ᠭᠤᠣᠯ ᠰᠡᠳᠦᠪ᠄ ᠭᠤᠣᠯᠳᠠᠯᠭ᠎ᠠ ᠶᠢᠨ ᠲᠣᠭᠤᠷᠢᠨ ᠳᠤ ᠪᠦᠬᠦ ᠲᠠᠯ᠎ᠠ ᠳᠤ ᠦᠢᠯᠡᠴᠢᠯᠡᠵᠦ ᠠᠷᠠᠳ ᠤᠯᠠᠨ ᠤ ᠠᠮᠢ ᠨᠠᠰᠤ | ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠬᠠᠮᠠᠭᠠᠯᠠᠨ᠎ᠠ | ᠴᠠᠭ᠄ 2021 ᠣᠨ ᠤ 7 ᠰᠠᠷ᠎ᠠ ᠶᠢᠨ 12 ᠤᠨ ᠡᠳᠦᠷ ᠤᠨ 11 ᠴᠠᠭ | ᠰᠤᠷᠪᠤᠯᠵᠢᠯᠠᠭ᠎ᠠ ᠬᠦᠯᠢᠶᠡᠭᠴᠢ᠄ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠬᠠᠨ ᠶᠤᠸᠠᠢ ᠹᠸᠢ | ᠲᠣᠪᠴᠢ ᠠᠭᠤᠯᠭ᠎ᠠ | ᠡᠨᠡ ᠵᠢᠯ ᠠᠴᠠ ᠨᠠᠰᠢ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠶ | ᠤᠳᠤᠷᠢᠳᠤᠯᠭ᠎ᠠ ᠳᠣᠣᠷ᠎ᠠ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠶᠤᠯᠬᠦᠢ | ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠥᠪ ᠤᠨ ᠳᠤᠭᠤᠷᠢᠨ ᠳᠤ ᠠᠵᠢᠯᠯᠠᠵᠤ᠂ | ᠤᠳᠤᠷᠢᠳᠬᠤ ᠪᠠᠭ ᠢ ᠠᠳᠬᠤᠨ᠂ ᠡᠩᠨᠡᠭᠡ ᠪᠠᠨ ᠳᠠᠭᠠᠭᠤᠯᠵᠤ᠂ ᠬᠡᠪ ᠴᠢᠨᠠᠷ ᠢᠶᠠᠨ ᠴᠢᠩᠭᠠᠳᠬᠠᠨ᠂ ᠬᠠᠤᠯᠢ ᠶᠢ | ᠴᠢᠩᠭ᠎ᠠ ᠬᠡᠷᠡᠭᠵᠢᠭᠦᠯᠵᠦ᠂ ᠠᠮᠤᠷ ᠲᠦᠪᠰᠢᠨ ᠤ ᠡᠷᠡᠰᠳᠡᠯ ᠢ ᠬᠠᠮᠢᠶᠠᠷᠤᠨ ᠡᠵᠡᠮᠳᠡᠬᠦ ᠶᠢ ᠤᠯᠠᠮ ᠨᠢᠭᠡ ᠠᠯᠬᠤᠮ | ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢᠨ | ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠠᠶᠤᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠦᠯᠲᠡ ᠶᠢ ᠴᠢᠩᠳᠠᠯᠠᠵᠤ᠂ ᠡᠯ᠎ᠡ ᠲᠥᠷᠥᠯ ᠤᠨ ᠠᠳᠡᠯ ᠭᠠᠷᠬᠤ ᠶᠢ ᠡᠷᠡᠰ ᠬᠤᠷᠢᠭᠯᠠᠨ᠂ ᠪᠥᠬᠦ ᠬᠤᠲᠠ ᠶᠢᠨ | ᠠᠶᠤᠯᠬᠦᠢ ᠦᠢᠯᠡᠳᠪᠦᠷᠢᠯᠡᠯ ᠤᠨ ︽ᠬᠤᠶᠠᠷ ᠢ ᠪᠠᠭᠤᠷᠠᠭᠤᠯᠬᠤ︾ ︵ᠦᠢᠯᠡᠳᠪᠦᠷᠢᠯᠡᠯ ᠤᠨ ᠠᠶᠤᠯᠬᠦᠢ ᠶᠢᠨ ᠠᠳᠡᠯ | ᠭᠠᠷᠤᠭᠰᠠᠨ ᠲᠤᠭ᠎ᠠ᠂ ᠠᠳᠡᠭᠰᠡᠨ ᠬᠥᠮᠦᠨ ᠤ ᠲᠤᠭ᠎ᠠ ᠪᠦᠷ ᠪᠠᠭᠤᠷᠠᠭᠰᠠᠨ︶ ᠶᠡᠷᠦᠩᠬᠡᠶ ᠬᠠᠷᠠᠯᠲᠠ ᠶᠢ ᠴᠢᠷᠮᠠᠶᠢᠨ | ᠪᠡᠶᠡᠯᠡᠭᠦᠯᠵᠦ᠂ ᠠᠶᠤᠯᠬᠦᠢ ᠦᠢᠯᠡᠳᠪᠦᠷᠢᠯᠡᠯ ᠪᠠ ᠪᠠᠶᠢᠭᠠᠯᠢ ᠶᠢᠨ ᠭᠠᠶ ᠭᠠᠮᠰᠢᠭ ᠤᠨ ᠶᠡᠷᠦᠩᠬᠡᠶ ᠪᠠᠶᠢᠳᠠᠯ ᠤᠨ | ᠲᠣᠭᠲᠠᠭᠤᠨ ᠪᠠᠶᠢᠬᠤ ᠶᠢ ᠪᠠᠲᠤᠯᠠᠪᠠ᠃ | ᠰᠤᠷᠪᠤᠯᠵᠢᠯᠠᠭ᠎ᠠ ᠶᠢᠨ ᠡᠷᠭᠢᠴᠡᠭᠦᠯᠦᠯ | 【ᠬᠥᠲᠥᠯᠥᠭᠴᠢ】᠄ ᠥᠨᠥᠳᠦᠷ ᠪᠢᠳᠡ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠤ ᠳᠠᠷᠤᠭ᠎ᠠ ᠬᠠᠨ ᠶᠤᠸᠠᠢ ᠹᠸᠢ | ᠨᠥᠬᠦᠷ ᠢ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ ᠳᠤ ᠲᠤᠰᠬᠠᠶᠢᠯᠠᠨ ᠤᠷᠢᠵᠤ᠂ ᠥᠷᠭᠡᠨ ᠣᠯᠠᠨ | ᠰᠦᠯᠵᠢᠶᠡᠨ ᠤ ᠨᠠᠶᠢᠵᠠ ᠨᠠᠷ ᠲᠠᠢ ᠬᠠᠮᠲᠤ ᠪᠠᠷ ᠮᠠᠨ ᠤ ᠬᠤᠲᠠ ᠶᠢᠨ ᠠᠶᠤᠯᠭᠦᠶ ᠦᠢᠯᠡᠳᠪᠦᠷᠢᠯᠡᠯ ᠪᠣᠯᠤᠨ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠤᠨ ᠬᠦᠷᠢᠶᠡᠨ ᠳᠠᠬᠢ ᠬᠤᠯᠪᠣᠭᠳᠠᠯ ᠪᠦᠬᠦᠢ ᠠᠰᠠᠭᠤᠳᠠᠯ ᠢ | ᠶᠠᠷᠢᠯᠴᠠᠨᠡ᠃ ᠬᠠᠨ ᠲᠣᠪᠴᠢᠶᠠᠨ ᠳᠠᠷᠤᠭ᠎ᠠ ᠲᠠ ᠰᠠᠶᠢᠨ ᠤᠤ᠂ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ | ᠪᠤᠯᠤᠩ ᠳᠤ ᠢᠷᠡᠭᠰᠡᠨ ᠳᠤ ᠪᠠᠶᠠᠷᠯᠠᠨ ᠤᠭᠲᠤᠵᠤ ᠪᠠᠶᠢᠨ᠎ᠠ᠃ | 【ᠬᠠᠨ ᠶᠤᠸᠠᠢ ᠹᠸᠢ 】᠄ ᠬᠥᠲᠥᠯᠥᠭᠴᠢ ᠰᠠᠶᠢᠨ ᠤᠤ᠂ ᠰᠦᠯᠵᠢᠶᠡᠨ ᠤ ᠨᠠᠶᠢᠵᠠ ᠨᠠᠷ ᠰᠠᠶᠢᠨ ᠤᠤ︖ | ᠥᠨᠥᠳᠦᠷ ᠬᠤᠲᠠ ᠶᠢᠨ ᠵᠠᠰᠠᠭ ᠤᠨ ᠣᠷᠳᠣᠨ ᠤ ᠰᠦᠯᠵᠢᠶᠡᠨ ᠤ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ ᠭᠡᠬᠦ | ᠲᠠᠪᠴᠠᠩ ᠢ ᠠᠰᠢᠭᠯᠠᠨ ᠥᠷᠭᠡᠨ ᠣᠯᠠᠨ ᠰᠦᠯᠵᠢᠶᠡᠨ ᠤ ᠠᠷᠠᠳ ᠲᠠᠢ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠠᠵᠢᠯ ᠤᠨ ᠬᠦᠷᠢᠶᠡᠨ ᠳᠠᠬᠢ ᠬᠤᠯᠪᠣᠭᠳᠠᠯ ᠪᠦᠬᠦᠢ ᠠᠰᠠᠭᠤᠳᠠᠯ ᠤᠨ ᠲᠠᠯ᠎ᠠ ᠪᠠᠷ ᠰᠠᠨᠠᠯ ᠢᠶᠠᠨ | ᠰᠣᠯᠢᠯᠴᠠᠬᠤ ᠪᠤᠯᠤᠭᠰᠠᠨ ᠳᠠᠭᠠᠨ ᠮᠠᠰᠢ ᠪᠠᠶᠠᠷᠲᠠᠶ ᠪᠠᠶᠢᠨ᠎ᠠ᠃ ᠰᠦᠯᠵᠢᠶᠡᠨ ᠤ ᠠᠨᠳᠠ ᠨᠠᠷ ᠮᠠᠨ ᠤ ᠬᠤᠲᠠ ᠶᠢᠨ | ᠠᠶᠤᠯᠭᠦᠢ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠳᠤ ᠡᠷᠬᠢᠮ ᠨᠠᠨᠳᠢᠨ | ᠰᠠᠨᠠᠯ ᠰᠠᠨᠠᠭᠤᠯᠭ᠎ᠠ ᠳᠤᠷᠠᠳᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃ ᠡᠭᠦᠨ ᠤ ᠵᠡᠷᠭᠡ ᠳᠤ ᠪᠠᠰᠠ | ᠡᠨᠡ ᠬᠦ ᠲᠣᠬᠢᠶᠠᠯ ᠢ ᠠᠰᠢᠭᠯᠠᠨ᠂ ᠤᠷᠲᠤ ᠬᠤᠭᠤᠴᠠᠭᠠᠨ ᠤ ᠲᠤᠷᠰᠢ ᠮᠠᠨ ᠤ ᠠᠵᠢᠯ ᠢ ᠬᠠᠯᠠᠮᠵᠢᠯᠠᠨ ᠳᠡᠮᠵᠢᠭᠰᠡᠭᠡᠷ | ᠢᠷᠡᠭᠰᠡᠨ ᠨᠡᠶᠢᠭᠡᠮ ᠤᠨ ᠡᠯ᠎ᠡ ᠡᠲᠡᠭᠡᠳ ᠤᠨ ᠬᠢᠨ ᠪᠣᠯᠤᠨ ᠥᠷᠭᠡᠨ ᠣᠯᠠᠨ ᠰᠦᠯᠵᠢᠶᠡᠨ ᠤ ᠨᠠᠶᠢᠵᠠ ᠨᠠᠷ ᠲᠤ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ᠃ | 【ᠬᠥᠲᠥᠯᠥᠭᠴᠢ】᠄ ᠬᠠᠨ ᠲᠣᠪᠴᠢᠶᠠᠨ ᠳᠠᠷᠤᠭ᠎ᠠ ᠡ᠂ ᠡᠨᠡ ᠵᠢᠯ ᠠᠴᠠ ᠨᠠᠰᠢ ᠮᠠᠨ ᠤ ᠬᠤᠲᠠ ᠶᠢᠨ | ᠠᠶᠤᠯᠭᠦᠶ ᠦᠢᠯᠡᠳᠪᠦᠷᠢᠯᠡᠯ ᠤᠨ ᠶᠡᠷᠦᠩᠬᠡᠶ ᠪᠠᠶᠢᠳᠠᠯ ᠶᠠᠮᠠᠷ ᠪᠠᠶᠢᠭ᠎ᠠ ᠪᠣᠶ︖ | 【ᠬᠠᠨ ᠶᠤᠸᠠᠢ ᠹᠸᠢ】᠄ 1 — 6 ᠳ᠋ᠤᠭᠠᠷ ᠰᠠᠷ᠎ᠠ ᠶᠢᠨ ᠪᠥᠬᠦ ᠬᠤᠲᠠ ᠶᠢᠨ ᠦᠢᠯᠡᠳᠪᠦᠷᠢᠯᠡᠯ ᠤᠨ ᠠᠮᠤᠷ | ᠲᠦᠪᠰᠢᠨ ᠤ ᠠᠳᠡᠯ ᠤᠨ ᠶᠡᠷᠦᠩᠬᠡᠶ ᠪᠠᠶᠢᠳᠠᠯ᠄ ᠪᠥᠬᠦ ᠬᠤᠲᠠ ᠳᠤ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ | ᠨᠡᠶᠢᠲᠡ 19 ᠤᠳᠠᠭ᠎ᠠ ᠭᠠᠷᠴᠤ᠂ 20 ᠬᠥᠮᠦᠨ ᠠᠳᠡᠵᠤ᠂ ᠠᠳᠠᠯᠢ ᠬᠤᠭᠤᠴᠠᠭᠠᠨ ᠤ ᠬᠢ ᠠᠴᠠ ᠡᠭᠦᠰᠦᠭᠰᠡᠨ | ᠠᠳᠡᠯ ᠤᠨ ᠲᠤᠭ᠎ᠠ 20 ᠤᠳᠠᠭ᠎ᠠ ᠪᠠᠭᠠᠰᠴᠤ᠂ 51.28% ᠪᠠᠷ ᠪᠠᠭᠤᠷᠠᠵᠤ᠂ ᠠᠳᠡᠭᠰᠡᠨ ᠬᠥᠮᠦᠨ ᠤ ᠲᠤᠭ᠎ᠠ 26 | ᠬᠥᠮᠦᠨ ᠪᠠᠭᠠᠰᠴᠤ᠂ 56.52% ᠢᠶᠠᠷ ᠪᠠᠭᠤᠷᠠᠪᠠ᠃ | ᠨᠡᠯᠢᠶᠡᠳ ᠶᠡᠭᠡ ᠪᠤᠶᠤ ᠲᠡᠭᠦᠨ ᠠᠴᠠ ᠳᠡᠭᠡᠭᠰᠢᠬᠢ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠭᠠᠷᠤᠭᠰᠠᠨ | ᠦᠭᠡᠢ᠃ | 【 ᠬᠥᠲᠥᠯᠥᠭᠴᠢ 】᠄ ᠲᠡᠭᠡᠪᠡᠯ᠂ ᠪᠢᠳᠡ ᠡᠨᠡ ᠵᠢᠯ ᠠᠶᠤᠯᠭᠦᠶ ᠦᠢᠯᠡᠳᠪᠦᠷᠢᠯᠡᠯ ᠤᠨ ᠲᠠᠯ᠎ᠠ ᠪᠠᠷ ᠶᠠᠮᠠᠷ | ᠶᠠᠮᠠᠷ ᠠᠵᠢᠯ ᠤᠳ ᠢ ᠭᠤᠤᠯᠳᠠᠯᠭ᠎ᠠ ᠲᠠᠢ ᠬᠢᠭᠰᠡᠨ ᠪᠣᠶ︖ ᠬᠠᠨ ᠲᠣᠪᠴᠢᠶᠠᠨ ᠳᠠᠷᠤᠭ᠎ᠠ ᠠᠴᠠ ᠪᠣᠳᠠᠲᠠᠶ | ᠲᠠᠨᠢᠯᠴᠠᠭᠤᠯᠭ᠎ᠠ ᠬᠢᠬᠦ ᠪᠣᠯᠪᠠᠤ᠃ | 【ᠬᠠᠨ ᠶᠤᠸᠠᠢ ᠹᠸᠢ】᠄ ᠵᠠ᠃ ᠡᠨᠡ ᠵᠢᠯ ᠠᠴᠠ ᠨᠠᠰᠢ᠂ ᠪᠢᠳᠡ ᠠᠶᠤᠯᠭᠦᠢ ᠦᠢᠯᠡᠳᠪᠦᠷᠢᠯᠡᠯ ᠤᠨ | ᠲᠠᠯ᠎ᠠ ᠪᠠᠷ ᠭᠤᠣᠯᠳᠠᠭᠤ ᠳᠣᠣᠷᠠᠬᠢ ᠠᠵᠢᠯ ᠤᠳ ᠢ ᠬᠢᠵᠡᠢ᠃ | ᠨᠢᠭᠡ ᠳᠤ ᠠᠶᠤᠯᠭᠦᠶ ᠦᠢᠯᠡᠳᠪᠦᠷᠢᠯᠡᠯ ᠤᠨ ᠣᠨ ᠤ ᠬᠢᠨᠠᠨ ᠰᠢᠯᠭᠠᠯᠲᠠ ᠶᠢ ᠦᠷᠨᠢᠬᠦᠯᠪᠡ᠃ 2 ᠳ᠋ᠤᠭᠠᠷ | ᠰᠠᠷ᠎ᠠ ᠶᠢᠨ ᠡᠬᠢ ᠪᠠᠷ᠂ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ 4 ᠬᠢᠨᠠᠨ ᠰᠢᠯᠭᠠᠬᠤ ᠳᠤᠭᠤᠶᠢᠯᠠᠩ ᠢ | ᠵᠣᠬᠢᠶᠠᠨ ᠪᠠᠶᠢᠭᠤᠯᠤᠨ ᠡᠯ᠎ᠡ ᠬᠤᠰᠢᠭᠤ ᠰᠢᠶᠠᠨ ᠬᠤᠲᠠ ᠲᠣᠭᠤᠷᠢᠭ ᠲᠤ ᠭᠦᠨᠵᠡᠭᠡᠶᠢᠷᠡᠨ ᠮᠠᠲ᠋ᠧᠷᠢᠶᠠᠯ ᠪᠠᠶᠢᠴᠠᠭᠠᠨ | ᠦᠵᠡᠬᠦ᠂ ᠠᠵᠤ ᠠᠬᠤᠶᠢᠯᠠᠯ ᠢ ᠰᠤᠭᠤᠴᠢᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ 2020 | ᠣᠨ ᠤ ᠠᠶᠤᠯᠭᠦᠶ ᠦᠢᠯᠡᠳᠪᠦᠷᠢᠯᠡᠯ ᠤᠨ 9 ᠶᠡᠭᠡ ᠲᠥᠷᠥᠯ᠂ 67 ᠵᠦᠢᠯ ᠤᠨ ᠪᠣᠳᠠᠲᠠᠶ ᠠᠵᠢᠯ ᠢ ᠪᠡᠶᠡᠯᠡᠭᠦᠯᠦᠭᠰᠡᠨ | ᠪᠠᠶᠢᠳᠠᠯ ᠳᠤ ᠬᠢᠨᠠᠯᠲᠠ ᠲᠠᠯᠪᠢᠵᠤ ᠬᠢᠨᠠᠨ ᠰᠢᠯᠭᠠᠯᠲᠠ ᠬᠢᠪᠠ᠃ ᠬᠢᠨᠠᠨ ᠰᠢᠯᠭᠠᠯᠲᠠ ᠳᠠᠭᠤᠰᠤᠭᠰᠠᠨ ᠤ ᠲᠠᠷᠠᠭ᠎ᠠ᠂ ᠡᠯ᠎ᠡ | ᠬᠢᠨᠠᠨ ᠰᠢᠯᠭᠠᠬᠤ ᠳᠤᠭᠤᠶᠢᠯᠠᠩ ᠰᠠᠨᠠᠯ ᠢ ᠬᠠᠷᠢᠭᠤ ᠲᠤᠰᠬᠠᠬᠤ ᠬᠤᠷᠠᠯ ᠬᠢᠵᠦ᠂ ᠨᠡᠶᠢᠳᠡ 110 ᠵᠦᠢᠯ ᠤᠨ ᠰᠠᠨᠠᠯ ᠢ | ᠬᠠᠷᠢᠭᠤ ᠲᠤᠰᠬᠠᠵᠤ᠂ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠶᠢ ᠵᠢᠭᠠᠵᠤ ᠭᠠᠷᠭᠠᠭᠰᠠᠨ ᠮᠥᠷᠲᠡᠭᠡᠨ ᠪᠠᠰᠠ | ᠠᠵᠢᠯ ᠤᠨ ᠰᠠᠨᠠᠭᠤᠯᠭ᠎ᠠ ᠳᠤᠷᠠᠳᠴᠤ᠂ ᠬᠡᠯᠪᠡᠷᠢ ᠶᠢᠨ ᠦᠵᠡᠯ ᠢ ᠴᠢᠩᠭ᠎ᠠ ᠴᠡᠭᠡᠷᠯᠡᠵᠦ᠂ ᠶᠣᠰᠣ ᠶᠢᠨ ᠲᠡᠳᠦᠶ | ᠥᠩᠭᠡᠷᠡᠭᠦᠯᠬᠦ ᠶᠢ ᠴᠢᠩᠭ᠎ᠠ ᠴᠡᠭᠡᠷᠯᠡᠵᠦ᠂ ᠠᠵᠢᠯ ᠢ ᠲᠦᠯᠬᠢᠨ ᠠᠬᠢᠭᠤᠯᠬᠤ ᠵᠣᠷᠢᠯᠭ᠎ᠠ ᠳᠠᠭᠠᠨ ᠬᠦᠷᠦᠭᠰᠡᠨ ᠪᠠᠶᠢᠨ᠎ᠠ᠃ | ᠬᠢᠨᠠᠨ ᠰᠢᠯᠭᠠᠭᠰᠠᠨ ᠪᠠᠶᠢᠳᠠᠯ ᠠᠴᠠ ᠦᠵᠡᠪᠡᠯ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ | ᠦᠢᠯᠡᠳᠪᠦᠷᠢᠯᠡᠯ ᠤᠨ ᠠᠵᠢᠯ ᠢ ᠴᠢᠬᠤᠯᠠᠴᠢᠯᠠᠵᠤ ᠪᠠᠶᠢᠭ᠎ᠠ ᠬᠡᠮᠵᠢᠶ᠎ᠡ ᠥᠩᠭᠡᠷᠡᠭᠰᠡᠨ ᠤ ᠬᠢ ᠠᠴᠠ ᠢᠯᠡᠳᠲᠡ | ᠴᠢᠩᠭᠠᠷᠠᠵᠤ᠂ ᠴᠥᠭᠡᠨ ᠪᠤᠰᠤ ᠭᠠᠵᠠᠷ ᠣᠷᠣᠨ ᠤ ᠨᠠᠮ ᠵᠠᠰᠠᠭ ᠤᠨ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ | ᠰᠤᠳᠤᠯᠤᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠪᠠᠭ ᠳᠠᠭᠠᠭᠤᠯᠤᠨ ᠠᠶᠤᠯᠭᠦᠢ ᠦᠢᠯᠡᠳᠪᠦᠷᠢᠯᠡᠯ ᠤᠨ ᠠᠵᠢᠯ ᠢ | ᠪᠠᠶᠢᠴᠠᠭᠠᠵᠤ᠂ ᠨᠠᠮ ᠵᠠᠰᠠᠭ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ ᠤᠯᠠᠮ ᠴᠢᠨᠠᠭᠰᠢᠳᠠ ᠪᠠᠲᠤᠵᠢᠵᠤ᠂ ᠠᠮᠤᠷ | ᠲᠦᠪᠰᠢᠨ ᠢ ᠴᠢᠬᠤᠯᠠᠴᠢᠯᠠᠬᠤ᠂ ᠠᠮᠤᠷ ᠲᠦᠪᠰᠢᠨ ᠢ ᠠᠳᠬᠤᠬᠤ ᠰᠠᠶᠢᠨ ᠰᠠᠶᠢᠬᠠᠨ ᠠᠭᠤᠷ ᠠᠮᠢᠰᠬᠤᠯ ᠨᠢ ᠨᠢᠭᠡᠨᠲᠡ | ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠠᠮᠲᠤ ᠶᠢᠨ ᠲᠠᠨᠢᠯᠲᠠ ᠪᠣᠯᠵᠠᠢ᠃ | ᠬᠤᠶᠠᠷ ᠲᠤ ︽ᠦᠢᠯᠡᠴᠢᠯᠡᠭᠡ + ᠬᠢᠨᠠᠯᠲᠠ ᠬᠠᠮᠢᠶᠠᠷᠤᠯᠲᠠ︾ ᠶᠢᠨ ᠠᠵᠢᠯ ᠢ ᠪᠦᠲᠦᠭᠡᠯᠴᠢ ᠪᠠᠷ ᠥᠷᠨᠢᠭᠦᠯᠪᠡ᠃ | ᠤᠢᠢᠷ᠎ᠠ ᠶᠢᠨ ᠵᠢᠯ ᠤᠨ ᠲᠤᠷᠰᠢ᠂ ᠪᠢᠳᠡ ᠮᠠᠨ ᠤ ᠬᠤᠳᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ | ᠠᠶᠤᠯᠭᠦᠢ ᠦᠢᠯᠡᠳᠪᠦᠷᠢᠯᠡᠯ ᠤᠨ ᠠᠵᠢᠯ ᠤᠨ ᠣᠨᠴᠠᠯᠢᠭ ᠢ ᠦᠨᠳᠦᠰᠦᠯᠡᠵᠦ᠂ ᠬᠤᠳᠠ ᠶᠢᠨ ᠨᠠᠮ ᠤᠨ ᠬᠤᠷᠢᠶ᠎ᠡ᠂ | ᠵᠠᠰᠠᠭ ᠤᠨ ᠣᠷᠳᠣᠨ ᠤ ᠭᠤᠣᠯ ᠠᠵᠢᠯ ᠤᠨ ᠲᠣᠭᠤᠷᠢᠨ ᠳᠤ᠂ ᠪᠦᠬᠦ ᠬᠤᠳᠠ ᠶᠢᠨ ᠬᠥᠭᠵᠢᠯᠲᠡ ᠲᠣᠭᠲᠠᠭᠤᠨ ᠤ ᠶᠡᠭᠡ | ᠲᠠᠯ᠎ᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠬᠢᠨᠠᠨ ᠬᠠᠮᠢᠶᠠᠷᠬᠤ ᠪᠠ ᠦᠢᠯᠡᠴᠢᠯᠡᠬᠦ ᠶᠢ ᠤᠶᠠᠯᠳᠤᠭᠤᠯᠵᠤ᠂ | ᠬᠠᠤᠯᠢ ᠬᠡᠷᠡᠭᠵᠢᠭᠦᠯᠦᠯᠲᠡ ᠶᠢᠨ ᠬᠢᠨᠠᠨ ᠬᠠᠮᠢᠶᠠᠷᠤᠯᠲᠠ + ᠦᠢᠯᠡᠴᠢᠯᠡᠭᠡᠨ ᠤ ᠲᠣᠭᠲᠠᠴᠠ ᠶᠢᠨ ᠰᠢᠨ᠎ᠡ ᠶᠢ ᠡᠭᠦᠳᠴᠦ᠂ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠲᠤᠬᠠᠢ ᠶᠢᠨ ᠲᠠᠯᠠᠪᠤᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ | ᠭᠤᠭᠴᠤᠭ᠎ᠠ ᠳᠤ ᠬᠡᠷᠡᠭ ᠤᠨ ᠡᠮᠦᠨ᠎ᠡ ᠦᠢᠯᠡᠴᠢᠯᠡᠭᠰᠡᠨ ᠢᠶᠠᠷ ᠪᠠᠷᠠᠬᠤ ᠦᠭᠡᠢ ᠪᠠᠰᠠ ᠬᠡᠷᠡᠭ ᠤᠨ ᠳᠠᠷᠠᠭᠠᠬᠢ ᠬᠢᠨᠠᠨ | ᠬᠠᠮᠢᠶᠠᠷᠤᠯᠲᠠ ᠶᠢ ᠴᠢᠩᠭᠠᠳᠬᠠᠵᠠᠢ᠃ ᠪᠢᠳᠡ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠠᠷᠭ᠎ᠠ | ᠮᠠᠶ᠋ᠢᠭ ᠢᠶᠠᠷ ᠣᠷᠣᠨ ᠤ ᠳᠣᠲᠣᠷ᠎ᠠ ᠭᠠᠳᠠᠨᠠᠬᠢ ᠲᠤᠰᠬᠠᠶ ᠮᠡᠷᠭᠡᠵᠢᠯᠲᠡᠨ ᠢ ᠤᠷᠢᠵᠤ ︽ᠪᠡᠶ᠎ᠡ ᠶᠢᠨ ᠪᠠᠶᠢᠴᠠᠭᠠᠯᠲᠠ ᠶᠢᠨ | ᠮᠠᠶ᠋ᠢᠭ︾ ᠤᠨ ᠬᠢᠨᠠᠯᠲᠠ ᠬᠠᠮᠢᠶᠠᠷᠤᠯᠲᠠ ᠬᠢᠯᠭᠡᠬᠦ ᠨᠢ ᠨᠢᠭᠡᠨᠲᠡ ᠨᠢᠭᠡ ᠵᠦᠢᠯ ᠤᠨ ᠬᠡᠪᠰᠢᠭᠰᠡᠨ ᠲᠦᠷᠢᠮ ᠪᠣᠯᠤᠭᠰᠠᠨ | ᠪᠠᠶᠢᠨ᠎ᠠ᠃ | ᠭᠤᠷᠪᠠ ᠳᠤ ᠠᠶᠤᠯᠭᠦᠶ ᠦᠢᠯᠡᠳᠪᠦᠷᠢᠯᠡᠯ ᠤᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠭᠤᠷᠪᠠᠨ ᠵᠢᠯ ᠤᠨ | ᠠᠵᠢᠯᠯᠠᠭ᠎ᠠ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠪᠡ᠃ ᠤᠯᠤᠰ᠂ ᠥᠪᠡᠷᠲᠡᠭᠡᠨ ᠵᠠᠰᠠᠬᠤ ᠣᠷᠣᠨ ᠤ | ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠨᠢᠭᠡᠳᠦᠯᠲᠡᠢ ᠲᠤᠬᠢᠷᠠᠭᠤᠯᠭ᠎ᠠ ᠪᠠᠷ᠂ ᠮᠠᠨ ᠤ ᠬᠤᠲᠠ ᠠᠶᠤᠯᠭᠦᠢ | ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠨᠠᠷᠢᠨ ᠬᠢᠨᠠᠮᠠᠭᠠᠢ ᠵᠣᠬᠢᠶᠠᠨ | ᠪᠠᠶᠢᠭᠤᠯᠤᠨ ᠥᠷᠨᠢᠭᠦᠯᠵᠦ᠂ ᠡᠨᠡ ᠵᠢᠯ ᠢ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ | ᠵᠢᠯ ᠤᠨ ᠠᠵᠢᠯᠯᠠᠭ᠎ᠠ ᠶᠢᠨ ︽ᠪᠣᠭᠤᠮᠲᠠ ᠰᠢᠪᠲᠤᠯᠬᠤ ᠣᠨ︾ ᠢᠶᠠᠷ ᠲᠣᠭᠲᠠᠭᠠᠵᠤ᠂ ᠬᠠᠮᠢᠶ᠎ᠠ ᠪᠦᠬᠦᠢ ᠰᠠᠯᠠᠭ᠎ᠠ | ᠮᠥᠴᠢᠷ ᠢ ᠵᠣᠬᠢᠶᠠᠨ ᠪᠠᠶᠢᠭᠤᠯᠤᠨ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠶᠢ ᠲᠣᠭᠲᠠᠭᠠᠵᠤ᠂ ᠰᠠᠷ᠎ᠠ ᠪᠦᠷᠢ | ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠠᠵᠢᠯ ᠤᠨ ᠠᠬᠢᠴᠠ ᠶᠢᠨ ᠪᠠᠶᠢᠳᠠᠯ ᠢ ᠲᠤᠬᠢᠷᠠᠭᠤᠯᠵᠤ᠂ ᠭᠤᠷᠪᠠᠨ ᠵᠢᠯ ᠤᠨ | ᠠᠵᠢᠯᠯᠠᠭᠠᠨ ᠤ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠵᠠᠢ᠃ | ᠲᠦᠷᠪᠡ ᠳᠤ᠂ ᠵᠢᠯ ᠤᠨ ᠡᠴᠦᠰ ᠵᠢᠯ ᠤᠨ ᠡᠬᠢᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ | ᠦᠷᠨᠢᠬᠦᠯᠪᠡ᠃ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ | ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭᠠᠨ ᠤ ᠶᠣᠰᠣᠭᠠᠷ᠂ ᠪᠦᠬᠦ ᠤᠯᠤᠰ ᠪᠦᠬᠦ ᠣᠷᠣᠨ ᠪᠦᠬᠦ | ᠬᠤᠲᠠ ᠳᠤ ᠡᠭᠦᠰᠦᠭᠰᠡᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠰᠤᠷᠭᠠᠮᠵᠢ ᠶᠢ ᠭᠦᠨᠵᠡᠭᠡᠶ | ᠰᠢᠩᠭᠡᠭᠡᠨ ᠠᠪᠬᠤ ᠶᠢᠨ ᠲᠥᠯᠥᠭᠡ᠂ 2020 ᠣᠨ ᠤ 12 ᠰᠠᠷ᠎ᠠ ᠶᠢᠨ 7 ᠤ ᠡᠳᠦᠷ᠂ ᠬᠤᠳᠠ ᠶᠢᠨ ᠠᠶᠤᠯᠭᠦᠢ | ᠦᠢᠯᠡᠳᠪᠦᠷᠢᠯᠡᠯ ᠤᠨ ᠵᠥᠪᠯᠡᠯ ︽ᠪᠦᠬᠦ ᠬᠤᠳᠠ ᠶᠢᠨ ᠵᠢᠯ ᠤᠨ ᠡᠴᠦᠰ ᠵᠢᠯ ᠤᠨ ᠡᠬᠢᠨ ᠤ ᠠᠮᠤᠷ ᠲᠦᠪᠰᠢᠨ ᠤ | ᠰᠡᠷᠭᠡᠶᠢᠯᠡᠯᠲᠡ ᠶᠢᠨ ᠶᠡᠭᠡ ᠪᠠᠶᠢᠴᠠᠭᠠᠯᠲᠠ ᠶᠢᠨ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠵᠤ᠂ ᠳᠠᠷᠤᠮᠠᠯᠯᠠᠨ | ᠲᠠᠷᠬᠠᠭᠠᠭᠰᠠᠨ ᠡᠳᠦᠷ ᠠᠴᠠ ᠡᠨᠡ ᠵᠢᠯ ᠤᠨ ᠴᠠᠭᠠᠨ ᠰᠠᠷ᠎ᠠ ᠶᠢᠨ ᠵᠥᠭᠡᠭᠡᠪᠦᠷᠢ ᠳᠠᠭᠤᠰᠬᠤ ᠪᠣᠯᠲᠠᠯ᠎ᠠ᠂ ᠪᠦᠬᠦ | ᠬᠤᠳᠠ ᠶᠢᠨ ᠠᠶᠤᠯᠲᠠᠢ ᠬᠢᠮᠢ ᠶᠢᠨ ᠪᠣᠳᠠᠰ᠂ ᠵᠠᠮ ᠲᠡᠭᠡᠭᠡᠪᠦᠷᠢ᠂ ᠪᠠᠷᠢᠯᠭ᠎ᠠ ᠶᠢᠨ ᠠᠵᠢᠯ᠂ ᠭᠠᠯ ᠤᠨᠲᠠᠷᠠᠭᠠᠬᠤ᠂ | ᠨᠡᠭᠦᠷᠡᠰᠦᠨ ᠤ ᠪᠤᠰᠤ ᠠᠭᠤᠷᠬᠠᠢ᠂ ᠲᠡᠮᠦᠷᠯᠢᠭ ᠪᠤᠯᠪᠠᠰᠤᠷᠠᠭᠤᠯᠬᠤ ᠠᠵᠤ ᠦᠢᠯᠡᠳᠪᠦᠷᠢ ᠠᠷᠠᠯᠵᠢᠶ᠎ᠠ ᠵᠡᠷᠭᠡ | ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠤ ᠵᠢᠯ ᠤᠨ ᠡᠴᠦᠰ ᠵᠢᠯ ᠤᠨ ᠡᠬᠢᠨ ᠤ ᠠᠮᠤᠷ ᠲᠦᠪᠰᠢᠨ ᠤ | ᠰᠡᠷᠭᠡᠶᠢᠯᠡᠯᠲᠡ ᠶᠢᠨ ᠶᠡᠭᠡ ᠪᠠᠶᠢᠴᠠᠭᠠᠯᠲᠠ ᠶᠢ ᠳᠠᠷᠦ᠋ᠢᠬᠠᠨ ᠥᠷᠨᠢᠭᠦᠯᠵᠡᠢ᠃ ᠬᠤᠲᠠ ᠶᠢᠨ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠵᠠᠮ | ᠬᠠᠷᠢᠯᠴᠠᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ᠂ ᠤᠯᠤᠰ ᠤᠨ ᠡᠳ᠋ ᠬᠥᠷᠥᠩᠭᠡ᠂ ᠠᠵᠤ ᠦᠢᠯᠡᠳᠪᠦᠷᠢ ᠪᠠ ᠮᠡᠳᠡᠭᠡ ᠵᠠᠩᠭᠢ᠂ ᠪᠠᠶᠢᠭᠠᠯᠢ ᠶᠢᠨ | ᠡᠬᠢ ᠪᠠᠶᠠᠯᠢᠭ᠂ ᠣᠶ ᠰᠢᠭᠤᠶ ᠡᠪᠡᠰᠦ ᠪᠡᠯᠴᠢᠭᠡᠷ᠂ ᠭᠠᠯ ᠤᠨᠲᠠᠷᠠᠭᠠᠬᠤ ᠵᠡᠷᠭᠡ 11 ᠰᠠᠯᠠᠭ᠎ᠠ ᠮᠥᠴᠢᠷ 11 | ᠪᠠᠶᠢᠴᠠᠭᠠᠬᠤ ᠳᠤᠭᠤᠶᠢᠯᠠᠩ ᠢ ᠪᠦᠷᠢᠯᠳᠦᠭᠦᠯᠵᠦ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠲᠤ ᠬᠦᠷᠴᠦ | ᠪᠠᠶᠢᠴᠠᠭᠠᠬᠤ ᠠᠵᠢᠯ ᠥᠷᠨᠢᠭᠦᠯᠬᠦ ᠶᠢᠨ ᠬᠠᠮᠲᠤ ᠶᠡᠷᠦᠩᠬᠡᠶᠢᠯᠡᠭᠰᠡᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ | ᠲᠣᠮᠢᠯᠠᠨ ᠠᠵᠢᠯ ᠦᠷᠨᠢᠬᠦᠯᠦᠭᠰᠡᠨ ᠪᠠᠶᠢᠳᠠᠯ ᠢ ᠰᠢᠮᠳᠠᠭᠤᠯᠤᠨ ᠵᠢᠯᠣᠭᠤᠳᠴᠤ᠂ ᠠᠮᠤᠷ ᠲᠦᠪᠰᠢᠨ ᠤ | ᠰᠡᠷᠭᠡᠶᠢᠯᠡᠯᠲᠡ ᠶᠢᠨ ᠶᠡᠭᠡ ᠪᠠᠶᠢᠴᠠᠭᠠᠯᠲᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠵᠠᠢ᠃ | ᠲᠠᠪᠤ ᠳᠤ ︽ᠬᠤᠶᠠᠷ ᠪᠠᠶᠠᠷ︾ ︽ᠬᠤᠶᠠᠷ ᠬᠤᠷᠠᠯ︾ ᠤᠨ ᠰᠢᠮᠳᠠᠭᠤᠯᠤᠨ ᠪᠠᠶᠢᠴᠠᠭᠠᠬᠤ ᠠᠵᠢᠯ ᠢ ᠥᠷᠨᠢᠭᠦᠯᠪᠡ᠃ | ︽ᠬᠤᠶᠠᠷ ᠪᠠᠶᠠᠷ︾᠂ ︽ᠬᠤᠶᠠᠷ ᠬᠤᠷᠠᠯ︾ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ | ᠠᠵᠢᠯ ᠤᠨ ᠣᠨᠴᠠᠯᠢᠭ ᠢ ᠦᠨᠳᠦᠰᠦᠯᠡᠨ᠂ ᠮᠠᠨ ᠤ ᠲᠣᠪᠴᠢᠶ᠎ᠡ ᠬᠤᠪᠢᠳᠠᠨ ᠬᠠᠮᠢᠶᠠᠷᠴᠤ ᠪᠠᠶᠢᠭ᠎ᠠ ᠡᠭᠦᠷᠭᠡ | ᠬᠠᠷᠢᠭᠤᠴᠠᠯᠭ᠎ᠠ ᠶᠢᠨ ᠶᠣᠰᠣᠭᠠᠷ᠂ 4 ᠳᠡᠳ᠋ ᠲᠣᠪᠴᠢᠶᠠᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ | ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠢ ᠴᠠᠭ ᠲᠤᠬᠠᠢ ᠳᠤᠨᠢ ᠲᠣᠮᠢᠯᠠᠵᠤ᠂ ᠢᠯᠡ ᠪᠠᠷ ᠪᠠᠶᠢᠴᠠᠭᠠᠵᠤ | ᠳᠠᠯᠳᠠᠭᠤᠷ ᠰᠤᠷᠪᠤᠯᠵᠢᠯᠠᠬᠤ ᠠᠷᠭ᠎ᠠ ᠬᠡᠯᠪᠡᠷᠢ ᠶᠢ ᠠᠪᠴᠤ᠂ ᠪᠦᠬᠦ ᠬᠤᠳᠠ ᠶᠢᠨ ᠭᠤᠣᠯᠳᠠᠯᠭ᠎ᠠ ᠲᠠᠢ ᠠᠶᠤᠯᠲᠠᠢ | ᠬᠢᠮᠢ ᠶᠢᠨ ᠪᠣᠳᠠᠰ᠂ ᠲᠡᠮᠦᠷᠯᠢᠭ ᠪᠤᠯᠪᠠᠰᠤᠷᠠᠭᠤᠯᠬᠤ ᠠᠵᠤ ᠦᠢᠯᠡᠳᠪᠦᠷᠢ ᠠᠷᠠᠯᠵᠢᠶ᠎ᠠ᠂ ᠨᠡᠭᠦᠷᠡᠰᠦᠨ ᠤ ᠪᠤᠰᠤ | ᠠᠭᠤᠷᠬᠠᠢ᠂ ᠬᠤᠸᠠᠷ ᠫᠤᠤᠵᠢᠩ ᠵᠡᠷᠭᠡ ᠠᠵᠢᠯ ᠲᠦᠷᠦᠯ ᠢ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠪᠠ᠃ | ᠠᠶᠤᠯᠲᠠᠶ ᠬᠢᠮᠢ ᠶᠢᠨ ᠪᠣᠳᠠᠰ ᠤᠨ ᠲᠠᠯ᠎ᠠ ᠪᠠᠷ᠂ ᠠᠮᠤᠷ ᠲᠦᠪᠰᠢᠨ ᠤ ᠦᠨᠡᠯᠡᠨ ᠵᠢᠱᠢᠯᠲᠡ ᠬᠢᠭᠰᠡᠨ 15 | ᠦᠢᠯᠡᠳᠪᠦᠷᠢᠯᠡᠯ ᠤᠨ ᠠᠵᠤ ᠠᠬᠤᠶᠢᠯᠠᠯ ᠤᠨ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ | ︽ᠡᠷᠭᠢᠵᠦ ᠦᠵᠡᠬᠦ︾ ᠠᠵᠢᠯ ᠬᠢᠵᠦ᠂ ᠦᠨᠡᠯᠡᠨ ᠵᠢᠱᠢᠬᠦ ᠦᠶ᠎ᠡ ᠳᠤ ᠳᠤᠷᠠᠳᠤᠭᠰᠠᠨ ᠴᠡᠭᠴᠡᠯᠡᠨ ᠰᠠᠶᠢᠵᠢᠷᠠᠭᠤᠯᠬᠤ | ᠵᠦᠢᠯᠡᠰ ᠢ ᠨᠢᠭᠡᠨᠲᠡ ᠪᠦᠬᠦᠨ ᠢ ᠨᠠᠶᠢᠳᠠᠪᠤᠷᠢᠵᠢᠭᠤᠯᠪᠠ᠃ ᠲᠡᠮᠦᠷᠯᠢᠭ ᠪᠤᠯᠪᠠᠰᠤᠷᠠᠭᠤᠯᠬᠤ ᠠᠵᠤ ᠦᠢᠯᠡᠳᠪᠦᠷᠢ | ᠠᠷᠠᠯᠵᠢᠶ᠎ᠠ ᠶᠢᠨ ᠲᠠᠯ᠎ᠠ ᠪᠠᠷ᠂ ᠲᠡᠮᠦᠷᠯᠢᠭ ᠪᠤᠯᠪᠠᠰᠤᠷᠠᠭᠤᠯᠬᠤ ᠠᠵᠤ ᠦᠢᠯᠡᠳᠪᠦᠷᠢ ᠠᠷᠠᠯᠵᠢᠶ᠎ᠠ ᠶᠢᠨ ᠶᠡᠭᠡ ᠵᠢᠭᠰᠠᠭᠠᠨ | ᠪᠠᠶᠢᠴᠠᠭᠠᠬᠤ ᠶᠡᠭᠡ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠮᠠᠨ ᠤ ᠲᠣᠪᠴᠢᠶ᠎ᠠ | ᠲᠤᠰᠬᠠᠶ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠲᠤᠰᠬᠠᠶ ᠮᠡᠷᠭᠡᠵᠢᠯᠲᠡᠨ ᠤᠷᠢᠬᠤ ᠪᠠᠷ ᠳᠡᠮᠵᠢᠨ᠂ | ᠪᠥᠬᠦ ᠬᠤᠲᠠ ᠶᠢᠨ ᠬᠡᠪᠴᠢᠶᠡᠨ ᠳᠠᠬᠢ ᠪᠢᠯᠢᠭ ᠲᠦᠢᠯ ᠤᠨ ᠮᠠᠲ᠋ᠧᠷᠢᠶᠠᠯ ᠦᠢᠯᠡᠳᠪᠦᠷᠢᠯᠡᠬᠦ ᠠᠵᠤ ᠠᠬᠤᠶᠢᠯᠠᠯ ᠳᠤ | ᠨᠡᠶᠢᠳᠡᠮ ᠪᠠᠶᠢᠴᠠᠭᠠᠯᠲᠠ ᠬᠢᠵᠦ᠂ ᠬᠤᠯᠪᠣᠭᠳᠠᠯ ᠪᠥᠬᠦᠶ ᠬᠤᠰᠢᠭᠤ ᠰᠢᠶᠠᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ ᠶᠢ ᠠᠵᠤ ᠠᠬᠤᠶᠢᠯᠠᠯ ᠳᠤ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ | ᠪᠠᠭᠤᠯᠭᠠᠵᠤ᠂ ᠠᠵᠤ ᠠᠬᠤᠶᠢᠯᠠᠯ ᠢ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠴᠡᠭᠴᠡᠯᠡᠨ | ᠥᠭᠡᠷᠡᠴᠢᠯᠡᠭᠦᠯᠬᠦ ᠪᠠᠷ ᠱᠠᠭᠠᠷᠳᠠᠪᠠ᠃ ᠨᠡᠭᠦᠷᠡᠰᠦᠨ ᠤ ᠪᠤᠰᠤ ᠠᠭᠤᠷᠬᠠᠶ ᠶᠢᠨ ᠲᠠᠯ᠎ᠠ ᠪᠠᠷ᠂ ᠶᠠᠭ ᠦᠢᠯᠡᠳᠪᠦᠷᠢᠯᠡᠵᠤ | ᠪᠠᠶᠢᠭ᠎ᠠ 8 ᠠᠵᠤ ᠠᠬᠤᠶᠢᠯᠠᠯ ᠳᠤ ᠰᠤᠭᠤᠴᠢᠨ ᠪᠠᠶᠢᠴᠠᠭᠠᠯᠲᠠ ᠬᠢᠵᠦ᠂ ᠠᠵᠤ ᠠᠬᠤᠶᠢᠯᠠᠯ ᠢ ᠡᠯ᠎ᠡ ᠵᠦᠢᠯ ᠤᠨ ᠠᠮᠤᠷ | ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠱᠠᠭᠠᠷᠳᠠᠵᠤ᠂ ᠣᠯᠵᠤ ᠮᠡᠳᠡᠭᠰᠡᠨ | ᠠᠰᠠᠭᠤᠳᠠᠯ ᠪᠠ ᠬᠡᠮ ᠰᠣᠭᠤᠭ ᠢ ᠨᠢᠭᠡᠨᠲᠡ ᠠᠵᠤ ᠠᠬᠤᠶᠢᠯᠠᠯ ᠢ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ | ᠴᠡᠭᠴᠡᠯᠡᠨ ᠥᠭᠡᠷᠡᠴᠢᠯᠡᠭᠦᠯᠪᠡ᠃ ᠬᠤᠸᠠᠷ ᠫᠤᠤᠵᠢᠩ ᠤᠨ ᠲᠠᠯ᠎ᠠ ᠪᠠᠷ᠂ ᠪᠠᠶᠠᠷ ᠤᠨ ᠡᠳᠦᠷ ᠤᠨ ᠬᠤᠭᠤᠴᠠᠭᠠᠨ ᠳᠤ | ᠬᠤᠸᠠᠷ ᠫᠤᠤᠵᠢᠩ ᠬᠡᠷᠡᠭᠯᠡᠬᠦ ᠬᠡᠮᠵᠢᠶ᠎ᠡ ᠨᠡᠮᠡᠭᠳᠡᠵᠦ ᠪᠠᠶᠢᠭ᠎ᠠ ᠪᠣᠳᠠᠲᠤ ᠪᠠᠶᠢᠳᠠᠯ ᠳᠤ ᠴᠢᠭᠯᠡᠭᠦᠯᠦᠨ᠂ ᠮᠠᠨ ᠤ ᠲᠣᠪᠴᠢᠶ᠎ᠠ | ︽ᠬᠤᠸᠠᠷ ᠫᠤᠤᠵᠢᠩ ᠤᠨ ᠠᠶᠤᠯᠬᠦᠢ ᠦᠢᠯᠡᠳᠪᠦᠷᠢᠯᠡᠯ ᠤᠨ ᠠᠵᠢᠯ ᠢ ᠴᠢᠩᠭᠠᠳᠬᠠᠬᠤ ᠲᠤᠬᠠᠶ ᠮᠡᠳᠡᠭᠳᠡᠯ︾ ᠢ | ᠪᠠᠭᠤᠯᠭᠠᠵᠤ᠂ ᠡᠯ᠎ᠡ ᠭᠠᠵᠠᠷ ᠤᠨ ᠬᠢᠨ ᠬᠤᠸᠠᠷ ᠫᠤᠤᠵᠢᠩ ᠤᠨ ᠡᠵᠡᠩᠨᠡᠯᠲᠡ᠂ ᠬᠠᠳᠠᠭᠠᠯᠠᠯᠲᠠ ᠶᠢᠨ ᠡᠯ᠎ᠡ | ᠭᠤᠭᠴᠤᠭ᠎ᠠ ᠶᠢᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠡᠷᠭᠡᠶᠢᠯᠡᠬᠦ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠤᠸᠠᠷ ᠫᠤᠤᠵᠢᠩ ᠢ ᠪᠥᠭᠡᠮ ᠢᠶᠠᠷ ᠬᠤᠳᠠᠯᠳᠤᠬᠤ ᠠᠵᠤ ᠠᠬᠤᠶᠢᠯᠠᠯ ᠤᠨ | ᠡᠮ ᠤᠨ ᠬᠡᠮᠵᠢᠶ᠎ᠡ ᠠᠴᠠ ᠬᠡᠲᠦᠷᠡᠭᠦᠯᠬᠦ᠂ ᠬᠡᠪᠴᠢᠶ᠎ᠡ ᠠᠴᠠ ᠬᠡᠲᠦᠷᠡᠭᠦᠯᠦᠨ ᠬᠠᠳᠠᠭᠠᠯᠠᠬᠤ᠂ ᠬᠤᠸᠠᠷ ᠫᠤᠤᠵᠢᠩ ᠢ | ᠪᠣᠷᠣᠯᠠᠭᠤᠯᠬᠤ ᠠᠵᠤ ᠠᠬᠤᠶᠢᠯᠠᠯ ᠤᠨ ᠳᠤᠤᠷ᠎ᠡ ᠳᠠᠪᠬᠤᠷᠭ᠎ᠠ ᠨᠢ ᠳᠡᠯᠬᠡᠬᠦᠷ᠂ ᠳᠡᠭᠡᠷ᠎ᠡ ᠳᠠᠪᠬᠤᠷᠭ᠎ᠠ ᠨᠢ ᠤᠷᠤᠨ | ᠰᠠᠭᠤᠴᠠ᠂ ᠡᠮᠦᠨ᠎ᠡ ᠬᠦᠷᠢᠶ᠎ᠡ ᠨᠢ ᠳᠡᠯᠬᠡᠬᠦᠷ᠂ ᠬᠤᠶᠢᠳᠤ ᠬᠦᠷᠢᠶ᠎ᠡ ᠨᠢ ᠤᠷᠤᠨ ᠰᠠᠭᠤᠴᠠ ᠪᠠᠶᠢᠬᠤ᠂ ᠳᠡᠯᠭᠡᠭᠦᠷ ᠲᠤ | ᠢᠯᠡ ᠭᠠᠯ ᠪᠠ ᠳᠤᠯᠠᠭᠠᠯᠠᠭ᠎ᠠ ᠶᠢᠨ ᠲᠥᠬᠦᠭᠡᠷᠦᠮᠵᠢ ᠬᠡᠷᠡᠭᠯᠡᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ | ᠠᠵᠢᠯᠯᠠᠭ᠎ᠠ ᠳᠤ ᠡᠷᠡᠰ ᠴᠣᠬᠢᠯᠲᠠ ᠥᠭᠬᠦ ᠬᠡᠷᠡᠭᠲᠡᠢ ᠭᠡᠵᠦ ᠱᠠᠭᠠᠷᠳᠠᠵᠠᠢ᠃ | ᠲᠤᠯᠤᠭ᠎ᠠ ᠳᠤ᠂ ︽ᠨᠠᠮ ᠪᠠᠶᠢᠭᠤᠯᠤᠭᠰᠠᠨ ᠵᠠᠭᠤᠨ ᠵᠢᠯ ᠢ ᠠᠮᠤᠷ ᠠᠮᠤᠭᠤᠯᠠᠩ ᠢᠶᠠᠷ ᠬᠠᠮᠠᠭᠠᠯᠠᠬᠤ︾ ᠠᠶᠤᠯᠭᠦᠢ | ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠥᠷᠨᠢᠭᠦᠯᠪᠡ᠃ 6 ᠰᠠᠷ᠎ᠠ ᠶᠢᠨ 8 ᠤ ᠡᠳᠦᠷ᠂ ᠬᠤᠳᠠ ᠶᠢᠨ | ᠠᠶᠤᠯᠭᠦᠢ ᠦᠢᠯᠡᠳᠪᠦᠷᠢᠯᠡᠯ ᠤᠨ ᠵᠥᠪᠯᠡᠯ ︽ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 | ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢᠨ ᠠᠶᠤᠯᠭᠦᠢ ᠦᠢᠯᠡᠳᠪᠦᠷᠢᠯᠡᠯ ᠤᠨ ᠱᠠᠯᠠᠪᠳᠠᠭᠤᠯᠤᠨ ᠪᠠᠶᠢᠴᠠᠭᠠᠬᠤ | ᠠᠵᠢᠯ ᠤᠨ ᠲᠥᠰᠦᠯ︾ ︵ᠤᠯᠠᠭᠠᠨᠴᠠᠪ ᠠᠶᠤᠯᠭᠦᠢ ᠦᠢᠯᠡᠳᠪᠦᠷᠢᠯᠡᠯ ᠤᠨ ᠵᠥᠪᠯᠡᠯ ᠲᠠᠷᠬᠠᠭᠠᠭᠰᠠᠨ ﹇2021﹈ 9 | ᠳ᠋ᠤᠭᠡᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ 11 ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ 6 | ᠳ᠋ᠤᠭᠠᠷ ᠰᠠᠷ᠎ᠠ ᠶᠢᠨ 15 ᠤ ᠡᠳᠦᠷ ᠠᠴᠠ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠬᠤᠰᠢᠭᠤ ᠰᠢᠶᠠᠨ ᠢ | ᠳᠠᠭᠠᠭᠠᠴᠢᠯᠠᠨ ᠬᠤᠯᠪᠣᠭᠠᠯᠠᠬᠤ ᠠᠷᠭ᠎ᠠ ᠮᠠᠶ᠋ᠢᠭ ᠢ ᠠᠪᠴᠤ᠂ ᠠᠵᠤ ᠠᠬᠤᠶᠢᠯᠠᠯ ᠤᠨ ᠪᠥᠬᠦ ᠲᠠᠯ᠎ᠠ ᠪᠠᠷ ᠥᠪᠡᠷ ᠢ ᠪᠠᠨ | ᠪᠠᠶᠢᠴᠠᠭᠠᠬᠤ᠂ ᠬᠤᠰᠢᠭᠤ ᠰᠢᠶᠠᠨ ᠤ ᠪᠥᠬᠦ ᠲᠠᠯ᠎ᠠ ᠪᠠᠷ ᠪᠠᠶᠢᠴᠠᠭᠠᠭᠰᠠᠨ ᠰᠠᠭᠤᠷᠢᠨ ᠳᠡᠭᠡᠷ᠎ᠡ᠂ ᠡᠯ᠎ᠡ ᠬᠤᠰᠢᠭᠤ | ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ ᠤ ᠠᠶᠤᠯᠬᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ | ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠵᠢᠯᠣᠭᠤᠳᠴᠤ ᠪᠠᠶᠢᠴᠠᠭᠠᠵᠠᠢ᠃ ᠣᠳᠣᠬᠠᠨ ᠳᠤ᠂ | ᠨᠡᠶᠢᠲᠡ 11 ᠬᠤᠰᠢᠭᠤ ᠰᠢᠶᠠᠨ ᠬᠤᠲᠠ ᠲᠣᠭᠤᠷᠢᠭ ᠤᠨ 80 ᠭᠠᠷᠤᠶ ᠰᠠᠯᠠᠭ᠎ᠠ ᠮᠥᠴᠢᠷ ᠪᠠ 90 ᠭᠠᠷᠤᠶ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠳᠤ ᠬᠢᠨᠠᠨ ᠪᠠᠶᠢᠴᠠᠭᠠᠯᠲᠠ ᠬᠢᠵᠦ᠂ ᠲᠤᠬᠠᠶ ᠶᠢᠨ ᠲᠠᠯᠠᠪᠤᠷ ᠲᠤ ᠣᠯᠵᠤ | ᠮᠡᠳᠡᠭᠰᠡᠨ ᠠᠰᠠᠭᠤᠳᠠᠯ ᠤᠨ ᠲᠤᠬᠠᠶ ᠰᠠᠨᠠᠯ ᠢᠶᠠᠨ ᠰᠣᠯᠢᠯᠴᠠᠭᠰᠠᠨ ᠪᠥᠭᠡᠳ ᠲᠤᠬᠠᠶ ᠶᠢᠨ ᠭᠠᠵᠠᠷ ᠤᠨ ᠬᠢᠨ ᠢ | ᠰᠢᠮᠳᠠᠭᠤᠯᠤᠨ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠯᠭᠡᠵᠡᠶ᠃ 6 ᠰᠠᠷ᠎ᠠ ᠶᠢᠨ 19 ᠤ ᠡᠳᠦᠷ᠂ | ᠬᠤᠲᠠ ᠶᠢᠨ ᠨᠠᠮ ᠤᠨ ᠬᠤᠷᠢᠶᠠᠨ ᠤ ᠠᠯᠪᠠᠨ ᠬᠡᠷ ᠠᠴᠠ ︽ᠪᠥᠬᠦ ᠬᠤᠲᠠ ᠶᠢᠨ ᠠᠮᠤᠷ ᠢ ᠬᠠᠮᠠᠭᠠᠯᠠᠬᠤ ᠵᠠᠬᠢᠳᠠᠯ | ᠰᠤᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ ᠬᠠᠮᠲᠤᠷᠠᠭᠰᠠᠨ ᠰᠢᠮᠳᠠᠭᠤᠯᠤᠨ ᠪᠠᠶᠢᠴᠠᠭᠠᠯᠲᠠ ᠶᠢ ᠥᠷᠨᠢᠭᠦᠯᠬᠦ | ᠲᠤᠬᠠᠶ ᠮᠡᠳᠡᠭᠳᠡᠯ︾ ︵ᠤᠯᠠᠭᠠᠨᠴᠠᠪ ᠨᠠᠮ ᠠᠯᠪᠠᠨ ᠴᠠᠬᠢᠯᠭᠠᠨ ᠳᠠᠷᠬᠠᠭᠠᠭᠰᠠᠨ︹ 2021 ︺ 18 ᠳ᠋ᠤᠭᠠᠷ | ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠳᠥᠷᠪᠡᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠪᠥᠬᠦ | ᠬᠤᠲᠠ ᠶᠢᠨ ᠠᠮᠤᠷ ᠢ ᠬᠠᠮᠠᠭᠠᠯᠠᠬᠤ ᠵᠠᠬᠢᠳᠠᠯ ᠰᠤᠷᠪᠤᠯᠵᠢᠯᠠᠭ᠎ᠠ ᠪᠠ ᠠᠶᠤᠯᠭᠦᠶ ᠦᠢᠯᠡᠳᠪᠦᠷᠢᠯᠡᠯ ᠳᠤ ᠰᠢᠮᠳᠠᠭᠤᠯᠤᠨ | ᠪᠠᠶᠢᠴᠠᠭᠠᠯᠲᠠ ᠬᠢᠪᠠ᠃ 6 ᠰᠠᠷ᠎ᠠ ᠶᠢᠨ 22 ᠤᠨ ᠡᠳᠦᠷ ᠠᠴᠠ 25 ᠤ ᠡᠳᠦᠷ ᠪᠣᠯᠲᠠᠯ᠎ᠠ᠂ ᠪᠥᠬᠦ ᠬᠤᠲᠠ ᠶᠢᠨ | ᠳᠥᠷᠪᠡᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ᠂ | ᠶᠠᠷᠢᠯᠴᠠᠬᠤ ᠬᠤᠷᠠᠯ ᠬᠤᠷᠠᠯᠳᠤᠭᠤᠯᠬᠤ᠂ ᠮᠠᠲ᠋ᠧᠷᠢᠶᠠᠯ ᠪᠠᠶᠢᠴᠠᠭᠠᠨ ᠦᠵᠡᠬᠦ᠂ ᠠᠵᠢᠯ ᠲᠥᠷᠥᠯ ᠤᠨ ᠰᠠᠯᠠᠭ᠎ᠠ | ᠮᠥᠴᠢᠷ ᠢ ᠲᠣᠬᠢᠶᠠᠯᠳᠤᠯ ᠢᠶᠠᠷ ᠰᠤᠭᠤᠴᠢᠨ ᠪᠠᠶᠢᠴᠠᠭᠠᠬᠤ᠂ ᠠᠵᠤ ᠠᠬᠤᠶᠢᠯᠠᠯ ᠳᠤ ᠭᠦᠨᠵᠡᠭᠡᠶᠢᠷᠡᠨ ᠲᠤᠬᠠᠶ ᠶᠢᠨ | ᠭᠠᠵᠠᠷ ᠲᠤᠨᠢ ᠪᠠᠶᠢᠴᠠᠭᠠᠯᠲᠠ ᠬᠢᠬᠦ ᠵᠡᠷᠭᠡ ᠠᠷᠭ᠎ᠠ ᠮᠠᠶ᠋ᠢᠭ ᠢᠶᠠᠷ 11 ᠬᠤᠰᠢᠭᠤ ᠰᠢᠶᠠᠨ ᠬᠤᠲᠠ ᠲᠣᠭᠤᠷᠢᠭ ᠤᠨ | ᠠᠮᠤᠷ ᠢ ᠬᠠᠮᠠᠭᠠᠯᠠᠬᠤ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠪᠠ ᠠᠶᠤᠯᠭᠦᠶ ᠦᠢᠯᠡᠳᠪᠦᠷᠢᠯᠡᠯ ᠤᠨ | ᠠᠵᠢᠯ ᠢ ᠰᠢᠮᠳᠠᠭᠤᠯᠤᠨ ᠵᠢᠯᠣᠭᠤᠳᠴᠤ ᠪᠠᠶᠢᠴᠠᠭᠠᠪᠡ᠃ ᠲᠣᠰ ᠤᠳᠠᠭ᠎ᠠ ᠠᠶᠤᠯᠭᠦᠶ ᠦᠢᠯᠡᠳᠪᠦᠷᠢᠯᠡᠯ ᠤᠨ ᠲᠠᠯ᠎ᠠ ᠪᠠᠷ | ᠨᠡᠶᠢᠲᠡ 60 ᠭᠠᠷᠤᠶ ᠬᠤᠰᠢᠭᠤ ᠰᠢᠶᠠᠨ ᠬᠤᠲᠠ ᠲᠣᠭᠤᠷᠢᠭ ᠤᠨ ᠠᠵᠢᠯ ᠲᠥᠷᠥᠯ ᠤᠨ ᠰᠠᠯᠠᠭ᠎ᠠ ᠮᠥᠴᠢᠷ ᠢ | ᠪᠠᠶᠢᠴᠠᠭᠠᠨ ᠵᠢᠯᠣᠭᠤᠳᠴᠤ᠂ 40 ᠭᠠᠷᠤᠶ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢ ᠲᠤᠬᠠᠶ ᠶᠢᠨ | ᠭᠠᠵᠠᠷ ᠲᠤᠨᠢ ᠪᠠᠶᠢᠴᠠᠭᠠᠪᠠ᠃ ᠡᠭᠦᠨ ᠤ ᠬᠠᠮᠲᠤ᠂ 6 ᠰᠠᠷ᠎ᠠ ᠶᠢᠨ 7 ᠤ ᠡᠳᠦᠷ ᠠᠴᠠ ᠡᠬᠢᠯᠡᠨ᠂ ᠬᠤᠲᠠ ᠶᠢᠨ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠬᠤᠶᠠᠷ ᠪᠠᠶᠢᠴᠠᠭᠠᠬᠤ ᠳᠤᠭᠤᠶᠢᠯᠠᠩ | ᠲᠣᠮᠢᠯᠠᠵᠤ᠂ ᠪᠥᠬᠦ ᠬᠤᠲᠠ ᠶᠢᠨ ᠠᠶᠤᠯᠲᠠᠶ ᠬᠢᠮᠢ ᠶᠢᠨ ᠪᠣᠳᠠᠰ ᠤᠨ ᠬᠦᠨᠳᠦ ᠶᠡᠭᠡ ᠠᠶᠤᠯ ᠤᠨ ᠡᠬᠢ ᠰᠤᠷᠪᠤᠯᠵᠢ᠂ | ᠨᠡᠭᠦᠷᠡᠰᠦᠨ ᠤ ᠪᠤᠰᠤ ᠠᠭᠤᠷᠬᠠᠶ᠂ ᠲᠡᠮᠦᠷᠯᠢᠭ ᠪᠤᠯᠪᠠᠰᠤᠷᠠᠭᠤᠯᠬᠤᠠᠵᠤ ᠦᠢᠯᠡᠳᠪᠦᠷᠢ ᠠᠷᠠᠯᠵᠢᠶ᠎ᠠ ᠵᠡᠷᠭᠡ ᠠᠵᠤ | ᠠᠬᠤᠶᠢᠯᠠᠯ ᠳᠤ ᠪᠠᠶᠢᠴᠠᠭᠠᠯᠲᠠ ᠬᠢᠵᠦ᠂ ᠢᠯᠡᠷᠡᠭᠦᠯᠦᠭᠰᠡᠨ ᠠᠰᠠᠭᠤᠳᠠᠯ ᠪᠠ ᠳᠠᠯᠳᠠ ᠬᠡᠮ ᠳᠤ ᠠᠰᠠᠭᠤᠳᠠᠯ ᠤᠨ | ᠲᠣᠳᠣᠷᠬᠠᠶ ᠬᠠᠭᠤᠳᠠᠰᠤ ᠭᠠᠷᠭᠠᠵᠤ᠂ ᠲᠤᠬᠠᠶ ᠶᠢᠨ ᠭᠠᠵᠠᠷ ᠲᠤ ᠲᠤᠰᠢᠶᠠᠵᠤ ᠬᠤᠭᠤᠴᠠᠭ᠎ᠠ ᠲᠣᠭᠲᠠᠭᠠᠨ ᠴᠡᠭᠴᠡᠯᠡᠨ | ᠥᠭᠡᠷᠡᠴᠢᠯᠡᠭᠦᠯᠬᠦ ᠪᠠᠷ ᠱᠠᠯᠠᠪᠳᠠᠭᠤᠯᠪᠠ᠃ | 【 ᠬᠥᠲᠥᠯᠥᠭᠴᠢ 】 ᠡᠨᠡ ᠵᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ | ᠠᠵᠢᠯ ᠤᠨ ᠪᠠᠶᠢᠳᠠᠯ ᠶᠠᠮᠠᠷ ᠪᠠᠶᠢᠬᠤ ᠲᠤᠬᠠᠶ ᠬᠠᠨ ᠲᠣᠪᠴᠢᠶᠠᠨ ᠳᠠᠷᠤᠭ᠎ᠠ ᠪᠢᠳᠡᠨ ᠳᠤ ᠳᠠᠬᠢᠨ ᠨᠢᠭᠡ ᠤᠳᠠᠭ᠎ᠠ | ᠲᠠᠨᠢᠯᠴᠠᠭᠤᠯᠵᠤ ᠥᠭᠬᠦ ᠪᠣᠯᠪᠠᠤ᠃ | 【 ᠬᠠᠨ ᠶᠤᠸᠠᠢ ᠹᠸᠢ 】ᠡᠨᠡ ᠵᠢᠯ ᠠᠴᠠ ᠨᠠᠰᠢ᠂ ᠪᠢᠳᠡ ᠭᠠᠷᠴᠤ ᠮᠡᠳᠡᠬᠦ ᠣᠶ ᠰᠢᠭᠤᠶ ᠨᠤᠲᠤᠭ | ᠪᠡᠯᠴᠢᠭᠡᠷ ᠤᠨ ᠭᠠᠶ ᠭᠠᠮᠰᠢᠭ ᠲᠤ ᠨᠠᠷᠢᠨ ᠬᠢᠨᠠᠮᠠᠭᠠᠶ ᠵᠠᠳᠠᠯᠤᠯᠲᠠ ᠬᠢᠵᠦ᠂ ᠤᠷᠢᠳᠴᠢᠯᠠᠨ ᠲᠥᠯᠥᠪᠯᠡᠨ | ᠪᠠᠶᠢᠷᠢᠯᠠᠭᠤᠯᠵᠤ᠂ ᠭᠤᠤᠯᠳᠠᠭᠤ ᠳᠣᠤᠷᠠᠬᠢ ᠮᠡᠲᠦ ᠠᠷᠭ᠎ᠠ ᠬᠡᠮᠵᠢᠶ᠎ᠡ ᠶᠢ ᠠᠪᠤᠭᠰᠠᠨ ᠪᠠᠶᠢᠨ᠎ᠠ᠃ | ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠭᠠᠯ ᠢ ᠰᠡᠷᠭᠡᠶᠢᠯᠡᠬᠦ | ᠬᠠᠷᠢᠭᠤᠴᠠᠯᠭ᠎ᠠ ᠶᠢ ᠪᠠᠲᠤᠳᠬᠠᠪᠡ᠃ ᠪᠥᠬᠦ ᠤᠯᠤᠰ᠂ ᠪᠥᠬᠦ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠨ ᠤᠨᠲᠠᠷᠠᠭᠠᠬᠤ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠪᠣᠯᠤᠨ ᠮᠠᠨ ᠤ ᠬᠤᠲᠠ ᠶᠢᠨ ᠠᠶᠦᠯᠬᠦᠢ | ᠦᠢᠯᠡᠳᠪᠦᠷᠢᠯᠡᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠡᠯ᠎ᠡ ᠱᠠᠲᠤᠨ ᠤ ᠤᠳᠤᠷᠢᠳᠤᠯᠭ᠎ᠠ ᠶᠢᠨ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ︽ᠬᠡᠰᠡᠭ ᠬᠤᠪᠢᠶᠠᠨ ᠳᠠᠭᠠᠭᠠᠴᠢᠯᠠᠭᠤᠯᠬᠤ᠂ | ᠰᠦᠯᠵᠢᠶᠡᠵᠢᠭᠦᠯᠦᠨ ᠬᠠᠮᠢᠶᠠᠷᠬᠤ︾ ᠭᠠᠯ ᠰᠡᠷᠭᠡᠶᠢᠯᠡᠬᠦ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠳᠠᠷᠤᠭ᠎ᠠ ᠶᠢᠨ ᠬᠠᠷᠢᠭᠤᠴᠠᠬᠤ ᠲᠦᠷᠢᠮ ᠢᠶᠠᠷ ᠭᠤᠤᠯ ᠪᠣᠯᠭᠠᠭᠰᠠᠨ ᠡᠯ᠎ᠡ | ᠵᠦᠢᠯ ᠤᠨ ᠬᠠᠷᠢᠭᠤᠴᠠᠯᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠪᠡ᠃ ᠵᠢᠯᠣᠭᠤᠳᠬᠤ ᠭᠠᠵᠠᠷ ᠤᠨ | ᠡᠯ᠎ᠡ ᠪᠦᠷᠢᠯᠳᠦᠬᠦᠨ ᠨᠢᠭᠡᠴᠢ ᠶᠢ ᠰᠢᠮᠳᠠᠭᠤᠯᠵᠤ ᠪᠠᠶᠢᠭᠠᠳ ︽ᠵᠢᠯᠣᠭᠤᠳᠬᠤ ᠭᠠᠵᠠᠷ ᠤᠨ ᠠᠵᠢᠯ ᠤᠨ ᠲᠦᠷᠢᠮ︾ | ᠶᠣᠰᠣᠭᠠᠷ ᠡᠭᠦᠷᠭᠡ ᠲᠤᠰᠢᠶᠠᠯ ᠢᠶᠠᠨ ᠬᠢᠨᠠᠮᠠᠭᠠᠶ ᠬᠦᠢᠴᠡᠳᠭᠡᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢᠨ ᠬᠠᠷᠠᠯᠲᠠ ᠶᠢ ᠰᠢᠯᠭᠠᠨ ᠬᠢᠨᠠᠵᠤ ᠦᠨᠡᠯᠡᠬᠦ ᠲᠦᠷᠢᠮ ᠢ ᠪᠠᠶᠢᠭᠤᠯᠤᠨ | ᠪᠦᠷᠢᠨᠰᠢᠬᠦᠯᠵᠦ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠨ ᠤ ᠬᠠᠷᠠᠯᠲᠠᠲᠤ ᠬᠠᠮᠢᠶᠠᠷᠤᠯᠲᠠ ᠶᠢᠨ | ᠰᠢᠯᠭᠠᠨ ᠬᠢᠨᠠᠬᠤ ᠰᠢᠰᠲ᠋ᠧᠮᠵᠢ ᠳᠤ ᠣᠷᠣᠭᠤᠯᠤᠨ᠂ ᠭᠠᠯ ᠰᠡᠷᠭᠡᠶᠢᠯᠡᠬᠦ ᠡᠯ᠎ᠡ ᠵᠦᠢᠯ ᠤᠨ ᠬᠠᠷᠢᠭᠤᠴᠠᠯᠭ᠎ᠠ ᠶᠢᠨ | ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠴᠢᠩᠭ᠎ᠠ ᠰᠢᠯᠭᠠᠨ ᠬᠢᠨᠠᠪᠡ᠃ | ᠬᠤᠶᠠᠷ ᠲᠤ ᠴᠠᠭ ᠲᠤᠬᠠᠶ ᠳᠤᠨᠢ ᠲᠣᠬᠢᠷᠠᠭᠤᠯᠤᠨ ᠪᠠᠶᠢᠷᠢᠯᠠᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠨ | ᠨᠢᠮᠪᠠᠶ ᠲᠣᠭᠲᠠᠭᠠᠪᠠ᠃ ᠴᠠᠭᠠᠨ ᠰᠠᠷ᠎ᠠ ᠠᠴᠠ ᠡᠮᠦᠨ᠎ᠡ ︽ᠣᠳᠣᠬᠠᠨ ᠤ ᠪᠠ ᠴᠠᠭᠠᠨ ᠰᠠᠷ᠎ᠠ ᠶᠢᠨ ᠬᠤᠭᠤᠴᠠᠭᠠᠨ ᠳᠠᠬᠢ | ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠦᠨᠡᠨᠬᠦ ᠴᠢᠩᠭᠠᠳᠬᠠᠬᠤ ᠲᠤᠬᠠᠶ | ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠣᠶᠢᠷ᠎ᠠ ᠳᠤ ᠭᠠᠯ ᠰᠡᠷᠭᠡᠶᠢᠯᠡᠬᠦ ᠠᠵᠢᠯ ᠤᠨ ᠵᠢᠯᠣᠭᠤᠳᠬᠤ ᠭᠠᠵᠠᠷ ᠤᠨ | ᠪᠢᠴᠢᠭ ᠮᠠᠲ᠋ᠧᠷᠢᠶᠠᠯ ᠢᠶᠠᠷ ︽ᠬᠠᠪᠤᠷ ᠤᠨ ᠤᠯᠠᠷᠢᠯ ᠢᠯᠠᠩᠭᠤᠶ᠎ᠠ ︿ᠬᠠᠩᠰᠢ ᠶᠢᠨ ᠡᠳᠦᠷ﹀ ᠤᠨ ᠬᠤᠭᠤᠴᠠᠭᠠᠨ ᠳᠠᠬᠢ | ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠦᠨᠡᠨ ᠬᠦ ᠴᠢᠩᠭᠠᠳᠬᠠᠬᠤ ᠲᠤᠬᠠᠶ | ᠮᠡᠳᠡᠭᠳᠡᠯ︾ ︽2021 ᠣᠨ ᠤ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ | ᠤᠨᠲᠠᠷᠠᠭᠠᠬᠤ ᠠᠵᠢᠯ ᠤᠨ ᠰᠢᠮᠳᠠᠭᠤᠯᠤᠨ ᠪᠠᠶᠢᠴᠠᠭᠠᠬᠤ ᠠᠵᠢᠯ ᠢ ᠥᠷᠨᠢᠭᠦᠯᠬᠦ ᠲᠤᠬᠠᠶ ᠤᠯᠠᠭᠠᠨᠴᠠᠪ ᠬᠤᠲᠠ ᠶᠢᠨ ᠣᠶ | ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠮᠡᠳᠡᠭᠳᠡᠯ︾ | ᠵᠡᠷᠭᠡ ᠠᠯᠢ ᠣᠯᠠᠨ ᠪᠢᠴᠢᠭ ᠮᠠᠲ᠋ᠧᠷᠢᠶᠠᠯ ᠢ ᠪᠠᠭᠤᠯᠭᠠᠵᠤ᠂ ᠬᠠᠪᠤᠷ ᠤᠨ ᠤᠯᠠᠷᠢᠯ ᠤᠨ ᠪᠥᠬᠦ ᠬᠤᠲᠠ ᠶᠢᠨ ᠣᠶ ᠰᠢᠭᠤᠶ | ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠪᠥᠬᠦ ᠲᠠᠯ᠎ᠠ ᠪᠠᠷ ᠳᠣᠭᠢᠷᠠᠭᠤᠯᠤᠨ ᠪᠠᠶᠢᠷᠢᠯᠠᠭᠤᠯᠵᠤ | ᠂ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠠᠵᠢᠯᠯᠠᠭᠠᠨ ᠤ | ᠲᠣᠭᠲᠠᠴᠠ᠂ ᠪᠣᠳᠠᠲᠠᠶ ᠠᠷᠭ᠎ᠠ ᠬᠡᠮᠵᠢᠶ᠎ᠡ ᠪᠠ ᠡᠭᠦᠷᠭᠡ ᠬᠠᠷᠠᠯᠲᠠ ᠶᠢ ᠲᠣᠭᠲᠠᠭᠠᠪᠠ᠃ ᠡᠭᠦᠨ ᠤ ᠬᠠᠮᠲᠤ᠂ ᠡᠯ᠎ᠡ | ᠱᠠᠲᠤᠨ ᠤ ᠭᠠᠯ ᠤᠨᠲᠠᠷᠠᠭᠠᠬᠤ ᠡᠩᠨᠡᠭᠡ ᠶᠢᠨ ᠵᠢᠯᠣᠭᠤᠳᠤᠭᠴᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠡᠯ᠎ᠡ | ᠱᠠᠲᠤᠨ ᠤ ᠵᠢᠯᠣᠭᠤᠳᠤᠭᠴᠢ ᠶᠢ ᠵᠣᠬᠢᠶᠠᠨ ᠪᠠᠶᠢᠭᠤᠯᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠶᠠᠮᠤᠨ ᠤ ᠭᠠᠯ ᠤᠨᠲᠠᠷᠠᠭᠠᠬᠤ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠸᠢᠳᠢᠣ᠋ ᠬᠤᠷᠠᠯ ᠳᠤ ᠣᠷᠣᠯᠴᠠᠭᠤᠯᠵᠤ᠂ | ᠡᠯ᠎ᠡ ᠱᠠᠲᠤᠨ ᠤ ᠵᠢᠯᠣᠭᠤᠳᠤᠭᠴᠢ ᠶᠢᠨ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠤᠯᠠᠮ ᠨᠢᠭᠡ ᠠᠯᠬᠤᠮ | ᠳᠡᠭᠡᠭᠰᠢᠯᠡᠭᠦᠯᠪᠡ᠃ | ᠭᠤᠷᠪᠠ ᠳᠤ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠠᠵᠢᠯ ᠤᠨ | ᠬᠠᠮᠲᠤᠷᠠᠯ ᠤᠨ ᠬᠦᠴᠦᠨ ᠢ ᠪᠦᠷᠢᠯᠳᠦᠭᠦᠯᠪᠡ᠃ 3 ᠰᠠᠷ᠎ᠠ ᠶᠢᠨ 26 ᠤ ᠡᠳᠦᠷ᠂ ᠬᠤᠲᠠ ᠶᠢᠨ ᠣᠶ ᠰᠢᠭᠤᠶ ᠶᠢᠨ | ᠰᠡᠷᠭᠡᠶᠢᠯᠡᠯᠲᠡ ᠶᠢᠨ ᠠᠯᠪᠠᠨ ᠬᠡᠷ ᠠᠴᠠ ᠴᠡᠷᠢᠭ ᠤᠨ ᠬᠤᠪᠢᠶᠠᠷᠢ ᠲᠣᠭᠤᠷᠢᠭ ︵ᠡᠷᠦᠬᠡ ᠶᠢᠨ ᠴᠡᠷᠢᠭ ᠤᠨ ᠪᠡᠯᠡᠳᠬᠡᠯ | ᠠᠯᠪᠠᠨ︶᠂ ᠵᠡᠪᠰᠡᠭᠲᠦ ᠴᠠᠭᠳᠠᠭ᠎ᠠ ᠶᠢᠨ ᠰᠠᠯᠪᠤᠷᠢ ᠠᠩᠭᠢ᠂ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠶ ᠰᠢᠭᠤᠶ ᠶᠢᠨ ᠳᠣᠲᠣᠭᠠᠳᠤ ᠶᠢ | ᠬᠠᠮᠠᠭᠠᠯᠠᠬᠤ ᠬᠤᠪᠢᠶᠠᠷᠢ ᠲᠣᠪᠴᠢᠶ᠎ᠠ᠂ ᠬᠤᠲᠠ ᠶᠢᠨ ᠴᠠᠭ ᠠᠭᠤᠷ ᠤᠨ ᠲᠣᠪᠴᠢᠶ᠎ᠠ᠂ ᠭᠠᠯ ᠤᠨᠲᠠᠷᠠᠭᠠᠬᠤ ᠰᠠᠯᠪᠤᠷᠢ | ᠠᠩᠭᠢ᠂ ᠵᠢᠨᠢᠩ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠵᠡᠷᠭᠡ ᠰᠠᠯᠠᠭ᠎ᠠ ᠮᠥᠴᠢᠷ ᠪᠠ | ᠨᠢᠭᠡᠴᠢ ᠶᠢ ᠵᠣᠬᠢᠶᠠᠨ ᠪᠠᠶᠢᠭᠤᠯᠵᠤ 2021 ᠣᠨ ᠤ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ | ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠬᠠᠮᠲᠤᠷᠠᠭᠰᠠᠨ ᠵᠥᠪᠳᠡᠯᠴᠡᠬᠦ ᠬᠤᠷᠠᠯ ᠢ ᠬᠤᠷᠠᠯᠳᠤᠭᠤᠯᠵᠤ᠂ ᠡᠨᠡ | ᠵᠢᠯ ᠤᠨ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠪᠠᠶᠢᠳᠠᠯ ᠢ | ᠰᠤᠳᠤᠯᠤᠨ ᠮᠠᠭᠠᠳᠯᠠᠭᠰᠠᠨ ᠪᠥᠭᠡᠳ ᠬᠠᠩᠰᠢ ᠶᠢᠨ ᠬᠤᠭᠤᠴᠠᠭᠠᠨ ᠳᠠᠬᠢ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠨ ᠤᠨᠲᠠᠷᠠᠭᠠᠬᠤ ᠠᠵᠢᠯ ᠳᠤ ᠲᠤᠰᠬᠠᠶ ᠪᠠᠶᠢᠷᠢᠯᠠᠭᠤᠯᠤᠯᠲᠠ ᠬᠢᠵᠡᠶ᠃ ᠡᠭᠦᠨ ᠤ ᠬᠠᠮᠲᠤ᠂ ᠡᠯ᠎ᠡ | ᠲᠥᠷᠥᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠬᠦᠴᠦᠨ ᠢ ᠡᠮᠬᠢᠯᠡᠨ ᠨᠡᠶᠢᠯᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠬᠤᠪᠢᠶᠠᠷᠢ ᠠᠩᠭᠢ ᠶᠢᠨ | ᠲᠣᠬᠢᠷᠠᠭᠤᠯᠤᠯᠲᠠ ᠶᠢᠨ ᠬᠦᠰᠦᠨᠦᠭᠳᠤ ᠵᠤᠬᠢᠶᠠᠪᠠ᠃ ᠣᠳᠣᠬᠠᠨ ᠳᠤ᠂ ᠬᠤᠲᠠ ᠶᠢᠨ ᠲᠣᠰ ᠱᠠᠲᠤᠨ ᠳᠤ ᠪᠠᠴᠢᠮ | ᠪᠠᠶᠢᠳᠠᠯ ᠢ ᠠᠷᠭᠠᠴᠠᠬᠤ 4 ᠬᠤᠪᠢᠶᠠᠷᠢ ᠠᠩᠭᠢ᠂ ᠴᠡᠷᠢᠭ ᠤᠨ ᠬᠤᠪᠢᠶᠠᠷᠢ ᠲᠣᠭᠤᠷᠢᠭ᠂ ᠵᠡᠪᠰᠡᠭᠲᠦ ᠴᠠᠭᠳᠠᠭ᠎ᠠ ᠶᠢᠨ | ᠰᠠᠯᠪᠤᠷᠢ ᠠᠩᠭᠢ᠂ ᠭᠠᠯ ᠤᠨᠲᠠᠷᠠᠭᠠᠬᠤ ᠰᠠᠯᠪᠤᠷᠢ ᠠᠩᠭᠢ᠂ ᠵᠢᠨᠢᠩ ᠲᠣᠭᠤᠷᠢᠭ ᠤᠨ ᠠᠷᠠᠳ ᠤᠨ ᠵᠡᠪᠰᠡᠭᠲᠦ | ᠬᠦᠴᠦᠨ ᠤ ᠬᠡᠯᠲᠡᠰ ᠲᠣᠰ ᠲᠣᠰ 1 ᠰᠠᠯᠪᠤᠷᠢ ᠠᠩᠭᠢ ᠪᠠᠶᠢᠭᠤᠯᠵᠤ᠂ ᠨᠡᠶᠢᠲᠡ 490 ᠬᠥᠮᠦᠨ ᠢ ᠳᠠᠶᠢᠴᠢᠯᠠᠨ᠂ | ᠡᠯ᠎ᠡ ᠲᠥᠷᠥᠯ ᠤᠨ ᠲᠡᠷᠭᠡ 50 ᠭᠠᠷᠤᠶ ᠪᠠᠶᠢᠨ᠎ᠠ᠃ 136 ᠰᠠᠭᠤᠷᠢ ᠰᠠᠯᠬᠢᠨ ᠤ ᠬᠦᠴᠦ ᠪᠠᠷ ᠭᠠᠯ ᠤᠨᠲᠠᠷᠠᠭᠠᠬᠤ | ᠮᠠᠰᠢᠨ᠂ 411 ᠬᠤᠶᠠᠳᠤᠭᠠᠷ ᠪᠠᠭᠠᠵᠢ ᠶᠢ ᠲᠦᠭᠡᠭᠡᠨ ᠥᠭᠴᠦ᠂ ᠨᠢᠭᠡᠳᠦᠯᠲᠡᠶ ᠪᠠᠷ ᠰᠡᠷᠭᠡᠶᠢᠯᠡᠨ ᠰᠠᠭᠤᠬᠤ | ᠠᠷᠭ᠎ᠠ ᠶᠢ ᠠᠪᠴᠤ᠂ ᠲᠦᠪᠯᠡᠷᠡᠬᠦᠯᠦᠨ ᠵᠠᠷᠯᠢᠭ ᠬᠦᠯᠢᠶᠡᠵᠦ᠂ ᠭᠠᠯ ᠤᠨ ᠪᠠᠶᠢᠳᠠᠯ ᠲᠣᠬᠢᠶᠠᠯᠳᠤᠪᠠᠯ ᠴᠠᠭ ᠲᠤᠬᠠᠶ ᠳᠤᠨᠢ | ᠲᠤᠰᠠᠯᠠᠬᠤ ᠪᠠᠷ ᠮᠣᠷᠳᠠᠵᠤ ᠪᠣᠯᠤᠨ᠎ᠠ᠃ | ᠲᠦᠷᠪᠡ ᠳᠤ ᠬᠢᠨᠠᠨ ᠵᠢᠯᠣᠭᠤᠳᠴᠤ ᠪᠠᠶᠢᠴᠠᠭᠠᠬᠤ ᠠᠵᠢᠯ ᠢ ᠥᠷᠨᠢᠭᠦᠯᠵᠦ᠂ ᠡᠯ᠎ᠡ ᠭᠠᠵᠠᠷ ᠤᠨ ᠬᠢᠨ ᠢ | ᠰᠢᠮᠳᠠᠭᠤᠯᠤᠨ ᠱᠠᠭᠠᠷᠳᠠᠵᠤ ᠪᠠᠶᠢᠭᠠᠳ ᠲᠠᠯᠳᠠ ᠭᠡᠮ ᠢ ᠨᠢ ᠠᠷᠢᠯᠭᠠᠨ᠎ᠠ᠃ ᠡᠨᠡ ᠵᠢᠯ ᠤᠨ ᠬᠠᠪᠤᠷ ᠤᠨ ᠤᠯᠠᠷᠢᠯ ᠳᠤ᠂ | ᠬᠤᠳᠠ ᠶᠢᠨ ᠤᠢ ᠰᠢᠭᠤᠢ ᠶᠢᠨ ᠭᠠᠯ ᠰᠡᠷᠭᠡᠶᠢᠯᠡᠯᠲᠡ ᠶᠢᠨ ᠵᠢᠯᠤᠭᠤᠳᠬᠤ ᠠᠯᠪᠠᠨ ᠭᠡᠷ ᠤᠷᠢᠳ ᠬᠤᠵᠢᠳ ᠬᠤᠶᠠᠷ | ᠤᠳᠠᠭ᠎ᠠ ᠬᠢᠨᠠᠨ ᠵᠢᠯᠣᠭᠤᠳᠴᠤ ᠪᠠᠶᠢᠴᠠᠭᠠᠵᠠᠢ᠃ ᠪᠥᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠤ᠂ | ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠬᠡᠯᠪᠡᠷᠢ ᠶᠢ ᠠᠪᠴᠤ᠂ ᠪᠥᠬᠦ ᠬᠤᠲᠠ ᠶᠢᠨ ᠣᠶ ᠰᠢᠭᠤᠶ | ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠰᠢᠮᠳᠠᠭᠤᠯᠤᠨ | ᠪᠠᠶᠢᠴᠠᠭᠠᠵᠤ᠂ ᠡᠯ᠎ᠡ ᠭᠠᠯ ᠰᠡᠷᠭᠡᠶᠢᠯᠡᠬᠦ ᠭᠤᠤᠯᠳᠠᠯᠭ᠎ᠠ ᠲᠠᠢ ᠨᠢᠭᠡᠴᠢ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠭᠰᠠᠨ ᠪᠠ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠣᠷᠣᠨ ᠤ ᠠᠵᠢᠯ ᠤᠨ ᠠᠷᠭ᠎ᠠ | ᠬᠡᠮᠵᠢᠶ᠎ᠡ ᠶᠢ ᠬᠡᠷᠡᠭᠵᠢᠭᠦᠯᠦᠭᠰᠡᠨ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠵᠤ᠂ ᠡᠯ᠎ᠡ ᠭᠠᠵᠠᠷ ᠤᠨ ᠢᠯᠡᠷᠡᠭᠦᠯᠦᠭᠰᠡᠨ | ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠳᠠᠯᠳᠠ ᠬᠡᠮ ᠢ ᠴᠠᠭ ᠲᠤᠬᠠᠶ ᠳᠤᠨᠢ ᠴᠡᠭᠴᠡᠯᠡᠨ | ᠰᠠᠶᠢᠵᠢᠷᠠᠭᠤᠯᠵᠤ᠂ ᠳᠠᠯᠳᠠ ᠬᠡᠮ ᠢ ᠴᠤᠬᠤᠶᠢᠬᠤ ᠦᠶ᠎ᠡ ᠳᠤᠨᠢ ᠤᠰᠠᠳᠬᠠᠬᠤ ᠶᠢ ᠰᠢᠮᠳᠠᠭᠤᠯᠪᠠ᠃ 3 ᠰᠠᠷ᠎ᠠ ᠶᠢᠨ | 30 ᠤ ᠡᠳᠦᠷ᠂ 2021 ᠣᠨ ᠤ ᠬᠠᠪᠤᠷ ᠤᠨ ᠤᠯᠠᠷᠢᠯ ᠵᠢᠴᠢ ᠬᠠᠩᠰᠢ ᠶᠢᠨ ᠬᠤᠭᠤᠴᠠᠭᠠᠨ ᠳᠠᠬᠢ ᠣᠶ ᠰᠢᠭᠤᠶ | ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠭᠠᠯ ᠤᠨᠲᠠᠷᠠᠭᠠᠬᠤ ᠶᠢ ᠰᠢᠮᠳᠠᠭᠤᠯᠤᠨ ᠪᠠᠶᠢᠴᠠᠭᠠᠬᠤ ᠠᠵᠢᠯ ᠤᠨ | ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠲᠠ ᠶᠢᠨ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ | ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠶ ᠰᠢᠭᠤᠶ ᠶᠢᠨ ᠳᠣᠲᠣᠭᠠᠳᠤ ᠶᠢ | ᠬᠠᠮᠠᠭᠠᠯᠠᠬᠤ ᠬᠤᠪᠢᠶᠠᠷᠢ ᠲᠣᠪᠴᠢᠶᠠᠨ ᠤ ᠠᠵᠢᠯᠲᠠᠨ ᠢ ᠰᠣᠩᠭᠤᠨ ᠵᠣᠬᠢᠶᠠᠨ ᠪᠠᠶᠢᠭᠤᠯᠵᠤ ᠬᠠᠮᠲᠤᠷᠠᠨ ᠰᠢᠮᠳᠠᠭᠤᠯᠤᠨ | ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠰᠢᠮᠳᠠᠭᠤᠯᠤᠨ ᠪᠠᠶᠢᠴᠠᠭᠠᠬᠤ ᠪᠠᠷᠢᠮᠵᠢᠶ᠎ᠠ ᠪᠠ ᠠᠭᠤᠯᠭ᠎ᠠ ᠶᠢ ᠨᠢᠭᠡᠳᠬᠡᠬᠦ ᠶᠢᠨ | ᠬᠠᠮᠲᠤ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠳᠤ ᠪᠣᠳᠠᠲᠠᠶ ᠠᠵᠢᠯ ᠤᠨ ᠱᠠᠭᠠᠷᠳᠠᠯᠭ᠎ᠠ ᠳᠤᠷᠠᠳᠪᠠ᠃ | ᠲᠠᠪᠤ ᠳᠤ ᠳᠣᠲᠣᠷ᠎ᠠ ᠪᠠᠨ ᠲᠤᠭ᠎ᠠ ᠲᠠᠢ ᠪᠠᠶᠢᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ ᠢ | ᠰᠠᠶᠢᠲᠤᠷ ᠬᠢᠪᠡ᠃ ᠪᠢᠳᠡ ᠡᠯ᠎ᠡ ᠭᠠᠵᠠᠷ ᠤᠨ ᠬᠢᠨ ᠢ ᠤᠷᠢᠳᠴᠢᠯᠠᠨ ᠰᠢᠮᠳᠠᠭᠤᠯᠵᠤ ᠪᠠᠶᠢᠭᠠᠳ ︽ᠬᠡᠰᠡᠭ ᠬᠤᠪᠢᠶᠠᠨ | ᠳᠠᠭᠠᠭᠠᠴᠢᠯᠠᠭᠤᠯᠬᠤ︾ ᠣᠷᠣᠨ ᠪᠦᠰᠡ ᠶᠢᠨ ᠬᠠᠷᠢᠭᠤᠴᠠᠯᠭᠠᠲᠠᠨ ᠤ ᠮᠡᠳᠡᠭᠡ ᠵᠠᠩᠭᠢ ᠶᠢᠨ ᠬᠦᠰᠦᠨᠦᠭᠲᠦ ᠳᠤ ᠴᠠᠭ | ᠲᠤᠬᠠᠶ ᠳᠤᠨᠢ ᠲᠣᠬᠢᠷᠠᠭᠤᠯᠤᠯᠲᠠ ᠬᠢᠵᠦ᠂ ᠳᠠᠭᠠᠭᠠᠴᠢᠯᠠᠨ ᠪᠠᠳᠤᠯᠠᠬᠤ ᠬᠠᠷᠢᠭᠤᠴᠠᠯᠭᠠᠲᠠᠨ ᠪᠠ ᠬᠤᠪᠢᠶᠠᠨ | ᠳᠠᠭᠠᠭᠠᠴᠢᠯᠠᠬᠤ ᠣᠷᠣᠨ ᠪᠦᠰᠡ ᠶᠢ ᠲᠣᠳᠣᠷᠬᠠᠶ ᠪᠣᠯᠭᠠᠪᠠ᠃ ︽ᠰᠢᠰᠲ᠋ᠧᠮ ᠪᠠ ᠬᠡᠰᠡᠭ ᠢ ᠤᠶᠠᠯᠳᠤᠭᠤᠯᠬᠤ︾ | ᠠᠷᠭ᠎ᠠ ᠮᠠᠶ᠋ᠢᠭ ᠢᠶᠠᠷ ᠠᠵᠢᠯᠳᠠᠨ ᠢ ᠡᠯ᠎ᠡ ᠲᠣᠣᠷ ᠤᠨ ᠳᠠᠰᠤᠯᠪᠤᠷᠢ ᠳᠤ ᠲᠠᠷᠬᠠᠭᠠᠵᠤ᠂ ᠪᠠᠭ᠎ᠠ ᠣᠷᠣᠨ ᠪᠦᠰᠡ ᠳᠤ | ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠶᠡᠭᠡ ᠣᠷᠣᠨ ᠪᠦᠰᠡ ᠳᠤ ᠨᠢᠭᠡᠳᠦᠯᠲᠡᠶ | ᠲᠥᠯᠥᠪᠯᠡᠨ ᠵᠣᠬᠢᠴᠠᠭᠤᠯᠵᠤ ᠬᠠᠮᠵᠢᠯᠴᠠᠬᠤ ᠶᠢ ᠴᠢᠩᠭᠠᠳᠬᠠᠵᠤ᠂ ︽ᠬᠤᠳᠠ — ᠰᠢᠶᠠᠨ — ᠰᠢᠶᠠᠩ — | ᠲᠣᠰᠬᠤᠨ︾ ᠲᠦᠷᠪᠡᠨ ᠱᠠᠲᠤᠨ ᠤ ᠭᠤᠯᠳᠤ ᠴᠢᠭᠯᠡᠯ ᠤᠨ ᠰᠦᠯᠵᠢᠶ᠎ᠡ ᠶᠢ ᠪᠤᠢ ᠪᠣᠯᠭᠠᠵᠤ᠂ ᠡᠯ᠎ᠡ ᠰᠠᠯᠠᠭ᠎ᠠ | ᠮᠥᠴᠢᠷ ᠤᠨ ᠪᠦᠬᠦ ᠠᠵᠢᠯᠳᠠᠨ ᠭᠤᠯᠳᠤ ᠴᠢᠭᠯᠡᠯ ᠤᠨ ᠰᠦᠯᠵᠢᠶ᠎ᠡ ᠶᠢ ᠳᠠᠭᠠᠭᠠᠴᠢᠯᠠᠵᠤ᠂ ᠭᠠᠯ ᠰᠡᠷᠭᠡᠶᠢᠯᠡᠬᠦ | ᠬᠠᠷᠢᠭᠤᠴᠠᠯᠭ᠎ᠠ ᠶᠢᠨ ᠰᠦᠯᠵᠢᠶ᠎ᠡ ᠶᠢ ᠨᠢᠭᠲᠠ ᠰᠦᠯᠵᠢᠵᠦ᠂ ᠪᠦᠬᠦ ᠬᠤᠳᠠ ᠪᠠᠷ ᠢᠶᠠᠨ ᠨᠢᠭᠡ ᠬᠥᠯᠭᠡ ᠰᠢᠳᠠᠷ᠎ᠠ ᠮᠡᠳᠦ | ᠪᠠᠶᠢᠬᠤ ᠶᠢ ᠦᠨᠡᠨ ᠬᠦ ᠪᠠᠲᠤᠯᠠᠪᠠ᠃ ᠡᠯ᠎ᠡ ᠭᠠᠯ ᠰᠡᠷᠭᠡᠶᠢᠯᠡᠬᠦ ᠭᠤᠣᠯᠳᠠᠯᠭ᠎ᠠ ᠲᠠᠢ ᠣᠷᠣᠨ ᠪᠦᠰᠡ ᠳᠤ 6 ᠲᠤᠰᠬᠠᠢ | ᠮᠡᠷᠭᠡᠵᠢᠯ ᠤᠨ ᠭᠠᠯ ᠤᠨᠲᠠᠷᠠᠭᠠᠬᠤ ᠠᠩᠬᠢ ᠨᠡᠶᠢᠳᠡ 144 ᠬᠥᠮᠦᠨ᠂ 140 ᠬᠠᠭᠠᠰ ᠲᠤᠰᠬᠠᠢ ᠮᠡᠷᠭᠡᠵᠢᠯ ᠤᠨ ᠭᠠᠯ | ᠤᠨᠲᠠᠷᠠᠭᠠᠬᠤ ᠠᠩᠬᠢ ᠨᠡᠶᠢᠳᠡ 2251 ᠬᠥᠮᠦᠨ ᠢ ᠪᠠᠶᠢᠷᠢᠯᠠᠭᠤᠯᠵᠤ᠂ ︽ᠭᠠᠯ ᠰᠡᠷᠭᠡᠶᠢᠯᠡᠬᠦ ᠬᠡᠷᠡᠮ︾ ᠢ ᠪᠦᠬᠦ | ᠲᠠᠯ᠎ᠠ ᠪᠠᠷ ᠪᠠᠬᠢᠵᠢᠭᠦᠯᠵᠦ᠂ ᠬᠠᠪᠤᠷ ᠤᠨ ᠤᠯᠠᠷᠢᠯ ᠳᠤ᠂ ᠪᠦᠬᠦ ᠬᠤᠳᠠ ᠶᠢᠨ ᠤᠢ ᠰᠢᠭᠤᠢ ᠨᠤᠲᠤᠭ ᠪᠡᠯᠴᠢᠭᠡᠷ ᠤᠨ | ᠭᠠᠯ ᠰᠡᠷᠭᠡᠶᠢᠯᠡᠬᠦ ᠭᠠᠯ ᠤᠨᠲᠠᠷᠠᠭᠠᠬᠤ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠠᠩᠬ᠎ᠠ ᠤᠳᠠᠭ᠎ᠠ ︽ᠭᠠᠯ | ᠲᠦᠢᠮᠡᠷ ᠦᠬᠡᠢ ᠪᠠᠶᠢᠳᠠᠯ︾ ᠢ ᠪᠡᠶᠡᠯᠡᠭᠦᠯᠵᠡᠢ᠃ | 【 ᠬᠥᠲᠥᠯᠥᠭᠴᠢ 】᠄ ᠣᠳᠣᠬᠠᠨ ᠳᠤ ᠶᠠᠭ ᠰᠠᠶᠢᠬᠠᠨ ᠦᠶᠡᠷ ᠢ ᠰᠡᠷᠭᠡᠶᠢᠯᠡᠵᠦ ᠭᠠᠩ ᠬᠠᠭᠰᠠᠷᠭᠠᠨ ᠢ | ᠡᠰᠡᠷᠬᠦᠴᠡᠬᠦ ᠵᠠᠩᠭᠢᠯᠠᠭ᠎ᠠ ᠶᠢᠨ ᠴᠠᠭ ᠦᠶ᠎ᠡ ᠪᠣᠯᠵᠤ ᠪᠠᠶᠢᠨ᠎ᠠ᠂ ᠬᠠᠨ ᠲᠣᠪᠴᠢᠶᠠᠨ ᠳᠠᠷᠤᠭ᠎ᠠ ᠡᠨᠡ ᠵᠢᠯ ᠤᠨ ᠦᠶᠡᠷ ᠢ | ᠰᠡᠷᠭᠡᠶᠢᠯᠡᠵᠦ ᠭᠠᠩ ᠢ ᠡᠰᠡᠷᠭᠦᠴᠡᠬᠦ ᠠᠵᠢᠯ ᠳᠤ ᠶᠠᠮᠠᠷ ᠪᠠᠶᠢᠷᠢᠯᠠᠭᠤᠯᠤᠯᠲᠠ ᠬᠢᠭᠰᠡᠨ ᠪᠤᠶ︖ | 【ᠬᠠᠨ ᠶᠤᠸᠠᠢ ᠹᠸᠢ 】ᠦᠶᠡᠷ ᠢ ᠰᠡᠷᠭᠡᠶᠢᠯᠡᠨ ᠭᠠᠩ ᠬᠠᠭᠰᠠᠷᠭᠠᠨ ᠢ ᠡᠰᠡᠷᠬᠦᠴᠡᠬᠦ ᠲᠠᠯ᠎ᠠ ᠪᠠᠷ᠂ ᠪᠢᠳᠡ | ᠭᠤᠤᠯᠳᠠᠭᠤ ᠳᠣᠤᠷᠠᠬᠢ ᠮᠡᠲᠦ ᠪᠠᠶᠢᠷᠢᠯᠠᠭᠤᠯᠤᠯᠲᠠ ᠲᠣᠬᠢᠷᠠᠭᠤᠯᠤᠯᠲᠠ ᠬᠢᠪᠠ᠃ | ᠨᠢᠭᠡ ᠳᠤ ᠵᠢᠯᠣᠭᠤᠳᠬᠤ ᠰᠢᠰᠲ᠋ᠧᠮ ᠵᠢᠴᠢ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ | ᠲᠡᠭᠦᠯᠳᠡᠷᠵᠢᠭᠦᠯᠪᠡ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠢ ᠰᠢᠮᠳᠠᠭᠤᠯᠵᠤ ᠪᠠᠶᠢᠭᠠᠳ ᠦᠶᠡᠷ ᠢ | ᠰᠡᠷᠭᠡᠶᠢᠯᠡᠨ ᠭᠠᠩ ᠬᠠᠭᠰᠠᠷᠭᠠᠨ ᠢ ᠡᠰᠡᠷᠬᠦᠴᠡᠬᠦ ᠵᠢᠯᠣᠭᠤᠳᠬᠤ ᠪᠠᠶᠢᠭᠤᠯᠤᠮᠵᠢ ᠶᠢ ᠳᠣᠭᠢᠷᠠᠭᠤᠯᠤᠨ ᠲᠡᠭᠦᠯᠳᠡᠷᠵᠢᠭᠦᠯᠵᠦ | ᠂ ᠡᠯ᠎ᠡ ᠱᠠᠲᠤᠨ ᠤ ᠦᠶᠡᠷ ᠢ ᠰᠡᠷᠭᠡᠶᠢᠯᠡᠨ ᠭᠠᠩ ᠬᠠᠭᠰᠠᠷᠭᠠᠨ ᠢ ᠡᠰᠡᠷᠬᠦᠴᠡᠬᠦ ᠶᠢ ᠵᠢᠯᠣᠭᠤᠳᠬᠤ ᠪᠠᠶᠢᠭᠤᠯᠤᠮᠵᠢ ᠶᠢᠨ | ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠵᠦ᠂ ᠦᠶᠡᠷ ᠢ ᠰᠡᠷᠭᠡᠶᠢᠯᠡᠨ ᠭᠠᠩ ᠬᠠᠭᠰᠠᠷᠭᠠᠨ ᠢ | ᠡᠰᠡᠷᠬᠦᠴᠡᠬᠦ ᠶᠢ ᠨᠢᠭᠡᠳᠦᠯᠲᠡᠶ ᠵᠢᠯᠣᠭᠤᠳᠬᠤ ᠪᠠ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠨ᠂ | ᠦᠶᠡᠷ ᠢ ᠰᠡᠷᠭᠡᠶᠢᠯᠡᠨ ᠭᠠᠩ ᠬᠠᠭᠰᠠᠷᠭᠠᠨ ᠢ ᠡᠰᠡᠷᠬᠦᠴᠡᠬᠦ ᠶᠢ ᠵᠢᠯᠣᠭᠤᠳᠤᠨ ᠬᠠᠮᠵᠢᠯᠴᠠᠬᠤ ᠲᠣᠭᠲᠠᠴᠠ ᠶᠢ ᠤᠯᠠᠮ | ᠨᠢᠭᠡ ᠠᠯᠬᠤᠮ ᠰᠢᠯᠤᠭᠤᠳᠬᠠᠪᠠ᠃ ᠦᠶᠡᠷ ᠢ ᠰᠡᠷᠭᠡᠶᠢᠯᠡᠨ ᠭᠠᠩ ᠬᠠᠭᠰᠠᠷᠭᠠᠨ ᠢ ᠡᠰᠡᠷᠬᠦᠴᠡᠬᠦ ᠵᠠᠰᠠᠭ ᠵᠠᠬᠢᠷᠭᠠᠨ ᠤ | ᠬᠠᠷᠢᠭᠤᠴᠠᠯᠭᠠᠲᠠᠨ᠂ ᠮᠡᠷᠭᠡᠵᠢᠯ ᠤᠨ ᠬᠠᠷᠢᠭᠤᠴᠠᠯᠭᠠᠲᠠᠨ ᠳᠤ ᠴᠠᠭ ᠲᠤᠬᠠᠶ ᠳᠤᠨᠢ ᠳᠤᠬᠢᠷᠠᠭᠤᠯᠤᠯᠳᠠ ᠬᠢᠵᠦ᠂ | ᠦᠶᠡᠷ ᠢ ᠰᠡᠷᠭᠡᠶᠢᠯᠡᠨ ᠭᠠᠩ ᠬᠠᠭᠰᠠᠷᠭᠠᠨ ᠢ ᠡᠰᠡᠷᠬᠦᠴᠡᠬᠦ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠠᠬᠢᠵᠢᠬᠦᠯᠪᠡ᠃ | | ᠬᠤᠶᠠᠷ ᠲᠤ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠴᠢᠩᠭᠠᠳᠬᠠᠪᠡ᠃ ᠬᠤᠲᠠ ᠶᠢᠨ ᠦᠶᠡᠷ | ᠢ ᠰᠡᠷᠬᠡᠶᠢᠯᠡᠨ ᠭᠠᠩ ᠬᠠᠭᠰᠠᠷᠭᠠᠨ ᠢ ᠡᠰᠡᠷᠬᠦᠴᠡᠬᠦ ᠵᠢᠯᠤᠭᠤᠳᠬᠤ ᠭᠠᠵᠠᠷ ᠴᠠᠭ ᠠᠭᠤᠷ ᠤᠨ ᠬᠤᠪᠢᠷᠠᠯᠲᠠ ᠶᠢ ᠨᠢᠭᠲᠠ | ᠠᠩᠬᠠᠷᠴᠤ᠂ ᠪᠠᠴᠢᠮ ᠪᠠᠶᠢᠳᠠᠯ ᠢ ᠠᠷᠭᠠᠴᠠᠬᠤ᠂ ᠤᠰᠤᠨ ᠠᠰᠢᠭᠯᠠᠯᠲᠠ᠂ ᠤᠰᠤᠨ ᠵᠦᠶ᠂ ᠴᠠᠭ ᠠᠭᠤᠷ᠂ | ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ | ᠰᠠᠯᠠᠭ᠎ᠠ ᠮᠥᠴᠢᠷ ᠤᠨ ᠬᠢᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠬᠦ ᠪᠠ ᠬᠠᠮᠲᠤᠷᠠᠨ | ᠵᠥᠪᠳᠡᠯᠴᠡᠬᠦ ᠶᠢ ᠴᠢᠩᠭᠠᠳᠬᠠᠵᠤ᠂ ᠣᠯᠠᠨ ᠵᠦᠢᠯ ᠤᠨ ᠠᠷᠭ᠎ᠠ ᠵᠠᠮ ᠢᠶᠠᠷ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ | ᠲᠤᠬᠠᠶ ᠳᠤᠨᠢ ᠨᠡᠶᠢᠲᠡᠯᠡᠵᠦ᠂ ᠡᠭᠦᠰᠦᠮᠡᠯ ᠭᠠᠮᠰᠢᠭ ᠢ ᠤᠷᠢᠳᠴᠢᠯᠠᠨ ᠮᠡᠳᠡᠭᠡᠯᠡᠬᠦ ᠶᠢ ᠴᠢᠩᠭᠠᠳᠬᠠᠨ᠂ ᠢᠯᠠᠩᠭᠤᠶ᠎ᠠ | ᠬᠡᠰᠡᠭ ᠭᠠᠵᠠᠷ ᠤᠨ ᠰᠢᠷᠦᠭᠦᠨ ᠪᠣᠷᠣᠭᠠᠨ᠂ ᠠᠭᠤᠯᠠᠨ ᠦᠶᠡᠷ᠂ ᠰᠢᠪᠠᠷ ᠴᠢᠯᠠᠭᠤᠨ ᠤᠷᠤᠰᠬᠠᠯ ᠵᠡᠷᠭᠡ ᠶᠢ | ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠶᠢᠨ ᠣᠨᠣᠪᠴᠢᠲᠤ ᠴᠢᠨᠠᠷ ᠢ ᠳᠡᠭᠡᠭᠰᠢᠯᠡᠭᠦᠯᠵᠦ᠂ | ᠲᠣᠰᠬᠤᠨ ᠳᠤ ᠬᠦᠷᠲᠡᠯ᠎ᠡ ᠪᠦᠷᠬᠦᠭᠦᠯᠵᠦ᠂ ᠬᠥᠮᠦᠨ ᠳᠤ ᠬᠦᠷᠲᠡᠯ᠎ᠡ ᠰᠡᠷᠡᠮᠵᠢᠯᠡᠭᠦᠯᠬᠦ ᠶᠢ ᠦᠨᠡᠨᠬᠦ ᠪᠡᠶᠡᠯᠡᠭᠦᠯᠵᠦ᠂ | ᠰᠢᠷᠦᠭᠦᠨ ᠪᠣᠷᠣᠭᠠᠨ ᠦᠶᠡᠷ ᠢᠷᠡᠬᠦ ᠠᠴᠠ ᠡᠮᠦᠨ᠎ᠡ᠂ ᠤᠰᠤᠨ ᠴᠥᠭᠦᠷᠥᠮ ᠤᠨ ᠦᠶᠡᠷ ᠭᠠᠷᠬᠤ ᠠᠴᠠ ᠡᠮᠦᠨ᠎ᠡ᠂ | ᠭᠠᠵᠠᠷ ᠤᠨ ᠭᠠᠮᠰᠢᠭ ᠡᠭᠦᠰᠬᠦ ᠠᠴᠠ ᠡᠮᠦᠨ᠎ᠡ ᠬᠥᠮᠦᠰ ᠢ ᠠᠮᠤᠷ ᠲᠦᠪᠰᠢᠨ ᠢᠶᠠᠷ ᠵᠠᠶᠢᠯᠠᠭᠤᠯᠬᠤ ᠶᠢ ᠦᠨᠡᠨᠬᠦ | ᠪᠠᠳᠤᠯᠠᠨ᠎ᠠ᠃ | ᠭᠤᠷᠪᠠ ᠳᠤ ᠦᠶᠡᠷ ᠢ ᠰᠡᠷᠭᠡᠶᠢᠯᠡᠬᠦ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠪᠠ᠃ ᠬᠤᠲᠠ ᠶᠢᠨ | ᠦᠶᠡᠷ ᠢ ᠰᠡᠷᠬᠡᠶᠢᠯᠡᠨ ᠭᠠᠩ ᠬᠠᠭᠰᠠᠷᠭᠠᠨ ᠢ ᠡᠰᠡᠷᠬᠦᠴᠡᠬᠦ ᠵᠢᠯᠤᠭᠤᠳᠬᠤ ᠭᠠᠵᠠᠷ ᠦᠶᠡᠷ ᠢ ᠰᠡᠷᠭᠡᠶᠢᠯᠡᠬᠦ ᠡᠳ᠋ ᠪᠣᠳᠠᠰ | ᠪᠠᠭᠠᠵᠢ ᠬᠡᠷᠡᠭᠰᠡᠯ ᠢ ᠨᠡᠶᠢᠲᠡ 78.75 ᠲᠦᠮᠡᠨ ᠲᠥᠭᠦᠷᠢᠭ ᠬᠤᠳᠠᠯᠳᠤᠨ ᠠᠪᠴᠤ ᠪᠦᠬᠦᠨ ᠢ ᠬᠥᠮᠥᠷᠭᠡ ᠳᠤ | ᠣᠷᠣᠭᠤᠯᠪᠠ᠃ ᠪᠥᠬᠦ ᠬᠤᠲᠠ ᠳᠤ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠡᠳ᠋ ᠪᠣᠳᠠᠰ ᠢ ᠨᠡᠶᠢᠲᠡ 53 | ᠲᠥᠷᠥᠯ᠂ ᠨᠡᠶᠢᠲᠡ 145984 ᠬᠤᠪᠢ ᠨᠥᠭᠡᠴᠡᠯᠡᠵᠦ᠂ ᠡᠳ᠋ ᠪᠣᠳᠠᠰ ᠤᠨ ᠶᠡᠷᠦᠩᠬᠡᠶ ᠥᠷᠲᠡᠭ ᠨᠢ ᠨᠡᠶᠢᠲᠡ 345. | 85 ᠲᠦᠮᠡᠨ ᠲᠥᠭᠦᠷᠢᠭ ᠲᠤ ᠬᠦᠷᠴᠡᠶ᠃ ᠡᠭᠦᠨ ᠠᠴᠠ ᠭᠠᠳᠠᠨ᠎ᠠ᠂ ᠬᠤᠲᠠ ᠶᠢᠨ ᠦᠶᠡᠷ ᠢ ᠰᠡᠷᠬᠡᠶᠢᠯᠡᠨ ᠭᠠᠩ | ᠬᠠᠭᠰᠠᠷᠭᠠᠨ ᠢ ᠡᠰᠡᠷᠬᠦᠴᠡᠬᠦ ᠵᠢᠯᠤᠭᠤᠳᠬᠤ ᠠᠯᠪᠠᠨ ᠭᠡᠷ ᠠᠴᠠ ᠡᠳ᠋ ᠤᠨ ᠵᠠᠰᠠᠭ ᠢ ᠵᠣᠬᠢᠴᠠᠭᠤᠯᠤᠨ ᠬᠤᠰᠢᠭᠤ ᠰᠢᠶᠠᠨ | ᠨᠢᠭᠡᠪᠦᠷᠢ ᠳᠤ 20 ᠲᠦᠮᠡᠨ ᠲᠥᠭᠦᠷᠢᠭ ᠤᠨ ᠦᠶᠡᠷ ᠢ ᠰᠡᠷᠭᠡᠶᠢᠯᠡᠬᠦ ᠪᠠᠯᠠ ᠮᠥᠩᠭᠦ ᠪᠠᠭᠤᠯᠭᠠᠵᠤ᠂ ᠦᠶᠡᠷ ᠢ | ᠰᠡᠷᠭᠡᠶᠢᠯᠡᠬᠦ ᠡᠳ᠋ ᠪᠠᠷᠠᠭ᠎ᠠ ᠶᠢ ᠴᠠᠭ ᠲᠤᠬᠠᠶ ᠳᠤᠨᠢ ᠨᠥᠭᠡᠴᠡᠯᠡᠪᠡ᠃ ᠣᠶᠢᠷ᠎ᠠ ᠶᠢᠨ ᠬᠤᠭᠤᠴᠠᠭᠠᠨ ᠳᠤ᠂ ᠬᠤᠲᠠ ᠶᠢᠨ | ᠵᠠᠰᠠᠭ ᠤᠨ ᠣᠷᠳᠣᠨ ᠠᠴᠠ ᠪᠠᠰᠠ 90 ᠲᠦᠮᠡᠨ ᠲᠥᠭᠦᠷᠢᠭ ᠭᠠᠷᠭᠠᠵᠤ ᠦᠶᠡᠷ ᠢ ᠰᠡᠷᠭᠡᠶᠢᠯᠡᠬᠦ ᠡᠳ᠋ ᠪᠣᠳᠠᠰ | ᠬᠤᠳᠠᠯᠳᠤᠨ ᠠᠪᠬᠤ ᠳᠤ ᠬᠡᠷᠡᠭᠯᠡᠭᠦᠯᠵᠦ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠳᠤ ᠣᠷᠣᠯᠴᠠᠬᠤ ᠶᠢ | ᠨᠢᠭᠡᠨᠲᠡ ᠪᠡᠶᠡᠯᠡᠭᠦᠯᠵᠦ᠂ ᠡᠳ᠋ ᠪᠣᠳᠠᠰ ᠢ ᠣᠶᠢᠷ᠎ᠠ ᠶᠢᠨ ᠬᠤᠭᠤᠴᠠᠭᠠᠨ ᠳᠤ ᠪᠦᠬᠦᠨ ᠢ ᠬᠦᠮᠦᠷᠭᠡ ᠳᠤ ᠤᠷᠤᠭᠤᠯᠤᠨ᠎ᠡ᠃ | | 【 ᠬᠥᠲᠥᠯᠥᠭᠴᠢ 】᠄ ᠰᠠᠶ᠋ᠢ ᠶᠢᠨ ᠬᠠᠨ ᠲᠣᠪᠴᠢᠶᠠᠨ ᠳᠠᠷᠤᠭ᠎ᠠ ᠶᠢᠨ ᠲᠠᠨᠢᠯᠴᠠᠭᠤᠯᠭ᠎ᠠ ᠠᠴᠠ ᠦᠵᠡᠪᠡᠯ᠂ | ᠮᠠᠨ ᠤ ᠬᠤᠲᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ | ᠶᠡᠭᠡ ᠬᠡᠮᠵᠢᠶᠡᠨ ᠤ ᠠᠵᠢᠯ ᠬᠢᠵᠡᠶ᠂ ᠬᠠᠨ ᠲᠣᠪᠴᠢᠶᠠᠨ ᠳᠠᠷᠤᠭ᠎ᠠ ᠮᠠᠨ ᠤ ᠬᠤᠲᠠ ᠶᠢᠨ ᠲᠠᠷᠠᠭᠠᠴᠢ ᠶᠢᠨ ᠠᠯᠬᠤᠮ ᠤᠨ | ᠠᠵᠢᠯ ᠤᠨ ᠲᠥᠯᠥᠪᠯᠡᠭᠡ ᠪᠠᠨ ᠶᠠᠷᠢᠭᠠᠳ ᠦᠭᠬᠦᠨ᠎ᠡ ᠤᠤ︖ | 【ᠬᠠᠨ ᠶᠤᠸᠠᠢ ᠹᠸᠢ 】᠄ ᠵᠠ᠃ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠬᠦ | ᠠᠵᠢᠯᠯᠠᠭ᠎ᠠ ᠶᠢᠨ ᠲᠠᠷᠠᠭ᠎ᠠ᠂ ᠠᠶᠤᠯᠭᠦᠢ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠠᠵᠢᠯ ᠤᠨ ᠭᠤᠣᠯᠳᠠᠯᠭ᠎ᠠ ᠨᠢ ᠮᠥᠨ ᠯᠡ ᠡ᠊ᠨᠳᠡᠯ ᠢ ᠰᠡᠷᠭᠡᠶᠢᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ ᠶᠠᠪᠤᠳᠠᠯ | ᠪᠣᠯᠤᠨ᠎ᠠ᠂ ᠡᠭᠦᠨ ᠢ ᠥᠴᠦᠬᠡᠨ ᠴᠦ ᠰᠤᠯᠠᠷᠠᠭᠤᠯᠵᠤ ᠪᠣᠯᠬᠤ ᠦᠭᠡᠢ᠂ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ | ᠰᠠᠶᠢᠲᠤᠷ ᠠᠳᠬᠤᠨ᠎ᠠ᠃ | ︵ᠨᠢᠭᠡ︶ ᠴᠤᠬᠤᠶᠢᠯᠲᠠ ᠶᠢᠨ ᠴᠢᠨᠠᠷᠲᠠᠶ ᠬᠡᠯᠪᠡᠷᠢᠯ ᠤᠨ ᠴᠢᠨᠠᠷᠲᠠᠶ ᠠᠰᠠᠭᠤᠳᠠᠯ ᠢ ᠱᠠᠯᠠᠪᠳᠠᠨ ᠰᠢᠢᠳᠪᠦᠷᠢᠯᠡᠬᠦ | ᠳᠡᠭᠡᠷ᠎ᠡ ᠬᠦᠴᠦ ᠲᠠᠯᠪᠢᠵᠤ ᠨᠠᠶᠢᠳᠠᠪᠤᠷᠢᠵᠢᠭᠤᠯᠬᠤ ᠶᠢ ᠠᠳᠬᠤᠨ᠎ᠡ᠃ ᠭᠤᠣᠯᠳᠠᠯᠭ᠎ᠠ ᠲᠠᠢ ᠠᠶᠤᠯ ᠲᠦᠭᠰᠢᠭᠦᠷᠢ ᠶᠢᠨ | ᠭᠡᠮ ᠰᠣᠭᠤᠭ ᠢ ᠤᠨᠢᠨ ᠳᠡᠭᠡᠷ᠎ᠡ ᠨᠢ ᠵᠠᠳᠠᠯᠤᠨ ᠰᠤᠳᠤᠯᠤᠨ ᠮᠠᠭᠠᠳᠯᠠᠵᠤ᠂ ᠠᠶᠤᠯ ᠲᠦᠭᠰᠢᠭᠦᠷᠢ ᠶᠢᠨ ᠭᠡᠮ | ᠰᠣᠭᠤᠭ ᠢ ᠬᠠᠮᠤᠭ ᠤᠨ ᠶᠡᠭᠡ ᠬᠡᠮᠵᠢᠶ᠎ᠡ ᠪᠠᠷ ᠨᠡᠩ ᠭᠦᠢᠴᠡᠳ ᠪᠣᠳᠣᠯᠬᠢᠯᠠᠵᠤ᠂ ᠵᠠᠰᠠᠬᠤ ᠠᠷᠭ᠎ᠠ ᠬᠡᠮᠵᠢᠶ᠎ᠡ ᠶᠢ ᠨᠡᠩ | ᠪᠦᠷᠢᠨ ᠭᠦᠢᠴᠡᠳ ᠪᠣᠳᠣᠯᠬᠢᠯᠠᠨᠡ︔ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠡᠯ᠎ᠡ | ᠱᠠᠲᠤᠨ ᠤ ᠱᠠᠯᠠᠪᠳᠠᠭᠤᠯᠤᠨ ᠪᠠᠶᠢᠴᠠᠭᠠᠬᠤ ᠳᠤ ᠢᠯᠡᠷᠡᠭᠦᠯᠦᠭᠰᠡᠨ ᠠᠰᠠᠭᠤᠳᠠᠯ ᠪᠣᠯᠤᠨ ᠠᠳᠡᠯ ᠳᠤ ᠢᠯᠡᠷᠡᠭᠰᠡᠨ ᠠᠶᠤᠯ | ᠲᠦᠭᠰᠢᠭᠦᠷᠢ ᠶᠢᠨ ᠭᠡᠮ ᠰᠣᠭᠤᠭ ᠲᠤ ᠨᠢᠭᠡ ᠠᠴᠠ ᠵᠦᠢᠴᠢᠯᠡᠵᠦ ᠭᠤᠷᠪᠠ ᠶᠢ ᠤᠨᠤᠭᠠᠬᠤ ᠠᠷᠭ᠎ᠠ ᠪᠤᠳᠤᠯᠭ᠎ᠠ | ᠬᠡᠷᠡᠭᠵᠢᠭᠦᠯᠦᠨ᠎ᠡ︔ ᠴᠤᠭᠭᠠᠷ ᠠᠳᠬᠤᠵᠤ ᠬᠠᠮᠲᠤᠪᠠᠷ ᠬᠠᠮᠢᠶᠠᠷᠬᠤ ᠬᠠᠮᠲᠤᠷᠠᠯ ᠬᠦᠴᠦᠨ ᠢ ᠪᠦᠷᠢᠯᠳᠦᠭᠦᠯᠵᠦ᠂ ︽ | ᠭᠤᠷᠪᠠᠨ ᠡᠷᠬᠡᠪᠰᠢ︾ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠡᠯ᠎ᠡ ᠠᠵᠢᠯ ᠲᠦᠷᠦᠯ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠥᠪᠡᠷ ᠤᠨ ︽ᠬᠠᠷᠢᠭᠤᠴᠠᠯᠭ᠎ᠠ ᠶᠢᠨ ᠲᠠᠷᠢᠶ᠎ᠠ︾ ᠪᠠᠨ ᠰᠠᠶᠢᠲᠤᠷ ᠳᠠᠷᠢᠵᠤ | ᠂ ᠥᠪᠡᠷ ᠤᠨ ᠬᠦᠷᠢᠶᠡᠨ ᠤ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠶᠢ ᠱᠠᠯᠠᠪᠳᠠᠨᠠ᠃ ᠡᠯ᠎ᠡ ᠠᠵᠢᠯ ᠲᠥᠷᠥᠯ | ᠤᠨ ᠬᠦᠷᠢᠶᠡᠨ ᠤ ᠦᠶᠡᠷ ᠤᠨ ᠬᠤᠭᠤᠴᠠᠭ᠎ᠠ᠂ ᠥᠨᠳᠥᠷ ᠳᠤᠯᠠᠭᠠᠨ ᠴᠠᠭ ᠠᠭᠤᠷ ᠤᠨ ᠠᠶᠤᠯᠬᠦᠢ ᠦᠢᠯᠡᠳᠪᠦᠷᠢᠯᠡᠯ | ᠤᠨ ᠠᠵᠢᠯ ᠤᠨ ᠣᠨᠴᠠᠯᠢᠭ ᠢ ᠲᠤᠪᠤᠶᠢᠯᠭᠠᠨ᠂ ᠪᠠᠶᠢᠴᠠᠭᠠᠬᠤ᠂ ᠲᠠᠯᠳᠠ ᠭᠡᠮ ᠢ ᠵᠠᠰᠠᠬᠤ᠂ ᠡ᠊ᠨᠳᠡᠯ ᠢ ᠰᠡᠷᠭᠡᠶᠢᠯᠡᠬᠦ ᠶᠢ | ᠪᠥᠬᠦ ᠬᠦᠴᠦᠨ ᠢᠶᠠᠷ ᠢᠶᠠᠨ ᠠᠳᠬᠤᠵᠤ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠦᠨ᠎ᠡ᠃ ᠡᠯ᠎ᠡ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢ ᠰᠢᠮᠳᠠᠭᠤᠯᠵᠤ ᠪᠠᠶᠢᠭᠠᠳ | ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠬᠤᠯᠪᠣᠭᠳᠠᠯ ᠪᠥᠬᠦᠶ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠠᠶᠤᠯᠬᠦᠢ ᠦᠢᠯᠡᠳᠪᠦᠷᠢᠯᠡᠯ ᠤᠨ ᠳᠠᠯᠳᠠ ᠬᠡᠮ ᠢ ᠵᠢᠭᠰᠠᠭᠠᠨ | ᠪᠠᠶᠢᠴᠠᠭᠠᠵᠤ ᠵᠠᠰᠠᠬᠤ ᠪᠠ ᠠᠶᠦᠯᠬᠦᠢ ᠶᠢᠨ ᠲᠦᠭᠰᠢᠭᠦᠷᠢ ᠶᠢ ᠮᠡᠳᠡᠭᠳᠡᠬᠦ ᠶᠢ ᠬᠢᠨᠠᠮᠠᠭᠠᠶ ᠵᠣᠬᠢᠶᠠᠨ ᠪᠠᠶᠢᠭᠤᠯᠤᠨ | ᠥᠷᠨᠢᠭᠦᠯᠵᠦ᠂ ᠠᠶᠤᠯᠬᠦᠢ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠦᠨ᠎ᠡ᠃ | ︵ᠬᠤᠶᠠᠷ︶ ᠴᠢᠩᠭ᠎ᠠ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠳᠡᠭᠡᠷ᠎ᠡ ᠬᠦᠴᠦ ᠲᠠᠯᠪᠢᠵᠤ | ᠨᠠᠶᠢᠳᠠᠪᠤᠷᠢᠵᠢᠭᠤᠯᠤᠯᠲᠠ ᠶᠢ ᠠᠳᠬᠤᠨ᠎ᠡ᠃ ᠤᠨᠢᠨ ᠳᠡᠭᠡᠷ᠎ᠡ ᠨᠢ ᠬᠠᠤᠯᠢ ᠬᠡᠷᠡᠭᠵᠢᠭᠦᠯᠬᠦ ᠶᠢ ᠲᠤᠪᠤᠶᠢᠯᠭᠠᠵᠦ᠂ ᠠᠵᠤ | ᠠᠬᠤᠶᠢᠯᠠᠯ ᠤᠨ ᠠᠮᠤᠷ ᠲᠦᠪᠰᠢᠨ ᠤ ᠪᠠᠶᠢᠳᠠᠯ ᠢ ᠦᠨᠡᠨᠬᠦ ᠡᠵᠡᠮᠰᠢᠵᠦ᠂ ︽ᠲᠦᠷᠪᠡ ᠶᠢ ᠬᠡᠷᠡᠭᠵᠢᠭᠦᠯᠬᠦ ᠦᠭᠡᠢ | ᠬᠤᠶᠠᠷ ᠰᠢᠭᠤᠳ︾ ᠤᠨ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ᠂ ᠲᠤᠰᠬᠠᠢ ᠮᠡᠷᠭᠡᠵᠢᠯᠲᠡᠨ | ᠵᠢᠯᠣᠭᠤᠳᠤᠨ ᠪᠠᠶᠢᠴᠠᠭᠠᠬᠤ᠂ ᠭᠤᠣᠯᠳᠠᠯᠭ᠎ᠠ ᠲᠠᠢ ᠱᠠᠯᠠᠪᠳᠠᠭᠤᠯᠤᠨ ᠵᠢᠯᠣᠭᠤᠳᠬᠤ ᠵᠡᠷᠭᠡ ᠠᠷᠭ᠎ᠠ ᠬᠡᠯᠪᠡᠷᠢ ᠪᠠᠷ | ᠭᠤᠣᠯᠳᠠᠯᠭ᠎ᠠ ᠶᠢ ᠨᠢ ᠰᠢᠭᠤᠳ ᠵᠢᠭᠠᠵᠤ᠂ ᠤᠨᠢᠨ ᠳᠡᠭᠡᠷ᠎ᠡ ᠨᠢ ᠬᠦᠴᠦᠯᠡᠨ᠎ᠡ︔ ᠬᠠᠮᠲᠤᠷᠠᠨ ᠬᠠᠤᠯᠢ ᠬᠡᠷᠡᠭᠵᠢᠭᠦᠯᠬᠦ ᠶᠢ | ᠴᠢᠩᠭᠠᠳᠬᠠᠵᠤ᠂ ︽ᠰᠠᠯᠠᠭ᠎ᠠ ᠮᠥᠴᠢᠷ ᠲᠠᠢ ᠳᠡᠭᠡᠳᠦ ᠳᠣᠤᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ | ᠰᠠᠯᠠᠭ᠎ᠠ ᠮᠥᠴᠢᠷ ᠠᠯᠤᠰᠯᠠᠨ ᠵᠡᠭᠦᠨᠰᠢ ᠪᠠᠷᠠᠭᠤᠨᠰᠢ ᠬᠠᠮᠵᠢᠯᠴᠠᠬᠤ︾ ᠬᠢᠨᠠᠯᠲᠠ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠬᠦ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠦᠯᠲᠡ ᠶᠢᠨ ᠪᠣᠳᠠᠲᠤ ᠦᠷ᠎ᠡ ᠪᠦᠳᠦᠮᠵᠢᠳᠤ ᠴᠢᠨᠠᠷ ᠢ ᠳᠡᠭᠡᠭᠰᠢᠯᠡᠭᠦᠯᠦᠨ᠎ᠡ︔ ᠬᠠᠤᠯᠢ ᠶᠢ ᠴᠢᠩᠭ᠎ᠠ | ᠬᠡᠷᠡᠭᠵᠢᠭᠦᠯᠬᠦ ᠶᠢ ᠪᠠᠷᠢᠮᠲᠠᠯᠠᠵᠤ᠂ ᠡᠷᠡᠭᠦᠦ ᠶᠢᠨ ᠬᠠᠤᠯᠢ ᠳᠤ ᠵᠠᠰᠠᠪᠤᠷᠢ ᠣᠷᠣᠭᠤᠯᠤᠭᠰᠠᠨ ᠲᠥᠰᠦᠯ ︵ᠠᠷᠪᠠᠨ ᠨᠢᠭᠡ︶ | ᠪᠠ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠠᠶᠤᠯᠭᠦᠶ ᠦᠢᠯᠡᠳᠪᠦᠷᠢᠯᠡᠯ ᠤᠨ ᠬᠠᠤᠯᠢ ᠶᠢ ᠭᠦᠢᠴᠡᠳ ᠪᠥᠭᠡᠳ | ᠰᠠᠶᠢᠲᠤᠷ ᠬᠡᠷᠡᠭᠯᠡᠵᠦ᠂ ᠬᠠᠤᠯᠢ ᠶᠢ ᠵᠥᠷᠢᠴᠡᠭᠰᠡᠨ ᠬᠦᠨᠳᠦ ᠶᠡᠭᠡ ᠦᠢᠯᠡ ᠠᠵᠢᠯᠯᠠᠭ᠎ᠠ ᠳᠤ ᠵᠣᠷᠢᠭᠲᠠᠶ ᠪᠠᠷ ︽ | ᠬᠤᠷᠴᠠ ᠰᠡᠯᠡᠮ᠎ᠡ︾ ᠶᠢ ᠬᠡᠷᠡᠭᠯᠡᠨ᠎ᠡ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠴᠦ ᠲᠤᠰᠬᠠᠶ | ᠮᠡᠷᠭᠡᠵᠢᠯᠲᠡᠨ ᠤᠷᠢᠬᠤ ᠠᠷᠭ᠎ᠠ ᠮᠠᠶ᠋ᠢᠭ ᠢ ᠠᠪᠴᠤ᠂ ᠰᠦᠯᠵᠢᠶ᠎ᠡ ᠳᠠᠳᠠᠬᠤ ᠬᠡᠯᠪᠡᠷᠢ ᠪᠠᠷ᠂ ᠨᠢᠭᠡ ᠶᠢ ᠴᠦ | ᠣᠷᠬᠢᠭᠳᠠᠭᠤᠯᠬᠤ ᠥᠬᠡᠶ ᠪᠠᠷ ᠵᠢᠭᠰᠠᠭᠠᠨ ᠪᠠᠶᠢᠴᠠᠭᠠᠵᠤ᠂ ᠵᠢᠭᠰᠠᠭᠠᠨ ᠪᠠᠶᠢᠴᠠᠭᠠᠵᠤ ᠭᠠᠷᠭᠠᠭᠰᠠᠨ ᠠᠰᠠᠭᠤᠳᠠᠯ ᠪᠠ | ᠬᠡᠮ ᠰᠣᠭᠤᠭ ᠢ ︽ᠥᠴᠦᠬᠡᠨ ᠴᠦ ᠠᠭᠤᠴᠢᠯᠠᠬᠤ ᠥᠬᠡᠶ︾᠂ ᠳᠤᠲᠠᠭᠤ ᠲᠤᠷᠭᠤᠨ ᠪᠠᠶᠢᠯᠭᠠᠬᠤ ᠥᠬᠡᠶ᠂ ᠥᠨᠴᠥᠭ | ᠪᠤᠯᠤᠩ ᠦᠯᠡᠳᠡᠭᠡᠬᠦ ᠥᠬᠡᠶ᠂ ᠶᠣᠰᠣᠨ ᠲᠡᠳᠦᠶ ᠥᠩᠭᠡᠷᠡᠭᠦᠯᠬᠦ ᠥᠬᠡᠶ ᠪᠠᠶᠢᠵᠤ᠂ ᠵᠢᠭᠰᠠᠭᠠᠨ ᠪᠠᠶᠢᠴᠠᠭᠠᠵᠤ | ᠭᠠᠷᠭᠠᠭᠰᠠᠨ ᠬᠡᠮ ᠰᠣᠭᠤᠭ ᠨᠢᠭᠡᠪᠦᠷᠢ᠂ ᠪᠠᠭᠤᠷᠠᠶ ᠭᠤᠭᠴᠤᠭ᠎ᠠ ᠨᠢᠭᠡᠪᠦᠷᠢ ᠳᠤ ᠴᠥᠮ ᠠᠷᠭ᠎ᠠ ᠬᠡᠮᠵᠢᠶ᠎ᠡ ᠲᠣᠭᠲᠠᠭᠠᠵᠤ | ᠂ ᠪᠠᠷᠢᠮᠵᠢᠶ᠎ᠠ ᠲᠣᠭᠲᠠᠭᠠᠵᠤ᠂ ᠬᠤᠭᠤᠴᠠᠭ᠎ᠠ ᠲᠣᠭᠲᠠᠭᠠᠵᠤ᠂ ᠬᠠᠷᠢᠭᠤᠴᠠᠯᠭᠠᠲᠠᠨ ᠢ ᠲᠣᠭᠲᠠᠭᠠᠨ᠂ ᠲᠥᠷᠥᠯ | ᠬᠤᠪᠢᠶᠠᠨ ᠵᠠᠰᠠᠵᠤ᠂ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠡ᠃ ᠴᠡᠭᠴᠡᠯᠡᠨ | ᠰᠠᠶᠢᠵᠢᠷᠠᠭᠤᠯᠬᠤ ᠶᠢ ᠲᠡᠪᠴᠢᠭᠰᠡᠨ ᠪᠤᠶᠤ ᠴᠡᠭᠴᠡᠯᠡᠨ ᠰᠠᠶᠢᠵᠢᠷᠠᠭᠤᠯᠤᠭᠰᠠᠨ ᠨᠢ ᠮᠥᠨ ᠬᠦ ᠠᠮᠤᠷ ᠲᠦᠪᠰᠢᠨ ᠤ | ᠱᠠᠭᠠᠷᠳᠠᠯᠭ᠎ᠠ ᠳᠤ ᠬᠦᠷᠴᠦ ᠳᠡᠶᠢᠯᠬᠦ ᠥᠬᠡᠶ ᠶᠢ ᠨᠢ ᠡᠷᠡᠰ ᠢᠶᠠᠷ ᠬᠠᠭᠠᠵᠤ ᠵᠣᠭᠰᠣᠭ᠋ᠨᠡ᠃ ᠠᠶᠤᠯᠭᠦᠶ | ᠦᠢᠯᠡᠳᠪᠦᠷᠢᠯᠡᠯ ᠤᠨ ᠬᠦᠨᠳᠦ ᠶᠡᠭᠡ ᠲᠡᠯᠳᠠ ᠭᠡᠮ ᠣᠷᠣᠰᠢᠵᠤ ᠪᠠᠶᠢᠭ᠎ᠠ ᠠᠵᠤ ᠠᠬᠤᠶᠢᠯᠠᠯ ᠢ ᠡᠷᠡᠰ ᠢᠶᠠᠷ | ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠨ᠎ᠡ᠃ ᠴᠢᠬᠤᠯᠠ ᠶᠡᠭᠡ ᠠᠵᠢᠯᠯᠠᠭ᠎ᠠ ᠶᠢᠨ ᠬᠤᠭᠤᠴᠠᠭᠠᠨ ᠳᠤ | ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠭᠠᠷᠤᠭᠰᠠᠨ ᠪᠠᠶᠢᠪᠠᠯ᠂ ᠲᠡᠰ ᠳᠡᠪᠰᠢᠭᠦᠯᠦᠨ ᠪᠠᠶᠢᠴᠠᠭᠠᠵᠤ᠂ ᠬᠠᠤᠯᠢ | ᠶᠣᠰᠣᠭᠠᠷ ᠴᠢᠩᠭ᠎ᠠ᠂ ᠬᠦᠨᠳᠦ ᠪᠥᠭᠡᠳ ᠲᠦᠷᠭᠡᠨ ᠰᠢᠳᠬᠡᠵᠦ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ | ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ︔ ᠤᠴᠢᠷ ᠶᠠᠪᠤᠳᠠᠯ ᠳᠤ ᠬᠤᠯᠪᠣᠭᠳᠠᠭᠰᠠᠨ ᠠᠵᠤ ᠠᠬᠤᠶᠢᠯᠠᠯ ᠢ ᠴᠥᠮ | ᠬᠠᠤᠯᠢ ᠶᠣᠰᠣᠭᠠᠷ ᠦᠢᠯᠡᠳᠪᠦᠷᠢᠯᠡᠯ ᠢ ᠨᠢ ᠵᠣᠭᠰᠣᠭᠠᠵᠤ ᠠᠵᠢᠯ ᠢ ᠨᠢ ᠵᠣᠭᠰᠣᠭᠠᠨ ᠴᠡᠭᠴᠡᠯᠡᠵᠦ᠂ ᠬᠤᠯᠪᠣᠭᠳᠠᠯ | ᠪᠦᠬᠦᠢ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠴᠢᠩᠭ᠎ᠠ ᠰᠢᠯᠭᠠᠨ ᠠᠪᠤᠭᠰᠠᠨ ᠤ ᠳᠠᠷᠠᠭ᠎ᠠ ᠰᠠᠶ᠋ᠢ | ᠦᠢᠯᠡᠳᠪᠦᠷᠢᠯᠡᠯ ᠢ ᠨᠢ ᠰᠡᠷᠭᠦᠭᠡᠵᠦ ᠪᠣᠯᠤᠨ᠎ᠠ᠃ ᠡ᠊ᠨᠳᠡᠯ ᠭᠠᠷᠤᠭᠰᠠᠨ ᠠᠵᠤ ᠠᠬᠤᠶᠢᠯᠠᠯ ᠳᠤ ᠴᠥᠮ ︽ᠲᠦᠷᠪᠡᠨ | ᠡᠷᠡᠰ︾ ᠢ ᠪᠡᠶᠡᠯᠡᠭᠦᠯᠦᠭᠰᠡᠨ ᠪᠠᠶᠢᠬᠤ ᠬᠡᠷᠡᠭᠳᠡᠢ᠂ ᠲᠤᠬᠠᠶᠢᠯᠠᠪᠠᠯ ᠬᠥᠮᠦᠨ ᠢ ᠦᠬᠦᠭᠦᠯᠦᠭᠰᠡᠨ ᠪᠠᠶᠢᠪᠠᠯ᠂ | ᠦᠢᠯᠡᠳᠪᠦᠷᠢᠯᠡᠯ ᠢ ᠨᠢ ᠪᠦᠬᠦ ᠲᠠᠯ᠎ᠠ ᠪᠠᠷ ᠡᠷᠡᠰ ᠵᠣᠭᠰᠣᠭᠠᠨ ᠴᠡᠭᠴᠡᠯᠡᠭᠰᠡᠨ ᠪᠠᠶᠢᠬᠤ ᠬᠡᠷᠡᠭᠳᠡᠢ︔ ᠡ᠊ᠨᠳᠡᠯ ᠤᠨ | ᠰᠢᠯᠲᠠᠭᠠᠨ ᠢ ᠡᠷᠡᠰ ᠢᠶᠠᠷ ᠪᠠᠶᠢᠴᠠᠭᠠᠨ ᠲᠣᠳᠣᠷᠬᠠᠶᠢᠯᠠᠬᠤ ᠬᠡᠷᠡᠭᠲᠡᠶ︔ ᠣᠷᠣᠰᠢᠵᠤ ᠪᠠᠶᠢᠭ᠎ᠠ ᠬᠡᠮ ᠰᠣᠭᠤᠭ ᠢ | ᠡᠷᠡᠰ ᠢᠶᠠᠷ ᠴᠡᠭᠴᠡᠯᠡᠨ ᠵᠠᠰᠠᠬᠤ ᠬᠡᠷᠡᠭᠲᠡᠢ︔ ᠡ᠊ᠨᠳᠡᠯ ᠤᠨ ᠬᠠᠷᠢᠭᠤᠴᠠᠯᠭ᠎ᠠ ᠲᠠᠢ ᠬᠥᠮᠦᠨ ᠠᠴᠠ ᠡᠷᠡᠰ ᠴᠢᠩᠭ᠎ᠠ | ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠂ ᠵᠣᠭᠤᠰ ᠢᠶᠠᠷ ᠲᠣᠷᠭᠠᠭᠠᠳ ᠯᠠ ᠪᠠᠶᠢᠵᠤ ᠪᠣᠯᠬᠤ ᠦᠭᠡᠢ᠃ | ︵ᠭᠤᠷᠪᠠ︶ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠰᠡᠷᠭᠡᠶᠢᠯᠡᠬᠦ ᠠᠵᠢᠯ ᠢ ᠦᠷᠭᠦᠯᠵᠢᠯᠡᠨ | ᠥᠷᠨᠢᠭᠦᠯᠦᠨ᠎ᠡ᠃ ᠨᠢᠭᠡ ᠳᠤ᠂ ᠭᠠᠯ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ᠂ ᠤᠯᠤᠰ ᠤᠨ ᠥᠮᠴᠢᠯᠡᠯᠲᠦ | ᠣᠶ ᠰᠢᠭᠤᠶ ᠶᠢᠨ ᠲᠠᠯᠠᠪᠠᠶ᠂ ᠭᠤᠤᠯᠳᠠᠯᠭ᠎ᠠ ᠲᠠᠢ ᠨᠣᠭᠤᠭᠠᠷᠠᠭᠤᠯᠬᠤ ᠲᠥᠷᠥᠯ ᠵᠦᠢᠯ ᠤᠨ ᠲᠣᠭᠤᠷᠢᠭ᠂ ᠣᠶ | ᠰᠢᠭᠤᠶ ᠶᠢᠨ ᠴᠡᠴᠡᠷᠯᠢᠭ᠂ ᠪᠤᠯᠠᠰᠢ ᠶᠢᠨ ᠭᠠᠵᠠᠷ ᠵᠡᠷᠭᠡ ᠭᠤᠤᠯᠳᠠᠯᠭ᠎ᠠ ᠲᠠᠢ ᠭᠠᠵᠠᠷ ᠲᠤ ᠲᠦᠷ ᠴᠠᠭ ᠤᠨ ᠭᠠᠯ | ᠰᠡᠷᠭᠡᠶᠢᠯᠡᠬᠦ ᠪᠠᠶᠢᠴᠠᠭᠠᠯᠲᠠ ᠶᠢᠨ ᠥᠷᠲᠡᠭᠡᠨ ᠤ ᠬᠤᠷᠢᠭ᠎ᠠ ᠨᠡᠮᠡᠵᠦ᠂ ᠰᠠᠬᠢᠨ ᠬᠠᠮᠠᠭᠠᠯᠠᠬᠤ ᠪᠠᠨ ᠴᠢᠩᠭᠠᠳᠬᠠᠨ᠂ | ᠳᠣᠲᠣᠷ᠎ᠠ ᠪᠠᠨ ᠴᠡᠪᠡᠷᠯᠡᠵᠦ ᠭᠠᠳᠠᠨ᠎ᠠ ᠪᠠᠨ ᠪᠢᠲᠡᠭᠦᠮᠵᠢᠯᠡᠵᠦ᠂ ᠭᠠᠯ ᠤᠨ ᠡᠬᠢ ᠠᠭᠤᠯᠠᠨ ᠳᠤ ᠣᠷᠣᠵᠤ ᠣᠶ | ᠰᠢᠭᠤᠶ ᠳᠤ ᠣᠷᠣᠬᠤ ᠶᠢ ᠴᠢᠩᠭ᠎ᠠ ᠴᠠᠭᠠᠵᠠᠯᠠᠨ᠎ᠠ᠃ ᠬᠤᠶᠠᠷ ᠲᠤ᠂ ᠬᠡᠤᠬᠡᠳ᠂ ᠣᠶᠤᠨ ᠤ ᠰᠠᠭᠠᠳ ᠲᠠᠢ ᠬᠥᠮᠦᠰ | ᠵᠡᠷᠭᠡ ᠭᠤᠤᠯᠳᠠᠯᠭ᠎ᠠ ᠲᠠᠢ ᠬᠥᠮᠦᠰ ᠲᠤ ᠲᠤᠰᠬᠠᠶ ᠬᠥᠮᠦᠨ ᠬᠠᠷᠠᠵᠤ ᠬᠠᠮᠢᠶᠠᠷᠬᠤ ᠶᠢ ᠨᠠᠶᠢᠳᠠᠪᠤᠷᠢᠵᠢᠭᠤᠯᠵᠤ᠂ ᠳᠠᠬᠢᠯ | ᠡᠷᠬᠦᠬᠦ ᠪᠤᠯᠠᠰᠢ ᠳᠤ ᠰᠢᠷᠤᠢ ᠨᠡᠮᠡᠬᠦ ᠢᠯᠡ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠡᠰᠢ ᠰᠦᠷᠡᠯ᠂ ᠪᠤᠵᠠᠷ | ᠡᠪᠡᠰᠦ᠂ ᠬᠤᠭ ᠨᠣᠪᠰᠢ ᠶᠢ ᠭᠠᠳᠠᠨ᠎ᠠ ᠰᠢᠲᠠᠭᠠᠬᠤ ᠶᠢ ᠴᠢᠩᠭ᠎ᠠ ᠴᠠᠭᠠᠵᠠᠯᠠᠵᠤ᠂ ᠭᠠᠯ ᠰᠡᠷᠭᠡᠶᠢᠯᠡᠬᠦ ᠣᠷᠣᠨ ᠳᠤ | ᠲᠠᠮᠠᠬᠢ ᠲᠠᠲᠠᠬᠤ ᠵᠡᠷᠭᠡ ᠭᠠᠯ ᠤᠨ ᠭᠠᠮᠰᠢᠭ ᠢ ᠠᠮᠠᠷᠬᠠᠨ ᠡᠭᠦᠰᠭᠡᠬᠦ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ | ᠭᠤᠷᠪᠠ ᠳᠤ ᠭᠠᠯ ᠰᠡᠷᠭᠡᠶᠢᠯᠡᠬᠦ ᠤᠬᠠᠭᠤᠯᠭ᠎ᠠ ᠶᠢ ᠴᠢᠩᠭᠠᠳᠬᠠᠵᠤ᠂ ᠲᠧᠯᠸᠢᠰ᠂ ᠷᠠᠳᠢᠣ᠋᠂ ᠰᠣᠨᠢᠨ ᠰᠡᠳᠬᠦᠯ᠂ | ᠰᠦᠯᠵᠢᠶ᠎ᠡ ᠵᠡᠷᠭᠡ ᠵᠠᠭᠤᠴᠢᠯᠠᠭᠤᠷ᠂ ᠣᠬᠤᠷ ᠮᠡᠳᠡᠭᠡ᠂ ᠸᠢᠴᠠᠲ ᠵᠡᠷᠭᠡ ᠲᠠᠪᠴᠠᠩ ᠢ ᠠᠰᠢᠭᠯᠠᠨ ᠪᠠᠶᠢᠩᠭᠤ ᠶᠢᠨ | ᠴᠢᠨᠠᠷᠲᠠᠶ ᠭᠠᠯ ᠰᠡᠷᠭᠡᠶᠢᠯᠡᠬᠦ ᠤᠬᠠᠭᠤᠯᠭ᠎ᠠ ᠶᠢ ᠥᠷᠨᠢᠭᠦᠯᠵᠦ᠂ ᠭᠠᠯ ᠰᠡᠷᠭᠡᠶᠢᠯᠡᠬᠦ ᠤᠬᠠᠭᠤᠯᠭ᠎ᠠ ᠶᠢᠨ ᠹᠢᠯᠢᠮ | ᠵᠤᠬᠢᠶᠠᠵᠤ ᠤᠯᠠᠭᠠᠨᠴᠠᠪ ᠤᠨ ᠲᠧᠯᠸᠢᠰ ᠬᠤᠷᠢᠶ᠎ᠠ ᠳᠤ ᠡᠷᠭᠢᠯᠳᠦᠭᠦᠯᠦᠨ ᠨᠡᠪᠲᠡᠷᠡᠭᠦᠯᠦᠨ᠎ᠡ︔ ᠤᠯᠤᠰ ᠤᠨ | ᠥᠮᠴᠢᠯᠡᠯᠲᠦ ᠣᠶ ᠰᠢᠭᠤᠶ ᠶᠢᠨ ᠲᠠᠯᠠᠪᠠᠶ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ᠂ ᠭᠤᠤᠯᠳᠠᠯᠭ᠎ᠠ ᠲᠠᠢ | ᠨᠣᠭᠤᠭᠠᠷᠠᠭᠤᠯᠤᠯᠲᠠ ᠶᠢᠨ ᠣᠷᠣᠨ ᠪᠦᠰᠡ ᠵᠢᠴᠢ ᠭᠤᠤᠯ ᠪᠣᠯᠬᠤ ᠵᠠᠮ ᠬᠠᠷᠢᠯᠴᠠᠭᠠᠨ ᠤ ᠭᠤᠤᠯ ᠱᠤᠭᠤᠮ ᠵᠡᠷᠭᠡ | ᠭᠠᠯ ᠤᠨ ᠠᠶᠤᠯ ᠤᠨ ᠲᠦᠭᠰᠢᠭᠦᠷᠢ ᠶᠡᠬᠡᠲᠡᠶ ᠣᠷᠣᠨ ᠳᠤ ᠭᠠᠯ ᠰᠡᠷᠭᠡᠶᠢᠯᠡᠬᠦ ᠤᠬᠠᠭᠤᠯᠭ᠎ᠠ ᠶᠢᠨ ᠬᠥᠰᠢᠶ᠎ᠡ᠂ | ᠤᠬᠠᠭᠤᠯᠭ᠎ᠠ ᠶᠢᠨ ᠫᠠᠶᠢᠰᠠ ᠪᠠᠶᠢᠷᠢᠯᠠᠭᠤᠯᠤᠨ᠎ᠠ︔ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ | ᠲᠣᠭᠤᠷᠢᠭ ᠤᠨ ᠡᠷᠬᠢᠨ ᠲᠣᠭᠤᠷᠢᠨ ᠤ ᠲᠣᠰᠬᠤᠨ ᠳᠤ ᠤᠬᠠᠭᠤᠯᠭ᠎ᠠ ᠶᠢᠨ ᠤᠷᠢᠶ᠎ᠠ ᠱᠣᠸᠠᠰᠠᠳᠠᠵᠤ ᠪᠢᠴᠢᠨ᠎ᠡ︔ | ᠰᠤᠷᠭᠠᠭᠤᠯᠢ᠂ ᠠᠭᠤᠳᠠᠮ ᠲᠠᠯᠠᠪᠠᠶ᠂ ᠴᠡᠴᠡᠷᠯᠢᠭ ᠵᠡᠷᠭᠡ ᠳᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ | ᠭᠤᠤᠯᠳᠠᠯᠭ᠎ᠠ ᠲᠠᠢ ᠠᠶᠢᠯ ᠲᠣᠰᠬᠤᠨ ᠳᠤ ᠤᠬᠠᠭᠤᠯᠭ᠎ᠠ ᠶᠢᠨ ᠲᠡᠷᠭᠡᠨ ᠤ ᠪᠦᠷᠢᠶ᠎ᠡ ᠶᠢᠨ ᠬᠡᠯᠪᠡᠷᠢ ᠪᠠᠷ ᠲᠣᠭᠤᠷᠢᠨ | ᠨᠡᠪᠲᠡᠷᠡᠭᠦᠯᠵᠦ᠂ ᠭᠠᠯ ᠰᠡᠷᠭᠡᠶᠢᠯᠡᠬᠦ ᠮᠡᠳᠡᠯᠭᠡ ᠶᠢ ᠬᠢᠴᠢᠶᠡᠯ ᠤᠨ ᠲᠠᠩᠬᠢᠮ᠂ ᠨᠡᠶᠢᠭᠡᠮ ᠲᠣᠭᠤᠷᠢᠭ᠂ ᠲᠠᠷᠢᠶᠠᠴᠢᠨ | ᠡᠷᠦᠬᠡ ᠳᠤ ᠣᠷᠣᠭᠤᠯᠬᠤ ᠶᠢ ᠢᠳᠡᠪᠬᠢᠲᠡᠶ ᠠᠬᠢᠭᠤᠯᠤᠨ᠎ᠠ᠃ ᠲᠦᠷᠪᠡ ᠳᠤ᠂ 24 ᠴᠠᠭ ᠢᠶᠠᠷ ᠵᠢᠵᠢᠭᠦᠷᠯᠡᠬᠦ ᠪᠠ | ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ︽ᠭᠠᠯ ᠪᠠᠶᠢᠪᠠᠯ ᠵᠠᠪᠠᠯ | ᠮᠡᠳᠡᠭᠦᠯᠬᠦ︾ ᠲᠦᠷᠢᠮ ᠢ ᠴᠢᠩᠭ᠎ᠠ ᠬᠡᠷᠡᠭᠵᠢᠭᠦᠯᠦᠨ᠎ᠡ᠃ | ︵ᠲᠥᠷᠪᠡ︶ ᠦᠶᠡᠷ ᠢ ᠰᠡᠷᠬᠡᠶᠢᠯᠡᠨ ᠭᠠᠩ ᠬᠠᠭᠰᠠᠷᠭᠠᠨ ᠢ ᠡᠰᠡᠷᠬᠦᠴᠡᠬᠦ ᠡᠯ᠎ᠡ ᠵᠦᠢᠯ ᠤᠨ ᠠᠵᠢᠯ ᠢ | ᠴᠢᠩᠭᠠᠳᠬᠠᠨ᠎ᠠ᠃ ᠨᠢᠭᠡ ᠳᠤ ᠠᠷᠭᠠᠴᠠᠬᠤ ᠪᠡᠯᠡᠳᠬᠡᠯ ᠠᠵᠢᠯ ᠢ ᠪᠣᠳᠠᠲᠠᠶ ᠪᠥᠭᠡᠳ ᠨᠠᠷᠢᠯᠢᠭ ᠠᠳᠬᠤᠨ᠎ᠠ᠃ ᠡᠯ᠎ᠡ | ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠦᠯ ᠢ ᠨᠠᠷᠢᠯᠢᠬᠵᠢᠭᠤᠯᠤᠨ ᠰᠢᠯᠢᠳᠡᠭᠵᠢᠭᠦᠯᠵᠦ᠂ ᠦᠶᠡᠷ ᠢ ᠰᠡᠷᠬᠡᠶᠢᠯᠡᠨ ᠭᠠᠩ | ᠬᠠᠭᠰᠠᠷᠭᠠᠨ ᠢ ᠡᠰᠡᠷᠬᠦᠴᠡᠬᠦ᠂ ᠳᠣᠰᠬᠤᠨ ᠤ ᠠᠷᠠᠳ ᠤᠨ ᠭᠠᠮᠰᠢᠭ ᠠᠴᠠ ᠠᠪᠤᠷᠠᠬᠤ᠂ ᠬᠤᠳᠠ ᠶᠢᠨ ᠤᠰᠤᠲᠤᠯ ᠤᠨ | ᠪᠠᠴᠢᠮ ᠪᠠᠶᠢᠳᠠᠯ ᠢ ᠠᠷᠭᠠᠴᠠᠬᠤ ᠵᠡᠷᠭᠡ ᠡᠯ᠎ᠡ ᠲᠦᠷᠦᠯ ᠤᠨ ᠪᠡᠯᠡᠳᠬᠡᠯ ᠲᠥᠰᠦᠯ ᠳᠤ ᠲᠦᠷᠭᠡᠪᠴᠢᠯᠡᠨ ᠵᠠᠰᠠᠪᠤᠷᠢ | ᠣᠷᠣᠭᠤᠯᠤᠨ ᠨᠠᠶᠢᠷᠠᠭᠤᠯᠤᠨ ᠵᠣᠬᠢᠶᠠᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠵᠢᠯᠣᠭᠤᠳᠤᠨ | ᠲᠣᠬᠢᠷᠠᠭᠤᠯᠬᠤ᠂ ᠠᠶᠤᠯ ᠠᠴᠠ ᠠᠪᠤᠷᠠᠨ ᠲᠤᠰᠠᠯᠠᠬᠤ᠂ ᠭᠠᠮᠰᠢᠭ ᠤᠨ ᠳᠠᠷᠠᠭᠠᠬᠢ ᠰᠡᠷᠭᠦᠭᠡᠯᠲᠡ ᠵᠡᠷᠭᠡ ᠡᠯ᠎ᠡ | ᠵᠠᠩᠭᠢᠯᠠᠭ᠎ᠠ ᠶᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠭᠠᠷᠴᠤ ᠮᠡᠳᠡᠬᠦ ᠬᠡᠲᠦᠷᠡᠮᠡᠬᠡᠶ ᠪᠠᠶᠢᠳᠠᠯ ᠢ ᠬᠦᠢᠴᠡᠳ | ᠪᠣᠳᠣᠯᠬᠢᠯᠠᠵᠤ᠂ ᠴᠢᠭᠯᠡᠭᠦᠯᠬᠦ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠠᠷᠭ᠎ᠠ ᠬᠡᠮᠵᠢᠶ᠎ᠡ ᠪᠠ ᠠᠷᠭ᠎ᠠ ᠪᠠᠷᠢᠯ ᠢ | ᠳᠤᠷᠠᠳᠤᠨ ᠭᠠᠷᠭᠠᠵᠤ᠂ ᠲᠣᠭᠲᠠᠭᠠᠭᠰᠠᠨ ᠪᠡᠯᠡᠳᠬᠡᠯ ᠲᠥᠰᠦᠯ ᠤᠨ ᠪᠣᠳᠠᠲᠤ ᠬᠡᠷᠡᠭᠴᠡᠭᠡ ᠲᠠᠢ᠂ ᠲᠤᠰᠠᠲᠠᠶ ᠪᠠᠶᠢᠬᠤ ᠶᠢ | ᠦᠨᠡᠨᠬᠦ ᠪᠠᠲᠤᠯᠠᠨ᠎ᠡ᠃ ᠶᠡᠷᠦᠩᠬᠡᠶᠢᠯᠡᠭᠰᠡᠨ ᠪᠣᠳᠠᠲᠤ ᠪᠠᠶᠢᠯᠳᠤᠭᠠᠨ ᠤ ᠰᠣᠷᠢᠯᠲᠠ ᠶᠢ ᠰᠠᠶᠢᠲᠤᠷ ᠬᠢᠵᠦ᠂ ᠡᠯ᠎ᠡ ᠲᠡᠰ | ᠳᠠᠪᠬᠤᠷᠭ᠎ᠠ᠂ ᠡᠯ᠎ᠡ ᠲᠦᠷᠦᠯ ᠤᠨ ᠪᠤᠰᠤᠳ ᠦᠶᠡᠷ ᠤᠰᠤᠲᠤᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ | ᠪᠣᠳᠠᠲᠤ ᠪᠠᠶᠢᠯᠳᠤᠭᠠᠨ ᠤ ᠳᠠᠭᠤᠷᠢᠶᠠᠮᠠᠯ ᠰᠣᠷᠢᠯᠲᠠ ᠶᠢ ᠴᠠᠭ ᠲᠤᠬᠠᠶ ᠳᠤᠨᠢ ᠥᠷᠨᠢᠭᠦᠯᠵᠦ᠂ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠦᠯ ᠢ ᠲᠠᠰᠤᠷᠠᠯᠳᠠ ᠦᠭᠡᠢ ᠰᠢᠯᠭᠠᠨ ᠪᠠᠶᠢᠴᠠᠭᠠᠵᠤ ᠲᠡᠭᠦᠯᠳᠡᠷᠵᠢᠭᠦᠯᠦᠨ᠂ ᠦᠶᠡᠷ ᠢ | ᠰᠡᠷᠬᠡᠶᠢᠯᠡᠨ ᠭᠠᠩ ᠬᠠᠭᠰᠠᠷᠭᠠᠨ ᠢ ᠡᠰᠡᠷᠬᠦᠴᠡᠵᠤ ᠠᠶᠤᠯ ᠠᠴᠠ ᠠᠪᠤᠷᠠᠬᠤ ᠡᠩᠨᠡᠭᠡ ᠶᠢᠨ ᠠᠷᠭᠠᠴᠠᠨ ᠰᠢᠢᠳᠪᠦᠷᠢᠯᠡᠬᠦ | ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠎ᠡ᠃ ᠦᠶᠡᠷ ᠢ ᠰᠡᠷᠬᠡᠶᠢᠯᠡᠨ ᠭᠠᠩ ᠬᠠᠭᠰᠠᠷᠭᠠᠨ ᠢ ᠡᠰᠡᠷᠬᠦᠴᠡᠬᠦ ᠡᠳ᠋ | ᠪᠣᠳᠠᠰ ᠪᠣᠳᠠᠰ ᠤᠨ ᠮᠠᠲ᠋ᠧᠷᠢᠶᠠᠯ ᠢ ᠨᠥᠭᠡᠴᠡᠯᠡᠬᠦ ᠪᠠ ᠰᠢᠨᠡᠳᠬᠡᠵᠦ ᠨᠥᠬᠦᠪᠥᠷᠢᠯᠡᠬᠦ ᠠᠵᠢᠯ ᠢ ᠲᠦᠷᠭᠡᠬᠡᠨ ᠰᠠᠶᠢᠲᠤᠷ | ᠬᠢᠵᠦ᠂ ᠵᠠᠩᠭᠢᠯᠠᠭ᠎ᠠ ᠶᠢᠨ ᠦᠶ᠎ᠡ ᠳᠤ ᠲᠣᠬᠢᠷᠠᠭᠤᠯᠵᠤ ᠳᠡᠶᠢᠯᠬᠦ ᠪᠠ ᠬᠡᠷᠡᠭᠯᠡᠵᠦ ᠳᠡᠶᠢᠯᠬᠦ ᠶᠢ ᠦᠨᠡᠨ ᠬᠦ ᠪᠠᠲᠤᠯᠠᠨ᠎ᠡ᠃ | ᠬᠤᠶᠠᠷ ᠲᠤ ᠪᠠᠷᠢᠮᠵᠢᠶ᠎ᠠ ᠠᠴᠠ ᠬᠡᠲᠦᠷᠡᠭᠰᠡᠨ ᠦᠶᠡᠷ ᠤᠨ ᠤᠰᠤ ᠶᠢ ᠰᠡᠷᠭᠡᠶᠢᠯᠡᠬᠦ ᠪᠠ ᠤᠰᠤᠨ ᠴᠥᠭᠦᠷᠥᠮ᠂ | ᠦᠯᠡᠳᠡᠭᠳᠡᠯ ᠬᠦᠳᠡᠷ ᠤᠨ ᠬᠥᠮᠥᠷᠭᠡ ᠶᠢᠨ ᠠᠮᠤᠷ ᠲᠦᠪᠰᠢᠨ ᠵᠢᠴᠢ ᠠᠭᠤᠯᠠᠨ ᠦᠶᠡᠷ ᠰᠢᠪᠠᠷ ᠴᠢᠯᠠᠭᠤᠨ ᠤᠷᠤᠰᠬᠠᠯ | ᠶᠡᠭᠦᠷᠡᠬᠦ᠂ ᠬᠤᠲᠠ ᠶᠢᠨ ᠤᠰᠤᠲᠤᠯ ᠵᠡᠷᠭᠡ ᠭᠠᠶ ᠭᠠᠮᠰᠢᠭ ᠢ ᠰᠡᠷᠭᠡᠶᠢᠯᠡᠬᠦ ᠪᠠᠷ ᠭᠤᠤᠯᠳᠠᠯᠭ᠎ᠠ ᠪᠣᠯᠭᠠᠵᠤ᠂ ᠡᠳᠦᠷ | ᠲᠤᠲᠤᠮ ᠤᠨ ᠬᠠᠮᠢᠶᠠᠷᠤᠨ ᠬᠠᠮᠠᠭᠠᠯᠠᠵᠤ ᠬᠤᠷᠢᠭᠯᠠᠬᠤ ᠪᠠ ᠲᠣᠭᠤᠷᠢᠨ ᠪᠠᠶᠢᠴᠠᠭᠠᠬᠤ ᠶᠢ ᠰᠠᠶᠢᠲᠤᠷ ᠬᠢᠵᠦ᠂ ᠠᠶᠤᠯ | ᠲᠦᠭᠰᠢᠭᠦᠷᠢ ᠶᠢᠨ ᠳᠠᠯᠳᠠ ᠬᠡᠮ ᠢ ᠡᠷᠲᠡ ᠢᠯᠡᠷᠡᠭᠦᠯᠵᠦ᠂ ᠡᠷᠲᠡ ᠮᠡᠳᠡᠭᠦᠯᠵᠦ᠂ ᠡᠷᠲᠡ ᠰᠢᠢᠳᠪᠦᠷᠢᠯᠡᠬᠦ ᠶᠢ | ᠪᠡᠶᠡᠯᠡᠭᠦᠯᠦᠨ᠎ᠡ᠃ ᠲᠦᠭᠰᠢᠭᠦᠷᠢ ᠶᠢᠨ ᠳᠠᠯᠳᠠ ᠬᠡᠮ ᠤᠨ ᠠᠵᠢᠯ ᠤᠨ ᠡᠬᠡ ᠲᠠᠩᠰᠠ ᠪᠠ ᠬᠠᠷᠢᠭᠤᠴᠠᠯᠭ᠎ᠠ ᠶᠢᠨ | ᠳᠤᠳᠤᠷᠬᠠᠢ ᠬᠠᠭᠤᠳᠠᠰᠤ ᠶᠢ ᠪᠠᠶᠢᠭᠤᠯᠵᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ | ᠦᠶᠡᠷᠯᠡᠬᠦ ᠠᠴᠠ ᠡᠮᠦᠨ᠎ᠡ ᠪᠡᠶᠡᠯᠡᠭᠦᠯᠬᠦ ᠳᠤ ᠪᠡᠷᠬᠡᠲᠡᠶ ᠦᠶᠡᠷ ᠢ ᠠᠷᠭᠠᠴᠠᠬᠤ ᠲᠥᠰᠦᠯ ᠢ ᠲᠣᠭᠲᠠᠭᠠᠵᠤ᠂ ᠦᠶᠡᠷ ᠢ | ᠠᠮᠤᠷ ᠲᠦᠪᠰᠢᠨ ᠢᠶᠠᠷ ᠥᠩᠭᠡᠷᠡᠭᠦᠯᠬᠦ ᠪᠣᠳᠠᠲᠠᠶ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠨᠢᠭᠡ ᠠᠴᠠ | ᠭᠤᠷᠪᠠ ᠶᠢ ᠵᠦᠢᠴᠢᠯᠡᠨ ᠭᠡᠮ ᠰᠣᠭᠤᠭ ᠢ ᠴᠡᠭᠴᠡᠯᠡᠨ ᠵᠠᠰᠠᠵᠤ᠂ ᠨᠢᠭᠡ ᠭᠡᠮ ᠰᠣᠭᠤᠭ ᠠᠴᠠ ᠨᠢᠭᠡ ᠲᠦᠷᠦᠯ ᠤᠨ ᠭᠡᠮ | ᠰᠣᠭᠤᠭ ᠢ ᠪᠤᠳᠤᠬᠤ᠂ ᠨᠢᠭᠡ ᠲᠦᠷᠦᠯ ᠤᠨ ᠭᠡᠮ ᠰᠣᠭᠤᠭ ᠠᠴᠠ ᠡᠯ᠎ᠡ ᠲᠦᠷᠦᠯ ᠤᠨ ᠭᠡᠮ ᠰᠣᠭᠤᠭ ᠢ | ᠪᠤᠳᠤᠬᠤ ᠳᠠᠭᠠᠨ ᠴᠢᠳᠠᠮᠠᠭᠠᠢ ᠪᠠᠶᠢᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠤᠨ ᠪᠤᠢ ᠪᠣᠯᠤᠭᠰᠠᠨ ᠰᠢᠯᠲᠠᠭᠠᠨ ᠢ | ᠨᠠᠷᠢᠨ ᠬᠢᠨᠠᠮᠠᠭᠠᠢ ᠵᠠᠳᠠᠯᠤᠨ ᠰᠤᠳᠤᠯᠤᠨ ᠮᠠᠭᠠᠳᠯᠠᠵᠤ᠂ ᠢᠨᠵᠧᠨᠧᠷᠢᠩ᠂ ᠲᠦᠷᠢᠮ᠂ ᠬᠠᠮᠢᠶᠠᠷᠤᠯᠲᠠ ᠵᠡᠷᠭᠡ ᠡᠯ᠎ᠡ | ᠲᠠᠯ᠎ᠠ ᠶᠢᠨ ᠳᠤᠲᠠᠭᠤᠳᠠᠯ ᠪᠠᠭᠤᠷᠠᠢ ᠲᠠᠯ᠎ᠠ ᠶᠢ ᠣᠨᠣᠪᠴᠢᠲᠠᠢ ᠨᠥᠬᠦᠪᠥᠷᠢᠯᠡᠵᠦ᠂ ᠡᠯ᠎ᠡ ᠲᠦᠷᠦᠯ ᠤᠨ ᠭᠠᠮᠰᠢᠭ | ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠭᠤᠷᠪᠠ ᠳᠤ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠪᠠ | ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠲᠦᠷᠭᠡᠨ ᠳᠠᠭᠠᠬᠤ | ᠪᠠ ᠪᠠᠴᠢᠮ ᠪᠠᠶᠢᠳᠠᠯ ᠢ ᠠᠷᠭᠠᠴᠠᠨ ᠨᠡᠶᠢᠲᠡᠯᠡᠬᠦ ᠶᠢ ᠴᠢᠩᠭᠠᠳᠬᠠᠵᠤ᠂ ᠭᠡᠨᠡᠳᠲᠡ ᠶᠢᠨ ᠭᠠᠮᠰᠢᠭ ᠤᠨ ᠪᠠᠶᠢᠳᠠᠯ ᠢ | ᠬᠠᠮᠤᠭ ᠤᠨ ᠣᠬᠤᠷ ᠬᠤᠭᠤᠴᠠᠭᠠᠨ ᠳᠤ ᠳᠡᠭᠡᠭᠰᠢ ᠮᠡᠳᠡᠭᠦᠯᠬᠦ ᠶᠢ ᠦᠨᠡᠨ ᠬᠦ ᠪᠠᠲᠤᠯᠠᠵᠤ᠂ ᠰᠡᠷᠡᠮᠵᠢᠯᠡᠭᠦᠯᠬᠦ ᠮᠡᠳᠡᠭᠡ | ᠵᠠᠩᠭᠢ ᠶᠢ ᠬᠠᠮᠤᠭ ᠤᠨ ᠣᠬᠤᠷ ᠬᠤᠭᠤᠴᠠᠭᠠᠨ ᠳᠤ ᠲᠣᠰᠬᠤᠨ᠂ ᠡᠷᠦᠬᠡ᠂ ᠬᠥᠮᠦᠨ ᠳᠤ ᠮᠡᠳᠡᠭᠳᠡᠨ᠎ᠡ᠃ | ᠵᠥᠪᠳᠡᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠦᠶᠡᠷ ᠤᠨ ᠪᠠᠶᠢᠳᠠᠯ ᠭᠠᠩ ᠤᠨ ᠪᠠᠶᠢᠳᠠᠯ ᠤᠨ ᠬᠥᠭᠵᠢᠯᠲᠡ ᠶᠢᠨ | ᠬᠠᠨᠳᠤᠰᠢ ᠶᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠴᠤᠬᠤᠶᠢᠯᠲᠠ ᠶᠢᠨ ᠴᠢᠨᠠᠷᠲᠠᠶ ᠠᠰᠠᠭᠤᠳᠠᠯ ᠢ | ᠢᠯᠡᠷᠡᠭᠦᠯᠬᠦ ᠶᠢ ᠠᠩᠬᠠᠷᠴᠤ᠂ ᠰᠡᠷᠭᠡᠶᠢᠯᠡᠬᠦ ᠰᠠᠨᠠᠯ ᠪᠠ ᠠᠷᠭᠠᠴᠠᠬᠤ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ | ᠰᠤᠳᠤᠯᠤᠨ ᠳᠤᠷᠠᠳᠤᠨ᠎ᠠ᠃ | ︵ᠲᠠᠪᠤ︶ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠴᠢᠩᠭᠠᠳᠬᠠᠨ᠎ᠠ | ᠃ ᠨᠢᠭᠡ ᠳᠤ ᠭᠠᠮᠰᠢᠭ ᠤᠨ ᠮᠡᠳᠡᠬᠦᠯᠦᠯᠳᠡ ᠶᠢᠨ ᠠᠵᠢᠯᠳᠡᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ | ᠬᠤᠲᠠ᠂ ᠰᠢᠶᠠᠨ᠂ ᠰᠢᠶᠠᠩ᠂ ᠲᠣᠰᠬᠤᠨ ᠳᠥᠷᠪᠡᠨ ᠱᠠᠲᠤ ᠶᠢ ᠬᠠᠮᠤᠷᠤᠭᠰᠠᠨ ᠭᠠᠮᠰᠢᠭ ᠤᠨ ᠮᠡᠳᠡᠬᠦᠯᠦᠯᠳᠡ ᠶᠢᠨ | ᠠᠵᠢᠯᠳᠡᠨ ᠤ ᠡᠩᠨᠡᠭᠡ ᠶᠢ ᠪᠠᠶᠢᠭᠤᠯᠵᠤ᠂ ᠠᠵᠢᠯᠲᠠᠨ ᠤ ᠪᠣᠯᠪᠠᠰᠤᠷᠠᠭᠤᠯᠤᠯ ᠢ ᠴᠢᠩᠭᠠᠳᠬᠠᠨ᠂ ᠭᠠᠮᠰᠢᠭ ᠢ ᠴᠠᠭ | ᠲᠤᠬᠠᠶ ᠳᠤᠨᠢ ᠣᠨᠣᠪᠴᠢᠲᠠᠶ ᠮᠡᠳᠡᠭᠦᠯᠦᠨ ᠬᠦᠷᠭᠡᠬᠦ ᠶᠢ ᠦᠨᠡᠨᠬᠦ ᠪᠠᠲᠤᠯᠠᠵᠤ᠂ ᠡᠩᠨᠡᠭᠡ ᠶᠢ ᠬᠠᠷᠢᠴᠠᠩᠭᠤᠶ ᠪᠠᠷ | ᠲᠣᠭᠲᠠᠭᠤᠨ ᠪᠠᠶᠢᠯᠭᠠᠨ᠎ᠠ᠃ ᠬᠤᠶᠠᠷ ᠲᠤ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ | ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠎ᠠ᠃ ᠪᠠᠶᠢᠭᠠᠯᠢ ᠶᠢᠨ ᠭᠠᠶ ᠭᠠᠮᠰᠢᠭ ᠤᠨ ᠮᠡᠳᠡᠭᠡ ᠵᠠᠩᠭᠢ ᠶᠢ ᠮᠡᠳᠡᠭᠦᠯᠦᠨ | ᠬᠦᠷᠭᠡᠬᠦ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠭᠠᠮᠰᠢᠭ ᠤᠨ | ᠪᠠᠶᠢᠳᠠᠯ ᠢ ᠳᠡᠭᠡᠭᠰᠢ ᠮᠡᠳᠡᠭᠦᠯᠬᠦ ᠶᠢᠨ ᠬᠤᠭᠤᠴᠠᠭᠠᠲᠤ ᠴᠢᠨᠠᠷ᠂ ᠣᠨᠣᠪᠴᠢᠲᠤ ᠴᠢᠨᠠᠷ ᠪᠠ ᠵᠢᠷᠤᠮᠵᠢᠯᠳᠤ ᠴᠢᠨᠠᠷ ᠢ | ᠭᠤᠣᠯᠳᠠᠯᠭ᠎ᠠ ᠲᠠᠢ ᠪᠠᠷ ᠲᠤᠪᠤᠶᠢᠯᠭᠠᠨ᠂ ᠤᠯᠤᠰ ᠤᠨ ᠪᠠᠶᠢᠭᠠᠯᠢ ᠶᠢᠨ ᠭᠠᠶ ᠭᠠᠮᠰᠢᠭ ᠤᠨ ᠮᠡᠳᠡᠭᠡ ᠵᠠᠩᠭᠢ ᠶᠢᠨ | ᠬᠠᠮᠢᠶᠠᠷᠤᠯᠲᠠ ᠶᠢᠨ ᠰᠢᠰᠲ᠋ᠧᠮ ᠤᠨ ᠮᠡᠳᠡᠭᠦᠯᠦᠨ ᠬᠦᠷᠭᠡᠬᠦ ᠠᠵᠢᠯ ᠢ ᠵᠢᠷᠤᠮᠵᠢᠭᠤᠯᠵᠤ᠂ ᠭᠠᠮᠰᠢᠭ ᠤᠨ ᠪᠠᠶᠢᠳᠠᠯ ᠤᠨ | ᠮᠡᠳᠡᠭᠡ ᠵᠠᠩᠭᠢ ᠶᠢ ᠤᠳᠠᠭᠠᠰᠢᠷᠠᠭᠤᠯᠤᠨ ᠮᠡᠳᠡᠭᠦᠯᠬᠦ᠂ ᠣᠷᠬᠢᠭᠳᠠᠭᠤᠯᠤᠨ ᠮᠡᠳᠡᠭᠦᠯᠬᠦ᠂ ᠠᠳᠡᠭᠦᠦ ᠮᠡᠳᠡᠭᠦᠯᠬᠦ ᠦᠬᠡᠢ | ᠪᠠᠶᠢᠬᠤ ᠶᠢ ᠦᠨᠡᠨ ᠬᠦ ᠪᠠᠲᠤᠯᠠᠵᠤ᠂ ᠭᠠᠮᠰᠢᠭ ᠤᠨ ᠪᠠᠶᠢᠳᠠᠯ ᠤᠨ ᠬᠠᠮᠢᠶᠠᠷᠤᠯᠲᠠ ᠶᠢᠨ ᠠᠵᠢᠯ ᠤᠨ ᠰᠢᠨᠵᠢᠯᠡᠬᠦ | ᠤᠬᠠᠭᠠᠨᠴᠢᠯᠠᠬᠤ ᠠᠬᠢᠴᠠ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠭᠤᠷᠪᠠ ᠳᠤ ᠭᠠᠮᠰᠢᠭ ᠢ ᠰᠡᠷᠭᠡᠶᠢᠯᠡᠵᠦ | ᠭᠠᠮᠰᠢᠭ ᠠᠴᠠ ᠠᠪᠤᠷᠠᠬᠤ ᠡᠳ᠋ ᠪᠣᠳᠠᠰ ᠤᠨ ᠨᠥᠭᠡᠴᠡᠯᠡᠯᠲᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠬᠦ᠂ ᠵᠦᠢ ᠵᠣᠬᠢᠰᠲᠠᠢ ᠪᠠᠶᠢᠷᠢᠰᠢᠭᠤᠯᠬᠤ᠂ ᠴᠢᠳᠠᠮᠵᠢ ᠪᠦᠷᠢᠨ ᠲᠡᠭᠦᠯᠳᠡᠷ ᠪᠠᠶᠢᠬᠤ | ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠶᠢᠨ ᠡᠯ᠎ᠡ ᠱᠠᠲᠤᠨ ᠤ ᠭᠠᠮᠰᠢᠭ ᠠᠴᠠ ᠠᠪᠤᠷᠠᠬᠤ ᠡᠳ᠋ ᠪᠣᠳᠠᠰ ᠤᠨ | ᠨᠥᠭᠡᠴᠡ ᠶᠢᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠡᠰᠢᠵᠢᠭᠰᠡᠨ ᠭᠠᠮᠰᠢᠭ ᠠᠴᠠ | ᠠᠪᠤᠷᠠᠬᠤ ᠡᠳ᠋ ᠪᠣᠳᠠᠰ ᠤᠨ ᠨᠥᠭᠡᠴᠡ ᠶᠢᠨ ᠰᠢᠰᠲ᠋ᠧᠮ ᠢ ᠪᠣᠢ ᠪᠣᠯᠭᠠᠨ᠎ᠠ᠃ | ︵ᠵᠢᠷᠭᠤᠭ᠎ᠠ︶ ᠠᠩᠬᠠᠳᠤᠭᠠᠷ ᠤᠳᠠᠭᠠᠨ ᠤ ᠪᠥᠬᠦ ᠤᠯᠤᠰ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ | ᠲᠦᠭᠰᠢᠭᠦᠷᠢ ᠶᠢ ᠨᠡᠶᠢᠳᠡᠮ ᠪᠠᠶᠢᠴᠠᠭᠠᠬᠤ ᠠᠵᠢᠯ ᠢ ᠬᠢᠨᠠᠮᠠᠭᠠᠶ ᠰᠠᠶᠢᠲᠤᠷ ᠬᠢᠨ᠎ᠠ᠃ ᠨᠢᠭᠡ ᠳᠤ ᠡᠯ᠎ᠡ ᠱᠠᠲᠤᠨ ᠤ | ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠤᠨ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ | ᠡᠭᠦᠷᠭᠡ ᠶᠢᠨ ᠬᠤᠪᠢᠶᠠᠷᠢᠯᠠᠯᠲᠠ ᠳᠤ ᠣᠷᠬᠢᠭᠳᠠᠭᠤᠯᠤᠯ ᠥᠭᠡᠢ᠂ ᠡᠭᠦᠷᠭᠡ ᠶᠢᠨ ᠵᠣᠯᠭᠠᠭᠤᠯᠤᠯᠲᠠ ᠶᠢ ᠵᠠᠶ ᠵᠠᠪᠰᠠᠷ | ᠥᠭᠡᠢ ᠪᠠᠶᠢᠯᠭᠠᠵᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠲᠤᠰ ᠲᠤᠰ ᠤᠨ | ᠬᠠᠷᠢᠭᠤᠴᠠᠯᠭ᠎ᠠ ᠪᠠᠨ ᠡᠭᠦᠷᠭᠡᠯᠡᠵᠦ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠨᠢᠭᠲᠠ ᠬᠠᠮᠵᠢᠯᠴᠠᠨ᠂ ᠨᠡᠶᠢᠳᠡᠮ | ᠪᠠᠶᠢᠴᠠᠭᠠᠯᠲᠠ ᠶᠢᠨ ᠠᠵᠢᠯ ᠢ ᠬᠠᠮᠲᠤᠪᠠᠷ ᠰᠠᠶᠢᠲᠤᠷ ᠬᠢᠨ᠎ᠡ᠃ ᠬᠤᠶᠠᠷ ᠲᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠵᠠᠮ ᠬᠠᠷᠢᠯᠴᠠᠭ᠎ᠠ | ᠲᠡᠭᠡᠭᠡᠪᠦᠷᠢ᠂ ᠴᠠᠭ ᠠᠭᠤᠷ᠂ ᠤᠰᠤᠨ ᠠᠰᠢᠭᠯᠠᠯᠲᠠ᠂ ᠣᠶ ᠰᠢᠭᠤᠶ ᠡᠪᠡᠰᠦ ᠪᠡᠯᠴᠢᠭᠡᠷ᠂ ᠪᠠᠶᠢᠭᠠᠯᠢ ᠶᠢᠨ ᠡᠬᠢ | ᠪᠠᠶᠠᠯᠢᠭ ᠵᠡᠷᠭᠡ ᠠᠴᠢᠶᠠᠯᠠᠭᠴᠢ ᠶᠢ ᠬᠡᠷᠡᠭᠵᠢᠭᠦᠯᠬᠦ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠤ | ᠬᠠᠷᠠᠭᠠᠯᠵᠠᠭᠰᠠᠨ ᠲᠢᠩᠬᠢᠮ ᠲᠣᠪᠴᠢᠶ᠎ᠠ ᠶᠢᠨ ᠲᠣᠭᠲᠠᠭᠠᠭᠰᠠᠨ ᠲᠤᠰᠬᠠᠶ ᠵᠦᠢᠯ ᠤᠨ ᠨᠡᠶᠢᠳᠡᠮ ᠪᠠᠶᠢᠴᠠᠭᠠᠯᠲᠠ ᠶᠢᠨ | ᠲᠥᠰᠦᠯ ᠢ ᠦᠨᠳᠦᠰᠦᠯᠡᠨ ᠬᠠᠮᠢᠶ᠎ᠠ ᠪᠥᠬᠦᠶ ᠨᠡᠶᠢᠳᠡᠮ ᠪᠠᠶᠢᠴᠠᠭᠠᠯᠲᠠ ᠶᠢᠨ ᠠᠵᠢᠯ ᠢ ᠬᠠᠮᠵᠢᠯᠴᠠᠨ | ᠨᠠᠶᠢᠳᠠᠪᠤᠷᠢᠵᠢᠭᠤᠯᠦᠨ᠎ᠡ᠃ ᠭᠤᠷᠪᠠ ᠲᠤ ᠡᠯ᠎ᠡ ᠱᠠᠳᠤ᠂ ᠡᠯ᠎ᠡ ᠰᠠᠯᠠᠭ᠎ᠠ ᠮᠥᠴᠢᠷ ᠤᠳ ᠨᠡᠶᠢᠳᠡᠮ ᠪᠠᠶᠢᠴᠠᠭᠠᠯᠲᠠ ᠶᠢᠨ | ᠡᠲᠡᠭᠡᠳ ᠬᠢᠭᠡᠳ ᠠᠭᠤᠯᠭ᠎ᠠ ᠶᠢ ᠲᠣᠳᠣᠷᠬᠠᠶᠢᠯᠠᠨ᠂ ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠬᠢᠭᠡᠳ ᠠᠷᠭ᠎ᠠ ᠶᠢ | ᠰᠠᠶᠢᠲᠤᠷ ᠲᠣᠭᠲᠠᠭᠠᠵᠤ᠂ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠤᠨ ᠲᠥᠰᠦᠪ ᠪᠣᠯᠤᠨ ᠪᠠᠲᠤᠯᠠᠭ᠎ᠠ ᠶᠢ ᠵᠠᠪᠠᠯ | ᠰᠠᠶᠢᠲᠤᠷ ᠬᠢᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠴᠢᠨᠠᠷ ᠰᠠᠶᠢᠲᠠᠶ ᠶᠠᠪᠤᠭᠳᠠᠬᠤ ᠶᠢ ᠪᠠᠲᠤᠯᠠᠨ᠎ᠠ᠃ | ᠲᠦᠷᠪᠡ ᠳᠤ᠂ ᠨᠢᠬᠡ ᠳᠠᠯ᠎ᠠ ᠪᠠᠷ ᠨᠡᠶᠢᠳᠡᠮ ᠪᠠᠶᠢᠴᠠᠭᠠᠬᠤ᠂ ᠨᠢᠬᠡ ᠳᠠᠯ᠎ᠠ ᠪᠠᠷ ᠬᠡᠷᠡᠭᠯᠡᠬᠦ᠂ ᠨᠢᠬᠡ ᠳᠠᠯ᠎ᠠ ᠪᠠᠷ ᠦᠷ᠎ᠡ | ᠪᠦᠲᠦᠮᠵᠢ ᠭᠠᠷᠭᠠᠬᠤ ᠶᠢ ᠪᠠᠷᠢᠮᠲᠠᠯᠠᠵᠤ᠂ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠬᠡᠷᠡᠭᠯᠡᠯᠲᠡ ᠶᠢ | ᠴᠢᠩᠭᠠᠳᠬᠠᠵᠤ᠂ ᠬᠦᠨᠳᠦ ᠶᠡᠭᠡ ᠭᠠᠮᠰᠢᠭ ᠤᠨ ᠠᠳᠡᠯ ᠤᠨ ᠲᠠᠯᠳᠠ ᠭᠡᠮ ᠢ ᠴᠠᠭ ᠲᠤᠬᠠᠢ ᠳᠤᠨᠢ ᠠᠷᠢᠯᠭᠠᠨ᠎ᠠ᠃ | 【 ᠬᠥᠲᠥᠯᠥᠭᠴᠢ 】᠄ ᠵᠠ᠂ ᠬᠠᠨ ᠲᠣᠪᠴᠢᠶᠠᠨ ᠳᠠᠷᠤᠭ᠎ᠠ ᠶᠢᠨ ᠮᠠᠨ ᠤ ᠰᠤᠷᠪᠤᠯᠵᠢᠯᠠᠭ᠎ᠠ ᠶᠢ | ᠬᠦᠯᠢᠶᠡᠭᠰᠡᠨ ᠳᠤ ᠲᠠᠯᠠᠷᠬᠠᠵᠤ ᠪᠠᠶᠢᠬᠤ ᠪᠥᠭᠡᠳ ᠰᠦᠯᠵᠢᠶᠡᠨ ᠤ ᠨᠠᠶᠢᠵᠠ ᠨᠠᠷ ᠤᠨ ᠠᠩᠬᠠᠷᠤᠯ ᠬᠠᠨᠳᠤᠭᠤᠯᠤᠭᠰᠠᠨ ᠳᠤ | ᠮᠠᠰᠢ ᠲᠠᠯᠠᠷᠬᠠᠵᠤ ᠪᠠᠶᠢᠨ᠎ᠠ᠃ ᠪᠢᠳᠡ ᠳᠠᠷᠠᠭ᠎ᠠ ᠬᠤᠭᠤᠴᠠᠭᠠᠨ ᠳᠤ ᠠᠭᠤᠯᠵᠠᠶ᠎ᠠ᠃ |