ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ - ᠬᠤᠲᠠ ᠶᠢᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠥᠷᠯᠥᠭᠡᠨ ᠤ ᠤᠩᠰᠢᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/5/31
  ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠬᠠᠮᠢᠶ᠎ᠠ ᠪᠥᠬᠦᠶ ᠲᠣᠬᠢᠷᠠᠭᠤᠯᠤᠯᠲᠠ ᠶᠢ ᠦᠨᠳᠦᠰᠦᠯᠡᠨ᠂ 5 ᠰᠠᠷ᠎ᠠ ᠶᠢᠨ 21 ᠤ ᠡᠳᠦᠷ ᠤᠨ ᠥᠷᠯᠥᠭᠡ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠠᠴᠠ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠥᠷᠯᠥᠭᠡ ᠶᠢᠨ ᠤᠩᠰᠢᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠮᠠᠤ ᠽᠤ᠋ ᠳ᠋ᠦᠩ  ᠳ᠋ᠧᠩ ᠰᠢᠶᠤᠤ ᠫᠢᠩ  ᠵᠢᠶᠠᠩ ᠽᠧ ᠮᠢᠨ  ᠬᠤ᠋ ᠶᠢᠨ ᠲᠤᠤ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠤᠬᠡ ᠶᠢᠨ ᠲᠤᠬᠠᠶ ᠥᠭᠦᠯᠡᠯᠲᠡ ᠶᠢᠨ ᠲᠡᠭᠦᠪᠦᠷᠢ︾ ᠶᠢᠨ ︽ᠮᠠᠤ ᠽᠤ᠋ ᠳ᠋ᠦᠩ ᠤᠨ ᠴᠢᠬᠤᠯᠠ ᠥᠭᠦᠯᠡᠯᠲᠡ︾ ᠶᠢᠨ ᠬᠡᠰᠡᠭ ᠠᠭᠤᠯᠭ᠎ᠠ ᠶᠢ ᠲᠥᠪᠯᠡᠷᠡᠭᠦᠯᠦᠨ ᠰᠤᠷᠤᠯᠴᠠᠪᠠ᠃   ᠳᠠᠷᠠᠭ᠎ᠠ ᠪᠠᠷ ᠨᠢ ᠨᠠᠮ ᠤᠨ ᠭᠡᠰᠢᠭᠦᠨ ᠺᠠᠳ᠋ᠷᠴᠤᠳ ᠰᠣᠷᠣᠭᠰᠠᠨ ᠠᠭᠤᠯᠭ᠎ᠠ ᠶᠢᠨ ᠢᠶᠠᠨ ᠲᠤᠬᠠᠶ ᠥᠪᠡᠷ ᠥᠪᠡᠷ ᠤᠨ ᠣᠯᠤᠯᠲᠠ ᠲᠥᠷᠥᠭᠳᠡᠯ ᠢᠶᠠᠨ ᠶᠠᠷᠢᠪᠠ᠃ ᠤᠯᠠᠨ ᠢᠶᠠᠷ ᠢᠶᠠᠨ᠂ ᠨᠠᠮ ᠤᠨ ᠲᠡᠦᠬᠡ ᠶᠢ ᠰᠤᠷᠤᠯᠴᠠᠬᠤ ᠳᠤ᠂ ᠡᠪ ᠬᠠᠮᠲᠤᠴᠤᠳ ᠤᠨ ᠦᠨᠡᠨᠴᠢ ᠰᠢᠳᠤᠷᠭᠤ ᠮᠥᠨ ᠴᠢᠨᠠᠷ ᠢ ᠢᠮᠠᠭᠲᠠ ᠪᠠᠲᠤ ᠴᠡᠭᠡᠵᠢᠯᠡᠬᠦ ᠬᠡᠷᠡᠭᠲᠡᠢ︔ ᠨᠠᠮ ᠤᠨ ᠲᠡᠦᠬᠡ ᠶᠢ ᠰᠤᠷᠤᠯᠴᠠᠬᠤ ᠳᠤ᠂ ᠡᠪ ᠬᠠᠮᠲᠤᠴᠤᠳ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠪᠠᠲᠤ ᠴᠡᠭᠡᠵᠢᠯᠡᠬᠦ ᠬᠡᠷᠡᠭᠲᠡᠢ︔ ᠨᠠᠮ ᠤᠨ ᠲᠡᠦᠬᠡ ᠶᠢ ᠰᠤᠷᠤᠯᠴᠠᠬᠤ ᠳᠤ᠂ ᠡᠪ ᠬᠠᠮᠲᠤᠴᠤᠳ ᠤᠨ ᠬᠤᠪᠢᠰᠬᠠᠯᠲᠤ ᠭᠧᠨ ᠢ ᠰᠠᠶᠢᠲᠤᠷ ᠤᠯᠠᠮᠵᠢᠯᠠᠨ ᠵᠠᠯᠭᠠᠮᠵᠢᠯᠠᠬᠤ ᠬᠡᠷᠡᠭᠲᠡᠢ᠃ ᠠᠵᠢᠯ ᠤᠨ ᠪᠠᠶᠢᠷᠢ ᠳᠠᠭᠠᠨ ᠰᠠᠭᠤᠷᠢᠯᠠᠨ ᠠᠷᠠᠳ ᠲᠦᠮᠡᠨ ᠳᠤ ᠦᠢᠯᠡᠴᠢᠯᠡᠵᠦ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠠᠷᠠᠳ ᠤᠨ ᠲᠥᠯᠥᠭᠡ ᠬᠦᠴᠢᠷ ᠵᠣᠪᠠᠭᠤᠷᠢ ᠶᠢ ᠰᠢᠢᠳᠪᠦᠷᠢᠯᠡᠬᠦ ᠳᠤᠮᠳᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ ᠬᠡᠷᠡᠭᠲᠡᠢ ᠭᠡᠵᠡᠢ᠃    ᠤᠯᠠᠨ ᠬᠡᠯᠪᠡᠷᠢ ᠶᠢᠨ ᠰᠤᠷᠤᠯᠴᠠᠯᠭ᠎ᠠ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠨᠠᠮ ᠤᠨ ᠲᠡᠦᠬᠡᠨ ᠠᠴᠠ ᠬᠦᠴᠦᠨ ᠴᠢᠳᠠᠯ ᠢ ᠲᠠᠰᠤᠷᠠᠯᠳᠠ ᠦᠭᠡᠢ ᠰᠢᠩᠭᠡᠭᠡᠨ ᠠᠪᠴᠤ᠂ ᠦᠵᠡᠯ ᠰᠠᠨᠠᠭᠠᠨ ᠤ ᠤᠬᠠᠮᠰᠠᠷ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠤᠯᠤᠰ ᠲᠦᠷᠦ ᠶᠢᠨ ᠤᠨᠤᠯ ᠤᠨ ᠬᠢᠷᠢ ᠬᠡᠮᠵᠢᠶ᠎ᠡ ᠪᠠ ᠨᠠᠮᠴᠢ ᠴᠢᠨᠠᠷ ᠤᠨ ᠪᠣᠯᠪᠠᠰᠤᠷᠠᠯ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠪᠡ᠃ ᠵᠠᠯᠭᠠᠭᠠᠳ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠠᠴᠠ ᠥᠷᠯᠥᠭᠡ ᠶᠢᠨ ᠤᠩᠰᠢᠯᠭ᠎ᠠ ᠶᠢᠨ ᠠᠵᠢᠯᠯᠠᠭ᠎ᠠ ᠶᠢ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠠᠭᠤᠯᠭ᠎ᠠ ᠪᠣᠯᠭᠠᠨ ᠴᠥᠬᠦᠷᠡᠰᠢ ᠥᠬᠡᠶ ᠠᠳᠬᠤᠵᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠨᠡᠨ ᠬᠦ ᠰᠢᠨ᠎ᠡ ᠪᠠᠶᠢᠳᠠᠯ ᠢ ᠨᠡᠭᠡᠭᠡᠬᠦ᠂ ᠰᠠᠶᠢᠨ ᠠᠯᠬᠤᠴᠠ ᠡᠬᠢᠯᠡᠭᠦᠯᠬᠦ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠪᠣᠯᠤᠨ᠎ᠠ᠃
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2