ᠴᠠᠭ ᠤᠨ ᠬᠢᠵᠠᠭᠠᠷ ᠢ ᠪᠤᠭᠤᠨᠢᠰᠬᠠᠨ᠎ᠠ᠃ ᠵᠢᠱᠢᠶᠡᠯᠡᠪᠡᠯ ᠥᠷᠲᠡᠭ ᠨᠡᠮᠡᠭᠳᠡᠯ ᠤᠨ ᠭᠠᠶᠢᠯᠢ ᠶᠢᠨ ᠡᠩ ᠤᠨ ᠭᠠᠶᠢᠯᠢ | ᠲᠤᠰᠢᠶᠠᠭᠴᠢ ᠶᠢᠨ ᠭᠠᠶᠢᠯᠢ ᠶᠢᠨ ᠶᠠᠪᠤᠳᠠᠯ ᠢ ᠬᠦᠴᠦᠨ ᠥᠬᠡᠶ ᠪᠣᠯᠭᠠᠬᠤ ᠡᠩ ᠤᠨ ᠴᠤᠪᠤᠷᠠᠯ ᠢ ᠬᠦᠢᠴᠡᠳᠬᠡᠬᠦ ᠴᠠᠭ ᠤᠨ | ᠬᠢᠵᠠᠭᠠᠷ ᠢ 7 ᠠᠵᠢᠯᠯᠠᠬᠤ ᠡᠳᠦᠷ ᠪᠣᠯᠭᠠᠨ ᠪᠤᠭᠤᠨᠢᠰᠬᠠᠵᠤ᠂ ᠥᠷᠲᠡᠭ ᠨᠡᠮᠡᠭᠳᠡᠯ ᠤᠨ ᠭᠠᠶᠢᠯᠢ ᠶᠢᠨ ᠪᠠᠭ᠎ᠠ ᠬᠡᠪᠴᠢᠶᠡᠨ ᠤ | ᠭᠠᠶᠢᠯᠢ ᠲᠤᠰᠢᠶᠠᠭᠴᠢ ᠪᠠ ᠪᠤᠰᠤᠳ ᠭᠠᠶᠢᠯᠢ ᠲᠤᠰᠢᠶᠠᠭᠴᠢ ᠶᠢᠨ ᠭᠠᠶᠢᠯᠢ ᠶᠢᠨ ᠶᠠᠪᠤᠳᠠᠯ ᠢ ᠬᠦᠴᠦᠨ ᠥᠬᠡᠶ ᠪᠣᠯᠭᠠᠬᠤ | ᠡᠩ ᠤᠨ ᠴᠤᠪᠤᠷᠠᠯ ᠢ ᠬᠦᠢᠴᠡᠳᠬᠡᠬᠦ ᠴᠠᠭ ᠤᠨ ᠬᠢᠵᠠᠭᠠᠷ ᠢ 5 ᠠᠵᠢᠯᠯᠠᠬᠤ ᠡᠳᠦᠷ ᠪᠤᠯᠭᠠᠨ ᠪᠤᠭᠤᠨᠢᠰᠬᠠᠨ᠎ᠠ᠃ | ᠬᠡᠷᠡᠭᠵᠢᠬᠦᠯᠦᠭᠰᠡᠨ ᠭᠠᠶᠢᠯᠢ ᠶᠢ ᠪᠤᠴᠠᠭᠠᠬᠤ ᠶᠠᠪᠤᠳᠠᠯ ᠢ ᠲᠦᠷᠭᠡᠪᠴᠢᠯᠡᠨ ᠰᠢᠢᠳᠪᠦᠷᠢᠯᠡᠬᠦ ᠦᠢᠯᠡᠴᠢᠯᠡᠭᠡ ᠨᠢ ᠬᠡᠪ ᠤᠨ | ᠭᠠᠷᠭᠠᠯᠭ᠎ᠠ ᠶᠢᠨ ᠭᠠᠶᠢᠯᠢ ᠶᠢ ᠪᠤᠴᠠᠭᠠᠬᠤ ᠶᠠᠪᠤᠳᠠᠯ ᠢ ᠰᠢᠢᠳᠪᠦᠷᠢᠯᠡᠬᠦ ᠳᠤᠮᠳᠠᠴᠢ ᠴᠠᠭ ᠢ ᠳᠡᠭᠡᠳᠦ ᠱᠠᠲᠤᠨ ᠤ ᠱᠠᠭᠠᠷᠳᠠᠭᠰᠠᠨ | 7 ᠠᠵᠢᠯᠯᠠᠬᠤ ᠡᠳᠦᠷ ᠪᠠᠶᠢᠭᠰᠠᠨ ᠠᠴᠠ 2 ᠠᠵᠢᠯᠯᠠᠬᠤ ᠡᠳᠦᠷ ᠤᠨ ᠳᠣᠲᠣᠷ᠎ᠠ ᠪᠣᠯᠭᠠᠨ ᠪᠤᠭᠤᠨᠢᠰᠬᠠᠨ᠎ᠠ᠃ 2021 | ᠣᠨ ᠳᠤ᠂ ᠭᠠᠶᠢᠯᠢ ᠳᠤ ᠬᠤᠯᠪᠣᠭᠳᠠᠭᠰᠠᠨ ᠡᠯ᠎ᠡ ᠲᠦᠷᠦᠯ ᠤᠨ ᠲᠤᠬᠠᠶᠢᠯᠠᠭᠰᠠᠨ ᠠᠵᠢᠯ ᠢ ᠳᠡᠭᠡᠷ᠎ᠡ ᠵᠢᠯ ᠤᠨ ᠭᠦᠢᠴᠡᠳᠬᠡᠬᠦ | ᠬᠤᠭᠤᠴᠠᠭ᠎ᠠ ᠠᠴᠠ ᠪᠠᠰᠠ 20% ᠠᠴᠠ ᠳᠡᠭᠡᠭᠰᠢ ᠪᠤᠭᠤᠨᠢᠰᠬᠠᠬᠤ ᠪᠣᠯᠤᠨ᠎ᠠ᠃ | ᠪᠢᠳᠡ ᠬᠤᠯᠪᠣᠭᠳᠠᠯ ᠪᠥᠬᠦᠶ ᠰᠠᠯᠠᠭ᠎ᠠ ᠮᠥᠴᠢᠷ ᠯᠦᠭᠡ ᠶᠢᠨ ᠲᠤᠬᠠᠶᠢᠯᠠᠭᠰᠠᠨ ᠠᠵᠢᠯ ᠤᠨ ᠬᠠᠮᠲᠤᠷᠠᠯᠴᠠᠭ᠎ᠠ ᠪᠠᠨ | ᠲᠠᠰᠤᠷᠠᠯᠲᠠ ᠥᠬᠡᠶ ᠥᠷᠭᠡᠳᠬᠡᠵᠦ᠂ ᠮᠡᠳᠡᠭᠡ ᠵᠠᠩᠭᠢ ᠶᠢ ᠴᠠᠭ ᠲᠤᠬᠠᠶ ᠳᠤᠨᠢ ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠂ | ᠭᠠᠶᠢᠯᠢ ᠲᠤᠰᠢᠶᠠᠭᠴᠢ ᠶᠢ ︽ᠰᠦᠯᠵᠢᠶ᠎ᠡ ᠪᠠᠷ ᠢᠯᠡᠭᠦᠬᠡᠨ ᠵᠠᠮᠨᠠᠭᠤᠯᠵᠤ᠂ ᠵᠠᠮ ᠢᠶᠠᠷ ᠳᠤᠲᠠᠭᠤ ᠵᠠᠮᠨᠠᠭᠤᠯᠬᠤ︾ ᠪᠣᠯᠭᠠᠪᠠ᠃ | ᠦᠢᠯᠡᠴᠢᠯᠡᠬᠡᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠠᠵᠢᠯᠲᠠᠨ ᠬᠠᠮᠲᠤ ᠤᠷᠤᠵᠤ ᠰᠠᠭᠤᠬᠤ᠂ | ᠠᠵᠢᠯᠲᠠᠨ ᠢ ᠬᠠᠷᠢᠯᠴᠠᠨ ᠲᠣᠮᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠭᠡᠮ ᠤᠨ ᠳᠠᠭᠠᠳᠬᠠᠯ ᠤᠨ ᠰᠦᠢᠳᠬᠡᠯ | ᠲᠤᠰᠢᠶᠠᠬᠤ ᠲᠤᠬᠠᠶᠢᠯᠠᠭᠰᠠᠨ ᠠᠵᠢᠯ ᠪᠠ ᠨᠡᠶᠢᠭᠡᠮ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ | ᠬᠦᠢᠴᠡᠳᠬᠡᠬᠦ ᠲᠤᠬᠠᠶᠢᠯᠠᠭᠰᠠᠨ ᠠᠵᠢᠯ ᠤᠨ ︽ᠨᠢᠭᠡ ᠲᠢᠩᠬᠢᠮ ᠳᠤ ᠬᠠᠮᠲᠤᠷᠠᠨ ᠬᠦᠢᠴᠡᠳᠬᠡᠬᠦ︾ ᠵᠡᠷᠭᠡ ᠶᠢ ᠳᠥᠯᠭᠢᠨ | ᠠᠬᠢᠭᠤᠯᠵᠤ᠂ ᠭᠠᠶᠢᠯᠢ ᠬᠦᠢᠴᠡᠳᠬᠡᠬᠦ ᠰᠦᠢᠳᠬᠡᠯ ᠲᠤᠰᠢᠶᠠᠬᠤ ᠥᠪᠡᠷ ᠤᠨ ᠥᠷᠲᠡᠭ ᠢ ᠤᠯᠠᠮ ᠨᠢᠭᠡ ᠠᠯᠬᠤᠮ | ᠪᠠᠭᠤᠷᠠᠭᠤᠯᠤᠨ᠎ᠠ᠃ ᠣᠳᠣᠬᠠᠨ ᠳᠤ᠂ ᠪᠢᠳᠡ ᠨᠢᠭᠡᠨᠲᠡ ᠵᠢᠨᠢᠩ ᠲᠣᠭᠤᠷᠢᠭ ᠲᠠᠬᠢ 3 ᠥᠯᠥ ᠬᠥᠳᠡᠯᠬᠦ ᠬᠥᠷᠥᠩᠭᠡ ᠶᠢᠨ | ᠳᠡᠩᠰᠡᠯᠡᠯᠲᠡ ᠶᠢᠨ ᠲᠢᠩᠬᠢᠮ ᠳᠤ ᠭᠠᠶᠢᠯᠢ ᠶᠢᠨ ᠶᠠᠪᠤᠳᠠᠯ ᠤᠨ ᠠᠵᠢᠯᠲᠠᠨ ᠲᠣᠮᠢᠯᠠᠨ ᠰᠠᠭᠤᠯᠭᠠᠵᠤ᠂ ︽ᠨᠢᠭᠡ ᠴᠣᠩᠬᠤ ᠪᠠᠷ | ᠭᠥᠯᠢᠶᠡᠨ ᠠᠪᠴᠤ᠂ ᠲᠥᠪᠯᠡᠷᠡᠭᠦᠯᠦᠨ ᠬᠦᠢᠴᠡᠳᠬᠡᠬᠦ︾ ᠶᠢ ᠪᠡᠶᠡᠯᠡᠭᠦᠯᠪᠡ︔ ᠨᠡᠶᠢᠭᠡᠮ ᠤᠨ ᠳᠠᠭᠠᠳᠬᠠᠯ᠂ ᠡᠮ ᠡᠮᠨᠡᠯᠭᠡ ᠶᠢᠨ | ᠳᠠᠭᠠᠳᠬᠠᠯ ᠤᠨ ᠰᠠᠯᠠᠭ᠎ᠠ ᠮᠥᠴᠢᠷ ᠲᠠᠢ ᠬᠤᠯᠪᠣᠭᠠᠯᠠᠨ ᠵᠢᠨᠢᠩ ᠬᠤᠲᠠ ᠶᠢᠨ ᠲᠣᠭᠤᠷᠢᠭ ᠤᠨ ︽ᠨᠠᠢᠮᠠᠨ ᠬᠡᠷᠡᠭ ᠡᠷᠬᠢᠯᠡᠬᠦ | ᠭᠠᠵᠠᠷ ᠨᠢᠭᠡ ᠰᠢᠶᠠᠩ ᠨᠢᠭᠡ ᠪᠠᠯᠭᠠᠰᠤ︾ ᠶᠢᠨ ᠨᠠᠮ ᠪᠠ ᠣᠯᠠᠨ ᠲᠦᠮᠡᠨ ᠤ ᠦᠢᠯᠡᠴᠢᠯᠡᠬᠡᠨ ᠤ ᠲᠥᠪ ᠲᠤ ᠨᠡᠶᠢᠭᠡᠮ ᠤᠨ | ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠲᠤᠰᠢᠶᠠᠬᠤ ᠦᠢᠯᠡᠴᠢᠯᠡᠬᠡᠨ ᠤ ᠴᠡᠭ ᠢ 11 ᠳᠣᠭᠢᠷᠠᠭᠤᠯᠪᠠ᠃ ᠬᠤᠰᠢᠭᠤ | ᠰᠢᠶᠠᠨ ᠤ ᠲᠣᠪᠴᠢᠶ᠎ᠠ ᠳᠤ᠂ ᠪᠢᠳᠡ ᠭᠠᠶᠢᠯᠢ ᠲᠠᠲᠠᠪᠤᠷᠢ ᠶᠢᠨ ᠲᠣᠤᠷᠵᠢᠭᠤᠯᠤᠭᠰᠠᠨ ᠬᠠᠮᠢᠶᠠᠷᠤᠯᠲᠠ ᠶᠢ ᠪᠡᠶᠡᠯᠡᠭᠦᠯᠵᠦ᠂ | ᠪᠠᠩᠬᠢ᠂ ᠰᠢᠤᠳᠠᠨ᠂ ᠨᠠᠮ ᠪᠠ ᠣᠯᠠᠨ ᠲᠦᠮᠡᠨ ᠤ ᠦᠢᠯᠡᠴᠢᠯᠡᠬᠡᠨ ᠤ ᠲᠥᠪ ᠲᠠᠢ ᠬᠠᠮᠲᠤᠷᠠᠨ ᠡᠳᠦᠷ ᠲᠤᠲᠤᠮ ᠤᠨ | ᠲᠤᠬᠠᠶᠢᠯᠠᠭᠰᠠᠨ ᠠᠵᠢᠯ ᠤᠨ ᠣᠷᠣᠯᠠᠨ ᠬᠦᠢᠴᠡᠳᠬᠡᠬᠦ ᠪᠠ ᠬᠠᠪᠰᠤᠷᠤᠨ ᠬᠦᠢᠴᠡᠳᠬᠡᠬᠦ ᠶᠢ ᠪᠡᠶᠡᠯᠡᠭᠦᠯᠪᠡ᠃ | ᠰᠤᠷᠪᠤᠯᠵᠢᠯᠠᠭᠴᠢ᠄ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ︽ᠪᠦᠲᠦᠴᠡ ᠶᠢᠨ ᠴᠢᠨᠠᠷᠲᠠᠶ | ᠭᠠᠶᠢᠯᠢ ᠬᠥᠩᠭᠡᠯᠡᠬᠦ ᠰᠢᠨ᠎ᠡ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ︾ ᠭᠡᠵᠦ ᠳᠤᠷᠠᠳᠴᠠᠶ᠃ ᠬᠤᠯᠪᠣᠭᠳᠠᠯ ᠪᠥᠬᠦᠶ | ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠤ ᠳᠠᠷᠠᠭ᠎ᠠ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠬᠡᠷᠬᠢᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠦᠨᠡᠨ ᠪᠣᠳᠠᠲᠠᠶ ᠪᠠᠷ | ᠠᠰᠢᠭ ᠬᠦᠷᠲᠡᠭᠡᠬᠦ ᠪᠣᠶ︖ | ᠸᠠᠩ ᠰᠢᠶᠠᠩ ᠶᠠᠩ᠄ ᠶᠡᠷᠦᠩᠬᠡᠶ ᠰᠠᠶᠢᠳ ᠯᠢ ᠺᠧ ᠴᠢᠶᠠᠩ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠳᠡᠭᠡᠨ᠂ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠶᠢᠨ ᠥᠷᠲᠡᠭ ᠨᠡᠮᠡᠭᠳᠡᠯ ᠤᠨ ᠭᠠᠶᠢᠯᠢ ᠶᠢᠨ ᠡᠬᠢᠯᠡᠵᠦ | ᠲᠠᠲᠠᠪᠤᠷᠢᠯᠠᠬᠤ ᠴᠡᠭ ᠢ ᠰᠠᠷ᠎ᠠ ᠶᠢᠨ ᠪᠣᠷᠣᠯᠠᠭᠤᠯᠭ᠎ᠠ ᠶᠢᠨ ᠲᠤᠭ᠎ᠠ 10 ᠲᠦᠮᠡᠨ ᠲᠥᠭᠦᠷᠢᠭ ᠪᠠᠶᠢᠭᠰᠠᠨ ᠠᠴᠠ 15 ᠲᠦᠮᠡᠨ | ᠲᠥᠭᠦᠷᠢᠭ ᠪᠣᠯᠭᠠᠨ ᠳᠡᠭᠡᠭᠰᠢᠯᠡᠭᠦᠯᠦᠨ᠎ᠡ ᠭᠡᠵᠦ ᠳᠤᠷᠠᠳᠴᠠᠶ᠃ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠠᠵᠤ | ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠵᠢᠯ ᠤᠨ ᠭᠠᠶᠢᠯᠢ ᠲᠤᠰᠢᠶᠠᠬᠤ ᠶᠣᠰᠣᠲᠠᠶ ᠠᠰᠢᠭ ᠣᠷᠣᠯᠭ᠎ᠠ ᠶᠢᠨ ᠲᠤᠭ᠎ᠠ ᠨᠢ | 100 ᠲᠦᠮᠡᠨ ᠲᠥᠭᠦᠷᠢᠭ ᠲᠤ ᠬᠥᠷᠬᠦ ᠥᠬᠡᠶ ᠬᠡᠰᠡᠭ ᠠᠴᠠ ᠣᠲᠣ ᠶᠢᠨ ᠬᠡᠷᠡᠭᠵᠢᠭᠦᠯᠵᠦ ᠪᠠᠶᠢᠭ᠎ᠠ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢᠨ ᠰᠠᠭᠤᠷᠢᠨ ᠳᠡᠭᠡᠷ᠎ᠡ᠂ ᠠᠰᠢᠭ ᠣᠷᠣᠯᠭ᠎ᠠ ᠶᠢᠨ ᠭᠠᠶᠢᠯᠢ ᠶᠢ ᠳᠠᠬᠢᠨ ᠬᠠᠭᠠᠰ ᠢᠶᠠᠷ ᠬᠠᠰᠤᠵᠤ | ᠲᠠᠲᠠᠪᠤᠷᠢᠯᠠᠨ᠎ᠠ᠃ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠤᠳᠤᠵᠤ 75% ᠪᠠᠷ ᠬᠠᠰᠤᠬᠤ | ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠨᠡᠮᠡᠨ | ᠪᠤᠳᠤᠵᠤ ᠬᠠᠰᠤᠬᠤ ᠬᠠᠷᠢᠴᠠᠯ ᠢ 100% ᠪᠣᠯᠲᠠᠯ᠎ᠠ ᠳᠡᠭᠡᠭᠰᠢᠯᠡᠭᠦᠯᠦᠨ᠎ᠡ᠃ ᠡᠲᠡᠭᠡᠷ ᠲᠥᠷᠥ ᠶᠢᠨ ᠪᠣᠳᠣᠯᠭ᠎ᠠ ᠨᠢ ᠭᠠᠶᠢᠯᠢ | ᠬᠥᠩᠭᠡᠯᠡᠯᠲᠡ ᠶᠢᠨ ᠴᠡᠪᠡᠷ ᠠᠰᠢᠭ ᠢ ᠦᠷᠭᠦᠯᠵᠢᠯᠡᠨ ᠰᠤᠯᠠᠯᠠᠨ ᠳᠠᠯᠪᠢᠵᠤ᠂ ᠭᠠᠶᠢᠯᠢ ᠲᠤᠰᠢᠶᠠᠭᠴᠢ ᠳᠤ ᠠᠪᠴᠤ ᠬᠡᠯᠡᠪᠡᠯ | ᠯᠤᠲᠤ ᠶᠡᠭᠡ ᠠᠰᠢᠭᠲᠠᠶ ᠶᠤᠮ᠃ ᠪᠢᠳᠡ ᠲᠥᠷᠥ ᠶᠢᠨ ᠪᠣᠳᠣᠯᠭ᠎ᠠ ᠶᠢ ᠰᠢᠩᠭᠡᠭᠡᠬᠦ ᠶᠢ ᠴᠠᠭ ᠲᠤᠬᠠᠶ ᠳᠤᠨᠢ ᠰᠠᠶᠢᠲᠤᠷ ᠬᠢᠵᠦ᠂ | ᠬᠥᠮᠦᠰ ᠢ ᠵᠣᠬᠢᠶᠠᠨ ᠪᠠᠶᠢᠭᠤᠯᠤᠨ ᠭᠠᠶᠢᠯᠢ ᠲᠠᠲᠠᠪᠤᠷᠢ ᠶᠢᠨ ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢ ᠰᠤᠷᠤᠯᠴᠠᠭᠤᠯᠤᠨ | ᠲᠥᠪᠯᠡᠷᠡᠭᠦᠯᠦᠨ ᠶᠠᠷᠢᠯᠴᠠᠭᠤᠯᠵᠤ᠂ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠣᠨᠣᠪᠴᠢᠲᠠᠶ ᠡᠵᠡᠮᠰᠢᠨ᠂ ᠺᠠᠳ᠋ᠷ | ᠨᠢᠭᠡᠪᠦᠷᠢ ᠳᠤ ᠡᠯ᠎ᠡ ᠵᠦᠢᠯ ᠤᠨ ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠡᠪᠲᠡᠷᠡᠲᠡᠯ᠎ᠡ | ᠣᠶᠢᠯᠠᠭᠠᠭᠤᠯᠬᠤ ᠶᠢ ᠦᠨᠡᠨ ᠬᠦ ᠪᠠᠲᠤᠯᠠᠨ᠎ᠠ᠃ ᠡᠭᠦᠨ ᠤ ᠬᠠᠮᠲᠤ᠂ ᠪᠢᠳᠡ ᠭᠠᠶᠢᠯᠢ ᠲᠤᠰᠢᠶᠠᠭᠴᠢ᠂ ᠰᠦᠢᠳᠬᠡᠯ | ᠲᠤᠰᠢᠶᠠᠭᠴᠢ ᠳᠤ ᠲᠥᠷᠥᠯ ᠬᠤᠪᠢᠶᠠᠵᠤ᠂ ᠨᠠᠷᠢᠯᠢᠭ ᠣᠨᠣᠴᠠᠲᠠᠶ ᠪᠠᠷ ᠲᠥᠷᠥ ᠶᠢᠨ ᠪᠣᠳᠣᠯᠭ᠎ᠠ ᠶᠢ ᠵᠣᠬᠢᠴᠠᠭᠤᠯᠵᠤ᠂ ᠲᠣᠮᠣ | ᠳ᠋ᠠᠶᠢᠲ᠋ᠠ ᠶᠢᠨ ᠲᠠᠪᠴᠠᠩ ᠪᠠ ᠡᠯ᠎ᠡ ᠵᠦᠢᠯ ᠤᠨ ᠠᠷᠭ᠎ᠠ ᠵᠠᠮ ᠳᠤ ᠲᠦᠰᠢᠭᠯᠡᠨ᠂ ︽ᠨᠢᠭᠡ ᠳᠤ ᠨᠢ ᠨᠢᠬᠡ ᠳᠠᠭᠠᠷᠠᠭᠤᠯᠬᠤ︾ | ᠬᠦᠷᠭᠡᠯᠳᠡ ᠶᠢ ᠬᠡᠷᠡᠭᠵᠢᠭᠦᠯᠵᠦ᠂ ᠭᠠᠶᠢᠯᠢ ᠰᠦᠢᠳᠭᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠨᠠᠷᠢᠯᠢᠭ ᠣᠨᠣᠴᠠᠲᠠᠶ ᠪᠠᠷ ᠰᠢᠭᠤᠳ ᠬᠦᠷᠭᠡᠨ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠪᠢᠳᠡ ᠪᠠᠰᠠ ︽ᠭᠠᠶᠢᠯᠢ | ᠰᠦᠢᠳᠬᠡᠯ ᠤᠨ ᠲᠠᠲᠠᠪᠤᠷᠢᠯᠠᠯᠲᠠ ᠬᠠᠮᠢᠶᠠᠷᠤᠯᠲᠠ ᠶᠢᠨ ᠬᠠᠮᠵᠢᠯᠴᠠᠬᠤ ᠲᠣᠭᠲᠠᠴᠠ︾ ᠶᠢ ᠠᠰᠢᠭᠯᠠᠨ ᠴᠢᠬᠤᠯᠠ ᠶᠡᠭᠡ ᠭᠠᠶᠢᠯᠢ | ᠰᠦᠢᠳᠭᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ︽ᠨᠢᠭᠡ ᠲᠦᠷᠦ ᠶᠢᠨ ᠪᠤᠳᠤᠯᠭ᠎ᠠ ᠶᠢ ᠨᠢᠬᠡ ᠯᠡ ᠶᠠᠷᠢᠬᠤ᠂ | ᠨᠢᠭᠡ ᠠᠷᠭ᠎ᠠ ᠬᠡᠮᠵᠢᠶ᠎ᠡ ᠶᠢ ᠨᠢᠭᠡ ᠯᠡ ᠶᠠᠷᠢᠯᠴᠠᠬᠤ︾ ᠶᠢ ᠬᠡᠷᠡᠭᠵᠢᠭᠦᠯᠵᠦ᠂ ᠤᠬᠤᠷ ᠳᠤᠬᠢᠷᠠᠮᠵᠢᠳᠡᠢ ᠲᠦᠷᠭᠡᠨ ᠰᠦᠯᠵᠢᠶᠡᠨ ᠤ | ᠪᠢᠴᠢᠯ ᠰᠢᠭᠤᠳ ᠨᠡᠪᠲᠡᠷᠡᠭᠦᠯᠭᠡ ᠶᠢᠨ ᠬᠢᠴᠢᠶᠡᠯ ᠤᠨ ᠲᠠᠩᠬᠢᠮ ᠢ ᠨᠡᠭᠡᠭᠡᠵᠦ᠂ ᠭᠠᠶᠢᠯᠢ ᠲᠤᠰᠢᠶᠠᠭᠴᠢ ᠶᠢᠨ ᠲᠥᠷᠥ ᠶᠢᠨ | ᠪᠣᠳᠣᠯᠭ᠎ᠠ ᠶᠢ ᠨᠠᠩ ᠰᠠᠶᠢᠨ ᠣᠶᠢᠯᠠᠭᠠᠬᠤ ᠳᠤᠨᠢ ᠲᠦᠷᠭᠡᠨ ᠪᠥᠭᠡᠳ ᠴᠠᠭ ᠲᠤᠬᠠᠶ ᠳᠤᠨᠢ ᠬᠠᠪᠰᠤᠷᠴᠤ᠂ ᠲᠥᠷᠥ ᠶᠢᠨ | ᠪᠣᠳᠣᠯᠭ᠎ᠠ ᠶᠢᠨ ᠠᠰᠢᠭ ᠲᠤᠰᠠ ᠶᠢ ᠭᠠᠶᠢᠯᠢ ᠲᠤᠰᠢᠶᠠᠭᠴᠢ ᠶᠢᠨ ᠬᠠᠷᠮᠠᠨ ᠳᠤ ᠪᠦᠷᠢᠨ ᠪᠦᠲᠦᠨ ᠤᠷᠤᠭᠤᠯᠤᠨ᠎ᠡ᠃ | ᠰᠤᠷᠪᠤᠯᠵᠢᠯᠠᠭᠴᠢ᠄ ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ | ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠭᠠᠶᠢᠯᠢ ᠲᠠᠲᠠᠪᠤᠷᠢ ᠶᠢᠨ ᠲᠠᠲᠠᠪᠤᠷᠢᠯᠠᠯᠲᠠ | ᠬᠠᠮᠢᠶᠠᠷᠤᠯᠲᠠ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠶ ᠰᠠᠨᠠᠯ︾ ᠢ ᠳᠠᠷᠤᠮᠠᠯᠯᠠᠨ | ᠲᠠᠷᠬᠠᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠬᠠᠤᠯᠢ | ᠬᠡᠷᠡᠭᠵᠢᠭᠦᠯᠦᠯᠲᠡ ᠶᠢ ᠡᠷᠴᠢᠮ ᠲᠠᠢ ᠮᠥᠷᠲᠡᠭᠡᠨ ᠢᠯᠴᠢ ᠲᠠᠢ ᠪᠣᠯᠭᠠᠬᠤ ᠬᠡᠷᠡᠭᠲᠡᠶ ᠭᠡᠵᠦ ᠳᠤᠷᠠᠳᠤᠨ ᠭᠠᠷᠭᠠᠪᠠ᠃ | ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠬᠠᠤᠯᠢ ᠬᠡᠷᠡᠭᠵᠢᠭᠦᠯᠬᠦ ᠶᠠᠪᠤᠴᠠ ᠳᠤ ᠢᠯᠴᠢ ᠶᠢᠨ ᠬᠡᠮᠵᠢᠶ᠎ᠡ ᠶᠢ ᠬᠡᠷᠬᠢᠨ | ᠢᠯᠡᠷᠡᠭᠦᠯᠦᠭᠰᠡᠨ ᠢ ᠲᠠᠨᠢᠯᠴᠠᠭᠤᠯᠤᠭᠠᠳ ᠥᠭᠭᠦᠨ᠎ᠡ ᠤᠤ︖ | ᠸᠠᠩ ᠰᠢᠶᠠᠩ ᠶᠠᠩ᠄ ᠬᠠᠤᠯᠢ ᠬᠡᠷᠡᠭᠵᠢᠭᠦᠯᠬᠦ ᠢᠯᠴᠢ ᠶᠢᠨ ᠬᠡᠮᠵᠢᠶ᠎ᠡ ᠶᠢ ᠢᠯᠡᠷᠡᠭᠦᠯᠬᠦ ᠲᠠᠯ᠎ᠠ ᠪᠠᠷ᠂ ᠭᠠᠶᠢᠯᠢ ᠶᠢᠨ | ᠶᠠᠪᠤᠳᠠᠯ ᠤᠨ ᠰᠠᠯᠠᠭ᠎ᠠ ᠮᠥᠴᠢᠷ ᠳᠣᠤᠷᠠᠬᠢ ᠠᠷᠭ᠎ᠠ ᠬᠡᠮᠵᠢᠶ᠎ᠡ ᠨᠦᠭᠦᠳ ᠢ ᠠᠪᠴᠠᠶ᠄ ᠨᠢᠭᠡ ᠳᠤ ︽ᠠᠩᠬ᠎ᠠ ᠵᠥᠷᠢᠴᠡᠪᠡᠯ ᠥᠯᠥ | ᠲᠣᠷᠭᠠᠬᠤ︾ ᠶᠢ ᠳᠡᠯᠭᠡᠷᠡᠭᠦᠯᠦᠨ᠎ᠡ᠃ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠨᠡᠶᠢᠲᠡᠯᠡᠭᠰᠡᠨ | ᠪᠥᠬᠦ ᠤᠯᠤᠰ ᠤᠨ ᠨᠢᠭᠡᠳᠦᠯᠲᠡᠶ ︽ᠠᠩᠬ᠎ᠠ ᠵᠥᠷᠢᠴᠡᠪᠡᠯ ᠥᠯᠥ ᠲᠣᠷᠭᠠᠬᠤ︾ ᠲᠣᠳᠣᠷᠬᠠᠶ ᠬᠠᠭᠤᠳᠠᠰᠤ ᠳᠤ ᠵᠢᠭᠰᠠᠭᠠᠨ | ᠣᠷᠣᠭᠤᠯᠤᠭᠰᠠᠨ ᠵᠦᠢᠯᠡᠰ ᠢᠶᠠᠷ ︽ᠠᠩᠬ᠎ᠠ ᠵᠥᠷᠢᠴᠡᠪᠡᠯ ᠥᠯᠥ ᠲᠣᠷᠭᠠᠬᠤ︾ ᠶᠢ ᠬᠡᠷᠡᠭᠵᠢᠭᠦᠯᠦᠨ᠎ᠡ᠃ ᠭᠠᠶᠢᠯᠢ | ᠲᠤᠰᠢᠶᠠᠭᠴᠢ ᠠᠴᠠ ᠮᠡᠳᠡᠭᠦᠯᠦᠯᠳᠡ ᠶᠢᠨ ᠮᠡᠳᠡᠭᠡ ᠵᠠᠩᠭᠢ ᠪᠠᠨ ᠪᠤᠷᠤᠭᠤ ᠲᠠᠭᠯᠠᠭᠰᠠᠨ ᠠᠴᠠ ᠪᠣᠯᠵᠣ ᠣᠨ ᠤ | ᠬᠤᠷᠢᠶᠠᠩᠭᠤᠶᠢᠯᠠᠨ ᠪᠤᠳᠤᠭᠰᠠᠨ ᠭᠠᠶᠢᠯᠢ ᠶᠢᠨ ᠵᠣᠭᠤᠰ ᠢ ᠢᠯᠡᠭᠦᠤ ᠪᠤᠴᠠᠭᠠᠭᠰᠠᠨ ᠪᠤᠶᠤ ᠳᠤᠲᠠᠭᠤ ᠲᠤᠰᠢᠶᠠᠭᠰᠠᠨ ᠳᠤ᠂ | ᠭᠠᠶᠢᠯᠢ ᠲᠤᠰᠢᠶᠠᠭᠴᠢ ᠰᠠᠨᠠᠭᠠᠴᠢᠯᠠᠭ᠎ᠠ ᠠᠴᠠ ᠪᠠᠨ ᠪᠤᠶᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠰᠠᠨᠠᠭᠤᠯᠤᠭᠰᠠᠨ ᠤ | ᠳᠠᠷᠠᠭ᠎ᠠ ᠴᠠᠭ ᠲᠤᠬᠠᠶ ᠳᠤᠨᠢ ᠵᠠᠯᠠᠷᠠᠭᠤᠯᠤᠭᠰᠠᠨ ᠪᠠᠶᠢᠪᠠᠯ᠂ ︽ᠠᠩᠬ᠎ᠠ ᠵᠥᠷᠢᠴᠡᠪᠡᠯ ᠥᠯᠥ ᠲᠣᠷᠭᠠᠬᠤ︾ ᠵᠠᠷᠴᠢᠮ ᠶᠣᠰᠣᠭᠠᠷ | ᠰᠢᠳᠬᠡᠬᠦ ᠥᠬᠡᠶ ᠪᠠᠶᠢᠵᠤ ᠪᠣᠯᠤᠨ᠎ᠠ᠃ ᠬᠤᠶᠠᠷ ᠲᠤ ᠤᠶᠠᠨ ᠬᠠᠳᠠᠨ ᠢᠶᠠᠷ ᠬᠠᠤᠯᠢ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ | ᠃ ᠢᠳᠬᠠᠨ ᠬᠥᠮᠦᠵᠢᠭᠦᠯᠬᠦ᠂ ᠰᠠᠨᠠᠭᠤᠯᠬᠤ ᠵᠡᠷᠭᠡ ᠠᠯᠪᠠᠳᠠᠯᠭ᠎ᠠ ᠶᠢᠨ ᠪᠤᠰᠤ ᠴᠢᠨᠠᠷᠲᠠᠶ ᠬᠠᠤᠯᠢ ᠬᠡᠷᠡᠭᠵᠢᠭᠦᠯᠬᠦ ᠠᠷᠭ᠎ᠠ | ᠮᠠᠶ᠋ᠢᠭ ᠢ ᠪᠦᠲᠦᠮᠵᠢᠲᠡᠶ ᠬᠡᠷᠡᠭᠯᠡᠵᠦ᠂ ᠬᠠᠤᠯᠢ ᠬᠡᠷᠡᠭᠵᠢᠭᠦᠯᠦᠯᠲᠡ ᠶᠢ ᠡᠷᠴᠢᠮ ᠲᠠᠢ ᠮᠥᠷᠲᠡᠭᠡᠨ ᠢᠯᠴᠢ ᠶᠢᠨ ᠬᠡᠮᠵᠢᠶ᠎ᠡ ᠲᠠᠢ | ᠪᠣᠯᠭᠠᠵᠤ᠂ ᠠᠭᠤᠴᠢᠯᠠᠬᠤ ᠪᠠ ᠴᠢᠩᠭ᠎ᠠ ᠰᠢᠳᠬᠡᠬᠦ ᠶᠢ ᠬᠤᠣᠰᠯᠠᠭᠤᠯᠬᠤ᠂ ᠬᠠᠤᠯᠢ ᠲᠦᠷᠢᠮ ᠶᠤᠰᠤ ᠵᠦᠢ ᠶᠢ ᠬᠠᠷᠢᠯᠴᠠᠨ | ᠠᠭᠤᠰᠤᠯᠴᠠᠭᠤᠯᠬᠤ ᠶᠢ ᠪᠡᠶᠡᠯᠡᠭᠦᠯᠦᠨ᠎ᠡ᠃ ᠡᠭᠦᠨ ᠤ ᠬᠠᠮᠲᠤ ᠲᠥᠬᠦᠮ ᠲᠣᠷᠭᠠᠭᠤᠯᠢ ᠶᠢᠨ ᠵᠦᠢᠯᠡᠰ ᠢ ᠰᠦᠯᠵᠢᠶᠡᠨ ᠳᠡᠭᠡᠷ᠎ᠡ | ᠰᠢᠢᠳᠪᠦᠷᠢᠯᠡᠬᠦ ᠶᠢ ᠳᠥᠯᠭᠢᠨ ᠠᠬᠢᠭᠤᠯᠵᠤ᠂ ᠬᠠᠤᠯᠢ ᠶᠢ ᠵᠥᠷᠢᠴᠡᠭᠰᠡᠨ ᠮᠡᠳᠡᠭᠡ ᠵᠠᠩᠭᠢ ᠶᠢ ᠠᠦ᠋ᠲ᠋ᠤ᠋ ᠰᠠᠨᠠᠭᠤᠯᠭ᠎ᠠ᠂ | ᠲᠣᠷᠭᠠᠭᠤᠯᠢ ᠶᠢᠨ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠬᠦᠢᠴᠡᠳᠭᠡᠬᠦ᠂ ᠲᠣᠷᠭᠠᠭᠤᠯᠢ ᠶᠢᠨ ᠦᠷ᠎ᠡ ᠳ᠋ᠦᠩ ᠢ ᠴᠠᠭ | ᠲᠤᠬᠠᠶ ᠳᠤᠨᠢ ᠳᠠᠮᠵᠢᠭᠤᠯᠬᠤ ᠶᠢ ᠪᠡᠶᠡᠯᠡᠭᠦᠯᠦᠨ᠎ᠡ᠃ ᠭᠤᠷᠪᠠ ᠳᠤ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠨ᠎ᠠ᠃ | ᠭᠠᠶᠢᠯᠢ ᠶᠢᠨ ᠶᠠᠪᠤᠳᠠᠯ ᠤᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠡᠷᠬᠡ ᠠᠰᠢᠭ ᠤᠨ ᠴᠢᠨᠠᠷᠲᠠᠶ ᠬᠢᠨᠠᠨ | ᠬᠠᠷᠭᠤᠭᠤᠯᠬᠤ ᠲᠣᠭᠲᠠᠴᠠ ᠶᠢ ᠪᠠᠶᠢᠭᠤᠯᠵᠤ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠵᠢᠩᠬᠢᠨᠢ ᠪᠠᠷ | ᠨᠡᠶᠢᠲᠡᠯᠡᠬᠦ ᠠᠴᠠ ᠡᠮᠦᠨ᠎ᠡ ᠡᠷᠬᠡ ᠠᠰᠢᠭ ᠤᠨ ᠴᠢᠨᠠᠷᠲᠠᠶ ᠬᠢᠨᠠᠨ ᠬᠠᠷᠭᠤᠭᠤᠯᠤᠯᠲᠠ ᠬᠢᠵᠦ᠂ ᠭᠠᠶᠢᠯᠢ ᠲᠤᠰᠢᠶᠠᠭᠴᠢ᠂ | ᠭᠠᠶᠢᠯᠢ ᠳᠤ ᠬᠤᠯᠪᠣᠭᠳᠠᠬᠤ ᠦᠢᠯᠡᠴᠢᠯᠡᠭᠡᠨ ᠤ ᠵᠠᠭᠤᠴᠢ ᠪᠠᠶᠢᠭᠤᠯᠤᠮᠵᠢ᠂ ᠦᠨᠳᠦᠰᠦᠨ ᠱᠠᠲᠤᠨ ᠤ ᠭᠠᠶᠢᠯᠢ ᠶᠢᠨ | ᠶᠠᠪᠤᠳᠠᠯ ᠤᠨ ᠺᠠᠳ᠋ᠷᠴᠤᠳ ᠢ ᠵᠣᠬᠢᠶᠠᠨ ᠪᠠᠶᠢᠭᠤᠯᠤᠨ ᠰᠤᠳᠤᠯᠤᠨ ᠶᠠᠷᠢᠯᠴᠠᠭᠤᠯᠵᠤ᠂ ᠭᠠᠶᠢᠯᠢ ᠲᠤᠰᠢᠶᠠᠭᠴᠢ ᠰᠦᠢᠳᠬᠡᠯ | ᠲᠤᠰᠢᠶᠠᠭᠴᠢ ᠶᠢᠨ ᠡᠷᠬᠡ ᠠᠰᠢᠭ ᠢ ᠬᠠᠰᠤᠵᠤ ᠬᠤᠬᠢᠷᠠᠭᠤᠯᠬᠤ ᠪᠤᠶᠤ ᠭᠠᠶᠢᠯᠢ ᠲᠤᠰᠢᠶᠠᠭᠴᠢ ᠰᠦᠢᠳᠭᠡᠯ ᠲᠤᠰᠢᠶᠠᠭᠴᠢ ᠶᠢᠨ | ᠳᠠᠷᠤᠭᠠᠰᠤ ᠶᠢ ᠨᠡᠮᠡᠭᠳᠡᠭᠦᠯᠦᠭᠰᠡᠨ ᠡᠰᠡᠬᠦ ᠶᠢ ᠨᠤᠲᠠᠯᠠᠨ᠎ᠠ᠃ | |