ᠭᠤᠣᠯ ᠰᠡᠳᠦᠪ᠄ ᠬᠠᠤᠯᠢ ᠬᠡᠷᠡᠭᠵᠢᠭᠦᠯᠦᠯᠳᠡ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ ᠠᠷᠠᠳ ᠲᠤ ᠠᠰᠢᠭ | ᠬᠦᠷᠲᠡᠭᠡᠬᠦ ᠪᠣᠳᠠᠲᠤ ᠶᠠᠪᠤᠳᠠᠯ ᠢ ᠰᠠᠶᠢᠲᠤᠷ ᠬᠢᠬᠦ ᠬᠡᠷᠡᠭᠲᠡᠶ | ᠴᠠᠭ᠄ 2021 ᠤᠨ ᠤ 4 ᠰᠠᠷ᠎ᠡ ᠶᠢᠨ 2 ᠤᠨ ᠡᠳᠦᠷ ᠤᠨ 9 ᠴᠠᠭ | ᠰᠤᠷᠪᠤᠯᠵᠢᠯᠠᠭ᠎ᠠ ᠬᠦᠯᠢᠶᠡᠭᠴᠢ᠄ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶᠠᠨ ᠤ ᠤᠯᠠᠭᠠᠨᠴᠠᠪ | ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ | ᠸᠠᠩ ᠰᠢᠶᠠᠩ ᠶᠠᠩ | | ᠲᠣᠪᠴᠢ ᠠᠭᠤᠯᠭ᠎ᠠ | ᠣᠶᠢᠷ᠎ᠠ ᠶᠢᠨ ᠵᠢᠯ ᠳᠤ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠤᠯᠠᠭᠠᠨᠴᠠᠪ | ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ︽ | ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠬᠤᠳᠠᠯᠳᠤᠭ᠎ᠠ ᠡᠵᠡᠩᠨᠡᠬᠦ | ᠣᠷᠴᠢᠨ ᠳᠤᠭᠤᠷᠢᠨ ᠢ ᠰᠢᠯᠢᠳᠡᠭᠵᠢᠭᠦᠯᠬᠦ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠭᠠᠶᠢᠯᠢ | ᠲᠤᠰᠢᠶᠠᠭᠴᠢ ᠰᠦᠢᠳᠭᠡᠯ ᠲᠤᠰᠢᠶᠠᠭᠴᠢ ᠶᠢᠨ ᠪᠣᠳᠠᠲᠠᠶ ᠬᠡᠷᠡᠭᠴᠡᠭᠡ ᠱᠠᠭᠠᠷᠳᠠᠯᠭ᠎ᠠ ᠳᠤ ᠨᠠᠷᠢᠯᠢᠭ ᠣᠨᠣᠴᠠᠲᠠᠶ ᠪᠠᠷ | ᠠᠩᠬᠠᠷᠤᠯ ᠢᠶᠠᠨ ᠲᠥᠪᠯᠡᠷᠡᠭᠦᠯᠵᠦ᠂ ᠭᠠᠶᠢᠯᠢ ᠲᠤᠰᠢᠶᠠᠬᠤ ᠦᠢᠯᠡᠴᠢᠯᠡᠬᠡᠨ ᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ | ᠲᠠᠰᠤᠷᠠᠯᠲᠠ ᠥᠬᠡᠶ ᠳᠡᠭᠡᠭᠰᠢᠯᠡᠭᠦᠯᠦᠨ᠂ ᠭᠠᠶᠢᠯᠢ ᠲᠠᠲᠠᠪᠤᠷᠢ ᠬᠤᠳᠠᠯᠳᠤᠭ᠎ᠠ ᠡᠵᠡᠩᠨᠡᠬᠦ ᠣᠷᠴᠢᠨ ᠳᠤᠭᠤᠷᠢᠨ ᠢ | ᠰᠢᠯᠢᠳᠡᠭᠵᠢᠭᠦᠯᠵᠦ᠂ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠰᠢᠷᠢᠰ ᠠᠷᠭ᠎ᠠ | ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠭᠠᠶᠢᠯᠢ ᠲᠤᠰᠢᠶᠠᠭᠴᠢ ᠰᠦᠢᠳᠬᠡᠯ ᠲᠤᠰᠢᠶᠠᠭᠴᠢ ᠶᠢᠨ ᠭᠠᠶᠢᠯᠢ | ᠲᠤᠰᠢᠶᠠᠬᠤ ᠰᠦᠢᠳᠭᠡᠯ ᠲᠤᠰᠢᠶᠠᠬᠤ ᠶᠠᠪᠤᠴᠠ ᠳᠤ ᠲᠤᠯᠭᠠᠷᠠᠭᠰᠠᠨ ᠲᠦᠭᠵᠢᠷᠡᠯ᠂ ᠬᠦᠴᠢᠷ ᠠᠰᠠᠭᠤᠳᠠᠯ᠂ | ᠡᠪᠡᠷᠰᠢᠶᠡᠯ ᠲᠠᠢ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠤ᠂ ᠭᠠᠶᠢᠯᠢ ᠲᠤᠰᠢᠶᠠᠭᠴᠢ ᠰᠦᠢᠳᠬᠡᠯ | ᠲᠤᠰᠢᠶᠠᠭᠴᠢ ᠶᠢᠨ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯ ᠤᠨ ᠲᠥᠷᠥᠭᠳᠡᠯ ᠢ ᠲᠠᠰᠤᠷᠠᠯᠲᠠ ᠥᠬᠡᠶ | ᠳᠡᠭᠡᠭᠰᠢᠯᠡᠭᠦᠯᠪᠡ᠃ | ᠰᠤᠷᠪᠤᠯᠵᠢᠯᠠᠭ᠎ᠠ ᠶᠢᠨ ᠡᠷᠭᠢᠴᠡᠭᠦᠯᠦᠯ | ᠰᠤᠷᠪᠤᠯᠵᠢᠯᠠᠭᠴᠢ᠄ ᠡᠨᠡ ᠵᠢᠯ ᠤᠨ 4 ᠳ᠋ᠣᠭᠡᠷ ᠰᠠᠷ᠎ᠠ ᠪᠣᠯ ᠪᠦᠬᠦ ᠤᠯᠤᠰ ᠤᠨ 30 ᠳ᠋ᠤᠭᠠᠷ ᠤᠳᠠᠭᠠᠨ ᠤ ᠭᠠᠶᠢᠯᠢ | ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠪᠣᠯᠤᠨ᠎ᠠ᠂ ᠡᠨᠡ ᠵᠢᠯ ᠤᠨ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ | ᠰᠠᠷ᠎ᠠ ᠳᠤ ᠶᠠᠮᠠᠷ ᠶᠠᠮᠠᠷ ᠭᠤᠣᠯ ᠠᠭᠤᠯᠭ᠎ᠠ ᠪᠠᠶᠢᠬᠤ ᠪᠤᠶ︖ | ᠸᠠᠩ ᠰᠢᠶᠠᠩ ᠶᠠᠩ᠄ ᠡᠨᠡ ᠵᠢᠯ ᠤᠨ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠳᠤ᠂ ᠭᠠᠶᠢᠯᠢ ᠶᠢᠨ | ᠶᠠᠪᠤᠳᠠᠯ ᠤᠨ ᠰᠠᠯᠠᠭ᠎ᠠ ᠮᠥᠴᠢᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ ᠰᠢᠨ᠎ᠡ ᠬᠥᠭᠵᠢᠯᠲᠡ ᠶᠢᠨ | ᠱᠠᠳᠤ ᠦᠶ᠎ᠡ ᠶᠢ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠳᠤᠭᠤᠰᠢᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠦᠢᠯᠡᠴᠢᠯᠡᠵᠦ᠂ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ | ᠰᠠᠷ᠎ᠠ ᠶᠢᠨ ᠠᠵᠢᠯᠯᠠᠭ᠎ᠠ ᠶᠢᠨ ᠭᠤᠣᠯ ᠰᠡᠳᠦᠪ ᠤᠨ ᠲᠣᠭᠤᠷᠢᠨ ᠳᠤ ᠪᠠᠶᠠᠯᠢᠭ ᠰᠠᠶᠢᠬᠠᠨ ᠠᠵᠢᠯᠯᠠᠭ᠎ᠠ ᠥᠷᠨᠢᠭᠦᠯᠵᠦ᠂ | ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠬᠦ᠂ ᠭᠠᠶᠢᠯᠢ ᠲᠠᠲᠠᠪᠤᠷᠢ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ᠂ ᠠᠷᠠᠳ ᠲᠤ ᠲᠦᠭᠦᠮ ᠦᠵᠡᠭᠦᠯᠬᠦ ᠭᠠᠶᠢᠯᠢ ᠳᠤᠰᠢᠶᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ᠂ | ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢ ᠰᠠᠶᠢᠲᠤᠷ ᠬᠢᠬᠦ ᠢᠳᠡᠪᠬᠢᠲᠡᠢ ᠰᠦᠪᠡᠭᠴᠢᠯᠡᠯᠳᠡ ᠵᠢᠴᠢ ᠦᠷ᠎ᠡ | ᠪᠦᠲᠦᠮᠵᠢ ᠶᠢ ᠥᠷᠭᠡᠨ ᠢᠶᠠᠷ ᠤᠬᠠᠭᠤᠯᠤᠨ᠎ᠡ︔ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ︽ᠵᠠᠰᠠᠭ ᠤᠨ | ᠣᠷᠳᠣᠨ ᠤ ᠠᠵᠢᠯ ᠤᠨ ᠢᠯᠡᠳᠬᠡᠯ︾ ᠪᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠲᠣᠪᠴᠢ ᠶᠢᠨ ᠭᠠᠶᠢᠯᠢ ᠳᠤ ᠬᠤᠯᠪᠣᠭᠳᠠᠬᠤ ᠡᠭᠦᠷᠭᠡ ᠶᠢ ᠨᠠᠶᠢᠳᠠᠪᠤᠷᠢᠵᠢᠭᠤᠯᠵᠤ᠂ ᠤᠯᠤᠰ ᠤᠨ ᠴᠢᠬᠤᠯᠠ ᠶᠡᠭᠡ | ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠳᠤ ᠦᠢᠯᠡᠴᠢᠯᠡᠬᠦ ᠠᠷᠭ᠎ᠠ ᠬᠡᠮᠵᠢᠶ᠎ᠡ ᠶᠢ ᠥᠷᠭᠡᠨ ᠢᠶᠠᠷ ᠤᠬᠠᠭᠤᠯᠤᠨ᠎ᠠ︔ | ᠭᠠᠶᠢᠯᠢ ᠶᠢᠨ ᠶᠠᠪᠤᠳᠠᠯ ᠤᠨ ᠺᠠᠳ᠋ᠷ ᠤᠨ ᠤᠭ ᠰᠠᠨᠠᠭ᠎ᠠ ᠪᠠᠨ ᠦᠯᠦ ᠮᠠᠷᠲᠠᠬᠤ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠬᠦ᠂ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠳᠤ ᠬᠦᠴᠦᠨ ᠨᠡᠮᠡᠷᠢᠯᠡᠵᠤ ᠬᠠᠷᠢᠭᠤᠴᠠᠯᠭ᠎ᠠ ᠡᠭᠦᠷᠭᠡᠯᠡᠨ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ | ᠥᠷᠭᠡᠨ ᠢᠶᠠᠷ ᠤᠬᠠᠭᠤᠯᠤᠨ᠎ᠡ︔ ᠭᠠᠶᠢᠯᠢ ᠲᠠᠲᠠᠪᠤᠷᠢ ᠶᠢᠨ 30 ᠵᠢᠯ ᠤᠨ ᠤᠬᠠᠭᠤᠯᠭ᠎ᠠ ᠶᠢᠨ ᠰᠠᠷ᠎ᠠ ᠠᠴᠠ ᠭᠠᠶᠢᠯᠢ | ᠲᠠᠲᠠᠪᠤᠷᠢ ᠶᠢᠨ ᠥᠭᠡᠷᠡᠴᠢᠯᠡᠯᠲᠡ ᠶᠢᠨ ᠶᠠᠪᠤᠴᠠ ᠪᠠ ᠤᠯᠤᠰ ᠤᠨ ᠬᠥᠭᠵᠢᠯᠲᠡ ᠬᠤᠪᠢᠷᠠᠯᠲᠠ ᠶᠢ ᠤᠯᠵᠤ ᠦᠵᠡᠬᠦ | ᠲᠤᠬᠠᠶ ᠥᠷᠭᠡᠨ ᠢᠶᠠᠷ ᠤᠬᠠᠭᠤᠯᠤᠨ᠎ᠡ︔ ᠭᠠᠶᠢᠯᠢ ᠲᠠᠲᠠᠪᠤᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠠ ᠭᠠᠶᠢᠯᠢ | ᠰᠦᠢᠳᠬᠡᠯ ᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠦᠷᠭᠡᠨ ᠢᠶᠠᠷ ᠤᠬᠠᠭᠤᠯᠤᠨ᠎ᠡ︔ ᠭᠠᠶᠢᠯᠢ ᠶᠢᠨ | ᠶᠠᠪᠤᠳᠠᠯ ᠤᠨ ᠰᠠᠯᠠᠭ᠎ᠠ ᠮᠥᠴᠢᠷ ᠤᠨ ︽ᠨᠢᠭᠡ ᠪᠦᠰᠡ ᠨᠢᠭᠡ ᠵᠠᠮ︾ ᠤᠨ ᠪᠥᠲᠥᠭᠡᠨ ᠪᠠᠶᠢᠭᠤᠯᠤᠯᠲᠠ ᠳᠤ | ᠦᠢᠯᠡᠴᠢᠯᠡᠬᠦ ᠵᠡᠷᠭᠡ ᠲᠠᠯ᠎ᠠ ᠶᠢᠨ ᠠᠷᠭ᠎ᠠ ᠬᠢᠳᠡᠯ ᠢ ᠥᠷᠭᠡᠨ ᠢᠶᠠᠷ ᠤᠬᠠᠭᠤᠯᠤᠨ᠎ᠠ᠃ | ᠰᠤᠷᠪᠤᠯᠵᠢᠯᠠᠭᠴᠢ᠄ ᠡᠨᠡ ᠵᠢᠯ ᠪᠣᠯ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ 8 ᠵᠢᠯ ᠳᠠᠷᠠᠭᠠᠯᠠᠨ ︽ | ᠠᠷᠠᠳ ᠲᠤ ᠳᠥᠭᠦᠮ ᠦᠵᠡᠭᠦᠯᠬᠦ ᠭᠠᠶᠢᠯᠢ ᠳᠤᠰᠢᠶᠠᠬᠤ ᠬᠠᠪᠤᠷ ᠤᠨ ᠤᠷᠢᠬᠠᠨ ᠰᠠᠯᠬᠢᠨ ᠤ ᠠᠵᠢᠯᠯᠠᠭ᠎ᠠ︾ ᠶᠢ | ᠥᠷᠨᠢᠭᠦᠯᠵᠤ ᠪᠠᠶᠢᠭ᠎ᠠ ᠵᠢᠯ ᠪᠤᠯᠤᠨ᠎ᠡ᠃ ᠡᠨᠡ ᠵᠢᠯ ᠤᠨ ᠠᠷᠠᠳ ᠲᠤ ᠳᠥᠭᠦᠮ ᠦᠵᠡᠭᠦᠯᠬᠦ ᠭᠠᠶᠢᠯᠢ ᠳᠤᠰᠢᠶᠠᠬᠤ | ᠬᠠᠪᠤᠷ ᠤᠨ ᠤᠷᠢᠬᠠᠨ ᠰᠠᠯᠬᠢᠨ ᠤ ᠠᠵᠢᠯᠯᠠᠭ᠎ᠠ ᠨᠢ ᠶᠠᠮᠠᠷ ᠶᠠᠮᠠᠷ ᠣᠨᠴᠠᠯᠢᠭ ᠲᠠᠢ ᠪᠣᠶ︖ | ᠸᠠᠩ ᠰᠢᠶᠠᠩ ᠶᠠᠩ᠄ 2021 ᠣᠨ ᠪᠣᠯ ᠨᠢᠭᠡᠨ ᠣᠨᠴᠠᠭᠠᠶ ᠵᠢᠯ ᠪᠣᠯᠤᠨ᠎ᠠ᠂ ᠥᠩᠭᠡᠷᠡᠭᠰᠡᠨ ᠵᠢᠯ ᠤᠳ ᠲᠠᠢ | ᠬᠠᠷᠢᠴᠠᠭᠤᠯᠪᠠᠯ᠂ ᠡᠨᠡ ᠵᠢᠯ ᠤᠨ ︽ᠬᠠᠪᠤᠷ ᠤᠨ ᠤᠷᠢᠬᠠᠨ ᠰᠠᠯᠬᠢᠨ ᠤ ᠠᠵᠢᠯᠯᠠᠭ᠎ᠠ︾ ᠨᠢ ᠳᠣᠤᠷᠠᠬᠢ ᠮᠡᠲᠦ ᠬᠡᠳᠦᠨ | ᠢᠯᠡ ᠲᠣᠳᠣ ᠣᠨᠴᠠᠯᠢᠭ ᠲᠠᠢ ᠶᠤᠮ᠃ | ᠨᠢᠭᠡ ᠳᠤ ᠡᠨᠡ ᠵᠢᠯ ᠪᠣᠯ ᠨᠠᠮ ᠪᠠᠶᠢᠭᠤᠯᠤᠭᠳᠠᠭᠰᠠᠨ 100 ᠵᠢᠯ ᠤᠨ ᠤᠢ ᠮᠥᠨ᠂ ᠲᠥᠪ ᠬᠤᠷᠢᠶ᠎ᠠ ᠠᠴᠠ ︽ | ᠪᠢ ᠤᠯᠠᠨ ᠲᠦᠮᠡᠨ ᠳᠤ ᠪᠣᠳᠠᠲᠠᠶ ᠠᠵᠢᠯ ᠬᠢᠵᠤ ᠦᠭᠬᠦ︾ ᠦᠢᠯᠡᠳᠦᠯᠭᠡ ᠶᠢᠨ ᠠᠵᠢᠯᠯᠠᠭ᠎ᠠ ᠶᠢ ᠪᠠᠶᠢᠷᠢᠯᠠᠭᠤᠯᠤᠨ | ᠥᠷᠨᠢᠭᠦᠯᠪᠡ᠃ ︽ᠬᠠᠪᠤᠷ ᠤᠨ ᠤᠷᠢᠬᠠᠨ ᠰᠠᠯᠬᠢᠨ ᠤ ᠠᠵᠢᠯᠯᠠᠭ᠎ᠠ︾ ᠪᠣᠯ ᠭᠠᠶᠢᠯᠢ ᠶᠢᠨ ᠶᠠᠪᠤᠳᠠᠯ ᠤᠨ ᠰᠠᠯᠠᠭ᠎ᠠ | ᠮᠥᠴᠢᠷ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠰᠡᠳᠬᠢᠯ ᠪᠦᠬᠦ | ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠦᠢᠯᠡᠳᠦᠯᠭᠡᠵᠢᠭᠦᠯᠬᠦ ᠴᠢᠬᠤᠯᠠ ᠠᠷᠭ᠎ᠠ ᠬᠡᠮᠵᠢᠶ᠎ᠡ | ᠪᠣᠯᠤᠨ᠎ᠠ᠃ ᠡᠨᠡ ᠵᠢᠯ ᠤᠨ ︽ᠬᠠᠪᠤᠷ ᠤᠨ ᠤᠷᠢᠬᠠᠨ ᠰᠠᠯᠬᠢᠨ ᠤ ᠠᠵᠢᠯᠯᠠᠭ᠎ᠠ︾ ᠶᠢᠨ ᠭᠤᠤᠯ ᠰᠡᠳᠦᠪ ᠪᠠ | ᠭᠠᠷᠴᠠᠭ ᠲᠤ ︽ᠪᠢ ᠭᠠᠶᠢᠯᠢ ᠲᠤᠰᠢᠶᠠᠭᠴᠢ ᠰᠦᠢᠳᠭᠡᠯ ᠲᠤᠰᠢᠶᠠᠭᠴᠢ ᠳᠤ ᠪᠣᠳᠠᠲᠠᠶ ᠠᠵᠢᠯ ᠬᠢᠵᠤ ᠦᠭᠬᠦ︾ ᠭᠡᠬᠦ | ᠠᠭᠤᠯᠭ᠎ᠠ ᠶᠢ ᠳᠣᠪᠤᠶᠢᠯᠭᠠᠵᠤ᠂ ᠭᠠᠶᠢᠯᠢ ᠲᠤᠰᠢᠶᠠᠭᠴᠢ ᠰᠦᠢᠳᠭᠡᠯ ᠲᠤᠰᠢᠶᠠᠭᠴᠢ ᠪᠠᠷ ᠭᠤᠤᠯ ᠪᠣᠯᠭᠠᠬᠤ ᠶᠢ | ᠪᠠᠷᠢᠮᠲᠠᠯᠠᠵᠤ᠂ ᠭᠠᠶᠢᠯᠢ ᠲᠤᠰᠢᠶᠠᠭᠴᠢ ᠰᠦᠢᠳᠭᠡᠯ ᠲᠤᠰᠢᠶᠠᠭᠴᠢ ᠶᠢᠨ ᠲᠦᠭᠵᠢᠷᠡᠯ᠂ ᠬᠦᠴᠢᠷ ᠠᠰᠠᠭᠤᠳᠠᠯ᠂ | ᠡᠪᠡᠷᠰᠢᠶᠡᠯ ᠲᠠᠢ ᠠᠰᠠᠭᠤᠳᠠᠯ ᠢ ᠬᠦᠴᠦᠯᠡᠨ ᠰᠢᠢᠳᠪᠦᠷᠢᠯᠡᠵᠤ᠂ ᠠᠷᠠᠳ ᠲᠤ ᠠᠰᠢᠭ ᠬᠦᠷᠲᠡᠭᠡᠬᠦ ᠪᠣᠳᠠᠲᠠᠶ ᠠᠵᠢᠯ ᠢ | ᠰᠠᠶᠢᠲᠤᠷ ᠬᠢᠬᠦ ᠶᠠᠪᠤᠳᠠᠯ ᠪᠣᠯᠤᠨ᠎ᠠ᠃ | ᠬᠤᠶᠠᠷ ᠲᠤ ᠠᠷᠠᠳ ᠲᠤ ᠲᠥᠬᠦᠮ ᠦᠵᠡᠭᠦᠯᠬᠦ ᠬᠠᠪᠤᠷ ᠤᠨ ᠤᠷᠢᠬᠠᠨ ᠰᠠᠯᠬᠢᠨ ᠤ ᠠᠵᠢᠯᠯᠠᠭ᠎ᠠ ᠪᠣᠯ | ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ | ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠤ ᠦᠭᠬᠦ︾ ᠦᠢᠯᠡᠳᠦᠯᠭᠡ ᠶᠢᠨ ᠠᠵᠢᠯᠯᠠᠭ᠎ᠠ ᠶᠢ ᠰᠠᠶᠢᠲᠤᠷ | ᠠᠳᠬᠤᠬᠤ ᠴᠢᠬᠤᠯᠠ ᠠᠷᠭ᠎ᠠ ᠬᠡᠮᠵᠢᠶ᠎ᠡ ᠮᠥᠨ᠃ ᠪᠢᠳᠡ ᠨᠠᠮ ᠤᠨ ᠲᠡᠤᠬᠡ ᠶᠢ ᠰᠤᠷᠤᠯᠴᠠᠬᠤ ᠶᠢ ᠲᠤᠷᠰᠢᠯᠭ᠎ᠠ ᠪᠠᠨ | ᠳ᠋ᠦᠩᠨᠡᠬᠦ᠂ ᠪᠣᠳᠠᠲᠤ ᠪᠠᠶᠢᠳᠠᠯ ᠢ ᠠᠵᠢᠭᠯᠠᠬᠤ᠂ ᠠᠵᠢᠯ ᠢᠶᠠᠨ ᠠᠬᠢᠭᠤᠯᠬᠤ ᠲᠠᠢ ᠤᠶᠠᠯᠳᠤᠭᠤᠯᠵᠤ᠂ ᠭᠠᠶᠢᠯᠢ | ᠲᠤᠰᠢᠶᠠᠭᠴᠢ ᠰᠦᠢᠳᠭᠡᠯ ᠲᠤᠰᠢᠶᠠᠭᠴᠢ ᠶᠢᠨ ᠲᠦᠭᠵᠢᠷᠡᠯ᠂ ᠬᠦᠴᠢᠷ ᠠᠰᠠᠭᠤᠳᠠᠯ᠂ ᠡᠪᠡᠷᠰᠢᠶᠡᠯ ᠲᠠᠢ ᠠᠰᠠᠭᠤᠳᠠᠯ ᠢ | ᠬᠦᠴᠦᠯᠡᠨ ᠰᠢᠢᠳᠪᠦᠷᠢᠯᠡᠵᠤ᠂ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢ ᠰᠠᠶᠢᠲᠤᠷ ᠬᠢᠨ᠎ᠠ᠃ | ᠭᠤᠷᠪᠠ ᠳᠤ ᠣᠶᠢᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠭᠠᠶᠢᠯᠢ ᠲᠠᠲᠠᠪᠤᠷᠢ ᠶᠢᠨ ᠲᠠᠲᠠᠪᠤᠷᠢᠯᠠᠨ ᠬᠠᠮᠢᠶᠠᠷᠬᠤ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠪᠠ᠂ ︽ | ᠬᠠᠪᠤᠷ ᠤᠨ ᠤᠷᠢᠬᠠᠨ ᠰᠠᠯᠬᠢᠨ ᠤ ᠠᠵᠢᠯᠯᠠᠭ᠎ᠠ︾ ᠨᠢ ᠮᠥᠨ ᠴᠦ ︽ᠰᠠᠨᠠᠯ︾ ᠤᠨ ᠵᠣᠷᠢᠭ ᠰᠠᠨᠠᠭ᠎ᠠ ᠶᠢ | ᠨᠠᠶᠢᠳᠠᠪᠤᠷᠢᠵᠢᠭᠤᠯᠵᠤ᠂ ᠨᠠᠷᠢᠨ ᠣᠨᠣᠪᠴᠢᠲᠠᠶ ᠬᠠᠤᠯᠢ ᠬᠡᠷᠡᠭᠵᠢᠭᠦᠯᠬᠦ᠂ ᠨᠠᠷᠢᠯᠢᠭ ᠦᠢᠯᠡᠴᠢᠯᠡᠬᠦ᠂ ᠨᠠᠷᠢᠯᠢᠭ | ᠣᠨᠣᠴᠠᠲᠠᠶ ᠪᠠᠷ ᠬᠢᠨᠠᠨ ᠬᠠᠮᠢᠶᠠᠷᠬᠤ᠂ ᠦᠨᠡᠨᠴᠢ ᠰᠢᠳᠤᠷᠭᠤ ᠪᠠᠷ ᠬᠠᠮᠲᠤ ᠪᠠᠷ ᠵᠠᠰᠠᠬᠤ ᠶᠢ ᠭᠦᠨᠵᠡᠭᠡᠶ ᠳᠥᠯᠭᠢᠨ | ᠠᠬᠢᠭᠤᠯᠵᠤ᠂ ᠭᠠᠶᠢᠯᠢ ᠶᠢᠨ ᠬᠠᠤᠯᠢ ᠶᠢ ᠵᠢᠷᠤᠮᠯᠠᠬᠤ ᠬᠡᠮᠵᠢᠶ᠎ᠡ ᠪᠠ ᠨᠡᠶᠢᠭᠡᠮ ᠤᠨ ᠬᠠᠨᠤᠮᠵᠢ ᠶᠢᠨ ᠬᠡᠮᠵᠢᠶ᠎ᠡ ᠶᠢ | ᠳᠡᠭᠡᠭᠰᠢᠯᠡᠭᠦᠯᠬᠦ ᠶᠢᠨ ᠴᠢᠬᠤᠯᠠ ᠠᠭᠤᠯᠭ᠎ᠠ ᠪᠣᠯᠤᠨ᠎ᠠ᠃ | ᠡᠨᠡ ᠵᠢᠯ ᠤᠨ ︽ᠬᠠᠪᠤᠷ ᠤᠨ ᠤᠷᠢᠬᠠᠨ ᠰᠠᠯᠬᠢᠨ ᠤ ᠠᠵᠢᠯᠯᠠᠭ᠎ᠠ︾ ᠳᠤ ᠪᠠᠰᠠ ᠨᠢᠭᠡ ᠲᠣᠪᠤᠶᠢᠮ᠎ᠠ | ᠣᠨᠴᠠᠯᠢᠭ ᠲᠠᠢ ᠪᠠᠶᠢᠳᠠᠭ᠂ ᠡᠨᠡ ᠨᠢ ᠳᠠᠷᠤᠶ ᠭᠠᠶᠢᠯᠢ ᠲᠤᠰᠢᠶᠠᠭᠴᠢ ᠰᠦᠢᠳᠭᠡᠯ ᠲᠤᠰᠢᠶᠠᠭᠴᠢ ᠶᠢᠨ ᠪᠣᠳᠠᠲᠠᠶ | ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠰᠢᠷᠢᠰ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠠᠪᠤᠳᠠᠯ | ᠪᠣᠯᠤᠨ᠎ᠠ᠃ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ︽ᠬᠠᠪᠤᠷ ᠤᠨ ᠤᠷᠢᠬᠠᠨ ᠰᠠᠯᠬᠢᠨ ᠤ ᠠᠵᠢᠯᠯᠠᠭ᠎ᠠ︾ | ᠶᠢᠨ ᠳᠤᠮᠳᠠ ᠬᠠᠨᠳᠤᠯᠭᠠᠲᠤ ᠴᠢᠨᠠᠷᠲᠠᠶ ᠪᠠᠷ 10 ᠶᠡᠭᠡ ᠲᠥᠷᠥᠯ 30 ᠵᠦᠢᠯ 100 ᠵᠤᠷᠪᠤᠰ ᠤᠨ ᠪᠣᠳᠠᠲᠠᠶ ᠠᠷᠭ᠎ᠠ | ᠬᠡᠮᠵᠢᠶ᠎ᠡ ᠶᠢ ᠨᠡᠶᠢᠲᠡᠯᠡᠵᠦ᠂ ᠭᠠᠶᠢᠯᠢ ᠲᠤᠰᠢᠶᠠᠭᠴᠢ ᠰᠦᠢᠳᠭᠡᠯ ᠲᠤᠰᠢᠶᠠᠭᠴᠢ ᠶᠢᠨ ᠬᠠᠯᠠᠮᠵᠢᠯ ᠳᠤ ᠬᠦᠢᠴᠡᠳ | ᠬᠠᠷᠢᠭᠤᠯᠲᠠ ᠥᠭᠴᠡᠶ᠃ | ᠰᠤᠷᠪᠤᠯᠵᠢᠯᠠᠭᠴᠢ᠄ ᠲᠠ ᠡᠨᠡ ᠵᠢᠯ ᠤᠨ ︽ᠠᠷᠠᠳ ᠲᠤ ᠳᠥᠭᠦᠮ ᠦᠵᠡᠭᠦᠯᠬᠦ ᠭᠠᠶᠢᠯᠢ ᠳᠤᠰᠢᠶᠠᠬᠤ ᠬᠠᠪᠤᠷ ᠤᠨ | ᠤᠷᠢᠬᠠᠨ ᠰᠠᠯᠬᠢᠨ ᠤ ᠠᠵᠢᠯᠯᠠᠭ᠎ᠠ︾ ᠳᠤ ᠪᠣᠳᠠᠲᠠᠶ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠢ ᠲᠠᠨᠢᠯᠴᠠᠭᠤᠯᠤᠭᠠᠳ | ᠥᠭᠭᠦᠨ᠎ᠡ ᠤᠤ︖ | ᠸᠠᠩ ᠰᠢᠶᠠᠩ ᠶᠠᠩ᠄ ᠡᠨᠡ ᠵᠢᠯ ᠤᠨ ︽ᠬᠠᠪᠤᠷ ᠤᠨ ᠤᠷᠢᠬᠠᠨ ᠰᠠᠯᠬᠢᠨ ᠤ ᠠᠵᠢᠯᠯᠠᠭ᠎ᠠ︾᠂ ︽ᠬᠠᠤᠯᠢ | ᠬᠡᠷᠡᠭᠵᠢᠭᠦᠯᠤᠯᠳᠡ ᠶᠢᠨ ᠦᠢᠯᠡᠴᠢᠯᠡᠭᠡ ᠶᠢ ᠰᠢᠯᠢᠳᠡᠭᠵᠢᠭᠦᠯᠬᠦ · ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢ | ᠰᠠᠶᠢᠲᠤᠷ ᠬᠢᠬᠦ︾ ᠭᠤᠣᠯ ᠰᠡᠳᠦᠪ ᠤᠨ ᠲᠣᠭᠤᠷᠢᠨ ᠳᠤ᠂ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠡ ᠠᠴᠠ | ᠤᠯᠠᠨ ᠲᠦᠮᠡᠨ ᠤ ᠬᠦᠰᠡᠯ ᠱᠠᠭᠠᠷᠳᠠᠯᠭ᠎ᠠ ᠪᠠᠨ ᠲᠦᠷᠭᠡᠨ ᠳᠤᠰᠬᠠᠬᠤ᠂ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ | ᠰᠢᠭᠤᠳ ᠬᠦᠷᠳᠡᠬᠦ᠂ ᠳᠥᠭᠦᠮ ᠳᠥᠲᠡ ᠰᠢᠢᠳᠪᠦᠷᠢᠯᠡᠬᠦ ᠳᠤ ᠰᠠᠶᠢᠬᠠᠨ ᠪᠡᠶᠡᠴᠢᠯᠡᠨ ᠣᠶᠢᠯᠠᠭᠠᠬᠤ᠂ ᠲᠦᠷᠦᠯ | ᠬᠤᠪᠢᠶᠠᠨ ᠦᠢᠯᠡᠴᠢᠯᠡᠵᠦ ᠬᠦᠴᠢᠷ ᠠᠰᠠᠭᠤᠳᠠᠯ ᠢ ᠰᠢᠢᠳᠪᠦᠷᠢᠯᠡᠬᠦ᠂ ᠬᠠᠤᠯᠢ ᠬᠡᠷᠡᠭᠵᠢᠭᠦᠯᠵᠦ ᠡᠷᠬᠡ ᠪᠠᠨ | ᠬᠠᠮᠠᠭᠠᠯᠠᠬᠤ ᠳᠤ ᠢᠯᠴᠢ ᠶᠢ ᠨᠢ ᠢᠯᠡᠷᠡᠭᠦᠯᠬᠦ᠂ ᠬᠠᠤᠯᠢ ᠬᠡᠷᠡᠭᠵᠢᠭᠦᠯᠤᠯᠳᠡ ᠶᠢ ᠵᠢᠷᠤᠮᠵᠢᠭᠤᠯᠵᠤ ᠶᠠᠰᠤ ᠴᠢᠨᠠᠷ ᠢ | ᠳᠡᠭᠡᠭᠰᠢᠯᠡᠭᠦᠯᠬᠦ᠂ ᠮᠡᠳᠡᠭᠡ ᠵᠠᠩᠭᠢ ᠬᠠᠷᠢᠯᠴᠠᠨ ᠨᠡᠪᠲᠡᠷᠡᠯᠴᠡᠬᠦᠯᠵᠤ ᠮᠠᠲ᠋ᠧᠷᠢᠶᠠᠯ ᠢ ᠪᠠᠭᠠᠰᠬᠠᠬᠤ᠂ ᠰᠠᠯᠠᠭ᠎ᠠ | ᠮᠥᠴᠢᠷ ᠤᠨ ᠬᠠᠮᠵᠢᠯᠴᠠᠭ᠎ᠠ ᠪᠠᠷ ᠬᠠᠮᠲᠤᠷᠠᠨ ᠭᠦᠢᠴᠡᠳᠬᠡᠬᠦ ᠶᠢ ᠠᠬᠢᠭᠤᠯᠬᠤ᠂ ᠤᠯᠠᠨ ᠤᠯᠤᠰ ᠤᠨ | ᠬᠠᠮᠲᠤᠷᠠᠯᠴᠠᠭ᠎ᠠ ᠪᠠᠷ ᠬᠠᠮᠲᠤ ᠪᠠᠷ ᠠᠰᠢᠭ ᠬᠦᠷᠳᠡᠬᠦ᠂ ᠦᠨᠡᠨᠴᠢ ᠢᠲᠡᠭᠡᠮᠵᠢᠲᠡᠢ ᠪᠠᠷ ᠭᠠᠶᠢᠯᠢ ᠲᠤᠰᠢᠶᠠᠬᠤ ᠶᠢ | ᠤᠷᠮᠠᠰᠢᠭᠤᠯᠤᠨ ᠵᠣᠷᠢᠭᠵᠢᠭᠤᠯᠬᠤ ᠵᠡᠷᠭᠡ 10 ᠶᠡᠭᠡ ᠲᠦᠷᠦᠯ 30 ᠵᠦᠢᠯ 100 ᠵᠤᠷᠪᠤᠰ ᠠᠷᠠᠳ ᠲᠤ ᠲᠦᠭᠦᠮ | ᠦᠵᠡᠭᠦᠯᠵᠦ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠨᠡᠶᠢᠲᠡᠯᠡᠪᠡ᠃ | ᠵᠢᠱᠢᠶᠡᠯᠡᠪᠡᠯ ᠳᠦᠬᠦᠮ ᠲᠦᠳᠡ ᠰᠢᠢᠳᠪᠦᠷᠢᠯᠡᠬᠦ ᠶᠢ ᠪᠡᠶᠡᠴᠢᠯᠡᠨ ᠣᠶᠢᠯᠠᠭᠠᠬᠤ ᠲᠠᠯ᠎ᠠ ᠪᠠᠷ ᠭᠠᠷᠭᠠᠭᠰᠠᠨ ᠭᠠᠶᠢᠯᠢ | ᠰᠦᠢᠳᠬᠡᠯ ᠤᠨ ᠮᠡᠳᠡᠭᠦᠯᠦᠯᠲᠡ ᠶᠢ ᠳᠥᠭᠦᠮᠴᠢᠯᠡᠨ ᠨᠡᠶᠢᠯᠡᠭᠦᠯᠬᠦ ᠠᠷᠭ᠎ᠠ ᠬᠡᠮᠵᠢᠶ᠎ᠡ᠂ ᠥᠷᠲᠡᠭ ᠤᠨ ᠨᠡᠮᠡᠭᠳᠡᠯ ᠤᠨ | ᠭᠠᠶᠢᠯᠢ᠂ ᠬᠡᠷᠡᠭᠯᠡᠭᠡᠨ ᠤ ᠭᠠᠶᠢᠯᠢ ᠵᠢᠴᠢ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠭᠠᠶᠢᠯᠢ᠂ ᠰᠤᠷᠭᠠᠨ | ᠬᠥᠮᠦᠵᠢᠯ ᠤᠨ ᠵᠠᠷᠤᠳᠠᠯ ᠤᠨ ᠨᠡᠮᠡᠯᠲᠡ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠵᠡᠷᠭᠡ ᠭᠤᠤᠯ | ᠭᠠᠶᠢᠯᠢ ᠶᠢᠨ ᠨᠡᠮᠡᠯᠲᠡ ᠭᠠᠶᠢᠯᠢ ᠰᠦᠢᠳᠭᠡᠯ ᠤᠨ ᠮᠡᠳᠡᠭᠦᠯᠦᠯᠲᠡ ᠶᠢᠨ ᠬᠦᠰᠦᠨᠦᠭᠲᠦ ᠶᠢ ᠨᠡᠶᠢᠳᠬᠡᠵᠤ᠂ ᠭᠠᠶᠢᠯᠢ | ᠲᠤᠰᠢᠶᠠᠭᠴᠢ ᠪᠠᠷ ᠭᠤᠤᠯ ᠭᠠᠶᠢᠯᠢ ᠶᠢᠨ ᠨᠡᠮᠡᠯᠲᠡ ᠭᠠᠶᠢᠯᠢ ᠰᠦᠢᠳᠭᠡᠯ ᠤᠨ ᠮᠡᠳᠡᠭᠦᠯᠦᠯᠲᠡ ᠶᠢ ᠨᠢᠭᠡ ᠯᠡ | ᠤᠳᠠᠭ᠎ᠠ ᠳᠤ ᠪᠡᠶᠡᠯᠡᠭᠦᠯᠦᠨ᠎ᠡ᠃ ᠨᠡᠶᠢᠲᠡᠯᠡᠨ ᠬᠡᠷᠡᠭᠵᠢᠭᠦᠯᠦᠭᠰᠡᠨ ᠭᠡᠷᠡᠴᠢ ᠮᠠᠲ᠋ᠧᠷᠢᠶᠠᠯ ᠢ ᠴᠣᠮᠬᠠᠳᠬᠠᠬᠤ | ᠦᠢᠯᠡᠴᠢᠯᠡᠭᠡ ᠨᠢ ᠣᠲᠣ ᠶᠢᠨ ᠰᠠᠭᠤᠷᠢᠨ ᠳᠡᠭᠡᠷ᠎ᠡ ᠭᠠᠶᠢᠯᠢ ᠲᠤᠰᠢᠶᠠᠭᠴᠢ ᠰᠦᠢᠳᠬᠡᠯ ᠳᠤᠰᠢᠶᠠᠭᠴᠢ ᠶᠢᠨ | ᠬᠠᠩᠭᠠᠭᠰᠠᠨ ᠭᠡᠷᠡᠴᠢ ᠮᠠᠲ᠋ᠧᠷᠢᠶᠠᠯ ᠢ ᠤᠯᠠᠮ ᠨᠢᠭᠡ ᠠᠯᠬᠤᠮ ᠪᠠᠭᠠᠰᠬᠠᠪᠠ᠃ ᠢᠲᠡᠭᠡᠮᠵᠢ ᠶᠢᠨ ᠠᠮᠠᠯᠠᠯᠲᠠ ᠶᠢᠨ ︽ | ᠳᠤᠲᠠᠮᠠᠭ ᠢ ᠵᠦᠪᠰᠢᠶᠡᠷᠡᠨ ᠬᠦᠢᠴᠡᠳᠬᠡᠬᠦ︾ ᠶᠢ ᠬᠡᠷᠡᠭᠵᠢᠬᠦᠯᠵᠤ᠂ ᠨᠥᠬᠦᠴᠡᠯ ᠳᠤ ᠨᠡᠶᠢᠴᠡᠬᠦ ᠭᠠᠶᠢᠯᠢ | ᠲᠤᠰᠢᠶᠠᠭᠴᠢ ᠶᠢᠨ ︽ᠭᠡᠯᠳᠦᠷᠢᠭᠦᠯᠤᠨ ᠬᠦᠢᠴᠡᠳᠬᠡᠬᠦ︾ ︽ᠪᠠᠷᠢᠨ ᠬᠦᠢᠴᠡᠳᠬᠡᠬᠦ︾ ᠶᠢ ᠴᠢᠩᠭᠠᠳᠬᠠᠵᠤ᠂ ︽ᠣᠯᠠᠨ | ᠳᠡᠶᠢᠰᠢ ᠭᠦᠶᠦᠬᠦ︾ ᠶᠢ ᠪᠠᠭᠠᠰᠬᠠᠪᠠ᠃ | ᠪᠠᠰᠠ ᠵᠢᠱᠢᠶᠡᠯᠡᠪᠡᠯ᠂ ᠣᠨᠴᠠᠭᠠᠶ ᠬᠥᠮᠦᠰ ᠢ ᠠᠩᠬᠠᠷᠬᠤ ᠲᠠᠯ᠎ᠠ ᠪᠠᠷ᠂ ᠤᠯᠠᠮᠵᠢᠯᠠᠯᠲᠤ ᠦᠢᠯᠡᠴᠢᠯᠡᠭᠡ ᠪᠠ | ᠣᠶᠤᠨᠴᠢ ᠰᠢᠨ᠎ᠡ ᠶᠢ ᠡᠭᠦᠳᠬᠦ ︽ᠬᠤᠶᠠᠷ ᠬᠥᠯ︾ ᠢᠶᠠᠷ ᠶᠠᠪᠤᠬᠤ ᠶᠢ ᠪᠠᠷᠢᠮᠲᠠᠯᠠᠵᠤ᠂ ᠨᠡᠶᠢᠭᠡᠮ ᠲᠣᠭᠤᠷᠢᠭ ᠤᠨ | ᠦᠢᠯᠡᠳᠦᠯ ᠢ ᠭᠦᠶ᠋ᠴᠡᠳ ᠪᠠᠳᠠᠷᠠᠭᠤᠯᠤᠨ᠂ ᠨᠡᠶᠢᠭᠡᠮ ᠲᠣᠭᠤᠷᠢᠭ ᠲᠠᠢ ᠬᠠᠮᠲᠤᠷᠠᠨ ᠨᠡᠶᠢᠭᠡᠮ ᠲᠣᠭᠤᠷᠢᠭ ᠤᠨ ᠣᠷᠣᠯᠠᠨ | ᠬᠦᠢᠴᠡᠳᠬᠡᠬᠦ ᠬᠠᠪᠰᠤᠷᠤᠨ ᠬᠦᠢᠴᠡᠳᠬᠡᠬᠦ ᠦᠢᠯᠡᠴᠢᠯᠡᠬᠡᠨ ᠤ ᠴᠡᠭ ᠪᠠᠶᠢᠭᠤᠯᠵᠤ ᠬᠠᠮᠢᠶ᠎ᠠ ᠪᠥᠬᠦᠶ ᠦᠢᠯᠡᠴᠢᠯᠡᠭᠡ ᠶᠢ | ᠥᠷᠨᠢᠭᠦᠯᠵᠦ᠂ ᠨᠠᠰᠤᠲᠠᠶᠢᠴᠤᠳ᠂ ᠵᠡᠮᠳᠡᠭᠴᠦᠳ ᠵᠡᠷᠭᠡ ᠣᠨᠴᠠᠭᠠᠶ ᠬᠥᠮᠦᠰ ᠤᠨ ᠨᠡᠶᠢᠭᠡᠮ ᠤᠨ ᠳᠠᠭᠠᠳᠬᠠᠯ ᠤᠨ | ᠰᠦᠢᠳᠬᠡᠯ ᠤᠨ ᠰᠦᠢᠳᠬᠡᠯ ᠲᠤᠰᠢᠶᠠᠬᠤ ᠶᠢ ᠰᠠᠭᠠᠳ ᠥᠬᠡᠶ ᠪᠥᠭᠡᠳ ᠳᠥᠭᠦᠮ ᠳᠥᠲᠡ ᠪᠠᠶᠢᠯᠭᠠᠬᠤ ᠶᠢ ᠪᠠᠲᠤᠯᠠᠵᠡᠢ | ᠃ | ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠪᠠᠰᠠ ᠭᠠᠶᠢᠯᠢ ᠶᠢᠨ ᠶᠠᠪᠤᠳᠠᠯ ᠤᠨ | ᠶᠡᠷᠦᠩᠬᠡᠶ ᠲᠣᠪᠴᠢᠶ᠎ᠠ ᠶᠢᠨ ᠠᠷᠭ᠎ᠠ ᠬᠡᠮᠵᠢᠶ᠎ᠡ ᠶᠢᠨ ᠰᠠᠭᠤᠷᠢᠨ ᠳᠡᠭᠡᠷ᠎ᠡ᠂ ᠥᠪᠥᠷ ᠮᠣᠩᠭᠤᠯ ᠳᠤ ᠣᠨᠴᠠ ᠪᠠᠶᠢᠳᠠᠭ 1 | ᠲᠥᠷᠥᠯ 5 ᠵᠦᠢᠯ 11 ᠵᠤᠷᠪᠤᠰ ᠤᠨ ᠪᠣᠳᠠᠲᠠᠶ ᠠᠷᠭ᠎ᠠ ᠬᠡᠮᠵᠢᠶ᠎ᠡ ᠶᠢ ᠰᠢᠨ᠎ᠡ ᠪᠠᠷ ᠨᠡᠮᠡᠵᠦ᠂ ᠨᠠᠩ ᠶᠡᠭᠡ ᠡᠷᠴᠢᠮᠳᠡᠢ᠂ | ᠨᠠᠩ ᠲᠦᠷᠭᠡᠨ᠂ ᠨᠠᠩ ᠰᠢᠯᠢᠳᠡᠭ ᠦᠷ᠎ᠡ ᠪᠦᠲᠦᠮᠵᠢ ᠪᠠᠷ ︽ᠪᠢ ᠭᠠᠶᠢᠯᠢ ᠲᠤᠰᠢᠶᠠᠭᠴᠢ ᠰᠦᠢᠳᠬᠡᠯ | ᠲᠤᠰᠢᠶᠠᠭᠴᠢ ᠳᠤ ᠪᠣᠳᠠᠲᠠᠶ ᠠᠵᠢᠯ ᠬᠢᠵᠤ ᠦᠭᠬᠦ︾ ᠠᠵᠢᠯ ᠢ ᠯᠠᠪᠳᠠᠭᠤᠨ ᠪᠠᠲᠤᠲᠠᠶ ᠳᠥᠯᠭᠢᠨ ᠠᠬᠢᠭᠤᠯᠵᠡᠢ᠃ | ᠵᠢᠱᠢᠶᠡᠯᠡᠪᠡᠯ ᠭᠤᠷᠪᠠᠨ ᠺᠢᠯᠣᠮᠧᠲᠷ ᠢᠶᠠᠷ ᠷᠠᠳᠢᠤᠰ ᠪᠣᠯᠭᠠᠵᠤ᠂ ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ | ᠪᠠ ᠲᠣᠮᠣ ᠳ᠋ᠠᠶᠢᠲ᠋ᠠ ᠵᠡᠷᠭᠡ ᠮᠡᠳᠡᠭᠡ ᠵᠠᠩᠭᠢᠵᠢᠯᠲᠠ ᠶᠢᠨ ᠪᠥᠲᠥᠭᠡᠨ ᠪᠠᠶᠢᠭᠤᠯᠤᠯᠲᠠ ᠶᠢᠨ ᠲᠤᠯᠭᠠᠭᠤᠷᠢᠯᠠᠯ ᠳᠣᠤᠷ᠎ᠠ᠂ | ᠡᠯ᠎ᠡ ᠱᠠᠲᠤ ᠲᠠᠰ᠂ ᠡᠯ᠎ᠡ ᠣᠷᠣᠨ ᠪᠦᠰᠡ᠂ ᠡᠯ᠎ᠡ ᠳᠤᠭᠳᠠᠭᠰᠠᠨ ᠴᠠᠭ᠂ ᠡᠯ᠎ᠡ ᠬᠡᠯᠪᠡᠷᠢ ᠪᠠᠶᠢᠳᠠᠯ᠂ ᠡᠯ᠎ᠡ | ᠲᠤᠬᠠᠶᠢᠯᠠᠭᠰᠠᠨ ᠠᠵᠢᠯ ᠢᠶᠠᠷ ᠢᠶᠠᠨ ᠬᠠᠷᠢᠯᠴᠠᠨ ᠳᠡᠮᠵᠢᠵᠦ᠂ ᠬᠠᠷᠢᠯᠴᠠᠨ ᠠᠬᠢᠭᠤᠯᠵᠤ᠂ ᠰᠠᠶᠢᠨ ᠨᠥᠬᠦᠴᠡᠯᠳᠦᠭᠰᠡᠨ | ᠦᠢᠯᠡᠴᠢᠯᠡᠬᠡᠨ ᠤ ᠠᠮᠢ ᠠᠬᠤᠶ ᠶᠢᠨ ᠴᠠᠭᠠᠷᠢᠭ ᠢ ᠪᠣᠶ ᠪᠣᠯᠭᠠᠵᠤ᠂ ᠭᠠᠶᠢᠯᠢ ᠲᠤᠰᠢᠶᠠᠭᠴᠢ ᠰᠦᠢᠳᠬᠡᠯ | ᠲᠤᠰᠢᠶᠠᠭᠴᠢ ᠶᠢᠨ ᠶᠠᠮᠠᠷ ᠵᠦᠢᠯ ᠤᠨ ᠵᠠᠮ ᠬᠠᠷᠢᠯᠴᠠᠭᠠᠨ ᠤ ᠠᠷᠭ᠎ᠠ ᠮᠠᠶ᠋ᠢᠭ ᠢ ᠬᠡᠷᠡᠭᠯᠡᠭᠰᠡᠨ ᠴᠦ 15 — 30 | ᠮᠢᠨᠦ᠋ᠲ ᠤᠨ ᠳᠣᠲᠣᠷ᠎ᠠ ᠴᠥᠮ ᠭᠠᠶᠢᠯᠢ ᠲᠤᠰᠢᠶᠠᠬᠤ ᠰᠦᠢᠳᠬᠡᠯ ᠲᠤᠰᠢᠶᠠᠬᠤ ᠦᠢᠯᠡᠴᠢᠯᠡᠬᠡᠨ ᠤ ᠲᠠᠯᠠᠪᠤᠷ ᠭᠠᠵᠠᠷ ᠢ | ᠨᠠᠭᠠᠳᠤ ᠵᠠᠬ᠎ᠠ ᠳᠠᠭᠠᠨ ᠨᠢᠭᠡ ᠣᠯᠵᠤ ᠳᠡᠶᠢᠯᠬᠦ ᠶᠢ ᠪᠠᠲᠤᠯᠠᠵᠡᠢ᠃ | ᠪᠢᠳᠡ ᠪᠠᠰᠠ ᠭᠠᠶᠢᠯᠢ ᠰᠦᠢᠳᠬᠡᠯ ᠢ ᠲᠠᠲᠠᠪᠤᠷᠢᠯᠠᠨ ᠬᠠᠮᠢᠶᠠᠷᠬᠤ ᠠᠰᠠᠭᠤᠳᠠᠯ ᠢ ᠬᠠᠮᠵᠢᠯᠴᠠᠨ ᠰᠢᠢᠳᠪᠦᠷᠢᠯᠡᠬᠦ | ᠲᠣᠭᠲᠠᠴᠠ ᠶᠢ ᠪᠠᠶᠢᠭᠤᠯᠵᠤ᠂ ᠠᠰᠠᠭᠤᠳᠠᠯ ᠢ ᠰᠢᠢᠳᠪᠦᠷᠢᠯᠡᠬᠦ ᠲᠥᠪ ᠢ ᠪᠠᠶᠢᠭᠤᠯᠵᠤ᠂ ᠠᠰᠠᠭᠤᠳᠠᠯ ᠢ ᠰᠢᠢᠳᠪᠦᠷᠢᠯᠡᠬᠦ | ᠲᠥᠪ ᠢᠶᠠᠷ ᠬᠦᠢᠰᠦ ᠪᠣᠯᠭᠠᠵᠤ᠂ ᠭᠠᠶᠢᠯᠢ ᠰᠦᠢᠳᠬᠡᠯ ᠢ ᠲᠠᠲᠠᠪᠤᠷᠢᠯᠠᠨ ᠬᠠᠮᠢᠶᠠᠷᠬᠤ ᠠᠰᠠᠭᠤᠳᠠᠯ ᠢ ᠦᠳᠲᠡᠷ | ᠲᠦᠷᠭᠡᠨ ᠢᠶᠠᠷ ᠪᠦᠬᠦ ᠲᠠᠯ᠎ᠠ ᠪᠠᠷ ᠡᠮᠬᠢᠳᠭᠡᠨ ᠴᠤᠭᠯᠠᠭᠤᠯᠪᠠ᠃ ᠭᠠᠶᠢᠯᠢ ᠰᠦᠢᠳᠬᠡᠯ ᠤᠨ ᠬᠠᠮᠵᠢᠯᠴᠠᠨ ᠠᠵᠢᠯᠯᠠᠬᠤ | ᠪᠦᠯᠬᠦᠮ ᠶᠢ ᠪᠠᠶᠢᠭᠤᠯᠵᠤ᠂ ᠬᠠᠮᠵᠢᠯᠴᠠᠨ ᠠᠵᠢᠯᠯᠠᠬᠤ ᠳᠠᠪᠠᠭᠤᠯᠢᠭ ᠢᠶᠠᠨ ᠬᠦᠢᠴᠡᠳ ᠪᠠᠳᠠᠷᠠᠭᠤᠯᠤᠨ᠂ ︽ᠲᠦᠷᠭᠡᠨ | ᠴᠤᠤᠷᠢᠶᠠᠳᠣᠨ ᠳᠠᠭᠠᠵᠤ᠂ ᠨᠢᠭᠡᠳᠦᠭᠡᠷ ᠹᠷᠣᠨᠲ ᠲᠤ ᠰᠢᠢᠳᠪᠦᠷᠢᠯᠡᠬᠦ︾ ᠶᠢ ᠪᠡᠶᠡᠯᠡᠭᠦᠯᠵᠦ᠂ ᠡᠯ᠎ᠡ ᠲᠥᠷᠥᠯ ᠤᠨ | ᠠᠰᠠᠭᠤᠳᠠᠯ ᠢ ᠠᠯᠢ ᠴᠢᠳᠠᠬᠤ ᠪᠠᠷ ᠨᠢᠭᠡᠳᠦᠭᠡᠷ ᠲᠤᠬᠠᠶ ᠶᠢᠨ ᠲᠠᠯᠠᠪᠤᠷ ᠲᠤ ᠰᠢᠢᠳᠪᠦᠷᠢᠯᠡᠵᠤ᠂ ︽ ᠵᠢᠵᠢᠭ ᠪᠠᠭ᠎ᠠ | ᠠᠰᠠᠭᠤᠳᠠᠯ ᠢ ᠥᠷᠭᠡᠳᠬᠡᠬᠦ᠂ ᠬᠦᠴᠢᠷ ᠲᠦᠪᠡᠭᠲᠡᠶ ᠠᠰᠠᠭᠤᠳᠠᠯ ᠢ ᠵᠣᠭᠰᠣᠭᠠᠬᠤ︾ ᠠᠴᠠ ᠪᠦᠲᠦᠮᠵᠢᠲᠡᠶ | ᠵᠠᠶᠢᠯᠠᠰᠬᠢᠭᠰᠠᠨ ᠪᠠᠶᠢᠨ᠎ᠠ᠃ | ᠳᠡᠭᠡᠷ᠎ᠡ ᠳᠤᠷᠠᠳᠤᠭᠰᠠᠨ ᠠᠷᠭ᠎ᠠ ᠬᠡᠮᠵᠢᠶ᠎ᠡ ᠶᠢ ᠴᠥᠮ ᠭᠠᠶᠢᠯᠢ ᠲᠤᠰᠢᠶᠠᠭᠴᠢ ᠰᠦᠢᠳᠬᠡᠯ ᠲᠤᠰᠢᠶᠠᠭᠴᠢ ᠶᠢᠨ | ᠬᠠᠷᠠᠭᠠᠨ ᠤ ᠦᠨᠴᠤᠭ᠌ ᠲᠤ ᠰᠠᠭᠤᠷᠢᠯᠠᠵᠤ᠂ ᠭᠠᠶᠢᠯᠢ ᠲᠤᠰᠢᠶᠠᠭᠴᠢ ᠰᠦᠢᠳᠬᠡᠯ ᠲᠤᠰᠢᠶᠠᠭᠴᠢ ᠶᠢᠨ ᠬᠦᠴᠢᠷ | ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ ᠬᠡᠷᠡᠭᠵᠢᠭᠦᠯᠦᠭᠰᠡᠨ ᠭᠡᠵᠦ ᠬᠡᠯᠡᠵᠦ ᠪᠣᠯᠤᠨ᠎ᠠ᠃ ᠭᠠᠶᠢᠯᠢ ᠲᠤᠰᠢᠶᠠᠬᠤ | ᠦᠢᠯᠡᠴᠢᠯᠡᠭᠡ ᠬᠢᠵᠠᠭᠠᠷ ᠥᠬᠡᠶ᠂ ᠦᠷᠭᠦᠯᠵᠢᠯᠡᠨ ᠠᠬᠢᠭᠤᠯᠬᠤ ᠶᠠᠪᠤᠴᠠ ᠳᠤ᠂ ᠪᠢᠳᠡ ᠪᠠᠰᠠ ᠦᠷᠭᠦᠯᠵᠢᠯᠡᠨ ᠨᠠᠩ | ᠣᠯᠠᠨ ᠪᠣᠳᠠᠲᠠᠶ ᠠᠷᠭ᠎ᠠ ᠬᠡᠮᠵᠢᠶ᠎ᠡ ᠲᠣᠭᠲᠠᠭᠠᠵᠤ᠂ ᠭᠠᠶᠢᠯᠢ ᠲᠤᠰᠢᠶᠠᠭᠴᠢ ᠰᠦᠢᠳᠬᠡᠯ ᠲᠤᠰᠢᠶᠠᠭᠴᠢ ᠶᠢᠨ | ᠬᠠᠯᠠᠮᠵᠢᠯ ᠳᠤ ᠬᠦᠢᠴᠡᠳ ᠬᠠᠷᠢᠭᠤᠯᠲᠠ ᠥᠭᠴᠦ᠂ ᠳᠥᠷᠪᠡᠨ ᠤᠯᠠᠷᠢᠯ ᠳᠤ ᠠᠷᠠᠳ ᠲᠤ ᠲᠥᠬᠦᠮ ᠦᠵᠡᠭᠦᠯᠬᠦ | ᠰᠠᠯᠬᠢ ᠰᠠᠯᠬᠢᠯᠠᠬᠤ ᠶᠢ ᠪᠡᠶᠡᠯᠡᠭᠦᠯᠦᠨ᠎ᠡ᠃ | ᠰᠤᠷᠪᠤᠯᠵᠢᠯᠠᠭᠴᠢ᠄ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠭᠠᠷᠭᠠᠭᠰᠠᠨ ︽ᠥᠯᠥ ᠬᠦᠷᠦᠯᠴᠡᠬᠦ | ᠬᠡᠯᠪᠡᠷᠢ︾ ᠶᠢᠨ ᠭᠠᠶᠢᠯᠢ ᠲᠤᠰᠢᠶᠠᠬᠤ ᠦᠢᠯᠡᠴᠢᠯᠡᠭᠡ ᠨᠢ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠲᠦᠢᠯ ᠤᠨ | ᠴᠢᠬᠤᠯᠠ ᠦᠢᠯᠡᠳᠦᠯ ᠦᠵᠡᠭᠦᠯᠵᠦ᠂ ᠥᠷᠭᠡᠨ ᠣᠯᠠᠨ ᠭᠠᠶᠢᠯᠢ ᠲᠤᠰᠢᠶᠠᠭᠴᠢ ᠰᠦᠢᠳᠬᠡᠯ ᠲᠤᠰᠢᠶᠠᠭᠴᠢ ᠶᠢᠨ | ᠬᠦᠷᠢᠶᠡᠯᠡᠯ ᠢ ᠣᠯᠤᠭᠰᠠᠨ ᠪᠠᠶᠢᠨ᠎ᠠ᠃ ︽ᠥᠯᠥ ᠬᠦᠷᠦᠯᠴᠡᠬᠦ ᠬᠡᠯᠪᠡᠷᠢ︾ ᠶᠢ ᠠᠪᠴᠦ ᠭᠠᠶᠢᠯᠢ ᠲᠤᠰᠢᠶᠠᠬᠤ | ᠲᠠᠯ᠎ᠠ ᠪᠠᠷ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠪᠠᠰᠠ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠠᠪᠬᠤ ᠪᠤᠶ︖ | | ᠸᠠᠩ ᠰᠢᠶᠠᠩ ᠶᠠᠩ᠄ ᠨᠢᠳᠤᠨᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠶᠡᠷᠦᠩᠬᠡᠶ ᠲᠣᠪᠴᠢᠶᠠᠨ ᠤ | ᠲᠣᠪᠴᠢᠶᠠᠨ ᠳᠠᠷᠤᠭ᠎ᠠ ᠸᠠᠩ ᠵᠢᠶᠦ᠋ᠨ ︽ᠥᠯᠥ ᠬᠦᠷᠦᠯᠴᠡᠬᠦ ᠬᠡᠯᠪᠡᠷᠢ︾ ᠶᠢᠨ ᠭᠠᠶᠢᠯᠢ ᠲᠤᠰᠢᠶᠠᠬᠤ ᠳᠤ ᠨᠡᠮᠡᠷᠢᠯᠡᠬᠦ | ᠱᠠᠭᠠᠷᠳᠠᠯᠭ᠎ᠠ ᠶᠣᠰᠣᠭᠠᠷ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ︽ᠥᠯᠥ ᠬᠦᠷᠦᠯᠴᠡᠬᠦ ᠬᠡᠯᠪᠡᠷᠢ︾ ᠶᠢᠨ | ᠭᠠᠶᠢᠯᠢ ᠲᠤᠰᠢᠶᠠᠬᠤ ᠦᠢᠯᠡᠴᠢᠯᠡᠭᠡ ᠶᠢ ᠢᠳᠡᠪᠬᠢᠲᠡᠶ ᠬᠡᠷᠡᠭᠵᠢᠭᠦᠯᠪᠡ᠃ ᠡᠨᠡ ᠵᠢᠯ᠂ ᠪᠢᠳᠡ ︽ᠥᠯᠥ ᠬᠦᠷᠦᠯᠴᠡᠬᠦ | ᠬᠡᠯᠪᠡᠷᠢ︾ ᠶᠢᠨ ᠭᠠᠶᠢᠯᠢ ᠲᠤᠰᠢᠶᠠᠬᠤ ᠬᠦᠷᠢᠶ᠎ᠡ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠰᠦᠯᠵᠢᠶᠡᠨ ᠳᠡᠭᠡᠷ᠎ᠡ | ᠭᠠᠶᠢᠯᠢ ᠲᠤᠰᠢᠶᠠᠬᠤ ᠠᠷᠭ᠎ᠠ ᠵᠠᠮ ᠢ ᠥᠷᠭᠡᠳᠬᠡᠨ᠂ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ ᠵᠢᠯ ᠤᠨ | ᠡᠴᠦᠰ ᠠᠴᠠ ᠡᠮᠦᠨ᠎ᠡ ᠠᠵᠤ ᠠᠬᠤᠶᠢᠯᠠᠯ ᠤᠨ ᠭᠠᠶᠢᠯᠢ ᠰᠦᠢᠳᠬᠡᠯ ᠤᠨ ᠵᠦᠢᠯᠡᠰ ᠢ ᠰᠦᠯᠵᠢᠶᠡᠨ ᠳᠡᠭᠡᠷ᠎ᠡ | ᠰᠢᠢᠳᠪᠦᠷᠢᠯᠡᠵᠤ ᠳᠡᠶᠢᠯᠬᠦ᠂ ᠬᠤᠪᠢ ᠬᠥᠮᠦᠨ ᠤ ᠭᠠᠶᠢᠯᠢ ᠰᠦᠢᠳᠬᠡᠯ ᠤᠨ ᠵᠦᠢᠯᠡᠰ ᠢ ᠭᠠᠷ ᠤᠳᠠᠰᠤᠨ ᠳᠡᠬᠡᠷ᠎ᠡ | ᠰᠢᠢᠳᠪᠦᠷᠢᠯᠡᠵᠤ ᠳᠡᠶᠢᠯᠬᠦ ᠶᠠᠪᠤᠳᠠᠯ ᠢ ᠦᠨᠳᠦᠰᠦᠨ ᠳᠡᠭᠡᠨ ᠪᠡᠶᠡᠯᠡᠭᠦᠯᠬᠦ ᠪᠠᠷ ᠴᠢᠷᠮᠠᠶᠢᠨ᠎ᠠ᠃ ᠪᠢᠳᠡ ᠪᠠᠰᠠ | ᠰᠦᠯᠵᠢᠶᠡᠨ ᠳᠡᠭᠡᠷᠡᠬᠢ ᠠᠷᠭ᠎ᠠ ᠮᠠᠶ᠋ᠢᠭ ᠢᠶᠠᠷ ᠭᠠᠶᠢᠯᠢ ᠬᠦᠢᠴᠡᠳᠬᠡᠬᠦ ᠶᠢ ᠬᠠᠪᠰᠤᠷᠤᠨ ᠰᠢᠢᠳᠪᠦᠷᠢᠯᠡᠬᠦ ᠶᠢ | ᠥᠷᠨᠢᠭᠦᠯᠵᠦ᠂ ᠠᠯᠤᠰ ᠠᠴᠠ ᠬᠠᠪᠰᠤᠷᠤᠨ ᠬᠦᠢᠴᠡᠳᠬᠡᠬᠦ᠂ ᠠᠰᠠᠭᠤᠬᠤ ᠪᠠ ᠰᠢᠢᠳᠪᠦᠷᠢᠯᠡᠬᠦ ᠶᠢ ᠤᠶᠠᠯᠳᠤᠭᠤᠯᠬᠤ ᠶᠢ | ᠪᠡᠶᠡᠯᠡᠭᠦᠯᠵᠦ᠂ ᠭᠠᠶᠢᠯᠢ ᠲᠤᠰᠢᠶᠠᠭᠴᠢ ᠰᠦᠢᠳᠬᠡᠯ ᠳᠤᠰᠢᠶᠠᠭᠴᠢ ᠶᠢᠨ ᠲᠤᠬᠠᠶᠢᠯᠠᠭᠰᠠᠨ ᠠᠵᠢᠯ ᠢ ᠬᠦᠢᠴᠡᠳᠬᠡᠬᠦ | ᠶᠠᠪᠤᠴᠠ ᠳᠤ ᠲᠣᠬᠢᠶᠠᠯᠳᠤᠭᠰᠠᠨ ᠮᠡᠳᠡᠭᠡ ᠵᠠᠩᠭᠢ ᠶᠢᠨ ᠰᠢᠰᠲ᠋ᠧᠮ᠂ ᠲᠤᠬᠠᠶᠢᠯᠠᠭᠰᠠᠨ ᠠᠵᠢᠯ ᠤᠨ ᠠᠵᠢᠯᠯᠠᠭ᠎ᠠ ᠵᠡᠷᠭᠡ | ᠠᠰᠠᠭᠤᠳᠠᠯ ᠢ ᠰᠢᠢᠳᠪᠦᠷᠢᠯᠡᠨ᠎ᠡ᠃ ᠭᠤᠷᠪᠠᠳᠠᠬᠢ ᠡᠲᠡᠭᠡᠳ ᠠᠴᠠ ᠰᠦᠢᠳᠬᠡᠯ ᠳᠤᠰᠢᠶᠠᠬᠤ ᠵᠡᠷᠭᠡ ᠤᠯᠠᠨ | ᠡᠰᠢᠴᠢᠯᠡᠭᠰᠡᠨ ᠭᠠᠶᠢᠯᠢ ᠶᠢᠨ ᠰᠦᠢᠳᠬᠡᠯ ᠲᠤᠰᠢᠶᠠᠬᠤ ᠠᠷᠭ᠎ᠠ ᠮᠠᠶ᠋ᠢᠭ ᠢ ᠳᠡᠯᠭᠡᠷᠡᠭᠦᠯᠵᠦ᠂ ᠰᠢᠯᠵᠢᠮᠡᠯ ᠬᠤᠯᠪᠣᠭᠠᠨ ᠤ | ᠦᠵᠦᠭᠦᠷ ᠵᠦᠬᠡᠯᠡᠨ ᠳᠤᠨᠤᠭ ᠭᠠᠶᠢᠯᠢ ᠰᠦᠢᠳᠬᠡᠯ ᠢ ᠳᠥᠭᠦᠮ ᠳᠥᠲᠡ ᠪᠠᠷ ᠲᠤᠰᠢᠶᠠᠬᠤ ᠶᠢ ᠪᠡᠶᠡᠯᠡᠭᠦᠯᠵᠦ᠂ | ᠰᠦᠢᠳᠬᠡᠯ ᠲᠤᠰᠢᠶᠠᠭᠴᠢ ᠶᠢᠨ ᠶᠠᠪᠤᠳᠠᠯ ᠤᠴᠢᠷ ᠰᠢᠢᠳᠪᠦᠷᠢᠯᠡᠬᠦ ᠪᠡᠶᠡᠴᠢ ᠤᠶᠢᠯᠠᠭᠠᠯᠳᠠ ᠶᠢ ᠳᠡᠭᠡᠭᠰᠢᠯᠡᠭᠦᠯᠦᠨ᠎ᠡ᠃ | ᠡᠨᠡ ᠲᠠᠯ᠎ᠠ ᠪᠠᠷ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠᠰᠠ ᠮᠠᠰᠢ ᠣᠯᠠᠨ ᠪᠠᠶᠢᠨ᠎ᠠ᠂ ᠡᠨᠡ ᠵᠢᠯ ᠯᠠᠪᠲᠠᠶ | ᠥᠷᠭᠡᠨ ᠣᠯᠠᠨ ᠭᠠᠶᠢᠯᠢ ᠲᠤᠰᠢᠶᠠᠭᠴᠢ ᠰᠦᠢᠳᠬᠡᠯ ᠲᠤᠰᠢᠶᠠᠭᠴᠢ ᠳᠤ ᠪᠠᠭ᠎ᠠ ᠪᠤᠰᠤ ᠰᠢᠨ᠎ᠡ ᠣᠶᠢᠯᠠᠭᠠᠯᠲᠠ᠂ ᠰᠢᠨ᠎ᠡ | ᠲᠥᠷᠥᠭᠳᠡᠯ ᠢ ᠠᠪᠴᠢᠷᠠᠵᠤ ᠥᠭᠭᠦᠨ᠎ᠡ ᠭᠡᠳᠡᠭ ᠢ ᠢᠲᠡᠭᠡᠵᠦ ᠪᠠᠶᠢᠨ᠎ᠠ᠃ | ᠰᠤᠷᠪᠤᠯᠵᠢᠯᠠᠭᠴᠢ᠄ ᠡᠨᠡ ᠵᠢᠯ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠭᠠᠶᠢᠯᠢ ᠲᠤᠰᠢᠶᠠᠬᠤ ᠶᠠᠪᠤᠴᠠ ᠶᠢ | ᠰᠢᠯᠢᠳᠡᠭᠵᠢᠭᠦᠯᠬᠦ᠂ ᠮᠠᠲ᠋ᠧᠷᠢᠶᠠᠯ ᠢ ᠴᠣᠮᠬᠠᠳᠬᠠᠬᠤ ᠵᠡᠷᠭᠡ ᠲᠠᠯ᠎ᠠ ᠪᠠᠷ ᠪᠠᠰᠠ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ | ᠠᠪᠬᠤ ᠪᠣᠶ︖ | ᠸᠠᠩ ᠰᠢᠶᠠᠩ ᠶᠠᠩ᠄ ᠪᠢᠳᠡ ᠭᠠᠶᠢᠯᠢ ᠲᠤᠰᠢᠶᠠᠭᠴᠢ ᠰᠦᠢᠳᠬᠡᠯ ᠲᠤᠰᠢᠶᠠᠭᠴᠢ ᠶᠢᠨ ᠬᠠᠮᠤᠭ ᠤᠨ ᠰᠢᠭᠤᠳ | ᠪᠡᠶᠡᠴᠢ ᠤᠶᠢᠯᠠᠭᠠᠯᠳᠠ ᠠᠴᠠ ᠡᠭᠦᠰᠴᠦ᠂ ᠮᠡᠳᠡᠭᠦᠯᠦᠨ ᠬᠦᠷᠭᠡᠬᠦ ᠮᠠᠲ᠋ᠧᠷᠢᠶᠠᠯ ᠤᠨ ᠲᠤᠭ᠎ᠠ ᠬᠡᠮᠵᠢᠶ᠎ᠡ ᠶᠢ ᠴᠣᠮᠬᠠᠳᠬᠠᠨ᠂ | ᠭᠠᠶᠢᠯᠢ ᠬᠦᠢᠴᠡᠳᠬᠡᠬᠦ ᠴᠠᠭ ᠢ ᠤᠯᠠᠮ ᠨᠢᠭᠡ ᠠᠯᠬᠤᠮ ᠪᠠᠭᠠᠰᠬᠠᠵᠤ᠂ ᠪᠠᠷᠢᠨ ᠬᠦᠢᠴᠡᠳᠬᠡᠬᠦ ᠲᠥᠷᠥᠯ ᠤᠨ | ᠭᠠᠶᠢᠯᠢ ᠳᠤ ᠬᠤᠯᠪᠣᠭᠳᠠᠬᠤ ᠵᠦᠢᠯᠡᠰ ᠢ ᠲᠤᠬᠠᠶ ᠶᠢᠨ ᠲᠠᠯᠠᠪᠤᠷ ᠲᠤᠨᠢ ᠰᠢᠢᠳᠪᠦᠷᠢᠯᠡᠵᠤ᠂ ᠪᠠᠷᠢᠨ ᠬᠦᠢᠴᠡᠳᠬᠡᠬᠦ ᠪᠤᠰᠤ | ᠲᠥᠷᠥᠯ ᠤᠨ ᠵᠦᠢᠯᠡᠰ ᠢ ᠬᠦᠢᠴᠡᠳᠭᠡᠬᠦ ᠴᠠᠭ ᠤᠨ ᠬᠢᠵᠠᠭᠠᠷ ᠢ ᠪᠤᠭᠤᠨᠢᠰᠬᠠᠨ᠎ᠠ᠃ ᠵᠢᠱᠢᠶᠡᠯᠡᠪᠡᠯ ᠥᠷᠲᠡᠭ | ᠨᠡᠮᠡᠭᠳᠡᠯ ᠤᠨ ᠭᠠᠶᠢᠯᠢ ᠶᠢᠨ ᠡᠩ ᠤᠨ ᠭᠠᠶᠢᠯᠢ ᠲᠤᠰᠢᠶᠠᠭᠴᠢ ᠶᠢᠨ ᠭᠠᠶᠢᠯᠢ ᠶᠢᠨ ᠶᠠᠪᠤᠳᠠᠯ ᠢ ᠬᠦᠴᠦᠨ ᠥᠬᠡᠶ | ᠪᠣᠯᠭᠠᠬᠤ ᠡᠩ ᠤᠨ ᠴᠤᠪᠤᠷᠠᠯ ᠢ ᠬᠦᠢᠴᠡᠳᠬᠡᠬᠦ ᠴᠠᠭ ᠤᠨ ᠬᠢᠵᠠᠭᠠᠷ ᠢ 7 ᠠᠵᠢᠯᠯᠠᠬᠤ ᠡᠳᠦᠷ ᠪᠣᠯᠭᠠᠨ | ᠪᠤᠭᠤᠨᠢᠰᠬᠠᠵᠤ᠂ ᠥᠷᠲᠡᠭ ᠨᠡᠮᠡᠭᠳᠡᠯ ᠤᠨ ᠭᠠᠶᠢᠯᠢ ᠶᠢᠨ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠪᠠ ᠪᠤᠰᠤᠳ | ᠭᠠᠶᠢᠯᠢ ᠲᠤᠰᠢᠶᠠᠭᠴᠢ ᠶᠢᠨ ᠭᠠᠶᠢᠯᠢ ᠶᠢᠨ ᠶᠠᠪᠤᠳᠠᠯ ᠢ ᠬᠦᠴᠦᠨ ᠥᠬᠡᠶ ᠪᠣᠯᠭᠠᠬᠤ ᠡᠩ ᠤᠨ ᠴᠤᠪᠤᠷᠠᠯ ᠢ | ᠬᠦᠢᠴᠡᠳᠬᠡᠬᠦ ᠴᠠᠭ ᠤᠨ ᠬᠢᠵᠠᠭᠠᠷ ᠢ 5 ᠠᠵᠢᠯᠯᠠᠬᠤ ᠡᠳᠦᠷ ᠪᠤᠯᠭᠠᠨ ᠪᠤᠭᠤᠨᠢᠰᠬᠠᠨ᠎ᠠ᠃ ᠬᠡᠷᠡᠭᠵᠢᠬᠦᠯᠦᠭᠰᠡᠨ | ᠭᠠᠶᠢᠯᠢ ᠶᠢ ᠪᠤᠴᠠᠭᠠᠬᠤ ᠶᠠᠪᠤᠳᠠᠯ ᠢ ᠲᠦᠷᠭᠡᠪᠴᠢᠯᠡᠨ ᠰᠢᠢᠳᠪᠦᠷᠢᠯᠡᠬᠦ ᠦᠢᠯᠡᠴᠢᠯᠡᠭᠡ ᠨᠢ ᠬᠡᠪ ᠤᠨ ᠭᠠᠷᠭᠠᠯᠭ᠎ᠠ ᠶᠢᠨ | ᠭᠠᠶᠢᠯᠢ ᠶᠢ ᠪᠤᠴᠠᠭᠠᠬᠤ ᠶᠠᠪᠤᠳᠠᠯ ᠢ ᠰᠢᠢᠳᠪᠦᠷᠢᠯᠡᠬᠦ ᠳᠤᠮᠳᠠᠴᠢ ᠴᠠᠭ ᠢ ᠳᠡᠭᠡᠳᠦ ᠱᠠᠲᠤᠨ ᠤ ᠱᠠᠭᠠᠷᠳᠠᠭᠰᠠᠨ 7 | ᠠᠵᠢᠯᠯᠠᠬᠤ ᠡᠳᠦᠷ ᠪᠠᠶᠢᠭᠰᠠᠨ ᠠᠴᠠ 2 ᠠᠵᠢᠯᠯᠠᠬᠤ ᠡᠳᠦᠷ ᠤᠨ ᠳᠣᠲᠣᠷ᠎ᠠ ᠪᠣᠯᠭᠠᠨ ᠪᠤᠭᠤᠨᠢᠰᠬᠠᠨ᠎ᠠ᠃ 2021 | ᠣᠨ ᠳᠤ᠂ ᠭᠠᠶᠢᠯᠢ ᠳᠤ ᠬᠤᠯᠪᠣᠭᠳᠠᠭᠰᠠᠨ ᠡᠯ᠎ᠡ ᠲᠦᠷᠦᠯ ᠤᠨ ᠲᠤᠬᠠᠶᠢᠯᠠᠭᠰᠠᠨ ᠠᠵᠢᠯ ᠢ ᠳᠡᠭᠡᠷ᠎ᠡ ᠵᠢᠯ ᠤᠨ | ᠭᠦᠢᠴᠡᠳᠬᠡᠬᠦ ᠬᠤᠭᠤᠴᠠᠭ᠎ᠠ ᠠᠴᠠ ᠪᠠᠰᠠ 20% ᠠᠴᠠ ᠳᠡᠭᠡᠭᠰᠢ ᠪᠤᠭᠤᠨᠢᠰᠬᠠᠬᠤ ᠪᠣᠯᠤᠨ᠎ᠠ᠃ | ᠪᠢᠳᠡ ᠬᠤᠯᠪᠣᠭᠳᠠᠯ ᠪᠥᠬᠦᠶ ᠰᠠᠯᠠᠭ᠎ᠠ ᠮᠥᠴᠢᠷ ᠯᠦᠭᠡ ᠶᠢᠨ ᠲᠤᠬᠠᠶᠢᠯᠠᠭᠰᠠᠨ ᠠᠵᠢᠯ ᠤᠨ ᠬᠠᠮᠲᠤᠷᠠᠯᠴᠠᠭ᠎ᠠ ᠪᠠᠨ | ᠲᠠᠰᠤᠷᠠᠯᠲᠠ ᠥᠬᠡᠶ ᠥᠷᠭᠡᠳᠬᠡᠵᠦ᠂ ᠮᠡᠳᠡᠭᠡ ᠵᠠᠩᠭᠢ ᠶᠢ ᠴᠠᠭ ᠲᠤᠬᠠᠶ ᠳᠤᠨᠢ ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠂ | ᠭᠠᠶᠢᠯᠢ ᠲᠤᠰᠢᠶᠠᠭᠴᠢ ᠶᠢ ︽ᠰᠦᠯᠵᠢᠶ᠎ᠡ ᠪᠠᠷ ᠢᠯᠡᠭᠦᠬᠡᠨ ᠵᠠᠮᠨᠠᠭᠤᠯᠵᠤ᠂ ᠵᠠᠮ ᠢᠶᠠᠷ ᠳᠤᠲᠠᠭᠤ ᠵᠠᠮᠨᠠᠭᠤᠯᠬᠤ︾ | ᠪᠣᠯᠭᠠᠪᠠ᠃ ᠦᠢᠯᠡᠴᠢᠯᠡᠬᠡᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠠᠵᠢᠯᠲᠠᠨ ᠬᠠᠮᠲᠤ | ᠤᠷᠤᠵᠤ ᠰᠠᠭᠤᠬᠤ᠂ ᠠᠵᠢᠯᠲᠠᠨ ᠢ ᠬᠠᠷᠢᠯᠴᠠᠨ ᠲᠣᠮᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠭᠡᠮ ᠤᠨ | ᠳᠠᠭᠠᠳᠬᠠᠯ ᠤᠨ ᠰᠦᠢᠳᠬᠡᠯ ᠲᠤᠰᠢᠶᠠᠬᠤ ᠲᠤᠬᠠᠶᠢᠯᠠᠭᠰᠠᠨ ᠠᠵᠢᠯ ᠪᠠ ᠨᠡᠶᠢᠭᠡᠮ ᠤᠨ ᠳᠠᠭᠠᠳᠬᠠᠯ᠂ ᠡᠮ ᠡᠮᠨᠡᠯᠭᠡ ᠶᠢᠨ | ᠳᠠᠭᠠᠳᠬᠠᠯ ᠤᠨ ᠭᠠᠷᠲᠠᠨ ᠬᠦᠢᠴᠡᠳᠬᠡᠬᠦ ᠲᠤᠬᠠᠶᠢᠯᠠᠭᠰᠠᠨ ᠠᠵᠢᠯ ᠤᠨ ︽ᠨᠢᠭᠡ ᠲᠢᠩᠬᠢᠮ ᠳᠤ ᠬᠠᠮᠲᠤᠷᠠᠨ | ᠬᠦᠢᠴᠡᠳᠬᠡᠬᠦ︾ ᠵᠡᠷᠭᠡ ᠶᠢ ᠳᠥᠯᠭᠢᠨ ᠠᠬᠢᠭᠤᠯᠵᠤ᠂ ᠭᠠᠶᠢᠯᠢ ᠬᠦᠢᠴᠡᠳᠬᠡᠬᠦ ᠰᠦᠢᠳᠬᠡᠯ ᠲᠤᠰᠢᠶᠠᠬᠤ ᠥᠪᠡᠷ ᠤᠨ | ᠥᠷᠲᠡᠭ ᠢ ᠤᠯᠠᠮ ᠨᠢᠭᠡ ᠠᠯᠬᠤᠮ ᠪᠠᠭᠤᠷᠠᠭᠤᠯᠤᠨ᠎ᠠ᠃ ᠣᠳᠣᠬᠠᠨ ᠳᠤ᠂ ᠪᠢᠳᠡ ᠨᠢᠭᠡᠨᠲᠡ ᠵᠢᠨᠢᠩ ᠲᠣᠭᠤᠷᠢᠭ ᠲᠠᠬᠢ | 3 ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠢᠩᠬᠢᠮ ᠳᠤ ᠭᠠᠶᠢᠯᠢ ᠶᠢᠨ ᠶᠠᠪᠤᠳᠠᠯ ᠤᠨ ᠠᠵᠢᠯᠲᠠᠨ | ᠲᠣᠮᠢᠯᠠᠨ ᠰᠠᠭᠤᠯᠭᠠᠵᠤ᠂ ︽ᠨᠢᠭᠡ ᠴᠣᠩᠬᠤ ᠪᠠᠷ ᠭᠥᠯᠢᠶᠡᠨ ᠠᠪᠴᠤ᠂ ᠲᠥᠪᠯᠡᠷᠡᠭᠦᠯᠦᠨ ᠬᠦᠢᠴᠡᠳᠬᠡᠬᠦ︾ ᠶᠢ | ᠪᠡᠶᠡᠯᠡᠭᠦᠯᠪᠡ︔ ᠨᠡᠶᠢᠭᠡᠮ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠲᠠᠢ | ᠬᠤᠯᠪᠣᠭᠠᠯᠠᠨ ᠵᠢᠨᠢᠩ ᠬᠤᠲᠠ ᠶᠢᠨ ᠲᠣᠭᠤᠷᠢᠭ ᠤᠨ ︽ᠨᠠᠢᠮᠠᠨ ᠬᠡᠷᠡᠭ ᠡᠷᠬᠢᠯᠡᠬᠦ ᠭᠠᠵᠠᠷ ᠨᠢᠭᠡ ᠰᠢᠶᠠᠩ ᠨᠢᠭᠡ | ᠪᠠᠯᠭᠠᠰᠤ︾ ᠶᠢᠨ ᠨᠠᠮ ᠪᠠ ᠣᠯᠠᠨ ᠲᠦᠮᠡᠨ ᠤ ᠦᠢᠯᠡᠴᠢᠯᠡᠬᠡᠨ ᠤ ᠲᠥᠪ ᠲᠤ ᠨᠡᠶᠢᠭᠡᠮ ᠤᠨ ᠳᠠᠭᠠᠳᠬᠠᠯ ᠤᠨ | ᠰᠦᠢᠳᠬᠡᠯ ᠢ ᠲᠠᠲᠠᠪᠤᠷᠢᠯᠠᠨ ᠲᠤᠰᠢᠶᠠᠬᠤ ᠦᠢᠯᠡᠴᠢᠯᠡᠬᠡᠨ ᠤ ᠴᠡᠭ ᠢ 11 ᠳᠣᠭᠢᠷᠠᠭᠤᠯᠪᠠ᠃ ᠬᠤᠰᠢᠭᠤ ᠰᠢᠶᠠᠨ ᠤ | ᠲᠣᠪᠴᠢᠶ᠎ᠠ ᠳᠤ᠂ ᠪᠢᠳᠡ ᠭᠠᠶᠢᠯᠢ ᠲᠠᠲᠠᠪᠤᠷᠢ ᠶᠢᠨ ᠲᠣᠤᠷᠵᠢᠭᠤᠯᠤᠭᠰᠠᠨ ᠬᠠᠮᠢᠶᠠᠷᠤᠯᠲᠠ ᠶᠢ ᠪᠡᠶᠡᠯᠡᠭᠦᠯᠵᠦ᠂ ᠪᠠᠩᠬᠢ᠂ | ᠰᠢᠤᠳᠠᠨ᠂ ᠨᠠᠮ ᠪᠠ ᠣᠯᠠᠨ ᠲᠦᠮᠡᠨ ᠤ ᠦᠢᠯᠡᠴᠢᠯᠡᠬᠡᠨ ᠤ ᠲᠥᠪ ᠲᠠᠢ ᠬᠠᠮᠲᠤᠷᠠᠨ ᠡᠳᠦᠷ ᠲᠤᠲᠤᠮ ᠤᠨ | ᠲᠤᠬᠠᠶᠢᠯᠠᠭᠰᠠᠨ ᠠᠵᠢᠯ ᠤᠨ ᠣᠷᠣᠯᠠᠨ ᠬᠦᠢᠴᠡᠳᠬᠡᠬᠦ ᠪᠠ ᠬᠠᠪᠰᠤᠷᠤᠨ ᠬᠦᠢᠴᠡᠳᠬᠡᠬᠦ ᠶᠢ ᠪᠡᠶᠡᠯᠡᠭᠦᠯᠪᠡ᠃ | ᠰᠤᠷᠪᠤᠯᠵᠢᠯᠠᠭᠴᠢ᠄ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ︽ᠪᠦᠲᠦᠴᠡ ᠶᠢᠨ | ᠴᠢᠨᠠᠷᠲᠠᠶ ᠭᠠᠶᠢᠯᠢ ᠬᠥᠩᠭᠡᠯᠡᠬᠦ ᠰᠢᠨ᠎ᠡ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ︾ ᠭᠡᠵᠦ ᠳᠤᠷᠠᠳᠴᠠᠶ᠃ ᠬᠤᠯᠪᠣᠭᠳᠠᠯ | ᠪᠥᠬᠦᠶ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠤ ᠳᠠᠷᠠᠭ᠎ᠠ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ | ᠬᠡᠷᠬᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠦᠨᠡᠨ | ᠪᠣᠳᠠᠲᠠᠶ ᠪᠠᠷ ᠠᠰᠢᠭ ᠬᠦᠷᠲᠡᠭᠡᠬᠦ ᠪᠣᠶ︖ | ᠸᠠᠩ ᠰᠢᠶᠠᠩ ᠶᠠᠩ᠄ ᠶᠡᠷᠦᠩᠬᠡᠶ ᠰᠠᠶᠢᠳ ᠯᠢ ᠺᠧ ᠴᠢᠶᠠᠩ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠳᠡᠭᠡᠨ᠂ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠶᠢᠨ ᠥᠷᠲᠡᠭ ᠨᠡᠮᠡᠭᠳᠡᠯ ᠤᠨ ᠭᠠᠶᠢᠯᠢ ᠶᠢᠨ ᠡᠬᠢᠯᠡᠵᠦ | ᠲᠠᠲᠠᠪᠤᠷᠢᠯᠠᠬᠤ ᠴᠡᠭ ᠢ ᠰᠠᠷ᠎ᠠ ᠶᠢᠨ ᠪᠣᠷᠣᠯᠠᠭᠤᠯᠭ᠎ᠠ ᠶᠢᠨ ᠲᠤᠭ᠎ᠠ 10 ᠲᠦᠮᠡᠨ ᠲᠥᠭᠦᠷᠢᠭ ᠪᠠᠶᠢᠭᠰᠠᠨ ᠠᠴᠠ 15 | ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠦᠨ᠎ᠡ ᠭᠡᠵᠦ ᠳᠤᠷᠠᠳᠴᠠᠶ᠃ ᠵᠢᠵᠢᠭ ᠪᠢᠴᠢᠯ ᠠᠵᠤ ᠠᠬᠤᠶᠢᠯᠠᠯ ᠪᠠ | ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠵᠢᠯ ᠤᠨ ᠭᠠᠶᠢᠯᠢ ᠲᠤᠰᠢᠶᠠᠬᠤ ᠶᠣᠰᠣᠲᠠᠶ ᠠᠰᠢᠭ | ᠣᠷᠣᠯᠭ᠎ᠠ ᠶᠢᠨ ᠲᠤᠭ᠎ᠠ ᠨᠢ 100 ᠲᠦᠮᠡᠨ ᠲᠥᠭᠦᠷᠢᠭ ᠲᠤ ᠬᠥᠷᠬᠦ ᠥᠬᠡᠶ ᠬᠡᠰᠡᠭ ᠠᠴᠠ ᠣᠲᠣ ᠶᠢᠨ ᠬᠡᠷᠡᠭᠵᠢᠭᠦᠯᠵᠦ | ᠪᠠᠶᠢᠭ᠎ᠠ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠰᠠᠭᠤᠷᠢᠨ ᠳᠡᠭᠡᠷ᠎ᠡ᠂ ᠠᠰᠢᠭ ᠣᠷᠣᠯᠭ᠎ᠠ ᠶᠢᠨ ᠭᠠᠶᠢᠯᠢ ᠶᠢ | ᠳᠠᠬᠢᠨ ᠬᠠᠭᠠᠰ ᠢᠶᠠᠷ ᠬᠠᠰᠤᠵᠤ ᠲᠠᠲᠠᠪᠤᠷᠢᠯᠠᠨ᠎ᠠ᠃ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠢ ᠨᠡᠮᠡᠨ | ᠪᠤᠳᠤᠵᠤ 75% ᠪᠠᠷ ᠬᠠᠰᠤᠬᠤ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠦᠢᠯᠡᠳᠬᠦ | ᠦᠢᠯᠡᠰ ᠤᠨ ᠠᠵᠤ ᠠᠬᠤᠶᠢᠯᠠᠯ ᠤᠨ ᠨᠡᠮᠡᠨ ᠪᠤᠳᠤᠵᠤ ᠬᠠᠰᠤᠬᠤ ᠬᠠᠷᠢᠴᠠᠯ ᠢ 100% ᠪᠣᠯᠲᠠᠯ᠎ᠠ ᠳᠡᠭᠡᠭᠰᠢᠯᠡᠭᠦᠯᠦᠨ᠎ᠡ | ᠃ ᠡᠲᠡᠭᠡᠷ ᠲᠥᠷᠥ ᠶᠢᠨ ᠪᠣᠳᠣᠯᠭ᠎ᠠ ᠨᠢ ᠭᠠᠶᠢᠯᠢ ᠬᠥᠩᠭᠡᠯᠡᠯᠲᠡ ᠶᠢᠨ ᠴᠡᠪᠡᠷ ᠠᠰᠢᠭ ᠢ ᠦᠷᠭᠦᠯᠵᠢᠯᠡᠨ ᠰᠤᠯᠠᠯᠠᠨ | ᠳᠠᠯᠪᠢᠵᠤ᠂ ᠭᠠᠶᠢᠯᠢ ᠲᠤᠰᠢᠶᠠᠭᠴᠢ ᠳᠤ ᠠᠪᠴᠤ ᠬᠡᠯᠡᠪᠡᠯ ᠯᠤᠲᠤ ᠶᠡᠭᠡ ᠠᠰᠢᠭᠲᠠᠶ ᠶᠤᠮ᠃ ᠪᠢᠳᠡ ᠲᠥᠷᠥ ᠶᠢᠨ | ᠪᠣᠳᠣᠯᠭ᠎ᠠ ᠶᠢ ᠰᠢᠩᠭᠡᠭᠡᠬᠦ ᠶᠢ ᠴᠠᠭ ᠲᠤᠬᠠᠶ ᠳᠤᠨᠢ ᠰᠠᠶᠢᠲᠤᠷ ᠬᠢᠵᠦ᠂ ᠬᠥᠮᠦᠰ ᠢ ᠵᠣᠬᠢᠶᠠᠨ ᠪᠠᠶᠢᠭᠤᠯᠤᠨ ᠭᠠᠶᠢᠯᠢ | ᠲᠠᠲᠠᠪᠤᠷᠢ ᠶᠢᠨ ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢ ᠰᠤᠷᠤᠯᠴᠠᠭᠤᠯᠤᠨ ᠲᠥᠪᠯᠡᠷᠡᠭᠦᠯᠦᠨ ᠶᠠᠷᠢᠯᠴᠠᠭᠤᠯᠵᠤ᠂ | ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠣᠨᠣᠪᠴᠢᠲᠠᠶ ᠡᠵᠡᠮᠰᠢᠨ᠂ ᠺᠠᠳ᠋ᠷ ᠨᠢᠭᠡᠪᠦᠷᠢ ᠳᠤ ᠡᠯ᠎ᠡ ᠵᠦᠢᠯ ᠤᠨ | ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠡᠪᠲᠡᠷᠡᠲᠡᠯ᠎ᠡ ᠣᠶᠢᠯᠠᠭᠠᠭᠤᠯᠬᠤ ᠶᠢ ᠦᠨᠡᠨ ᠬᠦ | ᠪᠠᠲᠤᠯᠠᠨ᠎ᠠ᠃ ᠡᠭᠦᠨ ᠤ ᠬᠠᠮᠲᠤ᠂ ᠪᠢᠳᠡ ᠭᠠᠶᠢᠯᠢ ᠲᠤᠰᠢᠶᠠᠭᠴᠢ᠂ ᠰᠦᠢᠳᠬᠡᠯ ᠲᠤᠰᠢᠶᠠᠭᠴᠢ ᠳᠤ ᠲᠥᠷᠥᠯ | ᠬᠤᠪᠢᠶᠠᠵᠤ᠂ ᠨᠠᠷᠢᠯᠢᠭ ᠣᠨᠣᠴᠠᠲᠠᠶ ᠪᠠᠷ ᠲᠥᠷᠥ ᠶᠢᠨ ᠪᠣᠳᠣᠯᠭ᠎ᠠ ᠶᠢ ᠵᠣᠬᠢᠴᠠᠭᠤᠯᠵᠤ᠂ ᠲᠣᠮᠣ ᠳ᠋ᠠᠶᠢᠲ᠋ᠠ ᠶᠢᠨ | ᠲᠠᠪᠴᠠᠩ ᠪᠠ ᠡᠯ᠎ᠡ ᠵᠦᠢᠯ ᠤᠨ ᠠᠷᠭ᠎ᠠ ᠵᠠᠮ ᠳᠤ ᠲᠦᠰᠢᠭᠯᠡᠨ᠂ ︽ᠨᠢᠭᠡ ᠳᠤ ᠨᠢ ᠨᠢᠬᠡ ᠳᠠᠭᠠᠷᠠᠭᠤᠯᠬᠤ︾ | ᠬᠦᠷᠭᠡᠯᠳᠡ ᠶᠢ ᠬᠡᠷᠡᠭᠵᠢᠭᠦᠯᠵᠦ᠂ ᠭᠠᠶᠢᠯᠢ ᠰᠦᠢᠳᠭᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠨᠠᠷᠢᠯᠢᠭ ᠣᠨᠣᠴᠠᠲᠠᠶ ᠪᠠᠷ ᠰᠢᠭᠤᠳ ᠬᠦᠷᠭᠡᠨ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠪᠢᠳᠡ ᠪᠠᠰᠠ | ︽ᠭᠠᠶᠢᠯᠢ ᠰᠦᠢᠳᠬᠡᠯ ᠤᠨ ᠲᠠᠲᠠᠪᠤᠷᠢᠯᠠᠯᠲᠠ ᠬᠠᠮᠢᠶᠠᠷᠤᠯᠲᠠ ᠶᠢᠨ ᠬᠠᠮᠵᠢᠯᠴᠠᠬᠤ ᠲᠣᠭᠲᠠᠴᠠ︾ ᠶᠢ ᠠᠰᠢᠭᠯᠠᠨ | ᠴᠢᠬᠤᠯᠠ ᠶᠡᠭᠡ ᠭᠠᠶᠢᠯᠢ ᠰᠦᠢᠳᠭᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ︽ᠨᠢᠭᠡ ᠲᠦᠷᠦ ᠶᠢᠨ | ᠪᠤᠳᠤᠯᠭ᠎ᠠ ᠶᠢ ᠨᠢᠬᠡ ᠯᠡ ᠶᠠᠷᠢᠬᠤ᠂ ᠨᠢᠭᠡ ᠠᠷᠭ᠎ᠠ ᠬᠡᠮᠵᠢᠶ᠎ᠡ ᠶᠢ ᠨᠢᠭᠡ ᠯᠡ ᠶᠠᠷᠢᠯᠴᠠᠬᠤ︾ ᠶᠢ ᠬᠡᠷᠡᠭᠵᠢᠭᠦᠯᠵᠦ᠂ | ᠤᠬᠤᠷ ᠳᠤᠬᠢᠷᠠᠮᠵᠢᠳᠡᠢ ᠲᠦᠷᠭᠡᠨ ᠰᠦᠯᠵᠢᠶᠡᠨ ᠤ ᠪᠢᠴᠢᠯ ᠰᠢᠭᠤᠳ ᠨᠡᠪᠲᠡᠷᠡᠭᠦᠯᠭᠡ ᠶᠢᠨ ᠬᠢᠴᠢᠶᠡᠯ ᠤᠨ ᠲᠠᠩᠬᠢᠮ ᠢ | ᠨᠡᠭᠡᠭᠡᠵᠦ᠂ ᠭᠠᠶᠢᠯᠢ ᠲᠤᠰᠢᠶᠠᠭᠴᠢ ᠶᠢᠨ ᠲᠥᠷᠥ ᠶᠢᠨ ᠪᠣᠳᠣᠯᠭ᠎ᠠ ᠶᠢ ᠨᠠᠩ ᠰᠠᠶᠢᠨ ᠣᠶᠢᠯᠠᠭᠠᠬᠤ ᠳᠤᠨᠢ ᠲᠦᠷᠭᠡᠨ | ᠪᠥᠭᠡᠳ ᠴᠠᠭ ᠲᠤᠬᠠᠶ ᠳᠤᠨᠢ ᠬᠠᠪᠰᠤᠷᠴᠤ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠭᠠᠶᠢᠯᠢ | ᠲᠤᠰᠢᠶᠠᠭᠴᠢ ᠶᠢᠨ ᠬᠠᠷᠮᠠᠨ ᠳᠤ ᠪᠦᠷᠢᠨ ᠪᠦᠲᠦᠨ ᠤᠷᠤᠭᠤᠯᠤᠨ᠎ᠡ᠃ | ᠰᠤᠷᠪᠤᠯᠵᠢᠯᠠᠭᠴᠢ᠄ ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ | ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠭᠠᠶᠢᠯᠢ ᠲᠠᠲᠠᠪᠤᠷᠢ ᠶᠢᠨ ᠲᠠᠲᠠᠪᠤᠷᠢᠯᠠᠯᠲᠠ | ᠬᠠᠮᠢᠶᠠᠷᠤᠯᠲᠠ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠶ ᠰᠠᠨᠠᠯ︾ ᠢ ᠳᠠᠷᠤᠮᠠᠯᠯᠠᠨ | ᠲᠠᠷᠬᠠᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠬᠠᠤᠯᠢ | ᠬᠡᠷᠡᠭᠵᠢᠭᠦᠯᠦᠯᠲᠡ ᠶᠢ ᠡᠷᠴᠢᠮ ᠲᠠᠢ ᠮᠥᠷᠲᠡᠭᠡᠨ ᠢᠯᠴᠢ ᠲᠠᠢ ᠪᠣᠯᠭᠠᠬᠤ ᠬᠡᠷᠡᠭᠲᠡᠶ ᠭᠡᠵᠦ ᠳᠤᠷᠠᠳᠤᠨ ᠭᠠᠷᠭᠠᠪᠠ᠃ | ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠬᠠᠤᠯᠢ ᠬᠡᠷᠡᠭᠵᠢᠭᠦᠯᠬᠦ ᠶᠠᠪᠤᠴᠠ ᠳᠤ ᠢᠯᠴᠢ ᠶᠢᠨ ᠬᠡᠮᠵᠢᠶ᠎ᠡ ᠶᠢ | ᠬᠡᠷᠬᠢᠨ ᠢᠯᠡᠷᠡᠭᠦᠯᠦᠭᠰᠡᠨ ᠢ ᠲᠠᠨᠢᠯᠴᠠᠭᠤᠯᠤᠭᠠᠳ ᠥᠭᠭᠦᠨ᠎ᠡ ᠤᠤ︖ | ᠸᠠᠩ ᠰᠢᠶᠠᠩ ᠶᠠᠩ᠄ ᠬᠠᠤᠯᠢ ᠬᠡᠷᠡᠭᠵᠢᠭᠦᠯᠬᠦ ᠢᠯᠴᠢ ᠶᠢᠨ ᠬᠡᠮᠵᠢᠶ᠎ᠡ ᠶᠢ ᠢᠯᠡᠷᠡᠭᠦᠯᠬᠦ ᠲᠠᠯ᠎ᠠ ᠪᠠᠷ᠂ ᠭᠠᠶᠢᠯᠢ ᠶᠢᠨ | ᠶᠠᠪᠤᠳᠠᠯ ᠤᠨ ᠰᠠᠯᠠᠭ᠎ᠠ ᠮᠥᠴᠢᠷ ᠳᠣᠤᠷᠠᠬᠢ ᠠᠷᠭ᠎ᠠ ᠬᠡᠮᠵᠢᠶ᠎ᠡ ᠨᠦᠭᠦᠳ ᠢ ᠠᠪᠴᠠᠶ᠄ ᠨᠢᠭᠡ ᠳᠤ ︽ᠠᠩᠬ᠎ᠠ | ᠵᠥᠷᠢᠴᠡᠪᠡᠯ ᠥᠯᠥ ᠲᠣᠷᠭᠠᠬᠤ︾ ᠶᠢ ᠳᠡᠯᠭᠡᠷᠡᠭᠦᠯᠦᠨ᠎ᠡ᠃ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ | ᠲᠣᠪᠴᠢᠶ᠎ᠠ ᠶᠢᠨ ᠨᠡᠶᠢᠲᠡᠯᠡᠭᠰᠡᠨ ᠪᠥᠬᠦ ᠤᠯᠤᠰ ᠤᠨ ᠨᠢᠭᠡᠳᠦᠯᠲᠡᠶ ︽ᠠᠩᠬ᠎ᠠ ᠵᠥᠷᠢᠴᠡᠪᠡᠯ ᠥᠯᠥ ᠲᠣᠷᠭᠠᠬᠤ︾ | ᠲᠣᠳᠣᠷᠬᠠᠶ ᠬᠠᠭᠤᠳᠠᠰᠤ ᠳᠤ ᠵᠢᠭᠰᠠᠭᠠᠨ ᠣᠷᠣᠭᠤᠯᠤᠭᠰᠠᠨ ᠵᠦᠢᠯᠡᠰ ᠢᠶᠠᠷ ︽ᠠᠩᠬ᠎ᠠ ᠵᠥᠷᠢᠴᠡᠪᠡᠯ ᠥᠯᠥ ᠲᠣᠷᠭᠠᠬᠤ | ︾ ᠶᠢ ᠬᠡᠷᠡᠭᠵᠢᠭᠦᠯᠦᠨ᠎ᠡ᠃ ᠭᠠᠶᠢᠯᠢ ᠲᠤᠰᠢᠶᠠᠭᠴᠢ ᠠᠴᠠ ᠮᠡᠳᠡᠭᠦᠯᠦᠯᠳᠡ ᠶᠢᠨ ᠮᠡᠳᠡᠭᠡ ᠵᠠᠩᠭᠢ ᠪᠠᠨ ᠪᠤᠷᠤᠭᠤ | ᠲᠠᠭᠯᠠᠭᠰᠠᠨ ᠠᠴᠠ ᠪᠣᠯᠵᠣ ᠣᠨ ᠤ ᠬᠤᠷᠢᠶᠠᠩᠭᠤᠶᠢᠯᠠᠨ ᠪᠤᠳᠤᠭᠰᠠᠨ ᠭᠠᠶᠢᠯᠢ ᠶᠢᠨ ᠵᠣᠭᠤᠰ ᠢ ᠢᠯᠡᠭᠦᠤ ᠪᠤᠴᠠᠭᠠᠭᠰᠠᠨ | ᠪᠤᠶᠤ ᠳᠤᠲᠠᠭᠤ ᠲᠤᠰᠢᠶᠠᠭᠰᠠᠨ ᠳᠤ᠂ ᠭᠠᠶᠢᠯᠢ ᠲᠤᠰᠢᠶᠠᠭᠴᠢ ᠰᠠᠨᠠᠭᠠᠴᠢᠯᠠᠭ᠎ᠠ ᠠᠴᠠ ᠪᠠᠨ ᠪᠤᠶᠤ ᠭᠠᠶᠢᠯᠢ ᠶᠢᠨ | ᠶᠠᠪᠤᠳᠠᠯ ᠤᠨ ᠪᠠᠶᠢᠭᠤᠯᠭ᠎ᠠ ᠠᠴᠠ ᠰᠠᠨᠠᠭᠤᠯᠤᠭᠰᠠᠨ ᠤ ᠳᠠᠷᠠᠭ᠎ᠠ ᠴᠠᠭ ᠲᠤᠬᠠᠶ ᠳᠤᠨᠢ ᠵᠠᠯᠠᠷᠠᠭᠤᠯᠤᠭᠰᠠᠨ ᠪᠠᠶᠢᠪᠠᠯ᠂ ︽ | ᠠᠩᠬ᠎ᠠ ᠵᠥᠷᠢᠴᠡᠪᠡᠯ ᠥᠯᠥ ᠲᠣᠷᠭᠠᠬᠤ︾ ᠵᠠᠷᠴᠢᠮ ᠶᠣᠰᠣᠭᠠᠷ ᠰᠢᠳᠬᠡᠬᠦ ᠥᠬᠡᠶ ᠪᠠᠶᠢᠵᠤ ᠪᠣᠯᠤᠨ᠎ᠠ᠃ ᠬᠤᠶᠠᠷ ᠲᠤ | ᠤᠶᠠᠨ ᠬᠠᠳᠠᠨ ᠢᠶᠠᠷ ᠬᠠᠤᠯᠢ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ ᠢᠳᠬᠠᠨ ᠬᠥᠮᠦᠵᠢᠭᠦᠯᠬᠦ᠂ ᠰᠠᠨᠠᠭᠤᠯᠬᠤ | ᠵᠡᠷᠭᠡ ᠠᠯᠪᠠᠳᠠᠯᠭ᠎ᠠ ᠶᠢᠨ ᠪᠤᠰᠤ ᠴᠢᠨᠠᠷᠲᠠᠶ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠢ ᠪᠦᠲᠦᠮᠵᠢᠲᠡᠶ ᠬᠡᠷᠡᠭᠯᠡᠵᠦ᠂ | ᠬᠠᠤᠯᠢ ᠬᠡᠷᠡᠭᠵᠢᠭᠦᠯᠦᠯᠲᠡ ᠶᠢ ᠡᠷᠴᠢᠮ ᠲᠠᠢ ᠮᠥᠷᠲᠡᠭᠡᠨ ᠢᠯᠴᠢ ᠶᠢᠨ ᠬᠡᠮᠵᠢᠶ᠎ᠡ ᠲᠠᠢ ᠪᠣᠯᠭᠠᠵᠤ᠂ ᠠᠭᠤᠴᠢᠯᠠᠬᠤ ᠪᠠ | ᠴᠢᠩᠭ᠎ᠠ ᠰᠢᠳᠬᠡᠬᠦ ᠶᠢ ᠬᠤᠣᠰᠯᠠᠭᠤᠯᠬᠤ᠂ ᠬᠠᠤᠯᠢ ᠲᠦᠷᠢᠮ ᠶᠤᠰᠤ ᠵᠦᠢ ᠶᠢ ᠬᠠᠷᠢᠯᠴᠠᠨ ᠠᠭᠤᠰᠤᠯᠴᠠᠭᠤᠯᠬᠤ ᠶᠢ | ᠪᠡᠶᠡᠯᠡᠭᠦᠯᠦᠨ᠎ᠡ᠃ ᠡᠭᠦᠨ ᠤ ᠬᠠᠮᠲᠤ ᠲᠥᠬᠦᠮ ᠲᠣᠷᠭᠠᠭᠤᠯᠢ ᠶᠢᠨ ᠵᠦᠢᠯᠡᠰ ᠢ ᠰᠦᠯᠵᠢᠶᠡᠨ ᠳᠡᠭᠡᠷ᠎ᠡ | ᠰᠢᠢᠳᠪᠦᠷᠢᠯᠡᠬᠦ ᠶᠢ ᠳᠥᠯᠭᠢᠨ ᠠᠬᠢᠭᠤᠯᠵᠤ᠂ ᠬᠠᠤᠯᠢ ᠶᠢ ᠵᠥᠷᠢᠴᠡᠭᠰᠡᠨ ᠮᠡᠳᠡᠭᠡ ᠵᠠᠩᠭᠢ ᠶᠢ ᠠᠦ᠋ᠲ᠋ᠤ᠋ ᠰᠠᠨᠠᠭᠤᠯᠭ᠎ᠠ᠂ | ᠲᠣᠷᠭᠠᠭᠤᠯᠢ ᠶᠢᠨ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠬᠦᠢᠴᠡᠳᠭᠡᠬᠦ᠂ ᠲᠣᠷᠭᠠᠭᠤᠯᠢ ᠶᠢᠨ ᠦᠷ᠎ᠡ ᠳ᠋ᠦᠩ ᠢ | ᠴᠠᠭ ᠲᠤᠬᠠᠶ ᠳᠤᠨᠢ ᠳᠠᠮᠵᠢᠭᠤᠯᠬᠤ ᠶᠢ ᠪᠡᠶᠡᠯᠡᠭᠦᠯᠦᠨ᠎ᠡ᠃ ᠭᠤᠷᠪᠠ ᠳᠤ ᠡᠷᠬᠡ ᠠᠰᠢᠭ ᠤᠨ ᠬᠠᠮᠠᠭᠠᠯᠠᠯᠲᠠ ᠶᠢ | ᠴᠢᠩᠭᠠᠳᠬᠠᠨ᠎ᠠ᠃ ᠭᠠᠶᠢᠯᠢ ᠶᠢᠨ ᠶᠠᠪᠤᠳᠠᠯ ᠤᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠡᠷᠬᠡ ᠠᠰᠢᠭ ᠤᠨ | ᠴᠢᠨᠠᠷᠲᠠᠶ ᠬᠢᠨᠠᠨ ᠬᠠᠷᠭᠤᠭᠤᠯᠬᠤ ᠲᠣᠭᠲᠠᠴᠠ ᠶᠢ ᠪᠠᠶᠢᠭᠤᠯᠵᠤ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ | ᠵᠢᠩᠬᠢᠨᠢ ᠪᠠᠷ ᠨᠡᠶᠢᠲᠡᠯᠡᠬᠦ ᠠᠴᠠ ᠡᠮᠦᠨ᠎ᠡ ᠡᠷᠬᠡ ᠠᠰᠢᠭ ᠤᠨ ᠴᠢᠨᠠᠷᠲᠠᠶ ᠬᠢᠨᠠᠨ ᠬᠠᠷᠭᠤᠭᠤᠯᠤᠯᠲᠠ ᠬᠢᠵᠦ᠂ ᠭᠠᠶᠢᠯᠢ | ᠲᠤᠰᠢᠶᠠᠭᠴᠢ᠂ ᠭᠠᠶᠢᠯᠢ ᠳᠤ ᠬᠤᠯᠪᠣᠭᠳᠠᠬᠤ ᠦᠢᠯᠡᠴᠢᠯᠡᠭᠡᠨ ᠤ ᠵᠠᠭᠤᠴᠢ ᠪᠠᠶᠢᠭᠤᠯᠤᠮᠵᠢ᠂ ᠦᠨᠳᠦᠰᠦᠨ ᠱᠠᠲᠤᠨ ᠤ | ᠭᠠᠶᠢᠯᠢ ᠶᠢᠨ ᠶᠠᠪᠤᠳᠠᠯ ᠤᠨ ᠺᠠᠳ᠋ᠷᠴᠤᠳ ᠢ ᠵᠣᠬᠢᠶᠠᠨ ᠪᠠᠶᠢᠭᠤᠯᠤᠨ ᠰᠤᠳᠤᠯᠤᠨ ᠶᠠᠷᠢᠯᠴᠠᠭᠤᠯᠵᠤ᠂ ᠭᠠᠶᠢᠯᠢ | ᠲᠤᠰᠢᠶᠠᠭᠴᠢ ᠰᠦᠢᠳᠬᠡᠯ ᠲᠤᠰᠢᠶᠠᠭᠴᠢ ᠶᠢᠨ ᠡᠷᠬᠡ ᠠᠰᠢᠭ ᠢ ᠬᠠᠰᠤᠵᠤ ᠬᠤᠬᠢᠷᠠᠭᠤᠯᠬᠤ ᠪᠤᠶᠤ ᠭᠠᠶᠢᠯᠢ | ᠲᠤᠰᠢᠶᠠᠭᠴᠢ ᠰᠦᠢᠳᠭᠡᠯ ᠲᠤᠰᠢᠶᠠᠭᠴᠢ ᠶᠢᠨ ᠳᠠᠷᠤᠭᠠᠰᠤ ᠶᠢ ᠨᠡᠮᠡᠭᠳᠡᠭᠦᠯᠦᠭᠰᠡᠨ ᠡᠰᠡᠬᠦ ᠶᠢ ᠨᠤᠲᠠᠯᠠᠨ᠎ᠠ᠃ | |