—2021 ᠣᠨ ᠤ 2 ᠳ᠋ᠤᠭᠠᠷ ᠰᠠᠷ᠎ᠠ ᠶᠢᠨ 23 ᠤ ᠡᠳᠦᠷ ᠤᠯᠠᠭᠠᠨᠴᠠᠪ ᠬᠤᠲᠠ ᠶᠢᠨ ᠳᠥᠷᠪᠡᠳᠦᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠳᠡᠭᠡᠷ᠎ᠡ | ᠣᠷᠣᠯᠠᠭᠴᠢ ᠬᠤᠲᠠ ᠶᠢᠨ ᠳᠠᠷᠤᠭ᠎ᠠ ᠴᠢ ᠹᠸᠢ ᠶᠦᠨ | | ᠲᠥᠯᠥᠭᠡᠯᠡᠭᠴᠢᠳ ᠡ᠄ | ᠣᠳᠣ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠰᠠᠨᠠᠯ ᠢᠶᠠᠨ | ᠳᠤᠷᠠᠳᠬᠤ ᠪᠣᠯᠪᠠᠤ᠃ | ᠨᠢᠭᠡ᠂ 2020 ᠣᠨ ᠵᠢᠴᠢ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠤ ᠠᠵᠢᠯ ᠤᠨ | ᠡᠷᠭᠢᠴᠡᠭᠦᠯᠦᠯ | ᠰᠠᠶ᠋ᠢᠬᠠᠨ ᠥᠩᠭᠡᠷᠡᠭᠰᠡᠨ 2020 ᠣᠨ ᠪᠣᠯ ᠲᠦᠢᠯ ᠤᠨ ᠶᠡᠷᠦ ᠪᠤᠰᠤ ᠶᠢᠨ ᠨᠢᠭᠡ ᠵᠢᠯ ᠪᠣᠯᠤᠨ᠎ᠠ᠃ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠢ ᠳᠠᠭᠠᠷᠢᠯᠳᠠ ᠶᠢᠨ ᠡᠮᠦᠨ᠎ᠡ᠂ | ᠪᠦᠬᠦ ᠬᠤᠳᠠ ᠳᠠᠶᠠᠭᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠲᠠ ᠡᠭᠦᠷᠭᠡ ᠲᠠᠢ ᠨᠢᠭᠲᠠ | ᠤᠶᠠᠯᠳᠤᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ | ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠣᠭᠲᠠᠭᠤᠨ ᠪᠠᠶᠢᠯᠭᠠᠬᠤ ᠶᠢᠨ | ᠳᠠᠭᠠᠤ ᠤᠷᠤᠭᠰᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠬᠤᠣᠰ ᠢᠯᠠᠯᠲᠠ ᠶᠢ ᠲᠡᠮᠡᠴᠡᠨ ᠣᠯᠪᠠ᠃ ᠪᠥᠬᠦ ᠵᠢᠯ ᠳᠤ 827 ᠳ᠋ᠦᠩᠰᠢᠭᠤᠷ ᠲᠥᠭᠦᠷᠢᠭ ᠤᠨ | ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ | 2.4 % ᠪᠠᠷ ᠨᠡᠮᠡᠭᠳᠡᠪᠡ︔ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ 296.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7. | 6% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 228.8 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.2% ᠢᠶᠠᠷ ᠪᠠᠭᠤᠷᠠᠪᠠ︔ ᠡᠩ ᠤᠨ | ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 56.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 13 % ᠪᠠᠷ ᠨᠡᠮᠡᠭᠳᠡᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 33534 ᠲᠥᠭᠦᠷᠢᠭ ᠪᠠ 13009 ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 1.5 % ᠪᠠ 8.7 % ᠪᠠᠷ ᠨᠡᠮᠡᠭᠳᠡᠵᠦ᠂ | ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ ᠳᠤᠮᠳᠠᠴᠢ ᠬᠢᠷᠢ ᠲᠦᠪᠰᠢᠨ ᠠᠴᠠ ᠥᠨᠳᠥᠷ ᠪᠣᠯᠪᠠ᠃ | — ︽ᠬᠠᠮᠠᠭᠠᠯᠠᠯᠲᠠ︾ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠣᠯᠠᠨ ᠲᠦᠮᠡᠨ ᠤ ᠠᠮᠤᠷ | ᠲᠦᠪᠰᠢᠨ ᠤ ᠲᠥᠷᠥᠭᠳᠡᠯ ᠢ ᠬᠦᠴᠦᠯᠡᠨ ᠳᠡᠭᠡᠭᠰᠢᠯᠡᠭᠦᠯᠪᠡ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠪᠡ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠦᠨᠳᠦ ᠶᠡᠭᠡ ᠭᠡᠨᠡᠳᠲᠡ ᠶᠢᠨ | ᠬᠡᠷᠡᠭ ᠤᠨ ᠨᠢᠭᠡᠳᠦᠭᠡᠷ ᠳᠡᠰ ᠤᠨ ᠠᠵᠢᠯᠯᠠᠭ᠎ᠠ ᠶᠢ ᠴᠠᠭ ᠲᠤᠬᠠᠶ ᠳᠤᠨᠢ ᠡᠬᠢᠯᠡᠭᠦᠯᠵᠦ᠂ ᠣᠯᠠᠨ ᠰᠠᠯᠠᠭ᠎ᠠ ᠮᠥᠴᠢᠷ ᠤᠨ | ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢ ᠪᠠᠶᠢᠭᠤᠯᠵᠤ᠂ 43 ᠡᠳᠦᠷ ᠳᠣᠲᠤᠷ᠎ᠠ ᠡᠪᠡᠳᠴᠢᠨ ᠤ | ᠵᠢᠱᠢᠶ᠎ᠡ ᠪᠥᠬᠦᠨ ᠢᠶᠠᠷ ᠢᠶᠠᠨ ᠢᠯᠡᠷᠢ ᠪᠣᠯᠬᠤ ᠶᠢ ᠪᠡᠶᠡᠯᠡᠭᠦᠯᠪᠡ᠃ 2 ᠪᠦᠯᠦᠭ ᠤᠳᠠᠭᠠᠨ ᠤ 49 ᠬᠥᠮᠦᠨ ᠤ | ᠡᠮᠴᠢᠯᠡᠭᠡᠨ ᠤ ᠠᠩᠭᠢ ᠶᠢᠨ ᠬᠡᠰᠢᠭᠦᠳ ᠬᠤᠪᠸᠢ ᠶᠢ ᠲᠤᠰᠠᠯᠠᠬᠤ ᠡᠭᠦᠷᠭᠡ ᠪᠠᠨ ᠭᠠᠷᠮᠠᠭᠠᠶ ᠪᠡᠶᠡᠯᠡᠭᠦᠯᠵᠦ᠂ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠢᠶᠠᠷ ᠳᠠᠮᠵᠢᠭᠤᠯᠤᠨ ᠬᠤᠪᠸᠢ ᠳᠤ 178.73 ᠲᠦᠮᠡᠨ ᠲᠥᠭᠦᠷᠢᠭ ᠬᠠᠨᠳᠢᠪᠯᠠᠪᠠ᠃ | ᠰᠡᠷᠭᠡᠶᠢᠯᠡᠨ ᠡᠵᠡᠮᠳᠡᠵᠦ ᠠᠪᠤᠷᠠᠨ ᠵᠠᠰᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠥᠭᠡᠷᠭᠦ | ᠳᠠᠷᠤᠯᠲᠠᠲᠤ ᠲᠦᠷᠭᠡᠨ ᠠᠪᠤᠷᠠᠯᠳᠠ ᠶᠢᠨ 11 ᠮᠠᠰᠢᠨ ᠲᠡᠷᠭᠡ ᠲᠣᠬᠢᠷᠠᠭᠤᠯᠵᠤ᠂ ᠪᠣᠶ ᠪᠥᠬᠦᠶ ᠬᠤᠰᠢᠭᠤ ᠰᠢᠶᠠᠨ | ᠬᠤᠲᠠ ᠲᠣᠭᠤᠷᠢᠭ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠴᠢᠳᠠᠪᠤᠷᠢ ᠲᠠᠢ ᠪᠣᠯᠪᠠ᠃ ᠨᠠᠮᠤᠷ ᠡᠪᠦᠯ ᠤᠨ | ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠨ ᠨᠢᠭᠲᠠ ᠪᠠᠶᠢᠷᠢᠯᠠᠭᠤᠯᠵᠤ᠂ | ᠭᠤᠣᠯᠳᠠᠯᠭ᠎ᠠ ᠲᠠᠢ ᠬᠥᠮᠦᠰ ᠲᠤ ᠸᠠᠺᠼᠢᠨ ᠲᠠᠷᠢᠬᠤ ᠶᠢ ᠥᠷᠨᠢᠭᠦᠯᠪᠡ᠃ ᠬᠢᠵᠢᠭ ᠲᠠᠢ ᠲᠡᠮᠡᠴᠡᠬᠦ ᠲᠡᠮᠡᠴᠡᠯ ᠤᠨ ᠳᠤᠮᠳᠠ᠂ | ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ᠂ ᠴᠠᠭ ᠤᠨ ᠪᠡᠷᠬᠡ ᠶᠢ ᠬᠠᠮᠲᠤ ᠪᠠᠷ ᠲᠤᠭᠤᠯᠵᠤ᠂ ᠬᠢᠵᠢᠭ ᠲᠠᠢ ᠲᠡᠮᠡᠴᠡᠬᠦ ᠠᠭᠤᠤ ᠶᠡᠭᠡ ᠵᠣᠷᠢᠭ | ᠰᠠᠨᠠᠭ᠎ᠠ ᠶᠢ ᠭᠦᠢᠴᠡᠳ ᠢᠯᠡᠷᠡᠭᠦᠯᠪᠡ᠃ | ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠪᠠ ᠠᠷᠠᠳ ᠤᠨ | ᠦᠨᠳᠦᠰᠦᠨ ᠠᠮᠢᠳᠤᠷᠠᠯ ᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠪᠡ᠃ ᠠᠵᠤ ᠠᠬᠤᠶᠢᠯᠠᠯ ᠢ ᠲᠤᠰᠠᠯᠠᠨ | ᠬᠦᠴᠢᠷᠳᠡᠯ ᠢ ᠨᠢ ᠰᠢᠶᠳᠪᠦᠷᠢᠯᠡᠬᠦ ᠲᠥᠷᠥ ᠶᠢᠨ ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ 10.47 | ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠠᠰᠤᠵᠤ ᠰᠦᠶᠳᠬᠡᠯ ᠢ ᠪᠠᠭᠤᠷᠠᠭᠤᠯᠵᠤ᠂ ᠠᠵᠤ ᠠᠬᠤᠶᠢᠯᠠᠯ ᠤᠨ | ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ 26.57 ᠳ᠋ᠦᠩᠰᠢᠭᠤᠷ ᠲᠥᠭᠦᠷᠢᠭ ᠪᠠᠭᠤᠷᠠᠭᠤᠯᠪᠠ᠃ ᠠᠵᠤ | ᠦᠶᠯᠡᠰ ᠤᠨ ᠬᠡᠯᠬᠢᠶ᠎ᠡ ᠪᠣᠯᠤᠨ ᠬᠠᠩᠭᠠᠯᠭ᠎ᠠ ᠶᠢᠨ ᠬᠡᠯᠬᠢᠶ᠎ᠡ ᠶᠢ ᠵᠣᠯᠭᠠᠭᠤᠯᠬᠤ ᠶᠢ ᠴᠢᠩᠭᠠᠳᠬᠠᠵᠤ᠂ ᠬᠡᠪᠴᠢᠶᠡᠵᠢᠯ ᠠᠴᠠ | ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠭᠰᠡᠨ ᠨᠣᠷᠮ᠎ᠠ᠂ ᠦᠢᠯᠡᠳᠪᠦᠷᠢᠯᠡᠵᠦ | ᠪᠣᠷᠤᠯᠠᠭᠤᠯᠤᠭᠰᠠᠨ ᠨᠣᠷᠮ᠎ᠠ ᠲᠣᠰ ᠲᠣᠰ 91.2% ᠪᠠ 98.3% ᠳᠤ ᠬᠦᠷᠴᠦ᠂ ᠵᠠᠬ᠎ᠠ ᠳᠡᠯᠭᠡᠭᠦᠷ ᠤᠨ ᠭᠤᠤᠯ | ᠴᠣᠭᠴᠠ 2.2 ᠲᠥᠮᠡ ᠰᠢᠨ᠎ᠡ ᠪᠠᠷ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 6.9 % ᠪᠠᠷ ᠨᠡᠮᠡᠭᠳᠡᠪᠡ᠃ | ᠪᠥᠬᠦ ᠣᠷᠣᠨ ᠳᠤ ᠰᠦᠯᠵᠢᠶ᠎ᠡ ᠪᠠᠷ ᠠᠵᠢᠯᠲᠠᠨ ᠡᠯᠰᠡᠬᠦ ᠭᠠᠷᠠᠭ ᠤᠨ ᠠᠵᠢᠯᠯᠠᠭ᠎ᠠ ᠶᠢ ᠲᠦᠷᠦᠭᠦᠯᠡᠨ ᠡᠷᠭᠢᠯᠡᠵᠦ᠂ | ᠬᠤᠲᠠ ᠪᠠᠯᠭᠠᠰᠤᠨ ᠳᠤ 15024 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠣᠨ ᠤ ᠡᠭᠦᠷᠭᠡ ᠪᠠᠨ | ᠪᠡᠶᠡᠯᠡᠭᠦᠯᠵᠦ᠂ ᠬᠤᠲᠠ ᠪᠠᠯᠭᠠᠰᠤᠨ ᠤ ᠪᠠᠶᠢᠴᠠᠭᠠᠯᠲᠠ ᠳᠠᠬᠢ ᠠᠵᠢᠯ ᠠᠯᠳᠠᠯᠲᠠ ᠶᠢᠨ ᠨᠣᠷᠮ᠎ᠠ 4.02 % ᠪᠠᠶᠢᠵᠤ᠂ | ᠬᠢᠵᠠᠭᠠᠷᠯᠠᠨ ᠡᠵᠡᠮᠳᠡᠬᠦ ᠬᠠᠷᠠᠯᠲᠠ ᠠᠴᠠ 0.48 ᠵᠠᠭᠤᠨ ᠤ ᠴᠡᠭ ᠳᠣᠤᠷ᠎ᠠ ᠪᠣᠯᠪᠠ᠃ ᠨᠡᠶᠢᠭᠡᠮ ᠲᠣᠭᠤᠷᠢᠭ ᠤᠨ | ᠡᠯᠧᠺᠲᠷᠣᠨ ᠬᠤᠳᠠᠯᠳᠤᠭ᠎ᠠ ᠶᠢ ᠬᠥᠭᠵᠢᠭᠦᠯᠬᠦ᠂ ᠬᠡᠷᠡᠭᠯᠡᠭᠡᠨ ᠤ ᠲᠡᠮᠳᠡᠭᠲᠦ ᠲᠠᠷᠬᠠᠭᠠᠬᠤ᠂ ᠠᠷᠠᠳ ᠲᠤ ᠠᠰᠢᠭ | ᠬᠦᠷᠲᠡᠭᠡᠬᠦ ᠪᠣᠷᠣᠯᠠᠭᠤᠯᠭ᠎ᠠ ᠶᠢ ᠠᠬᠢᠭᠤᠯᠬᠤ ᠪᠠᠷᠠᠭ᠎ᠠ ᠬᠤᠳᠠᠯᠳᠤᠨ ᠠᠪᠬᠤ ᠨᠠᠶᠢᠷ ᠡᠷᠭᠢᠯᠡᠬᠦ ᠪᠠᠷ ᠳᠠᠮᠵᠢᠭᠤᠯᠤᠨ᠂ | ᠬᠡᠷᠡᠭᠯᠡᠭᠡ ᠶᠢᠨ ᠰᠡᠷᠭᠦᠯᠲᠡ ᠶᠢ ᠳᠥᠯᠭᠢᠨ ᠠᠬᠢᠭᠤᠯᠪᠠ᠃ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ | ᠥᠰᠥᠯᠲᠡ ᠶᠢᠨ ᠬᠡᠮᠵᠢᠶ᠎ᠡ ᠶᠢ ᠬᠢᠵᠠᠭᠠᠷᠯᠠᠨ ᠡᠵᠡᠮᠳᠡᠬᠦ ᠬᠠᠷᠠᠯᠲᠠ ᠠᠴᠠ ᠳᠣᠣᠷ᠎ᠠ ᠪᠠᠶᠢᠯᠭᠠᠪᠠ᠃ ᠲᠠᠷᠢᠶᠠᠴᠢᠨ ᠬᠦᠴᠦ | ᠶᠠᠪᠤᠭᠰᠠᠳ ᠤᠨ ᠴᠠᠯᠢᠩ ᠢ ᠥᠷᠢᠲᠦᠵᠦ ᠤᠳᠠᠭᠠᠰᠢᠷᠠᠭᠤᠯᠤᠭᠰᠠᠨ ᠠᠰᠠᠭᠤᠳᠠᠯ ᠢ ᠪᠦᠲᠦᠮᠵᠢᠲᠡᠢ ᠵᠠᠰᠠᠪᠠ᠃ | ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠪᠠ ᠠᠵᠤ ᠠᠬᠤᠶᠢᠯᠠᠯ ᠤᠨ ᠨᠠᠰᠤᠵᠢᠯ ᠤᠨ ᠳᠠᠭᠠᠳᠬᠠᠯ ᠤᠨ ᠳᠦᠷᠢᠮ ᠢ | ᠨᠡᠶᠢᠯᠡᠭᠦᠯᠬᠦ ᠠᠵᠢᠯ ᠢ ᠦᠨᠳᠦᠰᠦᠨ ᠳᠡᠭᠡᠨ ᠪᠡᠶᠡᠯᠡᠭᠦᠯᠪᠡ᠃ ᠤᠯᠤᠰ ᠤᠨᠡᠮᠨᠡᠯᠭᠡ ᠶᠢᠨ ᠳᠠᠭᠠᠳᠬᠠᠯ ᠤᠨ ᠣᠶᠤᠨᠴᠢ | ᠬᠢᠨᠠᠨ ᠡᠵᠡᠮᠳᠡᠬᠦ ᠵᠢᠱᠢᠶ᠎ᠡ ᠦᠵᠡᠭᠦᠯᠬᠦ ᠴᠡᠭ ᠤᠨ ᠰᠢᠰᠲ᠋ᠧᠮ ᠢ ᠰᠦᠯᠵᠢᠶᠡᠨ ᠳᠤ ᠣᠷᠣᠭᠤᠯᠤᠨ ᠡᠬᠢᠯᠡᠨ ᠠᠵᠢᠯᠯᠠᠭᠤᠯᠪᠠ᠃ | 241 ᠬᠠᠭᠤᠴᠢᠨ ᠰᠠᠭᠤᠭᠠᠯᠢ ᠲᠣᠭᠤᠷᠢᠭ᠂ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ 3219 | ᠢᠵᠢ ᠶᠢ ᠥᠭᠡᠷᠡᠴᠢᠯᠡᠨ ᠰᠢᠨᠡᠳᠬᠡᠵᠦ᠂ ︽ᠣᠷᠣᠵᠤ ᠰᠠᠭᠤᠬᠤ ᠳᠤ ᠬᠦᠴᠢᠷᠲᠡᠢ︾᠂ ︽ᠪᠤᠴᠠᠵᠤ ᠨᠡᠭᠦᠬᠦ ᠳᠤ | ᠬᠦᠴᠢᠷᠲᠡᠢ︾ ᠶᠢᠨ 74 ᠲᠥᠷᠥᠯ ᠵᠦᠢᠯ 1.67 ᠲᠦᠮᠡᠨ ᠢᠵᠢ ᠰᠢᠢᠳᠪᠦᠷᠢᠯᠡᠪᠡ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠠ ᠪᠣᠬᠢᠷᠲᠤᠯ ᠢ ᠰᠡᠷᠭᠡᠶᠢᠯᠡᠨ | ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠤᠨᠢᠨ ᠳᠡᠭᠡᠷ᠎ᠡ ᠨᠢ ᠬᠦᠴᠦᠯᠡᠨ ᠰᠠᠶᠢᠲᠤᠷ ᠬᠢᠪᠡ᠃ ᠶᠠᠳᠠᠭᠤ ᠶᠢ | ᠲᠡᠳᠬᠦᠬᠦ ᠳᠤ 36.6 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠦᠯᠡᠳᠡᠵᠦ ᠪᠠᠶᠢᠭᠰᠠᠨ 2460 | ᠶᠠᠳᠠᠭᠤ ᠬᠦᠴᠢᠷᠳᠡᠯᠲᠡᠢ ᠬᠥᠮᠦᠨ ᠠᠮᠠ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠡᠳ᠋ ᠤᠨ ᠵᠠᠰᠠᠭ ᠤᠨ | ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠨᠢ ᠬᠤᠶᠠᠷ ᠵᠢᠯ ᠳᠠᠷᠠᠭᠠᠯᠠᠨ | ᠥᠪᠡᠷᠲᠡᠭᠡᠨ ᠵᠠᠰᠠᠬᠤ ᠣᠷᠣᠨ ᠤ ᠡᠮᠦᠨ᠎ᠡ ᠡᠩᠨᠡᠭᠡᠨ ᠳᠤ ᠣᠷᠣᠪᠠ᠃ ᠶᠠᠳᠠᠭᠤᠷᠠᠬᠤ ᠪᠠ ᠳᠠᠬᠢᠨ ᠶᠠᠳᠠᠭᠤᠷᠠᠬᠤ ᠶᠢ | ᠰᠡᠷᠭᠡᠶᠢᠯᠡᠬᠦ ᠶᠢ ᠬᠢᠨᠠᠨ ᠰᠢᠨᠵᠢᠬᠦ ᠲᠣᠭᠲᠠᠴᠠ ᠶᠢ ᠦᠨᠳᠦᠰᠦᠨ ᠳᠡᠭᠡᠨ ᠪᠦᠷᠢᠯᠳᠦᠭᠦᠯᠵᠦ᠂ ︽ᠶᠠᠳᠠᠭᠤ ᠶᠢ ᠰᠡᠷᠭᠡᠶᠢᠯᠡᠬᠦ | ᠳᠠᠭᠠᠳᠬᠠᠯ︾ ᠢ ᠬᠤᠰᠢᠭᠤ ᠰᠢᠶᠠᠨ ᠬᠤᠲᠠ ᠲᠣᠭᠤᠷᠢᠭ ᠲᠤ ᠥᠪᠴᠢ ᠪᠦᠷᠬᠦᠭᠦᠯᠪᠡ᠃ ᠪᠡᠭᠡᠵᠢᠩ ᠬᠤᠲᠠ ᠪᠠ | ᠲᠥᠪ ᠤᠨ ᠨᠢᠭᠡᠴᠢ ᠲᠣᠰ ᠲᠣᠰ 5 ᠳ᠋ᠦᠩᠰᠢᠭᠤᠷ ᠲᠥᠭᠦᠷᠢᠭ ᠪᠠ 5535 ᠲᠦᠮᠡᠨ ᠲᠥᠭᠦᠷᠢᠭ ᠤᠨ ᠪᠠᠯᠠ | ᠣᠷᠣᠭᠤᠯᠵᠤ᠂ ᠠᠵᠤ ᠦᠶᠯᠡᠰ ᠤᠨ ᠬᠥᠭᠵᠢᠯᠲᠡ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ᠂ ᠴᠢᠳᠠᠪᠤᠷᠢᠲᠠᠨ | ᠮᠡᠷᠭᠡᠵᠢᠯ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠵᠡᠷᠭᠡ ᠲᠠᠯ᠎ᠠ ᠪᠠᠷ ᠬᠦᠴᠦᠲᠡᠶ ᠳᠡᠮᠵᠢᠯᠭᠡ ᠦᠵᠡᠭᠦᠯᠪᠡ᠃ | ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠭᠰᠠᠨ ᠪᠠᠶᠢᠴᠠᠭᠠᠯᠲᠠ ᠵᠢᠴᠢ ︽ᠪᠣᠴᠠᠵᠤ | ᠪᠠᠶᠢᠴᠠᠭᠠᠵᠤ ᠦᠵᠡᠵᠦ︾ ᠲᠤᠰᠬᠠᠭᠰᠠᠨ ᠴᠡᠭᠴᠡᠯᠡᠨ ᠰᠠᠶᠢᠵᠢᠷᠠᠭᠤᠯᠬᠤ ᠡᠭᠦᠷᠭᠡ ᠪᠦᠬᠦᠨ ᠢ ᠪᠡᠶᠡᠯᠡᠭᠦᠯᠵᠦ᠂ ᠪᠦᠬᠦ | ᠬᠤᠳᠠ ᠶᠢᠨ ᠠᠮᠢ ᠠᠬᠤᠢ ᠵᠢᠨᠣᠷᠴᠢᠨ ᠲᠣᠭᠤᠷᠢᠨ ᠤ ᠶᠠᠰᠤ ᠴᠢᠨᠠᠷ ᠤᠨ ᠶᠡᠷᠦᠩᠬᠡᠶᠢᠯᠡᠭᠰᠡᠨ ᠵᠢᠭᠠᠯᠲᠠ ᠲᠤᠭ᠎ᠠ ︵EI︶ | ᠰᠢᠯᠢᠳᠡᠭ ᠲᠡᠰ ᠢᠶᠠᠨ ᠪᠠᠲᠤᠯᠠᠪᠠ᠃ ᠠᠭᠠᠷ ᠤᠨ ᠴᠡᠪᠡᠷ ᠰᠠᠶᠢᠨ ᠡᠳᠦᠷ ᠤᠨ ᠲᠤᠭ᠎ᠠ 345 ᠡᠳᠦᠷ ᠪᠠᠶᠢᠵᠤ᠂ | ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠬᠠᠷᠠᠯᠲᠠ ᠶᠢ ᠳᠠᠪᠠᠭᠤᠯᠤᠨ ᠪᠡᠶᠡᠯᠡᠭᠦᠯᠪᠡ᠃ ᠤᠯᠤᠰ ᠤᠨ | ᠡᠵᠡᠮᠳᠡᠯ ᠤᠨ 2 ᠣᠭᠲᠣᠯᠤᠭᠠᠰᠤ ᠪᠠ ᠤᠯᠤᠰ ᠤᠨ ᠭᠠᠵᠠᠷ ᠳᠣᠤᠷᠠᠬᠢ ᠤᠰᠤ ᠶᠢ ᠬᠢᠨᠠᠨ ᠰᠢᠯᠭᠠᠬᠤ 7 ᠴᠡᠭ ᠤᠨ | ᠤᠰᠤᠨ ᠤ ᠴᠢᠨᠠᠷ ᠪᠦᠬᠦᠨ ᠢᠶᠠᠷ ᠢᠶᠠᠨ ᠪᠠᠷᠢᠮᠵᠢᠶ᠎ᠠ ᠳᠤ ᠬᠦᠷᠭᠡᠪᠡ᠃ ᠲᠠᠭ᠎ᠠ ᠶᠢᠨ ᠨᠠᠭᠤᠷ ᠤᠨ ᠠᠮᠢ ᠠᠬᠤᠢ ᠶᠢᠨ | ᠪᠠᠴᠢᠮ ᠪᠠᠶᠢᠳᠠᠯ ᠢ ᠠᠷᠭᠠᠴᠠᠬᠤ ᠤᠰᠤ ᠨᠥᠬᠦᠪᠥᠷᠢᠯᠡᠬᠦ ᠪᠠᠷᠢᠯᠭ᠎ᠠ ᠶᠢ ᠡᠬᠢᠯᠡᠨ ᠪᠠᠶᠢᠭᠤᠯᠵᠤ᠂ ᠴᠠᠭᠠᠨᠨᠠᠭᠤᠷ᠂ | ᠬᠢᠬᠢᠷᠢ ᠶᠢᠨ ᠨᠠᠭᠤᠷ ᠤᠨ ᠶᠡᠷᠦᠩᠬᠡᠶᠢᠯᠡᠭᠰᠡᠨ ᠵᠠᠰᠠᠯᠲᠠ ᠶᠢ ᠪᠦᠬᠦ ᠲᠠᠯ᠎ᠠ ᠪᠠᠷ ᠡᠬᠢᠯᠡᠭᠦᠯᠪᠡ᠃ ᠠᠵᠤ ᠦᠶᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠶᠳᠪᠦᠷᠢᠯᠡᠬᠦ ᠲᠠᠯᠠᠪᠠᠢ ᠶᠢᠨ ᠥᠪᠴᠢ | ᠪᠥᠷᠬᠦᠭᠦᠯᠲᠡ ᠶᠢ ᠪᠡᠶᠡᠯᠡᠭᠦᠯᠪᠡ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ | ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠡᠭᠦᠷᠭᠡ ᠶᠢ ᠪᠡᠶᠡᠯᠡᠭᠦᠯᠵᠦ᠂ ᠬᠥᠳᠡᠭᠡ ᠲᠣᠰᠬᠤᠨ ᠤ ᠠᠷᠢᠭᠤᠨ | ᠴᠡᠪᠡᠷ ᠵᠣᠷᠯᠣᠩ ᠢ ᠲᠦᠭᠡᠮᠡᠯᠵᠢᠭᠦᠯᠦᠭᠰᠡᠨ ᠨᠣᠷᠮ᠎ᠠ 36.7 % ᠳᠤ ᠬᠦᠷᠴᠦ᠂ ᠥᠪᠡᠷᠲᠡᠭᠡᠨ ᠵᠠᠰᠠᠬᠤ ᠣᠷᠣᠨ ᠠᠴᠠ | ᠪᠠᠭᠤᠯᠭᠠᠭᠰᠠᠨ ᠬᠠᠷᠠᠯᠲᠠ ᠠᠴᠠ 4.7 ᠵᠠᠭᠤᠨ ᠤ ᠴᠡᠭ ᠳᠠᠪᠠᠪᠠ᠃ 93.9 % ᠶᠢᠨ ᠭᠠᠴᠠᠭ᠎ᠠ ᠲᠣᠰᠬᠤᠨ | ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ ᠰᠢᠰᠲ᠋ᠧᠮᠵᠢ ᠶᠢ ᠪᠠᠶᠢᠭᠤᠯᠪᠠ᠃ ᠮᠠᠯᠵᠢᠬᠤ ᠲᠠᠷᠢᠶᠠᠯᠠᠬᠤ | ᠣᠷᠣᠨ ᠤ ᠵᠠᠰᠠᠮᠠᠯ ᠵᠠᠮ ᠢ 525 ᠺᠢᠯᠣᠮᠧᠲᠷ ᠰᠢᠨ᠎ᠡ ᠪᠠᠷ ᠳᠡᠪᠢᠰᠪᠡ᠃ ᠤᠯᠤᠰ ᠤᠨ ᠨᠤᠲᠤᠭ ᠳᠡᠪᠢᠰᠬᠡᠷ ᠤᠨ ᠣᠷᠣᠨ | ᠵᠠᠢ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠥᠷᠨᠢᠭᠦᠯᠵᠦ᠂ 28 % ᠠᠴᠠ ᠳᠡᠭᠡᠭᠰᠢᠬᠢ | ᠤᠯᠤᠰ ᠤᠨ ᠨᠤᠲᠤᠭ ᠳᠡᠪᠢᠰᠬᠡᠷ ᠤᠨ ᠲᠠᠯᠠᠪᠠᠢ ᠶᠢ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠳᠤ | ᠬᠤᠪᠢᠶᠠᠷᠢᠯᠠᠨ ᠣᠷᠣᠭᠤᠯᠪᠠ᠃ 74 ᠲᠦᠮᠡᠨ ᠮᠦ ᠣᠶᠢᠵᠢᠭᠤᠯᠵᠤ᠂ 42 ᠲᠦᠮᠡᠨ ᠮᠦ ᠨᠤᠲᠤᠭ ᠪᠡᠯᠴᠢᠭᠡᠷ ᠠᠮᠢ | ᠠᠬᠤᠢ ᠶᠢᠨ ᠪᠦᠲᠦᠭᠡᠨ ᠪᠠᠶᠢᠭᠤᠯᠤᠯᠲᠠ ᠬᠢᠭᠰᠡᠨ ᠪᠠ ᠵᠠᠰᠠᠨ ᠰᠡᠷᠭᠦᠭᠡᠪᠡ᠃ ᠬᠦᠢᠲᠡᠨ ᠰᠢᠯᠢ ᠶᠢᠨ ᠨᠤᠲᠤᠭ | ᠪᠡᠯᠴᠢᠭᠡᠷ ᠤᠨ ᠬᠠᠮᠠᠭᠠᠯᠠᠯᠲᠠ ᠶᠢᠨ ᠣᠷᠣᠨ ᠤ ᠰᠠᠯᠬᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢ ᠡᠬᠢᠯᠡᠨ ᠨᠤᠷᠠᠭᠠᠪᠠ᠃ | ᠤᠯᠠᠭᠠᠨᠴᠠᠪ ᠤᠨ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ ᠵᠥᠪᠰᠢᠶᠡᠷᠡᠯ ᠤᠯᠪᠠ᠃ ᠪᠦᠬᠦ ᠬᠤᠲᠠ ᠶᠢᠨ ᠣᠢ | ᠰᠢᠭᠤᠢ ᠶᠢᠨ ᠬᠤᠴᠢᠯᠲᠠ ᠶᠢᠨ ᠨᠣᠷᠮ᠎ᠠ 23.27 % ᠳᠤ ᠬᠦᠷᠴᠦ᠂ ᠪᠦᠬᠦ ᠤᠯᠤᠰ᠂ ᠪᠦᠬᠦ ᠣᠷᠣᠨ ᠤ ᠳᠤᠮᠳᠠᠴᠢ | ᠬᠢᠷᠢ ᠲᠦᠪᠰᠢᠨ ᠠᠴᠠ ᠳᠠᠪᠠᠪᠠ᠃ | — ︽ᠲᠣᠭᠲᠠᠭᠤᠨ︾ ᠤ ᠲᠣᠭᠲᠠᠯ ᠬᠦᠴᠦᠨ ᠢ ᠴᠢᠩᠭᠠᠳᠬᠠᠵᠤ᠂ ᠬᠥᠭᠵᠢᠯᠲᠡ ᠶᠢᠨ ᠰᠠᠨᠠᠭᠠᠴᠢᠯᠠᠭᠠᠲᠤ | ᠡᠷᠬᠡ ᠶᠢ ᠪᠠᠲᠤ ᠡᠵᠡᠮᠳᠡᠪᠡ | ᠲᠥᠷᠦᠯ ᠵᠦᠢᠯ ᠤᠨ ᠪᠡᠯᠡ ᠣᠷᠣᠭᠤᠯᠤᠯᠲᠠ ᠶᠢ ᠡᠮᠬᠢ ᠵᠢᠷᠤᠮ ᠲᠠᠢ ᠪᠠᠷ ᠠᠬᠢᠭᠤᠯᠪᠠ᠃ ︽ᠲᠥᠪᠯᠡᠷᠡᠭᠦᠯᠦᠨ | ᠬᠢᠨᠠᠨ ᠵᠥᠪᠰᠢᠶᠡᠷᠡᠬᠦ ᠭᠠᠷᠠᠭ︾ ᠤᠨ ᠠᠵᠢᠯᠯᠠᠭᠠᠨ ᠢ ᠥᠷᠨᠢᠭᠦᠯᠵᠦ᠂ ᠪᠦᠬᠦ ᠬᠤᠲᠠ ᠶᠢᠨ 270 ᠭᠤᠣᠯᠳᠠᠯᠭ᠎ᠠ ᠲᠠᠢ | ᠲᠥᠷᠦᠯ ᠵᠦᠢᠯ ᠢ ᠠᠵᠢᠯ ᠡᠬᠢᠯᠡᠭᠦᠯᠦᠨ ᠰᠡᠷᠭᠦᠭᠡᠵᠦ᠂ 285 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠪᠡ᠃ ᠳᠤᠮᠳᠠᠳᠤ ᠤᠯᠤᠰ ᠤᠨ AOPA ᠶᠢᠨ ᠤᠯᠠᠭᠠᠨᠴᠠᠪ ᠤᠨ ᠠᠭᠠᠷ ᠤᠨ | ᠠᠶᠠᠯᠠᠯ ᠤᠨ ᠠᠵᠤ ᠦᠶᠯᠡᠰ ᠤᠨ ᠬᠦᠷᠢᠶᠡᠯᠡᠩ ᠤᠨ ᠲᠥᠷᠥᠯ ᠵᠦᠶᠯ ᠵᠢᠩᠬᠢᠨᠢ ᠪᠠᠷ ᠨᠠᠶᠢᠳᠠᠪᠤᠷᠢᠵᠢᠭᠤᠯᠤᠭᠳᠠᠪᠠ᠃ ᠵᠢᠩ | ᠨᠢᠩ ᠤᠨ ᠬᠤᠶᠠᠳᠤᠭᠠᠷ ᠬᠤᠭᠤᠴᠠᠭ᠎ᠠ᠂ ᠭᠤᠷᠪᠠᠨ ᠬᠠᠪᠴᠢᠯ ᠤᠨ ᠣᠳᠣ ᠦᠶ᠎ᠡ ᠶᠢᠨ ᠡᠨᠧᠷᠭᠢ ᠶᠢᠨ ᠠᠵᠤ | ᠦᠢᠯᠡᠰ ᠤᠨ ᠬᠦᠷᠢᠶᠡᠯᠡᠩ᠂ ᠪᠦᠬᠦ ᠤᠯᠤᠰ ᠤᠨ ᠬᠡᠪᠴᠢᠶ᠎ᠡ ᠪᠠᠷ ᠬᠠᠮᠤᠭ ᠤᠨ ᠶᠡᠭᠡ ᠴᠠᠬᠢᠯᠭᠠᠨ ᠤ ᠰᠤᠷᠪᠤᠯᠵᠢ ᠪᠠ | ᠴᠠᠬᠢᠯᠭᠠᠨ ᠲᠣᠣᠷ ᠳᠠᠭᠠᠭᠠᠴᠠ ᠨᠥᠭᠡᠴᠡ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠵᠡᠷᠭᠡ ᠡᠨᠧᠷᠭᠢ ᠶᠢᠨ ᠪᠠᠷᠢᠯᠭ᠎ᠠ᠂ | ᠵᠢᠨᠢᠩ ᠲᠦᠩᠯᠢᠶᠤᠤ ᠶᠢᠨ ᠲᠡᠮᠦᠷ ᠵᠠᠮ ᠤᠨ ᠴᠠᠬᠢᠯᠭᠠᠨᠵᠢᠭᠤᠯᠤᠨ ᠦᠭᠡᠷᠡᠴᠢᠯᠡᠨ ᠰᠢᠨᠡᠳᠬᠡᠬᠦ ᠵᠡᠷᠭᠡ ᠵᠠᠮ | ᠬᠠᠷᠢᠯᠴᠠᠭᠠᠨ ᠤ ᠲᠥᠷᠥᠯ ᠵᠦᠢᠯ ᠢ ᠡᠬᠢᠯᠡᠨ ᠪᠠᠶᠢᠭᠤᠯᠪᠠ᠃ ᠰᠥᠨᠢᠳ ᠪᠠᠷᠠᠭᠤᠨ ᠬᠤᠰᠢᠭᠤᠨ ᠠᠴᠠ ᠬᠤᠸᠠᠳᠧ ᠬᠦᠷᠬᠦ | ᠬᠤᠷᠳᠤᠨ ᠤ ᠵᠠᠰᠠᠮᠠᠯ ᠵᠠᠮ ᠲᠡᠷᠭᠡ ᠨᠡᠪᠲᠡᠷᠡᠪᠡ᠃ ᠵᠢᠨᠢᠩ ᠠᠴᠠ ᠳ᠋ᠠᠲ᠋ᠦ᠋ᠩ ᠬᠦᠷᠬᠦ ᠲᠦᠷᠭᠡᠨ ᠤ ᠲᠡᠮᠦᠷ ᠵᠠᠮ ᠲᠦᠷᠦᠯ | ᠵᠦᠢᠯ ᠪᠠᠶᠢᠭᠤᠯᠬᠤ ᠠᠴᠠ ᠠᠵᠢᠯ ᠢᠶᠠᠨ ᠡᠬᠢᠯᠡᠭᠦᠯᠬᠦ ᠪᠣᠯᠲᠠᠯ᠎ᠠ ᠵᠥᠪᠬᠡᠨ 18 ᠰᠠᠷ᠎ᠠ ᠬᠡᠷᠡᠭᠯᠡᠵᠦ᠂ ᠥᠪᠡᠷᠲᠡᠭᠡᠨ | ᠵᠠᠰᠠᠬᠤ ᠣᠷᠣᠨ ᠤ ᠲᠡᠦᠬᠡ ᠶᠢᠨ ᠲᠡᠮᠳᠡᠭᠯᠡᠯ ᠢ ᠡᠭᠦᠳᠪᠡ᠃ | ᠭᠠᠳᠠᠭᠠᠳᠤ ᠠᠷᠠᠯᠵᠢᠶ᠎ᠠ ᠡᠮᠬᠢ ᠵᠢᠷᠤᠮ ᠲᠠᠢ ᠪᠠᠷ ᠰᠡᠷᠭᠦᠪᠡ᠃ ᠳᠣᠯᠣᠳᠤᠭᠠᠷ ᠰᠤᠮᠤ ᠶᠢᠨ ᠭᠠᠶᠢᠯᠢ ᠪᠠᠲᠤᠯᠠᠬᠤ | ᠪᠠᠷᠠᠭ᠎ᠠ ᠭᠦᠶᠯᠭᠡᠭᠡᠨ ᠤ ᠲᠥᠪ ︵B ᠬᠡᠯᠪᠡᠷᠢ︶ ᠢ ᠠᠰᠢᠭᠯᠠᠯᠲᠠ ᠳᠤ ᠣᠷᠣᠭᠤᠯᠵᠤ᠂ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠪᠠᠷᠠᠭ᠎ᠠ ᠶᠢᠨ ᠥᠷᠲᠡᠭ 2 ᠳ᠋ᠦᠩᠰᠢᠭᠤᠷ ᠲᠥᠭᠦᠷᠢᠭ ᠢ ᠳᠠᠪᠠᠪᠠ᠃ ᠳᠤᠮᠳᠠᠳᠤ | ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢ 125 ᠴᠤᠪᠤᠭ᠎ᠠ ᠶᠠᠪᠤᠭᠤᠯᠵᠤ᠂ ᠮᠣᠩᠭᠤᠯ ᠤᠯᠤᠰ ᠤᠨ | ᠬᠡᠦᠷᠡᠰᠦ ᠶᠢ ᠠᠴᠢᠭᠰᠠᠨ ᠠᠩᠬᠠᠨ ᠤ ᠴᠤᠪᠤᠭ᠎ᠠ ᠭᠠᠯᠲᠤ ᠲᠡᠷᠭᠡ ᠮᠠᠨ ᠤ ᠬᠤᠲᠠ ᠳᠤ ᠬᠦᠷᠴᠦ᠂ ᠪᠤᠴᠠᠬᠤ ᠵᠠᠮ ᠤᠨ | ᠲᠡᠭᠡᠭᠡᠪᠦᠷᠢᠯᠡᠬᠦ ᠪᠠᠷᠠᠭ᠎ᠠ 12 ᠲᠥᠷᠥᠯ ᠳᠤ ᠬᠦᠷᠴᠦ᠂ ᠨᠤᠲᠤᠭᠰᠢᠵᠤ ᠡᠳ᠋ᠰᠢᠭᠦᠯᠬᠦ ᠬᠠᠷᠢᠴᠠᠯ 168 % ᠪᠠᠷ | ᠳᠡᠭᠡᠭᠰᠢᠯᠡᠪᠡ᠃ ᠭᠠᠳᠠᠭᠠᠳᠤ ᠠᠷᠠᠯᠵᠢᠶᠠᠨ ᠤ ᠡᠯ᠎ᠡ ᠵᠦᠶᠯ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ | ᠢᠳᠡᠪᠬᠢᠲᠡᠶ ᠨᠠᠶᠢᠳᠠᠪᠤᠷᠢᠵᠢᠭᠤᠯᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠢᠯ ᠤᠨ | ᠠᠮᠵᠢᠯᠲᠠ ᠪᠦᠲᠦᠮᠵᠢ ᠪᠠᠨ ᠪᠦᠷᠢᠳᠬᠡᠨ ᠳᠠᠩᠰᠠᠯᠠᠭᠤᠯᠤᠭᠰᠠᠨ ᠠᠵᠤ ᠠᠬᠤᠶᠢᠯᠠᠯ ᠤᠳ ᠳᠠᠭᠠᠭᠠᠨ ᠪᠠᠲᠤᠯᠠᠬᠤ | ᠦᠶᠯᠡᠴᠢᠯᠡᠭᠡ ᠶᠢᠨ ᠥᠪᠴᠢ ᠪᠥᠷᠬᠦᠬᠦᠯᠲᠡ ᠶᠢ ᠪᠡᠶᠡᠯᠡᠭᠦᠯᠪᠡ᠃ | ᠬᠦᠨᠳᠦ ᠶᠡᠭᠡ ᠠᠶᠤᠯ ᠲᠦᠭᠰᠢᠭᠦᠷᠢ ᠶᠢ ᠡᠮᠬᠢ ᠵᠢᠷᠤᠮ ᠲᠠᠢ ᠰᠡᠷᠭᠡᠶᠢᠯᠡᠪᠡ᠃ ᠳᠠᠯᠳᠠ ᠥᠭᠴᠡᠭᠡ ᠶᠢ | ᠠᠷᠢᠯᠭᠠᠬᠤ ᠣᠨ ᠤ ᠡᠭᠦᠷᠭᠡ ᠶᠢᠨ 131 % ᠶᠢ ᠪᠡᠶᠡᠯᠡᠭᠦᠯᠪᠡ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ | ᠳᠤᠮᠳᠠ ᠪᠠᠭ᠎ᠠ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠵᠥᠷᠢᠯᠳᠦᠭᠡᠨ ᠥᠬᠡᠶ ᠲᠠᠩᠰᠠᠨ ᠤ ᠵᠣᠭᠤᠰ ᠪᠦᠬᠦᠨ ᠢ | ᠳᠥᠯᠥᠵᠦ ᠳᠠᠭᠤᠰᠬᠠᠪᠠ᠃ ᠪᠦᠬᠦ ᠬᠤᠲᠠ ᠶᠢᠨ ᠨᠠᠶᠢᠳᠠᠪᠤᠷᠢ ᠮᠠᠭᠤᠲᠠᠢ ᠵᠢᠭᠡᠯᠡᠯᠭᠡ ᠶᠢᠨ ᠵᠣᠭᠤᠰ ᠤᠨ ᠦᠯᠡᠳᠡᠪᠦᠷᠢ ᠪᠠ | ᠨᠠᠶᠢᠳᠠᠪᠤᠷᠢ ᠮᠠᠭᠤᠲᠠᠢ ᠨᠣᠷᠮ᠎ᠠ ᠵᠡᠷᠭᠡᠪᠡᠷ ᠳᠣᠷᠣᠭᠰᠢᠯᠠᠪᠠ᠃ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠬᠤᠶᠠᠷ ᠵᠢᠯ ᠤᠷᠢᠳᠴᠢᠯᠠᠨ ᠠᠶᠤᠯ ᠲᠦᠭᠰᠢᠭᠦᠷᠢ ᠶᠡᠬᠡᠲᠡᠶ | ᠪᠠᠶᠢᠭᠤᠯᠤᠮᠵᠢ ᠶᠢᠨ ᠡᠩᠨᠡᠭᠡ ᠠᠴᠠ ᠭᠠᠷᠪᠠ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ | ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠪᠠ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠢᠯᠵᠠᠷᠠᠯ ᠤᠨ ᠠᠰᠠᠭᠤᠳᠠᠯ ᠢ ᠲᠤᠰᠬᠠᠶ ᠵᠠᠰᠠᠬᠤ ᠠᠵᠢᠯ ᠢ | ᠶᠡᠭᠡ ᠪᠠᠷ ᠠᠬᠢᠭᠤᠯᠪᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠣᠨ ᠤ ᠬᠢᠨᠠᠨ ᠰᠢᠯᠭᠠᠯᠲᠠ ᠪᠠᠷ ᠪᠥᠬᠦ | ᠣᠷᠣᠨ ᠤ ᠨᠢᠭᠡᠳᠦᠭᠡᠷ ᠲᠤ ᠣᠷᠣᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ | ᠲᠡᠭᠦᠰ ᠠᠮᠵᠢᠯᠲᠠ ᠲᠠᠢ ᠰᠡᠭᠦᠯ ᠬᠤᠷᠢᠶᠠᠪᠠ᠃ ᠠᠶᠤᠯᠭᠦᠶ ᠦᠶᠯᠡᠳᠪᠦᠷᠢᠯᠡᠯ ᠤᠨ ᠠᠳᠡᠯ ᠤᠨ ᠵᠢᠭᠠᠯᠲᠠ ᠲᠤᠭ᠎ᠠ ᠪᠥᠬᠦ | ᠲᠠᠯ᠎ᠠ ᠪᠠᠷ ᠪᠠᠭᠤᠷᠠᠪᠠ᠃ | — ︽ᠠᠬᠢᠴᠠ︾ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ | ᠶᠢ ᠲᠠᠰᠤᠷᠠᠯᠲᠠ ᠥᠬᠡᠶ ᠬᠤᠷᠠᠮᠳᠤᠭᠤᠯᠪᠠ | ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠨᠡᠮᠡᠭᠳᠡᠪᠡ᠃ ᠠᠮᠤ | ᠪᠤᠳᠠᠭᠠᠨ ᠤ ᠤᠨᠠᠯᠲᠠ 25.2 ᠳ᠋ᠦᠩᠰᠢᠭᠤᠷ ᠵᠢᠩ ᠳᠤ ᠬᠦᠷᠴᠦ᠂ ︽ᠳᠥᠷᠪᠡᠨ ᠵᠢᠯ ᠳᠠᠷᠠᠭᠠᠯᠠᠨ ᠡᠯᠪᠡᠭ | ᠬᠤᠷᠢᠶᠠᠯᠲᠠ ᠣᠯᠪᠠ︾ ᠃ ᠮᠢᠬᠠᠨ ᠤ ᠭᠠᠷᠤᠯᠲᠠ 21.5 ᠲᠦᠮᠡᠨ ᠲᠣᠨ᠃ 32 ᠲᠦᠮᠡᠨ ᠮᠦ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠪᠡ᠃ ᠴᠠᠬᠠᠷ ᠪᠠᠷᠠᠭᠤᠨ | ᠭᠠᠷᠤᠨ ᠡᠮᠦᠨᠡᠲᠦ ᠬᠤᠰᠢᠭᠤᠨ ᠤ ᠤᠯᠤᠰ ᠤᠨ ᠲᠡᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ | ᠬᠦᠷᠢᠶᠡᠯᠡᠩ ᠨᠢ ᠵᠥᠪᠰᠢᠶᠡᠷᠡᠭᠳᠡᠪᠡ᠃ ᠯᠢᠶᠠᠩᠴᠧᠩ ᠰᠢᠶᠠᠨ ᠤ 10 ᠲᠦᠮᠡᠨ ᠰᠠᠭᠠᠯᠢ ᠶᠢᠨ ᠦᠨᠢᠶ᠎ᠡ ᠶᠢ ᠠᠬᠤᠶᠢᠲᠤ | ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠪᠠᠷᠢᠯᠭ᠎ᠠ ᠶᠢᠨ ᠠᠵᠢᠯ ᠢᠶᠠᠨ ᠡᠬᠢᠯᠡᠵᠦ | ᠪᠥᠲᠦᠭᠡᠨ ᠪᠠᠶᠢᠭᠤᠯᠵᠤ ᠪᠠᠶᠢᠨ᠎ᠠ᠃ ︽ᠵᠢᠤᠢ ᠬᠤᠩ ᠲᠥᠮᠥᠰᠥᠨ ᠤ ᠵᠢᠵᠢᠭ ᠪᠠᠯᠭᠠᠰᠤ︾ ᠶᠢᠨ ᠨᠢᠭᠡᠳᠦᠭᠡᠷ | ᠬᠤᠭᠤᠴᠠᠭᠠᠨ ᠤ ᠪᠠᠷᠢᠯᠭ᠎ᠠ ᠳᠠᠭᠤᠰᠪᠠ᠃ ᠪᠣᠬᠢᠷᠲᠤᠯ ᠦᠭᠡᠢ᠂ ᠣᠷᠭᠠᠨᠢᠭ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ 39 ᠰᠢᠨ᠎ᠡ ᠪᠠᠷ ᠨᠡᠮᠡᠭᠳᠡᠵᠦ᠂ ᠭᠠᠵᠠᠷ ᠵᠦᠢ ᠶᠢᠨ ᠲᠡᠮᠳᠡᠭ ᠢ ᠳᠠᠩᠰᠠᠯᠠᠨ ᠬᠠᠮᠠᠭᠠᠯᠠᠭᠰᠠᠨ | ᠪᠦᠲᠦᠭᠡᠭᠳᠡᠬᠦᠨ 1 ᠰᠢᠨ᠎ᠡ ᠪᠠᠷ ᠨᠡᠮᠡᠭᠳᠡᠵᠦ᠂ ᠬᠤᠲᠠ ᠶᠢᠨ ᠱᠠᠲᠤᠨ ᠠᠴᠠ ᠳᠡᠭᠡᠭᠰᠢᠬᠢ ᠵᠢᠱᠢᠶ᠎ᠡ ᠦᠵᠡᠭᠦᠯᠬᠦ ᠬᠤᠷᠰᠢᠶ᠎ᠠ | 333 ᠪᠣᠯᠪᠠ᠃ ᠲᠠᠷᠢᠶᠠᠯᠠᠩ ᠤᠨ ᠭᠠᠷᠤᠯᠲᠠ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠤᠯᠠᠷᠢᠭᠤᠯᠬᠤ ᠨᠣᠷᠮ᠎ᠠ ᠶᠢ | 66 % ᠳᠤ ᠬᠦᠷᠦᠭᠦᠯᠪᠡ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ | ᠲᠦᠷᠢᠮ ᠤᠨ ᠥᠭᠡᠷᠡᠴᠢᠯᠡᠯᠲᠡ ᠶᠢ ᠤᠷᠤᠭᠰᠢᠲᠠᠶ ᠠᠬᠢᠭᠤᠯᠪᠠ᠃ | ᠠᠵᠤ ᠦᠢᠯᠡᠳᠪᠦᠷᠢ ᠶᠢᠨ ᠠᠵᠤ ᠠᠬᠤᠶ ᠬᠤᠷᠳᠤᠯᠠᠵᠤ ᠳᠠᠪᠰᠢᠪᠠ᠃ ᠬᠡᠪᠴᠢᠶᠡᠵᠢᠯ ᠠᠴᠠ ᠳᠡᠭᠡᠭᠰᠢᠬᠢ ᠠᠵᠤ | ᠦᠶᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 10.5 % ᠪᠠᠷ ᠨᠡᠮᠡᠭᠳᠡᠵᠦ᠂ ᠠᠵᠤ | ᠦᠶᠯᠡᠳᠪᠦᠷᠢ ᠶᠢᠨ ᠶᠡᠷᠦᠩᠬᠡᠶ ᠦᠶᠯᠡᠳᠬᠦᠨ ᠤ ᠥᠷᠲᠡᠭ ᠲᠠᠬᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ | ᠬᠥᠭᠵᠢᠭᠰᠡᠨ ᠠᠵᠤ ᠦᠶᠯᠡᠰ ᠤᠨ ᠡᠵᠡᠯᠡᠬᠦ ᠬᠤᠪᠢ ᠶᠢᠨ ᠵᠢᠩ 8.3% ᠳᠤ ᠬᠥᠷᠪᠡ᠃ 1700 ᠲᠦᠮᠡᠨ | ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠤᠨ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠵᠤ ᠳᠠᠭᠤᠰᠬᠠᠭᠠᠳ᠂ 600 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ | ᠭᠠᠵᠠᠷ ᠤᠨ ᠠᠩᠬᠠᠳᠠᠭᠴᠢ ᠰᠠᠯᠬᠢᠨ ᠬᠦᠴᠦᠨ ᠤ ᠮᠠᠰᠢᠨ ᠠᠮᠵᠢᠯᠲᠠ ᠲᠠᠢ ᠪᠠᠷ ᠴᠠᠬᠢᠯᠭᠠᠨ ᠭᠠᠷᠭᠠᠪᠠ᠃ ᠰᠢᠨ᠎ᠡ | ᠡᠨᠧᠷᠭᠢ ᠶᠢᠨ ᠮᠠᠰᠢᠨ ᠴᠣᠭᠴᠠᠯᠠᠪᠤᠷᠢ 685 ᠲᠦᠮᠡᠨ ᠺᠢᠯᠣᠸᠠᠲ ᠲᠤ ᠬᠦᠷᠴᠦ᠂ ᠪᠥᠬᠦ ᠬᠤᠲᠠ ᠶᠢᠨ ᠶᠡᠷᠦᠩᠬᠡᠶ | ᠮᠠᠰᠢᠨ ᠴᠣᠭᠴᠠᠯᠠᠪᠤᠷᠢ ᠶᠢᠨ 46.5 % ᠶᠢ ᠡᠵᠡᠯᠡᠵᠦ᠂ ᠰᠢᠨ᠎ᠡ ᠡᠨᠧᠷᠭᠢ ᠶᠢᠨ ᠬᠡᠷᠡᠭᠯᠡᠭᠡᠨ ᠤ ᠬᠠᠷᠢᠴᠠᠯ 24. | 6% ᠳᠤ ᠬᠦᠷᠴᠦ᠂ ᠪᠥᠬᠦ ᠣᠷᠣᠨ ᠤ ᠳᠤᠮᠳᠠᠴᠢ ᠬᠢᠷᠢ ᠲᠦᠪᠰᠢᠨ ᠠᠴᠠ 7.6 ᠵᠠᠭᠤᠨ ᠤ ᠴᠡᠭ ᠥᠨᠳᠥᠷ ᠪᠣᠯᠪᠠ᠃ | ᠤᠯᠠᠭᠠᠨᠴᠠᠪ ᠤᠨ ᠬᠤᠸᠠ ᠸᠧᠢ ᠡᠭᠦᠯᠡᠨ ᠦᠢᠯᠡᠴᠢᠯᠡᠭᠡᠨ ᠤ ᠳ᠋ᠠᠶᠢᠲ᠋ᠠ ᠶᠢᠨ ᠲᠥᠪ ᠨᠢ ︽ᠤᠯᠤᠰ ᠤᠨ ᠴᠡᠪᠡᠷ | ᠳ᠋ᠠᠶᠢᠲ᠋ᠠ ᠶᠢᠨ ᠲᠥᠪ︾ ᠢᠶᠠᠷ ᠦᠨᠡᠯᠡᠭᠳᠡᠪᠡ᠃ ᠠ ᠯᠢ ᠪᠠ ᠪᠠ ᠳ᠋ᠠᠶᠢᠲ᠋ᠠ ᠶᠢᠨ ᠲᠥᠪ᠂ ᠥᠪᠥᠷ ᠮᠣᠩᠭᠤᠯ ᠤᠨ | ᠵᠠᠰᠠᠭ ᠤᠨ ᠶᠠᠪᠤᠳᠠᠯ ᠤᠨ ᠡᠭᠦᠯᠡᠨ ᠲᠣᠮᠣ ᠳ᠋ᠠᠶᠢᠲ᠋ᠠ ᠶᠢᠨ ᠭᠠᠮᠰᠢᠭ ᠤᠨ ᠪᠡᠯᠡᠳᠬᠡᠯ ᠤᠨ ᠲᠥᠪ ᠢ ᠵᠢᠩᠬᠢᠨᠢ ᠪᠠᠷ | ᠠᠵᠢᠯᠯᠠᠭᠤᠯᠵᠤ᠂ ᠳ᠋ᠠᠶᠢᠲ᠋ᠠ ᠶᠢᠨ ᠲᠥᠪ ᠤᠨ ︽ᠬᠠᠯᠠᠭᠤᠨ ᠬᠦᠶᠲᠡᠨ ᠳ᠋ᠠᠶᠢᠲ᠋ᠠ ᠶᠢ ᠬᠤᠤᠰᠯᠠᠭᠤᠯᠤᠭᠰᠠᠨ︾ ᠰᠢᠨ᠎ᠡ | ᠪᠠᠶᠢᠷᠢᠰᠢᠯ ᠢ ᠨᠡᠭᠡᠭᠡᠵᠦ᠂ ︽ᠳ᠋ᠠᠶᠢᠲ᠋ᠠ ᠶᠢᠨ ᠲᠥᠪ ᠤᠨ ᠠᠵᠤ ᠦᠶᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ | ᠬᠤᠲᠠ︾ ᠶᠢᠨ ᠢᠷᠠᠭᠤ ᠠᠯᠳᠠᠷ ᠢ ᠭᠥᠷᠳᠡᠪᠡ᠃ ᠲᠦᠩ ᠹᠠᠩ ᠣᠶᠤᠨᠴᠢ ᠦᠶᠯᠡᠳᠬᠦ ᠰᠠᠭᠤᠷᠢᠨ ᠭᠠᠵᠠᠷ ᠨᠢ ︽ | ᠲᠤᠬᠠᠶ ᠶᠢᠨ ᠵᠢᠯ ᠳᠤ ᠠᠵᠢᠯ ᠢᠶᠠᠨ ᠡᠬᠢᠯᠡᠭᠦᠯᠵᠦ᠂ ᠲᠤᠬᠠᠶ ᠶᠢᠨ ᠵᠢᠯ ᠳᠤ ᠡᠵᠡᠩᠨᠡᠯᠲᠡ ᠬᠢᠵᠦ᠂ ᠲᠤᠬᠠᠶ ᠶᠢᠨ ᠵᠢᠯ ᠳᠤ | ᠠᠰᠢᠭ ᠣᠯᠵᠠᠪᠤᠷᠢ ᠤᠯᠬᠤ︾ ᠶᠢ ᠪᠡᠶᠡᠯᠡᠭᠦᠯᠪᠡ᠃ | ᠦᠢᠯᠡᠴᠢᠯᠡᠭᠡᠨ ᠤ ᠦᠢᠯᠡᠰ ᠵᠡᠷᠭᠡ ᠳᠡᠰ ᠳᠡᠪᠰᠢᠪᠡ᠃ ᠪᠠᠨ ᠮᠠ ᠠᠭᠠᠷ ᠠᠶᠠᠯᠠᠯ ᠤᠨ ᠪᠠᠷᠠᠭ᠎ᠠ ᠭᠦᠢᠯᠭᠡᠭᠡᠨ ᠤ | ᠠᠵᠤ ᠦᠢᠯᠡᠰ ᠤᠨ ᠬᠦᠷᠢᠶᠡᠯᠡᠩ ᠮᠠᠨ ᠤ ᠬᠤᠲᠠ ᠳᠤ ᠨᠤᠲᠤᠭᠰᠢᠵᠤ᠂ ᠳᠣᠯᠣᠳᠤᠭᠠᠷ ᠰᠤᠮᠤ ᠶᠢᠨ ᠲᠡᠮᠦᠷ ᠵᠠᠮ ᠤᠨ | ᠪᠠᠷᠠᠭ᠎ᠠ ᠭᠦᠢᠯᠭᠡᠭᠡᠨ ᠤ ᠲᠥᠪ ᠵᠢᠩᠬᠢᠨᠢ ᠪᠠᠷ ᠠᠰᠢᠭᠯᠠᠯᠲᠠ ᠳᠤ ᠣᠷᠣᠪᠠ᠃ ᠸᠠᠨ ᠳ᠋ᠠ ᠠᠭᠤᠳᠠᠮ ᠲᠠᠯᠠᠪᠠᠶ ᠵᠡᠷᠭᠡ | ᠠᠷᠠᠯᠵᠢᠶ᠎ᠠ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠡᠵᠡᠩᠨᠡᠯᠲᠡ ᠢᠶᠠᠨ ᠡᠬᠢᠯᠡᠭᠦᠯᠦᠨ ᠠᠵᠢᠯᠯᠠᠵᠤ᠂ ᠳᠤᠮᠳᠠᠳᠤ | ᠤᠯᠤᠰ ᠤᠨ ᠲᠠᠷᠢᠶᠠᠯᠠᠩ ᠤᠨ ᠺᠢᠨᠣ᠋ ᠶᠢᠨ ᠤᠮᠠᠷᠠᠲᠤ ᠶᠢᠨ ᠢᠨᠲ᠋ᠧᠷ ᠰᠦᠯᠵᠢᠶᠡᠨ ᠤ ᠳᠠᠳᠤᠯᠭ᠎ᠠ ᠪᠣᠯᠪᠠᠰᠤᠷᠠᠯ ᠤᠨ | ᠰᠠᠭᠤᠷᠢᠨ ᠭᠠᠵᠠᠷ ᠠᠵᠢᠯ ᠢᠶᠠᠨ ᠡᠬᠢᠯᠡᠭᠦᠯᠪᠡ᠃ ᠯᠢᠨ ᠬᠤ᠋ ᠶᠢᠨ ᠡᠷᠲᠡᠨ ᠤ ᠴᠠᠶᠢᠵᠠ ᠶᠢᠨ ᠵᠢᠭᠤᠯᠴᠢᠯᠠᠯ ᠤᠨ | ᠦᠵᠡᠮᠵᠢ ᠶᠢᠨ ᠣᠷᠣᠨ ᠨᠢ ︽ᠪᠦᠬᠦ ᠤᠯᠤᠰ ᠤᠨ ᠣᠢ ᠰᠢᠭᠤᠢ ᠶᠢᠨ ᠡᠷᠡᠭᠦᠯᠵᠢᠯ ᠰᠣᠪᠢᠯᠠᠯ ᠤᠨ ᠰᠠᠭᠤᠷᠢᠨ ᠭᠠᠵᠠᠷ︾ | ᠢᠶᠠᠷ ᠦᠨᠡᠯᠡᠭᠳᠡᠵᠦ᠂ ᠳᠠᠭ᠎ᠠ ᠶᠢᠨ ᠨᠠᠭᠤᠷ ᠤᠨ ᠣᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ ᠨᠢ | ᠳᠡᠯᠡᠬᠡᠢ ᠶᠢᠨ ᠪᠠᠷᠢᠮᠵᠢᠶ᠎ᠠ ᠳᠤ ᠬᠦᠷᠴᠦ᠂ ᠪᠠᠢ ᠸᠠᠩ ᠡᠮᠴᠢᠯᠡᠭᠡ ᠰᠤᠪᠢᠯᠠᠯᠲᠠ ᠶᠢᠨ ᠶᠡᠷᠦᠩᠬᠡᠶᠢᠯᠡᠭᠰᠡᠨ ᠴᠣᠭᠴᠠ ᠶᠢᠨ | ᠲᠥᠷᠥᠯ ᠵᠦᠢᠯ ᠢ ᠡᠬᠢᠯᠡᠨ ᠪᠠᠶᠢᠭᠤᠯᠪᠠ᠃ ᠲᠦᠷᠭᠡᠨ ᠤ ᠲᠡᠮᠦᠷ ᠵᠠᠮ ᠤᠨ ᠵᠢᠭᠤᠯᠴᠢᠯᠠᠯ ᠤᠨ ᠰᠦᠢᠳᠬᠡᠯ ᠬᠤᠷᠢᠶᠠᠬᠤ | ᠦᠭᠡᠢ ᠪᠠᠷ ᠰᠢᠭᠤᠳ ᠨᠡᠪᠲᠡᠷᠡᠬᠦ ᠲᠡᠷᠭᠡ ᠶᠢ ᠨᠡᠪᠲᠡᠷᠡᠭᠦᠯᠵᠦ᠂ ᠮᠠᠨ ᠤ ᠬᠤᠲᠠ 2020 ᠣᠨ ᠤ ᠳᠤᠮᠳᠠᠳᠤ | ᠤᠯᠤᠰ ᠤᠨ ᠲᠦᠷᠭᠡᠨ ᠤ ᠲᠡᠮᠦᠷ ᠵᠠᠮ ᠤᠨ ᠵᠢᠭᠤᠯᠴᠢᠯᠠᠯ ᠤᠨ ᠨᠡᠷᠡᠲᠦ ᠬᠤᠲᠠ ᠳᠤ ᠣᠷᠣᠪᠠ᠃ | ᠨᠡᠶᠢᠭᠡᠮ ᠤᠨ ᠠᠵᠢᠯ ᠦᠢᠯᠡᠰ ᠳᠡᠭᠡᠭᠰᠢᠯᠡᠨ ᠰᠢᠯᠢᠳᠡᠭᠵᠢᠪᠡ᠃ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ | ᠠᠵᠤ ᠠᠬᠤᠶᠢᠯᠠᠯ᠂ ᠰᠢᠨᠵᠢᠯᠡᠭᠡ ᠮᠡᠷᠭᠡᠵᠢᠯ ᠤᠨ ᠮᠠᠶ᠋ᠢᠭ ᠤᠨ ᠳᠤᠮᠳᠠ ᠪᠠᠭ᠎ᠠ ᠠᠵᠤ ᠠᠬᠤᠶᠢᠯᠠᠯ ᠵᠡᠷᠭᠡ ᠲᠠᠪᠴᠠᠩ ᠤᠨ | ᠠᠴᠢᠶᠠᠯᠠᠪᠤᠷᠢ ᠶᠢᠨ ᠵᠥᠪᠰᠢᠶᠡᠷᠡᠯ ᠣᠯᠤᠭᠰᠠᠨ ᠲᠤᠭ᠎ᠠ ᠬᠡᠮᠵᠢᠶ᠎ᠡ ᠨᠢ ᠥᠪᠡᠷᠲᠡᠭᠡᠨ ᠵᠠᠰᠠᠬᠤ ᠣᠷᠣᠨ ᠤ ᠡᠮᠦᠨ᠎ᠡ | ᠡᠩᠨᠡᠭᠡᠨ ᠳᠤ ᠣᠷᠣᠵᠤ᠂ 7 ᠠᠵᠤ ᠠᠬᠤᠶᠢᠯᠠᠯ ᠨᠢ ᠥᠪᠥᠷ ᠮᠣᠩᠭᠤᠯ ᠤᠨ ᠠᠷᠠᠳ ᠤᠨ ᠡᠵᠡᠩᠨᠡᠯᠲᠡ ᠶᠢᠨ 100 | ᠬᠦᠴᠦᠷᠬᠡᠭ ᠠᠵᠤ ᠠᠬᠤᠶᠢᠯᠠᠯ ᠢᠶᠠᠷ ᠰᠣᠩᠭᠤᠭᠳᠠᠪᠠ᠃ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ 13 ᠶᠢ | ᠪᠠᠶᠢᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ 82. | 3% ᠳᠤ ᠬᠥᠷᠪᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ | ᠴᠢᠩᠭᠠᠳᠬᠠᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠪᠡ᠃ | ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠵᠢᠨᠢᠩ ᠤᠨ ᠬᠠᠷᠢᠶᠠᠲᠤ ᠳᠤᠮᠳᠠᠳᠤ ᠰᠤᠷᠭᠠᠭᠤᠯᠢ ︽ᠪᠥᠬᠦ | ᠤᠯᠤᠰ ᠤᠨ ᠪᠣᠯᠪᠠᠰᠤᠨ ᠰᠤᠷᠭᠠᠭᠤᠯᠢ︾ ᠶᠢᠨ ᠢᠷᠠᠭᠤ ᠠᠯᠳᠠᠷ ᠢ ᠭᠥᠷᠳᠡᠪᠡ᠃ ᠬᠤᠸᠠ ᠳ᠋ᠠ ᠭᠧᠨ ᠤ ᠴᠢᠭᠢᠷᠠᠭ | ᠲᠥᠷᠥᠭᠦᠯᠬᠦ ᠪᠠ ᠮᠣᠯᠧᠺᠦ᠋ᠯ ᠤᠨ ᠠᠨᠠᠭᠠᠬᠤ ᠤᠬᠠᠭᠠᠨ ᠤ ᠰᠢᠯᠭᠠᠨ ᠪᠠᠶᠢᠴᠠᠭᠠᠬᠤ ᠲᠤᠷᠰᠢᠯᠲᠠ ᠶᠢᠨ ᠲᠠᠰᠤᠭ ᠢ | ᠡᠬᠢᠯᠡᠭᠦᠯᠦᠨ ᠠᠵᠢᠯᠯᠠᠭᠤᠯᠪᠠ᠃ ︽ᠮᠣᠩᠭᠤᠯ ᠮᠤᠷᠢᠨ ᠤ ᠮᠠᠭᠲᠠᠭᠠᠯ︾ ᠲᠤᠮᠤ ᠬᠡᠯᠪᠡᠷᠢ ᠶᠢᠨ ᠪᠣᠳᠠᠲᠤ ᠦᠵᠡᠭᠳᠡᠯᠲᠦ | ᠵᠦᠴᠦᠭᠡ ᠮᠠᠨ ᠤ ᠬᠤᠲᠠ ᠳᠤ ᠨᠤᠲᠤᠭᠰᠢᠵᠤ᠂ ᠵᠡᠭᠦᠨ ᠵᠠᠮ ᠤᠨ ᠡᠯ ᠷᠧᠨ ᠲᠠᠢ ᠵᠦᠴᠦᠭᠡ ︽ᠲᠠᠯ᠎ᠠ ᠨᠤᠲᠤᠭ ᠤᠨ | ᠲᠣᠷᠭᠠᠨ ᠵᠠᠮ︾᠂ ︽ᠰᠢᠷ᠎ᠠ ᠬᠥᠷᠥᠰᠥᠲᠦ ᠶᠢᠨ ᠳᠠᠭᠤᠯᠠᠯ︾ ᠨᠢ ᠥᠪᠡᠷᠲᠡᠭᠡᠨ ᠵᠠᠰᠠᠬᠤ ᠣᠷᠣᠨ ᠤ ᠰᠢᠯᠢᠳᠡᠭ | ᠵᠦᠴᠦᠭᠡ ᠳᠤ ᠰᠣᠩᠭᠤᠭᠳᠠᠪᠠ᠃ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠲᠡᠤᠬᠡ ᠶᠢᠨ | ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠨᠢᠭᠡᠴᠢ ᠶᠢᠨ ᠠᠰᠠᠭᠤᠵᠤ ᠣᠨᠣᠰᠢᠯᠠᠬᠤ ᠮᠠᠶ᠋ᠢᠭ ᠤᠨ ᠵᠢᠭᠰᠠᠭᠠᠨ | ᠪᠠᠶᠢᠴᠠᠭᠠᠯᠲᠠ ᠶᠢ ᠥᠷᠨᠢᠭᠦᠯᠵᠦ᠂ ᠯᠢᠶᠠᠩᠴᠧᠩ ᠤᠨ ᠮᠢᠩ ᠤᠯᠤᠰ ᠤᠨ ᠣᠷᠳᠣ ᠴᠠᠭᠠᠨ ᠬᠡᠷᠡᠮ᠂ ᠵᠦᠸᠧᠽᠢ ᠶᠢᠨ | ᠬᠠᠨ ᠤᠯᠤᠰ ᠤᠨ ᠦᠶ᠎ᠡ ᠶᠢᠨ ᠰᠠᠨ ᠳ᠋ᠤᠤ ᠶᠢᠩ ᠤᠨ ᠡᠷᠲᠡᠨ ᠤ ᠬᠤᠲᠠ ᠶᠢ ᠨᠢᠭᠡᠳᠦᠭᠡᠷ ᠪᠦᠯᠦᠭ ᠤᠨ ᠤᠯᠤᠰ ᠤᠨ | ᠲᠠᠰ ᠤᠨ ᠣᠷᠳᠣ ᠴᠠᠭᠠᠨ ᠬᠡᠷᠡᠮ ᠤᠨ ᠴᠢᠬᠤᠯᠠ ᠴᠢᠬ ᠬᠡᠰᠡᠭ ᠲᠤ ᠵᠢᠭᠰᠠᠭᠠᠨ ᠣᠷᠣᠭᠤᠯᠵᠤ᠂ ᠴᠠᠬᠠᠷ ᠤᠨ ᠨᠣᠤᠰᠣᠨ | ᠬᠠᠳᠬᠤᠮᠠᠯ ᠢ ᠲᠠᠪᠤᠳᠤᠭᠠᠷ ᠪᠦᠯᠦᠭ ᠤᠨ ᠤᠯᠤᠰ ᠤᠨ ᠲᠠᠰ ᠤᠨ ︽ᠪᠣᠳᠠᠰ ᠤᠨ ᠪᠤᠰᠤ ᠰᠣᠶᠣᠯ ᠤᠨ ᠥᠪ︾ ᠤᠨ | ᠲᠥᠷᠥᠯ ᠵᠦᠶᠯ ᠳᠤ ᠵᠢᠭᠰᠠᠭᠠᠭᠳᠠᠨ ᠣᠷᠣᠪᠠ᠃ ᠤᠯᠠᠨ ᠤᠯᠤᠰ ᠤᠨ ᠲᠣᠣᠷ ᠪᠥᠮᠪᠦᠭᠡ ᠶᠢᠨ ᠰᠢᠷᠢᠰ ᠤᠷᠤᠯᠳᠤᠭᠠᠨ ᠢ | ᠠᠮᠵᠢᠯᠲᠠ ᠲᠠᠢ ᠡᠷᠬᠢᠯᠡᠵᠦ᠂ ᠤᠮᠠᠷᠠᠲᠤ ᠶᠢᠨ ᠠᠩᠬᠠᠳᠠᠭᠴᠢ ᠵᠧᠩ ᠵᠢᠶᠧ ᠲᠣᠣᠷ ᠪᠥᠮᠪᠦᠭᠡ ᠶᠢᠨ ᠪᠣᠯᠪᠠᠰᠤᠷᠠᠯ ᠤᠨ | ᠲᠥᠪ ᠵᠢᠩᠬᠢᠨᠢ ᠪᠠᠷ ᠫᠠᠶᠢᠰᠠ ᠡᠯᠭᠦᠪᠡ᠃ ︽ᠪᠥᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ ᠪᠠᠷ ︽ | ᠳᠥᠷᠪᠡᠨ ᠵᠢᠯ ᠳᠠᠷᠠᠭᠠᠯᠠᠨ ᠮᠠᠩᠯᠠᠶᠢᠯᠠᠪᠠ︾᠃ ᠳᠥᠷᠪᠡᠳᠦᠭᠡᠷ ᠤᠳᠠᠭᠠᠨ ᠤ ᠠᠵᠤ ᠠᠬᠤᠢ ᠶᠢᠨ ᠨᠡᠶᠢᠳᠡᠮ | ᠪᠠᠶᠢᠴᠠᠭᠠᠯᠲᠠ ᠶᠢ ᠪᠡᠶᠡᠯᠡᠭᠦᠯᠵᠦ᠂ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠶᠢ ᠥᠷᠨᠢᠭᠦᠯᠪᠡ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ | ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠵᠡᠮᠳᠡᠭᠴᠦᠳ ᠤᠨ | ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠠᠵᠢᠯ ᠦᠢᠯᠡᠰ ᠰᠢᠨ᠎ᠡ ᠳᠠᠪᠰᠢᠯᠲᠠ ᠲᠠᠢ | ᠪᠣᠯᠪᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ | ᠰᠢᠵᠢᠮ ᠪᠣᠯᠭᠠᠵᠤ᠂ ᠦᠨᠳᠦᠰᠦᠲᠡᠨ ᠤ ᠠᠵᠢᠯ ᠢ ᠲᠠᠰᠤᠷᠠᠯᠲᠠ ᠦᠭᠡᠢ ᠴᠢᠩᠭᠠᠳᠬᠠᠨ ᠰᠠᠶᠢᠵᠢᠷᠠᠭᠤᠯᠵᠤ᠂ ᠥᠪᠡᠷᠲᠡᠭᠡᠨ | ᠵᠠᠰᠠᠬᠤ ᠣᠷᠣᠨ ᠤ ᠲᠡᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠪᠠ | ᠵᠢᠱᠢᠶ᠎ᠡ ᠦᠵᠡᠭᠦᠯᠬᠦ ᠨᠢᠭᠡᠴᠢ 10 ᠶᠢ ᠡᠭᠦᠳᠦᠨ ᠪᠠᠶᠢᠭᠤᠯᠪᠠ᠃ | ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠪᠠ᠃ ᠴᠢᠬᠤᠯᠠ ᠶᠡᠭᠡ | ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ ᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠳᠦᠷᠢᠮ︾ ᠪᠣᠯᠤᠨ ︽ | ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠬᠠᠷᠢᠭᠤᠴᠠᠯᠭ᠎ᠠ ᠶᠢᠨ ᠳᠦᠷᠢᠮ ᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠬᠡᠮᠵᠢᠶ᠎ᠡ ᠶᠢ | ᠢᠯᠡᠳᠲᠡ ᠳᠡᠭᠡᠭᠰᠢᠯᠡᠭᠦᠯᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠵᠢᠨᠬᠤᠷᠢᠶᠠᠨ ᠳᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠰᠠᠨᠠᠯ ᠵᠥᠪᠯᠡᠯᠭᠡ 2 | ᠬᠤᠪᠢ ᠶᠢ ᠬᠢᠨᠠᠨ ᠶᠠᠷᠢᠯᠴᠠᠭᠤᠯᠬᠤ ᠪᠠᠷ ᠳᠡᠪᠰᠢᠭᠦᠯᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠰᠠᠨᠠᠯ ᠵᠥᠪᠯᠡᠯᠭᠡ᠂ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ | ᠳᠤᠷᠠᠳᠤᠯᠭ᠎ᠠ ᠪᠦᠬᠦᠨ ᠢ ᠴᠠᠭ ᠲᠤᠬᠠᠶ ᠳᠤᠨᠢ ᠰᠢᠶᠳᠪᠦᠷᠢᠯᠡᠵᠦ ᠳᠠᠭᠤᠰᠬᠠᠪᠠ᠃ ᠬᠤᠲᠠ ᠶᠢᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ᠲᠦᠷᠦᠭᠦᠯᠡᠨ ︽ᠠᠷᠪᠢᠯᠠᠨ ᠭᠠᠮᠨᠠᠵᠤ︾᠂ ᠪᠦᠬᠦ ᠬᠤᠲᠠ ᠶᠢᠨ ᠡᠩ ᠤᠨ ᠴᠢᠨᠠᠷᠲᠠᠢ ᠵᠠᠷᠤᠯᠭ᠎ᠠ ᠶᠢ | 9.7 % ᠪᠠᠷ ᠪᠠᠭᠠᠰᠬᠠᠵᠤ᠂ ︽ᠭᠤᠷᠪᠠᠨ ᠠᠯᠪᠠᠨ ᠤ ᠵᠠᠷᠤᠳᠠᠯ︾ ᠶᠢ 5.4 % ᠪᠠᠷ ᠪᠠᠭᠤᠷᠠᠭᠤᠯᠪᠠ᠃ | ᠥᠪᠥᠷ ᠮᠣᠩᠭᠤᠯ ᠱᠠᠨ ᠰᠢ ᠾᠧᠪᠧᠶ ︵ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ︶ ᠶᠢᠨ ᠣᠷᠳᠣ | ᠴᠠᠭᠠᠨ ᠬᠡᠷᠡᠮ ᠤᠨ ᠠᠯᠲᠠᠨ ᠭᠤᠷᠪᠠᠯᠵᠢᠨ ᠤ ᠬᠠᠮᠲᠤᠷᠠᠯᠴᠠᠭᠠᠨ ᠤ ᠣᠷᠣᠨ ᠤ ᠳᠣᠯᠣᠳᠤᠭᠠᠷ ᠬᠤᠭᠤᠴᠠᠭᠠᠨ ᠤ | ᠬᠤᠯᠪᠤᠭᠠᠲᠤ ᠬᠤᠷᠠᠯ᠂ ᠬᠥᠬᠡᠬᠤᠲᠠ ᠪᠤᠭᠤᠲᠤ ᠢᠷᠭᠠᠶ ᠲᠡᠮᠡᠭᠡᠲᠦ ᠶᠢᠨ ᠠᠵᠤ ᠠᠬᠤᠶ ᠶᠢᠨ ᠣᠷᠣᠨ ᠤ ᠨᠠᠢᠮᠠᠳᠤᠭᠠᠷ | ᠬᠤᠭᠤᠴᠠᠭᠠᠨ ᠤ ᠬᠤᠯᠪᠤᠭᠠᠲᠤ ᠬᠤᠷᠠᠯ᠂ ᠲᠠᠯ᠎ᠠ ᠨᠤᠲᠤᠭ ᠤᠨ ᠨᠢᠰᠦᠯᠲᠡ ᠶᠢᠨ ᠶᠡᠭᠡ ᠬᠤᠷᠠᠯ ᠵᠡᠷᠭᠡ ᠠᠯᠢ ᠣᠯᠠᠨ | ᠴᠢᠬᠤᠯᠠ ᠶᠡᠭᠡ ᠠᠵᠢᠯᠯᠠᠭ᠎ᠠ ᠶᠢ ᠠᠮᠵᠢᠯᠲᠠ ᠲᠠᠢ ᠡᠷᠭᠢᠯᠡᠵᠦ᠂ ᠬᠤᠲᠠ ᠶᠢᠨ ᠳᠦᠷᠢ ᠲᠥᠷᠬᠦ ᠪᠠ ᠨᠥᠯᠥᠭᠡᠯᠡᠬᠦ | ᠬᠦᠴᠦᠨ ᠤᠯᠠᠮ ᠨᠢᠭᠡ ᠠᠯᠬᠤᠮ ᠳᠡᠭᠡᠭᠰᠢᠯᠡᠪᠡ᠃ ᠴᠠᠩ ᠡᠸ᠋ ᠲᠠᠪᠤᠳᠤᠭᠠᠷ ᠪᠤᠴᠠᠭᠤᠯᠤᠷ ᠳᠥᠷᠪᠡᠳ ᠬᠤᠰᠢᠭᠤᠨ ᠤ | ᠲᠠᠯ᠎ᠠ ᠨᠤᠲᠤᠭ ᠲᠤ ᠠᠮᠤᠷ ᠲᠦᠪᠰᠢᠨ ᠪᠠᠭᠤᠵᠤ᠂ ᠮᠠᠨ ᠤ ᠬᠤᠲᠠ ᠳᠠᠬᠢᠨᠲᠠ ᠳᠡᠯᠡᠬᠡᠶ ᠶᠢᠨ ᠠᠩᠬᠠᠷᠤᠯ ᠢ ᠲᠠᠲᠠᠭᠰᠠᠨ | ᠥᠯᠵᠡᠶ ᠪᠡᠯᠭᠡᠲᠦ ᠭᠠᠵᠠᠷ ᠪᠣᠯᠪᠠ᠃ | ᠲᠥᠯᠥᠭᠡᠯᠡᠭᠴᠢᠳ ᠡ︕ 2020 ᠣᠨ ᠤ ᠡᠯ᠎ᠡ ᠵᠦᠢᠯ ᠤᠨ ᠠᠵᠢᠯ ᠳᠤ ᠣᠯᠤᠭᠰᠠᠨ ᠲᠣᠪᠤᠶᠢᠮ᠎ᠠ ᠦᠷ᠎ᠡ | ᠪᠦᠲᠦᠮᠵᠢ ᠨᠢ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ | ᠦᠨᠳᠦᠰᠦᠨ ᠳᠡᠭᠡᠨ ᠪᠡᠶᠡᠯᠡᠭᠦᠯᠦᠭᠰᠡᠨ ᠢ ᠬᠠᠷᠠᠭᠤᠯᠵᠤ ᠪᠠᠶᠢᠨ᠎ᠠ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠬᠤᠭᠤᠴᠠᠭᠠᠨ ᠳᠤ᠂ ᠪᠦᠬᠦ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠵᠢᠯ ᠪᠦᠷᠢ | ᠳᠤᠮᠳᠠᠴᠢ ᠪᠠᠷ 5 % ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ | ᠵᠢᠯ ᠪᠦᠷᠢ ᠳᠤᠮᠳᠠᠴᠢ ᠪᠠᠷ 8.4 % ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠰᠤᠯᠠ ᠪᠠᠷ ᠬᠤᠳᠠᠯᠳᠤᠭᠰᠠᠨ | ᠶᠡᠷᠦᠩᠬᠡᠢ ᠲᠤᠭ᠎ᠠ ᠵᠢᠯ ᠪᠦᠷᠢ ᠳᠤᠮᠳᠠᠴᠢ ᠪᠠᠷ 3.7 % ᠨᠡᠮᠡᠭᠳᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠣᠷᠣᠯᠭ᠎ᠠ ᠵᠢᠯ ᠪᠦᠷᠢ ᠳᠤᠮᠳᠠᠴᠢ ᠪᠠᠷ ᠲᠣᠰᠪᠣᠷᠢ 7.1 % ᠪᠠ 8.5 % ᠨᠡᠮᠡᠭᠳᠡᠵᠡᠢ᠃ | ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠲᠡᠦᠬᠡᠲᠦ ᠴᠢᠨᠠᠷᠲᠠᠢ ᠠᠮᠵᠢᠯᠲᠠ ᠤᠯᠪᠠ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ | 10 ᠶᠠᠳᠠᠭᠤ ᠬᠦᠴᠢᠷᠳᠡᠯᠲᠡᠢ ᠬᠤᠰᠢᠭᠤ ᠰᠢᠶᠠᠨ᠂ 750 ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ᠂ 29.1 | ᠲᠦᠮᠡᠨ ᠶᠠᠳᠠᠭᠤ ᠬᠦᠴᠢᠷᠳᠡᠯᠲᠡᠢ ᠬᠥᠮᠦᠨ ᠠᠮᠠ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ | ᠬᠦᠴᠢᠷᠳᠡᠯᠲᠡᠢ ᠭᠠᠵᠠᠷ ᠣᠷᠣᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠢᠯᠡᠳᠲᠡ | ᠰᠠᠶᠢᠵᠢᠷᠠᠭᠤᠯᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠪᠡᠶ᠎ᠡ ᠪᠠᠨ ᠳᠠᠭᠠᠭᠠᠵᠤ ᠶᠠᠳᠠᠭᠤ ᠠᠴᠠ ᠠᠩᠭᠢᠵᠢᠷᠠᠬᠤ | ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠤᠳᠤᠯᠭ᠎ᠠ ᠶᠢ ᠬᠡᠷᠡᠭᠵᠢᠭᠦᠯᠬᠦ ᠳᠤ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠪᠠ᠃ ᠠᠮᠢ ᠠᠬᠤᠶ ᠶᠢᠨ ᠪᠦᠲᠦᠭᠡᠨ | ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠪᠣᠯᠤᠨ ᠨᠤᠲᠤᠭ | ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠡ ᠶᠢᠨ ︽ᠬᠤᠣᠰ ᠳᠡᠭᠡᠭᠰᠢᠯᠡᠯᠲᠡ︾ ᠶᠢ ᠪᠡᠶᠡᠯᠡᠭᠦᠯᠵᠦ᠂ | ᠴᠦᠯᠡᠯᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠲᠠᠯᠠᠪᠠᠶ ︽ᠬᠤᠣᠰ ᠪᠠᠭᠤᠷᠠᠯᠲᠠ︾ ᠶᠢ | ᠪᠡᠶᠡᠯᠡᠭᠦᠯᠵᠦ᠂ ᠣᠶ ᠰᠢᠭᠤᠶ ᠶᠢᠨ ᠴᠡᠴᠡᠷᠯᠢᠭ᠂ ᠨᠤᠭᠤ ᠭᠠᠵᠠᠷ ᠤᠨ ᠴᠡᠴᠡᠷᠯᠢᠭ᠂ ᠭᠠᠵᠠᠷ ᠰᠢᠨᠵᠢᠯᠡᠭᠡᠨ ᠤ ᠴᠡᠴᠡᠷᠯᠢᠭ | ᠵᠡᠷᠭᠡ 14 ᠳᠤ ᠬᠦᠷᠴᠦ᠂ ︽ᠤᠯᠤᠰ ᠤᠨ ᠴᠡᠴᠡᠷᠯᠢᠭ ᠤᠨ ᠬᠤᠲᠠ︾᠂ ︽ᠥᠪᠡᠷᠲᠡᠭᠡᠨ ᠵᠠᠰᠠᠬᠤ ᠣᠷᠣᠨ ᠤ ᠤᠰᠤ | ᠠᠷᠪᠢᠯᠠᠬᠤ ᠮᠠᠶ᠋ᠢᠭ ᠤᠨ ᠬᠤᠲᠠ︾ ᠶᠢ ᠠᠮᠵᠢᠯᠲᠠ ᠲᠠᠢ ᠡᠭᠦᠳᠦᠨ ᠪᠠᠶᠢᠭᠤᠯᠪᠠ᠃ ᠪᠠᠢ ᠴᠢᠤᠸᠠᠨ ᠱᠠᠨ ᠠᠭᠤᠯᠠᠨ ᠤ | ᠠᠮᠢ ᠠᠬᠤᠢ ᠶᠢ ᠰᠡᠷᠭᠦᠭᠡᠬᠦ ᠲᠥᠷᠥᠯ ᠵᠦᠢᠯ ᠨᠢ ︽ᠳᠤᠮᠳᠠᠳᠤ ᠤᠯᠤᠰ ᠤᠨ ᠣᠷᠣᠰᠢᠨ ᠰᠠᠭᠤᠷᠢᠰᠢᠬᠤ ᠣᠷᠴᠢᠨ | ᠲᠣᠭᠤᠷᠢᠨ ᠤ ᠵᠢᠱᠢᠶ᠎ᠡ ᠦᠵᠡᠭᠦᠯᠬᠦ ᠱᠠᠩᠨᠠᠯ︾ ᠢ ᠬᠦᠷᠲᠡᠵᠦ᠂ ᠨᠠᠷᠠᠰᠤᠨ ᠭᠤᠤᠯ ᠤᠨ ᠴᠡᠴᠡᠷᠯᠢᠭ ᠨᠢ ︽ᠤᠯᠤᠰ ᠤᠨ | ᠨᠤᠭᠤ ᠭᠠᠵᠠᠷ ᠤᠨ ᠲᠤᠷᠰᠢᠯᠲᠠ ᠶᠢᠨ ᠴᠡᠴᠡᠷᠯᠢᠭ︾ ᠢᠶᠠᠷ ᠰᠣᠩᠭᠤᠭᠳᠠᠪᠠ᠃ ᠡᠯ᠎ᠡ ᠲᠦᠷᠦᠯ ᠤᠨ ᠮᠥᠩᠭᠦᠨ | ᠭᠦᠢᠯᠭᠡᠭᠡᠨ ᠤ ᠠᠶᠤᠯ ᠲᠦᠭᠰᠢᠭᠦᠷᠢ ᠶᠢ ᠲᠣᠬᠢᠲᠠᠢ ᠰᠢᠢᠳᠪᠦᠷᠢᠯᠡᠵᠦ᠂ ᠠᠮᠤᠷ ᠲᠦᠪᠰᠢᠨ ᠤ ᠪᠠᠶᠢᠭᠤᠯᠤᠯᠲᠠ | ᠦᠷᠭᠦᠯᠵᠢᠯᠡᠨ ᠰᠠᠶᠢᠵᠢᠷᠠᠵᠤ᠂ ᠡᠷᠡᠭᠦᠦ ᠶᠢᠨ ᠬᠡᠷᠡᠭ ᠪᠠ ᠠᠮᠤᠷ ᠢ ᠬᠠᠮᠠᠭᠠᠯᠠᠬᠤ ᠬᠡᠷᠡᠭ ︽ᠠᠷᠪᠠᠨ ᠬᠤᠶᠠᠳᠤᠭᠠᠷ | ᠲᠠᠪᠤᠨ ᠵᠢᠯ︾ ᠤᠨ ᠰᠡᠭᠦᠯᠴᠢ ᠶᠢᠨ ᠦᠶ᠎ᠡ ᠶᠢᠨ ᠬᠢ ᠠᠴᠠ ᠲᠤᠰ ᠲᠤᠰ 25 % ᠪᠠ 20 % ᠪᠠᠷ ᠪᠠᠭᠤᠷᠠᠪᠠ᠃ | ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠢᠯᠡᠳᠲᠡ ᠳᠡᠭᠡᠭᠰᠢᠯᠡᠪᠡ᠃ ᠠᠵᠤ ᠦᠢᠯᠡᠰ ᠤᠨ | ᠪᠦᠲᠦᠴᠡ ᠶᠢ ︽ᠠᠷᠪᠠᠨ ᠬᠤᠶᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯᠴᠢ ᠶᠢᠨ 21.4᠄ 39. | 6᠄ 39 ᠪᠠᠶᠢᠭᠰᠠᠨ ᠠᠴᠠ ᠨᠢ ︽ᠠᠷᠪᠠᠨ ᠭᠤᠷᠪᠠᠳᠤᠭᠠᠷ ᠲᠠᠪᠤᠨ ᠵᠢᠯ︾ ᠶᠢᠨ ᠲᠥᠯᠥᠪᠵᠢᠭᠦᠯᠭᠡ ᠶᠢᠨ | ᠰᠡᠭᠦᠯᠴᠢ ᠶᠢᠨ 17.4᠄ 39.6᠄ 43 ᠪᠣᠯᠭᠠᠨ ᠲᠣᠬᠢᠷᠠᠭᠤᠯᠪᠠ᠃ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠤᠨ ᠲᠤᠭ᠎ᠠ ᠬᠡᠮᠵᠢᠶ᠎ᠡ ᠵᠢᠯ ᠳᠤᠮᠳᠠᠴᠢ ᠪᠠᠷ 41.7 % ᠨᠡᠮᠡᠭᠳᠡᠪᠡ᠃ ᠪᠡᠭᠡᠵᠢᠩ ᠳᠤ ᠰᠢᠭᠤᠳ ᠨᠡᠪᠲᠡᠷᠡᠬᠦ | ︽ᠬᠤᠣᠰ ᠪᠤᠴᠠᠯᠲᠠ ᠵᠠᠮ︾ ᠤᠨ ᠭᠡᠷᠡᠯᠯᠢᠭ ᠳᠡᠭᠡᠰᠦ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠬᠤᠸᠠ | ᠸᠧᠢ᠂ ᠫᠢᠩᠭᠦ᠋ᠸ᠋᠂ ᠺᠤᠸᠠᠢ ᠱᠸᠦ ᠵᠡᠷᠭᠡ 11 ᠳ᠋ᠠᠶᠢᠲ᠋ᠠ ᠶᠢᠨ ᠲᠥᠪ ᠦᠨᠦᠢᠯᠡᠴᠢᠯᠡᠭᠦᠷ ᠤᠨ ᠶᠡᠷᠦᠩᠬᠡᠢ ᠬᠡᠪᠴᠢᠶ᠎ᠡ | 190 ᠲᠦᠮᠡᠨ ᠰᠠᠭᠤᠷᠢ ᠳᠤ ᠬᠦᠷᠴᠦ᠂ ᠲᠤᠮᠤ ᠳ᠋ᠠᠶᠢᠲ᠋ᠠ ᠶᠢᠨ ᠠᠵᠤ ᠦᠢᠯᠡᠰ ᠤᠨ ᠬᠥᠭᠵᠢᠯᠲᠡ ᠲᠦᠷᠦ ᠶᠢᠨ | ᠶᠠᠪᠤᠳᠠᠯ ᠤᠨ ᠬᠤᠷᠢᠶᠠᠨ ᠤ ᠮᠠᠭᠲᠠᠭᠠᠯ ᠰᠠᠶᠢᠰᠢᠶᠠᠯ ᠢ ᠤᠯᠪᠠ᠃ ᠳᠤᠮᠳᠠᠳᠤ ᠧᠦ᠋ᠷᠣᠫᠠ ᠶᠢᠨ ᠵᠢᠱᠢᠶᠠᠨ ᠤ ᠭᠠᠯᠲᠤ | ᠲᠡᠷᠭᠡ ᠨᠡᠶᠢᠲᠡ 376 ᠴᠤᠪᠤᠭ᠎ᠠ ᠠᠶᠠᠯᠠᠵᠤ᠂ ᠪᠦᠬᠦ ᠬᠤᠲᠠ ᠶᠢᠨ ᠭᠠᠳᠠᠭᠠᠳᠤ ᠠᠷᠠᠯᠵᠢᠶᠠᠨ ᠤ ᠣᠷᠣᠭᠤᠯᠤᠯᠲᠠ | ᠭᠠᠷᠭᠠᠯᠲᠠ ᠶᠢᠨ ᠶᠡᠷᠦᠩᠬᠡᠢ ᠬᠡᠮᠵᠢᠶ᠎ᠡ 6 ᠳ᠋ᠦᠩᠰᠢᠭᠤᠷ ᠳ᠋ᠣᠯᠯᠠᠷ ᠲᠤ ᠬᠦᠷᠴᠦ᠂ ︽ᠡᠬᠡ ᠬᠠᠭᠤᠷᠠᠢ ᠶᠢᠨ ᠭᠠᠷᠠᠮ ᠤᠨ | ᠬᠡᠯᠪᠡᠷᠢ ᠶᠢᠨ ᠤᠯᠤᠰ ᠤᠨ ᠪᠠᠷᠠᠭ᠎ᠠ ᠭᠦᠢᠯᠭᠡᠭᠡᠨ ᠤ ᠬᠦᠢᠰᠦ ᠳᠠᠭᠠᠭᠠᠴᠠᠲᠤ ᠬᠤᠲᠠ︾ ᠳᠤ ᠰᠣᠩᠭᠤᠭᠳᠠᠪᠠ᠃ 4A | ᠲᠠᠰ ᠤᠨ ᠦᠵᠡᠮᠵᠢᠲᠦ ᠣᠷᠣᠨ 5 ᠪᠠᠶᠢᠭᠰᠠᠨ ᠠᠴᠠ ᠪᠠᠨ 11 ᠪᠣᠯᠤᠨ ᠨᠡᠮᠡᠭᠳᠡᠵᠦ᠂ ᠵᠢᠭᠤᠯᠴᠢᠳ ᠤᠨ ᠲᠤᠭ᠎ᠠ | ᠪᠣᠯᠤᠨ ᠵᠢᠭᠤᠯᠴᠢᠯᠠᠯ ᠤᠨ ᠣᠷᠣᠯᠭ᠎ᠠ ︽ᠠᠷᠪᠠᠨ ᠬᠤᠶᠠᠳᠤᠭᠠᠷ ᠲᠠᠪᠤᠨ ᠵᠢᠯ︾ ᠤᠨ ᠡᠴᠦᠰ ᠤᠨ ᠬᠢ ᠠᠴᠠ ᠬᠤᠶᠠᠷ | ᠳᠠᠬᠢᠨ ᠨᠡᠮᠡᠭᠳᠡᠵᠡᠶ᠃ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ︽ᠠᠷᠪᠠᠨ ᠬᠤᠶᠠᠳᠤᠭᠠᠷ ᠲᠠᠪᠤᠨ | ᠵᠢᠯ︾ ᠤᠨ ᠰᠡᠭᠦᠯᠴᠢ ᠠᠴᠠ 18 % ᠪᠠᠷ ᠨᠡᠮᠡᠭᠳᠡᠵᠡᠶ᠃ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠦᠷᠢᠶᠡᠯᠡᠩ ᠲᠣᠭᠤᠷᠢᠭ ᠬᠢᠨᠠᠨ ᠰᠢᠯᠭᠠᠯᠲᠠ ᠶᠢ ᠠᠮᠵᠢᠯᠲᠠ ᠲᠠᠢ ᠥᠩᠭᠡᠷᠡᠭᠦᠯᠪᠡ᠃ ᠮᠠᠨ ᠤ ᠬᠤᠲᠠ ︽ | ᠳᠤᠮᠳᠠᠳᠤ ᠤᠯᠤᠰ ᠶᠢᠨ ᠨᠣᠬᠠᠶ ᠶᠢᠨ ᠬᠤᠰᠢᠭᠤ ᠶᠢᠨ ᠲᠥᠪ︾᠂ ︽ᠳᠤᠮᠳᠠᠳᠤ ᠤᠯᠤᠰ ᠶᠢᠨ ᠲᠠᠯ᠎ᠠ ᠨᠤᠲᠤᠭ ᠤᠨ | ᠡᠭᠡᠳᠡᠭᠰᠡᠨ ᠰᠦ ᠶᠢᠨ ᠲᠥᠪ︾ ᠢᠶᠠᠷ ᠦᠨᠡᠯᠡᠭᠳᠡᠪᠡ᠃ | ᠬᠤᠲᠠ ᠬᠥᠳᠡᠭᠡ ᠶᠢᠨ ᠳᠦᠷᠰᠦ ᠪᠠᠶᠢᠳᠠᠯ ᠳᠤ ᠯᠤᠲᠤ ᠶᠡᠭᠡ ᠬᠤᠪᠢᠷᠠᠯᠲᠠ ᠭᠠᠷᠪᠠ᠃ ᠤᠯᠠᠭᠠᠨᠴᠠᠪ ᠤᠨ | ᠨᠢᠰᠬᠡᠯ ᠤᠨ ᠪᠠᠭᠤᠳᠠᠯ ᠢ ᠪᠠᠶᠢᠭᠤᠯᠤᠨ ᠳᠠᠭᠤᠰᠬᠠᠵᠤ ᠠᠶᠠᠯᠠᠯ ᠨᠡᠪᠲᠡᠷᠡᠭᠦᠯᠵᠦ᠂ ᠪᠡᠭᠡᠵᠢᠩ ᠬᠥᠬᠡᠬᠤᠲᠠ ᠶᠢᠨ | ᠲᠦᠷᠭᠡᠨ ᠤ ᠲᠡᠮᠦᠷ ᠵᠠᠮ ᠨᠡᠪᠲᠡᠷᠡᠵᠦ ᠡᠵᠡᠩᠨᠡᠨ ᠵᠥᠭᠡᠭᠡᠪᠦᠷᠢᠯᠡᠵᠦ ᠡᠬᠢᠯᠡᠪᠡ᠃ ᠭᠠᠴᠠᠭ᠎ᠠ ᠲᠣᠰᠬᠤᠨ ᠳᠤ | ᠠᠶᠠᠨᠴᠢᠳ ᠤᠨ ᠲᠡᠷᠭᠡ ᠪᠠ ᠵᠠᠮ ᠤᠨ ᠬᠠᠲᠠᠭᠤᠷᠠᠭᠤᠯᠤᠯᠲᠠ ︽ᠬᠤᠶᠠᠷ ᠢ ᠨᠡᠪᠲᠡᠷᠡᠭᠦᠯᠬᠦ︾ ᠶᠢ ᠪᠡᠶᠡᠯᠡᠭᠦᠯᠵᠦ᠂ ᠴᠠᠬᠠᠷ | ᠪᠠᠷᠠᠭᠤᠨ ᠭᠠᠷᠤᠨ ᠡᠮᠦᠨᠡᠲᠦ ᠬᠤᠰᠢᠭᠤ ᠶᠢ ᠥᠪᠡᠷᠲᠡᠭᠡᠨ ᠵᠠᠰᠠᠬᠤ ᠣᠷᠣᠨ ᠤ ︽ᠳᠥᠷᠪᠡᠨ ᠰᠠᠶᠢᠲᠠᠢ ᠬᠥᠳᠡᠭᠡ | ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠬᠤᠰᠢᠭᠤ ᠰᠢᠶᠠᠨ ᠳᠤ ᠣᠷᠣᠭᠤᠯᠪᠠ᠃ ᠲᠥᠪ ᠬᠤᠲᠠ ᠶᠢᠨ | ᠲᠣᠭᠤᠷᠢᠭ ᠪᠦᠬᠦᠨ ᠢᠶᠠᠷ ᠢᠶᠠᠨ ᠴᠠᠬᠢᠯᠭᠠᠨ ᠬᠥᠳᠡᠯᠭᠡᠭᠦᠷᠲᠦ ᠨᠡᠶᠢᠲᠡ ᠶᠢᠨ ᠮᠠᠰᠢᠨ ᠲᠡᠷᠭᠡ ᠪᠠᠷ ᠰᠣᠯᠢᠪᠠ᠃ ᠳᠥᠭᠦᠮ | ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ 7.7 ᠲᠦᠮᠡᠨ ᠢᠵᠢ ᠥᠭᠡᠷᠡᠴᠢᠯᠡᠨ ᠰᠢᠨᠡᠳᠬᠡᠵᠦ᠂ 20 ᠲᠦᠮᠡᠨ | ᠰᠠᠭᠤᠭᠠᠯᠢ ᠠᠷᠠᠳ ︽ᠳᠥᠭᠦᠮ ᠪᠦᠲᠦᠴᠡᠲᠦ ᠣᠷᠣᠨ ᠰᠠᠭᠤᠴᠠ ᠠᠴᠠ ᠭᠠᠷᠴᠤ ᠠᠰᠠᠷ ᠲᠤ ᠣᠷᠤᠵᠤ︾ ᠣᠷᠣᠨ | ᠰᠠᠭᠤᠴᠠ ᠶᠢᠨ ᠨᠥᠬᠦᠴᠡᠯ ᠢᠶᠠᠨ ᠰᠠᠶᠢᠵᠢᠷᠠᠭᠤᠯᠵᠤ᠂ ᠮᠠᠨ ᠤ ᠬᠤᠲᠠ ︽ᠪᠦᠬᠦ ᠤᠯᠤᠰ ᠤᠨ ᠳᠥᠭᠦᠮ ᠪᠦᠲᠦᠴᠡᠲᠦ | ᠣᠷᠣᠨ ᠰᠠᠭᠤᠴᠠ ᠶᠢ ᠥᠭᠡᠷᠡᠴᠢᠯᠡᠨ ᠰᠢᠨᠡᠳᠬᠡᠬᠦ ᠶᠢ ᠵᠣᠷᠢᠭᠵᠢᠭᠤᠯᠤᠨ ᠳᠡᠮᠵᠢᠭᠰᠡᠨ ᠬᠤᠲᠠ︾ ᠪᠠᠷ ᠦᠨᠡᠯᠡᠭᠳᠡᠪᠡ᠃ | ᠰᠢᠩ ᠾᠧ ᠰᠢᠶᠠᠨ ᠤ ᠲᠠᠷᠢᠶᠠᠯᠠᠬᠤ ᠮᠠᠯᠵᠢᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ | ᠰᠢᠨᠡᠳᠬᠡᠨ ᠵᠠᠰᠠᠬᠤ ᠠᠵᠢᠯ ᠲᠥᠷᠥ ᠶᠢᠨ ᠶᠠᠪᠤᠳᠠᠯ ᠤᠨ ᠬᠤᠷᠢᠶᠠᠨ ᠤ ᠰᠠᠶᠢᠰᠢᠶᠠᠯ ᠢ ᠬᠦᠷᠲᠡᠪᠡ᠃ ᠪᠦᠬᠦ ᠬᠤᠲᠠ ᠶᠢᠨ | ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ 47 % ᠪᠠᠶᠢᠭᠰᠠᠨ ᠠᠴᠠ ᠪᠠᠨ | 55% ᠪᠣᠯᠤᠨ ᠳᠡᠭᠡᠭᠰᠢᠯᠡᠵᠦ᠂ ᠭᠤᠣᠯ ᠬᠤᠲᠠ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠠᠯᠠᠪᠠᠢ 57 | ᠲᠡᠭᠰᠢ ᠳᠥᠷᠪᠡᠯᠵᠢᠨ ᠺᠢᠯᠣᠮᠧᠲᠷ ᠪᠠᠶᠢᠭᠰᠠᠨ ᠠᠴᠠ ᠪᠠᠨ 85 ᠲᠡᠭᠰᠢ ᠳᠥᠷᠪᠡᠯᠵᠢᠨ ᠺᠢᠯᠣᠮᠧᠲᠷ ᠪᠣᠯᠤᠨ ᠥᠷᠭᠡᠳᠪᠡ᠃ | | ᠠᠷᠠᠳ ᠤᠨ ᠠᠮᠢᠳᠤᠷᠠᠯ ᠤᠨ ᠠᠵᠠ ᠵᠢᠷᠭᠠᠯ ᠦᠷᠭᠦᠯᠵᠢᠯᠡᠨ ᠰᠠᠶᠢᠵᠢᠷᠠᠪᠠ᠃ ᠦᠨᠳᠦᠰᠦᠨ ᠡᠮᠨᠡᠯᠭᠡ ᠶᠢᠨ | ᠳᠠᠭᠠᠳᠬᠠᠯ ᠪᠠ ᠬᠤᠲᠠ ᠬᠥᠳᠡᠭᠡ ᠶᠢᠨ ᠡᠮᠨᠡᠯᠭᠡ ᠶᠢᠨ ᠠᠪᠤᠷᠠᠨ ᠲᠤᠰᠠᠯᠠᠯᠲᠠ ᠶᠢ ᠬᠤᠲᠠ ᠶᠢᠨ ᠱᠠᠲᠤ ᠨᠢᠭᠡᠳᠦᠯᠲᠡᠶ | ᠲᠥᠯᠥᠪᠯᠡᠬᠦ ᠶᠢ ᠪᠡᠶᠡᠯᠡᠭᠦᠯᠵᠦ᠂ ᠪᠣᠶ ᠪᠥᠬᠦᠶ ᠬᠤᠰᠢᠭᠤ ᠰᠢᠶᠠᠨ ᠤ ᠱᠠᠲᠤᠨ ᠤ ᠶᠡᠷᠦᠩᠬᠡᠶᠢᠯᠡᠭᠰᠡᠨ ᠡᠮᠨᠡᠯᠭᠡ ᠶᠢᠨ | ᠪᠠᠶᠢᠭᠤᠯᠤᠮᠵᠢ ᠴᠥᠮ ᠬᠤᠶᠠᠳᠤᠭᠠᠷ ᠳᠡᠰ ᠠᠴᠠ ᠳᠡᠭᠡᠭᠰᠢᠬᠢ ᠡᠮᠨᠡᠯᠭᠡ ᠶᠢᠨ ᠬᠤᠷᠢᠶᠠᠨ ᠤ ᠪᠠᠷᠢᠮᠵᠢᠶ᠎ᠠ ᠳᠤ ᠬᠦᠷᠴᠦ᠂ | ᠮᠠᠨ ᠤ ᠬᠤᠲᠠ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠠᠮᠵᠢᠯᠲᠠ ᠲᠠᠢ ᠪᠠᠷ ᠡᠭᠦᠳᠦᠨ ᠪᠠᠶᠢᠭᠤᠯᠪᠠ᠃ | ᠨᠡᠶᠢᠭᠡᠮ ᠤᠨ ᠳᠠᠭᠠᠳᠬᠠᠯ᠂ ᠨᠡᠶᠢᠭᠡᠮ ᠤᠨ ᠠᠪᠤᠷᠠᠨ ᠲᠤᠰᠠᠯᠠᠯᠲᠠ᠂ ᠨᠡᠶᠢᠭᠡᠮ ᠤᠨ ᠠᠰᠠᠷᠠᠮᠵᠢ ᠶᠢᠨ ᠦᠢᠯᠡᠰ ᠤᠨ | ᠬᠥᠭᠵᠢᠯᠲᠡ ᠶᠢᠨ ᠬᠢᠷᠢ ᠲᠦᠪᠰᠢᠨ ᠵᠢᠯ ᠳᠠᠷᠠᠭᠠᠯᠠᠨ ᠳᠡᠭᠡᠭᠰᠢᠯᠡᠪᠡ᠃ ᠡᠯ᠎ᠡ ᠬᠤᠰᠢᠭᠤ ᠰᠢᠶᠠᠨ ᠬᠤᠲᠠ ᠲᠣᠭᠤᠷᠢᠭ | ᠴᠥᠮ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢᠨ ᠰᠢᠯᠭᠠᠨ | ᠪᠠᠶᠢᠴᠠᠭᠠᠯᠲᠠ ᠳᠤ ᠬᠢᠷᠢ ᠲᠡᠩᠴᠡᠵᠦ᠂ ︽ᠰᠣᠷᠣᠭᠴᠢ ᠶᠢᠨ ᠲᠤᠭ᠎ᠠ ᠬᠡᠲᠦᠷᠡᠭᠰᠡᠨ ᠠᠩᠭᠢ︾ ᠶᠢᠨ ᠠᠰᠠᠭᠤᠳᠠᠯ ᠢ | ᠪᠦᠲᠦᠮᠵᠢᠲᠡᠶ ᠰᠢᠶᠳᠪᠦᠷᠢᠯᠡᠪᠡ᠃ ᠬᠤᠲᠠ ᠶᠢᠨ ᠮᠦᠽᠧᠶ᠂ ᠤᠮᠪᠠᠯᠲᠠ ᠶᠢᠨ ᠣᠷᠳᠣᠨ᠂ ᠨᠣᠮ ᠤᠨ ᠰᠠᠩ ᠵᠡᠷᠭᠡ | ᠣᠯᠠᠨ ᠨᠡᠶᠢᠲᠡ ᠶᠢᠨ ᠦᠶᠯᠡᠴᠢᠯᠡᠭᠡᠨ ᠤ ᠲᠥᠬᠦᠭᠡᠷᠦᠮᠵᠢ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠭᠠᠴᠠᠭ᠎ᠠ | ᠲᠣᠰᠬᠤᠨ ᠤ ᠰᠣᠶᠣᠯ ᠤᠨ ᠥᠷᠥᠭᠡ᠂ ᠪᠡᠶ᠎ᠡ ᠴᠢᠭᠢᠷᠠᠭᠵᠢᠭᠤᠯᠬᠤ ᠵᠠᠮ ᠤᠨ ᠥᠪᠴᠢ ᠪᠥᠷᠬᠦᠯᠲᠡ ᠶᠢ ᠪᠡᠶᠡᠯᠡᠭᠦᠯᠪᠡ᠃ | ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠦᠶᠯᠡᠴᠢᠯᠡᠭᠡᠨ ᠤ ᠬᠤᠷᠳᠤᠴᠠ ᠶᠢ | ᠲᠦᠷᠭᠡᠳᠬᠡᠨ ᠦᠷ᠎ᠡ ᠠᠰᠢᠭ ᠢ ᠨᠡᠮᠡᠭᠳᠡᠭᠦᠯᠵᠦ᠂ ᠠᠵᠤ ᠠᠬᠤᠶᠢᠯᠠᠯ ᠤᠨ ᠡᠷᠬᠢᠯᠡᠨ ᠨᠡᠬᠡᠭᠡᠬᠦ ᠴᠠᠭ ᠪᠠ ᠥᠯᠥ ᠬᠥᠳᠡᠯᠬᠦ | ᠬᠥᠷᠥᠩᠭᠡ ᠶᠢᠨ ᠳᠡᠩᠰᠡᠯᠡᠨ ᠲᠡᠮᠳᠡᠭᠯᠡᠬᠦ ᠴᠠᠭ ᠢ ᠲᠣᠰ ᠲᠣᠰ ᠪᠣᠭᠤᠨᠢᠰᠬᠠᠭᠠᠳ 3 ᠪᠠ 5 ᠠᠵᠢᠯᠯᠠᠬᠤ ᠡᠳᠦᠷ ᠤᠨ | ᠳᠣᠲᠤᠷ᠎ᠠ ᠳᠠᠭᠤᠰᠬᠠᠬᠤ ᠪᠣᠯᠭᠠᠵᠤ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠳᠤ ᠬᠢᠨᠠᠨ | ᠵᠥᠪᠰᠢᠶᠡᠷᠡᠬᠦ ᠴᠠᠭ ᠢ ᠪᠣᠭᠤᠨᠢᠰᠬᠠᠭᠠᠳ90 ᠠᠵᠢᠯᠯᠠᠬᠤ ᠡᠳᠦᠷ ᠤᠨ ᠳᠣᠲᠤᠷ᠎ᠠ ᠳᠠᠭᠤᠰᠬᠠᠬᠤ ᠪᠠᠷ ᠪᠣᠯᠭᠠᠪᠠ᠃ | ᠢᠨᠲ᠋ᠧᠷ ᠰᠦᠯᠵᠢᠶ᠎ᠡ ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠢ ᠠᠰᠢᠭᠯᠠᠯᠲᠠ ᠳᠤ ᠣᠷᠣᠭᠤᠯᠤᠨ | ᠠᠵᠢᠯᠯᠠᠭᠤᠯᠵᠤ᠂ ᠦᠶᠯᠡᠴᠢᠯᠡᠭᠡᠨ ᠤ ᠵᠦᠶᠯᠡᠰ ᠢ ᠰᠦᠯᠵᠢᠶ᠎ᠡ ᠪᠠᠷ ᠭᠦᠶᠴᠡᠳᠬᠡᠵᠦ ᠪᠣᠯᠬᠤ ᠨᠣᠷᠮ᠎ᠠ ᠶᠢᠨ90 % ᠠᠴᠠ | ᠳᠡᠭᠡᠭᠰᠢ ᠳᠤ ᠬᠦᠷᠦᠭᠦᠯᠪᠡ᠃ 12345 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠠᠯᠠᠮᠰᠢᠯ ᠤᠲᠠᠰᠤ ᠶᠢ | ᠬᠤᠲᠠ ᠶᠢᠨ ᠬᠡᠪᠴᠢᠶᠡᠨ ᠳᠤ ᠥᠪᠴᠢ ᠪᠥᠷᠬᠦᠭᠦᠯᠬᠦ ᠶᠢ ᠪᠡᠶᠡᠯᠡᠭᠦᠯᠪᠡ᠃ ᠬᠥᠬᠡᠬᠤᠲᠠ ᠪᠤᠭᠤᠲᠤ ᠣᠷᠳᠣᠰ | ᠤᠯᠠᠭᠠᠨᠴᠠᠪ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ 31 ᠵᠦᠶᠯ ᠢ ᠣᠨᠳᠣᠤ ᠭᠠᠵᠠᠷ ᠲᠤ ᠭᠦᠶᠴᠡᠳᠬᠡᠵᠦ | ᠪᠣᠯᠬᠤ ᠶᠢ ᠪᠡᠶᠡᠯᠡᠭᠦᠯᠪᠡ᠃ | ᠲᠥᠯᠥᠭᠡᠯᠡᠭᠴᠢᠳ ᠡ︕ ᠪᠦᠬᠦ ᠬᠤᠲᠠ ᠶᠢᠨ ᠬᠠᠮᠲᠤ ᠶᠢᠨ ᠴᠢᠷᠮᠠᠶᠢᠯᠭ᠎ᠠ ᠪᠠᠷ ᠳᠠᠮᠵᠢᠨ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠴᠢᠨᠠᠷᠲᠠᠢ ᠠᠮᠵᠢᠯᠲᠠ ᠣᠯᠵᠤ᠂ ᠪᠢᠳᠡᠨ ᠤ ᠨᠡᠶᠢᠭᠡᠮ | ᠵᠢᠷᠤᠮ ᠤᠨ ᠣᠳᠣᠬᠢᠴᠢᠯᠠᠯᠲᠠ ᠶᠢᠨ ᠰᠢᠨ᠎ᠡ ᠠᠶᠠᠨ ᠢ ᠡᠬᠢᠯᠡᠭᠦᠯᠬᠦ ᠳᠤ ᠴᠢᠬᠤᠯᠠ ᠰᠠᠭᠤᠷᠢ ᠲᠠᠯᠪᠢᠵᠤ ᠥᠭᠴᠡᠢ᠃ | ᠮᠠᠨ ᠤ ᠣᠯᠤᠭᠰᠠᠨ ᠠᠮᠵᠢᠯᠲᠠ ᠨᠢᠭᠡᠪᠦᠷᠢ ᠪᠣᠯ ᠴᠥᠮ ᠨᠠᠮ ᠤᠨ ᠲᠥᠪ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠪᠦᠬᠦ ᠬᠤᠲᠠ ᠶᠢᠨ ᠦᠨᠳᠦᠰᠦᠲᠡᠨ ᠨᠦᠭᠦᠳ ᠤᠨ ᠺᠠᠳ᠋ᠷ ᠣᠯᠠᠨ | ᠲᠦᠮᠡᠨ ᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ︕ ᠠᠳᠡ ᠪᠢ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠡᠮᠦᠨ᠎ᠡ ᠠᠴᠠ ᠤᠯᠠᠭᠠᠨᠴᠠᠪ ᠤᠨ ᠬᠥᠭᠵᠢᠯᠲᠡ ᠶᠢ ᠬᠠᠯᠠᠮᠵᠢᠯᠠᠵᠤ᠂ ᠳᠡᠮᠵᠢᠭᠰᠡᠨ ᠪᠠ ᠣᠷᠣᠯᠴᠠᠭᠰᠠᠨ ᠪᠤᠢ | ᠪᠦᠬᠦᠢ ᠨᠥᠬᠦᠳ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ | ᠳᠡᠭᠡᠳᠦ ᠬᠦᠨᠳᠦᠳᠬᠡᠯ ᠢᠶᠠᠨ ᠳᠡᠪᠰᠢᠭᠦᠯᠵᠦ ᠪᠠᠶᠢᠨ᠎ᠠ︕ | ᠠᠮᠵᠢᠯᠲᠠ ᠪᠠᠨ ᠣᠯᠵᠤ ᠬᠠᠷᠠᠬᠤ ᠶᠢᠨ ᠳᠠᠭᠠᠤ ᠪᠠᠰᠠ ᠮᠠᠨ ᠤ ᠬᠤᠲᠠ ᠶᠢᠨ ᠬᠥᠭᠵᠢᠯᠲᠡ ᠳᠤ ᠮᠥᠨ ᠬᠦ ᠴᠥᠭᠡᠨ | ᠪᠤᠰᠤ ᠬᠦᠴᠢᠷᠳᠡᠯ ᠪᠠ ᠠᠰᠠᠭᠤᠳᠠᠯ ᠣᠷᠣᠰᠢᠵᠤ ᠪᠠᠶᠢᠬᠤ ᠶᠢ ᠰᠡᠷᠭᠡᠭ ᠢᠶᠠᠷ ᠲᠠᠨᠢᠵᠤ ᠣᠯᠪᠠ᠂ ᠭᠤᠤᠯᠳᠠᠭᠤ᠄ | ᠬᠢᠵᠢᠭ ᠤᠨ ᠳᠠᠭᠠᠷᠢᠯᠲᠠ ᠠᠴᠠ ᠪᠣᠯᠤᠭᠰᠠᠨ ᠡᠯ᠎ᠡ ᠲᠥᠷᠥᠯ ᠤᠨ ᠤᠯᠠᠷᠢᠨ ᠡᠭᠦᠰᠬᠦ ᠲᠦᠭᠰᠢᠭᠦᠷᠢ ᠶᠢ ᠤᠮᠳᠤᠭᠠᠶᠢᠯᠠᠵᠤ | ᠪᠣᠯᠬᠤ ᠦᠭᠡᠢ᠂ ᠠᠵᠤ ᠠᠬᠤᠶ ᠶᠢᠨ ᠬᠥᠭᠵᠢᠯᠲᠡ ᠳᠤ ᠲᠤᠯᠭᠠᠷᠠᠵᠤ ᠪᠠᠶᠢᠭ᠎ᠠ ᠲᠣᠭᠲᠠᠪᠤᠷᠢ ᠦᠭᠡᠢ ᠬᠦᠴᠦᠨ ᠵᠦᠶᠯ | ᠨᠡᠮᠡᠭᠳᠡᠵᠦ ᠪᠠᠶᠢᠨ᠎ᠠ︔ ᠠᠵᠤ ᠦᠢᠯᠡᠰ ᠤᠨ ᠬᠥᠭᠵᠢᠯᠲᠡ ᠶᠢᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠥᠨᠳᠥᠷ ᠪᠤᠰᠤ | ᠪᠠᠶᠢᠵᠤ᠂ ᠬᠥᠭᠵᠢᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠡᠭᠦᠷᠭᠡ ᠬᠠᠲᠠᠭᠤ ᠪᠡᠷᠬᠡ ᠪᠠᠶᠢᠭᠰᠠᠭᠠᠷ︔ ᠠᠮᠢ | ᠠᠬᠤᠶ ᠶᠢᠨ ᠣᠷᠴᠢᠨ ᠲᠣᠭᠤᠷᠢᠨ ᠮᠥᠨ ᠬᠦ ᠬᠡᠪᠡᠷᠡᠭ ᠪᠠᠶᠢᠵᠤ᠂ ᠡᠨᠧᠷᠭᠢ ᠶᠢᠨ ᠬᠤᠷᠤᠭᠳᠠᠯ ᠤᠨ ᠶᠡᠷᠦᠩᠬᠡᠶ ᠬᠡᠮᠵᠢᠶ᠎ᠡ | ᠪᠠ ᠬᠦᠴᠦᠯᠡᠴᠡ ᠶᠢ ᠡᠵᠡᠮᠳᠡᠬᠦ ᠬᠠᠷᠠᠯᠲᠠ ᠪᠠᠨ ᠪᠡᠶᠡᠯᠡᠭᠦᠯᠦᠭᠡᠳᠦᠶ ᠪᠠᠶᠢᠭᠰᠠᠭᠠᠷ︔ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠤᠨ ᠶᠠᠰᠤ ᠴᠢᠨᠠᠷ ᠳᠣᠣᠷ᠎ᠠ᠂ ᠡᠯᠧᠮᠧᠨ᠋ᠲ ᠤᠨ ᠪᠠᠲᠤᠯᠠᠭ᠎ᠠ ᠬᠦᠴᠢᠷᠲᠡᠢ᠂ ᠲᠥᠷᠥᠯ | ᠵᠦᠢᠯ ᠦᠨᠨᠠᠶᠢᠳᠠᠪᠤᠷᠢᠵᠢᠭᠤᠯᠤᠯᠲᠠ ᠬᠦᠴᠢᠷᠲᠡᠢ ᠪᠠᠶᠢᠬᠤ ᠵᠡᠷᠭᠡ ᠠᠰᠠᠭᠤᠳᠠᠯ ᠨᠡᠯᠢᠶᠡᠳ ᠲᠤᠪᠤᠶᠢᠢᠮ᠎ᠠ ᠪᠠᠶᠢᠨ᠎ᠠ︔ | ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠬᠦᠷᠦᠯᠴᠡᠬᠦ ᠦᠭᠡᠢ᠂ ᠤᠯᠠᠨ ᠲᠦᠮᠡᠨ ᠤ ︽ ᠪᠠᠴᠢᠮᠳᠠᠭᠰᠠᠨ | ᠪᠡᠷᠬᠡᠳᠡᠭᠰᠡᠨ ᠵᠣᠪᠠᠨᠢᠭᠰᠠᠨ ᠬᠦᠰᠡᠭᠰᠡᠨ︾ ᠠᠰᠠᠭᠤᠳᠠᠯ ᠪᠠᠰᠠ ᠰᠠᠶᠢᠲᠤᠷ ᠰᠢᠢᠳᠪᠦᠷᠢᠯᠡᠭᠳᠡᠭᠡᠳᠦᠢ ᠪᠠᠶᠢᠨ᠎ᠠ︔ | ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ | ᠬᠦᠷᠦᠯᠴᠡᠬᠦ ᠦᠭᠡᠢ ᠪᠠᠶᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠳᠤ ᠪᠠᠰᠠ ᠮᠠᠰᠢ ᠤᠯᠠᠨ ᠠᠵᠢᠯ ᠢ ᠬᠢᠬᠦ ᠴᠢᠬᠤᠯᠠᠲᠠᠢ ᠪᠠᠶᠢᠨ᠎ᠠ᠃ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠪᠣᠯ ᠳᠠᠷᠤᠢ ᠴᠢᠷᠮᠠᠶᠢᠬᠤ ᠴᠢᠭᠯᠡᠯ ᠮᠥᠨ᠂ ᠪᠢᠳᠡ ᠳᠤᠲᠠᠭᠤᠳᠠᠯ ᠢᠶᠠᠨ ᠬᠦᠴᠦᠯᠡᠨ ᠨᠥᠬᠦᠪᠥᠷᠢᠯᠡᠵᠦ᠂ | ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠬᠥᠭᠵᠢᠯᠲᠡ ᠶᠢ ᠠᠳᠬᠤᠬᠤ᠂ ᠠᠷᠠᠳ ᠤᠨ ᠠᠮᠢᠳᠤᠷᠠᠯ ᠳᠤ ᠠᠰᠢᠭ | ᠬᠦᠷᠲᠡᠭᠡᠬᠦ ᠴᠢᠳᠠᠪᠤᠷᠢ ᠪᠠ ᠪᠣᠳᠠᠲᠠᠢ ᠦᠷ᠎ᠡ ᠪᠦᠲᠦᠮᠵᠢ ᠭᠠᠷᠭᠠᠬᠤ ᠪᠠᠨ ᠦᠨᠡᠨ ᠬᠦ ᠳᠡᠭᠡᠭᠰᠢᠯᠡᠭᠦᠯᠦᠨ᠎ᠡ᠃ | ᠬᠤᠶᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠡᠭᠦᠷᠭᠡ | ᠬᠤᠲᠠ ᠶᠢᠨ ᠨᠠᠮ ᠤᠨ ᠬᠤᠷᠢᠶᠠᠨ ᠤ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ | ᠬᠠᠷᠠᠯᠲᠠ ᠶᠢ ᠲᠣᠭᠲᠠᠭᠠᠬᠤ ᠲᠤᠬᠠᠶ ᠰᠠᠨᠠᠭᠤᠯᠭ᠎ᠠ︾ ᠶᠢ ᠦᠨᠳᠦᠰᠦᠯᠡᠨ᠂ ᠪᠢᠳᠡ ︽ᠤᠯᠠᠭᠠᠨᠴᠠᠪ ᠬᠤᠲᠠ ᠶᠢᠨ | ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ︵ᠲᠥᠰᠦᠯ︶︾ ᠶᠢ | ᠨᠠᠶᠢᠷᠠᠭᠤᠯᠤᠨ ᠵᠣᠬᠢᠶᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠶᠢ ᠲᠣᠳᠣᠷᠬᠠᠶᠢᠯᠠᠵᠤ᠂ ᠠᠯᠢ ᠣᠯᠠᠨ ᠭᠤᠤᠯᠳᠠᠯᠭ᠎ᠠ ᠲᠠᠢ ᠡᠭᠦᠷᠭᠡ | ᠪᠠ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠤᠷᠠᠳᠴᠤ᠂ ᠲᠣᠰ ᠤᠳᠠᠭ᠎ᠠ ᠶᠢᠨ ᠶᠡᠭᠡ ᠬᠤᠷᠠᠯ ᠳᠤ ᠬᠢᠨᠠᠨ | ᠵᠥᠪᠯᠡᠭᠦᠯᠬᠦ ᠪᠠᠷ ᠳᠡᠪᠰᠢᠭᠦᠯᠪᠡ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠡᠯ᠎ᠡ ᠲᠥᠷᠥᠯ ᠤᠨ ᠠᠵᠢᠯ ᠢᠶᠠᠨ ᠰᠠᠶᠢᠲᠤᠷ | ᠠᠳᠬᠤᠬᠤ ᠳᠤ᠂ ᠪᠢᠳᠡ ᠭᠤᠷᠪᠠᠨ ᠲᠠᠯ᠎ᠠ ᠶᠢᠨ ᠵᠠᠷᠴᠢᠮᠲᠤ ᠴᠢᠨᠠᠷ᠂ ᠴᠢᠭᠯᠡᠯᠲᠦ ᠴᠢᠨᠠᠷ ᠤᠨ ᠱᠠᠭᠠᠷᠳᠠᠯᠭ᠎ᠠ ᠶᠢ ᠪᠠᠲᠤ | ᠡᠵᠡᠮᠳᠡᠬᠦ ᠬᠡᠷᠡᠭᠲᠡᠢ᠄ | ᠨᠢᠭᠡ ᠳᠤ᠂ ᠲᠡᠦᠬᠡ ᠶᠢᠨ ᠠᠵᠠ ᠲᠣᠬᠢᠶᠠᠯ ᠢ ᠠᠮᠵᠢᠵᠤ᠂ ᠰᠢᠨ᠎ᠡ ᠬᠥᠭᠵᠢᠯᠲᠡ ᠶᠢᠨ ᠱᠠᠲᠤᠨ ᠳᠤ ᠢᠳᠡᠪᠬᠢᠲᠡᠢ | ᠵᠣᠬᠢᠴᠠᠨ᠎ᠠ᠃ ᠰᠢᠨ᠎ᠡ ᠬᠥᠭᠵᠢᠯᠲᠡ ᠶᠢᠨ ᠱᠠᠳᠤ ᠪᠣᠯ ᠬᠥᠮᠦᠨ ᠪᠣᠯᠤᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ | ᠣᠷᠣᠰᠢᠬᠤ᠂ ᠴᠢᠨᠠᠷ ᠰᠠᠶᠢᠲᠠᠢ ᠬᠥᠭᠵᠢᠯᠲᠡ ᠶᠢ ᠨᠡᠩ ᠴᠢᠬᠤᠯᠠᠴᠢᠯᠠᠬᠤ ᠱᠠᠳᠤ᠂ ᠬᠥᠮᠦᠨ ᠤ ᠪᠦᠬᠦ ᠲᠠᠯ᠎ᠠ ᠶᠢᠨ | ᠬᠥᠭᠵᠢᠯᠲᠡ ᠶᠢ ᠠᠬᠢᠭᠤᠯᠬᠤ᠂ ᠬᠠᠮᠲᠤ ᠪᠠᠷ ᠴᠢᠨᠡᠭᠡᠯᠢᠭᠵᠢᠬᠦ ᠶᠢ ᠪᠡᠶᠡᠯᠡᠭᠦᠯᠬᠦ ᠱᠠᠳᠤ᠂ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠱᠠᠳᠤ ᠪᠣᠯᠤᠨ᠎ᠠ᠃ ︽ᠪᠠᠷᠠᠭᠤᠨ ᠣᠷᠣᠨ ᠢ | ᠶᠡᠬᠡᠪᠡᠷ ᠨᠡᠭᠡᠭᠡᠨ ᠬᠥᠭᠵᠢᠭᠦᠯᠬᠦ︾ ᠪᠠᠶᠢᠯᠳᠤᠬᠤ ᠪᠣᠳᠣᠯᠭ᠎ᠠ ᠪᠠ ︽ᠨᠢᠭᠡ ᠪᠦᠰᠡ ᠨᠢᠭᠡ ᠵᠠᠮ︾ ᠤᠨ | ᠰᠠᠨᠠᠭᠠᠴᠢᠯᠠᠭ᠎ᠠ ᠶᠢᠨ ᠲᠦᠷᠭᠡᠳᠬᠡᠯ ᠳᠣᠣᠷ᠎ᠠ᠂ ᠮᠠᠨ ᠤ ᠬᠤᠲᠠ ᠶᠢᠨ ᠡᠬᠢ ᠪᠠᠶᠠᠯᠢᠭ ᠤᠨ ᠳᠠᠪᠠᠭᠤᠯᠢᠭ᠂ ᠣᠷᠣᠨ | ᠪᠠᠶᠢᠷᠢᠰᠢᠯ ᠤᠨ ᠳᠠᠪᠠᠭᠤᠯᠢᠭ᠂ ᠡᠯᠧᠮᠧᠨ᠋ᠲ ᠤᠨ ᠥᠪᠡᠷ ᠤᠨ ᠥᠷᠲᠡᠭ ᠵᠡᠷᠭᠡ ᠠᠰᠢᠭᠲᠠᠢ ᠨᠥᠬᠦᠴᠡᠯ ᠤᠯᠠᠮ ᠨᠢᠭᠡ | ᠠᠯᠬᠤᠮ ᠢᠯᠡᠷᠬᠡᠢ ᠪᠣᠯᠵᠤ᠂ ᠣᠷᠣᠨ ᠪᠦᠰᠡ ᠶᠢᠨ ᠲᠠᠲᠠᠬᠤ ᠬᠦᠴᠦᠨ ᠲᠠᠰᠤᠷᠠᠯᠲᠠ ᠦᠭᠡᠢ ᠴᠢᠩᠭᠠᠷᠠᠵᠤ᠂ ᠶᠡᠷᠦᠩᠬᠡᠢ | ᠳᠠᠭᠠᠭᠠᠴᠠ ᠢᠯᠡᠳᠲᠡ ᠳᠡᠭᠡᠭᠰᠢᠯᠡᠵᠦ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠨᠥᠬᠦᠴᠡᠯ ᠨᠠᠩ ᠪᠠᠬᠢᠵᠢᠪᠡ᠃ | ᠪᠢᠳᠡ ᠬᠥᠭᠵᠢᠯᠲᠡ ᠶᠢᠨ ᠶᠡᠭᠡ ᠬᠠᠨᠳᠤᠰᠢ ᠶᠢ ᠲᠣᠳᠣᠷᠬᠠᠢ ᠲᠠᠨᠢᠵᠤ᠂ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ ᠢ | ᠵᠠᠪᠳᠤᠵᠤ᠂ ᠠᠮᠤᠷ ᠲᠦᠪᠰᠢᠨ ᠪᠣᠯᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠬᠠᠷᠠᠯᠲᠠ ᠪᠠᠨ ᠴᠢᠩᠭ᠎ᠠ | ᠠᠳᠬᠤᠵᠤ᠂ ᠨᠢᠭᠡᠳ ᠨᠢᠭᠡ ᠪᠠᠷ ᠬᠢᠵᠦ᠂ ᠵᠢᠯ ᠳᠠᠷᠠᠭᠠᠯᠠᠨ ᠬᠢᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ | ᠬᠠᠮᠲᠤᠳᠬᠠᠵᠤ ᠪᠠᠶᠢᠭᠠᠳ ᠲᠥᠯᠥᠪᠵᠢᠭᠦᠯᠭᠡ ᠶᠢ ᠠᠵᠢᠯᠯᠠᠭ᠎ᠠ ᠪᠣᠯᠭᠠᠨ ᠬᠤᠪᠢᠷᠠᠭᠤᠯᠵᠤ᠂ ᠵᠢᠷᠤᠭ ᠲᠥᠰᠦᠪ ᠢ ᠪᠣᠳᠠᠲᠤ | ᠠᠬᠤᠢ ᠪᠣᠯᠭᠠᠨ ᠬᠤᠪᠢᠷᠠᠭᠤᠯᠬᠤ ᠬᠡᠷᠡᠭᠲᠡᠢ᠃ | ᠬᠤᠶᠠᠷ ᠲᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠭᠦᠨᠵᠡᠭᠡᠢ ᠲᠤᠭᠤᠰᠢᠯᠠᠭᠤᠯᠤᠨ᠎ᠠ᠃ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ | ᠥᠬᠡᠶ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠪᠣᠬᠢᠷᠲᠤᠯ ᠥᠬᠡᠶ ᠠᠵᠤ | ᠠᠬᠤᠶ᠂ ᠲᠣᠭᠠᠴᠢᠯᠠᠭᠰᠠᠨ ᠠᠵᠤ ᠠᠬᠤᠶ᠂ ᠬᠦᠶᠰᠦ ᠠᠵᠤ ᠠᠬᠤᠶ᠂ ᠣᠷᠣᠨ ᠪᠦᠰᠡ ᠶᠢᠨ ᠠᠵᠤ ᠠᠬᠤᠶ ᠪᠣᠯᠤᠨ | ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠬᠤᠯᠪᠣᠭᠠᠯᠠᠨ ᠬᠥᠭᠵᠢᠬᠦ ᠶᠢ ᠠᠬᠢᠭᠤᠯᠤᠨ᠎ᠠ᠃ ᠤᠰᠤᠨ ᠤ ᠡᠬᠢ | ᠪᠠᠶᠠᠯᠢᠭ ᠢ ᠬᠠᠮᠠᠭᠠᠯᠠᠬᠤ᠂ ᠨᠤᠲᠤᠭ ᠪᠡᠯᠴᠢᠭᠡᠷ ᠢ ᠬᠠᠮᠠᠭᠠᠯᠠᠬᠤ ᠪᠠ ᠡᠨᠧᠷᠭᠢ ᠶᠢᠨ ᠬᠤᠷᠣᠭᠳᠠᠯ ᠢ ᠵᠡᠷᠭᠡ ᠪᠠᠷ | ᠬᠤᠷᠢᠭᠯᠠᠬᠤ ︽ᠭᠤᠷᠪᠠᠨ ᠶᠠᠪᠤᠳᠠᠯ︾ ᠢ ᠰᠠᠶᠢᠲᠤᠷ ᠬᠢᠵᠦ᠂ ᠪᠣᠬᠢᠷᠳᠤᠯ ᠦᠭᠡᠢ ᠲᠠᠷᠢᠶᠠᠯᠠᠩ ᠮᠠᠯ ᠠᠵᠤ ᠠᠬᠤᠢ ᠶᠢ | ᠶᠡᠬᠡᠪᠡᠷ ᠬᠥᠭᠵᠢᠭᠦᠯᠵᠦ᠂ ᠤᠯᠠᠮᠵᠢᠯᠠᠯᠲᠤ ᠠᠵᠤ ᠦᠢᠯᠡᠰ ᠤᠨ ᠪᠣᠬᠢᠷᠳᠤᠯ ᠦᠭᠡᠶᠢᠵᠢᠭᠦᠯᠦᠨ ᠳᠡᠰ ᠳᠡᠪᠰᠢᠭᠦᠯᠬᠦ ᠶᠢ | ᠠᠬᠢᠭᠤᠯᠤᠨ᠎ᠠ᠃ ᠠᠵᠤ ᠦᠶᠯᠡᠰ ᠤᠨ ᠬᠡᠯᠪᠡᠷᠢ ᠪᠠᠨ ᠬᠤᠪᠢᠷᠠᠭᠤᠯᠬᠤ ᠳᠤᠮᠳᠠᠬᠢ ᠲᠣᠭᠠᠴᠢᠯᠠᠭᠰᠠᠨ ᠠᠵᠤ ᠠᠬᠤᠶ ᠶᠢᠨ | ᠴᠢᠳᠠᠪᠤᠷᠢ ᠣᠯᠭᠤᠵᠤ ᠬᠥᠲᠥᠯᠥᠨ ᠳᠠᠭᠠᠭᠤᠯᠬᠤ ᠦᠶᠯᠡᠳᠦᠯ ᠢ ᠨᠢ ᠭᠦᠶᠴᠡᠳ ᠪᠠᠳᠠᠷᠠᠭᠤᠯᠵᠤ᠂ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠬᠥᠳᠡᠯᠭᠡᠬᠦ ᠴᠢᠳᠠᠮᠵᠢ ᠶᠢ ᠪᠣᠶ ᠪᠣᠯᠭᠠᠨ᠎ᠠ᠃ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ | ᠭᠠᠳᠠᠭᠰᠢᠯᠠᠭᠤᠯᠬᠤ ᠶᠢ ᠵᠦᠭᠰᠢᠷᠡᠭᠦᠯᠦᠨ ᠨᠠᠮᠳᠠᠭᠠᠬᠤ ᠳᠤ ᠠᠩᠬᠠᠷᠤᠯ ᠢᠶᠠᠨ ᠲᠠᠯᠪᠢᠵᠤ᠂ ᠪᠣᠬᠢᠷᠳᠤᠯ ᠦᠭᠡᠢ ᠪᠠᠷ | ᠴᠠᠬᠢᠯᠭᠠᠨ ᠭᠠᠷᠭᠠᠬᠤ ᠪᠠᠷ ᠭᠤᠣᠯ ᠪᠣᠯᠭᠠᠵᠤ᠂ ︽ᠴᠠᠬᠢᠯᠭᠠᠨ ᠤ ᠰᠤᠷᠪᠤᠯᠵᠢ ᠪᠠ ᠲᠣᠣᠷ ᠳᠠᠭᠠᠭᠠᠴᠠ ᠨᠥᠭᠡᠴᠡ︾ ᠶᠢ | ᠨᠢᠭᠡ ᠴᠤᠭᠴᠠᠵᠢᠭᠤᠯᠤᠭᠰᠠᠨ ᠣᠶᠣᠨᠴᠢᠯᠠᠭᠰᠠᠨ ᠣᠳᠣᠬᠢᠴᠢᠯᠠᠯᠲᠠ ᠶᠢᠨ ᠡᠨᠧᠷᠭᠢ ᠶᠢᠨ ᠰᠢᠰᠲ᠋ᠧᠮ ᠢ ᠲᠦᠷᠭᠡᠳᠬᠡᠨ | ᠪᠦᠷᠢᠳᠦᠭᠦᠯᠦᠨ᠎ᠡ᠃ ᠪᠡᠭᠡᠵᠢᠩ ᠲᠢᠶᠠᠨᠵᠢᠨ ᠾᠧᠪᠸᠢ ᠶᠢᠨ ᠬᠠᠮᠵᠢᠯᠴᠠᠨ ᠬᠥᠭᠵᠢᠬᠦ ᠪᠠ ︽ᠨᠢᠭᠡ ᠪᠦᠰᠡ ᠨᠢᠭᠡ ᠵᠠᠮ︾ | ᠤᠨ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ | ᠣᠷᠣᠯᠴᠠᠵᠤ᠂ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ᠂ ᠡᠷᠡᠭᠦᠯᠵᠢᠯ ᠰᠤᠪᠢᠯᠠᠯᠲᠠ ᠵᠡᠷᠭᠡ ︽ᠵᠣᠯ ᠵᠢᠷᠭᠠᠯᠲᠤ | ᠠᠵᠤ ᠦᠢᠯᠡᠰ︾ ᠢ ᠪᠤᠶᠢᠵᠢᠭᠤᠯᠤᠨ ᠪᠤᠵᠠᠭᠠᠶᠢᠷᠠᠭᠤᠯᠵᠤ᠂ ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ᠂ | ᠬᠥᠬᠡᠬᠤᠲᠠ ᠪᠤᠭᠤᠲᠤ ᠣᠷᠳᠣᠰ ᠤᠯᠠᠭᠠᠨᠴᠠᠪ ᠵᠡᠷᠭᠡ ᠣᠷᠣᠨ ᠪᠦᠰᠡ ᠶᠢᠨ ᠬᠠᠮᠲᠤᠷᠠᠯᠴᠠᠭ᠎ᠠ ᠶᠢᠨ ᠪᠣᠳᠠᠲᠤ | ᠠᠬᠢᠯᠲᠠ ᠲᠠᠢ ᠪᠣᠯᠬᠤ ᠶᠢ ᠠᠬᠢᠭᠤᠯᠤᠨ᠎ᠠ᠃ ᠣᠶᠤᠨ ᠴᠢᠳᠠᠯ ᠢᠶᠠᠨ ᠲᠥᠪᠯᠡᠷᠡᠭᠦᠯᠦᠨ ᠲᠦᠭᠡᠮᠡᠯ ᠬᠠᠷᠠᠭᠠᠯᠵᠠᠯ ᠤᠨ | ᠴᠢᠨᠠᠷᠲᠠᠶ᠂ ᠰᠠᠭᠤᠷᠢ ᠴᠢᠨᠠᠷᠲᠠᠶ ᠠᠷᠠᠳ ᠤᠨ ᠠᠮᠢᠳᠤᠷᠠᠯ ᠤᠨ ᠢᠨᠵᠧᠨᠧᠷᠢᠩ ᠢ ᠰᠠᠶᠢᠲᠤᠷ ᠠᠳᠬᠤᠵᠤ᠂ ᠠᠷᠠᠳ | ᠲᠦᠮᠡᠨ ᠳᠤ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠬᠦ ᠪᠠᠷ ᠴᠢᠷᠮᠠᠶᠢᠨ᠎ᠠ᠃ | ᠭᠤᠷᠪᠠ ᠳᠤ᠂ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠲᠦᠷᠭᠡᠳᠬᠡᠨ ᠪᠠᠶᠢᠭᠤᠯᠤᠨ᠎ᠠ᠃ ︽ᠶᠡᠭᠡ ᠣᠷᠴᠢᠯ︾ ︽ᠬᠤᠣᠰ ᠣᠷᠴᠢᠯ︾ ᠳᠤ ᠰᠠᠨᠠᠭᠠᠴᠢᠯᠠᠭ᠎ᠠ ᠠᠴᠠ ᠪᠠᠨ | ᠠᠭᠤᠰᠤᠯᠴᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠡᠨᠡ ᠬᠦ ᠭᠤᠣᠯ | ᠰᠢᠵᠢᠮ ᠢ ᠴᠢᠩᠭ᠎ᠠ ᠡᠵᠡᠮᠳᠡᠵᠦ᠂ ᠬᠡᠷᠡᠭᠴᠡᠭᠡ ᠶᠢᠨ ᠲᠠᠯ᠎ᠠ ᠶᠢᠨ ᠬᠠᠮᠢᠶᠠᠷᠤᠯᠲᠠ ᠶᠢ ᠴᠢᠬᠤᠯᠠᠴᠢᠯᠠᠵᠤ᠂ ᠦᠢᠯᠡᠳᠪᠦᠷᠢᠯᠡᠯ᠂ | ᠬᠤᠪᠢᠶᠠᠷᠢᠯᠠᠯᠲᠠ᠂ ᠭᠦᠢᠯᠭᠡᠭᠡ᠂ ᠬᠡᠷᠡᠭᠯᠡᠭᠡ ᠶᠢᠨ ᠡᠯ᠎ᠡ ᠭᠤᠭᠴᠤᠭ᠎ᠠ ᠶᠢ ᠨᠡᠪᠲᠡᠷᠡᠭᠦᠯᠵᠦ᠂ ᠥᠨᠳᠥᠷ ᠲᠦᠪᠰᠢᠨ ᠪᠦᠬᠦᠢ | ᠬᠥᠳᠡᠯᠦᠩᠭᠦᠢ ᠲᠡᠩᠴᠡᠭᠦᠷᠢ ᠶᠢ ᠪᠦᠷᠢᠯᠳᠦᠭᠦᠯᠦᠨ᠎ᠡ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ | ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠭᠦᠨ ᠳᠠᠪᠬᠤᠷᠭ᠎ᠠ ᠶᠢᠨ ᠠᠰᠠᠭᠤᠳᠠᠯ ᠢ ᠬᠦᠴᠦᠯᠡᠨ ᠰᠢᠶᠳᠪᠦᠷᠢᠯᠡᠵᠦ᠂ | ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠶᠴᠡᠳᠬᠡᠬᠦ ᠳᠤ ᠰᠦᠯᠵᠢᠶ᠎ᠡ ᠪᠠᠷ ᠬᠤᠳᠠᠯᠳᠤᠨ ᠠᠪᠬᠤ | ᠰᠢᠭ᠋ ᠲᠥᠬᠦᠮ ᠦᠵᠡᠭᠦᠯᠦᠨ᠎ᠡ᠃ ᠳᠣᠲᠣᠭᠠᠳᠤ ᠬᠡᠷᠡᠭᠴᠡᠭᠡ ᠶᠢ ᠤᠯᠠᠮ ᠨᠢᠭᠡ ᠠᠯᠬᠤᠮ ᠥᠷᠭᠡᠳᠬᠡᠵᠦ᠂ ᠰᠠᠭᠤᠭᠠᠯᠢ | ᠠᠷᠠᠳ ᠤᠨ ᠣᠷᠣᠯᠭ᠎ᠠ ᠶᠢᠨ ᠬᠢᠷᠢ ᠬᠡᠮᠵᠢᠶ᠎ᠡ ᠪᠠ ᠬᠡᠷᠡᠭᠯᠡᠭᠡᠨ ᠤ ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ | ᠬᠤᠲᠠ ᠬᠥᠳᠡᠭᠡ ᠶᠢᠨ ᠬᠡᠷᠡᠭᠯᠡᠭᠡ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠵᠠᠰᠠᠯᠲᠠ ᠶᠢᠨ | ᠰᠢᠰᠲ᠋ᠧᠮ ᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠵᠠᠰᠠᠭ ᠤᠨ ᠣᠷᠳᠣᠨ ᠤ ᠵᠠᠰᠠᠯᠲᠠ ᠪᠣᠯᠤᠨ ᠨᠡᠶᠢᠭᠡᠮ ᠤᠨ | ᠵᠣᠬᠢᠴᠠᠭᠤᠯᠭ᠎ᠠ᠂ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠲᠠᠢ ᠰᠠᠶᠢᠨ ᠢᠶᠠᠷ ᠬᠤᠷᠰᠢᠯᠴᠠᠬᠤ ᠶᠢ ᠠᠬᠢᠭᠤᠯᠵᠤ᠂ | ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ | ᠭᠤᠷᠪᠠ᠂ 2021 ᠣᠨ ᠤ ᠠᠵᠢᠯ ᠤᠨ ᠲᠣᠬᠢᠷᠠᠭᠤᠯᠤᠯᠲᠠ | 2021 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ | ᠵᠢᠯ ᠪᠣᠯᠤᠨ᠎ᠠ᠂ ᠪᠢᠳᠡ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠠᠩᠬᠠᠨ ᠤ ᠠᠯᠬᠤᠮ ᠢᠶᠠᠨ | ᠰᠠᠶᠢᠲᠤᠷ ᠠᠯᠬᠤᠵᠤ᠂ ᠰᠢᠨ᠎ᠡ ᠳᠦᠷᠰᠦ ᠪᠠᠶᠢᠳᠠᠯ ᠲᠠᠢ ᠪᠣᠯᠬᠤ ᠬᠡᠷᠡᠭᠲᠡᠶ᠃ ᠬᠤᠲᠠ ᠶᠢᠨ ᠨᠠᠮ ᠤᠨ ᠬᠤᠷᠢᠶᠠᠨ ᠤ | ᠳᠥᠷᠪᠡᠳᠦᠭᠡᠷ ᠬᠤᠭᠤᠴᠠᠭᠠᠨ ᠤ ᠠᠷᠪᠠᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠶ ᠶᠢᠨ | ᠠᠵᠢᠯ ᠤᠨ ᠬᠤᠷᠠᠯ ᠤᠨ ᠶᠡᠷᠦᠩᠬᠡᠶ ᠪᠠᠶᠢᠷᠢᠯᠠᠭᠤᠯᠤᠯᠲᠠ ᠶᠣᠰᠣᠭᠠᠷ᠂ ᠵᠠᠰᠠᠭ ᠤᠨ ᠣᠷᠳᠣᠨ ᠤ ᠠᠵᠢᠯ ᠢ ᠰᠠᠶᠢᠲᠤᠷ | ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ | ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠪᠣᠯᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ | ᠠᠷᠪᠠᠨ ᠭᠤᠷᠪᠠᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠪᠠ | ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ | ᠲᠣᠭᠲᠠᠭᠤᠨ ᠪᠠᠶᠢᠯᠭᠠᠬᠤ ᠶᠢᠨ ᠤᠷᠤᠭᠰᠢᠯᠠᠭᠤᠯᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠨ᠂ | ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠳᠣᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠪᠠᠷ ᠭᠤᠤᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ | ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠦᠨᠳᠦᠰᠦᠨ ᠵᠣᠷᠢᠯᠭ᠎ᠠ | ᠪᠣᠯᠭᠠᠭᠰᠠᠨ᠂ ᠠᠮᠢ ᠠᠬᠤᠶ ᠶᠢ ᠲᠡᠷᠢᠭᠦᠨ ᠳᠤ ᠲᠠᠯᠪᠢᠬᠤ ᠶᠢ ᠭᠤᠶᠢᠪᠢᠰᠢ ᠦᠭᠡᠢ ᠪᠠᠷᠢᠮᠲᠠᠯᠠᠵᠤ᠂ ᠪᠣᠬᠢᠷᠲᠤᠯ ᠦᠭᠡᠢ | ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠪᠠᠷ ᠭᠤᠶᠢᠪᠢᠰᠢ | ᠦᠭᠡᠢ ᠵᠠᠮᠨᠠᠵᠤ᠂ ᠪᠣᠬᠢᠷᠲᠤᠯ ᠦᠭᠡᠢ ᠠᠵᠤ ᠠᠬᠤᠶ᠂ ᠲᠣᠭᠠᠴᠢᠯᠠᠭᠰᠠᠨ ᠠᠵᠤ ᠠᠬᠤᠶ᠂ ᠬᠦᠢᠰᠦ ᠠᠵᠤ ᠠᠬᠤᠶ᠂ | ᠣᠷᠣᠨ ᠪᠦᠰᠡ ᠶᠢᠨ ᠠᠵᠤ ᠠᠬᠤᠶ ᠪᠠ ᠣᠳᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠬᠤᠯᠪᠣᠯᠳᠤᠨ | ᠬᠥᠭᠵᠢᠬᠦ ᠶᠢ ᠠᠬᠢᠭᠤᠯᠵᠤ᠂ ᠡᠬᠡ ᠬᠠᠭᠤᠷᠠᠶ ᠶᠢᠨ ᠭᠠᠷᠠᠮ ᠤᠨ ᠬᠡᠯᠪᠡᠷᠢ ᠶᠢᠨ ᠤᠯᠤᠰ ᠤᠨ ᠪᠠᠷᠠᠭ᠎ᠠ ᠭᠦᠶᠯᠭᠡᠭᠡᠨ ᠤ | ᠬᠦᠶᠰᠦ ᠶᠢᠨ ᠳᠠᠭᠠᠭᠠᠴᠠᠲᠤ ᠬᠤᠲᠠ ᠶᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠵᠤ᠂ ᠥᠨᠳᠥᠷ | ᠪᠠᠷᠢᠮᠵᠢᠶ᠎ᠠ ᠪᠠᠷ ᠪᠣᠭᠤᠮᠲᠠ ᠶᠢᠨ ᠥᠷᠥᠴᠡ ᠭᠠᠵᠠᠷ ᠢ ᠪᠦᠲᠦᠭᠡᠨ ᠪᠠᠶᠢᠭᠤᠯᠵᠤ᠂ ᠬᠥᠬᠡᠬᠤᠲᠠ ᠪᠤᠭᠤᠲᠤ ᠣᠷᠳᠣᠰ | ᠤᠯᠠᠭᠠᠨᠴᠠᠪ ᠤᠨ ᠨᠢᠭᠡ ᠴᠤᠭᠴᠠᠵᠢᠭᠤᠯᠤᠯᠲᠠ ᠶᠢ ᠬᠠᠮᠵᠢᠯᠴᠠᠨ ᠠᠬᠢᠭᠤᠯᠵᠤ᠂ ︽ᠬᠤᠶᠠᠷ ᠬᠠᠯᠬᠠᠪᠴᠢ︾᠂ ︽ᠬᠤᠶᠠᠷ | ᠰᠠᠭᠤᠷᠢᠨ︾᠂ ︽ᠨᠢᠭᠡ ᠪᠠᠬᠢᠯᠡᠯᠲᠡ︾ ᠶᠢ ᠪᠦᠲᠦᠭᠡᠨ ᠪᠠᠶᠢᠭᠤᠯᠬᠤ ᠤᠯᠠᠭᠠᠨᠴᠠᠪ ᠤᠨ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠵᠦ᠂ ᠭᠠᠯ ᠵᠠᠯᠠᠭᠤ᠂ ᠴᠠᠭ ᠤᠨ ᠥᠩᠭᠡᠲᠦ᠂ ᠰᠢᠨ᠎ᠡ ᠶᠢ ᠡᠭᠦᠳᠦᠭᠰᠡᠨ᠂ ᠨᠡᠭᠡᠭᠡᠯᠲᠡ ᠲᠠᠢ | ᠬᠤᠲᠠ ᠶᠢᠨ ᠰᠢᠨ᠎ᠡ ᠨᠡᠷ᠎ᠡ ᠶᠢᠨ ᠬᠠᠭᠤᠳᠠᠰᠤ ᠶᠢ ᠪᠣᠢ ᠪᠣᠯᠭᠠᠵᠤ᠂ ᠰᠢᠯᠢᠳᠡᠭ ᠬᠢᠷᠢ ᠪᠦᠲᠦᠮᠵᠢ ᠪᠠᠷ ᠨᠠᠮ | ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠬᠡᠷᠡᠭᠲᠡᠢ᠃ | ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 7 % ᠣᠷᠴᠢᠮ ᠨᠡᠮᠡᠭᠳᠡᠭᠦᠯᠦᠨ᠎ᠡ︔ 500 ᠲᠦᠮᠡᠨ | ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 16 % ᠣᠷᠴᠢᠮ | ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠢ 6% ᠣᠷᠴᠢᠮ | ᠨᠡᠮᠡᠭᠳᠡᠭᠦᠯᠦᠨ᠎ᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢ ᠲᠣᠰ ᠲᠣᠰ 6 % ᠪᠠ 8 % ᠣᠷᠴᠢᠮ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 8 % ᠣᠷᠴᠢᠮ ᠨᠡᠮᠡᠭᠳᠡᠭᠦᠯᠦᠨ᠎ᠡ︔ ᠬᠤᠲᠠ ᠪᠠᠯᠭᠠᠰᠤᠨ ᠤ | ᠪᠠᠶᠢᠴᠠᠭᠠᠯᠲᠠ ᠳᠠᠬᠢ ᠠᠵᠢᠯ ᠠᠯᠳᠠᠭᠰᠠᠳ ᠤᠨ ᠨᠣᠷᠮ᠎ᠠ ᠶᠢ 4.5 % ᠶᠢᠨ ᠳᠣᠲᠣᠷ᠎ᠠ ᠬᠢᠵᠠᠭᠠᠷᠯᠠᠨ᠎ᠠ︔ ᠨᠢᠭᠡᠴᠢ | GDP ᠳᠠᠬᠢ ᠡᠨᠧᠷᠭᠢ ᠶᠢᠨ ᠬᠤᠷᠤᠭᠳᠠᠯ ᠢ 3.2 % ᠢᠶᠠᠷ ᠪᠠᠭᠤᠷᠠᠭᠤᠯᠵᠤ᠂ ᠭᠤᠣᠯ ᠪᠣᠯᠬᠤ ᠪᠣᠬᠢᠷ ᠪᠣᠳᠠᠰ | ᠭᠠᠳᠠᠭᠰᠢᠯᠠᠭᠤᠯᠬᠤ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠤᠨ᠎ᠠ︔ ᠠᠮᠤ ᠪᠤᠳᠠᠭᠠᠨ ᠤ ᠲᠠᠷᠢᠮᠠᠯ ᠤᠨ ᠲᠠᠯᠠᠪᠠᠢ ᠶᠢ | 690 ᠲᠦᠮᠡᠨ ᠮᠦ ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ | ᠳᠡᠭᠡᠷ᠎ᠡ ᠳᠤᠷᠠᠳᠤᠭᠰᠠᠨ ᠬᠠᠷᠠᠯᠲᠠ ᠡᠭᠦᠷᠭᠡ ᠶᠢᠨ ᠲᠤᠭᠤᠷᠢᠨ ᠳᠤ᠂ ᠨᠠᠢᠮᠠᠨ ᠲᠠᠯ᠎ᠠ ᠶᠢᠨ ᠠᠵᠢᠯ ᠢ | ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ | ︵ᠨᠢᠭᠡ︶ ᠠᠮᠢ ᠠᠬᠤᠶ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠮᠠᠨ ᠤ ᠤᠯᠤᠰ ᠤᠨ ᠤᠮᠠᠷᠠᠲᠤ ᠶᠢᠨ | ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠨ᠎ᠠ | ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ | ᠪᠠᠲᠤ ᠪᠣᠶ ᠪᠣᠯᠭᠠᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠡᠯᠴᠢᠭᠡᠷ ᠡᠯᠡᠰᠦ ᠶᠢ ᠰᠢᠰᠲ᠋ᠧᠮ ᠲᠠᠢ | ᠵᠠᠰᠠᠬᠤ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ | ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠣᠶ ᠰᠢᠭᠤᠶ ᠡᠪᠡᠰᠦ ᠪᠡᠯᠴᠢᠭᠡᠷ ᠤᠨ ᠳᠠᠷᠤᠭ᠎ᠠ ᠶᠢᠨ ᠲᠦᠷᠢᠮ ᠢ ᠪᠥᠬᠦ | ᠲᠠᠯ᠎ᠠ ᠪᠠᠷ ᠬᠡᠷᠡᠭᠵᠢᠭᠦᠯᠵᠦ᠂ ᠲᠠᠰ ᠳᠡᠪᠰᠢᠭᠦᠯᠵᠦ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠪᠥᠬᠦ ᠬᠦᠴᠦᠨ ᠢᠶᠠᠷ ᠰᠠᠶᠢᠲᠤᠷ ᠬᠢᠵᠦ᠂ ᠠᠮᠢ ᠠᠬᠤᠶ ᠶᠢᠨ ᠣᠷᠴᠢᠨ ᠲᠣᠭᠤᠷᠢᠨ ᠦᠷᠭᠦᠯᠵᠢᠯᠡᠨ | ᠰᠠᠶᠢᠵᠢᠷᠠᠬᠤ ᠶᠢ ᠠᠬᠢᠭᠤᠯᠵᠤ᠂ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ | ᠦᠵᠡᠭᠦᠯᠬᠦ ᠬᠤᠲᠠ ᠶᠢ ᠲᠦᠷᠭᠡᠳᠬᠡᠨ ᠪᠠᠶᠢᠭᠤᠯᠤᠨ᠎ᠠ᠃ | ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠨ᠎ᠠ᠃ ︽ᠤᠰᠤ ᠠᠷᠪᠢᠯᠠᠬᠤ ᠶᠢ | ᠤᠷᠢᠳ ᠢᠶᠠᠷ ᠪᠣᠳᠣᠯᠬᠢᠯᠠᠬᠤ᠂ ᠤᠰᠤᠨ ᠤ ᠬᠡᠮᠵᠢᠶ᠎ᠡ ᠪᠠᠷ ᠨᠡᠭᠡᠭᠡᠨ ᠠᠰᠢᠭᠯᠠᠬᠤ︾ ᠶᠢ ᠪᠠᠷᠢᠮᠲᠠᠯᠠᠨ᠂ ᠤᠰᠤᠨ ᠤ ᠡᠬᠢ | ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠨ᠎ᠠ᠃ ᠬᠠᠲᠤᠨ ᠭᠤᠤᠯ ᠤᠨ | ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ | ᠠᠬᠢᠭᠤᠯᠤᠨ᠎ᠠ᠃ ︽ᠤᠰᠤᠨ ᠲᠠᠷᠢᠶ᠎ᠠ ᠶᠢ ᠬᠠᠭᠤᠷᠠᠶ ᠲᠠᠷᠢᠶ᠎ᠠ ᠪᠣᠯᠭᠠᠬᠤ︾ ᠶᠢ 57.6 ᠲᠦᠮᠡᠨ ᠮᠥ ᠪᠡᠶᠡᠯᠡᠭᠦᠯᠵᠦ᠂ | ᠡᠭᠦᠨ ᠳᠤ ᠴᠠᠭᠠᠨᠨᠠᠭᠤᠷ ᠤᠨ ᠰᠠᠪᠠ ᠭᠠᠵᠠᠷ 20.44 ᠲᠦᠮᠡᠨ ᠮᠥ ᠪᠠᠶᠢᠵᠤ᠂ ᠬᠠᠷᠠᠭᠠᠯᠵᠠᠭᠰᠠᠨ ᠤᠰᠤᠯᠠᠯᠲᠠ ᠶᠢᠨ | ᠬᠤᠳᠳᠤᠭ ᠢ ᠪᠢᠲᠡᠭᠦᠮᠵᠢᠯᠡᠨ ᠵᠣᠭᠰᠣᠭᠠᠵᠤ᠂ ᠦᠯᠡᠳᠡᠭᠰᠡᠨ ᠰᠦᠷᠴᠢᠨ ᠤᠰᠤᠯᠠᠬᠤ ᠬᠠᠰᠢᠶ᠎ᠠ ᠶᠢ ᠨᠤᠷᠠᠭᠠᠨ᠎ᠠ᠃ | ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠥᠬᠦ ᠲᠠᠯ᠎ᠠ ᠪᠠᠷ | ᠬᠡᠷᠡᠭᠵᠢᠭᠦᠯᠦᠨ᠎ᠡ᠃ ᠬᠢᠭᠢᠷᠢ ᠶᠢᠨ ᠨᠠᠭᠤᠷ ᠢ ᠬᠠᠮᠠᠭᠠᠯᠠᠬᠤ ᠪᠠ ᠵᠠᠰᠠᠨ ᠰᠡᠷᠭᠦᠭᠡᠬᠦ ᠶᠢ ᠦᠨᠡᠨᠬᠦ ᠰᠠᠶᠢᠲᠤᠷ ᠠᠳᠬᠤᠨ᠎ᠠ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠳᠠᠭ᠎ᠠ ᠶᠢᠨ ᠨᠠᠭᠤᠷ ᠢ ᠬᠠᠮᠠᠭᠠᠯᠠᠵᠤ | ᠵᠠᠰᠠᠬᠤ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠨ ᠨᠡᠶᠢᠲᠡᠯᠡᠵᠦ᠂ ᠠᠮᠢ ᠠᠬᠤᠢ ᠶᠢᠨ ᠪᠠᠴᠢᠮ ᠪᠠᠶᠢᠳᠠᠯ ᠢ | ᠠᠷᠭᠠᠴᠠᠬᠤ ᠤᠰᠤ ᠨᠥᠬᠦᠪᠥᠷᠢᠯᠡᠬᠦ ᠪᠠᠷᠢᠯᠭ᠎ᠠ ᠳᠤ ᠨᠦᠬᠡᠨ ᠵᠠᠮ ᠵᠢᠴᠢ ᠭᠤᠣᠯ ᠤᠰᠤᠨ ᠰᠤᠪᠠᠭ ᠨᠡᠪᠲᠡᠷᠡᠭᠦᠯᠬᠦ ᠶᠢ | ᠪᠡᠶᠡᠯᠡᠭᠦᠯᠦᠨ᠎ᠡ᠃ ︽ᠤᠯᠤᠰ ᠤᠨ ᠲᠠᠰ ᠤᠨ ᠤᠰᠤ ᠠᠷᠪᠢᠯᠠᠬᠤ ᠮᠠᠶ᠋ᠢᠭ ᠤᠨ ᠬᠤᠲᠠ︾ ᠶᠢ ᠡᠬᠢᠯᠡᠭᠦᠯᠦᠨ ᠪᠦᠲᠦᠭᠡᠨ | ᠪᠠᠶᠢᠭᠤᠯᠵᠤ᠂ 40 % ᠠᠴᠠ ᠳᠡᠭᠡᠭᠰᠢᠬᠢ ᠬᠤᠰᠢᠭᠤ ᠰᠢᠶᠠᠨ ᠬᠤᠲᠠ ᠲᠣᠭᠤᠷᠢᠭ ᠢ ᠤᠰᠤ ᠠᠷᠪᠢᠯᠠᠬᠤ ᠮᠠᠶ᠋ᠢᠭ ᠤᠨ | ᠨᠡᠶᠢᠭᠡᠮ ᠤᠨ ᠪᠠᠷᠢᠮᠵᠢᠶ᠎ᠠ ᠳᠤ ᠬᠦᠷᠦᠭᠦᠯᠦᠨ᠎ᠡ᠃ | ᠣᠶ ᠰᠢᠭᠤᠶ ᠡᠪᠡᠰᠦ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠷᠠᠭᠤᠯᠤᠨ᠎ᠠ᠃ 87.8 | ᠲᠦᠮᠡᠨ ᠮᠦ ᠣᠶᠢᠵᠢᠭᠤᠯᠤᠯᠲᠠ᠂ ᠳᠥᠷᠪᠡᠳ ᠬᠤᠰᠢᠭᠤ ᠪᠣᠯᠤᠨ ᠴᠠᠭᠠᠨᠨᠠᠭᠤᠷ ᠤᠨ ᠰᠠᠪᠠ ᠭᠠᠵᠠᠷ ᠲᠤ 55.5 | ᠲᠦᠮᠡᠨ ᠮᠦ ᠲᠠᠷᠢᠶᠠᠯᠠᠬᠤ ᠪᠠᠨ ᠵᠣᠭᠰᠣᠵᠤ ᠡᠪᠡᠰᠦ ᠲᠠᠷᠢᠬᠤ ᠂ ᠬᠦᠢᠲᠡᠨ ᠰᠢᠯᠢ ᠶᠢᠨ ᠲᠠᠴᠢᠷᠳᠠᠭᠰᠠᠨ ᠨᠤᠲᠤᠭ | ᠪᠡᠯᠴᠢᠭᠡᠷ ᠵᠡᠷᠭᠡ ᠶᠢ 21.8 ᠲᠦᠮᠡᠨ ᠮᠦ ᠰᠡᠷᠭᠦᠭᠡᠨ ᠵᠠᠰᠠᠬᠤ ᠶᠢ ᠪᠡᠶᠡᠯᠡᠭᠦᠯᠵᠦ᠂ ᠬᠡᠭᠡᠷ᠎ᠡ ᠶᠢᠨ ᠡᠪᠡᠰᠦᠨ ᠤ ᠦᠷ᠎ᠡ ᠶᠢ | ᠲᠡᠭᠦᠬᠦ ᠲᠤᠷᠰᠢᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠰᠠᠶᠢᠲᠤᠷ ᠬᠢᠨ᠎ᠡ᠃ ᠨᠤᠲᠤᠭ ᠪᠡᠯᠴᠢᠭᠡᠷ ᠣᠶᠢᠲᠤ | ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠶᠢ | ᠥᠷᠨᠢᠭᠦᠯᠦᠨ᠎ᠡ᠃ ᠠᠭᠠᠷ ᠠᠶᠠᠯᠠᠯ ᠤᠨ ᠣᠶ ᠰᠢᠭᠤᠶ ᠬᠠᠮᠠᠭᠠᠯᠠᠬᠤ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠵᠦ᠂ ᠣᠶ ᠰᠢᠭᠤᠶ ᠡᠪᠡᠰᠦ ᠪᠡᠯᠴᠢᠭᠡᠷ ᠤᠨ ᠬᠤᠣᠷ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ | ᠡᠵᠡᠮᠳᠡᠬᠦ ᠶᠢ ᠴᠢᠩᠭᠠᠷᠠᠭᠤᠯᠤᠨ᠎ᠠ᠃ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠪᠠ ᠪᠡᠯᠴᠢᠭᠡᠷ ᠮᠠᠯ ᠢ | ᠲᠡᠩᠴᠡᠭᠦᠷᠢ ᠲᠠᠢ ᠪᠠᠶᠢᠯᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠤᠯᠠᠭᠠᠨᠴᠠᠪ ᠤᠨ ᠤᠯᠤᠰ ᠤᠨ ᠭᠠᠵᠠᠷ | ᠰᠢᠨᠵᠢᠯᠡᠭᠡᠨ ᠤ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠠᠶᠢᠭᠠᠯᠢ ᠶᠢᠨ | ᠬᠠᠮᠠᠭᠠᠯᠠᠯᠲᠠ ᠶᠢᠨ ᠭᠠᠵᠠᠷ ᠢ ᠨᠡᠶᠢᠳᠬᠡᠨ ᠰᠢᠯᠢᠳᠡᠭᠵᠢᠭᠦᠯᠬᠦ ᠪᠠ ᠵᠠᠭᠠᠭ ᠬᠠᠶᠢᠵᠤ ᠲᠡᠮᠳᠡᠭ ᠪᠤᠰᠬᠠᠬᠤ ᠠᠵᠢᠯ ᠢ | ᠪᠡᠶᠡᠯᠡᠭᠦᠯᠦᠨ᠎ᠡ᠃ | ᠡᠨᠧᠷᠭᠢ ᠶᠢᠨ ᠬᠤᠤᠰ ᠡᠵᠡᠮᠰᠢᠯ ᠤᠨ ᠠᠵᠢᠯ ᠢ ᠴᠢᠩᠭᠠᠳᠬᠠᠨ᠎ᠠ᠃ ᠡᠨᠧᠷᠭᠢ ᠬᠡᠷᠡᠭᠯᠡᠬᠦ ᠲᠥᠰᠦᠪ ᠤᠨ | ᠬᠠᠮᠢᠶᠠᠷᠤᠯᠲᠠ ᠪᠠ ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠢ ᠶᠢᠨ ᠡᠨᠧᠷᠭᠢ ᠶᠢᠨ ᠬᠤᠷᠣᠭᠳᠠᠯ ᠢ ᠰᠦᠯᠵᠢᠶᠡᠨ | ᠳᠡᠭᠡᠷ᠎ᠡ ᠬᠢᠨᠠᠨ ᠰᠢᠨᠵᠢᠬᠦ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠯ ᠶᠡᠬᠡᠲᠡᠶ ᠠᠵᠢᠯ | ᠲᠥᠷᠥᠯ ᠤᠨ ᠴᠠᠬᠢᠯᠭᠠᠨ ᠬᠡᠷᠡᠭᠯᠡᠬᠦ ᠳᠠᠷᠤᠭᠠᠰᠤ ᠶᠢ ᠠᠯᠬᠤᠮ ᠠᠯᠬᠤᠮ ᠢᠶᠠᠷ ᠪᠠᠭᠠᠰᠬᠠᠨ᠎ᠠ᠃ ᠰᠢᠨ᠎ᠡ ᠪᠠᠷ ᠪᠠᠶᠢᠭᠤᠯᠬᠤ | ᠲᠥᠷᠥᠯ ᠵᠦᠶᠯ ᠤᠨ ᠨᠢᠭᠡᠴᠢ ᠦᠶᠯᠡᠳᠬᠦᠨ ᠤ ᠡᠨᠧᠷᠭᠢ ᠶᠢᠨ ᠬᠤᠷᠣᠭᠳᠠᠯ ᠢ ᠡᠷᠬᠡᠪᠰᠢ ᠤᠯᠤᠰ ᠤᠨ ᠲᠡᠷᠢᠭᠦᠨ ᠤ | ᠪᠠᠷᠢᠮᠵᠢᠶ᠎ᠠ ᠳᠤ ᠬᠦᠷᠦᠭᠦᠯᠵᠦ᠂ ᠬᠢᠮᠢ ᠶᠢᠨ ᠠᠵᠤ ᠦᠶᠯᠡᠳᠪᠦᠷᠢ᠂ ᠲᠡᠮᠦᠷᠯᠢᠭ᠂ ᠪᠠᠷᠢᠯᠭ᠎ᠠ ᠶᠢᠨ ᠮᠠᠲ᠋ᠧᠷᠢᠶᠠᠯ ᠵᠡᠷᠭᠡ | ᠠᠵᠢᠯ ᠲᠥᠷᠥᠯ ᠢ ᠬᠤᠭᠤᠴᠠᠭ᠎ᠠ ᠬᠢᠵᠠᠭᠠᠷᠯᠠᠨ ᠤᠯᠤᠰ ᠤᠨ ᠡᠨᠧᠷᠭᠢ ᠶᠢᠨ ᠬᠤᠷᠣᠭᠳᠠᠯ ᠤᠨ ᠲᠡᠷᠢᠭᠦᠨ ᠤ | ᠪᠠᠷᠢᠮᠵᠢᠶ᠎ᠠ ᠳᠤ ᠬᠦᠷᠦᠭᠦᠯᠦᠨ᠎ᠡ᠃ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠬᠤ ᠶᠢ | ᠲᠦᠷᠭᠡᠳᠬᠡᠵᠦ᠂ ︽ᠪᠣᠬᠢᠷᠲᠤᠯ ᠦᠭᠡᠶ GDP︾ ᠶᠢ ᠥᠷᠭᠡᠳᠬᠡᠨ᠎ᠡ᠃ | ︵ᠬᠤᠶᠠᠷ︶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠪᠠᠨ ᠬᠤᠪᠢᠷᠠᠭᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠪᠣᠬᠢᠷᠲᠤᠯ ᠦᠭᠡᠢ ᠠᠵᠤ ᠠᠬᠤᠢ ᠶᠢ ᠶᠡᠭᠡ ᠪᠠᠷ ᠬᠥᠭᠵᠢᠭᠦᠯᠦᠨ᠎ᠡ | ᠪᠣᠬᠢᠷᠲᠤᠯ ᠥᠬᠡᠶ ᠲᠠᠷᠢᠶᠠᠯᠠᠩ ᠮᠠᠯ ᠠᠵᠤ ᠠᠬᠤᠶ ᠶᠢ ᠬᠥᠭᠵᠢᠭᠦᠯᠬᠦ ᠶᠢ ᠪᠠᠷᠢᠮᠲᠠᠯᠠᠵᠤ᠂ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠦᠶᠯᠡᠳᠪᠦᠷᠢᠯᠡᠯ ᠤᠨ ᠰᠠᠭᠤᠷᠢᠨ ᠭᠠᠵᠠᠷ ᠢ ᠴᠢᠨᠠᠷ ᠰᠠᠶᠢᠲᠠᠶ ᠪᠥᠲᠥᠭᠡᠨ | ᠪᠠᠶᠢᠭᠤᠯᠤᠨ᠎ᠠ᠃ ᠲᠠᠷᠢᠵᠤ ᠲᠡᠵᠢᠭᠡᠬᠦ ᠪᠦᠲᠦᠴᠡ ᠶᠢ ᠲᠣᠬᠢᠷᠠᠭᠤᠯᠤᠨ᠎ᠠ᠃ ᠲᠠᠷᠢᠶᠠᠨ ᠭᠠᠵᠠᠷ ᠤᠨ ᠤᠯᠠᠭᠠᠨ ᠱᠤᠭᠤᠮ ᠢ | ᠪᠠᠲᠤ ᠰᠠᠬᠢᠵᠤ᠂ ᠠᠮᠤ ᠪᠤᠳᠠᠭ᠎ᠠ ᠳᠠᠷᠢᠬᠤ ᠲᠠᠯᠠᠪᠠᠶ ᠪᠠ ᠶᠡᠷᠦᠩᠬᠡᠢ ᠤᠨᠠᠯᠲᠠ ᠶᠢ ᠨᠡᠮᠡᠭᠳᠡᠭᠦᠯᠬᠦ ᠠᠴᠠ ᠪᠢᠰᠢ | ᠬᠠᠰᠤᠭᠳᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠨ᠎ᠠ᠃ ᠬᠠᠭᠤᠷᠠᠶ ᠲᠠᠷᠢᠮᠠᠯ ᠤᠨ ᠲᠥᠮᠥᠰᠥ ᠶᠢ ᠶᠡᠬᠡᠪᠡᠷ | ᠬᠥᠭᠵᠢᠭᠦᠯᠵᠦ᠂ ᠬᠠᠭᠤᠷᠠᠶ ᠶᠢᠨ ᠣᠷᠭᠠᠨᠢᠭ ᠲᠠᠷᠢᠶᠠᠯᠠᠩ ᠢ ᠲᠣᠪᠤᠶᠢᠮ᠎ᠠ ᠰᠠᠶᠢᠲᠤᠷ ᠠᠳᠬᠤᠵᠤ᠂ ᠬᠠᠭᠤᠷᠠᠶ | ᠲᠠᠷᠢᠶ᠎ᠠ ᠪᠠᠷ ᠭᠤᠤᠯ ᠪᠣᠯᠭᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 50 ᠲᠦᠮᠡᠨ ᠮᠥ ᠰᠢᠨ᠎ᠡ ᠪᠠᠷ | ᠪᠠᠶᠢᠭᠤᠯᠤᠨ᠎ᠠ᠃ ᠲᠥᠮᠥᠰᠥ᠂ ᠨᠣᠬᠠᠶ ᠶᠢᠨ ᠬᠤᠰᠢᠭᠤ᠂ ᠬᠦᠢᠲᠡᠨ ᠰᠡᠷᠢᠭᠦᠨ ᠢᠳᠡᠰᠢᠨ ᠨᠣᠭᠤᠭ᠎ᠠ᠂ ᠠᠯᠠᠰᠢᠨ ᠦᠬᠡᠷ | ᠵᠡᠷᠭᠡ ᠭᠤᠣᠯᠯᠠᠬᠤ ᠠᠵᠤ ᠦᠢᠯᠡᠰ ᠤᠨ ᠲᠣᠭᠤᠷᠢᠨ ᠳᠤ᠂ ᠦᠷ᠎ᠡ ᠶᠢᠨ ᠦᠢᠯᠡᠰ ᠤᠨ ᠮᠡᠷᠭᠡᠵᠢᠯ ᠤᠨ ᠪᠣᠭᠤᠮᠲᠠ | ᠰᠢᠪᠲᠤᠯᠤᠯᠲᠠ ᠬᠢᠵᠦ᠂ ᠵᠦᠩ ᠵᠢᠶᠠ᠂ ᠬᠤᠸᠠ ᠰᠦᠩ ᠵᠡᠷᠭᠡ ᠲᠣᠯᠤᠭᠠᠶᠢᠯᠠᠭᠴᠢ ᠠᠵᠤ ᠠᠬᠤᠶᠢᠯᠠᠯ ᠳᠤ ᠲᠦᠰᠢᠭᠯᠡᠨ | ᠲᠥᠮᠥᠰᠥᠨ ᠤ ᠦᠷ᠎ᠡ ᠶᠢᠨ ᠲᠥᠮᠥᠰᠥ ᠶᠢᠨ ᠰᠠᠭᠤᠷᠢᠨ ᠭᠠᠵᠠᠷ ᠢ ᠪᠠᠶᠢᠭᠤᠯᠵᠤ᠂ ᠰᠠᠶᠢᠨᠠᠤ ᠺᠣᠮᠫᠠᠨᠢ ᠳᠤ ᠲᠦᠰᠢᠭᠯᠡᠨ | ᠳ᠋ᠦ᠋ ᠮᠧᠩ ᠠᠯᠠᠰᠢᠨ ᠬᠤᠨᠢᠨ ᠤ ᠰᠢᠨ᠎ᠡ ᠡᠭᠦᠯᠳᠡᠷ ᠢ ᠶᠡᠬᠡᠪᠡᠷ ᠪᠤᠶᠢᠵᠢᠭᠤᠯᠤᠨ᠎ᠠ᠃ ᠣᠨᠴᠠᠯᠢᠭᠲᠤ ᠬᠦᠢᠲᠡᠨ ᠰᠡᠷᠢᠭᠦᠨ | ᠢᠳᠡᠰᠢᠨ ᠨᠣᠭᠤᠭ᠎ᠠ ᠲᠠᠷᠢᠬᠤ ᠶᠢᠰᠦᠨ ᠶᠡᠭᠡ ᠰᠠᠭᠤᠷᠢᠨ ᠭᠠᠵᠠᠷ ᠢ ᠪᠠᠬᠢᠵᠢᠭᠦᠯᠦᠨ ᠪᠦᠲᠦᠭᠡᠨ ᠪᠠᠶᠢᠭᠤᠯᠵᠤ᠂ ᠥᠨᠳᠥᠷ | ᠪᠠᠷᠢᠮᠵᠢᠶᠠᠲᠤ ᠲᠥᠬᠦᠭᠡᠷᠦᠮᠵᠢᠲᠤ ᠢᠳᠡᠰᠢᠨ ᠨᠣᠭᠤᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠢ | ᠥᠷᠭᠡᠳᠬᠡᠨ᠎ᠡ᠃ ᠠᠮᠤ ᠪᠤᠳᠠᠭ᠎ᠠ ᠲᠡᠵᠢᠭᠡᠯ ᠪᠣᠷᠳᠤᠭ᠎ᠠ ᠶᠢᠨ ᠤᠶᠠᠯᠳᠤᠯ ᠢ ᠪᠠᠷᠢᠮᠲᠠᠯᠠᠵᠤ᠂ ᠨᠣᠬᠠᠢ ᠶᠢᠨ ᠬᠤᠰᠢᠭᠤ ᠶᠢᠨ | ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ ︽ᠬᠤᠨᠢ ᠶᠢ ᠴᠥᠭᠡᠳᠬᠡᠵᠦ᠂ ᠦᠬᠡᠷ ᠢ ᠨᠡᠮᠡᠭᠳᠡᠭᠦᠯᠦᠨ᠂ ᠭᠠᠭ᠋ᠠᠢ ᠶᠢ | ᠬᠢᠵᠠᠭᠠᠷᠯᠠᠬᠤ︾ ᠶᠢ ᠪᠠᠷᠢᠮᠲᠠᠯᠠᠨ᠂ ᠠᠯᠠᠰᠢᠨ ᠬᠤᠨᠢ ᠶᠢ 600 ᠲᠦᠮᠡ ᠲᠣᠭᠲᠠᠪᠤᠷᠢᠵᠢᠭᠤᠯᠵᠤ᠂ 100 ᠲᠦᠮᠡᠨ | ᠭᠠᠭ᠋ᠠᠢ ᠶᠢ ᠭᠠᠳᠠᠭᠰᠢ ᠭᠠᠷᠭᠠᠨ᠎ᠠ᠃ ᠠᠯᠠᠰᠢᠨ ᠦᠬᠡᠷ ᠤᠨ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠲᠦᠷᠭᠡᠳᠬᠡᠨ ᠠᠬᠢᠭᠤᠯᠵᠤ᠂ ᠠᠯᠠᠰᠢᠨ ᠦᠬᠡᠷ ᠢ 12 ᠲᠦᠮᠡ ᠰᠢᠨ᠎ᠡ ᠪᠠᠷ ᠨᠡᠮᠡᠭᠳᠡᠭᠦᠯᠵᠦ᠂ ᠲᠡᠵᠢᠭᠡᠵᠦ ᠪᠠᠶᠢᠭ᠎ᠠ | ᠲᠤᠭ᠎ᠠ ᠶᠢ 40 ᠲᠦᠮᠡ ᠳᠤ ᠬᠦᠷᠦᠭᠦᠯᠦᠨ᠎ᠡ᠃ ᠰᠦ ᠶᠢᠨ ᠦᠢᠯᠡᠰ ᠢ ᠬᠥᠭᠵᠢᠭᠦᠯᠬᠦ ᠠᠵᠢᠯᠯᠠᠭ᠎ᠠ ᠶᠢ ᠪᠦᠬᠦ ᠲᠠᠯ᠎ᠠ ᠪᠠᠷ | ᠶᠠᠪᠤᠭᠳᠠᠭᠤᠯᠵᠤ᠂ ᠯᠢᠶᠠᠩᠴᠧᠩ ᠤᠨ 10 ᠲᠦᠮᠡᠨ ᠰᠠᠭᠠᠯᠢ ᠶᠢᠨ ᠦᠨᠢᠶ᠎ᠡ ᠲᠡᠵᠢᠭᠡᠬᠦ ᠠᠮᠢ ᠠᠬᠤᠢ ᠶᠢᠨ ᠵᠢᠱᠢᠶ᠎ᠡ | ᠦᠵᠡᠭᠦᠯᠬᠦ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠠᠭᠠᠯᠢ ᠶᠢᠨ ᠦᠨᠢᠶ᠎ᠡ ᠶᠢ 15 | ᠲᠦᠮᠡ ᠳᠤ ᠬᠦᠷᠭᠡᠨ᠎ᠡ᠃ ᠠᠵᠤ ᠦᠢᠯᠡᠰ ᠤᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠬᠤᠲᠠ ᠶᠢᠨ ᠲᠠᠰ ᠠᠴᠠ | ᠳᠡᠭᠡᠭᠰᠢᠬᠢ ᠲᠠᠷᠢᠶᠠᠯᠠᠩ ᠮᠠᠯ ᠠᠵᠤ ᠠᠬᠤᠶ ᠶᠢᠨ ᠬᠤᠯᠪᠣᠭᠠᠲᠤ ᠴᠣᠭᠴᠠ 4᠂ ᠲᠣᠯᠤᠭᠠᠶᠢᠯᠠᠭᠴᠢ ᠠᠵᠤ ᠠᠬᠤᠶᠢᠯᠠᠯ | 8 ᠶᠢ ᠰᠢᠨ᠎ᠡ ᠪᠠᠷ ᠨᠡᠮᠡᠭᠳᠡᠭᠦᠯᠵᠦ᠂ ᠲᠠᠷᠢᠶᠠᠯᠠᠩ ᠤᠨ ᠭᠠᠷᠤᠯᠲᠠ ᠮᠠᠯ ᠤᠨ ᠠᠰᠢᠭ ᠰᠢᠮ᠎ᠡ ᠶᠢ ᠡᠳ᠋ᠰᠢᠭᠦᠯᠵᠦ | ᠤᠯᠠᠷᠢᠭᠤᠯᠬᠤ ᠨᠣᠷᠮ᠎ᠠ ᠶᠢ 67% ᠠᠴᠠ ᠳᠡᠭᠡᠭᠰᠢ ᠳᠤ ᠬᠦᠷᠦᠭᠦᠯᠦᠨ᠎ᠡ᠃ ᠴᠠᠬᠠᠷ ᠪᠠᠷᠠᠭᠤᠨ ᠭᠠᠷᠤᠨ ᠡᠮᠦᠨᠡᠲᠦ | ᠬᠤᠰᠢᠭᠤ᠂ ᠱᠠᠩᠳᠤ ᠰᠢᠶᠠᠨ ᠪᠣᠯᠤᠨ ᠳᠥᠷᠪᠡᠳ ᠬᠤᠰᠢᠭᠤᠨ ᠤ ᠲᠥᠮᠥᠰᠥ ᠡᠳ᠋ᠰᠢᠭᠦᠯᠬᠦ ᠠᠵᠤ ᠦᠢᠯᠡᠰ ᠤᠨ | ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠯᠠᠨ ᠭᠧ ᠭᠧ᠂ ᠲᠢᠶᠠᠨ ᠮᠥ ᠵᠡᠷᠭᠡ | ᠴᠠᠭᠠᠨ ᠢᠳᠡᠭᠡ ᠪᠣᠯᠪᠠᠰᠤᠷᠠᠭᠤᠯᠬᠤ ᠠᠵᠤ ᠠᠬᠤᠶᠢᠯᠠᠯ ᠢ ᠪᠣᠵᠠᠭᠠᠶᠢᠷᠠᠭᠤᠯᠤᠨ᠎ᠠ᠃ ᠲᠥᠷᠥᠯ ᠲᠡᠮᠳᠡᠭ ᠤᠨ ᠥᠷᠲᠡᠭ ᠢ | ᠥᠷᠭᠡᠳᠬᠡᠨ᠎ᠡ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠲᠥᠷᠥᠯ ᠲᠡᠮᠳᠡᠭ ᠤᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠶᠠᠪᠤᠭᠳᠠᠭᠤᠯᠵᠤ᠂ | ᠪᠣᠬᠢᠷᠲᠤᠯ ᠥᠬᠡᠶ᠂ ᠣᠷᠭᠠᠨᠢᠭ ᠪᠦᠲᠦᠭᠡᠭᠳᠡᠬᠦᠨ ᠢ 20᠂ ᠭᠠᠵᠠᠷ ᠵᠦᠶ ᠶᠢᠨ ᠲᠡᠮᠳᠡᠭᠲᠦ ᠲᠠᠷᠢᠶᠠᠯᠠᠩ ᠤᠨ | ᠪᠦᠲᠦᠭᠡᠭᠳᠡᠬᠦᠨ 2 ᠢ ᠰᠢᠨ᠎ᠡ ᠪᠠᠷ ᠨᠡᠮᠡᠭᠳᠡᠭᠦᠯᠦᠨ᠎ᠡ᠃ ︽ᠤᠯᠠᠭᠠᠨᠴᠠᠪ ᠤᠨ ᠶᠤᠤᠮᠠᠶ︾ ᠶᠢᠨ ᠭᠠᠵᠠᠷ ᠵᠦᠶ ᠶᠢᠨ | ᠲᠡᠮᠳᠡᠭ ᠢ ᠬᠠᠮᠠᠭᠠᠯᠠᠬᠤ ᠢᠨᠵᠧᠨᠧᠷᠢᠩ ᠶᠢᠨ ᠲᠥᠷᠥᠯ ᠵᠦᠶᠯ ᠢ ᠬᠡᠷᠡᠭᠵᠢᠭᠦᠯᠦᠨ᠎ᠡ᠃ ᠤᠯᠤᠰ ᠤᠨ ᠲᠠᠰ ᠤᠨ | ᠲᠠᠷᠢᠶᠠᠯᠠᠩ ᠤᠨ ᠠᠵᠤ ᠦᠶᠯᠡᠰ ᠤᠨ ᠬᠦᠴᠦᠷᠬᠡᠭ ᠪᠠᠯᠭᠠᠰᠤ ᠶᠢ 1 ᠡᠭᠦᠳᠦᠨ ᠪᠠᠶᠢᠭᠤᠯᠵᠤ᠂ ᠨᠢᠭᠡ ᠪᠦᠯᠦᠭ ︽ᠨᠢᠭᠡ | ᠲᠣᠰᠬᠤᠨ ᠳᠤ ᠨᠢᠭᠡ ᠦᠶᠯᠡᠳᠬᠦᠨ ᠪᠠ ᠠᠵᠤ ᠦᠢᠯᠡᠰ ᠲᠠᠢ ᠪᠠᠶᠢᠬᠤ︾ ᠵᠢᠱᠢᠶ᠎ᠡ ᠦᠵᠡᠭᠦᠯᠬᠦ ᠲᠣᠰᠬᠤᠨ | ᠪᠠᠯᠭᠠᠰᠤ ᠶᠢ ᠮᠠᠭᠠᠳᠯᠠᠨ ᠲᠣᠭᠲᠠᠭᠠᠨ᠎ᠠ᠃ | ᠤᠯᠠᠮᠵᠢᠯᠠᠯᠲᠤ ᠠᠵᠤ ᠦᠢᠯᠡᠰ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ | ᠪᠠᠯ ᠴᠢᠯᠠᠭᠤ᠂ ᠸᠠᠭᠠᠷ ᠱᠠᠭᠠᠵᠠᠩ ᠵᠡᠷᠭᠡ ᠠᠵᠤ ᠦᠶᠯᠡᠰ ᠤᠨ ᠪᠣᠬᠢᠷᠲᠤᠯ ᠦᠭᠡᠶᠢᠵᠢᠭᠦᠯᠦᠨ ᠦᠢᠯᠡᠳᠪᠦᠷᠢᠯᠡᠬᠦ ᠶᠢ | ᠲᠦᠷᠭᠡᠳᠬᠡᠵᠦ᠂ ᠰᠢᠨ᠎ᠡ ᠮᠡᠷᠭᠡᠵᠢᠯ᠂ ᠰᠢᠨ᠎ᠡ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠵᠦ᠂ ᠦᠶᠯᠡᠳᠪᠦᠷᠢᠯᠡᠯ ᠤᠨ | ᠮᠡᠷᠭᠡᠵᠢᠯ ᠤᠨ ᠬᠡᠯᠬᠢᠶ᠎ᠡ ᠶᠢ ᠤᠷᠲᠤᠳᠬᠠᠨ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠨᠣᠷᠮ᠎ᠠ᠂ ᠬᠠᠶᠠᠭᠳᠠᠮᠠᠯ | ᠡᠳ᠋ ᠢ ᠡᠭᠡᠭᠦᠯᠦᠨ ᠬᠤᠷᠢᠶᠠᠵᠤ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠲᠡᠮᠦᠷ ᠤᠨ ᠬᠠᠶᠢᠯᠤᠰᠢ ᠶᠢᠨ ᠠᠵᠤ | ᠦᠢᠯᠡᠰ ᠤᠨ ᠦᠯᠡᠳᠡᠪᠦᠷᠢ ᠢᠯᠴᠢ ᠦᠯᠡᠳᠡᠪᠦᠷᠢ ᠬᠡᠢ ᠶᠢ ᠡᠭᠡᠭᠦᠯᠦᠨ ᠬᠤᠷᠢᠶᠠᠬᠤ ᠪᠠ ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠶᠡᠷᠦᠩᠬᠡᠶᠢᠯᠡᠨ ᠠᠰᠢᠭᠯᠠᠬᠤ᠂ ᠬᠢᠮᠢ ᠶᠢᠨ ᠠᠵᠤ ᠦᠶᠯᠡᠳᠪᠦᠷᠢ ᠶᠢᠨ ᠠᠵᠤ ᠦᠢᠯᠡᠰ ᠤᠨ ᠲᠡᠭᠦᠰᠬᠡᠯ | ᠦᠵᠦᠭᠦᠷ ᠤᠨ ᠵᠠᠰᠠᠯᠲᠠ ᠶᠢ ᠴᠢᠩᠭᠠᠳᠬᠠᠵᠤ᠂ ᠠᠵᠤ ᠦᠢᠯᠡᠰ ᠤᠨ ᠬᠡᠯᠬᠢᠶᠡᠰᠦ ᠶᠢ ᠳᠤᠮᠳᠠ ᠳᠣᠣᠷᠠᠳᠤ ᠤᠷᠤᠰᠬᠠᠯ | ᠲᠡᠰᠢ ᠤᠷᠲᠤᠳᠬᠠᠬᠤ᠂ ᠥᠷᠲᠡᠭ ᠤᠨ ᠬᠡᠯᠬᠢᠶᠡᠰᠦ ᠶᠢ ᠳᠤᠮᠳᠠ ᠳᠡᠭᠡᠳᠦ ᠦᠵᠦᠭᠦᠷ ᠲᠡᠰᠢ ᠳᠡᠭᠡᠭᠰᠢᠯᠡᠭᠦᠯᠬᠦ ᠶᠢ | ᠠᠬᠢᠭᠤᠯᠤᠨ᠎ᠠ᠃ ᠡᠨᠧᠷᠭᠢ ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ ᠠᠵᠤ ᠦᠢᠯᠡᠰ ᠢ ᠪᠤᠶᠢᠵᠢᠭᠤᠯᠤᠨ | ᠪᠤᠵᠠᠭᠠᠶᠢᠷᠠᠭᠤᠯᠵᠤ᠂ ᠳᠤᠮᠳᠠᠳᠤ ᠤᠯᠤᠰ ᠤᠨ AOPA ᠠᠭᠠᠷ ᠤᠨ ᠠᠶᠠᠯᠠᠯ ᠤᠨ ᠠᠵᠤ ᠦᠢᠯᠡᠰ ᠤᠨ ᠬᠦᠷᠢᠶᠡᠯᠡᠩ ᠢ | ᠲᠦᠷᠭᠡᠪᠴᠢᠯᠡᠨ ᠪᠠᠶᠢᠭᠤᠯᠵᠤ᠂ ᠨᠢᠰᠬᠡᠯ ᠢ ᠵᠠᠳᠠᠯᠬᠤ ᠵᠡᠷᠭᠡ ᠡᠬᠢ ᠪᠠᠶᠠᠯᠢᠭ ᠢ ᠲᠠᠬᠢᠨ ᠠᠰᠢᠭᠯᠠᠬᠤ ᠠᠵᠤ ᠦᠢᠯᠡᠰ ᠢ | ᠬᠥᠭᠵᠢᠭᠦᠯᠦᠨ᠎ᠡ᠃ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠰ ᠤᠨ ᠪᠥᠭᠡᠮᠨᠡᠷᠡᠯ ᠢ | ᠬᠥᠭᠵᠢᠭᠦᠯᠵᠦ᠂ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ | ᠪᠠᠶᠢᠭᠤᠯᠤᠨ᠎ᠠ᠃ ᠠᠮᠢᠳᠤ ᠪᠣᠳᠠᠰ ᠤᠨ ᠡᠮ ᠦᠢᠯᠡᠳᠬᠦ᠂ ᠮᠣᠩᠭᠤᠯ ᠬᠢᠲᠠᠳ ᠡᠮ ᠡᠮᠨᠡᠯᠭᠡ᠂ ᠡᠮᠴᠢᠯᠡᠭᠡᠨ ᠤ ᠮᠠᠰᠢᠨ | ᠪᠠᠭᠠᠵᠢ ᠵᠡᠷᠭᠡ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠨᠢᠭᠡ ᠪᠦᠯᠦᠭ ᠳᠠᠭᠠᠭᠤᠯᠤᠭᠴᠢ ᠠᠵᠤ ᠠᠬᠤᠶᠢᠯᠠᠯ ᠢ | ᠪᠤᠶᠢᠵᠢᠭᠤᠯᠤᠨ᠎ᠠ᠃ | ︵ᠭᠤᠷᠪᠠ︶ ᠰᠢᠨ᠎ᠡ ᠶᠢ ᠡᠭᠦᠳᠴᠦ ᠬᠥᠳᠡᠯᠭᠡᠬᠦ ᠶᠢ ᠴᠢᠩᠭᠠᠳᠬᠠᠵᠤ᠂ ᠲᠣᠭᠠᠴᠢᠯᠠᠭᠰᠠᠨ ᠠᠵᠤ ᠠᠬᠤᠢ ᠶᠢ | ᠶᠡᠬᠡᠪᠡᠷ ᠬᠥᠭᠵᠢᠭᠦᠯᠦᠨ᠎ᠡ | ᠪᠥᠯᠥᠭᠵᠢᠯ ᠤᠨ ︽ᠳ᠋ᠠᠶᠢᠲ᠋ᠠ ᠶᠢᠨ ᠰᠦᠯᠵᠢᠶ᠎ᠡ︾ ᠶᠢᠨ ᠰᠢᠰᠲ᠋ᠧᠮᠵᠢ ᠶᠢ ᠪᠠᠶᠢᠭᠤᠯᠤᠨ᠎ᠠ᠃ ᠶᠧ ᠺᠧ ᠳ᠋ᠧ᠂ ᠶᠠ | ᠰᠢᠨ ᠰᠢᠨᠵᠢᠯᠡᠬᠦ ᠤᠬᠠᠭᠠᠨ ᠮᠡᠷᠭᠡᠵᠢᠯ ᠤᠨ ᠳ᠋ᠠᠶᠢᠲ᠋ᠠ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ | ᠲᠦᠷᠭᠡᠳᠬᠡᠵᠦ᠂ ᠬᠤᠸᠠ ᠸᠧᠢ᠂ ᠠ ᠯᠢ ᠪᠠ ᠪᠠ ᠳ᠋ᠠᠶᠢᠲ᠋ᠠ ᠶᠢᠨ ᠲᠥᠪ ᠤᠨ ᠪᠦᠬᠦᠯᠢ ᠴᠣᠭᠴᠠ ᠪᠠᠷ | ᠠᠰᠢᠭᠯᠠᠯᠲᠠ ᠳᠤ ᠣᠷᠣᠬᠤ ᠶᠢ ᠠᠬᠢᠭᠤᠯᠵᠤ᠂ ᠶᠢᠨ ᠪᠦᠦ ᠰᠢᠨ᠂ ᠺᠤᠸᠠᠢ ᠱᠸᠤ᠂ ᠸᠠᠨ ᠱᠤ᠋ ᠵᠡᠷᠭᠡ ᠲᠥᠷᠥᠯ ᠵᠦᠢᠯ ᠢ | ᠡᠬᠢᠯᠡᠨ ᠪᠠᠶᠢᠭᠤᠯᠵᠤ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠰᠢᠩ ᠾᠧ ᠰᠢᠶᠠᠨ ᠳᠤ ᠳ᠋ᠠᠶᠢᠲ᠋ᠠ ᠶᠢᠨ | ᠲᠥᠪ ᠢ ᠪᠠᠶᠢᠷᠢᠯᠠᠭᠤᠯᠤᠨ᠎ᠠ᠃ ᠽᠢ ᠵᠢᠩ ᠶᠢᠨ ᠨᠥᠭᠡᠴᠡ ᠶᠢᠨ ᠪᠦᠬᠦ ᠤᠯᠤᠰ ᠤᠨ ᠬᠠᠮᠤᠭ ᠤᠨ ᠶᠡᠭᠡ ᠪᠡᠶ᠎ᠡ ᠪᠠᠨ | ᠳᠠᠭᠠᠭᠠᠭᠰᠠᠨ ᠡᠵᠡᠮᠳᠡᠵᠦ ᠪᠣᠯᠬᠤ ᠲᠣᠮᠣ ᠳ᠋ᠠᠶᠢᠲ᠋ᠠ ᠶᠢᠨ ᠭᠠᠮᠰᠢᠭ ᠤᠨ ᠲᠥᠪ ᠤᠨ ᠰᠠᠭᠤᠷᠢᠨ ᠢ ᠪᠦᠲᠦᠭᠡᠨ | ᠪᠠᠶᠢᠭᠤᠯᠬᠤ ᠶᠢ ᠳᠡᠮᠵᠢᠨ᠎ᠡ᠃ | ᠣᠯᠠᠨ ᠡᠰᠢᠵᠢᠭᠰᠡᠨ ︽ᠳ᠋ᠠᠶᠢᠲ᠋ᠠ ᠶᠢᠨ ᠬᠡᠯᠬᠢᠶ᠎ᠡ︾ ᠶᠢᠨ ᠰᠢᠰᠲ᠋ᠧᠮᠵᠢ ᠶᠢ ᠪᠠᠶᠢᠭᠤᠯᠤᠨ᠎ᠠ᠃ ᠴᠠᠩ ᠴᠧᠩ᠂ ᠱᠣ᠋ | ᠭᠤᠸᠠᠩ ᠵᠡᠷᠭᠡ ᠠᠵᠤ ᠠᠬᠤᠶᠢᠯᠠᠯ ᠲᠠᠢ ᠬᠠᠮᠲᠤᠷᠠᠯᠴᠠᠬᠤ ᠠᠯᠬᠤᠴᠠ ᠪᠠᠨ ᠲᠦᠷᠭᠡᠳᠬᠡᠵᠦ᠂ ᠳ᠋ᠠᠶᠢᠲ᠋ᠠ ᠶᠢᠨ ᠲᠥᠪ ᠤᠨ | ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠦᠢᠯᠡᠴᠢᠯᠡᠭᠦᠷ ᠦᠢᠯᠡᠳᠬᠦ ᠵᠡᠷᠭᠡ ᠲᠥᠷᠥᠯ ᠵᠦᠢᠯ ᠢ ᠣᠷᠣᠭᠤᠯᠤᠨ | ᠠᠪᠴᠢᠷᠠᠵᠤ᠂ ᠳᠡᠭᠡᠳᠦ ᠲᠡᠰ ᠤᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠡᠯᠬᠢᠶᠡᠰᠦ ᠶᠢ ᠪᠤᠢ | ᠪᠣᠯᠭᠠᠨ᠎ᠠ᠃ ᠳ᠋ᠠᠶᠢᠲ᠋ᠠ ᠶᠢᠨ ᠵᠠᠳᠠᠯᠤᠯᠲᠠ᠂ ᠬᠡᠷᠡᠭᠯᠡᠯᠲᠡ ᠵᠡᠷᠭᠡ ᠠᠵᠤ ᠠᠬᠤᠶᠢᠯᠠᠯ ᠢ ᠪᠤᠶᠢᠵᠢᠭᠤᠯᠵᠤ᠂ ᠶᠢᠦ ᠢᠦᠢ | ᠳ᠋ᠠᠶᠢᠲ᠋ᠠ ᠪᠠᠷ ᠲᠥᠯᠥᠭᠡᠯᠡᠭᠦᠯᠦᠭᠰᠡᠨ ᠲᠣᠮᠣ ᠳ᠋ᠠᠶᠢᠲ᠋ᠠ ᠶᠢ ᠤᠬᠢᠶᠠᠵᠤ ᠡᠳ᠋ᠰᠢᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃ | ᠬᠠᠩᠵᠧᠦ ᠶᠢᠨ ᠠᠨ ᠾᠧᠩ᠂ ᠹᠧᠩ ᡂᠢ ᠶᠢᠨ ᠵᠥᠭᠡᠯᠡᠨ ᠲᠣᠨᠤᠭ ᠵᠡᠷᠭᠡ ᠲᠥᠷᠥᠯ ᠵᠦᠶᠯ ᠢ ᠨᠠᠶᠢᠳᠠᠪᠤᠷᠢᠵᠢᠭᠤᠯᠤᠨ | ᠠᠵᠢᠯ ᠡᠬᠢᠯᠡᠭᠦᠯᠬᠦ ᠶᠢ ᠠᠬᠢᠭᠤᠯᠵᠤ᠂ ᠦᠶᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠠᠵᠤ ᠦᠶᠯᠡᠰ ᠤᠨ | ᠲᠤᠰᠬᠠᠶᠢᠵᠢᠭᠰᠠᠨ᠂ ᠬᠡᠪᠴᠢᠶᠡᠵᠢᠭᠰᠡᠨ ᠲᠡᠶᠢᠰᠢ ᠬᠥᠭᠵᠢᠬᠦ ᠶᠢ ᠠᠬᠢᠭᠤᠯᠤᠨ᠎ᠠ᠃ | ᠪᠦᠬᠦ ᠦᠵᠡᠮᠵᠢ ᠶᠢᠨ ᠮᠠᠶ᠋ᠢᠭ ᠤᠨ ︽ᠳ᠋ᠠᠶᠢᠲ᠋ᠠ ᠶᠢᠨ ᠣᠶᠣᠨᠯᠢᠭ︾ ᠤᠨ ᠰᠢᠰᠲ᠋ᠧᠮᠵᠢ ᠶᠢ ᠪᠠᠶᠢᠭᠤᠯᠤᠨ᠎ᠠ᠃ | ᠤᠯᠠᠭᠠᠨᠴᠠᠪ ᠤᠨ ᠴᠠᠬᠢᠯᠭᠠᠨ ᠬᠤᠯᠪᠣᠭᠠᠨ ᠤ ᠢᠨᠲ᠋ᠧᠷ ᠰᠦᠯᠵᠢᠶᠡᠨ ᠤ ᠭᠠᠳᠠᠭᠠᠳᠤ ᠭᠠᠷᠭᠠᠯᠲᠠ ᠶᠢ ᠪᠡᠭᠡᠵᠢᠩ ᠲᠠᠢ | ᠰᠢᠭᠤᠳ ᠬᠤᠯᠪᠣᠬᠤ᠂ ᠪᠥᠬᠦ ᠬᠤᠲᠠ ᠶᠢᠨ ᠢᠨᠲ᠋ᠧᠷ ᠰᠦᠯᠵᠢᠶᠡᠨ ᠤ ᠭᠠᠳᠠᠭᠠᠳᠤ ᠭᠠᠷᠭᠠᠯᠲᠠ ᠶᠢᠨ ᠪᠦᠰᠡ ᠶᠢᠨ | ᠥᠷᠭᠡᠨ ᠢ 3000G ᠳᠤ ᠬᠦᠷᠲᠡᠯ᠎ᠡ ᠳᠡᠭᠡᠭᠰᠢᠯᠡᠭᠦᠯᠬᠦ ᠪᠠᠷ ᠢᠳᠡᠪᠬᠢᠲᠡᠶ ᠴᠢᠷᠮᠠᠶᠢᠵᠤ᠂ ᠥᠪᠡᠷᠲᠡᠭᠡᠨ ᠵᠠᠰᠠᠬᠤ | ᠣᠷᠣᠨ ᠤ ᠲᠡᠷᠢᠭᠦᠨ ᠵᠡᠷᠭᠡ ᠶᠢᠨ ᠬᠢᠷᠢ ᠲᠦᠪᠰᠢᠨ ᠳᠤ ᠬᠦᠷᠦᠭᠦᠯᠦᠨ᠎ᠡ᠃ ᠳ᠋ᠠᠶᠢᠲ᠋ᠠ ᠶᠢᠨ ᠡᠬᠢ ᠪᠠᠶᠠᠯᠢᠭ ᠢ ᠬᠠᠷᠢᠯᠴᠠᠨ | ᠨᠡᠪᠲᠡᠷᠡᠭᠦᠯᠵᠦ ᠬᠠᠮᠲᠤ ᠪᠠᠷ ᠡᠳ᠋ᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠡᠬᠢ ᠪᠠᠶᠠᠯᠢᠭ ᠢ | ᠬᠠᠮᠲᠤ ᠪᠠᠷ ᠡᠳ᠋ᠯᠡᠬᠦ ᠴᠥᠭᠦᠷᠥᠮ ᠢ ᠪᠠᠶᠢᠭᠤᠯᠤᠨ᠎ᠠ᠃ ︽ᠦᠯᠵᠡᠢ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠴᠢᠳᠠᠮᠵᠢ ᠶᠢ ︽ᠮᠥᠩᠬᠡ ᠰᠤᠪᠠᠭ︾ ᠲᠡᠰᠢ ᠰᠢᠯᠵᠢᠭᠦᠯᠬᠦ ᠠᠵᠢᠯ ᠢ ᠰᠠᠶᠢᠲᠤᠷ ᠬᠢᠨ᠎ᠡ᠃ 5G ᠮᠡᠷᠭᠡᠵᠢᠯ ᠢ | ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ ᠨᠢᠭᠡ ᠪᠦᠯᠦᠭ ᠠᠵᠤ ᠦᠶᠯᠡᠳᠪᠦᠷᠢ ᠶᠢᠨ ᠢᠨᠲ᠋ᠧᠷ ᠰᠦᠯᠵᠢᠶᠡᠨ ᠤ | ᠲᠠᠪᠴᠠᠩ ᠢ ᠪᠠᠶᠢᠭᠤᠯᠵᠤ᠂ ᠲᠣᠭᠠᠴᠢᠯᠠᠭᠰᠠᠨ ᠠᠵᠤ ᠠᠬᠤᠶ ᠪᠠ ᠪᠣᠳᠠᠲᠤ ᠴᠣᠭᠴᠠ ᠶᠢᠨ ᠠᠵᠤ ᠠᠬᠤᠶ ᠶᠢᠨ ᠭᠦᠨᠵᠡᠭᠡᠶ | ᠠᠭᠤᠰᠤᠯᠴᠠᠯ ᠢ ᠠᠬᠢᠭᠤᠯᠤᠨ᠎ᠠ᠃ ᠡᠮᠴᠢᠯᠡᠭᠡ᠂ ᠡᠷᠡᠭᠦᠯᠵᠢᠯ ᠰᠤᠪᠢᠯᠠᠯᠲᠠ᠂ ᠰᠤᠷᠭᠠᠨ ᠬᠥᠮᠦᠵᠢᠯ᠂ ᠨᠡᠶᠢᠭᠡᠮ ᠤᠨ | ᠪᠠᠲᠤᠯᠠᠭ᠎ᠠ᠂ ᠬᠤᠲᠠ ᠶᠢᠨ ᠪᠥᠲᠥᠭᠡᠨ ᠪᠠᠶᠢᠭᠤᠯᠤᠯᠲᠠ ᠬᠠᠮᠢᠶᠠᠷᠤᠯᠲᠠ ᠵᠡᠷᠭᠡ ᠬᠦᠷᠢᠶ᠎ᠡ ᠴᠠᠷᠠᠭ᠎ᠠ ᠳᠤ ᠲᠣᠮᠣ | ᠳ᠋ᠠᠶᠢᠲ᠋ᠠ ᠶᠢᠨ ᠪᠥᠬᠦ ᠲᠠᠯ᠎ᠠ ᠪᠠᠷ ᠬᠡᠷᠡᠭᠯᠡᠭᠳᠡᠬᠦ ᠶᠢ ᠠᠬᠢᠭᠤᠯᠵᠤ᠂ ᠠᠷᠠᠳ ᠲᠤ ᠠᠰᠢᠭ ᠬᠦᠷᠲᠡᠭᠡᠬᠦ᠂ ᠠᠵᠤ | ᠠᠬᠤᠶᠢᠯᠠᠯ ᠳᠤ ᠠᠰᠢᠭ ᠬᠦᠷᠲᠡᠭᠡᠬᠦ᠂ ᠵᠠᠰᠠᠭ ᠤᠨ ᠶᠠᠪᠤᠳᠠᠯ ᠳᠤ ᠠᠰᠢᠭ ᠬᠦᠷᠲᠡᠭᠡᠬᠦ ︽ᠤᠶᠤᠨᠲᠤ ᠬᠤᠲᠠ︾ ᠶᠢ | ᠪᠠᠶᠢᠭᠤᠯᠤᠨ᠎ᠠ᠃ | ︵ᠳᠥᠷᠪᠡ︶ ᠨᠡᠭᠡᠭᠡᠯᠲᠡ ᠬᠢᠬᠦ ᠶᠢ ᠪᠦᠬᠦ ᠲᠠᠯ᠎ᠠ ᠪᠠᠷ ᠥᠷᠭᠡᠳᠬᠡᠨ᠂ ᠵᠠᠩᠭᠢᠯᠠᠭ᠎ᠠ ᠶᠢᠨ ᠠᠵᠤ ᠠᠬᠤᠶ ᠶᠢ ᠶᠡᠬᠡᠪᠡᠷ | ᠬᠥᠭᠵᠢᠭᠦᠯᠦᠨ᠎ᠡ | ᠪᠣᠭᠤᠮᠲᠠ ᠶᠢᠨ ᠦᠷᠦᠴᠡ ᠭᠠᠵᠠᠷ ᠤᠨ ᠳᠠᠪᠠᠭᠤᠯᠢᠭ ᠢ ᠪᠠᠳᠠᠷᠠᠭᠤᠯᠵᠤ᠂ ᠡᠬᠡ ᠬᠠᠭᠤᠷᠠᠶ ᠶᠢᠨ ᠭᠠᠷᠠᠮ ᠤᠨ | ᠬᠡᠯᠪᠡᠷᠢ ᠶᠢᠨ ᠤᠯᠤᠰ ᠤᠨ ᠪᠠᠷᠠᠭ᠎ᠠ ᠭᠦᠶᠯᠭᠡᠭᠡᠨ ᠤ ᠬᠦᠶᠰᠦ ᠶᠢᠨ ᠳᠠᠭᠠᠭᠠᠴᠠᠳᠤ ᠬᠤᠲᠠ ᠶᠢ ᠪᠥᠲᠥᠭᠡᠨ ᠪᠠᠶᠢᠭᠤᠯᠵᠤ᠂ | ᠥᠪᠥᠷ ᠮᠣᠩᠭᠤᠯ ᠤᠨ ᠴᠢᠯᠥᠭᠡᠲᠦ ᠠᠷᠠᠯᠵᠢᠶᠠᠨ ᠤ ᠣᠷᠣᠨ ᠤ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ | ᠣᠷᠣᠯᠴᠠᠵᠤ᠂ ᠨᠡᠬᠡᠬᠡᠯᠳᠡ ᠬᠢᠵᠤ ᠬᠦᠭᠵᠢᠬᠦᠯᠬᠦ ᠰᠢᠨ᠎ᠡ ᠪᠠᠶᠢᠷᠢᠰᠢᠯ ᠢ ᠪᠠᠶᠢᠭᠤᠯᠤᠨ᠎ᠠ᠃ | ᠬᠠᠭᠤᠷᠠᠶ᠂ ᠳᠠᠯᠠᠢ᠂ ᠠᠭᠠᠷ ᠵᠡᠷᠭᠡ ᠪᠠᠷ ᠬᠦᠴᠦᠯᠡᠬᠦ ᠶᠢ ᠪᠠᠷᠢᠮᠲᠠᠯᠠᠨ᠎ᠠ᠃ ᠬᠠᠭᠤᠷᠠᠶ᠂ ᠳᠠᠯᠠᠢ ᠶᠢᠨ ᠨᠡᠪᠲᠡᠷᠡᠬᠦ | ᠵᠠᠮ ᠢ ᠦᠷᠭᠡᠳᠭᠡᠨ᠎ᠡ᠃ ᠲᠦᠷᠭᠡᠨ ᠤ ᠲᠡᠮᠦᠷ ᠵᠠᠮ ᠤᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢ ᠪᠥᠬᠦ | ᠬᠦᠴᠦᠨ ᠢᠶᠠᠷ ᠢᠶᠠᠨ ᠪᠠᠲᠤᠯᠠᠨ᠎ᠡ᠃ ᠳᠣᠯᠣᠳᠤᠭᠠᠷ ᠰᠤᠮᠤ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠳᠤᠭᠤᠷᠢᠭ ᠢ | ᠭᠤᠶᠤᠴᠢᠯᠠᠨ ᠮᠡᠳᠡᠬᠦᠯᠬᠦ ᠶᠢ ᠡᠬᠢᠯᠡᠭᠦᠯᠦᠨ᠎ᠠ᠃ ᠤᠯᠤᠰ ᠤᠨ ᠵᠠᠮ ᠤᠨ 335 ᠱᠤᠭᠤᠮ ᠤᠨ ᠬᠥᠬᠡᠪᠦᠷ ᠠᠴᠠ | ᠤᠯᠠᠭᠠᠨᠬᠤᠸᠠ ᠬᠦᠷᠬᠦ᠂ ᠵᠢᠨᠢᠩ ᠠᠴᠠ ᠱᠠᠩᠳᠤ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠵᠡᠷᠭᠡ ᠭᠤᠣᠯᠳᠠᠯᠭ᠎ᠠ ᠲᠠᠢ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠎ᠡ᠃ ᠲᠢᠶᠠᠨᠵᠢᠨ ᠭᠠᠷᠠᠮ᠂ ᠼᠤᠤ | ᠹᠸᠢ ᠳ᠋ᠢᠶᠠᠨ ᠭᠠᠷᠠᠮ ᠤᠨ ᠳᠣᠲᠣᠭᠠᠳᠤ ᠬᠠᠭᠤᠷᠠᠶ ᠶᠢᠨ ᠭᠠᠷᠠᠮ ᠤᠨ ᠨᠢᠭᠡ ᠥᠷᠲᠡᠭᠡᠴᠢᠯᠡᠭᠰᠡᠨ ᠦᠶᠯᠡᠴᠢᠯᠡᠭᠡᠨ ᠤ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠠᠭᠠᠷ ᠤᠨ ᠲᠡᠭᠡᠭᠡᠪᠦᠷᠢ ᠶᠢᠨ ᠵᠠᠮ ᠢ ᠦᠷᠭᠡᠳᠬᠡᠨ᠎ᠡ᠃ ᠯᠢᠶᠠᠩᠴᠧᠩ ᠰᠢᠶᠠᠨ᠂ | ᠬᠤᠸᠠᠳᠧ ᠰᠢᠶᠠᠨ᠂ ᠳᠥᠷᠪᠡᠳ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠠᠷᠢᠯᠭ᠎ᠠ ᠶᠢᠨ | ᠠᠵᠢᠯ ᠢ ᠡᠬᠢᠯᠡᠭᠦᠯᠦᠨ ᠪᠥᠲᠥᠭᠡᠨ ᠪᠠᠶᠢᠭᠤᠯᠤᠨ᠎ᠠ᠃ ᠡᠷᠢᠶᠡᠨ ᠤ ᠠᠭᠠᠷ ᠠᠶᠠᠯᠠᠯ ᠤᠨ ᠪᠠᠷᠠᠭ᠎ᠠ ᠭᠦᠶᠯᠭᠡᠭᠡᠨ ᠤ ᠠᠵᠤ | ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠤᠨ᠎ᠠ᠃ ᠠᠭᠠᠷ ᠤᠨ ᠠᠶᠠᠯᠠᠯ ᠤᠨ | ᠪᠣᠭᠤᠮᠲᠠ ᠶᠢ ᠴᠢᠷᠮᠠᠶᠢᠨ ᠨᠡᠭᠡᠭᠡᠵᠦ᠂ ᠠᠭᠠᠷ ᠤᠨ ᠭᠠᠷᠠᠮ ᠤᠨ ᠭᠠᠶᠢᠯᠢ ᠪᠠᠲᠤᠯᠠᠬᠤ ᠪᠠᠷᠠᠭ᠎ᠠ ᠭᠦᠢᠯᠭᠡᠭᠡᠨ ᠤ | ᠬᠦᠷᠢᠶᠡᠯᠡᠩ ᠢ ᠪᠠᠶᠢᠭᠤᠯᠤᠨ᠎ᠠ᠃ ︽ᠨᠡᠶᠢᠳᠡᠮ ᠬᠡᠷᠡᠭᠯᠡᠬᠡᠨ ᠤ ᠠᠭᠠᠷ ᠠᠶᠠᠯᠠᠯ + ᠵᠤᠭᠠᠴᠠᠯ︾᠂ ︽ᠨᠡᠶᠢᠳᠡᠮ | ᠬᠡᠷᠡᠭᠯᠡᠬᠡᠨ ᠤ ᠠᠭᠠᠷ ᠠᠶᠠᠯᠠᠯ + ᠪᠡᠶ᠎ᠡ ᠶᠢᠨ ᠲᠠᠮᠢᠷ︾ ᠵᠡᠷᠭᠡ ᠰᠢᠨ᠎ᠡ ᠡᠵᠡᠩᠨᠡᠯᠲᠡ ᠶᠢᠨ ᠲᠦᠯᠦᠪ ᠪᠠᠶᠢᠳᠠᠯ ᠤᠨ | ᠬᠥᠭᠵᠢᠯᠲᠡ ᠶᠢ ᠠᠬᠢᠭᠤᠯᠤᠨ᠎ᠠ᠃ | ᠳᠡᠭᠡᠭᠡᠪᠤᠷᠢ ᠨᠦᠬᠡᠴᠡ ᠡᠳ᠋ᠰᠢᠬᠦᠯᠦᠯᠳᠡ ᠶᠢ ᠬᠠᠮᠵᠢᠯᠴᠠᠨ ᠬᠦᠭᠵᠢᠬᠦᠯᠬᠦ ᠶᠢ ᠴᠢᠩᠭᠠᠳᠬᠠᠨ᠎ᠠ᠃ ᠳᠤᠮᠳᠠᠳᠤ | ᠧᠦ᠋ᠷᠣᠫᠠ ᠶᠢᠨ ᠭᠠᠯᠲᠤ ᠲᠡᠷᠭᠡ ᠶᠢᠨ ᠵᠦᠬᠡᠬᠡᠪᠤᠷᠢᠯᠡᠨ ᠡᠵᠡᠩᠨᠡᠬᠦ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠵᠦ᠂ | ᠵᠢᠯ ᠳᠤ 180 ᠴᠤᠪᠤᠭ᠎ᠠ ᠠᠶᠠᠯᠠᠭᠤᠯᠤᠨ᠎ᠠ᠃ ᠤᠯᠤᠰ ᠤᠨ ᠭᠤᠤᠯᠯᠠᠭᠴᠢ ᠬᠦᠶᠲᠡᠨ ᠬᠡᠯᠬᠢᠶᠡᠲᠦ ᠪᠠᠷᠠᠭ᠎ᠠ | ᠭᠦᠶᠯᠭᠡᠭᠡᠨ ᠤ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ ᠪᠸᠢ ᠳ᠋ᠧᠦ ᠰᠠᠨᠰᠠᠷ ᠤᠨ ᠠᠶᠠᠯᠠᠯ ᠤᠨ ᠪᠦᠯᠦᠭᠯᠡᠯ ᠲᠠᠢ | ᠬᠠᠮᠲᠤᠷᠠᠨ ᠤᠯᠠᠭᠠᠨᠴᠠᠪ ᠤᠨ ᠪᠣᠬᠢᠷᠲᠤᠯ ᠥᠬᠡᠶ ᠪᠠᠷᠠᠭ᠎ᠠ ᠭᠦᠶᠯᠭᠡᠭᠡᠨ ᠤ ᠠᠵᠤ ᠦᠶᠯᠡᠰ ᠤᠨ ᠬᠦᠷᠢᠶᠡᠯᠡᠩ ᠢ | ᠪᠠᠶᠢᠭᠤᠯᠵᠤ᠂ ᠪᠣᠬᠢᠷᠲᠤᠯ ᠥᠬᠡᠶ ᠪᠠᠷᠠᠭ᠎ᠠ ᠲᠡᠭᠡᠭᠡᠪᠦᠷᠢ ᠶᠢᠨ ᠳᠣᠭᠢᠷᠠᠭᠤᠯᠤᠨ ᠬᠦᠷᠭᠡᠬᠦ ᠵᠢᠱᠢᠶ᠎ᠡ ᠦᠵᠡᠭᠦᠯᠬᠦ | ᠢᠨᠵᠧᠨᠧᠷᠢᠩ ᠢ ᠡᠭᠦᠳᠦᠨ ᠪᠠᠶᠢᠭᠤᠯᠤᠨ᠎ᠠ᠃ ᠰᠠᠭᠤᠷᠢᠰᠢᠬᠤ ᠠᠵᠤ ᠠᠬᠤᠶ ᠶᠢ ᠪᠣᠳᠠᠲᠠᠶ ᠨᠠᠶᠢᠲᠠᠪᠦᠷᠢᠵᠢᠭᠤᠯᠤᠨ᠎ᠠ᠃ | ᠡᠷᠢᠶᠡᠨ ᠬᠤᠲᠠ ᠯᠤᠭ᠎ᠠ ᠶᠢᠨ ᠪᠠᠷᠠᠭ᠎ᠠ ᠭᠦᠶᠯᠭᠡᠭᠡᠨ ᠤ ᠬᠤᠷᠰᠢᠯᠴᠠᠭ᠎ᠠ᠂ ᠬᠠᠮᠳᠤᠷᠠᠯᠴᠠᠭᠠᠨ ᠤ ᠠᠵᠤ ᠦᠶᠯᠡᠰ ᠤᠨ | ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠬᠠᠮᠵᠢᠯᠴᠠᠨ ᠠᠬᠢᠭᠤᠯᠵᠤ᠂ ᠠᠵᠤ ᠦᠶᠯᠡᠰ ᠤᠨ | ᠰᠠᠭᠤᠷᠢᠰᠢᠵᠤ ᠡᠳ᠋ᠰᠢᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠦᠷᠭᠡᠨ ᠬᠡᠪᠴᠢᠶᠡᠨ ᠤ ᠪᠣᠭᠤᠮᠲᠠ ᠶᠢᠨ ᠠᠵᠤ | ᠠᠬᠤᠶ ᠶᠢ ᠬᠥᠭᠵᠢᠭᠦᠯᠦᠨ᠎ᠡ᠃ ᠮᠣᠩᠭᠤᠯ ᠤᠯᠤᠰ ᠤᠨ ᠬᠡᠦᠷᠡᠰᠦ ᠶᠢ ᠬᠢᠯᠢ ᠶᠢᠨ ᠭᠠᠳᠠᠨ᠎ᠠ ᠠᠴᠠ ᠣᠷᠣᠭᠤᠯᠬᠤ ᠪᠠ | ᠰᠢᠯᠢᠨ ᠲᠣᠬᠢᠷᠠᠭᠤᠯᠬᠤ ᠠᠵᠢᠯ ᠢ ᠴᠢᠨᠠᠷ ᠰᠠᠶᠢᠲᠠᠶ ᠥᠷᠨᠢᠭᠦᠯᠦᠨ᠎ᠡ᠃ ᠭᠠᠳᠠᠭᠠᠳᠤ ᠠᠴᠠ ᠣᠷᠣᠭᠤᠯᠬᠤ ᠲᠦᠭᠦᠬᠡᠶ | ᠮᠠᠲ᠋ᠧᠷᠢᠶᠠᠯ ᠪᠣᠯᠪᠠᠰᠤᠷᠠᠭᠤᠯᠬᠤ ᠬᠡᠪᠴᠢᠶ᠎ᠡ ᠶᠢ ᠥᠷᠭᠡᠳᠬᠡᠨ᠂ ᠦᠢᠯᠡᠳᠬᠦᠨ ᠤ ᠨᠡᠮᠡᠯᠲᠡ ᠥᠷᠲᠡᠭ ᠢ | ᠳᠡᠭᠡᠭᠰᠢᠯᠡᠭᠦᠯᠦᠨ᠎ᠡ᠃ ᠭᠠᠳᠠᠭᠠᠳᠤ ᠠᠷᠠᠯᠵᠢᠶᠠᠨ ᠤ ᠠᠵᠤ ᠠᠬᠤᠶ ᠶᠢ ᠬᠦᠴᠦᠷᠬᠡᠭᠵᠢᠭᠦᠯᠦᠨ᠎ᠡ᠃ ᠨᠥᠬᠦᠴᠡᠯ ᠲᠠᠢ | ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠭᠠᠳᠠᠭᠠᠳᠤ ᠳᠠᠬᠢ ᠰᠠᠩ ᠬᠥᠮᠥᠷᠭᠡ ᠪᠠᠶᠢᠭᠤᠯᠬᠤ ᠶᠢ ᠨᠢ ᠲᠡᠮᠵᠢᠨ᠎ᠠ᠃ | ᠭᠠᠳᠠᠭᠠᠳᠤ ᠠᠴᠠ ᠣᠷᠣᠭᠤᠯᠬᠤ ᠲᠠᠸᠠᠷ ᠤᠨ ᠰᠦᠯᠵᠢᠶᠡᠨ ᠠᠴᠠ ᠭᠠᠳᠠᠨ᠎ᠠ ᠪᠡᠶᠡᠴᠢᠯᠡᠨ ᠣᠶᠢᠯᠠᠭᠠᠬᠤ ᠲᠥᠪ᠂ ᠭᠠᠶᠢᠯᠢ | ᠪᠠᠲᠤᠯᠠᠬᠤ ᠶᠢ ᠪᠡᠶᠡᠴᠢᠯᠡᠨ ᠣᠶᠢᠯᠠᠭᠠᠬᠤ ᠠᠷᠠᠯᠵᠢᠶᠠᠨ ᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃ ᠳᠤᠮᠳᠠ | ᠵᠢᠵᠢᠭ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠨᠡᠪᠴᠢᠬᠦᠯᠦᠯᠳᠡ ᠶᠢᠨ ᠢᠨᠵᠧᠨᠧᠷᠢᠩ ᠢ ᠬᠡᠷᠡᠭᠵᠢᠭᠦᠯᠦᠨ᠎ᠡ᠃ | ᠭᠠᠳᠠᠭᠠᠳᠤ ᠪᠡᠯᠡ ᠶᠢ ᠠᠰᠢᠭᠯᠠᠬᠤ ᠬᠡᠮᠵᠢᠶ᠎ᠡ ᠶᠢ 10 % ᠪᠠᠷ ᠨᠡᠮᠡᠭᠳᠡᠭᠦᠯᠵᠦ᠂ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠠᠷᠠᠯᠵᠢᠶᠠᠨ ᠤ ᠬᠡᠮᠵᠢᠶ᠎ᠡ ᠶᠢ 30 % ᠪᠠᠷ ᠨᠡᠮᠡᠭᠳᠡᠭᠦᠯᠦᠨ᠎ᠡ᠃ | ︵ᠲᠠᠪᠤ︶ ᠭᠠᠵᠠᠷ ᠣᠷᠣᠨ ᠤ ᠳᠠᠪᠠᠭᠤᠯᠢᠭ ᠢᠶᠠᠨ ᠪᠠᠳᠠᠷᠠᠭᠤᠯᠵᠤ᠂ ᠣᠷᠣᠨ ᠪᠦᠰᠡ ᠶᠢᠨ ᠠᠵᠤ ᠠᠬᠤᠢ ᠶᠢ | ᠶᠡᠬᠡᠪᠡᠷ ᠬᠥᠭᠵᠢᠭᠦᠯᠦᠨ᠎ᠡ | ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠣᠯ ᠪᠣᠯᠭᠠᠭᠰᠠᠨ ᠬᠤᠣᠰ ᠣᠷᠴᠢᠯᠳᠤ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠭᠦᠨᠵᠡᠭᠡᠢ ᠠᠭᠤᠰᠤᠯᠴᠠᠵᠤ᠂ ᠬᠥᠭᠵᠢᠯᠲᠡ ᠶᠢᠨ ᠪᠠᠶᠢᠷᠢ ᠲᠣᠭᠲᠠᠭᠠᠯᠲᠠ ᠪᠠᠨ | ᠣᠨᠣᠪᠴᠢᠲᠠᠢ ᠣᠯᠵᠤ᠂ ᠬᠠᠷᠢᠴᠠᠭᠤᠯᠤᠭᠰᠠᠨ ᠳᠠᠪᠠᠭᠤᠯᠢᠭ ᠢᠶᠠᠨ ᠪᠠᠳᠠᠷᠠᠭᠤᠯᠵᠤ᠂ ᠡᠷᠬᠢᠨ ᠲᠣᠭᠤᠷᠢᠨ ᠤ ᠭᠠᠵᠠᠷ | ᠣᠷᠣᠨ ᠯᠤᠭ᠎ᠠ ᠨᠡᠩ ᠨᠢᠭᠲᠠ᠂ ᠨᠡᠩ ᠭᠦᠨ ᠳᠠᠪᠬᠤᠷᠭ᠎ᠠ᠂ ᠨᠡᠩ ᠶᠡᠭᠡ ᠬᠡᠪᠴᠢᠶᠡᠨ ᠤ ᠬᠠᠮᠲᠤᠷᠠᠯᠴᠠᠭᠠᠨ ᠤ | ᠬᠠᠷᠢᠴᠠᠭ᠎ᠠ ᠪᠠᠶᠢᠭᠤᠯᠤᠨ᠎ᠠ᠃ | ᠥᠨᠳᠥᠷ ᠪᠦᠲᠦᠮᠵᠢᠲᠡᠢ ᠬᠠᠮᠵᠢᠯᠴᠠᠭ᠎ᠠ ᠪᠠᠷ ᠣᠷᠣᠨ ᠪᠦᠰᠡ ᠶᠢᠨ ᠬᠠᠮᠲᠤᠷᠠᠯᠴᠠᠭ᠎ᠠ ᠶᠢ ᠠᠬᠢᠭᠤᠯᠤᠨ᠎ᠠ᠃ | ᠪᠡᠭᠡᠵᠢᠩ ᠲᠢᠶᠠᠨᠵᠢᠨ ᠾᠧᠪᠧᠶ ᠶᠢᠨ ᠨᠥᠯᠥᠭᠡᠯᠡᠨ ᠳᠠᠶᠢᠴᠢᠯᠠᠬᠤ ᠶᠢ ᠰᠠᠨᠠᠭᠠᠴᠢᠯᠠᠭ᠎ᠠ ᠠᠴᠠ ᠪᠠᠨ ᠳᠤᠰᠴᠦ ᠵᠠᠯᠭᠠᠨ᠎ᠠ᠃ | ︽ᠤᠯᠠᠭᠠᠨᠴᠠᠪ ᠤᠨ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭᠠᠨ ᠤ ᠠᠵᠤ ᠦᠶᠯᠡᠰ ᠤᠨ ᠬᠦᠷᠢᠶᠡᠯᠡᠩ︾ ᠢᠶᠠᠷ | ᠠᠴᠢᠶᠠᠯᠠᠪᠤᠷᠢ ᠪᠣᠯᠭᠠᠵᠤ᠂ ᠰᠢᠨ᠎ᠡ ᠨᠢᠭᠡᠨ ᠡᠭᠡᠯᠵᠢ ᠶᠢᠨ ᠨᠡᠶᠢᠰᠯᠡᠯ ᠤᠨ ᠠᠵᠤ ᠦᠶᠯᠡᠰ ᠤᠨ ᠰᠢᠯᠵᠢᠯᠲᠡ ᠪᠠ | ᠨᠡᠶᠢᠰᠯᠡᠯ ᠤᠨ ᠪᠤᠰᠤ ᠴᠢᠳᠠᠮᠵᠢ ᠶᠢ ᠲᠠᠷᠬᠠᠭᠠᠨ ᠵᠣᠬᠢᠴᠠᠭᠤᠯᠬᠤ ᠶᠢ ᠲᠦᠢᠯ ᠤᠨ ᠣᠨᠣᠪᠴᠢᠲᠠᠶ ᠪᠠᠷ ᠳᠤᠰᠴᠦ ᠵᠠᠯᠭᠠᠨ᠎ᠠ᠃ | ᠪᠡᠭᠡᠵᠢᠩ ᠯᠦᠭᠡ ᠬᠠᠮᠲᠤᠷᠠᠨ ᠰᠤᠷᠭᠠᠭᠤᠯᠢ ᠡᠷᠬᠢᠯᠡᠵᠦ᠂ ᠡᠮᠨᠡᠯᠭᠡ ᠡᠷᠬᠢᠯᠡᠬᠦ ᠡᠷᠴᠢᠮ ᠢᠶᠠᠨ ᠨᠡᠮᠡᠭᠳᠡᠭᠦᠯᠦᠨ᠎ᠡ᠃ | ᠪᠡᠭᠡᠵᠢᠩ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠠᠮᠲᠤᠷᠠᠯᠴᠠᠭᠠᠨ ᠤ | ᠲᠠᠪᠴᠠᠩ ᠢ ᠪᠠᠶᠢᠭᠤᠯᠤᠨ᠎ᠠ᠃ ᠨᠡᠶᠢᠰᠯᠡᠯ ᠤᠨ ᠮᠠᠰᠢᠨ ᠲᠡᠷᠭᠡᠨ ᠤ ᠵᠢᠯᠣᠭᠤᠴᠢ ᠶᠢᠨ ᠪᠣᠯᠪᠠᠰᠤᠷᠠᠯ ᠤᠨ ᠲᠥᠪ ᠪᠠ | ᠨᠡᠶᠢᠰᠯᠡᠯ ᠤᠨ ᠮᠠᠰᠢᠨ ᠲᠡᠷᠭᠡ ᠪᠣᠯᠵᠣᠬᠤ ᠤᠮᠠᠷᠠᠲᠤ ᠣᠷᠣᠨ ᠤ ᠳ᠋ᠦᠩᠨᠡᠨ ᠪᠤᠳᠤᠬᠤ ᠲᠥᠪ ᠤᠨ ᠲᠥᠷᠥᠯ ᠵᠦᠶᠯ ᠤᠨ | ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ | ᠴᠣᠭᠴᠠᠵᠢᠭᠰᠠᠨ ᠬᠥᠭᠵᠢᠯᠲᠡ ᠳᠤ ᠠᠭᠤᠰᠤᠯᠴᠠᠨ ᠣᠷᠣᠬᠤ ᠶᠢ ᠲᠦᠷᠭᠡᠳᠬᠡᠨ᠎ᠡ᠃ ᠡᠯ᠎ᠡ ᠵᠦᠢᠯ ᠤᠨ ᠵᠠᠮ | ᠬᠠᠷᠢᠯᠴᠠᠭᠠᠨ ᠤ ᠠᠷᠭ᠎ᠠ ᠮᠠᠶ᠋ᠢᠭ ᠢ ᠬᠠᠷᠢᠯᠴᠠᠨ ᠵᠣᠯᠭᠠᠯᠳᠤᠭᠤᠯᠬᠤ ᠶᠢ ᠴᠢᠩᠭᠠᠷᠠᠭᠤᠯᠵᠤ᠂ ᠯᠢᠶᠠᠩᠴᠧᠩ ᠠᠴᠠ | ᠬᠥᠬᠡᠬᠤᠲᠠ ᠬᠦᠷᠬᠦ ︽ᠳᠠᠰᠤᠷᠬᠠᠢ ᠵᠠᠮ︾ ᠢ ᠵᠠᠰᠠᠬᠤ ᠠᠵᠢᠯ ᠢ ᠡᠷᠳᠡᠭᠡᠨ ᠡᠬᠢᠯᠡᠭᠦᠯᠬᠦ ᠶᠢ ᠲᠦᠯᠬᠢᠨ ᠠᠬᠢᠭᠤᠯᠤᠨ᠎ᠠ᠃ | ᠡᠮ ᠡᠮᠨᠡᠯᠭᠡ᠂ ᠰᠤᠷᠭᠠᠨ ᠬᠥᠮᠦᠵᠢᠯ᠂ ᠨᠡᠶᠢᠭᠡᠮ ᠤᠨ ᠪᠠᠲᠤᠯᠠᠭ᠎ᠠ᠂ ᠠᠵᠢᠯ ᠣᠯᠭᠤᠯᠲᠠ ᠪᠠᠷ ᠢᠵᠢᠯ | ᠬᠤᠲᠠᠴᠢᠯᠠᠬᠤ ᠶᠢ ᠬᠦᠲᠦᠯᠬᠦ ᠶᠢ ᠲᠦᠷᠭᠡᠳᠬᠡᠨ᠎ᠡ᠃ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ | ᠳᠡᠮᠳᠡᠭ ᠢ ᠬᠠᠮᠲᠤᠷᠠᠨ ᠡᠭᠦᠳᠦᠨ᠎ᠡ᠃ ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ ᠶᠢᠨ ᠬᠠᠷᠢᠯᠴᠠᠨ | ᠨᠡᠪᠲᠡᠷᠡᠯᠴᠡᠵᠦ ᠬᠠᠷᠢᠯᠴᠠᠨ ᠨᠥᠬᠦᠪᠥᠷᠢᠯᠡᠬᠦ ᠶᠢ ᠪᠥᠬᠦ ᠬᠦᠴᠦᠨ ᠢᠶᠠᠷ ᠠᠬᠢᠭᠤᠯᠤᠨ᠎ᠠ᠃ ᠤᠯᠠᠭᠠᠨᠴᠠᠪ ᠳ᠋ᠠᠲ᠋ᠦ᠋ᠩ | ᠴᠢᠭᠤᠯᠤᠯᠲᠤ ᠬᠠᠭᠠᠯᠭ᠎ᠠ ᠶᠢᠨ ᠬᠠᠮᠲᠤᠷᠠᠯᠴᠠᠭᠠᠨ ᠤ ᠣᠷᠣᠨ ᠤ ᠳᠤᠮᠳᠠ ᠣᠷᠳᠣ ᠬᠤᠭᠤᠴᠠᠭᠠᠨ ᠤ ᠪᠠᠶᠢᠯᠳᠤᠬᠤ | ᠪᠣᠳᠣᠯᠭ᠎ᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠳᠠᠭᠤᠰᠬᠠᠨᠡ᠃ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ᠮᠤᠵᠢ ᠠᠯᠤᠰᠯᠠᠨ ᠨᠡᠶᠢᠳᠡᠮ ᠭᠦᠢᠴᠡᠳᠬᠡᠬᠦ ᠲᠤᠷᠰᠢᠯᠲᠠ ᠶᠢᠨ ᠠᠵᠢᠯ ᠢ ᠥᠷᠨᠢᠭᠦᠯᠦᠨ᠎ᠡ᠃ | ᠵᠢᠭᠤᠯᠴᠢᠯᠠᠯ ᠤᠨ ᠰᠣᠳᠣᠨ ᠵᠠᠮ ᠱᠤᠭᠤᠮ ᠢ ᠬᠠᠮᠲᠤ ᠪᠠᠷ ᠲᠥᠯᠥᠪᠵᠢᠭᠦᠯᠦᠨ᠎ᠡ᠃ ᠮᠥᠰᠥ ᠴᠠᠰᠤᠨ ᠤ ᠲᠠᠮᠢᠷ ᠤᠨ | ᠬᠦᠳᠡᠯᠬᠡᠬᠡᠨ ᠤ ᠬᠠᠮᠵᠢᠯᠴᠠᠭ᠎ᠠ ᠶᠢ ᠴᠢᠩᠭᠠᠳᠬᠠᠨ᠎ᠠ᠃ | ᠵᠢᠭᠤᠯᠴᠢᠯᠠᠯ ᠡᠷᠡᠬᠦᠯᠵᠢᠯ ᠰᠤᠪᠢᠯᠠᠯ ᠪᠠᠷ ᠬᠡᠷᠡᠭᠯᠡᠭᠡ ᠶᠢᠨ ᠲᠠᠰ ᠳᠡᠪᠰᠢᠬᠦ ᠶᠢ ᠠᠬᠢᠭᠤᠯᠤᠨ᠎ᠠ᠃ ᠵᠢᠭᠤᠯᠴᠢᠯᠠᠯ | ᠡᠷᠡᠭᠦᠯᠵᠢᠯ ᠰᠤᠪᠢᠯᠠᠯ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠠᠷ ᠲᠤᠯᠭᠠᠭᠤᠷᠢᠯᠠᠬᠤ ᠰᠢᠰᠲ᠋ᠧᠮᠵᠢ ᠶᠢ | ᠲᠡᠭᠦᠯᠳᠡᠷᠵᠢᠭᠦᠯᠵᠦ᠂ ᠪᠡᠭᠡᠵᠢᠩ ᠲᠢᠶᠠᠨᠵᠢᠨ ᠾᠧᠪᠸᠢ ᠶᠢᠨ ᠵᠤᠰᠠᠯᠠᠩ ᠰᠡᠯᠡᠭᠦᠴᠡᠯ ᠤᠨ ︽ᠠᠷᠤ ᠶᠢᠨ ᠴᠡᠴᠡᠷᠯᠢᠭ︾ ᠢ | ᠪᠠᠶᠢᠭᠤᠯᠤᠨ᠎ᠠ᠃ ᠵᠢᠭᠤᠯᠴᠢᠯᠠᠯ ᠤᠨ ᠰᠢᠨ᠎ᠡ ᠭᠢᠯᠠᠰ ᠴᠡᠭ ᠢ ᠪᠤᠶᠢᠵᠢᠭᠤᠯᠤᠨ᠎ᠠ᠃ ᠭᠤᠸᠠᠩ ᠢᠦᠢ᠂ ᠶᠠᠩ ᠭᠤᠸᠠᠩ ᠴᠢ | ᠰᠢᠩ ᠵᠡᠷᠭᠡ ᠠᠵᠤ ᠠᠬᠤᠶᠢᠯᠠᠯ ᠯᠤᠭ᠎ᠠ ᠶᠢᠨ ᠭᠦᠨᠵᠡᠭᠡᠶ ᠬᠠᠮᠲᠤᠷᠠᠯᠴᠠᠭ᠎ᠠ ᠶᠢ ᠴᠢᠩᠭᠠᠳᠬᠠᠨ᠎ᠠ᠃ ᠵᠢᠭᠤᠯᠴᠢᠯᠠᠯ ᠤᠨ | ᠲᠥᠪᠯᠡᠷᠡᠭᠦᠯᠦᠨ ᠲᠠᠷᠬᠠᠭᠠᠬᠤ ᠲᠥᠪ ᠪᠠ ᠤᠶᠤᠨᠲᠤ ᠵᠢᠭᠤᠯᠴᠢᠯᠠᠯ ᠤᠨ ᠬᠥᠲᠥᠴᠢ ᠶᠢᠨ ᠰᠢᠰᠲ᠋ᠧᠮ ᠢ ᠪᠠᠶᠢᠭᠤᠯᠤᠨ | ᠳᠠᠭᠤᠰᠬᠠᠨᠡ᠃ ᠵᠢᠨᠢᠩ ᠲᠣᠭᠤᠷᠢᠭ᠂ ᠵᠦᠸᠧᠽᠢ ᠰᠢᠶᠠᠨ ᠥᠪᠡᠷᠲᠡᠭᠡᠨ ᠵᠠᠰᠠᠬᠤ ᠣᠷᠣᠨ ᠤ ᠲᠡᠰ ᠤᠨ ᠪᠦᠬᠦ ᠣᠷᠣᠨ | ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠤᠨ᠎ᠡ᠃ ᠨᠠᠷᠠᠰᠤᠨ ᠭᠤᠣᠯ᠂ ᠳ᠋ᠠ | ᠾᠧ ᠸᠠᠨ᠂ ᠪᠦᠲᠦᠬᠦᠨ ᠭᠤᠣᠯ ᠳᠤ ᠳᠠᠮᠵᠢᠵᠤ 4 A ᠲᠡᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ | ᠶᠢ ᠨᠢ ᠳᠡᠮᠵᠢᠨ᠎ᠡ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ ᠵᠦᠸᠧᠽᠢ ᠰᠢᠶᠠᠨ᠂ ᠰᠢᠩ ᠾᠧ ᠰᠢᠶᠠᠨ᠂ | ᠯᠢᠶᠠᠩᠴᠧᠩ ᠰᠢᠶᠠᠨ ᠳᠤ ᠠᠷᠠᠳ ᠤᠨ ᠰᠣᠳᠣᠨ ᠤᠷᠤᠨ ᠰᠠᠭᠤᠴᠠ ᠶᠢᠨ ᠵᠢᠱᠢᠶ᠎ᠡ ᠦᠵᠡᠭᠦᠯᠬᠦ ᠴᠡᠭ ᠪᠠᠶᠢᠭᠤᠯᠬᠤ ᠶᠢ | ᠠᠬᠢᠭᠤᠯᠵᠤ᠂ ᠬᠥᠳᠡᠭᠡ ᠲᠣᠰᠬᠤᠨ ᠤ ᠵᠢᠭᠤᠯᠴᠢᠯᠠᠯ ᠢ ᠬᠥᠭᠵᠢᠭᠦᠯᠦᠨ᠎ᠡ᠃ ᠦᠵᠡᠮᠵᠢ ᠶᠢᠨ ᠣᠷᠣᠨ ᠤ ᠨᠡᠪᠲᠡᠷᠡᠯ ᠤᠨ | ᠨᠥᠬᠦᠴᠡᠯ ᠢ ᠪᠥᠬᠦ ᠲᠠᠯ᠎ᠠ ᠪᠠᠷ ᠰᠠᠶᠢᠵᠢᠷᠠᠭᠤᠯᠵᠤ᠂ ᠰᠢᠭᠤᠳ ᠨᠡᠪᠲᠡᠷᠡᠬᠦ ᠲᠡᠷᠭᠡ᠂ ᠥᠪᠡᠰᠦᠪᠡᠨ ᠲᠡᠷᠭᠡ ᠵᠢᠯᠣᠭᠤᠳᠤᠨ | ᠪᠠᠭᠤᠳᠠᠯᠯᠠᠬᠤ ᠭᠠᠵᠠᠷ ᠪᠠ ᠣᠨᠳᠣᠤ ᠭᠠᠵᠠᠷ ᠲᠤ ᠲᠡᠷᠭᠡ ᠪᠤᠴᠠᠭᠠᠬᠤ ᠦᠶᠯᠡᠴᠢᠯᠡᠭᠡᠨ ᠤ ᠰᠢᠰᠲ᠋ᠧᠮᠵᠢ ᠶᠢᠨ | ᠪᠠᠶᠢᠭᠤᠯᠤᠯᠲᠠ ᠶᠢ ᠲᠦᠷᠭᠡᠳᠬᠡᠨ᠎ᠡ᠃ ᠲᠠᠯ᠎ᠠ ᠨᠤᠲᠤᠭ ᠤᠨ ᠵᠠᠩ ᠦᠢᠯᠡ ᠶᠢᠨ ᠵᠤᠭᠠᠴᠠᠯ᠂ ᠰᠡᠯᠡᠭᠦᠴᠡᠯ | ᠡᠷᠡᠭᠦᠯᠵᠢᠯ ᠤᠨ ᠵᠤᠭᠠᠴᠠᠯ᠂ ᠠᠷᠠᠳ ᠤᠨ ᠣᠷᠣᠨ ᠰᠠᠭᠤᠴᠠ ᠶᠢᠨ ᠵᠤᠭᠠᠴᠠᠯ᠂ ᠮᠥᠰᠥ ᠴᠠᠰᠤᠨ ᠤ ᠬᠦᠳᠡᠯᠬᠡᠬᠡᠨ ᠤ | ᠵᠤᠭᠠᠴᠠᠯ ᠵᠡᠷᠭᠡ ᠰᠣᠳᠣᠨ ᠵᠠᠮ ᠱᠤᠭᠤᠮ ᠢ ᠭᠠᠷᠭᠠᠨ᠎ᠠ᠃ ᠡᠷᠡᠬᠦᠯᠵᠢᠯ ᠰᠤᠪᠢᠯᠠᠯ ᠤᠨ ᠰᠢᠨ᠎ᠡ ᠪᠠᠶᠢᠷᠢᠰᠢᠯ ᠢ | ᠪᠠᠶᠢᠭᠤᠯᠤᠨ᠎ᠠ᠃ ᠠᠵᠤ ᠦᠶᠯᠡᠰ ᠤᠨ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠵᠦ᠂ ᠪᠠᠶ ᠴᠢᠩ ᠣᠯᠠᠨ ᠤᠯᠤᠰ ᠤᠨ ᠡᠷᠡᠬᠦᠯᠵᠢᠯ ᠰᠤᠪᠢᠯᠠᠯ ᠤᠨ ᠬᠤᠲᠠ᠂ ᠬᠤᠩ ᠬᠠᠶ ᠽᠢ ᠶᠢᠨ | ᠡᠷᠡᠭᠦᠯᠵᠢᠯ ᠰᠣᠪᠢᠯᠠᠯ ᠤᠨ ᠶᠡᠷᠦᠩᠬᠡᠶᠢᠯᠡᠭᠰᠡᠨ ᠴᠣᠭᠴᠠ ᠵᠡᠷᠭᠡ ᠲᠥᠷᠥᠯ ᠵᠦᠶᠯ ᠢ ᠪᠥᠲᠥᠭᠡᠨ ᠪᠠᠶᠢᠭᠤᠯᠵᠤ᠂ ᠯᠢᠨ ᠬᠡᠤ | ᠶᠢᠨ ᠡᠷᠳᠡᠨ ᠤ ᠴᠠᠶᠢᠵᠠ ᠶᠢᠨ ᠤᠯᠤᠰ ᠤᠨ ᠣᠶ ᠰᠢᠭᠤᠶ ᠶᠢᠨ ᠡᠷᠡᠭᠦᠯᠵᠢᠯ ᠰᠤᠪᠢᠯᠠᠯ ᠤᠨ ᠰᠠᠭᠤᠷᠢᠨ ᠭᠠᠵᠠᠷ ᠢ | ᠪᠤᠶᠢᠵᠢᠭᠤᠯᠤᠨ ᠪᠤᠵᠠᠭᠠᠶᠢᠷᠠᠭᠤᠯᠵᠤ᠂ ᠤᠯᠠᠭᠠᠨ ᠭᠤᠸ᠎ᠠ᠂ ᠯᠢᠶᠠᠨᠳᠧ ᠡᠷᠡᠭᠦᠯᠵᠢᠯ ᠰᠤᠪᠢᠯᠠᠯ ᠵᠡᠷᠭᠡ ᠲᠦᠷᠦᠯ ᠳᠡᠮᠳᠡᠭ ᠢ | ᠬᠦᠴᠦᠷᠬᠡᠭᠵᠢᠭᠦᠯᠦᠨ᠂ ᠨᠠᠰᠤᠲᠠᠨ ᠢ ᠠᠰᠠᠷᠠᠵᠤ ᠨᠠᠶᠢᠳᠠᠨ ᠬᠥᠮᠦᠵᠢᠭᠦᠯᠬᠦ ᠦᠶᠯᠡᠴᠢᠯᠡᠭᠡᠨ ᠤ ᠡᠷᠡᠭᠦᠯ ᠢᠶᠠᠷ ᠬᠥᠭᠵᠢᠬᠦ ᠶᠢ | ᠠᠬᠢᠭᠤᠯᠤᠨ᠎ᠠ᠃ ᠪᠦᠬᠦ ᠤᠯᠤᠰ ᠤᠨ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠪᠠᠭᠰᠢ ᠪᠣᠯᠪᠠᠰᠤᠷᠠᠭᠤᠯᠬᠤ | ᠰᠠᠭᠤᠷᠢᠨ ᠭᠠᠵᠠᠷ ᠪᠣᠯᠤᠨ ᠵᠤᠭᠠᠴᠠᠨ ᠰᠤᠷᠤᠯᠴᠠᠬᠤ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠢ ᠲᠦᠷᠭᠡᠳᠬᠡᠨ | ᠪᠠᠶᠢᠭᠤᠯᠤᠨ᠎ᠠ᠃ ᠨᠢᠭᠡ ᠪᠦᠯᠦᠭ ᠬᠠᠯᠠᠭᠤᠨ ᠷᠠᠰᠢᠶᠠᠨ᠂ ᠲᠠᠯ᠎ᠠ ᠨᠤᠲᠤᠭ᠂ ︽ᠨᠡᠭᠦᠳᠡᠯ ᠤᠨ ᠰᠢᠪᠠᠭᠤ ᠮᠠᠶ᠋ᠢᠭ︾ ᠢᠶᠠᠷ | ᠡᠷᠡᠭᠦᠯᠵᠢᠯ ᠰᠤᠪᠢᠯᠡᠯ ᠬᠢᠬᠦ ᠶᠢᠨ ᠨᠢᠳᠤᠷᠭᠠᠨ ᠪᠦᠲᠦᠭᠡᠭᠳᠡᠬᠦᠨ ᠢ ᠪᠤᠢ ᠪᠣᠯᠭᠠᠨ᠎ᠠ᠃ ᠬᠡᠷᠡᠭᠯᠡᠭᠡ ᠶᠢᠨ ᠰᠢᠨ᠎ᠡ ᠳᠠᠯᠳᠠ | ᠬᠦᠴᠦᠨ ᠢ ᠢᠯᠡᠷᠡᠬᠦᠯᠦᠨ᠎ᠡ᠃ ᠬᠡᠷᠡᠭᠴᠡᠭᠡᠨ ᠤ ᠲᠠᠯ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠡᠷᠡᠭᠯᠡᠭᠡ ᠶᠢ | ᠥᠷᠭᠡᠳᠬᠡᠬᠦ ᠶᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠲᠠᠢ ᠤᠶᠠᠯᠳᠤᠭᠤᠯᠤᠨ᠎ᠠ᠃ ︽ | ᠬᠤᠯᠢᠰᠢᠨ ᠢᠳᠡᠭᠡᠨ︾ ᠢ ᠬᠤᠲᠠ ᠶᠢᠨ ᠳᠠᠷᠤᠭ᠎ᠠ ᠬᠠᠷᠢᠭᠤᠴᠠᠬᠤ ᠳᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠡᠯ᠎ᠡ | ᠲᠥᠷᠥᠯ ᠤᠨ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠰᠦᠯᠵᠢᠶᠡᠨ ᠳᠤ ᠨᠡᠷ᠎ᠡ ᠭᠠᠷᠬᠤ ᠰᠢᠭᠤᠳ ᠨᠡᠪᠲᠡᠷᠡᠭᠦᠯᠭᠡ ᠶᠢᠨ ᠠᠵᠤ ᠠᠬᠤᠢ ᠶᠢ ᠬᠥᠭᠵᠢᠭᠦᠯᠵᠦ᠂ | ᠵᠢᠵᠢᠭ ᠬᠤᠳᠠᠯᠳᠤᠭ᠎ᠠ᠂ ᠰᠥᠨᠢ ᠶᠢᠨ ᠵᠠᠬ᠎ᠠ ᠳᠡᠯᠭᠡᠭᠦᠷ ᠤᠨ ᠠᠵᠤ ᠠᠬᠤᠢ ᠵᠡᠷᠭᠡ ᠬᠡᠷᠡᠭᠯᠡᠭᠡ ᠶᠢᠨ ᠡᠵᠡᠩᠨᠡᠯᠲᠡ ᠶᠢᠨ | ᠲᠦᠯᠦᠪ ᠪᠠᠶᠢᠳᠠᠯ ᠢ ᠪᠤᠶᠢᠵᠢᠭᠤᠯᠤᠨ᠎ᠠ᠃ ︽ᠳᠤᠮᠳᠠᠳᠤ ᠶᠢᠨ ᠬᠠᠭᠤᠴᠢᠨ ᠨᠠᠷᠠᠲᠤ ᠳᠡᠮᠳᠡᠭ︾ ᠤᠨ ᠤᠯᠤᠰ ᠤᠨ | ᠲᠠᠰ ᠤᠨ ᠨᠠᠷᠠᠲᠤ ᠲᠡᠮᠳᠡᠭᠲᠦ᠂ ︽ᠥᠪᠥᠷ ᠮᠣᠩᠭᠤᠯ ᠤᠨ ᠬᠠᠭᠤᠴᠢᠨ ᠨᠠᠷᠠᠲᠤ ᠳᠡᠮᠳᠡᠭ︾ ᠤᠨ ᠠᠯᠳᠠᠷᠳᠠᠨ ᠤ | ᠴᠠᠳᠢᠭ ᠢ ᠢᠳᠡᠪᠬᠢᠲᠡᠶ ᠭᠤᠶᠤᠴᠢᠯᠠᠨ ᠮᠡᠳᠡᠭᠦᠯᠵᠦ᠂ ᠪᠣᠳᠠᠲᠤ ᠴᠤᠭᠴᠠ ᠶᠢᠨ ᠵᠢᠵᠢᠭᠯᠡᠨ ᠬᠤᠳᠠᠯᠳᠤᠬᠤ ᠶᠢ | ᠬᠡᠯᠬᠢᠶᠡᠵᠢᠭᠰᠡᠨ᠂ ᠲᠥᠷᠥᠯ ᠲᠡᠮᠳᠡᠭᠵᠢᠭᠰᠡᠨ ᠳᠠᠰᠢ ᠬᠥᠭᠵᠢᠬᠦ ᠶᠢ ᠨᠢ ᠠᠬᠢᠭᠤᠯᠤᠨ᠎ᠠ᠃ | ︵ᠵᠢᠷᠭᠤᠭ᠎ᠠ︶ ᠪᠠᠶᠢᠭᠠᠯᠢ ᠠᠴᠠ ᠢᠪᠡᠭᠡᠭᠰᠡᠨ ᠳᠠᠪᠠᠭᠤᠯᠢᠭ ᠲᠠᠭᠠᠨ ᠰᠠᠭᠤᠷᠢᠯᠠᠨ᠂ ᠣᠳᠣ ᠦᠶ᠎ᠡ ᠶᠢᠨ | ᠡᠨᠧᠷᠭᠢ ᠶᠢᠨ ᠠᠵᠤ ᠠᠬᠤᠶ ᠶᠢ ᠶᠡᠬᠡᠪᠡᠷ ᠬᠥᠭᠵᠢᠭᠦᠯᠦᠨ᠎ᠡ | ᠤᠯᠠᠮᠵᠢᠯᠠᠯᠲᠤ ᠡᠨᠧᠷᠭᠢ ᠶᠢᠨ ᠰᠤᠷᠪᠤᠯᠵᠢ ᠶᠢ ᠠᠷᠢᠭᠤᠨ ᠴᠡᠪᠡᠷ ᠥᠨᠳᠥᠷ ᠪᠦᠲᠦᠮᠵᠢᠲᠡᠢ ᠪᠠᠷ ᠠᠰᠢᠭᠯᠠᠬᠤ ᠶᠢ | ᠠᠬᠢᠭᠤᠯᠤᠨ᠎ᠠ᠃ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠬᠡᠲᠦ ᠳᠣᠣᠷ᠎ᠠ ᠭᠠᠳᠠᠭᠰᠢᠯᠠᠭᠤᠯᠬᠤ ᠪᠠ | ᠡᠨᠧᠷᠭᠢ ᠠᠷᠪᠢᠯᠠᠬᠤ ᠥᠭᠡᠷᠡᠴᠢᠯᠡᠨ ᠰᠢᠨᠡᠳᠭᠡᠯᠳᠡ ᠶᠢ ᠴᠢᠩᠭᠠᠳᠬᠠᠵᠤ᠂ ᠮᠠᠰᠢᠨ ᠴᠣᠭᠴᠠᠯᠠᠪᠤᠷᠢ ᠶᠢᠨ ᠠᠮᠢᠳᠤᠯᠢᠭ | ᠲᠣᠬᠢᠷᠠᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠢᠩ ᠨᠢᠩ ᠤᠨ ᠬᠤᠶᠠᠳᠤᠭᠠᠷ ᠬᠤᠭᠤᠴᠠᠭᠠᠨ ᠤ 2 × 66 | ᠲᠦᠮᠡᠨ ᠺᠢᠯᠣᠸᠠᠲ ᠢᠯᠴᠢ ᠴᠠᠬᠢᠯᠭᠠᠨ ᠢ ᠬᠠᠮᠳᠤ ᠳᠤ ᠨᠢ ᠭᠠᠷᠭᠠᠬᠤ ᠶᠢ ᠥᠷᠭᠡᠳᠬᠡᠨ ᠪᠠᠶᠢᠭᠤᠯᠬᠤ ᠲᠥᠷᠥᠯ ᠵᠦᠶᠯ ᠢ | ᠠᠬᠢᠭᠤᠯᠵᠤ᠂ ᠴᠢ ᠰᠢᠶᠠ ᠶᠢᠩ ᠤᠨ 2 × 35 ᠲᠦᠮᠡᠨ ᠺᠢᠯᠣᠸᠠᠲ ᠢᠯᠴᠢ ᠴᠠᠬᠢᠯᠭᠠᠨ ᠤ ᠲᠥᠷᠥᠯ ᠵᠦᠶᠯ ᠤᠨ | ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ | ᠰᠢᠨ᠎ᠡ ᠡᠨᠧᠷᠭᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ 600 ᠲᠦᠮᠡᠨ ᠺᠢᠯᠣᠸᠠᠲ ᠤᠨ ᠰᠠᠯᠬᠢᠨ | ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ | ᠢᠵᠢ ᠪᠦᠷᠢᠳᠦᠭᠰᠡᠨ ᠴᠠᠬᠢᠯᠭᠠᠨ ᠬᠦᠷᠭᠡᠬᠦ ᠨᠡᠪᠲᠡᠷᠡᠯ ᠵᠠᠮ ᠤᠨ ᠪᠠᠷᠢᠯᠭ᠎ᠠ ᠶᠢᠨ ᠠᠵᠢᠯ ᠢ ᠡᠬᠢᠯᠡᠭᠦᠯᠦᠨ ᠪᠥᠲᠥᠭᠡᠨ | ᠪᠠᠶᠢᠭᠤᠯᠤᠨ᠎ᠠ᠃ ᠴᠠᠬᠢᠯᠭᠠᠨ ᠤ ᠰᠤᠷᠪᠤᠯᠵᠢ ᠪᠠ ᠲᠣᠣᠷ ᠳᠠᠭᠠᠭᠠᠴᠠ ᠨᠥᠭᠡᠴᠡ ᠶᠢᠨ ᠵᠢᠱᠢᠶ᠎ᠡ ᠦᠵᠡᠭᠦᠯᠬᠦ ᠲᠥᠷᠥᠯ | ᠵᠦᠢᠯ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢ ᠵᠢᠯ ᠤᠨ ᠳᠣᠲᠣᠷ᠎ᠠ ᠳᠤᠤᠷ ᠯᠤᠭ᠎ᠠ ᠨᠡᠶᠢᠯᠡᠬᠦᠯᠦᠨ᠎ᠡ᠃ | ᠬᠦᠢᠲᠡᠨ ᠰᠢᠯᠢ ᠶᠢᠨ ᠨᠤᠳᠤᠭ ᠪᠡᠯᠴᠢᠬᠡᠷ ᠤᠨ ᠰᠠᠯᠬᠢᠨ ᠬᠦᠴᠦᠨ ᠤ ᠲᠦᠷᠦᠯ ᠵᠦᠢᠯ ᠤᠨ ᠰᠢᠨ᠎ᠡ ᠪᠠᠷ | ᠪᠠᠶᠢᠭᠤᠯᠤᠭᠰᠠᠨ ᠬᠠᠯᠠᠬᠤ ᠲᠤᠷᠰᠢᠯᠲᠠ ᠶᠢᠨ ᠴᠢᠭ᠋ ᠠᠴᠠ ᠤᠬᠤᠷᠢᠨ ᠭᠠᠷᠬᠤ ᠠᠵᠢᠯ ᠢ ᠪᠡᠶᠡᠯᠡᠭᠦᠯᠦᠨ᠎ᠡ᠃ | ᠴᠠᠭᠠᠨᠨᠠᠭᠤᠷ ᠤᠨ ᠠᠮᠢ ᠠᠬᠤᠢ ᠶᠢᠨ ᠰᠡᠷᠬᠦᠬᠡᠯᠳᠡ ᠶᠢᠨ ᠭᠡᠷᠡᠯ ᠴᠡᠨᠡᠭ ᠴᠠᠬᠢᠯᠭᠠᠨ ᠨᠦᠬᠡᠴᠡ ᠮᠠᠯ ᠠᠵᠤ ᠠᠬᠤᠢ ᠨᠢᠭᠡ | ᠴᠣᠭᠴᠠᠵᠢᠭᠤᠯᠬᠤ᠂ ᠰᠠᠯᠬᠢᠨ ᠬᠦᠴᠦᠨ ᠤ ᠴᠠᠬᠢᠯᠭᠠᠨ ᠢᠶᠠᠷ ᠢᠯᠴᠢ ᠬᠠᠩᠭᠠᠬᠤ ᠵᠡᠷᠭᠡ ᠰᠢᠨ᠎ᠡ ᠡᠨᠧᠷᠭᠢ ᠶᠢᠨ ᠰᠠᠭᠤᠷᠢᠨ | ᠭᠠᠵᠠᠷ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠦᠨ᠎ᠡ᠃ ︽ᠬᠡᠶᠢᠵᠢᠬᠦᠯᠦᠭᠰᠡᠨ ᠤᠯᠠᠭᠠᠨᠴᠠᠪ︾ ᠢᠨᠵᠧᠨᠧᠷᠢᠩ ᠢ | ᠬᠡᠷᠡᠭᠵᠢᠭᠦᠯᠵᠦ᠂ ᠲᠦᠪ ᠬᠤᠲᠠ ᠶᠢᠨ ᠲᠣᠭᠤᠷᠢᠭ ᠤᠨ ᠪᠠᠶᠢᠭᠠᠯᠢ ᠶᠢᠨ ᠰᠢᠲᠠᠮᠠᠬᠠᠢ ᠬᠡᠢ ᠶᠢᠨ | ᠲᠦᠭᠡᠮᠡᠯᠵᠢᠭᠦᠯᠦᠯᠲᠡ ᠶᠢᠨ ᠨᠣᠷᠮ᠎ᠠ ᠶᠢ 30 % ᠬᠦᠷᠲᠡᠯ᠎ᠡ ᠳᠡᠭᠡᠭᠰᠢᠯᠡᠭᠦᠯᠦᠨ᠎ᠡ᠃ ᠴᠠᠬᠢᠯᠭᠠᠨ ᠢᠶᠠᠷ ᠨᠡᠭᠦᠷᠡᠰᠦ ᠶᠢ | ᠣᠷᠣᠯᠠᠭᠤᠯᠬᠤ᠂ ᠴᠠᠬᠢᠯᠭᠠᠨ ᠢᠶᠠᠷ ᠲᠣᠰᠣ ᠶᠢ ᠣᠷᠣᠯᠠᠭᠤᠯᠬᠤ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠴᠡᠪᠡᠷ | ᠡᠨᠧᠷᠭᠢ ᠪᠠᠷ ᠢᠯᠴᠢ ᠬᠠᠩᠭᠠᠬᠤ ᠶᠢ ᠳᠡᠯᠭᠡᠷᠡᠭᠦᠯᠦᠨ᠂ ᠬᠤᠲᠠ ᠬᠥᠳᠡᠭᠡ ᠶᠢᠨ ᠴᠠᠬᠢᠯᠭᠠᠨ ᠴᠡᠨᠡᠭᠯᠡᠬᠦ ᠱᠣᠩ ᠤᠨ | ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠲᠦᠯᠬᠢᠨ ᠠᠬᠢᠭᠤᠯᠵᠤ᠂ ᠣᠯᠠᠨ ᠨᠡᠶᠢᠲᠡ ᠶᠢᠨ ᠵᠠᠮ | ᠬᠠᠷᠢᠯᠴᠠᠭᠠᠨ ᠤ ᠮᠠᠰᠢᠨ ᠲᠡᠷᠭᠡᠨ ᠤ ᠴᠠᠬᠢᠯᠭᠠᠨᠵᠢᠭᠤᠯᠤᠯᠳᠡ ᠶᠢ ᠲᠦᠷᠭᠡᠳᠬᠡᠨ ᠠᠬᠢᠭᠤᠯᠤᠨ᠎ᠠ᠃ ᠤᠰᠤᠲᠥ᠋ᠷᠥᠭᠴᠢ ᠶᠢ | ᠦᠢᠯᠡᠳᠬᠦ ᠪᠠᠷ ᠤᠰᠤᠲᠥ᠋ᠷᠥᠭᠴᠢ ᠡᠨᠧᠷᠭᠢ ᠶᠢᠨ ᠬᠡᠷᠡᠭᠯᠡᠯᠲᠡ ᠶᠢ ᠳᠠᠶᠢᠴᠢᠯᠠᠵᠤ᠂ ᠤᠰᠤᠲᠥ᠋ᠷᠥᠭᠴᠢ ᠶᠢᠨ ᠠᠵᠤ | ᠦᠢᠯᠡᠰ ᠢ ᠪᠤᠶᠢᠵᠢᠭᠤᠯᠤᠨ ᠬᠥᠭᠵᠢᠭᠦᠯᠦᠨ᠎ᠡ᠃ ᠤᠯᠤᠰ ᠤᠨ ᠡᠨᠧᠷᠭᠢ ᠶᠢᠨ ︽ᠰᠤᠷᠪᠤᠯᠵᠢ ᠲᠣᠣᠷ ᠳᠠᠭᠠᠭᠠᠴᠠ | ᠨᠥᠭᠡᠴᠡ︾ ᠶᠢᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠪᠠ ᠶᠡᠷᠦᠩᠬᠡᠶᠢᠯᠡᠭᠰᠡᠨ ᠡᠨᠧᠷᠭᠢ ᠶᠢᠨ | ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠣᠶᠤᠨᠴᠢ ᠡᠨᠧᠷᠭᠢ ᠶᠢᠨ ᠬᠤᠲᠠ ᠶᠢ ᠪᠦᠲᠦᠭᠡᠨ ᠪᠠᠶᠢᠭᠤᠯᠵᠤ᠂ | ᠡᠨᠧᠷᠭᠢ ᠶᠢᠨ ᠰᠤᠷᠪᠤᠯᠵᠢ ᠶᠢ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠡᠨᠧᠷᠭᠢ ᠶᠢᠨ ᠲᠣᠨᠣᠭᠯᠠᠯ ᠤᠨ ᠦᠢᠯᠡᠳᠬᠦᠨ ᠤ ᠬᠡᠯᠬᠢᠶ᠎ᠡ ᠶᠢ ᠦᠷᠭᠡᠳᠬᠡᠨ᠎ᠡ᠃ ᠭᠤᠷᠪᠠᠨ ᠬᠠᠪᠴᠢᠯ ᠤᠨ ᠣᠳᠣ | ᠦᠶ᠎ᠡ ᠶᠢᠨ ᠡᠨᠧᠷᠭᠢ ᠶᠢᠨ ᠠᠵᠤ ᠦᠢᠯᠡᠰ ᠤᠨ ᠬᠦᠷᠢᠶᠡᠯᠡᠩ᠂ ᠶᠤᠸᠠᠨ ᠵᠢᠩ ᠳᠡᠭ ᠨᠡᠭᠦᠷᠡᠰᠦᠲᠥ᠋ᠷᠥᠭᠴᠢᠲᠦ ᠠᠵᠤ | ᠦᠢᠯᠡᠰ ᠤᠨ ᠬᠦᠷᠢᠶᠡᠯᠡᠩ ᠢ ᠲᠦᠷᠭᠡᠳᠬᠡᠨ ᠪᠠᠶᠢᠭᠤᠯᠵᠤ᠂ ᠴᠠᠬᠠᠷ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ᠂ | ᠱᠠᠩᠳᠤ ᠰᠢᠶᠠᠨ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠯᠬᠢᠨ ᠬᠦᠴᠦᠨ ᠤ ᠴᠠᠬᠢᠯᠭᠠᠨ ᠤ ᠲᠣᠨᠤᠭ | ᠲᠥᠬᠦᠭᠡᠷᠦᠮᠵᠢ ᠦᠢᠯᠡᠳᠬᠦ ᠰᠠᠭᠤᠷᠢᠨ ᠭᠠᠵᠠᠷ ᠢ ᠪᠠᠶᠢᠭᠤᠯᠵᠤ᠂ ᠴᠠᠬᠢᠯᠭᠠᠨ ᠤ ᠡᠵᠡᠮᠰᠢᠯ ᠤᠨ ᠰᠢᠰᠲ᠋ᠧᠮ᠂ ᠭᠡᠷᠡᠯ | ᠴᠡᠨᠡᠭ ᠤᠨ ᠦᠢᠯᠡᠳᠬᠦᠨ᠂ ᠲᠡᠷᠢᠭᠦᠨ ᠤ ᠨᠥᠭᠡᠴᠡ ᠡᠨᠧᠷᠭᠢ᠂ ᠳᠡᠭ ᠨᠡᠭᠦᠷᠡᠰᠦᠲᠥ᠋ᠷᠥᠭᠴᠢᠲᠦ ᠲᠣᠨᠤᠭ ᠲᠥᠬᠦᠭᠡᠷᠦᠮᠵᠢ | ᠵᠡᠷᠭᠡ ᠠᠵᠤ ᠦᠢᠯᠡᠰ ᠢ ᠲᠥᠪᠯᠡᠷᠡᠭᠦᠯᠦᠨ ᠬᠥᠭᠵᠢᠭᠦᠯᠦᠨ᠎ᠡ᠃ | ︵ᠳᠣᠯᠤᠭ᠎ᠠ︶ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠶᠡᠬᠡᠪᠡᠷ ᠰᠢᠯᠢᠳᠡᠭᠵᠢᠭᠦᠯᠦᠨ᠎ᠡ | ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ | ᠲᠣᠭᠤᠷᠢᠨ ᠪᠠᠶᠢᠴᠠᠭᠠᠯᠲᠠ ᠪᠠᠷ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢᠶᠠᠷ ᠠᠵᠠ | ᠲᠣᠬᠢᠶᠠᠯ ᠪᠣᠯᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠤᠯᠤᠰ ᠲᠥᠷᠥ ᠶᠢᠨ ᠠᠮᠢ | ᠠᠬᠤᠶ ᠶᠢᠨ ᠪᠦᠬᠦᠯᠢ ᠴᠣᠭᠴᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠦᠵᠡᠯ ᠰᠠᠨᠠᠭ᠎ᠠ᠂ | ᠣᠪᠣᠷ ᠰᠤᠷᠲᠠᠯ᠂ ᠢᠯᠵᠠᠷᠠᠯ ᠢ ᠡᠰᠡᠷᠭᠦᠴᠡᠬᠦ ᠲᠠᠯ᠎ᠠ ᠪᠠᠷ ᠦᠷᠭᠦᠯᠵᠢᠯᠡᠨ ᠬᠦᠴᠦ ᠣᠷᠣᠭᠤᠯᠵᠤ᠂ ᠵᠠᠰᠠᠭ ᠤᠨ ᠶᠠᠪᠤᠳᠠᠯ᠂ | ᠬᠠᠤᠯᠢᠵᠢᠯ᠂ ᠠᠵᠤ ᠦᠶᠯᠡᠰ᠂ ᠬᠤᠲᠠ ᠶᠢᠨ ᠳᠥᠷᠪᠡᠨ ᠶᠡᠭᠡ ᠣᠷᠴᠢᠨ ᠨᠥᠬᠦᠴᠡᠯ ᠢ ᠵᠡᠷᠭᠡ ᠪᠠᠷ ᠰᠢᠯᠢᠳᠡᠭᠵᠢᠭᠦᠯᠵᠦ᠂ | ᠢᠯᠵᠠᠷᠠᠯ ᠢ ᠡᠰᠡᠷᠭᠦᠴᠡᠬᠦ ᠬᠦᠴᠦᠲᠡᠶ ᠠᠷᠭ᠎ᠠ ᠬᠡᠮᠵᠢᠶ᠎ᠡ ᠪᠠᠷ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠡᠷᠭᠢᠯᠲᠡ ᠶᠢᠨ ᠴᠡᠭ ᠢ ᠪᠣᠶ ᠪᠣᠯᠭᠠᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ | ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ | ᠪᠣᠶ ᠪᠣᠯᠭᠠᠨ᠎ᠠ᠃ | ᠬᠥᠭᠵᠢᠯᠲᠡ ᠶᠢᠨ ᠬᠡᠩᠭᠡᠷᠭᠡ ᠶᠢ ᠳᠡᠯᠡᠳᠴᠦ᠂ ︽ᠪᠦᠬᠦᠨ ᠢᠶᠠᠷ ᠢᠶᠠᠨ ᠬᠤᠳᠠᠯᠳᠤᠭᠠᠴᠢᠨ ᠤᠷᠢᠬᠤ ᠣᠨ︾ ᠤ | ᠠᠵᠢᠯᠯᠠᠭ᠎ᠠ ᠶᠢ ᠦᠷᠨᠢᠭᠦᠯᠦᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠱᠠᠩᠨᠠᠬᠤ ᠲᠦᠷ ᠬᠡᠷᠡᠭᠵᠢᠭᠦᠯᠬᠦ | ᠠᠷᠭ᠎ᠠ ᠶᠢ ᠲᠣᠭᠲᠠᠭᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠳᠤ ᠥᠷᠭᠡᠨ ᠢᠶᠠᠷ ᠣᠷᠣᠯᠴᠠᠬᠤ ᠶᠢ ᠨᠢ ᠵᠣᠷᠢᠭᠵᠢᠭᠤᠯᠵᠤ᠂ ᠪᠦᠬᠦ ᠵᠢᠯ ᠳᠤ ᠭᠤᠣᠯᠳᠠᠯᠭ᠎ᠠ ᠲᠠᠢ ᠲᠥᠷᠥᠯ | ᠵᠦᠢᠯ ︽100 ᠶᠢ ᠣᠷᠣᠭᠤᠯᠵᠤ ᠢᠷᠡᠬᠦ᠂ 100 ᠶᠢ ᠠᠵᠢᠯ ᠡᠬᠢᠯᠡᠭᠦᠯᠬᠦ᠂ 100 ᠶᠢ ᠨᠥᠭᠡᠴᠡᠯᠡᠬᠦ︾ ᠶᠢ | ᠴᠢᠷᠮᠠᠶᠢᠨ ᠪᠡᠶᠡᠯᠡᠭᠦᠯᠦᠨ᠎ᠡ᠃ ᠬᠤᠲᠠ ᠶᠢᠨ ᠤᠳᠤᠷᠢᠳᠤᠯᠭ᠎ᠠ ᠰᠠᠷ᠎ᠠ ᠪᠦᠷᠢ ᠨᠠᠭᠠᠳᠤ ᠵᠠᠬ᠎ᠠ ᠳᠠᠭᠠᠨ 1 ᠤᠳᠠᠭ᠎ᠠ | ᠭᠠᠳᠠᠭᠰᠢ ᠭᠠᠷᠴᠤ ᠬᠤᠳᠠᠯᠳᠤᠭᠠᠴᠢᠨ ᠤᠷᠢᠵᠤ᠂ ᠪᠥᠬᠦ ᠵᠢᠯ ᠳᠤ ᠰᠠᠭᠤᠷᠢᠰᠢᠭᠤᠯᠤᠭᠰᠠᠨ ᠲᠥᠷᠥᠯ ᠵᠦᠶᠯ ᠤᠨ ᠪᠠᠯᠠ | ᠣᠷᠣᠭᠤᠯᠤᠯᠲᠠ ᠶᠢᠨ ᠲᠤᠭ᠎ᠠ ᠶᠢ 1 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠬᠡᠨ᠎ᠡ︔ ᠬᠤᠰᠢᠭᠤ ᠰᠢᠶᠠᠨ | ᠬᠤᠲᠠ ᠲᠣᠭᠤᠷᠢᠭ ᠤᠨ ᠨᠠᠮ ᠵᠠᠰᠠᠭ ᠤᠨ ︽ᠨᠢᠭᠡᠳᠦᠭᠡᠷ ᠭᠠᠷ︾᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ | ᠮᠥᠴᠢᠷ ᠤᠨ ᠭᠤᠣᠯ ᠤᠳᠤᠷᠢᠳᠤᠯᠭ᠎ᠠ ᠤᠯᠠᠷᠢᠯ ᠪᠦᠷᠢ ᠭᠠᠳᠠᠭᠰᠢ ᠭᠠᠷᠴᠤ 4 ᠤᠳᠠᠭ᠎ᠠ ᠠᠴᠠ ᠳᠡᠭᠡᠭᠰᠢ | ᠬᠤᠳᠠᠯᠳᠤᠭᠠᠴᠢᠨ ᠤᠷᠢᠵᠤ᠂ ᠪᠦᠬᠦ ᠵᠢᠯ ᠳᠤ ᠰᠠᠭᠤᠷᠢᠰᠢᠭᠤᠯᠤᠭᠰᠠᠨ ᠲᠥᠷᠦᠯ ᠵᠦᠢᠯ ᠤᠨ ᠪᠡᠯᠡ ᠣᠷᠣᠭᠤᠯᠤᠯᠲᠠ ᠶᠢᠨ | ᠲᠤᠭ᠎ᠠ 5000 ᠲᠦᠮᠡᠨ ᠲᠥᠭᠦᠷᠢᠭ ᠠᠴᠠ ᠳᠡᠭᠡᠭᠰᠢ ᠳᠤ ᠬᠦᠷᠭᠡᠨ᠎ᠠ᠃ | ᠬᠥᠭᠵᠢᠯᠲᠡ ᠶᠢᠨ ᠲᠦᠭᠵᠢᠷᠡᠯ ᠢ ᠨᠡᠪᠲᠡᠷᠡᠭᠦᠯᠵᠦ᠂ ︽ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠰᠤᠷᠲᠠᠯ ᠢ ᠴᠡᠭᠴᠡᠯᠡᠨ ᠵᠠᠰᠠᠬᠤ ᠣᠨ︾ ᠤ ᠠᠵᠢᠯᠯᠠᠭ᠎ᠠ ᠶᠢ ᠥᠷᠨᠢᠭᠦᠯᠦᠨ᠎ᠡ᠃ ︽ᠰᠠᠶᠢᠨ ᠮᠠᠭᠤ ᠶᠢ | ᠦᠨᠡᠯᠡᠬᠦ︾ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ︽ᠨᠢᠭᠡ ᠡᠭᠦᠳᠡ ᠨᠢᠭᠡ ᠰᠦᠯᠵᠢᠶ᠎ᠡ ᠨᠢᠭᠡ | ᠴᠣᠩᠬᠤᠪᠴᠢ ᠨᠢᠭᠡ ᠤᠳᠠᠭ᠎ᠠ︾ ᠶᠢᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠵᠠᠰᠠᠭ ᠤᠨ ᠶᠠᠪᠤᠳᠠᠯ ᠤᠨ | ᠦᠶᠯᠡᠴᠢᠯᠡᠭᠡᠨ ᠤ ᠲᠢᠩᠬᠢᠮ ᠳᠤ ︽ᠭᠤᠷᠪᠠ ᠶᠢ ᠲᠥᠪᠯᠡᠷᠡᠭᠦᠯᠬᠦ᠂ ᠭᠤᠷᠪᠠ ᠶᠢ ᠪᠣᠳᠠᠲᠠᠶᠢᠵᠢᠭᠤᠯᠬᠤ︾ ᠶᠢ ᠪᠥᠬᠦ | ᠲᠠᠯ᠎ᠠ ᠪᠠᠷ ᠪᠡᠶᠡᠯᠡᠭᠦᠯᠦᠨ᠎ᠡ᠃ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ | ᠦᠶᠯᠡᠴᠢᠯᠡᠭᠡᠨ ᠤ ᠲᠠᠪᠴᠠᠩ ᠤᠨ ᠴᠢᠳᠠᠮᠵᠢ ᠶᠢ ᠲᠡᠭᠦᠯᠳᠡᠷᠵᠢᠭᠦᠯᠵᠦ᠂ ᠠᠭᠤᠯᠵᠠᠬᠤ ᠥᠬᠡᠶ ᠪᠠᠷ ᠬᠢᠨᠠᠨ ᠵᠥᠪᠰᠢᠶᠡᠷᠡᠬᠦ | ᠬᠡᠪᠴᠢᠶ᠎ᠡ ᠶᠢ ᠥᠷᠭᠡᠳᠬᠡᠨ᠎ᠡ᠃ ︽ᠨᠢᠭᠡ ᠯᠡ ᠤᠳᠠᠭ᠎ᠠ ᠳᠤ ᠨᠢᠭᠡ ᠶᠠᠪᠤᠳᠠᠯ ᠢ ᠰᠠᠶᠢᠲᠤᠷ ᠬᠢᠬᠦ︾ ᠲᠠᠢ | ᠤᠶᠠᠯᠳᠤᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠳᠤ 50 ᠵᠦᠶᠯ ᠤᠨ ᠭᠤᠤᠯ ᠰᠡᠳᠦᠪᠲᠦ ᠦᠶᠯᠡᠴᠢᠯᠡᠭᠡ | ᠬᠠᠩᠭᠠᠨ᠎ᠠ᠃ ︽ᠨᠢᠭᠡ ᠯᠡ ᠲᠠᠮᠠᠭ᠎ᠠ ᠪᠠᠷ ᠬᠠᠮᠢᠶᠠᠷᠬᠤ ᠬᠢᠨᠠᠬᠤ ᠵᠥᠪᠰᠢᠶᠡᠷᠡᠬᠦ︾ ᠶᠢ ᠲᠤᠷᠰᠢᠨ ᠬᠡᠷᠡᠭᠵᠢᠭᠦᠯᠵᠦ᠂ | ᠠᠵᠤ ᠠᠬᠤᠶᠢᠯᠠᠯ ᠨᠡᠭᠡᠭᠡᠨ ᠡᠷᠭᠢᠯᠡᠬᠦ᠂ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ᠂ ᠪᠠᠷᠢᠯᠭ᠎ᠠ ᠶᠢᠨ | ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠬᠢᠨᠠᠨ ᠵᠥᠪᠰᠢᠶᠡᠷᠡᠬᠦ ᠴᠠᠭ ᠢ ᠪᠤᠭᠤᠨᠢᠰᠬᠠᠭᠠᠳ ᠲᠣᠰ ᠲᠣᠰ 1᠂ | 3 ᠪᠠ 60 ᠠᠵᠢᠯᠯᠠᠬᠤ ᠡᠳᠦᠷ ᠤᠨ ᠳᠣᠲᠣᠷ᠎ᠠ ᠳᠠᠭᠤᠰᠬᠠᠬᠤ ᠪᠤᠯᠭᠠᠨ᠎ᠠ᠃ ︽ᠦᠨᠡᠮᠯᠡᠯ ᠪᠠ ᠭᠡᠷᠡᠴᠢ ᠶᠢ ᠰᠠᠯᠭᠠᠬᠤ︾ | ᠥᠭᠡᠷᠡᠴᠢᠯᠡᠯᠲᠡ ᠶᠢᠨ ᠦᠪᠴᠢ ᠪᠦᠷᠬᠦᠬᠦᠯᠳᠡ ᠶᠢ ᠠᠬᠢᠭᠤᠯᠵᠤ᠂ ᠭᠡᠷᠡᠴᠢᠯᠡᠬᠦ ᠵᠦᠢᠯᠡᠰ ᠪᠠ ᠠᠵᠤ ᠠᠬᠤᠶᠢᠯᠠᠯ ᠳᠤ | ᠬᠤᠯᠪᠣᠭᠳᠠᠬᠤ ᠡᠵᠡᠩᠨᠡᠯᠲᠡ ᠶᠢᠨ ᠵᠥᠪᠰᠢᠶᠡᠷᠡᠯ ᠤᠨ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠢ | ᠬᠡᠷᠡᠭᠵᠢᠭᠦᠯᠦᠨ᠎ᠡ᠃ ᠨᠢᠭᠡ ᠲᠥᠷᠥᠯ ᠵᠦᠶᠯ ᠳᠤ ᠨᠢᠬᠡ ᠢᠵᠢ ᠪᠦᠷᠢᠨ ᠦᠢᠯᠡᠴᠢᠯᠡᠭᠡ ᠲᠠᠢ ᠪᠠᠶᠢᠯᠭᠠᠬᠤ ᠲᠤᠰᠬᠠᠶ | ᠠᠩᠭᠢ ᠶᠢᠨ ᠠᠵᠢᠯ ᠤᠨ ᠳᠦᠷᠢᠮ ᠢ ᠨᠠᠶᠢᠳᠠᠪᠤᠷᠢᠵᠢᠭᠤᠯᠤᠨ᠎ᠠ᠃ 12345 ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠠᠯᠠᠮᠰᠢᠯ ᠤᠲᠠᠰᠤᠨ ᠤ ᠠᠵᠢᠯ ᠢ ᠴᠢᠩᠭᠠᠳᠬᠠᠵᠤ᠂ ᠣᠶᠤᠨᠴᠢᠯᠠᠭᠰᠠᠨ ᠦᠢᠯᠡᠴᠢᠯᠡᠭᠡᠨ ᠤ ᠲᠠᠪᠴᠠᠩ | ᠢ ᠪᠠᠶᠢᠭᠤᠯᠤᠨ᠂ ᠠᠵᠤ ᠠᠬᠤᠶᠢᠯᠡᠯ ᠳᠤ ᠲᠤᠰᠬᠠᠢ ᠬᠠᠷᠢᠶᠠᠯᠠᠭᠳᠠᠬᠤ ᠦᠢᠯᠡᠴᠢᠯᠡᠭᠡ ᠶᠢ ᠲᠣᠬᠢᠷᠠᠭᠤᠯᠵᠤ᠂ ᠪᠦᠬᠦ | ᠬᠤᠲᠠ ᠶᠢᠨ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ | ᠬᠠᠯᠠᠮᠰᠢᠯ ᠤᠲᠠᠰᠤ ᠪᠦᠬᠦᠨ ᠢ ᠨᠡᠶᠢᠯᠡᠭᠦᠯᠬᠦ ᠶᠢ ᠪᠡᠶᠡᠯᠡᠬᠦᠯᠦᠨ᠎ᠡ᠃ | ᠬᠥᠭᠵᠢᠯᠲᠡ ᠶᠢᠨ ᠲᠤᠯᠭᠠᠭᠤᠷᠢᠯᠠᠬᠤ ᠴᠡᠭ ᠢ ᠪᠠᠲᠤ ᠴᠣᠭᠴᠠᠯᠠᠵᠤ᠂ ᠦᠢᠯᠡᠳᠪᠦᠷᠢᠯᠡᠯ ᠤᠨ ᠡᠯᠧᠮᠧᠨ᠋ᠲ ᠤᠨ | ᠬᠠᠩᠭᠠᠯᠭ᠎ᠠ ᠶᠢ ᠰᠢᠯᠢᠳᠡᠭᠵᠢᠭᠦᠯᠦᠨ᠎ᠡ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠡᠯ᠎ᠡ ᠵᠦᠢᠯ ᠤᠨ | ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠶᠢ | ᠲᠡᠮᠵᠢᠨ᠎ᠡ᠃ ᠦᠯᠦ ᠦᠷᠬᠦᠯᠵᠢᠯᠡᠨ ᠬᠡᠷᠡᠭᠵᠢᠬᠦᠯᠬᠦ ᠲᠥᠷᠥ ᠶᠢᠨ ᠪᠣᠳᠣᠯᠭ᠎ᠠ ᠳᠤ ᠡᠷᠲᠡᠬᠡᠨ ᠠᠷᠭᠠᠴᠠᠬᠤ ᠠᠷᠭ᠎ᠠ | ᠬᠡᠮᠵᠢᠶ᠎ᠡ ᠠᠪᠴᠤ᠂ ᠲᠣᠭᠲᠠᠭᠤᠨ ᠢᠶᠠᠷ ᠡᠮᠬᠢ ᠵᠢᠷᠤᠮ ᠲᠠᠢ ᠰᠢᠯᠵᠢᠬᠦ᠂ ᠵᠠᠬ᠎ᠠ ᠳᠡᠯᠭᠡᠭᠦᠷ ᠤᠨ ᠵᠢᠱᠢᠯᠲᠡ ᠶᠢ | ᠲᠣᠭᠲᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠬᠡᠷᠡᠭᠯᠡᠭᠰᠡᠨ ᠢ | ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠰᠤᠯᠠ ᠪᠠᠶᠢᠭ᠎ᠠ ᠭᠠᠵᠠᠷ ᠰᠢᠷᠣᠢ ᠶᠢ ᠬᠦᠴᠦᠯᠡᠨ | ᠴᠢᠯᠦᠬᠡᠳᠡᠢ ᠪᠣᠯᠭᠠᠨ᠎ᠠ᠃ ᠴᠢᠳᠠᠪᠤᠷᠢᠲᠠᠨ ᠢ ᠲᠡᠳᠬᠦᠨ ᠳᠡᠮᠵᠢᠬᠦ ᠠᠷᠭ᠎ᠠ ᠬᠡᠮᠵᠢᠶ᠎ᠡ ᠶᠢ ᠨᠡᠶᠢᠲᠡᠯᠡᠵᠦ᠂ ᠬᠡᠷᠡᠭᠯᠡᠭᠡᠨ ᠤ | ᠮᠡᠷᠭᠡᠵᠢᠯ ᠤᠨ ᠴᠢᠳᠠᠪᠤᠷᠢᠲᠠᠨ ᠢ ᠶᠡᠭᠡ ᠪᠠᠷ ᠬᠥᠮᠦᠵᠢᠭᠦᠯᠵᠦ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠲᠤᠰ | ᠭᠠᠵᠠᠷ ᠲᠠᠭᠠᠨ ᠠᠵᠢᠯ ᠣᠯᠬᠤ ᠶᠢ ᠨᠢ ᠬᠦᠲᠦᠯᠦᠨ ᠵᠢᠯᠤᠭᠤᠳᠤᠨ᠎ᠡ᠃ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠤᠳᠤ | ᠦᠶ᠎ᠡ ᠶᠢᠨ ᠠᠵᠤ ᠠᠬᠤᠶᠢᠯᠠᠯ ᠤᠨ ᠲᠦᠷᠢᠮ ᠢ ᠲᠦᠷᠭᠡᠪᠴᠢᠯᠡᠨ ᠪᠠᠶᠢᠭᠤᠯᠤᠨ᠎ᠠ᠃ ︽ᠰᠢᠨᠵᠢᠯᠡᠬᠦ ᠤᠬᠠᠭᠠᠨ | ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠳᠡᠭᠡᠳᠦ | ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠯᠤᠭ᠎ᠠ ᠬᠠᠮᠲᠤᠷᠠᠯᠴᠠᠬᠤ ᠡᠷᠴᠢᠮ ᠢᠶᠠᠨ | ᠴᠢᠩᠭᠠᠷᠠᠭᠤᠯᠤᠨ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 25 ᠠᠴᠠ ᠳᠡᠭᠡᠭᠰᠢ᠂ | ᠤᠯᠤᠰ ᠤᠨ ᠰᠢᠨᠵᠢᠯᠡᠭᠡ ᠮᠡᠷᠭᠡᠵᠢᠯ ᠤᠨ ᠮᠠᠶ᠋ᠢᠭ ᠤᠨ ᠳᠤᠮᠳᠠ ᠵᠢᠵᠢᠭ ᠠᠵᠤ ᠠᠬᠤᠶᠢᠯᠠᠯ ᠢ ᠬᠥᠮᠥᠷᠭᠡ ᠳᠤ 20 ᠠᠴᠠ | ᠳᠡᠭᠡᠭᠰᠢ ᠤᠷᠤᠭᠤᠯᠬᠤ ᠶᠢ ᠰᠢᠨ᠎ᠡ ᠪᠠᠷ ᠨᠡᠮᠡᠭᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ | ᠲᠤᠷᠰᠢᠯᠲᠠ ᠶᠢᠨ ᠲᠠᠰᠤᠭ᠂ ᠰᠢᠨᠵᠢᠯᠡᠭᠡ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠪᠠ ᠮᠡᠷᠭᠡᠵᠢᠯ ᠢ | ᠰᠢᠯᠵᠢᠭᠦᠯᠬᠦ ᠪᠠᠶᠢᠭᠤᠯᠤᠮᠵᠢ ᠶᠢ ᠲᠣᠰ ᠲᠣᠰ 1 ᠪᠠᠶᠢᠭᠤᠯᠤᠨ᠎ᠠ᠃ ᠠᠵᠤ ᠦᠶᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠰᠢᠯᠭᠠᠨ ᠬᠢᠨᠠᠵᠤ ᠦᠨᠡᠯᠡᠬᠦ ᠰᠢᠰᠲ᠋ᠧᠮᠵᠢ ᠶᠢ ᠪᠠᠶᠢᠭᠤᠯᠵᠤ᠂ ᠴᠠᠬᠠᠷ | ᠪᠠ ᠹᠧᠩᠵᠧᠨ ᠤ ᠹᠯᠣᠷ ᠤᠨ ᠬᠢᠮᠢ ᠶᠢᠨ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠥᠪᠡᠷᠲᠡᠭᠡᠨ ᠵᠠᠰᠠᠬᠤ | ᠣᠷᠣᠨ ᠤ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠨᠡᠭᠡᠭᠡᠯᠲᠡ ᠶᠢᠨ ᠣᠷᠣᠨ ᠢ ᠪᠥᠲᠥᠭᠡᠨ | ᠪᠠᠶᠢᠭᠤᠯᠬᠤ ᠶᠢ ᠠᠬᠢᠭᠤᠯᠵᠤ᠂ ᠬᠦᠷᠢᠶᠡᠯᠡᠩ ᠲᠣᠭᠤᠷᠢᠭ ᠤᠨ ᠤᠶᠤᠨᠴᠢᠯᠠᠯᠳᠡ᠂ ᠮᠡᠳᠡᠭᠡ ᠵᠠᠩᠭᠢᠴᠢᠯᠠᠯᠳᠡ ᠶᠢᠨ ᠲᠠᠰ | ᠳᠡᠪᠰᠢᠬᠦ ᠶᠢ ᠠᠬᠢᠭᠤᠯᠵᠤ᠂ ᠤᠯᠠᠮᠵᠢᠯᠠᠯᠲᠤ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠠᠶᠢᠴᠢᠯᠠᠨ᠎ᠠ᠃ | ︵ᠨᠠᠢᠮᠠ︶ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠵᠤ ᠬᠠᠮᠲᠤᠪᠠᠷ ᠡᠳ᠋ᠯᠡᠵᠦ᠂ ᠠᠷᠠᠳ ᠤᠨ ᠠᠮᠢᠳᠤᠷᠠᠯ ᠤᠨ | ᠠᠵᠠ ᠵᠢᠷᠭᠠᠯ ᠢ ᠶᠡᠬᠡᠪᠡᠷ ᠨᠡᠮᠡᠭᠳᠡᠭᠦᠯᠦᠨ᠎ᠡ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ | ᠦᠢᠯᠡᠳᠦᠯᠭᠡᠵᠢᠭᠦᠯᠵᠦ᠂ ᠠᠷᠠᠳ ᠲᠦᠮᠡᠨ ᠳᠤ ᠨᠢᠭᠲᠠ ᠲᠦᠰᠢᠭᠯᠡᠵᠦ᠂ ᠠᠷᠠᠳ ᠲᠦᠮᠡᠨ ᠳᠤ ᠲᠠᠰᠤᠷᠠᠯᠳᠠ ᠦᠭᠡᠢ | ᠪᠤᠶᠠᠨ ᠦᠢᠯᠡᠳᠴᠦ᠂ ᠠᠷᠠᠳ ᠲᠦᠮᠡᠨ ᠤ ᠳᠤᠮᠳᠠ ᠪᠠᠲᠤ ᠦᠨᠳᠦᠰᠦᠯᠡᠵᠦ᠂ ᠠᠷᠭ᠎ᠠ ᠪᠦᠬᠦᠨ ᠢ ᠰᠦᠪᠡᠭᠴᠢᠯᠡᠵᠦ | ᠪᠠᠶᠢᠭᠠᠳ ᠠᠷᠠᠳ ᠤᠯᠠᠨ ᠳᠤ ᠠᠰᠢᠭ ᠬᠦᠷᠲᠡᠭᠡᠨ᠎ᠡ᠃ | ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠡᠯ᠎ᠡ ᠪᠠᠷ | ᠬᠡᠷᠡᠭᠵᠢᠭᠦᠯᠦᠨ᠎ᠠ᠃ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠠ᠃ | ᠭᠤᠤᠯ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ | ᠦᠷᠭᠦᠯᠵᠢᠯᠡᠨ ᠪᠠᠲᠤᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠠᠢ ᠵᠣᠯᠭᠠᠭᠤᠯᠬᠤ | ᠶᠢ ᠪᠠᠶᠡᠯᠡᠭᠦᠯᠵᠦ᠂ ᠨᠢᠭᠡ ᠪᠦᠯᠦᠭ ᠶᠠᠳᠠᠭᠤ ᠠᠴᠠ ᠠᠩᠭᠢᠵᠢᠷᠡᠭᠰᠡᠨ ᠬᠤᠰᠢᠭᠤ ᠰᠢᠶᠠᠨ ᠤ ᠬᠦᠳᠡᠭᠡ ᠲᠤᠰᠬᠤᠨ ᠢ | ᠬᠦᠭᠵᠢᠭᠦᠯᠦᠨ ᠮᠠᠨᠳᠤᠭᠤᠯᠬᠤ ᠶᠢ ᠲᠦᠯᠬᠢᠨ ᠠᠬᠢᠭᠤᠯᠬᠤ ᠶᠢ ᠨᠢ ᠲᠦᠪᠯᠡᠷᠡᠩᠭᠦᠢ ᠳᠠᠮᠵᠢᠨ᠎ᠡ᠃ ᠳᠠᠬᠢᠨ | ᠶᠠᠳᠠᠭᠤᠷᠠᠬᠤ ᠶᠢ ᠬᠢᠨᠠᠨ ᠰᠢᠨᠵᠢᠬᠦ ᠲᠣᠭᠲᠠᠴᠠ ᠶᠢ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ | ᠪᠠᠭᠠᠲᠠᠶ ᠬᠥᠮᠦᠨ ᠠᠮᠠ ᠶᠢ ᠪᠠᠶᠢᠩᠭᠤ ᠬᠠᠪᠰᠤᠷᠤᠨ ᠲᠡᠳᠬᠦᠬᠦ ᠶᠢ ᠴᠢᠩᠭᠠᠳᠬᠠᠨ᠎ᠠ᠃ ᠣᠨᠳᠣᠣ ᠭᠠᠵᠠᠷ ᠲᠤ | ᠨᠡᠭᠦᠯᠭᠡᠭᠰᠡᠨ ᠤ ᠳᠠᠷᠠᠭᠠᠬᠢ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠠᠵᠤ ᠦᠢᠯᠡᠰ ᠪᠠ ᠤᠯᠠᠨ | ᠨᠡᠶᠢᠲᠡ ᠶᠢᠨ ᠦᠢᠯᠡᠴᠢᠯᠡᠭᠡ ᠶᠢᠨ ᠢᠵᠢ ᠪᠦᠷᠢᠳᠦᠬᠦᠯᠦᠯᠳᠡ ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠰᠠᠨ | ᠬᠥᠮᠦᠨ ᠠᠮᠠ ᠶᠢᠨ ᠲᠣᠭᠲᠠᠭᠤᠨ ᠢᠶᠠᠷ ᠠᠵᠢᠯ ᠤᠯᠬᠤ ᠶᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ | ᠬᠠᠷᠢᠴᠠᠩᠭᠤᠢ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠣᠷᠣᠨ ᠰᠠᠭᠤᠴᠠ ᠶᠢᠨ ᠠᠮᠤᠷ ᠲᠦᠪᠰᠢᠨ ᠤ | ᠠᠰᠠᠭᠤᠳᠠᠯ ᠢ ᠰᠢᠢᠳᠪᠦᠷᠢᠯᠡᠵᠦ᠂ ᠡᠵᠡᠩᠨᠡᠯᠲᠡ ᠶᠢᠨ ᠴᠢᠨᠠᠷᠲᠠᠢ ᠥᠪᠡᠰᠦᠪᠡᠨ ᠪᠠᠷᠢᠭᠰᠠᠨ ᠭᠡᠷ ᠪᠠᠶᠢᠰᠢᠩ ᠢ ᠴᠡᠭᠴᠡᠯᠡᠨ | ᠵᠠᠰᠠᠬᠤ ᠪᠠ 1460 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠶᠢ | ᠪᠡᠶᠡᠯᠡᠭᠦᠯᠦᠨ᠎ᠡ᠃ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠬᠠᠮᠵᠢᠯᠴᠠᠭ᠎ᠠ ᠵᠢᠴᠢ ᠲᠥᠪ ᠤᠨ | ᠰᠢᠭᠤᠳ ᠬᠠᠷᠢᠶ᠎ᠠ ᠪᠠᠶᠢᠭᠤᠯᠭ᠎ᠠ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠦᠶᠯᠡᠳᠦᠯ ᠢ ᠰᠠᠶᠢᠲᠤᠷ | ᠪᠠᠳᠠᠷᠠᠭᠤᠯᠵᠤ᠂ ᠠᠵᠤ ᠦᠶᠯᠡᠰ ᠤᠨ ᠬᠠᠮᠲᠤᠷᠠᠯᠴᠠᠭ᠎ᠠ᠂ ᠴᠢᠳᠠᠪᠤᠷᠢᠲᠠᠨ ᠤ ᠰᠣᠯᠢᠯᠴᠠᠭ᠎ᠠ᠂ ᠬᠥᠳᠡᠯᠮᠦᠷᠢ | ᠦᠶᠯᠡᠴᠢᠯᠡᠭᠡᠨ ᠤ ᠬᠠᠮᠵᠢᠯᠴᠠᠭ᠎ᠠ ᠪᠠ ᠬᠡᠷᠡᠭᠯᠡᠭᠡ ᠪᠠᠷ ᠶᠠᠳᠠᠭᠤ ᠶᠢ ᠲᠡᠳᠬᠦᠬᠦ ᠡᠷᠴᠢᠮ ᠢ ᠴᠢᠩᠭᠠᠷᠠᠭᠤᠯᠤᠨ᠎ᠠ᠃ | ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠦᠷᠭᠦᠯᠵᠢᠯᠡᠨ | ᠦᠶᠯᠡᠳᠦᠯ ᠢᠶᠠᠨ ᠪᠠᠳᠠᠷᠠᠭᠤᠯᠬᠤ ᠶᠢ ᠨᠢ ᠪᠠᠲᠤᠯᠠᠨ᠎ᠠ᠃ ᠬᠦᠳᠡᠭᠡ ᠲᠤᠰᠬᠤᠨ ᠤ ᠪᠦᠲᠦᠭᠡᠨ ᠪᠠᠶᠢᠭᠤᠯᠤᠯᠲᠠ ᠶᠢᠨ | ᠠᠵᠢᠯᠯᠠᠭ᠎ᠠ ᠶᠢ ᠦᠷᠨᠢᠭᠦᠯᠦᠨ᠎ᠡ᠃ ᠬᠥᠳᠡᠭᠡ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ | ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠳᠣᠨ ᠵᠢᠱᠢᠶ᠎ᠡ ᠦᠵᠡᠭᠦᠯᠬᠦ 110 ᠲᠣᠰᠬᠤᠨ ᠢ | ᠪᠠᠶᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠶᠡᠷᠦᠩᠬᠡᠶᠢᠯᠡᠭᠰᠡᠨ | ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠭᠤᠣᠯᠳᠠᠯᠭ᠎ᠠ ᠲᠠᠢ ᠰᠤᠮᠤ ᠰᠢᠶᠠᠩ | ᠪᠠᠯᠭᠠᠰᠤ ᠶᠢᠨ ᠣᠯᠠᠨ ᠴᠢᠳᠠᠮᠵᠢᠲᠤ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ ᠪᠠᠶᠢᠭᠤᠯᠬᠤ ᠶᠢ ᠨᠢ | ᠵᠣᠷᠢᠭᠵᠢᠭᠤᠯᠤᠨ᠎ᠠ᠃ ᠬᠦᠳᠡᠭᠡ ᠲᠤᠰᠬᠤᠨ ᠤ ᠣᠷᠤᠨ ᠨᠤᠲᠤᠭ ᠤᠨ ᠴᠢᠳᠠᠪᠦᠷᠢᠲᠠᠨ ᠢ ᠬᠦᠮᠦᠵᠢᠭᠦᠯᠵᠦ ᠬᠡᠷᠡᠭᠯᠡᠬᠦ | ᠡᠷᠴᠢᠮ ᠢ ᠴᠢᠩᠭᠠᠷᠠᠭᠤᠯᠤᠨ᠎ᠠ᠃ ᠬᠦᠳᠡᠭᠡ ᠲᠤᠰᠬᠤᠨ ᠤ ᠤᠷᠴᠢᠨ ᠲᠤᠭᠤᠷᠢᠨ ᠢ ᠴᠡᠭᠴᠡᠯᠡᠨ ᠵᠠᠰᠠᠵᠦ ᠲᠡᠭᠡᠭᠰᠢᠯᠡᠭᠦᠯᠬᠦ | ᠠᠵᠢᠯᠯᠠᠭ᠎ᠠ ᠶᠢ ᠠᠬᠢᠭᠤᠯᠵᠦ᠂ ᠬᠠᠲᠤᠨ ᠭᠤᠤᠯ᠂ ᠳᠠᠭ᠎ᠠ ᠶᠢᠨ ᠨᠠᠭᠤᠷ᠂ ᠬᠢᠬᠢᠷᠢ ᠶᠢᠨ ᠨᠠᠭᠤᠷ᠂ ᠴᠠᠭᠠᠨᠨᠠᠭᠤᠷ ᠵᠡᠷᠭᠡ | ᠰᠠᠪᠠ ᠭᠠᠵᠠᠷ ᠤᠨ ᠪᠠᠶᠢᠭᠤᠯᠤᠮᠵᠢᠲᠦ ᠪᠠᠯᠭᠠᠰᠣ ᠶᠢᠨ ᠠᠮᠢᠳᠤᠷᠠᠯ ᠤᠨ ᠪᠤᠬᠢᠷ ᠤᠰᠤ ᠶᠢ ᠵᠠᠰᠠᠬᠤ ᠶᠢ ᠭᠤᠤᠯᠳᠠᠯᠭ᠎ᠠ | ᠲᠠᠢ ᠠᠬᠢᠭᠤᠯᠵᠤ᠂ ᠬᠦᠳᠡᠭᠡ ᠲᠤᠰᠬᠤᠨ ᠤ ᠠᠮᠢᠳᠤᠷᠠᠯ ᠤᠨ ᠬᠤᠭ ᠨᠤᠪᠰᠢ ᠶᠢ ᠬᠤᠪᠢᠶᠠᠬᠤ ᠲᠤᠷᠰᠢᠯᠲᠠ ᠶᠢᠨ ᠴᠡᠭ | ᠤᠨ ᠠᠵᠢᠯ ᠢ ᠠᠬᠢᠭᠤᠯᠵᠦ᠂ ᠵᠢᠯ ᠤᠨ ᠰᠡᠭᠦᠯᠴᠢ ᠠᠴᠠ ᠡᠮᠦᠨ᠎ᠡ 50% ᠶᠢᠨ ᠭᠠᠴᠠᠭ᠎ᠠ ᠲᠤᠰᠬᠤᠨ ᠢ ᠬᠤᠶᠠᠳᠤᠭᠠᠷ | ᠲᠦᠷᠦᠯ ᠤᠨ ᠭᠠᠵᠠᠷ ᠤᠷᠤᠨ ᠤ ᠵᠠᠰᠠᠯᠲᠠ ᠶᠢᠨ ᠪᠠᠷᠢᠮᠵᠢᠶ᠎ᠡ ᠳᠤ ᠬᠦᠷᠦᠭᠦᠯᠦᠨ᠎ᠡ᠃ ᠲᠠᠷᠢᠶᠠᠯᠠᠬᠤ ᠮᠠᠯᠵᠢᠬᠤ ᠣᠷᠣᠨ ᠤ | ᠣᠷᠣᠨ ᠰᠠᠭᠤᠴᠠ ᠶᠢᠨ ᠰᠠᠭᠤᠷᠢ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ | ᠠᠵᠢᠯ ᠢ ᠥᠷᠨᠢᠭᠦᠯᠵᠦ᠂ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠷᠢᠴᠠᠭ᠎ᠠ ᠶᠢ 30 ᠵᠢᠯ ᠲᠣᠭᠲᠠᠭᠤᠨ | ᠪᠠᠶᠢᠯᠭᠠᠬᠤ ᠶᠢᠨ ᠬᠠᠮᠲᠤ ᠤᠷᠲᠤ ᠬᠤᠭᠤᠴᠠᠭ᠎ᠠ ᠪᠠᠷ ᠬᠤᠪᠢᠷᠠᠭᠤᠯᠬᠤ ᠦᠭᠡᠶ ᠪᠠᠶᠢᠬᠤ ᠶᠢ ᠪᠠᠲᠤᠯᠠᠨ᠎ᠡ᠃ ᠬᠥᠳᠡᠭᠡ | ᠲᠣᠰᠬᠤᠨ ᠤ ᠠᠵᠤ ᠦᠶᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠶ᠂ ᠵᠣᠬᠢᠶᠠᠨ ᠪᠠᠶᠢᠭᠤᠯᠤᠯᠲᠠ ᠵᠡᠷᠭᠡ ᠶᠢ ᠪᠥᠬᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠠᠬᠢᠭᠤᠯᠤᠨ᠎ᠠ᠃ | ᠬᠤᠲᠠ ᠶᠢᠨ ᠰᠠᠭᠤᠷᠢᠰᠢᠬᠤ ᠳᠤ ᠲᠣᠬᠢᠷᠠᠮᠵᠢᠲᠠᠶ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠦᠨ᠎ᠡ᠃ ︽ | ᠬᠤᠲᠠ ᠶᠢ ᠰᠢᠨᠡᠳᠬᠡᠬᠦ︾ ᠠᠵᠢᠯᠯᠠᠭ᠎ᠠ ᠶᠢ ᠡᠬᠢᠯᠡᠭᠦᠯᠵᠦ᠂ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢ | ᠳᠡᠰ ᠳᠡᠪᠰᠢᠭᠦᠯᠦᠨ ᠥᠭᠡᠷᠡᠴᠢᠯᠡᠨ ᠰᠢᠨᠡᠳᠬᠡᠬᠦ ᠶᠢ ᠴᠢᠩᠭᠠᠳᠬᠠᠨ᠎ᠠ᠃ ᠬᠤᠲᠠ ᠪᠠᠯᠭᠠᠰᠤᠨ ᠤ ᠲᠥᠪᠯᠡᠷᠡᠭᠰᠡᠨ ᠤᠰᠤ | ᠬᠠᠩᠭᠠᠯᠳᠡ ᠶᠢᠨ ᠲᠦᠭᠡᠮᠡᠯᠵᠢᠭᠦᠯᠦᠯᠳᠡ ᠶᠢᠨ ᠨᠣᠷᠮ᠎ᠠ 97.5 % ᠳᠤ ᠬᠥᠷᠬᠡᠨ᠎ᠡ᠃ 122 ᠬᠠᠭᠤᠴᠢᠨ ᠰᠠᠭᠤᠭᠠᠯᠢ | ᠲᠣᠭᠤᠷᠢᠭ᠂ 9009 ᠡᠷᠦᠭᠡ ᠶᠢ ᠥᠭᠡᠷᠡᠴᠢᠯᠡᠨ ᠰᠢᠨᠡᠳᠭᠡᠨ᠎ᠡ᠃ ᠬᠤᠲᠠ ᠶᠢᠨ ᠠᠮᠢ ᠠᠬᠤᠢ ᠶᠢ ᠰᠡᠷᠭᠦᠭᠡᠬᠦ | ᠢᠨᠵᠧᠨᠧᠷᠢᠩ ᠢ ᠠᠬᠢᠭᠤᠯᠵᠤ᠂ ᠡᠮᠦᠨ᠎ᠡ ᠱᠠ ᠾᠧ ᠳᠤ ᠬᠤᠲᠠ ᠶᠢᠨ ᠦᠵᠡᠮᠵᠢ ᠶᠢᠨ ᠪᠦᠰᠡ ᠶᠢ ᠪᠠᠶᠢᠭᠤᠯᠤᠨ᠎ᠠ᠃ | ᠨᠥᠬᠦᠴᠡᠯ ᠳᠤ ᠨᠡᠶᠢᠴᠡᠬᠦ ᠬᠤᠰᠢᠭᠤ ᠰᠢᠶᠠᠨ ᠤ ︽ᠤᠯᠤᠰ ᠤᠨ ᠴᠡᠴᠡᠷᠯᠢᠭᠵᠢᠭᠰᠡᠨ ᠰᠢᠶᠠᠨ ᠤ ᠬᠤᠲᠠ︾ ᠪᠠᠷ | ᠮᠡᠳᠡᠭᠦᠯᠬᠦ ᠶᠢ ᠵᠤᠷᠢᠭᠵᠢᠭᠤᠯᠤᠨ᠎ᠡ᠃ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ | ᠲᠥᠷᠦ ᠶᠢᠨ ᠪᠣᠳᠣᠯᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠵᠤ᠂ ᠤᠷᠲᠤ ᠬᠤᠭᠤᠴᠠᠭᠠᠨ ᠤ ᠲᠦᠷᠢᠶᠡᠰᠦᠨ ᠣᠷᠣᠨ ᠰᠠᠭᠤᠴᠠ ᠶᠢᠨ ᠵᠠᠬ᠎ᠠ ᠳᠡᠯᠭᠡᠭᠦᠷ ᠢ ᠬᠥᠭᠵᠢᠭᠦᠯᠵᠦ᠂ | 7537 ᠢᠵᠢ ᠳᠥᠭᠦᠮ ᠪᠦᠲᠦᠴᠡᠲᠦ ᠣᠷᠣᠨ ᠰᠠᠭᠤᠴᠠ ᠶᠢ ᠦᠬᠡᠷᠡᠴᠢᠯᠡᠨ ᠰᠢᠨᠡᠳᠬᠡᠨ᠎ᠡ᠃ ᠬᠤᠲᠠ ᠶᠢᠨ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠭᠦᠨᠵᠡᠭᠡᠶ ᠠᠬᠢᠭᠤᠯᠤᠨ᠎ᠠ᠃ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠰᠢᠰᠲ᠋ᠧᠮᠵᠢ ᠶᠢ ᠪᠦᠷᠢᠨᠰᠢᠬᠦᠯᠵᠤ᠂ ᠤᠰᠤᠨ ᠬᠠᠷᠢᠮᠠᠬᠠᠢ ᠬᠤᠳᠠ᠂ ᠤᠶᠠᠨ | ᠬᠠᠳᠠᠨ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ︽ᠠᠳᠠᠯ ᠠᠬᠤᠶ ᠶᠢᠨ | ᠬᠠᠮᠢᠶᠠᠷᠤᠯᠲᠠ ᠶᠢᠨ ᠦᠶᠯᠡᠴᠢᠯᠡᠭᠡᠨ ᠤ ᠰᠢᠨ᠎ᠡ ᠶᠢ ᠡᠭᠦᠳᠬᠦ ᠭᠤᠷᠪᠠᠨ ᠵᠢᠯ ᠤᠨ ᠠᠵᠢᠯᠯᠠᠭ᠎ᠠ︾ ᠶᠢ ᠢᠳᠡᠪᠬᠢᠲᠡᠶ | ᠥᠷᠨᠢᠭᠦᠯᠵᠦ᠂ ᠠᠳᠠᠯ ᠠᠬᠤᠶ ᠶᠢᠨ ᠦᠶᠯᠡᠴᠢᠯᠡᠭᠡᠨ ᠤ ᠪᠦᠷᠬᠦᠬᠦᠯᠳᠡ ᠶᠢᠨ ᠨᠣᠷᠮ᠎ᠠ ᠶᠢ 80 % ᠠᠴᠠ ᠳᠡᠭᠡᠭᠰᠢ ᠳᠤ | ᠬᠦᠷᠦᠭᠦᠯᠦᠨ᠎ᠡ᠃ | ᠣᠯᠠᠨ ᠲᠦᠮᠡᠨ ᠤ ᠵᠣᠯ ᠵᠢᠷᠭᠠᠯ ᠤᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃ ᠠᠵᠢᠯ ᠠᠯᠳᠠᠭᠰᠠᠳ ᠤᠨ | ᠳᠠᠭᠠᠳᠬᠠᠯ ᠢ ᠠᠵᠢᠯ ᠤᠨ ᠪᠠᠶᠢᠷᠢ ᠪᠠᠨ ᠲᠤᠭᠳᠠᠪᠦᠷᠢᠵᠢᠭᠤᠯᠵᠤ ᠪᠤᠴᠠᠭᠠᠬᠤ ᠬᠦᠴᠦᠯᠡᠴᠡ ᠶᠢ ᠴᠢᠩᠭᠠᠷᠠᠭᠤᠯᠵᠤ᠂ | ᠭᠤᠤᠯᠳᠠᠯᠭ᠎ᠠ ᠲᠠᠢ ᠬᠥᠮᠦᠰ ᠤᠨ ᠠᠵᠢᠯ ᠣᠯᠭᠤᠯᠲᠠ ᠶᠢ ᠰᠠᠶᠢᠲᠤᠷ ᠪᠠᠲᠤᠯᠠᠨ᠎ᠠ᠃ ᠭᠠᠳᠠᠭᠰᠢ ᠭᠠᠷᠴᠤ ᠬᠥᠯᠥᠰᠥᠨ | ᠠᠵᠢᠯ ᠬᠢᠭᠰᠡᠳ ᠲᠤ ᠦᠢᠯᠡᠴᠢᠯᠡᠭᠡ ᠪᠠᠨ ᠴᠢᠩᠭᠠᠳᠬᠠᠵᠤ᠂ ᠦᠬᠠᠶ᠂ ᠣᠷᠳᠣᠰ ᠤᠨ ᠬᠡᠷᠡᠭ ᠡᠷᠬᠢᠯᠡᠬᠦ ᠭᠠᠵᠠᠷ ᠢ | ᠪᠦᠷᠢᠳᠦᠬᠦᠯᠦᠨ ᠪᠠᠶᠢᠭᠤᠯᠤᠨ᠎ᠠ᠃ ᠡᠮᠨᠡᠯᠭᠡ ᠶᠢᠨ ᠳᠠᠭᠠᠳᠬᠠᠯ ᠤᠨ ᠲᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠠᠵᠢᠯᠳᠠᠨ ᠠᠵᠢᠯᠴᠢᠨ ᠤ ᠡᠭᠦᠳᠡᠨ ᠡᠮᠨᠡᠯᠭᠡ ᠶᠢᠨ ᠬᠠᠷᠢᠯᠴᠠᠨ ᠵᠤᠬᠢᠴᠠᠯᠳᠤᠬᠤ ᠪᠠᠲᠤᠯᠠᠭ᠎ᠠ ᠶᠢᠨ | ᠲᠣᠭᠲᠠᠴᠠ ᠶᠢ ᠪᠠᠶᠢᠭᠤᠯᠵᠤ᠂ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠎ᠠ᠃ ᠲᠡᠰ ᠲᠦᠷᠦᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠠᠶᠢᠭᠤᠯᠤᠨ᠎ᠠ᠃ | ᠴᠡᠷᠢᠭ ᠤᠨ ᠠᠯᠪᠠᠨ ᠠᠴᠠ ᠬᠠᠯᠠᠭᠳᠠᠭᠰᠡᠳ ᠤᠨ ᠠᠵᠢᠯ ᠤᠨ ᠰᠢᠰᠲ᠋ᠧᠮᠵᠢ ᠪᠠ ᠪᠠᠲᠤᠯᠠᠭ᠎ᠠ ᠶᠢᠨ ᠲᠦᠷᠢᠮ ᠢ | ᠲᠡᠭᠦᠯᠳᠡᠷᠵᠢᠭᠦᠯᠦᠨ᠎ᠡ᠃ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠪᠠᠷ ᠦᠨᠳᠦᠰᠦ ᠪᠣᠯᠭᠠᠵᠤ᠂ ᠰᠤᠷᠭᠠᠨ | ᠬᠥᠮᠦᠵᠢᠯ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠪᠠ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠬᠡᠷᠡᠭᠯᠡᠬᠦ ᠠᠵᠢᠯ ᠢ ᠰᠠᠶᠢᠲᠤᠷ ᠬᠢᠨ᠎ᠠ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ | ᠪᠠᠶᠢᠳᠠᠯ ᠢ ᠠᠷᠭᠠᠴᠠᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ | ᠬᠤᠷᠢᠶ᠎ᠠ ᠶᠢ ᠥᠭᠡᠷᠡᠴᠢᠯᠡᠨ ᠰᠢᠨᠡᠳᠭᠡᠵᠦ ᠥᠷᠭᠡᠳᠬᠡᠨ ᠪᠠᠶᠢᠭᠤᠯᠬᠤ ᠪᠠ ᠬᠤᠶᠠᠳᠤᠭᠠᠷ ᠳᠡᠰ ᠠᠴᠠ ᠳᠡᠭᠡᠭᠰᠢᠬᠢ | ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠭᠡᠷ ᠪᠠᠶᠢᠰᠢᠩ ᠤᠨ ᠪᠦᠲᠦᠭᠡᠨ | ᠪᠠᠶᠢᠭᠤᠯᠤᠯᠲᠠ ᠶᠢᠨ ᠲᠦᠷᠦᠯ ᠵᠦᠢᠯ ᠢ ᠪᠡᠶᠡᠯᠡᠭᠦᠯᠦᠨ᠎ᠡ᠃ ᠣᠶᠣᠨ ᠤ ᠡᠷᠡᠭᠦᠯ ᠬᠠᠮᠠᠭᠠᠯᠠᠯ ᠤᠨ ᠲᠥᠪ ᠤᠨ ᠪᠦᠲᠦᠭᠡᠨ | ᠪᠠᠶᠢᠭᠤᠯᠤᠯᠲᠠ ᠶᠢ ᠡᠬᠢᠯᠡᠭᠦᠯᠦᠨ᠎ᠡ᠃ ︽ᠳᠥᠷᠪᠡᠨ ᠣᠷᠳᠣᠨ ᠨᠢᠭᠡ ᠥᠷᠲᠡᠭᠡ︾ ᠶᠢ ᠪᠠᠷᠢᠮᠵᠢᠶ᠎ᠠ ᠳᠤ ᠬᠦᠷᠭᠡᠬᠦ | ᠢᠨᠵᠧᠨᠧᠷᠢᠩ ᠪᠠ ᠬᠤᠲᠠ ᠶᠢᠨ ᠮᠦᠽᠧᠢ ᠶᠢᠨ ᠰᠢᠨ᠎ᠡ ᠣᠷᠳᠣᠨ ᠤ ᠳᠡᠯᠭᠡᠨ ᠦᠵᠡᠭᠦᠯᠬᠦ ᠲᠥᠷᠥᠯ ᠵᠦᠢᠯ ᠢ | ᠲᠦᠷᠭᠡᠳᠬᠡᠨ ᠠᠬᠢᠭᠤᠯᠤᠨ᠎ᠠ᠃ ᠤᠯᠠᠭᠠᠨᠮᠥ᠋ᠴᠢᠷ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠠᠶᠢᠰᠠᠨ ᠤ | ᠤᠷᠠᠯᠢᠭ ᠤᠨ ᠵᠣᠬᠢᠶᠠᠨ ᠪᠦᠲᠦᠭᠡᠬᠦ ᠲᠥᠪ ᠢ ᠪᠠᠶᠢᠭᠤᠯᠤᠨ᠎ᠠ᠃ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ | ᠵᠦᠢᠯᠡᠰ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠴᠠᠬᠠᠷ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ | ᠲᠤᠭᠤᠷᠢᠭ ᠢ ᠡᠭᠦᠳᠦᠨ ᠪᠠᠶᠢᠭᠤᠯᠤᠨ᠎ᠠ᠃ ︽10 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠲᠣᠭᠤᠷᠢᠭ︾ ᠢ | ᠪᠦᠷᠢᠨᠰᠢᠭᠦᠯᠵᠦ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ | ᠴᠤᠭᠯᠠᠭᠠᠨ︾ ᠳᠤ ᠪᠡᠯᠡᠳᠬᠡᠵᠦ᠂ ᠪᠥᠬᠦ ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ | ᠲᠠᠮᠢᠷ ᠤᠨ ᠴᠤᠭᠯᠠᠭᠠᠨ ᠵᠡᠷᠭᠡ ᠬᠥᠳᠡᠯᠭᠡᠭᠡᠨ ᠤᠷᠤᠯᠳᠤᠭᠠᠨ ᠢ ᠰᠠᠶᠢᠲᠤᠷ ᠡᠷᠭᠢᠯᠡᠨ᠎ᠡ᠃ ᠤᠯᠤᠰ ᠢᠶᠠᠨ ᠬᠠᠶᠢᠷᠠᠯᠠᠬᠤ | ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠨᠡᠶᠢᠲᠡ ᠪᠠᠷ ᠬᠡᠷᠡᠭᠯᠡᠬᠦ ᠰᠠᠪᠬ᠎ᠠ ᠬᠠᠯᠪᠠᠭ᠎ᠠ᠂ | ᠬᠤᠭᠤᠯᠠ ᠬᠤᠪᠢᠶᠠᠬᠤ ᠲᠦᠷᠢᠮ ᠵᠡᠷᠭᠡ ᠪᠣᠯᠪᠠᠰᠤᠨ ᠡᠷᠡᠭᠦᠯ ᠰᠠᠷᠠᠭᠤᠯ ᠠᠮᠢᠳᠤᠷᠠᠯ ᠤᠨ ᠳᠠᠳᠬᠠᠯ ᠢ ᠳᠡᠯᠭᠡᠷᠡᠭᠦᠯᠦᠨ᠎ᠡ᠃ | ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠬᠤᠷᠢᠭᠯᠠᠨ ᠵᠣᠭᠰᠣᠭᠠᠵᠤ᠂ ᠬᠡᠪ ᠵᠠᠩᠰᠢᠯ ᠢ ᠥᠭᠡᠷᠡᠴᠢᠯᠡᠬᠦ ᠶᠢ | ᠰᠠᠨᠠᠭᠠᠴᠢᠯᠠᠨ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠦᠬᠦ ᠨᠡᠶᠢᠭᠡᠮ ᠤᠨ ᠪᠣᠯᠪᠠᠰᠤᠨ ᠤ | ᠬᠡᠮᠵᠢᠶ᠎ᠡ ᠶᠢ ᠳᠡᠭᠡᠭᠰᠢᠯᠡᠭᠦᠯᠦᠨ᠂ ᠪᠦᠬᠦ ᠤᠯᠤᠰ ᠤᠨ ᠪᠣᠯᠪᠠᠰᠤᠨ ᠬᠤᠲᠠ ᠶᠢ ᠢᠳᠡᠪᠬᠢᠲᠡᠶ ᠪᠠᠷ ᠡᠭᠦᠳᠦᠨ ᠪᠠᠶᠢᠭᠤᠯᠤᠨ᠎ᠠ᠃ | ᠣᠳᠣᠬᠠᠨ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠠᠰᠠ ᠦᠷᠭᠦᠯᠵᠢᠯᠡᠵᠦ | ᠪᠠᠶᠢᠨ᠎ᠠ᠃ ᠪᠢᠳᠡ ᠥᠩᠭᠡᠷᠡᠭᠰᠡᠨ ᠲᠠᠢ ᠪᠠᠨ ᠠᠳᠠᠯᠢ ᠪᠠᠷ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ | ᠳᠡᠭᠡᠳᠦᠯᠡᠬᠦ︾ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢᠨ ᠪᠠᠶᠢᠩᠭᠤᠵᠢᠭᠤᠯᠬᠤ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠵᠤ᠂ ︽ᠬᠥᠮᠦᠨ︾ ︽ᠪᠣᠳᠠᠰ︾ ᠢ ᠵᠡᠷᠭᠡᠪᠡᠷ ᠰᠡᠷᠭᠡᠶᠢᠯᠡᠬᠦ ᠶᠢ ᠪᠠᠷᠢᠮᠲᠠᠯᠠᠵᠤ᠂ ︽ | ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠳᠡᠯᠭᠡᠷᠡᠬᠦ ᠶᠢ | ᠰᠡᠷᠭᠡᠶᠢᠯᠡᠬᠦ︾ ᠡᠯ᠎ᠡ ᠵᠦᠶᠯ ᠤᠨ ᠠᠵᠢᠯ ᠢ ᠰᠠᠶᠢᠲᠤᠷ ᠬᠢᠵᠦ᠂ ᠸᠠᠺᠼᠢᠨ ᠤ ᠲᠠᠷᠢᠯᠭ᠎ᠠ ᠬᠢᠬᠦ ᠠᠵᠢᠯ ᠢ ᠯᠠᠪᠳᠠᠭᠤᠨ | ᠪᠠᠲᠤᠲᠠᠶ ᠡᠮᠬᠢ ᠵᠢᠷᠤᠮ ᠲᠠᠢ ᠥᠷᠨᠢᠭᠦᠯᠵᠦ᠂ ᠪᠥᠬᠦ ᠬᠤᠲᠠ ᠶᠢᠨ ᠬᠦᠴᠦᠨ ᠢ ᠳᠠᠶᠢᠴᠢᠯᠠᠨ ᠠᠷᠠᠳ ᠣᠯᠠᠨ ᠤ ︽ᠠᠮᠢ | ᠨᠠᠰᠤᠨ ᠤ ᠱᠤᠭᠤᠮ︾ ᠢ ᠰᠠᠬᠢᠨ ᠬᠠᠮᠠᠭᠠᠯᠠᠨ᠎ᠠ᠃ | ᠵᠠᠰᠠᠭ ᠤᠨ ᠣᠷᠳᠣᠨ ᠤ ᠨᠡᠶᠢᠲᠡ ᠶᠢᠨ ᠢᠲᠡᠭᠡᠮᠵᠢ ᠶᠢᠨ ᠬᠡᠮᠵᠢᠶ᠎ᠡ ᠶᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ | ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠳᠤ | ᠲᠤᠭᠤᠰᠢᠯᠠᠭᠤᠯᠵᠤ᠂ ︽ᠳᠥᠷᠪᠡᠨ ᠤᠬᠠᠮᠰᠠᠷ︾ ᠢ ᠦᠨᠡᠨᠬᠦ ᠴᠢᠩᠭᠠᠳᠬᠠᠨ᠂ ︽ᠳᠥᠷᠪᠡᠨ ᠢᠲᠡᠭᠡᠯ︾ ᠢᠶᠠᠨ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠎ᠠ᠃ ᠰᠢ ᠶᠢᠨ ᠫᠢᠩ ᠤᠨ ᠬᠠᠤᠯᠢᠵᠢᠯ ᠤᠨ | ᠦᠵᠡᠯ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ | ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ ᠪᠣᠯᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ | ᠶᠢᠨ ︽ᠭᠤᠷᠪᠠᠨ ᠲᠤᠭᠲᠠᠭᠠᠯ︾ ᠢ ᠨᠠᠶᠢᠳᠠᠪᠤᠷᠢᠵᠢᠭᠤᠯᠤᠨ᠂ ᠢᠷᠭᠡᠨ ᠤ ᠬᠠᠤᠯᠢ ᠶᠢᠨ ᠪᠢᠴᠢᠭ ᠢ ᠬᠦᠨᠵᠡᠭᠡᠢ | ᠬᠡᠷᠡᠭᠵᠢᠭᠦᠯᠦᠨ᠎ᠡ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠦᠯᠲᠡ ᠶᠢᠨ ᠠᠵᠢᠯ ᠢ ᠥᠷᠨᠢᠭᠦᠯᠦᠨ᠂ | ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠎ᠠ᠃ ᠲᠥᠪ ᠤᠨ ᠨᠠᠢᠮᠠᠨ | ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠣᠯᠤᠨ ᠵᠠᠰᠠᠭ ᠵᠠᠬᠢᠷᠭᠠᠨ ᠤ ᠠᠯᠢᠪᠠ ᠴᠢᠬᠤᠯᠠ ᠪᠤᠰᠤ ᠵᠠᠷᠤᠯᠭ᠎ᠠ ᠶᠢ | ᠪᠠᠭᠠᠰᠬᠠᠵᠤ᠂ ᠠᠵᠢᠯᠴᠢ ᠠᠷᠪᠢᠴᠢ ᠠᠷᠪᠢᠯᠠᠨ ᠭᠠᠮᠨᠠᠬᠤ ᠶᠢ ᠵᠠᠰᠠᠭ ᠤᠨ ᠣᠷᠳᠣᠨ ᠤ ᠠᠵᠢᠯᠲᠠᠨ ᠨᠢᠭᠡᠪᠦᠷᠢ ᠶᠢᠨ ᠡᠳᠦᠷ | ᠲᠤᠲᠤᠮ ᠤᠨ ᠦᠢᠯᠡ ᠠᠵᠢᠯᠯᠠᠭ᠎ᠠ ᠶᠢᠨ ᠳᠠᠳᠬᠠᠯ ᠪᠣᠯᠭᠠᠨ᠎ᠠ᠃ ᠵᠠᠰᠠᠭ ᠤᠨ ᠣᠷᠳᠣᠨ ᠤ ᠬᠡᠷᠡᠭᠵᠢᠭᠦᠯᠬᠦ ᠬᠦᠴᠦᠨ ᠢ | ᠳᠡᠭᠡᠭᠰᠢᠯᠡᠭᠦᠯᠵᠦ᠂ ︽ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠠᠵᠢᠯ ᠤᠨ ᠳᠦᠷᠢᠮ︾ ᠢ ᠶᠡᠬᠡᠪᠡᠷ | ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠨᠠᠶᠢᠲᠠᠪᠦᠷᠢᠵᠢᠭᠤᠯᠤᠯᠲᠠ ᠶᠢᠨ ︽ᠬᠠᠮᠤᠭ ᠡᠴᠦᠰ ᠤᠨ ᠨᠢᠭᠡ | ᠺᠢᠯᠣᠮᠧᠲᠷ︾ ᠢ ᠨᠡᠪᠲᠡᠷᠡᠭᠦᠯᠦᠨ᠎ᠠ᠃ ᠦᠨᠳᠦᠰᠦᠨ ᠱᠠᠲᠤᠨ ᠤ ᠰᠠᠭᠤᠷᠢ ᠶᠢ ᠴᠢᠩᠭᠠᠳᠬᠠᠵᠤ᠂ ᠠᠵᠢᠯ ᠤᠨ | ᠲᠣᠭᠲᠠᠴᠠ ᠶᠢ ᠲᠡᠭᠦᠯᠳᠡᠷᠵᠢᠭᠦᠯᠵᠦ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ | ᠲᠤᠷᠰᠢᠯᠲᠠ ᠶᠢᠨ ᠴᠡᠭ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠤᠨ᠎ᠠ᠃ ᠵᠠᠰᠠᠭ ᠤᠨ ᠣᠷᠳᠣᠨ ᠤ ᠳᠠᠯᠳᠠ | ᠥᠷᠢ ᠥᠭᠴᠡᠭᠡ ᠶᠢ ᠠᠷᠢᠯᠭᠠᠬᠤ ᠠᠵᠢᠯ ᠢ ᠰᠠᠶᠢᠲᠤᠷ ᠬᠢᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤᠮᠳᠠ | ᠵᠢᠵᠢᠭ ᠠᠵᠤ ᠠᠬᠤᠶᠢᠯᠠᠯ ᠤᠨ ᠳᠠᠩᠰᠠᠨ ᠤ ᠵᠣᠭᠤᠰ ᠥᠷᠢᠲᠦᠬᠦ ᠶᠢ ᠰᠡᠷᠭᠡᠶᠢᠯᠡᠬᠦ ᠤᠷᠲᠤ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ ᠤᠯᠠᠭᠠᠨᠴᠠᠪ ᠤᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠭᠢ᠂ | ᠰᠢᠩ ᠾᠧ ᠶᠢᠨ ᠬᠤᠯᠪᠣᠭᠠᠲᠤ ᠬᠤᠷᠰᠢᠶ᠎ᠠ᠂ ᠵᠦᠸᠧᠽᠢ ᠶᠢᠨ ᠬᠤᠯᠪᠣᠭᠠᠲᠤ ᠬᠤᠷᠰᠢᠶ᠎ᠠ ᠶᠢᠨ ᠲᠦᠭᠰᠢᠭᠦᠷᠢ ᠶᠢ | ᠰᠢᠶᠳᠪᠦᠷᠢᠯᠡᠬᠦ ᠠᠵᠢᠯ ᠢ ᠥᠷᠨᠢᠭᠦᠯᠵᠦ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ | ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠤᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ | ᠪᠦᠲᠦᠮᠵᠢᠲᠡᠢ ᠰᠢᠢᠳᠪᠦᠷᠢᠯᠡᠵᠦ᠂ ᠣᠯᠠᠨ ᠲᠦᠮᠡᠨ ᠤ ᠵᠦᠢ ᠵᠣᠬᠢᠰᠲᠠᠢ ᠬᠠᠤᠯᠢ ᠶᠣᠰᠣᠨ ᠤ ᠬᠦᠰᠡᠯ ᠱᠠᠭᠠᠷᠳᠠᠯᠭ᠎ᠠ ᠶᠢ | ᠰᠢᠢᠳᠪᠦᠷᠢᠯᠡᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ | ᠥᠷᠨᠢᠭᠦᠯᠵᠦ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠥᠷᠢᠴᠡᠵᠦ | ᠬᠠᠤᠯᠢ ᠠᠴᠠ ᠵᠥᠷᠢᠴᠡᠭᠰᠡᠨ ᠠᠰᠠᠭᠤᠳᠠᠯ ᠪᠠ ᠬᠠᠩᠭᠠᠨ ᠪᠣᠷᠣᠯᠠᠭᠤᠯᠬᠤ ᠬᠤᠷᠰᠢᠶᠠᠨ ᠤ ᠰᠢᠰᠲ᠋ᠧᠮ ᠤᠨ ᠢᠯᠵᠠᠷᠠᠯ ᠤᠨ | ᠠᠰᠠᠭᠤᠳᠠᠯ ᠢ ᠭᠤᠤᠯᠳᠠᠯᠭ᠎ᠠ ᠲᠠᠢ ᠴᠡᠭᠴᠡᠯᠡᠨ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃ | ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ | ᠡᠮᠡᠭᠲᠡᠶᠢᠴᠦᠳ᠂ ᠬᠡᠦᠬᠡᠳ᠂ ᠨᠠᠰᠤᠲᠠᠶᠢᠴᠤᠳ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ | ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠭᠢ ᠶᠢᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢ ᠳᠡᠮᠵᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠥᠮᠦᠵᠢᠯ᠂ ᠬᠤᠶᠠᠷ ᠢ ᠬᠦᠷᠢᠶᠡᠯᠡᠵᠦ ᠬᠠᠮᠲᠤᠪᠠᠷ ᠪᠠᠶᠢᠭᠤᠯᠬᠤ ᠪᠠ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠠᠵᠢᠯ ᠢ ᠴᠢᠩᠭᠠᠳᠬᠠᠨ᠎ᠠ᠃ | ᠲᠥᠯᠥᠭᠡᠯᠡᠭᠴᠢᠳ ᠡ︕ ᠤᠯᠤᠰ ᠣᠷᠣᠨ ᠤ ᠨᠢᠭᠡᠳᠦᠯ ᠢ ᠬᠠᠮᠠᠭᠠᠯᠠᠬᠤ᠂ ᠦᠨᠳᠦᠰᠦᠲᠡᠨ ᠤ ᠪᠦᠯᠬᠦᠮᠳᠡᠯ ᠢ | ᠴᠢᠩᠭᠠᠳᠬᠠᠬᠤ ᠪᠣᠯ ᠮᠠᠨ ᠤ ᠡᠭᠦᠷᠭᠡᠯᠡᠵᠦ ᠪᠠᠶᠢᠭ᠎ᠠ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠮᠥᠨ᠃ | ᠪᠢᠳᠡ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠲᠠᠢ | ᠪᠠᠷᠢᠮᠵᠢᠶᠠᠯᠠᠨ ᠬᠠᠷᠭᠤᠭᠤᠯᠵᠤ᠂ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ | ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠲᠤᠬᠠᠶ ᠣᠯᠠᠨ ᠲᠦᠮᠡᠨ ᠤ ᠬᠠᠮᠲᠤ ᠶᠢᠨ ᠲᠠᠨᠢᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠳᠦᠰᠦᠲᠡᠨ ᠨᠦᠭᠦᠳ ᠤᠨ ᠣᠯᠠᠨ ᠲᠦᠮᠡᠨ ᠤ | ᠰᠡᠳᠬᠢᠯ ᠳᠤ ᠭᠦᠨ ᠦᠨᠳᠦᠰᠦᠯᠡᠭᠦᠯᠬᠦ ᠬᠡᠷᠡᠭᠲᠡᠶ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠢ ᠭᠦᠨᠵᠡᠭᠡᠶ ᠬᠡᠷᠡᠭᠵᠢᠭᠦᠯᠵᠦ᠂ ᠬᠢᠯᠢ | ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠠᠬᠢᠭᠤᠯᠤᠨ᠂ ᠬᠤᠲᠠ ᠶᠢᠨ | ᠦᠨᠳᠦᠰᠦᠲᠡᠨ ᠤ ᠠᠵᠢᠯ ᠢ ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠰᠣᠯᠢᠯᠴᠠᠭ᠎ᠠ ᠶᠠᠪᠤᠯᠴᠠᠭ᠎ᠠ | ᠠᠭᠤᠰᠤᠯᠴᠠᠯ ᠢ ᠠᠬᠢᠭᠤᠯᠤᠨ᠂ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ | ᠦᠵᠡᠭᠦᠯᠬᠦ ᠬᠤᠲᠠ︾ ᠶᠢ ᠢᠳᠡᠪᠬᠢᠲᠡᠶ ᠡᠭᠦᠳᠦᠨ ᠪᠠᠶᠢᠭᠤᠯᠤᠨ᠎ᠠ᠃ | ᠲᠥᠯᠥᠭᠡᠯᠡᠭᠴᠢᠳ ᠡ︕ ᠡᠬᠢᠯᠡᠯᠲᠡ ᠨᠢ ᠪᠦᠬᠦ ᠲᠠᠯ᠎ᠠ ᠳᠤ ᠬᠤᠯᠪᠣᠭᠳᠠᠵᠤ᠂ ᠡᠬᠢᠯᠡᠯᠲᠡ ᠨᠢ ᠢᠯᠠᠯᠲᠠ ᠶᠢᠨ | ᠬᠠᠨᠳᠤᠰᠢ ᠶᠢ ᠲᠣᠭᠲᠠᠭᠠᠳᠠᠭ᠃ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ | ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠷᠢᠳᠤᠬᠢ ᠶᠢ ᠵᠠᠯᠭᠠᠮᠵᠢᠯᠠᠨ | ᠬᠤᠶᠢᠰᠢᠬᠢ ᠳᠤ ᠵᠠᠮ ᠨᠡᠭᠡᠭᠡᠵᠦ᠂ ᠡᠷᠡᠮᠡᠬᠡᠶᠢᠯᠡᠨ ᠤᠷᠤᠭᠰᠢᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠰᠠᠶᠢᠨ ᠰᠠᠶᠢᠬᠠᠨ ᠡᠬᠢᠯᠡᠯᠲᠡ ᠶᠢ ᠴᠢᠷᠮᠠᠶᠢᠨ ᠪᠡᠶᠡᠯᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ | ᠲᠠᠯ᠎ᠠ ᠪᠠᠷ ᠪᠦᠳᠦᠭᠡᠨ ᠪᠠᠶᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ︕ | | |