︽ᠤᠯᠠᠭᠠᠨᠴᠠᠪ ᠬᠤᠲᠠ ᠶᠢᠨ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/7/15
     ︽ᠤᠯᠠᠭᠠᠨᠴᠠᠪ ᠬᠤᠲᠠ ᠶᠢᠨ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ                      ᠤᠯᠠᠭᠠᠨᠴᠠᠪ ᠵᠠᠰᠠᠭ ᠠᠯᠪᠠᠨ ᠲᠠᠷᠬᠠᠭᠠᠭᠰᠠᠨ ﹇2021﹈ 18 ᠳ᠋ᠤᠭᠠᠷ ᠲᠣᠭᠠᠲᠤ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄      ︽ᠤᠯᠠᠭᠠᠨᠴᠠᠪ ᠬᠤᠲᠠ ᠶᠢᠨ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠢ ᠬᠤᠲᠠ ᠶᠢᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃                                                  2021 ᠣᠨ ᠤ 4 ᠰᠠᠷ᠎ᠠ ᠶᠢᠨ 14 ᠤ ᠡᠳᠦᠷ            ᠤᠯᠠᠭᠠᠨᠴᠠᠪ ᠬᠤᠲᠠ ᠶᠢᠨ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ      1. ᠶᠡᠷᠦᠩᠬᠡᠶ ᠳᠦᠷᠢᠮ      1.1 ᠨᠠᠶᠢᠷᠠᠭᠤᠯᠤᠨ ᠵᠣᠬᠢᠶᠠᠭᠰᠠᠨ ᠵᠣᠷᠢᠯᠭ᠎ᠠ      ᠤᠯᠠᠭᠠᠨᠴᠠᠪ ᠬᠤᠲᠠ ᠶᠢᠨ ᠴᠠᠬᠢᠯᠭᠠᠨ ᠤ ᠲᠤᠤᠷ ᠤᠨ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠢ ᠰᠢᠨᠵᠢᠯᠡᠬᠦ ᠤᠬᠠᠭᠠᠨᠴᠢ᠂ ᠪᠦᠲᠦᠮᠵᠢᠲᠡᠶ ᠪᠥᠭᠡᠳ ᠲᠦᠷᠭᠡᠨ ᠰᠢᠶᠳᠪᠦᠷᠢᠯᠡᠵᠦ᠂ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠠᠴᠠ ᠪᠣᠯᠤᠭᠰᠠᠨ ᠨᠥᠯᠥᠭᠡ ᠪᠠ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ ᠤᠯᠤᠰ ᠤᠨ ᠠᠮᠤᠷ ᠲᠦᠪᠰᠢᠨ᠂ ᠨᠡᠶᠢᠭᠡᠮ ᠤᠨ ᠲᠥᠪᠰᠢᠷᠠᠯ ᠲᠣᠭᠲᠠᠩᠭᠤᠢ᠂ ᠠᠷᠠᠳ ᠤᠨ ᠠᠮᠢᠳᠤᠷᠠᠯ ᠤᠨ ᠠᠮᠤᠷ ᠲᠣᠭᠲᠠᠭᠤᠨ ᠪᠠ ᠣᠷᠣᠨ ᠨᠤᠲᠤᠭ ᠤᠨ ᠠᠵᠤ ᠠᠬᠤᠶ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠤᠰᠠᠳᠠ᠂ ᠣᠨᠴᠣᠭᠤᠶᠢᠯᠠᠨ ᠲᠣᠰ ᠪᠡᠯᠡᠳᠬᠡᠯ ᠲᠥᠰᠦᠯ ᠢ ᠲᠣᠭᠲᠠᠭᠠᠪᠠ᠃      1.2 ᠨᠠᠶᠢᠷᠠᠭᠤᠯᠤᠨ ᠵᠣᠬᠢᠶᠠᠭᠰᠠᠨ ᠦᠨᠳᠦᠰᠦᠯᠡ᠊‍ᠯ      ᠲᠣᠰ ᠪᠡᠯᠡᠳᠬᠡᠯ ᠲᠥᠰᠦᠯ ᠢ ᠳᠤᠤᠷᠠᠬᠢ ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠲᠦᠷᠢᠮ᠂ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠵᠢᠴᠢ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠶᠢ ᠦᠨᠳᠦᠰᠦᠯᠡᠭᠰᠡᠨ ᠪᠦᠭᠡᠳ ᠤᠯᠠᠭᠠᠨᠴᠠᠪ ᠬᠤᠲᠠ ᠶᠢᠨ ᠴᠠᠬᠢᠯᠭᠠᠨ ᠤ ᠲᠤᠤᠷ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠣᠭᠲᠠᠭᠠᠪᠠ᠃      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠶᠢᠨ ᠵᠠᠷᠯᠢᠭ 69 ᠳ᠋ᠦ᠋ᠭᠡᠷ ᠲᠣᠭᠠᠲᠤ︶᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ︾ ︵ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠶᠢᠨ ᠵᠠᠷᠯᠢᠭ 13 ᠳ᠋ᠤᠭᠠᠷ ᠲᠣᠭᠠᠲᠤ︶᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠠᠬᠢᠯᠭᠠᠨ ᠬᠦᠴᠦᠨ ᠤ ᠬᠠᠤᠯᠢ︾ ︵ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠶᠢᠨ ᠵᠠᠷᠯᠢᠭ 60 ᠳ᠋ᠤᠭᠠᠷ ᠲᠣᠭᠠᠲᠤ︶᠂ ︽ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠲᠦᠷᠢᠮ︾ ︵ᠲᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ 493 ᠳ᠋ᠤᠭᠠᠷ ᠲᠣᠭᠠᠲᠤ︶᠂ ︽ᠴᠠᠬᠢᠯᠭᠠᠨ ᠬᠦᠴᠦᠨ ᠤ ᠠᠶᠤᠯᠭᠦᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠪᠠ ᠪᠠᠶᠢᠴᠠᠭᠠᠨ ᠰᠢᠶᠳᠪᠦᠷᠢᠯᠡᠬᠦ ᠲᠦᠷᠢᠮ︾ ︵ᠲᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ 599 ᠳ᠋ᠦ᠋ᠭᠡᠷ ᠲᠣᠭᠠᠲᠤ︶᠂ ︽ᠴᠠᠬᠢᠯᠭᠠᠨ ᠲᠣᠣᠷ ᠲᠣᠬᠢᠷᠠᠭᠤᠯᠬᠤ ᠬᠠᠮᠢᠶᠠᠷᠤᠯᠲᠠ ᠶᠢᠨ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 115 ᠳ᠋ᠤᠭᠠᠷ ᠲᠣᠭᠠᠲᠤ︶᠂ ︽ᠤᠯᠤᠰ ᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠲᠥᠰᠦᠯ︾ ︵ᠲᠥᠷᠥ ᠠᠯᠪᠠᠨ ᠲᠠᠷᠬᠠᠭᠠᠭᠰᠠᠨ ﹇2005﹈11 ᠳ᠋ᠦ᠋ᠭᠡᠷ ᠲᠣᠭᠠᠲᠤ︶᠂ ︽ᠤᠯᠤᠰ ᠤᠨ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ︵ᠲᠥᠷᠥ ᠠᠯᠪᠠᠨ ᠵᠠᠬᠢᠳᠠᠯ ﹇2015﹈134 ᠳ᠋ᠦᠭᠡᠷ ᠲᠣᠭᠠᠲᠤ︶᠂ ︽ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠲᠦᠷᠢᠮ︾ ︵ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ 708 ᠳ᠋ᠤᠭᠠᠷ ᠲᠣᠭᠠᠲᠤ︶᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠠᠬᠢᠯᠭᠠᠨ ᠬᠦᠴᠦᠨ ᠤ ᠬᠠᠩᠭᠠᠯᠭ᠎ᠠ ᠪᠠ ᠬᠡᠷᠡᠭᠯᠡᠯᠲᠡ ᠶᠢᠨ ᠳᠦᠷᠢᠮ︾ ︵ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 666 ᠳ᠋ᠤᠭᠠᠷ ᠲᠣᠭᠠᠲᠤ︶᠂ ︽ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠮᠤᠵᠢ ᠶᠢᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ ᠵᠦᠭᠯᠡᠭᠦᠷ︾ ︵ᠤᠯᠤᠰ ᠤᠨ ᠡᠨᠧᠷᠭᠢ ᠶᠢᠨ ᠶᠡᠷᠦᠩᠬᠡᠶᠢᠯᠡᠭᠰᠡᠨ ᠠᠮᠤᠷ ᠲᠦᠪᠰᠢᠨ ﹇2016﹈490 ᠳ᠋ᠦᠭᠡᠷ ᠲᠣᠭᠠᠲᠤ︶᠂ ︽ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠬᠠᠮᠢᠶᠠᠷᠤᠯᠲᠠ ᠶᠢᠨ ᠠᠷᠭ᠎ᠠ︾ ︵ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠵᠠᠷᠯᠢᠭ 2 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠲᠥᠰᠦᠯ︾ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ 2005 ᠣᠨ ᠤ 7  ᠰᠠᠷ᠎ᠠ ᠶᠢᠨ 12 ᠤᠨ ᠡᠳᠦᠷ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ 2020 ᠣᠨ ᠳᠤ ᠵᠠᠰᠠᠪᠤᠷᠢ ᠣᠷᠣᠭᠤᠯᠪᠠ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠬᠠᠮᠢᠶᠠᠷᠤᠯᠲᠠ ᠶᠢᠨ ᠠᠷᠭ᠎ᠠ︾ ︵ᠥᠪᠥᠷ ᠵᠠᠰᠠᠭ ᠠᠯᠪᠠᠨ ᠲᠠᠷᠬᠠᠭᠠᠭᠰᠠᠨ ﹇2014﹈113 ᠳ᠋ᠤᠭᠠᠷ ᠲᠣᠭᠠᠲᠤ︶᠃      1.3 ᠬᠡᠷᠡᠭᠯᠡᠬᠦ ᠬᠡᠪᠴᠢᠶ᠎ᠡ      ᠲᠣᠰ ᠪᠡᠯᠡᠳᠬᠡᠯ ᠲᠥᠰᠦᠯ ᠢ ᠤᠯᠠᠭᠠᠨᠴᠠᠪ ᠬᠤᠲᠠ ᠶᠢᠨ ᠵᠠᠰᠠᠭ ᠵᠠᠬᠢᠷᠭᠠᠨ ᠤ ᠣᠷᠣᠨ ᠳᠤ ᠭᠠᠷᠤᠭᠰᠠᠨ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠢ ᠠᠷᠭᠠᠴᠠᠬᠤ ᠪᠠ ᠰᠢᠶᠳᠪᠦᠷᠢᠯᠡᠬᠦ ᠠᠵᠢᠯ ᠳᠤ ᠬᠡᠷᠡᠭᠯᠡᠨ᠎ᠡ᠃      ᠲᠣᠰ ᠪᠡᠯᠡᠳᠬᠡᠯ ᠲᠥᠰᠦᠯ ᠳᠤ ᠬᠡᠯᠡᠵᠦ ᠪᠠᠶᠢᠭ᠎ᠠ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠭᠡᠳᠡᠭ ᠨᠢ ᠪᠠᠶᠢᠭᠠᠯᠢ ᠶᠢᠨ ᠭᠠᠮᠰᠢᠭ᠂ ᠴᠠᠬᠢᠯᠭᠠᠨ ᠬᠦᠴᠦᠨ ᠤ ᠠᠮᠤᠷ ᠲᠦᠪᠰᠢᠨ ᠤ ᠠᠳᠠᠯ ᠪᠠ ᠭᠠᠳᠠᠭᠠᠳᠤ ᠬᠦᠴᠦᠨ ᠤ ᠡᠪᠳᠡᠯᠡᠭᠡ ᠵᠡᠷᠭᠡ ᠰᠢᠯᠲᠠᠭᠠᠨ ᠠᠴᠠ ᠪᠣᠯᠵᠣ ᠣᠷᠣᠨ ᠪᠦᠰᠡ ᠶᠢᠨ ᠴᠢᠨᠠᠷᠲᠠᠶ ᠴᠠᠬᠢᠯᠭᠠᠨ ᠤ ᠲᠤᠤᠷ᠂ ᠬᠤᠲᠠ ᠶᠢᠨ ᠴᠠᠬᠢᠯᠭᠠᠨ ᠤ ᠲᠤᠤᠷ ᠤᠨ ᠬᠠᠩᠭᠠᠬᠤ ᠳᠠᠭᠠᠭᠠᠴᠠ ᠶᠢ ᠶᠡᠭᠡ ᠬᠡᠮᠵᠢᠶ᠎ᠡ ᠪᠠᠷ ᠪᠠᠭᠠᠰᠬᠠᠵᠤ᠂ ᠣᠯᠠᠨ ᠨᠡᠶᠢᠲᠡ ᠶᠢᠨ ᠠᠮᠤᠷ ᠲᠦᠪᠰᠢᠨ᠂ ᠨᠡᠶᠢᠭᠡᠮ ᠤᠨ ᠲᠣᠭᠲᠠᠭᠤᠨ ᠵᠢᠴᠢ ᠠᠷᠠᠳ ᠣᠯᠠᠨ ᠤ ᠦᠶᠯᠡᠳᠪᠦᠷᠢᠯᠡᠯ ᠠᠮᠢᠳᠤᠷᠠᠯ ᠳᠤ ᠨᠥᠯᠥᠭᠡ ᠪᠠ ᠰᠦᠷᠳᠡᠭᠦᠯᠦᠯ ᠪᠣᠯᠤᠭᠰᠠᠨ ᠴᠠᠬᠢᠯᠭᠠᠨ ᠵᠣᠭᠰᠣᠭᠰᠠᠨ ᠬᠡᠷᠡᠭ ᠢ ᠵᠢᠭᠠᠵᠤ ᠪᠣᠶ᠃      1.4 ᠠᠵᠢᠯ ᠤᠨ ᠵᠠᠷᠴᠢᠮ      ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠢ ᠠᠷᠭᠠᠴᠠᠬᠤ ᠠᠵᠢᠯ ᠳᠤ ᠨᠢᠭᠡᠳᠦᠯᠲᠡᠶ ᠤᠳᠤᠷᠢᠳᠬᠤ᠂ ᠶᠡᠷᠦᠩᠬᠡᠶᠢᠯᠡᠨ ᠵᠣᠬᠢᠴᠠᠭᠤᠯᠬᠤ᠂ ᠬᠠᠷᠢᠶ᠎ᠠ ᠭᠠᠵᠠᠷ ᠢᠶᠠᠷ ᠭᠤᠤᠯ ᠪᠣᠯᠭᠠᠬᠤ᠂ ᠠᠵᠢᠯ ᠬᠤᠪᠢᠶᠠᠷᠢᠯᠠᠨ ᠬᠠᠷᠢᠭᠤᠴᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠠᠮᠤᠷ ᠲᠦᠪᠰᠢᠨ ᠢ ᠬᠠᠮᠠᠭᠠᠯᠠᠬᠤ᠂ ᠪᠥᠬᠦ ᠨᠡᠶᠢᠭᠡᠮ ᠢᠶᠠᠷ ᠢᠶᠠᠨ ᠬᠠᠮᠲᠤᠪᠠᠷ ᠣᠷᠣᠯᠴᠠᠬᠤ ᠵᠠᠷᠴᠢᠮ ᠢ ᠪᠠᠷᠢᠮᠲᠠᠯᠠᠨ᠎ᠠ᠃ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠭᠠᠷᠤᠭᠰᠠᠨ ᠤ ᠳᠠᠷᠠᠭ᠎ᠠ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠴᠠᠬᠢᠯᠭᠠᠨ ᠬᠦᠴᠦᠨ ᠤ ᠠᠵᠤ ᠠᠬᠤᠶᠢᠯᠠᠯ᠂ ᠴᠠᠬᠢᠯᠭᠠᠨ ᠬᠦᠴᠦᠨ ᠤ ᠴᠢᠬᠤᠯᠠ ᠬᠡᠷᠡᠭᠯᠡᠭᠴᠢᠳ ᠨᠢ ᠳᠠᠷᠦ᠋ᠢᠬᠠᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠪᠠ ᠬᠠᠮᠢᠶ᠎ᠠ ᠪᠥᠬᠦᠶ ᠪᠡᠯᠡᠳᠬᠡᠯ ᠲᠥᠰᠦᠯ ᠶᠣᠰᠣᠭᠠᠷ ᠰᠢᠶᠳᠪᠦᠷᠢᠯᠡᠬᠦ ᠠᠵᠢᠯ ᠢᠶᠠᠨ ᠥᠷᠨᠢᠭᠦᠯᠦᠨ᠎ᠡ᠃     1.5 ᠬᠡᠷᠡᠭ ᠶᠠᠪᠤᠳᠠᠯ ᠤᠨ ᠳᠡᠰ ᠬᠤᠪᠢᠶᠠᠷᠢᠯᠠᠯᠲᠠ      ᠬᠡᠷᠡᠭ ᠤᠨ ᠬᠦᠨᠳᠦ ᠨᠣᠴᠢᠲᠠᠶ ᠴᠢᠨᠠᠷ ᠪᠠ ᠨᠥᠯᠥᠭᠡᠯᠡᠭᠳᠡᠬᠦ ᠬᠡᠪᠴᠢᠶ᠎ᠡ ᠶᠣᠰᠣᠭᠠᠷ᠂ ︽ᠴᠠᠬᠢᠯᠭᠠᠨ ᠬᠦᠴᠦᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠪᠠ ᠪᠠᠶᠢᠴᠠᠭᠠᠬᠤ ᠲᠦᠷᠢᠮ︾ ᠤᠨ ᠲᠠᠰ ᠬᠤᠪᠢᠶᠠᠬᠤ ᠵᠠᠷᠴᠢᠮ ᠢ ᠦᠨᠳᠦᠰᠦᠯᠡᠨ᠂ ᠤᠯᠠᠭᠠᠨᠴᠠᠪ ᠬᠤᠲᠠ ᠶᠢᠨ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠢ ᠣᠨᠴᠠ ᠬᠦᠨᠳᠦ ᠶᠡᠭᠡ᠂ ᠬᠦᠨᠳᠦ ᠶᠡᠭᠡ᠂ ᠨᠡᠯᠢᠶᠡᠳ ᠶᠡᠭᠡ ᠪᠠ ᠡᠩ ᠤᠨ ᠳᠥᠷᠪᠡᠨ ᠳᠡᠰ ︵ᠲᠠᠰ ᠬᠤᠪᠢᠶᠠᠬᠤ ᠪᠠᠷᠢᠮᠵᠢᠶ᠎ᠠ ᠶᠢ ᠳᠠᠭᠠᠯᠳᠤᠭᠤᠯᠤᠯ 1 ᠳᠤ ᠦᠵᠡ︶ ᠭᠡᠵᠦ ᠬᠤᠪᠢᠶᠠᠨ᠎ᠠ᠃      2. ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ      2.1 ᠤᠯᠠᠭᠠᠨᠴᠠᠪ ᠬᠤᠲᠠ ᠶᠢᠨ ᠵᠣᠬᠢᠶᠠᠨ ᠪᠠᠶᠢᠭᠤᠯᠵᠤ ᠵᠢᠯᠣᠭᠤᠳᠬᠤ ᠪᠠᠶᠢᠭᠤᠯᠤᠮᠵᠢ      ᠤᠯᠠᠭᠠᠨᠴᠠᠪ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠬᠤᠲᠠ ᠶᠢᠨ ᠡᠨᠧᠷᠭᠢ ᠶᠢᠨ ᠲᠣᠪᠴᠢᠶ᠎ᠠ︶ ᠨᠢ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠢ ᠠᠷᠭᠠᠴᠠᠬᠤ ᠶᠢᠨ ᠵᠢᠯᠣᠭᠤᠳᠤᠨ ᠵᠣᠬᠢᠴᠠᠭᠤᠯᠬᠤ ᠪᠠ ᠵᠣᠬᠢᠶᠠᠨ ᠪᠠᠶᠢᠭᠤᠯᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ ᠣᠨᠴᠠ ᠬᠦᠨᠳᠦ ᠶᠡᠭᠡ᠂ ᠬᠦᠨᠳᠦ ᠶᠡᠭᠡ᠂ ᠨᠡᠯᠢᠶᠡᠳ ᠶᠡᠭᠡ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠭᠠᠷᠤᠭᠰᠠᠨ ᠦᠶ᠎ᠡ ᠳᠤ᠂ ᠤᠯᠠᠭᠠᠨᠴᠠᠪ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠬᠤᠲᠠ ᠶᠢᠨ ᠡᠨᠧᠷᠭᠢ ᠶᠢᠨ ᠲᠣᠪᠴᠢᠶ᠎ᠠ︶ ᠪᠤᠶᠤ ᠬᠡᠷᠡᠭ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠨᠢ ᠲᠠᠰ ᠳᠠᠷᠠᠭᠠᠯᠠᠯ ᠶᠣᠰᠣᠭᠠᠷ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠳᠡᠭᠡᠭᠰᠢ ᠮᠡᠳᠡᠭᠦᠯᠵᠦ᠂ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠤᠶᠤ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠤᠯᠠᠭᠠᠨᠴᠠᠪ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠬᠤᠲᠠ ᠶᠢᠨ ᠡᠨᠧᠷᠭᠢ ᠶᠢᠨ ᠲᠣᠪᠴᠢᠶ᠎ᠠ︶ ᠳᠤ ᠤᠯᠠᠭᠠᠨᠴᠠᠪ ᠬᠤᠲᠠ ᠶᠢᠨ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠢᠨ ᠵᠢᠯᠣᠭᠤᠳᠬᠤ ᠭᠠᠵᠠᠷ ᠪᠠᠶᠢᠭᠤᠯᠬᠤ ᠡᠷᠬᠡ ᠣᠯᠭᠤᠵᠤ᠂ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠢ ᠠᠷᠭᠠᠴᠠᠬᠤ ᠠᠵᠢᠯ ᠢ ᠨᠢᠭᠡᠳᠦᠯᠲᠡᠶ ᠤᠳᠤᠷᠢᠳᠤᠨ᠂ ᠵᠣᠬᠢᠶᠠᠨ ᠪᠠᠶᠢᠭᠤᠯᠤᠨ ᠵᠢᠯᠣᠭᠤᠳᠤᠨ᠎ᠠ ︵ᠤᠯᠠᠭᠠᠨᠴᠠᠪ ᠬᠤᠲᠠ ᠶᠢᠨ ᠵᠢᠯᠣᠭᠤᠳᠬᠤ ᠭᠠᠵᠠᠷ ᠤᠨ ᠪᠦᠷᠢᠯᠳᠦᠬᠦᠨ ᠵᠢᠴᠢ ᠠᠵᠢᠯ ᠤᠨ ᠡᠭᠦᠷᠭᠡ ᠬᠠᠷᠢᠭᠤᠴᠠᠯᠭ᠎ᠠ ᠶᠢ ᠳᠠᠭᠠᠯᠳᠤᠭᠤᠯᠤᠯ 2 ᠳᠤ ᠦᠵᠡ︶᠃      ᠬᠤᠲᠠ ᠶᠢᠨ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠳᠤᠤᠷ᠎ᠠ ᠠᠯᠪᠠᠨ ᠬᠡᠷ ᠪᠠᠶᠢᠭᠤᠯᠵᠤ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠬᠤᠲᠠ ᠶᠢᠨ ᠡᠨᠧᠷᠭᠢ ᠶᠢᠨ ᠲᠣᠪᠴᠢᠶ᠎ᠠ︶ ᠳᠤ ᠭᠠᠷᠭᠠᠬᠤ᠂ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃      2.2 ᠡᠯ᠎ᠡ ᠬᠤᠰᠢᠭᠤ ᠰᠢᠶᠠᠨ ᠬᠤᠲᠠ ︵ᠲᠣᠭᠤᠷᠢᠭ︶ ᠶᠢᠨ ᠵᠣᠬᠢᠶᠠᠨ ᠪᠠᠶᠢᠭᠤᠯᠵᠤ ᠵᠢᠯᠣᠭᠤᠳᠬᠤ ᠪᠠᠶᠢᠭᠤᠯᠤᠮᠵᠢ      ᠡᠯ᠎ᠡ ᠬᠤᠰᠢᠭᠤ ᠰᠢᠶᠠᠨ ᠬᠤᠲᠠ ︵ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ᠲᠣᠰ ᠭᠠᠵᠠᠷ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠪᠠᠴᠢᠮ ᠪᠠᠶᠢᠳᠠᠯ ᠢ ᠠᠷᠭᠠᠴᠠᠬᠤ ᠶᠢᠨ ᠵᠣᠬᠢᠶᠠᠨ ᠪᠠᠶᠢᠭᠤᠯᠵᠤ ᠵᠢᠯᠣᠭᠤᠳᠬᠤ ᠪᠠᠶᠢᠭᠤᠯᠤᠮᠵᠢ ᠶᠢ ᠪᠠᠶᠢᠭᠤᠯᠤᠨ ᠪᠦᠷᠢᠨᠰᠢᠬᠦᠯᠵᠦ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠢ ᠬᠠᠷᠢᠭᠤᠴᠠᠨ ᠵᠢᠯᠣᠭᠤᠳᠴᠤ ᠵᠣᠬᠢᠴᠠᠭᠤᠯᠤᠨ ᠰᠢᠶᠳᠪᠦᠷᠢᠯᠡᠬᠦ ᠬᠡᠷᠡᠭᠲᠡᠶ᠃      2.3 ᠠᠬᠤᠢ ᠲᠠᠯᠠᠪᠠᠶ ᠶᠢᠨ ᠵᠢᠯᠣᠭᠤᠳᠬᠤ ᠪᠠᠶᠢᠭᠤᠯᠤᠮᠵᠢ      ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠭᠠᠷᠪᠠᠯ᠂ ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ᠬᠤᠲᠠ ︵ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ᠨᠢ ᠬᠡᠷᠡᠭᠴᠡᠭᠡ ᠪᠠᠨ ᠦᠨᠳᠦᠰᠦᠯᠡᠨ ᠠᠬᠤᠢ ᠲᠠᠯᠠᠪᠠᠶ ᠶᠢᠨ ᠵᠢᠯᠣᠭᠤᠳᠬᠤ ᠭᠠᠵᠠᠷ ᠢ ᠪᠠᠶᠢᠭᠤᠯᠵᠤ᠂ ᠠᠬᠤᠢ ᠲᠠᠯᠠᠪᠠᠶ ᠶᠢᠨ ᠠᠷᠭᠠᠴᠠᠨ ᠰᠢᠶᠳᠪᠦᠷᠢᠯᠡᠬᠦ ᠶᠢᠨ ᠵᠣᠬᠢᠶᠠᠨ ᠪᠠᠶᠢᠭᠤᠯᠤᠨ ᠵᠢᠯᠣᠭᠤᠳᠬᠤ ᠠᠵᠢᠯ ᠢ ᠬᠠᠷᠢᠭᠤᠴᠠᠨ᠎ᠠ᠃ ᠠᠬᠤᠢ ᠲᠠᠯᠠᠪᠠᠶ ᠶᠢᠨ ᠰᠢᠶᠳᠪᠦᠷᠢᠯᠡᠯᠲᠡ ᠳᠤ ᠣᠷᠣᠯᠴᠠᠬᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠪᠣᠯᠤᠨ ᠬᠥᠮᠦᠰ ᠠᠬᠤᠢ ᠲᠠᠯᠠᠪᠠᠶ ᠶᠢᠨ ᠵᠢᠯᠣᠭᠤᠳᠬᠤ ᠭᠠᠵᠠᠷ ᠤᠨ ᠨᠢᠭᠡᠳᠦᠯᠲᠡᠶ ᠵᠢᠯᠣᠭᠤᠳᠣᠯᠭ᠎ᠠ ᠶᠢ ᠳᠠᠭᠠᠬᠤ ᠬᠡᠷᠡᠭᠲᠡᠶ᠃      2.4 ᠴᠠᠬᠢᠯᠭᠠᠨ ᠬᠦᠴᠦᠨ ᠤ ᠠᠵᠤ ᠠᠬᠤᠶᠢᠯᠠᠯ      ᠴᠠᠬᠢᠯᠭᠠᠨ ᠬᠦᠴᠦᠨ ᠤ ᠠᠵᠤ ᠠᠬᠤᠶᠢᠯᠠᠯ ︵ᠴᠠᠬᠢᠯᠭᠠᠨ ᠬᠠᠩᠭᠠᠬᠤ ᠠᠵᠤ ᠠᠬᠤᠶᠢᠯᠠᠯ᠂ ᠴᠠᠬᠢᠯᠭᠠᠨ ᠭᠠᠷᠭᠠᠬᠤ ᠠᠵᠤ ᠠᠬᠤᠶᠢᠯᠠᠯ ᠵᠡᠷᠭᠡ ᠪᠠᠭᠲᠠᠨ᠎ᠠ᠂ ᠳᠣᠷᠣᠭᠰᠢ ᠠᠳᠠᠯᠢ︶ ᠨᠢ ᠪᠠᠴᠢᠮ ᠪᠠᠶᠢᠳᠠᠯ ᠢ ᠠᠷᠭᠠᠴᠠᠬᠤ ᠶᠢᠨ ᠵᠣᠬᠢᠶᠠᠨ ᠪᠠᠶᠢᠭᠤᠯᠵᠤ ᠵᠢᠯᠣᠭᠤᠳᠬᠤ ᠪᠠᠶᠢᠭᠤᠯᠤᠮᠵᠢ ᠶᠢ ᠪᠠᠶᠢᠭᠤᠯᠤᠨ ᠪᠦᠷᠢᠨᠰᠢᠭᠦᠯᠵᠦ᠂ ᠴᠠᠬᠢᠯᠭᠠᠨ ᠵᠣᠭᠰᠣᠭᠰᠠᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠵᠤ ᠵᠢᠯᠣᠭᠤᠳᠬᠤ ᠪᠠᠶᠢᠭᠤᠯᠤᠮᠵᠢ ᠶᠢᠨ ᠤᠳᠤᠷᠢᠳᠤᠯᠭ᠎ᠠ ᠳᠤᠤᠷ᠎ᠠ ᠲᠣᠰ ᠠᠵᠤ ᠠᠬᠤᠶᠢᠯᠠᠯ ᠤᠨ ᠢᠶᠠᠨ ᠴᠠᠬᠢᠯᠭᠠᠨ ᠬᠦᠴᠦᠨ ᠤ ᠭᠡᠨᠡᠳᠲᠡ ᠶᠢᠨ ᠬᠡᠷᠡᠭ ᠢ ᠮᠡᠳᠡᠭᠦᠯᠬᠦ᠂ ᠠᠶᠤᠯ ᠠᠴᠠ ᠠᠪᠤᠷᠬᠠᠤ ᠠᠵᠢᠯ ᠢ ᠬᠠᠷᠢᠭᠤᠴᠠᠨ᠎ᠠ᠃ ᠴᠠᠬᠢᠯᠭᠠᠨ ᠬᠦᠴᠦᠨ ᠤ ᠲᠤᠤᠷ ᠤᠨ ᠲᠣᠬᠢᠷᠠᠭᠤᠯᠤᠯᠲᠠ ᠶᠢᠨ ᠠᠵᠢᠯ ᠢ ︽ᠴᠠᠬᠢᠯᠭᠠᠨ ᠬᠦᠴᠦᠨ ᠤ ᠲᠤᠤᠷ ᠤᠨ ᠲᠣᠬᠢᠷᠠᠭᠤᠯᠤᠯᠲᠠ ᠬᠠᠮᠢᠶᠠᠷᠤᠯᠲᠠ ᠶᠢᠨ ᠲᠦᠷᠢᠮ︾ ᠵᠢᠴᠢ ᠬᠠᠮᠢᠶ᠎ᠠ ᠪᠥᠬᠦᠶ ᠲᠦᠷᠢᠮ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃      2.5 ᠴᠠᠬᠢᠯᠭᠠᠨ ᠬᠦᠴᠦᠨ ᠤ ᠴᠢᠬᠤᠯᠠ ᠬᠡᠷᠡᠭᠯᠡᠭᠴᠢ      ᠴᠠᠬᠢᠯᠭᠠᠨ ᠬᠦᠴᠦᠨ ᠤ ᠴᠢᠬᠤᠯᠠ ᠬᠡᠷᠡᠭᠯᠡᠭᠴᠢᠳ ᠨᠢ ᠲᠣᠰ ᠨᠢᠭᠡᠴᠢ ᠶᠢᠨ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠬᠤ ᠴᠠᠬᠢᠯᠭᠠᠨ ᠡᠭᠦᠰᠭᠡᠭᠴᠢ ᠶᠢ ᠳᠣᠭᠢᠷᠠᠭᠤᠯᠤᠨ᠂ ᠴᠠᠬᠢᠯᠭᠠᠨ ᠵᠣᠭᠰᠣᠭᠰᠠᠨ ᠠᠳᠠᠯ ᠢ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠬᠦᠨᠳᠦ ᠶᠡᠭᠡ ᠭᠡᠨᠡᠨ ᠲᠦᠭᠰᠢᠭᠦᠷᠢ ᠶᠢᠨ ᠡᠬᠢ ᠡᠭᠦᠰᠦᠯ ᠶᠢᠨ ᠴᠠᠬᠢᠯᠭᠠᠨ ᠬᠦᠴᠦᠨ ᠤ ᠠᠮᠤᠷ ᠲᠦᠪᠰᠢᠨ ᠢ ᠪᠠᠲᠤᠯᠠᠬᠤ ᠪᠠ ᠰᠡᠷᠭᠡᠶᠢᠯᠡᠨ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠦᠨ᠂ ᠬᠦᠨᠳᠦ ᠶᠡᠭᠡ ᠭᠡᠨᠡᠨ ᠲᠦᠭᠰᠢᠭᠦᠷᠢ ᠶᠢᠨ ᠡᠬᠢ ᠡᠭᠦᠰᠦᠯ ᠶᠢᠨ ᠴᠠᠬᠢᠯᠭᠠᠨ ᠵᠣᠭᠰᠣᠭᠰᠠᠨ ᠠᠴᠠ ᠪᠣᠯᠵᠤ ᠡᠭᠦᠰᠦᠮᠡᠯ ᠭᠠᠮᠰᠢᠭ ᠭᠠᠷᠬᠤ ᠶᠢ ᠰᠡᠷᠭᠡᠶᠢᠯᠡᠨ᠎ᠡ᠃      2.6 ᠪᠠᠴᠢᠮ ᠪᠠᠶᠢᠳᠠᠯ ᠢ ᠠᠷᠭᠠᠴᠠᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ      ᠡᠯ᠎ᠡ ᠵᠣᠬᠢᠶᠠᠨ ᠪᠠᠶᠢᠭᠤᠯᠵᠤ ᠵᠢᠯᠣᠭᠤᠳᠬᠤ ᠪᠠᠶᠢᠭᠤᠯᠤᠮᠵᠢ ᠨᠢ ᠬᠡᠷᠡᠭᠴᠡᠭᠡ ᠪᠠᠨ ᠦᠨᠳᠦᠰᠦᠯᠡᠨ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠪᠠᠶᠢᠭᠤᠯᠵᠤ᠂ ᠪᠦᠷᠢᠯᠳᠦᠬᠦᠨ ᠨᠢ ᠴᠠᠬᠢᠯᠭᠠᠨ ᠬᠦᠴᠦᠨ᠂ ᠭᠠᠯ ᠤᠨᠲᠠᠷᠠᠭᠠᠬᠤ᠂ ᠠᠶᠤᠯᠲᠠᠶ ᠬᠢᠮᠢ ᠶᠢᠨ ᠵᠦᠶᠯ᠂ ᠴᠠᠭ ᠠᠭᠤᠷ᠂ ᠭᠠᠵᠠᠷ ᠰᠢᠨᠵᠢᠯᠡᠭᠡᠨ᠂ ᠤᠰᠤᠨ ᠵᠦᠶ ᠵᠡᠷᠭᠡ ᠬᠦᠷᠢᠶ᠎ᠡ ᠴᠠᠷᠠᠭ᠎ᠠ ᠶᠢᠨ ᠬᠠᠮᠢᠶ᠎ᠠ ᠪᠥᠬᠦᠶ ᠲᠤᠰᠬᠠᠶ ᠮᠡᠷᠭᠡᠵᠢᠯᠲᠡᠨ ᠢᠶᠠᠷ ᠪᠦᠷᠢᠯᠳᠦᠵᠦ᠂ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠠᠷᠭᠠᠴᠠᠨ ᠰᠢᠶᠳᠪᠦᠷᠢᠯᠡᠬᠦ ᠠᠵᠢᠯ ᠳᠤ ᠮᠡᠷᠭᠡᠵᠢᠯ ᠤᠨ ᠳᠡᠮᠵᠢᠯᠭᠡ ᠬᠠᠩᠭᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠵᠢᠴᠢ ᠬᠡᠷᠡᠭ ᠤᠨ ᠪᠠᠶᠢᠳᠠᠯ ᠪᠠ ᠰᠢᠶᠳᠪᠦᠷᠢᠯᠡᠬᠦ ᠦᠨᠡᠯᠡᠯᠭᠡ ᠦᠭᠬᠦ ᠳᠤ ᠣᠷᠣᠯᠴᠠᠨ᠎ᠠ᠃      3. ᠲᠦᠭᠰᠢᠭᠦᠷᠢ ᠶᠢᠨ ᠵᠠᠳᠠᠯᠤᠯᠲᠠ ᠪᠠ ᠬᠢᠨᠠᠨ ᠬᠡᠮᠵᠢᠯᠲᠡ ᠰᠡᠷᠡᠮᠵᠢᠯᠡᠭᠦᠯᠦᠯ      3.1 ᠲᠦᠭᠰᠢᠭᠦᠷᠢ ᠶᠢᠨ ᠵᠠᠳᠠᠯᠤᠯᠲᠠ      3.1.1 ᠲᠦᠭᠰᠢᠭᠦᠷᠢ ᠶᠢᠨ ᠡᠬᠢ ᠡᠭᠦᠰᠦᠯ ᠤᠨ ᠵᠠᠳᠠᠯᠤᠯᠲᠠ      3.1.1.1 ᠤᠯᠠᠭᠠᠨᠴᠠᠪ ᠪᠣᠯ ᠳᠤᠮᠳᠠᠳᠤ ᠤᠯᠤᠰ ᠤᠨ ᠠᠰ ᠤᠮᠠᠷᠠᠲᠤ ᠣᠷᠣᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠ ᠬᠡᠰᠡᠭ ᠲᠤ ᠣᠷᠣᠰᠢᠵᠤ᠂ ᠬᠤᠶᠢᠲᠤ ᠲᠠᠯ᠎ᠠ ᠪᠠᠷ ᠢᠶᠠᠨ ᠮᠣᠩᠭᠤᠯ ᠤᠯᠤᠰ ᠲᠠᠢ ᠬᠢᠯᠢ ᠨᠡᠶᠢᠯᠡᠵᠦ᠂ ᠬᠢᠯᠢ ᠶᠢᠨ ᠱᠤᠭᠤᠮ ᠤᠨ ᠣᠷᠳᠣ ᠨᠢ ᠪᠠᠷᠤᠭ 110 ᠺᠢᠯᠣᠮᠧᠲᠷ ᠪᠠᠶᠢᠵᠤ᠂ ᠵᠡᠭᠦᠨ ᠬᠤᠶᠢᠲᠤ ᠲᠠᠯ᠎ᠠ ᠪᠠᠷ ᠢᠶᠠᠨ ᠰᠢᠯᠢ ᠶᠢᠨ ᠭᠤᠤᠯ ᠠᠶᠢᠮᠠᠭ ᠤᠨ ᠡᠷᠢᠶᠡᠨ ᠬᠤᠲᠠ᠂ ᠰᠥᠨᠢᠳ ᠪᠠᠷᠠᠭᠤᠨ ᠬᠤᠰᠢᠭᠤ᠂ ᠬᠥᠪᠡᠭᠡᠲᠦ ᠰᠢᠷ᠎ᠠ ᠬᠤᠰᠢᠭᠤ᠂ ᠰᠢᠯᠤᠭᠤᠨ ᠬᠥᠪᠡᠭᠡᠲᠦ ᠴᠠᠭᠠᠨ ᠬᠤᠰᠢᠭᠤ ᠲᠠᠢ ᠵᠠᠬ᠎ᠠ ᠨᠡᠶᠢᠯᠡᠵᠦ ᠪᠠᠶᠢᠳᠠᠭ︔ ᠵᠡᠭᠦᠨ ᠲᠠᠯ᠎ᠠ ᠪᠠᠷ ᠢᠶᠠᠨ ᠾᠤᠪᠸᠢ ᠮᠤᠵᠢ ᠶᠢᠨ ᠺᠠᠩ ᠪᠦᠦ᠂ ᠱᠠᠩ ᠢ᠂ ᠬᠤᠸᠠᠢ ᠠᠨ ᠰᠢᠶᠠᠨ ᠲᠠᠢ ᠨᠢᠭᠤᠷᠯᠠᠵᠤ ᠪᠠᠶᠢᠨ᠎ᠠ︔ ᠡᠮᠦᠨ᠎ᠡ ᠲᠠᠯ᠎ᠠ ᠪᠠᠷ ᠢᠶᠠᠨ ᠱᠠᠨ ᠰᠢ ᠮᠤᠵᠢ ᠶᠢᠨ ᠲᠢᠶᠠᠨ ᠵᠧᠨ᠂ ᠶᠠᠩ ᠭᠤᠤ᠂ ᠳ᠋ᠠᠲ᠋ᠦ᠋ᠩ᠂ ᠽᠦᠸᠧ ᠶᠦᠨ᠂ ᠶᠢᠦ ᠢᠦᠢ ᠵᠡᠷᠭᠡ ᠬᠤᠲᠠ ᠰᠢᠶᠠᠨ ᠲᠠᠢ ᠬᠥᠷᠰᠢᠯᠡᠵᠦ ᠪᠠᠶᠢᠨ᠎ᠠ︔ ᠪᠠᠷᠠᠭᠤᠨᠰᠢ ᠪᠠᠨ ᠬᠥᠬᠡᠬᠤᠲᠠ ᠶᠢᠨ ᠬᠤᠷᠢᠨᠭᠡᠷ ᠰᠢᠶᠠᠨ᠂ ᠴᠢᠩ ᠱᠦᠢ ᠾᠧ ᠰᠢᠶᠠᠨ᠂ ᠦᠴᠦᠸᠠᠨ ᠰᠢᠶᠠᠨ ᠪᠣᠯᠤᠨ ᠪᠤᠭᠤᠲᠤ ᠬᠤᠳᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠲᠠᠢ ᠵᠠᠯᠭᠠᠯᠳᠤᠵᠤ ᠪᠤᠢ᠃ ᠵᠡᠭᠦᠨᠰᠢ ᠪᠠᠷᠠᠭᠤᠨᠰᠢ ᠶᠢᠨ ᠣᠷᠳᠣ ᠨᠢ 458 ᠺᠢᠯᠣᠮᠧᠲᠷ᠂ ᠡᠮᠦᠨᠡᠰᠢ ᠤᠮᠠᠷᠠᠰᠢ ᠪᠠᠨ 442 ᠺᠢᠯᠣᠮᠧᠲᠷ᠂ ᠶᠡᠷᠦᠩᠬᠡᠶ ᠲᠠᠯᠠᠪᠠᠶ ᠨᠢ 5 . 45 ᠲᠦᠮᠡᠨ ᠲᠡᠭᠰᠢ ᠳᠥᠷᠪᠡᠯᠵᠢᠨ ᠺᠢᠯᠣᠮᠧᠲᠷ᠂ 1 ᠲᠣᠭᠤᠷᠢᠭ᠂ 1 ᠬᠤᠲᠠ᠂ 4 ᠬᠤᠰᠢᠭᠤ᠂ 5 ᠰᠢᠶᠠᠨ ᠢ ᠬᠠᠷᠢᠶᠠᠯᠠᠨ᠎ᠠ᠃ ᠤᠯᠠᠭᠠᠨᠴᠠᠪ ᠬᠤᠲᠠ ᠶᠢᠨ ᠭᠠᠵᠠᠷ ᠤᠨ ᠳᠦᠷᠰᠦ ᠶᠢᠨ ᠲᠥᠷᠥᠯ ᠬᠡᠯᠪᠡᠷᠢ ᠨᠢ ᠣᠯᠠᠨ ᠶᠠᠩᠵᠤ ᠲᠠᠢ ᠪᠠᠶᠢᠵᠤ᠂ ᠳᠣᠲᠣᠭᠠᠳᠤ ᠬᠠᠭᠤᠷᠠᠶ ᠳᠤ ᠪᠠᠶᠢᠷᠢᠯᠠᠵᠤ᠂ ᠲᠡᠯᠡᠶ ᠲᠠᠩᠭᠢᠰ ᠠᠴᠠ ᠬᠤᠯᠠ ᠪᠠᠶᠢᠳᠠᠭ᠂ ᠠᠭᠤᠷ ᠠᠮᠢᠰᠬᠤᠯ ᠨᠢ ᠳᠥᠷᠪᠡᠨ ᠤᠯᠠᠷᠢᠯ ᠢᠯᠡᠷᠬᠡᠢ ᠪᠠᠶᠢᠳᠠᠭ︔ ᠤᠮᠠᠷ᠎ᠠ ᠠᠴᠠ ᠡᠮᠦᠨᠡᠰᠢ ᠭᠤᠣᠯᠳᠠᠭᠤ ᠥᠪᠥᠷ ᠮᠣᠩᠭᠤᠯ ᠤᠨ ᠥᠨᠳᠦᠷᠯᠢᠭ᠂ ᠤᠯᠠᠭᠠᠨᠴᠠᠪ ᠤᠨ ᠳᠣᠪᠣᠷᠬᠠᠭ᠂ ᠮᠤᠨᠢ ᠠᠭᠤᠯᠠ ᠶᠢᠨ ᠠᠭᠤᠯᠠᠷᠬᠠᠭ ᠭᠠᠵᠠᠷ ᠪᠣᠯᠤᠨ ᠳᠣᠪᠣᠷᠬᠠᠭ ᠤᠨ ᠳᠡᠨᠵᠢ ᠭᠠᠵᠠᠷ ᠵᠡᠷᠭᠡ ᠳᠥᠷᠪᠡᠨ ᠬᠡᠰᠡᠭ ᠢᠶᠠᠷ ᠪᠦᠷᠢᠯᠳᠦᠵᠦ᠂ ᠮᠤᠨᠢ ᠠᠭᠤᠯᠠ ᠨᠢᠷᠤᠭᠤ ᠶᠢᠨ ᠳᠠᠯᠠᠨ ᠬᠠᠷ᠎ᠠ ᠠᠭᠤᠯᠠ ᠶᠢᠨ ᠵᠡᠭᠦᠨ ᠬᠡᠰᠡᠭ ᠲᠤ ᠬᠠᠷᠢᠶᠠᠯᠠᠭᠳᠠᠵᠤ᠂ ᠬᠦᠢᠲᠡᠨ ᠰᠢᠯᠢ ᠶᠢᠨ ᠳᠤᠮᠳᠠᠳᠤ ᠬᠡᠰᠡᠭ ᠢᠶᠠᠷ ᠬᠥᠨᠳᠡᠯᠢᠰᠴᠦ᠂ ᠳᠠᠯᠠᠶ ᠶᠢᠨ ᠲᠦᠪᠰᠢᠨ ᠠᠴᠠ 1595 - 2150 ᠮᠧᠲᠷ ᠡᠷᠭᠦᠭᠳᠡᠵᠦ᠂ ᠳᠠᠯᠠᠨ ᠬᠠᠷ᠎ᠠ ᠠᠭᠤᠯᠠ ᠶᠢᠨ ᠰᠠᠯᠪᠤᠷᠢ ᠨᠢᠷᠤᠭᠤ ᠶᠢᠨ ᠮᠠᠩᠬᠠᠨ ᠠᠭᠤᠯᠠ᠂ ᠮᠣᠷᠢᠨ ᠲᠣᠯᠣᠭᠠᠶᠢᠲᠤ ᠠᠭᠤᠯᠠ᠂ ᠰᠤᠮᠤᠨ ᠠᠭᠤᠯᠠ ᠮᠤᠷᠤᠶᠢᠯᠵᠢᠨ ᠪᠠᠷ ᠬᠢᠯᠢ ᠶᠢᠨ ᠳᠣᠲᠣᠷᠠᠬᠢ ᠵᠡᠭᠦᠨ ᠡᠮᠦᠨᠡᠲᠦ ᠬᠡᠰᠡᠭ ᠢᠶᠠᠷ ᠲᠠᠷᠬᠠᠵᠤ ᠪᠠᠶᠢᠨ᠎ᠠ᠃ ᠤᠯᠠᠭᠠᠨᠴᠠᠪ ᠤᠨ ᠴᠠᠬᠢᠯᠭᠠᠨ ᠬᠠᠩᠭᠠᠬᠤ ᠣᠷᠣᠨ ᠪᠦᠰᠡ ᠳᠤ ᠠᠭᠤᠯᠠᠷᠬᠠᠭ ᠣᠷᠣᠨ᠂ ᠭᠤᠣᠯ ᠮᠥᠷᠡᠨ᠂ ᠨᠤᠲᠤᠭ ᠪᠡᠯᠴᠢᠭᠡᠷ ᠵᠡᠷᠭᠡ ᠪᠤᠳᠤᠯᠢᠶᠠᠨᠲᠠᠶ ᠣᠷᠴᠢᠨ ᠲᠣᠭᠤᠷᠢᠨ ᠪᠠᠶᠢᠵᠤ᠂ ᠴᠠᠬᠢᠯᠭᠠᠨ ᠬᠠᠩᠭᠠᠬᠤ ᠱᠤᠭᠤᠮ ᠤᠷᠲᠤ᠂ ᠬᠠᠮᠠᠭᠠᠯᠠᠬᠤ ᠳᠤ ᠳᠥᠭᠦᠮ ᠦᠭᠡᠢ ᠪᠣᠯᠬᠤᠷ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠶᠢᠨ ᠭᠡᠮ ᠭᠠᠷᠬᠤ᠂ ᠵᠠᠮ ᠬᠠᠷᠢᠯᠴᠠᠭᠠᠨ ᠤ ᠠᠳᠡᠯ ᠭᠠᠷᠬᠤ᠂ ᠭᠠᠯ ᠤᠨ ᠠᠶᠤᠯ ᠤᠨ ᠬᠡᠷᠡᠭ ᠠᠮᠠᠷᠬᠠᠨ ᠭᠠᠷᠳᠠᠭ᠃      ᠤᠯᠠᠭᠠᠨᠴᠠᠪ ᠬᠤᠲᠠ ᠳᠣᠲᠣᠭᠠᠳᠤ ᠬᠠᠭᠤᠷᠠᠶ ᠳᠤ ᠪᠠᠶᠢᠷᠢᠯᠠᠵᠤ᠂ ᠲᠡᠯᠡᠶ ᠲᠠᠩᠭᠢᠰ ᠠᠴᠠ ᠬᠤᠯᠠ ᠵᠠᠶᠢᠳᠠᠭᠤ ᠪᠠᠶᠢᠳᠠᠭ᠂ ᠠᠭᠤᠷ ᠠᠮᠢᠰᠬᠤᠯ ᠨᠢ ᠳᠥᠷᠪᠡᠨ ᠤᠯᠠᠷᠢᠯ ᠢᠯᠡᠷᠬᠡᠢ᠂ ᠡᠪᠦᠯ ᠬᠦᠶᠲᠡᠨ ᠴᠠᠰᠤ ᠪᠠᠭ᠎ᠠ᠂ ᠬᠠᠪᠤᠷ ᠬᠠᠭᠤᠷᠠᠶ ᠰᠠᠯᠬᠢ ᠠᠷᠪᠢᠨ᠂ ᠵᠣᠨ ᠰᠡᠷᠢᠭᠦᠨ ᠲᠠᠭᠠᠯᠠᠮᠵᠢᠲᠠᠢ᠂ ᠨᠠᠮᠤᠷ ᠰᠡᠷᠢᠭᠦᠨ ᠬᠢᠷᠠᠭᠤ ᠠᠷᠪᠢᠨ ᠪᠠᠶᠢᠳᠠᠭ᠃ ᠮᠤᠨᠢ ᠠᠭᠤᠯᠠ ᠨᠢᠷᠤᠭᠤ ᠶᠢᠨ ᠲᠤᠰᠠᠭᠠᠷᠯᠠᠯ ᠠᠴᠠ ᠪᠣᠯᠵᠤ᠂ ᠡᠮᠦᠨ᠎ᠡ ᠬᠤᠶᠢᠨᠠᠬᠢ ᠠᠭᠤᠯᠠᠷᠬᠠᠭ ᠣᠷᠣᠨ ᠤ ᠠᠭᠤᠷ ᠠᠮᠢᠰᠬᠤᠯ ᠤᠨ ᠵᠥᠷᠢᠶ᠎ᠡ ᠨᠡᠯᠢᠶᠡᠳ ᠶᠡᠭᠡ ᠪᠠᠷ ᠢᠶᠠᠨ ᠡᠮᠦᠨᠡᠲᠦ ᠤᠮᠠᠷᠠᠲᠤ ᠶᠢᠨ ᠠᠭᠤᠷ ᠠᠮᠢᠰᠬᠤᠯ ᠤᠨ ᠬᠤᠪᠢᠶᠠᠷᠢ ᠣᠷᠣᠨ ᠢ ᠪᠣᠶ ᠪᠣᠯᠭᠠᠵᠤ᠂ ᠪᠦᠬᠦ ᠬᠤᠲᠠ ᠳᠤ ᠠᠪᠴᠤ ᠬᠡᠯᠡᠪᠡᠯ᠂ ᠨᠡᠶᠢᠲᠡᠯᠢᠭ ᠳᠤᠮᠳᠠ ᠰᠡᠷᠢᠭᠦᠨ ᠪᠦᠰᠡ ᠶᠢᠨ ᠬᠠᠭᠠᠰ ᠭᠠᠩ ᠬᠠᠭᠤᠷᠠᠶ ᠴᠢᠨᠠᠷᠲᠠᠶ ᠤᠯᠠᠷᠢᠯ ᠤᠨ ᠰᠠᠯᠬᠢᠨ ᠤ ᠠᠭᠤᠷ ᠠᠮᠢᠰᠬᠤᠯ ᠳᠤ ᠬᠠᠷᠢᠶᠠᠯᠠᠭᠳᠠᠨ᠎ᠠ᠃ ᠳᠥᠷᠪᠡᠨ ᠤᠯᠠᠷᠢᠯ ᠤᠨ ᠣᠨᠴᠠᠯᠢᠭ᠂ ᠡᠪᠦᠯ ᠤᠨ ᠤᠯᠠᠷᠢᠯ ᠨᠢ ᠬᠠᠬᠢᠷ ᠬᠦᠢᠲᠡᠨ ᠮᠥᠷᠲᠡᠭᠡᠨ ᠤᠷᠲᠤ ᠤᠳᠠᠭᠠᠨ ᠪᠠᠶᠢᠳᠠᠭ᠃ ᠬᠠᠭᠤᠷᠠᠶ ᠬᠦᠢᠲᠡᠨ ᠮᠣᠩᠭᠤᠯ ᠤᠨ ᠬᠦᠢᠲᠡᠨ ᠥᠨᠳᠥᠷ ᠳᠠᠷᠤᠯᠲᠠ ᠳᠤ ᠬᠢᠵᠠᠭᠠᠷᠯᠠᠭᠳᠠᠵᠤ᠂ ᠠᠭᠠᠷ ᠤᠨ ᠳᠤᠯᠠᠭᠠᠨ ᠮᠠᠰᠢ ᠳᠣᠣᠷ᠎ᠠ ᠪᠠᠶᠢᠳᠠᠭ᠃ ᠵᠢᠯ ᠤᠨ ᠳᠤᠮᠳᠠᠴᠢ ᠠᠭᠠᠷ ᠤᠨ ᠳᠤᠯᠠᠭᠠᠨ ᠨᠢ 2.2-5.9 ᠭᠷᠠᠳᠦ᠋ᠰ ᠤᠨ ᠬᠤᠭᠤᠷᠣᠨᠳᠣ ᠪᠠᠶᠢᠳᠠᠭ᠃ ᠡᠪᠦᠯ ᠤᠨ ᠤᠯᠠᠷᠢᠯ ᠳᠤ ᠬᠠᠬᠢᠷ ᠬᠦᠢᠲᠡᠨ ᠠᠭᠤᠷ ᠠᠮᠢᠰᠬᠤᠯ ᠣᠷᠳᠣ ᠪᠠᠶᠢᠵᠤ᠂ ᠳᠤᠮᠳᠠᠴᠢ ᠠᠭᠠᠷ ᠤᠨ ᠳᠤᠯᠠᠭᠠᠨ ᠨᠢ -10 ᠭᠷᠠᠳᠦ᠋ᠰ ᠠᠴᠠ ᠳᠣᠷᠣᠭᠰᠢ᠂ ᠲᠡᠭ ᠠᠴᠠ ᠳᠣᠷᠣᠭᠰᠢ 20 ᠭᠷᠠᠳᠦ᠋ᠰ ᠠᠴᠠ ᠳᠣᠷᠣᠭᠰᠢᠬᠢ ᠬᠠᠬᠢᠷ ᠬᠦᠢᠲᠡᠨ ᠡᠳᠦᠷ ᠤᠨ ᠲᠤᠭ᠎ᠠ ᠨᠢ ᠳᠤᠮᠳᠠᠴᠢ ᠪᠠᠷ 17-45 ᠡᠳᠦᠷ ᠪᠠᠶᠢᠳᠠᠭ︔ ᠬᠠᠪᠤᠷ ᠤᠨ ᠤᠯᠠᠷᠢᠯ ᠳᠤ ᠭᠠᠩ ᠬᠠᠭᠤᠷᠠᠶ ᠰᠠᠯᠬᠢ ᠶᠡᠬᠡᠲᠡᠶ᠂ ᠶᠡᠭᠡ ᠰᠠᠯᠬᠢ ᠲᠠᠢ ᠡᠳᠦᠷ ᠤᠨ ᠲᠤᠭ᠎ᠠ ᠨᠢ 9-17 ᠡᠳᠦᠷ ᠭᠥᠷᠳᠡᠭ︔ ᠵᠣᠨ ᠤ ᠤᠯᠠᠷᠢᠯ ᠣᠬᠤᠷ᠂ ᠴᠢᠭᠢᠭᠯᠢᠭ ᠬᠠᠯᠠᠭᠤᠨ᠂ ᠬᠤᠷ᠎ᠠ ᠲᠤᠨᠳᠠᠰᠤ ᠲᠥᠪᠯᠡᠷᠡᠵᠦ᠂ ᠳᠤᠮᠳᠠᠴᠢ ᠠᠭᠠᠷ ᠤᠨ ᠳᠤᠯᠠᠭᠠᠨ ᠨᠢ  16 . 5-19 . 9 ᠭᠷᠠᠳᠦ᠋ᠰ ᠤᠨ ᠬᠤᠭᠤᠷᠣᠨᠳᠣ ᠪᠠᠶᠢᠳᠠᠭ︔ ᠨᠠᠮᠤᠷ ᠤᠨ ᠤᠯᠠᠷᠢᠯ ᠴᠢᠭᠢᠭ ᠶᠡᠭᠡ᠂ ᠬᠢᠷᠠᠭᠤ ᠮᠠᠰᠢ ᠡᠷᠲᠡ ᠪᠠᠭᠤᠳᠠᠭ᠃ ᠵᠢᠯ ᠤᠨ ᠲᠤᠨᠳᠠᠰᠤᠨ ᠤ ᠬᠡᠮᠵᠢᠶ᠎ᠡ ᠨᠢ 319 . 9 - 409 . 6 ᠮᠢᠯᠢᠮᠧᠲᠷ ᠤᠨ ᠬᠤᠭᠤᠷᠣᠨᠳᠣ ᠪᠠᠶᠢᠵᠤ᠂ ᠡᠮᠦᠨᠡᠲᠦ ᠬᠡᠰᠡᠭ ᠨᠢ ᠤᠮᠠᠷᠠᠲᠤ ᠬᠡᠰᠡᠭ ᠠᠴᠠ ᠢᠯᠡᠭᠦᠦ᠂ ᠵᠡᠭᠦᠨ ᠬᠡᠰᠡᠭ ᠨᠢ ᠪᠠᠷᠠᠭᠤᠨ ᠬᠡᠰᠡᠭ ᠠᠴᠠ ᠢᠯᠡᠭᠦᠦ ᠪᠠᠶᠢᠳᠠᠭ᠃ ᠵᠢᠯ ᠤᠨ ᠳᠤᠮᠳᠠᠴᠢ ᠨᠡᠷᠡᠨ ᠤ ᠲᠤᠰᠤᠯᠲᠠ ᠶᠢᠨ ᠴᠠᠭ ᠨᠢ 2872-3085 ᠴᠠᠭ᠃ ᠡᠶᠢᠮᠦ ᠠᠴᠠ ᠤᠯᠠᠭᠠᠨᠴᠠᠪ ᠣᠷᠣᠨ ᠳᠤ ᠡᠪᠦᠯ ᠤᠨ ᠤᠯᠠᠷᠢᠯ ᠳᠤ ᠮᠥᠰᠥ ᠴᠠᠰᠤᠨ ᠤ ᠪᠠᠶᠢᠭᠠᠯᠢ ᠶᠢᠨ ᠭᠠᠮᠰᠢᠭ ᠮᠠᠰᠢ ᠠᠮᠠᠷᠬᠠᠨ ᠡᠭᠦᠰᠳᠡᠭ᠂ ᠬᠠᠪᠤᠷ ᠤᠨ ᠤᠯᠠᠷᠢᠯ ᠨᠢ ᠡᠯᠡᠰᠦᠨ ᠰᠢᠭᠤᠷᠭ᠎ᠠ ᠪᠠ ᠶᠡᠭᠡ ᠰᠠᠯᠬᠢ ᠲᠠᠢ ᠪᠠᠶᠢᠵᠤ᠂ ᠵᠣᠨ ᠤ ᠤᠯᠠᠷᠢᠯ ᠨᠢ ᠭᠠᠩ ᠬᠠᠭᠤᠷᠠᠶ ᠪᠠ ᠦᠶᠡᠷ ᠤᠰᠤᠲᠤᠯ ᠤᠨ ᠭᠠᠮᠰᠢᠭ ᠣᠯᠠᠨ ᠪᠠᠶᠢᠳᠠᠭ᠃      3.1.1.2 ᠤᠯᠠᠭᠠᠨᠴᠠᠪ ᠤᠨ ᠴᠠᠬᠢᠯᠭᠠᠨ ᠤ ᠲᠤᠤᠷ ᠤᠨ ᠪᠦᠷᠬᠦᠴᠡ ᠶᠢᠨ ᠬᠡᠪᠴᠢᠶ᠎ᠡ ᠶᠡᠭᠡ᠂ ᠬᠠᠷᠢᠶ᠎ᠠ ᠣᠷᠣᠨ ᠤ ᠳᠣᠲᠣᠷᠠᠬᠢ ᠶᠡᠭᠡ ᠬᠡᠮᠵᠢᠶᠡᠨ ᠤ ᠰᠠᠯᠬᠢᠨ ᠬᠦᠴᠦᠨ ᠤ ᠴᠠᠬᠢᠯᠭᠠᠨ᠂ ᠬᠡᠷᠡᠯ ᠴᠡᠨᠡᠭ ᠤᠨ ᠠᠵᠢᠯᠯᠠᠭᠠᠨ ᠨᠢ ᠴᠠᠭ ᠠᠭᠤᠷ ᠤᠨ ᠨᠥᠯᠥᠭᠡ ᠶᠢ ᠶᠡᠭᠡ ᠭᠥᠷᠳᠡᠵᠦ᠂ ᠭᠠᠵᠠᠷ ᠣᠷᠣᠨ ᠤ ᠴᠠᠬᠢᠯᠭᠠᠨ ᠤ ᠲᠤᠤᠷ ᠤᠨ ᠠᠮᠤᠷ ᠲᠦᠪᠰᠢᠨ ᠲᠣᠭᠲᠠᠭᠤᠨ ᠪᠠᠶᠢᠬᠤ ᠠᠰᠠᠭᠤᠳᠠᠯ ᠪᠠ ᠴᠠᠬᠢᠯᠭᠠᠨ ᠬᠦᠴᠦᠨ ᠤ ᠣᠷᠭᠢᠯ ᠤᠨ ᠦᠶ᠎ᠡ ᠶᠢᠨ ᠵᠥᠷᠢᠶ᠎ᠡ ᠨᠡᠯᠢᠶᠡᠳ ᠶᠡᠭᠡ ᠪᠠᠶᠢᠬᠤ ᠠᠰᠠᠭᠤᠳᠠᠯ ᠲᠣᠪᠤᠶᠢᠮ᠎ᠠ ᠪᠠᠶᠢᠵᠤ᠂ ᠰᠠᠭᠠᠳ ᠭᠠᠷᠤᠭᠰᠠᠨ ᠠᠷᠭ᠎ᠠ ᠮᠠᠶ᠋ᠢᠭ ᠤᠨ ᠳᠤᠤᠷᠠᠬᠢ ᠭᠠᠵᠠᠷ ᠣᠷᠣᠨ ᠤ ᠴᠠᠬᠢᠯᠭᠠᠨ ᠤ ᠲᠤᠤᠷ ᠤᠨ N - 1 ᠰᠠᠭᠠᠳ ᠤᠨ ᠲᠦᠭᠰᠢᠭᠦᠷᠢ ᠣᠷᠣᠰᠢᠵᠤ᠂ ᠭᠠᠵᠠᠷ ᠣᠷᠣᠨ ᠤ ᠴᠠᠬᠢᠯᠭᠠᠨ ᠤ ᠲᠤᠤᠷ ᠢ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠠᠨ᠎ᠠ︔      3.1.1.3 ᠤᠯᠠᠭᠠᠨᠴᠠᠪ ᠣᠷᠣᠨ ᠤ ᠴᠠᠬᠢᠯᠭᠠᠨ ᠤ ᠲᠣᠣᠷ ᠤᠨ ᠴᠠᠬᠢᠯᠭᠠᠨ ᠬᠦᠴᠦᠳᠡᠯ ᠤᠨ ᠳᠡᠰ ᠥᠨᠳᠥᠷ᠂ ᠴᠠᠬᠢᠯᠭᠠᠨ ᠤ ᠲᠣᠣᠷ ᠤᠨ ᠬᠡᠪᠴᠢᠶ᠎ᠡ ᠶᠡᠭᠡ᠂ ᠢᠯᠠᠩᠭᠤᠶ᠎ᠠ ᠹᠧᠩᠵᠧᠨ᠂ ᠡᠮᠦᠨᠡᠲᠦ ᠬᠤᠰᠢᠭᠤᠨ ᠤ ᠭᠠᠵᠠᠷ ᠣᠷᠣᠨ ᠤ ᠲᠦᠯᠬᠢᠭᠡᠨ ᠤ ᠤᠷᠤᠰᠬᠠᠯ ᠤᠨ ᠬᠦᠨᠳᠦ ᠠᠴᠢᠶᠠᠨ ᠤ ᠬᠦᠴᠦᠳᠡᠯ ᠥᠭᠡᠷᠡᠴᠢᠯᠡᠭᠴᠢ᠂ ᠵᠠᠮ ᠱᠤᠭᠤᠮ ᠨᠡᠯᠢᠶᠡᠳ ᠣᠯᠠᠨ ᠂ ᠠᠮᠤᠷ ᠲᠦᠪᠰᠢᠨ ᠲᠣᠭᠲᠠᠭᠤᠨ ᠡᠵᠡᠮᠰᠢᠯ ᠤᠨ ᠠᠷᠭ᠎ᠠ ᠪᠣᠳᠣᠯᠭ᠎ᠠ ᠪᠤᠳᠤᠯᠢᠶᠠᠨᠲᠠᠶ︔      3.1.1.4 ᠵᠡᠷᠯᠢᠭ ᠪᠠᠯᠠᠮᠠᠳ ᠢᠶᠠᠷ ᠪᠠᠷᠢᠯᠭ᠎ᠠ ᠪᠠᠷᠢᠬᠤ᠂ ᠬᠤᠶᠠᠳᠠᠬᠢ ᠰᠢᠰᠲ᠋ᠧᠮ ᠤᠨ ᠬᠠᠤᠯᠢ ᠪᠤᠰᠤ ᠪᠠᠷ ᠬᠠᠯᠳᠠᠨ ᠣᠷᠣᠬᠤ᠂ ᠭᠠᠯ ᠤᠨ ᠠᠶᠤᠯ ᠤᠨ ᠳᠡᠯᠪᠡᠷᠡᠯᠲᠡ᠂ ᠰᠦᠷᠳᠡᠭᠦᠯᠦᠯ ᠤᠨ ᠲᠠᠭᠠᠷᠢᠯᠲᠠ᠂ ᠬᠤᠯᠠᠭᠠᠶᠢᠯᠠᠬᠤ ᠵᠡᠷᠭᠡ ᠭᠠᠳᠠᠭᠠᠳᠤ ᠬᠦᠴᠦᠨ ᠤ ᠡᠪᠳᠡᠯᠡᠭᠡ ᠪᠤᠶᠤ ᠬᠦᠨᠳᠦ ᠶᠡᠭᠡ ᠨᠡᠶᠢᠭᠡᠮ ᠤᠨ ᠠᠮᠤᠷ ᠲᠦᠪᠰᠢᠨ ᠤ ᠬᠡᠷᠡᠭ ᠨᠢ ᠴᠠᠬᠢᠯᠭᠠᠨ ᠲᠤᠤᠷ ᠤᠨ ᠲᠥᠬᠦᠭᠡᠷᠦᠮᠵᠢ ᠳᠤ ᠬᠤᠬᠢᠷᠠᠯ ᠤᠴᠠᠷᠠᠭᠤᠯᠵᠤ ᠮᠡᠳᠡᠨ᠎ᠡ᠂ ᠴᠠᠬᠢᠯᠭᠠᠨ ᠲᠤᠤᠷ ᠤᠨ ᠠᠵᠢᠯ ᠤᠨ ᠡᠵᠡᠮᠳᠡᠯ ᠤᠨ ᠰᠢᠰᠲ᠋ᠧᠮ ᠨᠢ ᠰᠦᠯᠵᠢᠶᠡᠨ ᠤ ᠲᠠᠭᠠᠷᠢᠯᠲᠠ ᠳᠤ ᠤᠴᠠᠷᠠᠵᠤ ᠮᠡᠳᠡᠨ᠎ᠡ᠂ ᠴᠥᠮ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠵᠤ ᠮᠡᠳᠡᠨ᠎ᠡ︔      3.1.1.5 ᠬᠤᠲᠠ ᠶᠢᠨ ᠪᠦᠲᠦᠭᠡᠨ ᠪᠠᠶᠢᠭᠤᠯᠤᠯᠲᠠ ᠶᠡᠬᠡᠪᠡᠷ ᠬᠥᠭᠵᠢᠵᠦ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠣᠯᠤᠨ ᠴᠠᠬᠢᠯᠭᠠᠨ ᠤ ᠲᠤᠤᠷ ᠤᠨ ᠪᠦᠲᠦᠭᠡᠨ ᠪᠠᠶᠢᠭᠤᠯᠤᠯᠲᠠ ᠲᠦᠷᠭᠡᠨ ᠬᠥᠭᠵᠢᠬᠦ ᠱᠠᠲᠤᠨ ᠳᠤ ᠣᠷᠣᠰᠢᠵᠤ᠂ ᠲᠣᠬᠢᠷᠠᠭᠤᠯᠬᠤ ᠠᠴᠠ ᠪᠣᠯᠵᠤ ᠴᠠᠬᠢᠯᠭᠠᠨ ᠵᠣᠭᠰᠣᠬᠤ ᠪᠠ ᠪᠠᠶᠢᠴᠠᠭᠠᠨ ᠰᠡᠯᠪᠢᠬᠦ ᠠᠴᠠ ᠪᠣᠯᠵᠤ ᠴᠠᠬᠢᠯᠭᠠᠨ ᠵᠣᠭᠰᠣᠬᠤ ᠨᠢ᠂ ᠴᠠᠬᠢᠯᠭᠠᠨ ᠤ ᠲᠤᠤᠷ ᠢ ᠣᠨᠴᠣᠭᠤᠶ ᠠᠷᠭ᠎ᠠ ᠮᠠᠶ᠋ᠢᠭ ᠢᠶᠠᠷ ᠠᠵᠢᠯᠯᠠᠭᠤᠯᠵᠤ᠂ ᠠᠵᠢᠯᠯᠠᠭᠠᠨ ᠤ ᠨᠠᠶᠢᠳᠠᠪᠤᠷᠢᠲᠤ ᠴᠢᠨᠠᠷ ᠢ ᠪᠠᠭᠤᠷᠠᠭᠤᠯᠤᠨ᠂ ᠠᠮᠤᠷ ᠲᠦᠪᠰᠢᠨ ᠤ ᠭᠡᠨᠡᠨ ᠲᠦᠭᠰᠢᠭᠦᠷᠢ ᠶᠢ ᠨᠡᠮᠡᠭᠳᠡᠭᠦᠯᠵᠦ᠂ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠬᠤ ᠶᠠᠪᠤᠳᠠᠯ ᠢ ᠡᠭᠦᠰᠭᠡᠵᠦ ᠮᠡᠳᠡᠨ᠎ᠡ︔      3.1.1.6 ᠰᠢᠨ᠎ᠡ ᠡᠨᠧᠷᠭᠢ ᠶᠡᠭᠡ ᠬᠡᠪᠴᠢᠶ᠎ᠡ ᠪᠠᠷ ᠬᠥᠭᠵᠢᠵᠦ᠂ ᠰᠠᠯᠬᠢᠨ ᠬᠦᠴᠦᠨ ᠤ ᠴᠠᠬᠢᠯᠭᠠᠨ ᠭᠠᠷᠭᠠᠬᠤ ᠂ ᠨᠡᠷᠡᠨ ᠡᠨᠧᠷᠭᠢ ᠪᠠᠷ ᠴᠠᠬᠢᠯᠭᠠᠨ ᠭᠠᠷᠭᠠᠬᠤ ᠶᠢ ᠲᠥᠪᠯᠡᠷᠡᠭᠦᠯᠦᠨ ᠨᠡᠭᠡᠭᠡᠨ ᠬᠥᠭᠵᠢᠭᠦᠯᠦᠭᠰᠡᠨ ᠠᠴᠠ ᠪᠣᠯᠵᠤ᠂ ᠴᠠᠬᠢᠯᠭᠠᠨ ᠤ ᠲᠣᠣᠷ ᠤᠨ ᠠᠵᠢᠯᠯᠠᠭᠠᠨ ᠢ ᠡᠵᠡᠮᠳᠡᠬᠦ ᠬᠦᠴᠢᠷᠳᠡᠯ ᠪᠠ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠲᠦᠭᠰᠢᠭᠦᠷᠢ ᠶᠢ ᠢᠯᠡᠷᠬᠡᠶ ᠨᠡᠮᠡᠭᠳᠡᠭᠦᠯᠵᠦ᠂ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠬᠤ ᠶᠢ ᠡᠭᠦᠰᠭᠡᠵᠦ ᠮᠡᠳᠡᠨ᠎ᠡ      3.1.1.7 ᠬᠡᠰᠡᠭ ᠭᠠᠵᠠᠷ ᠤᠨ ᠴᠠᠬᠢᠯᠭᠠᠨ ᠤ ᠲᠤᠤᠷ ᠲᠤ N - 2 ᠤᠨ ᠭᠡᠮᠲᠦᠯ ᠪᠤᠶᠤ ᠪᠠᠶᠢᠴᠠᠭᠠᠨ ᠵᠠᠰᠠᠬᠤ ᠠᠷᠭ᠎ᠠ ᠮᠠᠶ᠋ᠢᠭ ᠤᠨ ᠳᠤᠤᠷ᠎ᠠ N - 1 ᠶᠢᠨ ᠭᠡᠮᠲᠦᠯ ᠭᠠᠷᠤᠭᠰᠠᠨ ᠪᠠᠶᠢᠳᠠᠯ ᠳᠤᠤᠷ᠎ᠠ᠂ ᠭᠠᠵᠠᠷ ᠣᠷᠣᠨ ᠤ ᠴᠠᠬᠢᠯᠭᠠᠨ ᠤ ᠲᠤᠤᠷ ᠢ ᠠᠯᠳᠠᠷᠠᠭᠠᠵᠤ᠂ ᠰᠢᠰᠲ᠋ᠧᠮ ᠤᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠶᠢᠨ ᠠᠷᠭ᠎ᠠ ᠥᠬᠡᠶ ᠪᠣᠯᠭᠠᠵᠤ ᠮᠡᠳᠡᠬᠦ ᠶᠢᠨ ᠤᠯᠠᠮ ᠠᠴᠠ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠬᠤ ᠪᠣᠯᠤᠨ᠎ᠠ︔      3.1.1.8 ᠠᠵᠢᠯᠯᠠᠭᠤᠯᠤᠭᠴᠢ ᠬᠠᠮᠠᠭᠠᠯᠠᠭᠴᠢ ᠠᠳᠡᠭᠦᠦ ᠠᠵᠢᠯᠯᠠᠭᠰᠠᠨ ᠪᠤᠶᠤ ᠲᠣᠬᠢᠷᠠᠭᠤᠯᠤᠭᠴᠢ ᠵᠣᠬᠢᠰ ᠥᠬᠡᠶ ᠰᠢᠶᠳᠪᠦᠷᠢᠯᠡᠭᠰᠡᠨ ᠵᠡᠷᠭᠡ ᠠᠴᠠ ᠪᠣᠯᠵᠣ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠵᠤ ᠮᠡᠳᠡᠨ᠎ᠡ︔      3.1.1.9 ᠪᠤᠰᠤᠳ ᠰᠢᠯᠲᠠᠭᠠᠨ ᠠᠴᠠ ᠪᠣᠯᠵᠣ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠵᠤ ᠮᠡᠳᠡᠨ᠎ᠡ᠃      3.1.2 ᠬᠤᠤᠷ ᠬᠥᠨᠥᠭᠡᠯ ᠤᠨ ᠬᠡᠮᠵᠢᠶᠡᠨ ᠤ ᠵᠠᠳᠠᠯᠤᠯᠲᠠ      ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠨᠢ ᠬᠤᠲᠠ ᠶᠢᠨ ᠠᠮᠢ ᠨᠠᠰᠤᠨ ᠤ ᠱᠤᠭᠤᠮ ᠤᠨ ᠬᠡᠪ ᠤᠨ ᠠᠵᠢᠯᠯᠠᠭᠠᠨ᠂ ᠦᠨᠳᠦᠰᠦᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠶᠯ ᠤᠨ ᠬᠠᠩᠭᠠᠯᠭ᠎ᠠ ᠶᠢ ᠨᠥᠯᠥᠭᠡᠯᠡᠵᠦ᠂ ᠬᠦᠨᠳᠦ ᠶᠡᠭᠡ ᠡᠭᠦᠰᠦᠮᠡᠯ ᠠᠳᠠᠯ ᠭᠠᠷᠴᠤ᠂ ᠯᠤᠲᠤ ᠶᠡᠭᠡ ᠨᠥᠯᠥᠭᠡ ᠦᠵᠡᠭᠦᠯᠬᠦ ᠪᠣᠯᠤᠨ᠎ᠠ᠃ ᠡᠭᠦᠨ ᠳᠤ ᠭᠤᠤᠯᠳᠠᠭᠤ ᠬᠤᠯᠪᠣᠭᠳᠠᠬᠤ ᠬᠦᠷᠢᠶ᠎ᠡ ᠬᠡᠪᠴᠢᠶ᠎ᠡ ᠭᠡᠪᠡᠯ᠄ ᠨᠠᠮ ᠵᠠᠰᠠᠭ ᠴᠡᠷᠢᠭ ᠤᠨ ᠪᠠᠶᠢᠭᠤᠯᠭ᠎ᠠ᠂ ᠮᠡᠳᠡᠭᠡ ᠬᠤᠯᠪᠣᠭ᠎ᠠ᠂ ᠤᠰᠤ ᠬᠠᠩᠭᠠᠬᠤ ᠤᠰᠤ ᠵᠠᠯᠠᠬᠤ᠂ ᠲᠦᠯᠡᠰᠢ ᠶᠢᠨ ᠬᠠᠩᠭᠠᠯᠭ᠎ᠠ᠂ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ᠂ ᠬᠥᠮᠦᠨ ᠬᠠᠷ᠎ᠠ ᠲᠥᠪᠯᠡᠷᠡᠭᠰᠡᠨ ᠣᠷᠣᠨ  ᠲᠣᠭᠤᠷᠢᠭ᠂ ᠷᠠᠳᠢᠣ᠋ ᠨᠡᠪᠲᠡᠷᠡᠭᠦᠯᠭᠡ ᠲᠧᠯᠸᠢᠰ᠂ ᠡᠮ ᠡᠮᠨᠡᠯᠭᠡ ᠡᠷᠡᠭᠦᠯ ᠬᠠᠮᠠᠭᠠᠯᠠᠯ᠂ ᠣᠷᠴᠢᠨ ᠲᠣᠭᠤᠷᠢᠨ᠂ ᠠᠵᠤ ᠦᠶᠯᠡᠳᠪᠦᠷᠢ ᠶᠢᠨ ᠦᠶᠯᠡᠳᠪᠦᠷᠢᠯᠡᠯ᠂ ᠮᠥᠩᠭᠦᠨ ᠭᠦᠶᠯᠭᠡᠭᠡ ᠵᠡᠷᠭᠡ ᠪᠣᠯᠤᠨ᠎ᠠ᠃ ᠡᠯ᠎ᠡ ᠬᠦᠷᠢᠶᠡᠨ ᠳᠤ ᠭᠠᠷᠴᠤ ᠮᠡᠳᠡᠬᠦ ᠨᠡᠶᠢᠲᠡᠯᠢᠭ ᠪᠠᠶᠢᠳᠠᠯ ᠳᠤ ᠪᠠᠭᠲᠠᠬᠤ ᠨᠢ᠄      ︵1︶ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠴᠡᠷᠢᠭ ᠠᠩᠭᠢ᠂ ᠳᠣᠲᠣᠭᠠᠳᠤ ᠶᠢ ᠬᠠᠮᠠᠭᠠᠯᠠᠬᠤ ᠵᠡᠷᠭᠡ ᠴᠢᠬᠤᠯᠠ ᠪᠠᠶᠢᠭᠤᠯᠤᠮᠵᠢ ᠶᠢᠨ ᠴᠠᠬᠢᠯᠭᠠᠨ ᠬᠦᠴᠦᠨ ᠤ ᠬᠠᠩᠭᠠᠯᠭ᠎ᠠ ᠶᠢ ᠲᠠᠰᠤᠯᠳᠠᠭᠤᠯᠵᠤ᠂ ᠲᠡᠭᠦᠨ ᠤ ᠬᠡᠪ ᠤᠨ ᠠᠵᠢᠯᠯᠠᠭ᠎ᠠ ᠶᠢ ᠨᠥᠯᠥᠭᠡᠯᠡᠵᠦ᠂ ᠨᠡᠶᠢᠭᠡᠮ ᠤᠨ ᠠᠮᠤᠷ ᠲᠦᠪᠰᠢᠨ ᠪᠠ ᠤᠯᠤᠰ ᠤᠨ ᠠᠮᠤᠷ ᠲᠦᠪᠰᠢᠨ ᠳᠤ ᠠᠰᠢᠭ ᠦᠭᠡᠢ ᠪᠣᠯᠭᠠᠬᠤ᠃      ︵2︶ ᠡᠯ᠎ᠡ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠪᠠᠶᠢᠭᠤᠯᠤᠮᠵᠢ᠄ ᠴᠠᠬᠢᠯᠭᠠᠨ ᠵᠣᠭᠰᠣᠪᠠᠯ ᠴᠢᠮᠡᠭᠡ ᠬᠤᠯᠪᠣᠭ᠎ᠠ ᠶᠢ ᠲᠠᠰᠤᠯᠳᠠᠭᠤᠯᠵᠤ᠂ ᠡᠯ᠎ᠡ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠪᠠᠶᠢᠭᠤᠯᠤᠮᠵᠢ ᠶᠢᠨ ᠬᠤᠭᠤᠷᠣᠨᠳᠣᠬᠢ ᠬᠠᠷᠢᠯᠴᠠᠭ᠎ᠠ ᠶᠢ ᠨᠥᠯᠥᠭᠡᠯᠡᠨ᠎ᠡ︔ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠮᠤᠷ ᠢ ᠬᠠᠮᠠᠭᠠᠯᠠᠬᠤ ᠰᠢᠰᠲ᠋ᠧᠮ ᠤᠨ ᠴᠢᠳᠠᠮᠵᠢ ᠬᠦᠴᠦᠨ ᠥᠬᠡᠶ ᠪᠣᠯᠬᠤ᠃      ︵3︶ ᠤᠰᠤᠨ ᠤ ᠶᠠᠪᠤᠳᠠᠯ᠂ ᠬᠤᠲᠠ ᠶᠢᠨ ᠶᠠᠪᠤᠳᠠᠯ᠄ ᠲᠦᠭᠡᠭᠡᠯ ᠤᠰᠤᠨ ᠤ ᠦᠶᠯᠡᠳᠪᠦᠷᠢ ᠶᠢᠨ ᠦᠢᠯᠡᠳᠪᠦᠷᠢᠯᠡᠯ ᠲᠠᠰᠤᠯᠳᠠᠵᠤ᠂ ᠬᠤᠲᠠ ᠶᠢᠨ ᠬᠡᠪ ᠤᠨ ᠤᠰᠤᠨ ᠤ ᠬᠠᠩᠭᠠᠯᠭ᠎ᠠ ᠨᠥᠯᠥᠭᠡᠯᠡᠭᠳᠡᠵᠦ᠂ ᠬᠤᠲᠠ ᠶᠢᠨ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤᠨ ᠤ ᠬᠡᠪ ᠤᠨ ᠬᠠᠩᠭᠠᠯᠭ᠎ᠠ ᠶᠢ ᠰᠢᠯᠵᠢᠭᠦᠯᠬᠦ ᠶᠢᠨ ᠠᠷᠭ᠎ᠠ ᠦᠭᠡᠢ ᠪᠣᠯᠭᠠᠬᠤ︔ ᠬᠤᠯᠪᠣᠭᠠᠨ ᠤ ᠮᠠᠰᠢᠨ ᠤ ᠭᠡᠷ᠂ ᠵᠢᠯᠣᠭᠤᠳᠬᠤ ᠰᠢᠰᠲ᠋ᠧᠮ ᠵᠡᠷᠭᠡ ᠣᠨᠴᠠᠭᠠᠢ ᠣᠷᠣᠨ ᠤ ᠠᠭᠠᠷ ᠲᠣᠬᠢᠷᠠᠯᠠᠭᠤᠷ ᠤᠨ ᠤᠰᠤ ᠬᠥᠷᠥᠭᠡᠬᠦ ᠰᠢᠰᠲ᠋ᠧᠮ ᠤᠨ ᠤᠰᠤ ᠳᠤᠲᠠᠪᠠᠯ ᠬᠡᠪ ᠢᠶᠠᠷ ᠠᠵᠢᠯᠯᠠᠬᠤ ᠶᠢᠨ ᠠᠷᠭ᠎ᠠ ᠦᠭᠡᠢ ᠪᠣᠯᠭᠠᠬᠤ︔ ᠬᠤᠲᠠ ᠶᠢᠨ ᠤᠰᠤ ᠭᠠᠳᠠᠭᠰᠢᠯᠠᠭᠤᠯᠬᠤ᠂ ᠪᠣᠬᠢᠷᠲᠤᠯ ᠭᠠᠳᠠᠭᠰᠢᠯᠠᠭᠤᠯᠬᠤ ᠰᠢᠰᠲ᠋ᠧᠮ ᠲᠠᠮᠪᠠᠷᠠᠵᠤ᠂ ᠬᠤᠲᠠ ᠶᠢᠨ ᠤᠰᠤᠲᠤᠯ ᠵᠢᠴᠢ ᠣᠷᠴᠢᠨ ᠲᠣᠭᠤᠷᠢᠨ ᠤ ᠪᠣᠬᠢᠷᠲᠤᠯ ᠤᠨ ᠡᠭᠦᠰᠦᠮᠡᠯ ᠭᠠᠮᠰᠢᠭ ᠢ ᠡᠭᠦᠰᠭᠡᠬᠦ᠃      ︵4︶ ᠬᠤᠲᠠ ᠶᠢᠨ ᠲᠣᠭᠤᠷᠢᠯ ᠵᠠᠮ ᠤᠨ ᠬᠠᠷᠢᠯᠴᠠᠭ᠎ᠠ᠄ ᠲᠣᠬᠢᠷᠠᠭᠤᠯᠬᠤ ᠮᠡᠳᠡᠭᠡ ᠬᠤᠯᠪᠣᠭᠠᠨ ᠤ ᠰᠢᠰᠲ᠋ᠧᠮ ᠂ ᠤᠰᠤ ᠲᠠᠲᠠᠷᠠᠭᠤᠯᠬᠤ ᠰᠢᠰᠲ᠋ᠧᠮ᠂ ᠰᠠᠯᠬᠢ ᠨᠡᠪᠲᠡᠷᠡᠭᠦᠯᠬᠦ ᠰᠢᠰᠲ᠋ᠧᠮ᠂ ᠠᠵᠢᠯᠯᠠᠬᠤ ᠪᠠᠨ ᠵᠣᠭᠰᠣᠬᠤ︔ ᠭᠠᠯᠲᠤ ᠲᠡᠷᠭᠡ ᠵᠣᠭᠰᠣᠵᠤ ᠠᠶᠠᠨᠴᠢᠳ ᠶᠡᠭᠡ ᠬᠡᠮᠵᠢᠶ᠎ᠡ ᠪᠠᠷ ᠴᠤᠭᠯᠠᠷᠠᠬᠤ᠃      ︵5︶ ᠲᠡᠮᠦᠷ ᠵᠠᠮ᠄ ᠭᠠᠯᠲᠤ ᠲᠡᠷᠭᠡᠨ ᠤ ᠥᠷᠲᠡᠭᠡ᠂ ᠲᠡᠮᠦᠷ ᠵᠠᠮ ᠤᠨ ᠠᠶᠠᠯᠠᠯ ᠤᠨ ᠱᠤᠭᠤᠮ ᠴᠠᠬᠢᠯᠭᠠᠨ ᠵᠣᠭᠰᠣᠵᠤ᠂ ᠭᠠᠯᠲᠤ ᠲᠡᠷᠭᠡ ᠠᠶᠠᠯᠠᠬᠤ ᠪᠠᠨ ᠵᠣᠭᠰᠣᠵᠤ᠂ ᠵᠠᠮ ᠳᠠᠭᠠᠤ ᠶᠢᠨ ᠲᠡᠷᠭᠡᠨ ᠥᠷᠲᠡᠭᠡᠨ ᠳᠤ ᠬᠥᠮᠦᠰ ᠴᠤᠭᠯᠠᠷᠠᠬᠤ︔ ᠠᠮᠤᠷ ᠲᠦᠪᠰᠢᠨ ᠤ ᠪᠠᠶᠢᠴᠠᠭᠠᠯᠲᠠ ᠶᠢᠨ ᠰᠢᠰᠲ᠋ᠧᠮ᠂ ᠪᠢᠯᠧᠲ ᠬᠤᠳᠠᠯᠳᠤᠬᠤ ᠰᠢᠰᠲ᠋ᠧᠮ᠂ ᠪᠢᠯᠧᠲ ᠪᠠᠶᠢᠴᠠᠭᠠᠬᠤ ᠰᠢᠰᠲ᠋ᠧᠮ᠂ ᠲᠡᠮᠦᠷ ᠵᠠᠮ ᠤᠨ ᠠᠶᠠᠯᠠᠯ ᠤᠨ ᠲᠣᠬᠢᠷᠠᠭᠤᠯᠤᠯᠲᠠ ᠶᠢᠨ ᠰᠢᠰᠲ᠋ᠧᠮ ᠬᠡᠪ ᠢᠶᠠᠷ ᠠᠵᠢᠯᠯᠠᠵᠤ ᠳᠡᠶᠢᠯᠬᠦ ᠥᠬᠡᠶ ᠪᠣᠯᠬᠤ᠃      ︵6︶ ᠵᠠᠰᠠᠮᠠᠯ ᠵᠠᠮ᠄ ᠲᠦᠷᠭᠡᠨ ᠤ ᠵᠠᠮ ᠤᠨ ᠰᠦᠢᠳᠬᠡᠯ ᠬᠤᠷᠢᠶᠠᠬᠤ ᠠᠵᠢᠯ ᠨᠥᠯᠥᠭᠡᠯᠡᠭᠳᠡᠵᠦ᠂ ᠲᠦᠷᠭᠡᠨ ᠤ ᠵᠠᠮ ᠤᠨ ᠲᠦᠭᠵᠢᠷᠡᠯ ᠢ ᠡᠭᠦᠰᠭᠡᠵᠦ ᠮᠡᠳᠡᠬᠦ᠃      ︵7︶ ᠬᠤᠲᠠ ᠶᠢᠨ ᠵᠠᠮ ᠬᠠᠷᠢᠯᠴᠠᠭ᠎ᠠ᠄ ᠬᠤᠲᠠ ᠶᠢᠨ ᠵᠠᠮ ᠬᠠᠷᠢᠯᠴᠠᠭᠠᠨ ᠤ ᠬᠢᠨᠠᠨ ᠡᠵᠡᠮᠰᠢᠬᠦ ᠰᠢᠰᠲ᠋ᠧᠮ ᠵᠢᠴᠢ ᠵᠢᠭᠠᠬᠤ ᠳ᠋ᠧᠩ ᠠᠵᠢᠯᠯᠠᠬᠤ ᠪᠠᠨ ᠵᠣᠭᠰᠣᠵᠤ᠂ ᠵᠠᠮ ᠳᠡᠭᠡᠷ᠎ᠡ ᠲᠦᠭᠵᠢᠷᠡᠬᠦ ᠪᠠᠶᠢᠳᠠᠯ ᠭᠠᠷᠬᠤ᠃      ︵8︶ ᠠᠷᠠᠳ ᠤᠨ ᠠᠭᠠᠷ ᠤᠨ ᠲᠡᠭᠡᠭᠡᠪᠦᠷᠢ᠄ ᠨᠢᠰᠬᠡᠯ ᠤᠨ ᠪᠠᠭᠤᠳᠠᠯ ᠬᠢᠭᠡᠳ ᠬᠤᠲᠠ ᠶᠢᠨ ᠬᠤᠭᠤᠷᠣᠨᠳᠣᠬᠢ ᠵᠠᠮ ᠤᠨ ᠳᠡᠭᠡᠷ᠎ᠡ ᠳᠤ ᠵᠠᠮ ᠬᠠᠷᠢᠯᠴᠠᠭ᠎ᠠ ᠡᠮᠬᠢ ᠵᠠᠮᠪᠠᠷᠠᠭ᠎ᠠ ᠦᠭᠡᠶ ᠪᠣᠯᠵᠤ᠂ ᠣᠯᠠᠨ ᠨᠡᠶᠢᠲᠡ ᠶᠢᠨ ᠵᠠᠮ ᠬᠠᠷᠢᠯᠴᠠᠭ᠎ᠠ ᠵᠡᠷᠭᠡ ᠶᠢᠨ ᠬᠦᠯᠢᠶᠡᠨ ᠠᠪᠬᠤ ᠴᠢᠳᠠᠮᠵᠢ ᠬᠦᠴᠦᠨ ᠦᠭᠡᠶ ᠪᠣᠯᠵᠤ᠂ ᠬᠥᠮᠦᠰ ᠨᠢᠰᠬᠡᠯ ᠤᠨ ᠪᠠᠭᠤᠳᠠᠯ ᠳᠤ ᠰᠠᠭᠠᠲᠠᠬᠤ᠃      ︵9︶ ᠡᠳ᠋ ᠪᠣᠳᠠᠰ᠄ ᠤᠷᠳᠤ ᠬᠤᠭᠤᠴᠠᠭ᠎ᠠ ᠪᠠᠷ ᠴᠠᠬᠢᠯᠭᠠᠨ ᠵᠣᠭᠰᠣᠭᠰᠠᠨ ᠪᠠᠶᠢᠳᠠᠯ ᠳᠣᠣᠷ᠎ᠠ᠂ ᠡᠳ᠋ ᠪᠣᠳᠠᠰ ᠤᠨ ᠬᠠᠩᠭᠠᠯᠭ᠎ᠠ ᠳᠤ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ ᠪᠠᠶᠢᠳᠠᠯ ᠣᠷᠣᠰᠢᠵᠤ᠂ ᠬᠠᠩᠭᠠᠯᠭ᠎ᠠ ᠨᠢ ᠬᠡᠷᠡᠭᠴᠡᠭᠡ ᠳᠡᠭᠡᠨ ᠬᠦᠷᠬᠦ ᠦᠭᠡᠢ᠂ ᠪᠠᠷᠠᠭᠠᠨ ᠤ ᠦᠨ᠎ᠡ ᠥᠰᠬᠦ᠂ ᠵᠠᠪᠳᠤᠨ ᠬᠤᠳᠠᠯᠳᠤᠨ ᠠᠪᠬᠤ ᠴᠢᠨᠠᠭᠰᠢᠯᠠᠪᠠᠯ ᠳᠡᠭᠡᠷᠡᠮᠳᠡᠬᠦ ᠪᠠᠶᠢᠳᠠᠯ ᠭᠠᠷᠴᠤ ᠮᠡᠳᠡᠬᠦ︔ ᠬᠦᠢᠲᠡᠨ ᠬᠥᠮᠥᠷᠭᠡ ᠳᠤ ᠬᠠᠳᠠᠭᠠᠯᠠᠭᠰᠠᠨ ᠢᠳᠡᠭᠡᠨ ᠨᠢ ᠴᠢᠨᠠᠷ ᠬᠤᠪᠢᠷᠠᠵᠤ ᠢᠯᠵᠠᠷᠠᠬᠤ ᠮᠠᠭᠠᠳ᠃      ︵10︶ ᠲᠤᠰᠤ ᠬᠠᠩᠭᠠᠯᠲᠠ᠄ ᠦᠢᠯᠡᠳᠪᠦᠷᠢᠯᠡᠯ ᠤᠨ ᠰᠢᠰᠲ᠋ᠧᠮ ᠳᠤ ᠭᠠᠯ ᠤᠨ ᠠᠶᠤᠯ᠂ ᠳᠡᠯᠪᠡᠷᠡᠯᠲᠡ ᠵᠡᠷᠭᠡ ᠡᠭᠦᠰᠦᠮᠡᠯ ᠠᠳᠡᠯ ᠭᠠᠷᠴᠤ ᠮᠡᠳᠡᠬᠦ︔ ᠪᠣᠷᠣᠯᠠᠭᠤᠯᠭ᠎ᠠ ᠶᠢᠨ ᠰᠢᠰᠲ᠋ᠧᠮ ᠴᠠᠬᠢᠯᠭᠠᠨ ᠵᠣᠭᠰᠣᠭᠰᠠᠨ ᠠᠴᠠ ᠪᠣᠯᠵᠤ ᠲᠤᠬᠠᠶᠢᠯᠠᠭᠰᠠᠨ ᠠᠵᠢᠯ ᠨᠢ ᠲᠠᠰᠤᠷᠠᠬᠤ᠃      ︵11︶ ᠨᠡᠶᠢᠲᠡ ᠶᠢᠨ ᠰᠦᠯᠵᠢᠶ᠎ᠡ ᠶᠢᠨ ᠴᠢᠮᠡᠭᠡ ᠬᠤᠯᠪᠣᠭ᠎ᠠ᠄ ᠴᠢᠮᠡᠭᠡ ᠬᠤᠯᠪᠣᠭᠠᠨ ᠤ ᠮᠠᠰᠢᠨ ᠤ ᠬᠦᠢᠰᠦ ᠥᠷᠥᠭᠡ ᠴᠠᠬᠢᠯᠭᠠᠨ᠂ ᠤᠰᠤ ᠵᠣᠭᠰᠣᠬᠤ ᠠᠴᠠ ᠪᠣᠯᠵᠣ ᠠᠵᠢᠯᠯᠠᠬᠤ ᠪᠠᠨ ᠵᠣᠭᠰᠤᠬᠤ︔ ᠣᠯᠠᠩᠬᠢ ᠰᠠᠭᠤᠷᠢ ᠥᠷᠲᠡᠭᠡ ᠴᠠᠬᠢᠯᠭᠠᠨ ᠵᠣᠭᠰᠣᠵᠤ᠂ ᠨᠡᠶᠢᠲᠡ ᠶᠢᠨ ᠰᠦᠯᠵᠢᠶᠡᠨ ᠤ ᠴᠢᠮᠡᠭᠡ ᠬᠤᠯᠪᠣᠭ᠎ᠠ ᠶᠡᠭᠡ ᠬᠡᠪᠴᠢᠶ᠎ᠡ ᠪᠠᠷ ᠲᠠᠰᠤᠷᠠᠬᠤ᠃      ︵12︶ ᠡᠮᠨᠡᠯᠭᠡ ᠶᠢᠨ ᠬᠤᠷᠢᠶ᠎ᠠ᠄ ᠮᠡᠰᠡ ᠵᠠᠰᠠᠯ᠂ ᠴᠢᠬᠤᠯᠠ ᠪᠦᠬᠦᠢ ᠡᠮᠴᠢᠯᠡᠭᠡ ᠪᠠ ᠪᠠᠶᠢᠴᠠᠭᠠᠬᠤ ᠪᠠᠭᠠᠵᠢ᠂ ᠲᠦᠷᠭᠡᠨ ᠠᠪᠤᠷᠠᠯᠲᠠ ᠵᠡᠷᠭᠡ ᠠᠵᠢᠯ ᠨᠢ ᠴᠠᠬᠢᠯᠭᠠᠨ ᠵᠣᠭᠰᠣᠭᠰᠠᠨ ᠠᠴᠠ ᠨᠥᠯᠥᠭᠡᠯᠡᠭᠳᠡᠬᠦ︔ ᠡᠮᠨᠡᠯᠭᠡ ᠶᠢᠨ ᠬᠤᠷᠢᠶᠠᠨ ᠤ ᠳ᠋ᠦᠩᠨᠡᠨ ᠪᠤᠳᠤᠬᠤ ᠰᠢᠰᠲ᠋ᠧᠮ᠂ ᠡᠮ ᠡᠮᠨᠡᠯᠭᠡ ᠶᠢᠨ ᠳᠠᠭᠠᠳᠬᠠᠯ ᠤᠨ ᠰᠢᠰᠲ᠋ᠧᠮ᠂ ᠡᠮ ᠬᠤᠳᠠᠯᠳᠤᠬᠤ ᠰᠢᠰᠲ᠋ᠧᠮ ᠢ ᠳ᠋ᠦᠩᠨᠡᠨ ᠪᠤᠳᠤᠬᠤ ᠲᠥᠪ ᠤᠨ ᠴᠠᠬᠢᠯᠭᠠᠨ ᠵᠣᠭᠰᠣᠭᠰᠠᠨ ᠠᠴᠠ ᠪᠣᠯᠵᠣ ᠬᠡᠪ ᠢᠶᠠᠷ ᠬᠡᠷᠡᠭᠯᠡᠵᠦ ᠳᠡᠶᠢᠯᠬᠦ ᠥᠬᠡᠶ ᠪᠣᠯᠬᠤ︔ ᠬᠦᠢᠲᠡᠨ ᠢᠶᠠᠷ ᠬᠠᠳᠠᠭᠠᠯᠠᠬᠤ ᠴᠢᠬᠤᠯᠠᠲᠠᠶ ᠡᠮ ᠢ ᠬᠠᠳᠠᠭᠠᠯᠠᠬᠤ ᠶᠢᠨ ᠠᠷᠭ᠎ᠠ ᠦᠭᠡᠢ ᠪᠣᠯᠬᠤ᠃      ︵13︶ ᠮᠥᠩᠭᠦᠨ ᠭᠦᠢᠯᠭᠡᠭᠡ᠄ ᠪᠠᠶᠢᠭᠤᠯᠤᠮᠵᠢ ᠶᠢᠨ ᠬᠤᠭᠤᠷᠣᠨᠳᠣᠬᠢ ᠴᠢᠮᠡᠭᠡ ᠬᠤᠯᠪᠣᠭ᠎ᠠ ᠲᠠᠰᠤᠷᠠᠬᠤ᠂ ᠳ᠋ᠦᠩᠨᠡᠨ ᠪᠤᠳᠤᠬᠤ ᠵᠢᠴᠢ ᠪᠤᠰᠤᠳ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠢ ᠬᠢᠬᠦ ᠶᠢᠨ ᠠᠷᠭ᠎ᠠ ᠦᠭᠡᠢ ᠪᠣᠯᠭᠠᠬᠤ᠃      ︵14︶ ᠰᠤᠷᠭᠠᠨ ᠬᠥᠮᠦᠵᠢᠯ᠄ ᠣᠷᠳᠣ ᠬᠤᠭᠤᠴᠠᠭ᠎ᠠ ᠪᠠᠷ ᠴᠠᠬᠢᠯᠭᠠᠨ ᠵᠣᠭᠰᠣᠬᠤ᠂ ᠤᠰᠤ ᠵᠣᠭᠰᠣᠬᠤ ᠠᠴᠠ ᠪᠣᠯᠵᠣ ᠰᠤᠷᠭᠠᠭᠤᠯᠢ ᠶᠢᠨ ᠬᠤᠭᠤᠯᠠᠨ ᠬᠡᠷ ᠠᠵᠢᠯᠯᠠᠬᠤ ᠶᠢᠨ ᠠᠷᠭ᠎ᠠ ᠥᠬᠡᠶ ᠪᠣᠯᠵᠣ᠂ ᠰᠤᠷᠤᠭᠴᠢᠳ ᠢ ᠬᠤᠭᠤᠯᠠ ᠢᠳᠡᠬᠦ ᠳᠤ ᠬᠦᠴᠢᠷᠳᠡᠭᠦᠯᠵᠦ᠂ ᠵᠢᠭᠠᠨ ᠰᠤᠷᠭᠠᠯᠲᠠ ᠶᠢᠨ ᠡᠮᠬᠢ ᠳᠢᠭᠯᠢᠮ ᠨᠥᠯᠥᠭᠡᠯᠡᠭᠳᠡᠵᠦ  ᠮᠡᠳᠡᠬᠦ᠃      ︵15︶ ᠭᠠᠯ ᠤᠨᠲᠠᠷᠠᠭᠠᠬᠤ᠄ ᠥᠨᠳᠥᠷ ᠠᠰᠠᠷ ᠤᠨ ᠴᠠᠬᠢᠯᠭᠠᠨ ᠱᠠᠲᠤ ᠠᠵᠢᠯᠯᠠᠬᠤ ᠪᠠᠨ ᠵᠣᠭᠰᠣᠪᠠᠯ᠂ ᠶᠡᠭᠡ ᠬᠡᠮᠵᠢᠶᠡᠨ ᠤ ᠬᠥᠮᠦᠨ ᠬᠤᠷᠢᠭᠳᠠᠵᠤ ᠮᠡᠳᠡᠬᠦ︔ ᠭᠠᠯ ᠤᠨ ᠠᠶᠤᠯ ᠵᠡᠷᠭᠡ ᠡᠭᠦᠰᠦᠮᠡᠯ ᠠᠳᠡᠯ ᠭᠠᠷᠴᠤ ᠮᠡᠳᠡᠬᠦ᠃      ︵16︶ ᠰᠢᠲᠠᠮᠠᠬᠠᠶ ᠬᠡᠢ᠄ ᠬᠡᠪ ᠤᠨ ᠶᠣᠰᠤᠨ ᠤ ᠦᠢᠯᠡᠳᠪᠦᠷᠢᠯᠡᠯ ᠨᠢ ᠲᠠᠰᠤᠷᠠᠬᠤ᠂ ᠳᠠᠷᠤᠯᠲᠠ ᠨᠡᠮᠡᠬᠦ ᠥᠷᠲᠡᠭᠡ ᠠᠵᠢᠯᠯᠠᠬᠤ ᠪᠠᠨ ᠵᠣᠭᠰᠣᠬᠤ᠂ ᠰᠢᠲᠠᠮᠠᠬᠠᠶ ᠬᠡᠢ ᠪᠠᠷ ᠬᠥᠳᠡᠯᠭᠡᠬᠦ ᠬᠦᠴᠦᠨ ᠪᠣᠯᠭᠠᠭᠰᠠᠨ ᠬᠡᠰᠡᠭ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠢ ᠨᠥᠯᠥᠭᠡᠯᠡᠬᠦ᠂ ᠬᠤᠲᠠ ᠶᠢᠨ ᠠᠷᠠᠳ ᠤᠨ ᠬᠡᠪ ᠤᠨ ᠠᠮᠢᠳᠤᠷᠠᠯ ᠢ ᠨᠥᠯᠥᠭᠡᠯᠡᠬᠦ᠃      ︵17︶ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠬᠠᠶᠢᠯᠤᠭᠤᠯᠬᠤ᠂ ᠨᠡᠭᠦᠷᠡᠰᠦᠨ ᠠᠭᠤᠷᠬᠠᠢ᠂ ᠨᠡᠭᠦᠷᠡᠰᠦᠨ ᠤ ᠪᠤᠰᠤ ᠠᠭᠤᠷᠬᠠᠢ ᠵᠡᠷᠭᠡ ᠠᠶᠤᠯ ᠶᠡᠬᠡᠲᠡᠢ ᠬᠡᠷᠡᠭᠯᠡᠭᠴᠢᠳ ᠤᠨ ᠴᠠᠬᠢᠯᠭᠠᠨ ᠬᠦᠴᠦᠨ ᠤ ᠬᠠᠩᠭᠠᠯᠭ᠎ᠠ ᠶᠢ ᠲᠠᠰᠤᠯᠳᠠᠭᠤᠯᠵᠤ᠂ ᠦᠢᠯᠡᠳᠪᠦᠷᠢᠯᠡᠯ ᠡᠵᠡᠩᠨᠡᠯᠲᠡ ᠶᠢᠨ ᠠᠳᠡᠯ ᠵᠢᠴᠢ ᠡᠭᠦᠰᠦᠮᠡᠯ ᠭᠠᠢ ᠭᠠᠮᠰᠢᠭ ᠢ ᠪᠣᠢ ᠪᠣᠯᠭᠠᠬᠤ᠃      ︵18︶ ᠷᠠᠳᠢᠣ᠋ ᠨᠡᠪᠲᠡᠷᠡᠭᠦᠯᠭᠡ ᠲᠧᠯᠸᠢᠰ᠄ ᠷᠠᠳᠢᠣ᠋ ᠨᠡᠪᠲᠡᠷᠡᠭᠦᠯᠭᠡ ᠲᠧᠯᠸᠢᠰ ᠤᠨ ᠲᠤᠬᠢᠶ᠎ᠠ ᠳᠠᠮᠵᠢᠭᠤᠯᠭ᠎ᠠ ᠲᠠᠰᠤᠯᠳᠠᠵᠤ᠂ ᠣᠳᠣᠬᠠᠨ ᠤ ᠰᠢᠨ᠎ᠡ ᠵᠠᠭᠤᠴᠢᠯᠠᠭᠤᠷ ᠤᠨ ᠴᠠᠭ ᠦᠶ᠎ᠡ ᠳᠤ ᠲᠦᠢᠯ ᠤᠨ ᠠᠮᠠᠷᠬᠠᠨ ᠢᠶᠠᠷ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠠᠯᠠᠮᠰᠢᠯ ᠴᠡᠭ ᠪᠣᠯᠬᠤ︔ ᠣᠯᠠᠨ ᠨᠡᠶᠢᠲᠡ ᠦᠨᠡᠨ ᠪᠠᠶᠢᠳᠠᠯ ᠢ ᠮᠡᠳᠡᠬᠦ ᠦᠭᠡᠶ ᠪᠠᠶᠢᠳᠠᠯ ᠳᠣᠣᠷ᠎ᠠ᠂ ᠬᠡᠷᠪᠡ ᠪᠤᠷᠤᠭᠤ ᠶᠠᠷᠢᠶ᠎ᠠ ᠬᠡᠯᠡᠯᠴᠡᠭᠡ ᠪᠠᠶᠢᠪᠠᠯ ᠣᠯᠠᠨ ᠨᠡᠶᠢᠲᠡ ᠶᠢ ᠭᠡᠯᠮᠡᠭᠳᠡᠭᠦᠯᠵᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠵᠦ ᠮᠡᠳᠡᠬᠦ᠃      3.2 ᠬᠢᠨᠠᠨ ᠬᠡᠮᠵᠢᠯᠲᠡ      ᠴᠠᠬᠢᠯᠭᠠᠨ ᠬᠦᠴᠦᠨ ᠤ ᠠᠵᠤ ᠠᠬᠤᠶᠢᠯᠠᠯ ᠨᠢ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠬᠤ ᠭᠡᠨᠡᠨ ᠲᠦᠭᠰᠢᠭᠦᠷᠢ ᠶᠢ ᠬᠢᠨᠠᠨ ᠬᠡᠮᠵᠢᠬᠦ ᠠᠵᠢᠯ ᠢ ᠬᠠᠷᠢᠭᠤᠴᠠᠨ᠎ᠠ᠃ ᠬᠢᠨᠠᠨ ᠬᠡᠮᠵᠢᠬᠦ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠮᠡᠷᠭᠡᠵᠢᠯ ᠤᠨ ᠡᠬᠢ ᠪᠠᠶᠠᠯᠢᠭ ᠢ ᠴᠤᠭᠯᠠᠭᠤᠯᠬᠤ ᠪᠠ ᠴᠠᠬᠢᠯᠭᠠᠨ ᠬᠦᠴᠦᠨ ᠤ ᠴᠢᠬᠤᠯᠠ ᠪᠡᠯᠡᠳᠬᠡᠮᠵᠢ ᠲᠥᠬᠦᠭᠡᠷᠦᠮᠵᠢ ᠶᠢᠨ ᠠᠵᠢᠯᠯᠠᠭᠠᠨ᠂ ᠴᠠᠬᠢᠯᠭᠠᠨ ᠭᠠᠷᠭᠠᠬᠤ ᠲᠦᠯᠡᠰᠢ ᠶᠢᠨ ᠬᠠᠩᠭᠠᠯᠭ᠎ᠠ ᠵᠡᠷᠭᠡ ᠪᠠᠶᠢᠳᠠᠯ ᠢ ᠬᠢᠨᠠᠨ ᠬᠡᠮᠵᠢᠵᠦ᠂ ᠴᠠᠭ ᠠᠭᠤᠷ᠂ ᠤᠰᠤᠨ ᠠᠰᠢᠭᠯᠠᠯᠲᠠ᠂ ᠣᠶ ᠰᠢᠭᠤᠶ᠂ ᠭᠠᠵᠠᠷ ᠬᠥᠳᠡᠯᠦᠯᠲᠡ᠂ ᠳᠣᠲᠣᠭᠠᠳᠤ ᠶᠢ ᠬᠠᠮᠠᠭᠠᠯᠠᠬᠤ᠂ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠪᠠᠶᠢᠭᠠᠯᠢ ᠶᠢᠨ ᠡᠬᠢ ᠪᠠᠶᠠᠯᠢᠭ᠂ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠭᠤᠯᠤᠯᠲᠠ ᠵᠡᠷᠭᠡ ᠰᠠᠯᠠᠭ᠎ᠠ ᠮᠥᠴᠢᠷ ᠯᠦᠭᠡ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂ ᠪᠠᠶᠢᠭᠠᠯᠢ ᠶᠢᠨ ᠭᠠᠮᠰᠢᠭ᠂ ᠲᠥᠬᠦᠭᠡᠷᠦᠮᠵᠢ ᠶᠢᠨ ᠠᠵᠢᠯᠯᠠᠭᠠᠨ᠂ ᠴᠠᠬᠢᠯᠭᠠᠨ ᠲᠣᠣᠷ ᠤᠨ ᠠᠵᠢᠯᠯᠠᠭᠠᠨ᠂ ᠭᠠᠳᠠᠭᠠᠳᠤ ᠬᠦᠴᠦᠨ ᠤ ᠡᠪᠳᠡᠯᠡᠭᠡ᠂ ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢ ᠶᠢᠨ ᠡᠪᠳᠡᠯᠡᠭᠡ ᠵᠡᠷᠭᠡ ᠡᠯ᠎ᠡ ᠲᠥᠷᠥᠯ ᠤᠨ ᠪᠠᠶᠢᠳᠠᠯ ᠤᠨ ᠴᠠᠬᠢᠯᠭᠠᠨ ᠬᠦᠴᠦᠨ ᠤ ᠠᠵᠢᠯᠯᠠᠭᠠᠨ ᠳᠤ ᠤᠴᠠᠷᠠᠭᠤᠯᠵᠤ ᠮᠡᠳᠡᠬᠦ ᠨᠥᠯᠥᠭᠡ ᠶᠢ ᠴᠠᠭ ᠲᠤᠬᠠᠶ ᠳᠤᠨᠢ ᠴᠤᠭᠯᠠᠭᠤᠯᠤᠨ᠂ ᠵᠠᠳᠠᠯᠵᠤ᠂ ᠨᠥᠯᠥᠭᠡᠯᠡᠵᠦ ᠮᠡᠳᠡᠬᠦ ᠬᠡᠪᠴᠢᠶ᠎ᠡ ᠪᠣᠯᠤᠨ ᠬᠡᠮᠵᠢᠶ᠎ᠡ ᠶᠢ ᠤᠷᠢᠳᠴᠢᠯᠠᠨ ᠵᠢᠱᠢᠬᠦ ᠬᠡᠷᠡᠭᠲᠡᠶ᠃      3.3 ᠰᠡᠷᠡᠮᠵᠢᠯᠡᠭᠦᠯᠦᠯ      3.3.1 ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ      ᠴᠠᠬᠢᠯᠭᠠᠨ ᠬᠦᠴᠦᠨ ᠤ ᠠᠵᠤ ᠠᠬᠤᠶᠢᠯᠠᠯ ᠨᠢ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠭᠠᠷᠴᠤ ᠮᠡᠳᠡᠬᠦ ᠶᠢ ᠰᠤᠳᠤᠯᠤᠨ ᠮᠠᠭᠠᠳᠯᠠᠭᠰᠠᠨ ᠪᠠᠶᠢᠪᠠᠯ᠂ ᠴᠠᠭ ᠲᠤᠬᠠᠶ ᠳᠤᠨᠢ ᠬᠤᠯᠪᠣᠭᠳᠠᠯ ᠪᠥᠬᠦᠶ ᠪᠠᠶᠢᠳᠠᠯ ᠢ ᠨᠥᠯᠥᠭᠡᠯᠡᠭᠳᠡᠭᠰᠡᠨ ᠣᠷᠣᠨ ᠤ ᠬᠤᠰᠢᠭᠤ ᠰᠢᠶᠠᠨ ᠬᠤᠲᠠ ︵ᠲᠣᠭᠤᠷᠢᠭ︶ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠵᠦ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠰᠠᠨᠠᠭᠤᠯᠭ᠎ᠠ ᠳᠤᠷᠠᠳᠬᠤ ᠶᠢᠨ ᠬᠠᠮᠲᠤ᠂ ᠪᠠᠶᠢᠳᠠᠯ ᠢ ᠨᠢ ᠦᠵᠡᠵᠦ ᠪᠠᠶᠢᠭᠠᠳ ᠴᠠᠬᠢᠯᠭᠠᠨ ᠬᠦᠴᠦᠨ ᠤ ᠴᠢᠬᠤᠯᠠ ᠬᠡᠷᠡᠭᠯᠡᠭᠴᠢᠳ ᠲᠤ ᠮᠡᠳᠡᠭᠳᠡᠬᠦ ᠬᠡᠷᠡᠭᠲᠡᠶ᠃ ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ᠬᠤᠲᠠ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠰᠤᠳᠤᠯᠤᠨ ᠮᠠᠭᠠᠳᠯᠠᠵᠤ᠂ ᠴᠢᠬᠤᠯᠠ ᠲᠠᠢ ᠦᠶ᠎ᠡ ᠳᠤ ᠲᠤᠬᠠᠶ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠳᠠᠭᠠᠨ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠭᠡᠮ ᠨᠡᠶᠢᠲᠡ ᠳᠤ ᠰᠡᠷᠡᠮᠵᠢᠯᠡᠭᠦᠯᠦᠯ ᠨᠡᠶᠢᠲᠡᠯᠡᠬᠦ ᠶᠢᠨ ᠬᠠᠮᠲᠤ ᠠᠳᠠᠯᠢ ᠱᠠᠲᠤᠨ ᠤ ᠪᠤᠰᠤᠳ ᠰᠠᠯᠠᠭ᠎ᠠ ᠮᠥᠴᠢᠷ ᠪᠣᠯᠤᠨ ᠨᠢᠭᠡᠴᠢ ᠳᠤ ᠮᠡᠳᠡᠭᠳᠡᠬᠦ ᠬᠡᠷᠡᠭᠲᠡᠶ᠃ ᠬᠦᠨᠳᠦ ᠶᠡᠭᠡ ᠵᠢᠴᠢ ᠲᠡᠭᠦᠨ ᠠᠴᠠ ᠳᠡᠭᠡᠭᠰᠢᠬᠢ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠵᠤ ᠮᠡᠳᠡᠬᠦ ᠬᠡᠷᠡᠭ ᠢ ᠰᠤᠳᠤᠯᠤᠨ ᠮᠠᠭᠠᠳᠯᠠᠬᠤ ᠦᠶ᠎ᠡ ᠳᠤ᠂ ᠴᠠᠬᠢᠯᠭᠠᠨ ᠬᠦᠴᠦᠨ ᠤ ᠠᠵᠤ ᠠᠬᠤᠶᠢᠯᠠᠯ ᠨᠢ ᠤᠯᠠᠭᠠᠨᠴᠠᠪ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠬᠤᠲᠠ ᠶᠢᠨ ᠡᠨᠧᠷᠭᠢ ᠶᠢᠨ ᠲᠣᠪᠴᠢᠶ᠎ᠠ︶᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠳᠤ ᠮᠡᠳᠡᠭᠦᠯᠵᠦ᠂ ᠤᠯᠤᠰ ᠤᠨ ᠡᠨᠧᠷᠭᠢ ᠶᠢᠨ ᠲᠣᠪᠴᠢᠶ᠎ᠠ ᠶᠢᠨ ᠤᠮᠠᠷᠠᠲᠤ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠥᠪᠥᠷ ᠮᠣᠩᠭᠤᠯ ᠤᠨ ᠲᠤᠬᠠᠶᠢᠯᠠᠭᠰᠠᠨ ᠠᠵᠢᠯ ᠤᠨ ᠠᠯᠪᠠᠨ ᠬᠡᠷ ᠵᠡᠷᠭᠡ ᠳᠤ ᠮᠡᠳᠡᠭᠦᠯᠦᠨ᠎ᠡ᠃      3.3.2 ᠰᠡᠷᠡᠮᠵᠢᠯᠡᠭᠦᠯᠬᠦ ᠠᠵᠢᠯᠯᠠᠭ᠎ᠠ      ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠭᠰᠡᠨ ᠤ ᠳᠠᠷᠠᠭ᠎ᠠ᠂ ᠴᠠᠬᠢᠯᠭᠠᠨ ᠬᠦᠴᠦᠨ ᠤ ᠠᠵᠤ ᠠᠬᠤᠶᠢᠯᠠᠯ ᠤᠳ ᠲᠥᠬᠦᠭᠡᠷᠦᠮᠵᠢ ᠶᠢ ᠲᠣᠭᠤᠷᠢᠨ ᠪᠠᠶᠢᠴᠠᠭᠠᠬᠤ ᠪᠠ ᠠᠵᠢᠯᠯᠠᠭᠠᠨ ᠢ ᠨᠢ ᠬᠢᠨᠠᠨ ᠬᠡᠮᠵᠢᠬᠦ ᠪᠠᠨ ᠴᠢᠩᠭᠠᠳᠬᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠡᠷᠡᠭ ᠤᠨ ᠪᠠᠶᠢᠳᠠᠯ ᠤᠨ ᠬᠥᠭᠵᠢᠯᠲᠡ ᠶᠢ ᠬᠢᠵᠠᠭᠠᠷᠯᠠᠬᠤ ᠬᠡᠷᠡᠭᠲᠡᠶ︔ ᠬᠠᠮᠢᠶ᠎ᠠ ᠪᠥᠬᠦᠶ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠪᠠ ᠠᠵᠢᠯᠲᠠᠨ ᠢ ᠵᠣᠬᠢᠶᠠᠨ ᠪᠠᠶᠢᠭᠤᠯᠤᠨ ᠵᠠᠷᠯᠢᠭ ᠬᠦᠯᠢᠶᠡᠬᠦ ᠪᠠᠶᠢᠳᠠᠯ ᠳᠤ ᠣᠷᠣᠭᠤᠯᠵᠤ᠂ ᠪᠡᠯᠡᠳᠬᠡᠯ ᠠᠵᠢᠯᠲᠠᠨ ᠢ ᠳᠠᠶᠢᠴᠢᠯᠠᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠠ ᠰᠢᠶᠳᠪᠦᠷᠢᠯᠡᠬᠦ ᠠᠵᠢᠯ ᠳᠤ ᠣᠷᠣᠯᠴᠠᠬᠤ ᠪᠡᠯᠡᠳᠬᠡᠯ ᠢ ᠰᠠᠶᠢᠲᠤᠷ ᠬᠢᠬᠦ ᠶᠢᠨ ᠬᠠᠮᠲᠤ᠂ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠳᠤ ᠬᠡᠷᠡᠭᠰᠡᠬᠦ ᠡᠳ᠋ ᠪᠣᠳᠠᠰ᠂ ᠲᠣᠨᠤᠭ ᠲᠥᠬᠦᠭᠡᠷᠦᠮᠵᠢ ᠪᠠ ᠪᠡᠯᠡᠳᠬᠡᠮᠵᠢ ᠵᠡᠷᠭᠡ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠨ᠎ᠠ᠃ ᠴᠠᠬᠢᠯᠭᠠᠨ ᠬᠦᠴᠦᠨ ᠤ ᠴᠢᠬᠤᠯᠠ ᠬᠡᠷᠡᠭᠯᠡᠭᠴᠢᠳ ᠥᠪᠡᠰᠦᠪᠡᠨ ᠪᠡᠯᠡᠳᠬᠡᠭᠰᠡᠨ ᠪᠠᠴᠢᠮ ᠪᠠᠶᠢᠳᠠᠯ ᠢ ᠠᠷᠭᠠᠴᠠᠬᠤ ᠴᠠᠬᠢᠯᠭᠠᠨ ᠡᠭᠦᠰᠭᠡᠭᠴᠢ ᠶᠢ ᠡᠬᠢᠯᠡᠨ ᠬᠡᠷᠡᠭᠯᠡᠬᠦ ᠪᠡᠯᠡᠳᠬᠡᠯ ᠢ ᠰᠠᠶᠢᠲᠤᠷ ᠬᠢᠬᠦ ᠬᠡᠷᠡᠭᠲᠡᠶ᠃ ᠨᠥᠯᠥᠭᠡᠯᠡᠭᠳᠡᠭᠰᠡᠨ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ ᠨᠤᠭᠤᠳ ᠪᠠᠴᠢᠮ ᠪᠠᠶᠢᠳᠠᠯ ᠢ ᠠᠷᠭᠠᠴᠠᠬᠤ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠢᠭᠡᠴᠢ ᠶᠢ ᠵᠣᠬᠢᠶᠠᠨ ᠪᠠᠶᠢᠭᠤᠯᠤᠨ ᠣᠯᠠᠨ ᠨᠡᠶᠢᠲᠡ ᠶᠢᠨ ᠡᠮᠬᠢ ᠳᠢᠭᠯᠢᠮ ᠢ ᠬᠠᠮᠠᠭᠠᠯᠠᠬᠤ᠂ ᠤᠰᠤ ᠬᠡᠢ ᠢᠯᠴᠢ ᠬᠠᠩᠭᠠᠬᠤ᠂ ᠡᠳ᠋ ᠲᠠᠸᠠᠷ ᠬᠠᠩᠭᠠᠬᠤ᠂ ᠵᠠᠮ ᠬᠠᠷᠢᠯᠴᠠᠭ᠎ᠠ ᠪᠠᠷᠠᠭ᠎ᠠ ᠭᠦᠢᠯᠭᠡᠭᠡ ᠵᠡᠷᠭᠡ ᠲᠠᠯ᠎ᠠ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠶ︔ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠬᠠᠮᠢᠶ᠎ᠠ ᠪᠦᠬᠦᠢ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠰᠢᠨᠵᠢᠬᠦ ᠪᠠᠨ ᠴᠢᠩᠭᠠᠳᠬᠠᠨ᠂ ᠨᠡᠶᠢᠭᠡᠮ ᠨᠡᠶᠢᠲᠡ ᠶᠢᠨ ᠠᠩᠬᠠᠷᠴᠤ ᠪᠦᠬᠦᠢ ᠬᠠᠯᠠᠮᠰᠢᠯ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ ᠴᠤᠤᠷᠬᠠᠯ ᠶᠠᠷᠢᠶ᠎ᠠ ᠶᠢ ᠴᠠᠭ ᠲᠤᠬᠠᠶ ᠳᠤᠨᠢ ᠠᠷᠢᠯᠭᠠᠨ᠎ᠠ᠃      3.3.3 ᠰᠡᠷᠡᠮᠵᠢᠯᠡᠭᠦᠯᠦᠯ ᠢ ᠬᠦᠴᠦᠨ ᠥᠬᠡᠶ ᠪᠣᠯᠭᠠᠬᠤ      ᠬᠡᠷᠡᠭ ᠤᠨ ᠪᠠᠶᠢᠳᠠᠯ ᠤᠨ ᠬᠥᠭᠵᠢᠯᠲᠡ ᠶᠢ ᠦᠨᠳᠦᠰᠦᠯᠡᠨ᠂ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠡᠭᠦᠰᠬᠦ ᠥᠬᠡᠶ᠂ ᠴᠠᠬᠢᠯᠭᠠᠨ ᠬᠠᠩᠭᠠᠬᠤ ᠶᠢ ᠰᠡᠷᠭᠦᠭᠡᠭᠰᠡᠨ ᠤ ᠳᠠᠷᠠᠭ᠎ᠠ ᠡᠭᠦᠰᠦᠮᠡᠯ ᠭᠠᠮᠰᠢᠭ ᠡᠭᠦᠰᠬᠦ ᠥᠬᠡᠶ ᠭᠡᠵᠦ ᠰᠤᠳᠤᠯᠤᠨ ᠮᠠᠭᠠᠳᠯᠠᠬᠤ ᠪᠠᠷ ᠳᠡᠮᠵᠢᠨ᠂ ︽ᠬᠡᠨ ᠨᠡᠶᠢᠲᠡᠯᠡᠪᠡᠯ ᠬᠡᠨ ᠬᠦᠴᠦᠨ ᠥᠬᠡᠶ ᠪᠣᠯᠭᠠᠬᠤ︾ ᠵᠠᠷᠴᠢᠮ ᠶᠣᠰᠣᠭᠠᠷ᠂ ᠨᠡᠶᠢᠲᠡᠯᠡᠭᠰᠡᠨ ᠨᠢᠭᠡᠴᠢ ᠠᠴᠠ ᠤᠷᠢᠳᠴᠢᠯᠠᠨ ᠰᠡᠷᠡᠮᠵᠢᠯᠡᠭᠦᠯᠬᠦ ᠶᠢ ᠬᠦᠴᠦᠨ ᠥᠬᠡᠶ ᠪᠣᠯᠭᠠᠬᠤ ᠪᠠᠷ ᠨᠡᠶᠢᠲᠡᠯᠡᠵᠦ᠂ ᠬᠠᠮᠢᠶ᠎ᠠ ᠪᠥᠬᠦᠶ ᠪᠠᠴᠢᠮ ᠪᠠᠶᠢᠳᠠᠯ ᠢ  ᠠᠷᠭᠠᠴᠠᠨ ᠳᠠᠭᠠᠬᠤ ᠶᠢ ᠵᠣᠭᠰᠣᠭᠠᠨ᠎ᠠ᠃      4 . ᠮᠡᠳᠡᠭᠡ ᠵᠠᠩᠭᠢ ᠶᠢᠨ ᠮᠡᠳᠡᠭᠦᠯᠦᠯᠲᠡ      ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠭᠠᠷᠤᠭᠰᠠᠨ ᠤ ᠳᠠᠷᠠᠭ᠎ᠠ᠂ ᠬᠠᠮᠢᠶ᠎ᠠ ᠪᠥᠬᠦᠶ ᠴᠠᠬᠢᠯᠭᠠᠨ ᠬᠦᠴᠦᠨ ᠤ ᠠᠵᠤ ᠠᠬᠤᠶᠢᠯᠠᠯ ᠨᠢ ᠨᠥᠯᠥᠭᠡᠯᠡᠭᠳᠡᠭᠰᠡᠨ ᠭᠠᠵᠠᠷ ᠣᠷᠣᠨ ᠤ ᠬᠤᠰᠢᠭᠤ ᠰᠢᠶᠠᠨ ᠬᠤᠲᠠ ︵ᠲᠣᠭᠤᠷᠢᠭ︶ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠠ ᠨᠥᠯᠥᠭᠡᠯᠡᠭᠳᠡᠭᠰᠡᠨ ᠭᠠᠵᠠᠷ ᠣᠷᠣᠨ ᠤ ᠬᠤᠰᠢᠭᠤ ᠰᠢᠶᠠᠨ ᠬᠤᠲᠠ ︵ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ᠳᠤ ᠳᠠᠷᠦ᠋ᠢᠬᠠᠨ ᠮᠡᠳᠡᠭᠦᠯᠬᠦ ᠬᠡᠷᠡᠭᠲᠡᠶ︔ ᠨᠡᠯᠢᠶᠡᠳ ᠶᠡᠭᠡ ᠵᠢᠴᠢ ᠲᠡᠭᠦᠨ ᠠᠴᠠ ᠳᠡᠭᠡᠭᠰᠢᠬᠢ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠭᠠᠷᠪᠠᠯ᠂ ᠪᠠᠰᠠ ᠳᠠᠷᠦ᠋ᠢᠬᠠᠨ ᠤᠯᠠᠭᠠᠨᠴᠠᠪ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠬᠤᠲᠠ ᠶᠢᠨ ᠡᠨᠧᠷᠭᠢ ᠶᠢᠨ ᠲᠣᠪᠴᠢᠶ᠎ᠠ︶ ᠳᠤ ᠮᠡᠳᠡᠭᠦᠯᠬᠦ ᠬᠡᠷᠡᠭᠲᠡᠶ︔ ᠬᠦᠨᠳᠦ ᠶᠡᠭᠡ ᠨᠡᠶᠢᠭᠡᠮ ᠤᠨ ᠨᠥᠯᠥᠭᠡ ᠠᠴᠠ ᠪᠣᠯᠵᠣ ᠴᠠᠬᠢᠯᠭᠠᠨ ᠵᠣᠭᠰᠣᠭᠰᠠᠨ ᠬᠡᠷᠡᠭ ᠭᠠᠷᠪᠠᠯ᠂ ᠴᠢᠬᠤᠯᠠᠲᠠᠶ ᠦᠶ᠎ᠡ ᠳᠤ ᠰᠢᠭᠤᠳ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠤᠯᠤᠰ ᠤᠨ ᠡᠨᠧᠷᠭᠢ ᠶᠢᠨ ᠲᠣᠪᠴᠢᠶ᠎ᠠ ᠶᠢᠨ ᠤᠮᠠᠷᠠᠲᠤ ᠣᠷᠣᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠥᠪᠥᠷ ᠮᠣᠩᠭᠤᠯ ᠤᠨ ᠲᠤᠬᠠᠶᠢᠯᠠᠭᠰᠠᠨ ᠠᠵᠢᠯ ᠤᠨ ᠠᠯᠪᠠᠨ ᠬᠡᠷ ᠲᠤ ᠮᠡᠳᠡᠭᠦᠯᠦᠨ᠎ᠡ᠃      ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ᠬᠤᠲᠠ ︵ᠲᠣᠭᠤᠷᠢᠭ︶ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠮᠡᠳᠡᠭᠡ ᠵᠠᠩᠭᠢ ᠶᠢᠨ ᠮᠡᠳᠡᠭᠦᠯᠦᠯᠲᠡ ᠪᠤᠶᠤ ᠪᠠᠶᠢᠴᠠᠭᠠᠨ ᠰᠢᠨᠵᠢᠵᠦ ᠣᠯᠤᠭᠰᠠᠨ ᠬᠠᠮᠢᠶ᠎ᠠ ᠪᠥᠬᠦᠶ ᠮᠡᠳᠡᠭᠡ ᠵᠠᠩᠭᠢ ᠶᠢ ᠭᠥᠯᠢᠶᠡᠨ ᠠᠪᠤᠭᠰᠠᠨ ᠤ ᠳᠠᠷᠠᠭ᠎ᠠ᠂ ᠲᠡᠷᠡ ᠳᠠᠷᠤᠶ ᠳᠤᠨᠢ ᠬᠢᠨᠠᠨ ᠬᠠᠷᠭᠤᠭᠤᠯᠵᠤ᠂ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠰᠢᠨᠵᠢ ᠴᠢᠨᠠᠷ᠂ ᠲᠥᠷᠥᠯ ᠢᠯᠭᠠᠯ ᠢ ᠠᠩᠬ᠎ᠠ ᠠᠯᠬᠤᠮ ᠮᠠᠭᠠᠳᠯᠠᠨ ᠲᠣᠭᠲᠠᠭᠠᠵᠤ᠂ ᠲᠠᠰ ᠳᠠᠷᠠᠭᠠᠯᠠᠯ ᠪᠠ ᠱᠠᠭᠠᠷᠳᠠᠯᠭ᠎ᠠ ᠶᠣᠰᠣᠭᠠᠷ ᠤᠯᠠᠭᠠᠨᠴᠠᠪ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠬᠤᠲᠠ ᠶᠢᠨ ᠡᠨᠧᠷᠭᠢ ᠶᠢᠨ ᠲᠣᠪᠴᠢᠶ᠎ᠠ︶ ᠪᠠ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠶᠢᠨ ᠬᠠᠮᠲᠤ᠂ ᠠᠳᠠᠯᠢ ᠱᠠᠲᠤᠨ ᠤ ᠪᠤᠰᠤᠳ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠨᠢᠭᠡᠴᠢ ᠳᠤ ᠮᠡᠳᠡᠭᠦᠯᠦᠨ᠎ᠡ᠃ ᠠᠩᠬ᠎ᠠ ᠠᠯᠬᠤᠮ ᠮᠠᠭᠠᠳᠯᠠᠨ ᠲᠣᠭᠲᠠᠭᠠᠭᠰᠠᠨ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠦᠨᠳᠦ ᠶᠡᠭᠡ ᠬᠡᠷᠡᠭ ᠢ ᠤᠯᠠᠭᠠᠨᠴᠠᠪ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠳᠠᠷᠦ᠋ᠢᠬᠠᠨ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠢ᠂ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠠᠰ ᠳᠠᠷᠠᠭᠠᠯᠠᠯ ᠶᠣᠰᠣᠭᠠᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ᠎ᠡ᠃      ᠪᠠᠴᠢᠮ ᠪᠠᠶᠢᠳᠠᠯ ᠢ ᠠᠷᠭᠠᠴᠠᠬᠤ ᠵᠢᠵᠢᠭᠦᠷ ᠤᠨ ᠤᠲᠠᠰᠤ᠄ 0474 - 8322018᠂ 8320734 ︵24 ᠴᠠᠭ ᠤᠨ ᠵᠢᠵᠢᠭᠦᠷ ᠤᠨ ᠤᠲᠠᠰᠤ︶᠃      5.ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ        5.1  ᠠᠵᠢᠯᠯᠠᠭ᠎ᠠ ᠶᠢᠨ ᠳᠡᠰ ᠢᠯᠭᠠᠯ      ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠬᠦᠨᠳᠦ ᠨᠣᠴᠢᠲᠠᠶ ᠴᠢᠨᠠᠷ ᠪᠠ ᠨᠥᠯᠥᠭᠡᠯᠡᠬᠦ ᠬᠡᠮᠵᠢᠶ᠎ᠡ ᠶᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠶᠢⅠᠳᠡᠰ᠂ Ⅱ ᠳᠡᠰ᠂ Ⅲ ᠳᠡᠰ ᠪᠠ Ⅳ ᠳᠡᠰ ᠭᠡᠵᠦ ᠳᠥᠷᠪᠡᠨ ᠳᠡᠰ ᠢᠶᠠᠷ ᠲᠣᠭᠲᠠᠭᠠᠵᠤ᠂ ᠲᠣᠰ ᠲᠣᠰ ᠣᠨᠴᠠ ᠬᠦᠨᠳᠦ ᠶᠡᠭᠡ᠂ ᠬᠦᠨᠳᠦ ᠶᠡᠭᠡ᠂ ᠨᠡᠯᠢᠶᠡᠳ ᠶᠡᠭᠡ᠂ ᠡᠩ ᠤᠨ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠲᠤ ᠵᠣᠬᠢᠴᠠᠭᠤᠯᠤᠨ᠎ᠠ᠃ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠣᠨᠴᠠ ᠬᠦᠨᠳᠦ ᠶᠡᠭᠡ ᠬᠡᠷᠡᠭ ᠭᠠᠷᠬᠤ ᠪᠠᠷ ᠠᠩᠬ᠎ᠠ ᠠᠯᠬᠤᠮ ᠮᠠᠭᠠᠳᠯᠠᠪᠠᠯ᠂ Ⅰᠲᠠᠰ ᠤᠨ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠶᠢ ᠡᠬᠢᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠪᠠᠴᠢᠮ ᠪᠠᠶᠢᠳᠠᠯ ᠢ ᠠᠷᠭᠠᠴᠠᠬᠤ ᠶᠢᠨ ᠵᠢᠯᠣᠭᠤᠳᠬᠤ ᠭᠠᠵᠠᠷ ᠤᠨ ᠨᠢᠭᠡᠳᠦᠯᠲᠡᠶ ᠤᠳᠤᠷᠢᠳᠤᠯᠭ᠎ᠠ᠂ ᠵᠣᠬᠢᠶᠠᠨ ᠪᠠᠶᠢᠭᠤᠯᠤᠯᠲᠠ ᠪᠠ ᠵᠢᠯᠣᠭᠤᠳᠣᠯᠭ᠎ᠠ ᠶᠢ ᠬᠦᠯᠢᠶᠡᠨ᠎ᠡ᠃ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠦᠨᠳᠦ ᠶᠡᠭᠡ ᠬᠡᠷᠡᠭ ᠭᠠᠷᠬᠤ ᠪᠠᠷ ᠠᠩᠬ᠎ᠠ ᠠᠯᠬᠤᠮ ᠮᠠᠭᠠᠳᠯᠠᠪᠠᠯ ᠂Ⅱ ᠲᠠᠰ ᠤᠨ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠶᠢ ᠡᠬᠢᠯᠡᠭᠦᠯᠦᠨ᠂ ᠤᠯᠠᠭᠠᠨᠴᠠᠪ ᠬᠤᠲᠠ ᠶᠢᠨ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠪᠠᠴᠢᠮ ᠪᠠᠶᠢᠳᠠᠯ ᠢ ᠠᠷᠭᠠᠴᠠᠬᠤ ᠶᠢᠨ ᠵᠢᠯᠣᠭᠤᠳᠬᠤ ᠭᠠᠵᠠᠷ ᠠᠴᠠ ᠠᠷᠭᠠᠴᠠᠬᠤ ᠠᠵᠢᠯ ᠢ ᠬᠠᠷᠢᠭᠤᠴᠠᠨ᠎ᠠ᠃ ᠨᠡᠯᠢᠶᠡᠳ ᠶᠡᠭᠡ᠂ ᠡᠩ ᠤᠨ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠢᠶᠠᠷ ᠠᠩᠬ᠎ᠠ ᠮᠠᠭᠠᠳᠯᠠᠭᠰᠠᠨ ᠪᠠᠶᠢᠪᠠᠯ᠂ ᠲᠣᠰ ᠲᠣᠰⅢ ᠲᠠᠰ᠂Ⅳ ᠲᠠᠰ ᠤᠨ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠶᠢ ᠡᠬᠢᠯᠡᠭᠦᠯᠵᠦ᠂ ᠬᠡᠷᠡᠭ ᠤᠨ ᠨᠥᠯᠥᠭᠡᠯᠡᠬᠦ ᠬᠡᠪᠴᠢᠶ᠎ᠡ ᠶᠢ ᠦᠨᠳᠦᠰᠦᠯᠡᠨ᠂ ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ᠬᠤᠲᠠ ︵ᠲᠣᠭᠤᠷᠢᠭ︶ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠠᠷᠭᠠᠴᠠᠬᠤ ᠠᠵᠢᠯ ᠢ ᠬᠠᠷᠢᠭᠤᠴᠠᠨ ᠵᠢᠯᠣᠭᠤᠳᠤᠨ᠎ᠠ᠃      ᠡᠩ ᠤᠨ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠪᠠᠷᠢᠮᠵᠢᠶ᠎ᠠ ᠳᠤ ᠬᠠᠷᠠᠬᠠᠨ ᠭᠦᠷᠦᠭᠡᠳᠦᠶ ᠪᠣᠯᠪᠠᠴᠤ᠂ ᠨᠡᠶᠢᠭᠡᠮ ᠳᠤ ᠨᠡᠯᠢᠶᠡᠳ ᠶᠡᠭᠡ ᠨᠥᠯᠥᠭᠡ ᠦᠵᠡᠭᠦᠯᠦᠭᠰᠡᠨ ᠪᠤᠰᠤᠳ ᠴᠠᠬᠢᠯᠭᠠᠨ ᠵᠣᠭᠰᠣᠭᠰᠠᠨ ᠬᠡᠷᠡᠭ ᠲᠤ ᠪᠣᠯ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠠᠴᠢᠮ ᠪᠠᠶᠢᠳᠠᠯ ᠢ ᠠᠷᠭᠠᠴᠠᠬᠤ  ᠠᠵᠢᠯᠯᠠᠭ᠎ᠠ ᠶᠢ ᠡᠬᠢᠯᠡᠭᠦᠯᠵᠦ ᠪᠣᠯᠤᠨ᠎ᠠ᠃      ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠶᠢ ᠡᠬᠢᠯᠡᠭᠦᠯᠦᠭᠰᠡᠨ ᠤ ᠳᠠᠷᠠᠭ᠎ᠠ᠂ ᠬᠡᠷᠡᠭ ᠠᠴᠠ ᠪᠣᠯᠤᠭᠰᠠᠨ ᠬᠤᠬᠢᠷᠠᠯ ᠤᠨ ᠪᠠᠶᠢᠳᠠᠯ ᠵᠢᠴᠢ ᠬᠥᠭᠵᠢᠯᠲᠡ ᠶᠢᠨ ᠬᠠᠨᠳᠤᠰᠢ ᠶᠢ ᠦᠵᠡᠵᠦ ᠠᠵᠢᠯᠯᠠᠭ᠎ᠠ ᠶᠢᠨ ᠵᠡᠷᠭᠡ ᠳᠡᠰ ᠲᠤ ᠲᠣᠬᠢᠷᠠᠭᠤᠯᠤᠯᠲᠠ ᠬᠢᠵᠦ᠂ ᠠᠵᠢᠯᠯᠠᠭ᠎ᠠ ᠨᠢ ᠭᠦᠶᠴᠡᠳ ᠥᠬᠡᠶ ᠪᠤᠶᠤ ᠬᠡᠲᠦᠷᠡᠬᠦ ᠠᠴᠠ ᠵᠠᠶᠢᠯᠠᠰᠬᠢᠵᠤ ᠪᠣᠯᠤᠨ᠎ᠠ᠃      5.2  ᠠᠵᠢᠯᠯᠠᠭ᠎ᠠ ᠶᠢᠨ ᠠᠷᠭ᠎ᠠ ᠬᠡᠮᠵᠢᠶ᠎ᠡ      ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠭᠠᠷᠤᠭᠰᠠᠨ ᠤ ᠳᠠᠷᠠᠭ᠎ᠠ᠂ ᠬᠠᠮᠢᠶ᠎ᠠ ᠪᠥᠬᠦᠶ ᠴᠠᠬᠢᠯᠭᠠᠨ ᠬᠦᠴᠦᠨ ᠤ ᠠᠵᠤ ᠠᠬᠤᠶᠢᠯᠠᠯ ᠪᠠ ᠴᠠᠬᠢᠯᠭᠠᠨ ᠬᠦᠴᠦᠨ ᠤ ᠴᠢᠬᠤᠯᠠ ᠬᠡᠷᠡᠭᠯᠡᠭᠴᠢᠳ ᠨᠢ ᠳᠠᠷᠦ᠋ᠢᠬᠠᠨ ᠤᠷᠢᠳᠠᠪᠠᠷ ᠰᠢᠶᠳᠪᠦᠷᠢᠯᠡᠬᠦ ᠶᠢ ᠬᠡᠷᠡᠭᠵᠢᠭᠦᠯᠵᠦ᠂ ᠬᠡᠷᠡᠭ ᠤᠨ ᠬᠥᠭᠵᠢᠯᠲᠡ ᠶᠢᠨ ᠪᠠᠶᠢᠳᠠᠯ ᠢ ᠪᠥᠬᠦ ᠬᠦᠴᠦᠨ ᠢᠶᠠᠷ ᠢᠶᠠᠨ ᠡᠵᠡᠮᠳᠡᠨ᠂ ᠬᠤᠬᠢᠷᠠᠯ ᠢ ᠪᠠᠭᠠᠰᠬᠠᠬᠤ ᠬᠡᠷᠡᠭᠲᠡᠶ᠃ ᠡᠯ᠎ᠡ ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ᠂ ᠰᠠᠯᠠᠭ᠎ᠠ ᠮᠥᠴᠢᠷ ᠪᠣᠯᠤᠨ  ᠨᠢᠭᠡᠴᠢ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠠᠷᠭᠠᠴᠠᠬᠤ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃      5.2.1 ᠤᠯᠠᠭᠠᠨᠴᠠᠪ ᠬᠤᠲᠠ ᠶᠢᠨ ᠠᠷᠭᠠᠴᠠᠬᠤ ᠠᠷᠭ᠎ᠠ ᠬᠡᠮᠵᠢᠶ᠎ᠡ      5.2.1.1 ᠰᠠᠯᠠᠭ᠎ᠠ ᠮᠥᠴᠢᠷ ᠤᠳ ᠠᠷᠭᠠᠴᠠᠬᠤ      ᠡᠩ ᠤᠨ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠢ ᠠᠩᠬ᠎ᠠ ᠠᠯᠬᠤᠮ ᠮᠠᠭᠠᠳᠯᠠᠭᠰᠠᠨ ᠦᠶᠡᠰ᠂ ᠤᠯᠠᠭᠠᠨᠴᠠᠪ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠬᠤᠲᠠ ᠶᠢᠨ ᠡᠨᠧᠷᠭᠢ ᠶᠢᠨ ᠲᠣᠪᠴᠢᠶ᠎ᠠ︶ ᠨᠢ ᠬᠡᠷᠡᠭ ᠤᠨ ᠪᠠᠶᠢᠳᠠᠯ ᠤᠨ ᠬᠥᠭᠵᠢᠯᠲᠡ ᠶᠢ ᠨᠢᠭᠲᠠ ᠮᠥᠷᠳᠡᠵᠦ᠂ ᠬᠠᠮᠢᠶ᠎ᠠ ᠪᠥᠬᠦᠶ ᠴᠠᠬᠢᠯᠭᠠᠨ ᠬᠦᠴᠦᠨ ᠤ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠴᠠᠬᠢᠯᠭᠠᠨ ᠬᠦᠴᠦᠨ ᠢ ᠱᠠᠯᠠᠪᠳᠠᠨ ᠵᠠᠰᠠᠵᠤ ᠰᠡᠷᠭᠦᠭᠡᠬᠦ ᠵᠡᠷᠭᠡ ᠠᠵᠢᠯ ᠢ ᠦᠳᠲᠡᠷ ᠲᠦᠷᠭᠡᠨ ᠥᠷᠨᠢᠭᠦᠯᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠵᠢᠯᠣᠭᠤᠳᠤᠨ ᠰᠢᠮᠳᠠᠭᠤᠯᠵᠤ ᠪᠠᠶᠢᠭᠠᠳ ᠠᠷᠭᠠᠴᠠᠬᠤ ᠠᠵᠢᠯ ᠢ ᠰᠠᠶᠢᠲᠤᠷ ᠬᠢᠬᠦ ᠬᠡᠷᠡᠭᠲᠡᠶ︔ ᠪᠠᠶᠢᠳᠠᠯ ᠢ ᠦᠵᠡᠵᠦ ᠪᠠᠶᠢᠭᠠᠳ ᠰᠠᠯᠠᠭ᠎ᠠ ᠮᠥᠴᠢᠷ ᠤᠨ ᠠᠵᠢᠯᠯᠠᠬᠤ ᠳᠤᠭᠤᠶᠢᠯᠠᠩ ᠲᠣᠮᠢᠯᠠᠨ ᠲᠤᠬᠠᠶ ᠶᠢᠨ ᠲᠠᠯᠠᠪᠤᠷ ᠲᠤ ᠣᠴᠢᠭᠤᠯᠵᠤ ᠬᠡᠷᠡᠭ ᠢ ᠠᠷᠭᠠᠴᠠᠬᠤ ᠠᠵᠢᠯ ᠢ ᠵᠢᠯᠣᠭᠤᠳᠤᠨ ᠵᠣᠬᠢᠴᠠᠭᠤᠯᠤᠨ᠎ᠠ︔ ᠴᠠᠬᠢᠯᠭᠠᠨ ᠬᠦᠴᠦᠨ ᠤ ᠠᠵᠤ ᠠᠬᠤᠶᠢᠯᠠᠯ ᠪᠣᠯᠤᠨ ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ᠬᠤᠲᠠ ᠲᠣᠭᠤᠷᠢᠭ ᠤᠨ ᠭᠤᠶᠤᠴᠢᠯᠠᠯ ᠢ ᠦᠨᠳᠦᠰᠦᠯᠡᠨ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠵᠣᠬᠢᠴᠠᠭᠤᠯᠤᠨ ᠠᠷᠭᠠᠴᠠᠬᠤ ᠠᠵᠢᠯ ᠳᠤ ᠲᠤᠰᠠᠯᠠᠮᠵᠢ ᠪᠠ ᠮᠡᠷᠭᠡᠵᠢᠯ ᠤᠨ ᠳᠡᠮᠵᠢᠯᠭᠡ ᠬᠠᠩᠭᠠᠬᠤ ᠬᠡᠷᠡᠭᠲᠡᠶ︔ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠵᠠᠳᠠᠯᠬᠤ ᠪᠠ ᠠᠷᠭᠠᠴᠠᠬᠤ ᠠᠵᠢᠯ ᠢ ᠰᠠᠶᠢᠲᠤᠷ ᠬᠢᠬᠦ ᠬᠡᠷᠡᠭᠲᠡᠶ︔ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠠᠵᠢᠯ ᠤᠨ ᠪᠠᠶᠢᠳᠠᠯ ᠢ ᠴᠠᠭ ᠲᠤᠬᠠᠶ ᠳᠤᠨᠢ ᠣᠶᠢᠯᠠᠭᠠᠨ ᠡᠵᠡᠮᠰᠢᠵᠦ᠂ ᠬᠡᠷᠡᠭ ᠶᠠᠪᠤᠳᠠᠯ ᠢ ᠰᠢᠶᠳᠪᠦᠷᠢᠯᠡᠬᠦ ᠠᠵᠢᠯ ᠢ ᠳ᠋ᠦᠩᠨᠡᠬᠦ ᠶᠢᠨ ᠬᠠᠮᠲᠤ ᠳᠡᠰ ᠳᠠᠷᠠᠭᠠᠯᠠᠯ ᠶᠣᠰᠣᠭᠠᠷ ᠱᠠᠲᠤ ᠳᠠᠷᠠᠭᠠᠯᠠᠨ ᠳᠡᠭᠡᠭᠰᠢ ᠮᠡᠳᠡᠭᠦᠯᠬᠦ ᠬᠡᠷᠡᠭᠲᠡᠶ᠃      5.2.1.2 ᠤᠯᠠᠭᠠᠨᠴᠠᠪ ᠬᠤᠲᠠ ᠶᠢᠨ ᠵᠣᠬᠢᠶᠠᠨ ᠪᠠᠶᠢᠭᠤᠯᠵᠤ ᠵᠢᠯᠣᠭᠤᠳᠬᠤ ᠪᠠᠶᠢᠭᠤᠯᠤᠮᠵᠢ ᠶᠢᠨ ᠠᠷᠭᠠᠴᠠᠭᠠᠯᠲᠠ      ᠨᠡᠯᠢᠶᠡᠳ ᠶᠡᠭᠡ ᠪᠤᠶᠤ ᠬᠦᠨᠳᠦ ᠶᠡᠭᠡ᠂ ᠣᠨᠴᠠ ᠬᠦᠨᠳᠦ ᠶᠡᠭᠡ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠭᠠᠷᠤᠭᠰᠠᠨ ᠢᠶᠠᠷ ᠠᠩᠬ᠎ᠠ ᠠᠯᠬᠤᠮ ᠮᠠᠭᠠᠳᠯᠠᠭᠰᠠᠨ ᠪᠠᠶᠢᠪᠠᠯ᠂ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠨᠢᠭᠡᠴᠢ ᠶᠢ ᠵᠣᠬᠢᠶᠠᠨ ᠪᠠᠶᠢᠭᠤᠯᠵᠤ ᠪᠠᠶᠢᠭᠠᠳ ᠬᠡᠷᠡᠭ ᠤᠨ ᠪᠠᠶᠢᠳᠠᠯ ᠢ ᠰᠤᠳᠤᠯᠤᠨ ᠵᠠᠳᠠᠯᠵᠤ᠂ ᠠᠷᠭᠠᠴᠠᠬᠤ ᠠᠵᠢᠯ ᠢ ᠪᠠᠶᠢᠷᠢᠯᠠᠭᠤᠯᠤᠨ᠎ᠠ︔ ᠪᠠᠶᠢᠳᠠᠯ ᠢ ᠦᠵᠡᠵᠦ ᠪᠠᠶᠢᠭᠠᠳ ᠠᠵᠢᠯᠯᠠᠬᠤ ᠳᠤᠭᠤᠶᠢᠯᠠᠩ ᠪᠠᠶᠢᠭᠤᠯᠬᠤ ᠪᠤᠶᠤ ᠤᠯᠠᠭᠠᠨᠴᠠᠪ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠬᠤᠲᠠ ᠶᠢᠨ ᠡᠨᠧᠷᠭᠢ ᠶᠢᠨ ᠲᠣᠪᠴᠢᠶ᠎ᠠ︶ ᠲᠤ ᠡᠷᠬᠡ ᠣᠯᠭᠤᠵᠤ ᠤᠯᠠᠭᠠᠨᠴᠠᠪ ᠬᠤᠲᠠ ᠶᠢᠨ ᠵᠢᠯᠣᠭᠤᠳᠬᠤ ᠭᠠᠵᠠᠷ ᠢ ᠪᠠᠶᠢᠭᠤᠯᠤᠨ᠎ᠠ︔ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠤᠯᠠᠭᠠᠨᠴᠠᠪ ᠬᠤᠲᠠ ᠶᠢᠨ ᠤᠳᠤᠷᠢᠳᠬᠤ ᠨᠥᠬᠦᠳ ᠤᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠴᠠᠭ ᠲᠤᠬᠠᠶ ᠳᠤᠨᠢ ᠤᠯᠠᠮᠵᠢᠯᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠴᠠᠬᠢᠯᠭᠠᠨ ᠬᠦᠴᠦᠨ ᠤ ᠠᠵᠤ ᠠᠬᠤᠶᠢᠯᠠᠯ ᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠢᠮᠳᠠᠭᠤᠯᠤᠨ᠎ᠠ︔ ᠬᠡᠷᠡᠭ ᠤᠨ ᠦᠨᠳᠦᠰᠦᠨ ᠪᠠᠶᠢᠳᠠᠯ ᠢ ᠣᠶᠢᠯᠠᠭᠠᠵᠤ᠂ ᠴᠠᠬᠢᠯᠭᠠᠨ ᠬᠦᠴᠦᠨ ᠤ ᠠᠵᠤ ᠠᠬᠤᠶᠢᠯᠠᠯ ᠪᠣᠯᠤᠨ ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ᠬᠤᠲᠠ ︵ᠲᠣᠭᠤᠷᠢᠭ︶ ᠶᠢᠨ ᠭᠤᠶᠤᠴᠢᠯᠠᠯ ᠢ ᠦᠨᠳᠦᠰᠦᠯᠡᠨ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠵᠣᠬᠢᠴᠠᠭᠤᠯᠤᠨ ᠪᠠᠴᠢᠮ ᠪᠠᠶᠢᠳᠠᠯ ᠢ ᠠᠷᠭᠠᠴᠠᠬᠤ ᠡᠩᠨᠡᠭᠡ ᠲᠣᠮᠢᠯᠠᠵᠤ᠂ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠪᠣᠯᠤᠨ ᠲᠣᠨᠤᠭ ᠲᠥᠬᠦᠭᠡᠷᠦᠮᠵᠢ ᠶᠢ ᠬᠥᠳᠡᠯᠭᠡᠨ᠂ ᠲᠤᠰᠬᠠᠶ ᠮᠡᠷᠭᠡᠵᠢᠯᠲᠡᠨ ᠪᠣᠯᠤᠨ ᠮᠡᠷᠭᠡᠵᠢᠯ ᠤᠨ ᠠᠵᠢᠯᠲᠠᠨ ᠵᠡᠷᠭᠡ ᠶᠢ ᠲᠣᠬᠢᠷᠠᠭᠤᠯᠵᠤ᠂ ᠠᠷᠭᠠᠴᠠᠬᠤ ᠠᠵᠢᠯ ᠳᠤ ᠲᠤᠰᠠᠯᠠᠮᠵᠢ ᠪᠣᠯᠤᠨ ᠮᠡᠷᠭᠡᠵᠢᠯ ᠤᠨ ᠳᠡᠮᠵᠢᠯᠭᠡ ᠬᠠᠩᠭᠠᠬᠤ ᠬᠡᠷᠡᠭᠲᠡᠶ︔ ᠮᠡᠳᠡᠭᠡ ᠵᠠᠩᠭᠢ ᠨᠡᠶᠢᠲᠡᠯᠡᠬᠦ ᠪᠠ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠣᠭᠤᠳᠬᠤ ᠠᠵᠢᠯ ᠢ ᠨᠢᠭᠡᠳᠦᠯᠲᠡᠶ ᠵᠣᠬᠢᠶᠠᠨ ᠪᠠᠶᠢᠭᠤᠯᠤᠨ᠎ᠠ︔ ᠬᠠᠮᠢᠶ᠎ᠠ ᠪᠦᠬᠦᠢ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠠᠵᠢᠯ ᠤᠨ ᠪᠠᠶᠢᠳᠠᠯ ᠢ ᠴᠠᠭ ᠲᠤᠬᠠᠶ ᠳᠤᠨᠢ ᠣᠶᠢᠯᠠᠭᠠᠵᠤ ᠡᠵᠡᠮᠰᠢᠬᠦ ᠬᠡᠷᠡᠭᠲᠡᠶ︔ ᠬᠡᠷᠡᠭ ᠢ ᠰᠢᠶᠳᠪᠦᠷᠢᠯᠡᠬᠦ ᠠᠵᠢᠯ ᠢ ᠳ᠋ᠦᠩᠨᠡᠬᠦ ᠶᠢᠨ ᠬᠠᠮᠲᠤ ᠳᠡᠰ ᠳᠠᠷᠠᠭᠠᠯᠠᠯ ᠶᠣᠰᠣᠭᠠᠷ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠤᠨ ᠡᠨᠧᠷᠭᠢ ᠶᠢᠨ ᠲᠣᠪᠴᠢᠶᠠᠨ ᠤ ᠤᠮᠠᠷᠠᠲᠤ ᠣᠷᠣᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠥᠪᠥᠷ ᠮᠣᠩᠭᠤᠯ ᠤᠨ ᠲᠤᠬᠠᠶᠢᠯᠠᠭᠰᠠᠨ ᠠᠵᠢᠯ ᠤᠨ ᠠᠯᠪᠠᠨ ᠭᠡᠷ ᠲᠤ ᠮᠡᠳᠡᠭᠦᠯᠬᠦ ᠬᠡᠷᠡᠭᠲᠡᠶ᠃      5.2.2 ᠴᠠᠬᠢᠯᠭᠠᠨ ᠬᠦᠴᠦᠨ ᠤ ᠠᠵᠤ ᠠᠬᠤᠶᠢᠯᠠᠯ ᠤᠨ ᠠᠷᠭᠠᠴᠠᠬᠤ ᠠᠷᠭ᠎ᠠ ᠬᠡᠮᠵᠢᠶ᠎ᠡ      ᠴᠠᠬᠢᠯᠭᠠᠨ ᠬᠦᠴᠦᠨ ᠤ ᠲᠣᠬᠢᠷᠠᠭᠤᠯᠬᠤ ᠪᠠᠶᠢᠭᠤᠯᠤᠮᠵᠢ ᠨᠢ ᠠᠵᠢᠯᠯᠠᠭᠠᠨ ᠤ ᠠᠷᠭ᠎ᠠ ᠮᠠᠶ᠋ᠢᠭ ᠢ ᠵᠦᠶ ᠵᠣᠬᠢᠰᠲᠠᠶ ᠳᠣᠭᠢᠷᠠᠭᠤᠯᠵᠤ᠂ ᠴᠠᠬᠢᠯᠭᠠᠨ ᠵᠣᠭᠰᠣᠭᠰᠠᠨ ᠬᠡᠪᠴᠢᠶ᠎ᠡ ᠶᠢ ᠵᠦᠶ ᠵᠣᠬᠢᠰᠲᠠᠶ ᠡᠵᠡᠮᠳᠡᠨ᠎ᠡ︔ ᠴᠠᠬᠢᠯᠭᠠᠨ ᠬᠦᠷᠭᠡᠬᠦ ᠬᠤᠪᠢᠰᠬᠠᠬᠤ ᠴᠢᠬᠤᠯᠠ ᠲᠥᠬᠦᠭᠡᠷᠦᠮᠵᠢ᠂ ᠴᠠᠬᠢᠯᠭᠠᠨ ᠬᠦᠴᠦᠨ ᠤ ᠭᠤᠤᠯ ᠲᠤᠤᠷ ᠤᠨ ᠴᠠᠬᠤ ᠶᠢᠨ ᠠᠵᠢᠯᠯᠠᠭᠠᠨ ᠢ ᠲᠦᠷᠭᠡᠬᠡᠨ ᠰᠡᠷᠭᠦᠭᠡᠬᠦ ᠬᠡᠷᠡᠭᠲᠡᠶ︔ ᠨᠥᠬᠦᠴᠡᠯ ᠪᠦᠷᠢᠯᠳᠦᠭᠰᠡᠨ ᠦᠶ᠎ᠡ ᠳᠤ ᠴᠠᠬᠢᠯᠭᠠᠨ ᠬᠦᠴᠦᠨ ᠤ ᠴᠢᠬᠤᠯᠠ ᠬᠡᠷᠡᠭᠯᠡᠭᠴᠢᠳ᠂ ᠭᠤᠤᠯᠳᠠᠯᠭ᠎ᠠ ᠲᠠᠢ ᠭᠠᠵᠠᠷ ᠣᠷᠣᠨ ᠤ ᠴᠠᠬᠢᠯᠭᠠᠨ ᠬᠦᠴᠦᠨ ᠤ ᠬᠠᠩᠭᠠᠯᠭ᠎ᠠ ᠶᠢ ᠤᠷᠢᠳᠠᠪᠠᠷ ᠰᠡᠷᠭᠦᠭᠡᠨ᠎ᠡ᠃      ᠴᠠᠬᠢᠯᠭᠠᠨ ᠲᠣᠣᠷ ᠤᠨ ᠠᠵᠤ ᠠᠬᠤᠶᠢᠯᠠᠯ ᠤᠳ ᠦᠳᠲᠡᠷ ᠲᠦᠷᠭᠡᠨ ᠬᠦᠴᠦᠨ ᠢᠶᠠᠨ ᠵᠣᠬᠢᠶᠠᠨ ᠪᠠᠶᠢᠭᠤᠯᠤᠨ ᠡᠪᠳᠡᠭᠳᠡᠭᠰᠡᠨ ᠴᠠᠬᠢᠯᠭᠠᠨ ᠲᠣᠣᠷ ᠤᠨ ᠲᠥᠬᠦᠭᠡᠷᠦᠮᠵᠢ ᠪᠡᠯᠡᠳᠬᠡᠮᠵᠢ ᠶᠢ ᠵᠠᠪᠳᠤᠨ ᠵᠠᠰᠠᠵᠤ᠂ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠪᠠᠶᠢᠭᠤᠯᠤᠮᠵᠢ ᠶᠢᠨ ᠱᠠᠭᠠᠷᠳᠠᠯᠭ᠎ᠠ ᠶᠢ ᠦᠨᠳᠦᠰᠦᠯᠡᠨ᠂ ᠴᠠᠬᠢᠯᠭᠠᠨ ᠬᠦᠴᠦᠨ ᠤ ᠴᠢᠬᠤᠯᠠ ᠬᠡᠷᠡᠭᠯᠡᠭᠴᠢᠳ ᠵᠢᠴᠢ ᠴᠢᠬᠤᠯᠠ ᠪᠡᠯᠡᠳᠬᠡᠮᠵᠢ ᠳᠤ ᠴᠢᠬᠤᠯᠠ ᠪᠦᠬᠦᠢ ᠴᠠᠬᠢᠯᠭᠠᠨ ᠬᠦᠴᠦᠨ ᠤ ᠲᠤᠰᠠᠯᠠᠮᠵᠢ ᠬᠠᠩᠭᠠᠨ᠎ᠠ᠃      ᠴᠠᠬᠢᠯᠭᠠᠨ ᠭᠠᠷᠭᠠᠬᠤ ᠠᠵᠤ ᠠᠬᠤᠶᠢᠯᠠᠯ ᠤᠳ ᠲᠥᠬᠦᠭᠡᠷᠦᠮᠵᠢ ᠶᠢᠨ ᠠᠶᠤᠯ ᠦᠭᠡᠶ ᠶᠢ ᠪᠠᠲᠤᠯᠠᠵᠤ᠂ ᠡᠪᠳᠡᠭᠳᠡᠭᠰᠡᠨ ᠲᠥᠬᠦᠭᠡᠷᠦᠮᠵᠢ ᠶᠢ ᠵᠠᠪᠳᠤᠨ ᠵᠠᠰᠠᠵᠤ᠂ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠲᠣᠣᠷ ᠲᠤ ᠨᠡᠶᠢᠯᠡᠭᠦᠯᠦᠨ ᠠᠵᠢᠯᠯᠠᠭᠤᠯᠬᠤ ᠪᠡᠯᠡᠳᠬᠡᠯ ᠢ ᠰᠠᠶᠢᠲᠤᠷ ᠬᠢᠵᠦ᠂ ᠴᠠᠬᠢᠯᠭᠠᠨ ᠬᠦᠴᠦᠨ ᠢ ᠲᠣᠬᠢᠷᠠᠭᠤᠯᠬᠤ ᠵᠠᠷᠯᠢᠭ ᠤᠨ ᠶᠣᠰᠣᠭᠠᠷ ᠠᠵᠢᠯᠯᠠᠭᠠᠨ ᠢᠶᠠᠨ ᠰᠡᠷᠭᠦᠭᠡᠬᠦ ᠬᠡᠷᠡᠭᠲᠡᠶ᠃      5.2.3 ᠴᠠᠬᠢᠯᠭᠠᠨ ᠬᠦᠴᠦᠨ ᠤ ᠴᠢᠬᠤᠯᠠ ᠬᠡᠷᠡᠭᠯᠡᠭᠴᠢᠳ ᠤᠨ ᠠᠷᠭᠠᠴᠠᠬᠤ ᠠᠷᠭ᠎ᠠ ᠬᠡᠮᠵᠢᠶ᠎ᠡ      ᠴᠠᠬᠢᠯᠭᠠᠨ ᠬᠦᠴᠦᠨ ᠤ ᠴᠢᠬᠤᠯᠠ ᠬᠡᠷᠡᠭᠯᠡᠭᠴᠢᠳ ᠨᠢ ᠬᠤᠯᠪᠣᠭᠳᠠᠯ ᠪᠥᠬᠦᠶ ᠮᠡᠷᠭᠡᠵᠢᠯ ᠤᠨ ᠱᠠᠭᠠᠷᠳᠠᠯᠭ᠎ᠠ ᠶᠣᠰᠣᠭᠠᠷ᠂ ᠥᠪᠡᠰᠦᠪᠡᠨ ᠪᠡᠯᠡᠳᠬᠡᠭᠰᠡᠨ ᠪᠠᠴᠢᠮ ᠪᠠᠶᠢᠳᠠᠯ ᠢ ᠠᠷᠭᠠᠴᠠᠬᠤ ᠴᠠᠬᠢᠯᠭᠠᠨ ᠡᠭᠦᠰᠭᠡᠭᠴᠢ ᠶᠢ ᠦᠳᠲᠡᠷ ᠲᠦᠷᠭᠡᠨ ᠡᠬᠢᠯᠡᠭᠦᠯᠵᠦ᠂ ᠬᠦᠨᠳᠦ ᠶᠡᠭᠡ ᠠᠶᠤᠯ ᠤᠨ ᠡᠬᠢ ᠡᠭᠦᠰᠬᠡᠯ᠂ ᠴᠢᠬᠤᠯᠠ ᠬᠠᠷᠠᠯᠲᠠ᠂ ᠴᠢᠬᠤᠯᠠ ᠶᠡᠭᠡ ᠵᠠᠩᠭᠢᠯᠠᠭ᠎ᠠ ᠶᠢᠨ ᠰᠠᠭᠤᠷᠢ ᠪᠡᠯᠡᠳᠬᠡᠮᠵᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠬᠢᠨᠠᠨ ᠬᠡᠮᠵᠢᠬᠦ ᠤᠷᠢᠳᠴᠢᠯᠠᠨ ᠰᠡᠷᠡᠮᠵᠢᠯᠡᠭᠦᠯᠬᠦ ᠴᠢᠩᠭᠠᠳᠬᠠᠨ᠂ ᠴᠠᠭ ᠲᠤᠬᠠᠶ ᠳᠤᠨᠢ ᠰᠡᠷᠭᠡᠶᠢᠯᠡᠬᠦ ᠠᠷᠭ᠎ᠠ ᠬᠡᠮᠵᠢᠶ᠎ᠡ ᠠᠪᠴᠤ᠂ ᠡᠭᠦᠰᠦᠮᠡᠯ ᠬᠤᠪᠢᠷᠠᠮᠠᠯ ᠠᠳᠠᠯ ᠡᠭᠦᠰᠬᠦ ᠶᠢ ᠰᠡᠷᠭᠡᠶᠢᠯᠡᠨ᠎ᠡ᠃     5.2.4 ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠨ᠎ᠠ      ᠪᠠᠴᠢᠮ ᠪᠠᠶᠢᠳᠠᠯ ᠢ ᠠᠷᠭᠠᠴᠠᠬᠤ ᠳᠤ ᠤᠰᠤ ᠬᠠᠩᠭᠠᠬᠤ ᠠᠷᠭ᠎ᠠ ᠬᠡᠮᠵᠢᠶ᠎ᠡ ᠶᠢ ᠡᠬᠢᠯᠡᠨ ᠬᠡᠷᠡᠭᠯᠡᠵᠦ᠂ ᠰᠠᠭᠤᠭᠠᠯᠢ ᠠᠷᠠᠳ ᠤᠨ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ᠎ᠠ︔ ᠣᠯᠠᠨ ᠵᠦᠢᠯ ᠤᠨ ᠠᠷᠭ᠎ᠠ ᠮᠠᠶ᠋ᠢᠭ ᠢ ᠠᠪᠴᠤ᠂ ᠰᠢᠲᠠᠮᠠᠬᠠᠶ ᠬᠡᠢ ᠶᠢᠨ ᠬᠠᠩᠭᠠᠯᠭ᠎ᠠ ᠶᠢ ᠪᠠᠲᠤᠯᠠᠬᠤ ᠬᠡᠷᠡᠭᠲᠡᠶ︔ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠶᠯ ᠤᠨ ᠪᠠᠴᠢᠮ ᠪᠠᠶᠢᠳᠠᠯ ᠢ ᠠᠷᠭᠠᠴᠠᠬᠤ ᠦᠶᠯᠡᠳᠪᠦᠷᠢᠯᠡᠯ᠂ ᠲᠣᠬᠢᠷᠠᠭᠤᠯᠤᠯᠲᠠ ᠪᠠ ᠲᠡᠭᠡᠭᠡᠪᠦᠷᠢ ᠶᠢ ᠵᠣᠬᠢᠶᠠᠨ ᠪᠠᠶᠢᠭᠤᠯᠵᠤ᠂ ᠴᠠᠬᠢᠯᠭᠠᠨ ᠵᠣᠭᠰᠣᠭᠰᠠᠨ ᠬᠤᠭᠤᠴᠠᠭᠠᠨ ᠳᠠᠬᠢ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠨ᠎ᠠ᠃      5.2.5 ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ      ᠤᠯᠤᠰ ᠤᠨ ᠠᠮᠤᠷ ᠲᠦᠪᠰᠢᠨ ᠪᠠ ᠤᠯᠠᠨ ᠨᠡᠶᠢᠲᠡ ᠶᠢᠨ ᠠᠮᠤᠷ ᠲᠦᠪᠰᠢᠨ ᠳᠤ ᠬᠤᠯᠪᠣᠭᠳᠠᠬᠤ ᠭᠤᠣᠯᠳᠠᠯᠭ᠎ᠠ ᠲᠠᠢ ᠨᠢᠭᠡᠴᠢ ᠶᠢᠨ ᠠᠮᠤᠷ ᠲᠦᠪᠰᠢᠨ ᠢ ᠬᠠᠮᠠᠭᠠᠯᠠᠬᠤ ᠠᠵᠢᠯ ᠢ ᠴᠢᠩᠭᠠᠳᠬᠠᠵᠤ᠂ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ ᠰᠡᠷᠭᠡᠶᠢᠯᠡᠨ ᠲᠡᠭᠦᠨ ᠳᠤ ᠴᠢᠩᠭ᠎ᠠ ᠴᠣᠬᠢᠯᠲᠠ ᠥᠭᠭᠦᠨ᠎ᠡ᠃ ᠴᠠᠬᠢᠯᠭᠠᠨ ᠵᠣᠭᠰᠣᠭᠰᠠᠨ ᠣᠷᠣᠨ ᠪᠦᠰᠡ ᠶᠢᠨ ᠳᠣᠲᠣᠷᠠᠬᠢ ᠬᠥᠭᠵᠢᠶᠡᠨ ᠨᠠᠷᠭᠢᠶᠠᠨᠲᠠᠶ ᠵᠡᠭᠡᠯᠢ ᠲᠣᠭᠤᠷᠢᠭ᠂ ᠰᠠᠭᠤᠭᠠᠯᠢ ᠠᠷᠠᠳ ᠤᠨ ᠲᠣᠮᠣ ᠬᠡᠯᠪᠡᠷᠢ ᠶᠢᠨ ᠲᠣᠭᠤᠷᠢᠭ᠂ ᠲᠣᠮᠣ ᠬᠡᠯᠪᠡᠷᠢ ᠶᠢᠨ ᠬᠤᠳᠠᠯᠳᠤᠭᠠᠨ ᠤ ᠲᠠᠯᠠᠪᠤᠷ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠮᠥᠩᠭᠦᠨ ᠭᠦᠶᠯᠭᠡᠭᠡᠨ ᠤ ᠪᠠᠶᠢᠭᠤᠯᠤᠮᠵᠢ᠂ ᠨᠢᠰᠬᠡᠯ ᠤᠨ ᠪᠠᠭᠤᠳᠠᠯ᠂ ᠲᠡᠷᠭᠡᠨ ᠥᠷᠲᠡᠭᠡ ᠵᠢᠴᠢ ᠪᠤᠰᠤᠳ ᠴᠢᠬᠤᠯᠠ ᠪᠥᠬᠦᠶ ᠦᠶᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠭᠠᠵᠠᠷ ᠵᠡᠷᠭᠡ ᠭᠤᠤᠯᠳᠠᠯᠭ᠎ᠠ ᠲᠠᠢ ᠭᠠᠵᠠᠷ ᠣᠷᠣᠨ᠂ ᠭᠤᠤᠯᠳᠠᠯᠭ᠎ᠠ ᠲᠠᠢ ᠣᠷᠣᠨ ᠪᠠᠶᠢᠷᠢ᠂ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ ᠤᠨ ᠠᠮᠤᠷ ᠢ ᠬᠠᠮᠠᠭᠠᠯᠠᠬᠤ ᠴᠠᠭᠳᠠᠨ ᠪᠠᠶᠢᠴᠠᠭᠠᠬᠤ ᠶᠢ ᠴᠢᠩᠭᠠᠳᠬᠠᠵᠤ᠂ ᠳᠠᠷᠤᠶᠢᠬᠠᠨ ᠬᠥᠮᠦᠰ ᠢ ᠵᠠᠶᠢᠯᠠᠭᠤᠯᠵᠤ᠂ ᠬᠠᠰᠢᠭᠳᠠᠭᠰᠠᠨ ᠬᠥᠮᠦᠰ ᠢ ᠠᠪᠤᠷᠠᠵᠤ᠂ ᠠᠮᠤᠷ ᠢ ᠬᠠᠮᠠᠭᠠᠯᠠᠬᠤ ᠳᠤ ᠬᠡᠷᠡᠭ ᠭᠠᠷᠬᠤ ᠶᠢ ᠰᠡᠷᠭᠡᠶᠢᠯᠡᠨ᠎ᠡ ᠃ ᠵᠠᠮ ᠬᠠᠷᠢᠯᠴᠠᠭ᠎ᠠ ᠶᠢ ᠵᠢᠯᠣᠭᠤᠳᠤᠨ ᠨᠡᠪᠲᠡᠷᠡᠭᠦᠯᠬᠦ ᠪᠠᠨ ᠴᠢᠩᠭᠠᠳᠬᠠᠵᠤ᠂ ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠬᠤ ᠬᠡᠷᠡᠭᠲᠡᠶ᠃ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠲᠦᠷᠭᠡᠬᠡᠨ ᠰᠡᠷᠭᠦᠭᠡᠨ᠎ᠡ᠃ ᠴᠤᠤᠷᠬᠠᠯ ᠲᠠᠯᠪᠢᠨ ᠣᠯᠠᠨ ᠢ ᠦᠢᠮᠡᠭᠦᠯᠬᠦ᠂ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ᠂ ᠪᠠᠷᠠᠭᠠᠨ ᠤ ᠦᠨ᠎ᠡ ᠶᠢ ᠲᠦᠷᠬᠢᠭᠦᠯᠦᠨ ᠥᠰᠬᠡᠬᠦ ᠵᠡᠷᠭᠡ ᠬᠠᠤᠯᠢ ᠠᠴᠠ ᠵᠥᠷᠢᠴᠡᠭᠰᠡᠨ ᠡᠯ᠎ᠡ ᠵᠦᠢᠯ ᠤᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃      5.2.6 ᠮᠡᠳᠡᠭᠡ ᠵᠠᠩᠭᠢ ᠨᠡᠶᠢᠲᠡᠯᠡᠬᠦ ᠶᠢ ᠴᠢᠩᠭᠠᠳᠬᠠᠨ᠎ᠠ      ᠪᠠᠴᠢᠮ ᠪᠠᠶᠢᠳᠠᠯ ᠢ ᠠᠷᠭᠠᠴᠠᠬᠤ ᠶᠢᠨ ᠵᠢᠯᠣᠭᠤᠳᠬᠤ ᠭᠠᠵᠠᠷ ᠨᠢ ᠳᠠᠷᠤᠶᠢᠬᠠᠨ ᠣᠨᠣᠪᠴᠢᠲᠠᠶ᠂ ᠣᠯᠠᠨ ᠨᠡᠶᠢᠲᠡᠴᠢ ᠢᠯᠡ ᠲᠣᠳᠣ᠂ ᠪᠤᠰᠤᠳᠴᠢ ᠨᠢᠭᠡᠳᠦᠯᠲᠡᠶ ᠪᠠᠶᠢᠬᠤ ᠵᠠᠷᠴᠢᠮ ᠶᠣᠰᠣᠭᠠᠷ᠂ ᠮᠡᠳᠡᠭᠡ ᠵᠠᠩᠭᠢ ᠨᠡᠶᠢᠲᠡᠯᠡᠬᠦ ᠪᠠ ᠶᠠᠷᠢᠶ᠎ᠠ ᠬᠡᠯᠡᠯᠴᠡᠭᠡ ᠪᠠᠷ ᠬᠥᠲᠥᠯᠦᠨ ᠵᠢᠯᠣᠭᠤᠳᠬᠤ ᠶᠢ ᠴᠢᠩᠭᠠᠳᠬᠠᠵᠤ᠂ ᠴᠠᠬᠢᠯᠭᠠᠨ ᠵᠣᠭᠰᠣᠭᠰᠠᠨ ᠬᠠᠮᠢᠶ᠎ᠠ ᠪᠥᠬᠦᠶ ᠮᠡᠳᠡᠭᠡ ᠵᠠᠩᠭᠢ ᠪᠠ ᠠᠷᠭᠠᠴᠠᠬᠤ ᠠᠵᠢᠯ ᠤᠨ ᠪᠠᠶᠢᠳᠠᠯ ᠢ ᠰᠠᠨᠠᠭᠠᠴᠢᠯᠠᠭ᠎ᠠ ᠠᠴᠠ ᠪᠠᠨ ᠨᠡᠶᠢᠭᠡᠮ ᠳᠤ ᠨᠡᠶᠢᠲᠡᠯᠡᠵᠦ᠂ ᠬᠠᠮᠢᠶ᠎ᠠ ᠪᠥᠬᠦᠶ ᠠᠩᠬᠠᠷᠬᠤ ᠵᠦᠶᠯᠡᠰ ᠪᠠ ᠠᠮᠤᠷ ᠢ ᠬᠠᠮᠠᠭᠠᠯᠠᠬᠤ ᠠᠷᠭ᠎ᠠ ᠬᠡᠮᠵᠢᠶ᠎ᠡ ᠪᠠᠷ ᠰᠠᠨᠠᠭᠤᠯᠬᠤ ᠬᠡᠷᠡᠭᠲᠡᠶ᠃ ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠤᠭᠯᠠᠭᠤᠯᠤᠨ ᠵᠠᠳᠠᠯᠬᠤ ᠶᠢ ᠴᠢᠩᠭᠠᠳᠬᠠᠵᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠦᠨᠡᠨ ᠪᠣᠳᠠᠲᠠᠶ ᠪᠤᠰᠤ ᠮᠡᠳᠡᠭᠡ ᠵᠠᠩᠭᠢ ᠶᠢ ᠢᠯᠭᠠᠷᠠᠭᠤᠯᠵᠤ᠂ ᠨᠡᠶᠢᠭᠡᠮ ᠤᠨ ᠶᠠᠷᠢᠶ᠎ᠠ ᠬᠡᠯᠡᠯᠴᠡᠭᠡ ᠶᠢ ᠵᠥᠪ ᠢᠶᠠᠷ ᠬᠥᠲᠥᠯᠥᠨ ᠵᠢᠯᠣᠭᠤᠳᠴᠤ᠂ ᠣᠯᠠᠨ ᠨᠡᠶᠢᠲᠡ ᠶᠢᠨ ᠰᠡᠳᠬᠢᠯ ᠰᠠᠨᠠᠭ᠎ᠠ ᠶᠢ ᠲᠣᠭᠲᠠᠭᠤᠨ ᠪᠠᠶᠢᠯᠭᠠᠬᠤ ᠬᠡᠷᠡᠭᠲᠡᠶ᠃      5.2.7 ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠪᠠᠶᠢᠳᠠᠯ ᠳᠤ ᠵᠠᠳᠠᠯᠤᠯᠲᠠ ᠬᠢᠵᠦ ᠦᠨᠡᠯᠡᠨ ᠵᠢᠱᠢᠬᠦ ᠠᠷᠭ᠎ᠠ ᠬᠡᠮᠵᠢᠶ᠎ᠡ      ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠨᠢ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠶᠠᠪᠤᠴᠠ ᠳᠤ᠂ ᠬᠡᠷᠡᠭ ᠤᠨ ᠨᠥᠯᠥᠭᠡᠯᠡᠬᠦ ᠬᠡᠪᠴᠢᠶ᠎ᠡ᠂ ᠨᠥᠯᠥᠭᠡᠯᠡᠬᠦ ᠬᠢᠷᠢ ᠵᠡᠷᠭᠡ᠂ ᠬᠥᠭᠵᠢᠯᠲᠡ ᠶᠢᠨ ᠬᠠᠨᠳᠤᠰᠢ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠬᠢᠴᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠠᠷᠢᠭᠤ ᠲᠤᠰᠬᠠᠬᠤ ᠵᠡᠷᠭᠡ ᠮᠡᠳᠡᠭᠡ ᠵᠠᠩᠭᠢ ᠶᠢ ᠦᠨᠳᠦᠰᠦᠯᠡᠨ᠂ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠬᠦ ᠠᠵᠢᠯ ᠢ ᠰᠠᠶᠢᠲᠤᠷ ᠬᠢᠨ᠎ᠠ᠃      5.3  ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠶᠢ ᠵᠣᠭᠰᠣᠭᠠᠬᠤ      ᠳᠤᠤᠷᠠᠬᠢ ᠨᠥᠬᠦᠴᠡᠯ ᠢ ᠬᠠᠮᠲᠤ ᠳᠤᠨᠢ ᠬᠠᠩᠭᠠᠭᠰᠠᠨ ᠪᠠᠶᠢᠪᠠᠯ᠂ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ  ᠶᠢ ᠡᠬᠢᠯᠡᠭᠦᠯᠦᠭᠰᠡᠨ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠠᠴᠠ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ  ᠶᠢ ᠵᠣᠭᠰᠣᠭᠠᠨ᠎ᠠ᠄      ︵1︶ ᠴᠠᠬᠢᠯᠭᠠᠨ ᠲᠤᠤᠷ ᠤᠨ ᠭᠤᠤᠯ ᠪᠣᠯᠬᠤ ᠲᠤᠤᠷ ᠦᠨᠳᠦᠰᠦᠨ ᠳᠡᠭᠡᠨ ᠬᠡᠪ ᠤᠨ ᠪᠠᠶᠢᠳᠠᠯ ᠳᠠᠭᠠᠨ ᠣᠷᠣᠵᠤ᠂ ᠴᠠᠬᠢᠯᠭᠠᠨ ᠲᠤᠤᠷ ᠤᠨ ᠠᠵᠢᠯᠯᠠᠭᠠᠨ ᠤ ᠪᠣᠯᠵᠣᠯᠲᠤ ᠲᠤᠭ᠎ᠠ ᠨᠢ ᠬᠢᠷᠢ ᠲᠡᠩᠴᠡᠭᠰᠡᠨ ᠬᠡᠪᠴᠢᠶᠡᠨ ᠳᠣᠲᠣᠷ᠎ᠠ ᠪᠠᠶᠢᠬᠤ ᠶᠢ ᠪᠠᠲᠤᠯᠠᠵᠤ᠂ ᠭᠤᠤᠯ ᠪᠣᠯᠬᠤ ᠴᠠᠬᠢᠯᠭᠠᠨ ᠭᠠᠷᠭᠠᠬᠤ ᠦᠶᠯᠡᠳᠪᠦᠷᠢ ᠶᠢᠨ ᠮᠠᠰᠢᠨ ᠴᠣᠭᠴᠠᠯᠠᠪᠤᠷᠢ ᠶᠢᠨ ᠠᠵᠢᠯᠯᠠᠭᠠᠨ ᠨᠢ ᠲᠣᠭᠲᠠᠭᠤᠨ ᠪᠣᠯᠤᠭᠰᠠᠨ︔      ︵2︶ ᠴᠠᠬᠢᠯᠭᠠᠨ ᠤ ᠲᠤᠤᠷ ᠤᠨ ᠬᠠᠩᠭᠠᠯᠲᠡ ᠶᠢᠨ ᠳᠠᠭᠠᠭᠠᠴᠠ ᠨᠢ 80 % ᠠᠴᠠ ᠳᠡᠭᠡᠭᠰᠢ ᠰᠡᠷᠭᠦᠭᠡᠵᠦ᠂ ᠴᠠᠬᠢᠯᠭᠠᠨ ᠵᠣᠭᠰᠣᠭᠰᠠᠨ ᠳᠤ ᠨᠥᠯᠥᠭᠡᠯᠡᠭᠳᠡᠭᠰᠡᠨ ᠭᠤᠤᠯᠳᠠᠯᠭ᠎ᠠ ᠲᠠᠢ ᠭᠠᠵᠠᠷ ᠣᠷᠣᠨ ᠤ ᠴᠠᠬᠢᠯᠭᠠᠨ ᠲᠤᠤᠷ ᠤᠨ ᠬᠠᠩᠭᠠᠯᠲᠡ ᠶᠢᠨ ᠳᠠᠭᠠᠭᠠᠴᠠ ᠨᠢ 90 % ᠠᠴᠠ ᠳᠡᠭᠡᠭᠰᠢ ᠰᠡᠷᠭᠦᠭᠰᠡᠨ︔      ︵3︶ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠳᠠᠯᠳᠠ ᠬᠡᠮ ᠢ ᠦᠨᠳᠦᠰᠦᠨ ᠳᠡᠭᠡᠨ ᠠᠷᠢᠯᠭᠠᠭᠰᠠᠨ︔      ︵4︶ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠠᠴᠠ ᠪᠣᠯᠤᠭᠰᠠᠨ ᠬᠦᠨᠳᠦ ᠣᠨᠴᠠ ᠶᠡᠭᠡ ᠡᠭᠦᠰᠦᠮᠡᠯ ᠠᠳᠠᠯ ᠢ ᠰᠢᠶᠳᠪᠦᠷᠢᠯᠡᠵᠦ ᠳᠠᠭᠤᠰᠬᠠᠭᠰᠠᠨ᠃      6. ᠰᠡᠭᠦᠯᠴᠢ ᠶᠢᠨ ᠬᠤᠭᠤᠴᠠᠭᠠᠨ ᠤ ᠰᠢᠶᠳᠪᠦᠷᠢᠯᠡᠯᠲᠡ      6.1  ᠰᠢᠢᠳᠪᠦᠷᠢᠯᠡᠯᠲᠡ ᠶᠢᠨ ᠦᠨᠡᠯᠡᠯᠲᠡ      ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ  ᠶᠢ ᠵᠣᠭᠰᠣᠭᠠᠭᠰᠠᠨ ᠤ ᠳᠠᠷᠠᠭ᠎ᠠ᠂ ᠨᠥᠯᠥᠭᠡᠯᠡᠭᠳᠡᠭᠰᠡᠨ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ ᠨᠢ ᠬᠡᠷᠡᠭ ᠢ ᠰᠢᠶᠳᠪᠦᠷᠢᠯᠡᠭᠰᠡᠨ ᠠᠵᠢᠯ ᠢ ᠦᠨᠡᠯᠡᠨ ᠵᠢᠱᠢᠬᠦ ᠶᠢ ᠴᠠᠭ ᠲᠤᠬᠠᠶ ᠳᠤᠨᠢ ᠵᠣᠬᠢᠶᠠᠨ ᠪᠠᠶᠢᠭᠤᠯᠵᠤ᠂ ᠬᠤᠬᠢᠷᠠᠯ ᠵᠢᠴᠢ ᠨᠥᠯᠥᠭᠡ ᠶᠢ ᠵᠠᠳᠠᠯᠤᠨ ᠰᠢᠨᠵᠢᠯᠡᠵᠦ᠂ ᠴᠡᠭᠴᠡᠯᠡᠨ ᠰᠠᠶᠢᠵᠢᠷᠠᠭᠤᠯᠬᠤ ᠲᠣᠳᠣᠷᠬᠠᠶ ᠠᠷᠭ᠎ᠠ ᠬᠡᠮᠵᠢᠶ᠎ᠡ ᠶᠢ ᠳᠤᠷᠠᠳᠤᠨ᠂ ᠰᠢᠢᠳᠪᠦᠷᠢᠯᠡᠯᠲᠡ ᠶᠢ ᠦᠨᠡᠯᠡᠨ ᠵᠢᠱᠢᠭᠰᠡᠨ ᠮᠡᠳᠡᠭᠦᠯᠦᠯᠲᠡ ᠶᠢ ᠪᠦᠷᠢᠯᠳᠦᠭᠦᠯᠦᠨ᠎ᠡ᠃      6.2 ᠬᠡᠷᠡᠭ ᠤᠨ ᠪᠠᠶᠢᠴᠠᠭᠠᠯᠲᠠ      ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ  ᠶᠢ ᠵᠣᠭᠰᠣᠭᠠᠭᠰᠠᠨ ᠤ ᠳᠠᠷᠠᠭ᠎ᠠ᠂ ᠠᠷᠠᠳ ᠤᠨ ᠵᠠᠰᠠᠭ ᠤᠨ ᠣᠷᠳᠣᠨ ᠲᠦᠷᠦᠭᠦᠯᠡᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠡᠷᠡᠭ ᠤᠨ ᠰᠢᠯᠲᠠᠭᠠᠨ᠂ ᠰᠢᠨᠵᠢ ᠴᠢᠨᠠᠷ᠂ ᠨᠥᠯᠥᠭᠡᠯᠡᠭᠰᠡᠨ ᠬᠡᠪᠴᠢᠶ᠎ᠡ᠂ ᠠᠵᠤ ᠠᠬᠤᠶ ᠶᠢᠨ ᠬᠤᠬᠢᠷᠠᠯ ᠵᠡᠷᠭᠡ ᠪᠠᠶᠢᠳᠠᠯ ᠢ ᠪᠠᠶᠢᠴᠠᠭᠠᠨ ᠳᠣᠲᠣᠯᠠᠵᠤ᠂ ᠰᠢᠶᠳᠪᠦᠷᠢᠯᠡᠵᠦ᠂ ᠰᠢᠶᠳᠪᠦᠷᠢᠯᠡᠭᠰᠡᠨ ᠳ᠋ᠦᠩᠨᠡᠯᠲᠡ ᠳᠤᠷᠠᠳᠤᠨ᠎ᠠ᠃      6.3 ᠬᠤᠶᠢᠨᠠᠬᠢ ᠶᠠᠪᠤᠳᠠᠯ ᠤᠨ ᠰᠢᠶᠳᠪᠦᠷᠢᠯᠡᠯᠲᠡ      ᠨᠥᠯᠥᠭᠡᠯᠡᠭᠳᠡᠭᠰᠡᠨ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ ᠨᠢ ᠰᠡᠭᠦᠯ ᠬᠤᠷᠢᠶᠠᠬᠤ ᠠᠵᠢᠯ ᠤᠨ ᠲᠥᠰᠦᠯ ᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ᠳᠠᠭᠠᠳᠬᠠᠯ ᠤᠨ ᠪᠠᠶᠢᠭᠤᠯᠤᠮᠵᠢ ᠨᠢ ᠬᠠᠮᠢᠶ᠎ᠠ ᠪᠥᠬᠦᠶ ᠳᠥᠯᠥᠬᠦ ᠠᠵᠢᠯ ᠢ ᠴᠠᠭ ᠲᠤᠬᠠᠶ ᠳᠤᠨᠢ ᠥᠷᠨᠢᠭᠦᠯᠵᠦ᠂ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠨᠥᠯᠥᠭᠡ ᠶᠢ ᠲᠦᠷᠭᠡᠬᠡᠨ ᠠᠷᠢᠯᠭᠠᠬᠤ ᠬᠡᠷᠡᠭᠲᠡᠶ᠃      6.4 ᠰᠡᠷᠭᠦᠭᠡᠨ ᠲᠠᠬᠢᠨ ᠪᠠᠶᠢᠭᠤᠯᠬᠤ        ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠶᠢ ᠵᠣᠭᠰᠣᠭᠠᠭᠰᠠᠨ ᠤ ᠳᠠᠷᠠᠭ᠎ᠠ᠂ ᠴᠠᠬᠢᠯᠭᠠᠨ ᠤ ᠲᠤᠤᠷ ᠤᠨ ᠪᠦᠷᠢᠯᠳᠦᠴᠡ ᠪᠠ ᠲᠥᠬᠦᠭᠡᠷᠦᠮᠵᠢ ᠪᠡᠯᠡᠳᠬᠡᠮᠵᠢ ᠶᠢ ᠰᠡᠯᠪᠢᠨ ᠰᠡᠷᠭᠦᠭᠡᠬᠦ ᠪᠤᠶᠤ ᠳᠠᠭᠢᠵᠤ ᠪᠠᠶᠢᠭᠤᠯᠬᠤ ᠴᠢᠬᠤᠯᠠᠲᠠᠶ ᠪᠠᠶᠢᠪᠠᠯ᠂ ᠤᠯᠠᠭᠠᠨᠴᠠᠪ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠬᠤᠲᠠ ᠶᠢᠨ ᠡᠨᠧᠷᠭᠢ ᠶᠢᠨ ᠲᠣᠪᠴᠢᠶ᠎ᠠ︶ ᠨᠢ ᠪᠣᠳᠠᠲᠠᠶ ᠠᠵᠢᠯ ᠤᠨ ᠬᠡᠷᠡᠭᠴᠡᠭᠡ ᠪᠠᠨ ᠦᠨᠳᠦᠰᠦᠯᠡᠨ ᠰᠡᠷᠭᠦᠭᠡᠵᠦ ᠳᠠᠭᠢᠵᠤ ᠪᠠᠶᠢᠭᠤᠯᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠨ᠎ᠠ᠃ ᠴᠠᠬᠢᠯᠭᠠᠨ ᠬᠦᠴᠦᠨ ᠤ ᠴᠢᠬᠤᠯᠠ ᠬᠡᠷᠡᠭᠯᠡᠭᠴᠢᠳ ᠬᠤᠬᠢᠷᠠᠯ ᠳᠤ ᠤᠴᠠᠷᠠᠭᠰᠠᠨ ᠪᠠᠶᠢᠪᠠᠯ᠂ ᠠᠮᠤᠷ ᠲᠦᠪᠰᠢᠨ ᠢ ᠦᠨᠡᠨᠬᠦ ᠪᠠᠲᠤᠯᠠᠭᠰᠠᠨ ᠤᠷᠢᠲᠠᠯ ᠳᠤᠤᠷ᠎ᠠ᠂ ᠦᠶᠯᠡᠳᠪᠦᠷᠢᠯᠡᠯ ᠤᠨ ᠪᠡᠯᠡᠳᠬᠡᠮᠵᠢ ᠶᠢ ᠰᠡᠷᠭᠦᠭᠡᠨ ᠳᠠᠬᠢᠨ ᠪᠦᠲᠦᠭᠡᠨ ᠪᠠᠶᠢᠭᠤᠯᠤᠨ᠎ᠠ᠃      7. ᠪᠠᠲᠤᠯᠠᠭ᠎ᠠ ᠶᠢᠨ ᠠᠷᠭ᠎ᠠ ᠬᠡᠮᠵᠢᠶ᠎ᠡ      7.1 ᠡᠩᠨᠡᠭᠡᠨ ᠤ ᠪᠠᠲᠤᠯᠠᠭ᠎ᠠ      ᠴᠠᠬᠢᠯᠭᠠᠨ ᠬᠦᠴᠦᠨ ᠤ ᠠᠵᠤ ᠠᠬᠤᠶᠢᠯᠠᠯ ᠤᠳ ᠴᠠᠬᠢᠯᠭᠠᠨ ᠬᠦᠴᠦᠨ ᠢ ᠵᠠᠪᠳᠤᠨ ᠵᠠᠰᠠᠬᠤ ᠪᠠᠴᠢᠮ ᠪᠠᠶᠢᠳᠠᠯ ᠢ ᠠᠷᠭᠠᠴᠠᠬᠤ ᠲᠤᠰᠬᠠᠶ ᠡᠩᠨᠡᠭᠡ ᠶᠢ ᠪᠠᠶᠢᠭᠤᠯᠤᠨ ᠪᠦᠷᠢᠨᠰᠢᠭᠦᠯᠵᠦ᠂ ᠲᠥᠬᠦᠭᠡᠷᠦᠮᠵᠢ ᠶᠢ ᠬᠠᠮᠠᠭᠠᠯᠠᠬᠤ ᠪᠠ ᠪᠠᠴᠢᠮ ᠪᠠᠶᠢᠳᠠᠯ ᠢ ᠠᠷᠭᠠᠴᠠᠬᠤ ᠶᠢᠨ ᠵᠠᠪᠳᠤᠨ ᠵᠠᠰᠠᠬᠤ ᠮᠡᠷᠭᠡᠵᠢᠯ ᠤᠨ ᠴᠢᠳᠠᠪᠤᠷᠢ ᠶᠢᠨ ᠲᠠᠯ᠎ᠠ ᠶᠢᠨ ᠠᠵᠢᠯᠲᠠᠨ ᠤ ᠪᠣᠯᠪᠠᠰᠤᠷᠠᠭᠤᠯᠤᠯ ᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠡᠯ᠎ᠡ ᠬᠤᠰᠢᠭᠤ ᠰᠢᠶᠠᠨ ᠬᠤᠲᠠ ︵ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ᠨᠢ ᠬᠡᠷᠡᠭᠴᠡᠭᠡ ᠪᠠᠨ ᠦᠨᠳᠦᠰᠦᠯᠡᠨ ᠪᠤᠰᠤᠳ ᠲᠤᠰᠬᠠᠶ ᠠᠵᠢᠯ ᠤᠨ ᠪᠠᠴᠢᠮ ᠪᠠᠶᠢᠳᠠᠯ ᠢ ᠠᠷᠭᠠᠴᠠᠬᠤ ᠡᠩᠨᠡᠭᠡ ᠪᠠ ᠰᠠᠶᠢᠨ ᠳᠤᠷᠠᠴᠤᠳ ᠵᠡᠷᠭᠡ ᠶᠢ ᠵᠣᠬᠢᠶᠠᠨ ᠪᠠᠶᠢᠭᠤᠯᠤᠨ ᠳᠠᠶᠢᠴᠢᠯᠠᠵᠤ ᠪᠠᠶᠢᠭᠠᠳ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠵᠢᠴᠢ ᠡᠭᠦᠰᠦᠮᠡᠯ ᠭᠠᠶ ᠭᠠᠮᠰᠢᠭ ᠢ ᠰᠢᠶᠳᠪᠦᠷᠢᠯᠡᠬᠦ ᠠᠵᠢᠯ ᠳᠤ ᠣᠷᠣᠯᠴᠠᠭᠤᠯᠤᠨ᠎ᠠ᠃ ᠪᠠᠴᠢᠮ ᠪᠠᠶᠢᠳᠠᠯ ᠢ ᠠᠷᠭᠠᠴᠠᠬᠤ᠂ ᠳᠣᠲᠣᠭᠠᠳᠤ ᠶᠢ ᠬᠠᠮᠠᠭᠠᠯᠠᠬᠤ᠂ ᠵᠡᠪᠰᠡᠭᠲᠦ ᠴᠠᠭᠳᠠᠭ᠎ᠠ᠂ ᠭᠠᠯ ᠤᠨᠲᠠᠷᠠᠭᠠᠬᠤ ᠵᠡᠷᠭᠡ ᠰᠠᠯᠠᠭ᠎ᠠ ᠮᠥᠴᠢᠷ ᠤᠳ ᠪᠠᠴᠢᠮ ᠪᠠᠶᠢᠳᠠᠯ ᠢ ᠠᠷᠭᠠᠴᠠᠬᠤ ᠬᠦᠴᠦᠨ ᠳᠤ ᠲᠤᠰᠠᠯᠠᠬᠤ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠶ᠃      7.2 ᠲᠣᠨᠤᠭ ᠲᠥᠬᠦᠭᠡᠷᠦᠮᠵᠢ ᠡᠳ᠋ ᠪᠣᠳᠠᠰ ᠤᠨ ᠪᠠᠲᠤᠯᠠᠭ᠎ᠠ      ᠴᠠᠬᠢᠯᠭᠠᠨ ᠬᠦᠴᠦᠨ ᠤ ᠠᠵᠤ ᠠᠬᠤᠶᠢᠯᠠᠯ ᠨᠢ ᠪᠠᠴᠢᠮ ᠪᠠᠶᠢᠳᠠᠯ ᠢ ᠠᠷᠭᠠᠴᠠᠬᠤ ᠲᠤᠰᠬᠠᠶ ᠮᠡᠷᠭᠡᠵᠢᠯ ᠤᠨ ᠴᠢᠬᠤᠯᠠ ᠪᠥᠬᠦᠶ ᠲᠣᠨᠤᠭ ᠲᠥᠬᠦᠭᠡᠷᠦᠮᠵᠢ ᠵᠢᠴᠢ ᠡᠳ᠋ ᠪᠣᠳᠠᠰ ᠢ ᠨᠥᠭᠡᠴᠡᠯᠡᠵᠦ᠂ ᠵᠣᠬᠢᠬᠤ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠡᠯ᠎ᠡ ᠬᠤᠰᠢᠭᠤ ᠰᠢᠶᠠᠨ ᠬᠤᠲᠠ ︵ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠡᠳ᠋ ᠪᠠᠷᠠᠭ᠎ᠠ ᠵᠢᠴᠢ ᠦᠶᠯᠡᠳᠪᠦᠷᠢᠯᠡᠯ ᠠᠮᠢᠳᠤᠷᠠᠯ ᠤᠨ ᠡᠳ᠋ ᠪᠠᠷᠠᠭ᠎ᠠ ᠶᠢ ᠪᠠᠴᠢᠮ ᠦᠶᠯᠡᠳᠪᠦᠷᠢᠯᠡᠬᠦ᠂ ᠨᠥᠭᠡᠴᠡᠯᠡᠨ ᠳᠣᠭᠢᠷᠠᠭᠤᠯᠵᠤ ᠥᠭᠬᠦ ᠪᠠ ᠪᠠᠴᠢᠮ ᠳᠣᠭᠢᠷᠠᠭᠤᠯᠤᠨ ᠬᠦᠷᠭᠡᠬᠦ ᠠᠵᠢᠯ ᠢ ᠴᠢᠩᠭᠠᠳᠬᠠᠵᠤ᠂ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠢ ᠠᠷᠭᠠᠴᠠᠬᠤ ᠠᠵᠢᠯ ᠤᠨ ᠲᠤᠰᠠᠯᠠᠨ ᠳᠡᠮᠵᠢᠬᠦ ᠬᠡᠷᠡᠭᠴᠡᠭᠡ ᠶᠢ ᠪᠠᠲᠤᠯᠠᠬᠤ ᠬᠡᠷᠡᠭᠲᠡᠶ᠃      7.3 ᠴᠢᠮᠡᠭᠡ ᠬᠤᠯᠪᠣᠭ᠎ᠠ᠂ ᠵᠠᠮ ᠬᠠᠷᠢᠯᠴᠠᠭ᠎ᠠ ᠬᠢᠭᠡᠳ ᠲᠡᠭᠡᠭᠡᠪᠦᠷᠢ ᠶᠢᠨ ᠪᠠᠲᠤᠯᠠᠭ᠎ᠠ      ᠡᠯ᠎ᠡ ᠬᠤᠰᠢᠭᠤ ᠰᠢᠶᠠᠨ ᠬᠤᠲᠠ ︵ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ᠵᠢᠴᠢ ᠴᠢᠮᠡᠭᠡ ᠬᠤᠯᠪᠣᠭ᠎ᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠴᠢᠮᠡᠭᠡ ᠬᠤᠯᠪᠣᠭ᠎ᠠ ᠶᠢᠨ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠦ᠂ ᠨᠠᠶᠢᠳᠠᠪᠤᠷᠢᠲᠠᠶ ᠴᠢᠮᠡᠭᠡ ᠬᠤᠯᠪᠣᠭ᠎ᠠ ᠶᠢᠨ ᠪᠠᠲᠤᠯᠠᠭ᠎ᠠ ᠶᠢᠨ ᠴᠢᠳᠠᠪᠤᠷᠢ ᠶᠢ ᠪᠦᠷᠢᠯᠳᠦᠭᠦᠯᠦᠨ᠂ ᠪᠠᠴᠢᠮ ᠪᠠᠶᠢᠳᠠᠯ ᠢ ᠠᠷᠭᠠᠴᠠᠬᠤ ᠬᠤᠭᠤᠴᠠᠭᠠᠨ ᠳᠠᠬᠢ ᠴᠢᠮᠡᠭᠡ ᠬᠤᠯᠪᠣᠭ᠎ᠠ ᠶᠢᠨ ᠬᠠᠷᠢᠯᠴᠠᠬᠤ ᠪᠠ ᠮᠡᠳᠡᠭᠡ ᠵᠠᠩᠭᠢ ᠳᠠᠮᠵᠢᠭᠤᠯᠬᠤ ᠬᠡᠷᠡᠭᠴᠡᠭᠡ ᠶᠢ ᠦᠨᠡᠨᠬᠦ ᠪᠠᠲᠤᠯᠠᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠪᠠᠴᠢᠮ ᠪᠠᠶᠢᠳᠠᠯ ᠢ ᠠᠷᠭᠠᠴᠠᠬᠤ ᠳᠤ ᠬᠡᠷᠡᠭᠰᠡᠬᠦ ᠠᠵᠢᠯᠲᠠᠨ᠂ ᠡᠳ᠋ ᠪᠠᠷᠠᠭ᠎ᠠ᠂ ᠲᠣᠨᠤᠭ ᠲᠥᠬᠦᠭᠡᠷᠦᠮᠵᠢ᠂ ᠪᠠᠭᠠᠵᠢ ᠬᠡᠷᠡᠭᠰᠡᠯ ᠵᠡᠷᠭᠡ ᠶᠢᠨ ᠲᠡᠭᠡᠭᠡᠪᠦᠷᠢ ᠶᠢ ᠪᠠᠲᠤᠯᠠᠨ᠎ᠠ︔ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠤᠳ ᠵᠠᠮ ᠬᠠᠷᠢᠯᠴᠠᠭᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠲᠡᠷᠭᠡ ᠬᠥᠰᠬᠡ ᠶᠢᠨ ᠤᠷᠢᠳᠠᠪᠠᠷ ᠨᠡᠪᠲᠡᠷᠡᠬᠦ ᠶᠢ ᠪᠠᠲᠤᠯᠠᠬᠤ ᠬᠡᠷᠡᠭᠲᠡᠶ︔ ᠬᠤᠰᠢᠭᠤ ᠰᠢᠶᠠᠨ ᠬᠤᠲᠠ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠪᠠᠶᠢᠭᠤᠯᠤᠮᠵᠢ ᠨᠤᠭᠤᠳ ᠪᠠᠴᠢᠮ ᠪᠠᠶᠢᠳᠠᠯ ᠢ ᠠᠷᠭᠠᠴᠠᠬᠤ ᠴᠢᠬᠤᠯᠠ ᠪᠦᠬᠦᠢ ᠲᠡᠷᠭᠡ ᠬᠥᠰᠬᠡ ᠲᠣᠬᠢᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠬᠡᠷᠡᠭᠴᠡᠭᠡ ᠶᠢ ᠪᠠᠲᠤᠯᠠᠬᠤ ᠬᠡᠷᠡᠭᠲᠡᠶ᠃      7.4 ᠮᠡᠷᠭᠡᠵᠢᠯ ᠤᠨ ᠪᠠᠲᠤᠯᠠᠭ᠎ᠠ      ᠴᠠᠬᠢᠯᠭᠠᠨ ᠬᠦᠴᠦᠨ ᠤ ᠠᠵᠤ ᠠᠬᠤᠶᠢᠯᠠᠯ ᠤᠳ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠢ ᠠᠷᠭᠠᠴᠠᠬᠤ ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠲᠡᠷᠢᠭᠦᠨ ᠤ ᠪᠣᠯᠪᠠᠰᠤᠷᠠᠩᠭᠤᠶ ᠮᠡᠷᠭᠡᠵᠢᠯ ᠤᠨ ᠲᠣᠨᠤᠭ ᠲᠥᠬᠦᠭᠡᠷᠦᠮᠵᠢ ᠶᠢ ᠬᠡᠷᠡᠭᠯᠡᠨ᠂ ᠴᠠᠬᠢᠯᠭᠠᠨ ᠲᠤᠤᠷ᠂ ᠴᠠᠬᠢᠯᠭᠠᠨ ᠤ ᠦᠶᠯᠡᠳᠪᠦᠷᠢ ᠶᠢᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠮᠡᠳᠡᠭᠡ ᠵᠠᠩᠭᠢᠵᠢᠯᠲᠠ ᠶᠢᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠮᠡᠳᠡᠭᠡ ᠵᠠᠩᠭᠢᠵᠢᠯᠲᠠ ᠶᠢᠨ ᠰᠢᠰᠲ᠋ᠧᠮ ᠤᠨ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠠᠵᠢᠯ ᠢ ᠭᠤᠤᠯᠳᠠᠯᠭ᠎ᠠ ᠲᠠᠢ ᠥᠷᠨᠢᠭᠦᠯᠬᠦ ᠬᠡᠷᠡᠭᠲᠡᠶ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠴᠠᠬᠢᠯᠭᠠᠨ ᠬᠦᠴᠦᠨ ᠤ ᠡᠳᠦᠷ ᠲᠤᠲᠤᠮ ᠤᠨ ᠪᠠᠶᠢᠴᠠᠭᠠᠨ ᠰᠢᠨᠵᠢᠵᠦ ᠰᠡᠷᠡᠮᠵᠢᠯᠡᠭᠦᠯᠬᠦ ᠵᠢᠴᠢ ᠴᠠᠬᠢᠯᠭᠠᠨ ᠬᠦᠴᠦᠨ ᠤ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠳᠤ ᠴᠢᠬᠤᠯᠠ ᠪᠦᠬᠦᠢ ᠴᠠᠭ ᠠᠭᠤᠷ᠂ ᠭᠠᠵᠠᠷ ᠰᠢᠨᠵᠢᠯᠡᠭᠡᠨ᠂ ᠤᠰᠤᠨ ᠰᠢᠨᠵᠢᠯᠡᠭᠡ ᠵᠡᠷᠭᠡ ᠦᠢᠯᠡᠴᠢᠯᠡᠭᠡ ᠬᠠᠩᠭᠠᠬᠤ ᠬᠡᠷᠡᠭᠲᠡᠶ᠃      7.5 ᠪᠠᠴᠢᠮ ᠪᠠᠶᠢᠳᠠᠯ ᠢ ᠠᠷᠭᠠᠴᠠᠬᠤ ᠴᠠᠬᠢᠯᠭᠠᠨ ᠡᠭᠦᠰᠭᠡᠭᠴᠢ ᠶᠢᠨ ᠪᠠᠲᠤᠯᠠᠭ᠎ᠠ      ᠴᠠᠬᠢᠯᠭᠠᠨ ᠬᠦᠴᠦᠨ ᠤ ᠰᠢᠰᠲ᠋ᠧᠮ ᠤᠨ ᠲᠦᠷᠭᠡᠨ ᠰᠡᠷᠭᠦᠬᠦ ᠴᠢᠳᠠᠪᠤᠷᠢ ᠶᠢ ᠳᠡᠭᠡᠭᠰᠢᠯᠡᠭᠦᠯᠵᠦ᠂ ᠴᠠᠬᠢᠯᠭᠠᠨ ᠲᠣᠣᠷ ᠤᠨ ︽ᠨᠢᠭᠤᠴᠠ ᠡᠬᠢᠯᠡᠭᠦᠯᠬᠦ︾ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠴᠠᠬᠢᠯᠭᠠᠨ ᠬᠦᠴᠦᠨ ᠤ ᠠᠵᠤ ᠠᠬᠤᠶᠢᠯᠠᠯ ᠨᠢ ᠴᠠᠬᠢᠯᠭᠠᠨ ᠡᠭᠦᠰᠭᠡᠭᠴᠢ ᠶᠢᠨ ᠲᠥᠯᠥᠪᠵᠢᠭᠦᠯᠭᠡ ᠪᠠᠶᠢᠷᠢᠰᠢᠭᠤᠯᠤᠯᠲᠠ ᠶᠢ ᠭᠦᠢᠴᠡᠳ ᠪᠣᠳᠣᠯᠬᠢᠯᠠᠵᠤ᠂ ᠡᠯ᠎ᠡ ᠭᠠᠵᠠᠷ ᠣᠷᠣᠨ ᠤ ︽ᠨᠢᠭᠤᠴᠠ ᠡᠬᠢᠯᠡᠭᠦᠯᠬᠦ︾ ᠴᠠᠬᠢᠯᠭᠠᠨ ᠡᠭᠦᠰᠭᠡᠭᠴᠢ ᠶᠢ ᠪᠠᠲᠤᠯᠠᠬᠤ ᠬᠡᠷᠡᠭᠲᠡᠶ᠃ ᠴᠠᠬᠢᠯᠭᠠᠨ ᠬᠦᠴᠦᠨ ᠤ ᠠᠵᠤ ᠠᠬᠤᠶᠢᠯᠠᠯ ᠨᠢ ᠪᠠᠴᠢᠮ ᠪᠠᠶᠢᠳᠠᠯ ᠢ ᠠᠷᠭᠠᠴᠠᠬᠤ ᠵᠣᠬᠢᠬᠤ ᠬᠡᠮᠵᠢᠶᠡᠨ ᠤ ᠴᠠᠬᠢᠯᠭᠠᠨ ᠭᠠᠷᠭᠠᠬᠤ ᠲᠣᠨᠤᠭ ᠲᠥᠬᠦᠭᠡᠷᠦᠮᠵᠢ ᠶᠢ ᠳᠣᠭᠢᠷᠠᠭᠤᠯᠵᠤ᠂ ᠴᠢᠬᠤᠯᠠᠲᠠᠶ ᠦᠶ᠎ᠡ ᠳᠤ ᠪᠠᠴᠢᠮ ᠪᠠᠶᠢᠳᠠᠯ ᠢ ᠠᠷᠭᠠᠴᠠᠬᠤ ᠴᠠᠬᠢᠯᠭᠠᠨ ᠡᠭᠦᠰᠭᠡᠭᠴᠢ ᠶᠢᠨ ᠲᠤᠰᠠᠯᠠᠮᠵᠢ ᠬᠠᠩᠭᠠᠨ᠎ᠠ᠃ ᠴᠠᠬᠢᠯᠭᠠᠨ ᠬᠦᠴᠦᠨ ᠤ ᠴᠢᠬᠤᠯᠠ ᠬᠡᠷᠡᠭᠯᠡᠭᠴᠢᠳ ᠨᠢ ᠤᠯᠤᠰ ᠤᠨ ᠬᠤᠯᠪᠣᠭᠳᠠᠯ ᠪᠥᠬᠦᠶ ᠮᠡᠷᠭᠡᠵᠢᠯ ᠤᠨ ᠱᠠᠭᠠᠷᠳᠠᠯᠭ᠎ᠠ ᠶᠣᠰᠣᠭᠠᠷ ᠪᠠᠴᠢᠮ ᠪᠠᠶᠢᠳᠠᠯ ᠢ ᠠᠷᠭᠠᠴᠠᠬᠤ ᠴᠠᠬᠢᠯᠭᠠᠨ ᠡᠭᠦᠰᠭᠡᠭᠴᠢ ᠶᠢ ᠳᠣᠭᠢᠷᠠᠭᠤᠯᠬᠤ ᠶᠢᠨ ᠬᠠᠮᠲᠤ᠂ ᠬᠠᠮᠠᠭᠠᠯᠠᠯᠲᠠ ᠪᠠ ᠬᠠᠮᠢᠶᠠᠷᠤᠯᠲᠠ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠪᠠᠶᠢᠳᠠᠯ ᠳᠤᠤᠷ᠎ᠠ ᠠᠵᠢᠯᠯᠠᠭᠠᠨ ᠳᠤ ᠣᠷᠣᠭᠤᠯᠵᠤ ᠳᠡᠶᠢᠯᠬᠦ ᠶᠢ ᠦᠨᠡᠨᠬᠦ ᠪᠠᠲᠤᠯᠠᠬᠤ ᠬᠡᠷᠡᠭᠲᠡᠶ᠃      7.6 ᠪᠡᠯᠡ ᠮᠥᠩᠭᠦᠨ ᠤ ᠪᠠᠲᠤᠯᠠᠭ᠎ᠠ      ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠡᠯ᠎ᠡ ᠬᠤᠰᠢᠭᠤ ᠰᠢᠶᠠᠨ ᠬᠤᠲᠠ ︵ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ᠵᠢᠴᠢ ᠡᠯ᠎ᠡ ᠬᠠᠮᠢᠶ᠎ᠠ ᠪᠥᠬᠦᠶ ᠴᠠᠬᠢᠯᠭᠠᠨ ᠬᠦᠴᠦᠨ ᠤ ᠠᠵᠤ ᠠᠬᠤᠶᠢᠯᠠᠯ ᠨᠢ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠢ ᠰᠢᠶᠳᠪᠦᠷᠢᠯᠡᠬᠦ ᠠᠵᠢᠯ ᠳᠤ ᠴᠢᠬᠤᠯᠠ ᠪᠥᠬᠦᠶ ᠪᠠᠯᠠ ᠮᠥᠩᠭᠦ ᠶᠢᠨ ᠪᠠᠲᠤᠯᠠᠭ᠎ᠠ ᠬᠠᠩᠭᠠᠨ᠎ᠠ᠃      8 ᠳᠠᠭᠠᠯᠳᠤᠭᠤᠯᠤᠭᠰᠠᠨ ᠳᠦᠷᠢᠮ      8.1 ᠪᠡᠯᠡᠳᠬᠡᠯ ᠲᠥᠰᠦᠯ ᠢ ᠲᠣᠭᠲᠠᠭᠠᠬᠤ      ᠲᠣᠰ ᠪᠡᠯᠡᠳᠬᠡᠯ ᠲᠥᠰᠦᠯ ᠢ ᠤᠯᠠᠭᠠᠨᠴᠠᠪ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠬᠤᠲᠠ ᠶᠢᠨ ᠡᠨᠧᠷᠭᠢ ᠶᠢᠨ ᠲᠣᠪᠴᠢᠶ᠎ᠠ︶ ᠠᠴᠠ ᠬᠠᠷᠢᠭᠤᠴᠠᠨ ᠲᠣᠭᠲᠠᠭᠠᠵᠤ᠂ ᠬᠤᠲᠠ ᠶᠢᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠲᠡᠯᠡᠨ ᠬᠡᠷᠡᠭᠵᠢᠭᠦᠯᠦᠨ᠎ᠡ᠃      ᠡᠯ᠎ᠡ ᠬᠤᠰᠢᠭᠤ ᠰᠢᠶᠠᠨ ᠬᠤᠲᠠ ︵ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ᠨᠢ ᠲᠤᠬᠠᠶ ᠶᠢᠨ ᠭᠠᠵᠠᠷ ᠤᠨ ᠪᠤᠲᠠᠲᠦ ᠪᠠᠶᠢᠳᠠᠯ ᠲᠠᠢ ᠪᠠᠨ ᠤᠶᠠᠯᠳᠤᠭᠤᠯᠤᠨ ᠲᠣᠰ ᠱᠠᠲᠤᠨ ᠤ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠨ᠎ᠠ᠃      8.2 ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠬᠤ ᠪᠠ ᠲᠡᠭᠦᠨ ᠢ ᠰᠢᠨᠡᠳᠬᠡᠬᠦ      ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠳᠤ ᠭᠤᠷᠪᠠᠨ ᠵᠢᠯ ᠳᠤ ᠠᠳᠠᠭ ᠲᠠᠭᠠᠨ ᠨᠢᠭᠡ ᠤᠳᠠᠭ᠎ᠠ ᠵᠠᠰᠠᠪᠤᠷᠢ ᠣᠷᠣᠭᠤᠯᠵᠤ᠂ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠤᠭᠰᠠᠨ ᠦᠷ᠎ᠡ ᠳ᠋ᠦᠩ ᠢ ᠨᠠᠷᠢᠨ ᠲᠡᠮᠳᠡᠭᠯᠡᠬᠦ ᠬᠡᠷᠡᠭᠲᠡᠶ᠃ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠬᠤᠯᠪᠣᠭᠳᠠᠯ ᠪᠦᠬᠦᠢ ᠪᠡᠯᠡᠳᠬᠡᠯ ᠲᠥᠰᠦᠯ ᠳᠤ ᠴᠠᠭ ᠲᠤᠬᠠᠢ ᠳᠤᠨᠢ ᠵᠠᠰᠠᠪᠤᠷᠢ ᠣᠷᠣᠭᠤᠯᠬᠤ ᠬᠡᠷᠡᠭᠲᠡᠢ᠄      ︵1︶ ᠦᠨᠳᠦᠰᠦᠯᠡᠯ ᠪᠣᠯᠭᠠᠭᠰᠠᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ᠂ ᠪᠠᠷᠢᠮᠵᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠪᠡᠯᠡᠳᠬᠡᠯ ᠲᠥᠰᠦᠯ ᠳᠠᠬᠢ ᠬᠤᠯᠪᠣᠭᠳᠠᠯ ᠪᠦᠬᠦᠢ ᠲᠣᠭᠲᠠᠭᠠᠯ ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ᠃      ︵2︶ ᠤᠯᠠᠭᠠᠨᠴᠠᠪ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠶᠢᠨ ᠵᠣᠬᠢᠶᠠᠨ ᠪᠠᠶᠢᠭᠤᠯᠵᠤ ᠵᠢᠯᠣᠭᠤᠳᠬᠤ ᠰᠢᠰᠲ᠋ᠧᠮᠵᠢ ᠪᠤᠶᠤ ᠡᠭᠦᠷᠭᠡ ᠬᠠᠷᠢᠭᠤᠴᠠᠯᠭ᠎ᠠ ᠳᠤᠨᠢ ᠴᠢᠬᠤᠯᠠ ᠶᠡᠭᠡ ᠬᠤᠪᠢᠷᠠᠯᠲᠠ ᠭᠠᠷᠤᠭᠰᠠᠨ᠃      ︵3︶ ᠲᠤᠯᠭᠠᠷᠠᠵᠤ ᠪᠠᠶᠢᠭ᠎ᠠ ᠲᠦᠭᠰᠢᠭᠦᠷᠢ ᠳᠤ ᠴᠢᠬᠤᠯᠠ ᠶᠡᠭᠡ ᠬᠤᠪᠢᠷᠠᠯᠲᠠ ᠭᠠᠷᠴᠤ᠂ ᠪᠠᠴᠢᠮ ᠪᠠᠶᠢᠳᠠᠯ ᠢ ᠠᠷᠭᠠᠴᠠᠬᠤ ᠴᠢᠬᠤᠯᠠ ᠡᠬᠢ ᠪᠠᠶᠠᠯᠢᠭ ᠲᠤ ᠴᠢᠬᠤᠯᠠ ᠶᠡᠭᠡ ᠬᠤᠪᠢᠷᠠᠯᠲᠠ ᠭᠠᠷᠤᠭᠰᠠᠨ᠃      ︵4︶ ᠭᠡᠨᠡᠳᠲᠡ ᠶᠢᠨ ᠬᠡᠷᠡᠭ ᠢ ᠠᠷᠭᠠᠴᠠᠨ ᠰᠢᠢᠳᠪᠦᠷᠢᠯᠡᠬᠦ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠳᠤᠮᠳᠠ ᠠᠰᠠᠭᠤᠳᠠᠯ ᠢ ᠣᠯᠵᠤ ᠮᠡᠳᠡᠭᠡᠳ ᠪᠠᠴᠢᠮ ᠪᠠᠶᠢᠳᠠᠯ ᠢ ᠠᠷᠭᠠᠴᠠᠬᠤ ᠲᠥᠰᠦᠯ ᠳᠤ ᠴᠢᠬᠤᠯᠠ ᠶᠡᠭᠡ ᠲᠤᠬᠢᠷᠠᠭᠤᠯᠤᠯᠲᠠ ᠬᠢᠬᠦ ᠴᠢᠬᠤᠯᠠᠲᠠᠢ ᠪᠣᠯᠤᠭᠰᠠᠨ᠃      ︵5︶ ᠤᠯᠠᠭᠠᠨᠴᠠᠪ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠵᠠᠰᠠᠪᠤᠷᠢ ᠣᠷᠣᠭᠤᠯᠬᠤ ᠱᠠᠭᠠᠷᠳᠠᠯᠭ᠎ᠠ ᠳᠤᠷᠠᠳᠤᠭᠰᠠᠨ᠃      8.3  ᠰᠣᠷᠢᠯᠲᠠ ᠪᠠ ᠪᠣᠯᠪᠠᠰᠤᠷᠠᠯ      8.3.1 