ᠤᠯᠠᠭᠠᠨᠴᠠᠪ ᠵᠠᠰᠠᠭ ᠠᠯᠪᠠᠨ ᠲᠠᠷᠬᠠᠭᠠᠭᠰᠠᠨ ﹇2021﹈10 ᠳ᠋ᠤᠭᠠᠷ ᠲᠣᠭᠠᠲᠤ | | ᠭᠡᠷᠡᠴᠢᠯᠡᠬᠦ ᠵᠦᠶᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠲᠥᠰᠦᠯ ᠢ | ᠳᠠᠷᠤᠮᠠᠯᠯᠠᠨ ᠶᠠᠪᠤᠭᠤᠯᠬᠤ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ | ᠮᠡᠳᠡᠭᠳᠡᠯ | | | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ | ᠬᠠᠷᠢᠶ᠎ᠡ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠤᠯᠠᠭᠠᠨᠴᠠᠪ ᠬᠤᠲᠠ ᠶᠢᠨ ᠭᠡᠷᠡᠴᠢᠯᠡᠬᠦ ᠵᠦᠶᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠢ ᠪᠥᠬᠦ ᠲᠠᠯ᠎ᠠ ᠪᠠᠷ | ᠬᠡᠷᠡᠭᠵᠢᠭᠦᠯᠬᠦ ᠲᠥᠰᠦᠯ︾ ᠢ ᠬᠤᠲᠠ ᠶᠢᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ | ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃ | | 2021 ᠣᠨ ᠤ 3 ᠰᠠᠷ᠎ᠠ ᠶᠢᠨ 12 ᠤᠨ ᠡᠳᠦᠷ | | | | ᠤᠯᠠᠭᠠᠨᠴᠠᠪ ᠬᠤᠲᠠ ᠶᠢᠨ ᠭᠡᠷᠡᠴᠢᠯᠡᠬᠦ ᠵᠦᠶᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠢ ᠪᠥᠬᠦ ᠲᠠᠯ᠎ᠠ ᠪᠠᠷ | ᠬᠡᠷᠡᠭᠵᠢᠭᠦᠯᠬᠦ ᠲᠥᠰᠦᠯ | ᠭᠡᠷᠡᠴᠢᠯᠡᠬᠦ ᠵᠦᠶᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠶᠢᠨ ᠲᠤᠰᠠᠳᠠ | ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠭᠡᠷᠡᠴᠢᠯᠡᠬᠦ ᠵᠦᠶᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ | ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ | 51ᠳ᠋ᠦ᠋ᠭᠡᠷ ᠲᠣᠭᠠᠲᠤ︶ ᠢ ᠦᠨᠳᠦᠰᠦᠯᠡᠵᠦ᠂ ᠳᠣᠷᠣᠭᠰᠢ ︽ᠬᠡᠷᠡᠭᠵᠢᠭᠦᠯᠬᠦ ᠲᠥᠰᠦᠯ︾ ᠤᠨ ᠵᠣᠷᠢᠭ ᠰᠠᠨᠠᠭ᠎ᠠ ᠭᠡᠵᠦ | ᠲᠣᠪᠴᠢᠯᠠᠨ᠎ᠠ᠂ ᠮᠠᠨ ᠤ ᠬᠤᠲᠠ ᠶᠢᠨ ᠪᠣᠳᠠᠲᠠᠶ ᠲᠠᠢ ᠤᠶᠠᠯᠳᠤᠭᠤᠯᠤᠨ᠂ ᠲᠣᠰ ᠠᠵᠢᠯ ᠤᠨ ᠲᠥᠰᠦᠯ ᠢ ᠲᠣᠭᠲᠠᠭᠠᠪᠠ | ᠃ | ᠨᠢᠭᠡ᠂ ᠠᠵᠢᠯ ᠤᠨ ᠬᠠᠷᠠᠯᠲᠠ | ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠬᠠᠤᠯᠢ ᠴᠠᠭᠠᠵᠠ ᠬᠠᠤᠯᠢ ᠲᠣᠭᠲᠠᠭᠠᠯ ᠠᠴᠠ ᠡᠷᠬᠡ | ᠣᠯᠭᠤᠭᠰᠠᠨ ᠤᠯᠠᠨ ᠨᠡᠶᠢᠲᠡ ᠶᠢᠨ ᠬᠡᠷᠡᠭ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠪᠦᠬᠦᠢ ᠵᠣᠬᠢᠶᠠᠨ | ᠪᠠᠶᠢᠭᠤᠯᠤᠯᠲᠠ ︵ᠳᠣᠷᠣᠭᠰᠢ ︽ᠵᠠᠰᠠᠭ ᠵᠠᠬᠢᠷᠭᠠᠨ ᠤ ᠪᠠᠶᠢᠭᠤᠯᠭ᠎ᠠ︾ ᠭᠡᠵᠦ ᠨᠢᠭᠡᠳᠦᠯᠲᠡᠢ ᠨᠡᠷᠡᠶᠢᠳᠦᠨ᠎ᠡ︶ ᠵᠠᠰᠠᠭ | ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠨᠤᠲᠠᠯᠠᠯᠲᠠ᠂ ᠵᠠᠰᠠᠭ ᠵᠠᠬᠢᠷᠭᠠᠨ ᠤ ᠥᠭᠭᠦᠯᠲᠡ ᠵᠡᠷᠭᠡ | ᠭᠤᠶᠤᠴᠢᠯᠠᠯ ᠢᠶᠠᠷ ᠪᠣᠯᠬᠤ ᠵᠠᠰᠠᠭ ᠵᠠᠬᠢᠷᠭᠠᠨ ᠤ ᠵᠦᠢᠯᠡᠰ ︵ᠳᠣᠷᠣᠭᠰᠢ ︽ᠵᠠᠰᠠᠭ ᠵᠠᠬᠢᠷᠭᠠᠨ ᠤ ᠵᠦᠢᠯᠡᠰ︾ ᠭᠡᠵᠦ | ᠲᠣᠪᠴᠢᠯᠠᠪᠠ︶ ᠱᠠᠭᠠᠷᠳᠠᠯᠭ᠎ᠠ ᠶᠣᠰᠣᠭᠠᠷ ᠭᠡᠷᠡᠴᠢᠯᠡᠬᠦ ᠮᠠᠲ᠋ᠧᠷᠢᠶᠠᠯ ᠬᠠᠩᠭᠠᠬᠤ ᠦᠶ᠎ᠡ ᠳᠤ ᠭᠡᠷᠡᠴᠢᠯᠡᠬᠦ ᠵᠦᠢᠯᠡᠰ ᠢ | ᠮᠡᠳᠡᠭᠳᠡᠬᠦ ᠠᠮᠠᠯᠠᠯᠲᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠂ ᠵᠠᠰᠠᠭ ᠵᠠᠬᠢᠷᠭᠠᠨ ᠤ ᠪᠠᠶᠢᠭᠤᠯᠭ᠎ᠠ | ᠲᠣᠳᠣᠷᠬᠠᠶ ᠬᠡᠯᠡᠵᠦ ᠥᠭᠬᠦ᠂ ᠠᠵᠤ ᠠᠬᠤᠶᠢᠯᠠᠯ ᠪᠠ ᠣᠯᠠᠨ ᠲᠦᠮᠡᠨ ᠤ ᠦᠨᠡᠨᠴᠢ ᠢᠲᠡᠭᠡᠮᠵᠢᠲᠡᠶ ᠪᠠᠶᠢᠬᠤ ᠪᠠᠷ | ᠭᠤᠤᠯᠳᠠᠯᠭ᠎ᠠ ᠪᠣᠯᠭᠠᠨ᠎ᠠ᠂ ᠪᠠᠷᠢᠮᠵᠢᠶ᠎ᠠ ᠶᠢ ᠢᠯᠡ ᠪᠣᠯᠭᠠᠭᠰᠠᠨ᠂ ᠳᠦᠷᠢᠮᠯᠡᠯ ᠢ ᠭᠤᠣᠯᠴᠢ ᠪᠠᠶᠢᠯᠭᠠᠭᠰᠠᠨ᠂ | ᠵᠢᠱᠢᠭᠰᠡᠨ ᠬᠤᠭᠤᠴᠠᠭ᠎ᠠ ᠨᠢ ᠲᠣᠳᠣᠷᠬᠠᠶ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠭᠰᠡᠨ᠂ | ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠵᠠᠰᠠᠯᠲᠠ ᠶᠢᠨ ᠵᠠᠭᠪᠤᠷ ᠢ ᠪᠠᠶᠢᠭᠤᠯᠬᠤ ᠶᠢ ᠲᠦᠯᠬᠢᠨ ᠠᠬᠢᠭᠤᠯᠵᠤ᠂ | ᠠᠵᠤ ᠠᠬᠤᠶᠢᠯᠠᠯ ᠪᠠ ᠣᠯᠠᠨ ᠲᠦᠮᠡᠨ ᠤ ᠦᠨᠡᠮᠯᠡᠯ ᠠᠪᠬᠤ ᠳᠤ ᠭᠠᠷ ᠭᠦᠢᠴᠡᠳᠬᠡᠯ ᠣᠯᠠᠨ᠂ ᠠᠵᠢᠯ ᠬᠢᠬᠦ ᠳᠤ | ᠬᠦᠴᠢᠷ ᠵᠡᠷᠭᠡ ᠠᠰᠠᠭᠤᠳᠠᠯ ᠢ ᠳᠦᠷᠢᠮ ᠤᠨ ᠲᠠᠯ᠎ᠠ ᠠᠴᠠ ᠤᠯᠠᠮ ᠨᠢᠭᠡ ᠠᠯᠬᠤᠮ ᠰᠢᠶᠳᠪᠦᠷᠢᠯᠡᠬᠦ ᠬᠡᠷᠡᠭᠲᠡᠶ᠃ | ᠬᠤᠶᠠᠷ᠂ ᠠᠵᠢᠯ ᠤᠨ ᠬᠡᠪᠴᠢᠶ᠎ᠡ ᠪᠠ ᠲᠣᠬᠢᠷᠠᠬᠤ ᠡᠲᠡᠭᠡᠳ | ︵ᠨᠢᠭᠡ︶ ᠬᠡᠷᠡᠭᠵᠢᠭᠦᠯᠬᠦ ᠪᠠᠶᠢᠭᠤᠯᠭ᠎ᠠ᠃ ᠭᠡᠷᠡᠴᠢᠯᠡᠬᠦ ᠵᠦᠶᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠤᠨ | ᠠᠵᠢᠯ ᠢ ᠪᠥᠬᠦ ᠬᠤᠲᠠ ᠶᠢᠨ ᠬᠡᠪᠴᠢᠶᠡᠨ ᠳᠤ ᠠᠯᠬᠤᠮ ᠳᠠᠷᠠᠭ᠎ᠠ ᠬᠤᠪᠢᠶᠠᠨ ᠨᠡᠶᠢᠳᠡᠮ ᠥᠷᠨᠢᠭᠦᠯᠦᠨ᠎ᠡ᠃ | ᠬᠡᠷᠡᠭᠵᠢᠭᠦᠯᠬᠦ ᠪᠠᠶᠢᠭᠤᠯᠭ᠎ᠠ ᠳᠤ ᠬᠤᠲᠠ᠂ ᠬᠤᠰᠢᠭᠤ ᠰᠢᠶᠠᠨ ᠬᠤᠲᠠ ᠲᠣᠭᠤᠷᠢᠭ᠂ ᠰᠤᠮᠤ ᠰᠢᠶᠠᠩ ᠪᠠᠯᠭᠠᠰᠤ ᠶᠢᠨ | ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠠᠭᠲᠠᠨ᠎ᠠ᠃ | ︵ᠬᠤᠶᠠᠷ︶ ᠲᠣᠮᠢᠶᠠᠯᠠᠯ ᠪᠠ ᠬᠡᠪᠴᠢᠶ᠎ᠡ᠃ ᠲᠤᠰ ᠲᠥᠰᠦᠯ ᠳᠤ ᠬᠡᠯᠡᠵᠦ ᠪᠠᠶᠢᠭ᠎ᠠ ᠭᠡᠷᠡᠴᠢᠯᠡᠬᠦ ᠭᠡᠳᠡᠭ ᠨᠢ | ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠨᠢ ᠵᠠᠰᠠᠭ ᠵᠠᠬᠢᠷᠭᠠᠨ ᠤ | ᠪᠠᠶᠢᠭᠤᠯᠭ᠎ᠠ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠵᠦᠢᠯᠡᠰ ᠢ ᠰᠢᠢᠳᠪᠦᠷᠢᠯᠡᠭᠦᠯᠬᠦ ᠪᠠᠷ ᠭᠤᠶᠤᠴᠢᠯᠠᠬᠤ | ᠦᠶ᠎ᠡ ᠳᠤ ᠬᠠᠩᠭᠠᠬᠤ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠪᠤᠰᠤᠳ ᠪᠠᠶᠢᠭᠤᠯᠤᠮᠵᠢ ᠠᠴᠠ ᠭᠠᠷᠭᠠᠵᠤ᠂ | ᠪᠤᠰᠤᠳᠴᠢ ᠪᠣᠳᠠᠲᠤ ᠬᠡᠷᠡᠭ ᠢ ᠳᠦᠷᠰᠦᠯᠡᠨ ᠲᠣᠭᠠᠴᠢᠬᠤ ᠪᠤᠶᠤ ᠣᠨᠴᠠ ᠲᠣᠭᠲᠠᠭᠰᠠᠨ ᠨᠥᠬᠦᠴᠡᠯ ᠳᠤ ᠨᠡᠶᠢᠴᠡᠬᠦ ᠶᠢ | ᠲᠣᠳᠣᠷᠬᠠᠶᠢᠯᠠᠬᠤ ᠬᠡᠷᠡᠭᠴᠡᠭᠡ ᠪᠦᠬᠦᠢ ᠮᠠᠲ᠋ᠧᠷᠢᠶᠠᠯ ᠢ ᠵᠢᠭᠠᠵᠤ ᠪᠠᠶᠢᠨ᠎ᠠ᠃ ᠭᠡᠷᠡᠴᠢᠯᠡᠬᠦ ᠵᠦᠢᠯᠡᠰ ᠢ ᠬᠡᠯᠡᠵᠦ ᠥᠭᠬᠦ | ᠠᠮᠠᠯᠠᠯᠲᠠ ᠶᠢᠨ ᠲᠦᠷᠢᠮ ᠬᠡᠳᠡᠭ ᠨᠢ ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ | ᠨᠢ ᠵᠠᠰᠠᠭ ᠵᠠᠬᠢᠷᠭᠠᠨ ᠤ ᠪᠠᠶᠢᠭᠤᠯᠭ᠎ᠠ ᠳᠤ ᠵᠠᠰᠠᠭ ᠵᠠᠬᠢᠷᠭᠠᠨ ᠤ ᠵᠦᠢᠯᠡᠰ ᠢ ᠰᠢᠢᠳᠪᠦᠷᠢᠯᠡᠭᠦᠯᠬᠦ ᠪᠠᠷ ᠭᠤᠶᠤᠴᠢᠯᠠᠬᠤ | ᠦᠶ᠎ᠡ ᠳᠤ᠂ ᠵᠠᠰᠠᠭ ᠵᠠᠬᠢᠷᠭᠠᠨ ᠤ ᠪᠠᠶᠢᠭᠤᠯᠭ᠎ᠠ ᠪᠢᠴᠢᠭ ᠤᠨ ᠬᠡᠯᠪᠡᠷᠢ ︵ᠡᠯᠧᠺᠲᠷᠣᠨ ᠲᠧᠺᠰᠲ ᠪᠠᠭᠲᠠᠨ᠎ᠠ᠂ | ᠳᠣᠷᠣᠭᠰᠢ ᠠᠳᠠᠯᠢ︶ ᠪᠠᠷ ᠭᠡᠷᠡᠴᠢᠯᠡᠬᠦ ᠡᠭᠦᠷᠭᠡ᠂ ᠭᠡᠷᠡᠴᠢᠯᠡᠬᠦ ᠠᠭᠤᠯᠭ᠎ᠠ ᠵᠢᠴᠢ ᠦᠨᠡᠨ ᠪᠣᠳᠠᠲᠠᠢ ᠪᠤᠰᠤ | ᠠᠮᠠᠯᠠᠯᠲᠠ ᠶᠢᠨ ᠡᠭᠦᠷᠭᠡᠯᠡᠬᠦ ᠬᠠᠤᠯᠢ ᠶᠢᠨ ᠬᠠᠷᠢᠭᠤᠴᠠᠯᠭ᠎ᠠ ᠶᠢ ᠭᠤᠶᠤᠴᠢᠯᠠᠭᠴᠢ ᠳᠤ ᠨᠢᠭᠡ ᠯᠡ ᠤᠳᠠᠭ᠎ᠠ ᠳᠡᠭᠡᠷ᠎ᠡ | ᠬᠡᠯᠡᠵᠦ ᠥᠭᠬᠦ ᠶᠢ ᠵᠢᠭᠠᠵᠤ ᠪᠠᠶᠢᠨ᠎ᠠ᠂ ᠭᠤᠶᠤᠴᠢᠯᠠᠭᠴᠢ ᠶᠢᠨ ᠪᠢᠴᠢᠭ ᠤᠨ ᠠᠮᠠᠯᠠᠯᠲᠠ ᠨᠢ ᠨᠢᠭᠡᠨᠲᠡ ᠬᠡᠯᠡᠵᠦ ᠥᠭᠬᠦ | ᠬᠠᠮᠢᠶ᠎ᠠ ᠪᠦᠬᠦᠢ ᠱᠠᠭᠠᠷᠳᠠᠯᠭ᠎ᠠ ᠳᠤ ᠨᠡᠶᠢᠴᠡᠭᠰᠡᠨ ᠪᠥᠭᠡᠳ ᠦᠨᠡᠨ ᠪᠣᠳᠠᠲᠠᠢ ᠪᠤᠰᠤ ᠠᠮᠠᠯᠠᠯᠲᠠ ᠶᠢᠨ ᠡᠭᠦᠷᠭᠡᠯᠡᠬᠦ | ᠬᠠᠤᠯᠢ ᠶᠢᠨ ᠬᠠᠷᠢᠭᠤᠴᠠᠯᠭ᠎ᠠ ᠳᠤ ᠨᠡᠶᠢᠴᠡᠭᠰᠡᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠲᠠᠬᠢᠵᠤ ᠬᠤᠯᠪᠣᠭᠳᠠᠯ | ᠪᠦᠬᠦᠢ ᠭᠡᠷᠡᠴᠢ ᠶᠢ ᠨᠡᠬᠡᠨ ᠠᠪᠬᠤ ᠦᠭᠡᠢ ᠪᠥᠭᠡᠳ ᠪᠢᠴᠢᠭ ᠤᠨ ᠠᠮᠠᠯᠠᠯᠲᠠ ᠶᠢ ᠦᠨᠳᠦᠰᠦᠯᠡᠨ ᠬᠤᠯᠪᠣᠭᠳᠠᠯ ᠪᠦᠬᠦᠢ | ᠵᠠᠰᠠᠭ ᠵᠠᠬᠢᠷᠭᠠᠨ ᠤ ᠵᠦᠢᠯᠡᠰ ᠢ ᠰᠢᠢᠳᠪᠦᠷᠢᠯᠡᠬᠦ ᠠᠵᠢᠯ ᠤᠨ ᠲᠣᠭᠲᠠᠴᠠ ᠶᠢ ᠵᠢᠭᠠᠵᠤ ᠪᠠᠶᠢᠨ᠎ᠠ᠃ | ᠭᠤᠷᠪᠠ᠂ ᠭᠤᠣᠯ ᠡᠭᠦᠷᠭᠡ | ︵ᠨᠢᠭᠡ︶ ᠮᠡᠳᠡᠭᠳᠡᠬᠦ ᠠᠮᠠᠯᠠᠯᠲᠠ ᠶᠢᠨ ᠲᠦᠷᠢᠮ ᠤᠨ ᠬᠡᠷᠡᠭᠵᠢᠭᠦᠯᠦᠯᠲᠡ ᠶᠢᠨ ᠭᠡᠷᠡᠴᠢᠯᠡᠬᠦ ᠵᠦᠶᠯᠡᠰ ᠢ | ᠲᠣᠳᠣᠷᠬᠠᠶᠢᠯᠠᠬᠤ ᠬᠡᠷᠡᠭᠲᠡᠢ᠃ ᠡᠯ᠎ᠡ ᠬᠤᠰᠢᠭᠤ ᠰᠢᠶᠠᠨ ᠬᠤᠲᠠ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ | ᠬᠤᠯᠪᠣᠭᠳᠠᠯ ᠪᠥᠬᠦᠶ ᠨᠢᠭᠡᠴᠢ ︽ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠲᠣᠰ | ᠪᠡᠶ᠎ᠡ ᠶᠢᠨ ᠪᠣᠳᠠᠲᠠᠶ ᠲᠠᠢ ᠪᠠᠨ ᠤᠶᠠᠯᠳᠤᠭᠤᠯᠤᠨ ᠠᠮᠠᠯᠠᠯᠲᠠ ᠶᠢᠨ ᠲᠦᠷᠢᠮ ᠤᠨ ᠭᠡᠷᠡᠴᠢᠯᠡᠬᠦ ᠵᠦᠶᠯᠡᠰ ᠤᠨ | ᠬᠡᠪᠴᠢᠶ᠎ᠡ ᠶᠢ ᠬᠡᠷᠡᠭᠵᠢᠭᠦᠯᠵᠦ᠂ ᠭᠡᠷᠡᠴᠢᠯᠡᠬᠦ ᠵᠦᠶᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠤᠨ ᠭᠠᠷᠴᠠᠭ ᠤᠨ | ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ᠂ ᠲᠣᠰ ᠭᠠᠵᠠᠷ ᠣᠷᠣᠨ᠂ ᠲᠣᠰ ᠨᠢᠭᠡᠴᠢ ᠶᠢᠨ | ᠫᠤᠷᠲ᠋ᠤᠯ ᠰᠦᠯᠵᠢᠶᠡᠨ ᠳᠡᠭᠡᠷ᠎ᠡ ᠨᠡᠶᠢᠲᠡᠯᠡᠬᠦ ᠬᠡᠷᠡᠭᠲᠡᠶ᠃ ᠭᠡᠷᠡᠴᠢᠯᠡᠬᠦ ᠵᠦᠶᠯᠡᠰ ᠢ ᠮᠡᠳᠡᠭᠳᠡᠬᠦ ᠠᠮᠠᠯᠠᠯᠲᠠ ᠶᠢᠨ | ᠲᠦᠷᠢᠮ ᠤᠨ ᠭᠠᠷᠴᠠᠭ ᠤᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠳᠤ᠂ ᠬᠠᠮᠤᠭ ᠤᠨ ᠶᠡᠭᠡ ᠬᠡᠮᠵᠢᠶ᠎ᠡ ᠪᠠᠷ | ᠠᠷᠠᠳ ᠲᠤ ᠠᠰᠢᠭ ᠬᠥᠷᠲᠡᠭᠡᠬᠦ᠂ ᠠᠷᠠᠳ ᠲᠤ ᠲᠥᠬᠦᠮ ᠦᠵᠡᠭᠦᠯᠬᠦ ᠵᠠᠷᠴᠢᠮ ᠶᠣᠰᠣᠭᠠᠷ᠂ ᠠᠵᠤ ᠠᠬᠤᠶᠢᠯᠠᠯ ᠪᠠ | ᠣᠯᠠᠨ ᠲᠦᠮᠡᠨ ᠤ ᠦᠶᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ᠂ ᠬᠡᠷᠡᠭᠯᠡᠬᠦ ᠳᠠᠪᠲᠠᠮᠵᠢ ᠤᠳᠠᠭ᠎ᠠ ᠨᠢ | ᠨᠡᠯᠢᠶᠡᠳ ᠥᠨᠳᠥᠷ ᠪᠤᠶᠤ ᠤᠯᠬᠤ ᠬᠦᠴᠢᠷᠳᠡᠯ ᠢᠶᠠᠷ ᠨᠡᠯᠢᠶᠡᠳ ᠶᠡᠭᠡ ᠭᠡᠷᠡᠴᠢᠯᠡᠬᠦ ᠵᠦᠶᠯᠡᠰ ᠢ ᠬᠠᠨᠳᠤᠯᠭᠠᠲᠤ | ᠴᠢᠨᠠᠷᠲᠠᠶ ᠪᠠᠷ ᠰᠣᠩᠭᠤᠨ ᠠᠪᠴᠤ ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠵᠦ᠂ ᠢᠯᠠᠩᠭᠤᠶ᠎ᠠ ᠡᠷᠦᠬᠡ | ᠠᠮᠠ ᠶᠢᠨ ᠲᠠᠩᠰᠠ ᠶᠢᠨ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠵᠡᠩᠨᠡᠯᠲᠡ ᠶᠢ ᠵᠥᠪᠰᠢᠶᠡᠷᠡᠬᠦ | ᠂ ᠬᠢᠷᠢ ᠬᠡᠮ ᠤᠨ ᠰᠢᠯᠭᠠᠯᠲᠠ᠂ ᠨᠡᠶᠢᠭᠡᠮ ᠤᠨ ᠳᠠᠭᠠᠳᠬᠠᠯ᠂ ᠨᠡᠶᠢᠭᠡᠮ ᠤᠨ ᠠᠪᠤᠷᠠᠨ ᠲᠤᠰᠠᠯᠠᠯᠲᠠ᠂ ᠡᠷᠡᠭᠦᠯ | ᠮᠡᠨᠳᠦ ᠶᠢᠨ ᠪᠡᠶ᠎ᠡ ᠶᠢᠨ ᠪᠠᠶᠢᠴᠠᠭᠠᠯᠲᠠ᠂ ᠬᠠᠤᠯᠢ ᠴᠠᠭᠠᠵᠠ ᠶᠢᠨ ᠦᠶᠯᠡᠴᠢᠯᠡᠭᠡ ᠵᠡᠷᠭᠡ ᠲᠠᠯ᠎ᠠ ᠪᠠᠷ ᠱᠠᠯᠠᠪᠳᠠᠨ | ᠬᠡᠷᠡᠭᠵᠢᠭᠦᠯᠵᠦ᠂ ᠲᠦᠷᠭᠡᠬᠡᠨ ᠨᠠᠶᠢᠳᠠᠪᠤᠷᠢᠵᠢᠭᠤᠯᠬᠤ ᠬᠡᠷᠡᠭᠲᠡᠶ᠃ ᠤᠯᠤᠰ ᠤᠨ ᠠᠮᠤᠷ ᠲᠦᠪᠰᠢᠨ᠂ ᠤᠯᠤᠰ ᠤᠨ | ᠨᠢᠭᠤᠴᠠ᠂ ᠤᠯᠠᠨ ᠨᠡᠶᠢᠲᠡ ᠶᠢᠨ ᠠᠮᠤᠷ ᠲᠦᠪᠰᠢᠨ᠂ ᠮᠥᠩᠭᠦᠨ ᠭᠦᠢᠯᠭᠡᠭᠡᠨ ᠤ ᠦᠢᠯᠡᠰ ᠤᠨ ᠬᠢᠨᠠᠮᠠᠭᠠᠢ ᠬᠢᠨᠠᠯᠲᠠ | ᠬᠠᠮᠢᠶᠠᠷᠤᠯᠲᠠ᠂ ᠠᠮᠢ ᠠᠬᠤᠢ ᠶᠢᠨ ᠣᠷᠴᠢᠨ ᠲᠤᠭᠤᠷᠢᠨ ᠤ ᠬᠠᠮᠠᠭᠠᠯᠠᠯᠲᠠ ᠳᠤ ᠰᠢᠭᠤᠳ ᠬᠤᠯᠪᠣᠭᠳᠠᠬᠤ᠂ | ᠬᠥᠮᠦᠨ ᠤ ᠪᠡᠶ᠎ᠡ ᠶᠢᠨ ᠡᠷᠡᠭᠦᠯ ᠮᠡᠨᠳᠦ᠂ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠳᠤ ᠰᠢᠭᠤᠳ | ᠬᠤᠯᠪᠣᠭᠳᠠᠬᠤ ᠵᠢᠴᠢ ᠭᠠᠳᠠᠭᠠᠳᠤ ᠲᠠᠢ ᠬᠤᠯᠪᠣᠭᠳᠠᠬᠤ ᠵᠡᠷᠭᠡ ᠠᠶᠤᠯ ᠲᠦᠭᠰᠢᠭᠦᠷᠢ ᠨᠡᠯᠢᠶᠡᠳ ᠶᠡᠭᠡ᠂ ᠪᠤᠷᠤᠭᠤ ᠶᠢ | ᠵᠠᠯᠠᠷᠠᠭᠤᠯᠬᠤ ᠦᠷᠳᠡᠭ ᠨᠡᠯᠢᠶᠡᠳ ᠥᠨᠳᠥᠷ᠂ ᠬᠤᠬᠢᠷᠠᠯ ᠢ ᠡᠭᠡᠭᠦᠯᠦᠨ ᠠᠪᠴᠢᠷᠠᠬᠤ ᠳᠤ ᠪᠡᠷᠬᠡᠲᠡᠢ ᠭᠡᠷᠡᠴᠢᠯᠡᠬᠦ | ᠵᠦᠢᠯᠡᠰ ᠲᠤ ᠬᠡᠯᠡᠵᠦ ᠥᠭᠬᠦ ᠠᠮᠠᠯᠠᠯᠲᠠ ᠶᠢᠨ ᠲᠦᠷᠢᠮ ᠢ ᠬᠡᠷᠡᠭᠯᠡᠬᠦ ᠦᠭᠡᠢ᠃ ᠮᠡᠳᠡᠭᠳᠡᠬᠦ ᠠᠮᠠᠯᠠᠯᠲᠠ ᠶᠢᠨ ᠲᠦᠷᠢᠮ ᠢ | ᠬᠡᠷᠡᠭᠵᠢᠭᠦᠯᠵᠦ ᠪᠠᠶᠢᠭ᠎ᠠ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠤᠨ ᠵᠦᠶᠯᠡᠰ ᠤᠨ | ᠬᠡᠪᠴᠢᠶ᠎ᠡ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠠᠰ ᠲᠤᠨᠢ ᠲᠣᠭᠲᠠᠭᠠᠨ᠎ᠠ᠃ | ᠡᠯ᠎ᠡ ᠬᠤᠰᠢᠭᠤ ᠰᠢᠶᠠᠨ ᠬᠤᠲᠠ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠨᠢᠭᠡᠴᠢ | ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠵᠠᠰᠠᠪᠤᠷᠢ ᠣᠷᠤᠭᠤᠯᠤᠭᠰᠠᠨ᠂ | ᠬᠦᠴᠦᠨ ᠥᠬᠡᠶ ᠪᠣᠯᠭᠠᠭᠰᠠᠨ ᠵᠡᠷᠭᠡ ᠪᠠᠶᠢᠳᠠᠯ ᠢ ᠦᠨᠳᠦᠰᠦᠯᠡᠨ᠂ ᠠᠮᠠᠯᠠᠯᠲᠠ ᠶᠢᠨ ᠲᠦᠷᠢᠮ ᠢ ᠬᠡᠷᠡᠭᠵᠢᠭᠦᠯᠵᠦ | ᠪᠠᠶᠢᠭ᠎ᠠ ᠭᠡᠷᠡᠴᠢᠯᠡᠬᠦ ᠵᠦᠶᠯᠡᠰ ᠤᠨ ᠭᠠᠷᠴᠠᠭ ᠲᠤ ᠬᠥᠳᠡᠯᠦᠩᠭᠦᠶ ᠲᠣᠬᠢᠷᠠᠭᠤᠯᠤᠯᠲᠠ ᠬᠢᠬᠦ ᠲᠣᠭᠲᠠᠴᠠ ᠶᠢ ᠪᠠᠶᠢᠭᠤᠯᠬᠤ | ᠬᠡᠷᠡᠭᠲᠡᠶ᠃ ᠬᠤᠲᠠ ᠶᠢᠨ ᠰᠢᠭᠤᠳ ᠬᠠᠷᠢᠶ᠎ᠡ ᠡᠯ᠎ᠡ ᠬᠤᠯᠪᠣᠭᠳᠠᠯ ᠪᠥᠬᠦᠶ ᠨᠢᠭᠡᠴᠢ ᠭᠡᠷᠡᠴᠢᠯᠡᠬᠦ ᠵᠦᠶᠯᠡᠰ ᠢ ᠮᠡᠳᠡᠭᠳᠡᠬᠦ | ᠠᠮᠠᠯᠠᠯᠲᠠ ᠶᠢᠨ ᠲᠦᠷᠢᠮ ᠤᠨ ᠭᠠᠷᠴᠠᠭ ᠲᠤ ᠬᠥᠳᠡᠯᠦᠩᠭᠦᠶ ᠪᠠᠷ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠴᠠᠭ | ᠲᠤᠬᠠᠶ ᠳᠤᠨᠢ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ ︵ | ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ | ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠨᠢᠭᠡᠴᠢ᠃︶᠃ | ︵ᠬᠤᠶᠠᠷ︶ ᠮᠡᠳᠡᠭᠳᠡᠬᠦ ᠠᠮᠠᠯᠠᠯᠲᠠ ᠶᠢᠨ ᠲᠦᠷᠢᠮ ᠳᠤ ᠲᠣᠬᠢᠷᠠᠭᠳᠠᠭᠰᠠᠳ ᠢ ᠲᠣᠭᠲᠠᠭᠠᠨ᠎ᠠ᠃ ᠮᠡᠳᠡᠭᠳᠡᠬᠦ | ᠠᠮᠠᠯᠠᠯᠲᠠ ᠶᠢᠨ ᠲᠦᠷᠢᠮ ᠢ ᠬᠡᠷᠡᠭᠵᠢᠭᠦᠯᠦᠭᠰᠡᠨ ᠭᠡᠷᠡᠴᠢᠯᠡᠬᠦ ᠵᠦᠶᠯᠡᠰ ᠢ ᠭᠤᠶᠤᠴᠢᠯᠠᠭᠴᠢ ᠮᠡᠳᠡᠭᠳᠡᠬᠦ ᠠᠮᠠᠯᠠᠯᠲᠠ ᠶᠢᠨ | ᠲᠦᠷᠢᠮ ᠤᠨ ᠠᠷᠭ᠎ᠠ ᠮᠠᠶ᠋ᠢᠭ ᠢᠶᠠᠷ ᠭᠦᠶᠴᠡᠳᠬᠡᠬᠦ ᠡᠰᠡᠬᠦ ᠶᠢ ᠡᠵᠡᠨ ᠮᠡᠳᠡᠵᠦ ᠰᠣᠩᠭᠤᠵᠤ ᠪᠣᠯᠤᠨ᠎ᠠ᠃ | ᠭᠤᠶᠤᠴᠢᠯᠠᠭᠴᠢ ᠠᠮᠠᠯᠠᠯᠲᠠ ᠬᠢᠬᠦ ᠳᠤᠷ᠎ᠠ ᠦᠭᠡᠢ ᠪᠤᠶᠤ ᠠᠮᠠᠯᠠᠯᠲᠠ ᠬᠢᠬᠦ ᠶᠢᠨ ᠠᠷᠭ᠎ᠠ ᠦᠭᠡᠢ ᠪᠠᠶᠢᠪᠠᠯ᠂ ᠬᠠᠤᠯᠢ | ᠴᠠᠭᠠᠵᠠ ᠬᠠᠤᠯᠢ ᠲᠣᠭᠲᠠᠭᠠᠯ ᠪᠤᠶᠤ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠤᠨ ᠱᠠᠭᠠᠷᠳᠠᠯᠭ᠎ᠠ ᠶᠢᠨ | ᠭᠡᠷᠡᠴᠢ ᠶᠢ ᠲᠤᠰᠢᠶᠠᠬᠤ ᠬᠡᠷᠡᠭᠲᠡᠢ᠃ ᠭᠤᠶᠤᠴᠢᠯᠠᠭᠴᠢ ᠨᠢ ᠨᠡᠯᠢᠶᠡᠳ ᠬᠦᠨᠳᠦ ᠨᠣᠴᠢᠲᠠᠶ ᠡᠷᠡᠭᠦᠯ ᠪᠤᠰᠤ | ᠢᠲᠡᠭᠡᠮᠵᠢ ᠶᠢᠨ ᠲᠡᠮᠳᠡᠭᠯᠡᠯ ᠲᠠᠢ ᠪᠤᠶᠤ ᠬᠤᠳᠠᠯ ᠬᠠᠭᠤᠷᠮᠠᠭ ᠠᠮᠠᠯᠠᠯᠲᠠ ᠬᠢᠵᠦ ᠥᠩᠭᠡᠷᠡᠭᠰᠡᠨ ᠵᠡᠷᠭᠡ ᠪᠠᠶᠢᠳᠠᠯ ᠲᠠᠢ | ᠪᠠᠶᠢᠪᠠᠯ᠂ ᠢᠲᠡᠭᠡᠮᠵᠢ ᠶᠢ ᠨᠢ ᠰᠡᠷᠭᠦᠭᠡᠬᠦ ᠠᠴᠠ ᠡᠮᠦᠨ᠎ᠡ ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠯᠡᠬᠦ ᠥᠬᠡᠶ᠃ ︵ | ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ | ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠨᠢᠭᠡᠴᠢ᠃︶ | ︵ᠭᠤᠷᠪᠠ︶ ᠮᠡᠳᠡᠭᠳᠡᠬᠦ ᠠᠮᠠᠯᠠᠯᠲᠠ ᠶᠢᠨ ᠲᠦᠷᠢᠮ ᠤᠨ ᠠᠵᠢᠯ ᠤᠨ ᠴᠤᠪᠤᠷᠠᠯ ᠢ ᠵᠢᠷᠤᠮᠵᠢᠭᠤᠯᠬᠤ ᠬᠡᠷᠡᠭᠲᠡᠶ᠃ | ᠡᠯ᠎ᠡ ᠬᠤᠰᠢᠭᠤ ᠰᠢᠶᠠᠨ ᠬᠤᠲᠠ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ | ᠨᠢᠭᠡᠴᠢ ᠮᠡᠳᠡᠭᠳᠡᠬᠦ ᠠᠮᠠᠯᠠᠯᠲᠠ ᠶᠢᠨ ᠳᠦᠷᠢᠮ ᠢ ᠬᠡᠷᠡᠭᠵᠢᠭᠦᠯᠵᠦ ᠪᠠᠶᠢᠭ᠎ᠠ ᠭᠡᠷᠡᠴᠢᠯᠡᠬᠦ ᠵᠦᠢᠯ ᠤᠨ ᠭᠠᠷᠴᠠᠭ ᠢ | ᠦᠨᠳᠦᠰᠦᠯᠡᠨ᠂ ᠪᠦᠬᠦ ᠲᠠᠯ᠎ᠠ ᠪᠠᠷ ᠣᠨᠣᠪᠴᠢᠲᠠᠶ᠂ ᠡᠷᠬᠡ ᠬᠠᠷᠢᠭᠤᠴᠠᠯᠭ᠎ᠠ ᠲᠣᠳᠣᠷᠬᠠᠶ᠂ ᠳᠥᠭᠦᠮ ᠣᠶᠢᠯᠠᠭᠠᠮᠵᠢᠲᠠᠶ | ᠪᠠᠶᠢᠬᠤ ᠱᠠᠭᠠᠷᠳᠠᠯᠭ᠎ᠠ ᠶᠣᠰᠣᠭᠠᠷ᠂ ᠠᠵᠢᠯ ᠤᠨ ᠳᠦᠷᠢᠮ ᠢᠶᠠᠨ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ | ᠵᠣᠬᠢᠶᠠᠵᠤ᠂ ᠠᠵᠢᠯ ᠶᠠᠪᠤᠳᠠᠯ ᠬᠢᠬᠦ ᠵᠦᠭᠯᠡᠭᠦᠷ ᠢᠶᠠᠨ ᠵᠠᠰᠠᠨ ᠲᠡᠭᠦᠯᠳᠡᠷᠵᠢᠭᠦᠯᠵᠦ᠂ ᠮᠡᠳᠡᠭᠳᠡᠬᠦ ᠪᠢᠴᠢᠭ ᠤᠨ | ᠬᠡᠯᠪᠡᠷᠢᠵᠢᠭᠰᠡᠨ ᠲᠣᠪᠬᠢᠮᠠᠯ ᠵᠣᠬᠢᠶᠠᠬᠤ ᠶᠢᠨ ᠬᠠᠮᠲᠤ ᠨᠡᠶᠢᠲᠡᠯᠡᠵᠦ᠂ ᠨᠢᠭᠡ ᠤᠳᠠᠭ᠎ᠠ ᠶᠢᠨ ᠴᠢᠨᠠᠷᠲᠠᠶ ᠮᠡᠳᠡᠭᠳᠡᠬᠦ ᠪᠠ | ᠠᠮᠠᠯᠳᠠᠬᠤ ᠬᠡᠷᠡᠭᠲᠡᠶ᠃ ᠪᠢᠴᠢᠭ ᠢᠶᠠᠷ ᠮᠡᠳᠡᠭᠳᠡᠬᠦ ᠠᠭᠤᠯᠭ᠎ᠠ ᠳᠤ ᠵᠦᠢᠯᠡᠰ ᠤᠨ ᠨᠡᠷᠡᠶᠢᠳᠦᠯ᠂ ᠲᠣᠭᠲᠠᠭᠠᠬᠤ | ᠦᠨᠳᠦᠰᠦᠯᠡᠯ᠂ ᠭᠡᠷᠡᠴᠢᠯᠡᠬᠦ ᠠᠭᠤᠯᠭ᠎ᠠ ᠪᠤᠶᠤ ᠵᠥᠪᠰᠢᠶᠡᠷᠡᠬᠦ ᠨᠥᠬᠦᠴᠡᠯ ᠪᠠ ᠮᠠᠲ᠋ᠧᠷᠢᠶᠠᠯ ᠤᠨ ᠱᠠᠭᠠᠷᠳᠠᠯᠭ᠎ᠠ᠂ | ᠠᠮᠠᠯᠠᠯᠲᠠ ᠬᠢᠬᠦ ᠠᠷᠭ᠎ᠠ ᠮᠠᠶ᠋ᠢᠭ᠂ ᠬᠤᠳᠠᠯ ᠠᠮᠠᠯᠠᠯᠲᠠ ᠶᠢᠨ ᠡᠭᠦᠷᠭᠡᠯᠡᠵᠦ ᠮᠡᠳᠡᠬᠦ ᠢᠷᠭᠡᠨ ᠤ ᠬᠡᠷᠡᠭ᠂ ᠵᠠᠰᠠᠭ ᠵᠠᠬᠢᠷᠭ᠎ᠠ | ᠂ ᠡᠷᠡᠭᠦᠦ ᠶᠢᠨ ᠬᠠᠷᠢᠭᠤᠴᠠᠯᠭ᠎ᠠ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠢᠨᠠᠨ ᠪᠠᠶᠢᠴᠠᠭᠠᠬᠤ ᠡᠷᠬᠡ᠂ | ᠠᠮᠠᠯᠠᠯᠲᠠ ᠶᠢᠨ ᠪᠢᠴᠢᠭ ᠢ ᠢᠯᠡ ᠪᠣᠯᠭᠠᠭᠰᠠᠨ ᠡᠰᠡᠬᠦ ᠵᠢᠴᠢ ᠢᠯᠡ ᠪᠣᠯᠭᠠᠬᠤ ᠬᠡᠪᠴᠢᠶ᠎ᠡ᠂ ᠴᠠᠭ ᠤᠨ ᠬᠢᠵᠠᠭᠠᠷ | ᠵᠡᠷᠭᠡ ᠶᠢ ᠪᠠᠭᠲᠠᠭᠠᠬᠤ ᠬᠡᠷᠡᠭᠲᠡᠢ᠃ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠬᠠᠮᠢᠶ᠎ᠠ ᠪᠥᠬᠦᠶ | ᠱᠠᠭᠠᠷᠳᠠᠯᠭ᠎ᠠ ᠪᠠᠷ ᠬᠡᠮᠵᠢᠶᠡᠵᠢᠭᠦᠯᠵᠦ᠂ ᠣᠷᠣᠯᠳᠤᠬᠤ ᠳᠤ ᠲᠥᠬᠦᠮ ᠪᠠᠶᠢᠯᠭᠠᠵᠤ᠂ ᠪᠠᠯᠠᠷᠬᠠᠶ ᠲᠤᠭᠠᠴᠠᠯᠲᠠ ᠪᠤᠶᠤ | ᠪᠦᠬᠦᠨ ᠢ ᠢᠯᠡᠴᠢᠯᠡᠬᠦ ᠵᠦᠢᠯ ᠵᠤᠷᠪᠤᠰ ᠶᠢ ᠪᠠᠭᠲᠠᠭᠠᠬᠤ ᠥᠬᠡᠶ᠃ ᠪᠢᠴᠢᠭ ᠤᠨ ᠠᠮᠠᠯᠠᠯᠲᠠ ᠶᠢᠨ ᠠᠭᠤᠯᠭ᠎ᠠ ᠳᠤ | ᠭᠤᠶᠤᠴᠢᠯᠠᠭᠴᠢ ᠶᠢᠨ ᠮᠡᠳᠡᠭᠳᠡᠬᠦ ᠵᠦᠢᠯᠡᠰ ᠢ ᠨᠢᠭᠡᠨᠲᠡ ᠮᠡᠳᠡᠭᠰᠡᠨ ᠂ ᠬᠤᠯᠪᠣᠭᠳᠠᠯ ᠪᠦᠬᠦᠢ ᠨᠥᠬᠦᠴᠡᠯ ᠳᠤ ᠨᠢᠭᠡᠨᠲᠡ | ᠨᠡᠶᠢᠴᠡᠭᠰᠡᠨ᠂ ᠦᠨᠡᠨ ᠪᠣᠳᠠᠲᠠᠢ ᠪᠤᠰᠤ ᠠᠮᠠᠯᠠᠯᠲᠠ ᠶᠢᠨ ᠡᠭᠦᠷᠭᠡᠯᠡᠬᠦ ᠬᠠᠤᠯᠢ ᠶᠢᠨ ᠬᠠᠷᠢᠭᠤᠴᠠᠯᠭ᠎ᠠ ᠶᠢ ᠬᠦᠯᠢᠶᠡᠬᠦ | ᠵᠢᠴᠢ ᠠᠮᠠᠯᠠᠯᠲᠠ ᠶᠢᠨ ᠰᠠᠨᠠᠭᠠᠨ ᠤ ᠢᠯᠡᠳᠬᠡᠯᠲᠡ ᠨᠢ ᠦᠨᠡᠨ ᠪᠠᠶᠢᠬᠤ ᠵᠡᠷᠭᠡ ᠪᠠᠭᠲᠠᠨ᠎ᠠ᠃ ᠮᠡᠳᠡᠭᠳᠡᠬᠦ | ᠠᠮᠠᠯᠠᠯᠲᠠ ᠶᠢᠨ ᠲᠦᠷᠢᠮ ᠤᠨ ᠠᠵᠢᠯ ᠶᠠᠪᠤᠳᠠᠯ ᠬᠢᠬᠦ ᠵᠦᠭᠯᠡᠭᠦᠷ᠂ ᠮᠡᠳᠡᠭᠳᠡᠬᠦ ᠠᠮᠠᠯᠠᠯᠲᠠ ᠶᠢᠨ ᠪᠢᠴᠢᠭ ᠤᠨ | ᠬᠡᠯᠪᠡᠷᠢᠵᠢᠭᠰᠡᠨ ᠲᠣᠪᠬᠢᠮᠠᠯ ᠢ ᠬᠠᠮᠢᠶ᠎ᠠ ᠪᠥᠬᠦᠶ ᠦᠶᠯᠡᠴᠢᠯᠡᠭᠡᠨ ᠤ ᠲᠠᠯᠠᠪᠤᠷ᠂ ᠰᠦᠯᠵᠢᠶᠡᠨ ᠤ ᠥᠷᠲᠡᠭᠡ ᠪᠠ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠨᠡᠶᠢᠲᠡᠯᠡᠵᠦ᠂ | ᠭᠤᠶᠤᠴᠢᠯᠠᠭᠴᠢ ᠶᠢᠨ ᠪᠠᠶᠢᠴᠠᠭᠠᠨ ᠦᠵᠡᠬᠦ᠂ ᠨᠡᠬᠡᠵᠦ ᠠᠪᠬᠤ ᠪᠤᠶᠤ ᠪᠠᠭᠤᠯᠭᠠᠵᠤ ᠠᠪᠬᠤ ᠳᠤ ᠲᠥᠬᠦᠮ | ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ | ᠨᠢᠭᠡᠴᠢ᠃︶ | ︵ᠳᠥᠷᠪᠡ︶ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠠᠷᠭᠤᠭᠤᠯᠤᠨ | ᠪᠠᠶᠢᠴᠠᠭᠠᠬᠤ ᠶᠢ ᠴᠢᠩᠭᠠᠳᠬᠠᠨ᠎ᠠ᠃ ᠠᠵᠢᠯ ᠤᠨ ᠣᠨᠴᠠᠯᠢᠭ ᠵᠡᠷᠭᠡ ᠳᠤ ᠴᠢᠭᠯᠡᠭᠦᠯᠦᠨ ᠲᠥᠷᠥᠯ ᠬᠤᠪᠢᠶᠠᠨ | ᠬᠠᠷᠭᠤᠭᠤᠯᠤᠨ ᠪᠠᠶᠢᠴᠠᠭᠠᠬᠤ ᠠᠷᠭ᠎ᠠ ᠶᠢ ᠲᠣᠭᠲᠠᠭᠠᠵᠤ᠂ ᠠᠮᠠᠯᠳᠠᠭᠴᠢ ᠶᠢᠨ ᠢᠲᠡᠭᠡᠮᠵᠢ ᠶᠢᠨ ᠪᠠᠶᠢᠳᠠᠯ ᠢ | ᠬᠠᠷᠭᠤᠭᠤᠯᠤᠨ ᠪᠠᠶᠢᠴᠠᠭᠠᠬᠤ ᠶᠢ ᠬᠢᠨᠡᠨ ᠰᠢᠯᠭᠠᠬᠤ ᠠᠷᠭ᠎ᠠ ᠳᠤ ᠲᠣᠭᠲᠠᠭᠠᠬᠤ ᠴᠢᠬᠤᠯᠠ ᠡᠯᠧᠮᠧᠨ᠋ᠲ ᠪᠣᠯᠭᠠᠵᠤ᠂ | ᠬᠠᠷᠭᠤᠭᠤᠯᠤᠨ ᠪᠠᠶᠢᠴᠠᠭᠠᠬᠤ ᠴᠠᠭ᠂ ᠪᠠᠷᠢᠮᠵᠢᠶ᠎ᠠ᠂ ᠠᠷᠭ᠎ᠠ ᠮᠠᠶ᠋ᠢᠭ ᠵᠢᠴᠢ ᠬᠠᠷᠭᠤᠭᠤᠯᠤᠨ ᠪᠠᠶᠢᠴᠠᠭᠠᠬᠤ ᠠᠴᠠ | ᠭᠡᠯᠳᠦᠷᠢᠭᠦᠯᠬᠦ ᠡᠰᠡᠬᠦ ᠶᠢ ᠲᠣᠳᠣᠷᠬᠠᠶᠢᠯᠠᠬᠤ ᠬᠡᠷᠡᠭᠲᠡᠶ᠃ ᠬᠢᠨᠠᠨ ᠪᠠᠶᠢᠴᠠᠭᠠᠬᠤ ᠠᠴᠠ ᠭᠡᠯᠳᠦᠷᠢᠭᠦᠯᠬᠦ ᠵᠦᠶᠯᠡᠰ ᠢ ᠵᠠᠰᠠᠭ | ᠵᠠᠬᠢᠷᠭᠠᠨ ᠤ ᠪᠠᠶᠢᠭᠤᠯᠭ᠎ᠠ ᠨᠢ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ᠂ | ᠭᠤᠤᠯᠳᠠᠯᠭ᠎ᠠ ᠲᠠᠢ ᠬᠢᠨᠠᠯᠲᠠ ᠬᠠᠮᠢᠶᠠᠷᠤᠯᠲᠠ᠂ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾᠂ ᠣᠶᠤᠨᠴᠢ | ᠬᠢᠨᠠᠯᠲᠠ ᠬᠠᠮᠢᠶᠠᠷᠤᠯᠲᠠ ᠵᠡᠷᠭᠡ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ ᠪᠠᠶᠢᠭᠠᠳ ᠡᠳᠦᠷ ᠲᠤᠲᠤᠮ ᠤᠨ | ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠮᠡᠳᠡᠭᠳᠡᠬᠦ ᠠᠮᠠᠯᠠᠯᠲᠠ ᠶᠢᠨ ᠲᠦᠷᠢᠮ ᠤᠨ ᠠᠷᠭ᠎ᠠ ᠮᠠᠶ᠋ᠢᠭ ᠢᠶᠠᠷ | ᠳᠠᠮᠵᠢᠭᠤᠯᠤᠨ ᠭᠦᠢᠴᠡᠳᠬᠡᠬᠦ ᠠᠵᠤ ᠠᠬᠤᠶᠢᠯᠠᠯ ᠪᠠ ᠣᠯᠠᠨ ᠲᠦᠮᠡᠨ ᠳᠤ ᠭᠠᠳᠠᠭᠤᠷᠴᠢᠯᠠᠬᠤ ᠴᠢᠨᠠᠷᠲᠠᠶ ᠬᠢᠨᠠᠯᠲᠠ | ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠠᠪᠴᠤ ᠪᠣᠯᠬᠤ ᠥᠬᠡᠶ᠃ ᠬᠠᠷᠭᠤᠭᠤᠯᠤᠨ ᠪᠠᠶᠢᠴᠠᠭᠠᠬᠤ ᠪᠤᠶᠤ ᠡᠳᠦᠷ | ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠳᠤᠮᠳᠠ ᠠᠮᠠᠯᠠᠯᠲᠠ ᠨᠢ ᠦᠨᠡᠨ ᠪᠣᠳᠠᠲᠠᠶ ᠪᠤᠰᠤ ᠪᠠᠶᠢᠬᠤ ᠶᠢ ᠣᠯᠵᠤ | ᠮᠡᠳᠡᠪᠡᠯ᠂ ᠵᠠᠰᠠᠭ ᠵᠠᠬᠢᠷᠭᠠᠨ ᠤ ᠪᠠᠶᠢᠭᠤᠯᠭ᠎ᠠ ᠬᠠᠤᠯᠢ ᠶᠣᠰᠣᠭᠠᠷ ᠵᠣᠭᠰᠣᠭᠠᠵᠤ᠂ ᠬᠤᠭᠤᠴᠠᠭ᠎ᠠ ᠬᠢᠵᠠᠭᠠᠷᠯᠠᠨ | ᠴᠡᠭᠴᠡᠯᠡᠨ ᠰᠠᠶᠢᠵᠢᠷᠠᠭᠤᠯᠬᠤ ᠪᠠᠷ ᠵᠠᠷᠯᠢᠭᠳᠠᠵᠤ᠂ ᠵᠠᠰᠠᠭ ᠵᠠᠬᠢᠷᠭᠠᠨ ᠤ ᠲᠣᠭᠲᠠᠭᠠᠯ ᠢ ᠬᠦᠴᠦᠨ ᠥᠬᠡᠶ ᠪᠣᠯᠭᠠᠬᠤ | ᠪᠤᠶᠤ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠥᠭᠬᠦ ᠶᠢᠨ ᠬᠠᠮᠲᠤ ᠢᠲᠡᠭᠡᠮᠵᠢ ᠶᠢᠨ ᠲᠡᠮᠳᠡᠭᠯᠡᠯ ᠳᠤ ᠣᠷᠣᠭᠤᠯᠬᠤ | ᠬᠡᠷᠡᠭᠲᠡᠶ᠃ ᠶᠠᠯ᠎ᠠ ᠬᠢᠭᠰᠡᠨ ᠰᠡᠵᠢᠭᠯᠡᠯᠲᠡᠢ ᠪᠠᠶᠢᠪᠠᠯ᠂ ᠬᠠᠤᠯᠢ ᠶᠣᠰᠣᠭᠠᠷ ᠬᠠᠤᠯᠢ ᠴᠠᠭᠠᠵᠠ ᠶᠢᠨ ᠪᠠᠶᠢᠭᠤᠯᠭ᠎ᠠ ᠳᠤ | ᠰᠢᠯᠵᠢᠭᠦᠯᠦᠨ ᠬᠦᠷᠭᠡᠨ᠎ᠡ᠃ ︵ᠲᠦᠷᠦᠭᠦᠯᠡᠬᠦ ᠨᠢᠭᠡᠴᠢ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠃ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ | ᠬᠠᠷᠢᠶ᠎ᠠ ᠨᠢᠭᠡᠴᠢ᠃︶ | ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠳ᠋ᠠᠶᠢᠲ᠋ᠠ ᠶᠢ ᠬᠠᠮᠲᠤᠪᠠᠷ ᠭᠥᠷᠳᠡᠬᠦ ᠶᠢ ᠠᠬᠢᠭᠤᠯᠤᠨ᠎ᠠ᠃ | ᠮᠠᠨ ᠤ ᠬᠤᠲᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠠᠵᠢᠯ ᠢ ᠯᠠᠪᠳᠠᠭᠤᠨ | ᠪᠠᠲᠤᠲᠠᠢ ᠠᠬᠢᠭᠤᠯᠵᠤ᠂ ᠪᠦᠬᠦ ᠤᠯᠤᠰ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠵᠡᠷᠭᠡ ᠳᠤ ᠲᠦᠰᠢᠭᠯᠡᠨ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ | ᠠᠯᠤᠰᠯᠠᠭᠰᠠᠨ᠂ ᠱᠠᠲᠤ ᠳᠡᠰ ᠠᠯᠤᠰᠯᠠᠭᠰᠠᠨ ᠳ᠋ᠠᠶᠢᠲ᠋ᠠ ᠶᠢ ᠬᠠᠮᠲᠤᠪᠠᠷ ᠬᠦᠷᠲᠡᠬᠦ ᠪᠠ ᠲᠤᠬᠠᠶᠢᠯᠠᠭᠰᠠᠨ ᠠᠵᠢᠯ ᠤᠨ | ᠬᠠᠮᠵᠢᠯᠴᠠᠭ᠎ᠠ ᠶᠢ ᠪᠡᠶᠡᠯᠡᠭᠦᠯᠵᠦ᠂ ᠮᠡᠳᠡᠭᠳᠡᠬᠦ ᠠᠮᠠᠯᠠᠯᠲᠠ ᠶᠢᠨ ᠳᠦᠷᠢᠮ ᠤᠨ ᠰᠦᠯᠵᠢᠶᠡᠨ ᠳᠡᠭᠡᠷ᠎ᠡ ᠬᠠᠷᠭᠤᠭᠤᠯᠤᠨ | ᠪᠠᠶᠢᠴᠠᠭᠠᠬᠤ ᠶᠢᠨ ᠲᠤᠯᠭᠠᠭᠤᠷᠢᠯᠠᠬᠤ ᠰᠢᠰᠲ᠋ᠧᠮᠵᠢ ᠶᠢ ᠪᠠᠶᠢᠭᠤᠯᠤᠨ᠎ᠠ᠃ ︵ᠲᠦᠷᠦᠭᠦᠯᠡᠬᠦ ᠨᠢᠭᠡᠴᠢ᠄ ᠬᠤᠲᠠ ᠶᠢᠨ | ᠲᠣᠮᠣ ᠳ᠋ᠠᠶᠢᠲ᠋ᠠ ᠶᠢᠨ ᠲᠣᠪᠴᠢᠶ᠎ᠠ᠃ ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ | ᠬᠠᠷᠢᠶ᠎ᠠ ᠨᠢᠭᠡᠴᠢ᠃︶ | ᠬᠠᠷᠭᠤᠭᠤᠯᠤᠨ ᠪᠠᠶᠢᠴᠠᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠵᠠᠰᠠᠭ ᠵᠠᠬᠢᠷᠭᠠᠨ ᠤ | ᠪᠠᠶᠢᠭᠤᠯᠭ᠎ᠠ ᠨᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠬᠠᠮᠲᠤ ᠳᠤ ᠪᠠᠨ ᠭᠥᠷᠳᠡᠬᠦ ᠲᠠᠪᠴᠠᠩ᠂ ᠵᠠᠰᠠᠭ ᠤᠨ | ᠶᠠᠪᠤᠳᠠᠯ ᠤᠨ ᠦᠶᠯᠡᠴᠢᠯᠡᠭᠡᠨ ᠤ ᠫᠣᠷᠲ᠋ᠧᠯ ᠰᠦᠯᠵᠢᠶ᠎ᠡ᠂ ᠬᠡᠰᠡᠭ ᠤᠳ ᠤᠨ ᠬᠡᠯᠬᠢᠶ᠎ᠡ ᠶᠢᠨ ᠮᠡᠷᠭᠡᠵᠢᠯ ᠵᠡᠷᠭᠡ ᠶᠢ | ᠠᠰᠢᠭᠯᠠᠨ ᠬᠠᠮᠢᠶ᠎ᠠ ᠪᠥᠬᠦᠶ ᠳ᠋ᠠᠶᠢᠲ᠋ᠠ ᠶᠢ ᠴᠤᠭᠯᠠᠭᠤᠯᠤᠨ ᠬᠠᠷᠭᠤᠭᠤᠯᠵᠤ᠂ ᠰᠦᠯᠵᠢᠶᠡᠨ ᠳᠡᠭᠡᠷ᠎ᠡ ᠬᠠᠷᠭᠤᠭᠤᠯᠤᠨ | ᠪᠠᠶᠢᠴᠠᠭᠠᠬᠤ ᠶᠢ ᠬᠡᠷᠡᠭᠵᠢᠭᠦᠯᠦᠨ᠎ᠡ᠃ ᠪᠠᠰᠠ ᠪᠠᠶᠢᠴᠠᠭᠠᠬᠤ᠂ ᠬᠠᠶᠢᠨ ᠰᠢᠯᠭᠠᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠲᠤᠬᠠᠶ ᠶᠢᠨ ᠲᠠᠯᠠᠪᠤᠷ ᠲᠤ ᠬᠠᠷᠭᠤᠭᠤᠯᠤᠨ ᠪᠠᠶᠢᠴᠠᠭᠠᠬᠤ ᠶᠢ ᠥᠷᠨᠢᠭᠦᠯᠵᠦ ᠪᠣᠯᠤᠨ᠎ᠠ᠃ ᠦᠨᠡᠨ ᠬᠦ | ᠲᠤᠬᠠᠶ ᠶᠢᠨ ᠲᠠᠯᠠᠪᠠᠶ ᠳᠤ ᠬᠠᠷᠭᠤᠭᠤᠯᠤᠨ ᠪᠠᠶᠢᠴᠠᠭᠠᠬᠤ ᠴᠢᠬᠤᠯᠠᠲᠠᠶ ᠪᠠᠶᠢᠪᠠᠯ᠂ ︽ᠢᠨᠲ᠋ᠧᠷ ᠰᠦᠯᠵᠢᠶ᠎ᠡ + ᠬᠢᠨᠠᠯᠲᠠ | ᠬᠠᠮᠢᠶᠠᠷᠤᠯᠲᠠ︾ ᠶᠢᠨ ᠲᠠᠪᠴᠠᠩ ᠪᠠ ᠬᠡᠷᠡᠭᠯᠡᠭᠡᠨ ᠤ ᠫᠷᠤᠭ᠍ᠷᠠᠮ ᠵᠡᠷᠭᠡ ᠳᠤ ᠲᠦᠰᠢᠭᠯᠡᠨ᠂ ᠠᠮᠠᠯᠠᠯᠲᠠ ᠶᠢᠨ ᠪᠠᠶᠢᠳᠠᠯ ᠢ | ᠬᠤᠯᠪᠣᠭᠳᠠᠯ ᠪᠥᠬᠦᠶ ᠬᠢᠨᠠᠨ ᠬᠠᠮᠢᠶᠠᠷᠬᠤ ᠠᠵᠢᠯᠲᠠᠨ ᠳᠤ ᠴᠠᠭ ᠲᠤᠬᠠᠶ ᠳᠤᠨᠢ ᠣᠨᠣᠪᠴᠢᠲᠠᠶ ᠪᠠᠷ ᠲᠠᠨᠢᠯᠴᠠᠭᠤᠯᠤᠨ | ᠬᠦᠷᠭᠡᠵᠦ᠂ ᠨᠢᠭᠡᠳᠦᠭᠡᠷ ᠹᠷᠣᠨᠲ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠳᠤ ᠮᠡᠳᠡᠭᠡ ᠵᠠᠩᠭᠢ ᠶᠢᠨ | ᠲᠤᠯᠭᠠᠭᠤᠷᠢᠯᠠᠯ ᠬᠠᠩᠭᠠᠬᠤ ᠶᠢᠨ ᠬᠠᠮᠲᠤ᠂ ᠠᠵᠢᠯ ᠤᠨ ᠲᠠᠰ ᠳᠠᠷᠠᠭᠠᠯᠠᠯ ᠢ ᠰᠢᠯᠢᠳᠡᠭᠵᠢᠭᠦᠯᠵᠦ᠂ ᠲᠤᠬᠠᠶᠢᠯᠠᠭᠰᠠᠨ | ᠠᠵᠢᠯ ᠤᠨ ᠬᠠᠮᠵᠢᠯᠴᠠᠭ᠎ᠠ ᠶᠢ ᠴᠢᠩᠭᠠᠳᠬᠠᠨ᠂ ᠠᠵᠤ ᠠᠬᠤᠢ ᠠᠷᠠᠳ ᠢᠷᠭᠡᠳ ᠢ ᠲᠦᠪᠡᠭᠳᠡᠭᠦᠯᠬᠦ ᠠᠴᠠ ᠵᠠᠶᠢᠯᠠᠰᠬᠢᠬᠦ | ᠬᠡᠷᠡᠭᠲᠡᠶ᠃ ᠬᠤᠯᠪᠣᠭᠳᠠᠯ ᠪᠦᠬᠦᠢ ᠳ᠋ᠠᠶᠢᠲ᠋ᠠ ᠶᠢ ᠰᠦᠯᠵᠢᠶᠡᠨ ᠳᠡᠭᠡᠷ᠎ᠡ ᠬᠠᠮᠲᠤ ᠪᠠᠷ ᠡᠳ᠋ᠯᠡᠬᠦ ᠶᠢ ᠬᠠᠷᠠᠬᠠᠨ | ᠪᠡᠶᠡᠯᠡᠭᠦᠯᠦᠭᠡᠳᠦᠢ ᠪᠠᠶᠢᠵᠤ᠂ ᠳᠡᠭᠡᠷ᠎ᠡ ᠳᠤᠷᠠᠳᠤᠭᠰᠠᠨ ᠠᠷᠭ᠎ᠠ ᠮᠠᠶ᠋ᠢᠭ ᠢᠶᠠᠷ ᠳᠠᠮᠵᠢᠭᠤᠯᠤᠨ ᠬᠢᠨᠠᠨ ᠪᠠᠶᠢᠴᠠᠭᠠᠬᠤ ᠳᠤ | ᠪᠡᠷᠬᠡᠲᠡᠢ ᠪᠠᠶᠢᠪᠠᠯ᠂ ᠪᠤᠰᠤᠳ ᠵᠠᠰᠠᠭ ᠵᠠᠬᠢᠷᠭᠠᠨ ᠤ ᠪᠠᠶᠢᠭᠤᠯᠭ᠎ᠠ ᠳᠤ ᠬᠠᠮᠵᠢᠭᠤᠯᠤᠨ ᠬᠢᠨᠠᠨ ᠪᠠᠶᠢᠴᠠᠭᠠᠯᠭᠠᠬᠤ ᠪᠠᠷ | ᠭᠤᠶᠤᠴᠢᠯᠠᠵᠤ ᠪᠣᠯᠤᠨ᠎ᠠ᠂ ᠬᠠᠮᠵᠢᠭᠤᠯᠬᠤ ᠪᠠᠷ ᠭᠤᠶᠤᠴᠢᠯᠠᠭᠳᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠴᠠᠭ | ᠲᠤᠬᠠᠢ ᠳᠤᠨᠢ ᠬᠠᠮᠵᠢᠯᠴᠠᠬᠤ ᠡᠭᠦᠷᠭᠡ ᠪᠠᠨ ᠭᠦᠢᠴᠡᠳᠬᠡᠬᠦ ᠬᠡᠷᠡᠭᠲᠡᠢ᠂ ᠲᠦᠯᠬᠢᠯᠴᠡᠬᠦ ᠪᠤᠶᠤ ᠲᠡᠪᠴᠢᠵᠦ ᠪᠣᠯᠬᠤ ᠦᠭᠡᠢ | ︔ ᠦᠨᠡᠬᠡᠷ ᠰᠢᠯᠲᠠᠭᠠᠨ ᠲᠠᠢ ᠠᠴᠠ ᠪᠤᠯᠵᠤ ᠬᠠᠪᠰᠤᠷᠴᠤ ᠳᠡᠶᠢᠯᠬᠦ ᠦᠭᠡᠢ ᠪᠠᠶᠢᠪᠠᠯ᠂ ᠬᠠᠮᠵᠢᠭᠤᠯᠬᠤ ᠪᠠᠷ | ᠭᠤᠶᠤᠴᠢᠯᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠰᠢᠯᠲᠠᠭᠠᠨ ᠢᠶᠠᠨ | ᠲᠣᠳᠣᠷᠬᠠᠶᠢᠯᠠᠬᠤ ᠬᠡᠷᠡᠭᠲᠡᠢ᠃ ︵ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ | ᠬᠠᠷᠢᠶ᠎ᠠ ᠨᠢᠭᠡᠴᠢ᠃︶᠃ | ︵ᠲᠠᠪᠤ︶ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠮᠡᠳᠡᠭᠳᠡᠬᠦ ᠠᠮᠠᠯᠠᠯᠲᠠ ᠶᠢᠨ | ᠢᠲᠡᠭᠡᠮᠵᠢ ᠶᠢᠨ ᠬᠠᠮᠢᠶᠠᠷᠤᠯᠲᠠ ᠶᠢᠨ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠮᠡᠳᠡᠭᠳᠡᠬᠦ ᠠᠮᠠᠯᠠᠯᠲᠠ ᠶᠢᠨ | ᠢᠲᠡᠭᠡᠯ ᠠᠯᠳᠠᠭᠰᠠᠨ ᠠᠵᠢᠯᠯᠠᠭ᠎ᠠ ᠶᠢ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠨ᠎ᠠ᠃ | ᠮᠡᠳᠡᠭᠳᠡᠬᠦ ᠠᠮᠠᠯᠠᠯᠲᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠲᠡᠮᠳᠡᠭᠯᠡᠯ᠂ ᠴᠤᠭᠯᠠᠭᠤᠯᠤᠨ ᠨᠡᠶᠢᠯᠡᠭᠦᠯᠬᠦ᠂ | ᠲᠠᠨᠢᠯᠴᠠᠭᠤᠯᠤᠨ ᠬᠦᠷᠭᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠠᠮᠠᠯᠳᠠᠭᠴᠢ ᠶᠢᠨ ᠠᠮᠠᠯᠠᠯᠲᠠ ᠪᠠᠨ | ᠭᠦᠶᠴᠡᠳᠬᠡᠭᠰᠡᠨ ᠪᠠᠶᠢᠳᠠᠯ ᠢ ᠢᠲᠡᠭᠡᠮᠵᠢ ᠶᠢᠨ ᠲᠡᠮᠳᠡᠭᠯᠡᠯ ᠳᠤ ᠪᠥᠬᠦ ᠲᠠᠯ᠎ᠠ ᠪᠠᠷ ᠣᠷᠣᠭᠤᠯᠵᠤ᠂ ᠡᠯ᠎ᠡ ᠱᠠᠲᠤᠨ ᠤ | ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠲᠤᠪᠠᠷ ᠭᠥᠷᠳᠡᠬᠦ ᠲᠠᠪᠴᠠᠩ ᠪᠠ ᠠᠵᠢᠯ ᠲᠥᠷᠥᠯ ᠤᠨ ᠢᠲᠡᠭᠡᠮᠵᠢ ᠶᠢᠨ | ᠮᠡᠳᠡᠭᠡ ᠵᠠᠩᠭᠢ ᠶᠢᠨ ᠰᠢᠰᠲ᠋ᠧᠮ ᠳᠤ ᠲᠦᠰᠢᠭᠯᠡᠨ᠂ ᠢᠲᠡᠭᠡᠮᠵᠢ ᠶᠢᠨ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠵᠤ | ᠬᠠᠷᠢᠯᠴᠠᠨ ᠨᠡᠪᠲᠡᠷᠡᠯᠴᠡᠬᠦ ᠪᠠ ᠬᠠᠮᠲᠤᠪᠠᠷ ᠭᠥᠷᠳᠡᠬᠦ ᠶᠢ ᠴᠢᠩᠭᠠᠳᠬᠠᠨ᠎ᠠ᠃ ᠢᠲᠡᠭᠡᠮᠵᠢ ᠶᠢᠨ ᠪᠠᠶᠢᠳᠠᠯ ᠶᠣᠰᠣᠭᠠᠷ᠂ | ᠲᠥᠷᠥᠯ ᠬᠤᠪᠢᠶᠠᠨ ᠲᠦᠢᠯ ᠤᠨ ᠣᠨᠣᠪᠴᠢᠲᠠᠶ ᠪᠠᠷ ᠬᠢᠨᠠᠨ ᠬᠠᠮᠢᠶᠠᠷᠬᠤ ᠶᠢ ᠬᠡᠷᠡᠭᠵᠢᠭᠦᠯᠦᠨ᠎ᠡ᠃ ᠢᠲᠡᠭᠡᠮᠵᠢ ᠶᠢ | ᠰᠡᠷᠭᠦᠭᠡᠬᠦ᠂ ᠣᠨᠳᠣᠣ ᠰᠠᠨᠠᠯ ᠢ ᠰᠢᠢᠳᠪᠦᠷᠢᠯᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ᠥᠪᠡᠷᠲᠡᠭᠡᠨ | ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠲᠣᠭᠲᠠᠭᠠᠭᠰᠠᠨ ᠠᠳᠠᠯᠢ ᠪᠤᠰᠤ ᠢᠲᠡᠭᠡᠯ ᠠᠯᠳᠠᠭᠰᠠᠨ | ᠪᠠᠶᠢᠳᠠᠯ ᠢᠶᠠᠷ ᠵᠣᠬᠢᠬᠤ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠢᠲᠡᠭᠡᠯ ᠠᠯᠳᠠᠭᠰᠠᠨ ᠢ | ᠵᠠᠯᠬᠠᠭᠠᠨ ᠴᠡᠭᠡᠷᠯᠡᠭᠦᠯᠬᠦ ᠡᠷᠴᠢᠮ ᠢ ᠬᠠᠤᠯᠢ ᠶᠣᠰᠣᠭᠠᠷ ᠴᠢᠩᠭᠠᠷᠠᠭᠤᠯᠤᠨ᠂ ᠬᠤᠳᠠᠯ ᠬᠠᠭᠤᠷᠮᠠᠭ ᠠᠮᠠᠯᠠᠯᠲᠠ ᠠᠴᠠ | ᠪᠣᠯᠤᠭᠰᠠᠨ ᠨᠡᠶᠢᠭᠡᠮ ᠤᠨ ᠨᠥᠯᠥᠭᠡ ᠳᠤ ᠳᠡᠰ ᠬᠤᠪᠢᠶᠠᠨ ᠨᠠᠶᠢᠳᠠᠪᠤᠷᠢᠵᠢᠭᠤᠯᠤᠨ᠎ᠠ᠃ ᠬᠤᠯᠪᠣᠭᠳᠠᠯ ᠪᠦᠬᠦᠢ ᠬᠠᠤᠯᠢ | ᠴᠠᠭᠠᠵᠠ ᠶᠢᠨ ᠲᠣᠭᠲᠠᠭᠠᠯ ᠢ ᠦᠨᠳᠦᠰᠦᠯᠡᠨ᠂ ᠬᠤᠪᠢ ᠬᠥᠮᠦᠨ ᠤ ᠮᠡᠳᠡᠭᠡ ᠵᠠᠩᠭᠢ ᠪᠠ ᠬᠤᠳᠠᠯᠳᠤᠭᠠᠨ ᠤ | ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠨ᠎ᠡ᠃ ︵ᠲᠦᠷᠦᠭᠦᠯᠡᠬᠦ ᠨᠢᠭᠡᠴᠢ᠄ ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠠᠷᠠᠳ ᠤᠨ ᠪᠠᠩᠬᠢ ᠶᠢᠨ ᠤᠯᠠᠭᠠᠨᠴᠠᠪ ᠤᠨ ᠰᠠᠯᠪᠤᠷᠢ ᠪᠠᠩᠬᠢ᠃ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ | ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠨᠢᠭᠡᠴᠢ᠃︶ | ︵ᠵᠢᠷᠭᠤᠭ᠎ᠠ︶ ᠲᠦᠭᠰᠢᠭᠦᠷᠢ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠎ᠠ᠃ ᠠᠵᠢᠯ ᠤᠨ | ᠭᠤᠭᠴᠤᠭ᠎ᠠ ᠶᠢᠨ ᠠᠶᠤᠯ ᠲᠦᠭᠰᠢᠭᠦᠷᠢ ᠶᠢᠨ ᠴᠡᠭ ᠢ ᠡᠮᠬᠢᠯᠡᠨ ᠲᠢᠭᠯᠡᠵᠦ᠂ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠲᠣᠭᠲᠠᠭᠠᠨ᠂ ᠠᠶᠤᠯ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠬᠦ | ᠬᠡᠷᠡᠭᠲᠡᠢ᠃ ᠵᠠᠰᠠᠭ ᠵᠠᠬᠢᠷᠭᠠᠨ ᠤ ᠵᠢᠯᠣᠭᠤᠳᠣᠯᠭ᠎ᠠ ᠪᠠᠨ ᠴᠢᠩᠭᠠᠳᠬᠠᠵᠤ᠂ ᠮᠡᠳᠡᠭᠳᠡᠬᠦ ᠪᠠ ᠵᠢᠯᠣᠭᠤᠳᠬᠤ ᠡᠭᠦᠷᠭᠡ ᠪᠠᠨ | ᠴᠢᠩᠭᠠᠳᠬᠠᠬᠤ ᠬᠡᠷᠡᠭᠲᠡᠶ᠃ ᠠᠮᠠᠯᠠᠯᠲᠠ ᠶᠢᠨ ᠤᠬᠤᠷᠢᠨ ᠭᠠᠷᠬᠤ ᠲᠣᠭᠲᠠᠴᠠ ᠶᠢ ᠪᠠᠶᠢᠭᠤᠯᠵᠤ᠂ ᠵᠠᠰᠠᠭ ᠵᠠᠬᠢᠷᠭᠠᠨ ᠤ | ᠵᠦᠢᠯᠡᠰ ᠢ ᠰᠢᠢᠳᠪᠦᠷᠢᠯᠡᠵᠦ ᠳᠠᠭᠤᠰᠬᠠᠬᠤ ᠠᠴᠠ ᠡᠮᠦᠨ᠎ᠡ᠂ ᠭᠤᠶᠤᠴᠢᠯᠠᠭᠴᠢ ᠨᠢ ᠵᠦᠢ ᠵᠣᠬᠢᠰᠲᠠᠢ ᠰᠢᠯᠲᠠᠭᠠᠨ ᠲᠠᠢ | ᠪᠠᠶᠢᠪᠠᠯ᠂ ᠠᠮᠠᠯᠠᠯᠲᠠ ᠶᠢᠨ ᠭᠤᠶᠤᠴᠢᠯᠠᠯ ᠢᠶᠠᠨ ᠪᠤᠴᠠᠭᠠᠨ ᠠᠪᠴᠤ ᠪᠣᠯᠤᠨ᠎ᠠ᠂ ᠪᠤᠴᠠᠭᠠᠨ ᠠᠪᠤᠭᠰᠠᠨ ᠤ ᠲᠠᠷᠠᠭ᠎ᠠ | ᠤᠤᠯ ᠤᠨ ᠶᠠᠪᠤᠴᠠ ᠶᠣᠰᠣᠭᠠᠷ ᠰᠢᠢᠳᠪᠦᠷᠢᠯᠡᠬᠦ ᠬᠡᠷᠡᠭᠲᠡᠢ᠃ ᠨᠡᠶᠢᠭᠡᠮ ᠤᠨ ᠣᠯᠠᠨ ᠨᠡᠶᠢᠲᠡ ᠶᠢᠨ ᠠᠰᠢᠭ ᠲᠤᠰᠠ᠂ | ᠭᠤᠷᠪᠠᠳᠠᠬᠢ ᠬᠥᠮᠦᠨ ᠤ ᠠᠰᠢᠭ ᠲᠤᠰᠠ ᠳᠤ ᠬᠤᠯᠪᠣᠭᠳᠠᠭᠰᠠᠨ ᠪᠤᠶᠤ ᠬᠠᠷᠭᠤᠭᠤᠯᠤᠨ ᠪᠠᠶᠢᠴᠠᠭᠠᠬᠤ ᠳᠤ ᠨᠡᠯᠢᠶᠡᠳ | ᠬᠦᠴᠢᠷᠲᠡᠶ ᠭᠡᠷᠡᠴᠢᠯᠡᠬᠦ ᠵᠦᠶᠯᠡᠰ ᠲᠤ ᠵᠠᠰᠠᠭ ᠵᠠᠬᠢᠷᠭᠠᠨ ᠤ ᠪᠠᠶᠢᠭᠤᠯᠭ᠎ᠠ ᠨᠢ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠢᠯᠡ ᠪᠣᠯᠭᠠᠬᠤ ᠵᠡᠷᠭᠡ ᠲᠣᠭᠲᠠᠭᠠᠯ ᠢ ᠦᠨᠳᠦᠰᠦᠯᠡᠨ᠂ ᠬᠠᠮᠢᠶ᠎ᠠ ᠪᠥᠬᠦᠶ ᠦᠶᠯᠡᠴᠢᠯᠡᠭᠡᠨ ᠤ ᠲᠠᠯᠠᠪᠤᠷ᠂ | ᠰᠦᠯᠵᠢᠶᠡᠨ ᠥᠷᠲᠡᠭᠡ ᠪᠠ ᠪᠥᠬᠦ ᠤᠯᠤᠰ ᠤᠨ ᠨᠢᠭᠡ ᠴᠣᠠᠠᠴᠠᠵᠢᠭᠤᠯᠥᠠᠠᠰᠠᠨ ᠵᠠᠰᠠᠭ ᠤᠨ ᠶᠠᠪᠤᠳᠠᠯ ᠤᠨ | ᠦᠶᠯᠡᠴᠢᠯᠡᠭᠡᠨ ᠤ ᠲᠠᠪᠴᠠᠩ ᠵᠡᠷᠭᠡ ᠪᠠᠷ ᠳᠠᠮᠵᠢᠭᠤᠯᠤᠨ ᠨᠡᠶᠢᠭᠡᠮ ᠨᠡᠶᠢᠲᠡ ᠳᠤ ᠮᠡᠳᠡᠭᠳᠡᠬᠦ ᠠᠮᠠᠯᠠᠯᠲᠠ ᠶᠢᠨ ᠪᠢᠴᠢᠭ ᠢ | ᠢᠯᠡ ᠪᠣᠯᠭᠠᠵᠤ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠬᠦ ᠬᠡᠷᠡᠭᠲᠡᠶ᠃ ᠬᠡᠷᠡᠭ ᠤᠨ ᠡᠮᠦᠨᠡᠬᠢ ᠢᠲᠡᠭᠡᠮᠵᠢ ᠶᠢ | ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠰᠦᠪᠡᠭᠴᠢᠯᠡᠨ ᠪᠠᠶᠢᠭᠤᠯᠵᠤ᠂ ᠭᠤᠶᠤᠴᠢᠯᠠᠭᠴᠢ ᠳᠤ ᠢᠲᠡᠭᠡᠮᠵᠢ ᠶᠢᠨ | ᠦᠨᠡᠯᠡᠨ ᠵᠢᠱᠢᠯᠲᠡ ᠬᠢᠵᠦ᠂ ᠬᠡᠷᠡᠭ ᠤᠨ ᠡᠮᠦᠨᠡᠬᠢ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃ | ᠠᠵᠤ ᠠᠬᠤᠶ ᠶᠢᠨ ᠠᠰᠢᠭ ᠲᠤᠰᠠ ᠶᠢᠨ ᠦᠨ᠎ᠡ ᠥᠷᠲᠡᠭ ᠢᠶᠠᠷ ᠨᠡᠯᠢᠶᠡᠳ ᠥᠨᠳᠥᠷ᠂ ᠠᠵᠢᠯ ᠶᠠᠪᠤᠳᠠᠯ ᠤᠨ ᠳᠤᠮᠳᠠᠬᠢ | ᠪᠠ ᠠᠵᠢᠯ ᠶᠠᠪᠤᠳᠠᠯ ᠤᠨ ᠳᠠᠷᠠᠭᠠᠬᠢ ᠬᠠᠷᠭᠤᠭᠤᠯᠤᠨ ᠪᠠᠶᠢᠴᠠᠭᠠᠬᠤ ᠳᠤ ᠨᠡᠯᠢᠶᠡᠳ ᠬᠦᠴᠢᠷᠲᠡᠶ ᠵᠦᠶᠯᠡᠰ ᠲᠤ᠂ | ᠬᠠᠷᠢᠭᠤᠴᠠᠯᠭ᠎ᠠ ᠶᠢᠨ ᠳᠠᠭᠠᠳᠬᠠᠯ ᠤᠨ ᠲᠦᠷᠢᠮ ᠢ ᠣᠷᠣᠭᠤᠯᠤᠨ ᠠᠪᠴᠢᠷᠠᠬᠤ ᠶᠢ ᠬᠠᠶᠢᠨ ᠰᠦᠪᠡᠭᠴᠢᠯᠡᠵᠦ᠂ | ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠳᠤ ᠡᠭᠦᠰᠴᠦ ᠮᠡᠳᠡᠬᠦ ᠵᠠᠰᠠᠭ ᠵᠠᠬᠢᠷᠭᠠᠨ ᠤ ᠲᠥᠯᠥᠪᠦᠷᠢ ᠶᠢᠨ ᠠᠶᠤᠯ | ᠲᠦᠭᠰᠢᠭᠦᠷᠢ ᠶᠢ ᠪᠠᠭᠤᠷᠠᠭᠤᠯᠵᠤ ᠪᠣᠯᠤᠨ᠎ᠠ᠃ ︵ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ | ᠡᠯ᠎ᠡ ᠰᠢᠭᠤᠳ ᠬᠠᠷᠢᠶ᠎ᠠ ᠨᠢᠭᠡᠴᠢ᠃︶ | ᠳᠥᠷᠪᠡ᠂ ᠠᠵᠢᠯ ᠤᠨ ᠠᠯᠬᠤᠮ ᠳᠠᠷᠠᠭ᠎ᠠ | ︵ᠨᠢᠭᠡ︶ ᠠᠵᠢᠯ ᠤᠨ ᠲᠥᠰᠦᠯ ᠲᠣᠭᠲᠠᠭᠠᠬᠤ ᠬᠡᠷᠡᠭᠲᠡᠶ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ | ᠵᠠᠰᠠᠭ ᠤᠨ ᠣᠷᠳᠣᠨ ᠪᠠ ᠬᠤᠲᠠ ᠶᠢᠨ ᠰᠢᠭᠤᠳ ᠬᠠᠷᠢᠶ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠭᠡᠷᠡᠴᠢᠯᠡᠬᠦ | ᠵᠦᠶᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠠᠵᠢᠯ ᠢ ᠪᠣᠳᠠᠲᠠᠶ ᠪᠠᠶᠢᠳᠠᠯ ᠲᠠᠢ ᠪᠠᠨ | ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ᠂ ᠪᠣᠳᠠᠲᠠᠶ ᠲᠠᠢ ᠪᠠᠨ | ᠤᠶᠠᠯᠳᠤᠭᠤᠯᠤᠨ ᠠᠵᠢᠯ ᠤᠨ ᠲᠥᠰᠦᠯ ︵ᠮᠡᠳᠡᠭᠳᠡᠬᠦ ᠠᠮᠠᠯᠠᠯᠲᠠ ᠶᠢᠨ ᠲᠦᠷᠢᠮ ᠤᠨ ᠭᠡᠷᠡᠴᠢᠯᠡᠬᠦ ᠵᠦᠶᠯᠡᠰ ᠢ | ᠬᠡᠷᠡᠭᠵᠢᠭᠦᠯᠬᠦ ᠭᠠᠷᠴᠠᠭ ᠢ ᠳᠠᠭᠠᠯᠳᠤᠭᠤᠯᠤᠨ᠎ᠠ︶ ᠢ ᠲᠣᠭᠲᠠᠭᠠᠬᠤ ᠶᠢᠨ ᠬᠠᠮᠲᠤ ᠲᠣᠰ ᠱᠠᠲᠤᠨ ᠤ ᠬᠠᠤᠯᠢ | ᠴᠠᠭᠠᠵᠠ ᠶᠢᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠤᠨ᠎ᠠ᠃ ᠠᠵᠢᠯ ᠤᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ ᠲᠣᠳᠣᠷᠬᠠᠶᠢᠯᠠᠨ᠂ ᠠᠬᠢᠴᠠ ᠶᠢ | ᠵᠦᠢ ᠵᠣᠬᠢᠰᠲᠠᠶ ᠲᠣᠬᠢᠷᠠᠭᠤᠯᠵᠤ᠂ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ︵ | ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ | ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠨᠢᠭᠡᠴᠢ᠃ ᠪᠡᠶᠡᠯᠡᠭᠦᠯᠬᠦ | ᠴᠠᠭ ᠤᠨ ᠬᠢᠵᠠᠭᠠᠷ᠄ 2021 ᠣᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ᠃︶ | ︵ᠬᠤᠶᠠᠷ︶ ᠭᠠᠷᠴᠠᠭ ᠤᠨ ᠨᠠᠷᠢᠨ ᠬᠠᠭᠤᠳᠠᠰᠤ ᠪᠠ ᠮᠡᠳᠡᠭᠳᠡᠬᠦ ᠠᠮᠠᠯᠠᠯᠲᠠ ᠶᠢᠨ ᠪᠢᠴᠢᠭ ᠤᠨ ᠬᠡᠯᠪᠡᠷᠢᠵᠢᠭᠰᠡᠨ | ᠪᠢᠴᠢᠭ ᠬᠠᠷ᠎ᠠ ᠶᠢ ᠨᠡᠶᠢᠲᠡᠯᠡᠬᠦ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ ᠪᠣᠯᠤᠨ | ᠬᠤᠲᠠ ᠶᠢᠨ ᠰᠢᠭᠤᠳ ᠬᠠᠷᠢᠶ᠎ᠠ ᠡᠯ᠎ᠡ ᠨᠢᠭᠡᠴᠡ ᠲᠣᠰ ᠲᠣᠰ ᠤᠨ ᠫᠤᠷᠲ᠋ᠧᠯ ᠰᠦᠯᠵᠢᠶ᠎ᠡ ᠪᠤᠶᠤ ᠵᠠᠰᠠᠭ ᠤᠨ | ᠶᠠᠪᠤᠳᠠᠯ ᠤᠨ ᠠᠵᠢᠯ ᠶᠠᠪᠤᠳᠠᠯ ᠭᠦᠶᠴᠡᠳᠬᠡᠬᠦ ᠲᠢᠩᠬᠢᠮ ᠳᠤ ᠲᠣᠰ ᠭᠠᠵᠠᠷ ᠣᠷᠣᠨ᠂ ᠲᠣᠰ ᠰᠢᠰᠲ᠋ᠧᠮ ᠤᠨ ᠮᠡᠳᠡᠭᠳᠡᠬᠦ | ᠠᠮᠠᠯᠠᠯᠲᠠ ᠶᠢᠨ ᠲᠦᠷᠢᠮ ᠢ ᠬᠡᠷᠡᠭᠵᠢᠭᠦᠯᠵᠦ ᠪᠠᠶᠢᠭ᠎ᠠ ᠭᠡᠷᠡᠴᠢᠯᠡᠬᠦ ᠵᠦᠶᠯᠡᠰ ᠤᠨ ᠭᠠᠷᠴᠠᠭ ᠢ ᠨᠢᠭᠡᠳᠦᠯᠲᠡᠶ | ᠨᠡᠶᠢᠲᠡᠯᠡᠬᠦ ᠶᠢᠨ ᠬᠠᠮᠲᠤ᠂ ᠬᠥᠳᠡᠯᠦᠩᠭᠦᠶ ᠪᠠᠷ ᠲᠣᠬᠢᠷᠠᠭᠤᠯᠤᠯᠲᠠ ᠬᠢᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃ | ᠮᠡᠳᠡᠭᠳᠡᠬᠦ ᠪᠢᠴᠢᠭ ᠣᠯᠭᠤᠬᠤ ᠬᠡᠯᠪᠡᠷᠢᠵᠢᠭᠰᠡᠨ ᠪᠢᠴᠢᠭ ᠬᠠᠷ᠎ᠠ ᠶᠢ ᠵᠣᠬᠢᠶᠠᠵᠤ᠂ ᠠᠵᠢᠯ ᠶᠠᠪᠤᠳᠠᠯ ᠬᠢᠬᠦ ᠵᠦᠭᠯᠡᠭᠦᠷ ᠲᠤ | ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠨ᠎ᠡ᠃ ᠮᠡᠳᠡᠭᠳᠡᠬᠦ ᠠᠮᠠᠯᠠᠯᠲᠠ ᠶᠢᠨ ᠲᠦᠷᠢᠮ ᠤᠨ ᠠᠵᠢᠯ ᠶᠠᠪᠤᠳᠠᠯ | ᠭᠦᠶᠴᠡᠳᠬᠡᠬᠦ ᠵᠦᠭᠯᠡᠭᠦᠷ᠂ ᠮᠡᠳᠡᠭᠳᠡᠬᠦ ᠠᠮᠠᠯᠠᠯᠲᠠ ᠶᠢᠨ ᠪᠢᠴᠢᠭ ᠤᠨ ᠬᠡᠯᠪᠡᠷᠢᠵᠢᠭᠰᠡᠨ ᠲᠣᠪᠬᠢᠮᠠᠯ ᠢ ᠬᠠᠮᠢᠶ᠎ᠠ ᠪᠥᠬᠦᠶ | ᠦᠶᠯᠡᠴᠢᠯᠡᠭᠡᠨ ᠤ ᠲᠠᠯᠠᠪᠤᠷ᠂ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ | ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠨᠡᠶᠢᠲᠡᠯᠡᠵᠦ᠂ ᠭᠤᠶᠤᠴᠢᠯᠠᠭᠴᠢ ᠶᠢᠨ ᠪᠠᠶᠢᠴᠠᠭᠠᠨ ᠦᠵᠡᠬᠦ᠂ ᠨᠡᠬᠡᠵᠦ ᠠᠪᠬᠤ | ᠪᠤᠶᠤ ᠪᠠᠭᠤᠯᠭᠠᠵᠤ ᠠᠪᠬᠤ ᠳᠤ ᠲᠥᠬᠦᠮ ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ | ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ | ᠮᠥᠴᠢᠷ᠂ ᠡᠯ᠎ᠡ ᠰᠢᠭᠤᠳ ᠬᠠᠷᠢᠶ᠎ᠠ ᠨᠢᠭᠡᠴᠢ᠃ ᠪᠡᠶᠡᠯᠡᠭᠦᠯᠬᠦ ᠴᠠᠭ ᠤᠨ ᠬᠢᠵᠠᠭᠠᠷ ᠄ 2021 ᠣᠨ ᠤ 4 ᠳ᠋ᠦᠭᠡᠷ | ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ᠃︶ | ︵ᠭᠤᠷᠪᠠ︶ ᠪᠥᠬᠦ ᠲᠠᠯ᠎ᠠ ᠪᠠᠷ ᠬᠡᠷᠡᠭᠵᠢᠭᠦᠯᠬᠦ ᠱᠠᠲᠤ ᠦᠶ᠎ᠡ᠃ ᠡᠯ᠎ᠡ ᠬᠤᠰᠢᠭᠤ ᠰᠢᠶᠠᠨ ᠬᠤᠲᠠ ᠲᠣᠭᠤᠷᠢᠭ | ᠵᠢᠴᠢ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ | ᠮᠥᠴᠢᠷ ᠨᠢ ᠨᠢᠭᠡᠨᠲᠡ ᠨᠡᠶᠢᠲᠡᠯᠡᠭᠰᠡᠨ ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠦᠭᠰᠡᠨ ᠭᠡᠷᠡᠴᠢᠯᠡᠬᠦ | ᠵᠦᠶᠯᠡᠰ ᠤᠨ ᠭᠠᠷᠴᠠᠭ ᠢ ᠦᠨᠳᠦᠰᠦᠯᠡᠨ᠂ ᠪᠥᠬᠦ ᠲᠠᠯ᠎ᠠ ᠪᠠᠷ ᠣᠨᠣᠪᠴᠢᠲᠠᠶ᠂ ᠡᠷᠬᠡ ᠬᠠᠷᠢᠭᠤᠴᠠᠯᠭ᠎ᠠ ᠨᠢ ᠲᠣᠳᠣᠷᠬᠠᠶ | ᠂ ᠲᠥᠬᠦᠮ ᠣᠶᠢᠯᠠᠭᠠᠮᠵᠢᠲᠠᠶ ᠪᠠᠶᠢᠬᠤ ᠱᠠᠭᠠᠷᠳᠠᠯᠭ᠎ᠠ ᠶᠣᠰᠣᠭᠠᠷ᠂ ᠭᠡᠷᠡᠴᠢᠯᠡᠬᠦ ᠵᠦᠶᠯᠡᠰ ᠢ ᠮᠡᠳᠡᠭᠳᠡᠬᠦ ᠠᠮᠠᠯᠠᠯᠲᠠ ᠶᠢᠨ | ᠠᠵᠢᠯ ᠤᠨ ᠲᠦᠷᠢᠮ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠬᠠᠮᠢᠶ᠎ᠠ ᠪᠥᠬᠦᠶ ᠲᠤᠬᠠᠶᠢᠯᠠᠭᠰᠠᠨ | ᠠᠵᠢᠯ ᠤᠨ ᠲᠠᠪᠴᠠᠩ ᠤᠨ ᠰᠢᠰᠲ᠋ᠧᠮ ᠢ ᠬᠠᠮᠵᠢᠯᠴᠠᠨ ᠲᠡᠭᠦᠯᠳᠡᠷᠵᠢᠭᠦᠯᠵᠦ᠂ ᠮᠡᠳᠡᠭᠳᠡᠬᠦ ᠠᠮᠠᠯᠠᠯᠲᠠ ᠶᠢᠨ ᠲᠦᠷᠢᠮ ᠤᠨ | ᠬᠡᠰᠡᠭ ᠢ ᠨᠠᠮᠠᠨ ᠣᠷᠣᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠭᠦᠶᠴᠡᠳᠬᠡᠬᠦ ᠴᠤᠪᠤᠷᠠᠯ ᠢ | ᠬᠠᠮᠵᠢᠯᠴᠠᠨ ᠠᠬᠢᠭᠤᠯᠵᠤ᠂ ᠮᠡᠳᠡᠭᠳᠡᠬᠦ ᠠᠮᠠᠯᠠᠯᠲᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ︵ | ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ | ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠨᠢᠭᠡᠴᠢ᠃ ᠪᠡᠶᠡᠯᠡᠭᠦᠯᠬᠦ | ᠴᠠᠭ ᠤᠨ ᠬᠢᠵᠠᠭᠠᠷ᠄ 2021 ᠣᠨ ᠤ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ᠃︶ | ︵ᠳᠥᠷᠪᠡ︶ ᠰᠢᠮᠳᠠᠭᠤᠯᠤᠨ ᠪᠠᠶᠢᠴᠠᠭᠠᠬᠤ ᠶᠢ ᠥᠷᠨᠢᠭᠦᠯᠦᠨ᠎ᠡ᠃ ᠡᠯ᠎ᠡ ᠱᠠᠲᠤᠨ ᠤ ᠵᠠᠰᠠᠭ ᠤᠨ ᠣᠷᠳᠣᠨ ᠤ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠦᠯᠵᠢᠶ᠎ᠡ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ | ᠰᠦᠯᠵᠢᠶᠡᠨ ᠥᠷᠲᠡᠭᠡ ᠶᠢ ᠭᠦᠶᠦᠯᠭᠡᠨ ᠦᠵᠡᠬᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠢ | ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠲᠠᠩᠰᠠ ᠡᠪᠬᠡᠮᠡᠯ ᠢ | ᠰᠢᠯᠵᠢᠭᠦᠯᠦᠨ ᠦᠵᠡᠬᠦ ᠪᠠ ᠭᠡᠷᠡᠴᠢᠯᠡᠬᠦ ᠵᠦᠶᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ | ᠬᠤᠯᠪᠣᠭᠳᠠᠯ ᠪᠥᠬᠦᠶ ᠮᠠᠲ᠋ᠧᠷᠢᠶᠠᠯ᠂ ᠠᠵᠤ ᠠᠬᠤᠶᠢᠯᠠᠯ ᠪᠠ ᠣᠯᠠᠨ ᠲᠦᠮᠡᠨ ᠤ ᠵᠠᠭᠠᠯᠳᠤᠯᠭ᠎ᠠ ᠢᠯᠡᠴᠢᠯᠡᠨ | ᠮᠡᠳᠡᠭᠦᠯᠦᠯᠲᠡ ᠶᠢ ᠭᠥᠯᠢᠶᠡᠨ ᠠᠪᠬᠤ ᠵᠡᠷᠭᠡ ᠣᠯᠠᠨ ᠵᠦᠶᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠭᠠᠵᠠᠷ | ᠣᠷᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠢ ᠪᠥᠬᠦ | ᠲᠠᠯ᠎ᠠ ᠪᠠᠷ ᠤᠶᠢᠯᠠᠭᠠᠨ ᠡᠵᠡᠮᠰᠢᠬᠦ ᠬᠡᠷᠡᠭᠲᠡᠶ᠃ ᠰᠢᠮᠳᠠᠭᠤᠯᠤᠨ ᠪᠠᠶᠢᠴᠠᠭᠠᠭᠰᠠᠨ ᠪᠠᠶᠢᠳᠠᠯ ᠢ ᠮᠡᠳᠡᠭᠡᠯᠡᠬᠦ ᠲᠦᠷᠢᠮ ᠢ | ᠪᠠᠶᠢᠭᠤᠯᠵᠤ᠂ ᠮᠡᠳᠡᠭᠳᠡᠬᠦ ᠠᠮᠠᠯᠠᠯᠲᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠢ ᠠᠬᠢᠭᠤᠯᠤᠭᠰᠠᠨ | ᠪᠠᠶᠢᠳᠠᠯ ᠢ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠯᠭᠠᠨ ᠦᠨᠡᠯᠡᠬᠦ ᠭᠦᠶᠴᠡᠳᠬᠡᠯ | ᠲᠤᠭ᠎ᠠ ᠶᠢᠨ ᠰᠢᠰᠲ᠋ᠧᠮᠵᠢ ᠪᠠ ᠪᠠᠶᠢᠭᠤᠯᠭ᠎ᠠ ᠶᠢᠨ ᠬᠦᠴᠦᠨ ᠴᠢᠳᠠᠪᠤᠷᠢ ᠶᠢᠨ ᠬᠠᠷᠠᠯᠲᠠᠲᠤ ᠰᠢᠯᠭᠠᠨ ᠬᠢᠨᠠᠬᠤ | ᠰᠢᠰᠲ᠋ᠧᠮᠵᠢ ᠳᠤ ᠣᠷᠣᠭᠤᠯᠵᠤ᠂ ᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ | ᠰᠢᠮᠳᠠᠭᠤᠯᠤᠨ ᠪᠠᠶᠢᠴᠠᠭᠠᠬᠤ ᠠᠭᠤᠯᠭ᠎ᠠ ᠳᠤ ᠵᠢᠭᠰᠠᠭᠠᠨ ᠣᠷᠣᠭᠤᠯᠤᠨ᠎ᠠ᠃ 6 ᠳ᠋ᠤᠭᠠᠷ ᠰᠠᠷ᠎ᠠ ᠶᠢᠨ ᠰᠡᠭᠦᠯᠴᠢ ᠠᠴᠠ | ᠡᠮᠦᠨ᠎ᠡ᠂ ᠮᠡᠳᠡᠭᠳᠡᠬᠦ ᠠᠮᠠᠯᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ᠂ ᠭᠤᠤᠯ ᠠᠷᠭ᠎ᠠ ᠬᠢᠳᠡᠯ ᠪᠠ ᠠᠵᠢᠯ ᠤᠨ | ᠦᠷ᠎ᠡ ᠪᠦᠲᠦᠮᠵᠢ᠂ ᠪᠠᠶᠢᠭᠤᠯᠤᠭᠰᠠᠨ ᠳᠦᠷᠢᠮ ᠪᠠ ᠵᠢᠷᠤᠮᠵᠢᠯ᠂ ᠣᠷᠣᠰᠢᠵᠤ ᠪᠠᠶᠢᠭ᠎ᠠ ᠠᠰᠠᠭᠤᠳᠠᠯ ᠪᠠ ᠰᠠᠨᠠᠭᠤᠯᠭ᠎ᠠ | ᠵᠡᠷᠭᠡ ᠳᠤ ᠳ᠋ᠦᠩᠨᠡᠯᠲᠡ ᠬᠢᠵᠦ᠂ ᠪᠢᠴᠢᠭ ᠤᠨ ᠮᠠᠲ᠋ᠧᠷᠢᠶᠠᠯ ᠢ ᠪᠦᠷᠢᠯᠳᠦᠭᠦᠯᠵᠦ ᠬᠤᠲᠠ ᠶᠢᠨ ᠬᠠᠤᠯᠢ ᠴᠠᠭᠠᠵᠠ ᠶᠢᠨ | ᠲᠣᠪᠴᠢᠶ᠎ᠠ ᠳᠤ ᠮᠡᠳᠡᠭᠦᠯᠦᠨ᠎ᠡ᠃ ᠡᠯ᠎ᠡ ᠬᠤᠰᠢᠭᠤ ᠰᠢᠶᠠᠨ ᠬᠤᠲᠠ ᠲᠣᠭᠤᠷᠢᠭ᠂ ᠬᠤᠲᠠ ᠶᠢᠨ ᠰᠢᠭᠤᠳ ᠬᠠᠷᠢᠶ᠎ᠠ | ᠡᠯ᠎ᠡ ᠬᠤᠯᠪᠣᠭᠳᠠᠯ ᠪᠥᠬᠦᠶ ᠨᠢᠭᠡᠴᠢ ᠨᠢ ᠬᠠᠮᠢᠶ᠎ᠠ ᠪᠥᠬᠦᠶ ᠮᠡᠳᠡᠭᠳᠡᠬᠦ ᠠᠮᠠᠯᠠᠯᠲᠠ ᠶᠢᠨ ᠲᠦᠷᠢᠮ ᠤᠨ ᠵᠠᠭᠠᠯᠳᠤᠵᠤ | ᠢᠯᠡᠴᠢᠯᠡᠭᠰᠡᠨ ᠮᠡᠳᠡᠭᠦᠯᠦᠯᠲᠡ ᠢ ᠴᠠᠭ ᠲᠤᠬᠠᠶ ᠳᠤᠨᠢ ᠰᠢᠶᠳᠪᠦᠷᠢᠯᠡᠵᠦ᠂ ᠠᠵᠢᠯ ᠤᠨ ᠳᠤᠮᠳᠠ ᠰᠠᠬᠢᠯᠭ᠎ᠠ ᠪᠠᠲᠤ | ᠬᠠᠤᠯᠢ ᠴᠠᠭᠠᠵᠠ ᠶᠢ ᠵᠥᠷᠢᠴᠡᠭᠰᠡᠨ ᠨᠢᠭᠡᠴᠢ ᠵᠢᠴᠢ ᠠᠵᠢᠯᠲᠠᠨ ᠠᠴᠠ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ | ᠬᠠᠷᠢᠭᠤᠴᠠᠯᠭ᠎ᠠ ᠲᠤᠯᠭᠠᠬᠤ ᠬᠡᠷᠡᠭᠲᠡᠶ᠃ ︵ᠲᠦᠷᠦᠭᠦᠯᠡᠬᠦ ᠨᠢᠭᠡᠴᠢ᠄ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ᠃ | ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ | ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠨᠢᠭᠡᠴᠢ᠃ ᠪᠡᠶᠡᠯᠡᠭᠦᠯᠬᠦ | ᠴᠠᠭ ᠤᠨ ᠬᠢᠵᠠᠭᠠᠷ᠄ 2021 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ᠃︶᠃ | ᠲᠠᠪᠤ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠡᠯ᠎ᠡ ᠬᠤᠰᠢᠭᠤ | ᠰᠢᠶᠠᠨ ᠬᠤᠲᠠ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠨᠢᠭᠡᠴᠢ ᠠᠷᠠᠳ | ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ︽ᠲᠠᠯᠪᠢᠬᠤ ᠬᠠᠮᠢᠶᠠᠷᠬᠤ | ᠦᠶᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠵᠠᠰᠠᠭ ᠤᠨ ᠣᠷᠳᠣᠨ ᠤ ᠡᠷᠬᠡ | ᠲᠤᠰᠢᠶᠠᠯ ᠢ ᠲᠦᠷᠭᠡᠳᠬᠡᠨ ᠬᠤᠪᠢᠷᠠᠭᠤᠯᠵᠤ᠂ ᠭᠡᠷᠡᠴᠢᠯᠡᠬᠦ ᠵᠦᠶᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠢ ᠪᠥᠬᠦ | ᠲᠠᠯ᠎ᠠ ᠪᠠᠷ ᠬᠡᠷᠡᠭᠵᠢᠭᠦᠯᠬᠦ ᠬᠡᠷᠡᠭᠲᠡᠶ᠃ ᠲᠤᠰ ᠭᠠᠵᠠᠷ ᠣᠷᠣᠨ᠂ ᠲᠤᠰ ᠨᠢᠭᠡᠴᠢ ᠶᠢᠨ ᠭᠡᠷᠡᠴᠢᠯᠡᠬᠦ ᠵᠦᠢᠯᠡᠰ ᠤᠨ | ᠮᠡᠳᠡᠭᠳᠡᠬᠦ ᠠᠮᠠᠯᠠᠯᠲᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠤᠳᠤᠷᠢᠳᠤᠯᠭ᠎ᠠ ᠶᠢ ᠦᠨᠡᠨ ᠬᠦ | ᠴᠢᠩᠭᠠᠳᠬᠠᠵᠤ᠂ ᠬᠢᠨᠠᠮᠠᠭᠠᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠡᠯ᠎ᠡ ᠱᠠᠲᠤᠨ ᠤ ᠵᠠᠰᠠᠭ ᠤᠨ ᠣᠷᠳᠣᠨ | ᠵᠢᠴᠢ ᠲᠡᠭᠦᠨ ᠤ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠨᠢ ᠲᠣᠰ ᠭᠠᠵᠠᠷ ᠣᠷᠣᠨ᠂ ᠲᠣᠰ | ᠰᠠᠯᠠᠭ᠎ᠠ ᠮᠥᠴᠢᠷ ᠤᠨ ᠭᠡᠷᠡᠴᠢᠯᠡᠬᠦ ᠵᠦᠶᠯᠡᠰ ᠢ ᠠᠮᠠᠯᠠᠬᠤ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ | ᠨᠢᠭᠡᠳᠦᠭᠡᠷ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ ᠬᠤᠯᠪᠣᠭᠳᠠᠯ ᠪᠥᠬᠦᠶ ᠠᠵᠢᠯ ᠤᠨ ᠪᠠᠶᠢᠳᠠᠯ ᠢ ᠴᠠᠭ | ᠲᠤᠬᠠᠶ ᠳᠤ ᠨᠢ ᠤᠶᠢᠯᠠᠭᠠᠨ ᠡᠵᠡᠮᠰᠢᠵᠦ᠂ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠤᠨ | ᠰᠢᠶᠳᠪᠦᠷᠢᠯᠡᠵᠦ᠂ ᠠᠵᠢᠯ ᠤᠨ ᠲᠥᠰᠦᠯ ᠲᠠᠢ᠂ ᠪᠠᠶᠢᠷᠢᠯᠠᠭᠤᠯᠤᠯᠲᠠ ᠠᠬᠢᠴᠠ ᠲᠠᠢ᠂ ᠠᠬᠢᠭᠤᠯᠬᠤ ᠠᠷᠭ᠎ᠠ | ᠬᠡᠮᠵᠢᠶ᠎ᠡ ᠲᠠᠢ᠂ ᠦᠷ᠎ᠡ ᠳ᠋ᠦᠩ ᠳᠤ ᠬᠢᠨᠠᠨ ᠰᠢᠯᠭᠠᠯᠲᠠ ᠲᠠᠢ ᠪᠠᠶᠢᠬᠤ ᠶᠢ ᠪᠠᠲᠤᠯᠠᠬᠤ ᠬᠡᠷᠡᠭᠲᠡᠶ᠃ ᠡᠯ᠎ᠡ ᠬᠤᠰᠢᠭᠤ | ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ ᠬᠠᠤᠯᠢ ᠴᠠᠭᠠᠵᠠ ᠪᠠᠷ ᠵᠠᠰᠠᠭ ᠶᠠᠪᠤᠭᠤᠯᠬᠤ᠂ ᠵᠠᠰᠠᠭ ᠤᠨ | ᠶᠠᠪᠤᠳᠠᠯ ᠤᠨ ᠦᠶᠯᠡᠴᠢᠯᠡᠭᠡ᠂ ᠮᠡᠳᠡᠭᠡ ᠵᠠᠩᠭᠢ ᠶᠢ ᠢᠯᠡ ᠪᠣᠯᠭᠠᠬᠤ᠂ ᠡᠯᠧᠺᠲᠷᠣᠨ ᠵᠠᠰᠠᠭ ᠤᠨ ᠶᠠᠪᠤᠳᠠᠯ᠂ | ᠬᠥᠭᠵᠢᠭᠦᠯᠦᠯᠲᠡ ᠥᠭᠡᠷᠡᠴᠢᠯᠡᠯᠲᠡ᠂ ᠳᠣᠲᠣᠭᠠᠳᠤ ᠶᠢ ᠬᠠᠮᠠᠭᠠᠯᠠᠬᠤ᠂ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠨᠢᠭᠡᠴᠢ ᠣᠷᠣᠯᠴᠠᠭᠰᠠᠨ ᠮᠡᠳᠡᠭᠳᠡᠬᠦ ᠠᠮᠠᠯᠠᠯᠲᠠ ᠶᠢᠨ ᠲᠦᠷᠢᠮ ᠢ | ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠲᠦᠷᠦᠭᠦᠯᠡᠬᠦ ᠨᠢᠭᠡᠴᠢ ᠶᠢ | ᠲᠣᠳᠣᠷᠬᠠᠶᠢᠯᠠᠨ᠂ ᠠᠵᠢᠯ ᠢ ᠠᠬᠢᠭᠤᠯᠤᠭᠰᠠᠨ ᠪᠠᠶᠢᠳᠠᠯ ᠢ ᠵᠢᠯᠣᠭᠤᠳᠤᠨ ᠵᠣᠬᠢᠴᠠᠭᠤᠯᠵᠤ ᠰᠢᠮᠳᠠᠭᠤᠯᠤᠨ ᠪᠠᠶᠢᠴᠠᠭᠠᠨ᠎ᠠ᠃ | ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠦᠷᠦᠭᠦᠯᠡᠨ ᠶᠠᠪᠤᠭᠳᠠᠭᠤᠯᠵᠤ᠂ ᠳᠡᠭᠡᠷ᠎ᠡ | ᠱᠠᠲᠤ ᠨᠢ ᠳᠤᠤᠷ᠎ᠠ ᠱᠠᠲᠤ ᠪᠠᠨ ᠳᠠᠭᠠᠭᠤᠯᠬᠤ ᠶᠢ ᠦᠨᠡᠨᠬᠦ ᠪᠡᠶᠡᠯᠡᠭᠦᠯᠵᠦ᠂ ᠲᠤᠰ ᠰᠢᠰᠲ᠋ᠧᠮ ᠤᠨ ᠢᠶᠠᠨ ᠮᠡᠳᠡᠭᠳᠡᠬᠦ | ᠠᠮᠠᠯᠠᠯᠲᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠠᠵᠢᠯ ᠢ ᠰᠢᠮᠳᠠᠭᠤᠯᠤᠨ ᠵᠢᠯᠣᠭᠤᠳᠬᠤ ᠪᠠᠨ | ᠴᠢᠩᠭᠠᠳᠬᠠᠵᠤ᠂ ᠲᠤᠰ ᠰᠠᠯᠠᠭ᠎ᠠ ᠮᠥᠴᠢᠷ᠂ ᠲᠤᠰ ᠰᠢᠰᠲ᠋ᠧᠮ ᠤᠨ ᠢᠶᠠᠨ ᠮᠡᠳᠡᠭᠳᠡᠬᠦ ᠠᠮᠠᠯᠠᠯᠲᠠ ᠶᠢᠨ ᠳᠦᠷᠢᠮ ᠢ | ᠬᠡᠷᠡᠭᠵᠢᠭᠦᠯᠬᠦ ᠶᠠᠪᠤᠴᠠ ᠳᠤ ᠲᠤᠯᠭᠠᠷᠠᠭᠰᠠᠨ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠶᠳᠪᠦᠷᠢᠯᠡᠵᠦ᠂ | ᠨᠡᠶᠢᠲᠡᠯᠢᠭ ᠲᠤᠷᠰᠢᠯᠭ᠎ᠠ ᠠᠷᠭ᠎ᠠ ᠪᠠᠷᠢᠯ ᠢ ᠴᠠᠭ ᠲᠤᠬᠠᠶ ᠳᠤᠨᠢ ᠳ᠋ᠦᠩᠨᠡᠨ ᠳᠡᠯᠭᠡᠷᠡᠭᠦᠯᠬᠦ ᠬᠡᠷᠡᠭᠲᠡᠶ᠃ | ︵ᠬᠤᠶᠠᠷ︶ ᠪᠣᠯᠪᠠᠰᠤᠷᠠᠭᠤᠯᠤᠯ ᠤᠬᠠᠭᠤᠯᠭ᠎ᠠ ᠥᠷᠨᠢᠭᠦᠯᠬᠦ ᠬᠡᠷᠡᠭᠲᠡᠶ᠃ ᠡᠯ᠎ᠡ ᠬᠤᠰᠢᠭᠤ ᠰᠢᠶᠠᠨ ᠬᠤᠲᠠ | ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠨᠢᠭᠡᠴᠢ ᠮᠡᠳᠡᠭᠳᠡᠬᠦ ᠠᠮᠠᠯᠠᠯᠲᠠ ᠶᠢᠨ ᠳᠦᠷᠢᠮ ᠤᠨ | ᠰᠤᠷᠤᠯᠴᠠᠯᠭ᠎ᠠ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠲᠤᠬᠠᠶᠢᠯᠠᠭᠰᠠᠨ ᠠᠵᠢᠯ ᠤᠨ | ᠰᠣᠯᠢᠯᠴᠠᠭ᠎ᠠ ᠪᠠᠨ ᠴᠢᠩᠭᠠᠳᠬᠠᠬᠤ ᠬᠡᠷᠡᠭᠲᠡᠶ᠃ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ᠂ | ᠰᠦᠯᠵᠢᠶᠡᠨ ᠤ ᠰᠢᠨ᠎ᠡ ᠵᠠᠭᠤᠴᠢᠯᠠᠭᠤᠷ ᠵᠡᠷᠭᠡ ᠲᠠᠪᠴᠠᠩ ᠢ ᠭᠦᠢᠴᠡᠳ ᠠᠰᠢᠭᠯᠠᠨ᠂ ᠭᠡᠷᠡᠴᠢᠯᠡᠬᠦ ᠵᠦᠢᠯᠡᠰ ᠢ ᠮᠡᠳᠡᠭᠳᠡᠬᠦ | ᠠᠮᠠᠯᠠᠯᠲᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠢ ᠤᠬᠠᠭᠤᠯᠭ᠎ᠠ᠂ ᠲᠠᠶᠢᠯᠤᠮᠵᠢ ᠶᠢ ᠤᠯᠠᠨ ᠬᠡᠯᠪᠡᠷᠢ | ᠂ ᠤᠯᠠᠨ ᠠᠷᠭ᠎ᠠ ᠵᠠᠮ ᠢᠶᠠᠷ ᠴᠢᠩᠭᠠᠳᠬᠠᠵᠤ᠂ ᠤᠯᠠᠨ ᠨᠡᠶᠢᠲᠡ ᠶᠢᠨ ᠣᠶᠢᠯᠠᠭᠠᠬᠤ ᠬᠡᠮᠵᠢᠶ᠎ᠡ ᠪᠠ ᠨᠡᠶᠢᠭᠡᠮ ᠤᠨ | ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠂ ᠨᠡᠶᠢᠭᠡᠮ ᠤᠨ ᠠᠩᠬᠠᠷᠤᠯ ᠳᠤ ᠴᠠᠭ ᠲᠤᠬᠠᠢ ᠳᠤᠨᠢ ᠬᠠᠷᠢᠭᠤᠯᠲᠠ | ᠥᠭᠭᠦᠨ᠎ᠡ᠃ ᠠᠵᠢᠯ ᠤᠨ ᠳᠤᠮᠳᠠᠬᠢ ᠰᠠᠶᠢᠨ ᠠᠷᠭ᠎ᠠ᠂ ᠰᠠᠶᠢᠨ ᠲᠤᠷᠰᠢᠯᠭ᠎ᠠ ᠶᠢ ᠢᠯᠡᠷᠡᠭᠦᠯᠬᠦ᠂ ᠳ᠋ᠦᠩᠨᠡᠬᠦ᠂ | ᠤᠬᠠᠭᠤᠯᠤᠨ ᠲᠠᠨᠢᠯᠴᠠᠭᠤᠯᠬᠤ ᠳᠠᠭᠠᠨ ᠴᠢᠳᠠᠮᠠᠭᠠᠶ ᠪᠠᠶᠢᠵᠤ᠂ ᠨᠡᠶᠢᠲᠡᠯᠢᠭ ᠵᠢᠱᠢᠶ᠎ᠡ ᠶᠢ ᠶᠡᠬᠡᠪᠡᠷ ᠬᠥᠮᠦᠵᠢᠭᠦᠯᠦᠨ ᠪᠣᠶ | ᠪᠣᠯᠭᠠᠵᠤ᠂ ᠭᠡᠷᠡᠴᠢᠯᠡᠬᠦ ᠵᠦᠶᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠤᠨ ᠠᠵᠢᠯ ᠢ ᠪᠥᠬᠦ ᠨᠡᠶᠢᠭᠡᠮ ᠢᠶᠠᠷ ᠢᠶᠠᠨ | ᠬᠠᠯᠠᠮᠵᠢᠯᠠᠬᠤ᠂ ᠳᠡᠮᠵᠢᠬᠦ᠂ ᠣᠷᠣᠯᠴᠠᠬᠤ ᠰᠠᠶᠢᠨ ᠰᠠᠶᠢᠬᠠᠨ ᠪᠠᠶᠢᠳᠠᠯ ᠢ ᠴᠢᠷᠮᠠᠶᠢᠨ ᠪᠣᠶ ᠪᠣᠯᠭᠠᠬᠤ ᠬᠡᠷᠡᠭᠲᠡᠶ᠃ | ︵ᠭᠤᠷᠪᠠ︶ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠢ᠃ ᠮᠡᠳᠡᠭᠳᠡᠬᠦ ᠠᠮᠠᠯᠠᠯᠲᠠ ᠶᠢᠨ | ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠢ ᠠᠬᠢᠭᠤᠯᠤᠭᠰᠠᠨ ᠪᠠᠶᠢᠳᠠᠯ ᠢ ᠬᠠᠤᠯᠢ ᠪᠠᠷ ᠬᠤᠲᠠ ᠶᠢ | ᠵᠠᠰᠠᠬᠤ ᠶᠢᠨ ᠰᠢᠯᠭᠠᠨ ᠦᠨᠡᠯᠡᠬᠦ ᠭᠦᠶᠴᠡᠳᠬᠡᠯ ᠲᠤᠭ᠎ᠠ ᠶᠢᠨ ᠰᠢᠰᠲ᠋ᠧᠮᠵᠢ ᠳᠤ ᠣᠷᠣᠭᠤᠯᠵᠤ᠂ ᠡᠯ᠎ᠡ ᠲᠠᠯ᠎ᠠ ᠶᠢᠨ | ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠭᠦᠶᠴᠡᠳ ᠳᠠᠶᠢᠴᠢᠯᠠᠬᠤ ᠬᠡᠷᠡᠭᠲᠡᠶ᠃ ᠠᠵᠢᠯ ᠤᠨ ᠳᠤᠮᠳᠠ ᠢᠯᠡᠷᠡᠯ ᠢᠶᠠᠷ | ᠲᠣᠪᠤᠶᠢᠮ᠎ᠠ᠂ ᠠᠵᠤ ᠠᠬᠤᠶᠢᠯᠠᠯ ᠪᠣᠯᠤᠨ ᠣᠯᠠᠨ ᠲᠦᠮᠡᠨ ᠤ ᠦᠨᠡᠯᠡᠯᠲᠡ ᠶᠢᠨ ᠬᠠᠨᠤᠮᠵᠢ ᠶᠢᠨ ᠪᠠᠶᠢᠬᠤ ᠬᠡᠮᠵᠢᠶ᠎ᠡ ᠪᠠᠷ | ᠥᠨᠳᠥᠷ ᠨᠢᠭᠡᠴᠢ ᠵᠢᠴᠢ ᠠᠵᠢᠯᠲᠠᠨ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ | ᠰᠠᠶᠢᠰᠢᠶᠠᠬᠤ ᠪᠠ ᠱᠠᠩᠨᠠᠬᠤ ᠬᠡᠷᠡᠭᠲᠡᠶ᠃ ᠰᠢᠮᠳᠠᠭᠤᠯᠤᠨ ᠪᠠᠶᠢᠴᠠᠭᠠᠭᠰᠠᠨ ᠪᠠᠶᠢᠳᠠᠯ ᠢ ᠮᠡᠳᠡᠭᠡᠯᠡᠬᠦ ᠲᠦᠷᠢᠮ ᠢ | ᠪᠠᠶᠢᠭᠤᠯᠵᠤ᠂ ᠠᠵᠢᠯ ᠤᠨ ᠳᠤᠮᠳᠠ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠨᠢᠭᠡᠴᠢ ᠵᠢᠴᠢ | ᠠᠵᠢᠯᠲᠠᠨ ᠠᠴᠠ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠬᠠᠷᠢᠭᠤᠴᠠᠯᠭ᠎ᠠ ᠲᠤᠯᠭᠠᠬᠤ ᠬᠡᠷᠡᠭᠲᠡᠶ᠃ ︽ᠡᠷᠬᠡ | ᠬᠠᠷᠢᠭᠤᠴᠠᠯᠭ᠎ᠠ ᠶᠢ ᠨᠢᠭᠡᠳᠦᠯᠲᠡᠶ ᠪᠠᠶᠢᠯᠭᠠᠬᠤ᠂ ᠲᠤᠰᠢᠶᠠᠯ ᠢᠶᠠᠨ ᠭᠦᠶᠴᠡᠳᠬᠡᠪᠡᠯ ᠬᠠᠷᠢᠭᠤᠴᠠᠯᠭ᠎ᠠ ᠠᠴᠠ ᠬᠡᠯᠲᠦᠷᠢᠭᠦᠯᠬᠦ | ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠵᠠᠷᠴᠢᠮ ᠶᠣᠰᠣᠭᠠᠷ᠂ ᠪᠤᠷᠤᠭᠤ ᠶᠢ ᠠᠭᠤᠴᠢᠯᠠᠨ | ᠪᠠᠭᠲᠠᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠵᠦᠶ | ᠵᠣᠬᠢᠰᠲᠠᠶ ᠪᠠᠶᠢᠳᠠᠯ ᠳᠤ ᠬᠠᠷᠢᠶᠠᠯᠠᠭᠳᠠᠪᠠᠯ᠂ ᠬᠠᠮᠢᠶ᠎ᠠ ᠪᠥᠬᠦᠶ ᠨᠢᠭᠡᠴᠢ ᠵᠢᠴᠢ ᠠᠵᠢᠯᠲᠠᠨ ᠢ ᠰᠠᠬᠢᠯᠭ᠎ᠠ ᠪᠠᠲᠤ ᠬᠠᠤᠯᠢ | ᠴᠠᠭᠠᠵᠠ ᠶᠣᠰᠣᠭᠠᠷ ᠬᠠᠮᠢᠶ᠎ᠠ ᠪᠥᠬᠦᠶ ᠬᠠᠷᠢᠭᠤᠴᠠᠯᠭ᠎ᠠ ᠠᠴᠠ ᠬᠡᠯᠲᠦᠷᠢᠭᠦᠯᠬᠦ ᠪᠤᠶᠤ ᠬᠥᠩᠭᠡᠷᠡᠭᠦᠯᠦᠨ ᠰᠢᠢᠳᠪᠦᠷᠢᠯᠡᠨ᠎ᠡ᠃ | | ᠡᠯ᠎ᠡ ᠬᠤᠰᠢᠭᠤ ᠰᠢᠶᠠᠨ ᠬᠤᠲᠠ ᠲᠣᠭᠤᠷᠢᠭ᠂ ᠬᠤᠲᠠ ᠶᠢᠨ ᠰᠢᠭᠤᠳ ᠬᠠᠷᠢᠶ᠎ᠡ ᠡᠯ᠎ᠡ ᠬᠤᠯᠪᠣᠭᠳᠠᠯ ᠪᠥᠬᠦᠶ | ᠨᠢᠭᠡᠴᠢ ᠠᠵᠢᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠠᠮᠠᠯᠠᠯᠲᠠ ᠶᠢᠨ ᠲᠦᠷᠢᠮ ᠢ ᠬᠡᠷᠡᠭᠵᠢᠭᠦᠯᠵᠦ | ᠪᠠᠶᠢᠭ᠎ᠠ ᠭᠡᠷᠡᠴᠢᠯᠡᠬᠦ ᠵᠦᠶᠯᠡᠰ ᠢ ᠲᠣᠳᠣᠷᠬᠠᠶᠢᠯᠠᠨ᠂ ᠭᠠᠷᠴᠠᠭ ᠤᠨ ᠨᠠᠷᠢᠨ ᠬᠠᠭᠤᠳᠠᠰᠤ ᠶᠢ ᠨᠡᠶᠢᠲᠡᠯᠡᠵᠦ᠂ | ᠠᠮᠠᠯᠠᠯᠲᠠ ᠶᠢ ᠮᠡᠳᠡᠭᠳᠡᠬᠦ ᠱᠠᠭᠠᠷᠳᠠᠯᠭ᠎ᠠ ᠶᠢ ᠵᠢᠷᠤᠮᠵᠢᠭᠤᠯᠤᠨ᠂ ᠪᠠᠷᠢᠮᠵᠢᠶ᠎ᠠ ᠶᠢ ᠢᠯᠡ ᠪᠣᠯᠭᠠᠬᠤ᠂ ᠲᠦᠷᠢᠮ ᠢ ᠲᠥᠪ | ᠭᠤᠤᠯᠴᠢ ᠪᠠᠶᠢᠯᠭᠠᠬᠤ᠂ ᠵᠢᠱᠢᠭᠰᠡᠨ ᠬᠤᠭᠤᠴᠠᠭ᠎ᠠ ᠶᠢ ᠲᠣᠳᠣᠷᠬᠠᠶᠢᠯᠠᠬᠤ᠂ ᠲᠣᠰ ᠲᠣᠰ ᠤᠨ ᠬᠠᠷᠢᠭᠤᠴᠠᠯᠭ᠎ᠠ ᠪᠠᠨ | ᠭᠦᠶᠴᠡᠳᠬᠡᠬᠦ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠵᠠᠰᠠᠯᠲᠠ ᠶᠢᠨ ᠵᠠᠭᠪᠤᠷ ᠢ ᠪᠣᠶ ᠪᠣᠯᠭᠠᠬᠤ ᠶᠢ | ᠠᠬᠢᠭᠤᠯᠬᠤ ᠬᠡᠷᠡᠭᠲᠡᠶ᠃ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠠᠷᠭᠤᠭᠤᠯᠤᠨ | ᠪᠠᠶᠢᠴᠠᠭᠠᠯᠲᠠ ᠶᠢ ᠴᠢᠩᠭᠠᠳᠬᠠᠵᠤ᠂ ᠭᠡᠨᠡᠨ ᠲᠦᠭᠰᠢᠭᠦᠷᠢ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭᠠᠳᠬᠠᠨ᠂ ᠠᠵᠤ | ᠠᠬᠤᠶᠢᠯᠠᠯ ᠪᠠ ᠣᠯᠠᠨ ᠲᠦᠮᠡᠨ ᠤ ᠶᠠᠪᠤᠳᠠᠯ ᠬᠢᠵᠦ ᠠᠳᠠᠯ ᠦᠶᠯᠡᠰ ᠴᠣᠭᠴᠠᠯᠠᠬᠤ᠂ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠡᠭᠦᠳᠬᠦ ᠳᠤ ᠲᠥᠬᠦᠮ ᠦᠵᠡᠭᠦᠯᠵᠦ᠂ ᠵᠠᠰᠠᠭ ᠤᠨ ᠣᠷᠳᠣᠨ ᠤ | ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠦᠨᠡᠨ ᠬᠦ ᠠᠬᠢᠭᠤᠯᠤᠨ᠎ᠠ᠃ | ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠶᠠᠪᠤᠴᠠ ᠳᠤ | ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠢ ᠳᠤᠨᠢ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠬᠦ | ᠬᠡᠷᠡᠭᠲᠡᠢ᠃ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠭᠡᠷᠡᠴᠢᠯᠡᠬᠦ ᠵᠦᠶᠯᠡᠰ ᠢ ᠮᠡᠳᠡᠭᠳᠡᠬᠦ ᠠᠮᠠᠯᠠᠯᠲᠠ ᠶᠢᠨ | ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠶᠢ ᠵᠢᠯᠣᠭᠤᠳᠤᠨ ᠵᠣᠬᠢᠴᠠᠭᠤᠯᠬᠤ ᠪᠠᠨ ᠴᠢᠩᠭᠠᠳᠬᠠᠵᠤ᠂ ᠬᠤᠲᠠ ᠶᠢᠨ | ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠬᠢᠨᠠᠯᠲᠠ ᠲᠠᠯᠪᠢᠵᠤ ᠪᠠᠶᠢᠴᠠᠭᠠᠬᠤ | ᠪᠠ ᠮᠥᠷᠳᠡᠨ ᠦᠨᠡᠯᠡᠵᠦ᠂ ᠴᠢᠬᠤᠯᠠ ᠪᠠᠶᠢᠳᠠᠯ ᠢ ᠴᠠᠭ ᠲᠤᠬᠠᠶ ᠳᠤᠨᠢ ᠬᠤᠲᠠ ᠶᠢᠨ ᠵᠠᠰᠠᠭ ᠤᠨ ᠣᠷᠳᠣᠨ ᠳᠤ | ᠮᠡᠳᠡᠭᠦᠯᠬᠦ ᠬᠡᠷᠡᠭᠲᠡᠶ᠃ | ᠬᠠᠷᠢᠯᠴᠠᠬᠤ ᠬᠥᠮᠦᠨ᠄ ᠰᠦᠨ ᠱᠧᠩ ᠬᠤᠸᠠ ᠯᠢ ᠭᠦᠸᠧ ᠹᠧᠩ | ᠬᠠᠷᠢᠯᠴᠠᠬᠤ ᠤᠲᠠᠰᠤ᠄ 8380511 | ᠢᠮᠧᠯ᠄ wlcbzfjd @ 126 . com | ᠳᠠᠭᠠᠯᠳᠤᠭᠤᠯᠤᠯ᠄ 1 . ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠪᠢᠴᠢᠭ ᠤᠨ ᠦᠯᠢᠭᠡᠷ ᠳᠡᠪᠲᠡᠷ | 2 . ᠭᠡᠷᠡᠴᠢᠯᠡᠬᠦ ᠵᠦᠶᠯᠡᠰ ᠢ ᠮᠡᠳᠡᠭᠳᠡᠬᠦ ᠠᠮᠠᠯᠠᠯᠲᠠ ᠶᠢᠨ ᠪᠢᠴᠢᠭ ᠤᠨ ᠥᠯᠢᠭᠡᠷ ᠬᠡᠪ | ᠳᠠᠭᠠᠯᠳᠤᠭᠤᠯᠤᠯ 1 | ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠪᠢᠴᠢᠭ | ︵ᠭᠤᠶᠤᠴᠢᠯᠠᠭᠰᠠᠨ ᠵᠦᠢᠯ ᠤᠨ ᠨᠡᠷᠡᠶᠢᠳᠦᠯ︶ | ﹇ ᠣᠨ﹈ ᠤ ᠳ᠋ᠤᠭᠠᠷ | ᠨᠢᠭᠡ᠂ ᠦᠨᠳᠦᠰᠦᠨ ᠮᠡᠳᠡᠭᠡ ᠵᠠᠩᠭᠢ | ︵ᠨᠢᠭᠡ︶ ᠭᠤᠶᠤᠴᠢᠯᠠᠭᠴᠢ ︵ᠪᠠᠶᠢᠭᠠᠯᠢ ᠬᠥᠮᠦᠨ︶ | ᠣᠪᠣᠭ ᠨᠡᠷ᠎ᠡ᠄ ᠬᠠᠷᠢᠯᠴᠠᠬᠤ ᠬᠡᠯᠪᠡᠷᠢ᠄ | ᠦᠨᠡᠮᠯᠡᠯ ᠤᠨ ᠲᠥᠷᠥᠯ ᠵᠦᠶᠯ᠄ ᠦᠨᠡᠮᠯᠡᠯ ᠤᠨ ᠳ᠋ᠤᠭᠠᠷ᠄ | ︵ᠬᠠᠤᠯᠢ ᠶᠢᠨ ᠡᠷᠬᠡᠲᠡᠨ︶ | ᠪᠠᠶᠢᠭᠤᠯᠭ᠎ᠠ ᠶᠢᠨ ᠨᠡᠷᠡᠶᠢᠳᠦᠯ᠄ | ᠦᠨᠡᠮᠯᠡᠯ ᠤᠨ ᠲᠥᠷᠥᠯ ᠵᠦᠶᠯ᠄ ᠦᠨᠡᠮᠯᠡᠯ ᠤᠨ ᠨᠣᠮᠧᠷ᠄ | ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ︵ᠬᠠᠷᠢᠭᠤᠴᠠᠯᠭᠠᠲᠠᠨ︶᠄ | ᠬᠠᠶ᠋ᠢᠭ᠄ | ᠬᠠᠷᠢᠯᠴᠠᠬᠤ ᠬᠡᠯᠪᠡᠷᠢ᠄ | ︵ᠨᠠᠶᠢᠳᠠᠭᠰᠠᠨ ᠣᠷᠣᠯᠠᠭᠴᠢ︶ | ᠣᠪᠣᠭ ᠨᠡᠷ᠎ᠡ᠄ | ᠦᠨᠡᠮᠯᠡᠯ ᠤᠨ ᠲᠥᠷᠥᠯ ᠵᠦᠶᠯ᠄ ᠦᠨᠡᠮᠯᠡᠯ ᠤᠨ ᠨᠣᠮᠧᠷ᠄ | ᠬᠠᠷᠢᠯᠴᠠᠬᠤ ᠬᠡᠯᠪᠡᠷᠢ᠄ | ︵ᠬᠤᠶᠠᠷ︶ ᠵᠠᠰᠠᠭ ᠵᠠᠬᠢᠷᠭᠠᠨ ᠤ ᠪᠠᠶᠢᠭᠤᠯᠭ᠎ᠠ | ᠨᠡᠷᠡᠶᠢᠳᠦᠯ᠄ | ᠬᠠᠷᠢᠯᠴᠠᠬᠤ ᠬᠥᠮᠦᠨ᠄ ᠬᠠᠷᠢᠯᠴᠠᠬᠤ ᠠᠷᠭ᠎ᠠ᠄ | ᠬᠤᠶᠠᠷ᠂ ᠵᠠᠰᠠᠭ ᠵᠠᠬᠢᠷᠭᠠᠨ ᠤ ᠪᠠᠶᠢᠭᠤᠯᠭ᠎ᠠ ᠮᠡᠳᠡᠭᠳᠡᠬᠦ | ︵ᠨᠢᠭᠡ︶ ᠭᠡᠷᠡᠴᠢᠯᠡᠬᠦ ᠵᠦᠢᠯᠡᠰ ᠤᠨ ᠨᠡᠷᠡᠶᠢᠳᠦᠯ | ᠁ ᠁ | ︵ᠬᠤᠶᠠᠷ︶ ᠭᠡᠷᠡᠴᠢᠯᠡᠬᠦ ᠬᠡᠷᠡᠭᠴᠡᠭᠡ | ᠁ ᠁ | ︵ᠭᠤᠷᠪᠠ︶ ᠭᠡᠷᠡᠴᠢᠯᠡᠯ ᠲᠣᠭᠲᠠᠭᠠᠬᠤ ᠶᠢᠨ ᠦᠨᠳᠦᠰᠦᠯᠡᠯ | ᠁ ᠁ | ︵ᠳᠥᠷᠪᠡ︶ ᠭᠡᠷᠡᠴᠢᠯᠡᠬᠦ ᠠᠭᠤᠯᠭ᠎ᠠ ︵ᠵᠥᠪᠰᠢᠶᠡᠷᠡᠬᠦ ᠨᠥᠬᠦᠴᠡᠯ ᠪᠠ ᠮᠠᠲ᠋ᠧᠷᠢᠶᠠᠯ ᠤᠨ ᠱᠠᠭᠠᠷᠳᠠᠯᠭ᠎ᠠ︶ | ᠁ ᠁ | ︵ᠲᠠᠪᠤ︶ ᠭᠤᠶᠤᠴᠢᠯᠠᠭᠴᠢ ᠳᠡᠭᠡᠷ᠎ᠡ ᠳᠤᠷᠠᠳᠤᠭᠰᠠᠨ ᠵᠦᠶᠯᠡᠰ ᠲᠤ ᠠᠮᠠᠯᠠᠯᠲᠠ ᠶᠢᠨ ᠲᠦᠷᠢᠮ ᠤᠨ ᠠᠷᠭ᠎ᠠ | ᠮᠠᠶ᠋ᠢᠭ ᠢ ᠠᠪᠬᠤ ᠳᠤᠷᠠᠲᠠᠶ ᠪᠠᠶᠢᠬᠤ ᠡᠰᠡᠬᠦ᠃ | 1 .ᠲᠡᠶᠢᠮᠦ 2 . ᠦᠭᠡᠢ | ︵ᠵᠢᠷᠭᠤᠭ᠎ᠠ︶ ᠠᠮᠠᠯᠠᠯᠲᠠ ᠶᠢᠨ ᠠᠷᠭ᠎ᠠ ᠮᠠᠶ᠋ᠢᠭ | ᠲᠣᠰ ᠭᠡᠷᠡᠴᠢᠯᠡᠬᠦ ᠵᠦᠶᠯᠡᠰ ᠲᠤ ᠪᠢᠴᠢᠭ ᠤᠨ ᠠᠮᠠᠯᠠᠯᠲᠠ ᠶᠢᠨ ᠠᠷᠭ᠎ᠠ ᠮᠠᠶ᠋ᠢᠭ ᠢ ᠠᠪᠴᠤ᠂ ᠭᠤᠶᠤᠴᠢᠯᠠᠭᠴᠢ | ᠠᠮᠠᠯᠠᠯᠲᠠ ᠭᠠᠷᠭᠠᠬᠤ ᠳᠤᠷᠠᠲᠠᠶ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠳᠤ ᠲᠣᠰ ᠬᠥᠮᠦᠨ ᠤ ᠭᠠᠷ ᠤᠨ | ᠥᠰᠥᠭ ᠵᠢᠷᠤᠭᠰᠠᠨ ᠤ ᠳᠠᠷᠠᠭᠠᠬᠢ ᠮᠡᠳᠡᠭᠳᠡᠬᠦ ᠠᠮᠠᠯᠠᠯᠲᠠ ᠶᠢᠨ ᠪᠢᠴᠢᠭ ᠤᠨ ᠣᠭ ᠮᠠᠲ᠋ᠧᠷᠢᠶᠠᠯ ᠢ ᠲᠤᠰᠢᠶᠠᠬᠤ ᠬᠡᠷᠡᠭᠲᠡᠶ | ᠃ | ᠲᠤᠰ ᠭᠡᠷᠡᠴᠢᠯᠡᠬᠦ ᠵᠦᠢᠯᠡᠰ ᠢ ᠡᠷᠬᠡᠪᠰᠢ ᠭᠤᠶᠤᠴᠢᠯᠠᠭᠴᠢ ᠠᠮᠠᠯᠠᠯᠲᠠ ᠬᠢᠬᠦ ᠬᠡᠷᠡᠭᠲᠡᠢ᠂ ᠣᠷᠣᠯᠠᠨ ᠠᠮᠠᠯᠠᠯᠲᠠ | ᠬᠢᠵᠦ ᠪᠣᠯᠬᠤ ᠦᠭᠡᠢ᠃ | ︵ᠳᠣᠯᠤᠭ᠎ᠠ︶ ᠠᠮᠠᠯᠠᠯᠲᠠ ᠶᠢᠨ ᠬᠦᠴᠦᠨ | ᠭᠤᠶᠤᠴᠢᠯᠠᠭᠴᠢ ᠶᠢᠨ ᠪᠢᠴᠢᠭᠯᠡᠭᠰᠡᠨ ᠠᠮᠠᠯᠠᠯᠲᠠ ᠨᠢ ᠨᠢᠭᠡᠨᠲᠡ ᠮᠡᠳᠡᠭᠳᠡᠬᠦ ᠨᠥᠬᠦᠴᠡᠯ᠂ ᠱᠠᠭᠠᠷᠳᠠᠯᠭ᠎ᠠ ᠳᠤ | ᠨᠡᠶᠢᠴᠡᠭᠰᠡᠨ ᠪᠥᠭᠡᠳ ᠦᠨᠡᠨ ᠪᠣᠳᠠᠲᠠᠶ ᠪᠤᠰᠤ ᠠᠮᠠᠯᠠᠯᠲᠠ ᠶᠢᠨ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠡᠭᠦᠷᠭᠡᠯᠡᠬᠦ | ᠳᠤᠷᠠᠲᠠᠶ ᠪᠣᠯᠤᠭᠰᠠᠨ ᠤ ᠳᠠᠷᠠᠭ᠎ᠠ᠂ ᠵᠠᠰᠠᠭ ᠵᠠᠬᠢᠷᠭᠠᠨ ᠤ ᠪᠠᠶᠢᠭᠤᠯᠭ᠎ᠠ ᠨᠢ ᠬᠤᠯᠪᠣᠭᠳᠠᠯ ᠪᠥᠬᠦᠶ ᠭᠡᠷᠡᠴᠢ ᠶᠢ ᠳᠠᠭᠢᠵᠤ | ᠨᠡᠬᠡᠨ ᠠᠪᠬᠤ ᠥᠬᠡᠶ ᠪᠠᠷ ᠪᠢᠴᠢᠭᠯᠡᠭᠰᠡᠨ ᠠᠮᠠᠯᠠᠯᠲᠠ ᠶᠢ ᠦᠨᠳᠦᠰᠦᠯᠡᠨ ᠬᠠᠮᠢᠶ᠎ᠠ ᠪᠥᠬᠦᠶ ᠵᠦᠶᠯᠡᠰ ᠢ ᠭᠦᠶᠴᠡᠳᠬᠡᠨ᠎ᠡ᠃ | | ︵ᠨᠠᠶᠢᠮᠠ︶ ᠬᠤᠳᠠᠯ ᠠᠮᠠᠯᠠᠯᠲᠠ ᠶᠢᠨ ᠬᠠᠷᠢᠭᠤᠴᠠᠯᠭ᠎ᠠ | ᠭᠡᠷᠡᠴᠢᠯᠡᠬᠦ ᠵᠦᠶᠯᠡᠰ ᠢ ᠮᠡᠳᠡᠭᠳᠡᠬᠦ ᠠᠮᠠᠯᠠᠯᠲᠠ ᠶᠢᠨ ᠢᠲᠡᠭᠡᠮᠵᠢ ᠠᠯᠳᠠᠭᠰᠠᠨ ᠠᠵᠢᠯᠯᠠᠭ᠎ᠠ ᠶᠢᠨ ᠮᠡᠳᠡᠭᠡ | ᠵᠠᠩᠭᠢ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ | ᠵᠠᠩᠭᠢ ᠶᠢᠨ ᠭᠠᠷᠴᠠᠭ ᠲᠤ ᠣᠷᠣᠭᠤᠯᠵᠤ᠂ ᠦᠨᠡᠨ ᠪᠠᠶᠢᠳᠠᠯ ᠢ ᠵᠣᠷᠢᠭᠤᠳᠠ ᠨᠢᠭᠤᠨ ᠳᠠᠯᠳᠠᠯᠠᠵᠤ᠂ ᠬᠤᠳᠠᠯ | ᠬᠠᠭᠤᠷᠮᠠᠭ ᠠᠮᠠᠯᠠᠯᠲᠠ ᠬᠠᠩᠭᠠᠵᠤ ᠬᠤᠯᠪᠣᠭᠳᠠᠯ ᠪᠥᠬᠦᠶ ᠵᠦᠶᠯᠡᠰ ᠢ ᠭᠦᠶᠴᠡᠳᠬᠡᠭᠰᠡᠨ ᠪᠠᠶᠢᠪᠠᠯ᠂ ᠬᠠᠤᠯᠢ ᠶᠣᠰᠣᠭᠠᠷ | ᠳᠤᠤᠷᠠᠬᠢ ᠮᠡᠲᠦ ᠰᠢᠶᠳᠪᠦᠷᠢᠯᠡᠨ᠎ᠡ᠄ | ᠁ ᠁ | ︵ᠶᠢᠰᠦ︶ ᠠᠮᠠᠯᠠᠯᠲᠠ ᠶᠢ ᠢᠯᠡ ᠪᠣᠯᠭᠠᠬᠤ᠃ ᠠᠮᠠᠯᠠᠯᠲᠠ ᠶᠢᠨ ᠪᠢᠴᠢᠭ ᠢ ᠢᠯᠡ ᠪᠣᠯᠭᠠᠬᠤ ᠡᠰᠡᠬᠦ᠂ ᠢᠯᠡ | ᠪᠣᠯᠭᠠᠬᠤ ᠬᠦᠷᠢᠶ᠎ᠡ ᠬᠡᠪᠴᠢᠶ᠎ᠡ ᠴᠠᠭ ᠲᠤᠬᠠᠶ ᠳᠤᠨᠢ ᠶᠢᠨ ᠬᠢᠵᠠᠭᠠᠷᠯᠠᠯ ᠵᠡᠷᠭᠡ᠃ | ᠭᠤᠷᠪᠠ᠂ ᠭᠤᠶᠤᠴᠢᠯᠠᠭᠴᠢ ᠶᠢᠨ ᠠᠮᠠᠯᠠᠯᠲᠠ | ᠭᠤᠶᠤᠴᠢᠯᠠᠭᠴᠢ ᠳᠣᠣᠷᠠᠬᠢ ᠮᠡᠲᠦ ᠠᠮᠠᠯᠠᠯᠲᠠᠬᠢᠬᠦ ᠴᠢᠬᠤᠯᠠ ᠲᠠᠢ᠄ | ︵ᠨᠢᠭᠡ︶ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠮᠡᠳᠡᠭᠳᠡᠭᠰᠡᠨ ᠪᠦᠬᠦ ᠠᠭᠤᠯᠭ᠎ᠠ ᠶᠢ ᠨᠢᠭᠡᠨᠲᠡ ᠮᠡᠳᠡᠭᠰᠡᠨ︔ | | ︵ᠬᠤᠶᠠᠷ︶ ᠲᠤᠰ ᠪᠡᠶ᠎ᠡ ᠨᠢ ᠨᠢᠭᠡᠨᠲᠡ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠮᠡᠳᠡᠭᠳᠡᠬᠦ ᠨᠥᠬᠦᠴᠡᠯ᠂ | ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠂ ᠪᠣᠳᠠᠲᠠᠢ ᠪᠠᠷ ᠬᠡᠯᠡᠪᠡᠯ᠄ ᠁ ᠁ | ︵ᠭᠤᠷᠪᠠ︶ ᠦᠨᠡᠨ ᠪᠤᠰᠤ ᠠᠮᠠᠯᠠᠯᠲᠠ ᠶᠢᠨ ᠬᠠᠤᠯᠢ ᠶᠢᠨ ᠬᠠᠷᠢᠭᠤᠴᠠᠯᠭ᠎ᠠ ᠶᠢ ᠡᠭᠦᠷᠭᠡᠯᠡᠬᠦ ᠳᠤᠷᠠᠲᠠᠢ ᠪᠠᠶᠢᠬᠤ | ︔ | ︵ᠲᠦᠷᠪᠡ︶ ᠲᠤᠰ ᠮᠡᠳᠡᠭᠳᠡᠬᠦ ᠠᠮᠠᠯᠠᠯᠲᠠ ᠶᠢᠨ ᠪᠢᠴᠢᠭ ᠳᠤ ᠲᠠᠭᠯᠠᠨ ᠪᠢᠴᠢᠭᠰᠡᠨ ᠦᠨᠳᠦᠰᠦᠨ ᠮᠡᠳᠡᠭᠡ | ᠵᠠᠩᠭᠢ ᠶᠢᠨ ᠦᠨᠡᠨ ᠪᠣᠳᠠᠲᠠᠢ᠂ ᠵᠥᠪ ᠣᠨᠣᠪᠴᠢᠲᠠᠢ ᠪᠠᠶᠢᠬᠤ︔ | ︵ᠲᠠᠪᠤ︶ ᠳᠡᠭᠡᠷ᠎ᠡ ᠳᠤᠷᠠᠳᠤᠭᠰᠠᠨ ᠠᠮᠠᠯᠠᠯᠲᠠ ᠪᠣᠯ ᠭᠤᠶᠤᠴᠢᠯᠠᠭᠴᠢ ᠶᠢᠨ ᠦᠨᠡᠨ ᠰᠠᠨᠠᠭᠠᠨ ᠤ ᠢᠯᠡᠳᠬᠡᠯᠲᠡ | ᠮᠥᠨ ᠪᠠᠶᠢᠬᠤ᠃ | ᠲᠣᠰ ᠬᠥᠮᠦᠨ ᠨᠢ ᠳᠡᠭᠡᠷ᠎ᠡ ᠳᠤᠷᠠᠳᠤᠭᠰᠠᠨ ᠠᠭᠤᠯᠭ᠎ᠠ ᠶᠢ ᠪᠠᠶᠢᠴᠠᠭᠠᠬᠤ᠂ ᠬᠠᠷᠭᠤᠭᠤᠯᠤᠨ ᠪᠠᠶᠢᠴᠠᠭᠠᠬᠤ᠂ | ᠬᠠᠷᠭᠤᠭᠤᠯᠤᠨ ᠪᠠᠶᠢᠴᠠᠭᠠᠬᠤ ᠳᠤ ᠬᠠᠮᠵᠢᠯᠴᠠᠬᠤ ᠳᠤᠷᠠᠲᠠᠶ᠃ | ᠭᠤᠶᠤᠴᠢᠯᠠᠭᠴᠢ ᠶᠢᠨ ᠭᠠᠷ ᠤᠨ ᠦᠰᠦᠭ᠄ ︵ᠬᠤᠷᠤᠭᠤ ᠳᠠᠷᠤᠬᠤ \ ᠬᠤᠪᠢ ᠬᠥᠮᠦᠨ ᠤ ᠲᠠᠮᠠᠭ᠎ᠠ︶ | ᠡᠳᠦᠷ ᠬᠤᠭᠤᠴᠠᠭ᠎ᠠ᠄ | ᠵᠠᠰᠠᠭ ᠵᠠᠬᠢᠷᠭᠠᠨ ᠤ ᠪᠠᠶᠢᠭᠤᠯᠭ᠎ᠠ ︵ᠠᠯᠪᠠᠨ ᠲᠠᠮᠠᠭ᠎ᠠ︶᠄ | ᠭᠠᠷᠳᠠᠨ ᠭᠦᠢᠴᠡᠳᠬᠡᠭᠴᠢ᠄ | ᠡᠳᠦᠷ ᠬᠤᠭᠤᠴᠠᠭ᠎ᠠ᠄ | ︵ᠲᠤᠰ ᠪᠢᠴᠢᠭ ᠨᠢᠭᠡ ᠬᠡᠯᠪᠡᠷᠢ ᠶᠢᠨ ᠬᠤᠶᠠᠷ ᠬᠤᠪᠢ᠂ ᠵᠠᠰᠠᠭ ᠵᠠᠬᠢᠷᠭᠠᠨ ᠤ ᠪᠠᠶᠢᠭᠤᠯᠭ᠎ᠠ ᠪᠠ | ᠭᠤᠶᠤᠴᠢᠯᠠᠭᠴᠢ ᠲᠤᠰ ᠪᠦᠷᠢ ᠨᠢᠭᠡ ᠬᠤᠪᠢ ᠠᠪᠤᠨ᠎ᠠ᠃︶᠃ | | ᠳᠠᠭᠠᠯᠳᠤᠭᠤᠯᠤᠯ᠄ 2 | ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠭᠡᠷᠡᠴᠢᠯᠡᠬᠦ ᠵᠦᠶᠯᠡᠰ ᠤᠨ ᠭᠠᠷᠴᠠᠭ ︵ᠦᠯᠢᠭᠡᠷ | ᠬᠡᠪ︶ | ᠨᠢᠭᠡᠴᠢ ︵ᠲᠠᠮᠠᠭ᠎ᠠ︶᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ | ᠲᠢᠩᠬᠢᠮ | ᠬᠦᠰᠦᠨᠦᠭ ᠲᠠᠭᠯᠠᠭᠴᠢ᠄ | ᠤᠲᠠᠰᠤ᠄ | ᠬᠦᠰᠦᠨᠦᠭ ᠲᠠᠭᠯᠠᠭᠰᠠᠨ ᠡᠳᠦᠷ ᠬᠤᠭᠤᠴᠠᠭ᠎ᠠ᠄ | | |