ᠭᠤᠣᠯ ᠰᠡᠳᠦᠪ᠄ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ ᠪᠤᠳᠠᠳᠠᠢ ᠠᠷᠭ᠎ᠠ ᠬᠡᠮᠵᠢᠶ᠎ᠡ ᠠᠪᠴᠦ | ᠠᠷᠠᠳ ᠲᠦᠮᠡᠨ ᠳᠤ ᠦᠢᠯᠡᠴᠢᠯᠡᠵᠤ ᠦᠨᠡᠨ ᠰᠡᠳᠬᠢᠯᠭᠡ ᠪᠠᠷ ᠬᠠᠨᠳᠤᠨᠡ | ᠴᠠᠭ᠄ 2021 ᠣᠨ ᠤ 6 ᠰᠠᠷ᠎ᠠ ᠶᠢᠨ 21 ᠤ ᠡᠳᠦᠷ ᠤᠨ 10 ᠴᠠᠭ | ᠰᠣᠷᠪᠤᠯᠵᠢᠯᠠᠭ᠎ᠠ ᠬᠦᠯᠢᠶᠡᠭᠴᠢ᠄ ᠱᠠᠩᠳᠤ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ | ᠵᠢᠭᠠᠨ ᠵᠢᠯᠤᠭᠤᠳᠤᠭᠴᠢ ᠵᠢᠶ ᠭᠠᠩ | ᠲᠣᠪᠴᠢ ᠠᠭᠤᠯᠭ᠎ᠠ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠱᠠᠩᠳᠤ ᠰᠢᠶᠠᠨ ᠤ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠬᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠤᠯᠠᠮ ᠴᠢᠨᠠᠭᠰᠢᠳᠠ ᠰᠢᠯᠢᠳᠡᠭᠵᠢᠭᠦᠯᠵᠦ᠂ ︽ᠪᠢ ᠤᠯᠠᠨ ᠲᠦᠮᠡᠨ ᠳᠤ ᠪᠣᠳᠠᠳᠤ ᠶᠠᠪᠤᠳᠠᠯ ᠬᠢᠵᠦ ᠥᠭᠬᠦᠶ᠎ᠡ︾ ᠭᠤᠣᠯ | ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠤᠯᠠᠨ ᠲᠦᠮᠡᠨ ᠤ ᠬᠦᠰᠡᠯ | ᠡᠷᠡᠮᠡᠯᠵᠡᠯ ᠳᠤ ᠢᠳᠡᠪᠬᠢᠲᠡᠢ ᠬᠠᠷᠢᠭᠤᠯᠲᠠ ᠥᠭᠴᠦ᠂ ᠤᠯᠠᠨ ᠲᠦᠮᠡᠨ ᠤ ᠭᠠᠴᠢᠭᠳᠠᠯ ᠢ ᠦᠨᠡᠨᠬᠦ ᠰᠢᠢᠳᠪᠦᠷᠢᠯᠡᠵᠦ᠂ | ᠠᠷᠠᠳ ᠤᠯᠠᠨ ᠤ ᠶᠠᠪᠤᠵᠤ ᠰᠠᠭᠤᠬᠤ ᠠᠮᠤᠷ ᠲᠦᠪᠰᠢᠨ ᠢ ᠪᠠᠲᠤᠯᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠤᠨ ᠭᠦᠨᠵᠡᠭᠡᠶᠢᠷᠡᠬᠦ᠂ ᠪᠣᠳᠠᠲᠠᠶᠢᠵᠢᠬᠤ ᠶᠢ ᠲᠠᠰᠤᠷᠠᠯᠲᠠ ᠦᠭᠡᠢ ᠠᠬᠢᠭᠤᠯᠵᠤ᠂ ᠪᠣᠳᠠᠲᠤ | ᠠᠵᠢᠯᠯᠠᠭ᠎ᠠ ᠪᠠᠷ ᠢᠶᠠᠨ ᠳᠣᠲᠣᠭᠠᠳᠤ ᠶᠢ ᠬᠠᠮᠠᠭᠠᠯᠠᠬᠤ ᠪᠠ ᠤᠯᠠᠨ ᠲᠦᠮᠡᠨ ᠤ ︽ᠰᠡᠳᠬᠢᠯ ᠬᠤᠯᠪᠣᠬᠤ ᠬᠥᠭᠦᠷᠭᠡ︾ | ᠶᠢ ᠴᠣᠭᠴᠠᠯᠠᠭᠰᠠᠨ ᠪᠠᠶᠢᠨ᠎ᠠ᠃ | ᠰᠤᠷᠪᠤᠯᠵᠢᠯᠠᠭ᠎ᠠ ᠶᠢᠨ ᠡᠷᠭᠢᠴᠡᠭᠦᠯᠦᠯ | ᠰᠤᠷᠪᠤᠯᠵᠢᠯᠠᠭᠴᠢ᠄ ᠤᠯᠠᠨ ᠢᠶᠠᠷ ᠢᠶᠠᠨ ᠰᠠᠶᠢᠨ ᠪᠠᠶᠢᠵᠠᠭᠠᠨ᠎ᠠ ᠤᠤ᠂ ᠱᠠᠩᠳᠤ ᠰᠢᠶᠠᠨ ᠤ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠶᠡᠭᠡ ᠠᠩᠬᠢ ᠶᠢᠨ ᠵᠢᠭᠠᠨ ᠵᠢᠯᠤᠭᠤᠳᠤᠬᠴᠢ ᠵᠢᠢ ᠭᠠᠩ ᠨᠥᠬᠦᠷ ᠢ ᠪᠠᠶᠠᠷᠯᠠᠨ ᠤᠭᠲᠤᠵᠤ ᠪᠠᠶᠢᠨ᠎ᠠ | ᠃ ᠵᠢᠢ ᠵᠢᠯᠤᠭᠤᠳᠤᠭᠴᠢ᠂ ᠲᠠ ᠰᠠᠶᠢᠨ ᠤᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 | ᠵᠢᠯ ᠤᠨ ᠤᠢ ᠪᠣᠯᠬᠤ ᠲᠠᠰᠢᠷᠠᠮ ᠢᠶᠠᠷ᠂ ᠪᠦᠬᠦ ᠤᠯᠤᠰ ᠢᠶᠠᠷ ᠢᠶᠠᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ | ᠭᠦᠨᠵᠡᠭᠡᠢ ᠥᠷᠨᠢᠭᠦᠯᠵᠦ᠂ ᠨᠠᠮ ᠤᠨ ᠢᠷᠠᠭᠤ ᠠᠯᠳᠠᠷᠲᠤ ᠤᠯᠠᠮᠵᠢᠯᠠᠯ᠂ ᠰᠢᠯᠢᠳᠡᠭ ᠰᠤᠷᠲᠠᠯ ᠢ ᠪᠠᠳᠠᠷᠠᠭᠤᠯᠵᠤ᠂ | ᠨᠠᠮ ᠤᠨ ᠤᠬ ᠰᠠᠨᠠᠭ᠎ᠠ ᠡᠭᠦᠷᠭᠡ ᠬᠠᠷᠢᠭᠤᠴᠠᠯᠭ᠎ᠠ᠂ ᠦᠨᠳᠦᠰᠦᠨ ᠵᠣᠷᠢᠯᠲᠠ ᠶᠢ ᠦᠢᠯᠡᠳᠦᠯᠭᠡᠵᠢᠭᠦᠯᠵᠦ᠂ ᠠᠯᠪᠠᠨ | ᠵᠠᠷᠤᠴᠠ ᠶᠢᠨ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ᠱᠠᠩᠳᠤ ᠰᠢᠶᠠᠨ ᠤ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠶᠡᠭᠡ ᠠᠩᠬᠢ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦᠶ᠎ᠡ︾ ᠠᠵᠢᠯᠯᠠᠭ᠎ᠠ | ᠥᠷᠨᠢᠭᠦᠯᠬᠦ ᠳᠤ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠪᠤᠢ︖ | ᠵᠢᠢ ᠭᠠᠩ᠄ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠱᠠᠩᠳᠤ | ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠬᠢ ︽ᠲᠡᠦᠬᠡ ᠶᠢ ᠰᠤᠷᠤᠯᠴᠠᠵᠦ ᠶᠣᠰᠣ ᠤᠴᠢᠷ ᠢ | ᠣᠶᠢᠯᠠᠭᠠᠵᠤ᠂ ᠲᠡᠦᠬᠡ ᠶᠢ ᠰᠤᠷᠤᠯᠴᠠᠵᠦ ᠢᠲᠡᠭᠡᠯ ᠢᠶᠠᠨ ᠨᠡᠮᠡᠭᠳᠡᠭᠦᠯᠵᠤ᠂ ᠲᠡᠦᠬᠡ ᠶᠢ ᠰᠤᠷᠤᠯᠴᠠᠵᠦ ᠶᠣᠰᠣ | ᠰᠤᠷᠲᠠᠬᠤᠨ ᠢ ᠡᠷᠬᠢᠮᠯᠡᠵᠤ᠂ ᠲᠡᠦᠬᠡ ᠶᠢ ᠰᠣᠷᠤᠯᠴᠠᠨ ᠴᠢᠷᠮᠠᠶᠢᠨ ᠦᠢᠯᠡᠳᠦᠯᠭᠡᠵᠢᠭᠦᠯᠬᠦ︾ ᠶᠡᠷᠦᠩᠬᠡᠢ | ᠱᠠᠭᠠᠷᠳᠠᠯᠭ᠎ᠠ ᠶᠢᠨ ᠲᠣᠭᠤᠷᠢᠨ ᠳᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠠᠵᠢᠯ ᠤᠨ ᠡᠳᠦᠷ ᠲᠤᠳᠤᠮ ᠤᠨ ᠠᠮᠢᠳᠤᠷᠠᠯ ᠳᠤ ᠠᠭᠤᠰᠬᠠᠵᠤ᠂ ᠪᠣᠳᠠᠲᠠᠢ ᠳᠤ | ᠨᠠᠶᠢᠳᠠᠪᠤᠷᠢᠵᠢᠭᠤᠯᠵᠠᠢ᠃ ᠨᠢᠭᠡ ᠳᠤ ᠠᠷᠭ᠎ᠠ ᠮᠠᠶ᠋ᠢᠭ ᠤᠨ ᠰᠢᠨ᠎ᠡ ᠶᠢ ᠡᠬᠦᠳᠴᠠᠢ᠃ ᠳᠣᠲᠣᠭᠠᠳᠤ ᠳᠠᠭᠠᠨ | ᠴᠠᠭᠳᠠᠭᠠᠨ ᠤ ᠬᠤᠸᠠᠷᠠᠨ ᠤ ᠦᠨᠡᠨᠴᠢ ᠪᠠᠷ ᠶᠠᠷᠢᠯᠴᠠᠬᠤ ᠠᠵᠢᠯᠯᠠᠭ᠎ᠠ ᠶᠢ ᠥᠷᠨᠢᠭᠦᠯᠵᠦ᠂ ᠠᠷᠠᠳ ᠠᠴᠠ ᠲᠤᠰᠠᠯᠠᠬᠤ | ᠴᠠᠭᠳᠠᠭ᠎ᠠ ᠶᠢᠨ ᠬᠦᠰᠡᠯ ᠱᠠᠭᠠᠷᠳᠠᠯᠭ᠎ᠠ ᠶᠢ ᠰᠣᠨᠣᠰᠴᠤ᠂ ᠠᠷᠠᠳ ᠠᠴᠠ ᠲᠤᠰᠠᠯᠠᠬᠤ ᠴᠠᠭᠳᠠᠭ᠎ᠠ ᠶᠢᠨ ᠠᠩᠬᠠᠷᠴᠤ | ᠪᠠᠶᠢᠭ᠎ᠠ ᠠᠰᠠᠭᠤᠳᠠᠯ ᠢ ᠤᠢᠢᠯᠠᠭᠠᠨ ᠡᠵᠡᠮᠰᠢᠪᠡ︔ ᠭᠠᠳᠠᠭᠠᠳᠤ ᠳᠠᠭᠠᠨ᠂ ᠣᠯᠠᠨ ᠵᠦᠢᠯ ᠤᠨ ᠠᠷᠭ᠎ᠠ ᠮᠠᠶ᠋ᠢᠭ ᠢ | ᠤᠶᠠᠯᠳᠤᠭᠤᠯᠤᠨ᠂ ᠬᠡᠷ ᠲᠤᠨᠢ ᠬᠦᠷᠴᠦ ᠰᠤᠷᠪᠤᠯᠵᠢᠯᠠᠬᠤ᠂ ᠶᠠᠷᠢᠯᠴᠠᠬᠤ ᠬᠤᠷᠠᠯ ᠬᠤᠷᠠᠯᠳᠤᠭᠤᠯᠬᠤ᠂ ᠰᠠᠨᠠᠯ | ᠬᠤᠷᠢᠶᠠᠬᠤ ᠬᠦᠰᠦᠨᠦᠭᠲᠦ ᠵᠡᠷᠭᠡ ᠤᠯᠠᠮᠵᠢᠯᠠᠯᠲᠤ ᠨᠡᠪᠲᠡᠷᠡᠯᠴᠡᠬᠦ ᠠᠷᠭ᠎ᠠ ᠮᠠᠶ᠋ᠢᠭ ᠠᠴᠠ ᠭᠠᠳᠠᠨ᠎ᠠ᠂ ᠰᠣᠯᠢᠯᠴᠠᠬᠤ | ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠴᠠᠭᠳᠠᠭ᠎ᠠ ᠶᠢ ᠦᠨᠡᠯᠡᠬᠦ ᠠᠷᠭ᠎ᠠ ᠵᠠᠮ ᠢ ᠥᠷᠭᠡᠳᠬᠡᠨ᠂ ᠸᠢᠴᠠᠲ᠂ | ᠪᠢᠴᠢᠯ ᠪᠦᠷᠭᠡ ᠶᠢᠨ ᠲᠠᠪᠴᠠᠩ ᠵᠢᠴᠢ ᠢᠯᠡᠴᠢᠯᠡᠨ ᠮᠡᠳᠡᠭᠦᠯᠬᠦ ᠳ᠋ᠢᠶᠠᠩᠬᠤᠸᠠ ᠳᠤᠬᠢᠷᠠᠭᠤᠯᠬᠤ ᠵᠡᠷᠭᠡ ᠣᠯᠠᠨ | ᠵᠦᠢᠯ ᠤᠨ ᠠᠷᠭ᠎ᠠ ᠵᠠᠮ ᠢ ᠬᠦᠢᠴᠡᠳ ᠬᠡᠷᠡᠭᠯᠡᠵᠦ᠂ ᠵᠠᠮ ᠬᠠᠷᠢᠯᠴᠠᠭᠠᠨ ᠤ ᠴᠠᠭᠳᠠᠭ᠎ᠠ ᠶᠢᠨ ᠠᠵᠢᠯ᠂ ᠡᠩᠨᠡᠭᠡ ᠶᠢᠨ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠵᠡᠷᠭᠡ ᠲᠠᠯ᠎ᠠ ᠪᠠᠷ ᠬᠢ ᠣᠯᠠᠨ ᠲᠦᠮᠡᠨ ᠤ ᠰᠠᠨᠠᠯ | ᠰᠠᠨᠠᠭᠤᠯᠭ᠎ᠠ ᠶᠢ ᠥᠷᠭᠡᠨ ᠢᠶᠠᠷ ᠬᠤᠷᠢᠶᠠᠪᠠ᠃ ᠣᠲᠣ ᠪᠣᠯᠲᠠᠯ᠎ᠠ᠂ ᠡᠯ᠎ᠡ ᠲᠥᠷᠥᠯ ᠤᠨ ᠰᠠᠨᠠᠯ ᠰᠠᠨᠠᠭᠤᠯᠭ᠎ᠠ ᠶᠢ | ᠨᠢᠭᠡᠨᠲᠡ 20 ᠭᠠᠷᠤᠶ ᠵᠤᠷᠪᠤᠰ ᠬᠤᠷᠢᠶᠠᠨ ᠴᠤᠭᠯᠠᠭᠤᠯᠤᠭᠰᠠᠨ ᠪᠠᠶᠢᠨ᠎ᠠ᠃ ᠬᠤᠶᠠᠷ ᠲᠤ᠂ ᠪᠥᠬᠦ ᠲᠠᠯ᠎ᠠ ᠪᠠᠷ | ᠰᠤᠷᠪᠤᠯᠵᠢᠯᠠᠵᠠᠢ᠃ ᠠᠵᠢᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠥᠷᠨᠢᠭᠦᠯᠦᠭᠰᠡᠨ | ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦᠶ᠎ᠡ︾ ᠦᠢᠯᠡᠳᠦᠯᠭᠡ ᠶᠢᠨ ᠠᠵᠢᠯᠯᠠᠭ᠎ᠠ ᠶᠢ ᠲᠤᠬᠠᠶ ᠶᠢᠨ | ᠭᠠᠵᠠᠷ ᠲᠤᠨᠢ ᠰᠤᠷᠪᠤᠯᠵᠢᠯᠠᠬᠤ᠂ ᠨᠢᠭᠤᠷᠳᠠᠨ ᠶᠠᠷᠢᠯᠴᠠᠵᠤ ᠦᠨᠡᠨᠴᠢ ᠪᠠᠷ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ | ᠨᠡᠶᠢᠭᠡᠮ ᠲᠣᠭᠤᠷᠢᠭ᠂ ᠠᠵᠤ ᠠᠬᠤᠶᠢᠯᠠᠯ᠂ ᠬᠥᠳᠡᠭᠡ ᠲᠣᠰᠬᠤᠨ᠂ ᠰᠤᠷᠭᠠᠭᠤᠯᠢ ᠳᠤ ᠣᠴᠢᠵᠤ᠂ ᠮᠢᠩᠭᠠᠨ ᠭᠡᠷ᠂ | ᠲᠦᠮᠡᠨ ᠡᠷᠤᠭᠡ ᠪᠠᠷ ᠶᠠᠪᠤᠵᠤ᠂ ᠠᠷᠠᠳ ᠤᠨ ᠰᠠᠨᠠᠯ ᠢ ᠰᠣᠨᠣᠰᠴᠤ᠂ ᠠᠷᠠᠳ ᠤᠨ ᠰᠠᠨᠠᠭ᠎ᠠ ᠶᠢ ᠰᠤᠷᠪᠤᠯᠵᠢᠯᠠᠵᠤ᠂ ︽ | ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦᠶ᠎ᠡ︾ ᠦᠢᠯᠡᠳᠦᠯᠭᠡ ᠶᠢᠨ ᠠᠵᠢᠯᠯᠠᠭ᠎ᠠ ᠶᠢ ᠬᠠᠷᠢᠶ᠎ᠠ | ᠣᠷᠣᠨ ᠤ ᠪᠠᠨ ᠥᠨᠴᠥᠭ ᠪᠤᠯᠤᠩ ᠨᠢᠭᠡᠪᠦᠷᠢ ᠳᠤ ᠬᠦᠷᠭᠡᠵᠦ᠂ ᠠᠷᠠᠳ ᠤᠯᠠᠨ ᠤ ᠬᠦᠰᠡᠯ ᠱᠠᠭᠠᠷᠳᠠᠯᠭ᠎ᠠ ᠪᠠ ᠰᠠᠨᠠᠯ ᠢ | ᠥᠷᠭᠡᠨ ᠢᠶᠠᠷ ᠬᠤᠷᠢᠶᠠᠨ ᠴᠤᠭᠯᠠᠭᠤᠯᠪᠠ᠃ ᠭᠤᠷᠪᠠ ᠳᠤ᠂ ᠬᠠᠮᠢᠶᠠᠷᠤᠨ ᠡᠵᠡᠮᠳᠡᠬᠦ ᠶᠢ ᠴᠢᠩᠭᠠᠳᠬᠠᠵᠠᠢ᠃ ᠵᠠᠮ | ᠬᠠᠷᠢᠯᠴᠠᠭᠠᠨ ᠤ ᠠᠳᠡᠯ ᠢ ᠰᠡᠷᠭᠡᠶᠢᠯᠡᠬᠦ ᠪᠠ ᠪᠠᠭᠠᠰᠬᠠᠬᠤ᠂ ᠣᠯᠠᠨ ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠢ | ᠳᠡᠭᠡᠭᠰᠢᠯᠡᠭᠦᠯᠬᠦ ᠪᠠᠷ ᠡᠬᠢᠯᠡᠯᠲᠡ ᠪᠣᠯᠭᠠᠵᠤ᠂ ᠶᠡᠭᠡ ᠠᠩᠭᠢ ᠶᠢᠨ ᠬᠢᠨ ︽ᠥᠷ ᠤᠨ ᠠᠵᠢᠯᠯᠠᠭ᠎ᠠ︾ ︽ᠦᠳᠡᠰᠢ ᠶᠢᠨ | ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠠᠨ ᠴᠢᠩᠭᠠᠳᠬᠠᠵᠤ᠂ ᠬᠠᠷᠢᠶ᠎ᠠ ᠣᠷᠣᠨ ᠤ ᠵᠠᠮ | ᠬᠠᠷᠢᠯᠴᠠᠭᠠᠨ ᠤ ᠴᠠᠭᠳᠠᠨ ᠲᠣᠭᠤᠷᠢᠬᠤ ᠬᠠᠮᠢᠶᠠᠷᠤᠯᠲᠠ ᠡᠵᠡᠮᠳᠡᠯ ᠢ ᠴᠢᠩᠭᠠᠳᠬᠠᠨ᠂ ᠬᠥᠮᠦᠨ ᠪᠠ ᠠᠴᠢᠶ᠎ᠠ ᠶᠢ | ᠬᠡᠲᠦᠷᠡᠭᠦᠯᠬᠦ᠂ ᠬᠠᠤᠯᠢ ᠠᠴᠠ ᠵᠥᠷᠢᠴᠡᠨ ᠬᠥᠮᠦᠨ ᠠᠴᠢᠬᠤ᠂ ᠠᠷᠢᠬᠢ ᠤᠤᠭᠤᠭᠰᠠᠨ ᠤ ᠳᠠᠷᠠᠭ᠎ᠠ ᠮᠠᠰᠢᠨ | ᠵᠢᠯᠣᠭᠤᠳᠬᠤ᠂ ᠦᠨᠡᠮᠯᠡᠯ ᠥᠬᠡᠶ ᠪᠠᠷ ᠮᠠᠰᠢᠨ ᠵᠢᠯᠣᠭᠤᠳᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ | ᠵᠥᠷᠢᠴᠡᠭᠰᠡᠨ ᠭᠤᠤᠯᠳᠠᠯᠭ᠎ᠠ ᠲᠠᠢ ᠦᠢᠯᠡ ᠠᠵᠢᠯᠯᠠᠭ᠎ᠠ ᠶᠢ ᠪᠦᠲᠦᠮᠵᠢᠲᠡᠶ ᠪᠠᠷ ᠬᠤᠷᠢᠭᠯᠠᠪᠠ᠃ ᠡᠭᠦᠨ ᠤ ᠳᠠᠭᠠᠤ ᠳᠤ᠂ | ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠨᠢᠭᠤᠷᠲᠠᠨ ᠥᠷᠨᠢᠭᠦᠯᠵᠦ᠂ ᠥᠷᠭᠡᠨ ᠣᠯᠠᠨ ᠲᠦᠮᠡᠨ ᠢ ᠠᠮᠤᠷ | ᠲᠦᠪᠰᠢᠨ᠂ ᠪᠣᠯᠪᠠᠰᠤᠨ ᠢᠶᠠᠷ ᠮᠠᠰᠢᠨ ᠵᠢᠯᠣᠭᠤᠳᠬᠤ ᠤᠬᠠᠮᠰᠠᠷ ᠲᠠᠢ ᠪᠣᠯᠭᠠᠵᠤ᠂ ᠵᠠᠮ ᠬᠠᠷᠢᠯᠴᠠᠭᠠᠨ ᠤ ᠡᠯ᠎ᠡ | ᠲᠥᠷᠥᠯ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠤᠬᠠᠮᠰᠠᠷ ᠠᠴᠠ ᠪᠠᠨ ᠡᠰᠡᠷᠭᠦᠴᠡᠪᠡ᠃ ᠶᠡᠭᠡ ᠪᠠᠭ᠎ᠠ | ᠶᠠᠪᠤᠳᠠᠯ ᠭᠡᠰᠡᠨ ᠴᠦ ᠦᠬᠡᠢ᠂ ᠶᠡᠭᠡ ᠠᠩᠬᠢ ᠶᠡᠷᠦᠨᠢ ᠤᠬ ᠴᠢᠨᠠᠷ ᠢᠶᠠᠷ ᠢᠶᠠᠨ ᠤᠬ ᠰᠠᠨᠠᠭ᠎ᠠ ᠪᠠᠨ ᠪᠠᠷᠢᠮᠲᠠᠯᠠᠵᠤ᠂ | ᠤᠯᠠᠨ ᠲᠦᠮᠡᠨ ᠳᠤ ᠪᠤᠳᠠᠳᠤ ᠶᠠᠪᠤᠳᠠᠯ ᠬᠢᠵᠦ᠂ ᠠᠷᠠᠳ ᠤᠯᠠᠨ ᠤ ᠬᠦᠴᠢᠷ ᠵᠣᠪᠠᠭᠤᠷᠢ ᠶᠢ ᠰᠢᠢᠳᠪᠦᠷᠢᠯᠡᠵᠦ ᠥᠭᠴᠠᠢ | ᠃ 6 ᠰᠠᠷ᠎ᠠ ᠠᠴᠠ ᠨᠠᠰᠢ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠡᠮ ᠰᠣᠭᠤᠭ ᠢ 23 ᠤᠳᠠᠭ᠎ᠠ ᠪᠦᠷᠢᠳᠬᠡᠵᠦ | ᠂ 16 ᠳᠠᠯᠠᠪᠤᠷ ᠤᠳᠠᠭ᠎ᠠ ᠤᠬᠠᠭᠤᠯᠭ᠎ᠠ ᠬᠥᠮᠦᠵᠢᠯ ᠥᠷᠨᠢᠭᠦᠯᠵᠦ᠂ ᠨᠡᠶᠢᠲᠡ 7000 ᠭᠠᠷᠤᠶ ᠬᠤᠪᠢ | ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ 10000 ᠭᠠᠷᠤᠶ ᠬᠥᠮᠦᠨ ᠰᠤᠷᠭᠠᠨ ᠬᠥᠮᠦᠵᠢᠯ ᠭᠥᠷᠳᠡᠵᠦ᠂ | ᠵᠠᠮ ᠤᠨ ᠭᠠᠳᠠᠷᠭᠤ ᠶᠢᠨ ᠡᠯᠳᠡᠪ ᠶᠠᠭᠤᠮ᠎ᠠ ᠶᠢ20 ᠭᠠᠷᠤᠶ ᠤᠳᠠᠭ᠎ᠠ ᠴᠡᠪᠡᠷᠯᠡᠵᠦ᠂ ᠣᠯᠠᠨ ᠲᠦᠮᠡᠨ ᠢ ᠬᠠᠪᠰᠤᠷᠤᠨ | 5 ᠤᠳᠠᠭᠠᠨ ᠤ ᠲᠡᠷᠭᠡᠨ ᠬᠦᠷᠳᠦ ᠶᠢ ᠰᠣᠯᠢᠵᠤ᠂ 3 ᠤᠳᠠᠭᠠᠨ ᠤ ᠡᠳ᠋ ᠪᠠᠷᠠᠭ᠎ᠠ ᠶᠢ ᠡᠮᠬᠢᠯᠡᠵᠦ᠂ 2 ᠤᠳᠠᠭ᠎ᠠ | ᠭᠡᠭᠡᠭᠰᠡᠨ ᠶᠠᠭᠤᠮ᠎ᠠ ᠶᠢ ᠡᠷᠢᠨ ᠤᠯᠵᠤ᠂ 1 ᠤᠳᠠᠭ᠎ᠠ ᠲᠦᠭᠡᠷᠢᠭᠰᠡᠨ ᠨᠠᠰᠤᠳᠠᠨ ᠢ ᠡᠷᠢᠵᠦ᠂ ᠠᠷᠠᠳ ᠲᠦᠮᠡᠨ ᠳᠤ | ᠦᠢᠯᠡᠴᠢᠯᠡᠬᠦ ᠠᠯᠢ ᠤᠯᠠᠨ ᠶᠠᠪᠤᠳᠠᠯ ᠨᠢ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃ | ᠰᠤᠷᠪᠤᠯᠵᠢᠯᠠᠭᠴᠢ᠄ ︽ᠳᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ | ᠰᠢᠯᠢᠳᠡᠭᠵᠢᠭᠦᠯᠬᠦ ᠳᠤᠮᠳᠠ᠂ ᠱᠠᠩᠳᠤ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠬᠢ ᠶᠠᠮᠠᠷ ᠶᠠᠮᠠᠷ | ᠠᠵᠢᠯ ᠬᠢᠭᠰᠡᠨ ᠪᠣᠶ︖ | ᠵᠢᠶ ᠭᠠᠩ᠄ 2018 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠨ᠂ ᠳᠣᠲᠣᠭᠠᠳᠤ ᠶᠢ ᠬᠠᠮᠠᠭᠠᠯᠠᠬᠤ | ᠶᠠᠮᠤᠨ 20 ᠲᠦᠷᠦᠯ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ︽ ᠳᠠᠯᠪᠢᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠭᠠᠷᠭᠠᠵᠤ᠂ 2019 ᠣᠨ ᠤ 6 ᠰᠠᠷ᠎ᠠ ᠶᠢᠨ 1 ᠤ ᠡᠳᠦᠷ | ᠂ 10 ᠲᠦᠷᠦᠯ ᠤᠨ ᠰᠢᠨ᠎ᠡ ᠠᠷᠭ᠎ᠠ ᠬᠡᠮᠵᠢᠶ᠎ᠡ ᠭᠠᠷᠭᠠᠵᠤ᠂ 2021 ᠣᠨ ᠤ 6 ᠰᠠᠷ᠎ᠠ ᠶᠢᠨ 1 ᠤ ᠡᠳᠦᠷ᠂ | ᠳᠣᠲᠣᠭᠠᠳᠤ ᠶᠢ ᠬᠠᠮᠠᠭᠠᠯᠠᠬᠤ ᠶᠠᠮᠤᠨ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦᠶ᠎ᠡ︾ | ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12 ᠲᠦᠷᠦᠯ ᠤᠨ ᠠᠷᠠᠳ ᠲᠤ ᠲᠥᠬᠦᠮ | ᠦᠵᠡᠭᠦᠯᠬᠦ ᠠᠷᠭ᠎ᠠ ᠬᠡᠮᠵᠢᠶ᠎ᠡ ᠶᠢ ᠨᠡᠶᠢᠲᠡᠯᠡᠵᠦ᠂ ᠱᠠᠩᠳᠤ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ | ᠠᠩᠭᠢ ᠥᠨᠳᠥᠷ ᠪᠦᠲᠦᠮᠵᠢᠲᠡᠶ ᠦᠢᠯᠡᠴᠢᠯᠡᠭᠡ ᠪᠠᠷ ᠬᠠᠷᠠᠯᠲᠠ ᠪᠣᠯᠭᠠᠨ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ | ᠠᠵᠢᠯ ᠳᠤ ᠦᠢᠯᠡᠴᠢᠯᠡᠬᠦ ᠪᠠᠷ ᠭᠤᠤᠯ ᠪᠣᠯᠭᠠᠵᠤ᠂ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠶᠡᠭᠡ ᠬᠠᠨᠳᠤᠰᠢ ᠳᠤ | ᠢᠳᠡᠪᠬᠢᠲᠡᠶ ᠵᠣᠬᠢᠴᠠᠵᠤ᠂ ᠠᠷᠠᠳ ᠲᠤ ᠲᠥᠬᠦᠮ ᠦᠵᠡᠭᠦᠯᠬᠦ ᠠᠷᠭ᠎ᠠ ᠵᠠᠮ ᠢ ᠥᠷᠭᠡᠳᠬᠡᠨ᠂ ᠣᠯᠠᠨ ᠲᠦᠮᠡᠨ ᠳᠤ | ᠦᠨᠡᠨᠴᠢ ᠪᠠᠷ ᠦᠢᠯᠡᠴᠢᠯᠡᠵᠤ᠂ ︽ᠢᠨᠲ᠋ᠧᠷ ᠰᠦᠯᠵᠢᠶ᠎ᠡ + ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ | ᠦᠢᠯᠡᠴᠢᠯᠡᠭᠡ︾ ᠶᠢᠨ ᠲᠠᠪᠴᠠᠩ ᠢ ᠪᠥᠬᠦ ᠬᠦᠴᠦᠨ ᠢᠶᠠᠷ ᠢᠶᠠᠨ ᠪᠠᠶᠢᠭᠤᠯᠤᠭᠠᠳ ᠢᠯᠡᠳᠲᠡ ᠦᠷ᠎ᠡ ᠪᠦᠲᠦᠮᠵᠢ | ᠣᠯᠤᠭᠰᠠᠨ ᠪᠠᠶᠢᠨ᠎ᠠ᠃ ᠨᠢᠭᠡ ᠳᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠯᠠᠪᠳᠠᠭᠤᠨ ᠢᠶᠠᠷ ᠲᠦᠯᠬᠢᠨ | ᠠᠬᠢᠭᠤᠯᠵᠤ᠂ ᠡᠷᠬᠡ ᠶᠢᠨ ᠠᠵᠢᠯᠯᠠᠭᠠᠨ ᠢ ᠢᠯᠡ ᠪᠠᠷ ᠶᠠᠪᠤᠭᠳᠠᠭᠤᠯᠵᠠᠢ᠃ ᠮᠠᠰᠢᠨ ᠵᠢᠯᠣᠭᠤᠳᠬᠤ ᠬᠠᠮᠢᠶᠠᠷᠤᠯᠲᠠ ᠶᠢᠨ | ᠲᠤᠬᠠᠶᠢᠯᠠᠭᠰᠠᠨ ᠠᠵᠢᠯ ᠤᠨ ᠬᠠᠤᠯᠢ ᠴᠠᠭᠠᠵᠠ ᠶᠢᠨ ᠦᠨᠳᠦᠰᠦᠯᠡᠯ᠂ ᠭᠡᠷᠡᠴᠢ ᠪᠠᠷᠢᠮᠲᠠ᠂ ᠭᠡᠷᠡᠴᠢ᠂ ᠬᠦᠢᠴᠡᠳᠬᠡᠬᠦ | ᠲᠤᠬᠠᠶᠢᠯᠠᠭᠰᠠᠨ ᠠᠵᠢᠯ ᠤᠨ ᠴᠤᠪᠤᠷᠠᠯ ᠪᠠ ᠰᠦᠢᠳᠬᠡᠯ ᠬᠤᠷᠢᠶᠠᠬᠤ ᠲᠥᠷᠥᠯ ᠵᠦᠢᠯ ᠵᠢᠴᠢ ᠪᠠᠷᠢᠮᠵᠢᠶ᠎ᠠ ᠶᠢ ᠢᠯᠡ | ᠪᠣᠯᠭᠠᠬᠤ ᠪᠤᠯᠤᠩ ᠭᠠᠷᠭᠠᠵᠤ᠂ ᠮᠠᠰᠢᠨ ᠵᠢᠯᠣᠭᠤᠳᠬᠤ ᠬᠠᠮᠢᠶᠠᠷᠤᠯᠲᠠ ᠶᠢᠨ ᠭᠠᠵᠠᠷ ᠤᠨ ᠶᠡᠭᠡ ᠲᠢᠩᠬᠢᠮ ᠳᠤ ᠵᠠᠮ | ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠹᠢᠯᠢᠮ ᠢ ᠦᠷᠭᠦᠯᠵᠢᠯᠡᠨ ᠨᠡᠪᠲᠡᠷᠡᠭᠦᠯᠵᠦ᠂ ᠢᠨᠲ᠋ᠧᠷ | ᠰᠦᠯᠵᠢᠶᠡᠨ ᠳᠤ ᠭᠠᠷᠬᠤ ᠲᠥᠬᠦᠭᠡᠷᠦᠮᠵᠢ ᠶᠢ ᠬᠠᠩᠭᠠᠵᠠᠢ︔ ᠠᠵᠢᠯᠲᠠᠳ ᠡᠩᠭᠡᠷ ᠤᠨ ᠺᠠᠷᠲ ᠵᠡᠭᠦᠵᠦ᠂ | ᠦᠢᠯᠡᠴᠢᠯᠡᠭᠡᠨ ᠤ ᠫᠠᠶᠢᠰᠠ ᠪᠠᠨ ᠲᠠᠯᠪᠢᠵᠠᠢ᠃ ᠦᠢᠯᠡᠴᠢᠯᠡᠬᠡᠨ ᠤ ᠴᠣᠩᠬᠤᠨ ᠤ ᠠᠵᠢᠯᠲᠠᠨ ᠤ ᠦᠨᠳᠦᠰᠦᠨ ᠮᠡᠳᠡᠭᠡ | ᠵᠠᠩᠭᠢ ᠶᠢ ᠢᠯᠡ ᠪᠣᠯᠭᠠᠵᠤ᠂ ︽ᠳᠥᠷᠪᠡ ᠶᠢ ᠬᠠᠰᠤᠵᠤ ᠭᠡᠯᠳᠦᠷᠢᠭᠦᠯᠬᠦ︾ ᠶᠢ ᠴᠢᠩᠭ᠎ᠠ ᠨᠠᠶᠢᠳᠠᠪᠤᠷᠢᠵᠢᠭᠤᠯᠤᠨ᠂ | ᠲᠥᠬᠦᠮ ᠠᠪᠰᠠᠷᠬᠠᠨ ᠲᠤᠬᠠᠶᠢᠯᠠᠭᠰᠠᠨ ᠠᠵᠢᠯ ᠢ ᠨᠢᠭᠡ ᠦᠨᠡᠮᠯᠡᠯ ᠢᠶᠠᠷ ᠳᠠᠷᠤᠶ ᠳᠤᠨᠢ ᠭᠦᠢᠴᠡᠳᠭᠡᠵᠤ᠂ ︽ᠨᠢᠭᠡ | ᠴᠣᠩᠬᠤᠪᠴᠢ ᠮᠠᠶ᠋ᠢᠭ︾ ᠤᠨ ᠦᠢᠯᠡᠴᠢᠯᠡᠭᠡ ᠶᠢ ᠪᠡᠶᠡᠯᠡᠭᠦᠯᠵᠠᠢ︔ ᠲᠤᠬᠠᠶᠢᠯᠠᠭᠰᠠᠨ ᠠᠵᠢᠯ ᠤᠨ ᠲᠢᠩᠬᠢᠮ ᠳᠤ ᠪᠦᠷᠢᠨ | ᠬᠤᠪᠢ ᠤᠯᠬᠤ᠂ ᠵᠢᠯᠣᠭᠤᠴᠢ ᠶᠢᠨ ᠦᠨᠡᠮᠯᠡᠯ ᠢ ᠲᠦᠷ ᠦᠯᠡᠳᠡᠭᠡᠵᠦ ᠠᠪᠬᠤ᠂ ᠬᠡᠷᠡᠭᠯᠡᠬᠦ ᠶᠢ ᠵᠣᠭᠰᠣᠭᠠᠬᠤ᠂ | ᠬᠤᠭᠤᠴᠠᠭ᠎ᠠ ᠨᠢ ᠬᠡᠳᠦᠷᠡᠬᠡᠳ ᠰᠢᠯᠭᠠᠨ ᠪᠠᠶᠢᠴᠠᠭᠠᠭᠰᠠᠨ ᠥᠬᠡᠶ ᠪᠠ ᠬᠡᠷᠡᠭᠯᠡᠭᠡᠨ ᠠᠴᠠ ᠭᠠᠷᠭᠠᠭᠰᠠᠨ ᠮᠠᠰᠢᠨ | ᠲᠡᠷᠭᠡᠨ ᠤ ᠲᠣᠳᠣᠷᠬᠠᠶ ᠬᠠᠭᠤᠳᠠᠰᠤ ᠵᠡᠷᠭᠡ ᠶᠢ ᠢᠯᠡ ᠨᠡᠶᠢᠲᠡᠯᠡᠵᠠᠢ︔ ᠵᠢᠯᠣᠭᠤᠴᠢ ᠶᠢᠨ ᠬᠢᠨᠠᠨ ᠰᠢᠯᠭᠠᠬᠤ ᠰᠤᠷᠭᠠᠨ | ᠬᠥᠮᠦᠵᠢᠯ ᠤᠨ ᠰᠤᠷᠤᠯᠴᠠᠯᠭ᠎ᠠ ᠪᠠ ᠪᠦᠷᠢᠨ ᠬᠤᠪᠢ ᠶᠢᠨ ᠰᠤᠷᠭᠠᠨ ᠬᠥᠮᠦᠵᠢᠯ ᠤᠨ ᠰᠤᠷᠤᠯᠴᠠᠯᠭ᠎ᠠ ᠶᠢ ᠬᠥᠮᠦᠨ ᠤ | ᠵᠢᠰᠦ ᠶᠢ ᠢᠯᠭᠠᠨ ᠲᠠᠨᠢᠬᠤ ᠮᠠᠰᠢᠨ ᠢᠶᠠᠷ ᠨᠡᠷ᠎ᠡ ᠪᠦᠷᠢᠳᠭᠡᠬᠦᠯᠬᠦ ᠶᠢ ᠰᠢᠯᠭᠠᠵᠤ᠂ ᠪᠥᠬᠦ ᠶᠠᠪᠤᠴᠠ ᠶᠢᠨ ᠲᠠᠭᠤ ᠳᠦᠷᠰᠦ | ᠰᠢᠩᠭᠡᠭᠡᠯᠲᠡ ᠶᠢ ᠬᠢᠨᠠᠨ ᠡᠵᠡᠮᠳᠡᠵᠤ᠂ ᠳᠦᠷᠰᠦ ᠰᠢᠩᠭᠡᠭᠡᠯᠲᠡ ᠶᠢ ᠨᠠᠭᠠᠳᠤ ᠵᠠᠬ᠎ᠠ ᠳᠠᠭᠠᠨ ᠬᠤᠶᠠᠷ ᠵᠢᠯ ᠠᠴᠠ ᠳᠡᠭᠡᠭᠰᠢ | ᠬᠠᠳᠠᠭᠠᠯᠠᠵᠤ᠂ ᠭᠡᠷ ᠳᠤᠳᠤᠷ᠎ᠡ ᠬᠦᠢᠴᠡᠳᠬᠡᠬᠦ ᠴᠤᠪᠤᠷᠠᠯ᠂ ᠠᠵᠢᠯᠲᠠᠨ ᠤ ᠡᠭᠦᠷᠭᠡ ᠬᠠᠷᠢᠭᠤᠴᠠᠯᠭ᠎ᠠ ᠪᠠ | ᠤᠬᠠᠭᠤᠯᠭ᠎ᠠ ᠶᠢᠨ ᠰᠠᠮᠪᠠᠷ᠎ᠠ ᠶᠢ ᠨᠡᠶᠢᠲᠡᠯᠡᠨ᠎ᠡ᠃ ᠬᠢᠨᠠᠨ ᠰᠢᠯᠭᠠᠬᠤ ᠰᠤᠷᠭᠠᠨ ᠬᠥᠮᠦᠵᠢᠯ 3 ᠴᠠᠭ ᠪᠠ ᠪᠦᠷᠢᠨ | ᠬᠤᠪᠢ ᠶᠢᠨ ᠰᠤᠷᠭᠠᠨ ᠬᠥᠮᠦᠵᠢᠯ ᠤᠨ ᠰᠤᠷᠤᠯᠴᠠᠯᠭ᠎ᠠ ᠡᠳᠦᠷ ᠪᠦᠷᠢ 3 ᠴᠠᠭ ᠤᠨ ᠠᠷᠭ᠎ᠠ ᠮᠠᠶ᠋ᠢᠭ᠂ ᠬᠥᠮᠦᠨ ᠤ | ᠭᠡᠷᠡᠴᠢ ᠶᠢ ᠢᠯᠭᠠᠨ ᠲᠠᠨᠢᠬᠤ ᠮᠠᠰᠢᠨ ᠳᠡᠭᠡᠷ᠎ᠡ ᠭᠠᠷ ᠤᠨ ᠦᠰᠦᠭ ᠵᠢᠷᠤᠵᠤ ᠪᠤᠴᠠᠭᠠᠭᠰᠠᠨ ᠤ ᠳᠠᠷᠠᠭ᠎ᠠ᠂ ᠮᠡᠳᠡᠭᠡ | ᠵᠠᠩᠭᠢ ᠶᠢ ᠳᠣᠲᠣᠭᠠᠳᠤ ᠶᠢ ᠬᠠᠮᠠᠭᠠᠯᠠᠬᠤ ᠰᠦᠯᠵᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠠᠪᠴᠠᠩ ᠳᠤ | ᠠᠦ᠋ᠲ᠋ᠣ᠋ ᠳᠠᠮᠵᠢᠭᠤᠯᠵᠤ ᠭᠠᠷ ᠬᠦᠢᠴᠡᠳᠭᠡᠯ ᠬᠢᠯᠬᠡᠨ᠎ᠡ᠃ ᠬᠤᠶᠠᠷ ᠲᠤ᠂ ᠰᠦᠯᠵᠢᠶᠡᠨ ᠳᠡᠭᠡᠷᠡᠬᠢ ᠦᠢᠯᠡᠴᠢᠯᠡᠬᠡᠨ ᠤ | ᠴᠤᠪᠤᠷᠠᠯ ᠢ ᠰᠢᠯᠢᠳᠡᠭᠵᠢᠭᠦᠯᠵᠦ᠂ ︽ᠨᠢᠭᠡ ᠥᠷᠲᠡᠭᠡᠨ ᠤ ᠮᠠᠶ᠋ᠢᠭ ᠤᠨ ᠬᠢᠨᠠᠨ ᠵᠥᠪᠰᠢᠶᠡᠷᠡᠬᠦ︾ ᠴᠣᠩᠬᠤ ᠶᠢ ᠪᠣᠶ | ᠪᠣᠯᠭᠠᠵᠠᠢ᠃ ᠪᠠᠶᠢᠭᠤᠯᠤᠭᠰᠠᠨ ᠥᠪᠡᠰᠦᠪᠡᠨ ᠦᠢᠯᠡᠴᠢᠯᠡᠬᠦ ᠵᠠᠮ ᠬᠠᠷᠢᠯᠴᠠᠭᠠᠨ ᠤ ᠬᠠᠮᠢᠶᠠᠷᠤᠯᠲᠠ ᠶᠢᠨ | ᠦᠢᠯᠡᠴᠢᠯᠡᠭᠡᠨ ᠤ ᠲᠤᠰᠬᠠᠶ ᠣᠷᠣᠨ ᠢ ᠪᠦᠬᠦ ᠲᠠᠯ᠎ᠠ ᠪᠠᠷ ᠠᠰᠢᠭᠯᠠᠯᠲᠠ ᠳᠤ ᠣᠷᠣᠭᠤᠯᠵᠤ᠂ ᠦᠪᠡᠰᠦᠪᠡᠨ | ᠦᠢᠯᠡᠴᠢᠯᠡᠬᠦ 24 ᠴᠠᠭ ᠤᠨ ᠲᠤᠰᠠᠭᠠᠷ ᠲᠣᠭᠤᠷᠢᠭ ᠲᠤ᠂ ᠪᠡᠶ᠎ᠡ ᠶᠢᠨ ᠦᠨᠡᠮᠯᠡᠯ ᠢ ᠢᠯᠭᠠᠨ ᠲᠠᠨᠢᠬᠤ ᠪᠠᠭᠠᠵᠢ | ᠤᠭᠰᠠᠷᠠᠵᠤ᠂ ᠥᠪᠡᠰᠦᠪᠡᠨ ᠦᠢᠯᠡᠴᠢᠯᠡᠬᠦ ᠮᠠᠰᠢᠨ ᠤ ᠬᠠᠮᠢᠶᠠᠷᠤᠯᠲᠠ ᠶᠢᠨ ᠭᠦᠢᠴᠡᠳᠭᠡᠬᠦ ᠮᠠᠰᠢᠨ᠂ ᠥᠪᠡᠰᠦᠪᠡᠨ | ᠦᠢᠯᠡᠴᠢᠯᠡᠬᠦ ᠨᠣᠮᠧᠷ ᠰᠣᠩᠭᠤᠬᠤ ᠮᠠᠰᠢᠨ᠂ ᠥᠪᠡᠰᠦᠪᠡᠨ ᠦᠢᠯᠡᠴᠢᠯᠡᠬᠦ ᠭᠡᠷᠡᠯ ᠵᠢᠷᠤᠭ ᠤᠨ ᠮᠠᠰᠢᠨ ᠢ ᠲᠠᠯᠪᠢᠵᠤ᠂ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ︽12123︾ ᠭᠠᠷ ᠤᠲᠠᠰᠤᠨ ᠤ ᠲᠤᠬᠠᠶᠢᠯᠠᠭᠰᠠᠨ ᠠᠵᠢᠯ ᠤᠨ | ᠴᠢᠳᠠᠮᠵᠢ ᠶᠢᠨ ᠵᠦᠭᠯᠡᠭᠦᠷ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ︽12123︾ ᠭᠠᠷ ᠤᠲᠠᠰᠤᠨ ᠤ | APP ᠶᠢᠨ ᠴᠢᠳᠠᠮᠵᠢ ᠪᠠ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠥᠪᠡᠰᠦᠪᠡᠨ ᠦᠢᠯᠡᠴᠢᠯᠡᠬᠦ ᠮᠠᠰᠢᠨ ᠤ | ᠲᠤᠬᠠᠶᠢᠯᠠᠭᠰᠠᠨ ᠠᠵᠢᠯ ᠤᠨ ᠬᠡᠪᠴᠢᠶ᠎ᠡ ᠪᠠᠷ ᠳᠠᠮᠵᠢᠭᠤᠯᠤᠨ᠂ ᠠᠵᠢᠯ ᠶᠠᠪᠤᠳᠠᠯ ᠬᠦᠢᠴᠡᠳᠬᠡᠬᠦ ᠶᠠᠪᠤᠴᠠ ᠪᠠ | ᠥᠪᠡᠰᠦᠪᠡᠨ ᠦᠢᠯᠡᠴᠢᠯᠡᠬᠦ ᠮᠠᠰᠢᠨ ᠤ ᠦᠢᠯᠡᠴᠢᠯᠡᠬᠦ ᠬᠡᠪᠴᠢᠶ᠎ᠡ ᠶᠢ ᠨᠠᠷᠢᠨ ᠲᠣᠳᠣᠷᠬᠠᠶ ᠮᠡᠳᠡᠭᠳᠡᠵᠦ᠂ 24 ᠴᠠᠭ ᠤᠨ | ᠥᠪᠡᠰᠦᠪᠡᠨ ᠦᠢᠯᠡᠴᠢᠯᠡᠬᠦ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠢ ᠪᠥᠬᠦ ᠲᠠᠯ᠎ᠠ ᠪᠠᠷ ᠪᠡᠶᠡᠯᠡᠭᠦᠯᠵᠦ᠂ | ᠠᠵᠢᠯ ᠶᠠᠪᠤᠳᠠᠯ ᠬᠦᠢᠴᠡᠳᠬᠡᠬᠦ ᠣᠯᠠᠨ ᠲᠦᠮᠡᠨ ᠤ ᠨᠢᠭᠡ ᠥᠷᠲᠡᠭᠡᠨ ᠤ ᠮᠠᠶ᠋ᠢᠭ ᠢᠶᠠᠷ ᠲᠡᠷᠭᠡ ᠵᠢᠯᠣᠭᠤᠳᠬᠤ | ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠭᠦᠢᠴᠡᠳᠭᠡᠬᠦ ᠳᠤ ᠲᠦᠢᠯ ᠤᠨ ᠶᠡᠭᠡ ᠲᠥᠬᠦᠮ ᠦᠵᠡᠭᠦᠯᠪᠡ︔ ᠡᠯ᠎ᠡ | ᠳᠠᠭᠠᠳᠬᠠᠯ ᠤᠨ ᠺᠣᠮᠫᠠᠨᠢ ᠶᠢᠨ ᠰᠠᠨᠠᠭᠠᠴᠢᠯᠠᠭ᠎ᠠ ᠠᠴᠠ ᠪᠠᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ︽12123︾ | ᠶᠢ ᠳᠡᠯᠭᠡᠷᠡᠭᠦᠯᠬᠦ ᠳᠤ ᠣᠷᠣᠯᠴᠠᠬᠤ ᠶᠢ ᠤᠷᠢᠵᠤ᠂ ᠵᠠᠮ ᠬᠠᠷᠢᠯᠴᠠᠭᠠᠨ ᠤ ᠠᠳᠡᠯ ᠢ ᠲᠦᠷᠭᠡᠨ ᠰᠢᠢᠳᠪᠦᠷᠢᠯᠡᠵᠤ | ᠲᠦᠷᠭᠡᠨ ᠳᠥᠯᠥᠬᠦ ᠲᠣᠭᠲᠠᠴᠠ ᠶᠢ ᠲᠡᠭᠦᠯᠳᠡᠷᠵᠢᠭᠦᠯᠵᠦ᠂ ᠵᠠᠮ ᠬᠠᠷᠢᠯᠴᠠᠭᠠᠨ ᠤ ᠠᠳᠡᠯ ᠢ ᠰᠦᠯᠵᠢᠶᠡᠨ ᠳᠡᠭᠡᠷ᠎ᠡ | ᠰᠢᠢᠳᠪᠦᠷᠢᠯᠡᠬᠦ ᠶᠢ ᠬᠠᠮᠲᠤ ᠪᠠᠷ ᠳᠥᠯᠭᠢᠨ ᠠᠬᠢᠭᠤᠯᠵᠤ᠂ ᠮᠠᠰᠢᠨ ᠲᠡᠷᠭᠡᠨ ᠤ ᠠᠳᠡᠯ ᠢ ᠰᠦᠯᠵᠢᠶᠡᠨ ᠳᠡᠭᠡᠷ᠎ᠡ | ᠭᠥᠯᠢᠶᠡᠨ ᠠᠪᠴᠤ ᠰᠢᠢᠳᠪᠦᠷᠢᠯᠡᠬᠦ᠂ ᠰᠦᠯᠵᠢᠶᠡᠨ ᠳᠡᠭᠡᠷ᠎ᠡ ᠬᠠᠷᠢᠭᠤᠴᠠᠯᠭ᠎ᠠ ᠲᠣᠭᠲᠠᠭᠠᠬᠤ᠂ ᠰᠦᠯᠵᠢᠶᠡᠨ ᠳᠡᠭᠡᠷ᠎ᠡ | ᠵᠥᠪᠳᠡᠯᠴᠡᠬᠦ᠂ ᠰᠦᠯᠵᠢᠶᠡᠨ ᠳᠡᠭᠡᠷ᠎ᠡ ᠬᠤᠬᠢᠷᠠᠯ ᠢ ᠲᠣᠭᠲᠠᠭᠠᠬᠤ᠂ ᠰᠦᠯᠵᠢᠶᠡᠨ ᠳᠡᠭᠡᠷ᠎ᠡ ᠳᠥᠯᠥᠬᠦ ᠵᠡᠷᠭᠡ ᠶᠢ | ᠳᠥᠯᠭᠢᠨ ᠠᠬᠢᠭᠤᠯᠤᠭᠰᠠᠨ ᠪᠦᠭᠡᠳ ᠳᠠᠭᠠᠳᠬᠠᠯ ᠤᠨ ᠺᠣᠮᠫᠠᠨᠢ ᠶᠢᠨ ᠠᠵᠢᠯᠲᠠᠨ ᠤ ᠠᠵᠢᠯᠯᠠᠨ ᠬᠡᠷᠡᠭᠯᠡᠬᠦ ᠶᠢ ᠭᠠᠷᠲᠠᠨ | ᠵᠢᠯᠣᠭᠤᠳᠴᠤ᠂ ᠠᠷᠠᠳ ᠲᠦᠮᠡᠨ ᠳᠤ ᠦᠢᠯᠡᠴᠢᠯᠡᠬᠦ ᠰᠠᠶᠢᠨ ᠶᠠᠪᠤᠳᠠᠯ ᠢ ᠨᠠᠩ ᠰᠠᠶᠢᠨ ᠬᠢᠬᠦ ᠪᠠᠷ ᠴᠢᠷᠮᠠᠶᠢᠨ᠎ᠠ᠃ | ᠭᠤᠷᠪᠠ ᠳᠤ᠂ ᠬᠡᠷ ᠲᠤᠨᠢ ᠬᠦᠷᠴᠦ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠴᠢᠩᠭᠠᠳᠬᠠᠵᠤ᠂ ᠠᠵᠢᠯ | ᠶᠠᠪᠤᠳᠠᠯ ᠭᠦᠢᠴᠡᠳᠭᠡᠬᠦ ᠣᠯᠠᠨ ᠲᠦᠮᠡᠨ ᠢ ︽ᠳᠤᠲᠠᠭᠤ ᠭᠦᠶᠦᠯᠭᠡᠪᠡ︾᠃ ᠶᠡᠭᠡ ᠠᠩᠬᠢ ᠨᠢ ᠳᠣᠲᠣᠭᠠᠳᠤ ᠶᠢ | ᠬᠠᠮᠠᠭᠠᠯᠠᠬᠤ ᠶᠠᠮᠤᠨ ᠤ ᠳᠤᠷᠠᠳᠤᠭᠰᠠᠨ ︽ᠳᠠᠷᠦ᠋ᠢᠬᠠᠨ ᠰᠢᠢᠳᠪᠦᠷᠢᠯᠡᠬᠦ᠂ ᠰᠦᠯᠵᠢᠶᠡᠨ ᠳᠡᠭᠡᠷ᠎ᠡ ᠰᠢᠢᠳᠪᠦᠷᠢᠯᠡᠬᠦ᠂ | ᠣᠶᠢᠷ᠎ᠠ ᠬᠠᠪᠢ ᠳᠠᠭᠠᠨ ᠰᠢᠢᠳᠪᠦᠷᠢᠯᠡᠬᠦ᠂ ᠨᠢᠭᠡ ᠯᠡ ᠤᠳᠠᠭ᠎ᠠ ᠳᠤ ᠰᠢᠢᠳᠪᠦᠷᠢᠯᠡᠬᠦ︾ ᠠᠯᠢ ᠣᠯᠠᠨ ᠰᠢᠨ᠎ᠡ | ᠲᠥᠷᠥ ᠶᠢᠨ ᠪᠣᠳᠣᠯᠭ᠎ᠠ ᠰᠢᠨ᠎ᠡ ᠱᠠᠭᠠᠷᠳᠠᠯᠭ᠎ᠠ ᠶᠢᠨ ᠲᠣᠭᠤᠷᠢᠨ ᠳᠤ᠂ ᠣᠳᠣᠬᠢᠴᠢᠯᠠᠭᠰᠠᠨ ᠮᠠᠰᠢᠨ ᠲᠡᠷᠭᠡᠨ ᠤ | ᠬᠠᠮᠢᠶᠠᠷᠤᠯᠲᠠ ᠶᠢᠨ ᠭᠠᠵᠠᠷ ᠢ ᠵᠣᠬᠢᠶᠠᠨ ᠪᠠᠶᠢᠭᠤᠯᠵᠤ᠂ ᠠᠷᠠᠳ ᠲᠤ ᠲᠥᠬᠦᠮ ᠦᠵᠡᠭᠦᠯᠬᠦ ᠰᠢᠨ᠎ᠡ ᠠᠷᠭ᠎ᠠ | ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠠᠵᠢᠯ ᠶᠠᠪᠤᠳᠠᠯ ᠭᠦᠢᠴᠡᠳᠭᠡᠬᠦ ᠲᠠᠰ ᠳᠠᠷᠠᠭᠠᠯᠠᠯ ᠢ ᠳᠥᠭᠦᠮᠴᠢᠯᠡᠨ᠂ | ᠦᠢᠯᠡᠴᠢᠯᠡᠬᠡᠨ ᠤ ᠲᠠᠰ ᠳᠠᠷᠠᠭᠠᠯᠠᠯ ᠢ ᠰᠢᠯᠢᠳᠡᠭᠵᠢᠭᠦᠯᠵᠦ᠂ ᠣᠯᠠᠨ ᠴᠢᠳᠠᠮᠵᠢᠳᠣ ᠰᠢᠯᠵᠢᠮᠡᠯ ᠴᠠᠭᠳᠠᠭᠠᠨ ᠤ | ᠶᠠᠪᠤᠳᠠᠯ ᠤᠨ ᠲᠡᠷᠭᠡ ᠶᠢ ᠲᠣᠭᠲᠠᠭᠰᠠᠨ ᠴᠠᠭ ᠥᠬᠡᠶ ᠪᠠᠷ ᠡᠯ᠎ᠡ ᠰᠢᠶᠠᠩ ᠪᠠᠯᠭᠠᠰᠤᠨ ᠳᠤ ᠬᠦᠷᠭᠡᠨ᠂ ᠨᠡᠭᠦᠳᠡᠯ ᠮᠠᠰᠢᠨ | ᠲᠡᠷᠭᠡᠨ ᠤ ᠬᠠᠮᠢᠶᠠᠷᠤᠯᠲᠠ ᠶᠢᠨ ᠭᠠᠵᠠᠷ ᠪᠠᠶᠢᠭᠤᠯᠵᠤ᠂ ︽ᠳᠠᠯᠪᠢᠬᠤ ᠬᠠᠮᠢᠶᠠᠷᠬᠤ ᠦᠢᠯᠡᠴᠢᠯᠡᠬᠦ︾ ᠠᠵᠢᠯ ᠤᠨ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠬᠥᠳᠡᠭᠡ ᠲᠣᠰᠬᠤᠨ ᠳᠤ ᠤᠷᠤᠭᠤᠯᠵᠤ᠂ ᠲᠦᠷᠭᠡᠨ᠂ ᠥᠨᠳᠥᠷ ᠪᠦᠲᠦᠮᠵᠢᠲᠡᠶ᠂ | ᠴᠢᠨᠠᠷ ᠰᠠᠶᠢᠲᠠᠶ ᠦᠢᠯᠡᠴᠢᠯᠡᠭᠡ ᠬᠠᠩᠭᠠᠵᠤ᠂ ᠣᠯᠠᠨ ᠲᠦᠮᠡᠨ ᠤ ᠠᠵᠢᠯ ᠶᠠᠪᠤᠳᠠᠯ ᠬᠦᠢᠴᠡᠳᠬᠡᠬᠦ ᠳᠤ ᠬᠦᠴᠢᠷ᠂ | ᠠᠵᠢᠯ ᠶᠠᠪᠤᠳᠠᠯ ᠬᠦᠢᠴᠡᠳᠬᠡᠬᠦ ᠳᠤ ᠤᠳᠠᠭᠠᠨ᠂ ᠣᠯᠠᠨ ᠳᠡᠰᠢ ᠬᠦᠶᠦᠬᠦ᠂ ᠨᠠᠰᠢ ᠴᠠᠰᠢ ᠬᠦᠶᠦᠯᠬᠡᠬᠦ ᠵᠡᠷᠭᠡ | ᠠᠰᠠᠭᠤᠳᠠᠯ ᠢ ᠦᠨᠡᠨ ᠬᠦ ᠰᠢᠢᠳᠪᠦᠷᠢᠯᠡᠵᠡᠢ᠃ | ᠰᠤᠷᠪᠤᠯᠵᠢᠯᠠᠭᠴᠢ᠄ ᠣᠳᠣᠬᠠᠨ ᠤ ᠠᠵᠢᠯᠯᠠᠭ᠎ᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ | ᠴᠢᠭᠯᠡᠭᠦᠯᠦᠨ᠂ ᠲᠠᠷᠠᠭᠠᠴᠢ ᠶᠢᠨ ᠠᠯᠬᠤᠮ ᠳᠤ ᠱᠠᠩᠳᠤ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ | ᠠᠩᠭᠢ ᠶᠢ ᠬᠡᠷᠬᠢᠨ ᠥᠭᠡᠷᠡᠴᠢᠯᠡᠨ ᠰᠠᠶᠢᠵᠢᠷᠠᠭᠤᠯᠵᠤ᠂ ︽ᠪᠢ ᠣᠯᠠᠨ ᠲᠦᠮᠡᠨ ᠳᠤ ᠪᠣᠳᠠᠲᠤ ᠠᠵᠢᠯ ᠬᠢᠵᠦ ᠥᠭᠬᠦᠶ᠎ᠡ | ︾ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠶ︖ | ᠵᠢᠶ ᠭᠠᠩ᠄ ᠣᠯᠠᠨ ᠲᠦᠮᠡᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ ᠳᠤ ᠬᠠᠮᠤᠭ ᠤᠨ ᠰᠢᠭᠤᠳ᠂ | ᠬᠠᠮᠤᠭ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠢ ᠪᠠᠶᠢᠴᠠᠭᠠᠨ ᠰᠤᠳᠤᠯᠬᠤ ᠪᠠ ᠰᠢᠢᠳᠪᠦᠷᠢᠯᠡᠬᠦ ᠶᠢᠨ ᠬᠠᠮᠲᠤ | ᠡᠯ᠎ᠡ ᠳᠤᠮᠳᠠ ᠠᠩᠭᠢ ᠶᠢᠨ ᠴᠤᠭᠯᠠᠭᠤᠯᠤᠭᠰᠠᠨ ᠰᠠᠨᠠᠯ ᠰᠠᠨᠠᠭᠤᠯᠭ᠎ᠠ ᠶᠢ ᠲᠥᠷᠥᠯ ᠬᠤᠪᠢᠶᠠᠨ ᠡᠮᠬᠢᠯᠡᠵᠦ᠂ ᠳᠡᠮᠳᠡᠭᠯᠡᠨ | ᠳᠡᠩᠰᠠ ᠪᠠᠶᠢᠭᠤᠯᠵᠤ᠂ ᠴᠢᠳᠠᠯ ᠤᠨ ᠢᠶᠠᠨ ᠬᠢᠷᠢ ᠪᠠᠷ ᠰᠢᠢᠳᠪᠦᠷᠢᠯᠡᠵᠤ ᠳᠡᠶᠢᠯᠬᠦ ᠠᠰᠠᠭᠤᠳᠠᠯ ᠢ ᠦᠳᠲᠡᠷ ᠲᠦᠷᠭᠡᠨ | ᠰᠢᠢᠳᠪᠦᠷᠢᠯᠡᠵᠤ᠂ ᠳᠡᠭᠡᠭᠰᠢ ᠮᠡᠳᠡᠭᠦᠯᠬᠦ ᠴᠢᠬᠤᠯᠠᠲᠠᠶ ᠠᠰᠠᠭᠤᠳᠠᠯ ᠢ ᠳᠡᠭᠡᠭᠰᠢ ᠮᠡᠳᠡᠭᠦᠯᠵᠦ ᠰᠢᠯᠵᠢᠭᠦᠯᠦᠨ | ᠰᠢᠢᠳᠪᠦᠷᠢᠯᠡᠬᠦᠯᠬᠦ ᠶᠢ ᠰᠠᠶᠢᠲᠤᠷ ᠬᠢᠵᠦ᠂ ᠣᠯᠠᠨ ᠲᠦᠮᠡᠨ ᠤ ︽ᠪᠠᠴᠢᠮᠳᠠᠵᠤ ᠬᠦᠴᠢᠷᠳᠡᠵᠤ ᠵᠤᠪᠠᠨᠢᠵᠤ ᠬᠦᠰᠡᠵᠤ | ᠪᠠᠶᠢᠬᠤ︾ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠤ᠂ ᠠᠷᠠᠳ ᠤᠨ ᠪᠠᠶᠢᠳᠠᠯ ᠢ ᠣᠶᠢᠯᠠᠭᠠᠬᠤ᠂ | ᠠᠷᠠᠳ ᠤᠨ ᠰᠠᠨᠠᠭ᠎ᠠ ᠶᠢ ᠰᠣᠨᠣᠰᠬᠤ᠂ ᠪᠣᠳᠠᠲᠤ ᠠᠵᠢᠯ ᠬᠢᠬᠦ ᠵᠣᠷᠢᠯᠭ᠎ᠠ ᠳᠤ ᠦᠨᠡᠨ ᠬᠦ ᠬᠦᠷᠴᠦ᠂ ᠳᠣᠲᠣᠭᠠᠳᠤ ᠶᠢ | ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ | ᠳᠡᠭᠡᠭᠰᠢᠯᠡᠭᠦᠯᠬᠦ ᠪᠤᠯᠤᠨ᠎ᠠ᠃ |