ᠤᠯᠠᠭᠠᠨᠴᠠᠪ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠬᠤᠲᠠ ᠶᠢᠨ ᠡᠨᠧᠷᠭᠢ ᠶᠢᠨ ᠲᠣᠪᠴᠢᠶ᠎ᠠ︶ ᠨᠢ ᠬᠠᠮᠢᠶ᠎ᠠ ᠪᠥᠬᠦᠶ ᠰᠠᠯᠠᠭ᠎ᠠ ᠮᠥᠴᠢᠷ᠂ ᠨᠢᠭᠡᠴᠢ ᠲᠠᠢ ᠬᠠᠮᠲᠤᠷᠠᠨ ᠪᠥᠬᠦ ᠬᠤᠲᠠ ᠶᠢᠨ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶᠢᠯᠡᠭᠰᠡᠨ ᠴᠢᠨᠠᠷᠲᠠᠶ ᠪᠤᠶᠤ ᠲᠤᠰᠬᠠᠶ ᠮᠡᠷᠭᠡᠵᠢᠯ ᠤᠨ ᠴᠢᠨᠠᠷᠲᠠᠶ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ᠎ᠠ᠃ ᠡᠯ᠎ᠡ ᠬᠤᠰᠢᠭᠤ ᠰᠢᠶᠠᠨ ᠬᠤᠲᠠ ︵ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ᠨᠢ  ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠶᠡᠷᠦᠩᠬᠡᠶᠢᠯᠡᠭᠰᠡᠨ ᠴᠢᠨᠠᠷᠲᠠᠶ ᠪᠤᠶᠤ ᠲᠤᠰᠬᠠᠶ ᠮᠡᠷᠭᠡᠵᠢᠯ ᠤᠨ ᠴᠢᠨᠠᠷᠲᠠᠶ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ 2 ᠵᠢᠯ ᠪᠦᠷᠢ ᠠᠳᠠᠭ ᠲᠠᠭᠠᠨ ᠨᠢᠭᠡ ᠤᠳᠠᠭ᠎ᠠ ᠵᠣᠬᠢᠶᠠᠨ ᠪᠠᠶᠢᠭᠤᠯᠤᠨ᠎ᠠ᠃ ᠴᠠᠬᠢᠯᠭᠠᠨ ᠬᠦᠴᠦᠨ ᠤ ᠠᠵᠤ ᠠᠬᠤᠶᠢᠯᠠᠯ ᠪᠣᠯᠤᠨ ᠴᠢᠬᠤᠯᠠ ᠬᠡᠷᠡᠭᠯᠡᠭᠴᠢᠳ ᠨᠢ ᠲᠣᠰ ᠠᠵᠤ ᠠᠬᠤᠶᠢᠯᠠᠯ᠂ ᠲᠣᠰ ᠨᠢᠭᠡᠴᠢ ᠶᠢᠨ ᠲᠤᠰᠬᠠᠶ ᠮᠡᠷᠭᠡᠵᠢᠯ ᠤᠨ ᠴᠢᠨᠠᠷᠲᠠᠶ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠵᠢᠯ ᠪᠦᠷᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      8.3.2 ᠤᠯᠠᠭᠠᠨᠴᠠᠪ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠬᠤᠲᠠ ᠶᠢᠨ ᠡᠨᠧᠷᠭᠢ ᠶᠢᠨ ᠲᠣᠪᠴᠢᠶ᠎ᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠤᠬᠠᠭᠤᠯᠭ᠎ᠠ᠂ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ᠎ᠠ᠃ ᠡᠯ᠎ᠡ ᠬᠤᠰᠢᠭᠤ ᠰᠢᠶᠠᠨ ᠬᠤᠲᠠ ︵ᠲᠣᠭᠤᠷᠢᠭ︶᠂ ᠡᠯ᠎ᠡ ᠬᠤᠯᠪᠣᠭᠳᠠᠯ ᠪᠥᠬᠦᠶ ᠨᠢᠭᠡᠴᠢ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠮᠡᠳᠡᠯᠭᠡ ᠶᠢᠨ ᠤᠬᠠᠭᠤᠯᠭ᠎ᠠ ᠪᠠ ᠲᠦᠭᠡᠮᠡᠯᠵᠢᠭᠦᠯᠦᠯᠲᠡ ᠶᠢᠨ ᠠᠵᠢᠯ ᠢ ᠰᠠᠶᠢᠲᠤᠷ ᠬᠢᠵᠦ᠂ ᠡᠯ᠎ᠡ ᠲᠥᠷᠥᠯ ᠤᠨ ᠤᠬᠠᠭᠤᠯᠬᠤ ᠵᠠᠭᠤᠴᠢᠯᠠᠭᠤᠷ ᠢ ᠭᠦᠶᠴᠡᠳ ᠠᠰᠢᠭᠯᠠᠨ ᠤᠬᠠᠭᠤᠯᠭ᠎ᠠ ᠬᠥᠮᠦᠵᠢᠯ ᠤᠨ ᠡᠷᠴᠢᠮ ᠢ ᠴᠢᠩᠭᠠᠷᠠᠭᠤᠯᠤᠨ᠂ ᠣᠯᠠᠨ ᠨᠡᠶᠢᠲᠡ ᠶᠢᠨ ᠪᠠᠴᠢᠮ ᠪᠠᠶᠢᠳᠠᠯ ᠢ ᠠᠷᠭᠠᠴᠠᠵᠤ ᠥᠪᠡᠷ ᠢ ᠪᠠᠨ ᠠᠪᠤᠷᠬᠠᠤ᠂ ᠠᠪᠤᠷᠠᠯ ᠭᠤᠶᠤᠬᠤ ᠮᠡᠳᠡᠯᠭᠡ ᠶᠢ ᠴᠢᠩᠭᠠᠷᠠᠭᠤᠯᠵᠤ᠂ ᠨᠡᠶᠢᠭᠡᠮ ᠳᠠᠶᠠᠭᠠᠷ ᠤᠨ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃      8.4 ᠪᠡᠯᠡᠳᠬᠡᠯ ᠲᠥᠰᠦᠯ ᠤᠨ ᠲᠠᠶᠢᠯᠪᠤᠷᠢᠯᠠᠯᠲᠠ      ᠲᠣᠰ ᠪᠡᠯᠡᠳᠬᠡᠯ ᠲᠥᠰᠦᠯ ᠢ ᠤᠯᠠᠭᠠᠨᠴᠠᠪ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠬᠤᠲᠠ ᠶᠢᠨ ᠡᠨᠧᠷᠭᠢ ᠶᠢᠨ ᠲᠣᠪᠴᠢᠶ᠎ᠠ︶ ᠠᠴᠠ ᠬᠠᠷᠢᠭᠤᠴᠠᠨ ᠲᠠᠶᠢᠯᠪᠤᠷᠢᠯᠠᠨ᠎ᠠ᠃      8.5 ᠪᠡᠯᠡᠳᠬᠡᠯ ᠲᠥᠰᠦᠯ ᠢ ᠬᠡᠷᠡᠭᠵᠢᠭᠦᠯᠬᠦ ᠴᠠᠭ      ᠲᠣᠰ ᠪᠡᠯᠡᠳᠬᠡᠯ ᠲᠥᠰᠦᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃          ᠳᠠᠭᠠᠯᠳᠤᠭᠤᠯᠤᠯ᠄ 1.ᠤᠯᠠᠭᠠᠨᠴᠠᠪ ᠬᠤᠲᠠ ᠶᠢᠨ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠲᠠᠰ ᠬᠤᠪᠢᠶᠠᠬᠤ ᠪᠠᠷᠢᠮᠵᠢᠶ᠎ᠠ                      2.ᠤᠯᠠᠭᠠᠨᠴᠠᠪ ᠬᠤᠲᠠ ᠶᠢᠨ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠪᠦᠷᠢᠯᠳᠦᠬᠦᠨ ᠵᠢᠴᠢ ᠠᠵᠢᠯ ᠤᠨ ᠡᠭᠦᠷᠭᠡ ᠬᠠᠷᠢᠭᠤᠴᠠᠯᠭ᠎ᠠ ᠳᠠᠭᠠᠯᠳᠤᠭᠤᠯᠤᠯ 1      ᠤᠯᠠᠭᠠᠨᠴᠠᠪ ᠬᠤᠲᠠ ᠶᠢᠨ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠲᠠᠰ ᠬᠤᠪᠢᠶᠠᠬᠤ ᠪᠠᠷᠢᠮᠵᠢᠶ᠎ᠠ            ᠨᠢᠭᠡ᠂ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠣᠨᠴᠠ ᠶᠡᠭᠡ ᠬᠡᠷᠡᠭ      ᠪᠥᠬᠦ ᠬᠤᠲᠠ ᠶᠢᠨ ᠥᠷᠭᠡᠨ ᠬᠡᠪᠴᠢᠶᠡᠨ ᠳᠤ ᠴᠠᠬᠢᠯᠭᠠᠨ ᠵᠤᠭᠰᠤᠭᠰᠠᠨ ᠠᠴᠠ ᠪᠤᠯᠵᠤ ᠥᠪᠥᠷ ᠮᠣᠩᠭᠤᠯ ᠤᠨ ᠴᠠᠬᠢᠯᠭᠠᠨ ᠲᠤᠤᠷ ᠤᠨ ᠬᠠᠩᠭᠠᠯᠭ᠎ᠠ ᠶᠢᠨ ᠳᠠᠭᠠᠭᠠᠴᠠ ᠶᠢ 30 % ᠠᠴᠠ ᠳᠡᠭᠡᠭᠰᠢ ᠪᠠᠷ ᠪᠠᠭᠠᠰᠬᠠᠭᠰᠠᠨ᠃      ᠬᠤᠶᠠᠷ᠂ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠦᠨᠳᠦ ᠶᠡᠭᠡ ᠬᠡᠷᠡᠭ      ᠪᠦᠬᠦ ᠬᠤᠲᠠ ᠶᠢᠨ ᠴᠠᠬᠢᠯᠭᠠᠨ ᠲᠤᠤᠷ ᠤᠨ ᠬᠠᠩᠭᠠᠯᠭ᠎ᠠ ᠶᠢᠨ ᠳᠠᠭᠠᠭᠠᠴᠠ ᠶᠢ 60 % ᠠᠴᠠ ᠳᠡᠭᠡᠭᠰᠢ ᠪᠠᠭᠠᠰᠬᠠᠭᠰᠠᠨ ᠪᠤᠶᠤ 70 % ᠠᠴᠠ ᠳᠡᠭᠡᠭᠰᠢᠬᠢ ᠴᠠᠬᠢᠯᠭᠠᠨ ᠬᠠᠩᠭᠠᠯᠲᠡ ᠶᠢᠨ ᠬᠡᠷᠡᠭᠯᠡᠭᠡᠨ ᠤ ᠡᠷᠦᠬᠡ ᠳᠤ ᠴᠠᠬᠢᠯᠭᠠᠨ ᠵᠣᠭᠰᠣᠭᠰᠠᠨ ᠪᠠᠶᠢᠳᠠᠯ᠃      ᠭᠤᠷᠪᠠ᠂ ᠨᠡᠯᠢᠶᠡᠳ ᠶᠡᠭᠡ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ        ᠤᠯᠠᠭᠠᠨᠴᠠᠪ ᠬᠤᠲᠠ ᠶᠢᠨ ᠴᠠᠬᠢᠯᠭᠠᠨ ᠲᠤᠤᠷ ᠤᠨ ᠬᠠᠩᠭᠠᠯᠭ᠎ᠠ ᠶᠢᠨ ᠳᠠᠭᠠᠭᠠᠴᠠ ᠶᠢ 40 % ᠠᠴᠠ ᠳᠡᠭᠡᠭᠰᠢ  ᠪᠠᠷ ᠪᠠᠭᠠᠰᠬᠠᠭᠰᠠᠨ ᠪᠤᠶᠤ 60 % ᠠᠴᠠ ᠳᠣᠷᠣᠭᠰᠢ ᠪᠠᠭᠠᠰᠬᠠᠭᠰᠠᠨ᠂ ᠡᠰᠡᠬᠦᠯ᠎ᠡ 50 % ᠠᠴᠠ ᠳᠡᠭᠡᠭᠰᠢ 70 % ᠠᠴᠠ ᠳᠣᠷᠣᠭᠰᠢ ᠶᠢᠨ ᠴᠠᠬᠢᠯᠭᠠᠨ ᠬᠠᠩᠭᠠᠯᠲᠡ ᠶᠢᠨ ᠬᠡᠷᠡᠭᠯᠡᠭᠡᠨ ᠤ ᠡᠷᠦᠬᠡ ᠳᠤ ᠴᠠᠬᠢᠯᠭᠠᠨ ᠵᠤᠭᠰᠤᠭᠰᠠᠨ᠃      ᠹᠧᠩᠵᠧᠨ ᠬᠤᠲᠠ ᠶᠢᠨ ᠴᠠᠬᠢᠯᠭᠠᠨ ᠲᠤᠤᠷ ᠤᠨ ᠬᠠᠩᠭᠠᠯᠭ᠎ᠠ ᠶᠢᠨ ᠳᠠᠭᠠᠭᠠᠴᠠ ᠶᠢ 60 % ᠠᠴᠠ ᠳᠡᠭᠡᠭᠰᠢ ᠪᠠᠭᠠᠰᠬᠠᠭᠰᠠᠨ ᠪᠤᠶᠤ 70 % ᠠᠴᠠ ᠳᠡᠭᠡᠭᠰᠢᠬᠢ ᠴᠠᠬᠢᠯᠭᠠᠨ ᠬᠠᠩᠭᠠᠯᠲᠡ ᠶᠢᠨ ᠬᠡᠷᠡᠭᠯᠡᠭᠡᠨ ᠤ ᠡᠷᠦᠬᠡ ᠳᠤ ᠴᠠᠬᠢᠯᠭᠠᠨ ᠵᠤᠭᠰᠤᠭᠰᠠᠨ᠃      ᠳᠥᠷᠪᠡ᠂ ᠡᠩ ᠤᠨ ᠪᠠᠶᠢᠳᠠᠯ ᠳᠤ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ        ᠤᠯᠠᠭᠠᠨᠴᠠᠪ ᠬᠤᠲᠠ ᠶᠢᠨ ᠴᠠᠬᠢᠯᠭᠠᠨ ᠤ ᠲᠤᠤᠷ ᠤᠨ ᠬᠠᠩᠭᠠᠯᠭ᠎ᠠ ᠶᠢᠨ ᠳᠠᠭᠠᠭᠠᠴᠠ ᠶᠢ 20 % ᠠᠴᠠ ᠳᠡᠭᠡᠭᠰᠢ 40 % ᠠᠴᠠ ᠳᠣᠷᠣᠭᠰᠢ ᠪᠠᠷ  ᠪᠠᠭᠠᠰᠬᠠᠭᠰᠠᠨ ᠪᠤᠶᠤ 30 % ᠠᠴᠠ ᠳᠡᠭᠡᠭᠰᠢ 50 % ᠠᠴᠠ ᠳᠣᠷᠣᠭᠰᠢ ᠶᠢᠨ ᠴᠠᠬᠢᠯᠭᠠᠨ ᠬᠠᠩᠭᠠᠯᠲᠡ ᠶᠢᠨ ᠬᠡᠷᠡᠭᠯᠡᠭᠡᠨ ᠤ ᠡᠷᠦᠬᠡ ᠳᠤ ᠴᠠᠬᠢᠯᠭᠠᠨ ᠵᠤᠭᠰᠤᠭᠰᠠᠨ᠃      ᠹᠧᠩᠵᠧᠨ ᠬᠤᠲᠠ ᠶᠢᠨ ᠴᠠᠬᠢᠯᠭᠠᠨ ᠤ ᠲᠤᠤᠷ ᠤᠨ ᠬᠠᠩᠭᠠᠯᠭ᠎ᠠ ᠶᠢᠨ ᠳᠠᠭᠠᠭᠠᠴᠠ ᠶᠢ 40 % ᠠᠴᠠ ᠳᠡᠭᠡᠭᠰᠢ 60 % ᠠᠴᠠ ᠳᠣᠷᠣᠭᠰᠢ ᠪᠠᠭᠠᠰᠬᠠᠭᠰᠠᠨ ᠪᠤᠶᠤ 50 % ᠠᠴᠠ ᠳᠡᠭᠡᠭᠰᠢ 70 % ᠠᠴᠠ ᠳᠣᠷᠣᠭᠰᠢ ᠴᠠᠬᠢᠯᠭᠠᠨ ᠬᠠᠩᠭᠠᠯᠲᠡ ᠶᠢᠨ ᠬᠡᠷᠡᠭᠯᠡᠭᠡᠨ ᠤ ᠡᠷᠦᠬᠡ ᠳᠤ ᠴᠠᠬᠢᠯᠭᠠᠨ ᠵᠤᠭᠰᠤᠭᠰᠠᠨ᠃      ᠳᠡᠭᠡᠷ᠎ᠡ ᠳᠤᠷᠠᠳᠤᠭᠰᠠᠨ ᠲᠡᠰ ᠬᠤᠪᠢᠶᠠᠬᠤ ᠪᠠᠷᠢᠮᠵᠢᠶ᠎ᠠ ᠶᠢᠨ ᠬᠤᠯᠪᠣᠭᠳᠠᠯ ᠪᠦᠬᠦᠢ ᠲᠤᠭ᠎ᠠ ᠬᠡᠮᠵᠢᠶᠡᠨ ᠤ ᠲᠤᠬᠠᠢ ᠥᠭᠦᠯᠡᠯᠲᠡ ᠳᠤ ︽ᠳᠡᠭᠡᠭᠰᠢ︾ ᠭᠡᠳᠡᠭ ᠲᠤ ᠲᠤᠰ ᠲᠤᠭ᠎ᠠ ᠶᠢ ᠪᠠᠭᠲᠠᠭᠠᠨ᠎ᠠ᠂ ︽ᠳᠣᠭᠤᠭᠰᠢ︾ ᠭᠡᠳᠡᠭ ᠲᠤ ᠲᠤᠰ ᠲᠤᠭ᠎ᠠ ᠶᠢ ᠪᠠᠭᠲᠠᠭᠠᠬᠤ ᠦᠭᠡᠢ᠃ᠳᠠᠭᠠᠯᠳᠤᠭᠤᠯᠤᠯ 2      ᠤᠯᠠᠭᠠᠨᠴᠠᠪ ᠬᠤᠲᠠ ᠶᠢᠨ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠪᠦᠷᠢᠯᠳᠦᠬᠦᠨ ᠵᠢᠴᠢ ᠠᠵᠢᠯ ᠤᠨ ᠡᠭᠦᠷᠭᠡ ᠬᠠᠷᠢᠭᠤᠴᠠᠯᠭ᠎ᠠ        ᠨᠢᠭᠡ᠂ ᠵᠢᠯᠣᠭᠤᠳᠬᠤ ᠭᠠᠵᠠᠷ ᠤᠨ ᠪᠦᠷᠢᠯᠳᠦᠭᠦᠨ      ᠵᠢᠯᠣᠭᠤᠳᠬᠤ ᠳᠠᠷᠤᠭ᠎ᠠ᠄ ᠬᠤᠲᠠ ᠶᠢᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠬᠤᠲᠠ ᠶᠢᠨ ᠳᠡᠳ᠋ ᠳᠠᠷᠤᠭ᠎ᠠ      ᠳᠡᠳ᠋ ᠵᠢᠯᠣᠭᠤᠳᠬᠤ ᠳᠠᠷᠤᠭ᠎ᠠ᠄ ᠬᠤᠲᠠ ᠶᠢᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠨᠠᠷᠢᠨ ᠪᠢᠴᠢᠭ ᠤᠨ ᠳᠠᠷᠤᠭ᠎ᠠ︔ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ᠂ ᠬᠤᠲᠠ ᠶᠢᠨ ᠡᠨᠧᠷᠭᠢ ᠶᠢᠨ ᠲᠤᠪᠴᠢᠶᠠᠨ ᠤ ᠲᠣᠪᠴᠢᠶᠠᠨ ᠳᠠᠷᠤᠭ᠎ᠠ︔ ᠤᠯᠠᠭᠠᠨᠴᠠᠪ ᠤᠨ ᠴᠠᠬᠢᠯᠭᠠᠨ ᠦᠢᠯᠡᠰ ᠤᠨ ᠲᠣᠪᠴᠢᠶᠠᠨ ᠤ ᠲᠤᠪᠴᠢᠶᠠᠨ ᠳᠠᠷᠤᠭ᠎ᠠ      ᠵᠢᠯᠣᠭᠤᠳᠬᠤ ᠭᠠᠵᠠᠷ ᠤᠨ ᠠᠯᠪᠠᠨ ᠬᠡᠷ ᠤᠨ ᠪᠦᠷᠢᠯᠳᠦᠬᠦᠨ᠄      ᠡᠷᠬᠢᠯᠡᠭᠴᠢ᠄ ᠤᠯᠠᠭᠠᠨᠴᠠᠪ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ᠂ ᠡᠨᠧᠷᠭᠢ ᠶᠢᠨ ᠲᠤᠪᠴᠢᠶᠠᠨ ᠤ  ᠲᠤᠪᠴᠢᠶᠠᠨ ᠳᠠᠷᠤᠭ᠎ᠠ      ᠭᠡᠰᠢᠭᠦᠨ᠄ ᠤᠯᠠᠭᠠᠨᠴᠠᠪ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠨᠧᠷᠭᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭᠠᠨ ᠤ ᠰᠠᠯᠠᠭᠠᠨ ᠳᠠᠷᠤᠭ᠎ᠠ︔ ᠤᠯᠠᠭᠠᠨᠴᠠᠪ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠨᠧᠷᠭᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭᠠᠨ ᠤ ᠳᠡᠳ᠋ ᠰᠠᠯᠠᠭᠠᠨ ᠳᠠᠷᠤᠭ᠎ᠠ︔ ᠤᠯᠠᠭᠠᠨᠴᠠᠪ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ‍ᠤᠨ‌ᠡᠨᠧᠷᠭᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭᠠᠨ ᠤ ᠠᠵᠢᠯᠲᠠᠨ      ᠪᠦᠷᠢᠯᠳᠦᠬᠦᠨ ᠨᠢᠭᠡᠴᠢ᠄  ᠹᠧᠩᠵᠧᠨ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠬᠤᠲᠠ ᠶᠢᠨ ᠡᠨᠧᠷᠭᠢ ᠶᠢᠨ ᠲᠣᠪᠴᠢᠶ᠎ᠠ︶᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠮ ᠲᠡᠭᠡᠭᠡᠪᠦᠷᠢ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠭᠠᠵᠠᠷ ᠬᠥᠳᠡᠯᠦᠯᠲᠡ ᠶᠢᠨ ᠲᠣᠪᠴᠢᠶ᠎ᠠ᠂ ᠬᠤᠲᠠ ᠶᠢᠨ ᠴᠢᠮᠡᠭᠡ ᠬᠤᠯᠪᠣᠭᠠᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠭᠡᠷ ᠂ ᠤᠯᠠᠭᠠᠨᠴᠠᠪ ᠳᠠᠬᠢ ᠲᠡᠮᠦᠷ ᠵᠠᠮ ᠤᠨ ᠬᠤᠪᠢᠶᠠᠷᠢ ᠲᠣᠪᠴᠢᠶ᠎ᠠ᠂ ᠠᠷᠠᠳ ᠤᠨ ᠠᠭᠠᠷ ᠤᠨ ᠲᠡᠭᠡᠭᠡᠪᠦᠷᠢ ᠶᠢᠨ ᠤᠯᠠᠭᠠᠨᠴᠠᠪ ᠲᠠᠬᠢ ᠬᠤᠪᠢᠶᠠᠷᠢ ᠺᠣᠮᠫᠠᠨᠢ᠂ ᠵᠡᠪᠰᠡᠭᠲᠦ ᠴᠠᠭᠳᠠᠭ᠎ᠠ ᠶᠢᠨ ᠤᠯᠠᠭᠠᠨᠴᠠᠪ ᠤᠨ ᠰᠠᠯᠪᠤᠷᠢ ᠠᠩᠭᠢ᠂ ᠤᠯᠠᠭᠠᠨᠴᠠᠪ ᠬᠤᠲᠠ ᠶᠢᠨ ᠲᠦᠭᠡᠭᠡᠯ ᠤᠰᠤᠨ ᠤ ᠺᠣᠮᠫᠠᠨᠢ᠂ ᠤᠯᠠᠭᠠᠨᠴᠠᠪ ᠬᠤᠲᠠ ᠶᠢᠨ ᠴᠠᠬᠢᠯᠭᠠᠨ ᠦᠶᠯᠡᠰ ᠤᠨ ᠲᠣᠪᠴᠢᠶ᠎ᠠ᠂ ᠬᠠᠮᠢᠶ᠎ᠠ ᠪᠦᠬᠦᠢ ᠴᠠᠬᠢᠯᠭᠠᠨ ᠭᠠᠷᠭᠠᠬᠤ ᠠᠵᠤ ᠠᠬᠤᠶᠢᠯᠠᠯ ᠵᠡᠷᠭᠡ᠃ ᠠᠷᠭᠠᠴᠠᠨ ᠰᠢᠶᠳᠪᠦᠷᠢᠯᠡᠬᠦ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠬᠤᠯᠪᠣᠭᠳᠠᠯ ᠪᠦᠬᠦᠢ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠬᠠᠮᠢᠶ᠎ᠠ ᠪᠦᠬᠦᠢ ᠴᠠᠬᠢᠯᠭᠠᠨ ᠬᠦᠴᠦᠨ ᠤ ᠠᠵᠤ ᠠᠬᠤᠶᠢᠯᠠᠯ ᠢ ᠨᠡᠮᠡᠭᠳᠡᠭᠦᠯᠵᠦ ᠪᠣᠯᠤᠨ᠎ᠠ᠃      ᠬᠤᠶᠠᠷ᠂ ᠭᠤᠣᠯ ᠡᠭᠦᠷᠭᠡ ᠬᠠᠷᠢᠭᠤᠴᠠᠯᠭ᠎ᠠ      ︵ᠨᠢᠭᠡ︶ ᠵᠢᠯᠣᠭᠤᠳᠬᠤ ᠭᠠᠵᠠᠷ ᠤᠨ ᠭᠤᠣᠯ ᠡᠭᠦᠷᠭᠡ ᠬᠠᠷᠢᠭᠤᠴᠠᠯᠭ᠎ᠠ      ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠪᠠᠶᠢᠭᠤᠯᠤᠮᠵᠢ ᠶᠢᠨ ᠤᠳᠤᠷᠢᠳᠤᠯᠭ᠎ᠠ ᠳᠤᠤᠷ᠎ᠠ᠂ ᠥᠷᠭᠡᠨ ᠬᠡᠪᠴᠢᠶᠡᠨ ᠳᠤ ᠴᠠᠬᠢᠯᠭᠠᠨ ᠵᠤᠭᠰᠤᠭᠰᠠᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ᠂ ᠠᠳᠡᠯ ᠤᠨ ᠠᠶᠤᠯ ᠠᠴᠠ ᠠᠪᠤᠷᠠᠬᠤ᠂ ᠴᠠᠬᠢᠯᠭᠠᠨ ᠲᠤᠤᠷ ᠢ ᠰᠡᠷᠭᠦᠭᠡᠬᠦ ᠵᠡᠷᠭᠡ ᠡᠯ᠎ᠡ ᠵᠦᠶᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠨᠢᠭᠡᠳᠦᠯᠲᠡᠶ ᠶᠠᠪᠤᠭᠳᠠᠭᠤᠯᠤᠨ᠎ᠠ︔ ᠬᠤᠲᠠ ᠶᠢᠨ ᠡᠯ᠎ᠡ ᠬᠠᠮᠢᠶ᠎ᠠ ᠪᠦᠬᠦᠢ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠪᠠᠶᠢᠭᠤᠯᠤᠮᠵᠢ ᠶᠢᠨ ᠬᠤᠭᠤᠷᠣᠨᠳᠣᠬᠢ ᠬᠠᠷᠢᠴᠠᠭ᠎ᠠ ᠶᠢ ᠵᠣᠬᠢᠴᠠᠭᠤᠯᠤᠨ᠎ᠠ︔ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠢᠴᠢ ᠬᠤᠯᠪᠣᠭᠳᠠᠬᠤ ᠠᠶᠢᠮᠠᠭ ᠬᠤᠲᠠ ᠶᠢᠨ ᠴᠠᠬᠢᠯᠭᠠᠨ ᠬᠦᠴᠦᠨ ᠤ ᠪᠠᠴᠢᠮ ᠪᠠᠶᠢᠳᠠᠯ ᠢ ᠠᠷᠭᠠᠴᠠᠬᠤ ᠶᠢᠨ ᠵᠢᠯᠣᠭᠤᠳᠬᠤ ᠪᠠᠶᠢᠭᠤᠯᠤᠮᠵᠢ ᠶᠢᠨ ᠬᠠᠷᠢᠴᠠᠭ᠎ᠠ ᠶᠢ ᠵᠣᠬᠢᠴᠠᠭᠤᠯᠤᠨ᠎ᠠ︔ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠠᠵᠢᠯ ᠢ ᠵᠣᠬᠢᠴᠠᠭᠤᠯᠤᠨ ᠵᠢᠯᠣᠭᠤᠳᠤᠨ᠎ᠠ︔ ᠴᠢᠬᠤᠯᠠ ᠶᠡᠭᠡ ᠪᠠᠴᠢᠮ ᠪᠠᠶᠢᠳᠠᠯ ᠢ ᠠᠷᠭᠠᠴᠠᠬᠤ ᠰᠢᠶᠳᠪᠦᠷᠢᠲᠦ ᠪᠣᠳᠣᠯᠭ᠎ᠠ ᠪᠠ ᠪᠠᠶᠢᠷᠢᠯᠠᠭᠤᠯᠤᠯᠲᠠ ᠶᠢ ᠰᠤᠳᠤᠯᠤᠨ᠎ᠠ︔ ᠵᠣᠬᠢᠴᠠᠩᠭᠤᠶ ᠳᠡᠰ ᠲᠤ ᠲᠣᠬᠢᠷᠠᠭᠤᠯᠤᠯᠲᠠ ᠬᠢᠬᠦ ᠪᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠳᠠᠭᠤᠰᠬᠠᠬᠤ ᠪᠠᠷ  ᠲᠣᠭᠲᠠᠭᠠᠨ᠎ᠠ︔ ᠥᠪᠡᠷᠲᠡᠭᠡᠨ ᠵᠠᠰᠠᠬᠤ ᠣᠷᠣᠨ ᠤ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠢ ᠪᠠᠶᠢᠴᠠᠭᠠᠬᠤ ᠳᠤᠭᠤᠶᠢᠯᠠᠩ ᠤᠨ ᠠᠵᠢᠯ ᠳᠤ ᠬᠠᠮᠵᠢᠯᠴᠠᠨ᠎ᠠ᠃      ︵ᠬᠤᠶᠠᠷ︶ ᠡᠯ᠎ᠡ ᠪᠦᠷᠢᠯᠳᠦᠬᠦᠨ ᠨᠢᠭᠡᠴᠢ ᠶᠢᠨ ᠭᠤᠣᠯ ᠡᠭᠦᠷᠭᠡ ᠬᠠᠷᠢᠭᠤᠴᠠᠯᠭ᠎ᠠ      ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠄ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢᠨ ᠲᠠᠰ ᠢᠯᠭᠠᠯ ᠶᠣᠰᠣᠭᠠᠷ᠂ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠲᠧᠯᠸᠢᠰ ᠢ ᠴᠠᠭ ᠲᠤᠬᠠᠶ ᠳᠤᠨᠢ ᠡᠬᠢᠯᠡᠨ ᠬᠡᠷᠡᠭᠯᠡᠵᠦ᠂ ᠷᠠᠳᠢᠣ᠋ ᠲᠧᠯᠸᠢᠰ ᠤᠨ ᠳᠣᠬᠢᠶᠠᠨ ᠤ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠤ᠂ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠮᠡᠳᠡᠭᠡ ᠵᠠᠩᠭᠢ ᠨᠡᠶᠢᠲᠡᠯᠡᠬᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠥᠨ ᠵᠢᠯᠣᠭᠤᠳᠬᠤ᠂ ᠮᠡᠳᠡᠭᠡ ᠵᠠᠩᠭᠢ ᠶᠢ ᠬᠠᠮᠢᠶᠠᠷᠤᠨ ᠡᠵᠡᠮᠳᠡᠬᠦ ᠵᠡᠷᠭᠡ ᠠᠵᠢᠯ ᠢ ᠰᠠᠶᠢᠲᠤᠷ ᠬᠢᠵᠦ ᠂ ᠰᠣᠨᠢᠨ ᠮᠡᠳᠡᠭᠡ ᠨᠡᠶᠢᠲᠡᠯᠡᠬᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠵᠠᠭᠤᠴᠢᠯᠠᠭᠤᠷ ᠤᠨ ᠮᠡᠳᠡᠭᠡᠯᠡᠯ ᠵᠡᠷᠭᠡ ᠬᠤᠯᠪᠣᠭᠳᠠᠯ ᠪᠥᠬᠦᠶ ᠠᠵᠢᠯ ᠢ ᠰᠠᠶᠢᠲᠤᠷ  ᠬᠢᠨ᠎ᠡ᠃      ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠬᠤᠲᠠ ᠶᠢᠨ ᠡᠨᠧᠷᠭᠢ ᠶᠢᠨ ᠲᠣᠪᠴᠢᠶ᠎ᠠ ︶᠄ ᠤᠯᠠᠭᠠᠨᠴᠠᠪ ᠬᠤᠲᠠ ᠶᠢᠨ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠪᠠᠴᠢᠮ ᠪᠠᠶᠢᠳᠠᠯ ᠢ ᠠᠷᠭᠠᠴᠠᠬᠤ ᠶᠢᠨ ᠵᠣᠬᠢᠶᠠᠨ ᠪᠠᠶᠢᠭᠤᠯᠵᠤ ᠵᠢᠯᠣᠭᠤᠳᠬᠤ ᠪᠠᠶᠢᠭᠤᠯᠤᠮᠵᠢ ᠶᠢᠨ ᠠᠯᠪᠠᠨ ᠬᠡᠷ ᠤᠨ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠨ᠎ᠡ︔ ᠡᠯ᠎ᠡ ᠬᠤᠯᠪᠣᠭᠳᠠᠯ ᠪᠦᠬᠦᠢ ᠨᠢᠭᠡᠴᠢ ︵ᠠᠵᠤ ᠠᠬᠤᠶᠢᠯᠠᠯ︶ ᠪᠣᠯᠤᠨ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠶᠠᠪᠤᠳᠠᠯ᠂ ᠴᠠᠬᠢᠯᠭᠠᠨ ᠬᠦᠴᠦᠨ ᠤ ᠠᠵᠤ ᠠᠬᠤᠶᠢᠯᠠᠯ ᠤᠨ ᠴᠠᠬᠢᠯᠭᠠᠨ ᠬᠠᠩᠭᠠᠬᠤ ᠶᠢ ᠰᠡᠷᠭᠦᠭᠡᠬᠦ ᠲᠥᠰᠦᠯ ᠲᠣᠭᠲᠠᠭᠠᠬᠤ ᠶᠢ ᠬᠠᠷᠢᠭᠤᠴᠠᠨ ᠵᠠᠳᠠᠯᠵᠤ ᠰᠤᠳᠤᠯᠤᠨ ᠮᠠᠭᠠᠳᠯᠠᠵᠤ᠂ ᠴᠠᠬᠢᠯᠭᠠᠨ ᠬᠦᠴᠦᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠱᠠᠯᠠᠪᠳᠠᠨ ᠰᠡᠯᠪᠢᠨ ᠵᠠᠰᠠᠵᠤ᠂ ᠤᠰᠤ ᠬᠠᠩᠭᠠᠬᠤ᠂ ᠪᠠᠶᠢᠭᠠᠯᠢ ᠶᠢᠨ ᠰᠢᠲᠠᠮᠠᠬᠠᠶ ᠬᠡᠢ᠂ ᠲᠣᠰᠣᠨ ᠤ ᠵᠦᠢᠯ ᠵᠡᠷᠭᠡ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠡᠳ᠋ ᠪᠤᠳᠠᠰ ᠢ ᠲᠣᠬᠢᠷᠠᠭᠤᠯᠤᠨ ᠥᠭᠬᠦ ᠶᠢ ᠵᠣᠬᠢᠴᠠᠭᠤᠯᠵᠤ᠂ ᠴᠢᠬᠤᠯᠠ ᠲᠠᠢ ᠦᠶ᠎ᠡ ᠳᠤ ᠡᠳ᠋ ᠪᠣᠳᠠᠰ ᠤᠨ ᠦᠨ᠎ᠡ ᠬᠠᠩᠰᠢ ᠶᠢ ᠬᠠᠮᠢᠶᠠᠷᠬᠤ ᠠᠷᠭ᠎ᠠ ᠬᠡᠮᠵᠢᠶ᠎ᠡ ᠠᠪᠴᠤ ᠪᠠᠶᠢᠭᠠᠳ ᠡᠳ᠋ ᠪᠣᠳᠠᠰ ᠬᠠᠩᠭᠠᠬᠤ ᠠᠷᠠᠯᠵᠢᠶᠠᠯᠠᠬᠤ ᠡᠮᠬᠢ ᠳᠢᠭᠯᠢᠮ ᠢ ᠬᠠᠮᠠᠭᠠᠯᠠᠨ᠎ᠠ᠃      ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠄ ᠵᠠᠷᠤᠳᠠᠯ ᠤᠨ ᠪᠠᠲᠤᠯᠠᠭ᠎ᠠ ᠶᠢ ᠬᠠᠷᠢᠭᠤᠴᠠᠨ᠎ᠠ᠃      ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠄ ᠪᠠᠴᠢᠮ ᠪᠠᠶᠢᠳᠠᠯ ᠢ ᠠᠷᠭᠠᠴᠠᠬᠤ ᠨᠥᠭᠡᠴᠡ ᠡᠳ᠋ ᠪᠣᠳᠠᠰ ᠢ ᠲᠣᠬᠢᠷᠠᠭᠤᠯᠤᠨ ᠰᠢᠯᠵᠢᠭᠦᠯᠵᠦ᠂ ᠠᠷᠠᠳ ᠣᠯᠠᠨ ᠤ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ ᠡᠳ᠋ ᠪᠣᠳᠠᠰ ᠢ ᠰᠢᠯᠵᠢᠭᠦᠯᠦᠨ ᠥᠭᠬᠦ ᠪᠠ ᠬᠠᠩᠭᠠᠬᠤ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠠ ᠰᠡᠷᠭᠦᠭᠡᠨ ᠳᠠᠬᠢᠨ ᠪᠠᠶᠢᠭᠤᠯᠬᠤ ᠠᠵᠢᠯ ᠢ ᠥᠷᠨᠢᠭᠦᠯᠦᠨ᠎ᠡ᠃ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠡᠭᠦᠰᠦᠭᠰᠡᠨ ᠭᠠᠵᠠᠷ ᠤᠨ ᠬᠢᠮᠢ ᠶᠢᠨ ᠠᠵᠤ ᠦᠢᠯᠡᠳᠪᠦᠷᠢ᠂ ᠠᠭᠤᠷᠬᠠᠶ ᠵᠡᠷᠭᠡ ᠬᠦᠨᠳᠦ ᠶᠡᠭᠡ ᠡᠭᠦᠰᠦᠮᠡᠯ ᠭᠠᠮᠰᠢᠭ ᠭᠠᠷᠴᠤ ᠮᠡᠳᠡᠬᠦ ᠠᠵᠢᠯ ᠲᠥᠷᠥᠯ ᠤᠨ ᠴᠠᠬᠢᠯᠭᠠᠨ ᠵᠣᠭᠰᠣᠭᠠᠵᠤ ᠥᠪᠡᠷ ᠢ ᠪᠠᠨ ᠠᠪᠤᠷᠠᠬᠤ ᠶᠢ ᠥᠷᠨᠢᠭᠦᠯᠬᠦ ᠶᠢ ᠬᠠᠷᠢᠭᠤᠴᠠᠨ ᠵᠣᠬᠢᠶᠠᠨ ᠪᠠᠶᠢᠭᠤᠯᠵᠤ᠂ ᠠᠶᠤᠯ ᠦᠭᠡᠶ ᠦᠢᠯᠡᠳᠪᠦᠷᠢᠯᠡᠯ ᠤᠨ ᠬᠦᠨᠳᠦ ᠶᠡᠭᠡ ᠠᠳᠡᠯ ᠢ ᠪᠠᠶᠢᠴᠠᠭᠠᠨ ᠰᠢᠶᠳᠪᠦᠷᠢᠯᠡᠬᠦ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠥᠷᠨᠢᠭᠦᠯᠦᠨ᠎ᠡ᠃      ᠬᠤᠲᠠ ᠶᠢᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ︵ᠲᠣᠮᠣ ᠳ᠋ᠠᠶᠢᠲ᠋ᠠ ᠶᠢᠨ ᠲᠣᠪᠴᠢᠶ᠎ᠠ ︶᠄ ᠪᠠᠴᠢᠮ ᠪᠠᠶᠢᠳᠠᠯ ᠢ ᠠᠷᠭᠠᠴᠠᠬᠤ ᠬᠤᠭᠤᠴᠠᠭᠠᠨ ᠳᠠᠬᠢ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠬᠢᠨᠠᠨ ᠰᠢᠨᠵᠢᠯᠲᠡ ᠶᠢ ᠰᠠᠶᠢᠲᠤᠷ ᠬᠢᠬᠦ ᠶᠢ ᠬᠠᠷᠢᠭᠤᠴᠠᠬᠤ ᠶᠢᠨ ᠬᠠᠮᠲᠤ ᠪᠥᠬᠦ ᠬᠤᠲᠠ ᠶᠢᠨ ᠢᠨᠲ᠋ᠧᠷ ᠰᠦᠯᠵᠢᠶᠡᠨ ᠤ ᠤᠬᠠᠭᠤᠯᠭ᠎ᠠ ᠬᠠᠮᠢᠶᠠᠷᠤᠯᠲᠠ ᠪᠠ ᠶᠠᠷᠢᠶ᠎ᠠ ᠬᠡᠯᠡᠯᠴᠡᠭᠡ ᠶᠢ ᠬᠥᠲᠥᠯᠦᠨ ᠵᠢᠯᠣᠭᠤᠳᠬᠤ ᠠᠵᠢᠯ ᠢ ᠵᠢᠯᠣᠭᠤᠳᠴᠤ᠂ ᠢᠨᠲ᠋ᠧᠷ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠬᠠᠮᠠᠭᠠᠯᠠᠨ᠎ᠠ︔ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠵᠠᠳᠠᠯᠬᠤ᠂ ᠰᠤᠳᠤᠯᠤᠨ ᠮᠠᠭᠠᠳᠯᠠᠬᠤ ᠪᠠ ᠰᠢᠢᠳᠪᠦᠷᠢᠯᠡᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠬᠥᠳᠡᠯᠦᠩᠭᠦᠢ ᠪᠠᠶᠢᠳᠠᠯ ᠢ ᠴᠠᠭ ᠲᠤᠬᠠᠢ ᠳᠤᠨᠢ ᠮᠥᠷᠳᠡᠨ ᠣᠶᠢᠯᠠᠭᠠᠵᠤ ᠡᠵᠡᠮᠰᠢᠨ᠎ᠡ᠃      ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠄ ᠬᠤᠲᠠ ᠶᠢᠨ ᠤᠰᠤ ᠬᠠᠩᠭᠠᠬᠤ᠂ ᠬᠡᠶ ᠬᠠᠩᠭᠠᠬᠤ᠂ ᠢᠯᠴᠢ ᠬᠠᠩᠭᠠᠬᠤ᠂ ᠬᠤᠲᠠ ᠶᠢᠨ ᠶᠠᠪᠤᠳᠠᠯ ᠤᠨ ᠭᠡᠷᠡᠯᠲᠦᠭᠦᠯᠭᠡ᠂ ᠪᠣᠬᠢᠷ ᠤᠰᠤ ᠶᠢ ᠰᠢᠶᠳᠪᠦᠷᠢᠯᠡᠬᠦ᠂ ᠤᠰᠤ ᠲᠠᠲᠠᠷᠠᠭᠤᠯᠬᠤ ᠤᠰᠤᠲᠤᠯ ᠢ ᠰᠡᠷᠭᠡᠶᠢᠯᠡᠬᠦ ᠵᠡᠷᠭᠡ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠶᠢᠨ ᠠᠵᠢᠯᠯᠠᠭᠠᠨ ᠢ ᠰᠡᠷᠭᠦᠭᠡᠬᠦ ᠶᠢ ᠵᠣᠬᠢᠴᠠᠭᠤᠯᠤᠨ ᠵᠢᠯᠣᠭᠤᠳᠴᠤ᠂ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠬᠡᠷᠡᠭᠴᠡᠭᠡ ᠶᠢ ᠪᠠᠲᠤᠯᠠᠨ᠎ᠠ᠃      ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠶᠯ ᠵᠡᠷᠭᠡ ᠲᠠᠸᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ ᠠᠵᠢᠯᠯᠠᠭ᠎ᠠ ᠳᠤ ᠴᠣᠬᠢᠯᠲᠠ ᠥᠭᠭᠦᠨ᠎ᠡ᠃      ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ ᠬᠡᠷᠡᠭ ᠭᠠᠷᠤᠭᠰᠠᠨ ᠭᠠᠵᠠᠷ ᠤᠨ ᠨᠡᠶᠢᠭᠡᠮ ᠤᠨ ᠠᠮᠤᠷ ᠲᠦᠪᠰᠢᠨ᠂ ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠬᠤ ᠶᠢ ᠬᠠᠷᠢᠭᠤᠴᠠᠨ ᠵᠣᠬᠢᠶᠠᠨ ᠪᠠᠶᠢᠭᠤᠯᠵᠤ᠂ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠤᠤᠷ ᠰᠦᠯᠵᠢᠶ᠎ᠡ ᠶᠢ ᠬᠠᠤᠯᠢ ᠶᠣᠰᠣᠭᠠᠷ ᠬᠢᠨᠠᠨ ᠡᠵᠡᠮᠳᠡᠨ᠎ᠡ᠃      ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠄ ᠪᠠᠴᠢᠮ ᠪᠠᠶᠢᠳᠠᠯ ᠢ ᠠᠷᠭᠠᠴᠠᠬᠤ ᠲᠡᠭᠡᠭᠡᠪᠦᠷᠢ ᠶᠢᠨ ᠪᠠᠭᠠᠵᠢ ᠶᠢ ᠵᠣᠬᠢᠶᠠᠨ ᠪᠠᠶᠢᠭᠤᠯᠤᠨ ᠲᠣᠬᠢᠷᠠᠭᠤᠯᠬᠤ ᠶᠢ ᠬᠠᠷᠢᠭᠤᠴᠠᠵᠤ᠂ ᠴᠠᠬᠢᠯᠭᠠᠨ ᠭᠠᠷᠭᠠᠬᠤ ᠲᠦᠯᠡᠰᠢ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠳ᠋ ᠪᠠᠷᠠᠭ᠎ᠠ ᠪᠣᠯᠤᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠶᠯ ᠵᠡᠷᠭᠡ ᠶᠢᠨ ᠲᠡᠭᠡᠭᠡᠪᠦᠷᠢ ᠶᠢ ᠡᠩ ᠲᠡᠷᠢᠭᠦᠨ ᠳᠤ ᠪᠠᠲᠤᠯᠠᠵᠤ᠂ ᠲᠡᠷᠭᠡᠨ ᠥᠷᠲᠡᠭᠡ ᠵᠡᠷᠭᠡ ᠭᠠᠵᠠᠷ ᠣᠷᠣᠨ ᠤ ᠦᠯᠡᠳᠡᠵᠦ ᠬᠤᠴᠣᠷᠤᠭᠰᠠᠨ ᠠᠶᠠᠨᠴᠢᠳ ᠢ ᠲᠠᠷᠬᠠᠭᠠᠬᠤ ᠶᠢ ᠬᠠᠷᠢᠭᠤᠴᠠᠨ᠎ᠠ᠃      ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠄ ᠬᠡᠷᠡᠭ ᠭᠠᠷᠤᠭᠰᠠᠨ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠠᠴᠠ ᠪᠣᠯᠵᠣ ᠠᠮᠢᠳᠤᠷᠠᠯ ᠨᠢ ᠣᠨᠴᠠ ᠬᠦᠴᠢᠷᠳᠡᠯᠲᠡᠶ ᠣᠯᠠᠨ ᠲᠦᠮᠡᠨ ᠳᠤ ᠲᠦᠷ ᠴᠠᠭ ᠠᠪᠤᠷᠠᠨ ᠲᠤᠰᠠᠯᠠᠬᠤ ᠶᠢ ᠬᠠᠷᠢᠭᠤᠴᠠᠨ᠎ᠠ᠃      ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠄ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠭᠠᠷᠤᠭᠰᠠᠨ ᠣᠷᠣᠨ ᠪᠦᠰᠡ ᠶᠢᠨ ᠤᠰᠤᠨ ᠵᠦᠶ ᠶᠢᠨ ᠬᠢᠨᠠᠨ ᠰᠢᠨᠵᠢᠬᠦ᠂ ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤᠨᠢ ᠬᠠᠩᠭᠠᠬᠤ ᠶᠢ ᠬᠠᠷᠢᠭᠤᠴᠠᠨ᠎ᠠ᠃      ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠄ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠭᠠᠷᠤᠭᠰᠠᠨ ᠭᠠᠵᠠᠷ ᠤᠨ ᠣᠶ ᠮᠣᠳᠣᠨ ᠤ ᠭᠠᠯ ᠤᠨ ᠠᠶᠤᠯ ᠢ ᠤᠷᠢᠳᠴᠢᠯᠠᠨ ᠰᠡᠷᠭᠡᠶᠢᠯᠡᠬᠦ ᠶᠢ ᠬᠠᠷᠢᠭᠤᠴᠠᠵᠤ᠂ ᠴᠠᠬᠢᠯᠭᠠᠨ ᠬᠦᠴᠦᠨ ᠤ ᠠᠵᠤ ᠠᠬᠤᠶᠢᠯᠠᠯ ᠲᠠᠢ ᠬᠠᠮᠵᠢᠯᠴᠠᠨ ᠭᠠᠮᠰᠢᠭ ᠲᠤ ᠳᠠᠭᠠᠷᠢᠭᠳᠠᠭᠰᠠᠨ ᠴᠠᠬᠢᠯᠭᠠᠨ ᠬᠦᠷᠭᠡᠬᠦ ᠱᠤᠭᠤᠮ ᠤᠨ ᠨᠡᠪᠲᠡᠷᠡᠬᠦ ᠵᠠᠮ ᠤᠨ ᠬᠤᠩᠭᠢᠯ ᠤᠨ ᠣᠶ ᠮᠣᠳᠣᠨ ᠤ ᠰᠠᠭᠠᠳ ᠢ ᠠᠷᠢᠯᠭᠠᠬᠤ ᠠᠵᠢᠯ ᠢ ᠥᠷᠨᠢᠭᠦᠯᠦᠨ᠎ᠡ᠃      ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠄ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠭᠠᠷᠤᠭᠰᠠᠨ ᠭᠠᠵᠠᠷ ᠤᠨ ᠭᠠᠵᠠᠷ ᠤᠨ ᠭᠠᠮᠰᠢᠭ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠪᠠ ᠦᠨᠡᠯᠡᠨ ᠵᠢᠱᠢᠬᠦ ᠶᠢ ᠬᠠᠷᠢᠭᠤᠴᠠᠨ᠎ᠠ᠃      ᠬᠤᠲᠠ ᠶᠢᠨ ᠴᠠᠭ ᠠᠭᠤᠷ ᠤᠨ ᠲᠣᠪᠴᠢᠶ᠎ᠠ᠄ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠴᠢᠬᠤᠯᠠ ᠪᠡᠯᠡᠳᠬᠡᠮᠵᠢ ᠪᠠ ᠴᠠᠬᠢᠯᠭᠠᠨ ᠬᠦᠷᠭᠡᠬᠦ ᠴᠢᠬᠤᠯᠠ ᠨᠡᠪᠲᠡᠷᠡᠯ ᠵᠠᠮ ᠵᠡᠷᠭᠡ ᠣᠷᠣᠨ ᠪᠦᠰᠡ ᠶᠢᠨ ᠴᠠᠭ ᠠᠭᠤᠷ ᠤᠨ ᠬᠢᠨᠠᠨ ᠬᠡᠮᠵᠢᠬᠦ᠂ ᠤᠷᠢᠳᠴᠢᠯᠠᠨ ᠰᠡᠷᠡᠮᠵᠢᠯᠡᠭᠦᠯᠬᠦ ᠵᠢᠴᠢ ᠴᠠᠭ ᠠᠭᠤᠷ ᠤᠨ ᠲᠦᠭᠰᠢᠭᠦᠷᠢ ᠶᠢ ᠦᠨᠡᠯᠡᠨ ᠵᠢᠱᠢᠬᠦ ᠶᠢ ᠬᠠᠷᠢᠭᠤᠴᠠᠵᠤ᠂ ᠴᠠᠬᠢᠯᠭᠠᠨ ᠵᠣᠭᠰᠣᠭᠰᠠᠨ ᠬᠡᠷᠡᠭ ᠭᠠᠷᠤᠭᠰᠠᠨ ᠭᠠᠵᠠᠷ ᠤᠨ ᠴᠠᠭ ᠠᠭᠤᠷ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠬᠠᠩᠭᠠᠵᠤ᠂ ᠴᠠᠭ ᠠᠭᠤᠷ ᠤᠨ ᠰᠢᠯᠲᠠᠭᠠᠨ ᠠᠴᠠ ᠪᠣᠯᠤᠭᠰᠠᠨ ᠡᠭᠦᠰᠦᠮᠡᠯ ᠭᠠᠮᠰᠢᠭ ᠢ ᠤᠷᠢᠳᠴᠢᠯᠠᠨ ᠰᠡᠷᠭᠡᠶᠢᠯᠡᠨ᠎ᠡ᠃      ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠠᠪᠤᠴᠠ ᠳᠠᠬᠢ ᠬᠦᠮᠦᠰ ᠢ ᠪᠠᠴᠢᠮ ᠠᠪᠤᠷᠠᠨ ᠵᠠᠰᠠᠬᠤ᠂ ᠡᠮᠴᠢᠯᠡᠭᠡᠨ ᠤ ᠪᠠᠲᠤᠯᠠᠭ᠎ᠠ ᠣᠯᠭᠤᠯᠬᠤ ᠪᠠ ᠬᠡᠷᠡᠭ ᠤᠨ ᠳᠠᠷᠠᠭᠠᠬᠢ ᠡᠷᠡᠭᠦᠯ ᠬᠠᠮᠠᠭᠠᠯᠠᠯ ᠬᠢᠵᠢᠭ ᠰᠡᠷᠭᠡᠶᠢᠯᠡᠬᠦ ᠠᠵᠢᠯ ᠢ ᠬᠠᠷᠢᠭᠤᠴᠠᠬᠤ ᠶᠢᠨ ᠬᠠᠮᠲᠤ ᠣᠷᠣᠨ ᠨᠤᠲᠤᠭ ᠤᠨ ᠡᠷᠡᠭᠦᠯ ᠬᠠᠮᠠᠭᠠᠯᠠᠯ ᠡᠮᠴᠢᠯᠡᠭᠡᠨ ᠤ ᠪᠠᠶᠢᠭᠤᠯᠤᠮᠵᠢ ᠳᠤ ᠮᠡᠷᠭᠡᠵᠢᠯ ᠤᠨ ᠳᠡᠮᠵᠢᠯᠭᠡ ᠬᠠᠩᠭᠠᠨ᠎ᠠ᠃      ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ︵ᠭᠠᠵᠠᠷ ᠬᠥᠳᠡᠯᠦᠯᠲᠡ ᠶᠢᠨ ᠲᠣᠪᠴᠢᠶ᠎ᠠ︶᠄ ᠭᠠᠵᠠᠷ ᠬᠥᠳᠡᠯᠦᠯᠲᠡ ᠶᠢᠨ ᠪᠠᠶᠢᠳᠠᠯ ᠢ ᠮᠥᠷᠳᠡᠨ ᠬᠢᠨᠠᠬᠤ ᠠᠵᠢᠯ ᠢ ᠬᠠᠷᠢᠭᠤᠴᠠᠵᠤ᠂ ᠬᠠᠮᠢᠶ᠎ᠠ ᠪᠥᠬᠦᠶ ᠮᠡᠳᠡᠭᠡ ᠵᠠᠩᠭᠢ ᠶᠢ ᠴᠠᠭ ᠲᠤᠬᠠᠶ ᠳᠤᠨᠢ ᠮᠡᠳᠡᠭᠡᠯᠡᠵᠦ᠂ ᠠᠬᠤᠢ ᠲᠠᠯᠠᠪᠠᠶ ᠶᠢᠨ ᠭᠠᠵᠠᠷ ᠬᠥᠳᠡᠯᠦᠯᠲᠡ ᠶᠢᠨ ᠬᠥᠨᠥᠭᠡᠯ ᠢ ᠪᠠᠶᠢᠴᠠᠭᠠᠬᠤ ᠪᠠ ᠦᠨᠡᠯᠡᠨ ᠵᠢᠱᠢᠬᠦ ᠵᠡᠷᠭᠡ ᠠᠵᠢᠯ ᠢ ᠥᠷᠨᠢᠭᠦᠯᠦᠨ᠎ᠡ᠃      ᠵᠡᠪᠰᠡᠭᠲᠦ ᠴᠠᠭᠳᠠᠭ᠎ᠠ ᠶᠢᠨ ᠤᠯᠠᠭᠠᠨᠴᠠᠪ ᠤᠨ ᠰᠠᠯᠪᠤᠷᠢ ᠠᠩᠭᠢ᠄ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢ ᠵᠣᠬᠢᠶᠠᠨ ᠪᠠᠶᠢᠭᠤᠯᠤᠨ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠳᠤ ᠣᠷᠣᠯᠴᠠᠬᠤ ᠶᠢ ᠬᠠᠷᠢᠭᠤᠴᠠᠨ᠎ᠠ᠃      ᠬᠤᠲᠠ ᠶᠢᠨ ᠴᠢᠮᠡᠭᠡ ᠬᠤᠯᠪᠣᠭᠠᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠭᠡᠷ᠄ ᠣᠷᠣᠨ ᠤ ᠳᠣᠲᠣᠷᠠᠬᠢ ᠡᠯ᠎ᠡ ᠰᠠᠭᠤᠷᠢ ᠴᠠᠬᠢᠯᠭᠠᠨ ᠬᠤᠯᠪᠣᠭᠠᠨ ᠤ ᠡᠵᠡᠩᠨᠡᠯᠲᠡ ᠶᠢᠨ ᠠᠵᠤ ᠠᠬᠤᠶᠢᠯᠠᠯ᠂ ᠲᠢᠶᠧ ᠲᠠ ᠺᠣᠮᠫᠠᠨᠢ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠨᠡᠶᠢᠲᠡ ᠶᠢᠨ ᠴᠢᠮᠡᠭᠡ ᠬᠤᠯᠪᠣᠭᠠᠨ ᠤ ᠲᠣᠣᠷ ᠤᠨ ᠪᠠᠴᠢᠮ ᠪᠠᠶᠢᠳᠠᠯ ᠢ ᠠᠷᠭᠠᠴᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ᠃      ᠤᠯᠠᠭᠠᠨᠴᠠᠪ ᠤᠨ ᠲᠡᠮᠦᠷ ᠵᠠᠮ ᠤᠨ ᠬᠤᠪᠢᠶᠠᠷᠢ ᠲᠣᠪᠴᠢᠶ᠎ᠠ᠄ ᠬᠠᠷᠢᠶ᠎ᠠ ᠭᠠᠯᠲᠤ ᠲᠡᠷᠭᠡᠨ ᠤ ᠥᠷᠲᠡᠭᠡᠨ ᠳᠤ ᠦᠯᠡᠳᠡᠵᠦ ᠬᠤᠴᠣᠷᠤᠭᠰᠠᠨ ᠠᠶᠠᠨᠴᠢᠳ ᠢ ᠲᠡᠭᠡᠭᠡᠪᠦᠷᠢᠯᠡᠬᠦ ᠶᠢ ᠵᠢᠯᠣᠭᠤᠳᠤᠨ ᠵᠣᠬᠢᠶᠠᠨ ᠪᠠᠶᠢᠭᠤᠯᠬᠤ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠨ ᠲᠤᠰᠠᠯᠠᠬᠤ ᠡᠳ᠋ ᠪᠠᠷᠠᠭ᠎ᠠ᠂ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠡᠳ᠋ ᠪᠠᠷᠠᠭ᠎ᠠ ᠵᠡᠷᠭᠡ ᠶᠢ ᠪᠠᠲᠤᠯᠠᠬᠤ ᠬᠠᠷᠢᠶ᠎ᠠ ᠪᠥᠬᠦᠶ ᠲᠡᠮᠦᠷ ᠵᠠᠮ ᠤᠨ ᠵᠠᠮ ᠬᠠᠷᠢᠯᠴᠠᠭ᠎ᠠ ᠲᠡᠭᠡᠭᠡᠪᠦᠷᠢ ᠶᠢ ᠬᠠᠷᠢᠭᠤᠴᠠᠨ᠎ᠠ᠃      ᠠᠷᠠᠳ ᠤᠨ ᠠᠭᠠᠷ ᠤᠨ ᠲᠡᠭᠡᠭᠡᠪᠦᠷᠢ ᠶᠢᠨ ᠤᠯᠠᠭᠠᠨᠴᠠᠪ ᠲᠠᠬᠢ ᠬᠤᠪᠢᠶᠠᠷᠢ ᠺᠣᠮᠫᠠᠨᠢ᠄ ᠦᠯᠡᠳᠡᠵᠦ ᠬᠤᠴᠣᠷᠤᠭᠰᠠᠨ ᠠᠶᠠᠨᠴᠢᠳ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ᠂ ᠰᠠᠭᠤᠭᠠᠯᠢ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠡᠳ᠋ ᠪᠣᠳᠠᠰ ᠤᠨ ᠠᠭᠠᠷ ᠤᠨ ᠲᠡᠭᠡᠭᠡᠪᠦᠷᠢ ᠶᠢᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃      ᠤᠯᠠᠭᠠᠨᠴᠠᠪ ᠬᠤᠲᠠ ᠶᠢᠨ ᠲᠦᠭᠡᠭᠡᠯ ᠤᠰᠤᠨ ᠤ ᠺᠣᠮᠫᠠᠨᠢ᠄ ᠬᠤᠲᠠ ᠶᠢᠨ ᠬᠡᠪ ᠤᠨ ᠤᠰᠤ ᠬᠠᠩᠭᠠᠬᠤ ᠶᠢ ᠪᠠᠲᠤᠯᠠᠬᠤ ᠪᠠ ᠰᠡᠷᠭᠦᠭᠡᠬᠦ ᠶᠢ ᠬᠠᠷᠢᠭᠤᠴᠠᠨ ᠵᠣᠬᠢᠶᠠᠨ ᠪᠠᠶᠢᠭᠤᠯᠵᠤ᠂ ᠬᠡᠷᠡᠭ ᠭᠠᠷᠤᠭᠰᠠᠨ ᠭᠠᠵᠠᠷ ᠤᠨ ᠬᠤᠲᠠ ᠶᠢᠨ ᠪᠣᠬᠢᠷᠲᠤᠯ ᠭᠠᠳᠠᠭᠰᠢᠯᠠᠭᠤᠯᠬᠤ ᠰᠢᠰᠲ᠋ᠧᠮ ᠤᠨ ᠬᠡᠪ ᠤᠨ ᠪᠠᠶᠢᠬᠤ ᠶᠢ ᠪᠠᠲᠤᠯᠠᠨ᠎ᠠ᠃      ᠤᠯᠠᠭᠠᠨᠴᠠᠪ ᠤᠨ ᠴᠠᠬᠢᠯᠭᠠᠨ ᠦᠢᠯᠡᠰ ᠤᠨ ᠲᠣᠪᠴᠢᠶ᠎ᠠ᠄ ᠴᠠᠬᠢᠯᠭᠠᠨ ᠤ ᠲᠣᠣᠷ ᠤᠨ ᠠᠵᠢᠯᠯᠠᠭᠠᠨ ᠤ ᠪᠠᠶᠢᠳᠠᠯ ᠢ ᠬᠢᠨᠠᠨ ᠡᠵᠡᠮᠳᠡᠬᠦ᠂ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ᠂ ᠭᠡᠮ ᠰᠣᠭᠤᠭ ᠢ ᠵᠠᠳᠠᠯᠬᠤ ᠪᠠ ᠰᠤᠳᠤᠯᠤᠨ ᠮᠠᠭᠠᠳᠯᠠᠬᠤ ᠶᠢ ᠬᠠᠷᠢᠭᠤᠴᠠᠨ᠎ᠠ︔ ᠴᠠᠬᠢᠯᠭᠠᠨ ᠲᠤᠤᠷ ᠤᠨ ᠠᠳᠡᠯ ᠢ ᠰᠢᠶᠳᠪᠦᠷᠢᠯᠡᠬᠦ ᠶᠢ ᠵᠢᠯᠣᠭᠤᠳᠴᠤ᠂ ᠠᠳᠡᠯ ᠤᠨ ᠬᠡᠪᠴᠢᠶ᠎ᠡ ᠶᠢ ᠬᠢᠵᠠᠭᠠᠷᠯᠠᠵᠤ᠂ ᠠᠳᠡᠯ ᠤᠨ ᠤᠯᠠᠮ ᠨᠢᠭᠡ ᠠᠯᠬᠤᠮ ᠥᠷᠭᠡᠳᠬᠦ ᠶᠢ ᠰᠡᠷᠭᠡᠶᠢᠯᠡᠨ᠎ᠡ︔ ᠭᠤᠣᠯᠳᠠᠯᠭ᠎ᠠ ᠲᠠᠢ ᠭᠠᠵᠠᠷ ᠣᠷᠣᠨ᠂ ᠴᠢᠬᠤᠯᠠ ᠠᠴᠢᠶ᠎ᠠ᠂ ᠴᠢᠬᠤᠯᠠ ᠬᠠᠷᠢᠴᠠᠭᠠᠨ ᠡᠷᠦᠬᠡ ᠶᠢᠨ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠨ᠎ᠠ︔ ᠴᠠᠬᠢᠯᠭᠠᠨ ᠬᠦᠴᠦᠨ ᠤ ᠱᠠᠯᠠᠪᠳᠠᠨ ᠵᠠᠰᠠᠬᠤ ᠡᠩᠨᠡᠭᠡ ᠶᠢ ᠵᠣᠬᠢᠶᠠᠨ ᠪᠠᠶᠢᠭᠤᠯᠵᠤ᠂ ᠴᠠᠬᠢᠯᠭᠠᠨ ᠬᠦᠴᠦᠨ ᠤ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠰᠢᠯᠵᠢᠭᠦᠯᠦᠨ ᠴᠤᠭᠯᠠᠭᠤᠯᠵᠤ ᠂ ᠴᠠᠬᠢᠯᠭᠠᠨ ᠲᠤᠤᠷ ᠤᠨ ᠪᠠᠴᠢᠮ ᠪᠠᠶᠢᠳᠠᠯ ᠢ ᠠᠷᠭᠠᠴᠠᠬᠤ ᠱᠠᠯᠠᠪᠳᠠᠨ ᠵᠠᠰᠠᠬᠤ ᠶᠢ ᠥᠷᠨᠢᠭᠦᠯᠵᠦ᠂ ᠴᠠᠬᠢᠯᠭᠠᠨ ᠬᠦᠴᠦᠨ ᠤ ᠬᠠᠩᠭᠠᠯᠭ᠎ᠠ ᠶᠢ ᠴᠠᠭ ᠲᠤᠬᠠᠶ ᠳᠤᠨᠢ ᠰᠡᠷᠭᠦᠭᠡᠨ᠎ᠡ᠃ ᠴᠠᠬᠢᠯᠭᠠᠨ ᠲᠣᠣᠷ᠂ ᠴᠠᠬᠢᠯᠭᠠᠨ ᠤ ᠦᠢᠯᠡᠳᠪᠦᠷᠢ᠂ ᠬᠡᠷᠡᠭᠯᠡᠭᠡᠨ ᠤ ᠡᠷᠦᠭᠡ ᠶᠢᠨ ᠬᠤᠭᠤᠷᠣᠨᠳᠣᠬᠢ ᠴᠠᠬᠢᠯᠭᠠᠨ ᠬᠠᠩᠭᠠᠯᠭ᠎ᠠ ᠶᠢ ᠰᠡᠷᠭᠦᠭᠡᠬᠦ ᠶᠢ ᠵᠣᠬᠢᠴᠠᠭᠤᠯᠵᠤ᠂ ᠴᠠᠬᠢᠯᠭᠠᠨ ᠲᠣᠣᠷ ᠤᠨ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠠᠮᠢᠶ᠎ᠠ ᠪᠦᠬᠦᠢ ᠪᠠᠶᠢᠳᠠᠯ ᠢ ᠴᠠᠭ ᠲᠤᠬᠠᠢ ᠳᠤᠨᠢ ᠮᠡᠳᠡᠭᠦᠯᠦᠨ᠎ᠡ᠃      ᠬᠠᠮᠢᠶ᠎ᠠ ᠪᠥᠬᠦᠶ ᠴᠠᠬᠢᠯᠭᠠᠨ ᠭᠠᠷᠭᠠᠬᠤ ᠠᠵᠤ ᠠᠬᠤᠶᠢᠯᠠᠯ᠄ ︽ᠤᠯᠠᠭᠠᠨᠴᠠᠪ ᠬᠤᠲᠠ ᠶᠢᠨ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ︾ ᠤᠨ ᠪᠠᠶᠢᠷᠢᠯᠠᠭᠤᠯᠤᠯᠲᠠ ᠶᠣᠰᠣᠭᠠᠷ᠂ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ᠂ ᠠᠳᠠᠯ ᠤᠨ ᠠᠶᠤᠯ ᠠᠴᠠ ᠠᠪᠤᠷᠬᠠᠤ ᠪᠠ ᠴᠠᠬᠢᠯᠭᠠᠨ ᠲᠤᠤᠷ ᠤᠨ ᠰᠢᠰᠲ᠋ᠧᠮ ᠳᠤ ᠴᠠᠬᠢᠯᠭᠠᠨ ᠬᠠᠩᠭᠠᠬᠤ ᠪᠠᠨ ᠲᠦᠷᠭᠡᠬᠡᠨ ᠰᠡᠷᠭᠦᠭᠡᠬᠦ ᠵᠡᠷᠭᠡ ᠡᠯ᠎ᠡ ᠵᠦᠶᠯ ᠤᠨ ᠠᠵᠢᠯ ᠢ ᠥᠷᠨᠢᠭᠦᠯᠦᠨ᠎ᠡ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2