︽ᠤᠯᠠᠭᠠᠨᠴᠠᠪ ᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/6/18
           ᠤᠯᠠᠭᠠᠨᠴᠠᠪ ᠵᠠᠰᠠᠭ ᠠᠯᠪᠠᠨ ᠲᠠᠷᠬᠠᠭᠠᠭᠰᠠᠨ ﹇2021﹈15 ᠳ᠋ᠤᠭᠠᠷ ᠲᠣᠭᠠᠲᠤ            ︽ᠤᠯᠠᠭᠠᠨᠴᠠᠪ ᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄      ︽ᠤᠯᠠᠭᠠᠨᠴᠠᠪ ᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠬᠤ ᠪᠣᠯᠪᠠᠤ᠃                                                                                                                             2021ᠣᠨ ᠤ 3 ᠰᠠᠷ᠎ᠠ ᠶᠢᠨ 31 ᠤ ᠡᠳᠦᠷ                                           ︵ᠲᠤᠰ ᠪᠢᠴᠢᠭ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶      ᠤᠯᠠᠭᠠᠨᠴᠠᠪ ᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ      ᠨᠢᠭᠡᠳᠦᠭᠡᠷ ᠪᠦᠯᠦᠭ         ᠶᠡᠷᠦᠩᠬᠡᠢ ᠳᠦᠷᠢᠮ      ᠨᠢᠭᠡᠳᠦᠭᠡᠷ ᠵᠦᠶᠯ  ᠪᠦᠬᠦ ᠬᠤᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠪᠦᠬᠦ ᠨᠡᠶᠢᠭᠡᠮ ᠤᠨ ᠶᠠᠰᠤ ᠴᠢᠨᠠᠷ ᠤᠨ ᠦᠵᠡᠯ ᠤᠬᠠᠮᠰᠠᠷ ᠢ ᠲᠠᠰᠤᠷᠠᠯᠲᠠ ᠤᠶᠢᠭᠡᠢ ᠳᠡᠭᠡᠭᠰᠢᠯᠡᠭᠦᠯᠵᠦ᠂ ᠡᠯ᠎ᠡ ᠠᠵᠢᠯ ᠲᠥᠷᠥᠯ ᠢ ᠬᠥᠲᠥᠯᠥᠨ ᠵᠢᠯᠣᠭᠤᠳᠬᠤ ᠪᠠ ᠵᠣᠷᠢᠭᠵᠢᠭᠤᠯᠵᠤ ᠪᠠᠶᠢᠭᠠᠳ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠨ᠂ ᠶᠠᠰᠤ ᠴᠢᠨᠠᠷ ᠤᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠯᠡᠳᠬᠦᠨ ᠤ ᠶᠠᠰᠤ ᠴᠢᠨᠠᠷ ᠤᠨ ᠬᠠᠤᠯᠢ︾ ︽ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠥᠷᠨᠢᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠢᠯᠣᠭᠤᠳᠬᠤ ᠰᠠᠨᠠᠯ︾ ︵ᠲᠥᠪ ᠲᠠᠷᠬᠠᠭᠠᠭᠰᠠᠨ ﹇2017﹈ 24 ᠳ᠋ᠦᠭᠡᠷ ᠲᠣᠭᠠᠲᠤ︶ ᠪᠠ ︽ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ  ﹇2019﹈ 7 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠦᠨᠳᠦᠰᠦᠯᠡᠵᠦ᠂ ᠮᠠᠨ ᠤ ᠬᠤᠲᠠ ᠶᠢᠨ ᠪᠤᠲᠠᠲᠠᠢ ᠪᠠᠶᠢᠳᠠᠯ ᠲᠠᠢ ᠤᠶᠠᠯᠳᠤᠭᠤᠯᠤᠨ᠂ ᠲᠤᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠶᠯ  ᠲᠤᠰ ᠠᠷᠭ᠎ᠠ ᠳᠤ ᠬᠡᠯᠡᠵᠦ ᠪᠠᠶᠢᠭ᠎ᠠ ᠤᠯᠠᠭᠠᠨᠴᠠᠪ ᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ︵ᠳᠣᠷᠣᠭᠰᠢ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠭᠡᠵᠦ ᠲᠣᠪᠴᠢᠯᠠᠨ᠎ᠠ︶ ᠪᠣᠯ ᠬᠤᠲᠠ ᠶᠢᠨ ᠵᠠᠰᠠᠭ ᠤᠨ ᠣᠷᠳᠣᠨ ᠤ ᠪᠠᠶᠢᠭᠤᠯᠤᠭᠰᠠᠨ ᠬᠠᠮᠤᠭ ᠤᠨ ᠳᠡᠭᠡᠳᠦ ᠶᠠᠰᠤ ᠴᠢᠨᠠᠷ ᠤᠨ ᠢᠷᠠᠭᠤ ᠠᠯᠳᠠᠷ ᠤᠨ ᠱᠠᠩᠨᠠᠯ ᠪᠣᠯᠤᠨ᠎ᠠ᠂ ᠭᠤᠤᠯᠳᠠᠭᠤ ᠤᠯᠠᠭᠠᠨᠴᠠᠪ ᠬᠤᠲᠠ ᠶᠢᠨ ᠬᠡᠪᠴᠢᠶᠡᠨ ᠳᠤ ᠶᠠᠰᠤ ᠴᠢᠨᠠᠷ ᠪᠠ ᠲᠦᠷᠦᠯ ᠲᠡᠮᠳᠡᠭ ᠢ ᠳᠡᠭᠡᠭᠰᠢᠯᠡᠭᠦᠯᠬᠦ ᠲᠠᠯ᠎ᠠ ᠪᠠᠷ ᠠᠮᠵᠢᠯᠲᠠ ᠪᠦᠲᠦᠮᠵᠢ ᠲᠤᠪᠤᠶᠢᠮ᠎ᠠ᠂ ᠪᠦᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠭᠠᠷᠮᠠᠭᠠᠶ ᠬᠤᠪᠢ ᠨᠡᠮᠡᠷᠢ ᠦᠵᠡᠭᠦᠯᠦᠭᠰᠡᠨ᠂ ᠠᠵᠢᠯ ᠲᠦᠷᠦᠯ ᠤᠨ ᠬᠡᠪ ᠳᠠᠭᠤᠷᠢᠶᠠᠯ ᠤᠨ ᠵᠢᠱᠢᠶ᠎ᠡ ᠦᠵᠡᠭᠦᠯᠦᠨ ᠳᠠᠶᠢᠴᠢᠯᠠᠬᠤ ᠢᠯᠡᠳᠲᠡ ᠦᠶᠯᠡᠳᠦᠯ ᠲᠠᠢ ᠰᠢᠯᠢᠳᠡᠭ ᠵᠣᠬᠢᠶᠠᠨ ᠪᠠᠶᠢᠭᠤᠯᠤᠯᠲᠠ ᠪᠠ ᠶᠠᠰᠤ ᠴᠢᠨᠠᠷ ᠤᠨ ᠬᠥᠭᠵᠢᠯᠲᠡ ᠶᠢ ᠠᠬᠢᠭᠤᠯᠬᠤ ᠳᠤ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠤᠪᠢ ᠬᠥᠮᠦᠨ ᠳᠤ ᠣᠯᠭᠤᠨ᠎ᠠ᠃      ᠭᠤᠷᠪᠠᠳᠤᠭᠠᠷ ᠵᠦᠶᠯ   ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠳᠤ ᠰᠢᠨᠵᠢᠯᠡᠬᠦ ᠤᠬᠠᠭᠠᠨᠴᠢ᠂ ᠢᠯᠡ ᠲᠣᠳᠣ᠂ ᠲᠥᠪ ᠭᠤᠤᠯᠴᠢ᠂ ᠡᠷᠬᠡ ᠲᠡᠭᠰᠢ ᠪᠠᠶᠢᠬᠤ ᠵᠠᠷᠴᠢᠮ ᠢ ᠪᠠᠷᠢᠮᠲᠠᠯᠠᠵᠤ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ᠂ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ᠂ ᠰᠠᠶᠢᠨ ᠤ ᠳᠣᠲᠣᠷ᠎ᠠ ᠠᠴᠠ ᠰᠢᠯᠢᠳᠡᠭ ᠢ ᠨᠢ ᠰᠣᠩᠭᠤᠬᠤ ᠶᠢ ᠪᠠᠷᠢᠮᠲᠠᠯᠠᠨ᠎ᠠ᠃      ᠳᠥᠷᠪᠡᠳᠦᠭᠡᠷ ᠵᠦᠶᠯ   ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ 2 ᠵᠢᠯ ᠪᠦᠷᠢ ᠨᠢᠭᠡ ᠤᠳᠠᠭ᠎ᠠ ᠰᠢᠯᠭᠠᠷᠠᠭᠤᠯᠵᠤ᠂ ᠬᠤᠭᠤᠴᠠᠭ᠎ᠠ ᠪᠦᠷᠢ ᠶᠢᠨ ᠶᠠᠰᠤ ᠴᠢᠨᠠᠷ ᠤᠨ ᠱᠠᠩᠨᠠᠯ ᠤᠨ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠤ ᠱᠠᠩᠨᠠᠯ ᠣᠯᠭᠤᠬᠤ ᠶᠡᠷᠦᠩᠬᠡᠶ ᠲᠤᠭ᠎ᠠ ᠨᠢ 3 ᠪᠠᠶᠢᠵᠤ᠂ ᠬᠦᠴᠦᠨ ᠲᠠᠢ ᠬᠤᠭᠤᠴᠠᠭ᠎ᠠ ᠨᠢ 3 ᠵᠢᠯ ᠪᠣᠯᠤᠨ᠎ᠠ᠃ ᠲᠤᠰ ᠵᠢᠯ ᠳᠤ ᠭᠤᠶᠤᠴᠢᠯᠠᠨ ᠮᠡᠳᠡᠭᠦᠯᠦᠭᠰᠡᠨ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠴᠥᠮ ᠱᠠᠩᠨᠠᠬᠤ ᠨᠥᠬᠦᠴᠡᠯ ᠳᠤ ᠬᠦᠷᠦᠭᠰᠡᠨ ᠦᠭᠡᠶ ᠪᠣᠯ ᠱᠠᠩᠨᠠᠬᠤ ᠵᠦᠢᠯ ᠢ ᠬᠤᠭᠤᠰᠣᠨ ᠪᠠᠶᠢᠯᠭᠠᠵᠤ ᠪᠣᠯᠤᠨ᠎ᠠ᠃ ᠰᠠᠶᠢᠨ ᠳᠤᠷ᠎ᠠ ᠠᠴᠠ ᠪᠠᠨ ᠭᠤᠶᠤᠴᠢᠯᠠᠭᠰᠠᠨ ᠰᠠᠭᠤᠷᠢᠨ ᠳᠡᠭᠡᠷ᠎ᠡ᠂ ᠬᠠᠮᠢᠶ᠎ᠠ ᠪᠥᠬᠦᠶ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ ᠪᠤᠶᠤ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠠᠴᠠ ᠪᠠᠲᠤᠯᠠᠨ ᠲᠠᠨᠢᠯᠴᠠᠭᠤᠯᠵᠤ᠂ ᠪᠠᠷᠢᠮᠵᠢᠶ᠎ᠠ ᠪᠠ ᠲᠠᠰ ᠳᠠᠷᠠᠭᠠᠯᠠᠯ ᠢ ᠴᠢᠩᠭ᠎ᠠ ᠵᠢᠷᠤᠮᠯᠠᠨ ᠬᠢᠨᠠᠨ ᠲᠣᠭᠲᠠᠭᠠᠵᠤ᠂ ᠭᠤᠤᠯᠳᠠᠭᠤ ᠱᠠᠩᠨᠠᠯ ᠭᠤᠶᠤᠴᠢᠯᠠᠨ ᠮᠡᠳᠡᠭᠦᠯᠬᠦ ᠠᠴᠠ ᠡᠮᠦᠨᠡᠬᠢ 3 ᠵᠢᠯ ᠤᠨ ᠶᠠᠰᠤ ᠴᠢᠨᠠᠷ ᠤᠨ ᠠᠵᠢᠯ ᠤᠨ ᠠᠮᠵᠢᠯᠲᠠ ᠪᠦᠲᠦᠮᠵᠢ ᠶᠢ ᠶᠡᠷᠦᠩᠬᠡᠶᠢᠯᠡᠨ ᠬᠢᠨᠠᠨ ᠲᠣᠭᠲᠠᠭᠠᠨ᠎ᠠ᠃ ᠱᠠᠩᠨᠠᠯ ᠣᠯᠤᠭᠰᠠᠨ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ 3 ᠵᠢᠯ ᠤᠨ ᠬᠦᠴᠦᠨ ᠲᠠᠢ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠳᠠᠬᠢᠨᠲᠠ ᠭᠤᠶᠤᠴᠢᠯᠠᠯ ᠳᠡᠪᠰᠢᠭᠦᠯᠵᠦ ᠪᠣᠯᠤᠨ᠎ᠠ᠂ ᠰᠢᠯᠭᠠᠷᠠᠭᠤᠯᠬᠤ ᠪᠠᠷ ᠳᠡᠮᠵᠢᠨ ᠨᠤᠲᠠᠯᠠᠭᠰᠠᠨ ᠤ ᠳᠠᠷᠠᠭ᠎ᠠ᠂ ᠬᠤᠲᠠ ᠶᠢᠨ ᠵᠠᠰᠠᠭ ᠤᠨ ᠣᠷᠳᠣᠨ ᠳᠤ ᠳᠠᠬᠢᠨᠲᠠ ᠱᠠᠩᠨᠠᠯ ᠣᠯᠭᠤᠬᠤ ᠶᠢ ᠮᠡᠳᠡᠭᠦᠯᠦᠨ ᠭᠤᠶᠤᠴᠢᠯᠠᠵᠤ᠂ ᠭᠡᠪᠡᠴᠦ ᠲᠤᠬᠠᠶ ᠶᠢᠨ ᠵᠢᠯ ᠤᠨ ᠰᠢᠯᠭᠠᠷᠠᠭᠤᠯᠬᠤ ᠣᠷᠣᠨ ᠲᠤᠭ᠎ᠠ ᠶᠢ ᠡᠵᠡᠯᠡᠬᠦ ᠥᠬᠡᠶ᠂ ᠱᠠᠩᠨᠠᠯ ᠤᠨ ᠮᠥᠩᠭᠦ ᠣᠯᠭᠤᠬᠤ ᠥᠬᠡᠶ᠃      ᠲᠠᠪᠤᠳᠤᠭᠠᠷ ᠵᠦᠶᠯ   ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠳᠤ ᠭᠤᠶᠤᠴᠢᠯᠠᠨ ᠮᠡᠳᠡᠭᠦᠯᠦᠭᠰᠡᠨ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠠᠴᠠ ᠶᠠᠮᠠᠷᠪᠠ ᠰᠦᠶᠳᠬᠡᠯ ᠬᠤᠷᠢᠶᠠᠬᠤ ᠦᠭᠡᠶ᠃ ᠬᠢᠨᠠᠨ ᠲᠣᠭᠲᠠᠭᠠᠬᠤ ᠠᠵᠢᠯ ᠤᠨ ᠵᠠᠷᠤᠳᠠᠯ ᠢ ᠲᠤᠰ ᠵᠢᠯ ᠤᠨ ᠰᠠᠯᠠᠭ᠎ᠠ ᠮᠥᠴᠢᠷ ᠤᠨ ᠲᠥᠰᠦᠪ ᠲᠤ ᠣᠷᠣᠭᠤᠯᠵᠤ᠂ ᠱᠠᠩᠨᠠᠯ ᠤᠨ ᠪᠡᠯᠡ ᠮᠥᠩᠭᠦ ᠶᠢ ᠱᠠᠩᠨᠠᠯ ᠬᠦᠷᠲᠡᠭᠰᠡᠨ ᠳᠠᠷᠠᠭ᠎ᠠ ᠨᠢᠭᠡ ᠵᠢᠯ ᠤᠨ ᠰᠠᠯᠠᠭ᠎ᠠ ᠮᠥᠴᠢᠷ ᠤᠨ ᠲᠥᠰᠦᠪ ᠲᠤ ᠣᠷᠣᠭᠤᠯᠤᠨ᠎ᠠ᠃      ᠬᠤᠶᠠᠳᠤᠭᠠᠷ ᠪᠦᠯᠦᠭ         ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ      ᠵᠢᠷᠭᠤᠳᠤᠭᠠᠷ ᠵᠦᠶᠯ   ᠬᠤᠲᠠ ᠶᠢᠨ ᠶᠡᠷᠦᠩᠬᠡᠶᠢᠯᠡᠭᠰᠡᠨ ᠠᠵᠤ ᠠᠬᠤᠶ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠲᠤᠰᠬᠠᠶ ᠵᠣᠬᠢᠴᠠᠭᠤᠯᠬᠤ ᠠᠯᠪᠠᠨ ᠭᠡᠷ ᠠᠴᠠ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠶᠢ ᠵᠣᠬᠢᠶᠠᠨ ᠪᠠᠶᠢᠭᠤᠯᠵᠤ ᠬᠠᠮᠢᠶᠠᠷᠬᠤ ᠠᠵᠢᠯ ᠢ ᠬᠠᠷᠢᠭᠤᠴᠠᠨ᠎ᠠ᠂ ᠭᠤᠤᠯ ᠡᠭᠦᠷᠭᠡ ᠬᠠᠷᠢᠭᠤᠴᠠᠯᠭ᠎ᠠ ᠨᠢ᠄      ︵ᠨᠢᠭᠡ︶ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠵᠢᠯᠯᠠᠭ᠎ᠠ ᠥᠷᠨᠢᠭᠦᠯᠬᠦ ᠶᠢ ᠵᠣᠬᠢᠶᠠᠨ ᠪᠠᠶᠢᠭᠤᠯᠵᠤ᠂ ᠠᠬᠢᠭᠤᠯᠵᠤ᠂ ᠵᠢᠯᠣᠭᠤᠳᠴᠤ᠂ ᠬᠢᠨᠠᠯᠲᠠ ᠲᠠᠯᠪᠢᠵᠤ᠂ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠶᠠᠪᠤᠴᠠ ᠳᠠᠬᠢ ᠴᠢᠬᠤᠯᠠ ᠶᠡᠭᠡ ᠵᠦᠢᠯᠡᠰ ᠢ ᠰᠤᠳᠤᠯᠤᠨ ᠲᠣᠭᠲᠠᠭᠠᠨ᠎ᠠ︔      ︵ᠬᠤᠶᠠᠷ︶ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠪᠠᠷᠢᠮᠵᠢᠶ᠎ᠠ᠂ ᠬᠡᠷᠡᠭᠵᠢᠭᠦᠯᠬᠦ ᠵᠦᠭᠯᠡᠭᠦᠷ᠂ ᠬᠢᠨᠠᠨ ᠲᠣᠭᠲᠠᠭᠠᠬᠤ ᠳᠡᠰ ᠳᠠᠷᠠᠭᠠᠯᠠᠯ ᠵᠡᠷᠭᠡ ᠴᠢᠬᠤᠯᠠ ᠠᠵᠢᠯ ᠤᠨ ᠵᠢᠷᠤᠮᠵᠢᠯ ᠢ ᠬᠢᠨᠠᠨ ᠵᠥᠪᠰᠢᠶᠡᠷᠡᠨ᠎ᠡ︔      ︵ᠭᠤᠷᠪᠠ︶ ᠱᠠᠩᠨᠠᠯ ᠣᠯᠭᠤᠬᠤ ᠪᠠᠷ ᠪᠠᠶᠢᠭ᠎ᠠ ᠨᠡᠷᠡᠰ ᠢ ᠰᠤᠳᠤᠯᠤᠨ ᠬᠢᠨᠠᠨ ᠵᠥᠪᠯᠡᠵᠦ᠂ ᠬᠤᠲᠠ ᠶᠢᠨ ᠵᠠᠰᠠᠭ ᠤᠨ ᠣᠷᠳᠣᠨ ᠪᠠ ᠬᠤᠲᠠ ᠶᠢᠨ ᠳᠠᠷᠤᠭ᠎ᠠ ᠳᠤ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠣᠯᠭᠤᠬᠤ ᠪᠠᠷ ᠪᠠᠶᠢᠭ᠎ᠠ ᠨᠡᠷᠡᠰ ᠢ ᠳᠡᠪᠰᠢᠭᠦᠯᠦᠨ ᠮᠡᠳᠡᠭᠦᠯᠦᠨ᠎ᠡ᠃      ᠳᠣᠯᠣᠳᠤᠭᠠᠷ ᠵᠦᠶᠯ   ᠬᠤᠲᠠ ᠶᠢᠨ ᠶᠡᠷᠦᠩᠬᠡᠶᠢᠯᠡᠭᠰᠡᠨ ᠠᠵᠤ ᠠᠬᠤᠶ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠲᠤᠰᠬᠠᠶ ᠵᠣᠬᠢᠴᠠᠭᠤᠯᠬᠤ ᠠᠯᠪᠠᠨ ᠭᠡᠷ ᠲᠤ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠯᠪᠠᠨ ᠭᠡᠷ ᠭᠠᠷᠭᠠᠵᠤ᠂ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠯᠪᠠᠨ ᠭᠡᠷ ᠢ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠪᠠᠶᠢᠭᠤᠯᠵᠤ᠂ ᠡᠳᠦᠷ ᠲᠤᠲᠤᠮ ᠤᠨ ᠬᠡᠷᠡᠭ ᠶᠠᠪᠤᠳᠠᠯ ᠢ ᠬᠠᠷᠢᠭᠤᠴᠠᠨ ᠰᠢᠶᠳᠪᠦᠷᠢᠯᠡᠨ᠎ᠡ᠂ ᠭᠤᠤᠯ ᠡᠭᠦᠷᠭᠡ ᠬᠠᠷᠢᠭᠤᠴᠠᠯᠭ᠎ᠠ ᠨᠢ᠄      ︵ᠨᠢᠭᠡ︶ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠵᠢᠯ ᠤᠨ ᠲᠥᠯᠥᠪᠯᠡᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ︔      ︵ᠬᠤᠶᠠᠷ︶ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠭᠤᠶᠤᠴᠢᠯᠠᠨ ᠮᠡᠳᠡᠭᠦᠯᠬᠦ ᠠᠵᠢᠯ ᠢ ᠬᠠᠷᠢᠭᠤᠴᠠᠨ᠎ᠠ︔      ︵ᠭᠤᠷᠪᠠ︶ ᠬᠢᠨᠠᠨ ᠲᠣᠭᠲᠠᠭᠠᠬᠤ ᠪᠠᠶᠢᠭᠤᠯᠤᠮᠵᠢ ᠶᠢ ᠰᠣᠩᠭᠤᠨ ᠲᠣᠭᠲᠠᠭᠠᠨ᠎ᠠ᠂ ᠬᠢᠨᠠᠨ ᠲᠣᠭᠲᠠᠭᠠᠬᠤ ᠪᠠᠶᠢᠭᠤᠯᠤᠮᠵᠢ ᠶᠢ ᠰᠣᠩᠭᠤᠨ ᠲᠣᠭᠲᠠᠭᠠᠬᠤ ᠳᠤ ᠵᠠᠰᠠᠭ ᠤᠨ ᠣᠷᠳᠣᠨ ᠤ ᠬᠤᠳᠠᠯᠳᠤᠨ ᠠᠪᠬᠤ ᠠᠷᠭ᠎ᠠ ᠮᠠᠶ᠋ᠢᠭ ᠢ ᠬᠡᠷᠡᠭᠯᠡᠨ ᠰᠣᠩᠭᠤᠨ ᠲᠣᠭᠲᠠᠭᠠᠨ᠎ᠠ︔      ︵ᠳᠥᠷᠪᠡ︶ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠵᠢᠯ ᠳᠤ ᠬᠢᠨᠠᠯᠲᠠ ᠲᠠᠯᠪᠢᠨ᠎ᠠ︔      ︵ᠲᠠᠪᠤ︶ ᠶᠠᠰᠤ ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ ᠵᠠᠭᠪᠤᠷ᠂ ᠠᠷᠭ᠎ᠠ ᠶᠢ ᠤᠬᠠᠭᠤᠯᠤᠨ ᠳᠡᠯᠭᠡᠷᠡᠭᠦᠯᠵᠦ᠂ ᠪᠣᠯᠪᠠᠰᠤᠷᠠᠭᠤᠯᠤᠯ ᠪᠠ ᠪᠤᠶᠢᠵᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ︔      ︵ᠵᠢᠷᠭᠤᠭ᠎ᠠ︶ ᠬᠤᠲᠠ ᠶᠢᠨ ᠶᠡᠷᠦᠩᠬᠡᠶᠢᠯᠡᠭᠰᠡᠨ ᠠᠵᠤ ᠠᠬᠤᠢ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠲᠤᠰᠬᠠᠢ ᠲᠥᠷᠥᠯ ᠤᠨ ᠵᠣᠬᠢᠴᠠᠭᠤᠯᠬᠤ ᠠᠯᠪᠠᠨ ᠭᠡᠷ ᠲᠤ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠭᠰᠠᠨ ᠦᠷ᠎ᠡ ᠳ᠋ᠦᠩ ᠢ ᠮᠡᠳᠡᠭᠦᠯᠵᠦ᠂ ᠵᠢᠱᠢᠭᠳᠡᠭᠰᠡᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠤ ᠨᠡᠷᠡᠰ ᠢ ᠬᠢᠨᠠᠨ ᠵᠥᠪᠯᠡᠭᠦᠯᠬᠦ ᠪᠠᠷ ᠳᠡᠪᠰᠢᠭᠦᠯᠦᠨ᠎ᠡ᠃      ᠨᠠᠢᠮᠠᠳᠤᠭᠠᠷ ᠵᠦᠶᠯ    ᠬᠢᠨᠠᠨ ᠲᠣᠭᠲᠠᠭᠠᠬᠤ ᠪᠠᠶᠢᠭᠤᠯᠤᠮᠵᠢ ᠶᠢᠨ ᠭᠤᠤᠯ ᠡᠭᠦᠷᠭᠡ ᠬᠠᠷᠢᠭᠤᠴᠠᠯᠭ᠎ᠠ ᠪᠣᠯ᠄      ︵ᠨᠢᠭᠡ︶ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠦᠨᠡᠯᠡᠨ ᠲᠣᠭᠲᠠᠭᠠᠬᠤ ᠪᠠᠷᠢᠮᠵᠢᠶ᠎ᠠ᠂ ᠬᠡᠷᠡᠭᠵᠢᠭᠦᠯᠬᠦ ᠵᠦᠭᠯᠡᠭᠦᠷ᠂ ᠠᠵᠢᠯ ᠲᠥᠷᠥᠯ ᠤᠨ ᠲᠥᠷᠥᠯ ᠬᠤᠪᠢᠶᠠᠬᠤ ᠪᠠᠷᠢᠮᠵᠢᠶ᠎ᠠ᠂ ᠠᠵᠢᠯ ᠤᠨ ᠶᠠᠪᠤᠴᠠ᠂ ᠬᠠᠮᠢᠶᠠᠷᠤᠯᠲᠠ ᠶᠢᠨ ᠳᠦᠷᠢᠮ ᠵᠡᠷᠭᠡ ᠶᠢ ᠭᠤᠶᠤᠴᠢᠯᠠᠨ ᠮᠡᠳᠡᠭᠦᠯᠦᠨ ᠵᠣᠬᠢᠶᠠᠨ ᠪᠠᠶᠢᠭᠤᠯᠬᠤ ᠶᠢ ᠵᠣᠬᠢᠶᠠᠨ ᠪᠠᠶᠢᠭᠤᠯᠤᠨ ᠲᠣᠭᠲᠠᠭᠠᠨ᠎ᠠ᠃ ︵ᠵᠠᠰᠠᠪᠤᠷᠢ ᠣᠷᠣᠭᠤᠯᠤᠨ᠎ᠠ︶︔      ︵ᠬᠤᠶᠠᠷ︶ ᠬᠢᠨᠠᠨ ᠲᠣᠭᠲᠠᠭᠠᠭᠴᠢ ᠶᠢᠨ ᠬᠢᠷᠢ ᠬᠡᠮ ᠤᠨ ᠪᠠᠷᠢᠮᠵᠢᠶ᠎ᠠ ᠵᠢᠴᠢ ᠬᠠᠮᠢᠶᠠᠷᠤᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠲᠣᠭᠲᠠᠭᠠᠨ᠎ᠠ᠃ ︵ᠵᠠᠰᠠᠪᠤᠷᠢ  ᠣᠷᠣᠭᠤᠯᠤᠨ᠎ᠠ︶︔      ︵ᠭᠤᠷᠪᠠ︶ ᠰᠢᠯᠭᠠᠷᠠᠭᠤᠯᠬᠤ᠂ ᠪᠣᠯᠪᠠᠰᠤᠷᠠᠭᠤᠯᠬᠤ᠂ ᠰᠢᠯᠭᠠᠨ ᠬᠢᠨᠠᠬᠤ ᠶᠢᠨ ᠬᠠᠮᠲᠤ ᠬᠢᠨᠠᠨ ᠲᠣᠭᠲᠠᠭᠠᠭᠴᠢ ᠶᠢᠨ ᠲᠤᠰᠬᠠᠶ ᠮᠡᠷᠭᠡᠵᠢᠯᠲᠡᠨ ᠤ ᠬᠥᠮᠥᠷᠭᠡ ᠶᠢ ᠪᠠᠶᠢᠭᠤᠯᠵᠤ᠂ ᠪᠡᠶ᠎ᠡ ᠪᠠᠨ ᠳᠠᠭᠠᠭᠠᠭᠰᠠᠨ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠬᠤ ᠳᠤᠭᠤᠶᠢᠯᠠᠩ ᠢ ᠪᠦᠷᠢᠯᠳᠦᠭᠦᠯᠦᠨ ᠪᠠᠶᠢᠭᠤᠯᠵᠤ᠂ ᠬᠢᠨᠠᠨ ᠲᠣᠭᠲᠠᠭᠠᠭᠴᠢ ᠶᠢᠨ ᠰᠢᠯᠢᠳᠡᠭ ᠨᠢ ᠰᠢᠯᠭᠠᠷᠠᠵᠤ ᠰᠢᠭᠠᠷᠤ ᠨᠢ ᠰᠢᠭᠰᠢᠭᠳᠡᠬᠦ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠲᠣᠭᠲᠠᠭᠠᠬᠤ ᠲᠣᠭᠲᠠᠴᠠ ᠶᠢ ᠪᠠᠶᠢᠭᠤᠯᠤᠨ᠎ᠠ︔      ︵ᠳᠥᠷᠪᠡ︶ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ᠭᠤᠷᠪᠠᠳᠤᠭᠠᠷ ᠪᠦᠯᠦᠭ         ᠮᠡᠳᠡᠭᠦᠯᠬᠦ ᠨᠥᠬᠦᠴᠡᠯ      ᠶᠢᠰᠦᠳᠦᠭᠡᠷ ᠵᠦᠶᠯ   ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠭᠤᠶᠤᠴᠢᠯᠠᠨ ᠮᠡᠳᠡᠭᠦᠯᠬᠦ ᠵᠣᠬᠢᠶᠠᠨ ᠪᠠᠶᠢᠭᠤᠯᠤᠯᠲᠠ ᠨᠢ ᠳᠤᠤᠷᠠᠬᠢ ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠄      ︵ᠨᠢᠭᠡ︶ ᠤᠯᠠᠭᠠᠨᠴᠠᠪ ᠬᠤᠲᠠ ᠳᠤ ᠬᠠᠤᠯᠢ ᠶᠣᠰᠣᠭᠠᠷ ᠳᠠᠩᠰᠠᠯᠠᠭᠤᠯᠤᠨ ᠲᠡᠮᠳᠡᠭᠯᠡᠭᠦᠯᠵᠦ᠂ 3 ᠵᠢᠯ ᠠᠴᠠ ᠳᠡᠭᠡᠭᠰᠢ ᠬᠡᠪ ᠤᠨ ᠠᠵᠢᠯᠯᠠᠭ᠎ᠠ ᠲᠠᠢ ᠪᠠᠶᠢᠬᠤ ᠶᠢᠨ ᠬᠠᠮᠲᠤ ᠴᠠᠭ ᠲᠤᠬᠠᠶ ᠳᠤᠨᠢ ᠭᠦᠶᠴᠡᠳ ᠲᠣᠭᠠᠨ ᠤ ᠭᠠᠶᠢᠯᠢ ᠲᠤᠰᠢᠶᠠᠭᠰᠠᠨ ᠪᠠᠶᠢᠬᠤ ᠬᠡᠷᠡᠭᠲᠡᠢ︔      ︵ᠬᠤᠶᠠᠷ︶ ᠪᠦᠲᠦᠮᠵᠢᠲᠡᠶ ᠠᠵᠢᠯᠯᠠᠭᠠᠨ ᠲᠠᠢ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠪᠤᠶᠤ ᠪᠤᠰᠤᠳ ᠬᠠᠮᠢᠶ᠎ᠠ ᠪᠦᠬᠦᠢ ᠠᠵᠢᠯ ᠲᠥᠷᠥᠯ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠥᠪᠡᠷ ᠤᠨ ᠲᠡᠭᠦᠯᠳᠡᠷᠵᠢᠭᠰᠡᠨ ᠶᠠᠰᠤ ᠴᠢᠨᠠᠷ ᠢ ᠰᠠᠶᠢᠵᠢᠷᠠᠭᠤᠯᠬᠤ ᠲᠣᠭᠲᠠᠴᠠ ᠶᠢ ᠪᠣᠶ ᠪᠣᠯᠭᠠᠵᠤ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠪᠠᠷ ᠲᠣᠪᠤᠶᠢᠮ᠎ᠠ ᠠᠮᠵᠢᠯᠲᠠ ᠣᠯᠣᠭᠰᠠᠨ ᠪᠠᠶᠢᠬᠤ ᠬᠡᠷᠡᠭᠲᠡᠢ︔      ︵ᠭᠤᠷᠪᠠ︶ GB / T 19580 ︽ᠭᠠᠷᠮᠠᠭᠠᠶ ᠠᠮᠵᠢᠯᠲᠠ ᠪᠦᠲᠦᠮᠵᠢ ᠶᠢ ᠦᠨᠡᠯᠡᠬᠦ ᠪᠠᠷᠢᠮᠵᠢᠶ᠎ᠠ︾ ᠶᠢᠨ ᠤᠯᠤᠰ ᠤᠨ ᠪᠠᠷᠢᠮᠵᠢᠶ᠎ᠠ ᠶᠢ ᠬᠢᠨᠠᠮᠠᠭᠠᠶ ᠲᠤᠤᠱᠯᠠᠭᠤᠯᠵᠤ᠂ ᠶᠠᠰᠤ ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ ᠠᠷᠭ᠎ᠠ ᠶᠢ ᠢᠳᠡᠪᠬᠢᠲᠡᠶ ᠳᠡᠯᠭᠡᠷᠡᠭᠦᠯᠦᠨ᠂ ᠶᠠᠰᠤ ᠴᠢᠨᠠᠷ ᠦᠷ᠎ᠡ ᠠᠰᠢᠭ ᠢᠶᠠᠷ ᠲᠣᠪᠤᠶᠢᠮ᠎ᠠ ᠪᠠᠶᠢᠬᠤ ᠬᠡᠷᠡᠭᠲᠡᠶ︔ ᠣᠶᠢᠷ᠎ᠠ ᠶᠢᠨ 3 ᠵᠢᠯ ᠤᠨ ᠲᠤᠷᠰᠢ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ᠂ ᠮᠡᠷᠭᠡᠵᠢᠯ ᠤᠨ ᠭᠦᠢᠴᠡᠳᠬᠡᠯ ᠲᠤᠭ᠎ᠠ ᠪᠠ ᠶᠠᠰᠤ ᠴᠢᠨᠠᠷ ᠤᠨ ᠬᠢᠷᠢ ᠲᠦᠪᠰᠢᠨ ᠪᠦᠬᠦ ᠬᠤᠲᠠ ᠶᠢᠨ ᠠᠳᠠᠯᠢ ᠠᠵᠢᠯ ᠲᠥᠷᠥᠯ ᠤᠨ ᠡᠮᠦᠨ᠎ᠡ ᠡᠩᠨᠡᠭᠡᠨ ᠳᠤ ᠪᠠᠶᠢᠷᠢᠯᠠᠵᠤ ᠪᠠᠶᠢᠬᠤ ᠬᠡᠷᠡᠭᠲᠡᠢ︔      ︵ᠳᠦᠷᠪᠠ︶ ᠶᠠᠰᠤ ᠴᠢᠨᠠᠷ ᠤᠨ ᠬᠢᠷᠢ ᠬᠡᠮᠵᠢᠶ᠎ᠡ᠂ ᠰᠢᠨ᠎ᠡ ᠶᠢ ᠡᠭᠦᠳᠬᠦ ᠴᠢᠳᠠᠪᠤᠷᠢ᠂ ᠨᠡᠷᠡᠲᠦ ᠲᠥᠷᠥᠯ ᠲᠡᠮᠳᠡᠭ ᠤᠨ ᠨᠥᠯᠥᠭᠡᠯᠡᠬᠦ ᠬᠦᠴᠦᠨ ᠵᠢᠴᠢ ᠡᠵᠡᠩᠨᠡᠯᠲᠡ ᠶᠢᠨ ᠦᠷ᠎ᠡ ᠠᠰᠢᠭ ᠵᠡᠷᠭᠡ ᠲᠠᠯ᠎ᠠ ᠪᠠᠷ ᠬᠢ ᠠᠮᠵᠢᠯᠲᠠ ᠪᠦᠲᠦᠮᠵᠢ ᠲᠣᠪᠣᠶᠢᠮ᠎ᠠ᠂ ᠨᠡᠶᠢᠭᠡᠮ ᠤᠨ ᠬᠤᠪᠢ ᠨᠡᠮᠡᠷᠢ ᠢᠯᠡᠳᠲᠡ᠃ ᠦᠢᠯᠡᠳᠪᠦᠷᠢᠯᠡᠯ᠂ ᠦᠢᠯᠡᠴᠢᠯᠡᠭᠡᠨ ᠤ ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠪᠠᠶᠢᠪᠠᠯ ᠲᠡᠭᠦᠨ ᠤ ᠡᠵᠡᠩᠨᠡᠯᠲᠡ ᠶᠢᠨ ᠬᠡᠪᠴᠢᠶ᠎ᠡ᠂ ᠪᠡᠶᠡᠯᠡᠭᠦᠯᠦᠭᠰᠡᠨ ᠠᠰᠢᠭ ᠭᠠᠶᠢᠯᠢ᠂ ᠶᠡᠷᠦᠩᠬᠡᠢ ᠬᠥᠷᠥᠩᠭᠡ ᠶᠢᠨ ᠬᠤᠪᠢ ᠨᠡᠮᠡᠷᠢ ᠶᠢᠨ ᠨᠣᠷᠮ᠎ᠠ ᠨᠢ ᠮᠠᠨ ᠤ ᠬᠤᠲᠠ ᠶᠢᠨ ᠠᠳᠠᠯᠢ ᠠᠵᠢᠯ ᠲᠥᠷᠥᠯ ᠤᠨ ᠲᠡᠷᠢᠭᠦᠨ ᠳᠤ ᠣᠷᠣᠵᠤ᠂ ᠣᠶᠢᠷ᠎ᠠ  ᠶᠢᠨ 3 ᠵᠢᠯ ᠳᠤ ᠡᠵᠡᠩᠨᠡᠯᠲᠡ ᠶᠢᠨ ᠴᠢᠨᠠᠷᠲᠠᠢ ᠠᠯᠳᠠᠭᠳᠠᠯ ᠭᠠᠷᠤᠭᠰᠠᠨ ᠦᠭᠡᠢ ᠪᠠᠶᠢᠬᠤ ᠬᠡᠷᠡᠭᠲᠡᠢ᠃ ᠠᠰᠢᠭ ᠣᠯᠵᠠᠪᠤᠷᠢ ᠶᠢᠨ ᠪᠤᠰᠤ ᠴᠢᠨᠠᠷᠲᠠᠢ ᠠᠵᠢᠯᠯᠠᠭ᠎ᠠ ᠪᠠᠶᠢᠪᠠᠯ ᠲᠤᠬᠠᠶᠢᠯᠠᠭᠰᠠᠨ ᠠᠵᠢᠯ ᠡᠷᠬᠢᠯᠡᠭᠰᠡᠳ ᠤᠨ ᠨᠡᠶᠢᠭᠡᠮ ᠤᠨ ᠬᠤᠪᠢ ᠨᠡᠮᠡᠷᠢ ᠨᠢ ᠮᠠᠨ ᠤ ᠬᠤᠲᠠ ᠶᠢᠨ ᠠᠳᠠᠯᠢ ᠠᠵᠢᠯ ᠲᠥᠷᠥᠯ ᠤᠨ ᠲᠡᠷᠢᠭᠦᠨ ᠳᠤ ᠣᠷᠣᠭᠰᠠᠨ ᠪᠠᠶᠢᠬᠤ ᠬᠡᠷᠡᠭᠲᠡᠢ︔      ︵ᠲᠠᠪᠤ︶ ᠣᠶᠢᠷ᠎ᠠ ᠶᠢᠨ 3 ᠵᠢᠯ ᠤᠨ ᠳᠣᠲᠣᠷ᠎ᠠ ᠶᠠᠰᠤ ᠴᠢᠨᠠᠷ᠂ ᠠᠮᠤᠷ ᠲᠦᠪᠰᠢᠨ᠂ ᠣᠷᠴᠢᠨ ᠲᠣᠭᠤᠷᠢᠨ ᠤ ᠪᠣᠬᠢᠷᠲᠤᠯ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠬᠦᠨᠳᠦ ᠶᠡᠭᠡ ᠠᠳᠡᠯ ᠭᠠᠷᠤᠭᠰᠠᠨ ᠦᠭᠡᠶ᠂ ᠬᠡᠷᠡᠭᠯᠡᠭᠴᠢ᠂ ᠦᠢᠯᠡᠴᠢᠯᠡᠬᠦ ᠡᠲᠡᠭᠡᠳ ᠤᠨ ᠵᠠᠭᠠᠯᠳᠤᠭᠰᠠᠨ ᠬᠦᠨᠳᠦ ᠶᠡᠭᠡ  ᠳᠣᠪᠤᠶᠢᠮ᠎ᠠ ᠠᠰᠠᠭᠤᠳᠠᠯ ᠪᠠᠶᠢᠬᠤ ᠦᠭᠡᠶ᠂ ᠬᠦᠨᠳᠦ ᠨᠣᠴᠢᠲᠠᠶ ᠢᠲᠡᠭᠡᠯ ᠢᠶᠠᠨ ᠠᠯᠳᠠᠭᠰᠠᠨ ᠦᠢᠯᠡ ᠠᠵᠢᠯᠯᠠᠭ᠎ᠠ ᠶᠢᠨ ᠲᠡᠮᠳᠡᠭᠯᠡᠯ ᠪᠠᠶᠢᠬᠤ ᠦᠭᠡᠶ︔      ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ ᠦᠭᠡᠶ ᠵᠡᠷᠭᠡ᠃      ᠠᠷᠪᠠᠳᠤᠭᠠᠷ ᠵᠦᠶᠯ   ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠭᠤᠶᠤᠴᠢᠯᠠᠨ ᠮᠡᠳᠡᠭᠦᠯᠬᠦ ᠬᠤᠪᠢ ᠬᠥᠮᠦᠨ ᠳᠤᠤᠷᠠᠬᠢ ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠄      ︵ᠨᠢᠭᠡ︶ ᠤᠯᠠᠭᠠᠨᠴᠠᠪ ᠬᠤᠲᠠ ᠳᠤ ᠶᠠᠰᠤ ᠴᠢᠨᠠᠷ ᠪᠤᠶᠤ ᠶᠠᠰᠤ ᠴᠢᠨᠠᠷ ᠤᠨ ᠬᠤᠯᠪᠣᠭᠳᠠᠯ ᠪᠦᠬᠦᠢ ᠠᠵᠢᠯ ᠢ 5 ᠵᠢᠯ ᠠᠴᠠ ᠳᠡᠭᠡᠭᠰᠢ ᠬᠢᠭᠰᠡᠨ ᠪᠠᠶᠢᠬᠤ ᠬᠡᠷᠡᠭᠲᠡᠶ︔      ︵ᠬᠤᠶᠠᠷ︶ ᠶᠠᠰᠤ ᠴᠢᠨᠠᠷ ᠤᠨ ᠰᠢᠨ᠎ᠡ ᠶᠢ ᠡᠭᠦᠳᠬᠦ ᠪᠠ ᠬᠠᠯᠠᠨ ᠰᠠᠶᠢᠵᠢᠷᠠᠭᠤᠯᠬᠤ ᠦᠵᠡᠯ ᠤᠬᠠᠮᠰᠠᠷ ᠢᠶᠠᠷ ᠴᠢᠩᠭ᠎ᠠ ᠪᠠᠶᠢᠵᠤ᠂ ᠶᠠᠰᠤ ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ ᠠᠷᠭ᠎ᠠ ᠶᠢ ᠢᠳᠡᠪᠬᠢᠲᠡᠶ ᠪᠠᠷ ᠳᠡᠯᠭᠡᠷᠡᠭᠦᠯᠬᠦ ᠪᠤᠶᠤ ᠬᠡᠷᠡᠭᠯᠡᠬᠦ᠂ ᠶᠠᠰᠤ ᠴᠢᠨᠠᠷ ᠤᠨ ᠬᠠᠮᠢᠶᠠᠷᠤᠯᠲᠠ ᠶᠢᠨ ᠳᠤᠮᠳᠠ ᠥᠪᠡᠷᠮᠢᠴᠡ ᠠᠵᠢᠯᠯᠠᠬᠤ ᠠᠷᠭ᠎ᠠ ᠪᠣᠯᠤᠨ ᠲᠤᠷᠰᠢᠯᠭ᠎ᠠ ᠶᠢ ᠪᠣᠶ ᠪᠣᠯᠭᠠᠵᠤ᠂ ᠵᠣᠬᠢᠶᠠᠨ ᠪᠠᠶᠢᠭᠤᠯᠤᠯᠲᠠ ᠪᠤᠶᠤ ᠠᠵᠢᠯ ᠲᠥᠷᠥᠯ ᠤᠨ ᠶᠠᠰᠤ ᠴᠢᠨᠠᠷ ᠤᠨ ᠬᠢᠷᠢ ᠬᠡᠮᠵᠢᠶ᠎ᠡ ᠪᠣᠯᠤᠨ ᠠᠮᠵᠢᠯᠲᠠ ᠪᠦᠲᠦᠮᠵᠢ ᠶᠢ ᠳᠡᠭᠡᠭᠰᠢᠯᠡᠭᠦᠯᠬᠦ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠠᠶᠢᠬᠤ ᠬᠡᠷᠡᠭᠲᠡᠢ︔      ︵ᠭᠤᠷᠪᠠ︶ ᠠᠵᠢᠯ ᠮᠡᠷᠭᠡᠵᠢᠯ ᠤᠨ ᠶᠣᠰᠣ ᠮᠣᠷᠠᠯ ᠪᠠ ᠨᠡᠶᠢᠭᠡᠮ ᠤᠨ ᠵᠢᠷᠤᠮᠵᠢᠯ ᠢ ᠬᠢᠴᠢᠶᠡᠩᠭᠦ᠋ᠢᠯᠡᠨ ᠰᠠᠬᠢᠵᠤ ᠂ ᠥᠯᠢᠭᠡᠷ ᠳᠠᠭᠤᠷᠢᠶᠠᠯ ᠤᠨ ᠦᠶᠯᠡᠳᠦᠯ ᠪᠠ ᠨᠡᠶᠢᠭᠡᠮ ᠤᠨ ᠨᠥᠯᠥᠭᠡᠯᠡᠬᠦ ᠬᠦᠴᠦᠨ ᠲᠠᠢ ᠪᠠᠶᠢᠵᠤ᠂ ᠬᠤᠪᠢ ᠬᠥᠮᠦᠨ ᠤ ᠢᠲᠡᠭᠡᠮᠵᠢ ᠶᠢᠨ ᠲᠡᠮᠳᠡᠭᠯᠡᠯ ᠨᠢ ᠨᠡᠯᠢᠶᠡᠳ ᠰᠠᠶᠢᠨ ᠪᠠᠶᠢᠬᠤ᠃ ᠭᠤᠶᠤᠴᠢᠯᠠᠨ ᠮᠡᠳᠡᠭᠦᠯᠦᠭᠰᠡᠨ ᠬᠤᠪᠢ ᠬᠥᠮᠦᠨ ᠨᠢ ᠬᠡᠷᠪᠡ ᠵᠣᠬᠢᠶᠠᠨ ᠪᠠᠶᠢᠭᠤᠯᠤᠯᠲᠠ ᠶᠢᠨ ᠬᠠᠮᠤᠭ ᠤᠨ ᠳᠡᠭᠡᠳᠦ ᠬᠠᠮᠢᠶᠠᠷᠤᠭᠴᠢ ᠪᠠᠶᠢᠪᠠᠯ᠂ ᠲᠡᠭᠦᠨ ᠤ ᠲᠤᠰᠢᠶᠠᠯ ᠡᠭᠦᠷᠭᠡᠯᠡᠭᠰᠡᠨ ᠵᠣᠬᠢᠶᠠᠨ ᠪᠠᠶᠢᠭᠤᠯᠤᠯᠲᠠ ᠨᠢ ᠣᠶᠢᠷ᠎ᠠ ᠶᠢᠨ 3 ᠵᠢᠯ ᠳᠤ ᠬᠦᠨᠳᠦ ᠶᠡᠭᠡ ᠶᠠᠰᠤ ᠴᠢᠨᠠᠷ᠂ ᠠᠮᠤᠷ ᠲᠦᠪᠰᠢᠨ᠂ ᠣᠷᠴᠢᠨ ᠲᠣᠭᠤᠷᠢᠨ ᠤ ᠪᠣᠬᠢᠷᠲᠤᠯ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠬᠠᠷᠢᠭᠤᠴᠠᠯᠭ᠎ᠠ ᠶᠢᠨ ᠠᠳᠡᠯ ᠥᠬᠡᠶ᠂ ᠨᠡᠶᠢᠭᠡᠮ ᠤᠨ ᠬᠦᠨᠳᠦ ᠶᠡᠭᠡ ᠨᠠᠵᠠᠭᠠᠶ ᠨᠥᠯᠥᠭᠡ ᠶᠢᠨ ᠵᠠᠭᠠᠯᠳᠤᠯᠭ᠎ᠠ ᠥᠬᠡᠶ᠂ ᠬᠠᠤᠯᠢ ᠲᠣᠭᠲᠠᠭᠠᠯ ᠠᠴᠠ ᠵᠥᠷᠢᠴᠡᠭᠰᠡᠨ ᠮᠠᠭᠤ ᠲᠡᠮᠳᠡᠭᠯᠡᠯ ᠥᠬᠡᠶ ᠪᠠᠶᠢᠬᠤ ᠬᠡᠷᠡᠭᠲᠡᠶ᠃      ᠳᠥᠷᠪᠡᠳᠦᠭᠡᠷ ᠪᠦᠯᠦᠭ         ᠬᠢᠨᠠᠨ ᠲᠣᠭᠲᠠᠭᠠᠬᠤ ᠳᠡᠰ ᠳᠠᠷᠠᠭᠠᠯᠠᠯ      ᠠᠷᠪᠠᠨ ᠨᠢᠭᠡᠳᠦᠭᠡᠷ ᠵᠦᠶᠯ  ᠮᠡᠳᠡᠭᠦᠯᠬᠦ ᠣᠨ ᠤ ᠡᠬᠢᠨ ᠳᠤ᠂ ᠬᠤᠲᠠ ᠶᠢᠨ ᠱᠠᠲᠤᠨ ᠤ ᠭᠤᠤᠯ ᠵᠠᠭᠤᠴᠢᠯᠠᠭᠤᠷ ᠳᠡᠭᠡᠷ᠎ᠡ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠮᠡᠳᠡᠭᠦᠯᠬᠦ ᠠᠯᠪᠠᠨ ᠵᠠᠷ ᠢ ᠨᠡᠶᠢᠲᠡᠯᠡᠨ᠎ᠡ᠃      ︵ᠨᠢᠭᠡ︶ ᠮᠡᠳᠡᠭᠦᠯᠬᠦ᠃ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠭᠤᠶᠤᠴᠢᠯᠠᠨ ᠮᠡᠳᠡᠭᠦᠯᠬᠦ ᠨᠥᠬᠦᠴᠡᠯ ᠳᠤ ᠨᠡᠶᠢᠴᠡᠬᠦ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠪᠦᠬᠦᠨ ᠰᠠᠶᠢᠨ ᠳᠤᠷ᠎ᠠ ᠠᠴᠠ ᠪᠠᠨ ᠪᠠᠶᠢᠬᠤ ᠵᠠᠷᠴᠢᠮ ᠢ ᠦᠨᠳᠦᠰᠦᠯᠡᠨ᠂ ︽ᠤᠯᠠᠭᠠᠨᠴᠠᠪ ᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠭᠤᠶᠤᠴᠢᠯᠠᠨ ᠮᠡᠳᠡᠭᠦᠯᠬᠦ ᠪᠢᠴᠢᠭ︾ ᠪᠣᠯᠤᠨ ᠬᠤᠯᠪᠣᠭᠳᠠᠯ ᠪᠦᠬᠦᠢ ᠭᠡᠷᠡᠴᠢᠯᠡᠬᠦ ᠴᠢᠨᠠᠷᠲᠠᠶ ᠮᠠᠲ᠋ᠧᠷᠢᠶᠠᠯ ᠢ ᠦᠨᠡᠨ ᠪᠣᠳᠠᠲᠠᠶ ᠪᠠᠷ ᠲᠠᠭᠯᠠᠨ ᠮᠡᠳᠡᠭᠦᠯᠵᠦ᠂ ᠬᠤᠯᠪᠣᠭᠳᠠᠯ ᠪᠦᠬᠦᠢ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ ᠪᠤᠶᠤ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠢᠶᠠᠷ ᠪᠠᠲᠤᠯᠠᠨ ᠲᠠᠨᠢᠯᠴᠠᠭᠤᠯᠬᠤ ᠰᠠᠨᠠᠯ ᠳᠤ ᠭᠠᠷ ᠤᠨ ᠦᠰᠦᠭ ᠵᠢᠷᠤᠭᠤᠯᠤᠭᠰᠠᠨ ᠤ ᠳᠠᠷᠠᠭ᠎ᠠ᠂ ᠲᠣᠭᠲᠠᠭᠰᠠᠨ ᠴᠠᠭ ᠬᠤᠭᠤᠴᠠᠭᠠᠨ ᠳᠣᠲᠣᠷ᠎ᠠ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠯᠪᠠᠨ ᠭᠡᠷ ᠲᠤ ᠮᠡᠳᠡᠭᠦᠯᠦᠨ᠎ᠡ᠃      ︵ᠬᠤᠶᠠᠷ︶ ᠬᠢᠷᠢ ᠬᠡᠮ ᠢ ᠬᠢᠨᠠᠨ ᠪᠠᠶᠢᠴᠠᠭᠠᠬᠤ᠃ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠯᠪᠠᠨ ᠭᠡᠷ ᠠᠴᠠ ᠭᠤᠶᠤᠴᠢᠯᠠᠨ  ᠮᠡᠳᠡᠭᠦᠯᠦᠭᠰᠡᠨ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠤ ᠭᠤᠶᠤᠴᠢᠯᠠᠨ ᠮᠡᠳᠡᠭᠦᠯᠬᠦ ᠨᠥᠬᠦᠴᠡᠯ ᠳᠤ ᠨᠡᠶᠢᠴᠡᠬᠦ ᠡᠰᠡᠬᠦ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠤᠨ ᠪᠦᠷᠢᠨ ᠭᠦᠢᠴᠡᠳ ᠪᠠᠶᠢᠬᠤ ᠡᠰᠡᠬᠦ ᠶᠢ ᠠᠩᠬ᠎ᠠ ᠠᠯᠬᠤᠮ ᠬᠢᠨᠠᠨ ᠪᠠᠶᠢᠴᠠᠭᠠᠵᠤ᠂ ᠭᠤᠶᠤᠴᠢᠯᠠᠨ ᠮᠡᠳᠡᠭᠦᠯᠬᠦ ᠨᠥᠬᠦᠴᠡᠯ ᠳᠤ ᠨᠡᠶᠢᠴᠡᠬᠦ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠤ ᠨᠡᠷᠡᠰ ᠢ ᠨᠤᠲᠠᠯᠠᠨ ᠲᠣᠭᠲᠠᠭᠠᠬᠤ ᠶᠢ ᠬᠠᠷᠢᠭᠤᠴᠠᠨ᠎ᠠ᠃      ︵ᠭᠤᠷᠪᠠ︶ ᠮᠠᠲ᠋ᠧᠷᠢᠶᠠᠯ ᠢ ᠬᠢᠨᠠᠨ ᠲᠣᠭᠲᠠᠭᠠᠬᠤ᠃ ᠬᠢᠨᠠᠨ ᠲᠣᠭᠲᠠᠭᠠᠬᠤ ᠪᠠᠶᠢᠭᠤᠯᠤᠮᠵᠢ ᠨᠢ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠤ ᠲᠤᠰᠢᠶᠠᠭᠰᠠᠨ ᠮᠡᠳᠡᠭᠦᠯᠬᠦ ᠮᠠᠲ᠋ᠧᠷᠢᠶᠠᠯ ᠢ ᠬᠢᠨᠠᠨ ᠲᠣᠭᠲᠠᠭᠠᠵᠤ᠂ ᠬᠢᠨᠠᠨ ᠲᠣᠭᠲᠠᠭᠠᠬᠤ ᠪᠠᠷᠢᠮᠵᠢᠶ᠎ᠠ ᠲᠠᠢ ᠬᠠᠷᠢᠴᠠᠭᠤᠯᠤᠨ ᠵᠦᠶᠯ ᠳᠠᠷᠠᠭᠠᠯᠠᠨ ᠬᠤᠪᠢ ᠲᠣᠭᠲᠠᠭᠠᠵᠤ᠂ ᠮᠠᠲ᠋ᠧᠷᠢᠶᠠᠯ ᠢ ᠬᠢᠨᠠᠨ ᠲᠣᠭᠲᠠᠭᠠᠭᠰᠠᠨ ᠮᠡᠳᠡᠭᠦᠯᠦᠯᠲᠡ ᠪᠣᠯᠭᠠᠬᠤ ᠶᠢᠨ ᠬᠠᠮᠲᠤ᠂ ᠡᠭᠦᠨ ᠢ ᠦᠨᠳᠦᠰᠦᠯᠡᠨ ᠲᠤᠬᠠᠶ ᠶᠢᠨ ᠲᠠᠯᠠᠪᠠᠶ ᠳᠤ ᠬᠢᠨᠠᠨ ᠲᠣᠭᠲᠠᠭᠠᠬᠤ ᠨᠡᠷᠡᠰ ᠢ ᠳᠤᠷᠠᠳᠤᠨ᠎ᠠ᠃ ᠲᠤᠬᠠᠶ ᠶᠢᠨ ᠲᠠᠯᠠᠪᠠᠶ ᠶᠢᠨ ᠬᠢᠨᠠᠨ ᠲᠣᠭᠲᠠᠭᠠᠯᠲᠠ ᠳᠤ ᠣᠷᠣᠯᠴᠠᠭᠰᠠᠨ ᠥᠬᠡᠶ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠢ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠯᠪᠠᠨ ᠬᠡᠷ ᠲᠤ ᠬᠠᠷᠢᠭᠤ ᠲᠤᠰᠬᠠᠨ᠎ᠠ᠃      ︵ᠳᠥᠷᠪᠡ︶ ᠲᠤᠬᠠᠶ ᠶᠢᠨ ᠲᠠᠯᠠᠪᠠᠶ ᠳᠤ ᠬᠢᠨᠠᠨ ᠲᠣᠭᠲᠠᠭᠠᠬᠤ᠃ ᠮᠠᠲ᠋ᠧᠷᠢᠶᠠᠯ ᠢ ᠬᠢᠨᠠᠨ ᠲᠣᠭᠲᠠᠭᠠᠭᠰᠠᠨ ᠤ ᠳᠠᠷᠠᠭ᠎ᠠ ᠲᠣᠭᠲᠠᠭᠠᠭᠰᠠᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠢ ᠬᠢᠨᠠᠨ ᠲᠣᠭᠲᠠᠭᠠᠬᠤ ᠪᠠᠶᠢᠭᠤᠯᠤᠮᠵᠢ ᠠᠴᠠ ᠬᠢᠨᠠᠨ ᠲᠣᠭᠲᠠᠭᠠᠬᠤ ᠪᠠᠷᠢᠮᠵᠢᠶ᠎ᠠ ᠶᠣᠰᠣᠭᠠᠷ ᠲᠤᠬᠠᠶ ᠶᠢᠨ ᠲᠠᠯᠠᠪᠠᠶ ᠳᠤ ᠬᠢᠨᠠᠨ ᠲᠣᠭᠲᠠᠭᠠᠵᠤ᠂ ᠲᠤᠬᠠᠶ ᠶᠢᠨ ᠲᠠᠯᠠᠪᠠᠶ ᠳᠤ ᠬᠢᠨᠠᠨ ᠲᠣᠭᠲᠠᠭᠠᠭᠰᠠᠨ ᠮᠡᠳᠡᠭᠦᠯᠦᠯᠲᠡ ᠪᠣᠯᠭᠠᠨ᠎ᠠ᠃      ︵ᠲᠠᠪᠤ︶ ᠶᠡᠷᠦᠩᠬᠡᠶᠢᠯᠡᠨ ᠬᠢᠨᠠᠨ ᠲᠣᠭᠲᠠᠭᠠᠬᠤ᠃ ᠬᠢᠨᠠᠨ ᠲᠣᠭᠲᠠᠭᠠᠬᠤ ᠪᠠᠶᠢᠭᠤᠯᠤᠮᠵᠢ ᠨᠢ ᠮᠠᠲ᠋ᠧᠷᠢᠶᠠᠯ ᠢ ᠬᠢᠨᠠᠨ ᠲᠣᠭᠲᠠᠭᠠᠭᠰᠠᠨ ᠮᠡᠳᠡᠭᠦᠯᠦᠯᠲᠡ᠂ ᠲᠤᠬᠠᠶ ᠶᠢᠨ ᠲᠠᠯᠠᠪᠠᠶ ᠳᠤ ᠬᠢᠨᠠᠨ ᠲᠣᠭᠲᠠᠭᠠᠭᠰᠠᠨ ᠮᠡᠳᠡᠭᠦᠯᠦᠯᠲᠡ ᠶᠢ ᠦᠨᠳᠦᠰᠦᠯᠡᠨ ᠶᠡᠷᠦᠩᠬᠡᠶᠢᠯᠡᠨ ᠬᠢᠨᠠᠨ ᠲᠣᠭᠲᠠᠭᠠᠵᠤ᠂ ᠬᠢᠨᠠᠨ ᠲᠣᠭᠲᠠᠭᠠᠵᠤ ᠳᠠᠭᠤᠰᠤᠭᠰᠠᠨ ᠤ ᠳᠠᠷᠠᠭ᠎ᠠ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠯᠪᠠᠨ ᠬᠡᠷ ᠲᠤ ᠶᠡᠷᠦᠩᠬᠡᠶᠢᠯᠡᠭᠰᠡᠨ ᠬᠢᠨᠠᠨ ᠲᠣᠭᠲᠠᠭᠠᠭᠰᠠᠨ ᠦᠷ᠎ᠡ ᠳ᠋ᠦᠩ ᠢᠶᠠᠨ ᠲᠤᠰᠢᠶᠠᠨ᠎ᠠ᠃      ︵ᠵᠢᠷᠭᠤᠭ᠎ᠠ︶ ᠬᠤᠷᠠᠯ ᠬᠤᠷᠠᠯᠳᠤᠭᠤᠯᠬᠤ᠃ ᠬᠤᠲᠠ ᠶᠢᠨ ᠶᠡᠷᠦᠩᠬᠡᠶᠢᠯᠡᠭᠰᠡᠨ ᠠᠵᠤ ᠠᠬᠤᠶ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠲᠤᠰᠬᠠᠶ ᠲᠥᠷᠥᠯ ᠤᠨ ᠵᠣᠬᠢᠴᠠᠭᠤᠯᠬᠤ ᠠᠯᠪᠠᠨ ᠬᠡᠷ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠯᠪᠠᠨ ᠬᠡᠷ ᠤᠨ ᠠᠵᠢᠯ ᠤᠨ ᠮᠡᠳᠡᠭᠦᠯᠦᠯᠲᠡ ᠶᠢ ᠰᠣᠨᠣᠰᠴᠤ᠂ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠭᠥᠷᠳᠡᠬᠦ ᠵᠢᠱᠢᠭᠳᠡᠭᠴᠢ ᠶᠢᠨ ᠨᠡᠷᠡᠰ ᠢ ᠬᠢᠨᠠᠨ ᠵᠥᠪᠯᠡᠨ᠎ᠡ᠃      ︵ᠳᠣᠯᠤᠭ᠎ᠠ︶ ᠢᠯᠡ ᠨᠡᠶᠢᠲᠡᠯᠡᠬᠦ᠃ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠯᠪᠠᠨ ᠬᠡᠷ ᠰᠣᠨᠢᠨ ᠮᠡᠳᠡᠭᠡᠨ ᠤ ᠵᠠᠭᠤᠴᠢᠯᠠᠭᠤᠷ ᠢᠶᠠᠷ ᠳᠠᠮᠵᠢᠭᠤᠯᠤᠨ ᠱᠠᠩᠨᠠᠬᠤ ᠪᠠᠷ ᠪᠠᠶᠢᠭ᠎ᠠ ᠨᠡᠷᠡᠰ ᠢ ᠨᠡᠶᠢᠭᠡᠮ ᠨᠡᠶᠢᠲᠡ ᠳᠤ ᠵᠠᠷᠯᠠᠨ ᠨᠡᠶᠢᠲᠡᠯᠡᠨ᠎ᠡ᠃      ︵ᠨᠠᠶᠢᠮᠠ︶ ᠵᠥᠪᠰᠢᠶᠡᠷᠡᠬᠦ᠃ ᠢᠯᠡ ᠨᠡᠶᠢᠲᠡᠯᠡᠬᠦ ᠪᠠᠷ ᠳᠡᠮᠵᠢᠨ ᠪᠠᠲᠤᠯᠠᠭᠰᠠᠨ ᠱᠠᠩᠨᠠᠬᠤ ᠪᠠᠷ ᠪᠠᠶᠢᠭ᠎ᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠤ ᠨᠡᠷᠡᠰ ᠢ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠰᠤᠳᠤᠯᠵᠤ᠂ ᠬᠤᠲᠠ ᠶᠢᠨ ᠳᠠᠷᠤᠭ᠎ᠠ ᠭᠠᠷ ᠤᠨ ᠥᠰᠥᠭ ᠵᠢᠷᠤᠵᠤ ᠲᠣᠭᠲᠠᠭᠠᠨ᠎ᠠ᠃      ︵ᠶᠢᠰᠦ︶ ᠬᠥᠬᠢᠭᠦᠯᠦᠨ ᠱᠠᠩᠨᠠᠬᠤ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠠᠯᠪᠠᠨ ᠪᠢᠴᠢᠭ ᠪᠠᠭᠤᠯᠭᠠᠨ ᠨᠡᠶᠢᠲᠡᠯᠡᠵᠦ᠂ ᠬᠥᠬᠢᠭᠦᠯᠦᠨ ᠱᠠᠩᠨᠠᠨ᠎ᠠ᠃      ᠲᠠᠪᠤᠳᠤᠭᠠᠷ ᠪᠦᠯᠦᠭ         ᠱᠠᠩᠨᠠᠬᠤ ᠪᠠᠷᠢᠮᠵᠢᠶ᠎ᠠ ᠬᠢᠭᠡᠳ ᠬᠡᠷᠡᠭᠯᠡᠮᠵᠢ      ᠠᠷᠪᠠᠨ ᠬᠤᠶᠠᠳᠤᠭᠠᠷ ᠵᠦᠶᠯ   ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠣᠯᠤᠭᠰᠠᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠳᠤ ᠢᠷᠠᠭᠤ ᠠᠯᠳᠠᠷ ᠤᠨ ᠦᠨᠡᠮᠯᠡᠯ᠂ ᠱᠠᠩᠨᠠᠯ ᠤᠨ ᠮᠧᠳᠠᠯ ᠣᠯᠭᠤᠵᠤ᠂ ᠱᠠᠩᠨᠠᠯ ᠣᠯᠤᠭᠰᠠᠨ ᠵᠣᠬᠢᠶᠠᠨ ᠪᠠᠶᠢᠭᠤᠯᠤᠯᠲᠠ ᠶᠢ ᠠᠷᠠᠳ ᠤᠨ ᠵᠣᠭᠤᠰ ᠢᠶᠠᠷ 50 ᠲᠦᠮᠡᠨ ᠲᠥᠭᠦᠷᠢᠭ ᠢᠶᠠᠷ ᠱᠠᠩᠨᠠᠨ᠎ᠠ᠃      ᠠᠷᠪᠠᠨ ᠭᠤᠷᠪᠠᠳᠤᠭᠠᠷ ᠵᠦᠶᠯ  ᠤᠯᠠᠭᠠᠨᠴᠠᠪ ᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠬᠦᠷᠲᠡᠭᠰᠡᠨ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠨᠢ ᠰᠢᠨᠵᠢᠯᠡᠬᠦ ᠤᠬᠠᠭᠠᠨ ᠤ ᠰᠤᠳᠤᠯᠤᠯ᠂ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ᠂ ᠦᠶᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ ᠠᠳᠠᠯᠢ ᠨᠥᠬᠦᠴᠡᠯ ᠤᠨ ᠳᠤᠤᠷ᠎ᠠ ᠬᠤᠯᠪᠣᠭᠳᠠᠯ ᠪᠦᠬᠦᠢ ᠪᠡᠯᠡ ᠮᠥᠩᠭᠦ᠂ ᠲᠥᠷᠥ ᠶᠢᠨ ᠪᠣᠳᠣᠯᠭ᠎ᠠ ᠶᠢᠨ ᠲᠡᠳᠬᠦᠮᠵᠢ ᠶᠢ ᠡᠩ ᠲᠡᠷᠢᠭᠦᠨ ᠳᠤ ᠣᠯᠵᠤ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠢ ᠡᠩ ᠲᠡᠷᠢᠭᠦᠨ ᠳᠤ ᠪᠠᠲᠤᠯᠠᠨ ᠲᠠᠨᠢᠯᠴᠠᠭᠤᠯᠵᠤ ᠭᠤᠶᠤᠴᠢᠯᠠᠨ ᠮᠡᠳᠡᠭᠦᠯᠦᠨ᠎ᠡ᠃      ᠠᠷᠪᠠᠨ ᠳᠥᠷᠪᠡᠳᠦᠭᠡᠷ ᠵᠦᠶᠯ  ᠤᠯᠠᠭᠠᠨᠴᠠᠪ ᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠮᠥᠩᠭᠦ ᠶᠢ ᠭᠤᠤᠯᠳᠠᠭᠤ ᠱᠠᠩᠨᠠᠯ ᠣᠯᠤᠭᠰᠠᠨ ᠵᠣᠬᠢᠶᠠᠨ ᠪᠠᠶᠢᠭᠤᠯᠤᠯᠲᠠ ᠶᠢᠨ ᠶᠠᠰᠤ ᠴᠢᠨᠠᠷ ᠤᠨ ᠦᠷᠭᠦᠯᠵᠢᠯᠡᠨ ᠰᠠᠶᠢᠵᠢᠷᠠᠭᠤᠯᠤᠯᠲᠠ᠂ ᠶᠠᠰᠤ ᠴᠢᠨᠠᠷ ᠤᠨ ᠪᠣᠭᠤᠮᠲᠠ ᠰᠢᠪᠲᠤᠯᠤᠯᠲᠠ ᠪᠠ ᠠᠵᠢᠯᠲᠠᠨ ᠤ ᠪᠣᠯᠪᠠᠰᠤᠷᠠᠭᠤᠯᠤᠯ᠂ ᠶᠠᠰᠤ ᠴᠢᠨᠠᠷ ᠢ ᠰᠢᠯᠭᠠᠨ ᠪᠠᠶᠢᠴᠠᠭᠠᠬᠤ ᠪᠠᠶᠢᠭᠤᠯᠤᠮᠵᠢ ᠪᠠ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠵᠡᠷᠭᠡ ᠶᠢᠨ ᠣᠷᠣᠭᠤᠯᠤᠯᠲᠠ ᠳᠤ ᠬᠡᠷᠡᠭᠯᠡᠨ᠎ᠡ᠂ ᠪᠤᠰᠤᠳ ᠵᠦᠶᠯ ᠳᠤ ᠨᠡᠭᠦᠯᠭᠡᠨ ᠬᠡᠷᠡᠭᠯᠡᠵᠦ ᠪᠣᠯᠬᠤ ᠦᠭᠡᠶ᠃      ᠵᠢᠷᠭᠤᠳᠤᠭᠠᠷ ᠪᠦᠯᠦᠭ         ᠬᠢᠨᠠᠯᠲᠠ ᠲᠠᠯᠪᠢᠬᠤ ᠪᠠ ᠬᠠᠮᠢᠶᠠᠷᠤᠯᠲᠠ      ᠠᠷᠪᠠᠨ ᠲᠠᠪᠤᠳᠤᠭᠠᠷ ᠵᠦᠶᠯ   ᠮᠡᠳᠡᠭᠦᠯᠬᠦ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠮᠡᠳᠡᠭᠦᠯᠦᠭᠰᠡᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠲᠤ ᠬᠠᠷᠢᠭᠤᠴᠠᠨ᠎ᠠ᠃ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ᠂ ᠵᠦᠶ ᠪᠤᠰᠤ ᠠᠷᠭ᠎ᠠ ᠪᠠᠷᠢᠯ ᠢᠶᠠᠷ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠢᠷᠠᠭᠤ ᠠᠯᠳᠠᠷ ᠢ ᠮᠡᠬᠡᠯᠡᠨ ᠠᠪᠤᠭᠰᠠᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠳᠤ᠂ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠯᠪᠠᠨ ᠬᠡᠷ ᠠᠴᠠ ᠦᠨᠡᠨ ᠪᠣᠳᠠᠲᠠᠶ ᠪᠠᠶᠢᠬᠤ ᠶᠢ ᠪᠠᠶᠢᠴᠠᠭᠠᠨ ᠨᠤᠲᠠᠯᠠᠭᠰᠠᠨ ᠤ ᠳᠠᠷᠠᠭ᠎ᠠ ᠬᠤᠲᠠ ᠶᠢᠨ ᠵᠠᠰᠠᠭ ᠤᠨ ᠣᠷᠳᠣᠨ ᠳᠤ ᠳᠡᠪᠰᠢᠭᠦᠯᠦᠨ ᠲᠡᠭᠦᠨ ᠤ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠦᠴᠦᠨ ᠥᠬᠡᠶ ᠪᠣᠯᠭᠠᠵᠤ᠂ ᠱᠠᠩᠨᠠᠯ ᠤᠨ ᠮᠧᠳᠠᠯ ︵ᠱᠠᠩᠨᠠᠯ ᠤᠨ ᠬᠤᠨᠳᠠᠭ᠎ᠠ︶᠂ ᠦᠨᠡᠮᠯᠡᠯ ᠢ ᠨᠢ ᠬᠤᠷᠢᠶᠠᠨ ᠠᠪᠴᠤ᠂ ᠱᠠᠩᠨᠠᠯ ᠤᠨ ᠮᠥᠩᠭᠦ ᠶᠢ ᠨᠢ ᠨᠡᠬᠡᠮᠵᠢᠯᠡᠨ ᠲᠤᠰᠢᠶᠠᠯᠭᠠᠬᠤ ᠶᠢᠨ ᠬᠠᠮᠲᠤ ᠨᠡᠶᠢᠭᠡᠮ ᠨᠡᠶᠢᠲᠡ ᠳᠤ ᠵᠠᠷᠯᠠᠨ᠎ᠠ᠃      ᠠᠷᠪᠠᠨ ᠵᠢᠷᠭᠤᠳᠤᠭᠠᠷ ᠵᠦᠢᠯ   ᠱᠠᠩᠨᠠᠯ ᠣᠯᠤᠭᠰᠠᠨ ᠵᠣᠬᠢᠶᠠᠨ ᠪᠠᠶᠢᠭᠤᠯᠤᠯᠲᠠ ᠶᠢᠨ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠰᠤᠷᠪᠤᠯᠵᠢᠯᠠᠬᠤ ᠵᠢᠴᠢ ᠬᠥᠳᠡᠯᠦᠩᠭᠦᠶ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ᠎ᠠ᠃ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠯᠪᠠᠨ ᠭᠡᠷ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠱᠠᠩᠨᠠᠯ ᠣᠯᠤᠭᠰᠠᠨ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠤ ᠦᠢᠯᠡᠳᠪᠦᠷᠢᠯᠡᠯ ᠡᠵᠡᠩᠨᠡᠯᠲᠡ ᠪᠣᠯᠤᠨ ᠶᠠᠰᠤ ᠴᠢᠨᠠᠷ ᠤᠨ ᠬᠠᠮᠢᠶᠠᠷᠤᠯᠲᠠ ᠵᠡᠷᠭᠡ ᠪᠠᠶᠢᠳᠠᠯ ᠢ ᠴᠠᠭ ᠲᠤᠬᠠᠶ ᠳᠤᠨᠢ ᠣᠶᠢᠯᠠᠭᠠᠵᠤ᠂ ᠰᠢᠮᠳᠠᠭᠤᠯᠵᠤ ᠪᠠᠶᠢᠭᠠᠳ ᠢᠷᠠᠭᠤ ᠠᠯᠳᠠᠷ ᠢ ᠨᠢ ᠪᠠᠲᠤᠯᠠᠭᠤᠯᠵᠤ᠂ ᠲᠠᠰᠤᠷᠠᠯᠲᠠ ᠤᠶᠢᠭᠡᠢ ᠳᠡᠭᠡᠭᠰᠢᠯᠡᠭᠦᠯᠦᠨ ᠰᠠᠶᠢᠵᠢᠷᠠᠭᠤᠯᠬᠤ ᠬᠡᠷᠡᠭᠲᠡᠶ᠃      ᠠᠷᠪᠠᠨ ᠳᠣᠯᠣᠳᠤᠭᠠᠷ ᠵᠦᠶᠯ   ᠱᠠᠩᠨᠠᠯ ᠣᠯᠤᠭᠰᠠᠨ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠬᠤᠯᠪᠣᠭᠳᠠᠯ ᠪᠦᠬᠦᠢ ᠤᠬᠠᠭᠤᠯᠭ᠎ᠠ ᠶᠢᠨ ᠠᠵᠢᠯᠯᠠᠭ᠎ᠠ ᠳᠤᠮᠳᠠ ᠪᠠᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠢᠷᠠᠭᠤ ᠠᠯᠳᠠᠷ ᠢ ᠣᠯᠤᠭᠰᠠᠨ ᠢᠶᠠᠨ ᠤᠬᠠᠭᠤᠯᠵᠤ ᠪᠣᠯᠤᠨ᠎ᠠ᠂ ᠭᠡᠬᠦ ᠳᠡᠭᠡᠨ ᠱᠠᠩᠨᠠᠯ ᠣᠯᠤᠭᠰᠠᠨ ᠴᠠᠭ ᠢᠶᠠᠨ ᠲᠣᠳᠣᠷᠬᠠᠶᠢᠯᠠᠬᠤ ᠶᠢᠨ ᠬᠠᠮᠲᠤ ᠬᠦᠴᠦᠨ ᠲᠠᠢ ᠬᠤᠭᠤᠴᠠᠭ᠎ᠠ ᠪᠠᠨ ᠲᠣᠳᠣᠷᠬᠠᠶᠢᠯᠠᠬᠤ ᠬᠡᠷᠡᠭᠲᠡᠶ᠃ ᠱᠠᠩᠨᠠᠯ ᠣᠯᠤᠭᠰᠠᠨ ᠵᠣᠬᠢᠶᠠᠨ ᠪᠠᠶᠢᠭᠤᠯᠤᠯᠲᠠ ᠨᠢ ᠶᠠᠰᠤ ᠴᠢᠨᠠᠷ ᠤᠨ ᠠᠵᠢᠯ ᠤᠨ ᠲᠡᠷᠢᠭᠦᠨ ᠤ ᠲᠤᠷᠰᠢᠯᠭ᠎ᠠ ᠪᠣᠯᠤᠨ ᠦᠷ᠎ᠡ ᠪᠦᠲᠦᠭᠡᠯ ᠢᠶᠠᠨ ᠤᠬᠠᠭᠤᠯᠤᠨ ᠰᠣᠯᠢᠯᠴᠠᠵᠤ᠂ ᠨᠡᠶᠢᠲᠡᠯᠢᠭ ᠵᠢᠱᠢᠶ᠎ᠡ ᠪᠠᠷ ᠠᠬᠢᠭᠤᠯᠬᠤ ᠪᠠ ᠵᠢᠱᠢᠶ᠎ᠡ ᠦᠵᠡᠭᠦᠯᠬᠦ ᠦᠢᠯᠡᠳᠦᠯ ᠢᠶᠠᠨ ᠪᠠᠳᠠᠷᠠᠭᠤᠯᠤᠨ᠂ ᠪᠦᠬᠦ ᠬᠤᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠬᠢᠷᠢ ᠲᠦᠪᠰᠢᠨ ᠤ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠠᠬᠢᠭᠤᠯᠬᠤ ᠡᠭᠦᠷᠭᠡ ᠲᠠᠢ᠃      ᠠᠷᠪᠠᠨ ᠨᠠᠢᠮᠠᠳᠤᠭᠠᠷ ᠵᠦᠶᠯ    ᠱᠠᠩᠨᠠᠯ ᠣᠯᠤᠭᠰᠠᠨ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠱᠠᠩᠨᠠᠯ ᠣᠯᠤᠭᠰᠠᠨ ᠤ ᠳᠠᠷᠠᠭ᠎ᠠ 3 ᠵᠢᠯ ᠤᠨ ᠳᠣᠲᠣᠷ᠎ᠠ ᠨᠡᠯᠢᠶᠡᠳ ᠶᠡᠭᠡ ᠶᠠᠰᠤ ᠴᠢᠨᠠᠷ ᠪᠣᠯᠤᠨ ᠠᠶᠤᠯ ᠦᠭᠡᠶ ᠶᠢᠨ ᠠᠳᠡᠯ ᠭᠠᠷᠤᠭᠰᠠᠨ᠂ ᠡᠰᠡᠬᠦᠯ᠎ᠡ ᠬᠠᠤᠯᠢ ᠲᠣᠭᠲᠠᠭᠠᠯ ᠠᠴᠠ ᠬᠦᠨᠳᠦ ᠨᠣᠴᠢᠲᠠᠶ ᠵᠥᠷᠢᠴᠡᠨ ᠦᠶᠯᠡᠳᠪᠦᠷᠢᠯᠡᠵᠦ ᠡᠵᠡᠩᠨᠡᠭᠰᠡᠨ ᠦᠢᠯᠡ ᠠᠵᠢᠯᠯᠠᠭ᠎ᠠ ᠲᠠᠢ ᠪᠠᠶᠢᠪᠠᠯ᠂ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠯᠪᠠᠨ ᠭᠡᠷ ᠠᠴᠠ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠨᠢ ᠬᠦᠴᠦᠨ ᠦᠭᠡᠶ ᠪᠣᠯᠭᠠᠬᠤ ᠪᠠᠷ ᠳᠡᠪᠰᠢᠭᠦᠯᠬᠦ ᠶᠢᠨ ᠬᠠᠮᠲᠤ ᠵᠠᠷᠯᠠᠬᠤ ᠬᠡᠷᠡᠭᠲᠡᠶ᠃      ᠠᠷᠪᠠ ᠶᠢᠰᠦᠳᠦᠭᠡᠷ ᠵᠦᠶᠯ   ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠡᠭᠦᠷᠭᠡ ᠶᠢ ᠡᠭᠦᠷᠭᠡᠯᠡᠭᠰᠡᠨ ᠪᠠᠶᠢᠭᠤᠯᠤᠮᠵᠢ ᠪᠣᠯᠤᠨ ᠠᠵᠢᠯᠲᠠᠨ᠂ ᠭᠤᠶᠤᠴᠢᠯᠠᠨ ᠮᠡᠳᠡᠭᠦᠯᠦᠭᠰᠡᠨ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠤ ᠬᠤᠳᠠᠯᠳᠤᠭ᠎ᠠ ᠪᠣᠯᠤᠨ ᠮᠡᠷᠭᠡᠵᠢᠯ ᠤᠨ ᠨᠢᠭᠤᠴᠠ ᠶᠢ ᠬᠠᠤᠯᠢ ᠶᠣᠰᠣᠭᠠᠷ ᠬᠠᠮᠠᠭᠠᠯᠠᠵᠤ᠂ ᠥᠪᠡᠷ ᠢ ᠪᠠᠨ ᠴᠢᠩᠭ᠎ᠠ ᠱᠠᠭᠠᠷᠳᠠᠨ᠂ ᠲᠥᠪ ᠭᠤᠤᠯᠴᠢ ᠠᠷᠢᠭᠤᠨ ᠴᠢᠬᠡᠴᠢ ᠪᠠᠶᠢᠵᠤ᠂ ᠬᠤᠯᠪᠣᠭᠳᠠᠯ ᠪᠦᠬᠦᠢ ᠲᠣᠭᠲᠠᠭᠠᠯ᠂ ᠳᠡᠰ ᠳᠠᠷᠠᠭᠠᠯᠠᠯ ᠢ ᠴᠢᠩᠭ᠎ᠠ ᠵᠢᠷᠤᠮᠯᠠᠨ ᠬᠢᠨᠠᠨ ᠲᠣᠭᠲᠠᠭᠠᠬᠤ ᠬᠡᠷᠡᠭᠲᠡᠶ᠃      ᠬᠤᠷᠢᠳᠤᠭᠠᠷ ᠵᠦᠶᠯ    ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠯᠪᠠᠨ ᠭᠡᠷ ᠨᠢ ᠬᠢᠨᠠᠨ ᠲᠣᠭᠲᠠᠭᠠᠬᠤ ᠠᠵᠢᠯ ᠳᠤ ᠬᠢᠨᠠᠯᠲᠠ ᠲᠠᠯᠪᠢᠬᠤ ᠪᠠᠨ ᠦᠨᠡᠨᠬᠦ ᠴᠢᠩᠭᠠᠳᠬᠠᠵᠤ᠂ ᠬᠢᠨᠠᠨ ᠲᠣᠭᠲᠠᠭᠠᠬᠤ ᠶᠠᠪᠤᠴᠠ ᠳᠤ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠠᠯᠪᠠᠨ ᠲᠤᠰᠢᠶᠠᠯ ᠳᠠᠭᠠᠨ ᠠᠯᠮᠠᠶᠢᠷᠠᠨ ᠣᠰᠣᠯᠳᠠᠭᠰᠠᠨ᠂ ᠭᠤᠶᠠᠴᠢᠯᠠᠨ ᠬᠠᠤᠯᠢ ᠶᠣᠰᠣ ᠶᠢ ᠵᠥᠷᠢᠴᠡᠭᠰᠡᠨ᠂ ᠮᠠᠭᠤ ᠦᠷ᠎ᠡ ᠳ᠋ᠦᠩ ᠭᠠᠷᠭᠠᠭᠰᠠᠨ ᠬᠢᠨᠠᠨ ᠲᠣᠭᠲᠠᠭᠠᠬᠤ ᠪᠠᠶᠢᠭᠤᠯᠤᠮᠵᠢ ᠪᠤᠶᠤ ᠬᠤᠪᠢ ᠬᠥᠮᠦᠨ ᠳᠤ ᠬᠢᠨᠠᠨ ᠲᠣᠭᠲᠠᠭᠠᠬᠤ ᠠᠵᠢᠯ ᠤᠨ ᠬᠢᠷᠢ ᠬᠡᠮ ᠢ ᠨᠢ ᠬᠦᠴᠦᠨ ᠦᠭᠡᠶ ᠪᠣᠯᠭᠠᠬᠤ ᠶᠢᠨ ᠬᠠᠮᠲᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠠᠵᠢᠯᠯᠠᠵᠤ ᠪᠠᠶᠢᠭ᠎ᠠ ᠨᠢᠭᠡᠴᠢ ᠳᠤᠨᠢ ᠰᠠᠬᠢᠯᠭ᠎ᠠ ᠪᠠᠲᠤ ᠶᠢᠨ ᠰᠢᠳᠬᠡᠯ ᠣᠯᠭᠤᠬᠤ ᠪᠠᠷ ᠳᠤᠷᠠᠳᠤᠨ ᠳᠡᠪᠰᠢᠭᠦᠯᠬᠦ ᠬᠡᠷᠡᠭᠲᠡᠶ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠬᠤᠷᠢᠨ ᠨᠢᠭᠡᠳᠦᠭᠡᠷ ᠵᠦᠶᠯ   ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠬᠤᠨᠳᠠᠭ᠎ᠠ᠂ ᠦᠨᠡᠮᠯᠡᠯ ᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠣᠯᠭᠤᠨ᠎ᠠ᠂ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠲᠡᠮᠳᠡᠭ᠂ ᠱᠠᠩᠨᠠᠯ ᠤᠨ ᠬᠤᠨᠳᠠᠭ᠎ᠠ ᠪᠠ ᠦᠨᠡᠮᠯᠡᠯ ᠢ ᠬᠠᠭᠤᠷᠮᠠᠭᠯᠠᠨ ᠵᠣᠬᠢᠶᠠᠵᠤ᠂ ᠬᠠᠭᠤᠷᠮᠠᠭᠯᠠᠨ ᠬᠡᠷᠡᠭᠯᠡᠵᠦ ᠪᠣᠯᠬᠤ ᠦᠭᠡᠢ᠂ ᠵᠥᠷᠢᠴᠡᠭᠰᠡᠳ ᠠᠴᠠ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠳᠣᠯᠣᠳᠤᠭᠠᠷ ᠪᠦᠯᠦᠭ         ᠳᠠᠭᠠᠯᠳᠤᠭᠤᠯᠤᠭᠰᠠᠨ ᠳᠦᠷᠢᠮ      ᠬᠤᠷᠢᠨ ᠬᠤᠶᠠᠳᠤᠭᠠᠷ ᠵᠦᠶᠯ  ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠤᠤᠯ ᠤᠨ ︽ᠤᠯᠠᠭᠠᠨᠴᠠᠪ ᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠷᠭ᠎ᠠ︾ ︵ᠥᠪᠥᠷ ᠵᠠᠰᠠᠭ ᠲᠠᠷᠬᠠᠭᠠᠭᠰᠠᠨ  ﹇2015﹈ 7 ᠳ᠋ᠤᠭᠠᠷ ᠲᠣᠭᠠᠲᠤ︶ ᠪᠠ ︽ᠤᠯᠠᠭᠠᠨᠴᠠᠪ ᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠣᠯᠤᠭᠰᠠᠨ ᠨᠢᠭᠡᠴᠢ ᠶᠢᠨ ᠬᠠᠮᠢᠶᠠᠷᠤᠯᠲᠠ ᠶᠢᠨ ᠠᠷᠭ᠎ᠠ︾ ︵ᠤᠯᠠᠭᠠᠨᠴᠠᠪ ᠶᠠᠰᠤ ᠴᠢᠨᠠᠷ ᠬᠦᠴᠦᠷᠬᠡᠭ ᠲᠠᠷᠬᠠᠭᠠᠭᠰᠠᠨ ﹇2016﹈ 2 ᠳ᠋ᠤᠭᠠᠷ ᠲᠣᠭᠠᠲᠤ︶ ᠶᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2