︵2020 ᠣᠨ ᠤ 8 ᠰᠠᠷ᠎ᠠ ᠶᠢᠨ 18 ᠤ ᠡᠳᠦᠷ ᠤᠯᠠᠭᠠᠨᠴᠠᠪ ᠬᠤᠲᠠ ᠶᠢᠨ ᠳᠥᠷᠪᠡᠳᠦᠭᠡᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠬᠤᠷᠢᠳᠤᠭᠠᠷ ᠬᠤᠷᠠᠯᠳᠤᠭᠠᠨ ᠠᠴᠠ ᠪᠠᠲᠤᠯᠠᠪᠠ | 2020 ᠣᠨ ᠤ 9 ᠰᠠᠷ᠎ᠠ ᠶᠢᠨ 23 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠬᠤᠶᠠᠳᠤᠭᠠᠷ ᠬᠤᠷᠠᠯᠳᠤᠭᠠᠨ ᠠᠴᠠ ᠵᠥᠪᠰᠢᠶᠡᠷᠡᠪᠡ︶ | | ᠨᠢᠭᠡᠳᠦᠭᠡᠷ ᠵᠦᠢᠯ ᠲᠠᠷᠢᠶᠠᠯᠠᠩ ᠤᠨ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠵᠤ᠂ ᠲᠠᠷᠢᠶᠠᠯᠠᠩ ᠤᠨ | ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠶᠢᠨ ᠲᠥᠯᠥᠭᠡ᠂ ᠲᠠᠷᠢᠶᠠᠯᠠᠩ ᠳᠤ ᠬᠡᠷᠡᠭᠯᠡᠬᠦ ᠭᠠᠵᠠᠷ ᠤᠨ | ᠪᠦᠷᠭᠦᠭᠦᠯ ᠢ ᠰᠢᠨᠵᠢᠯᠡᠬᠦ ᠤᠬᠠᠭᠠᠨᠴᠢ ᠪᠠᠷ ᠬᠠᠮᠢᠶᠠᠷᠴᠤ᠂ ᠲᠠᠷᠢᠶᠠᠯᠠᠩ ᠳᠤ ᠬᠡᠷᠡᠭᠯᠡᠬᠦ ᠬᠠᠶᠠᠭᠳᠠᠮᠠᠯ ᠬᠠᠭᠤᠴᠢᠨ | ᠭᠠᠵᠠᠷ ᠤᠨ ᠪᠦᠷᠭᠦᠭᠦᠯ ᠢ ᠬᠤᠷᠢᠶᠠᠨ ᠠᠪᠴᠤ ᠠᠰᠢᠭᠯᠠᠬᠤ ᠶᠢ ᠠᠬᠢᠭᠤᠯᠵᠤ᠂ ᠲᠠᠷᠢᠶᠠᠯᠠᠩ ᠤᠨ ᠦᠷᠬᠦᠯᠵᠢᠯᠡᠭᠦᠶᠢᠴᠡ | ᠬᠥᠭᠵᠢᠯᠲᠡ ᠪᠣᠯᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ︾᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠶ ᠶᠢᠨ ᠪᠤᠬᠢᠷᠳᠤᠯ ᠢ ᠰᠡᠷᠭᠡᠶᠢᠯᠡᠨ | ᠵᠠᠰᠠᠬᠤ ᠬᠠᠤᠯᠢ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠲᠣᠰ | ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠲᠠᠷᠢᠶᠠᠯᠠᠩ ᠳᠤ ᠬᠡᠷᠡᠭᠯᠡᠬᠦ | ᠭᠠᠵᠠᠷ ᠤᠨ ᠪᠦᠷᠬᠦᠭᠦᠯ ᠢ ᠦᠢᠯᠡᠳᠪᠦᠷᠢᠯᠡᠬᠦ᠂ ᠪᠣᠷᠣᠯᠠᠭᠤᠯᠬᠤ᠂ ᠬᠡᠷᠡᠭᠯᠡᠬᠦ ᠪᠠ ᠲᠠᠷᠢᠶᠠᠯᠠᠩ ᠳᠤ ᠬᠡᠷᠡᠭᠯᠡᠬᠦ ᠬᠠᠶᠠᠭᠳᠠᠮᠠᠯ | ᠬᠠᠭᠤᠴᠢᠨ ᠭᠠᠵᠠᠷ ᠤᠨ ᠪᠦᠷᠬᠦᠭᠦᠯ ᠢ ᠬᠤᠷᠢᠶᠠᠨ ᠠᠪᠴᠤ ᠠᠰᠢᠭᠯᠠᠬᠤ ᠵᠢᠴᠢ ᠲᠡᠭᠦᠨ ᠤ ᠬᠢᠨᠠᠯᠲᠠ ᠬᠠᠮᠢᠶᠠᠷᠤᠯᠲᠠ ᠳᠤ᠂ | ᠲᠣᠰ ᠳᠦᠷᠢᠮ ᠢ ᠬᠡᠷᠡᠭᠯᠡᠵᠦ ᠪᠤᠯᠤᠨ᠎ᠠ᠃ ᠳᠡᠭᠡᠳᠦ ᠪᠠᠶᠢᠷᠢ ᠶᠢᠨ ᠬᠠᠤᠯᠢ ᠳᠤ ᠨᠢᠭᠡᠨᠲᠡ ᠲᠣᠭᠲᠠᠭᠠᠯ ᠭᠠᠷᠭᠠᠭᠰᠠᠨ | ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃ | ᠲᠣᠰ ᠲᠦᠷᠢᠮ ᠳᠤ ᠬᠡᠯᠡᠵᠦ ᠪᠠᠶᠢᠭ᠎ᠠ ᠲᠠᠷᠢᠶᠠᠯᠠᠩ ᠳᠤ ᠬᠡᠷᠡᠭᠯᠡᠬᠦ ᠭᠠᠵᠠᠷ ᠤᠨ ᠪᠦᠷᠬᠦᠭᠦᠯ ︵ᠳᠣᠷᠣᠭᠰᠢ | ᠭᠠᠵᠠᠷ ᠤᠨ ᠪᠦᠷᠬᠦᠭᠦᠯ ᠭᠡᠵᠦ ᠲᠤᠪᠴᠢᠯᠠᠪᠠ︶ ᠭᠡᠳᠡᠭ ᠨᠢ ᠲᠠᠷᠢᠶᠠᠯᠠᠩ ᠤᠨ ᠦᠶᠯᠡᠳᠪᠦᠷᠢᠯᠡᠯ ᠳᠤ ᠬᠡᠷᠡᠭᠯᠡᠬᠦ | ᠭᠠᠵᠠᠷ ᠤᠨ ᠭᠠᠳᠠᠷᠭᠤ ᠶᠢ ᠪᠦᠷᠬᠦᠬᠦ ᠨᠢᠮᠭᠡᠨ ᠪᠦᠷᠬᠦᠭᠦᠯ ᠢ ᠵᠢᠭᠠᠵᠤ ᠪᠣᠶ᠃ | ᠭᠤᠷᠪᠠᠳᠤᠭᠠᠷ ᠵᠦᠶᠯ ᠭᠠᠵᠠᠷ ᠤᠨ ᠪᠦᠷᠭᠦᠭᠦᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠳᠤ ᠵᠠᠰᠠᠭ ᠤᠨ | ᠣᠷᠳᠣᠨ ᠭᠤᠤᠯᠯᠠᠨ ᠤᠳᠤᠷᠢᠳᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠣᠯᠠᠨ ᠨᠡᠶᠢᠲᠡ ᠪᠠᠷ ᠢᠶᠠᠨ | ᠣᠷᠣᠯᠴᠠᠬᠤ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠪᠠ ᠬᠡᠨ ᠬᠡᠷᠡᠭᠯᠡᠪᠡᠯ ᠬᠡᠨ ᠴᠡᠪᠡᠷᠯᠡᠬᠦ᠂ ᠬᠡᠨ | ᠪᠤᠬᠢᠷᠳᠤᠭᠤᠯᠪᠠᠯ ᠬᠡᠨ ᠵᠠᠰᠠᠬᠤ ᠵᠠᠷᠴᠢᠮ ᠢ ᠪᠠᠷᠢᠮᠲᠠᠯᠠᠬᠤ ᠬᠡᠷᠡᠭᠲᠡᠶ᠃ | ᠳᠥᠷᠪᠡᠳᠦᠭᠡᠷ ᠵᠦᠢᠯ ᠬᠤᠲᠠ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ | ᠭᠠᠵᠠᠷ ᠤᠨ ᠪᠦᠷᠭᠦᠭᠦᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠣᠷᠣᠨ ᠨᠤᠲᠤᠭ ᠤᠨ ᠤᠯᠤᠰ ᠠᠷᠠᠳ ᠤᠨ | ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠤᠷᠤᠭᠤᠯᠵᠤ᠂ ᠡᠳ᠋ ᠤᠨ ᠵᠠᠰᠠᠭ ᠤᠨ | ᠣᠷᠣᠭᠤᠯᠤᠯᠲᠠ ᠶᠢ ᠪᠠᠲᠤᠯᠠᠬᠤ ᠶᠢᠨ ᠬᠠᠮᠲᠤ ᠨᠡᠮᠡᠭᠳᠡᠭᠦᠯᠵᠦ᠂ ᠬᠡᠷᠡᠭᠰᠡᠬᠦ ᠵᠠᠷᠤᠳᠠᠯ ᠢ ᠠᠳᠠᠯᠢ ᠱᠠᠲᠤᠨ ᠤ ᠡᠳ᠋ ᠤᠨ | ᠵᠠᠰᠠᠭ ᠤᠨ ᠲᠥᠰᠦᠪ ᠲᠤ ᠤᠷᠤᠭᠤᠯᠬᠤ ᠬᠡᠷᠡᠭᠲᠠᠢ᠃ | ᠲᠠᠪᠤᠳᠤᠭᠠᠷ ᠵᠦᠢᠯ ᠬᠤᠲᠠ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ | ᠭᠠᠵᠠᠷ ᠤᠨ ᠪᠦᠷᠭᠦᠭᠦᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠬᠤ᠂ ᠤᠳᠤᠷᠢᠳᠬᠤ᠂ | ᠵᠣᠬᠢᠴᠠᠭᠤᠯᠬᠤ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ | ᠡᠭᠦᠷᠭᠡ ᠬᠠᠷᠢᠭᠤᠴᠠᠯᠭ᠎ᠠ ᠪᠠᠨ ᠬᠠᠥᠯᠢ ᠶᠣᠰᠣᠭᠠᠷ ᠭᠦᠶᠴᠡᠳᠬᠡᠬᠦ ᠶᠢ ᠰᠢᠮᠳᠠᠭᠤᠯᠵᠤ᠂ ᠭᠠᠵᠠᠷ ᠤᠨ ᠪᠦᠷᠭᠦᠭᠦᠯ ᠤᠨ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠᠲᠤ ᠠᠵᠢᠯ ᠤᠨ | ᠬᠢᠷᠢ ᠪᠦᠲᠦᠮᠵᠢ ᠶᠢ ᠰᠢᠯᠭᠠᠨ ᠬᠢᠨᠠᠬᠤ ᠰᠢᠰᠲ᠋ᠧᠮᠵᠢ ᠳᠤ ᠣᠷᠣᠭᠤᠯᠬᠤ ᠬᠡᠷᠡᠭᠲᠡᠶ᠃ | ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠶᠠᠭᠳᠠᠮᠠᠯ ᠬᠠᠭᠤᠴᠢᠨ ᠭᠠᠵᠠᠷ ᠤᠨ | ᠪᠦᠷᠭᠦᠭᠦᠯ ᠢ ᠡᠭᠡᠭᠦᠯᠦᠨ ᠬᠤᠷᠢᠶᠠᠬᠤ ᠶᠢ ᠵᠣᠬᠢᠶᠠᠨ ᠪᠠᠶᠢᠭᠤᠯᠤᠨ ᠵᠣᠬᠢᠴᠠᠭᠤᠯᠬᠤ᠂ ᠬᠢᠨᠠᠯᠲᠠ ᠲᠠᠯᠪᠢᠵᠤ | ᠬᠠᠮᠢᠶᠠᠷᠬᠤ ᠶᠢ ᠬᠠᠷᠢᠭᠤᠴᠠᠵᠤ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠢ ᠵᠢᠯᠣᠭᠤᠳᠴᠤ ᠪᠠᠶᠢᠭᠠᠳ | ᠭᠠᠵᠠᠷ ᠤᠨ ᠪᠦᠷᠭᠦᠭᠦᠯ ᠤᠨ ᠬᠡᠷᠡᠭᠯᠡᠭᠴᠢ ᠶᠢ ᠰᠢᠮᠳᠠᠭᠤᠯᠵᠤ ᠪᠠᠶᠢᠭᠠᠳ ᠬᠠᠶᠠᠭᠳᠠᠮᠠᠯ ᠬᠠᠭᠤᠴᠢᠨ ᠭᠠᠵᠠᠷ ᠤᠨ | ᠪᠦᠷᠭᠦᠭᠦᠯ ᠢ ᠴᠠᠭ ᠲᠤᠬᠠᠶ ᠳᠤᠨᠢ ᠲᠡᠭᠦᠯᠭᠡᠬᠦ᠂ ᠬᠤᠳᠠᠯᠳᠤᠭᠤᠯᠬᠤ ᠬᠡᠷᠡᠭᠲᠡᠶ᠃ | ᠵᠢᠷᠭᠤᠳᠤᠭᠠᠷ ᠵᠦᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠮᠢ ᠠᠬᠤᠢ ᠣᠷᠴᠢᠨ | ᠲᠣᠭᠤᠷᠢᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠣᠰ ᠵᠠᠰᠠᠭ ᠵᠠᠬᠢᠷᠭᠠᠨ ᠤ ᠣᠷᠣᠨ ᠤ ᠳᠣᠲᠣᠷ᠎ᠠ | ᠭᠠᠵᠠᠷ ᠤᠨ ᠪᠦᠷᠭᠦᠭᠦᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠬᠢᠨᠠᠵᠤ ᠬᠠᠮᠢᠶᠠᠷᠬᠤ ᠠᠵᠢᠯ ᠢ | ᠬᠠᠷᠢᠭᠤᠴᠠᠨ᠎ᠠ︔ ᠲᠤᠬᠠᠶ ᠶᠢᠨ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠲᠥᠯᠥᠪᠵᠢᠭᠦᠯᠭᠡ ᠶᠢ | ᠦᠨᠳᠦᠰᠦᠯᠡᠨ᠂ ᠤᠯᠤᠰ ᠤᠨ ᠪᠠᠷᠢᠮᠵᠢᠶ᠎ᠠ ᠶᠤᠰᠤᠭᠠᠷ ᠭᠠᠵᠠᠷ ᠤᠨ ᠪᠦᠷᠭᠦᠭᠦᠯ ᠤᠨ ᠪᠣᠬᠢᠷᠲᠤᠯ ᠢ ᠰᠡᠷᠭᠡᠶᠢᠯᠡᠨ ᠵᠠᠰᠠᠬᠤ | ᠪᠣᠳᠠᠲᠠᠶ ᠬᠡᠷᠡᠭᠵᠢᠭᠦᠯᠬᠦ ᠠᠷᠭ᠎ᠠ ᠬᠡᠮᠵᠢᠶ᠎ᠡ ᠶᠢ ᠨᠠᠶᠢᠷᠠᠭᠤᠯᠤᠨ ᠵᠣᠬᠢᠶᠠᠨ᠎ᠠ︔ ᠭᠠᠵᠠᠷ ᠤᠨ ᠪᠦᠷᠭᠦᠭᠦᠯ ᠤᠨ | ᠦᠯᠡᠳᠡᠭᠳᠡᠯ ᠨᠢ ᠤᠯᠤᠰ ᠤᠨ ᠪᠠᠷᠢᠮᠵᠢᠶ᠎ᠠ ᠠᠴᠠ ᠬᠡᠲᠦᠷᠡᠭᠰᠡᠨ ᠪᠣᠬᠢᠷᠲᠤᠯ ᠤᠨ ᠣᠷᠣᠨ ᠲᠤ ᠶᠡᠷᠦᠩᠬᠡᠶᠢᠯᠡᠨ ᠴᠡᠭᠴᠡᠯᠡᠨ | ᠵᠠᠰᠠᠯᠲᠠ ᠬᠢᠬᠦ ᠶᠢᠨ ᠬᠠᠮᠲᠤ ᠬᠠᠶᠠᠭᠳᠠᠮᠠᠯ ᠬᠠᠭᠤᠴᠢᠨ ᠭᠠᠵᠠᠷ ᠤᠨ ᠪᠦᠷᠭᠦᠭᠦᠯ ᠤᠨ ᠦᠯᠡᠳᠡᠭᠳᠡᠯ ᠤᠨ ᠪᠣᠬᠢᠷᠲᠤᠯ ᠢ | ᠰᠡᠷᠭᠡᠶᠢᠯᠡᠨ ᠵᠠᠰᠠᠬᠤ ᠳ᠋ᠠᠶᠢᠲ᠋ᠠ ᠬᠥᠮᠥᠷᠭᠡ ᠶᠢ ᠪᠠᠶᠢᠭᠤᠯᠤᠨ᠎ᠠ︔ ᠬᠠᠶᠠᠭᠳᠠᠮᠠᠯ ᠬᠠᠭᠤᠴᠢᠨ ᠭᠠᠵᠠᠷ ᠤᠨ ᠪᠦᠷᠭᠦᠭᠦᠯ ᠢ | ᠰᠢᠲᠠᠭᠠᠬᠤ ᠵᠡᠷᠭᠡ ᠣᠷᠴᠢᠨ ᠲᠣᠭᠤᠷᠢᠨ ᠪᠣᠬᠢᠷᠲᠤᠭᠤᠯᠤᠭᠰᠠᠨ ᠬᠠᠥᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠬᠠᠤᠯᠢ ᠶᠣᠰᠣᠭᠠᠷ ᠪᠠᠶᠢᠴᠠᠭᠠᠨ ᠰᠢᠳᠭᠡᠨ᠎ᠡ᠃ | ᠬᠤᠲᠠ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠮᠠᠯ ᠠᠵᠤ | ᠠᠬᠤᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤᠬᠠᠶ ᠶᠢᠨ ᠵᠢᠯ ᠤᠨ ᠭᠠᠵᠠᠷ ᠤᠨ ᠪᠦᠷᠭᠦᠭᠦᠯ ᠤᠨ | ᠬᠡᠷᠡᠭᠯᠡᠯᠲᠡ ᠶᠢᠨ ᠪᠠᠶᠢᠳᠠᠯ ᠢ ᠦᠨᠳᠦᠰᠦᠯᠡᠨ᠂ ᠡᠭᠡᠭᠦᠯᠦᠨ ᠬᠤᠷᠢᠶᠠᠬᠤ ᠡᠭᠦᠷᠭᠡ ᠬᠠᠷᠠᠯᠲᠠ ᠪᠠᠨ ᠵᠠᠳᠠᠯᠤᠵᠤ᠂ ᠤᠨ ᠤ | ᠦᠯᠡᠳᠡᠭᠳᠡᠯ ᠢ ᠬᠢᠨᠠᠨ ᠬᠡᠮᠵᠢᠬᠦ ᠪᠠᠶᠢᠷᠢ ᠶᠢ ᠵᠦᠢ ᠵᠤᠬᠢᠰᠲᠠᠢ ᠲᠣᠬᠢᠷᠠᠭᠤᠯᠵᠤ᠂ ᠭᠠᠵᠠᠷ ᠤᠨ ᠪᠦᠷᠭᠦᠭᠦᠯ ᠤᠨ | ᠦᠯᠡᠳᠡᠭᠳᠡᠯ ᠤᠨ ᠪᠠᠶᠢᠴᠠᠭᠠᠯᠲᠠ ᠶᠢ ᠰᠠᠶᠢᠲᠤᠷ ᠬᠢᠵᠦ᠂ ᠬᠠᠶᠠᠭᠳᠠᠮᠠᠯ ᠬᠠᠭᠤᠴᠢᠨ ᠭᠠᠵᠠᠷ ᠤᠨ ᠪᠦᠷᠭᠦᠭᠦᠯ ᠢ | ᠬᠤᠷᠢᠶᠠᠨ ᠠᠪᠬᠤ ᠠᠵᠤ ᠠᠬᠤᠶᠢᠯᠠᠯ᠂ ᠡᠭᠡᠭᠦᠯᠦᠨ ᠬᠤᠷᠢᠶᠠᠬᠤ ᠲᠣᠤᠷ ᠴᠡᠭ ᠢ ᠵᠦᠶ ᠵᠣᠬᠢᠰᠲᠠᠶ ᠪᠠᠶᠢᠷᠠᠯᠠᠭᠤᠯᠵᠤ | ᠵᠢᠯᠣᠭᠤᠳᠤᠨ᠎ᠠ︔ ᠭᠠᠵᠠᠷ ᠤᠨ ᠪᠦᠷᠭᠦᠭᠦᠯ ᠢ ᠬᠡᠷᠡᠭᠯᠡᠬᠦ᠂ ᠡᠭᠡᠭᠦᠯᠦᠨ ᠬᠤᠷᠢᠶᠠᠬᠤ᠂ ᠳᠠᠬᠢᠨ ᠠᠰᠢᠭᠯᠠᠬᠤ ᠲᠥᠷᠥᠯ | ᠵᠦᠶᠯ ᠤᠨ ᠪᠠᠯᠠ ᠮᠥᠩᠭᠦ ᠶᠢ ᠭᠤᠶᠤᠴᠢᠯᠠᠨ ᠮᠡᠳᠡᠭᠦᠯᠬᠦ ᠪᠠ ᠬᠡᠷᠡᠭᠯᠡᠵᠦ ᠬᠠᠮᠢᠶᠠᠷᠬᠤ ᠶᠢ ᠬᠠᠷᠢᠭᠤᠴᠠᠨ᠎ᠠ︔ ᠭᠠᠵᠠᠷ ᠤᠨ | ᠪᠦᠷᠭᠦᠭᠦᠯ ᠬᠡᠷᠡᠭᠯᠡᠭᠴᠢ ᠶᠢᠨ ᠬᠠᠶᠠᠭᠳᠠᠮᠠᠯ ᠬᠠᠭᠤᠴᠢᠨ ᠭᠠᠵᠠᠷ ᠤᠨ ᠪᠦᠷᠭᠦᠭᠦᠯ ᠶᠢ ᠳᠤᠷ᠎ᠠ ᠪᠠᠷ ᠢᠶᠠᠨ ᠪᠤᠯᠠᠬᠤ᠂ | ᠬᠠᠶᠠᠬᠤ ᠵᠡᠷᠭᠡ ᠬᠥᠷᠥᠰᠥ ᠰᠢᠷᠣᠶ ᠶᠢ ᠪᠤᠬᠢᠷᠳᠠᠭᠤᠯᠤᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠬᠠᠤᠯᠢ ᠶᠣᠰᠣᠭᠠᠷ ᠪᠠᠶᠢᠴᠠᠭᠠᠨ ᠰᠢᠳᠭᠡᠬᠦ ᠬᠡᠷᠡᠭᠲᠠᠢ᠃ | ᠬᠤᠲᠠ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠭᠠᠵᠠᠷ ᠤᠨ ᠪᠦᠷᠭᠦᠭᠦᠯ | ᠦᠢᠯᠡᠳᠪᠦᠷᠢᠯᠡᠬᠦ᠂ ᠪᠣᠷᠣᠯᠠᠭᠤᠯᠬᠤ ᠬᠠᠮᠢᠶᠠᠷᠤᠯᠲᠠ ᠶᠢᠨ ᠳ᠋ᠠᠶᠢᠲ᠋ᠠ ᠬᠥᠮᠥᠷᠭᠡ ᠪᠠᠶᠢᠭᠤᠯᠵᠤ᠂ ᠭᠠᠵᠠᠷ ᠤᠨ ᠪᠦᠷᠭᠦᠭᠦᠯ | ᠦᠶᠯᠡᠳᠪᠦᠷᠢᠯᠡᠬᠦ ᠠᠵᠤ ᠠᠬᠤᠶᠢᠯᠠᠯ᠂ ᠪᠣᠷᠣᠯᠠᠭᠤᠯᠬᠤ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠳᠤ ᠳᠡᠩᠰᠡᠯᠡᠨ | ᠬᠠᠮᠢᠶᠠᠷᠬᠤ ᠲᠦᠷᠢᠮ ᠢ ᠬᠡᠷᠡᠭᠵᠢᠭᠦᠯᠦᠨ᠎ᠡ︔ ᠠᠮᠢ ᠠᠬᠤᠶ ᠶᠢᠨ ᠣᠷᠴᠢᠨ ᠲᠣᠭᠤᠷᠢᠨ᠂ ᠲᠠᠷᠢᠶᠠᠯᠠᠩ ᠮᠠᠯ ᠠᠵᠤ | ᠠᠬᠤᠶ᠂ ᠳᠣᠲᠣᠭᠠᠳᠤ ᠶᠢ ᠬᠠᠮᠠᠭᠠᠯᠠᠬᠤ ᠵᠡᠷᠭᠡ ᠬᠤᠯᠪᠤᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠮᠠᠯ | ᠬᠤᠭᠤᠴᠠᠭ᠎ᠠ ᠲᠠᠢ ᠪᠠᠷ ᠭᠠᠵᠠᠷ ᠤᠨ ᠪᠦᠷᠭᠦᠭᠦᠯ ᠦᠶᠯᠡᠳᠪᠦᠷᠢᠯᠡᠬᠦ᠂ ᠪᠣᠷᠣᠯᠠᠭᠤᠯᠬᠤ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠯᠲᠠ ᠶᠢ ᠥᠷᠨᠢᠭᠦᠯᠦᠨ᠎ᠡ︔ ᠤᠯᠤᠰ ᠤᠨ ᠪᠠᠷᠢᠮᠵᠢᠶ᠎ᠠ ᠳᠤ ᠨᠡᠶᠢᠴᠡᠬᠦ ᠦᠭᠡᠢ ᠭᠠᠵᠠᠷ ᠤᠨ ᠪᠦᠷᠭᠦᠭᠦᠯ ᠢ | ᠦᠢᠯᠡᠳᠪᠦᠷᠢᠯᠡᠭᠰᠡᠨ ᠪᠠ ᠪᠤᠷᠤᠯᠠᠭᠤᠯᠤᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ | ᠪᠠᠶᠢᠴᠠᠭᠠᠨ ᠰᠢᠳᠭᠡᠬᠦ ᠬᠡᠷᠡᠭᠲᠡᠶ᠃ | ᠬᠤᠲᠠ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠦᠭᠵᠢᠭᠦᠯᠦᠯᠲᠡ ᠪᠠ | ᠥᠭᠡᠷᠡᠴᠢᠯᠡᠯᠲᠡ᠂ ᠰᠢᠨᠵᠢᠯᠡᠬᠦ ᠤᠬᠠᠭᠠᠨ ᠮᠡᠷᠭᠡᠵᠢᠯ᠂ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ᠂ | ᠳᠣᠲᠣᠭᠠᠳᠤ ᠶᠢ ᠬᠠᠮᠠᠭᠠᠯᠠᠬᠤ ᠵᠡᠷᠭᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ | ᠬᠠᠷᠢᠭᠤᠴᠠᠯᠭ᠎ᠠ ᠪᠠᠨ ᠦᠨᠳᠦᠰᠦᠯᠡᠨ᠂ ᠭᠠᠵᠠᠷ ᠤᠨ ᠪᠦᠷᠭᠦᠭᠦᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠮᠢᠶ᠎ᠠ | ᠪᠦᠬᠦᠢ ᠠᠵᠢᠯ ᠢ ᠰᠠᠶᠢᠲᠤᠷ ᠬᠢᠨ᠎ᠡ᠃ | ᠳᠣᠯᠣᠳᠤᠭᠠᠷ ᠵᠦᠶᠯ ᠵᠤᠵᠠᠭᠠᠨ ᠤ ᠬᠡᠮᠵᠢᠶ᠎ᠡ ᠨᠢ 0.01 mm ᠠᠴᠠ ᠪᠠᠭ᠎ᠠ ᠤᠯᠤᠰ ᠤᠨ | ᠪᠠᠷᠢᠮᠵᠢᠶ᠎ᠠ ᠳᠤ ᠨᠡᠶᠢᠴᠡᠬᠦ ᠦᠭᠡᠶ ᠭᠠᠵᠠᠷ ᠤᠨ ᠪᠦᠷᠭᠦᠭᠦᠯ ᠦᠶᠯᠡᠳᠪᠦᠷᠢᠯᠡᠬᠦ᠂ ᠪᠣᠷᠣᠯᠠᠭᠤᠯᠬᠤ᠂ ᠬᠡᠷᠡᠭᠯᠡᠬᠦ ᠶᠢ | ᠴᠠᠭᠠᠵᠠᠯᠠᠨ᠎ᠠ᠃ | ᠨᠠᠢᠮᠠᠳᠤᠭᠠᠷ ᠵᠦᠶᠯ ᠲᠠᠷᠢᠶᠠᠯᠠᠩ ᠮᠠᠯ ᠠᠵᠤ ᠠᠬᠤᠶ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ | ᠮᠦᠴᠢᠷ ᠤᠨ ᠪᠦᠬᠦᠨ ᠢ ᠠᠮᠢᠳᠤ ᠪᠣᠳᠠᠰ ᠢᠶᠠᠷ ᠵᠠᠳᠠᠷᠠᠨ ᠤᠭᠴᠤᠷᠠᠬᠤ ᠭᠠᠵᠠᠷ ᠤᠨ ᠪᠦᠷᠭᠦᠭᠦᠯ ᠢ ᠣᠷᠣᠭᠤᠯᠤᠨ | ᠠᠪᠴᠢᠷᠠᠬᠤ᠂ ᠲᠤᠷᠰᠢᠬᠤ᠂ ᠳᠡᠯᠭᠡᠷᠡᠭᠦᠯᠬᠦ ᠶᠢ ᠵᠣᠷᠢᠭᠵᠢᠭᠤᠯᠤᠨ ᠳᠡᠮᠵᠢᠵᠦ᠂ᠭᠠᠵᠠᠷ ᠤᠨ ᠪᠦᠷᠭᠦᠭᠦᠯ ᠬᠡᠷᠡᠭᠯᠡᠭᠴᠢ ᠶᠢᠨ | ᠲᠠᠷᠢᠮᠠᠯ ᠤᠨ ᠪᠦᠲᠦᠴᠡ ᠳᠤ ᠲᠣᠬᠢᠷᠠᠭᠤᠯᠤᠯᠲᠠ ᠬᠢᠬᠦ ᠶᠢ ᠨᠢ ᠬᠥᠲᠥᠯᠥᠨ ᠵᠢᠯᠤᠭᠤᠳᠴᠦ᠂ ᠡᠭᠡᠯᠵᠢᠯᠡᠨ ᠳᠠᠷᠢᠬᠤ | ᠵᠢᠴᠢ ᠪᠤᠰᠤᠳ ᠣᠷᠴᠢᠨ ᠲᠣᠭᠤᠷᠢᠨ ᠳᠤ ᠲᠤᠬᠢᠷᠠᠬᠤ ᠬᠡᠯᠪᠡᠷᠢ ᠶᠢᠨ ᠣᠷᠣᠯᠠᠬᠤ ᠴᠢᠨᠠᠷᠲᠠᠶ ᠮᠡᠷᠭᠡᠵᠢᠯ ᠤᠨ ᠠᠷᠭ᠎ᠠ | ᠬᠡᠮᠵᠢᠶ᠎ᠡ ᠶᠢ ᠠᠪᠴᠤ᠂ ᠭᠠᠵᠠᠷ ᠤᠨ ᠪᠦᠷᠭᠦᠭᠦᠯ ᠬᠡᠷᠡᠭᠯᠡᠬᠦ ᠬᠡᠮᠵᠢᠶ᠎ᠡ ᠶᠢ ᠪᠠᠭᠠᠰᠬᠠᠨ᠎ᠠ᠃ | ᠮᠧᠬᠠᠨᠢᠭ ᠢᠶᠠᠷ ᠭᠠᠵᠠᠷ ᠤᠨ ᠪᠦᠷᠭᠦᠭᠦᠯ ᠶᠢ ᠰᠡᠭᠦᠭᠦ᠂ ᠪᠦᠷᠭᠦᠭᠦᠯ ᠢ ᠲᠡᠭᠦᠭᠦ ᠮᠡᠷᠭᠡᠵᠢᠯ ᠢ ᠢᠳᠡᠪᠬᠢᠲᠡᠶ ᠪᠠᠷ | ᠰᠤᠳᠤᠯᠤᠨ ᠨᠡᠭᠡᠭᠡᠵᠦ ᠳᠡᠯᠭᠡᠷᠡᠭᠦᠯᠵᠦ᠂ ᠡᠭᠡᠭᠦᠯᠦᠨ ᠬᠤᠷᠢᠶᠠᠬᠤ ᠳᠤ ᠠᠰᠢᠭᠲᠠᠢ ᠪᠦᠷᠬᠦᠭᠦᠯ ᠪᠦᠷᠬᠦᠭᠦᠯᠬᠦ ᠠᠷᠭ᠎ᠠ | ᠮᠠᠶ᠋ᠢᠭ ᠢ ᠠᠪᠴᠤ᠂ ᠬᠠᠶᠠᠭᠳᠠᠮᠠᠯ ᠭᠠᠭᠤᠴᠢᠨ ᠭᠠᠵᠠᠷ ᠤᠨ ᠪᠦᠷᠭᠦᠭᠦᠯ ᠢ ᠡᠭᠡᠭᠦᠯᠦᠨ ᠬᠤᠷᠢᠶᠠᠬᠤ ᠨᠣᠷᠮ᠎ᠠ ᠶᠢ | ᠳᠡᠭᠡᠭᠰᠢᠯᠡᠭᠦᠯᠦᠨ᠎ᠡ᠃ | ᠶᠢᠰᠦᠳᠦᠭᠡᠷ ᠵᠦᠢᠯ ᠬᠤᠲᠠ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠲᠠᠷᠢᠶᠠᠯᠠᠩ ᠮᠠᠯ ᠠᠵᠤ ᠠᠬᠤᠢ᠂ ᠵᠠᠬ᠎ᠠ ᠳᠡᠯᠭᠡᠭᠦᠷ ᠤᠨ ᠬᠢᠨᠠᠯᠲᠠ | ᠵᠡᠷᠭᠡ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠭᠠᠵᠠᠷ ᠤᠨ ᠪᠦᠷᠭᠦᠭᠦᠯ ᠦᠶᠯᠡᠳᠪᠦᠷᠢᠯᠡᠬᠦ᠂ ᠪᠣᠷᠣᠯᠠᠭᠤᠯᠬᠤ᠂ | ᠬᠡᠷᠡᠭᠯᠡᠬᠦ ᠵᠡᠷᠭᠡ ᠡᠯ᠎ᠡ ᠭᠤᠭᠴᠤᠭ᠎ᠠ ᠶᠢᠨ ᠡᠬᠡ ᠲᠠᠩᠰᠠ ᠶᠢ ᠳᠡᠩᠰᠡᠯᠡᠨ ᠲᠡᠮᠳᠡᠭᠯᠡᠬᠦ ᠳᠤ ᠬᠢᠨᠠᠯᠲᠠ ᠲᠠᠯᠪᠢᠵᠤ | ᠬᠠᠮᠢᠶᠠᠷᠬᠤ ᠪᠠᠨ ᠴᠢᠩᠭᠠᠳᠬᠠᠬᠤ ᠬᠡᠷᠡᠭᠲᠡᠶ᠃ ᠭᠠᠵᠠᠷ ᠤᠨ ᠪᠦᠷᠭᠦᠭᠦᠯ ᠦᠢᠯᠡᠳᠪᠦᠷᠢᠯᠡᠭᠴᠢ᠂ ᠪᠣᠷᠣᠯᠠᠭᠤᠯᠤᠭᠴᠢ᠂ | ᠬᠡᠷᠡᠭᠯᠡᠭᠴᠢ ᠵᠢᠴᠢ ᠭᠠᠴᠠᠭ᠎ᠠ ᠲᠤᠰᠬᠤᠨ ᠤ ᠠᠷᠠᠳ ᠤᠨ ᠵᠥᠪᠯᠡᠯ ᠳᠣᠣᠷ᠎ᠠ ᠵᠢᠭᠰᠠᠭᠠᠭᠰᠠᠨ ᠠᠭᠤᠯᠭ᠎ᠠ ᠶᠣᠰᠣᠭᠠᠷ᠂ | ᠡᠬᠡ ᠲᠠᠩᠰᠠ ᠶᠢ ᠳᠠᠩᠰᠠᠯᠠᠬᠤ ᠲᠦᠷᠢᠮ ᠢ ᠪᠠᠶᠢᠭᠤᠯᠵᠤ᠂ ᠡᠬᠡ ᠲᠠᠩᠰᠠ ᠶᠢᠨ ᠲᠡᠮᠳᠡᠭᠯᠡᠯ ᠢ ᠠᠳᠠᠭ ᠲᠠᠭᠠᠨ ᠭᠤᠷᠪᠠᠨ | ᠵᠢᠯ ᠬᠠᠳᠠᠭᠠᠯᠠᠬᠤ ᠬᠡᠷᠡᠭᠲᠡᠶ᠄ | ︵ᠨᠢᠭᠡ︶ ᠦᠢᠯᠡᠳᠪᠦᠷᠢᠯᠡᠭᠴᠢ ᠡᠴᠠᠭᠠᠵᠠᠷ ᠤᠨ ᠪᠦᠷᠭᠦᠭᠦᠯ ᠤᠨ ᠠᠵᠢᠯ ᠲᠥᠷᠥᠯ ᠤᠨ ᠳᠦᠷᠢᠮᠵᠢᠯ ᠤᠨ | ᠲᠤᠬᠠᠢ ᠤᠯᠤᠰ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠦᠶᠯᠡᠳᠪᠦᠷᠢᠯᠡᠬᠦ᠂ ᠪᠣᠷᠣᠯᠠᠭᠤᠯᠬᠤ ᠡᠬᠡ ᠳᠠᠩᠰᠠ ᠶᠢ | ᠪᠠᠶᠢᠭᠤᠯᠵᠤ᠂ ᠰᠦᠯᠢᠶᠣᠣ ᠪᠦᠷᠬᠦᠪᠴᠢ ᠤᠨ ᠨᠡᠷᠡᠶᠢᠳᠦᠯ᠂ ᠬᠡᠪ ᠪᠠᠷᠢᠮᠵᠢᠶ᠎ᠠ᠂ ᠲᠤᠭ᠎ᠠ ᠬᠡᠮᠵᠢᠶ᠎ᠡ᠂ | ᠦᠢᠯᠡᠳᠪᠦᠷᠢᠯᠡᠭᠰᠡᠨ ᠡᠳᠦᠷ ᠬᠤᠭᠤᠴᠠᠭ᠎ᠠ ᠪᠠ ᠵᠥᠪᠰᠢᠶᠡᠷᠡᠭᠰᠡᠨ ᠳ᠋ᠤᠭᠠᠷ᠂ ᠦᠢᠯᠡᠳᠬᠦᠨ ᠤ ᠶᠠᠰᠤ ᠴᠢᠨᠠᠷ ᠢ ᠰᠢᠯᠭᠠᠨ | ᠪᠠᠶᠢᠴᠠᠭᠠᠭᠰᠠᠨ ᠮᠡᠳᠡᠭᠡ ᠵᠠᠩᠭᠢ᠂ ᠪᠠᠷᠠᠭ᠎ᠠ ᠬᠤᠳᠠᠯᠳᠤᠨ ᠠᠪᠤᠭᠴᠢ ᠶᠢᠨ ᠨᠡᠷᠡᠶᠢᠳᠦᠯ ᠵᠢᠴᠢ ᠬᠠᠷᠢᠯᠴᠠᠬᠤ ᠠᠷᠭ᠎ᠠ | ᠮᠠᠶ᠋ᠢᠭ᠂ ᠪᠣᠷᠣᠯᠠᠭᠤᠯᠤᠭᠰᠠᠨ ᠡᠳᠦᠷ ᠬᠤᠭᠤᠴᠠᠭ᠎ᠠ ᠵᠡᠷᠭᠡ ᠠᠭᠤᠯᠭ᠎ᠠ ᠶᠢ ᠦᠨᠡᠨ ᠮᠥᠨ ᠢᠶᠠᠷ ᠨᠢ ᠲᠡᠮᠳᠡᠭᠯᠡᠨ᠎ᠡ᠃ | ︵ᠬᠤᠶᠠᠷ︶ ᠪᠣᠷᠣᠯᠠᠭᠤᠯᠤᠭᠴᠢ ᠨᠢ ᠰᠦᠯᠢᠶᠣᠣ ᠪᠦᠷᠬᠦᠪᠴᠢ ᠶᠢᠨ ᠦᠢᠯᠡᠳᠬᠦᠨ ᠤ ᠪᠣᠭᠤᠳᠠᠯ ᠪᠠᠭᠯᠠᠭ᠎ᠠ᠂ | ᠱᠣᠰᠢᠭ᠎ᠠ᠂ ᠶᠠᠰᠤ ᠴᠢᠨᠠᠷ ᠢ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠦᠨᠡᠮᠯᠡᠯ ᠢ ᠪᠠᠶᠢᠴᠠᠭᠠᠨ ᠰᠢᠯᠭᠠᠵᠤ᠂ | ᠣᠷᠣᠭᠤᠯᠵᠤ ᠪᠣᠷᠣᠯᠠᠭᠤᠯᠬᠤ ᠡᠬᠡ ᠲᠠᠩᠰᠠ ᠶᠢ ᠪᠠᠶᠢᠭᠤᠯᠵᠤ᠂ ᠰᠦᠯᠢᠶᠣᠣ ᠪᠦᠷᠬᠦᠪᠴᠢ ᠶᠢᠨ ᠪᠠᠷᠠᠭ᠎ᠠ | ᠣᠷᠣᠭᠤᠯᠤᠭᠰᠠᠨ ᠮᠡᠳᠡᠭᠡ ᠵᠠᠩᠭᠢ᠂ ᠪᠠᠷᠠᠭ᠎ᠠ ᠬᠤᠳᠠᠯᠳᠤᠨ ᠠᠪᠤᠭᠴᠢ ᠶᠢᠨ ᠨᠡᠷᠡᠶᠢᠳᠦᠯ ᠵᠢᠴᠢ ᠬᠠᠷᠢᠯᠴᠠᠬᠤ ᠠᠷᠭ᠎ᠠ | ᠮᠠᠶ᠋ᠢᠭ᠂ ᠦᠶᠯᠡᠳᠬᠦᠨ ᠤ ᠨᠡᠷᠡᠶᠢᠳᠦᠯ᠂ ᠬᠡᠪ ᠪᠠᠷᠢᠮᠵᠢᠶ᠎ᠠ᠂ ᠲᠤᠭ᠎ᠠ ᠬᠡᠮᠵᠢᠶ᠎ᠡ᠂ ᠪᠣᠷᠣᠯᠠᠭᠤᠯᠤᠭᠰᠠᠨ ᠡᠳᠦᠷ | ᠬᠤᠭᠤᠴᠠᠭ᠎ᠠ ᠵᠡᠷᠭᠡ ᠠᠭᠤᠯᠭ᠎ᠠ ᠶᠢ ᠦᠨᠡᠨ ᠪᠣᠳᠠᠲᠠᠶ ᠪᠠᠷ ᠲᠡᠮᠳᠡᠭᠯᠡᠬᠦ ᠬᠡᠷᠡᠭᠲᠡᠶ᠃ | ︵ᠭᠤᠷᠪᠠ︶ ᠬᠡᠷᠡᠭᠯᠡᠭᠴᠢ ᠨᠢ ᠭᠠᠵᠠᠷ ᠤᠨ ᠪᠦᠷᠭᠦᠭᠦᠯ ᠢ ᠬᠡᠷᠡᠭᠯᠡᠭᠰᠡᠨ ᠲᠡᠮᠳᠡᠭᠯᠡᠯ ᠪᠠᠶᠢᠭᠤᠯᠵᠤ᠂ | ᠭᠠᠵᠠᠷ ᠤᠨ ᠪᠦᠷᠭᠦᠭᠦᠯ ᠢ ᠬᠡᠷᠡᠭᠯᠡᠭᠰᠡᠨ ᠴᠠᠭ ᠬᠤᠭᠤᠴᠠᠭ᠎ᠠ᠂ ᠭᠠᠵᠠᠷ ᠣᠷᠣᠨ ᠵᠢᠴᠢ ᠭᠠᠵᠠᠷ ᠤᠨ ᠪᠦᠷᠭᠦᠭᠦᠯ ᠤᠨ | ᠨᠡᠷᠡᠶᠢᠳᠦᠯ᠂ ᠬᠡᠷᠡᠭᠯᠡᠭᠰᠡᠨ ᠬᠡᠮᠵᠢᠶ᠎ᠡ᠂ ᠦᠶᠯᠡᠳᠪᠦᠷᠢᠯᠡᠭᠴᠢ᠂ ᠪᠣᠷᠣᠯᠠᠭᠤᠯᠤᠭᠴᠢ ᠵᠡᠷᠭᠡ ᠠᠭᠤᠯᠭ᠎ᠠ ᠶᠢ ᠦᠨᠡᠨ | ᠮᠥᠨ ᠢᠶᠠᠷ ᠨᠢ ᠲᠡᠮᠳᠡᠭᠯᠡᠬᠦ ᠬᠡᠷᠡᠭᠲᠡᠶ ᠃ | ︵ᠳᠦᠷᠪᠡ︶ ᠭᠠᠴᠠᠭ᠎ᠠ ᠲᠤᠰᠬᠤᠨ ᠤ ᠠᠷᠠᠳ ᠤᠨ ᠵᠥᠪᠯᠡᠯ ᠨᠢ ᠬᠠᠷᠢᠶ᠎ᠠ ᠭᠠᠵᠠᠷ ᠤᠨ ᠭᠠᠵᠠᠷ ᠤᠨ | ᠪᠦᠷᠭᠦᠭᠦᠯ ᠬᠡᠷᠡᠭᠯᠡᠭᠰᠡᠨ ᠲᠡᠮᠳᠡᠭᠯᠡᠯ ᠢ ᠪᠠᠶᠢᠭᠤᠯᠵᠤ᠂ ᠲᠣᠰ ᠵᠠᠰᠠᠭ ᠵᠠᠬᠢᠷᠭᠠᠨ ᠤ ᠲᠣᠰᠬᠤᠨ ᠤ ᠬᠡᠪᠴᠢᠶᠡᠨ | ᠳᠣᠲᠣᠷ᠎ᠠ᠂ ᠭᠠᠵᠠᠷ ᠤᠨ ᠪᠦᠷᠭᠦᠭᠦᠯ ᠤᠨ ᠬᠡᠷᠡᠭᠯᠡᠬᠦ ᠲᠠᠯᠠᠪᠠᠢ᠂ ᠬᠡᠷᠡᠭᠯᠡᠬᠦ ᠬᠡᠮᠵᠢᠶ᠎ᠡ᠂ ᠪᠠᠷᠢᠮᠵᠢᠶ᠎ᠠ ᠵᠢᠴᠢ ᠬᠡᠷᠡᠭᠯᠡᠭᠴᠢ | ᠵᠡᠷᠭᠡ ᠠᠭᠤᠯᠭ᠎ᠠ ᠶᠢ ᠦᠨᠡᠨ ᠪᠣᠳᠠᠲᠠᠶ ᠪᠠᠷ ᠲᠡᠮᠳᠡᠭᠯᠡᠬᠦ ᠬᠡᠷᠡᠭᠲᠡᠶ᠃ | ᠠᠷᠪᠠᠳᠤᠭᠠᠷ ᠵᠦᠶᠯ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠲᠠᠷᠢᠶᠠᠯᠠᠩ | ᠮᠠᠯ ᠠᠵᠤ ᠠᠬᠤᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠢᠯᠣᠭᠤᠳᠬᠤ ᠰᠠᠨᠠᠯ ᠶᠣᠰᠣᠭᠠᠷ᠂ ᠰᠤᠮᠤ | ᠰᠢᠶᠠᠩ ᠪᠠᠯᠭᠠᠰᠤᠨ ᠤ ᠬᠠᠶᠠᠭᠳᠠᠮᠠᠯ ᠬᠠᠭᠤᠴᠢᠨ ᠭᠠᠵᠠᠷ ᠤᠨ ᠪᠦᠷᠭᠦᠭᠦᠯ ᠬᠠᠳᠠᠭᠠᠯᠠᠬᠤ ᠲᠡᠭᠡᠭᠡᠪᠦᠷᠢᠯᠡᠬᠦ ᠥᠷᠲᠡᠭᠡ᠂ | ᠭᠠᠴᠠᠭ᠎ᠠ ᠲᠤᠰᠬᠤᠨ ᠤ ᠡᠭᠡᠭᠦᠯᠦᠨ ᠬᠤᠷᠢᠶᠠᠬᠤ ᠲᠣᠤᠷ ᠴᠢᠭ ᠢ ᠵᠣᠬᠢᠶᠠᠨ ᠪᠠᠶᠢᠭᠤᠯᠬᠤ ᠬᠡᠷᠡᠭᠲᠡᠶ᠃ | ᠬᠤᠲᠠ᠂ ᠬᠤᠰᠢᠭᠤ ᠰᠢᠶᠠᠨ ᠤ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠨᠢ ᠰᠤᠮᠤ ᠰᠢᠶᠠᠩ | ᠪᠠᠯᠭᠠᠰᠤ᠂ ᠭᠠᠴᠠᠭ᠎ᠠ ᠲᠣᠰᠬᠤᠨ ᠤ ᠬᠠᠩᠭᠠᠨ ᠪᠣᠷᠣᠯᠠᠭᠤᠯᠬᠤ ᠬᠤᠷᠰᠢᠭᠰᠠᠨ ᠪᠠᠶᠢᠭᠤᠯᠤᠮᠵᠢ ᠶᠢ ᠨᠢᠭᠡᠳᠦᠯᠲᠡᠶ | ᠲᠥᠯᠥᠪᠯᠡᠵᠦ᠂ ᠬᠠᠶᠠᠭᠳᠠᠮᠠᠯ ᠬᠠᠭᠤᠴᠢᠨ ᠭᠠᠵᠠᠷ ᠤᠨ ᠪᠦᠷᠭᠦᠭᠦᠯ ᠬᠠᠳᠠᠭᠠᠯᠠᠬᠤ ᠲᠡᠭᠡᠭᠡᠪᠦᠷᠢᠯᠡᠬᠦ ᠥᠷᠲᠡᠭᠡ᠂ | ᠬᠤᠳᠠᠯᠳᠤᠨ ᠠᠪᠬᠤ ᠲᠣᠤᠷ ᠴᠡᠭ ᠢ ᠡᠭᠡᠭᠦᠯᠦᠨ ᠬᠤᠷᠢᠶᠠᠬᠤ ᠵᠡᠷᠭᠡ ᠡᠳᠦᠷ ᠲᠤᠲᠤᠮ ᠤᠨ ᠠᠵᠢᠯ ᠤᠨ ᠠᠵᠢᠯᠯᠠᠭᠠᠨ ᠢ | ᠬᠠᠷᠢᠭᠤᠴᠠᠨ᠎ᠠ᠃ | ᠠᠷᠪᠠᠨ ᠨᠢᠭᠡᠳᠦᠭᠡᠷ ᠵᠦᠶᠯ ᠭᠠᠴᠠᠭ᠎ᠠ ᠲᠣᠰᠬᠤᠨ ᠤ ᠰᠦᠯᠵᠢᠶᠡᠨ ᠴᠡᠭ ᠨᠢ ᠡᠭᠡᠭᠦᠯᠦᠨ ᠬᠤᠷᠢᠶᠠᠬᠤ᠂ | ᠬᠠᠭᠤᠴᠢᠨ ᠢᠶᠠᠷ ᠰᠢᠨ᠎ᠡ ᠶᠢ ᠰᠣᠯᠢᠬᠤ ᠵᠡᠷᠭᠡ ᠠᠷᠭ᠎ᠠ ᠮᠠᠶ᠋ᠢᠭ ᠢᠶᠠᠷ ᠬᠠᠶᠠᠭᠳᠠᠮᠠᠯ ᠬᠠᠭᠤᠴᠢᠨ ᠭᠠᠵᠠᠷ ᠤᠨ ᠪᠦᠷᠭᠦᠭᠦᠯ | ᠬᠤᠳᠠᠯᠳᠤᠨ ᠠᠪᠴᠤ᠂ ᠳᠡᠩᠰᠡᠯᠡᠨ ᠬᠠᠮᠢᠶᠠᠷᠬᠤ ᠠᠵᠢᠯ ᠢ ᠰᠠᠶᠢᠲᠤᠷ ᠬᠢᠨ᠎ᠠ︔ ᠬᠤᠳᠠᠯᠳᠤᠨ ᠠᠪᠬᠤ ᠪᠠᠷᠢᠮᠵᠢᠶ᠎ᠠ᠂ | ᠦᠨ᠎ᠡ ᠬᠠᠩᠰᠢ ᠵᠡᠷᠭᠡ ᠶᠢ ᠨᠡᠶᠢᠭᠡᠮ ᠨᠡᠶᠢᠲᠡ ᠳᠤ ᠨᠡᠶᠢᠲᠡᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠢᠨᠠᠯᠲᠠ ᠶᠢ ᠬᠦᠯᠢᠶᠡᠬᠦ ᠬᠡᠷᠡᠭᠲᠡᠶ᠃ | ᠠᠷᠪᠠᠨ ᠬᠤᠶᠠᠳᠤᠭᠠᠷ ᠵᠦᠶᠯ ᠬᠤᠲᠠ᠂ ᠬᠤᠰᠢᠭᠤ ᠰᠢᠶᠠᠨ ᠤ ᠱᠠᠲᠤᠨ ᠤ ᠬᠠᠩᠭᠠᠨ ᠪᠣᠷᠣᠯᠠᠭᠤᠯᠬᠤ | ᠬᠤᠷᠰᠢᠶ᠎ᠠ ᠬᠠᠶᠠᠭᠳᠠᠮᠠᠯ ᠬᠠᠭᠤᠴᠢᠨ ᠭᠠᠵᠠᠷ ᠤᠨ ᠪᠦᠷᠭᠦᠭᠦᠯ ᠢ ᠡᠭᠡᠭᠦᠯᠦᠨ ᠬᠤᠷᠢᠶᠠᠬᠤ ᠠᠵᠢᠯ ᠤᠨ ᠬᠡᠮᠵᠢᠨ | ᠲᠣᠭᠲᠠᠭᠠᠬᠤ ᠲᠣᠭᠲᠠᠴᠠ ᠶᠢ ᠪᠠᠶᠢᠭᠤᠯᠵᠤ᠂ ᠡᠭᠡᠭᠦᠯᠦᠨ ᠬᠤᠷᠢᠶᠠᠬᠤ ᠲᠣᠤᠷ ᠴᠡᠭ ᠢ ᠵᠢᠯᠣᠭᠤᠳᠤᠨ ᠰᠢᠮᠳᠠᠭᠤᠯᠵᠤ | ᠪᠠᠶᠢᠭᠠᠳ ᠬᠠᠶᠠᠭᠳᠠᠮᠠᠯ ᠬᠠᠭᠤᠴᠢᠨ ᠭᠠᠵᠠᠷ ᠤᠨ ᠪᠦᠷᠭᠦᠭᠦᠯ ᠢ ᠴᠠᠭ ᠲᠤᠬᠠᠶ ᠳᠤᠨᠢ ᠬᠤᠳᠠᠯᠳᠤᠨ ᠠᠪᠬᠤ᠂ | ᠰᠢᠯᠵᠢᠭᠦᠯᠦᠨ ᠲᠡᠭᠡᠭᠡᠪᠦᠷᠢᠯᠡᠬᠦ ᠬᠡᠷᠡᠭᠲᠡᠶ᠃ | ᠠᠷᠪᠠᠨ ᠭᠤᠷᠪᠠᠳᠤᠭᠠᠷ ᠵᠦᠢᠯ ᠭᠠᠵᠠᠷ ᠤᠨ ᠪᠦᠷᠭᠦᠭᠦᠯ ᠬᠡᠷᠡᠭᠯᠡᠭᠴᠢ ᠲᠠᠷᠢᠶᠠᠨ ᠭᠠᠵᠠᠷ ᠢ ᠬᠠᠮᠠᠭᠠᠯᠠᠵᠤ᠂ | ᠲᠠᠷᠢᠮᠠᠯ ᠬᠤᠷᠢᠶᠠᠭᠰᠠᠨ ᠤ ᠳᠠᠷᠠᠭ᠎ᠠ ᠬᠠᠶᠠᠭᠳᠠᠮᠠᠯ ᠬᠠᠭᠤᠴᠢᠨ ᠭᠠᠵᠠᠷ ᠤᠨ ᠪᠦᠷᠭᠦᠭᠦᠯ ᠵᠢᠴᠢ ᠪᠣᠭᠤᠳᠠᠯ ᠢ ᠴᠠᠭ | ᠲᠤᠬᠠᠢ ᠳᠤᠨᠢ ᠲᠡᠭᠦᠵᠦ ᠠᠪᠬᠤ ᠶᠢᠨ ᠬᠠᠮᠲᠤ ᠲᠣᠰ ᠣᠷᠣᠨ ᠤ ᠳᠤᠲᠤᠷᠠᠬᠢ ᠡᠭᠡᠭᠦᠯᠦᠨ ᠬᠤᠷᠢᠶᠠᠬᠤ ᠲᠣᠤᠷ ᠴᠡᠭ | ᠲᠤ ᠲᠤᠰᠢᠶᠠᠨ ᠬᠤᠳᠠᠯᠳᠤᠬᠤ ᠬᠡᠷᠡᠭᠲᠡᠶ᠃ | ᠳᠤᠷ᠎ᠠ ᠪᠠᠷ ᠢᠶᠠᠨ ᠪᠤᠯᠠᠬᠤ᠂ ᠬᠠᠶᠠᠬᠤ᠂ ᠰᠢᠲᠠᠭᠠᠬᠤ ᠪᠤᠶᠤ ᠡᠷᠭᠢᠯᠳᠦᠭᠦᠯᠦᠨ ᠬᠠᠭᠠᠯᠪᠤᠷᠢᠯᠠᠬᠤ ᠮᠠᠰᠢᠨ ᠵᠡᠷᠭᠡ | ᠮᠠᠰᠢᠨ ᠲᠥᠬᠦᠭᠡᠷᠦᠮᠵᠢ ᠶᠢ ᠠᠰᠢᠭᠯᠠᠨ ᠬᠠᠶᠠᠭᠳᠠᠮᠠᠯ ᠬᠠᠭᠤᠴᠢᠨ ᠭᠠᠵᠠᠷ ᠤᠨ ᠪᠦᠷᠭᠦᠭᠦᠯ ᠢ ᠬᠥᠷᠥᠰᠥᠨ ᠳᠤ ᠪᠤᠯᠠᠵᠤ | ᠪᠣᠯᠬᠤ ᠥᠬᠡᠶ᠃ | ᠠᠷᠪᠠᠨ ᠳᠥᠷᠪᠡᠳᠦᠭᠡᠷ ᠵᠦᠢᠯ ᠬᠤᠲᠠ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ | ᠣᠷᠳᠣᠨ ᠭᠠᠵᠠᠷ ᠤᠨ ᠪᠦᠷᠭᠦᠭᠦᠯ ᠢ ᠡᠭᠡᠭᠦᠯᠦᠨ ᠬᠤᠷᠢᠶᠠᠵᠦ ᠠᠰᠢᠭᠯᠠᠬᠤ ᠠᠵᠤ ᠠᠬᠤᠶᠢᠯᠠᠯ ᠢ ᠢᠳᠡᠪᠬᠢᠲᠡᠢ | ᠣᠷᠣᠭᠤᠯᠵᠤ ᠢᠷᠡᠬᠦ ᠪᠠ ᠳᠠᠮᠵᠢᠵᠤ᠂ ᠬᠠᠶᠠᠭᠳᠠᠮᠠᠯ ᠬᠠᠭᠤᠴᠢᠨ ᠭᠠᠵᠠᠷ ᠤᠨ ᠪᠦᠷᠭᠦᠭᠦᠯ ᠢ ᠡᠭᠡᠭᠦᠯᠦᠨ ᠬᠤᠷᠢᠶᠠᠵᠦ | ᠠᠰᠢᠭᠯᠠᠬᠤ ᠠᠵᠤ ᠠᠬᠤᠶᠢᠯᠠᠯ ᠤᠨ ᠭᠠᠵᠠᠷ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠤᠰᠤ ᠬᠡᠷᠡᠭᠯᠡᠬᠦ ᠵᠡᠷᠭᠡ ᠲᠠᠯ᠎ᠠ ᠪᠠᠷ᠂ | ᠣᠷᠴᠢᠨ ᠲᠣᠭᠤᠷᠢᠨ ᠢ ᠬᠠᠮᠠᠭᠠᠯᠠᠬᠤ ᠠᠵᠤ ᠠᠬᠤᠶᠢᠯᠠᠯ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ | ᠲᠥᠷᠥ ᠶᠢᠨ ᠪᠣᠳᠣᠯᠭ᠎ᠠ ᠶᠢᠨ ᠴᠢᠨᠠᠷᠲᠠᠶ ᠬᠠᠷᠠᠭᠠᠯᠵᠠᠯ ᠦᠵᠡᠭᠦᠯᠦᠨ᠎ᠡ᠃ | ᠭᠠᠵᠠᠷ ᠤᠨ ᠪᠦᠷᠭᠦᠭᠦᠯ ᠢ ᠡᠭᠡᠭᠦᠯᠦᠨ ᠬᠤᠷᠢᠶᠠᠵᠤ ᠠᠰᠢᠭᠯᠠᠬᠤ ᠠᠵᠤ ᠠᠬᠤᠶᠢᠯᠠᠯ ᠨᠢ ᠰᠤᠮᠤ ᠰᠢᠶᠠᠩ | ᠪᠠᠯᠭᠠᠰᠤ ᠶᠢᠨ ᠬᠠᠶᠠᠭᠳᠠᠮᠠᠯ ᠬᠠᠭᠤᠴᠢᠨ ᠭᠠᠵᠠᠷ ᠤᠨ ᠪᠦᠷᠭᠦᠭᠦᠯ ᠢ ᠬᠠᠳᠠᠭᠠᠯᠠᠨ ᠲᠡᠭᠡᠭᠡᠪᠦᠷᠢᠯᠡᠬᠦ ᠥᠷᠲᠡᠭᠡ᠂ | ᠭᠠᠴᠠᠭ᠎ᠠ ᠲᠤᠰᠬᠤᠨ ᠤ ᠡᠭᠡᠭᠦᠯᠦᠨ ᠬᠤᠷᠢᠶᠠᠬᠤ ᠲᠣᠤᠷ ᠴᠡᠭ ᠯᠦᠭᠡ ᠬᠤᠷᠰᠢᠯᠴᠠᠬᠤ ᠲᠣᠭᠲᠠᠴᠠ ᠪᠠᠶᠢᠭᠤᠯᠵᠤ᠂ | ᠬᠠᠶᠠᠭᠳᠠᠮᠠᠯ ᠬᠠᠭᠤᠴᠢᠨ ᠭᠠᠵᠠᠷ ᠤᠨ ᠪᠦᠷᠭᠦᠭᠦᠯ ᠢ ᠡᠳ᠋ᠰᠢᠭᠦᠯᠦᠨ ᠳᠠᠬᠢᠨ ᠠᠰᠢᠭᠯᠠᠬᠤ ᠶᠢ ᠢᠳᠡᠪᠬᠢᠲᠡᠢ ᠦᠷᠨᠢᠭᠦᠯᠬᠦ | ᠬᠡᠷᠡᠭᠲᠠᠢ᠃ | ᠠᠷᠪᠠᠨ ᠲᠠᠪᠤᠳᠤᠭᠠᠷ ᠵᠦᠢᠯ ᠭᠠᠵᠠᠷ ᠤᠨ ᠪᠦᠷᠭᠦᠭᠦᠯ ᠢ ᠡᠭᠡᠭᠦᠯᠦᠨ ᠬᠤᠷᠢᠶᠠᠵᠦ ᠠᠰᠢᠭᠯᠠᠬᠤ ᠠᠵᠤ | ᠠᠬᠤᠶᠢᠯᠠᠯ᠂ ᠰᠤᠮᠤ ᠰᠢᠶᠠᠩ ᠪᠠᠯᠭᠠᠰᠤᠨ ᠤ ᠬᠠᠳᠠᠭᠠᠯᠠᠵᠤ ᠲᠡᠭᠡᠭᠡᠪᠦᠷᠢᠯᠡᠬᠦ ᠥᠷᠲᠡᠭᠡ᠂ ᠭᠠᠴᠠᠭ᠎ᠠ ᠲᠣᠰᠬᠤᠨ ᠤ | ᠲᠣᠤᠷ ᠴᠡᠭ ᠨᠢ ᠬᠠᠶᠠᠭᠳᠠᠮᠠᠯ ᠬᠠᠭᠤᠴᠢᠨ ᠭᠠᠵᠠᠷ ᠤᠨ ᠪᠦᠷᠭᠦᠭᠦᠯ ᠤᠨ ᠬᠤᠶᠠᠳᠠᠬᠢ ᠤᠳᠠᠭ᠎ᠠ ᠶᠢᠨ ᠪᠤᠬᠢᠷᠳᠤᠯ ᠠᠴᠠ | ᠵᠠᠶᠢᠯᠠᠰᠬᠢᠬᠦ ᠬᠡᠷᠡᠭᠲᠡᠶ᠃ | ᠠᠷᠪᠠᠨ ᠵᠢᠷᠭᠤᠳᠤᠭᠠᠷ ᠵᠦᠶᠯ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ | ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠬᠠᠷᠢᠶ᠎ᠠ ᠣᠷᠣᠨ ᠤ ᠪᠠᠨ ᠳᠣᠲᠣᠷᠠᠬᠢ ᠵᠠᠮ ᠳᠠᠭᠠᠤ ᠵᠡᠷᠭᠡ ᠣᠯᠠᠨ ᠨᠡᠶᠢᠲᠡ | ᠶᠢᠨ ᠣᠷᠣᠨ ᠪᠦᠰᠡ ᠶᠢᠨ ᠬᠠᠶᠠᠭᠳᠠᠮᠠᠯ ᠬᠠᠭᠤᠴᠢᠨ ᠭᠠᠵᠠᠷ ᠤᠨ ᠪᠦᠷᠭᠦᠭᠦᠯ ᠢ ᠴᠠᠭ ᠲᠤᠬᠠᠶ ᠳᠤᠨᠢ ᠴᠡᠪᠡᠷᠯᠡᠬᠦ | ᠬᠡᠷᠡᠭᠲᠡᠶ᠃ | ᠠᠷᠪᠠᠨ ᠳᠣᠯᠣᠳᠤᠭᠠᠷ ᠵᠦᠶᠯ ᠶᠠᠮᠠᠷᠪᠠ ᠨᠢᠭᠡᠴᠢ ᠪᠣᠯᠤᠨ ᠬᠤᠪᠢ ᠬᠥᠮᠦᠨ ᠴᠥᠮ ᠲᠣᠰ ᠳᠦᠷᠢᠮ ᠤᠨ | ᠲᠣᠭᠲᠠᠭᠠᠯ ᠠᠴᠠ ᠵᠦᠷᠴᠢᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠡᠷᠬᠡ ᠲᠠᠢ᠃ ᠬᠤᠰᠢᠭᠤ ᠰᠢᠶᠠᠨ ᠤ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠮᠢ ᠠᠬᠤᠶ ᠣᠷᠴᠢᠨ ᠲᠣᠭᠤᠷᠢᠨ᠂ ᠲᠠᠷᠢᠶᠠᠯᠠᠩ ᠮᠠᠯ ᠠᠵᠤ ᠠᠬᠤᠶ᠂ | ᠵᠠᠬ᠎ᠠ ᠳᠡᠯᠭᠡᠭᠦᠷ ᠤᠨ ᠬᠢᠨᠠᠯᠲᠠ ᠵᠡᠷᠭᠡ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠯᠡᠴᠢᠯᠡᠨ ᠮᠡᠳᠡᠭᠦᠯᠦᠯᠲᠡ ᠶᠢ | ᠣᠯᠤᠭᠰᠠᠨ ᠤ ᠳᠠᠷᠠᠭ᠎ᠠ ᠠᠷᠪᠠᠨ ᠲᠠᠪᠤᠨ ᠡᠳᠦᠷ ᠤᠨ ᠳᠣᠲᠣᠷ᠎ᠠ ᠬᠢᠨᠠᠨ ᠪᠠᠶᠢᠴᠠᠭᠠᠵᠦ᠂ ᠲᠤᠰ ᠲᠤᠰ ᠳᠣᠤᠷ᠎ᠠ | ᠵᠢᠭᠰᠠᠭᠠᠭᠰᠠᠨ ᠠᠷᠭ᠎ᠠ ᠮᠠᠶ᠋ᠢᠭ ᠢᠶᠠᠷ ᠰᠢᠶᠳᠪᠦᠷᠢᠯᠡᠨ᠎ᠡ᠄ | ︵ᠨᠢᠭᠡ︶ ᠬᠦᠯᠢᠶᠡᠨ ᠠᠪᠴᠤ ᠰᠢᠶᠳᠪᠦᠷᠢᠯᠡᠬᠦ ᠨᠥᠬᠦᠴᠡᠯ ᠳᠤ ᠨᠡᠶᠢᠴᠡᠬᠦ ᠮᠥᠷᠲᠡᠭᠡᠨ ᠲᠤᠰ ᠰᠠᠯᠠᠭ᠎ᠠ | ᠮᠥᠴᠢᠷ ᠤᠨ ᠬᠠᠷᠢᠶᠠᠯᠠᠬᠤ ᠵᠦᠢᠯ ᠳᠤ ᠬᠠᠷᠢᠶᠠᠯᠠᠭᠳᠠᠪᠠᠯ᠂ ᠬᠦᠯᠢᠶᠡᠨ ᠠᠪᠴᠤ ᠰᠢᠶᠳᠪᠦᠷᠢᠯᠡᠬᠦ ᠪᠥᠭᠡᠳ ᠢᠯᠡᠴᠢᠯᠡᠨ | ᠮᠡᠳᠡᠭᠦᠯᠦᠭᠴᠢ ᠳᠤ ᠪᠢᠴᠢᠭ ᠢᠶᠠᠷ ᠬᠦᠯᠢᠶᠡᠨ ᠠᠪᠴᠤ ᠰᠢᠶᠳᠪᠦᠷᠢᠯᠡᠬᠦ ᠮᠡᠳᠡᠭᠳᠡᠯ ᠤᠨ ᠪᠢᠴᠢᠭ ᠭᠠᠷᠭᠠᠵᠤ ᠥᠭᠬᠦ | ᠬᠡᠷᠡᠭᠲᠡᠶ᠃ | ︵ᠬᠤᠶᠠᠷ︶ ᠬᠦᠯᠢᠶᠡᠨ ᠠᠪᠴᠤ ᠰᠢᠶᠳᠪᠦᠷᠢᠯᠡᠬᠦ ᠨᠥᠬᠦᠴᠡᠯ ᠳᠤ ᠨᠡᠶᠢᠴᠡᠬᠦ ᠪᠣᠯᠪᠠᠴᠤ ᠪᠤᠰᠤᠳ ᠰᠠᠯᠠᠭ᠎ᠠ | ᠮᠥᠴᠢᠷ ᠶᠢᠨ ᠬᠠᠷᠢᠶᠠᠯᠠᠬᠤ ᠵᠦᠢᠯ ᠳᠤ ᠬᠠᠷᠢᠶᠠᠯᠠᠭᠳᠠᠪᠠᠯ ᠬᠠᠷᠢᠶᠠᠯᠠᠬᠤ ᠡᠷᠬᠡ ᠲᠠᠢ ᠰᠠᠯᠠᠭ᠎ᠠ ᠮᠥᠴᠢᠷ ᠲᠤ | ᠰᠢᠯᠵᠢᠭᠦᠯᠦᠨ ᠬᠦᠷᠭᠡᠬᠦ ᠶᠢᠨ ᠬᠠᠮᠲᠤ ᠢᠯᠡᠴᠢᠯᠡᠨ ᠮᠡᠳᠡᠭᠦᠯᠦᠭᠴᠢ ᠳᠤ ᠮᠡᠳᠡᠭᠳᠡᠬᠦ ᠬᠡᠷᠡᠭᠲᠡᠶ᠃ | ︵ᠭᠤᠷᠪᠠ︶ ᠬᠦᠯᠢᠶᠡᠨ ᠠᠪᠴᠤ ᠰᠢᠶᠳᠪᠦᠷᠢᠯᠡᠬᠦ ᠨᠥᠬᠦᠴᠡᠯ ᠳᠤ ᠨᠡᠶᠢᠴᠡᠬᠦ ᠦᠭᠡᠢ ᠪᠣᠯ᠂ ᠢᠯᠡᠴᠢᠯᠡᠨ | ᠮᠡᠳᠡᠭᠦᠯᠦᠭᠴᠢ ᠳᠤ ᠥᠯᠥ ᠬᠦᠯᠢᠶᠡᠨ ᠠᠪᠴᠤ ᠰᠢᠶᠳᠪᠦᠷᠢᠯᠡᠬᠦ ᠮᠡᠳᠡᠭᠳᠡᠯ ᠤᠨ ᠪᠢᠴᠢᠭ ᠭᠠᠷᠭᠠᠵᠤ ᠥᠭᠬᠦ ᠬᠡᠷᠡᠭᠲᠡᠶ᠃ | ᠠᠷᠪᠠᠨ ᠨᠠᠢᠮᠠᠳᠤᠭᠠᠷ ᠵᠦᠢᠯ ᠲᠣᠰ ᠳᠦᠷᠢᠮ ᠤᠨ ᠳᠣᠯᠣᠳᠤᠭᠠᠷ ᠵᠦᠢᠯ ᠤᠨ ᠲᠣᠭᠲᠠᠭᠠᠯ ᠢ ᠵᠥᠷᠢᠴᠡᠵᠦ᠂ | ᠵᠤᠵᠠᠭᠠᠨ ᠨᠢ 0.01 mm ᠠᠴᠠ ᠪᠠᠭ᠎ᠠ ᠵᠡᠷᠭᠡ ᠤᠯᠤᠰ ᠤᠨ ᠪᠠᠷᠢᠮᠵᠢᠶ᠎ᠠ ᠶᠢᠨ ᠭᠠᠵᠠᠷ ᠤᠨ ᠪᠦᠷᠭᠦᠭᠦᠯ ᠳᠤ | ᠨᠡᠶᠢᠴᠡᠬᠦ ᠦᠭᠡᠢ ᠭᠠᠵᠠᠷ ᠤᠨ ᠪᠦᠷᠭᠦᠭᠦᠯ ᠢ ᠦᠢᠯᠡᠳᠪᠦᠷᠢᠯᠡᠭᠰᠡᠨ᠂ ᠪᠣᠷᠣᠯᠠᠭᠤᠯᠤᠭᠰᠠᠨ ᠪᠣᠯ ᠬᠤᠲᠠ᠂ ᠬᠤᠰᠢᠭᠤ | ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠦᠶᠯᠡᠳᠪᠦᠷᠢᠯᠡᠬᠦ᠂ ᠪᠣᠷᠣᠯᠠᠭᠤᠯᠬᠤ ᠶᠢ ᠨᠢ ᠵᠠᠷᠯᠢᠭᠳᠠᠨ | ᠵᠣᠭᠰᠣᠭᠠᠬᠤ ᠬᠡᠷᠡᠭᠲᠡᠶ᠃ ᠬᠠᠤᠯᠢ ᠶᠢ ᠵᠥᠷᠢᠴᠡᠵᠦ ᠦᠶᠯᠡᠳᠪᠦᠷᠢᠯᠡᠭᠰᠡᠨ᠂ ᠪᠣᠷᠣᠯᠠᠭᠤᠯᠤᠭᠰᠠᠨ ᠭᠠᠵᠠᠷ ᠤᠨ | ᠪᠦᠷᠭᠦᠭᠦᠯ ᠢ ᠨᠢ ᠬᠤᠷᠢᠶᠡᠠ ᠠᠪᠬᠤ ᠮᠦᠷᠲᠡᠭᠡᠨ᠂ ᠬᠠᠤᠯᠢ ᠶᠢ ᠵᠥᠷᠢᠴᠡᠵᠦ ᠦᠶᠯᠡᠳᠪᠦᠷᠢᠯᠡᠭᠰᠡᠨ᠂ ᠪᠣᠷᠣᠯᠠᠭᠤᠯᠤᠭᠰᠠᠨ | ᠦᠶᠯᠡᠳᠬᠦᠨ ᠤ ᠪᠠᠷᠠᠭᠠᠨ ᠤ ᠦᠷᠲᠡᠭ ᠤᠨ ᠵᠣᠭᠤᠰ ᠤᠨ ᠲᠣᠭᠠᠨ ᠤ ᠬᠢᠨᠢ ᠨᠢᠭᠡ ᠲᠡᠬᠢᠠ ᠠᠴᠠ ᠳᠡᠭᠡᠭᠰᠢ ᠭᠤᠷᠪᠠᠨ | ᠲᠡᠬᠢᠠ ᠠᠴᠠ ᠳᠤᠷᠤᠭᠰᠢ ᠵᠣᠭᠤᠰ ᠢᠶᠠᠷ ᠲᠤᠷᠭᠠᠵᠦ ᠨᠡᠶᠢᠯᠡᠭᠦᠯᠦᠨ ᠰᠢᠳᠬᠡᠨ᠎ᠡ︔ ᠬᠠᠤᠯᠢ ᠶᠢ ᠵᠥᠷᠢᠴᠡᠵᠦ ᠤᠯᠵᠠᠪᠤᠷᠢ | ᠣᠯᠤᠭᠰᠠᠨ ᠪᠠᠶᠢᠪᠠᠯ᠂ ᠬᠠᠤᠯᠢ ᠶᠢ ᠵᠥᠷᠢᠴᠡᠵᠦ ᠣᠯᠤᠭᠰᠠᠨ ᠤᠯᠵᠠᠪᠤᠷᠢ ᠶᠢ ᠨᠢ ᠬᠤᠷᠢᠶᠠᠨ ᠠᠪᠴᠤ ᠨᠡᠶᠢᠯᠡᠭᠦᠯᠦᠨ | ᠰᠢᠳᠬᠡᠨ᠎ᠡ︔ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠡᠵᠡᠩᠨᠡᠯᠲᠡ ᠶᠢᠨ ᠦᠨᠡᠮᠯᠡᠯ ᠢ ᠨᠢ ᠬᠤᠷᠢᠶᠡᠠ | ᠠᠪᠴᠤ ᠬᠦᠴᠦᠨ ᠦᠭᠡᠢ ᠪᠣᠯᠭᠠᠨ᠎ᠠ︔ ᠶᠠᠯ᠎ᠠ ᠬᠦᠷᠦᠭᠰᠡᠨ ᠪᠤᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ | ᠨᠡᠬᠡᠮᠵᠢᠯᠡᠨ᠎ᠡ᠃ | ᠠᠷᠪᠠ ᠶᠢᠰᠦᠳᠦᠭᠡᠷ ᠵᠦᠢᠯ ᠲᠣᠰ ᠳᠦᠷᠢᠮ ᠤᠨ ᠠᠷᠪᠠᠨ ᠭᠤᠷᠪᠠᠳᠤᠭᠠᠷ ᠵᠦᠢᠯ ᠤᠨ ᠲᠣᠭᠲᠠᠭᠠᠯ ᠢ | ᠵᠥᠷᠢᠴᠡᠵᠦ᠂ ᠳᠤᠷ᠎ᠠ ᠪᠠᠷ ᠢᠶᠠᠨ ᠪᠤᠯᠠᠭᠰᠠᠨ᠂ ᠬᠠᠶᠠᠵᠤ ᠲᠠᠯᠪᠢᠭᠰᠠᠨ᠂ ᠮᠠᠰᠢᠨ ᠮᠧᠬᠠᠨᠢᠭ ᠵᠡᠷᠭᠡ ᠲᠥᠬᠦᠭᠡᠷᠦᠮᠵᠢ ᠶᠢ | ᠠᠰᠢᠭᠯᠠᠵᠤ ᠪᠠᠶᠢᠭᠠᠳ ᠬᠠᠶᠠᠭᠳᠠᠮᠠᠯ ᠬᠠᠭᠤᠴᠢᠨ ᠭᠠᠵᠠᠷ ᠤᠨ ᠪᠦᠷᠭᠦᠭᠦᠯ ᠢ ᠬᠥᠷᠥᠰᠥᠨ ᠳᠤ ᠪᠤᠯᠠᠭᠰᠠᠨ ᠪᠠᠶᠢᠪᠠᠯ᠂ | ᠬᠤᠲᠠ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠮᠠᠯ ᠠᠵᠤ ᠠᠬᠤᠶ ᠶᠢᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ | ᠬᠡᠷᠡᠭᠲᠡᠶ︔ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠣᠯ ᠮᠦ ᠪᠦᠷᠢ ᠳᠤ 20 ᠲᠥᠭᠦᠷᠢᠭ ᠠᠴᠠ | ᠳᠡᠭᠡᠭᠰᠢ 200 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ᠂ ᠬᠠᠮᠤᠭ ᠤᠨ ᠥᠨᠳᠥᠷ ᠲᠡᠭᠡᠨ 10 | ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠢ᠃ | ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠰᠢᠲᠠᠭᠠᠬᠤ ᠳᠤ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠮᠦ | ᠪᠦᠷᠢ ᠳᠤ 50 ᠲᠥᠭᠦᠷᠢᠭ ᠠᠴᠠ ᠳᠡᠭᠡᠭᠰᠢ 200 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ᠂ | ᠬᠠᠮᠤᠭ ᠤᠨ ᠥᠨᠳᠥᠷ ᠲᠡᠭᠡᠨ 10 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠢ᠃ | ᠬᠤᠷᠢᠳᠤᠭᠠᠷ ᠵᠦᠢᠯ ᠬᠤᠲᠠ ᠬᠤᠰᠢᠭᠤ ᠰᠢᠶᠠᠨ ᠤ ᠱᠠᠲᠤ᠂ ᠰᠤᠮᠤ ᠰᠢᠶᠠᠩ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ ᠵᠢᠴᠢ ᠲᠡᠭᠦᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯᠲᠠᠨ ᠭᠠᠵᠠᠷ ᠤᠨ | ᠪᠦᠷᠭᠦᠭᠦᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠬᠠᠮᠢᠶᠠᠷᠤᠯᠲᠠ ᠶᠢᠨ ᠠᠵᠢᠯ ᠳᠤᠮᠳᠠ᠂ ᠲᠣᠰ ᠲᠦᠷᠢᠮ ᠤᠨ | ᠲᠣᠭᠲᠠᠭᠠᠯ ᠠᠴᠠ ᠵᠥᠷᠢᠴᠡᠵᠦ᠂ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ | ᠭᠤᠤᠯᠴᠢᠯᠠᠨ ᠬᠠᠮᠢᠶᠠᠷᠬᠤ ᠠᠵᠢᠯᠲᠠᠨ ᠪᠣᠯᠤᠨ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠦᠰ ᠲᠤ ᠬᠠᠤᠯᠢ | ᠶᠣᠰᠣᠭᠠᠷ ᠵᠠᠰᠠᠭ ᠤᠨ ᠶᠠᠪᠤᠳᠠᠯ ᠤᠨ ᠰᠢᠳᠬᠡᠯ ᠣᠯᠭᠤᠨ᠎ᠠ︔ ᠶᠠᠯ᠎ᠠ ᠳᠤ ᠬᠦᠷᠦᠭᠰᠡᠨ ᠪᠤᠯ ᠪᠠᠶᠢᠪᠠᠯ ᠶᠣᠰᠣᠭᠠᠷ | ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠢᠯᠡᠴᠢᠯᠡᠨ ᠮᠡᠳᠡᠭᠦᠯᠦᠭᠰᠡᠨ ᠪᠠ ᠵᠠᠭᠠᠯᠳᠤᠭᠰᠠᠨ ᠢ ᠴᠠᠭ ᠲᠤᠬᠠᠶ ᠳᠤᠨᠢ ᠰᠢᠶᠳᠪᠦᠷᠢᠯᠡᠭᠰᠡᠨ ᠦᠭᠡᠢ ᠃ | ︵ᠬᠤᠶᠠᠷ︶ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠬᠦ ᠶᠣᠰᠣᠲᠠᠶ ᠪᠠᠶᠢᠲᠠᠯ᠎ᠠ ᠡᠰᠡ | ᠦᠭᠭᠦᠭᠰᠡᠨ ᠃ | ︵ᠭᠤᠷᠪᠠ︶ ᠡᠳ᠋ ᠤᠨ ᠵᠠᠰᠠᠭ ᠤᠨ ᠪᠡᠯᠡ ᠮᠥᠩᠭᠦ ᠶᠢ ᠨᠡᠭᠦᠯᠭᠡᠨ ᠬᠡᠷᠡᠭᠯᠡᠭᠰᠡᠨ᠃ | ︵ᠲᠦᠷᠪᠡ︶ ᠬᠠᠶᠠᠭᠳᠠᠮᠠᠯ ᠬᠠᠭᠤᠴᠢᠨ ᠭᠠᠵᠠᠷ ᠤᠨ ᠪᠦᠷᠭᠦᠭᠦᠯ ᠢ ᠡᠭᠡᠭᠦᠯᠦᠨ ᠬᠤᠷᠢᠶᠠᠬᠤ ᠬᠠᠷᠢᠭᠤᠴᠠᠯᠭ᠎ᠠ | ᠪᠤᠶᠤ ᠪᠤᠰᠤᠳ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠭᠰᠡᠨ ᠦᠭᠡᠢ ᠠᠴᠠ ᠪᠤᠯᠵᠤ ᠬᠦᠨᠳᠦ | ᠨᠣᠴᠢᠲᠠᠶ ᠤᠷᠰᠢᠭ ᠲᠠᠲᠠᠭᠰᠠᠨ᠃ | ︵ᠲᠠᠪᠤ︶ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠲᠤᠰᠢᠶᠠᠯ ᠬᠠᠷᠢᠭᠤᠴᠠᠯᠭ᠎ᠠ ᠪᠠᠨ | ᠤᠮᠳᠠᠭᠠᠶᠢᠯᠠᠭᠰᠠᠨ᠂ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠭᠰᠡᠨ ᠪᠤᠰᠤᠳ ᠪᠠᠶᠢᠳᠠᠯ᠃ | ᠬᠤᠷᠢᠨ ᠨᠢᠭᠡᠳᠦᠭᠡᠷ ᠵᠦᠶᠯ ᠲᠣᠰ ᠲᠦᠷᠢᠮ ᠢ 2021 ᠣᠨ ᠤ 3 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | |