︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠮᠣᠩᠭᠤᠯ ᠬᠢᠲᠠᠳ ᠡᠮ ᠡᠮᠨᠡᠯᠭᠡ ᠶᠢᠨ ᠳᠦᠷᠢᠮ﹀ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠣᠬᠠᠢ ᠤᠯᠠᠭᠠᠨᠴᠠᠪ ᠬᠤᠲᠠ ᠶᠢᠨ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠶᠠᠪᠤᠭᠤᠯᠬᠤ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/4/22
              ᠤᠯᠠᠭᠠᠨᠴᠠᠪ ᠵᠠᠰᠠᠭ ᠠᠯᠪᠠᠨ ᠲᠠᠷᠬᠠᠭᠠᠭᠰᠠᠨ  ﹇2021﹈ 1 ᠳ᠋ᠦ᠋ᠭᠡᠷ ᠲᠣᠭᠠᠲᠤ         ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠮᠣᠩᠭᠤᠯ ᠬᠢᠲᠠᠳ ᠡᠮ ᠡᠮᠨᠡᠯᠭᠡ ᠶᠢᠨ ᠳᠦᠷᠢᠮ﹀ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠣᠬᠠᠢ ᠤᠯᠠᠭᠠᠨᠴᠠᠪ ᠬᠤᠲᠠ ᠶᠢᠨ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠶᠠᠪᠤᠭᠤᠯᠬᠤ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠮᠡᠳᠡᠭᠳᠡᠯ    ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ᠂ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠄     ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠮᠣᠩᠭᠤᠯ ᠬᠢᠲᠠᠳ ᠡᠮ ᠡᠮᠨᠡᠯᠭᠡ ᠶᠢᠨ ᠲᠦᠷᠢᠮ﹀ ᠢ ᠳᠣᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠤᠯᠠᠭᠠᠨᠴᠠᠪ ᠬᠤᠲᠠ ᠶᠢᠨ ᠬᠡᠷᠡᠭᠵᠢᠭᠦᠯᠬᠦ ᠰᠠᠨᠠᠯ︾ ᠢ ᠬᠤᠲᠠ ᠶᠢᠨ ᠠᠷᠠᠳ ᠤᠨ ᠵᠠᠰᠠᠭ ᠤᠨ ᠣᠷᠳᠤᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠲᠠᠢ ᠪᠠᠨ ᠤᠶᠠᠯᠳᠤᠭᠤᠯᠤᠨ᠂ ᠬᠢᠨᠠᠮᠠᠭᠠᠶ ᠳᠣᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                                                                                                       2021 ᠣᠨ ᠤ 1 ᠰᠠᠷ᠎ᠠ ᠶᠢᠨ 21 ᠤ ᠡᠳᠦᠷ                         ︵ᠲᠤᠰ ᠪᠢᠴᠢᠭ ᠮᠠᠲ᠋ᠧᠷᠢᠶᠠᠯ ᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠪᠠ︶      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠮᠣᠩᠭᠤᠯ ᠬᠢᠲᠠᠳ ᠡᠮ ᠡᠮᠨᠡᠯᠭᠡ ᠶᠢᠨ ᠳᠦᠷᠢᠮ︾ ᠢ ᠳᠣᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠤᠯᠠᠭᠠᠨᠴᠠᠪ ᠬᠤᠲᠠ ᠶᠢᠨ ᠬᠡᠷᠡᠭᠵᠢᠭᠦᠯᠬᠦ ᠰᠠᠨᠠᠯ       ᠥᠪᠥᠷ ᠮᠣᠩᠭᠤᠯ ‍ᠤᠨ‌ᠥᠪᠡᠷᠲᠡᠭᠡᠨ ᠵᠠᠰᠠᠬᠤ ᠣᠷᠤᠨ ᠤ ᠮᠣᠩᠭᠤᠯ ᠬᠢᠲᠠᠳ ᠡᠮ ᠡᠮᠨᠡᠯᠭᠡ ᠶᠢᠨ ᠳᠦᠷᠢᠮ ᠢ ᠬᠢᠨᠠᠮᠠᠭᠠᠢ ᠳᠣᠭᠤᠰᠢᠯᠠᠭᠤᠯᠤᠨ   ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠮᠣᠩᠭᠤᠯ ᠬᠢᠲᠠᠳ ᠡᠮ ᠡᠮᠨᠡᠯᠭᠡ ᠶᠢᠨ ᠦᠢᠯᠡᠰ ᠤᠨ ᠥᠭᠡᠷᠡᠴᠢᠯᠡᠯᠲᠡ ᠪᠠ ᠬᠥᠭᠵᠢᠯᠲᠡ ᠶᠢ  ᠲᠦᠷᠭᠡᠳᠬᠡᠨ᠂ ᠠᠷᠠᠳ ᠲᠦᠮᠡᠨ ᠤ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠤᠰᠠᠳᠠ᠂ ᠮᠠᠨ ᠤ ᠬᠤᠲᠠ ᠶᠢᠨ ᠪᠣᠳᠠᠲᠤ ᠲᠠᠢ ᠤᠶᠠᠯᠳᠤᠭᠤᠯᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠮᠣᠩᠭᠤᠯ ᠬᠢᠲᠠᠳ ᠡᠮ ᠡᠮᠨᠡᠯᠭᠡ ᠶᠢᠨ ᠳᠦᠷᠢᠮ ᠢ ᠳᠣᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠤᠯᠠᠭᠠᠨᠴᠠᠪ ᠬᠤᠲᠠ ᠶᠢᠨ ᠬᠡᠷᠡᠭᠵᠢᠭᠦᠯᠬᠦ ᠰᠠᠨᠠᠯ ᠢ ᠣᠨᠴᠠᠭᠠᠶᠢᠯᠠᠨ ᠲᠣᠭᠲᠠᠭᠠᠪᠠ᠃      ᠨᠢᠭᠡ᠂ ᠮᠠᠨ ᠤ ᠬᠤᠲᠠ ᠶᠢᠨ ᠮᠣᠩᠭᠤᠯ ᠬᠢᠲᠠᠳ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠲᠦᠷᠭᠡᠳᠬᠡᠬᠦ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠬᠤ  ᠬᠡᠷᠡᠭᠲᠡᠢ     ᠮᠣᠩᠭᠤᠯ ᠬᠢᠲᠠᠳ ᠡᠮ ᠡᠮᠨᠡᠯᠭᠡ ᠪᠣᠯ ᠮᠠᠨ ᠤ ᠤᠯᠤᠰ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠶᠯᠡᠰ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠧᠦ᠋ᠷᠣᠫᠠ ᠡᠮ ᠡᠮᠨᠡᠯᠭᠡ ᠲᠠᠢ ᠬᠠᠷᠢᠯᠴᠠᠨ ᠨᠥᠬᠦᠪᠥᠷᠢᠯᠡᠵᠦ᠂ ᠵᠣᠬᠢᠴᠠᠯᠳᠤᠨ ᠬᠥᠭᠵᠢᠵᠦ᠂ ᠠᠷᠠᠳ ᠲᠦᠮᠡᠨ ᠤ ᠡᠷᠡᠭᠦᠯ ᠮᠡᠨᠳᠦ ᠶᠢ ᠬᠠᠮᠠᠭᠠᠯᠠᠬᠤ ᠪᠠ  ᠪᠠᠲᠤᠳᠬᠠᠬᠤ ᠡᠭᠦᠷᠭᠡ ᠶᠢ ᠬᠠᠮᠲᠤ ᠪᠠᠷ ᠡᠭᠦᠷᠭᠡᠯᠡᠵᠦ᠂ ᠲᠡᠷᠡᠴᠢᠯᠡᠨ ᠲᠡᠭᠦᠨ ᠤ ᠡᠮᠴᠢᠯᠡᠭᠡᠨ ᠤ ᠦᠷ᠎ᠡ ᠪᠦᠲᠦᠮᠵᠢ ᠨᠢ ᠣᠨᠤᠪᠴᠢᠲᠠᠢ᠂ ᠤᠷᠢᠳᠴᠢᠯᠠᠨ ᠰᠡᠷᠭᠡᠶᠢᠯᠡᠵᠦ ᠡᠷᠡᠭᠦᠯᠵᠢᠭᠦᠯᠬᠦ ᠦᠶᠯᠡᠳᠦᠯ ᠨᠢ ᠥᠪᠡᠷᠮᠢᠴᠡ᠂ ᠡᠮᠨᠡᠨ ᠵᠠᠰᠠᠬᠤ ᠠᠷᠭ᠎ᠠ ᠮᠠᠶ᠋ᠢᠭ ᠨᠢ ᠠᠮᠢᠳᠤᠯᠢᠭ᠂ ᠵᠠᠷᠤᠳᠠᠯ ᠨᠢ ᠨᠡᠯᠢᠶᠡᠳ ᠬᠢᠮᠳᠠ  ᠪᠣᠯᠬᠤᠷ᠂ ᠥᠷᠭᠡᠨ ᠣᠯᠠᠨ ᠲᠦᠮᠡᠨ ᠤ ᠬᠦᠷᠢᠶᠡᠯᠡᠯ ᠢ ᠶᠡᠬᠡᠳᠡ ᠣᠯᠵᠤ᠂ ᠢᠯᠠᠩᠭᠤᠶ᠎ᠠ ᠠᠨᠠᠭᠠᠬᠤ ᠤᠬᠠᠭᠠᠨ ᠤ ᠵᠠᠭᠪᠤᠷ ᠤᠨ ᠬᠤᠪᠢᠷᠠᠯᠲᠠ ᠶᠢ ᠳᠠᠭᠠᠯᠳᠤᠨ᠂ ᠮᠣᠩᠭᠤᠯ ᠬᠢᠲᠠᠳ ᠡᠮ ᠡᠮᠨᠡᠯᠭᠡ ᠨᠢ ᠤᠯᠠᠮ ᠠᠴᠠ ᠤᠯᠠᠮ ᠥᠪᠡᠷᠮᠢᠴᠡ ᠳᠠᠪᠠᠭᠤᠯᠢᠭ ᠲᠠᠢ ᠪᠣᠯᠵᠣ ᠪᠠᠶᠢᠨ᠎ᠠ᠃ ᠣᠶᠢᠷ᠎ᠠ ᠶᠢᠨ ᠵᠢᠯ ᠤᠳ ᠲᠤ᠂ ᠮᠠᠨ ᠤ ᠬᠤᠲᠠ ᠶᠢᠨ ᠮᠣᠩᠭᠤᠯ ᠬᠢᠲᠠᠳ ᠡᠮ ᠡᠮᠨᠡᠯᠭᠡ ᠶᠢᠨ ᠦᠶᠯᠡᠰ ᠲᠦᠷᠭᠡᠨ ᠬᠥᠭᠵᠢᠵᠦ᠂ ᠬᠤᠲᠠ ᠰᠢᠶᠠᠨ ᠰᠢᠶᠠᠩ ᠲᠤᠰᠬᠤᠨ ︽ᠳᠥᠷᠪᠡᠨ ᠱᠠᠲᠤ︾ ᠶᠢᠨ ᠮᠣᠩᠭᠤᠯ ᠬᠢᠲᠠᠳ ᠡᠮ ᠡᠮᠨᠡᠯᠭᠡ ᠶᠢᠨ ᠦᠶᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠡᠳᠦᠷ ᠢᠷᠡᠬᠦᠶ᠎ᠡ ᠲᠡᠭᠦᠯᠳᠡᠷᠵᠢᠵᠦ᠂ ᠪᠥᠬᠦ ᠬᠤᠲᠠ ᠶᠢᠨ ᠥᠷᠭᠡᠨ ᠣᠯᠠᠨ ᠲᠦᠮᠡᠨ ᠳᠤ ᠮᠣᠩᠭᠤᠯ ᠬᠢᠲᠠᠳ ᠡᠮ ᠡᠮᠨᠡᠯᠭᠡ ᠶᠢᠨ ᠦᠶᠯᠡᠴᠢᠯᠡᠭᠡ ᠶᠢ ᠦᠨᠳᠦᠰᠦᠨ ᠳᠡᠭᠡᠨ  ᠬᠠᠩᠭᠠᠵᠤ ᠴᠢᠳᠠᠬᠤ ᠪᠣᠯᠪᠠ᠃ ᠭᠡᠪᠡᠴᠦ᠂ ᠡᠯ᠎ᠡ ᠵᠦᠶᠯ ᠤᠨ ᠰᠢᠯᠲᠠᠭᠠᠨ ᠠᠴᠠ ᠪᠣᠯᠵᠣ᠂ ᠮᠠᠨ ᠤ ᠬᠤᠲᠠ ᠶᠢᠨ ᠮᠣᠩᠭᠤᠯ ᠬᠢᠲᠠᠳ ᠡᠮ ᠡᠮᠨᠡᠯᠭᠡ ᠶᠢᠨ ᠠᠵᠢᠯ ᠳᠤ ᠪᠠᠰᠠ ᠮᠠᠰᠢ ᠣᠯᠠᠨ ᠰᠢᠨ᠎ᠡ ᠬᠦᠴᠢᠷᠳᠡᠯ ᠪᠠ ᠠᠰᠠᠭᠤᠳᠠᠯ ᠲᠤᠯᠭᠠᠷᠠᠵᠤ᠂ ᠮᠣᠩᠭᠤᠯ ᠬᠢᠲᠠᠳ ᠡᠮ ᠡᠮᠨᠡᠯᠭᠡ ᠶᠢᠨ ᠥᠪᠡᠷᠮᠢᠴᠡ ᠣᠨᠴᠠᠯᠢᠭ ᠤᠨ ᠳᠠᠪᠠᠭᠤᠯᠢᠭ ᠪᠠᠰᠠ ᠢᠯᠡᠷᠡᠭᠡᠳᠦᠶ᠂ ᠦᠶᠯᠡᠴᠢᠯᠡᠭᠡᠨ ᠤ ᠬᠦᠷᠢᠶ᠎ᠡ ᠨᠢ ᠢᠪᠴᠤᠷᠠᠬᠤ ᠬᠠᠨᠳᠤᠰᠢ ᠲᠠᠢ ᠪᠠᠶᠢᠵᠤ᠂ ᠪᠥᠬᠦ ᠣᠷᠤᠨ ᠤ ᠬᠥᠷᠰᠢ ᠵᠡᠷᠭᠡᠯᠡᠳᠡᠭᠡ ᠭᠠᠵᠠᠷ ᠣᠷᠤᠨ ᠲᠠᠢ ᠬᠠᠷᠢᠴᠠᠭᠤᠯᠪᠠᠯ ᠨᠡᠯᠢᠶᠡᠳ ᠶᠡᠭᠡ ᠵᠥᠷᠢᠶ᠎ᠡ ᠲᠠᠢ ᠪᠠᠶᠢᠨ᠎ᠠ︔ ᠨᠡᠷᠡᠲᠦ ᠠᠬᠠᠮᠠᠳ ᠮᠣᠩᠭᠤᠯ ᠬᠢᠲᠠᠳ ᠡᠮ ᠡᠮᠨᠡᠯᠭᠡ ᠶᠢᠨ ᠲᠤᠰᠬᠠᠶ ᠮᠡᠷᠭᠡᠵᠢᠯᠲᠡᠨ ᠤ ᠡᠷᠳᠡᠮ ᠰᠢᠨᠵᠢᠯᠡᠭᠡᠨ ᠤ ᠦᠵᠡᠯ ᠰᠠᠨᠠᠭ᠎ᠠ ᠪᠠ ᠲᠤᠷᠰᠢᠯᠭ᠎ᠠ ᠶᠢ ᠤᠯᠠᠮᠵᠢᠯᠠᠨ ᠵᠠᠯᠭᠠᠮᠵᠢᠯᠠᠵᠤ ᠳᠡᠶᠢᠯᠦᠭᠡ ᠦᠭᠡᠢ᠂ ᠮᠣᠩᠭᠤᠯ ᠬᠢᠲᠠᠳ ᠡᠮ ᠡᠮᠨᠡᠯᠭᠡ ᠶᠢᠨ ᠣᠨᠤᠯ ᠪᠠ ᠮᠡᠷᠭᠡᠵᠢᠯ ᠠᠷᠭ᠎ᠠ ᠶᠢᠨ ᠰᠢᠨ᠎ᠡ ᠡᠭᠦᠳᠦᠯᠲᠡ ᠬᠦᠷᠦᠯᠴᠡᠬᠦ ᠦᠭᠡᠢ ᠪᠠᠶᠢᠨ᠎ᠠ︔ ᠮᠣᠩᠭᠤᠯ ᠬᠢᠲᠠᠳ ᠡᠮᠨᠡᠯᠭᠡ ᠶᠢᠨ ᠬᠥᠭᠵᠢᠯᠲᠡ ᠶᠢᠨ ᠰᠠᠭᠤᠷᠢ ᠨᠥᠬᠦᠴᠡᠯ ᠪᠠᠷᠤᠭᠲᠠᠶ᠂ ᠰᠢᠰᠲ᠋ᠧᠮᠵᠢ ᠬᠠᠷᠠᠬᠠᠨ ᠲᠡᠭᠦᠯᠳᠡᠷᠵᠢᠭᠡᠳᠦᠶ᠂ ᠴᠢᠳᠠᠪᠤᠷᠢᠲᠠᠨ ᠰᠦᠷᠡᠬᠡᠢ ᠳᠤᠲᠠᠭᠳᠠᠵᠤ᠂ ᠦᠶᠯᠡᠴᠢᠯᠡᠭᠡᠨ ᠤ ᠴᠢᠳᠠᠪᠤᠷᠢ ᠥᠨᠳᠥᠷ ᠪᠤᠰᠤ ᠪᠠᠶᠢᠨ᠎ᠠ︔ ᠡᠶᠢᠮᠦ ᠠᠴᠠ ᠬᠤᠶᠢᠰᠢᠳᠠ ᠶᠢᠨ ᠨᠢᠭᠡᠨ ᠬᠤᠭᠤᠴᠠᠭᠠᠨ ᠳᠤ ᠪᠥᠬᠦ ᠬᠤᠲᠠ ᠶᠢᠨ ᠡᠯ᠎ᠡ ᠱᠠᠲᠤᠨ ᠤ ᠵᠠᠰᠠᠭ ᠤᠨ ᠣᠷᠳᠤᠨ ᠪᠠ ᠬᠤᠯᠪᠣᠭᠳᠠᠯ ᠪᠥᠬᠦᠶ ᠰᠠᠯᠠᠭ᠎ᠠ ᠮᠥᠴᠢᠷ ᠮᠣᠩᠭᠤᠯ ᠬᠢᠲᠠᠳ ᠡᠮ ᠡᠮᠨᠡᠯᠭᠡ ᠶᠢᠨ ᠦᠶᠯᠡᠰ ᠤᠨ ᠬᠥᠭᠵᠢᠯᠲᠡ ᠶᠢ ᠳᠡᠮᠵᠢᠨ ᠠᠬᠢᠭᠤᠯᠬᠤ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠶᠴᠡᠳ ᠲᠠᠨᠢᠵᠤ᠂ ᠡᠯ᠎ᠡ ᠵᠦᠶᠯ ᠤᠨ ᠬᠦᠴᠢᠷᠳᠡᠯ ᠪᠠ ᠠᠰᠠᠭᠤᠳᠠᠯ ᠳᠤ ᠵᠥᠪ ᠢᠶᠠᠷ ᠬᠠᠨᠳᠤᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠮᠠᠨ ᠤ ᠬᠤᠲᠠ ᠶᠢᠨ ᠮᠣᠩᠭᠤᠯ ᠬᠢᠲᠠᠳ ᠡᠮ ᠡᠮᠨᠡᠯᠭᠡ ᠶᠢᠨ ᠠᠵᠢᠯ ᠤᠨ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠮᠣᠩᠭᠤᠯ ᠬᠢᠲᠠᠳ ᠡᠮ ᠡᠮᠨᠡᠯᠭᠡ ᠶᠢᠨ ᠲᠦᠷᠢᠮ ᠢ ᠨᠠᠷᠢᠨ ᠬᠢᠨᠠᠮᠠᠭᠠᠶ ᠤᠬᠠᠭᠤᠯᠤᠨ ᠳᠣᠭᠤᠰᠢᠯᠠᠭᠤᠯᠵᠤ᠂ ᠮᠠᠨ ᠤ ᠬᠤᠲᠠ ᠶᠢᠨ ᠮᠣᠩᠭᠤᠯ ᠬᠢᠲᠠᠳ ᠡᠮᠨᠡᠯᠭᠡ ᠶᠢᠨ ᠦᠶᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠵᠤ᠂ ᠮᠣᠩᠭᠤᠯ ᠬᠢᠲᠠᠳ ᠡᠮᠨᠡᠯᠭᠡ ᠶᠢᠨ ᠦᠶᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠪᠣᠶ ᠪᠣᠯᠭᠠᠨ᠎ᠠ᠃     ᠬᠤᠶᠠᠷ᠂ ᠵᠢᠯᠣᠭᠤᠳᠬᠤ ᠦᠵᠡᠯ ᠰᠠᠨᠠᠭ᠎ᠠ ᠪᠠ ᠦᠨᠳᠦᠰᠦᠨ ᠵᠠᠷᠴᠢᠮ      ︵ᠨᠢᠭᠡ︶ ᠵᠢᠯᠣᠭᠤᠳᠬᠤ ᠦᠵᠡᠯ ᠰᠠᠨᠠᠭ᠎ᠠ      ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠮᠠᠨ ᠤ ᠤᠯᠤᠰ ᠤᠨ ᠨᠡᠶᠢᠭᠡᠮ ᠤᠨ ᠭᠤᠣᠯ ᠵᠥᠷᠢᠴᠡᠯ ᠨᠢᠭᠡᠨᠲᠡ ᠠᠷᠠᠳ ᠤᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ  ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠪᠣᠯᠤᠨ ᠲᠡᠩᠴᠡᠭᠦᠷᠢ ᠦᠭᠡᠢ ᠭᠦᠢᠴᠡᠳ ᠦᠭᠡᠢ ᠬᠥᠭᠵᠢᠯᠲᠡ ᠶᠢᠨ ᠬᠤᠭᠤᠷᠤᠨᠳᠤᠬᠢ ᠵᠥᠷᠢᠴᠡᠯ ᠪᠤᠯᠵᠤ ᠬᠤᠪᠢᠷᠠᠭᠰᠠᠨ ᠢ ᠭᠦᠨᠵᠡᠭᠡᠢ ᠲᠠᠨᠢᠬᠤ ᠬᠡᠷᠡᠭᠲᠡᠢ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ ᠪᠠ ︽ᠳᠥᠷᠪᠡᠨ ᠪᠥᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠵᠤ᠂ ᠰᠢᠨ᠎ᠡ ᠶᠢ ᠡᠭᠦᠳᠬᠦ᠂ ᠵᠣᠬᠢᠴᠠᠭᠤᠯᠬᠤ᠂ ᠪᠣᠬᠢᠷᠳᠤᠯ ᠦᠭᠡᠢ᠂ ᠨᠡᠬᠡᠭᠡᠯᠲᠡ ᠬᠢᠬᠦ᠂ ᠬᠠᠮᠲᠤ ᠪᠠᠷ ᠡᠳ᠋ᠯᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠣᠯᠭᠠᠵᠤ᠂ ᠰᠢᠨ᠎ᠡ ᠴᠠᠭ ᠦᠶ᠎ᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠴᠢᠭᠯᠡᠯᠲᠡ ᠶᠢ ᠪᠠᠷᠢᠮᠲᠠᠯᠠᠵᠤ᠂ ᠠᠷᠠᠳ ᠣᠯᠠᠨ ᠤ ᠡᠷᠡᠭᠦᠯ ᠮᠡᠨᠳᠦ ᠶᠢᠨ ᠬᠢᠷᠢ ᠲᠥᠪᠰᠢᠨ ᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠮᠣᠩᠭᠤᠯ ᠬᠢᠲᠠᠳ ᠡᠮ ᠡᠮᠨᠡᠯᠭᠡ ᠶᠢᠨ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠪᠠᠷ ᠭᠤᠤᠯ ᠰᠡᠳᠦᠪ  ᠪᠣᠯᠭᠠᠵᠤ᠂ ᠮᠣᠩᠭᠤᠯ ᠬᠢᠲᠠᠳ ᠡᠮ ᠡᠮᠨᠡᠯᠭᠡ ᠶᠢᠨ ᠬᠥᠭᠵᠢᠯᠲᠡ ᠶᠢᠨ ᠬᠢᠷᠢ ᠲᠥᠪᠰᠢᠨ ᠢ ᠳᠡᠭᠡᠭᠰᠢᠯᠡᠭᠦᠯᠬᠦ ᠪᠠᠷ ᠭᠤᠣᠯᠯᠠᠭᠤᠯᠵᠤ᠂ ᠮᠣᠩᠭᠤᠯ ᠬᠢᠲᠠᠳ ᠡᠮ ᠡᠮᠨᠡᠯᠭᠡ ᠶᠢᠨ ᠬᠦᠷᠢᠶ᠎ᠡ ᠴᠠᠷᠠᠭ᠎ᠠ ᠶᠢᠨ ᠣᠨᠤᠯ ᠤᠨ ᠰᠢᠨ᠎ᠡ ᠡᠭᠦᠳᠦᠯᠲᠡ᠂ ᠳᠦᠷᠢᠮ ᠤᠨ ᠰᠢᠨ᠎ᠡ ᠡᠭᠦᠳᠦᠯᠲᠡ᠂ ᠬᠠᠮᠢᠶᠠᠷᠤᠯᠲᠠ ᠶᠢᠨ ᠰᠢᠨ᠎ᠡ  ᠡᠭᠦᠳᠦᠯᠲᠡ᠂ ᠰᠢᠨᠵᠢᠯᠡᠭᠡᠨ ᠮᠡᠷᠭᠡᠵᠢᠯ ᠤᠨ ᠰᠢᠨ᠎ᠡ ᠡᠭᠦᠳᠦᠯᠲᠡ ᠶᠢ ᠠᠬᠢᠭᠤᠯᠵᠤ᠂ ᠮᠣᠩᠭᠤᠯ ᠬᠢᠲᠠᠳ ᠡᠮ ᠡᠮᠨᠡᠯᠭᠡ ᠶᠢᠨ ᠡᠮᠴᠢᠯᠡᠭᠡ᠂ ᠡᠷᠡᠭᠦᠯᠵᠢᠯ᠂  ᠰᠢᠨᠵᠢᠯᠡᠬᠦ ᠤᠬᠠᠭᠠᠨ ᠮᠡᠷᠭᠡᠵᠢᠯ ᠤᠨ ᠰᠣᠳᠤᠯᠤᠯ᠂ ᠰᠤᠷᠭᠠᠨ ᠬᠥᠮᠦᠵᠢᠯ᠂ ᠠᠵᠤ ᠦᠢᠯᠡᠰ᠂ ᠰᠣᠶᠣᠯ ︽ᠵᠢᠷᠭᠤᠭ᠎ᠠ ᠶᠢ ᠨᠢᠭᠡ ᠴᠤᠭᠴᠠᠵᠢᠭᠤᠯᠬᠤ︾ ᠬᠥᠭᠵᠢᠯᠲᠡ ᠶᠢ ᠨᠢᠭᠡᠳᠦᠯᠲᠡᠢ ᠲᠥᠯᠦᠪᠯᠡᠵᠦ᠂ ᠮᠣᠩᠭᠤᠯ ᠬᠢᠲᠠᠳ ᠡᠮ ᠡᠮᠨᠡᠯᠭᠡ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠵᠤ᠂ ᠮᠣᠩᠭᠤᠯ ᠬᠢᠲᠠᠳ ᠡᠮ ᠡᠮᠨᠡᠯᠭᠡ ᠶᠢᠨ ᠦᠶᠯᠡᠴᠢᠯᠡᠭᠡᠨ ᠤ ᠬᠦᠷᠢᠶ᠎ᠡ ᠴᠠᠷᠠᠭ᠎ᠠ ᠶᠢ ᠥᠷᠭᠡᠳᠬᠡᠵᠤ᠂ ᠮᠣᠩᠭᠤᠯ ᠬᠢᠲᠠᠳ ᠡᠮ ᠡᠮᠨᠡᠯᠭᠡ ᠶᠢᠨ ᠦᠶᠯᠡᠴᠢᠯᠡᠭᠡᠨ ᠤ ᠴᠢᠳᠠᠪᠤᠷᠢ ᠲᠥᠪᠰᠢᠨ ᠢ ᠲᠡᠭᠡᠭᠰᠢᠯᠡᠭᠦᠯᠵᠦ᠂ ᠠᠷᠠᠳ ᠣᠯᠠᠨ ᠳᠤ ᠮᠣᠩᠭᠤᠯ ᠬᠢᠲᠠᠳ ᠡᠮ ᠡᠮᠨᠡᠯᠭᠡ ᠶᠢᠨ ᠳᠥᠭᠦᠮ ᠳᠥᠲᠡ ᠴᠢᠨᠠᠷ ᠰᠠᠶᠢᠲᠠᠶ ᠬᠢᠮᠳᠠ ᠡᠷᠡᠭᠦᠯ ᠮᠡᠨᠳᠦ ᠶᠢᠨ ᠦᠶᠯᠡᠴᠢᠯᠡᠭᠡ ᠬᠠᠩᠭᠠᠬᠤ ᠪᠠᠷ ᠴᠢᠷᠮᠠᠶᠢᠵᠤ᠂ ᠦᠵᠡᠰᠬᠦᠯᠡᠩᠲᠦ ᠰᠠᠶᠢᠬᠠᠨ ᠤᠯᠠᠭᠠᠨᠴᠠᠪ ᠢ ᠪᠦᠲᠦᠭᠡᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠦᠨ᠎ᠡ᠃      ︵ᠬᠤᠶᠠᠷ︶ ᠦᠨᠳᠦᠰᠦᠨ ᠵᠠᠷᠴᠢᠮ      ᠬᠥᠮᠦᠨ ᠢᠶᠠᠷ ᠦᠨᠳᠦᠰᠦ ᠪᠣᠯᠭᠠᠵᠤ᠂ ᠠᠷᠠᠳ ᠲᠤ ᠠᠰᠢᠭ ᠬᠦᠷᠲᠡᠭᠡᠬᠦ ᠳᠤ ᠦᠢᠯᠡᠴᠢᠯᠡᠬᠦ ᠶᠢ ᠪᠠᠷᠢᠮᠲᠠᠯᠠᠨ᠎ᠠ᠃ ᠠᠷᠠᠳ ᠣᠯᠠᠨ ᠤ ᠮᠣᠩᠭᠤᠯ  ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠡᠭᠦᠰᠦᠴᠡ ᠪᠠ ᠲᠤᠰᠤᠯᠲᠠ ᠪᠣᠯᠭᠠᠵᠤ᠂ ᠡᠷᠡᠭᠦᠯ ᠮᠡᠨᠳᠦ ᠶᠢ ᠬᠠᠮᠠᠭᠠᠯᠠᠬᠤ ᠪᠠ ᠬᠥᠮᠦᠨ ᠪᠦᠬᠦᠨ ᠳᠤ ᠮᠣᠩᠭᠤᠯ ᠬᠢᠲᠠᠳ ᠡᠮ ᠡᠮᠨᠡᠯᠭᠡ ᠶᠢᠨ ᠦᠶᠯᠡᠴᠢᠯᠡᠭᠡ ᠬᠦᠷᠲᠡᠭᠡᠬᠦ ᠪᠠᠷ ᠬᠠᠷᠠᠯᠲᠠ ᠪᠣᠯᠭᠠᠵᠤ᠂ ᠣᠯᠠᠨ ᠲᠦᠮᠡᠨ ᠳᠤ ᠣᠯᠠᠨ ᠲᠠᠰ ᠳᠠᠪᠬᠤᠷᠭ᠎ᠠ ᠶᠢᠨ᠂ ᠣᠯᠠᠨ ᠡᠰᠢᠵᠢᠭᠰᠡᠨ᠂ ᠥᠨᠳᠥᠷ ᠬᠢᠷᠢ ᠲᠦᠪᠰᠢᠨ ᠪᠥᠬᠦᠶ ᠮᠣᠩᠭᠤᠯ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢᠨ ᠦᠶᠯᠡᠴᠢᠯᠡᠭᠡ ᠬᠠᠩᠭᠠᠵᠤ᠂ ᠮᠣᠩᠭᠤᠯ ᠬᠢᠲᠠᠳ ᠡᠮ ᠡᠮᠨᠡᠯᠭᠡ ᠶᠢᠨ ᠬᠥᠭᠵᠢᠯᠲᠡ ᠶᠢᠨ ᠦᠷ᠎ᠡ ᠪᠦᠲᠦᠭᠡᠯ ᠢ ᠥᠷᠭᠡᠨ ᠣᠯᠠᠨ ᠲᠦᠮᠡᠨ ᠳᠤ ᠨᠠᠩ ᠰᠠᠶᠢᠨ ᠬᠦᠷᠲᠡᠭᠡᠬᠦ ᠶᠢ ᠠᠬᠢᠭᠤᠯᠤᠨ᠎ᠠ᠃     ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠴᠦ᠂ ᠣᠨᠴᠠᠯᠢᠭ ᠢ ᠳᠣᠪᠤᠶᠢᠯᠭᠠᠬᠤ ᠶᠢ ᠪᠠᠷᠢᠮᠲᠠᠯᠠᠨ᠎ᠠ᠃ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠶᠢ ᠮᠣᠩᠭᠤᠯ ᠬᠢᠲᠠᠳ ᠡᠮ ᠡᠮᠨᠡᠯᠭᠡ ᠶᠢᠨ ᠬᠥᠭᠵᠢᠯᠲᠡ ᠶᠢᠨ ᠠᠵᠢᠯ ᠳᠤ ᠳᠣᠭᠤᠰᠢᠯᠠᠭᠤᠯᠵᠤ᠂ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠬᠦ ᠶᠢᠨ ᠬᠠᠷᠢᠴᠠᠭ᠎ᠠ ᠶᠢ ᠵᠥᠪ ᠢᠶᠠᠷ ᠡᠵᠡᠮᠳᠡᠨ᠂ ᠮᠣᠩᠭᠤᠯ ᠬᠢᠲᠠᠳ ᠡᠮ ᠡᠮᠨᠡᠯᠭᠡ ᠶᠢᠨ ᠣᠨᠴᠠᠯᠢᠭ ᠳᠠᠪᠠᠭᠤᠯᠢᠭ ᠢ ᠪᠠᠷᠢᠮᠲᠠᠯᠠᠨ ᠪᠠᠳᠠᠷᠠᠭᠤᠯᠵᠤ᠂ ᠣᠲᠣ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠪᠠ ᠠᠷᠭ᠎ᠠ ᠶᠢ ᠭᠦᠶᠴᠡᠳ ᠬᠡᠷᠡᠭᠯᠡᠨ᠂ ᠮᠣᠩᠭᠤᠯ ᠬᠢᠲᠠᠳ ᠡᠮ ᠡᠮᠨᠡᠯᠭᠡ ᠶᠢᠨ ᠣᠨᠤᠯ ᠪᠠ ᠦᠶᠯᠡᠳᠦᠯᠭᠡ ᠶᠢᠨ ᠲᠠᠰᠤᠷᠠᠯᠲᠠ ᠥᠬᠡᠶ ᠬᠥᠭᠵᠢᠬᠦ ᠶᠢ ᠠᠬᠢᠭᠤᠯᠵᠤ᠂ ᠰᠢᠨ᠎ᠡ ᠶᠢ ᠡᠭᠦᠳᠬᠦ ᠳᠤᠮᠳᠠ ᠰᠢᠨ᠎ᠡ ᠣᠨᠴᠠᠯᠢᠭ᠂ ᠰᠢᠨ᠎ᠡ ᠳᠠᠪᠠᠭᠤᠯᠢᠭ ᠢ ᠲᠠᠰᠤᠷᠠᠯᠲᠠ ᠥᠬᠡᠶ ᠪᠣᠶ ᠪᠣᠯᠭᠠᠨ᠎ᠠ᠃     ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠬᠤ ᠶᠢ ᠪᠠᠷᠢᠮᠲᠠᠯᠠᠨ᠎ᠠ᠃ ᠪᠥᠬᠦ ᠬᠤᠲᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠶᠡᠷᠦᠩᠬᠡᠶ ᠬᠠᠷᠠᠯᠲᠠ ᠶᠢᠨ ᠲᠣᠭᠤᠷᠢᠨ ᠳᠤ᠂ ᠮᠣᠩᠭᠤᠯ ᠬᠢᠲᠠᠳ  ᠡᠮ ᠡᠮᠨᠡᠯᠭᠡ ᠶᠢᠨ ᠲᠣᠰ ᠪᠡᠶ᠎ᠡ ᠶᠢᠨ ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠵᠤ᠂ ᠣᠲᠣ ᠦᠶ᠎ᠡ ᠶᠢᠨ ᠰᠢᠨᠵᠢᠯᠡᠭᠡᠨ ᠤ ᠬᠥᠭᠵᠢᠯᠲᠡ ᠶᠢᠨ ᠣᠨᠴᠠᠯᠢᠭ ᠪᠠ ᠨᠡᠶᠢᠲᠡᠴᠢ ᠴᠢᠨᠠᠷ ᠢ ᠬᠠᠮᠲᠤ ᠳᠤᠨᠢ ᠬᠠᠷᠠᠭᠠᠯᠵᠠᠨ᠂ ᠮᠣᠩᠭᠤᠯ ᠬᠢᠲᠠᠳ ᠡᠮ ᠡᠮᠨᠡᠯᠭᠡ ᠶᠢᠨ ᠥᠭᠡᠷᠡᠴᠢᠯᠡᠯᠲᠡ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠮᠣᠩᠭᠤᠯ ᠬᠢᠲᠠᠳ ᠡᠮ ᠡᠮᠨᠡᠯᠭᠡ ᠶᠢᠨ ᠬᠥᠭᠵᠢᠯᠲᠡ ᠶᠢᠨ ᠳᠠᠯᠳᠠ ᠬᠦᠴᠦᠨ ᠪᠠ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠨ᠎ᠡ᠃     ᠵᠠᠰᠠᠭ ᠤᠨ ᠣᠷᠳᠤᠨ ᠢᠶᠠᠷ ᠭᠤᠤᠯᠯᠠᠭᠤᠯᠵᠤ᠂ ᠣᠯᠠᠨ ᠲᠠᠯ᠎ᠠ ᠠᠴᠠ ᠬᠠᠮᠲᠤᠷᠠᠨ ᠬᠥᠳᠡᠯᠦᠯᠴᠡᠬᠦ ᠶᠢ ᠪᠠᠷᠢᠮᠲᠠᠯᠠᠨ᠎ᠠ᠃ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ᠂ ᠬᠥᠲᠥᠯᠥᠨ ᠵᠢᠯᠣᠭᠤᠳᠬᠤ᠂ ᠬᠢᠨᠠᠨ ᠬᠠᠮᠢᠶᠠᠷᠬᠤ ᠵᠡᠷᠭᠡ ᠲᠠᠯ᠎ᠠ ᠪᠠᠷ ᠬᠢ ᠵᠠᠰᠠᠭ ᠤᠨ ᠣᠷᠳᠤᠨ ᠤ ᠲᠤᠰᠢᠶᠠᠯ ᠬᠠᠷᠢᠭᠤᠴᠠᠯᠭ᠎ᠠ ᠶᠢ ᠴᠢᠩᠭᠠᠷᠠᠭᠤᠯᠤᠨ᠂ ᠵᠠᠬ᠎ᠠ ᠳᠡᠯᠭᠡᠭᠦᠷ ᠤᠨ ᠲᠣᠭᠲᠠᠴᠠ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠳᠠᠶᠢᠴᠢᠯᠠᠨ᠂ ᠮᠣᠩᠭᠤᠯ ᠬᠢᠲᠠᠳ ᠡᠮ ᠡᠮᠨᠡᠯᠭᠡ ᠶᠢᠨ ᠦᠶᠯᠡᠰ ᠤᠨ ᠬᠥᠭᠵᠢᠯᠲᠡ ᠳᠤ ᠰᠠᠶᠢᠨ ᠰᠠᠶᠢᠬᠠᠨ ᠭᠠᠳᠠᠭᠠᠳᠤ ᠣᠷᠴᠢᠨ ᠨᠥᠬᠦᠴᠡᠯ ᠢ ᠡᠭᠦᠳᠴᠦ᠂ ᠮᠣᠩᠭᠤᠯ ᠬᠢᠲᠠᠳ ᠡᠮ ᠡᠮᠨᠡᠯᠭᠡ ᠶᠢᠨ ᠦᠶᠯᠡᠰ ᠤᠨ ᠬᠥᠭᠵᠢᠯᠲᠡ ᠶᠢ ᠬᠠᠮᠲᠤᠪᠠᠷ ᠠᠬᠢᠭᠤᠯᠤᠨ᠎ᠠ᠃     ᠭᠤᠷᠪᠠ᠂ ᠶᠡᠷᠦᠩᠬᠡᠢ ᠬᠠᠷᠠᠯᠲᠠ ᠪᠠ ᠭᠤᠣᠯ ᠡᠭᠦᠷᠭᠡ     ︵ᠨᠢᠭᠡ︶ ᠶᠡᠷᠦᠩᠬᠡᠶ ᠬᠠᠷᠠᠯᠲᠠ     2025 ᠣᠨ ᠪᠣᠯᠬᠤ ᠳᠤ᠂ ᠮᠣᠩᠭᠤᠯ ᠬᠢᠲᠠᠳ ᠡᠮ ᠡᠮᠨᠡᠯᠭᠡ ᠶᠢᠨ ᠦᠶᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠬᠦᠯᠵᠦ᠂ ᠮᠣᠩᠭᠤᠯ ᠬᠢᠲᠠᠳ  ᠡᠮ ᠡᠮᠨᠡᠯᠭᠡ ᠶᠢᠨ ᠤᠷᠢᠳᠴᠢᠯᠠᠨ ᠰᠡᠷᠭᠡᠶᠢᠯᠡᠵᠦ ᠡᠷᠡᠭᠦᠯᠵᠢᠭᠦᠯᠬᠦ ᠲᠤᠤᠷ ᠰᠦᠯᠵᠢᠶ᠎ᠡ ᠶᠢ ᠠᠯᠬᠤᠮ ᠠᠯᠬᠤᠮ ᠢᠶᠠᠷ ᠪᠠᠶᠢᠭᠤᠯᠤᠨ᠎ᠠ︔ ᠮᠣᠩᠭᠤᠯ ᠬᠢᠲᠠᠳ ᠡᠮ ᠡᠮᠨᠡᠯᠭᠡ ᠶᠢᠨ ᠦᠶᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠵᠦ᠂ ᠮᠣᠩᠭᠤᠯ ᠬᠢᠲᠠᠳ ᠡᠮ ᠡᠮᠨᠡᠯᠭᠡ ᠶᠢᠨ ᠦᠶᠯᠡᠴᠢᠯᠡᠭᠡᠨ ᠤ ᠴᠢᠳᠠᠪᠤᠷᠢ ᠶᠢ ᠢᠯᠡᠳᠲᠡ ᠴᠢᠩᠭᠠᠷᠠᠭᠤᠯᠤᠨ᠎ᠠ︔ ᠮᠣᠩᠭᠤᠯ ᠬᠢᠲᠠᠳ ᠡᠮ ᠡᠮᠨᠡᠯᠭᠡ ᠶᠢᠨ ᠦᠶᠯᠡᠴᠢᠯᠡᠭᠡᠨ ᠤ ᠬᠦᠷᠢᠶ᠎ᠡ ᠴᠠᠷᠠᠭ᠎ᠠ ᠶᠢ ᠥᠷᠭᠡᠳᠬᠡᠵᠦ᠂ ᠮᠣᠩᠭᠤᠯ ᠬᠢᠲᠠᠳ  ᠡᠮ ᠡᠮᠨᠡᠯᠭᠡ ᠶᠢᠨ ᠣᠨᠴᠠᠯᠢᠭ ᠳᠠᠪᠠᠭᠤᠯᠢᠭ ᠢ ᠨᠠᠩ ᠳᠣᠪᠤᠶᠢᠯᠭᠠᠨ᠎ᠠ︔ ᠮᠣᠩᠭᠤᠯ ᠬᠢᠲᠠᠳ ᠡᠮ ᠡᠮᠨᠡᠯᠭᠡ ᠶᠢᠨ ᠡᠩᠨᠡᠭᠡᠨ ᠤ ᠬᠡᠪ ᠴᠢᠨᠠᠷ ᠢ ᠳᠡᠭᠡᠭᠰᠢᠯᠡᠭᠦᠯᠵᠦ᠂ ᠮᠣᠩᠭᠤᠯ ᠬᠢᠲᠠᠳ ᠡᠮ ᠡᠮᠨᠡᠯᠭᠡ ᠶᠢᠨ ᠴᠢᠳᠠᠪᠤᠷᠢᠲᠠᠨ ᠤ ᠪᠦᠲᠦᠴᠡ ᠶᠢ ᠨᠠᠩ ᠵᠦᠶ ᠵᠣᠬᠢᠰᠲᠠᠶ ᠪᠣᠯᠭᠠᠨ᠎ᠠ︔ ᠮᠣᠩᠭᠤᠯ ᠬᠢᠲᠠᠳ  ᠡᠮ ᠡᠮᠨᠡᠯᠭᠡ ᠶᠢᠨ ᠵᠠᠯᠭᠠᠮᠵᠢᠯᠠᠬᠤ ᠪᠠ ᠰᠢᠨ᠎ᠡ ᠶᠢ ᠡᠭᠦᠳᠬᠦ ᠶᠢ ᠰᠠᠶᠢᠲᠤᠷ ᠬᠢᠵᠦ᠂ ᠮᠣᠩᠭᠤᠯ ᠬᠢᠲᠠᠳ ᠡᠮ ᠡᠮᠨᠡᠯᠭᠡ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ︔ ᠮᠣᠩᠭᠤᠯ ᠬᠢᠲᠠᠳ ᠡᠮ ᠡᠮᠨᠡᠯᠭᠡ ᠶᠢᠨ ᠰᠣᠶᠤᠯ ᠢ ᠤᠯᠠᠮ ᠨᠢᠭᠡ ᠠᠯᠬᠤᠮ  ᠴᠡᠴᠡᠭᠯᠡᠭᠦᠯᠦᠨ ᠬᠥᠭᠵᠢᠭᠦᠯᠵᠦ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠪᠦᠷᠬᠦᠴᠡ ᠶᠢ ᠲᠠᠰᠤᠷᠠᠯᠲᠠ ᠥᠬᠡᠶ ᠥᠷᠭᠡᠳᠬᠡᠨ᠎ᠡ︔ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠦᠷᠭᠦᠯᠵᠢᠯᠡᠨ ᠥᠷᠭᠡᠵᠢᠭᠦᠯᠵᠦ᠂ ᠮᠣᠩᠭᠤᠯ ᠬᠢᠲᠠᠳ ᠡᠮ ᠡᠮᠨᠡᠯᠭᠡ ᠶᠢᠨ ᠨᠥᠯᠥᠭᠡᠯᠡᠬᠦ ᠬᠦᠴᠦᠨ ᠢ ᠴᠢᠨᠠᠭᠰᠢᠲᠠ ᠴᠢᠩᠭᠠᠷᠠᠭᠤᠯᠵᠤ᠂ ᠮᠠᠨ ᠤ ᠬᠤᠲᠠ ᠶᠢᠨ ᠮᠣᠩᠭᠤᠯ ᠬᠢᠲᠠᠳ ᠡᠮ ᠡᠮᠨᠡᠯᠭᠡ ᠶᠢᠨ ᠪᠦᠬᠦᠯᠢ ᠴᠣᠭᠴᠠ ᠶᠢᠨ ᠪᠣᠳᠠᠲᠤ ᠬᠦᠴᠦᠨ ᠢ ᠳᠠᠬᠢᠨ ᠰᠢᠨ᠎ᠡ ᠳᠡᠭᠲᠡᠷ ᠲᠤ ᠭᠠᠷᠭᠠᠨ᠎ᠠ᠃      ︵ᠬᠤᠶᠠᠷ︶ ᠭᠤᠣᠯ ᠡᠭᠦᠷᠭᠡ      1.ᠮᠣᠩᠭᠤᠯ ᠬᠢᠲᠠᠳ ᠡᠮ ᠡᠮᠨᠡᠯᠭᠡ ᠶᠢᠨ ᠦᠶᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠦᠨ᠎ᠡ᠃ ᠮᠣᠩᠭᠤᠯ ᠬᠢᠲᠠᠳ ᠡᠮ ᠡᠮᠨᠡᠯᠭᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠮᠣᠩᠭᠤᠯ ᠬᠢᠲᠠᠳ ᠡᠮ ᠡᠮᠨᠡᠯᠭᠡ ᠶᠢ ᠳᠡᠮᠵᠢᠨ ᠠᠬᠢᠭᠤᠯᠬᠤ ᠡᠯ᠎ᠡ ᠵᠦᠶᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠯᠪᠠᠨ ᠠᠴᠠ ᠪᠠᠶᠢᠭᠤᠯᠤᠭᠰᠠᠨ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠭᠤᠤᠯᠳᠠᠯᠭ᠎ᠠ ᠲᠠᠢ ᠲᠥᠷᠥᠯ ᠵᠦᠶᠯ ᠳᠠᠬᠢ ᠣᠷᠣᠭᠤᠯᠤᠯᠲᠠ ᠶᠢ ᠨᠡᠮᠡᠭᠳᠡᠭᠦᠯᠵᠦ᠂ ᠤᠯᠠᠭᠠᠨᠴᠠᠪ ᠬᠤᠲᠠ ᠶᠢᠨ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠪᠥᠲᠥᠭᠡᠨ ᠪᠠᠶᠢᠭᠤᠯᠤᠯᠲᠠ ᠶᠢᠨ ᠠᠵᠢᠯ ᠢ ᠦᠨᠳᠦᠰᠦᠨ ᠳᠡᠭᠡᠨ ᠪᠡᠶᠡᠯᠡᠭᠦᠯᠦᠨ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠬᠤᠶᠠᠳᠤᠭᠠᠷ ᠳᠡᠰ ᠤᠨ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠦᠨᠳᠦᠰᠦᠨ ᠪᠥᠲᠥᠭᠡᠨ ᠪᠠᠶᠢᠭᠤᠯᠤᠯᠲᠠ ᠪᠠ ᠲᠥᠬᠦᠭᠡᠷᠦᠮᠵᠢ ᠶᠢᠨ ᠪᠠᠷᠢᠮᠵᠢᠶᠠᠵᠢᠭᠤᠯᠤᠭᠰᠠᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠳᠥᠷᠪᠡᠳ ᠬᠤᠰᠢᠭᠤᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ᠂ ᠬᠤᠸᠠᠳᠧ ᠰᠢᠶᠠᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠵᠦᠸᠧᠽᠢ ᠰᠢᠶᠠᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ᠂ ᠵᠢᠨᠢᠩ ᠲᠣᠭᠤᠷᠢᠭ ᠤᠨ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠦᠨᠳᠦᠰᠦᠨ ᠪᠦᠲᠦᠭᠡᠨ ᠪᠠᠶᠢᠭᠤᠯᠤᠯᠲᠠ ᠪᠣᠯᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢᠨ ᠠᠵᠢᠯ ᠢ ᠭᠤᠣᠯᠳᠠᠯᠭ᠎ᠠ ᠲᠠᠢ ᠲᠦᠯᠬᠢᠨ ᠠᠬᠢᠭᠤᠯᠤᠨ᠎ᠠ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠮᠣᠩᠭᠤᠯ ᠬᠢᠲᠠᠳ ᠡᠮᠨᠡᠯᠭᠡ ᠶᠢᠨ ᠠᠵᠢᠯᠲᠠᠨ ᠪᠠ ᠲᠥᠬᠦᠭᠡᠷᠦᠮᠵᠢ ᠶᠢ ᠵᠦᠶ ᠵᠣᠬᠢᠰᠲᠠᠶ ᠳᠣᠭᠢᠷᠠᠭᠤᠯᠵᠤ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ ᠤᠨ ᠮᠣᠩᠭᠤᠯ ᠬᠢᠲᠠᠳ ᠡᠮᠴᠢᠯᠡᠭᠡ ᠶᠢᠨ ᠰᠠᠯᠠᠭ᠎ᠠ ᠲᠠᠰᠤᠭ ᠤᠨ ᠪᠠᠶᠢᠭᠤᠯᠤᠯᠲᠠ ᠶᠢ ᠶᠡᠬᠡᠪᠡᠷ ᠴᠢᠩᠭᠠᠳᠬᠠᠨ᠂ 2021ᠣᠨ ᠤ ᠵᠢᠯ ᠤᠨ ᠰᠡᠭᠦᠯᠴᠢ ᠠᠴᠠ ᠡᠮᠦᠨ᠎ᠡ ᠪᠣᠶ ᠪᠥᠬᠦᠶ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ ᠲᠤ ᠪᠠᠷᠢᠮᠵᠢᠶᠠᠵᠢᠭᠰᠠᠨ ᠮᠣᠩᠭᠤᠯ ᠡᠮᠨᠡᠯᠭᠡ ᠶᠢᠨ ᠰᠠᠯᠠᠭ᠎ᠠ ᠶᠢᠨ ᠮᠣᠩᠭᠤᠯ ᠡᠮ ᠤᠨ ᠬᠡᠷ ᠪᠤᠶᠤ ᠬᠢᠲᠠᠳ ᠡᠮᠨᠡᠯᠭᠡ ᠶᠢᠨ ᠰᠠᠯᠠᠭ᠎ᠠ ᠶᠢᠨ ᠬᠢᠲᠠᠳ ᠡᠮ ᠤᠨ ᠬᠡᠷ ᠪᠠᠶᠢᠭᠤᠯᠵᠤ᠂ ᠰᠢᠶᠠᠩ ᠪᠠᠯᠭᠠᠰᠤ ᠶᠢᠨ 85 % ᠠᠴᠠ ᠳᠡᠭᠡᠭᠰᠢᠬᠢ ᠡᠷᠡᠭᠦᠯ ᠬᠠᠮᠠᠭᠠᠯᠠᠯ ᠤᠨ ᠬᠤᠷᠢᠶ᠎ᠠ ᠪᠠ 95 % ᠠᠴᠠ ᠳᠡᠭᠡᠭᠰᠢᠬᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ ᠲᠤ ᠮᠣᠩᠭᠤᠯ ᠡᠮ ᠡᠮᠨᠡᠯᠭᠡ ᠶᠢᠨ ᠣᠷᠳᠤᠨ ᠪᠤᠶᠤ ᠬᠢᠲᠠᠳ ᠡᠮ ᠡᠮᠨᠡᠯᠭᠡ ᠶᠢᠨ ᠣᠷᠳᠤᠨ ᠪᠠᠶᠢᠭᠤᠯᠤᠨ᠎ᠠ᠃ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠥᠷᠲᠡᠭᠡ ᠶᠢᠨ ᠮᠣᠩᠭᠤᠯ ᠬᠢᠲᠠᠳ ᠡᠮ ᠡᠮᠨᠡᠯᠭᠡ ᠶᠢᠨ ᠦᠶᠯᠡᠴᠢᠯᠡᠭᠡᠨ ᠢ ᠢᠳᠡᠪᠬᠢᠲᠡᠶ ᠪᠠᠷ ᠬᠥᠭᠵᠢᠭᠦᠯᠵᠦ᠂ 15 ᠮᠢᠨᠦ᠋ᠲ ᠤᠨ ︽ᠮᠣᠩᠭᠤᠯ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢᠨ ᠦᠶᠯᠡᠴᠢᠯᠡᠭᠡᠨ ᠤ ᠲᠣᠭᠤᠷᠢᠭ︾ ᠢ ᠴᠢᠷᠮᠠᠶᠢᠨ ᠪᠠᠶᠢᠭᠤᠯᠤᠨ᠎ᠠ᠃ 80% ᠠᠴᠠ ᠳᠡᠭᠡᠭᠰᠢᠬᠢ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠪᠠ 100 % ᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠥᠷᠲᠡᠭᠡ ᠶᠢ ᠮᠣᠩᠭᠤᠯ ᠬᠢᠲᠠᠳ ᠡᠮᠨᠡᠯᠭᠡ ᠶᠢᠨ ᠦᠶᠯᠡᠴᠢᠯᠡᠭᠡ ᠬᠠᠩᠭᠠᠬᠤ ᠪᠠᠷ ᠱᠠᠭᠠᠷᠳᠠᠨ᠎ᠠ᠃ ᠬᠤᠰᠬᠢᠨᠠᠭ ᠭᠡᠳᠡᠰᠦ᠂ ᠶᠠᠰᠤᠨ ᠤ ᠭᠡᠮᠲᠦᠯ ᠵᠡᠷᠭᠡ ᠠᠰᠢᠭ ᠬᠤᠨᠵᠢᠪᠤᠷᠢ ᠶᠢᠨ ᠪᠤᠰᠤ ᠴᠢᠨᠠᠷᠲᠠᠶ ᠮᠣᠩᠭᠤᠯ ᠬᠢᠲᠠᠳ ᠲᠤᠰᠬᠠᠶ ᠡᠮᠨᠡᠯᠭᠡ ᠶᠢᠨ ᠬᠤᠷᠢᠶ᠎ᠠ ᠶᠢ ᠨᠡᠶᠢᠭᠡᠮ ᠤᠨ ᠬᠦᠴᠦᠨ ᠠᠴᠠ ᠡᠷᠬᠢᠯᠡᠬᠦ ᠶᠢ ᠨᠢ ᠵᠣᠷᠢᠭᠵᠢᠭᠤᠯᠵᠤ᠂ ᠬᠢᠷᠢ ᠬᠡᠮ ᠲᠠᠢ ᠮᠣᠩᠭᠤᠯ ᠬᠢᠲᠠᠳ ᠡᠮ ᠡᠮᠨᠡᠯᠭᠡ ᠶᠢᠨ ᠲᠤᠰᠬᠠᠶ ᠮᠡᠷᠭᠡᠵᠢᠯ ᠤᠨ ᠠᠵᠢᠯᠲᠠᠨ ᠢᠯᠠᠩᠭᠤᠶ᠎ᠠ ᠨᠡᠷᠡᠲᠦ ᠠᠬᠠᠮᠠᠳ ᠮᠣᠩᠭᠤᠯ ᠬᠢᠲᠠᠳ ᠡᠮ ᠡᠮᠨᠡᠯᠭᠡ ᠮᠣᠩᠭᠤᠯ ᠬᠢᠲᠠᠳ ᠡᠮᠴᠢ ᠶᠢᠨ ᠡᠮᠴᠢᠯᠡᠭᠡᠨ ᠤ ᠭᠠᠵᠠᠷ ᠡᠷᠬᠢᠯᠡᠬᠦ ᠶᠢ ᠨᠢ ᠵᠣᠷᠢᠭᠵᠢᠭᠤᠯᠤᠨ᠎ᠠ︔ ᠮᠣᠩᠭᠤᠯ ᠬᠢᠲᠠᠳ ᠡᠮᠴᠢᠯᠡᠭᠡ ᠶᠢᠨ ᠣᠨᠴᠠᠯᠢᠭ ᠢᠶᠠᠷ ᠲᠣᠪᠤᠶᠢᠮ᠎ᠠ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ᠂ ᠨᠠᠰᠤᠲᠠᠶᠢᠴᠤᠳ ᠤᠨ ᠡᠪᠡᠳᠴᠢᠨ ᠤ ᠡᠮᠨᠡᠯᠭᠡ ᠶᠢᠨ ᠬᠤᠷᠢᠶ᠎ᠠ᠂ ᠰᠤᠪᠢᠯᠠᠯᠲᠠ ᠶᠢᠨ ᠬᠦᠷᠢᠶᠡᠯᠡᠩ᠂ ᠨᠠᠰᠤ  ᠨᠥᠬᠡᠴᠢᠬᠦ ᠦᠶ᠎ᠡ ᠤᠨ ᠬᠠᠯᠠᠮᠵᠢᠯᠠᠯ ᠤᠨ ᠡᠮᠨᠡᠯᠭᠡ ᠶᠢᠨ ᠬᠤᠷᠢᠶ᠎ᠠ ᠵᠡᠷᠭᠡ ᠡᠮᠴᠢᠯᠡᠭᠡᠨ ᠤ ᠪᠠᠶᠢᠭᠤᠯᠤᠮᠵᠢ ᠶᠢ ᠬᠥᠭᠵᠢᠭᠦᠯᠦᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠭᠦᠯᠴᠢ ᠪᠣᠯᠬᠤ ᠳᠤ᠂ ᠪᠥᠬᠦ ᠬᠤᠲᠠ ᠶᠢᠨ ᠮᠢᠩᠭᠠᠨ ᠪᠠᠶᠢᠩᠭᠤ ᠰᠠᠭᠤᠭ᠎ᠠ ᠬᠥᠮᠦᠨ ᠠᠮᠠ ᠪᠦᠷᠢ ᠳᠤ ᠮᠣᠩᠭᠤᠯ ᠬᠢᠲᠠᠳ ᠡᠮᠨᠡᠯᠭᠡ ᠶᠢᠨ ᠣᠷᠣ ᠶᠢᠨ ᠲᠤᠭ᠎ᠠ ᠶᠢ 1 ᠠᠴᠠ ᠳᠡᠭᠡᠭᠰᠢ ᠳᠤ ᠬᠦᠷᠦᠭᠦᠯᠵᠦ᠂ ᠮᠣᠩᠭᠤᠯ ᠬᠢᠲᠠᠳ ᠡᠮᠨᠡᠯᠭᠡ ᠶᠢᠨ ᠠᠵᠢᠯ ᠡᠷᠭᠢᠯᠡᠬᠦ ︵ᠲᠤᠰᠠᠯᠠᠭᠴᠢ︶ ᠡᠮᠴᠢ ᠶᠢᠨ ᠲᠤᠭ᠎ᠠ ᠶᠢ 0.40 ᠬᠥᠮᠦᠨ ᠳᠤ ᠬᠦᠷᠦᠭᠦᠯᠦᠨ᠎ᠡ᠃      2.ᠮᠣᠩᠭᠤᠯ ᠬᠢᠲᠠᠳ ᠡᠮ ᠡᠮᠨᠡᠯᠭᠡ ᠶᠢᠨ ᠠᠭᠤᠯᠤᠭᠳᠠᠬᠤᠨ ᠤ ᠪᠠᠶᠢᠭᠤᠯᠤᠯᠲᠠ ᠶᠢ ᠴᠢᠩᠭᠠᠷᠠᠭᠤᠯᠤᠨ᠎ᠠ᠃ ᠮᠣᠩᠭᠤᠯ ᠬᠢᠲᠠᠳ ᠡᠮ ᠡᠮᠨᠡᠯᠭᠡ ᠶᠢᠨ ᠡᠮᠴᠢᠯᠡᠭᠡᠨ ᠤ ᠪᠠᠶᠢᠭᠤᠯᠤᠮᠵᠢ ᠶᠢᠨ ᠪᠠᠶᠢᠭᠤᠯᠤᠯᠲᠠ ᠬᠢᠭᠡᠳ ᠬᠥᠭᠵᠢᠯᠲᠡ ᠶᠢ ᠤᠯᠠᠮ ᠨᠢᠭᠡ ᠠᠯᠬᠤᠮ ᠲᠦᠷᠭᠡᠳᠬᠡᠵᠦ᠂ ᠮᠣᠩᠭᠤᠯ ᠬᠢᠲᠠᠳ ᠡᠮ ᠡᠮᠨᠡᠯᠭᠡ ᠶᠢᠨ ᠣᠨᠴᠠᠯᠢᠭ ᠳᠠᠪᠠᠭᠤᠯᠢᠭ ᠢ ᠭᠦᠶᠴᠡᠳ ᠪᠠᠳᠠᠷᠠᠭᠤᠯᠤᠨ᠂ ᠶᠡᠷᠦᠩᠬᠡᠶᠢᠯᠡᠭᠰᠡᠨ ᠡᠮᠨᠡᠨ ᠠᠪᠤᠷᠠᠬᠤ ᠦᠶᠯᠡᠴᠢᠯᠡᠭᠡᠨ ᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃ ᠮᠣᠩᠭᠤᠯ ᠬᠢᠲᠠᠳ ᠡᠮ ᠡᠮᠨᠡᠯᠭᠡ ᠶᠢᠨ ᠡᠮᠴᠢᠯᠡᠭᠡᠨ ᠤ ᠦᠶᠯᠡᠴᠢᠯᠡᠭᠡ ᠶᠢ ᠶᠡᠬᠡᠪᠡᠷ ᠬᠥᠭᠵᠢᠭᠦᠯᠵᠦ᠂ ᠮᠣᠩᠭᠤᠯ ᠬᠢᠲᠠᠳ ᠡᠮ ᠡᠮᠨᠡᠯᠭᠡ ᠶᠢᠨ ᠣᠨᠴᠠᠯᠢᠭ ᠢᠶᠠᠷ ᠢᠯᠡᠷᠬᠡᠶ ᠡᠮᠴᠢᠯᠡᠭᠡᠨ ᠤ ᠲᠤᠰᠬᠠᠶ ᠰᠠᠯᠠᠭ᠎ᠠ ᠶᠢ ᠪᠣᠶᠢᠵᠢᠭᠤᠯᠵᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠬᠤᠲᠠ ᠶᠢᠨ ᠱᠠᠲᠤᠨ ᠤ ᠮᠣᠩᠭᠤᠯ ᠬᠢᠲᠠᠳ ᠡᠮ ᠡᠮᠨᠡᠯᠭᠡ ᠶᠢᠨ ᠭᠤᠤᠯᠳᠠᠯᠭ᠎ᠠ ᠲᠠᠢ ᠲᠤᠰᠬᠠᠶ ᠰᠠᠯᠠᠭᠠᠨ ᠤ ᠪᠠᠶᠢᠭᠤᠯᠤᠯᠲᠠ ᠶᠢ ᠡᠬᠢᠯᠡᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠤᠨ ᠤ ᠱᠠᠲᠤᠨ ᠤ ᠮᠣᠩᠭᠤᠯ ᠬᠢᠲᠠᠳ ᠡᠮᠨᠡᠯᠭᠡ ᠶᠢᠨ ᠭᠤᠤᠯᠳᠠᠯᠭ᠎ᠠ ᠲᠠᠢ ᠲᠤᠰᠬᠠᠶ ᠰᠠᠯᠠᠭᠠᠨ ᠤ ᠲᠥᠷᠥᠯ ᠵᠦᠶᠯ ᠢ ᠢᠳᠡᠪᠬᠢᠲᠡᠶ ᠭᠤᠶᠤᠴᠢᠯᠠᠨ ᠮᠡᠳᠡᠭᠦᠯᠦᠨ᠎ᠡ᠃ ᠬᠤᠲᠠ ᠶᠢᠨ ᠱᠠᠲᠤᠨ ᠤ 2 ᠠᠴᠠ ᠳᠡᠭᠡᠭᠰᠢ ᠭᠤᠣᠯᠳᠠᠯᠭ᠎ᠠ ᠲᠠᠢ ᠰᠢᠨᠵᠢᠯᠡᠭᠡᠨ ︵ᠮᠣᠩᠭᠤᠯ ᠡᠮᠨᠡᠯᠭᠡ ᠶᠢᠨ ᠲᠠᠪᠤᠨ ᠵᠠᠰᠠᠯ᠂ ᠡᠷᠡᠭᠦᠯᠵᠢᠯ︶᠂ ᠰᠢᠶᠠᠨ ᠤ ᠱᠠᠲᠤᠨ ᠤ 2 ᠠᠴᠠ ᠳᠡᠭᠡᠭᠰᠢ ︵ᠱᠠᠩᠳᠤ᠂ ᠯᠢᠶᠠᠩᠴᠧᠩ︶ ᠭᠤᠣᠯᠳᠠᠯᠭ᠎ᠠ ᠲᠠᠢ  ᠰᠢᠨᠵᠢᠯᠡᠭᠡᠨ ᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠶᠠᠪᠤᠭᠤᠯᠤᠨ᠎ᠠ᠃ ᠨᠢᠭᠡ ᠪᠦᠯᠦᠭ ᠦᠶᠯᠡᠴᠢᠯᠡᠭᠡᠨ ᠤ ᠴᠢᠳᠠᠮᠵᠢ ᠨᠢ ᠪᠦᠷᠢᠨ ᠲᠡᠭᠦᠯᠳᠡᠷ᠂ ᠡᠮᠴᠢᠯᠡᠭᠡᠨ ᠤ ᠦᠷ᠎ᠡ ᠠᠰᠢᠭ ᠢᠶᠠᠷ ᠢᠯᠡᠷᠬᠡᠶ᠂ ᠮᠣᠩᠭᠤᠯ ᠬᠢᠲᠠᠳ ᠡᠮᠨᠡᠯᠭᠡ ᠶᠢᠨ ᠣᠨᠴᠠᠯᠢᠭ ᠢᠶᠠᠷ ᠢᠯᠡ ᠲᠣᠳᠣ ᠣᠳᠣᠬᠢᠴᠢᠯᠠᠭᠰᠠᠨ ᠮᠣᠩᠭᠤᠯ ᠬᠢᠲᠠᠳ ᠡᠮᠨᠡᠯᠭᠡ ᠶᠢᠨ ᠡᠮᠴᠢᠯᠡᠭᠡᠨ ᠤ ᠪᠠᠶᠢᠭᠤᠯᠤᠮᠵᠢ ᠶᠢ ᠬᠦᠴᠦᠯᠡᠨ ᠪᠠᠶᠢᠭᠤᠯᠵᠤ᠂ ᠬᠤᠲᠠ᠂ ᠰᠢᠶᠠᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠳᠤ ᠨᠠᠭᠠᠳᠤ ᠵᠠᠬ᠎ᠠ ᠳᠠᠭᠠᠨ 30 ᠠᠴᠠ ᠳᠡᠭᠡᠭᠰᠢ ᠡᠪᠡᠳᠴᠢᠨ ᠤ ᠲᠥᠷᠥᠯ ᠤᠨ ᠮᠣᠩᠭᠤᠯ ᠬᠢᠲᠠᠳ ᠡᠮᠨᠡᠯᠭᠡ ᠶᠢᠨ ᠣᠨᠤᠰᠢᠯᠠᠨ ᠡᠮᠨᠡᠬᠦ ᠲᠥᠰᠦᠯ ᠢ ᠳᠡᠯᠭᠡᠷᠡᠭᠦᠯᠦᠨ᠎ᠡ᠃ ᠬᠤᠲᠠ ᠶᠢᠨ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢ ᠭᠤᠷᠪᠠᠳᠤᠭᠠᠷ ᠳᠡᠰ ᠤᠨ ᠬᠥᠬᠡ ᠵᠡᠷᠭᠡ ᠶᠢᠨ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠪᠣᠯᠭᠠᠨ ᠪᠦᠲᠦᠭᠡᠨ ᠪᠠᠶᠢᠭᠤᠯᠤᠨ᠎ᠠ᠃ ᠬᠤᠰᠢᠭᠤ ᠰᠢᠶᠠᠨ ᠤ ᠱᠠᠲᠤᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢ ᠬᠤᠶᠠᠳᠤᠭᠠᠷ ᠳᠡᠰ ᠤᠨ ᠬᠥᠬᠡ ᠵᠡᠷᠭᠡ ᠶᠢᠨ ᠡᠮᠨᠡᠯᠭᠡ ᠶᠢᠨ ᠬᠤᠷᠢᠶ᠎ᠠ ᠪᠣᠯᠭᠠᠨ ᠪᠠᠶᠢᠭᠤᠯᠤᠨ᠎ᠠ᠃ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠲᠤᠰᠬᠠᠶ ᠡᠮᠨᠡᠯᠭᠡ ᠶᠢᠨ ᠬᠤᠷᠢᠶ᠎ᠠ ᠪᠣᠯᠤᠨ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠪᠠᠶᠢᠭᠤᠯᠤᠮᠵᠢ ᠳᠤ ᠮᠣᠩᠭᠤᠯ ᠬᠢᠲᠠᠳ ᠡᠮᠨᠡᠯᠭᠡ ᠶᠢᠨ ᠡᠮᠴᠢᠯᠡᠭᠡᠨ ᠤ ᠰᠠᠯᠠᠭ᠎ᠠ ᠲᠠᠰᠤᠭ ᠪᠠᠶᠢᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠤᠶᠠᠳᠤᠭᠠᠷ ᠳᠡᠰ ᠠᠴᠠ ᠳᠡᠭᠡᠭᠰᠢᠬᠢ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠮᠣᠩᠭᠤᠯ ᠬᠢᠲᠠᠳ ᠡᠮ ᠡᠮᠨᠡᠯᠭᠡ ᠶᠢᠨ ᠰᠠᠯᠠᠭ᠎ᠠ ︵ᠮᠣᠩᠭᠤᠯ ᠬᠢᠲᠠᠳ ᠡᠮ ᠤᠨ ᠥᠷᠥᠭᠡ︶ ᠶᠢ ᠤᠯᠤᠰ ᠤᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠵᠦ᠂ ᠰᠢᠶᠠᠨ ᠤ ᠱᠠᠲᠤᠨ ᠠᠴᠠ ᠳᠡᠭᠡᠭᠰᠢᠬᠢ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠪᠠᠶᠢᠭᠤᠯᠤᠮᠵᠢ ᠨᠤᠭᠤᠳ ᠢ ᠮᠣᠩᠭᠤᠯ ᠬᠢᠲᠠᠳ ᠡᠮ ᠡᠮᠨᠡᠯᠭᠡ ᠶᠢᠨ ᠦᠢᠯᠡᠴᠢᠯᠡᠭᠡ ᠬᠠᠩᠭᠠᠵᠤ ᠳᠡᠶᠢᠯᠬᠦ ᠪᠣᠯᠭᠠᠨ᠎ᠠ᠃ ᠮᠣᠩᠭᠤᠯ ᠬᠢᠲᠠᠳ ᠡᠮ ᠡᠮᠨᠡᠯᠭᠡ ᠶᠢᠨ ᠭᠡᠨᠡᠳᠲᠡ ᠡᠭᠦᠰᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠳᠤ ᠣᠷᠣᠯᠴᠠᠬᠤ ᠶᠢᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠠᠶᠢᠽ ᠡᠪᠡᠳᠴᠢᠨ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠵᠡᠷᠭᠡ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠪᠠ ᠡᠮᠨᠡᠨ ᠵᠠᠰᠠᠬᠤ ᠳᠤ ᠦᠵᠡᠭᠦᠯᠬᠦ ᠮᠣᠩᠭᠤᠯ ᠬᠢᠲᠠᠳ ᠡᠮ ᠡᠮᠨᠡᠯᠭᠡ ᠶᠢᠨ ᠦᠶᠯᠡᠳᠦᠯ ᠢ ᠭᠦᠶᠴᠡᠳ ᠪᠠᠳᠠᠷᠠᠭᠤᠯᠤᠨ᠂ ᠮᠣᠩᠭᠤᠯ ᠬᠢᠲᠠᠳ ᠡᠮ ᠡᠮᠨᠡᠯᠭᠡ ᠶᠢᠨ ᠠᠵᠢᠯᠲᠠᠨ ᠤ ᠪᠠᠴᠢᠮ ᠪᠠᠶᠢᠳᠠᠯ ᠢ ᠠᠷᠭᠠᠴᠠᠬᠤ ᠦᠵᠡᠯ ᠤᠬᠠᠮᠰᠠᠷ ᠢ ᠬᠥᠮᠦᠵᠢᠭᠦᠯᠵᠦ᠂ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠲᠦᠷᠭᠡᠨ ᠡᠮᠴᠢᠯᠡᠭᠡ᠂ ᠬᠦᠨᠳᠦ ᠡᠪᠡᠳᠴᠢᠲᠡᠨ ᠢ ᠬᠠᠷᠠᠭᠠᠯᠵᠠᠨ ᠬᠠᠮᠠᠭᠠᠯᠠᠬᠤ ᠵᠡᠷᠭᠡ ᠶᠡᠷᠦᠩᠬᠡᠶᠢᠯᠡᠭᠰᠡᠨ ᠲᠦᠷᠭᠡᠨ ᠠᠪᠤᠷᠬᠠᠤ ᠴᠢᠳᠠᠪᠤᠷᠢ ᠶᠢ ᠴᠢᠩᠭᠠᠷᠠᠭᠤᠯᠤᠨ᠎ᠠ᠃     3.ᠦᠨᠳᠦᠰᠦᠨ ᠱᠠᠲᠤᠨ ᠤ ᠮᠣᠩᠭᠤᠯ ᠬᠢᠲᠠᠳ ᠡᠮ ᠡᠮᠨᠡᠯᠭᠡ ᠶᠢᠨ ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠦᠨᠳᠦᠰᠦᠨ ᠱᠠᠲᠤᠨ ᠤ ᠮᠣᠩᠭᠤᠯ ᠬᠢᠲᠠᠳ ᠡᠮ ᠡᠮᠨᠡᠯᠭᠡ ᠶᠢᠨ ᠴᠢᠳᠠᠪᠤᠷᠢᠲᠠᠨ ᠤ ᠲᠣᠬᠢᠷᠠᠭᠤᠯᠤᠯᠲᠠ ᠶᠢ ᠴᠢᠩᠭᠠᠳᠬᠠᠨ᠂ ᠦᠨᠳᠦᠰᠦᠨ ᠱᠠᠲᠤᠨ ᠤ ᠮᠣᠩᠭᠤᠯ ᠬᠢᠲᠠᠳ ᠡᠮ ᠡᠮᠨᠡᠯᠭᠡ ᠶᠢᠨ ᠲᠣᠬᠢᠷᠠᠮᠵᠢᠲᠠᠢ ᠮᠡᠷᠭᠡᠵᠢᠯ ᠢ ᠳᠡᠯᠭᠡᠷᠡᠭᠦᠯᠬᠦ ᠪᠠ ᠪᠣᠯᠪᠠᠰᠤᠷᠠᠭᠤᠯᠤᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠵᠤ᠂ ᠦᠨᠳᠦᠰᠦᠨ ᠱᠠᠲᠤᠨ ᠤ ᠮᠣᠩᠭᠤᠯ ᠬᠢᠲᠠᠳ ᠡᠮ ᠡᠮᠨᠡᠯᠭᠡ ᠶᠢᠨ ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠮᠣᠩᠭᠤᠯ ᠬᠢᠲᠠᠳ ᠡᠮ ᠡᠮᠨᠡᠯᠭᠡ ᠶᠢᠨ ᠦᠶᠯᠡᠴᠢᠯᠡᠭᠡᠨ ᠤ ᠲᠤᠤᠷ ᠰᠦᠯᠵᠢᠶ᠎ᠡ ᠶᠢᠨ ᠰᠠᠭᠤᠷᠢ ᠶᠢ ᠪᠠᠬᠢᠵᠢᠭᠦᠯᠦᠨ᠎ᠡ᠃ ᠠᠵᠢᠯ ᠲᠥᠷᠥᠯ ᠢᠶᠠᠷ ᠢᠶᠠᠨ ᠲᠤᠰᠠᠯᠠᠬᠤ᠂ ᠡᠮᠴᠢᠯᠡᠭᠡᠨ ᠤ ᠬᠤᠯᠪᠣᠭᠠᠲᠤ ᠴᠣᠭᠴᠠ ᠶᠢ ᠪᠠᠶᠢᠭᠤᠯᠬᠤ᠂ ᠠᠯᠤᠰ ᠡᠵᠡᠮᠰᠢᠯᠲᠦ ᠡᠮᠴᠢᠯᠡᠭᠡ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠦᠨᠳᠦᠰᠦᠨ ᠱᠠᠲᠤᠨ ᠤ ᠮᠣᠩᠭᠤᠯ ᠬᠢᠲᠠᠳ ᠡᠮ ᠡᠮᠨᠡᠯᠭᠡ ᠶᠢᠨ ᠦᠶᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠬᠤᠶᠠᠳᠤᠭᠠᠷ ᠳᠡᠰ ᠠᠴᠠ ᠳᠡᠭᠡᠭᠰᠢᠬᠢ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠨᠤᠭᠤᠳ ᠦᠨᠳᠦᠰᠦᠨ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠵᠢᠯ ᠪᠦᠷᠢ ᠠᠳᠠᠭ ᠲᠠᠭᠠᠨ 2 ᠰᠠᠭᠤᠷᠢ ᠬᠠᠪᠰᠤᠷᠤᠨ ᠳᠡᠮᠵᠢᠵᠦ ᠣᠨᠴᠠᠯᠢᠭ ᠢᠶᠠᠷ ᠢᠯᠡ ᠲᠣᠳᠣ᠂ ᠳᠠᠪᠠᠭᠤᠯᠢᠭ ᠢᠶᠠᠷ ᠲᠣᠪᠤᠶᠢᠮ᠎ᠠ ᠮᠣᠩᠭᠤᠯ ᠡᠮᠨᠡᠯᠭᠡ ᠶᠢᠨ ᠣᠷᠳᠤᠨ ᠬᠢᠲᠠᠳ ᠡᠮᠨᠡᠯᠭᠡ ᠶᠢᠨ ᠣᠷᠳᠤᠨ ᠢ ᠪᠠᠶᠢᠭᠤᠯᠵᠤ᠂ ᠨᠠᠶᠢᠳᠠᠨ ᠬᠠᠮᠢᠶᠠᠷᠤᠭᠤᠯᠬᠤ ᠪᠤᠶᠤ ᠲᠣᠮᠢᠯᠠᠨ ᠰᠠᠭᠤᠯᠭᠠᠬᠤ ᠠᠵᠢᠯᠲᠠᠨ ᠨᠢ ᠦᠨᠳᠦᠰᠦᠨ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠮᠣᠩᠭᠤᠯ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠳᠠᠬᠢ ᠮᠣᠩᠭᠤᠯ ᠬᠢᠲᠠᠳ ᠡᠮ ᠡᠮᠨᠡᠯᠭᠡ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ ᠢᠶᠠᠷ ᠰᠢᠪᠲᠤᠯᠤᠯᠲᠠ ᠪᠣᠯᠭᠠᠵᠤ᠂ ᠮᠣᠩᠭᠤᠯ ᠬᠢᠲᠠᠳ ᠡᠮ ᠡᠮᠨᠡᠯᠭᠡ ᠶᠢᠨ ᠠᠭᠤᠯᠭ᠎ᠠ ᠳᠤ ᠠᠭᠤᠰᠤᠯᠴᠠᠭᠰᠠᠨ ᠨᠡᠶᠢᠭᠡᠮ ᠲᠣᠭᠤᠷᠢᠭ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠵᠠᠭᠪᠤᠷ ᠪᠠᠶᠢᠭᠤᠯᠬᠤ ᠶᠢ ᠠᠬᠢᠭᠤᠯᠤᠨ᠎ᠠ᠃ 2021ᠣᠨ ᠤ ᠰᠡᠭᠦᠯᠴᠢ ᠪᠣᠯᠬᠤ ᠳᠤ᠂ ᠪᠣᠶ ᠪᠥᠬᠦᠶ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ᠂ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶᠠᠨ ᠤ ᠮᠣᠩᠭᠤᠯ ᠬᠢᠲᠠᠳ ᠡᠮ ᠡᠮᠨᠡᠯᠭᠡ ᠶᠢᠨ ᠲᠥᠷᠥᠯ ᠢᠯᠭᠠᠯ ᠤᠨ ᠶᠡᠭᠡ ᠡᠮᠴᠢ ᠶᠢᠨ ᠡᠵᠡᠯᠡᠬᠦ ᠬᠠᠷᠢᠴᠠᠯ ᠢ 20 % ᠠᠴᠠ ᠳᠡᠭᠡᠭᠰᠢ ᠳᠤ ᠬᠦᠷᠦᠭᠦᠯᠦᠨ᠎ᠡ᠃ 100 % ᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ ᠳᠤ ᠮᠣᠩᠭᠤᠯ ᠬᠢᠲᠠᠳ ᠡᠮ ᠡᠮᠨᠡᠯᠭᠡ ᠶᠢᠨ ᠲᠥᠷᠥᠯ ᠢᠯᠭᠠᠯ ᠤᠨ ᠶᠡᠭᠡ ᠡᠮᠴᠢ ᠪᠤᠶᠤ ᠮᠣᠩᠭᠤᠯ ᠬᠢᠲᠠᠳ ᠡᠮᠨᠡᠯᠭᠡ ᠶᠢᠨ ᠦᠢᠯᠡᠴᠢᠯᠡᠭᠡ ᠬᠠᠩᠭᠠᠵᠤ ᠳᠡᠶᠢᠯᠬᠦ ᠡᠮᠴᠢᠯᠡᠭᠡᠨ ᠤ ᠲᠥᠷᠥᠯ ᠢᠯᠭᠠᠯ ᠤᠨ ᠶᠡᠭᠡ ᠡᠮᠴᠢ ᠶᠢ ᠠᠳᠠᠭ ᠲᠠᠭᠠᠨ 1 ᠶᠢ ᠲᠣᠬᠢᠷᠠᠭᠤᠯᠵᠤ᠂ 70 % ᠶᠢᠨ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠨᠠᠭᠠᠳᠤ ᠵᠠᠬ᠎ᠠ ᠳᠠᠭᠠᠨ ᠮᠣᠩᠭᠤᠯ ᠬᠢᠲᠠᠳ ᠡᠮ ᠡᠮᠨᠡᠯᠭᠡ ᠶᠢᠨ ᠦᠢᠯᠡᠴᠢᠯᠡᠭᠡ ᠪᠠᠷ ᠭᠤᠣᠯ ᠪᠣᠯᠭᠠᠭᠰᠠᠨ ᠪᠤᠶᠤ ᠮᠣᠩᠭᠤᠯ ᠬᠢᠲᠠᠳ ᠡᠮᠨᠡᠯᠭᠡ ᠶᠢ ᠳᠡᠶᠢᠯᠬᠦ ᠧᠦ᠋ᠷᠣᠫᠠ ᠶᠢ ᠡᠮᠨᠡᠯᠭᠡ ᠴᠢᠳᠠᠬᠤ ᠬᠥᠳᠡᠭᠡ ᠲᠤᠰᠬᠤᠨ ᠤ ᠡᠮᠴᠢ ᠶᠢ ᠲᠣᠬᠢᠷᠠᠭᠤᠯᠬᠤ ᠪᠠᠷ ᠴᠢᠷᠮᠠᠶᠢᠨ᠎ᠠ᠃ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠮᠣᠩᠭᠤᠯ ᠬᠢᠲᠠᠳ ᠡᠮᠨᠡᠯᠭᠡ ᠶᠢᠨ ᠲᠣᠬᠢᠷᠠᠮᠵᠢᠲᠠᠶ ᠮᠡᠷᠭᠡᠵᠢᠯ ᠢ ᠳᠡᠯᠭᠡᠷᠡᠭᠦᠯᠬᠦ ᠨᠣᠷᠮ᠎ᠠ ᠶᠢ 100 % ᠳᠤ ᠬᠦᠷᠦᠭᠦᠯᠵᠦ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ᠂ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠥᠷᠨᠢᠭᠦᠯᠵᠦ ᠳᠡᠶᠢᠯᠬᠦ ᠮᠣᠩᠭᠤᠯ ᠬᠢᠲᠠᠳ ᠡᠮᠨᠡᠯᠭᠡ ᠶᠢᠨ ᠲᠣᠬᠢᠷᠠᠮᠵᠢᠲᠠᠶ ᠮᠡᠷᠭᠡᠵᠢᠯ ᠢ 6 ᠲᠥᠷᠥᠯ ᠠᠴᠠ ᠳᠤᠲᠠᠭᠤ ᠥᠬᠡᠶ ᠪᠠᠶᠢᠯᠭᠠᠵᠤ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠥᠷᠲᠡᠭᠡ᠂ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠥᠷᠨᠢᠭᠦᠯᠵᠦ ᠳᠡᠶᠢᠯᠬᠦ ᠮᠣᠩᠭᠤᠯ ᠬᠢᠲᠠᠳ ᠡᠮᠨᠡᠯᠭᠡ ᠶᠢᠨ ᠲᠣᠬᠢᠷᠠᠮᠵᠢᠲᠠᠶ ᠮᠡᠷᠭᠡᠵᠢᠯ ᠢ 4 ᠲᠥᠷᠥᠯ ᠠᠴᠠ ᠳᠤᠲᠠᠭᠤ ᠥᠬᠡᠶ ᠪᠠᠶᠢᠯᠭᠠᠨ᠎ᠠ᠃ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠮᠣᠩᠭᠤᠯ ᠬᠢᠲᠠᠳ ᠡᠮ ᠡᠮᠨᠡᠯᠭᠡ ᠶᠢᠨ ᠣᠨᠤᠰᠢᠯᠠᠨ ᠡᠮᠨᠡᠬᠦ ᠬᠡᠮᠵᠢᠶ᠎ᠡ ᠶᠢᠨ ᠶᠡᠷᠦᠩᠬᠡᠶ ᠣᠨᠤᠰᠢᠯᠠᠨ ᠡᠮᠨᠡᠬᠦ ᠬᠡᠮᠵᠢᠶ᠎ᠡ ᠳᠠᠬᠢ ᠡᠵᠡᠯᠡᠬᠦ ᠬᠠᠷᠢᠴᠠᠯ ᠢ 30 % ᠲᠤ ᠬᠦᠷᠦᠭᠦᠯᠬᠦ ᠪᠠᠷ ᠴᠢᠷᠮᠠᠶᠢᠨ᠎ᠠ᠃ ᠪᠦᠬᠦ ᠤᠯᠤᠰ ᠤᠨ ᠦᠨᠳᠦᠰᠦᠨ ᠱᠠᠲᠤᠨ ᠤ ᠮᠣᠩᠭᠤᠯ ᠬᠢᠲᠠᠳ ᠡᠮ ᠡᠮᠨᠡᠯᠭᠡ ᠶᠢᠨ ᠠᠵᠢᠯ ᠤᠨ ᠲᠡᠷᠢᠭᠦᠨ ᠤ ᠨᠢᠭᠡᠴᠢ ᠶᠢ ᠢᠳᠡᠪᠬᠢᠲᠡᠶ ᠪᠠᠷ ᠡᠭᠦᠳᠦᠨ ᠪᠠᠶᠢᠭᠤᠯᠤᠨ᠎ᠠ᠃       4.ᠮᠣᠩᠭᠤᠯ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢᠨ ᠦᠶᠯᠡᠴᠢᠯᠡᠭᠡ ᠶᠢ ᠥᠷᠭᠡᠳᠬᠡᠨ᠎ᠡ᠃ ︽ᠡᠪᠡᠳᠴᠢᠯᠡᠬᠦ ᠡᠴᠠ‌ᠡᠮᠦᠨ᠎ᠡ ᠰᠡᠷᠭᠡᠶᠢᠯᠡᠬᠦ︾ ᠡᠷᠡᠭᠦᠯ ᠮᠡᠨᠳᠦ ᠶᠢᠨ ᠢᠨᠵᠧᠨᠧᠷᠢᠩ ᠢ ᠠᠬᠢᠭᠤᠯᠵᠤ᠂ ᠮᠣᠩᠭᠤᠯ ᠬᠢᠲᠠᠳ ᠡᠮ ᠡᠮᠨᠡᠯᠭᠡ ᠶᠢᠨ ᠤᠷᠢᠳᠴᠢᠯᠠᠨ ᠰᠡᠷᠭᠡᠶᠢᠯᠡᠵᠦ ᠡᠷᠡᠭᠦᠯᠵᠢᠭᠦᠯᠬᠦ ᠪᠠ ᠪᠡᠶ᠎ᠡ ᠰᠤᠪᠢᠯᠠᠬᠤ ᠦᠶᠯᠡᠴᠢᠯᠡᠭᠡᠨ ᠤ ᠬᠦᠷᠢᠶ᠎ᠡ ᠴᠠᠷᠠᠭ᠎ᠠ ᠶᠢ ᠶᠡᠬᠡᠪᠡᠷ ᠥᠷᠭᠡᠳᠬᠡᠨ᠎ᠡ᠃ ᠮᠣᠩᠭᠤᠯ ᠬᠢᠲᠠᠳ ᠡᠮ ᠡᠮᠨᠡᠯᠭᠡ ᠶᠢᠨ ᠡᠮᠴᠢᠯᠡᠭᠡᠨ ᠤ ᠪᠠᠶᠢᠭᠤᠯᠤᠮᠵᠢ ᠶᠢᠨ ︽ᠡᠪᠡᠳᠴᠢᠯᠡᠬᠦ ᠠᠴᠠ ᠡᠮᠦᠨ᠎ᠡ ᠰᠡᠷᠭᠡᠶᠢᠯᠡᠬᠦ︾ ᠰᠠᠯᠠᠭ᠎ᠠ ᠪᠤᠶᠤ ᠲᠥᠪ ᠤᠨ ᠪᠦᠲᠦᠭᠡᠨ ᠪᠠᠶᠢᠭᠤᠯᠤᠯᠲᠠ ᠶᠢ ᠵᠢᠷᠤᠮᠵᠢᠭᠤᠯᠵᠤ᠂ ᠪᠦᠬᠦ ᠬᠤᠲᠠ ᠳᠤ ᠮᠣᠩᠭᠤᠯ ᠬᠢᠲᠠᠳ ᠡᠮᠨᠡᠯᠭᠡ ᠶᠢᠨ ᠡᠪᠡᠳᠴᠢᠯᠡᠬᠦ ᠠᠴᠠ ᠡᠮᠦᠨ᠎ᠡ ᠰᠡᠷᠭᠡᠶᠢᠯᠡᠬᠦ ᠲᠥᠪ ᠢ 1 ᠪᠠᠶᠢᠭᠤᠯᠤᠨ᠎ᠠ᠃ ᠨᠥᠬᠦᠴᠡᠯ ᠲᠠᠢ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ᠂ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ ᠢ ᠵᠣᠷᠢᠭᠵᠢᠭᠤᠯᠤᠨ ᠳᠡᠮᠵᠢᠵᠦ ᠪᠠᠶᠢᠭᠠᠳ ᠮᠣᠩᠭᠤᠯ ᠬᠢᠲᠠᠳ ᠡᠮᠨᠡᠯᠭᠡ ᠶᠢᠨ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠪᠠ ᠡᠷᠡᠭᠦᠯ ᠮᠡᠨᠳᠦ ᠶᠢ ᠬᠠᠮᠢᠶᠠᠷᠬᠤ ᠦᠶᠯᠡᠴᠢᠯᠡᠭᠡᠨ ᠥᠷᠨᠢᠭᠦᠯᠦᠨ᠎ᠡ᠃ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠮᠣᠩᠭᠤᠯ ᠬᠢᠲᠠᠳ ᠡᠮ ᠡᠮᠨᠡᠯᠭᠡ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠲᠥᠷᠥᠯ ᠵᠦᠶᠯ ᠢ ᠤᠯᠠᠮ ᠨᠢᠭᠡ ᠠᠯᠬᠤᠮ ᠵᠢᠷᠤᠮᠵᠢᠭᠤᠯᠤᠨ ᠬᠡᠷᠡᠭᠵᠢᠭᠦᠯᠵᠦ᠂ ᠬᠠᠷᠠᠯᠲᠠᠲᠤ ᠬᠥᠮᠦᠰ ᠤᠨ ᠬᠠᠮᠤᠷᠬᠤ ᠨᠣᠷᠮ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠤᠳᠠᠭᠠᠨ ᠴᠢᠨᠠᠷᠲᠠᠶ ᠡᠪᠡᠳᠴᠢᠨ ᠢ ᠰᠡᠷᠭᠡᠶᠢᠯᠡᠨ ᠵᠠᠰᠠᠬᠤ ᠳᠤᠮᠳᠠᠬᠢ ᠮᠣᠩᠭᠤᠯ ᠬᠢᠲᠠᠳ ᠡᠮ ᠡᠮᠨᠡᠯᠭᠡ ᠶᠢᠨ ᠦᠶᠯᠡᠳᠦᠯ ᠢ ᠪᠠᠳᠠᠷᠠᠭᠤᠯᠵᠤ᠂ ᠮᠣᠩᠭᠤᠯ ᠬᠢᠲᠠᠳ ᠡᠮ ᠡᠮᠨᠡᠯᠭᠡ ᠶᠢᠨ ᠳᠠᠪᠠᠭᠤᠯᠢᠭ ᠲᠠᠢ ᠤᠳᠠᠭᠠᠨ ᠴᠢᠨᠠᠷᠲᠠᠶ ᠡᠪᠡᠳᠴᠢᠨ ᠤ ᠵᠦᠶᠯ ᠳᠤ ᠴᠢᠭᠯᠡᠭᠦᠯᠦᠨ᠂ ᠤᠳᠠᠭᠠᠨ ᠴᠢᠨᠠᠷᠲᠠᠶ ᠮᠣᠩᠭᠤᠯ ᠬᠢᠲᠠᠳ ᠡᠮᠨᠡᠯᠭᠡ ᠶᠢᠨ ᠡᠷᠡᠭᠦᠯ ᠮᠡᠨᠳᠦ ᠶᠢ ᠬᠠᠮᠢᠶᠠᠷᠬᠤ ᠲᠥᠰᠦᠯ ᠢ ᠳ᠋ᠦᠩᠨᠡᠨ ᠪᠣᠶ ᠪᠣᠯᠭᠠᠬᠤ ᠶᠢᠨ ᠬᠠᠮᠲᠤ ᠳᠡᠯᠭᠡᠷᠡᠭᠦᠯᠦᠨ ᠬᠡᠷᠡᠭᠯᠡᠨ᠎ᠡ᠃ ᠮᠣᠩᠭᠤᠯ ᠬᠢᠲᠠᠳ ᠡᠮᠨᠡᠯᠭᠡ ᠶᠢᠨ ᠨᠠᠰᠤᠵᠢᠯ ᠤᠨ ᠦᠶᠯᠡᠴᠢᠯᠡᠭᠡᠨ ᠤ ᠴᠢᠳᠠᠪᠤᠷᠢ ᠪᠠ ᠡᠷᠡᠭᠦᠯᠵᠢᠯ ᠤᠨ ᠦᠶᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠣᠩᠭᠤᠯ ᠬᠢᠲᠠᠳ ᠡᠮ ᠡᠮᠨᠡᠯᠭᠡ ᠶᠢᠨ ︽ᠡᠮᠴᠢᠯᠡᠭᠡ ᠨᠠᠰᠤᠵᠢᠯ ᠢ ᠤᠶᠠᠯᠳᠤᠭᠤᠯᠬᠤ︾ ᠠᠵᠢᠯ ᠢ ᠥᠷᠨᠢᠭᠦᠯᠦᠨ᠎ᠡ᠃ ᠮᠣᠩᠭᠤᠯ ᠬᠢᠲᠠᠳ ᠡᠮ ᠡᠮᠨᠡᠯᠭᠡ ᠶᠢᠨ ᠡᠷᠡᠭᠦᠯᠵᠢᠯ ᠨᠠᠰᠤᠵᠢᠯ ᠢᠶᠠᠷ ᠭᠤᠤᠯ ᠪᠣᠯᠭᠠᠭᠰᠠᠨ ᠰᠤᠪᠢᠯᠠᠯᠲᠠ ᠶᠢᠨ ᠬᠦᠷᠢᠶᠡᠯᠡᠩ᠂ ᠨᠠᠰᠤᠲᠠᠨ ᠢ ᠠᠰᠠᠷᠠᠬᠤ ᠬᠦᠷᠢᠶᠡᠯᠡᠩ ᠢ ᠰᠢᠨ᠎ᠡ ᠪᠠᠷ ᠪᠠᠶᠢᠭᠤᠯᠬᠤ ᠶᠢ ᠨᠢ ᠵᠣᠷᠢᠭᠵᠢᠭᠤᠯᠤᠨ᠎ᠠ᠃ ᠨᠥᠬᠦᠴᠡᠯ ᠲᠠᠢ ᠨᠠᠰᠤᠵᠢᠯ ᠤᠨ ᠪᠠᠶᠢᠭᠤᠯᠤᠮᠵᠢ ᠨᠢ ᠨᠠᠰᠤᠲᠠᠶᠢᠴᠤᠳ ᠤᠨ ᠡᠪᠡᠳᠴᠢᠨ᠂ ᠤᠳᠠᠭᠠᠨ ᠴᠢᠨᠠᠷᠲᠠᠶ ᠡᠪᠡᠳᠴᠢᠨ ᠢ ᠰᠡᠷᠭᠡᠶᠢᠯᠡᠨ ᠵᠠᠰᠠᠬᠤ ᠪᠠᠷ ᠭᠤᠤᠯ ᠪᠣᠯᠭᠠᠭᠰᠠᠨ ᠮᠣᠩᠭᠤᠯ ᠬᠢᠲᠠᠳ ᠡᠮ ᠡᠮᠨᠡᠯᠭᠡ ᠶᠢᠨ ᠣᠨᠤᠰᠢᠯᠠᠨ ᠡᠮᠨᠡᠬᠦ ᠲᠠᠰᠤᠭ ᠪᠠᠶᠢᠷᠢᠯᠠᠭᠤᠯᠬᠤ ᠶᠢ ᠢᠳᠡᠪᠬᠢᠲᠡᠶ ᠪᠠᠷ ᠳᠠᠮᠵᠢᠨ᠎ᠠ᠃ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠬᠢᠭᠡᠳ ᠨᠠᠰᠤᠲᠠᠶᠢᠴᠤᠳ ᠢ ᠠᠰᠠᠷᠠᠬᠤ ᠬᠦᠷᠢᠶᠡᠯᠡᠩ᠂ ᠡᠷᠡᠭᠦᠯᠵᠢᠯ ᠰᠤᠪᠢᠯᠠᠯᠲᠠ ᠶᠢᠨ ᠪᠠᠶᠢᠭᠤᠯᠤᠮᠵᠢ ᠵᠡᠷᠭᠡ ᠶᠢᠨ ᠬᠠᠮᠲᠤᠷᠠᠯᠴᠠᠭ᠎ᠠ ᠥᠷᠨᠢᠭᠦᠯᠬᠦ ᠶᠢ ᠠᠬᠢᠭᠤᠯᠤᠨ᠎ᠠ᠃ ᠮᠣᠩᠭᠤᠯ ᠬᠢᠲᠠᠳ ᠡᠮ ᠡᠮᠨᠡᠯᠭᠡ ᠶᠢᠨ ᠡᠷᠡᠭᠦᠯᠵᠢᠯ ᠤᠨ ᠵᠢᠭᠤᠯᠴᠢᠯᠠᠯ ᠤᠨ ᠦᠶᠯᠡᠴᠢᠯᠡᠭᠡ ᠶᠢ ᠰᠦᠪᠡᠭᠴᠢᠯᠡᠨ ᠬᠥᠭᠵᠢᠭᠦᠯᠵᠦ᠂ ᠮᠣᠩᠭᠤᠯ ᠬᠢᠲᠠᠳ ᠡᠮ ᠡᠮᠨᠡᠯᠭᠡ ᠶᠢᠨ ᠡᠷᠡᠭᠦᠯᠵᠢᠯ ᠤᠨ ᠦᠶᠯᠡᠴᠢᠯᠡᠭᠡ ᠬᠢᠭᠡᠳ ᠵᠢᠭᠤᠯᠴᠢᠯᠠᠯ ᠤᠨ ᠠᠵᠤ ᠦᠶᠯᠡᠰ ᠤᠨ ᠣᠷᠭᠠᠨᠢᠭ ᠠᠭᠤᠰᠤᠯᠴᠠᠯ ᠢ ᠠᠬᠢᠭᠤᠯᠤᠨ᠂ ᠮᠣᠩᠭᠤᠯ ᠬᠢᠲᠠᠳ ᠡᠮ ᠡᠮᠨᠡᠯᠭᠡ ᠶᠢᠨ ᠰᠣᠶᠣᠯ ᠢ ᠤᠯᠠᠮᠵᠢᠯᠠᠬᠤ ᠪᠠ ᠡᠷᠡᠭᠦᠯᠵᠢᠯ ᠤᠨ ᠪᠡᠶᠡᠴᠢᠯᠠᠨ ᠣᠶᠢᠯᠠᠭᠠᠬᠤ ᠪᠠᠷ ᠭᠤᠤᠯ ᠰᠡᠳᠦᠪ ᠪᠣᠯᠭᠠᠭᠰᠠᠨ᠂ ᠮᠣᠩᠭᠤᠯ ᠬᠢᠲᠠᠳ ᠡᠮ ᠡᠮᠨᠡᠯᠭᠡ ᠪᠠᠷ ᠰᠣᠪᠢᠯᠠᠬᠤ᠂ ᠪᠡᠶ᠎ᠡ ᠰᠣᠪᠢᠯᠠᠬᠤ᠂ ᠡᠷᠡᠭᠦᠯᠵᠢᠯ ᠪᠠ ᠵᠢᠭᠤᠯᠴᠢᠯᠠᠯ᠂ ᠰᠡᠯᠡᠭᠦᠴᠡᠯ᠂ ᠬᠤᠳᠠᠯᠳᠤᠭᠠᠨ ᠤ ᠶᠠᠪᠤᠳᠠᠯ᠂ ᠬᠤᠷᠠᠯ ᠦᠵᠡᠰᠬᠦᠯᠡᠩ ᠵᠡᠷᠭᠡ ᠶᠢ ᠨᠢᠭᠡ ᠴᠣᠠᠠᠴᠠᠵᠢᠭᠤᠯᠥᠠᠠᠰᠠᠨ ᠮᠣᠩᠭᠤᠯ ᠬᠢᠲᠠᠳ ᠡᠮ ᠡᠮᠨᠡᠯᠭᠡ ᠶᠢᠨ ᠡᠷᠡᠭᠦᠯᠵᠢᠯ ᠤᠨ ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠ ᠶᠢ ᠢᠳᠡᠪᠬᠢᠲᠡᠶ ᠬᠥᠭᠵᠢᠭᠦᠯᠵᠦ᠂ ᠠᠷᠠᠳ ᠣᠯᠠᠨ ᠤ ᠣᠯᠠᠨ ᠲᠠᠰ ᠳᠠᠪᠬᠤᠷᠭ᠎ᠠ ᠶᠢᠨ᠂ ᠣᠯᠠᠨ ᠶᠠᠩᠵᠤ ᠶᠢᠨ ᠡᠷᠡᠭᠦᠯ ᠡᠩᠬᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠣᠨᠴᠠᠯᠢᠭ ᠢᠶᠠᠷ ᠢᠯᠡ ᠲᠣᠳᠣ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢᠶᠠᠷ ᠴᠢᠩᠭ᠎ᠠ ᠮᠣᠩᠭᠤᠯ ᠬᠢᠲᠠᠳ  ᠡᠮ ᠡᠮᠨᠡᠯᠭᠡ ᠶᠢᠨ ᠡᠷᠡᠭᠦᠯ ᠡᠩᠬᠡᠲᠦ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠ ᠲᠥᠷᠥᠯ ᠵᠦᠶᠯ ᠢ 1 —2 ᠪᠠᠶᠢᠭᠤᠯᠵᠤ᠂ ᠮᠣᠩᠭᠤᠯ ᠬᠢᠲᠠᠳ ᠡᠮ ᠡᠮᠨᠡᠯᠭᠡ ᠶᠢᠨ ᠡᠷᠡᠭᠦᠯ ᠡᠩᠬᠡᠲᠦ ᠵᠢᠭᠤᠯᠴᠢᠯᠠᠯ ᠤᠨ ᠲᠥᠷᠥᠯ ᠲᠡᠮᠳᠡᠭ ᠢ ᠴᠢᠷᠮᠠᠶᠢᠨ ᠪᠤᠢ ᠪᠣᠯᠭᠠᠨ᠎ᠠ᠃       5.ᠮᠣᠩᠭᠤᠯ ᠬᠢᠲᠠᠳ ᠡᠮ ᠡᠮᠨᠡᠯᠭᠡ ᠶᠢᠨ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠤᠨ᠎ᠠ᠃ ᠮᠣᠩᠭᠤᠯ ᠬᠢᠲᠠᠳ  ᠡᠮ ᠡᠮᠨᠡᠯᠭᠡ ᠶᠢ ᠵᠠᠯᠭᠠᠮᠵᠢᠯᠠᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠮᠣᠩᠭᠤᠯ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠬᠤ ᠢᠨᠵᠧᠨᠧᠷᠢᠩ ᠢ ᠬᠡᠷᠡᠭᠵᠢᠭᠦᠯᠵᠦ᠂ ᠤᠯᠠᠭᠠᠨᠴᠠᠪ ᠤᠨ ᠮᠣᠩᠭᠤᠯ ᠬᠢᠲᠠᠳ ᠡᠮ ᠡᠮᠨᠡᠯᠭᠡ ᠶᠢᠨ ᠨᠡᠶᠢᠭᠡᠮᠯᠢᠭ᠂ ᠤᠯᠠᠭᠠᠨᠴᠠᠪ ᠤᠨ ᠵᠡᠭᠦᠦ ᠲᠥᠭᠡᠨᠡᠯᠭᠡ ᠶᠢᠨ ᠨᠡᠶᠢᠭᠡᠮᠯᠢᠭ ᠤᠨ ᠰᠦᠯᠵᠢᠶ᠎ᠡ ᠪᠠ ᠴᠢᠳᠠᠪᠤᠷᠢᠲᠠᠨ ᠤ ᠳᠠᠪᠠᠭᠤᠯᠢᠭ ᠲᠤ ᠨᠢᠭᠲᠠ ᠲᠦᠰᠢᠭᠯᠡᠨ᠂ ᠮᠣᠩᠭᠤᠯ ᠬᠢᠲᠠᠳ ᠡᠮ ᠡᠮᠨᠡᠯᠭᠡ ᠶᠢᠨ ᠰᠤᠷᠪᠤᠯᠵᠢ ᠪᠢᠴᠢᠭ ᠮᠠᠲ᠋ᠧᠷᠢᠶᠠᠯ ᠢ ᠠᠭᠤᠳᠠᠯᠤᠨ ᠡᠮᠬᠢᠯᠡᠬᠦ ᠶᠢ ᠴᠢᠩᠭᠠᠳᠬᠠᠵᠤ᠂ ᠮᠣᠩᠭᠤᠯ ᠬᠢᠲᠠᠳ ᠡᠮ ᠡᠮᠨᠡᠯᠭᠡ ᠶᠢᠨ ᠤᠷᠤᠰᠬᠠᠯ ᠪᠦᠯᠦᠭ ᠢ ᠤᠯᠠᠮᠵᠢᠯᠠᠨ ᠵᠠᠯᠭᠠᠮᠵᠢᠯᠠᠬᠤ ᠵᠢᠮ᠎ᠡ ᠶᠣᠰᠣ ᠪᠠ ᠵᠠᠭᠪᠤᠷ ᠤᠨ ᠰᠤᠳᠤᠯᠭᠠᠨ ᠢ ᠭᠦᠨᠵᠡᠭᠡᠶ ᠥᠷᠨᠢᠭᠦᠯᠦᠨ᠎ᠡ᠃ ᠣᠳᠣ ᠪᠠᠶᠢᠭ᠎ᠠ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠲᠦᠰᠢᠭᠯᠡᠨ ᠬᠢᠲᠠᠳ ᠡᠮᠨᠡᠯᠭᠡ ᠶᠢᠨ ᠶᠡᠭᠡ ᠮᠠᠰᠲ᠋ᠧᠷ ᠤᠨ ᠠᠵᠢᠯᠯᠠᠬᠤ ᠥᠷᠲᠡᠭᠡ᠂ ᠬᠤᠲᠠ ᠶᠢᠨ ᠱᠠᠲᠤᠨ ᠤ ᠮᠣᠩᠭᠤᠯ ᠬᠢᠲᠠᠳ ᠨᠡᠷᠡᠲᠦ ᠠᠬᠠᠮᠠᠳ ᠡᠮᠴᠢ ᠶᠢᠨ ᠠᠵᠢᠯᠯᠠᠬᠤ ᠭᠡᠷ ᠪᠣᠯᠤᠨ ᠦᠨᠳᠦᠰᠦᠨ ᠱᠠᠲᠤᠨ ᠤ ᠨᠡᠷᠡᠲᠦ ᠠᠬᠠᠮᠠᠳ ᠮᠣᠩᠭᠤᠯ ᠬᠢᠲᠠᠳ ᠡᠮ ᠡᠮᠨᠡᠯᠭᠡ ᠶᠢᠨ ᠠᠵᠢᠯᠯᠠᠬᠤ ᠭᠡᠷ ᠢ ᠪᠠᠶᠢᠭᠤᠯᠤᠨ᠎ᠠ᠃ ᠡᠯ᠎ᠡ ᠬᠤᠰᠢᠭᠤ ᠰᠢᠶᠠᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠨᠤᠭᠤᠳ ᠦᠨᠳᠦᠰᠦᠨ ᠱᠠᠲᠤᠨ ᠤ ᠮᠣᠩᠭᠤᠯ ᠬᠢᠲᠠᠳ ᠡᠮᠨᠡᠯᠭᠡ ᠶᠢᠨ 1—2 ᠨᠡᠷᠡᠲᠦ ᠠᠬᠠᠮᠠᠳ ᠲᠤᠰᠬᠠᠶ ᠮᠡᠷᠭᠡᠵᠢᠯᠲᠡᠨ ᠤ ᠤᠯᠠᠮᠵᠢᠯᠠᠨ ᠵᠠᠯᠭᠠᠮᠵᠢᠯᠠᠬᠤ ᠠᠵᠢᠯ ᠤᠨ ᠲᠠᠰᠤᠭ ᠢ ᠪᠠᠶᠢᠭᠤᠯᠤᠨ᠎ᠠ᠃ ᠣᠳᠣ ᠦᠶ᠎ᠡ ᠶᠢᠨ ᠮᠣᠩᠭᠤᠯ ᠬᠢᠲᠠᠳ ᠨᠡᠷᠡᠲᠦ ᠠᠬᠠᠮᠠᠳ ᠡᠮᠴᠢ᠂ ᠲᠤᠰᠬᠠᠢ ᠮᠡᠷᠭᠡᠵᠢᠯᠲᠡᠨ ᠤ ᠡᠷᠳᠡᠮ ᠰᠢᠨᠵᠢᠯᠡᠭᠡᠨ ᠤ ᠦᠵᠡᠯ ᠰᠠᠨᠠᠭ᠎ᠠ᠂ ᠮᠡᠷᠭᠡᠵᠢᠯ ᠤᠨ ᠠᠷᠭ᠎ᠠ᠂ ᠣᠨᠤᠰᠢᠯᠠᠨ ᠡᠮᠨᠡᠬᠦ ᠲᠤᠷᠰᠢᠯᠭ᠎ᠠ ᠶᠢ ᠡᠮᠬᠢᠳᠬᠡᠨ ᠰᠤᠳᠤᠯᠬᠤ ᠪᠠ ᠦᠷ᠎ᠡ ᠪᠦᠲᠦᠭᠡᠯ ᠢ ᠳᠡᠯᠭᠡᠷᠡᠭᠦᠯᠬᠦ ᠶᠢ ᠴᠢᠩᠭᠠᠳᠬᠠᠨ᠎ᠠ᠃ ᠣᠯᠠᠨ ᠰᠢᠨᠵᠢᠯᠡᠭᠡᠨ ᠤ ᠰᠠᠯᠠᠭ᠎ᠠ ᠮᠥᠴᠢᠷ ᠠᠯᠤᠰᠯᠠᠨ ᠬᠠᠮᠲᠤᠪᠠᠷ ᠣᠷᠣᠯᠴᠠᠭᠰᠠᠨ ᠬᠠᠮᠵᠢᠯᠴᠠᠨ ᠰᠢᠨ᠎ᠡ ᠶᠢ ᠡᠭᠦᠳᠬᠦ ᠰᠢᠰᠲ᠋ᠧᠮᠵᠢ ᠶᠢ ᠪᠠᠶᠢᠭᠤᠯᠤᠨ᠎ᠠ᠃ ᠮᠣᠩᠭᠤᠯ ᠬᠢᠲᠠᠳ ᠡᠮ ᠡᠮᠨᠡᠯᠭᠡ ᠶᠢᠨ ᠰᠢᠨᠵᠢᠯᠡᠬᠦ ᠤᠬᠠᠭᠠᠨ ᠤ ᠰᠤᠳᠤᠯᠤᠯ ᠢ ᠶᠡᠬᠡᠪᠡᠷ ᠴᠢᠩᠭᠠᠳᠬᠠᠵᠤ᠂ ᠣᠳᠣ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠬᠡᠮᠵᠢᠶ᠎ᠡ ᠪᠠ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠮᠣᠩᠭᠤᠯ ᠬᠢᠲᠠᠳ ᠡᠮ ᠡᠮᠨᠡᠯᠭᠡ ᠶᠢᠨ ᠰᠠᠭᠤᠷᠢ ᠣᠨᠤᠯ ᠪᠠ ᠡᠮᠴᠢᠯᠡᠭᠡᠨ ᠤ ᠰᠤᠳᠤᠯᠤᠯ ᠢ ᠠᠬᠢᠭᠤᠯᠤᠨ᠎ᠠ᠃ ᠪᠦᠬᠦ ᠬᠤᠲᠠ ᠶᠢᠨ ᠬᠤᠶᠠᠳᠤᠭᠠᠷ ᠳᠡᠰ ᠠᠴᠠ ᠳᠡᠭᠡᠭᠰᠢᠬᠢ ᠮᠣᠩᠭᠤᠯ ᠬᠢᠲᠠᠳ ᠡᠮᠨᠡᠯᠭᠡ ᠶᠢᠨ ᠡᠮᠴᠢᠯᠡᠭᠡᠨ ᠤ ᠪᠠᠶᠢᠭᠤᠯᠤᠮᠵᠢ ᠳᠤ ᠮᠣᠩᠭᠤᠯ ᠬᠢᠲᠠᠳ ᠡᠮ ᠡᠮᠨᠡᠯᠭᠡ ᠶᠢᠨ ᠣᠯᠠᠨ ᠰᠢᠨᠵᠢᠯᠡᠭᠡᠨ ᠢ ᠨᠢᠭᠡ ᠴᠣᠭᠴᠠᠵᠢᠭᠤᠯᠤᠭᠰᠠᠨ ᠣᠨᠤᠰᠢᠯᠠᠨ ᠡᠮᠨᠡᠬᠦ ᠵᠠᠭᠪᠤᠷ ᠤᠨ ᠰᠢᠨ᠎ᠡ ᠶᠢ ᠡᠭᠦᠳᠬᠦ ᠪᠦᠲᠦᠭᠡᠨ ᠪᠠᠶᠢᠭᠤᠯᠤᠯᠲᠠ ᠶᠢᠨ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠰᠢᠨ᠎ᠡ ᠪᠠᠶᠢᠳᠠᠯ ᠳᠣᠣᠷ᠎ᠠ ᠮᠣᠩᠭᠤᠯ ᠬᠢᠲᠠᠳ ᠡᠮᠨᠡᠯᠭᠡ ᠶᠢᠨ ᠡᠷᠳᠡᠮ ᠰᠢᠨᠵᠢᠯᠡᠭᠡᠨ ᠤ  ᠣᠨᠴᠠᠯᠢᠭ ᠲᠤ ᠨᠡᠶᠢᠴᠡᠭᠰᠡᠨ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠤ ᠳᠥᠭᠦᠮ ᠦᠵᠡᠭᠦᠯᠦᠭᠰᠡᠨ ᠮᠣᠩᠭᠤᠯ ᠬᠢᠲᠠᠳ ᠡᠮ ᠡᠮᠨᠡᠯᠭᠡ ᠶᠢᠨ ᠰᠢᠨ᠎ᠡ ᠮᠠᠶ᠋ᠢᠭ ᠤᠨ ᠣᠨᠤᠰᠢᠯᠠᠨ ᠡᠮᠨᠡᠬᠦ ᠵᠠᠭᠪᠤᠷ ᠢ ᠰᠦᠪᠡᠭᠴᠢᠯᠡᠨ ᠪᠠᠶᠢᠭᠤᠯᠤᠨ᠎ᠠ᠃      6.ᠮᠣᠩᠭᠤᠯ ᠬᠢᠲᠠᠳ ᠡᠮ ᠡᠮᠨᠡᠯᠭᠡ ᠶᠢᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠳᠡᠭᠡᠳᠦ ᠲᠠᠰ ᠳᠠᠪᠬᠤᠷᠭ᠎ᠠ ᠶᠢᠨ ᠮᠣᠩᠭᠤᠯ ᠬᠢᠲᠠᠳ ᠡᠮ ᠡᠮᠨᠡᠯᠭᠡ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠰᠢᠭᠤᠳ ᠨᠡᠪᠲᠡᠷᠡᠬᠦ ᠵᠠᠮ ᠢ ᠪᠠᠶᠢᠭᠤᠯᠵᠤ᠂ ᠮᠣᠩᠭᠤᠯ ᠬᠢᠲᠠᠳ ᠡᠮ ᠡᠮᠨᠡᠯᠭᠡ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠤᠯᠠᠭᠠᠨᠴᠠᠪ ᠬᠤᠲᠠ ᠶᠢᠨ ᠮᠣᠩᠭᠤᠯ ᠬᠢᠲᠠᠳ ᠡᠮ ᠡᠮᠨᠡᠯᠭᠡ ᠶᠢᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢᠨ ᠰᠠᠨᠠᠯ ᠢ ᠲᠣᠭᠲᠠᠭᠠᠵᠤ᠂ ᠮᠠᠨ ᠤ ᠬᠤᠲᠠ ᠶᠢᠨ ᠬᠤᠲᠠ ᠰᠢᠶᠠᠨ ᠰᠢᠶᠠᠩ ᠲᠤᠰᠬᠤᠨ ᠵᠡᠷᠭᠡ ᠡᠯ᠎ᠡ ᠱᠠᠲᠤᠨ ᠤ ᠮᠣᠩᠭᠤᠯ ᠬᠢᠲᠠᠳ ᠡᠮ ᠡᠮᠨᠡᠯᠭᠡ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠪᠣᠳᠠᠲᠠᠶ ᠠᠷᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠮᠠᠨ ᠤ ᠬᠤᠲᠠ ᠶᠢᠨ ᠮᠣᠩᠭᠤᠯ ᠬᠢᠲᠠᠳ ᠡᠮ ᠡᠮᠨᠡᠯᠭᠡ ᠶᠢᠨ ᠴᠢᠳᠠᠪᠤᠷᠢᠲᠠᠨ ᠳᠤᠲᠠᠭᠳᠠᠵᠤ ᠪᠠᠶᠢᠭ᠎ᠠ ᠪᠠᠶᠢᠳᠠᠯ ᠢ ᠲᠦᠷᠭᠡᠳᠬᠡᠨ ᠰᠢᠶᠳᠪᠦᠷᠢᠯᠡᠨ᠎ᠡ᠃ ᠬᠤᠶᠢᠰᠢᠳᠠ ᠬᠤᠲᠠ ᠶᠢᠨ ᠱᠠᠲᠤᠨ ᠤ ᠠᠯᠢᠪᠠ ᠮᠣᠩᠭᠤᠯ ᠬᠢᠲᠠᠳ ᠡᠮ ᠡᠮᠨᠡᠯᠭᠡ ᠶᠢᠨ ᠬᠤᠷᠢᠶ᠎ᠠ ᠨᠢ ᠮᠣᠩᠭᠤᠯ ᠬᠢᠲᠠᠳ ᠡᠮ ᠡᠮᠨᠡᠯᠭᠡ ᠶᠢᠨ ᠠᠰᠫᠢᠷᠠᠨᠲ ᠪᠤᠶᠤ ᠮᠣᠩᠭᠤᠯ ᠬᠢᠲᠠᠳ ᠡᠮ ᠡᠮᠨᠡᠯᠭᠡ ᠶᠢᠨ ᠭᠤᠤᠯᠯᠠᠨ ᠵᠠᠰᠠᠬᠤ ᠶᠡᠭᠡ ᠡᠮᠴᠢ ᠠᠴᠠ ᠳᠡᠭᠡᠭᠰᠢᠬᠢ ᠬᠥᠮᠦᠰ᠂ ᠰᠢᠶᠠᠨ ᠤ ᠱᠠᠲᠤᠨ ᠤ ᠮᠣᠩᠭᠤᠯ ᠬᠢᠲᠠᠳ ᠡᠮ ᠡᠮᠨᠡᠯᠭᠡ ᠶᠢᠨ ᠬᠤᠷᠢᠶ᠎ᠠ ᠨᠢ ᠮᠣᠩᠭᠤᠯ ᠬᠢᠲᠠᠳ ᠡᠮ ᠡᠮᠨᠡᠯᠭᠡ ᠶᠢᠨ ᠵᠢᠩᠬᠢᠨᠢ ᠠᠩᠭᠢ ᠶᠢᠨ ᠰᠤᠷᠤᠭᠴᠢ ᠪᠤᠶᠤ ᠮᠣᠩᠭᠤᠯ ᠬᠢᠲᠠᠳ ᠡᠮ ᠡᠮᠨᠡᠯᠭᠡ ᠶᠢᠨ ᠭᠤᠤᠯᠯᠠᠨ ᠵᠠᠰᠠᠬᠤ ᠶᠡᠭᠡ ᠡᠮᠴᠢ ᠠᠴᠠ ᠳᠡᠭᠡᠭᠰᠢᠬᠢ ᠬᠥᠮᠦᠰ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ ᠨᠢ ᠮᠣᠩᠭᠤᠯ ᠬᠢᠲᠠᠳ ᠡᠮ ᠡᠮᠨᠡᠯᠭᠡ ᠶᠢᠨ ᠲᠤᠰᠬᠠᠶ ᠮᠡᠷᠭᠡᠵᠢᠯ ᠤᠨ ᠰᠤᠷᠤᠭᠴᠢ ᠪᠤᠶᠤ ᠮᠣᠩᠭᠤᠯ ᠬᠢᠲᠠᠳ ᠡᠮ ᠡᠮᠨᠡᠯᠭᠡ ᠶᠢᠨ  ᠭᠤᠤᠯᠯᠠᠨ ᠵᠠᠰᠠᠬᠤ ᠶᠡᠭᠡ ᠡᠮᠴᠢ ᠠᠴᠠ ᠳᠡᠭᠡᠭᠰᠢᠬᠢ ᠬᠥᠮᠦᠰ ᠢ ᠣᠷᠣᠭᠤᠯᠤᠨ ᠤᠷᠢᠵᠤ ᠡᠯᠰᠡᠬᠦ ᠳᠤ᠂ ᠣᠷᠣᠭᠤᠯᠤᠨ ᠠᠪᠴᠢᠷᠠᠵᠤ ᠤᠷᠢᠬᠤ ᠠᠷᠭ᠎ᠠ ᠵᠠᠮ ᠢ ᠰᠢᠯᠤᠭᠤᠳᠬᠠᠬᠤ ᠶᠢ ᠬᠡᠷᠡᠭᠵᠢᠭᠦᠯᠵᠦ᠂ ᠰᠢᠯᠭᠠᠨ ᠬᠢᠨᠠᠬᠤ ᠪᠠᠷ ᠳᠠᠮᠵᠢᠭᠤᠯᠤᠨ ᠰᠢᠯᠭᠠᠬᠤ ᠦᠭᠡᠢ ᠪᠠᠷ ᠡᠯᠰᠡᠨ ᠬᠡᠷᠡᠭᠯᠡᠵᠦ᠂ ᠠᠵᠢᠯᠲᠠᠨ ᠤ ᠣᠷᠤᠨ ᠲᠤᠭ᠎ᠠ ᠶᠢ ᠪᠦᠷᠢᠳᠬᠡᠨ ᠳᠠᠩᠰᠠᠯᠠᠬᠤ ᠳᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠣᠯᠭᠤᠮᠵᠢ ᠶᠢ ᠠᠳᠠᠯᠢ ᠠᠵᠢᠯ ᠳᠤ ᠠᠳᠠᠯᠢ ᠬᠥᠯᠥᠰᠥ ᠣᠯᠭᠤᠬᠤ ᠪᠤᠶᠤ ᠵᠣᠬᠢᠰᠲᠠᠶ ᠬᠥᠳᠡᠯᠦᠩᠭᠦᠶ ᠪᠠᠶᠢᠯᠭᠠᠨ᠎ᠠ᠃ ᠤᠯᠠᠭᠠᠨᠴᠠᠪ ᠤᠨ ᠠᠨᠠᠭᠠᠬᠤ ᠤᠬᠠᠭᠠᠨ ᠤ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠶᠴᠡᠳ ᠠᠰᠢᠭᠯᠠᠨ᠂ ᠠᠨᠠᠭᠠᠬᠤ ᠤᠬᠠᠭᠠᠨ ᠤ ᠰᠤᠷᠭᠠᠨ ᠬᠥᠮᠦᠵᠢᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠤᠯᠤᠰ ᠤᠨ ᠮᠣᠩᠭᠤᠯ ᠬᠢᠲᠠᠳ ᠡᠮ ᠡᠮᠨᠡᠯᠭᠡ ᠶᠢᠨ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠬᠦ ︽ᠵᠠᠭᠤ ᠮᠢᠩᠭ᠎ᠠ ᠲᠦᠮᠡ︾ ᠶᠢᠨ ᠴᠢᠳᠠᠪᠤᠷᠢᠲᠠᠨ ᠤ ᠢᠨᠵᠧᠨᠧᠷᠢᠩ ᠤᠨ ᠬᠡᠷᠡᠭᠵᠢᠭᠦᠯᠦᠯᠲᠡ ᠲᠠᠢ ᠤᠶᠠᠯᠳᠤᠭᠤᠯᠤᠨ᠂ ᠲᠣᠰ ᠬᠤᠲᠠ ᠶᠢᠨ ᠮᠣᠩᠭᠤᠯ ᠬᠢᠲᠠᠳ ᠡᠮ ᠡᠮᠨᠡᠯᠭᠡ ᠶᠢᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠬᠥᠮᠦᠵᠢᠭᠦᠯᠬᠦ ᠶᠢ ᠠᠬᠢᠭᠤᠯᠤᠨ᠎ᠠ᠃ ᠬᠤᠶᠠᠳᠤᠭᠠᠷ ᠳᠡᠰ ᠤᠨ ᠮᠣᠩᠭᠤᠯ ᠬᠢᠲᠠᠳ  ᠡᠮᠨᠡᠯᠭᠡ ᠶᠢᠨ ᠬᠤᠷᠢᠶᠠᠨ ᠤ ᠮᠣᠩᠭᠤᠯ ᠬᠢᠲᠠᠳ ᠡᠮᠨᠡᠯᠭᠡ ᠶᠢᠨ ᠶᠡᠭᠡ ᠡᠮᠴᠢ ᠶᠢ ᠲᠣᠮᠢᠯᠠᠨ ᠰᠠᠭᠤᠯᠭᠠᠵᠤ ᠦᠨᠳᠦᠰᠦᠨ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠯᠠᠨ ᠴᠢᠬ ᠲᠤ ᠠᠵᠢᠯ ᠡᠷᠭᠢᠯᠡᠬᠦ ᠪᠤᠶᠤ ᠲᠣᠭᠲᠠᠮᠠᠯ ᠬᠤᠭᠤᠴᠠᠭ᠎ᠠ ᠲᠠᠢ ᠪᠠᠷ ᠡᠮᠨᠡᠬᠦ᠂ ᠲᠣᠭᠤᠷᠢᠨ ᠡᠮᠨᠡᠬᠦ ᠶᠢ ᠨᠢ ᠵᠣᠷᠢᠭᠵᠢᠭᠤᠯᠵᠤ᠂ ᠮᠣᠩᠭᠤᠯ ᠬᠢᠲᠠᠳ ᠡᠮ ᠡᠮᠨᠡᠯᠭᠡ ᠶᠢᠨ ᠴᠢᠳᠠᠪᠤᠷᠢᠲᠠᠨ ᠤ ᠰᠢᠶᠠᠨ ᠰᠢᠶᠠᠩ ᠲᠤᠰᠬᠤᠨ ᠢ ᠨᠢᠭᠡ ᠴᠣᠠᠠᠴᠠᠵᠢᠭᠤᠯᠥᠨ ᠬᠠᠮᠢᠶᠠᠷᠬᠤ ᠶᠢ ᠵᠣᠷᠢᠭᠵᠢᠭᠤᠯᠤᠨ᠂ ᠪᠦᠬᠦᠯᠢ ᠡᠳᠦᠷ ᠤᠨ ᠳᠦᠷᠢᠮᠲᠦ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠮᠣᠩᠭᠤᠯ ᠬᠢᠲᠠᠳ ᠡᠮ ᠡᠮᠨᠡᠯᠭᠡ᠂ ᠬᠢᠲᠠᠳ ᠧᠦ᠋ᠷᠣᠫᠠ ᠡᠮ ᠡᠮᠨᠡᠯᠭᠡ ᠶᠢ ᠤᠶᠠᠯᠳᠤᠭᠤᠯᠤᠭᠰᠠᠨ ᠲᠤᠰᠬᠠᠶ ᠮᠡᠷᠭᠡᠵᠢᠯ ᠤᠨ ᠲᠣᠰ  ᠬᠤᠭᠤᠴᠠᠭ᠎ᠠ ᠪᠠ ᠥᠩᠭᠡᠷᠡᠭᠰᠡᠨ ᠳᠤ ᠲᠡᠭᠦᠰᠦᠭᠰᠡᠨ ᠰᠤᠷᠤᠭᠴᠢᠳ ᠤᠨ ᠰᠢᠯᠭᠠᠬᠤ ᠦᠭᠡᠢ ᠪᠠᠷ ᠬᠥᠳᠡᠭᠡ ᠲᠤᠰᠬᠤᠨ ᠤ ᠡᠮᠴᠢ ᠶᠢᠨ ᠠᠵᠢᠯ ᠡᠷᠭᠢᠯᠡᠬᠦ ᠪᠠᠷ ᠳᠠᠩᠰᠠᠯᠠᠭᠤᠯᠬᠤ ᠶᠢ ᠨᠢ ᠵᠣᠷᠢᠭᠵᠢᠭᠤᠯᠤᠨ᠎ᠠ᠃ ᠮᠣᠩᠭᠤᠯ ᠬᠢᠲᠠᠳ ᠡᠮ ᠡᠮᠨᠡᠯᠭᠡ  ᠶᠢᠨ ᠲᠡᠭᠦᠰᠦᠭᠰᠡᠨ ᠤ ᠳᠠᠷᠠᠭᠠᠬᠢ ᠰᠤᠷᠭᠠᠨ ᠬᠥᠮᠦᠵᠢᠯ ᠤᠨ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠮᠣᠩᠭᠤᠯ  ᠬᠢᠲᠠᠳ ᠡᠮ ᠡᠮᠨᠡᠯᠭᠡ ᠶᠢᠨ ᠡᠮᠨᠡᠯᠭᠡ ᠳᠤ ᠰᠠᠭᠤᠬᠤ ᠶᠡᠭᠡ ᠡᠮᠴᠢ᠂ ᠲᠤᠰᠬᠠᠶ ᠰᠠᠯᠠᠭᠠᠨ ᠤ ᠶᠡᠭᠡ ᠡᠮᠴᠢ ᠶᠢᠨ ᠵᠢᠷᠤᠮᠵᠢᠭᠰᠠᠨ ᠪᠣᠯᠪᠠᠰᠤᠷᠠᠭᠤᠯᠤᠯ ᠢ ᠠᠬᠢᠭᠤᠯᠤᠨ᠂ ᠪᠣᠯᠪᠠᠰᠤᠷᠠᠭᠤᠯᠤᠯ ᠤᠨ ᠰᠠᠭᠤᠷᠢᠨ ᠤ ᠪᠥᠲᠥᠭᠡᠨ ᠪᠠᠶᠢᠭᠤᠯᠤᠯᠲᠠ ᠪᠠ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠮᠣᠩᠭᠤᠯ ᠬᠢᠲᠠᠳ ᠡᠮ ᠡᠮᠨᠡᠯᠭᠡ ᠶᠢᠨ ᠡᠮᠴᠢᠯᠡᠭᠡᠨ ᠤ ᠰᠡᠳᠬᠢᠬᠦᠶ ᠶᠢᠨ ᠬᠥᠮᠦᠵᠢᠭᠦᠯᠦᠯ ᠢ ᠴᠢᠬᠤᠯᠠᠴᠢᠯᠠᠨ᠂ ᠶᠠᠪᠤᠴᠠ ᠪᠠᠷ ᠬᠠᠮᠢᠶᠠᠷᠠᠬᠤ ᠪᠠ ᠪᠣᠯᠪᠠᠰᠤᠷᠠᠭᠤᠯᠤᠨ ᠰᠢᠯᠭᠠᠨ ᠬᠢᠨᠠᠬᠤ ᠶᠢ ᠴᠢᠩᠭᠠᠷᠠᠭᠤᠯᠵᠤ᠂ ᠮᠣᠩᠭᠤᠯ ᠬᠢᠲᠠᠳ ᠡᠮ ᠡᠮᠨᠡᠯᠭᠡ ᠶᠢᠨ ᠣᠨᠤᠯ ᠤᠨ ᠰᠠᠭᠤᠷᠢ ᠪᠠᠷ ᠯᠠᠪᠳᠠᠭᠤᠨ ᠪᠠᠲᠤᠲᠠᠶ᠂ ᠮᠣᠩᠭᠤᠯ ᠬᠢᠲᠠᠳ ᠡᠮ ᠡᠮᠨᠡᠯᠭᠡ ᠶᠢᠨ ᠡᠮᠴᠢᠯᠡᠭᠡᠨ ᠤ ᠮᠡᠷᠭᠡᠵᠢᠯ ᠴᠢᠳᠠᠪᠤᠷᠢ ᠪᠠᠷ ᠲᠣᠪᠤᠶᠢᠮ᠎ᠠ ᠮᠣᠩᠭᠤᠯ ᠬᠢᠲᠠᠳ ᠡᠮ ᠡᠮᠨᠡᠯᠭᠡ ᠶᠢᠨ ᠡᠮᠴᠢ ᠶᠢ ᠬᠥᠮᠦᠵᠢᠭᠦᠯᠦᠨ᠎ᠡ᠃ ᠮᠣᠩᠭᠤᠯ ᠬᠢᠲᠠᠳ ᠡᠮ ᠡᠮᠨᠡᠯᠭᠡ ᠶᠢᠨ ᠦᠷᠭᠦᠯᠵᠢᠯᠡᠭᠰᠡᠨ ᠰᠤᠷᠭᠠᠨ ᠬᠥᠮᠦᠵᠢᠯ ᠢ ᠪᠥᠬᠦ ᠲᠠᠯ᠎ᠠ ᠪᠠᠷ ᠠᠬᠢᠭᠤᠯᠤᠨ᠎ᠠ᠃ ᠧᠦ᠋ᠷᠣᠫᠠ ᠡᠮᠨᠡᠯᠭᠡ ᠳᠤ ᠮᠣᠩᠭᠤᠯ ᠬᠢᠲᠠᠳ ᠡᠮ ᠡᠮᠨᠡᠯᠭᠡ ᠶᠢ ᠰᠤᠷᠤᠯᠴᠠᠬᠤ ᠨᠠᠩ ᠲᠡᠭᠦᠯᠳᠡᠷᠵᠢᠭᠰᠡᠨ ᠳᠦᠷᠢᠮ ᠢ ᠪᠠᠶᠢᠭᠤᠯᠵᠤ᠂ ᠮᠣᠩᠭᠤᠯ ᠬᠢᠲᠠᠳ ᠡᠮ ᠡᠮᠨᠡᠯᠭᠡ ᠶᠢᠨ ᠪᠤᠰᠤ ᠬᠥᠮᠦᠰ ᠲᠤ ᠮᠣᠩᠭᠤᠯ ᠬᠢᠲᠠᠳ ᠡᠮ ᠡᠮᠨᠡᠯᠭᠡ ᠶᠢᠨ ᠮᠡᠳᠡᠯᠭᠡ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠬᠢᠬᠦ ᠡᠷᠴᠢᠮ ᠢ ᠴᠢᠩᠭᠠᠷᠠᠭᠤᠯᠤᠨ᠂ ᠮᠣᠩᠭᠤᠯ ᠬᠢᠲᠠᠳ ᠡᠮ ᠡᠮᠨᠡᠯᠭᠡ ᠶᠢᠨ ᠪᠤᠰᠤ ᠲᠤᠰᠬᠠᠶ ᠮᠡᠷᠭᠡᠵᠢᠯ ᠤᠨ ᠠᠵᠢᠯᠲᠠᠨ ᠤ ᠮᠣᠩᠭᠤᠯ ᠬᠢᠲᠠᠳ ᠡᠮ ᠡᠮᠨᠡᠯᠭᠡ ᠶᠢᠨ ᠮᠡᠳᠡᠯᠭᠡ ᠮᠡᠷᠭᠡᠵᠢᠯ ᠤᠨ ᠴᠢᠳᠠᠪᠤᠷᠢ ᠶᠢ ᠰᠤᠷᠤᠯᠴᠠᠨ ᠡᠵᠡᠮᠰᠢᠬᠦ ᠰᠠᠨᠠᠭᠠᠴᠢᠯᠠᠭᠠᠲᠤ ᠴᠢᠨᠠᠷ ᠪᠠ ᠢᠳᠡᠪᠬᠢᠵᠢᠯ ᠢ ᠨᠢ ᠳᠡᠭᠡᠭᠰᠢᠯᠡᠭᠦᠯᠦᠨ᠎ᠡ᠃ ᠣᠳᠣ ᠦᠶ᠎ᠡ ᠶᠢᠨ ᠢᠨᠲ᠋ᠧᠷ ᠰᠦᠯᠵᠢᠶᠡᠨ ᠤ ᠮᠡᠷᠭᠡᠵᠢᠯ ᠢ ᠪᠠᠳᠠᠷᠠᠭᠤᠯᠵᠤ᠂ ᠮᠣᠩᠭᠤᠯ ᠬᠢᠲᠠᠳ ᠡᠮ ᠡᠮᠨᠡᠯᠭᠡ ᠶᠢᠨ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠵᠠᠭᠪᠤᠷ ᠪᠠ ᠬᠡᠯᠪᠡᠷᠢ ᠶᠢᠨ ᠰᠢᠨ᠎ᠡ ᠶᠢ ᠡᠭᠦᠳᠦᠨ᠎ᠡ᠃      7. ᠮᠣᠩᠭᠤᠯ ᠬᠢᠲᠠᠳ ᠡᠮ ᠡᠮᠨᠡᠯᠭᠡ ᠶᠢᠨ ᠤᠯᠠᠮᠵᠢᠯᠠᠯᠲᠤ ᠰᠣᠶᠣᠯ ᠢ ᠪᠠᠳᠠᠷᠠᠭᠤᠯᠤᠨ᠎ᠠ᠃ ᠮᠣᠩᠭᠤᠯ ᠬᠢᠲᠠᠳ ᠡᠮ ᠡᠮᠨᠡᠯᠭᠡ ᠶᠢᠨ ᠰᠣᠶᠣᠯ ᠢ ᠬᠠᠮᠠᠭᠠᠯᠠᠬᠤ ᠪᠠ ᠤᠯᠠᠮᠵᠢᠯᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠮᠣᠩᠭᠤᠯ ᠬᠢᠲᠠᠳ ᠡᠮ ᠡᠮᠨᠡᠯᠭᠡ ᠶᠢᠨ ᠰᠣᠶᠣᠯ ᠢ ᠬᠠᠮᠠᠭᠠᠯᠠᠵᠤ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠮᠠᠨ ᠤ ᠬᠤᠲᠠ ᠶᠢᠨ ᠮᠣᠩᠭᠤᠯ ᠬᠢᠲᠠᠳ ᠡᠮ ᠡᠮᠨᠡᠯᠭᠡ ᠶᠢᠨ ᠰᠣᠶᠣᠯ ᠤᠨ ᠡᠬᠢ ᠪᠠᠶᠠᠯᠢᠭ ᠢ ᠭᠦᠶᠴᠡᠳ ᠠᠭᠤᠳᠠᠯᠯᠠᠵᠤ᠂ ᠮᠣᠩᠭᠤᠯ ᠬᠢᠲᠠᠳ ᠡᠮᠨᠡᠯᠭᠡ ᠶᠢᠨ ᠲᠡᠦᠬᠡ ᠶᠢᠨ ᠳᠤᠷᠠᠰᠬᠠᠯᠲᠤ ᠵᠦᠶᠯᠡᠰ ᠤᠨ ᠳᠥᠬᠦᠭᠡᠷᠦᠮᠵᠢ ᠶᠢ ᠬᠠᠮᠠᠭᠠᠯᠠᠬᠤ ᠪᠠ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠵᠤ᠂ ᠡᠮ ᠤᠨ ᠪᠤᠰᠤ ᠮᠣᠩᠭᠤᠯ ᠬᠢᠲᠠᠳ ᠡᠮ ᠡᠮᠨᠡᠯᠭᠡ ᠶᠢᠨ ᠣᠨᠤᠰᠢᠯᠠᠨ ᠡᠮᠨᠡᠬᠦ ᠮᠡᠷᠭᠡᠵᠢᠯ ᠢ ᠬᠤᠲᠠ ᠶᠢᠨ ᠱᠠᠲᠤ᠂ ᠥᠪᠡᠷᠲᠡᠭᠡᠨ ᠵᠠᠰᠠᠬᠤ ᠣᠷᠤᠨ ᠤ ᠱᠠᠲᠤ ᠪᠠ ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠭᠠᠷᠴᠠᠭ ᠲᠤ ᠣᠷᠣᠭᠤᠯᠬᠤ ᠶᠢ ᠠᠬᠢᠭᠤᠯᠤᠨ᠎ᠠ᠃ ᠮᠣᠩᠭᠤᠯ ᠬᠢᠲᠠᠳ ᠡᠮ ᠡᠮᠨᠡᠯᠭᠡ ᠶᠢᠨ ᠰᠣᠶᠣᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠤᠨ ᠡᠷᠴᠢᠮ ᠢ ᠴᠢᠨᠠᠭᠰᠢᠲᠠ ᠴᠢᠩᠭᠠᠷᠠᠭᠤᠯᠵᠤ᠂ ᠮᠣᠩᠭᠤᠯ ᠬᠢᠲᠠᠳ ᠡᠮ ᠡᠮᠨᠡᠯᠭᠡ ᠶᠢᠨ ᠰᠣᠶᠣᠯ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠵᠠᠰᠠᠭ ᠤᠨ ᠣᠷᠳᠤᠨ ᠢᠶᠠᠷ ᠭᠤᠤᠯᠯᠠᠭᠰᠠᠨ᠂ ᠰᠠᠯᠠᠭ᠎ᠠ ᠮᠥᠴᠢᠷ ᠤᠳ ᠬᠠᠮᠵᠢᠯᠴᠠᠭᠰᠠᠨ᠂ ᠨᠡᠶᠢᠭᠡᠮ ᠤᠨ ᠬᠢᠨ ᠣᠷᠣᠯᠴᠠᠭᠰᠠᠨ᠂ ᠣᠯᠠᠨ ᠲᠦᠮᠡᠨ ᠠᠰᠢᠭ ᠬᠦᠷᠲᠡᠭᠰᠡᠨ ᠮᠣᠩᠭᠤᠯ ᠬᠢᠲᠠᠳ ᠡᠮ ᠡᠮᠨᠡᠯᠭᠡ ᠶᠢᠨ ᠰᠣᠶᠣᠯ ᠤᠨ ᠣᠯᠠᠨ ᠨᠡᠶᠢᠲᠡ ᠶᠢᠨ ᠦᠶᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠮᠣᠩᠭᠤᠯ ᠬᠢᠲᠠᠳ ᠡᠮ ᠡᠮᠨᠡᠯᠭᠡ ᠶᠢ ᠰᠤᠷᠭᠠᠭᠤᠯᠢ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠭᠡᠷ ᠪᠦᠯᠢ ᠳᠤ ᠣᠷᠣᠭᠤᠯᠬᠤ ᠶᠢ ᠲᠦᠯᠬᠢᠨ ᠠᠬᠢᠭᠤᠯᠤᠭᠰᠠᠨ ᠰᠠᠭᠤᠷᠢᠨ ᠳᠡᠭᠡᠷ᠎ᠡ᠂ ᠤᠯᠠᠮᠵᠢᠯᠠᠯᠲᠤ ᠵᠠᠭᠤᠴᠢᠯᠠᠭᠤᠷ᠂ ᠰᠢᠨ᠎ᠡ ᠵᠠᠭᠤᠴᠢᠯᠠᠭᠤᠷ ᠵᠡᠷᠭᠡ ᠡᠯ᠎ᠡ ᠵᠦᠢᠯ ᠤᠨ ᠠᠷᠭ᠎ᠠ ᠵᠠᠮ ᠢ ᠭᠦᠢᠴᠡᠳ ᠠᠰᠢᠭᠯᠠᠨ᠂ ᠭᠤᠣᠯ ᠰᠡᠳᠦᠪ ᠨᠢ ᠲᠣᠪᠤᠶᠢᠮ᠎ᠠ᠂ ᠬᠡᠯᠪᠡᠷᠢ ᠮᠠᠶ᠋ᠢᠭ ᠨᠢ ᠣᠯᠠᠨ ᠶᠠᠩᠵᠤ ᠪᠦᠬᠦᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠮᠣᠩᠭᠤᠯ ᠬᠢᠲᠠᠳ ᠡᠮ ᠡᠮᠨᠡᠯᠭᠡ ᠶᠢᠨ ᠰᠣᠶᠣᠯ ᠢ ᠳᠡᠯᠭᠡᠷᠡᠭᠦᠯᠦᠨ ᠤᠬᠠᠭᠤᠯᠬᠤ ᠠᠵᠢᠯᠯᠠᠭ᠎ᠠ ᠶᠢ ᠥᠷᠭᠡᠨ ᠳᠡᠯᠭᠡᠷ ᠭᠦᠨᠵᠡᠭᠡᠶ ᠥᠷᠨᠢᠭᠦᠯᠵᠦ᠂ ᠣᠯᠠᠨ ᠲᠦᠮᠡᠨ ᠢ ᠵᠥᠪ ᠢᠶᠠᠷ ᠬᠥᠲᠥᠯᠥᠨ ᠵᠢᠯᠣᠭᠤᠳᠴᠤ ᠪᠠᠶᠢᠭᠠᠳ ᠮᠣᠩᠭᠤᠯ ᠬᠢᠲᠠᠳ ᠡᠮ ᠡᠮᠨᠡᠯᠭᠡ ᠶᠢ ᠲᠠᠨᠢᠭᠤᠯᠵᠤ᠂ ᠮᠣᠩᠭᠤᠯ ᠬᠢᠲᠠᠳ ᠡᠮ ᠡᠮᠨᠡᠯᠭᠡ ᠶᠢ ᠬᠠᠶᠢᠷᠠᠯᠠᠭᠤᠯᠵᠤ᠂ ᠮᠣᠩᠭᠤᠯ ᠬᠢᠲᠠᠳ ᠡᠮ ᠡᠮᠨᠡᠯᠭᠡ ᠶᠢ ᠰᠠᠶᠢᠲᠤᠷ ᠬᠡᠷᠡᠭᠯᠡᠭᠦᠯᠦᠨ᠂ ᠬᠤᠲᠠ ᠶᠢᠨ ᠠᠷᠠᠳ ᠤᠨ ᠮᠣᠩᠭᠤᠯ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢᠨ ᠳᠠᠳᠤᠯᠭ᠎ᠠ ᠶᠢ ᠳᠡᠭᠡᠭᠰᠢᠯᠡᠭᠦᠯᠵᠦ᠂ ᠮᠣᠩᠭᠤᠯ ᠬᠢᠲᠠᠳ ᠡᠮ ᠡᠮᠨᠡᠯᠭᠡ ᠶᠢᠨ ᠰᠣᠶᠣᠯ ᠤᠨ ᠪᠦᠲᠦᠭᠡᠯᠴᠢ ᠪᠠᠷ ᠤᠯᠠᠷᠢᠬᠤ ᠪᠠ ᠰᠢᠨ᠎ᠡ ᠶᠢ ᠡᠭᠦᠳᠬᠦ ᠴᠢᠨᠠᠷᠲᠠᠶ ᠬᠥᠭᠵᠢᠬᠦ ᠶᠢ ᠪᠡᠶᠡᠯᠡᠭᠦᠯᠦᠨ᠎ᠡ᠃ ᠮᠣᠩᠭᠤᠯ ᠬᠢᠲᠠᠳ ᠡᠮ ᠡᠮᠨᠡᠯᠭᠡ ᠶᠢᠨ ᠠᠵᠤ ᠦᠢᠯᠡᠰ ᠬᠢᠭᠡᠳ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠮᠣᠩᠭᠤᠯ ᠬᠢᠲᠠᠳ ᠡᠮ ᠡᠮᠨᠡᠯᠭᠡ ᠶᠢᠨ ᠣᠨᠴᠠᠯᠢᠭᠲᠤ ᠡᠮᠴᠢᠯᠡᠭᠡᠨ ᠤ ᠵᠢᠭᠤᠯᠴᠢᠯᠠᠯ ᠤᠨ ᠦᠢᠯᠡᠳᠬᠦᠨ᠂ ᠵᠠᠮ ᠱᠤᠭᠤᠮ ᠢ ᠰᠤᠳᠤᠯᠤᠨ ᠨᠡᠭᠡᠭᠡᠵᠦ᠂ ᠮᠣᠩᠭᠤᠯ ᠬᠢᠲᠠᠳ ᠡᠮ ᠡᠮᠨᠡᠯᠭᠡ ᠶᠢᠨ ᠨᠢᠭᠡ ᠪᠦᠯᠦᠭ ᠣᠨᠴᠠᠯᠢᠭᠲᠤ ᠵᠢᠭᠤᠯᠴᠢᠯᠠᠯ ᠤᠨ ᠦᠵᠡᠮᠵᠢ ᠶᠢᠨ ᠴᠢᠭ᠋ ᠢ ᠪᠤᠢ ᠪᠣᠯᠭᠠᠨ᠎ᠠ᠃ ᠮᠠᠨ ᠤ ᠬᠤᠲᠠ ᠶᠢᠨ ᠣᠷᠤᠨ ᠪᠠᠶᠢᠷᠢ ᠶᠢᠨ ᠳᠠᠪᠠᠭᠤᠯᠢᠭ ᠢ ᠭᠦᠶᠴᠡᠳ ᠠᠰᠢᠭᠯᠠᠵᠤ᠂ ᠣᠯᠠᠨ ᠵᠦᠶᠯ ᠤᠨ ᠬᠡᠯᠪᠡᠷᠢ ᠶᠢᠨ ᠮᠣᠩᠭᠤᠯ ᠬᠢᠲᠠᠳ ᠡᠮ ᠡᠮᠨᠡᠯᠭᠡ ᠶᠢᠨ ᠰᠣᠶᠣᠯ ᠤᠨ ᠤᠬᠠᠭᠤᠯᠭ᠎ᠠ ᠶᠢᠨ ᠪᠦᠲᠦᠭᠡᠭᠳᠡᠬᠦᠨ ᠢ ᠦᠶᠯᠡᠳᠴᠦ᠂ ᠡᠯ᠎ᠡ ᠵᠦᠶᠯ ᠤᠨ ᠠᠷᠭ᠎ᠠ ᠵᠠᠮ ᠢ ᠠᠰᠢᠭᠯᠠᠨ ᠮᠣᠩᠭᠤᠯ ᠬᠢᠲᠠᠳ ᠡᠮ ᠡᠮᠨᠡᠯᠭᠡ ᠶᠢᠨ ᠰᠣᠶᠣᠯ ᠢ ᠭᠠᠳᠠᠭᠰᠢ ᠤᠯᠠᠮᠵᠢᠯᠠᠬᠤ ᠶᠢ ᠠᠬᠢᠭᠤᠯᠤᠨ᠎ᠠ᠃       8.ᠮᠣᠩᠭᠤᠯ ᠬᠢᠲᠠᠳ ᠡᠮ ᠡᠮᠨᠡᠯᠭᠡ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠳᠡᠭᠡᠭᠰᠢᠯᠡᠭᠦᠯᠦᠨ᠎ᠡ᠃ ᠮᠡᠳᠡᠭᠡ ᠵᠠᠩᠭᠢ ᠴᠢᠮᠡᠭᠡ ᠬᠤᠯᠪᠣᠭ᠎ᠠ ᠶᠢᠨ ᠮᠡᠷᠭᠡᠵᠢᠯ ᠵᠢᠴᠢ ᠢᠨᠲ᠋ᠧᠷ ᠰᠦᠯᠵᠢᠶ᠎ᠡ ᠶᠢᠨ ᠲᠠᠪᠴᠠᠩ ᠢ ᠭᠦᠶᠴᠡᠳ ᠠᠰᠢᠭᠯᠠᠨ᠂ ᠢᠨᠲ᠋ᠧᠷ ᠰᠦᠯᠵᠢᠶ᠎ᠡ ᠬᠢᠭᠡᠳ ᠮᠣᠩᠭᠤᠯ ᠬᠢᠲᠠᠳ ᠡᠮ ᠡᠮᠨᠡᠯᠭᠡ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠮᠣᠩᠭᠤᠯ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢᠨ ᠦᠶᠯᠡᠴᠢᠯᠡᠭᠡ ᠶᠢ ᠥᠷᠭᠡᠳᠬᠡᠨ᠎ᠡ᠃ ᠬᠤᠲᠠ ᠶᠢᠨ ᠱᠠᠲᠤᠨ ᠤ ᠮᠣᠩᠭᠤᠯ ᠬᠢᠲᠠᠳ ᠡᠮ ᠡᠮᠨᠡᠯᠭᠡ ᠶᠢᠨ ᠳ᠋ᠠᠶᠢᠲ᠋ᠠ ᠶᠢᠨ ᠲᠥᠪ ᠢ ᠪᠠᠶᠢᠭᠤᠯᠵᠤ᠂ ᠥᠪᠡᠷᠲᠡᠭᠡᠨ ᠵᠠᠰᠠᠬᠤ  ᠣᠷᠤᠨ᠂ ᠬᠤᠲᠠ᠂ ᠰᠢᠶᠠᠨ ᠤ ᠡᠷᠡᠭᠦᠯ ᠬᠠᠮᠠᠭᠠᠯᠠᠯ ᠤᠨ ᠮᠡᠳᠡᠭᠡ ᠵᠠᠩᠭᠢ ᠶᠢᠨ ᠲᠠᠪᠴᠠᠩ ᠯᠤᠭ᠎ᠠ ᠪᠥᠬᠦ ᠲᠠᠯ᠎ᠠ ᠪᠠᠷ ᠵᠣᠯᠭᠠᠭᠤᠯᠬᠤ ᠶᠢ ᠪᠡᠶᠡᠯᠡᠭᠦᠯᠵᠦ᠂ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠬᠡᠷᠡᠭᠯᠡᠯᠲᠡ ᠶᠢ ᠨᠡᠶᠢᠳᠬᠡᠬᠦ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠥᠨᠳᠥᠷ ᠦᠷ᠎ᠡ ᠪᠦᠲᠦᠮᠵᠢᠲᠡᠶ ᠪᠠᠷ ᠬᠠᠮᠵᠢᠯᠴᠠᠬᠤ ᠪᠠ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠶᠢ ᠪᠡᠶᠡᠯᠡᠭᠦᠯᠦᠨ᠎ᠡ᠃ ᠪᠤᠶ ᠪᠦᠬᠦᠢ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢ ᠬᠠᠮᠤᠷᠤᠭᠰᠠᠨ ᠲᠣᠣᠷ ᠰᠦᠯᠵᠢᠶᠡᠨ ᠤ ᠰᠢᠰᠲ᠋ᠧᠮᠵᠢ ᠶᠢ ᠪᠠᠶᠢᠭᠤᠯᠤᠨ᠂ ᠮᠣᠩᠭᠤᠯ ᠬᠢᠲᠠᠳ ᠡᠮᠨᠡᠯᠭᠡ ᠶᠢᠨ ᠡᠮᠴᠢᠯᠡᠭᠡᠨ ᠤ ᠪᠠᠶᠢᠭᠤᠯᠤᠮᠵᠢ ᠶᠢᠨ ᠮᠡᠳᠡᠭᠡ ᠵᠠᠩᠬᠢᠴᠢᠯᠠᠯᠲᠠ ᠶᠢᠨ ᠪᠠᠶᠢᠭᠤᠯᠤᠯᠲᠠ ᠶᠢ ᠴᠢᠩᠭᠠᠳᠬᠠᠨ᠂ ᠡᠮᠨᠡᠯᠭᠡ ᠶᠢᠨ ᠬᠤᠷᠢᠶᠠᠨ ᠤ ᠪᠣᠯᠵᠤᠨ ᠣᠨᠤᠰᠢᠯᠠᠬᠤ ᠡᠮᠨᠡᠬᠦ ᠦᠢᠯᠡᠴᠢᠯᠡᠭᠡᠨ ᠤ ᠲᠠᠪᠴᠠᠩ ᠢ ᠲᠡᠭᠦᠯᠳᠡᠷᠵᠢᠭᠦᠯᠵᠦ᠂ ᠵᠦᠢ ᠵᠣᠬᠢᠰᠲᠠᠶ ᠡᠮᠨᠡᠭᠦᠯᠬᠦ ᠶᠢ ᠬᠥᠲᠥᠯᠥᠨ ᠵᠢᠯᠣᠭᠤᠳᠤᠨ᠎ᠠ᠃ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠠᠯᠪᠠᠨ ᠰᠦᠯᠵᠢᠶ᠎ᠡ᠂ ᠪᠢᠴᠢᠯ ᠪᠦᠷᠭᠡ᠂ ᠸᠢᠴᠠᠲ᠂ ᠭᠠᠷ ᠤᠲᠠᠰᠤᠨ ᠤ APP ᠵᠡᠷᠭᠡ ᠮᠡᠷᠭᠡᠵᠢᠯ ᠤᠨ ᠪᠠᠭᠠᠵᠢ ᠪᠠᠷ ᠳᠠᠮᠵᠢᠭᠤᠯᠤᠨ᠂ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠦᠶᠯᠡᠴᠢᠯᠡᠭᠡᠨ ᠤ ᠬᠢᠷᠢ ᠬᠡᠮᠵᠢᠶ᠎ᠡ  ᠪᠠᠨ ᠳᠡᠭᠡᠭᠰᠢᠯᠡᠭᠦᠯᠬᠦ ᠶᠢ ᠨᠢ ᠵᠣᠷᠢᠭᠵᠢᠭᠤᠯᠤᠨ᠎ᠠ᠃ ᠰᠦᠯᠵᠢᠶᠡᠨ ᠳᠡᠭᠡᠷᠡᠬᠢ ᠮᠣᠩᠭᠤᠯ  ᠬᠢᠲᠠᠳ ᠡᠮ ᠡᠮᠨᠡᠯᠭᠡ ᠶᠢᠨ ᠯᠠᠪᠯᠠᠯᠭ᠎ᠠ᠂ ᠠᠯᠤᠰ ᠡᠵᠡᠮᠰᠢᠯᠲᠦ ᠮᠣᠩᠭᠤᠯ ᠬᠢᠲᠠᠳ ᠡᠮᠨᠡᠯᠭᠡ ᠶᠢᠨ ᠬᠠᠮᠲᠤᠷᠠᠨ ᠣᠨᠤᠰᠢᠯᠠᠬᠤ᠂ ᠮᠣᠩᠭᠤᠯ ᠬᠢᠲᠠᠳ ᠡᠮ ᠤᠨ ᠦᠢᠯᠡᠳᠬᠦᠨ ᠢ ᠲᠣᠬᠢᠷᠠᠭᠤᠯᠤᠨ ᠭᠦᠷᠭᠡᠵᠦ ᠡᠷᠦᠬᠡ ᠳᠤ ᠣᠷᠣᠭᠤᠯᠬᠤ ᠵᠡᠷᠭᠡ ᠮᠣᠩᠭᠤᠯ ᠬᠢᠲᠠᠳ ᠡᠮ ᠡᠮᠨᠡᠯᠭᠡ ᠶᠢᠨ ᠰᠢᠨ᠎ᠡ ᠮᠠᠶ᠋ᠢᠭ ᠤᠨ ᠦᠢᠯᠡᠴᠢᠯᠡᠭᠡᠨ ᠤ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠣᠯᠠᠨ ᠲᠦᠮᠡᠨ ᠳᠤ ᠮᠣᠩᠭᠤᠯ ᠬᠢᠲᠠᠳ ᠡᠮᠨᠡᠯᠭᠡ ᠶᠢᠨ ᠳᠥᠭᠦᠮ ᠳᠥᠲᠡ ᠦᠢᠯᠡᠴᠢᠯᠡᠭᠡᠨ ᠬᠠᠩᠭᠠᠨ᠎ᠠ᠃      9. ᠮᠣᠩᠭᠤᠯ ᠬᠢᠲᠠᠳ ᠡᠮ ᠡᠮᠨᠡᠯᠭᠡ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠳᠬᠡᠨ᠎ᠡ᠃ ︽ᠨᠢᠭᠡ ᠪᠦᠰᠡ ᠨᠢᠭᠡ ᠵᠠᠮ︾ ᠳᠤ  ᠰᠠᠨᠠᠭᠠᠴᠢᠯᠠᠭᠰᠠᠨ ᠬᠥᠭᠵᠢᠯᠲᠡ ᠶᠢᠨ ᠠᠵᠠ ᠲᠣᠬᠢᠶᠠᠯ ᠢ ᠡᠵᠡᠮᠳᠡᠨ᠂ ᠮᠣᠩᠭᠤᠯ ᠬᠢᠲᠠᠳ ᠡᠮ ᠡᠮᠨᠡᠯᠭᠡ ᠶᠢᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠴᠢᠩᠭᠠᠳᠬᠠᠵᠤ᠂ ᠮᠠᠨ ᠤ ᠬᠤᠲᠠ ᠶᠢᠨ ᠮᠣᠩᠭᠤᠯ ᠬᠢᠲᠠᠳ ᠡᠮ ᠡᠮᠨᠡᠯᠭᠡ ᠶᠢᠨ ᠣᠨᠴᠠᠯᠢᠭ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠡᠮᠴᠢᠯᠡᠭᠡᠨ ᠤ ᠦᠢᠯᠡᠴᠢᠯᠡᠭᠡ᠂ ᠰᠢᠨᠵᠢᠯᠡᠬᠦ ᠤᠬᠠᠭᠠᠨ ᠤ ᠰᠤᠳᠤᠯᠭᠠᠨ᠂ ᠴᠢᠳᠠᠪᠤᠷᠢᠲᠠᠨ ᠤ ᠬᠥᠮᠦᠵᠢᠭᠦᠯᠦᠯᠲᠡ᠂ ᠪᠡᠶ᠎ᠡ ᠰᠤᠪᠢᠯᠠᠯᠲᠠ ᠡᠷᠡᠭᠦᠯᠵᠢᠯ᠂ ᠠᠵᠤ ᠦᠢᠯᠡᠰ ᠤᠨ ᠨᠡᠭᠡᠭᠡᠨ ᠬᠥᠭᠵᠢᠭᠦᠯᠦᠯᠲᠡ᠂ ᠰᠣᠶᠣᠯ ᠤᠨ ᠬᠥᠭᠵᠢᠯᠲᠡ ᠵᠡᠷᠭᠡ ᠲᠠᠯ᠎ᠠ ᠪᠠᠷ ᠬᠢ ᠭᠠᠳᠠᠭᠠᠳᠤ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠰᠠᠨᠠᠭᠠᠴᠢᠯᠠᠭ᠎ᠠ ᠠᠴᠠ ᠪᠠᠨ ᠥᠷᠨᠢᠭᠦᠯᠦᠨ᠎ᠡ᠃ ᠭᠠᠳᠠᠭᠠᠳᠤ ᠳᠤ ᠲᠤᠰᠠᠯᠠᠮᠵᠢ ᠦᠵᠡᠭᠦᠯᠬᠦ ᠡᠮᠴᠢᠯᠡᠭᠡ ᠳᠤ ᠮᠣᠩᠭᠤᠯ ᠬᠢᠲᠠᠳ ᠡᠮ ᠡᠮᠨᠡᠯᠭᠡ ᠶᠢᠨ ᠦᠶᠯᠡᠴᠢᠯᠡᠭᠡᠨ ᠤ ᠠᠭᠤᠯᠭ᠎ᠠ ᠪᠠ ᠬᠡᠯᠪᠡᠷᠢ ᠶᠢ ᠪᠠᠶᠠᠯᠢᠭᠵᠢᠭᠤᠯᠵᠤ᠂ ᠮᠠᠨ ᠤ ᠬᠤᠲᠠ ᠶᠢᠨ ᠮᠣᠩᠭᠤᠯ ᠬᠢᠲᠠᠳ ᠡᠮ ᠡᠮᠨᠡᠯᠭᠡ ᠶᠢᠨ ᠳᠡᠯᠡᠬᠡᠶ ᠳᠠᠬᠢ   ᠨᠥᠯᠦᠭᠡ ᠶᠢ ᠳᠡᠭᠡᠭᠰᠢᠯᠡᠭᠦᠯᠦᠨ᠎ᠡ᠃ ᠮᠣᠩᠭᠤᠯ ᠬᠢᠲᠠᠳ ᠡᠮ ᠡᠮᠨᠡᠯᠭᠡ ᠶᠢᠨ ᠦᠶᠯᠡᠴᠢᠯᠡᠭᠡᠨ ᠤ ᠠᠷᠠᠯᠵᠢᠶ᠎ᠠ ᠶᠢ ᠠᠬᠢᠭᠤᠯᠵᠤ᠂ ᠣᠯᠠᠨ ᠤᠯᠤᠰ ᠤᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠮᠣᠩᠭᠤᠯ ᠬᠢᠲᠠᠳ ᠡᠮ ᠡᠮᠨᠡᠯᠭᠡ ᠶᠢᠨ ᠦᠶᠯᠡᠴᠢᠯᠡᠭᠡᠨ ᠤ ᠠᠷᠠᠯᠵᠢᠶ᠎ᠠ ᠶᠢ ᠢᠳᠡᠪᠬᠢᠲᠡᠶ ᠬᠥᠭᠵᠢᠭᠦᠯᠦᠨ᠎ᠡ᠃ ᠨᠥᠬᠦᠴᠡᠯ ᠲᠠᠢ ᠮᠣᠩᠭᠤᠯ ᠬᠢᠲᠠᠳ ᠡᠮ ᠡᠮᠨᠡᠯᠭᠡ ᠶᠢᠨ ᠡᠮᠴᠢᠯᠡᠭᠡᠨ ᠤ ᠪᠠᠶᠢᠭᠤᠯᠤᠮᠵᠢ ᠨᠤᠭᠤᠳ ᠬᠢᠯᠢ ᠶᠢᠨ ᠭᠠᠳᠠᠨ᠎ᠠ ᠮᠣᠩᠭᠤᠯ ᠬᠢᠲᠠᠳ ᠡᠮ ᠡᠮᠨᠡᠯᠭᠡ ᠶᠢᠨ ᠡᠮᠴᠢᠯᠡᠭᠡ᠂ ᠪᠡᠶ᠎ᠡ ᠰᠤᠪᠢᠯᠠᠯᠲᠠ᠂ ᠡᠷᠡᠭᠦᠯᠵᠢᠯ᠂ ᠰᠤᠷᠭᠠᠨ ᠬᠥᠮᠦᠵᠢᠯ ᠵᠡᠷᠭᠡ ᠦᠢᠯᠡᠴᠢᠯᠡᠭᠡ ᠪᠠᠨ ᠬᠥᠭᠵᠢᠭᠦᠯᠬᠦ ᠶᠢ  ᠨᠢ ᠵᠣᠷᠢᠭᠵᠢᠭᠤᠯᠤᠨ᠎ᠠ᠃     ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠠᠷᠠᠳ ᠣᠯᠠᠨ ᠤ ᠡᠷᠡᠭᠦᠯ ᠮᠡᠨᠳᠦ  ᠶᠢᠨ ᠪᠠᠲᠤᠯᠠᠭ᠎ᠠ ᠶᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠮᠣᠩᠭᠤᠯ ᠬᠢᠲᠠᠳ ᠡᠮ ᠡᠮᠨᠡᠯᠭᠡ ᠶᠢᠨ ᠦᠶᠯᠡᠰ ᠢ ᠬᠠᠤᠯᠢ ᠶᠣᠰᠣᠭᠠᠷ ᠬᠠᠮᠠᠭᠠᠯᠠᠨ᠂ ᠳᠡᠮᠵᠢᠨ ᠬᠥᠭᠵᠢᠭᠦᠯᠵᠦ᠂ ᠮᠣᠩᠭᠤᠯ ᠬᠢᠲᠠᠳ ᠡᠮ ᠡᠮᠨᠡᠯᠭᠡ ᠶᠢᠨ ᠦᠶᠯᠡᠰ ᠤᠨ ᠬᠥᠭᠵᠢᠯᠲᠡ ᠶᠢ ᠠᠬᠢᠭᠤᠯᠬᠤ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠵᠢᠴᠢ ᠬᠠᠮᠢᠶ᠎ᠠ ᠪᠥᠬᠦᠶ ᠲᠤᠰᠬᠠᠶ ᠵᠦᠶᠯ ᠤᠨ ᠲᠥᠯᠥᠪᠵᠢᠭᠦᠯᠭᠡ ᠳᠤ ᠣᠷᠣᠭᠤᠯᠵᠤ᠂ ᠮᠣᠩᠭᠤᠯ ᠬᠢᠲᠠᠳ ᠡᠮ ᠡᠮᠨᠡᠯᠭᠡ ᠶᠢᠨ ᠭᠤᠤᠯ ᠭᠦᠶᠴᠡᠳᠬᠡᠯ ᠲᠤᠭ᠎ᠠ ᠶᠢ ᠵᠠᠰᠠᠭ ᠤᠨ ᠣᠷᠳᠤᠨ ᠤ ᠰᠢᠯᠭᠠᠨ ᠬᠢᠨᠠᠬᠤ ᠭᠦᠶᠴᠡᠳᠬᠡᠯ ᠲᠤᠭ᠎ᠠ ᠳᠤ ᠣᠷᠣᠭᠤᠯᠤᠨ᠂ ᠰᠢᠯᠭᠠᠨ ᠬᠢᠨᠠᠬᠤ ᠲᠣᠭᠲᠠᠴᠠ ᠪᠠ ᠬᠠᠷᠢᠭᠤᠴᠠᠯᠭ᠎ᠠ ᠲᠤᠯᠭᠠᠬᠤ ᠲᠦᠷᠢᠮ ᠢ ᠪᠦᠷᠢᠨᠰᠢᠬᠦᠯᠵᠦ᠂ ᠬᠢᠨᠠᠨ ᠰᠢᠨᠵᠢᠵᠦ ᠦᠨᠡᠯᠡᠨ ᠵᠢᠱᠢᠬᠦ ᠶᠢ ᠴᠢᠩᠭᠠᠷᠠᠭᠤᠯᠤᠨ᠂  ᠵᠣᠬᠢᠴᠠᠭᠰᠠᠨ ᠦᠨᠡᠯᠡᠨ ᠵᠢᠱᠢᠬᠦ ᠲᠦᠷᠢᠮ ᠪᠠ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠲᠣᠭᠲᠠᠴᠠ ᠶᠢ ᠪᠠᠶᠢᠭᠤᠯᠵᠤ᠂ ᠮᠣᠩᠭᠤᠯ ᠬᠢᠲᠠᠳ ᠡᠮ ᠡᠮᠨᠡᠯᠭᠡ ᠶᠢᠨ ᠡᠯ᠎ᠡ ᠵᠦᠶᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠪᠦᠷᠢᠨᠰᠢᠬᠦᠯᠵᠦ᠂ ᠬᠤᠲᠠ᠂ ᠬᠤᠰᠢᠭᠤ ᠰᠢᠶᠠᠨ ᠤ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠮᠣᠩᠭᠤᠯ ᠬᠢᠲᠠᠳ ᠡᠮᠨᠡᠯᠭᠡ ᠶᠢᠨ ᠠᠵᠢᠯ ᠤᠨ ᠪᠠᠶᠢᠭᠤᠯᠤᠮᠵᠢ ᠶᠢ ᠲᠣᠳᠣᠷᠬᠠᠶᠢᠯᠠᠨ᠂ ᠠᠵᠢᠯᠲᠠᠨ ᠤ ᠲᠣᠬᠢᠷᠠᠭᠤᠯᠤᠯᠲᠠ ᠶᠢ ᠴᠢᠩᠭᠠᠷᠠᠭᠤᠯᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠳᠡᠭᠡᠳᠦ ᠳᠤᠤᠷᠠᠳᠤ ᠱᠠᠲᠤ ᠬᠠᠮᠲᠤᠷᠠᠨ ᠬᠥᠳᠡᠯᠦᠯᠴᠡᠭᠰᠡᠨ᠂ ᠰᠠᠯᠠᠭ᠎ᠠ ᠮᠥᠴᠢᠷ ᠬᠠᠮᠵᠢᠯᠴᠠᠭᠰᠠᠨ᠂ ᠥᠨᠳᠥᠷ ᠦᠷ᠎ᠡ ᠪᠦᠲᠦᠮᠵᠢᠲᠡᠶ ᠪᠠᠷ ᠠᠬᠢᠭᠤᠯᠤᠭᠰᠠᠨ ᠮᠣᠩᠭᠤᠯ ᠬᠢᠲᠠᠳ ᠡᠮ ᠡᠮᠨᠡᠯᠭᠡ ᠶᠢᠨ ᠠᠵᠢᠯ ᠤᠨ ᠪᠠᠶᠢᠷᠢᠰᠢᠯ ᠢ ᠪᠦᠷᠢᠯᠳᠦᠭᠦᠯᠦᠨ᠎ᠡ᠃ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠨᠡᠶᠢᠭᠡᠮ ᠳᠠᠶᠠᠭᠠᠷ ᠤᠨ ᠮᠣᠩᠭᠤᠯ ᠬᠢᠲᠠᠳ ᠡᠮᠨᠡᠯᠭᠡ ᠶᠢᠨ ᠲᠤᠬᠠᠶ ᠨᠡᠶᠢᠳᠡᠮ ᠤᠨ ᠲᠠᠨᠢᠨ ᠮᠡᠳᠡᠷᠡᠬᠦᠶ ᠶᠢ ᠴᠢᠩᠭᠠᠷᠠᠭᠤᠯᠤᠨ᠂ ᠮᠣᠩᠭᠤᠯ ᠬᠢᠲᠠᠳ ᠡᠮ ᠡᠮᠨᠡᠯᠭᠡ ᠶᠢᠨ ᠣᠨᠤᠯᠵᠢᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠨᠡᠶᠢᠭᠡᠮ ᠳᠠᠶᠠᠭᠠᠷ ᠮᠣᠩᠭᠤᠯ ᠬᠢᠲᠠᠳ ᠡᠮ ᠡᠮᠨᠡᠯᠭᠡ ᠶᠢ ᠬᠠᠯᠠᠮᠵᠢᠯᠠᠬᠤ᠂ ᠮᠣᠩᠭᠤᠯ ᠬᠢᠲᠠᠳ ᠡᠮ ᠡᠮᠨᠡᠯᠭᠡ ᠶᠢᠨ ᠦᠶᠯᠡᠰ ᠤᠨ ᠬᠥᠭᠵᠢᠯᠲᠡ ᠶᠢ ᠳᠡᠮᠵᠢᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠨ᠎ᠠ᠃      ︵ᠬᠤᠶᠠᠷ︶ ᠬᠠᠤᠯᠢᠵᠢᠯ ᠤᠨ ᠪᠠᠲᠤᠯᠠᠭ᠎ᠠ ᠶᠢ ᠪᠦᠷᠢᠨᠰᠢᠭᠦᠯᠦᠨ᠎ᠡ᠃ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠮᠣᠩᠭᠤᠯ ᠬᠢᠲᠠᠳ ᠡᠮ ᠡᠮᠨᠡᠯᠭᠡ ᠶᠢᠨ ᠲᠥᠷᠥᠯ ᠢᠯᠭᠠᠯ ᠤᠨ ᠠᠵᠢᠯ ᠡᠷᠭᠢᠯᠡᠬᠦ ᠶᠡᠭᠡ ᠡᠮᠴᠢ᠂ ᠮᠣᠩᠭᠤᠯ ᠬᠢᠲᠠᠳ ᠡᠮ ᠡᠮᠨᠡᠯᠭᠡ ᠶᠢᠨ ᠡᠮᠴᠢᠯᠡᠭᠡᠨ ᠤ ᠪᠠᠶᠢᠭᠤᠯᠤᠮᠵᠢ ᠶᠢ ᠲᠥᠷᠥᠯ ᠬᠤᠪᠢᠶᠠᠨ ᠬᠠᠮᠢᠶᠠᠷᠬᠤ᠂ ᠮᠣᠩᠭᠤᠯ ᠬᠢᠲᠠᠳ ᠡᠮᠨᠡᠯᠭᠡ ᠶᠢᠨ ᠡᠮᠴᠢᠯᠡᠭᠡᠨ ᠤ ᠪᠠᠶᠢᠭᠤᠯᠤᠮᠵᠢ ᠶᠢᠨ ᠮᠡᠷᠭᠡᠵᠢᠯ ᠢ ᠵᠥᠪᠰᠢᠶᠡᠷᠡᠨ ᠣᠷᠣᠭᠤᠯᠬᠤ᠂ ᠮᠣᠩᠭᠤᠯ ᠬᠢᠲᠠᠳ ᠡᠮ ︵ᠡᠮᠨᠡᠯᠭᠡ ᠶᠢᠨ ᠬᠤᠷᠢᠶ᠎ᠠ ᠶᠢᠨ ᠳᠣᠲᠣᠭᠠᠳᠤ ᠶᠢᠨ ᠨᠠᠶᠢᠷᠠᠯᠲᠠ ᠪᠠᠭᠲᠠᠨ᠎ᠠ︶ ᠢ ᠬᠢᠨᠠᠨ ᠵᠥᠪᠰᠢᠶᠡᠷᠡᠵᠦ ᠬᠠᠮᠢᠶᠠᠷᠬᠤ᠂ ᠮᠣᠩᠭᠤᠯ ᠬᠢᠲᠠᠳ ᠡᠮ ᠡᠮᠨᠡᠯᠭᠡ ᠶᠢᠨ ᠤᠯᠠᠮᠵᠢᠯᠠᠯᠲᠤ ᠮᠡᠳᠡᠯᠭᠡ ᠶᠢ ᠬᠠᠮᠠᠭᠠᠯᠠᠬᠤ ᠵᠡᠷᠭᠡ ᠬᠠᠮᠢᠶ᠎ᠠ ᠪᠥᠬᠦᠶ ᠲᠦᠷᠢᠮ ᠳᠤ ᠬᠠᠤᠯᠢ ᠶᠣᠰᠣᠭᠠᠷ ᠥᠭᠡᠷᠡᠴᠢᠯᠡᠯᠲᠡ ᠬᠢᠵᠦ᠂ ᠮᠣᠩᠭᠤᠯ ᠬᠢᠲᠠᠳ ᠡᠮ ᠡᠮᠨᠡᠯᠭᠡ ᠶᠢᠨ ᠠᠵᠢᠯᠲᠠᠨ ᠤ ᠬᠠᠤᠯᠢ ᠶᠣᠰᠤᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠎ᠠ᠃ ᠮᠣᠩᠭᠤᠯ ᠬᠢᠲᠠᠳ ᠡᠮᠨᠡᠯᠭᠡ ᠶᠢᠨ ᠡᠮᠴᠢᠯᠡᠭᠡᠨ ᠤ ᠶᠠᠰᠤ ᠴᠢᠨᠠᠷ ᠢ ᠬᠢᠨᠠᠨ ᠡᠵᠡᠮᠳᠡᠬᠦ ᠶᠢ ᠴᠢᠩᠭᠠᠳᠬᠠᠨ᠂ ᠮᠣᠩᠭᠤᠯ ᠬᠢᠲᠠᠳ ᠡᠮᠨᠡᠯᠭᠡ ᠶᠢᠨ ᠡᠮᠴᠢᠯᠡᠭᠡᠨ ᠤ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠮᠣᠩᠭᠤᠯ ᠬᠢᠲᠠᠳ ᠡᠮᠨᠡᠯᠭᠡ ᠶᠢᠨ ᠡᠮᠴᠢᠯᠡᠭᠡᠨ ᠤ ᠣᠨᠤᠰᠢᠯᠠᠨ ᠡᠮᠨᠡᠬᠦ ᠵᠦᠭᠯᠡᠭᠦᠷ᠂ ᠮᠡᠷᠭᠡᠵᠢᠯ ᠤᠨ ᠠᠵᠢᠯᠯᠠᠭᠠᠨ ᠤ ᠵᠢᠷᠤᠮᠵᠢᠯ ᠤᠨ ᠪᠣᠳᠠᠲᠤ ᠬᠡᠷᠡᠭᠯᠡᠭᠡᠨ ᠢ ᠴᠢᠩᠭᠠᠷᠠᠭᠤᠯᠤᠨ᠎ᠠ᠃ ᠮᠣᠩᠭᠤᠯ ᠬᠢᠲᠠᠳ ᠡᠮᠨᠡᠯᠭᠡ ᠶᠢᠨ ᠬᠢᠨᠠᠯᠲᠠ ᠲᠠᠯᠪᠢᠬᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠣᠩᠭᠤᠯ ᠬᠢᠲᠠᠳ ᠡᠮ ᠡᠮᠨᠡᠯᠭᠡ ᠶᠢᠨ ᠦᠶᠯᠡᠴᠢᠯᠡᠭᠡ ᠳᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠶᠢ ᠭᠦᠶᠴᠡᠳᠬᠡᠨ᠂ ᠮᠣᠩᠭᠤᠯ ᠬᠢᠲᠠᠳ ᠡᠮᠨᠡᠯᠭᠡ ᠶᠢᠨ ᠪᠠᠶᠢᠭᠤᠯᠤᠮᠵᠢ᠂ ᠠᠵᠢᠯᠲᠠᠨ᠂ ᠮᠡᠷᠭᠡᠵᠢᠯ ᠤᠨ ᠵᠥᠪᠰᠢᠶᠡᠷᠡᠨ ᠣᠷᠤᠭᠤᠯᠤᠯᠲᠠ ᠪᠠ ᠮᠡᠳᠡᠭᠡ ᠵᠠᠩᠭᠢ ᠶᠢᠨ ᠨᠡᠶᠢᠲᠡᠯᠡᠯᠲᠡ ᠶᠢ ᠵᠢᠷᠤᠮᠵᠢᠭᠤᠯᠵᠤ᠂ ᠮᠣᠩᠭᠤᠯ ᠬᠢᠲᠠᠳ ᠡᠮ ᠡᠮᠨᠡᠯᠭᠡ ᠶᠢᠨ ᠠᠵᠢᠯ ᠡᠷᠬᠢᠯᠡᠭᠴᠢᠳ ᠤᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠮᠣᠩᠭᠤᠯ ᠬᠢᠲᠠᠳ ᠡᠮ ᠡᠮᠨᠡᠯᠭᠡ ᠶᠢᠨ ᠠᠵᠢᠯ ᠲᠥᠷᠥᠯ ᠤᠨ ︽ᠨᠠᠵᠠᠭᠠᠢ ᠲᠠᠯ᠎ᠠ ᠶᠢᠨ ᠨᠠᠷᠢᠨ ᠳᠠᠩᠰᠠ︾ ᠶᠢᠨ ᠲᠦᠷᠢᠮ ᠢ ᠰᠦᠪᠡᠭᠴᠢᠯᠡᠨ ᠪᠠᠶᠢᠭᠤᠯᠵᠤ᠂ ᠬᠠᠤᠯᠢ ᠪᠤᠰᠤ ᠪᠠᠷ ᠡᠮᠴᠢᠯᠡᠬᠦ ᠪᠠ ᠡᠮᠴᠢᠯᠡᠭᠡᠨ ᠤ ᠵᠠᠬ᠎ᠠ ᠳᠡᠯᠭᠡᠭᠦᠷ ᠤᠨ ᠬᠡᠪ ᠤᠨ ᠡᠮᠬᠢ ᠵᠢᠷᠤᠮ ᠢ ᠰᠠᠮᠠᠭᠤᠷᠠᠭᠤᠯᠬᠤ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃     ︵ᠭᠤᠷᠪᠠ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠷᠠᠭᠤᠯᠤᠨ᠎ᠠ᠃ ᠡᠯ᠎ᠡ ᠬᠤᠰᠢᠭᠤ ᠰᠢᠶᠠᠨ ᠬᠤᠲᠠ ᠲᠣᠭᠤᠷᠢᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠮᠣᠩᠭᠤᠯ ᠬᠢᠲᠠᠳ ᠡᠮ ᠡᠮᠨᠡᠯᠭᠡ ᠶᠢᠨ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠬᠢᠨᠠᠮᠠᠭᠠᠢ ᠰᠤᠳᠤᠯᠤᠨ  ᠨᠠᠶᠢᠳᠠᠪᠤᠷᠢᠵᠢᠭᠤᠯᠵᠤ᠂ ᠰᠢᠨ᠎ᠡ ᠪᠠᠷ ᠨᠡᠮᠡᠭᠳᠡᠭᠰᠡᠨ ᠡᠷᠡᠭᠦᠯ ᠬᠠᠮᠠᠭᠠᠯᠠᠯ ᠤᠨ ᠣᠷᠣᠭᠤᠯᠤᠯᠲᠠ ᠶᠢ ᠮᠣᠩᠭᠤᠯ ᠬᠢᠲᠠᠳ ᠡᠮ ᠡᠮᠨᠡᠯᠭᠡ ᠶᠢᠨ ᠦᠢᠯᠡᠰ ᠲᠡᠰᠢ ᠬᠡᠯᠪᠠᠶᠢᠯᠭᠡᠵᠦ᠂ ᠮᠣᠩᠭᠤᠯ ᠬᠢᠲᠠᠳ ᠡᠮ ᠡᠮᠨᠡᠯᠭᠡ ᠶᠢᠨ ᠲᠤᠰᠬᠠᠢ ᠵᠠᠷᠤᠳᠠᠯ ᠢ ᠵᠦᠢ ᠵᠣᠬᠢᠰᠲᠠᠢ ᠲᠤᠬᠢᠷᠠᠭᠤᠯᠤᠨ᠂ ᠮᠣᠩᠭᠤᠯ  ᠬᠢᠲᠠᠳ ᠡᠮᠨᠡᠯᠭᠡ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠲᠤ ᠨᠡᠶᠢᠭᠡᠮ ᠤᠨ ᠬᠥᠷᠥᠩᠭᠡ ᠶᠢᠨ ᠣᠷᠣᠬᠤ ᠶᠢ ᠨᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠬᠤ ᠬᠡᠷᠡᠭᠲᠡᠢ᠃  ᠡᠮᠨᠡᠯᠭᠡ ᠶᠢᠨ ᠪᠠᠲᠤᠯᠠᠭᠠᠨ ᠤ ᠲᠥᠷᠥ ᠶᠢᠨ ᠪᠣᠳᠣᠯᠭ᠎ᠠ ᠶᠢ ᠦᠨᠳᠦᠰᠦᠨ ᠱᠠᠲᠤᠨ ᠤ ᠮᠣᠩᠭᠤᠯ ᠬᠢᠲᠠᠳ ᠡᠮ ᠡᠮᠨᠡᠯᠭᠡ ᠶᠢᠨ ᠦᠶᠯᠡᠴᠢᠯᠡᠭᠡ ᠳᠠᠰᠢ ᠤᠯᠠᠮ ᠨᠢᠭᠡ ᠠᠯᠬᠤᠮ ᠬᠡᠯᠪᠠᠶᠢᠯᠭᠡᠵᠦ᠂ ᠨᠥᠬᠦᠴᠡᠯ ᠳᠤ ᠨᠡᠶᠢᠴᠡᠬᠦ ᠮᠣᠩᠭᠤᠯ ᠪᠡᠯᠡᠨ ᠡᠮ᠂ ᠬᠢᠲᠠᠳ ᠪᠡᠯᠡᠨ ᠡᠮ᠂ ᠮᠣᠩᠭᠤᠯ ᠴᠢᠨᠠᠬᠤ ᠡᠮ᠂ ᠬᠢᠲᠠᠳ ᠴᠢᠨᠠᠬᠤ ᠡᠮ᠂ ᠡᠮᠴᠢᠯᠡᠭᠡᠨ ᠤ ᠪᠠᠶᠢᠭᠤᠯᠤᠮᠵᠢ ᠶᠢᠨ ᠮᠣᠩᠭᠤᠯ ᠬᠢᠲᠠᠳ ᠡᠮ ᠤᠨ ᠨᠠᠶᠢᠷᠠᠯᠲᠠ᠂ ᠮᠣᠩᠭᠤᠯ ᠬᠢᠲᠠᠳ ᠡᠮᠨᠡᠯᠭᠡ ᠶᠢᠨ ᠲᠥᠷᠥᠯ ᠤᠨ ᠣᠨᠤᠰᠢᠯᠠᠨ ᠡᠮᠨᠡᠬᠦ ᠲᠥᠷᠥᠯ ᠵᠦᠶᠯ ᠢ ᠲᠣᠭᠲᠠᠭᠠᠯ ᠶᠣᠰᠣᠭᠠᠷ ᠦᠨᠳᠦᠰᠦᠨ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠬᠦᠷᠢᠶ᠎ᠡ ᠬᠡᠪᠴᠢᠶ᠎ᠡ ᠳᠤ ᠣᠷᠣᠭᠤᠯᠤᠨ᠎ᠠ᠃ ᠮᠣᠩᠭᠤᠯ ᠬᠢᠲᠠᠳ ᠡᠮ ᠡᠮᠨᠡᠯᠭᠡ ᠶᠢᠨ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠳᠤ ᠥᠭᠡᠷᠡᠴᠢᠯᠡᠯᠲᠡ ᠬᠢᠵᠦ᠂ ᠮᠣᠩᠭᠤᠯ ᠬᠢᠲᠠᠳ ᠡᠮ ᠡᠮᠨᠡᠯᠭᠡ ᠶᠢᠨ ᠬᠥᠭᠵᠢᠯᠲᠡ ᠳᠤ ᠠᠰᠢᠭᠲᠠᠶ ᠨᠥᠬᠦᠪᠥᠷᠢᠯᠡᠬᠦ ᠲᠣᠭᠲᠠᠴᠠ ᠪᠠ ᠬᠤᠪᠢᠶᠠᠷᠢᠯᠠᠬᠤ ᠲᠣᠭᠲᠠᠴᠠ ᠶᠢ ᠪᠠᠶᠢᠭᠤᠯᠤᠨ᠂ ᠮᠣᠩᠭᠤᠯ ᠬᠢᠲᠠᠳ ᠡᠮ ᠡᠮᠨᠡᠯᠭᠡ ᠶᠢᠨ ᠡᠮᠴᠢᠯᠡᠭᠡᠨ ᠤ ᠦᠶᠯᠡᠴᠢᠯᠡᠭᠡ ᠶᠢᠨ ᠲᠥᠷᠥᠯ ᠵᠦᠶᠯ ᠤᠨ ᠦᠨ᠎ᠡ ᠬᠠᠩᠰᠢ ᠶᠢ ᠬᠥᠳᠡᠯᠦᠩᠭᠦᠶ ᠪᠠᠷ ᠲᠣᠬᠢᠷᠠᠭᠤᠯᠵᠤ᠂ ᠡᠮᠴᠢᠯᠡᠭᠡᠨ ᠤ ᠪᠠᠶᠢᠭᠤᠯᠤᠮᠵᠢ ᠪᠠ ᠡᠮᠨᠡᠯᠭᠡ ᠶᠢᠨ ᠠᠵᠢᠯᠲᠠᠨ ᠤ ᠮᠣᠩᠭᠤᠯ ᠬᠢᠲᠠᠳ ᠡᠮᠨᠡᠯᠭᠡ ᠶᠢᠨ ᠦᠶᠯᠡᠴᠢᠯᠡᠭᠡ ᠬᠠᠩᠭᠠᠬᠤ ᠶᠢ ᠨᠢ ᠵᠣᠷᠢᠭᠵᠢᠭᠤᠯᠤᠨ᠎ᠠ᠃ ᠮᠣᠩᠭᠤᠯ ᠬᠢᠲᠠᠳ ᠡᠮᠨᠡᠯᠭᠡ ᠶᠢᠨ ᠠᠵᠢᠯᠲᠠᠨ ᠳᠤ ᠰᠤᠷᠤᠯᠴᠠᠭᠰᠠᠨ ᠨᠠᠮᠲᠠᠷ ᠤᠨ ᠰᠤᠷᠭᠠᠨ ᠬᠥᠮᠦᠵᠢᠯ᠂ ᠡᠷᠳᠡᠮ ᠤᠨ ᠴᠣᠯᠠ ᠣᠯᠭᠤᠬᠤ᠂ ᠤᠷᠢᠨ ᠬᠡᠷᠡᠭᠯᠡᠬᠦ ᠶᠢ ᠵᠥᠪᠰᠢᠶᠡᠷᠡᠬᠦ᠂ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠵᠡᠷᠭᠡ ᠲᠠᠯ᠎ᠠ ᠪᠠᠷ ᠵᠣᠬᠢᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠣᠯᠭᠤᠵᠤ᠂ ᠦᠨᠳᠦᠰᠦᠨ ᠱᠠᠲᠤᠨ ᠤ ᠮᠣᠩᠭᠤᠯ ᠬᠢᠲᠠᠳ ᠡᠮ ᠡᠮᠨᠡᠯᠭᠡ ᠶᠢᠨ ᠠᠵᠢᠯᠲᠠᠨ ᠢ ᠤᠷᠢᠨ ᠬᠡᠷᠡᠭᠯᠡᠬᠦ ᠨᠥᠬᠦᠴᠡᠯ ᠢ ᠵᠣᠬᠢᠬᠤ ᠬᠡᠮᠵᠢᠶ᠎ᠡ ᠪᠠᠷ ᠠᠭᠤᠵᠢᠭᠤ ᠲᠠᠯᠪᠢᠬᠤ ᠶᠢᠨ ᠬᠠᠮᠲᠤ᠂ ᠠᠵᠢᠯᠲᠠᠨ ᠤ ᠶᠠᠪᠤᠳᠠᠯ ᠤᠨ ᠴᠠᠯᠢᠩ ᠬᠥᠯᠥᠰᠥ ᠶᠢᠨ ᠳᠦᠷᠢᠮ ᠤᠨ ᠥᠭᠡᠷᠡᠴᠢᠯᠡᠯᠲᠡ ᠳᠤ ᠮᠣᠩᠭᠤᠯ ᠬᠢᠲᠠᠳ ᠡᠮ ᠡᠮᠨᠡᠯᠭᠡ ᠶᠢᠨ ᠠᠵᠢᠯᠲᠠᠨ ᠤ ᠬᠥᠳᠡᠯᠮᠦᠷᠢ ᠦᠶᠯᠡᠴᠢᠯᠡᠭᠡᠨ ᠤ ᠥᠷᠲᠡᠭ ᠢ ᠢᠯᠡᠷᠡᠭᠦᠯᠦᠨ᠎ᠡ᠃     ︵ᠳᠥᠷᠪᠡ︶ ᠥᠭᠡᠷᠡᠴᠢᠯᠡᠯᠲᠡ ᠬᠢᠵᠦ ᠰᠢᠨ᠎ᠡ ᠡᠭᠦᠳᠦᠯᠲᠡ ᠶᠢ ᠠᠬᠢᠭᠤᠯᠤᠨ᠎ᠠ᠃ ᠶᠡᠷᠦᠩᠬᠡᠶᠢᠯᠡᠭᠰᠡᠨ ᠡᠮᠨᠡᠯᠭᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ᠋ ᠤᠨ ᠠᠵᠢᠯ ᠲᠠᠢ ᠤᠶᠠᠯᠳᠤᠭᠤᠯᠤᠨ᠂ ᠠᠯᠪᠠᠨ ᠠᠴᠠ ᠪᠠᠶᠢᠭᠤᠯᠤᠭᠰᠠᠨ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ ᠶᠢ ᠵᠣᠷᠢᠭᠵᠢᠭᠤᠯᠤᠨ᠂ ᠮᠣᠩᠭᠤᠯ ᠬᠢᠲᠠᠳ ᠡᠮ ᠡᠮᠨᠡᠯᠭᠡ ᠶᠢᠨ ᠦᠶᠯᠡᠴᠢᠯᠡᠭᠡᠨ ᠤ ᠬᠡᠷᠡᠭᠯᠡᠭᠡᠨ ᠤ ᠰᠢᠨ᠎ᠡ ᠡᠭᠦᠳᠦᠯᠲᠡ ᠶᠢ ᠨᠢ ᠳᠡᠮᠵᠢᠵᠦ᠂ ᠮᠠᠨ ᠤ ᠬᠤᠲᠠ ᠶᠢᠨ ᠮᠣᠩᠭᠤᠯ ᠬᠢᠲᠠᠳ ᠡᠮ ᠡᠮᠨᠡᠯᠭᠡ ᠶᠢᠨ ᠦᠶᠯᠡᠰ ᠤᠨ ᠬᠥᠭᠵᠢᠯᠲᠡ ᠳᠤ ᠠᠰᠢᠭᠲᠠᠶ ᠲᠥᠷᠥ ᠶᠢᠨ ᠪᠣᠳᠣᠯᠭ᠎ᠠ ᠲᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠵᠥᠷᠢᠶ᠎ᠡ ᠪᠠᠨ ᠡᠷᠢᠵᠦ᠂ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠪᠤᠰᠤᠳ ᠬᠤᠲᠠ ᠶᠢᠨ ᠮᠣᠩᠭᠤᠯ ᠬᠢᠲᠠᠳ ᠡᠮ ᠡᠮᠨᠡᠯᠭᠡ ᠶᠢᠨ ᠦᠶᠯᠡᠰ ᠤᠨ ᠬᠥᠭᠵᠢᠯᠲᠡ ᠶᠢ ᠠᠬᠢᠭᠤᠯᠤᠭᠰᠠᠨ ᠠᠮᠵᠢᠯᠲᠠ ᠲᠠᠢ ᠲᠤᠷᠰᠢᠯᠭ᠎ᠠ ᠶᠢ ᠰᠤᠷᠤᠯᠴᠠᠨ ᠲᠣᠯᠢᠳᠠᠵᠤ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠮᠠᠨ ᠤ ᠬᠤᠲᠠ ᠶᠢᠨ ᠮᠣᠩᠭᠤᠯ ᠬᠢᠲᠠᠳ ᠡᠮ ᠡᠮᠨᠡᠯᠭᠡ ᠶᠢᠨ ᠦᠶᠯᠡᠰ ᠤᠨ ᠲᠦᠷᠭᠡᠨ ᠪᠥᠭᠡᠳ ᠦᠷᠭᠦᠯᠵᠢᠯᠡᠨ ᠬᠥᠭᠵᠢᠬᠦ ᠶᠢ ᠠᠬᠢᠭᠤᠯᠤᠨ᠎ᠠ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2